ᠬᠡᠯᠡ ᠪᠢᠴᠢᠭ ᠰᠤᠷᠬᠤ ᠲᠠᠪᠤᠨ ᠡᠷᠬᠢᠮᠯᠠᠯ
ᠨᠡᠶᠢᠲᠡᠯᠡᠭᠰᠡᠨ ᠴᠠᠭ᠄
2017/10/10
    ᠲᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ᠂ ᠤᠨᠴᠠᠭᠠᠢᠢᠯᠠᠨ ᠪᠠᠭ᠎ᠠ  ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠨᠢ ᠠᠯᠢᠪᠠ ᠲᠦᠷᠦᠯ ᠢ ᠰᠤᠷᠴᠦ ᠡᠵᠡᠮᠰᠢᠬᠦ ᠶᠢᠨ ᠲᠦᠯᠬᠢᠬᠦᠷ ᠬᠢᠴᠢᠶᠡᠯ ᠲᠤᠯᠠ ᠰᠤᠷᠤᠭᠴᠢᠳ ᠡᠷᠬᠡᠪᠰᠢ ᠲᠤᠤᠷ ᠎ᠠ ᠲᠤᠷᠠᠳᠤᠭᠰᠠᠨ ᠲᠠᠪᠤᠨ ᠡᠷᠬᠢᠮᠯᠡᠯ ᠢ ᠪᠡᠷᠢᠮᠳᠠᠯᠠᠵᠥ᠂ ᠬᠡᠯᠡ ᠪᠢᠴᠢᠭ ᠤᠨ ᠬᠢᠴᠢᠶᠡᠯ ᠤᠨ ᠬᠢᠷᠢ ᠪᠦᠳᠦᠮᠵᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠬᠦ ᠪᠠᠷ ᠴᠢᠷᠮᠠᠶᠢᠪᠠᠯ ᠵᠤᠬᠢᠨ᠎ᠠ᠃             1. ᠵᠦᠪ ᠪᠢᠴᠢᠬᠦ ᠶᠢ ᠡᠷᠬᠢᠮᠯᠡᠬᠦ                   ︽ᠦᠭᠡ ᠶᠢᠨ ᠠᠯᠳᠠᠭ᠎ᠠ ᠨᠢᠭᠡ ᠦᠶ ᠎ᠠ᠂ ᠦᠰᠦᠭ ᠤᠨ ᠠᠯᠳᠠᠭ᠎ᠠ ᠲᠦᠮᠡᠨ ᠦᠶ ᠎ᠠ︾ ᠭᠡᠳᠡᠭᠴᠢᠯᠡᠨ ᠰᠤᠷᠤᠭᠴᠢᠳ ᠦᠭᠡ ᠦᠬᠦᠯᠡᠪᠤᠷᠢ ᠪᠠᠨ ᠵᠦᠪ ᠬᠡᠷᠡᠭᠯᠡᠵᠥ᠂ ᠦᠰᠦᠭ ᠪᠢᠴᠢᠭ ᠢᠶᠠᠨ ᠵᠦᠪ ᠪᠢᠴᠢᠬᠦ ᠪᠤᠯ ᠤᠮᠳᠤᠭᠠᠢᠢᠯᠠᠵᠥ ᠪᠤᠯᠤᠰᠢ ᠦᠭᠡᠢ ᠴᠢᠬᠤᠯᠠ ᠪᠤᠯᠪᠠᠰᠤᠷᠠᠯ ᠪᠤᠯᠬᠤ ᠶᠤᠮ᠃ ᠵᠦᠪ ᠪᠢᠴᠢᠬᠦ ᠶᠢ ᠡᠷᠬᠢᠮᠯᠡᠬᠦ ᠬᠡᠭᠴᠢ ᠨᠢ ᠮᠤᠩᠭᠤᠯ ᠬᠡᠯᠡ ᠪᠢᠴᠢᠭ ᠤᠨ ᠡᠬᠡᠰᠢᠭ ᠵᠤᠬᠢᠴᠠᠬᠤ ᠶᠤᠰᠤ ᠶᠢ ᠪᠠᠷᠢᠮᠳᠠᠯᠠᠵᠥ᠂ ᠴᠢᠩᠭ᠎ᠠ ᠬᠦᠨᠳᠡᠢ ᠶᠢ ᠢᠯᠭᠠᠨ᠂ ᠦᠭᠡ ᠦᠰᠦᠭ ᠤᠨ ᠰᠢᠳᠤ ᠠᠷᠠᠭ᠎ᠠ᠂ ᠴᠡᠭ ᠲᠤᠰᠤᠯ᠂ ᠭᠡᠳᠡᠰᠦ ᠰᠡᠬᠦᠯ ᠵᠡᠷᠭᠡ ᠠᠯᠢ ᠤᠯᠠᠨ ᠪᠢᠴᠢᠯᠭᠡ ᠳᠤ ᠬᠤᠯᠪᠤᠭᠳᠠᠬᠤ ᠵᠦᠢᠯ ᠤᠳ ᠢ ᠱᠠᠭᠠᠷᠳᠠᠯᠭ᠎ᠠ ᠶᠤᠰᠤᠭᠠᠷ ᠵᠦᠪ ᠤᠨᠤᠪᠴᠢᠳᠠᠢ ᠪᠢᠴᠢᠬᠦ ᠶᠢ ᠬᠡᠯᠡᠵᠥ ᠪᠤᠢ᠃ ᠡᠶᠢᠮᠦ ᠠᠴᠠ ᠰᠤᠷᠤᠭᠴᠢᠳ ᠵᠦᠪ ᠪᠢᠴᠢᠬᠦ ᠶᠢ ᠤᠨᠴᠠ ᠠᠩᠬᠠᠷᠪᠠᠯ ᠵᠤᠬᠢᠨ᠎ᠠ᠃                     2. ᠵᠦᠪ ᠤᠩᠰᠢᠬᠤ ᠶᠢ ᠡᠷᠬᠢᠮᠯᠡᠬᠦ                     ᠵᠦᠪ ᠤᠩᠰᠢᠬᠤ ᠶᠢ ᠡᠷᠬᠢᠮᠯᠡᠬᠦ ᠭᠡᠭᠴᠢ ᠨᠢ ᠬᠡᠯᠡ ᠪᠢᠴᠢᠭ ᠤᠨ ᠠᠪᠢᠶ ᠎ᠠ ᠢᠵᠢᠯᠢᠰᠢᠬᠦ ᠶᠤᠰᠤ ᠶᠢ ᠪᠠᠷᠢᠮᠳᠠᠯᠠᠵᠥ᠂ ᠦᠭᠡ ᠦᠰᠦᠭ ᠤᠨ ᠴᠢᠩᠭ᠎ᠠ ᠬᠦᠨᠳᠠᠢ ᠶᠢ ᠢᠯᠭᠠᠵᠥ᠂ ᠪᠠᠷᠢᠮᠵᠢᠶ ᠎ᠠ ᠠᠪᠢᠶ ᠎ᠠ ᠪᠠᠷ ᠵᠦᠪ ᠤᠨᠤᠪᠴᠢᠳᠠᠢ ᠪᠦᠭᠡᠳ ᠴᠡᠪᠡᠷ ᠲᠤᠳᠤ ᠤᠢᠢᠯᠠᠭᠠᠮᠵᠢᠳᠠᠢ ᠤᠩᠰᠢᠬᠤ ᠶᠢ ᠬᠡᠯᠡᠵᠥ ᠪᠠᠶᠢᠨ᠎ᠠ᠃ ᠰᠤᠷᠤᠭᠴᠢᠳ  ᠬᠢᠴᠢᠶᠡᠯ ᠢᠶᠠᠨ ᠤᠩᠰᠢᠬᠤ ᠪᠤᠶᠤ ᠬᠢᠴᠢᠶᠠᠯ ᠤᠨ ᠭᠠᠳᠠᠭᠤᠷᠬᠢ ᠨᠤᠮ ᠤᠩᠰᠢᠬᠤ ᠳᠠᠭᠠᠨ ᠡᠷᠬᠡᠪᠰᠢ ᠤᠷᠠᠨ ᠲᠤᠳᠤ ᠤᠩᠰᠢᠯᠭ᠎ᠠ᠂ ᠪᠠᠷᠢᠮᠵᠢᠶ ᠎ᠠ ᠤᠩᠰᠢᠯᠭ᠎ᠠ ᠶᠢ ᠬᠦᠨᠳᠦᠳᠬᠡᠵᠥ ᠦᠵᠡᠬᠦ ᠬᠡᠷᠡᠭᠳᠠᠢ᠃                     3. ᠵᠦᠪ ᠬᠡᠷᠡᠭᠯᠡᠬᠦ ᠶᠢ ᠡᠷᠬᠢᠮᠯᠡᠬᠦ                     ᠠᠳᠡ ᠶᠠᠷᠢᠵᠥ ᠪᠠᠶᠢᠭ᠎ᠠ ᠵᠦᠪ ᠬᠡᠷᠡᠭᠯᠡᠬᠦ ᠭᠡᠳᠡᠭ ᠨᠢ ᠭᠤᠤᠯᠳᠠᠭᠤ ᠬᠡᠯᠡ ᠵᠦᠢ ᠳᠤ ᠬᠤᠯᠪᠤᠭᠳᠠᠬᠤ ᠲᠠᠶᠢᠨ ᠢᠯᠭᠠᠯ ᠤᠨ ᠲᠠᠭᠠᠪᠤᠷᠢ ᠵᠡᠷᠭᠡ ᠶᠢ ᠵᠦᠪ ᠬᠡᠷᠡᠭᠯᠡᠬᠦ ᠶᠢ ᠵᠢᠭᠠᠵᠥ ᠪᠤᠢ᠃ ᠬᠡᠷᠪᠡ ᠲᠠᠭᠠᠪᠤᠷᠢ ᠶᠢ ᠪᠤᠷᠤᠭᠤ ᠬᠡᠷᠡᠭᠯᠡᠪᠡᠯ ᠦᠭᠡ ᠦᠬᠦᠯᠡᠪᠦᠷᠢ ᠶᠢᠨ ᠤᠳᠬ᠎ᠠ ᠦᠭᠡᠷᠡᠳᠦᠵᠥ᠂ ᠰᠠᠨᠠᠭᠠᠨ ᠳᠤ ᠦᠭᠡᠢ ᠬᠡᠷᠡᠭ ᠪᠤᠳᠤᠯᠭᠠᠨ ᠳᠤ ᠦᠭᠡᠢ ᠤᠷᠰᠢᠭ ᠭᠠᠷᠴᠦ ᠮᠡᠳᠡᠬᠦ ᠶᠤᠮ᠃ ᠡᠶᠢᠮᠦ ᠠᠴᠠ ᠬᠡᠯᠡ ᠵᠦᠢ ᠶᠢᠨ ᠦᠨᠳᠦᠰᠦᠨ ᠮᠡᠳᠡᠯᠭᠡ ᠶᠢ ᠰᠠᠶᠢᠳᠤᠷ ᠰᠤᠷᠴᠦ ᠡᠵᠡᠮᠰᠢᠵᠥ  ᠵᠦᠪ ᠬᠡᠷᠡᠭᠯᠡᠬᠦ ᠶᠢ ᠡᠷᠬᠢᠮᠯᠡᠬᠦ ᠬᠡᠷᠡᠭᠳᠠᠢ᠃                     4. ᠵᠦᠪ ᠨᠠᠶᠢᠷᠠᠭᠤᠯᠬᠤ ᠶᠢ ᠡᠷᠬᠢᠮᠯᠡᠬᠦ                   ᠵᠦᠪ ᠨᠠᠶᠢᠷᠠᠭᠤᠯᠬᠤ ᠶᠢ ᠡᠷᠬᠢᠮᠯᠡᠬᠦ ᠬᠡᠳᠡᠭ ᠨᠢ ᠲᠠᠷᠤᠢ ᠨᠠᠶᠢᠷᠠᠭᠤᠯᠭ᠎ᠠ ᠶᠢᠨ ᠵᠦᠢ ᠪᠠ ᠯᠤᠬᠢᠭ ᠤᠨ  ᠵᠠᠷᠴᠢᠮ ᠢ ᠪᠠᠷᠢᠮᠳᠠᠯᠠᠵᠥ᠂ ᠦᠬᠦᠯᠡᠪᠤᠷᠢ ᠵᠤᠬᠢᠶᠠᠬᠤ ᠪᠠ ᠵᠤᠬᠢᠶᠠᠯ ᠪᠢᠴᠢᠬᠦ ᠳᠡᠭᠡᠨ ᠵᠦᠪ ᠨᠠᠶᠢᠷᠠᠭᠤᠯᠬᠤ ᠶᠢ ᠵᠢᠭᠠᠵᠥ ᠪᠤᠢ᠃ ᠪᠠᠭᠰᠢ ᠶᠢᠨ ᠦᠯᠡᠳᠡᠭᠡᠭᠰᠡᠨ ᠵᠤᠬᠢᠶᠠᠨ ᠪᠢᠴᠢᠯᠭᠡ ᠶᠢᠨ ᠲᠠᠰᠬᠠᠯ ᠲᠠᠭᠠᠭᠠᠯᠭᠠᠪᠤᠷᠢ ᠶᠢ ᠴᠠᠭ ᠲᠤᠬᠠᠢ ᠳᠤᠨᠢ  ᠪᠡᠶᠡᠯᠡᠬᠦᠯᠵᠥ᠂ ᠵᠤᠬᠢᠶᠠᠨ ᠨᠠᠶᠢᠷᠠᠭᠤᠯᠬᠤ ᠰᠠᠭᠤᠷᠢ ᠪᠠᠨ ᠪᠠᠳᠤᠵᠢᠭᠤᠯᠬᠤ ᠴᠢᠬᠤᠯᠠ ᠲᠠᠢ᠃                  5. ᠰᠠᠶᠢᠬᠠᠨ ᠪᠢᠴᠢᠬᠦ ᠶᠢ ᠡᠷᠬᠢᠮᠯᠡᠬᠦ                     ᠰᠠᠶᠢᠬᠠᠨ ᠪᠢᠴᠢᠬᠦ ᠬᠡᠳᠡᠭ ᠨᠢ ᠵᠦᠪ ᠪᠢᠴᠢᠭᠰᠠᠨ ᠤᠷᠢᠳᠠᠯ ᠲᠤᠤᠷ ᠎ᠠ ᠪᠢᠴᠢᠯᠭᠡ ᠶᠢᠨ ᠲᠢᠭ ᠢᠶᠠᠨ ᠭᠤᠶᠤᠵᠢᠭᠤᠯᠬᠤ ᠶᠠᠪᠤᠳᠠᠯ ᠪᠤᠯᠤᠨ᠎ᠠ᠃ ᠪᠢᠴᠢᠯᠭᠡ ᠶᠢᠨ ᠲᠢᠭ ᠢ ᠭᠤᠶᠤᠵᠢᠭᠤᠯᠬᠤ‌‍ᠳᠠᠭᠠᠨ ᠬᠡᠯᠡ ᠪᠢᠴᠢᠭ ᠤᠨ ᠬᠢᠴᠢᠶᠡᠯ ᠤᠨ ᠪᠢᠴᠢᠯᠭᠡ ᠶᠢᠨ ᠱᠠᠭᠠᠷᠳᠠᠯᠭ᠎ᠠ ᠶᠤᠰᠤᠭᠠᠷ ᠦᠰᠦᠭ‌‍ᠤᠨ ᠲᠤᠯᠤᠭᠠᠢ᠂ ᠭᠡᠳᠡᠰᠤᠨ ᠤ ᠶᠡᠭᠡ ᠪᠠᠭ᠎ᠠ᠂ ᠰᠢᠳᠦ ᠠᠷᠠᠭ᠎ᠠ ᠶᠢᠨ ᠤᠷᠳᠦ ᠤᠬᠤᠷ᠂ ᠰᠡᠬᠦᠯ ᠰᠢᠯᠪᠢ ᠶᠢᠨ ᠨᠠᠷᠢᠨ ᠪᠦᠳᠦᠭᠡᠨ᠂ ᠴᠡᠭ ᠲᠤᠰᠤᠯ ᠤᠨ ᠲᠤᠭᠳᠠᠭᠰᠠᠨ ᠤᠷᠤᠨ ᠪᠠ ᠪᠡᠶ ᠎ᠠ ᠨᠢᠷᠤᠭᠤᠨ ᠤ ᠬᠢᠨᠢ ᠰᠢᠯᠤᠭᠤᠨ ᠪᠠᠶᠢᠬᠤ ᠵᠡᠷᠭᠡ ᠶᠢ ᠠᠩᠬᠠᠷᠴᠦ᠂ ᠦᠵᠡᠬᠦ ᠳᠤ ᠲᠠᠭᠠᠯᠠᠮᠵᠢᠳᠠᠢ  ᠴᠡᠪᠡᠷ ᠲᠤᠳᠤ ᠪᠦᠭᠡᠳ ᠭᠤᠸ᠎ᠠ ᠰᠠᠶᠢᠬᠠᠨ ᠤ ᠭᠠᠶᠢᠬᠠᠪᠤᠷᠢ ᠲᠠᠢ ᠪᠤᠯᠭᠠᠪᠠᠯ ᠵᠤᠬᠢᠨ᠎ᠠ᠃                     ᠰᠤᠷᠤᠭᠴᠢᠳ ᠲᠡᠭᠡᠷ ᠎ᠠ ᠲᠤᠷᠠᠳᠤᠭᠰᠠᠨ ᠲᠠᠪᠤᠨ ᠡᠷᠬᠢᠮᠯᠡᠯ ᠢ ᠪᠠᠷᠢᠮᠳᠠᠯᠠᠵᠥ᠂ ᠬᠡᠯᠡ ᠪᠢᠴᠢᠭ ᠤᠨ ᠬᠢᠴᠢᠶᠡᠯ ᠢᠶᠠᠨ ᠰᠤᠷᠤᠯᠴᠠᠳᠠᠭ ᠯᠡ ᠶᠤᠮ ᠪᠤᠯ ᠯᠠᠪ ᠰᠢᠯᠢᠳᠡᠭ ᠬᠢᠷᠢ ᠪᠦᠳᠦᠮᠵᠢ ᠤᠯᠵᠥ ᠲᠠᠶᠢᠯᠤᠨ᠎ᠠ ᠭᠡᠳᠡᠭ ᠲᠤ ᠪᠢ  ᠪᠠᠳᠤ ᠢᠳᠡᠭᠡᠯ ᠲᠠᠢ ᠪᠠᠶᠢᠨ᠎ᠠ︕
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号