ᠡᠩ ᠤᠨ ᠳᠡᠭᠡᠳᠦ ᠰᠤᠷᠭᠠᠭᠤᠯᠢ ᠳᠠᠷᠠᠭ᠎ᠠ ᠵᠢᠯ ᠠᠴᠠ ᠰᠤᠷᠤᠯᠭ᠎ᠠ ᠶᠢᠨ ᠨᠠᠮᠲᠠᠷ ᠤᠨ  ᠦᠷᠭᠦᠯᠵᠢᠯᠡᠭᠰᠡᠨ ᠰᠤᠷᠭᠠᠨ ᠬᠦᠮᠦᠵᠢᠯ ᠢ ᠲᠠᠬᠢᠵᠦ ᠡᠷᠬᠢᠯᠡᠬᠦ ᠦᠭᠡᠢ
ᠨᠡᠶᠢᠲᠡᠯᠡᠭᠰᠡᠨ ᠴᠠᠭ᠄
2017/10/10
ᠰᠤᠷᠭᠠᠨ ᠬᠦᠮᠦᠵᠢᠯ ᠤᠨ ᠶᠠᠮᠤᠨ ᠪᠢᠴᠢᠭ ᠮᠠᠲ᠋ᠧᠷᠢᠶᠠᠯ ᠪᠠᠭᠤᠯᠭᠠᠪᠠ                    

     ᠠᠵᠢᠯᠯᠠᠭᠰᠠᠳ ᠨᠡᠷᠡᠲᠦ ᠰᠤᠷᠭᠠᠭᠤᠯᠢ ᠶᠢᠨ ᠨᠠᠰᠤᠨ ᠳᠤ ᠬᠦᠷᠦᠭᠰᠡᠳ ᠤᠨ ᠰᠢᠯᠭᠠᠯᠲᠠ ᠳᠤ              

 

      ᠣᠷᠣᠯᠴᠠᠬᠤ ᠡᠴᠦᠰ ᠤᠨ ᠡᠭᠡᠯᠵᠢ ᠶᠢᠨ ᠲᠡᠷᠭᠡᠨ ᠳᠤ ᠰᠢᠬᠠᠯᠳᠤᠨ ᠭᠠᠷᠴᠤ ᠪᠠᠶᠢᠨ᠎ᠠ    

    ᠨᠢᠳᠤᠨᠤᠨ ᠤ 11 ᠰᠠᠷ᠎ᠠ ᠳᠤ ᠰᠤᠷᠭᠠᠨ ᠬᠦᠮᠦᠵᠢᠯ ᠤᠨ ᠶᠠᠮᠤᠨ ᠪᠢᠴᠢᠭ ᠮᠠᠲ᠋ᠧᠷᠢᠶᠠᠯ ᠪᠠᠭᠤᠯᠭᠠᠵᠤ

ᠲᠣᠭᠲᠠᠭᠰᠠᠨ   ᠨᠢ᠂ ᠡᠩ ᠤᠨ ᠶᠡᠭᠡ ᠳᠡᠭᠡᠳᠦ ᠰᠤᠷᠭᠠᠭᠤᠯᠢ ᠨᠢ 2018 ᠣᠨ‌ᠡᠴᠠ ᠡᠬᠢᠯᠡᠵᠦ ᠲᠤᠰ

ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠬᠦᠷᠢᠶ᠎ᠡ

ᠬᠡᠪᠴᠢᠶ᠎ᠡ ᠠᠴᠠ ᠭᠠᠳᠠᠨᠠᠬᠢ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠡᠷᠬᠢᠯᠡᠬᠦ ᠦᠭᠡᠢ᠂

ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠳᠡᠰ ᠤᠨ ᠰᠤᠷᠭᠠᠨ ᠬᠦᠮᠦᠵᠢᠯ ᠢ ᠡᠷᠬᠢᠯᠡᠭᠰᠡᠨ ᠦᠭᠡᠢ

ᠡᠩ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠨᠢ ᠲᠤᠰᠬᠠᠢ ᠮᠡᠷᠭᠡᠵᠢᠯ ᠤᠨ ᠳᠡᠰ ᠤᠨ ᠰᠤᠷᠤᠯᠭ᠎ᠠ ᠶᠢᠨ

ᠨᠠᠮᠲᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠢ ᠳᠠᠬᠢᠨ ᠡᠷᠬᠢᠯᠡᠬᠦ ᠦᠭᠡᠢ ᠭᠡᠵᠡᠢ᠃ ᠰᠣᠷᠪᠣᠯᠵᠢᠯᠠᠬᠤ ᠳᠤᠮᠳᠠ

ᠣᠶᠢᠯᠠᠭᠠᠭᠰᠠᠨ ᠢᠶᠠᠷ᠂ ᠤᠳᠤ ᠶᠠᠭ ᠨᠠᠰᠤᠨ‌‍ᠳᠤ ᠬᠦᠷᠦᠭᠰᠡᠳ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠪᠠ

ᠦᠪᠡᠷᠰᠡᠳ ᠢᠶᠠᠨ ᠰᠤᠷᠤᠭᠰᠠᠳ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠵᠥᠪᠯᠡᠯᠭᠡ ᠥᠭᠬᠦ ᠤᠯᠠᠷᠢᠯ ᠪᠣᠯᠵᠤ ᠪᠠᠶᠢᠭ᠎ᠠ

ᠤᠴᠢᠷ ᠠᠴᠠ ︽ᠡᠴᠦᠰ ᠤᠨ ᠡᠭᠡᠯᠵᠢ ᠶᠢᠨ ᠲᠡᠷᠭᠡᠨ︾ ᠳᠤ ᠭᠠᠷᠴᠤ᠂ ᠨᠡᠷᠡᠲᠦ ᠰᠤᠷᠭᠠᠭᠤᠯᠢ ᠶᠢᠨ ᠲᠤᠰᠬᠠᠢ

ᠮᠡᠷᠭᠡᠵᠢᠯ ᠤᠨ ᠰᠤᠷᠤᠯᠭ᠎ᠠ ᠶᠢᠨ ᠨᠠᠮᠲᠡᠷ ᠠᠪᠬᠤ ᠪᠠᠷ ᠨᠡᠷ᠎ᠡ ᠮᠡᠳᠡᠭᠦᠯᠦᠭᠰᠡᠳ ᠤᠨ ᠲᠤᠭ᠎ᠠ ᠴᠤᠴᠢᠮᠠᠭ ᠨᠡᠮᠡᠭᠳᠡᠪᠡ᠃

ᠡᠭᠦᠨ ᠤ ᠬᠠᠮᠲᠤ᠂ ᠪᠦᠬᠦ ᠤᠯᠤᠰ ᠤᠨ ᠡᠯ᠎ᠡ ᠭᠤᠣᠯᠳᠠᠯᠭᠠᠲᠤ ᠶᠡᠭᠡ ᠰᠤᠷᠭᠠᠭᠤᠯᠢ ᠶᠢᠨ ᠦᠷᠭᠦᠯᠵᠢᠯᠡᠨ ᠰᠤᠷᠭᠠᠨ

ᠬᠦᠮᠦᠵᠢᠭᠦᠯᠬᠦ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠦᠷᠦ ᠶᠢᠨ ᠪᠣᠳᠣᠯᠭ᠎ᠠ ᠨᠢ ᠴᠦ  

ᠡᠳᠦᠷ ᠢᠷᠡᠬᠦᠶ᠎ᠡ ᠴᠢᠩᠭᠠᠷᠠᠵᠤ᠂ ᠣᠯᠠᠨ ᠭᠠᠵᠠᠷ ᠤᠨ ᠣᠯᠠᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ

ᠦᠷᠭᠦᠯᠵᠢᠯᠡᠭᠰᠡᠨ ᠰᠤᠷᠭᠠᠨ ᠬᠦᠮᠦᠵᠢᠯ ᠨᠢᠭᠡᠨᠲᠡ ᠵᠣᠭᠰᠣᠭᠰᠠᠨ ᠪᠠᠶᠢᠨ᠎ᠠ᠃              

    ᠲᠦᠷᠦ ᠶᠢᠨ ᠪᠣᠳᠣᠯᠭ᠎ᠠ᠄                

    ᠰᠤᠷᠭᠠᠨ ᠬᠦᠮᠦᠵᠢᠯ ᠤᠨ ᠶᠠᠮᠤᠨ ᠪᠢᠴᠢᠭ ᠮᠠᠲ᠋ᠧᠷᠢᠶᠠᠯ ᠪᠠᠭᠤᠯᠭᠠᠵᠤ᠂ ᠰᠤᠷᠤᠯᠭ᠎ᠠ ᠶᠢᠨ ᠨᠠᠮᠲᠠᠷ ᠤᠨ

ᠦᠷᠭᠦᠯᠵᠢᠯᠡᠭᠰᠡᠨ ᠰᠤᠷᠭᠠᠨ ᠬᠦᠮᠦᠵᠢᠯ ᠳᠤ ᠦᠭᠡᠷᠡᠴᠢᠯᠡᠯᠲᠡ ᠬᠢᠪᠡ᠃                

    ᠠᠵᠢᠯᠯᠠᠭᠰᠠᠳ ᠳᠠᠷᠠᠭ᠎ᠠ ᠵᠢᠯ ᠠᠴᠠ ᠡᠬᠢᠯᠡᠨ ᠨᠡᠷᠡᠲᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ

ᠰᠤᠷᠤᠯᠭ᠎ᠠ ᠶᠢᠨ ᠨᠠᠮᠲᠠᠷ ᠲᠠᠢ ᠬᠤᠪᠢ ᠪᠠᠷᠢᠯᠳᠤᠯᠭ᠎ᠠ ᠦᠭᠡᠢ ᠪᠣᠯᠣᠨ᠎ᠠ᠃                

    2016 ᠣᠨ ᠤ ᠵᠢᠯ ᠤᠨ ᠡᠴᠦᠰ᠂  ᠰᠤᠷᠭᠠᠨ  ᠬᠦᠮᠦᠵᠢᠯ ᠤᠨ  ᠶᠠᠮᠤᠨ  ︽ᠳᠡᠭᠡᠳᠦ ᠵᠡᠷᠭᠡ ᠶᠢᠨ

ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ

ᠪᠠᠶᠢᠷᠢᠯᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭ᠊ ᠬᠡᠮᠡᠨ

ᠲᠣᠪᠴᠢᠯᠠᠨ᠎ᠠ︶ ᠶᠢ ᠨᠡᠶᠢᠲᠡᠯᠡᠵᠦ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠦᠮᠦᠵᠢᠯ ᠤᠨ ᠲᠤᠬᠠᠢ ᠴᠢᠬᠤᠯᠠ ᠶᠡᠭᠡ

ᠥᠭᠡᠷᠡᠴᠢᠯᠡᠯᠲᠡ ᠨᠢ ᠦᠷᠭᠡᠨ ᠶᠡᠭᠡ ᠶᠠᠷᠢᠶ᠎ᠠ ᠬᠡᠯᠡᠯᠴᠡᠭᠡ ᠶᠢ ᠡᠭᠦᠰᠬᠡᠵᠡᠢ᠃ ᠬᠠᠮᠢᠶᠠᠷᠤᠯᠲᠠ ᠶᠢᠨ ᠠᠷᠭ᠎ᠠ ᠳᠤ᠂ ᠣᠳᠣᠬᠢ

ᠦᠨᠳᠦᠰᠦᠨ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠲᠤᠰᠬᠠᠢ ᠮᠡᠷᠭᠡᠵᠢᠯ ᠶᠢ ᠡᠮᠬᠢᠯᠡᠵᠦ᠂ ᠲᠣᠬᠢᠷᠠᠭᠤᠯᠬᠤ

ᠪᠥᠭᠡᠳ ᠵᠢᠷᠤᠮᠵᠢᠭᠤᠯᠵᠤ᠂ ᠢᠷᠡᠬᠦ ᠵᠢᠯ ᠠᠴᠠ ᠡᠬᠢᠯᠡᠨ᠂ ᠡᠩ ᠤᠨ ᠶᠡᠭᠡ ᠳᠡᠭᠡᠳᠦ ᠰᠤᠷᠭᠠᠭᠤᠯᠢ ᠨᠢ ᠲᠤᠰ

ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠤ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠬᠦᠷᠢᠶ᠎ᠡ

ᠬᠡᠪᠴᠢᠶ᠎ᠡ ᠠᠴᠠ ᠭᠠᠳᠠᠨᠠᠬᠢ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠢ ᠳᠠᠬᠢᠨ ᠡᠷᠬᠢᠯᠡᠬᠦ

ᠦᠭᠡᠢ᠂ ᠰᠢᠨ᠎ᠡ ᠪᠠᠷ ᠰᠤᠷᠭᠠᠭᠤᠯᠢ ᠳᠤ ᠣᠷᠣᠭᠰᠠᠨ ᠰᠤᠷᠤᠭᠴᠢᠳ ᠴᠦᠮ ᠰᠢᠨ᠎ᠡ ᠭᠠᠷᠴᠠᠭ ᠲᠤ ᠪᠢᠴᠢᠭᠳᠡᠭᠰᠡᠨ

ᠲᠤᠰᠬᠠᠢ ᠮᠡᠷᠭᠡᠵᠢᠯ ᠶᠣᠰᠣᠭᠠᠷ ᠰᠤᠷᠤᠭᠴᠢ ᠡᠯᠰᠡᠨ᠎ᠡ᠃ 2017 ᠣᠨ ᠨᠢ ᠰᠤᠷᠤᠯᠭ᠎ᠠ ᠶᠢᠨ ᠨᠠᠮᠲᠠᠷ ᠤᠨ

ᠦᠷᠭᠦᠯᠵᠢᠯᠡᠭᠰᠡᠨ ᠰᠤᠷᠭᠠᠨ ᠬᠦᠮᠦᠵᠢᠯ‌‍ᠦᠨ ᠥᠭᠡᠷᠡᠴᠢᠯᠡᠯᠲᠡ ᠠᠴᠠ ᠡᠮᠦᠨᠡᠬᠢ ᠰᠢᠯᠵᠢᠯᠲᠡ ᠶᠢᠨ ᠵᠢᠯ ᠪᠣᠯᠵᠠᠢ᠃      

 

    ᠰᠤᠷᠭᠠᠨ ᠬᠦᠮᠦᠵᠢᠯ ᠤᠨ ᠶᠠᠮᠤᠨ ᠤ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠢᠷᠡᠬᠦ  ᠵᠢᠯ ᠠᠴᠠ ᠡᠬᠢᠯᠡᠨ᠂

ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠳᠡᠰ ᠤᠨ ᠰᠤᠷᠭᠠᠨ ᠬᠦᠮᠦᠵᠢᠯ ᠢ ᠡᠷᠬᠢᠯᠡᠭᠰᠡᠨ ᠦᠭᠡᠢ

ᠡᠩ ᠤᠨ ᠵᠢᠩᠬᠢᠨᠢ ᠠᠩᠭᠢ ᠪᠦᠬᠦᠢ ᠳᠡᠭᠡᠳᠦ ᠰᠤᠷᠭᠠᠭᠤᠯᠢ ᠨᠢ ᠲᠤᠰᠬᠠᠢ ᠮᠡᠷᠭᠡᠵᠢᠯ ᠤᠨ ᠳᠡᠰ ᠤᠨ ᠰᠤᠷᠤᠯᠭ᠎ᠠ ᠶᠢᠨ

ᠨᠠᠮᠲᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠢ ᠳᠠᠬᠢᠨ ᠡᠷᠬᠢᠯᠡᠬᠦ ᠦᠭᠡᠢ᠃ ᠬᠠᠮᠤᠭ ᠠᠴᠠ ᠢᠯᠡᠭᠦᠦ ᠨᠦᠯᠦᠭᠡ

ᠬᠦᠷᠲᠡᠬᠦ ᠨᠢ᠂ ᠦᠨᠳᠦᠷ ᠳᠤᠮᠳᠠᠳᠤ ᠪᠤᠶᠤ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠠᠴᠠ ᠳᠣᠷᠣᠭᠰᠢᠬᠢ

ᠰᠤᠷᠤᠯᠭ᠎ᠠ ᠶᠢᠨ ᠨᠠᠮᠲᠠᠷ ᠲᠠᠢ ᠠᠵᠢᠯᠯᠠᠭᠰᠠᠳ ᠪᠣᠯᠣᠨ᠎ᠠ᠂ ᠤᠴᠢᠷ ᠨᠢ ᠡᠨᠡ ᠪᠣᠯ ᠲᠡᠳᠡᠨ ᠤ ᠬᠠᠮᠤᠭ ᠡᠴᠦᠰ ᠤᠨ

ᠤᠳᠠᠭ᠎ᠠ ᠨᠡᠷᠡᠲᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠦᠨ ᠰᠤᠷᠤᠯᠴᠠᠬᠤ ᠲᠣᠬᠢᠶᠠᠯ

ᠪᠣᠯᠣᠨ᠎ᠠ᠃                

    ᠣᠳᠣᠬᠢ ᠪᠠᠶᠢᠳᠠᠯ᠄                

    ᠣᠯᠠᠨ ᠭᠠᠵᠠᠷ ᠤᠨ ᠣᠯᠠᠨ ᠶᠡᠭᠡ ᠰᠤᠷᠭᠠᠭᠤᠯᠢ ᠨᠢᠭᠡᠨᠲᠡ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ

ᠰᠤᠷᠭᠠᠨ ᠬᠦᠮᠦᠵᠢᠯ ᠡᠷᠬᠢᠯᠡᠬᠦ ᠪᠠᠨ ᠵᠣᠭᠰᠤᠪᠠ᠃              

    ︽ᠢᠷᠡᠬᠦ ᠵᠢᠯ ᠠᠴᠠ ᠡᠬᠢᠯᠡᠨ ᠲᠤᠰ ᠰᠤᠷᠭᠠᠭᠤᠯᠢ ᠶᠢᠨ ᠪᠦᠬᠦᠯᠢ ᠡᠳᠦᠷ ᠤᠨ  ᠳᠦᠷᠢᠮᠲᠦ ᠰᠤᠷᠭᠠᠨ

ᠬᠦᠮᠦᠵᠢᠯ ᠤᠨ ᠲᠤᠰᠬᠠᠢ ᠮᠡᠷᠭᠡᠵᠢᠯ ᠤᠨ ᠬᠦᠷᠢᠶ᠎ᠡ ᠬᠡᠪᠴᠢᠶ᠎ᠡ ᠠᠴᠠ ᠭᠠᠳᠠᠨᠠᠬᠢ ᠰᠤᠷᠤᠯᠭ᠎ᠠ ᠶᠢᠨ ᠨᠠᠮᠲᠠᠷ ᠤᠨ

ᠦᠷᠭᠦᠯᠵᠢᠯᠡᠭᠰᠡᠨ ᠰᠤᠷᠭᠠᠨ ᠬᠦᠮᠦᠵᠢᠯ ᠡᠷᠬᠢᠯᠡᠬᠦ ᠦᠭᠡᠢ︾ ᠬᠡᠬᠦ  ᠠᠯᠪᠠᠨ ᠲᠣᠭᠲᠠᠭᠠᠯ ᠤᠨ ᠬᠡᠷᠡᠭᠵᠢᠭᠦᠯᠦᠭᠳᠡᠬᠦ ᠶᠢ

ᠳᠠᠭᠠᠯᠳᠤᠨ᠂ ᠡᠯ᠎ᠡ ᠶᠡᠭᠡ ᠰᠤᠷᠭᠠᠭᠤᠯᠢ ᠶᠢᠨ ᠦᠷᠭᠦᠯᠵᠢᠯᠡᠨ ᠰᠤᠷᠭᠠᠨ ᠬᠦᠮᠦᠵᠢᠭᠦᠯᠬᠦ ᠲᠦᠷᠦ ᠶᠢᠨ ᠪᠣᠳᠣᠯᠭ᠎ᠠ

ᠤᠷᠢᠳᠴᠢᠯᠠᠨ ᠲᠠᠲᠠᠭᠤᠷᠠᠬᠤ ᠪᠠᠶᠢᠳᠠᠯ ᠢᠯᠡᠷᠡᠵᠡᠢ᠃ ᠰᠤᠷᠤᠯᠭ᠎ᠠ ᠶᠢᠨ ᠨᠠᠮᠲᠠᠷ ᠤᠨ ᠠᠯᠤᠰ ᠰᠤᠷᠭᠠᠨ ᠬᠦᠮᠦᠵᠢᠯ‌ᠢ

ᠬᠠᠮᠤᠭ ᠤᠨ ᠡᠷᠲᠡ ᠵᠣᠭᠰᠤᠭᠠᠭᠰᠠᠨ ᠴᠢᠩᠬᠤᠸᠠ ᠶᠡᠭᠡ ᠰᠤᠷᠭᠠᠭᠤᠯᠢ ᠪᠠ ᠡᠨᠡ ᠵᠢᠯ ᠤᠨ ᠡᠬᠢᠨ ᠢᠶᠠᠷ ᠪᠡᠭᠡᠵᠢᠩ ᠶᠡᠭᠡ

ᠰᠤᠷᠭᠠᠭᠤᠯᠢ ᠲᠤᠰ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠢ

ᠡᠷᠬᠢᠯᠡᠬᠦ ᠪᠠᠨ ᠵᠣᠭᠰᠤᠭᠠᠭᠰᠠᠨ ᠢ ᠨᠡᠶᠢᠲᠡᠯᠡᠭᠰᠡᠨ ᠠᠴᠠ ᠭᠠᠳᠠᠨ᠎ᠠ᠂ ᠡᠨᠡ ᠵᠢᠯ ᠤᠨ4 ᠳ᠋ᠦ᠋ᠭᠡᠷ ᠰᠠᠷ᠎ᠠ ᠠᠴᠠ ᠡᠬᠢᠯᠡᠨ᠂

