ᠦᠨᠳᠦᠰᠦᠲᠡᠨ ᠤ ᠰᠤᠷᠭᠠᠨ ᠬᠦᠮᠦᠵᠢᠯ ᠰᠢᠨ᠎ᠡ ᠦᠨᠳᠦᠷ ᠲᠦᠪᠰᠢᠨ ᠳᠤ ᠳᠠᠪᠰᠢᠪᠠ
ᠨᠡᠶᠢᠲᠡᠯᠡᠭᠰᠡᠨ ᠴᠠᠭ᠄
2017/10/10
   ᠦᠨᠳᠦᠰᠦᠲᠡᠨ ᠤ ᠰᠤᠷᠭᠠᠨ ᠬᠦᠮᠦᠵᠢᠯ ᠢ ︽ᠡᠩ ᠲᠡᠷᠢᠭᠦᠨ ᠳᠤ ᠭᠤᠣᠯᠳᠠᠯᠭ᠎ᠠ ᠲᠠᠢ︾ ᠬᠦᠭᠵᠢᠭᠦᠯᠬᠦ ᠴᠢᠭᠯᠡᠯᠲᠡ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠪᠠᠭᠰᠢ ᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠠᠪᠤᠭᠰᠠᠨ ᠢᠶᠠᠷ᠂ ᠣᠳᠣ ᠶᠢᠨ ᠥᠪᠥᠷ ᠮᠣᠩᠭᠤᠯ ᠤᠨ ᠦᠨᠳᠦᠰᠦᠲᠡᠨ ᠤ ᠰᠤᠷᠭᠠᠨ ᠬᠦᠮᠦᠵᠢᠯ ᠲᠡᠥᠬᠡᠨ ᠳᠠᠬᠢ ᠬᠠᠮᠤᠭ ᠤᠨ ᠦᠨᠳᠦᠷ ᠬᠢᠷᠢ ᠲᠦᠪᠰᠢᠨ ᠳᠤ  ᠬᠦᠷᠴᠡᠢ᠃ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠤᠨ ᠲᠠᠨᠢᠯᠴᠠᠭᠤᠯᠤᠭᠰᠠᠨ ᠢᠶᠠᠷ ᠪᠦᠬᠦ ᠣᠷᠣᠨ ᠤ ᠡᠯ᠎ᠡ ᠰᠤᠷᠤᠯᠭ᠎ᠠ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠡᠵᠡᠯᠡᠬᠦ ᠬᠠᠷᠢᠴᠠᠯ ᠨᠢ ᠲᠡᠭᠦᠨ ᠤ ᠬᠦᠮᠦᠨ ᠠᠮᠠ ᠶᠢᠨ ᠡᠵᠡᠯᠡᠬᠦ ᠬᠠᠷᠢᠴᠠᠯ ᠠᠴᠠ ᠳᠠᠪᠠᠵᠤ᠂ ᠭᠤᠣᠯ ᠪᠣᠯᠬᠤ ᠰᠤᠷᠭᠠᠨ ᠬᠦᠮᠦᠵᠢᠯ ᠤᠨ ᠭᠦᠢᠴᠡᠳᠭᠡᠯ ᠲᠤᠭ᠎ᠠ ᠨᠢ ᠪᠦᠬᠦ  ᠤᠯᠤᠰ ᠤᠨ ᠳᠤᠮᠳᠠᠴᠢ ᠬᠡᠮᠵᠢᠭᠳᠡᠯ ᠠᠴᠠ ᠦᠨᠳᠦᠷ ᠪᠤᠯᠵᠦ᠂ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠦᠮᠦᠵᠢᠯ ᠬᠦᠷᠲᠡᠭᠰᠡᠨ ᠬᠦᠷᠢᠶ᠎ᠡ ᠬᠡᠪᠴᠢᠶ᠎ᠡ ᠪᠣᠯᠣᠨ ᠬᠢᠷᠢ ᠬᠡᠮᠵᠢᠶ᠎ᠡ ᠨᠢ ᠲᠡᠥᠬᠡᠨ ᠳᠠᠬᠢ ᠬᠠᠮᠤᠭ ᠦᠨᠳᠤᠷ ᠲᠦᠪᠰᠢᠨ ᠢ ᠪᠡᠶᠡᠯᠡᠭᠦᠯᠪᠡ᠃                     ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠦᠨᠳᠦᠰᠦᠲᠡᠨ ᠤ ᠠᠵᠢᠯ ᠢ ᠤᠯᠠᠮ ᠴᠢᠨᠠᠭᠰᠢᠲᠠ ᠴᠢᠩᠭᠠᠳᠬᠠᠵᠤ᠂ ᠮᠠᠨ ᠤ ᠣᠷᠣᠨ‌‍ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠷᠭᠡᠳᠬᠡᠬᠦ ᠲᠤᠬᠠᠢ ᠲᠣᠭᠲᠠᠭᠠᠯ︾᠂ ︽ᠰᠢᠨ᠎ᠡ ᠬᠡᠪ ᠤᠨ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠢ ᠤᠷᠢᠳ ᠬᠤᠵᠢᠳ ᠨᠡᠶᠢᠲᠡᠯᠡᠵᠡᠢ᠃ 2015 ᠣᠨ ᠳᠤ ᠪᠦᠬᠦ ᠣᠷᠣᠨ ᠤ ᠦᠨᠳᠦᠰᠦᠲᠡᠨ ᠤ ᠰᠤᠷᠭᠠᠨ ᠬᠦᠮᠦᠵᠢᠯ‌‍ᠦᠨ ᠠᠵᠢᠯ ᠤᠨ ᠬᠤᠷᠠᠯ ᠢ ᠬᠤᠷᠠᠯᠳᠤᠭᠤᠯᠵᠤ᠂ ︽ᠦᠨᠳᠦᠰᠦᠲᠡᠨ ᠤ ᠰᠤᠷᠭᠠᠨ ᠬᠦᠮᠦᠵᠢᠯ ᠢ ᠲᠦᠷᠭᠡᠪᠴᠢᠯᠡᠨ ᠬᠦᠭᠵᠢᠭᠦᠯᠬᠦ ᠲᠤᠬᠠᠢ ᠰᠠᠨᠠᠯ︾ ᠢ ᠪᠦᠷᠢᠯᠳᠦᠭᠦᠯᠵᠠᠢ᠃ 2016 ᠣᠨ ᠳᠤ ︽ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ  ᠦᠨᠳᠦᠰᠦᠲᠡᠨ ᠤ ᠰᠤᠷᠭᠠᠨ ᠬᠦᠮᠦᠵᠢᠯ ᠤᠨ ᠳᠦᠷᠢᠮ︾ ᠢ ᠨᠡᠶᠢᠲᠡᠯᠡᠨ ᠬᠡᠷᠡᠭᠵᠢᠭᠦᠯᠪᠡ᠃                   ᠪᠡᠯᠡ ᠤᠷᠤᠭᠲᠤᠯᠤᠯᠲᠠ ᠪᠠᠨ ᠦᠷᠭᠦᠯᠵᠢᠯᠡᠨ ᠨᠡᠮᠡᠭᠳᠡᠭᠦᠯᠪᠡ᠃ ᠥᠪᠥᠷ ᠮᠣᠩᠭᠤᠯ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠲᠤᠰᠬᠠᠢ ᠪᠡᠯᠡ ᠮᠦᠩᠭᠦ ᠶᠢ 2013 ᠣᠨ‌ᠡᠴᠠ ᠡᠬᠢᠯᠡᠨ ᠵᠢᠯ ᠪᠦᠷᠢ ᠶᠢᠨ 2000 ᠲᠦᠮᠡᠨ ᠲᠦᠭᠦᠷᠢᠭ ᠠᠴᠠ ᠵᠢᠯ ᠪᠦᠷᠢ ᠶᠢᠨ 6000 ᠲᠦᠮᠡᠨ ᠲᠦᠭᠦᠷᠢᠭ ᠪᠣᠯᠭᠠᠨ ᠳᠡᠭᠡᠭᠰᠢᠯᠡᠭᠦᠯᠵᠡᠢ᠃ ︽ᠦᠨᠳᠦᠰᠦᠲᠡᠨ ᠤ ᠰᠤᠷᠭᠠᠭᠤᠯᠢ ᠪᠣᠯᠣᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠢᠨᠵᠧᠨᠧᠷᠢᠩ︾ ᠢ ᠡᠬᠢᠯᠡᠨ ᠬᠡᠷᠡᠭᠵᠢᠭᠦᠯᠵᠦ᠂ ᠨᠡᠶᠢᠲᠡ 40 ᠦᠨᠳᠦᠰᠦᠲᠡᠨ ᠤ ᠳᠤᠮᠳᠠᠳᠤ ᠪᠠᠭ᠎ᠠ  ᠰᠤᠷᠭᠠᠭᠤᠯᠢ ᠳᠤ  ᠪᠠᠷᠢᠮᠵᠢᠶᠠᠵᠢᠭᠤᠯᠬᠤ  ᠪᠠᠶᠢᠭᠤᠯᠤᠯᠲᠠ ᠶᠢᠨ ᠲᠦᠷᠦᠯ  ᠵᠦᠢᠯ ᠲᠣᠬᠢᠷᠠᠭᠤᠯᠵᠤ᠂ ᠪᠠᠷᠢᠯᠭ᠎ᠠ ᠶᠢᠨ ᠶᠡᠷᠦᠩᠬᠡᠢ ᠲᠠᠯᠠᠪᠠᠢ 17.15 ᠲᠦᠮᠡᠨ ᠬᠠᠪᠲᠠᠭᠠᠢ ᠳᠦᠷᠪᠡᠯᠵᠢᠨ ᠮᠧᠲᠷ ᠲᠤ ᠬᠦᠷᠴᠦ᠂ 4.3 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠠᠢ᠃                     ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠤ᠂ ᠥᠪᠥᠷ ᠮᠣᠩᠭᠤᠯ ᠡᠯ᠎ᠡ ᠲᠦᠷᠦᠯ ᠤᠨ ᠮᠣᠩᠭᠤᠯ ᠬᠡᠯᠡᠨ ᠤ ᠵᠢᠭᠠᠬᠤ ᠮᠠᠲ᠋ᠧᠷᠢᠶᠠᠯ ᠪᠣᠯᠣᠨ ᠬᠢᠴᠢᠶᠡᠯ ᠤᠨ ᠭᠠᠳᠠᠨᠠᠬᠢ ᠬᠠᠪᠰᠤᠷᠤᠮᠵᠢ ᠮᠠᠲ᠋ᠧᠷᠢᠶᠠᠯ 1000 ᠭᠠᠷᠤᠢ ᠵᠦᠢᠯ ᠢ ᠨᠠᠶᠢᠷᠠᠭᠤᠯᠤᠨ ᠣᠷᠴᠢᠭᠤᠯᠵᠤ ᠬᠡᠪᠯᠡᠭᠦᠯᠦᠨ᠂ ᠦᠪᠡᠷᠲᠡᠭᠡᠨ ᠵᠠᠰᠠᠬᠤ ᠣᠷᠣᠨ ᠤ ᠳᠡᠰ ᠤᠨ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠪᠣᠯᠪᠠᠰᠤᠷᠠᠯ ᠢ 2 ᠲᠦᠮᠡ ᠭᠠᠷᠤᠢ ᠤᠳᠠᠭ᠎ᠠ ᠵᠣᠬᠢᠶᠠᠨ ᠪᠠᠶᠢᠭᠤᠯᠵᠠᠢ︔ ᠮᠣᠩᠭᠤᠯ ᠬᠡᠯᠡᠨ ᠤ ᠬᠡᠪᠯᠡᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠡᠬᠡᠭᠡᠨ ᠠᠰᠢᠭᠯᠠᠵᠤ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠡᠢ᠃ ᠣᠳᠣᠬᠠᠨ ᠳᠤ᠂ ᠮᠣᠩᠭᠤᠯ ᠦᠨᠳᠦᠰᠦᠲᠡᠨ ᠤ ᠰᠤᠷᠤᠭᠴᠢ ᠶᠢᠨ ᠳᠣᠲᠣᠷ᠎ᠠ ᠬᠤᠣᠰ ᠬᠡᠯᠡᠨ ᠤ ᠰᠤᠷᠭᠠᠨ ᠬᠦᠮᠦᠵᠢᠯ  ᠢ ᠬᠦᠯᠢᠶᠡᠨ ᠠᠪᠤᠭᠰᠠᠨ ᠬᠠᠷᠢᠴᠠᠯ ᠨᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠲᠤᠨ ᠳᠤ 41.26%᠂ ᠳᠤᠮᠳᠠᠳᠤ ᠪᠠᠭ᠎ᠠ ᠰᠤᠷᠭᠠᠭᠤᠯᠢ ᠶᠢᠨ ᠱᠠᠲᠤᠨ ᠳᠤ 34.29%᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠱᠠᠲᠤᠨ ᠳᠤ 61.86% ᠳᠤ ᠬᠦᠷᠴᠡᠢ᠃ ᠪᠦᠬᠦ ᠣᠷᠣᠨ ᠤ 24 ᠡᠩ ᠤᠨ ᠶᠡᠭᠡ ᠳᠡᠭᠡᠳᠦ ᠰᠤᠷᠭᠠᠭᠤᠯᠢ ᠳᠤ 104 ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠲᠤᠰᠬᠠᠢ ᠮᠡᠷᠭᠡᠵᠢᠯ ᠪᠣᠯᠣᠨ ᠦᠨᠳᠦᠰᠦᠲᠡᠨ ᠤ ᠪᠡᠯᠡᠳᠬᠡᠯ ᠠᠩᠭᠢ ᠭᠠᠷᠭᠠᠵᠤ᠂ ᠪᠦᠬᠦ ᠣᠷᠣᠨ ᠤ ᠰᠤᠷᠭᠠᠭᠤᠯᠢ ᠳᠤ ᠪᠠᠶᠢᠭ᠎ᠠ ᠶᠡᠭᠡ ᠰᠤᠷᠭᠠᠭᠤᠯᠢ ᠶᠢᠨ ᠰᠤᠷᠤᠭᠴᠢ ᠶᠢᠨ 9.65% ᠶᠢ ᠡᠵᠡᠯᠡᠭᠰᠡᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号