ᠵᠦᠩᠱᠠᠨ ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ‌‍ᠶᠢᠨ

ᠶᠡᠭᠡ ᠰᠤᠷᠭᠠᠭᠤᠯᠢ ᠵᠡᠷᠭᠡ ᠣᠯᠠᠨ ᠨᠡᠷᠡᠲᠦ ᠶᠡᠭᠡ ᠰᠤᠷᠭᠠᠭᠤᠯᠢ ᠵᠠᠯᠭᠠᠯᠳᠤᠭ᠎ᠠ ᠪᠠᠷ ᠡᠯᠰᠡᠬᠦ ᠶᠢ ᠵᠣᠭᠰᠤᠬᠤ ᠮᠡᠳᠡᠭᠳᠡᠯ

ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ

ᠬᠦᠮᠦᠵᠢᠯ ᠤᠨ ᠪᠦᠲᠦᠴᠡ ᠳᠤ ᠬᠤᠪᠢᠰᠤᠯᠲᠠ ᠶᠢᠨ ᠪᠠᠶᠢᠳᠠᠯ ᠢᠯᠡᠷᠡᠭᠰᠡᠨ ᠪᠠᠶᠢᠨ᠎ᠠ᠃                

    ᠠᠬᠢᠴᠠ᠄              

    ᠨᠡᠶᠢᠭᠡᠮ ᠤᠨ ᠬᠦᠮᠦᠰ ᠨᠡᠷᠡᠲᠦ ᠰᠤᠷᠭᠠᠭᠤᠯᠢ ᠶᠢᠨ ︽ᠰᠦᠯᠵᠢᠶᠡᠨ ᠤ ᠰᠤᠷᠭᠠᠭᠤᠯᠢ︾᠂ ︽ᠨᠠᠰᠤᠨ‌‍ᠳᠤ

ᠬᠦᠷᠦᠭᠰᠡᠳ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ︾ ᠶᠢᠨ ᠡᠴᠦᠰ ᠤᠨ ᠡᠭᠡᠯᠵᠢ ᠶᠢᠨ ᠲᠡᠷᠭᠡᠨ ᠳᠤ

ᠰᠢᠬᠠᠯᠳᠤᠨ ᠭᠠᠷᠴᠤ ᠪᠠᠶᠢᠨ᠎ᠠ᠃                

    ᠡᠯ᠎ᠡ ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠲᠦᠷᠦ ᠶᠢᠨ ᠪᠣᠳᠣᠯᠭ᠎ᠠ ᠶᠢᠨ ᠭᠡᠨᠡᠳᠲᠡ ᠶᠢᠨ

︽ᠬᠤᠪᠢᠰᠤᠯᠲᠠ︾ ᠳᠤ ᠬᠠᠨᠳᠤᠨ᠂ ᠪᠡᠭᠡᠵᠢᠩ ᠳᠤ ᠠᠵᠢᠯᠯᠠᠵᠤ ᠪᠠᠶᠢᠭ᠎ᠠ ᠴᠦᠭᠡᠨ ᠪᠤᠰᠤ ᠬᠦᠮᠤᠨ ᠨᠡᠷᠡᠲᠦ

ᠰᠤᠷᠭᠠᠭᠤᠯᠢ ᠶᠢᠨ ︽ᠰᠦᠯᠵᠢᠶᠡᠨ ᠤ ᠰᠤᠷᠭᠠᠭᠤᠯᠢ︾᠂ ︽ᠨᠠᠰᠤᠨ ᠳᠤ ᠬᠦᠷᠦᠭᠰᠡᠳ ᠤᠨ ᠰᠢᠯᠭᠠᠯᠲᠠ︾ ᠶᠢᠨ ᠡᠴᠦᠰ ᠤᠨ

ᠡᠭᠡᠯᠵᠢ ᠶᠢᠨ ᠲᠡᠷᠭᠡᠨ ᠳᠤ ᠰᠢᠬᠠᠯᠳᠤᠨ ᠭᠠᠷᠴᠤ ᠪᠠᠶᠢᠨ᠎ᠠ᠃ ᠪᠡᠭᠡᠵᠢᠩ ᠤᠨ ᠨᠢᠭᠡᠨ ᠠᠷᠠᠳ ᠠᠴᠠ ᠡᠷᠬᠢᠯᠡᠭᠰᠡᠨ ᠠᠵᠤ

ᠠᠬᠤᠶᠢᠯᠠᠯ ᠳᠤ  ᠠᠵᠢᠯᠯᠠᠵᠤ ᠪᠠᠶᠢᠭ᠎ᠠ ᠸᠠᠩ ᠸᠧᠢ ᠪᠣᠯ ᠲᠡᠳᠡᠨ ᠤ ᠳᠤᠮᠳᠠᠬᠢ ᠨᠢᠭᠡ ᠨᠢ ᠪᠣᠯᠣᠨ᠎ᠠ᠃ ᠤᠷᠢᠳ   ᠨᠢ

ᠲᠡᠷᠡ ᠵᠦᠪᠬᠡᠨ ᠦᠨᠳᠦᠷ ᠳᠤᠮᠳᠠᠳᠤ ᠶᠢᠨ ᠰᠤᠷᠤᠯᠭ᠎ᠠ ᠶᠢᠨ ᠨᠠᠮᠲᠠᠷ ᠲᠠᠢ᠂ ᠨᠡᠷ᠎ᠡ ᠮᠡᠳᠡᠭᠦᠯᠵᠦ ᠮᠡᠷᠭᠡᠵᠢᠯ ᠰᠤᠷᠤᠯᠴᠠᠨ

ᠨᠢᠭᠡᠨ ᠳᠡᠭᠡᠳᠤ ᠵᠡᠷᠭᠡ ᠶᠢᠨ ᠰᠤᠷᠤᠯᠭ᠎ᠠ ᠶᠢᠨ ᠨᠠᠮᠲᠠᠷ ᠣᠯᠬᠤ ᠶᠢ ᠪᠣᠳᠣᠭᠰᠠᠭᠠᠷ ᠢᠷᠡᠭᠰᠡᠨ ᠪᠣᠯᠪᠠᠴᠤ ᠴᠠᠭ ᠬᠢᠭᠡᠳ

ᠮᠥᠩᠭᠦ ᠦᠭᠡᠢ ᠠᠴᠠ ᠭᠠᠴᠢᠭᠳᠠᠭᠰᠠᠭᠠᠷ ᠪᠠᠶᠢᠵᠠᠢ᠃                

    ᠰᠣᠷᠪᠣᠯᠵᠢᠯᠠᠭ᠎ᠠ ᠶᠢᠨ ᠶᠠᠪᠤᠴᠠ ᠳᠤ᠂ ᠡᠨᠡ ᠵᠢᠯ ᠤᠨ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠳᠤ

ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠳ ᠢᠯᠡᠷᠬᠬᠡᠶᠢᠯᠡᠬᠦ ᠳᠡᠭᠡᠨ᠂ ᠰᠤᠷᠤᠯᠭ᠎ᠠ ᠶᠢᠨ ᠨᠠᠮᠲᠠᠷ ᠨᠡᠶᠢᠳᠡᠮ

ᠳᠣᠣᠷ᠎ᠠ ᠠᠴᠠ ᠪᠣᠯᠵᠤ᠂ ᠦᠪᠡᠷ ᠤᠨ ᠬᠢᠨᠢ ᠦᠨᠳᠦᠰᠦᠨ ᠴᠠᠯᠢᠩ ᠨᠢ ᠺᠣᠮᠫᠠᠨᠢ ᠶᠢᠨ ᠣᠶᠣᠲᠠᠨ ᠤ ᠦᠨᠳᠦᠰᠦᠨ

ᠴᠠᠯᠢᠩ ᠠᠴᠠ 1000 ᠲᠦᠭᠦᠷᠢᠭ ᠳᠣᠣᠷ᠎ᠠ ᠪᠠᠶᠢᠳᠠᠭ᠂ ᠲᠤᠰᠢᠶᠠᠯ ᠳᠡᠪᠰᠢᠬᠦ᠂ ᠶᠡᠭᠡ ᠬᠤᠲᠠ ᠶᠢᠨ ᠡᠷᠦᠬᠡ ᠠᠮᠠ ᠶᠢᠨ

ᠴᠣᠮᠬᠠᠳᠬᠠᠯ ᠵᠡᠷᠭᠡ ᠲᠠᠯ᠎ᠠ ᠠᠴᠠ ᠬᠠᠷᠠᠪᠠᠯ᠂ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠨᠢ

ᠳᠣᠣᠷ᠎ᠠ ᠰᠤᠷᠤᠯᠭ᠎ᠠ ᠶᠢᠨ ᠨᠠᠮᠲᠠᠷ ᠲᠠᠢ ᠬᠦᠮᠦᠰ ᠲᠤ ᠠᠪᠴᠤ ᠬᠡᠯᠡᠪᠡᠯ ᠬᠡᠴᠢᠨᠡᠭᠡᠨ ᠴᠢᠬᠤᠯᠠ ᠭᠡᠳᠡᠭ ᠢ ᠮᠡᠳᠡᠵᠦ

ᠪᠣᠯᠣᠨ᠎ᠠ᠃ ︽ᠠᠳᠠᠯᠢᠬᠠᠨ ᠠᠵᠢᠯ ᠤᠨ ᠪᠠᠶᠢᠷᠢ ᠳᠤ ᠠᠳᠠᠯᠢᠬᠠᠨ ᠠᠵᠢᠯ ᠢ ᠬᠢᠵᠤ ᠪᠠᠶᠢᠪᠠᠴᠤ᠂ ᠴᠠᠯᠢᠩ ᠨᠢ

ᠪᠣᠰᠣᠳ ᠠᠴᠠ ᠳᠣᠣᠷ᠎ᠠ᠂ ᠡᠨᠡ ᠨᠢ ᠦᠨᠡᠨ ᠰᠡᠳᠬᠢᠯ ᠢ ᠵᠣᠪᠠᠭᠠᠨ᠎ᠠ᠃︾ ᠭᠡᠪᠡ᠃                

    ᠠᠷᠠᠳ ᠤᠨ ᠶᠡᠭᠡ ᠰᠤᠷᠭᠠᠭᠤᠯᠢ ᠶᠢᠨ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ

ᠨᠠᠰᠤᠨ ᠳᠤ ᠬᠦᠷᠦᠭᠰᠡᠳ ᠢ ᠰᠢᠯᠭᠠᠨ ᠡᠯᠰᠡᠬᠦ ᠠᠵᠢᠯ ᠢ ᠬᠠᠷᠢᠭᠤᠴᠠᠳᠠᠭ ᠪᠠᠭᠰᠢ ᠰᠣᠷᠪᠣᠯᠵᠢᠯᠠᠭᠴᠢ ᠳᠤ ᠬᠡᠯᠡᠬᠦ ᠳᠡᠭᠡᠨ᠂

ᠪᠦᠬᠦ ᠤᠯᠤᠰ ᠤᠨ ᠨᠢᠭᠡᠲᠦᠯᠲᠡᠢ ᠡᠯᠰᠡᠨ ᠰᠢᠯᠭᠠᠬᠤ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ ᠳᠤ

ᠡᠯᠰᠡᠬᠦ ᠰᠢᠯᠭᠠᠯᠲᠠ ᠶᠢᠨ ᠪᠡᠭᠡᠵᠢᠩ ᠣᠷᠣᠨ ᠤ ᠨᠡᠷ᠎ᠡ ᠮᠡᠳᠡᠭᠦᠯᠬᠦ ᠴᠠᠭ ᠨᠢ ᠬᠡᠳᠦᠶᠢᠪᠡᠷ 8 ᠰᠠᠷ᠎ᠠ ᠶᠢᠨ 31 ᠤ

ᠡᠳᠦᠷ ᠠᠴᠠ ᠡᠬᠢᠯᠡᠬᠦ ᠪᠣᠯᠪᠠᠴᠤ᠂ ᠡᠳᠡᠭᠡᠷ ᠡᠳᠦᠷ ᠤᠳ ᠲᠤ ᠯᠠᠪᠯᠠᠯᠲᠠ ᠠᠪᠴᠤ ᠪᠠᠶᠢᠭ᠎ᠠ ᠬᠦᠮᠦᠨ ᠤ ᠲᠤᠭ᠎ᠠ ᠨᠢᠭᠡᠨᠲᠡ

ᠥᠩᠭᠡᠷᠡᠭᠰᠡᠨ ᠵᠢᠯ ᠤᠨ ᠬᠢ ᠠᠴᠠ 1 ~ 2 ᠳᠠᠬᠢᠨ ᠨᠡᠮᠡᠭᠳᠡᠵᠡᠢ ᠭᠡᠵᠦ ᠪᠠᠶᠢᠯ᠎ᠠ᠃

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号