ᠡᠩ ᠤᠨ ᠫᠠᠰᠫᠣᠷᠲ ᠭᠤᠶᠤᠴᠢᠯᠠᠨ ᠭᠦᠢᠴᠡᠳᠬᠡᠯᠭᠡᠬᠦ
ᠨᠡᠶᠢᠲᠡᠯᠡᠭᠰᠡᠨ ᠴᠠᠭ᠄
2017/10/11
    ᠭᠦᠢᠴᠡᠳᠬᠡᠬᠦ ᠨᠥᠬᠦᠴᠡᠯ᠄                   ᠭᠤᠶᠤᠴᠢᠯᠠᠭᠴᠢ ᠳᠤ ᠳᠣᠣᠷᠠᠬᠢ ᠪᠠᠶᠢᠳᠠᠯ  ᠤᠨ ᠨᠢᠭᠡ ᠨᠢ ᠪᠠᠶᠢᠪᠠᠯ᠂ ᠲᠣᠲᠤᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠡᠩ ᠤᠨ ᠫᠠᠰᠫᠣᠷᠲ ᠲᠤᠨᠢ ᠭᠠᠷ ᠦᠰᠦᠭ ᠵᠢᠷᠤᠵᠤ ᠥᠭᠬᠦ ᠦᠭᠡᠢ᠄                   ︵ᠨᠢᠭᠡ︶ ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠤᠯᠤᠰ ᠤᠨ ᠬᠠᠷᠢᠶ᠎ᠡ ᠪᠤᠰᠤ︔              ︵ᠬᠤᠶᠠᠷ︶ ᠪᠡᠶ᠎ᠡ ᠭᠠᠷᠤᠯ ᠢᠶᠠᠨ ᠭᠡᠷᠡᠴᠢᠯᠡᠵᠦ ᠦᠯᠦ ᠳᠡᠶᠢᠯᠬᠦ︔                          ︵ᠭᠤᠷᠪᠡ︶ ᠭᠤᠶᠤᠴᠢᠯᠠᠬᠤ ᠶᠠᠪᠤᠴᠠ ᠳᠤᠮᠳᠠ ᠣᠪ ᠮᠡᠭᠡ ᠭᠠᠷᠭᠠᠭᠰᠠᠨ︔                          ︵ᠳᠥᠷᠪᠡ︶ ᠡᠷᠡᠭᠦᠦ ᠶᠢᠨ ᠰᠢᠢᠳᠭᠡᠯ ᠢᠶᠠᠷ ᠰᠢᠢᠳᠬᠡᠭᠳᠡᠭᠡᠳ ᠡᠷᠡᠭᠦᠦ ᠶᠢᠨ ᠰᠢᠢᠳᠬᠡᠯ  ᠭᠦᠢᠴᠡᠳᠬᠡᠵᠦ   ᠪᠠᠶᠢᠭ᠎ᠠ︔                          ︵ᠲᠠᠪᠤ︶ ᠠᠷᠠᠳ ᠤᠨ ᠰᠢᠭᠦᠬᠦ ᠬᠤᠷᠢᠶ᠎ᠡ ᠠᠴᠠ ᠢᠷᠭᠡᠨ ᠤ  ᠬᠡᠷᠡᠭ ᠨᠢ ᠲᠠᠭᠤᠰᠤᠭᠠᠳᠤᠢ ᠬᠢᠯᠢ   ᠠᠴᠠ  ᠭᠠᠷᠴᠤ ᠦᠯᠦ  ᠪᠣᠯᠬᠤ ᠪᠠᠷ ᠮᠡᠳᠡᠭᠳᠡᠭᠰᠡᠨ︔                          ︵ᠵᠢᠷᠭᠤᠭ᠎ᠠ︶ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ ᠪᠣᠶᠤ ᠶᠠᠯ᠎ᠠ ᠬᠢᠭᠰᠡᠨ ᠰᠡᠵᠢᠭᠲᠡᠨ︔                ︵ᠳᠣᠯᠤᠭ᠎ᠠ︶ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠬᠤᠯᠪᠤᠭᠳᠠᠯ ᠪᠥᠬᠦᠢ ᠭᠤᠣᠯᠴᠢᠯᠠᠨ  ᠬᠠᠮᠢᠶᠠᠷᠬᠤ  ᠰᠠᠯᠠᠭ᠎ᠠ ᠮᠦᠴᠢᠷ ᠠᠴᠠ ᠬᠢᠯᠢ ᠠᠴᠠ ᠭᠠᠷᠤᠭᠰᠠᠨ ᠬᠤᠶᠢᠨ᠎ᠠ ᠤᠯᠤᠰ ᠤᠨ ᠠᠮᠤᠷ ᠲᠥᠪᠰᠢᠨ ᠳᠤ ᠬᠤᠣᠷ ᠬᠥᠨᠥᠭᠡᠯ  ᠤᠴᠠᠷᠠᠭᠤᠯᠬᠤ ᠪᠣᠶᠤ ᠤᠯᠤᠰ ᠤᠨ ᠠᠰᠢᠭ ᠲᠤᠰᠠ ᠳᠤ ᠬᠥᠨᠳᠣ ᠨᠤᠴᠢᠲᠠᠢ ᠬᠤᠬᠢᠷᠠᠯ ᠤᠴᠠᠷᠠᠭᠤᠯᠤᠨ᠎ᠠ ᠭᠡᠵᠦ  ᠦᠵᠡᠭᠰᠡᠨ᠃                   ︵ᠨᠠᠢᠮᠠ︶ ᠠᠷᠠᠳ ᠢᠷᠭᠡᠳ ᠤᠯᠤᠰ ᠤᠨ ᠬᠢᠯᠢ ᠶᠢᠨ ᠬᠠᠮᠢᠶᠠᠷᠤᠯᠲᠠ ᠶᠢ ᠬᠠᠷᠰᠢᠯᠠᠭᠠᠳ ᠡᠷᠡᠭᠦᠦ ᠶᠢᠨ  ᠬᠡᠷᠡᠭ ᠢᠶᠠᠷ  ᠰᠢᠢᠳᠬᠡᠭᠳᠡᠭᠰᠡᠨ ᠪᠣᠶᠤ ᠬᠠᠦᠯᠢ ᠪᠣᠰᠤ ᠪᠠᠷ ᠬᠢᠯᠢ ᠠᠴᠠ ᠭᠠᠷᠤᠭᠰᠠᠨ᠂ ᠬᠠᠦᠯᠢ ᠪᠣᠰᠤ ᠪᠠᠷ   ᠨᠤᠳᠤᠭᠯᠠᠨ ᠰᠠᠭᠤᠭᠰᠠᠨ᠂ ᠬᠠᠦᠯᠢ ᠪᠣᠰᠤ ᠪᠠᠷ ᠠᠵᠢᠯ ᠣᠯᠣᠭᠰᠠᠨ ᠠᠴᠠ ᠪᠣᠯᠵᠤ ᠤᠯᠤᠰ ᠲᠤᠨᠢ ᠪᠤᠴᠠᠭᠠᠨ  ᠡᠬᠡᠭᠦᠯᠦᠭᠳᠡᠭᠰᠡᠨ ᠪᠤᠯ᠂  ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ  ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠡᠭᠦᠨ ᠤ ᠡᠷᠡᠭᠦᠦ ᠶᠢᠨ ᠰᠢᠢᠳᠬᠡᠯ ᠢᠶᠠᠨ ᠭᠦᠢᠴᠡᠳᠬᠡᠵᠦ ᠳᠠᠭᠤᠰᠤᠭᠰᠠᠨ ᠪᠣᠶᠤ ᠤᠯᠤᠰ ᠲᠤᠨᠢ ᠪᠤᠴᠠᠭᠠᠨ ᠡᠭᠡᠭᠦᠯᠦᠭᠰᠡᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠠᠴᠠ ᠭᠤᠷᠪᠠᠨ ᠵᠢᠯ ᠤᠨ ᠲᠣᠲᠣᠷ᠎ᠠ ᠡᠩ ᠤᠨ ᠫᠠᠰᠫᠣᠷᠲ ᠲᠤᠨᠢ ᠭᠠᠷ ᠤᠨ ᠦᠰᠦᠭ ᠵᠢᠷᠤᠵᠤ ᠦᠭᠬᠦ ᠦᠭᠡᠢ᠃                   ᠭᠦᠢᠴᠡᠳᠬᠡᠬᠦ ᠮᠠᠲ᠋ᠧᠷᠢᠶᠠᠯ᠄                 ︵ᠨᠢᠭᠡ︶  ᠨᠢᠭᠡ ᠬᠤᠪᠢ ᠣᠶᠢᠷ᠎ᠡ ᠶᠢᠨ ᠬᠤᠭᠤᠴᠠᠭᠠᠨ ᠤ ᠲᠦᠪ ᠭᠡᠷᠡᠯ ᠵᠢᠷᠤᠭ ᠵᠢᠴᠢ ᠪᠦᠷᠢᠨ   ᠭᠦᠢᠴᠡᠳ ᠲᠠᠭᠯᠠᠭᠰᠠᠨ ︽ᠳᠤᠮᠳᠠᠳᠤ ᠤᠯᠤᠰ ᠤᠨ ᠠᠷᠠᠳ ᠢᠷᠭᠡᠳ ᠤᠨ ᠬᠤᠪᠢ ᠶᠢᠨ ᠤᠴᠢᠷ ᠢᠶᠠᠷ ᠭᠠᠳᠠᠭᠠᠳᠤ  ︵ ᠬᠢᠯᠢ︶  ᠳᠤ ᠭᠠᠷᠬᠤ  ᠭᠤᠶᠤᠴᠢᠯᠠᠯ ᠤᠨ ᠬᠦᠰᠦᠨᠦᠭᠲᠦ︾︔                   ︵ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠳᠡᠪᠳᠡᠷ ᠵᠢᠴᠢ   ᠬᠠᠭᠤᠯᠪᠤᠷᠢ︔ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠠᠪᠬᠤ᠂ ᠰᠤᠯᠢᠵᠤ ᠠᠪᠬᠤ᠂ ᠨᠥᠬᠦᠵᠦ ᠠᠪᠬᠤ ᠬᠤᠭᠤᠴᠠᠭᠠᠨ ᠳᠤ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠲᠡᠪᠳᠡᠷ  ᠵᠢᠴᠢ ᠬᠠᠭᠤᠯᠪᠤᠷᠢ ᠶᠢ  ᠲᠤᠰᠢᠶᠠᠵᠤ ᠪᠣᠯᠣᠨ᠎ᠠ︔                  ︵ᠭᠤᠷᠪᠠ︶ ᠪᠦᠬᠦᠯᠢ 16 ᠨᠠᠰᠤ ᠬᠦᠷᠦᠭᠡᠳᠦᠢ ᠠᠷᠠᠳ ᠢᠷᠭᠡᠨ ᠪᠣᠯ ᠠᠰᠠᠷᠠᠨ ᠬᠠᠷᠠᠭᠠᠯᠵᠠᠭᠴᠢ ᠪᠠᠷ   ᠪᠠᠷ᠎ᠠ ᠪᠣᠯᠭᠠᠬᠤ ᠵᠢᠨ‌ᠬᠠᠮᠲᠤ ᠠᠰᠠᠷᠠᠨ ᠬᠠᠷᠠᠭᠠᠯᠵᠠᠭᠴᠢ ᠶᠢᠨ ᠬᠢᠨᠢ ᠬᠢᠵᠦ ᠥᠭᠭᠦᠭᠰᠡᠨ ᠬᠢᠯᠢ ᠪᠠᠷ ᠭᠠᠷᠬᠤ ᠶᠢ ᠵᠥᠪᠰᠢᠶᠡᠷᠡᠭᠰᠡᠨ ᠰᠠᠨᠠᠯ᠂  ᠠᠰᠠᠷᠠᠨ ᠬᠠᠷᠠᠭᠠᠯᠵᠠᠭᠴᠢ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ   ᠡᠷᠦᠭᠡ ᠠᠮᠠ ᠶᠢᠨ ᠳᠡᠪᠲᠡᠷ᠂ ᠫᠠᠰᠫᠣᠷᠲ ᠬᠢᠭᠡᠳ ᠬᠠᠭᠤᠯᠪᠤᠷᠢ ᠶᠢ ᠲᠤᠰᠢᠶᠠᠨ᠎ᠠ︔                    ︵ᠳᠥᠷᠪᠡ︶ ᠤᠯᠤᠰ ᠤᠨ ᠠᠵᠢᠯᠲᠠᠳ ᠪᠤᠯ ᠬᠤᠯᠪᠤᠭᠳᠠᠯ ᠪᠦᠬᠦᠢ ᠳᠦᠷᠢᠮ ᠤᠨ ᠶᠤᠰᠤᠭᠠᠷ᠂ ᠦᠪᠡᠷ ᠤᠨ ᠬᠠᠷᠢᠶᠠᠯᠠᠭᠳᠠᠬᠤ ᠠᠵᠢᠯ ᠤᠨ ᠨᠢᠭᠡᠴᠡ ᠪᠤᠶᠤ ᠳᠡᠭᠡᠷ᠎ᠡ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ ᠨᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠢᠶᠠᠷ ᠬᠢᠨᠠᠨ ᠵᠥᠪᠰᠢᠶᠡᠷᠡᠭᠡᠳ ᠤᠯᠭᠤᠭᠰᠠᠨ ᠬᠢᠯᠢ  ᠠᠴᠠ ᠭᠠᠷᠬᠤ ᠶᠢ ᠵᠦᠪᠰᠢᠶᠡᠷᠡᠭᠰᠡᠨ‌‍ᠭᠡᠷᠡᠴᠢ ᠶᠢ ᠲᠤᠰᠢᠶᠠᠨ᠎ᠠ︔                    ︵ᠲᠠᠪᠤ︶ ᠮᠤᠵᠢ ᠶᠢᠨ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ   ᠲᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠣ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠨᠢ  ᠲᠣᠳᠤᠭᠠᠳᠤ ᠶᠢ ᠬᠠᠮᠠᠭᠠᠯᠠᠬᠤ ᠶᠠᠮᠤᠨ ᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ   ᠮᠡᠳᠡᠭᠦᠯᠦᠨ ᠵᠥᠪᠰᠢᠶᠡᠷᠡᠭᠦᠯᠦᠭᠡᠳ᠂ ᠲᠤᠰᠢᠶᠠᠬᠤ ᠪᠠᠷ ᠱᠠᠭᠠᠷᠳᠠᠭᠰᠠᠨ ᠪᠤᠰᠤᠳ ᠮᠠᠲ᠋ᠧᠷᠢᠶᠠᠯ︔                   ︵ᠵᠢᠷᠭᠤᠭ᠎ᠠ︶ ᠠᠯᠪᠠᠨ ᠬᠠᠭᠠᠵᠦ ᠪᠠᠶᠢᠭ᠎ᠠ ᠴᠡᠷᠢᠭ ᠡᠩ ᠤᠨ ᠫᠠᠰᠫᠣᠷᠲ ᠭᠤᠶᠤᠴᠢᠯᠠᠪᠠᠯ᠂ ᠲᠡᠭᠦᠨ ᠤ  ᠬᠠᠷᠢᠶ᠎ᠠ ᠴᠡᠷᠢᠭ ᠠᠩᠭᠢ ᠶᠢᠨ ᠰᠠᠭᠤᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ   ᠠᠷᠠᠳ ᠤᠨ ᠵᠠᠰᠠᠭ ᠤᠨ ᠣᠷᠳᠣᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ   ᠬᠠᠮᠢᠶᠠᠷᠣᠯᠲᠠ ᠶᠢᠨ ᠪᠠᠶᠢᠭᠤᠯᠤᠮᠵᠢ  ᠬᠦᠯᠢᠶᠡᠨ ᠠᠪᠴᠣ ᠭᠦᠢᠴᠡᠳᠬᠡᠨ᠎ᠡ᠃ ᠬᠦᠯᠢᠶᠡᠨ ᠠᠪᠴᠤ ᠭᠦᠢᠴᠡᠳᠬᠡᠬᠦ   ᠪᠠᠶᠢᠭᠤᠯᠤᠮᠵᠢ ᠨᠢ ᠲᠠᠭᠦᠨ ᠳᠤ ᠨᠢᠭᠡ ᠬᠤᠪᠢ ᠣᠶᠢᠷ᠎ᠡ ᠶᠢᠨ ᠬᠤᠭᠤᠴᠠᠭᠠᠨ ᠤ ᠲᠦᠪ ᠭᠡᠷᠡᠯ ᠵᠢᠷᠤᠭ ᠵᠢᠴᠢ ᠪᠦᠷᠢᠨ ᠭᠦᠢᠴᠡᠳ ᠲᠠᠭᠯᠠᠭᠰᠠᠨ ︽ᠳᠤᠮᠳᠠᠳᠤ ᠤᠯᠤᠰ ᠤᠨ ᠠᠷᠠᠳ ᠢᠷᠭᠡᠳ ᠤᠨ ᠬᠤᠪᠢ ᠶᠢᠨ ᠶᠠᠪᠤᠳᠠᠯ ᠢᠶᠠᠷ ᠭᠠᠳᠠᠭᠠᠳᠤ  ︵ᠬᠢᠯᠢ ︶ ᠳᠤ ᠭᠠᠷᠬᠤ ᠭᠤᠶᠤᠴᠢᠯᠠᠯ ᠤᠨ ᠬᠦᠰᠦᠨᠦᠭᠲᠦ︾᠂  ᠦᠪᠡᠷ ᠤᠨ ᠪᠡᠶ᠎ᠡ ᠶᠢᠨ ᠦᠨᠡᠮᠯᠡᠯ᠂ ᠦᠪᠡᠷ   ᠤᠨ  ᠬᠠᠷᠢᠶᠠᠯᠠᠭᠳᠠᠬᠤ ᠠᠵᠢᠯ ᠤᠨ ᠨᠢᠭᠡᠴᠡ ᠪᠤᠶᠤ ᠳᠡᠭᠡᠷ᠎ᠡ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ ᠨᠢ ᠠᠵᠢᠯᠲᠠᠨ ᠤ ᠶᠠᠪᠤᠳᠠᠯ ᠤᠨ ᠬᠠᠮᠢᠶᠠᠷᠤᠯᠳᠠ ᠶᠢᠨ ᠡᠷᠬᠡ ᠮᠡᠳᠡᠯ ᠤᠨ ᠶᠣᠰᠣᠭᠠᠷ ᠬᠢᠨᠠᠨ ᠵᠥᠪᠰᠢᠶᠡᠷᠡᠭᠡᠳ ᠤᠯᠭᠤᠭᠰᠠᠨ  ᠬᠢᠯᠢ ᠡᠴᠠ‌ᠭᠠᠷᠬᠤ ᠶᠢ ᠵᠦᠪᠰᠢᠶᠠᠷᠡᠭᠰᠡᠨ ᠭᠡᠷᠡᠴᠢ ᠶᠢ ᠲᠤᠰᠢᠶᠠᠯᠭᠠᠬᠤ ᠪᠠᠷ ᠱᠠᠭᠠᠷᠳᠠᠨ᠎ᠠ᠃                 ᠭᠦᠢᠴᠡᠳᠬᠡᠬᠦ ᠴᠤᠪᠤᠷᠠᠯ᠄                   ︵ᠨᠢᠭᠡ︶ ᠬᠦᠯᠢᠶᠡᠨ ᠠᠪᠴᠤ ᠭᠦᠢᠴᠡᠳᠬᠡᠬᠦ                   ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠣ ᠭᠠᠷᠬᠤ ᠬᠠᠮᠢᠶᠠᠷᠤᠯᠲᠠ ᠶᠢᠨ   ᠪᠠᠶᠢᠭᠤᠯᠤᠮᠵᠢ ᠨᠢ ᠡᠩ ᠤᠨ ᠫᠠᠰᠫᠣᠷᠲ ᠶᠢᠨ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ᠂  ᠲᠣᠬᠠᠢ ᠶᠢᠨ ᠬᠥᠮᠥᠨ ᠢ ᠯᠠᠪᠯᠠᠵᠤ ᠠᠰᠠᠭᠤᠬᠤ ᠬᠡᠷᠡᠭᠲᠡᠢ᠃ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ   ᠮᠥᠷᠲᠡᠭᠡᠨ ᠬᠠᠣᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠣᠯ᠂ ᠲᠣᠬᠠᠢ ᠶᠢᠨ ᠲᠠᠯᠠᠪᠤᠷ ᠳᠤᠨᠢ ᠬᠦᠯᠢᠶᠡᠨ ᠠᠪᠴᠤ ᠭᠦᠢᠴᠡᠳᠬᠡᠨ᠎ᠡ︔ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠣᠰᠤ ᠮᠥᠷᠲᠡᠭᠡᠨ ᠬᠠᠣᠯᠢ ᠪᠠᠷ   ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠣᠯ᠂  ᠭᠤᠶᠤᠴᠢᠯᠠᠭᠴᠢ ᠳᠤ ᠨᠥᠬᠦᠪᠦᠷᠢᠯᠡᠬᠦ ᠴᠢᠬᠤᠯᠠᠲᠠᠢ ᠪᠦᠬᠦ   ᠠᠭᠤᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃                   ︵ᠬᠤᠶᠠᠷ︶ ᠬᠢᠨᠠᠨ ᠵᠥᠪᠰᠢᠶᠡᠷᠡᠬᠦ                   ᠬᠢᠨᠠᠨ ᠵᠥᠪᠰᠢᠶᠡᠷᠡᠵᠦ ᠭᠠᠷ ᠤᠨ ᠦᠰᠦᠭ ᠵᠢᠷᠤᠵᠤ ᠣᠯᠭᠤᠬᠤ ᠪᠠᠶᠢᠭᠤᠯᠤᠮᠵᠢ ᠨᠢ ᠬᠦᠯᠢᠶᠡᠨ ᠠᠪᠤᠭᠰᠠᠨ  ᠪᠠᠶᠢᠭᠤᠯᠤᠮᠵᠢ ᠶᠢᠨ ᠮᠡᠳᠡᠭᠦᠯᠦᠨ ᠬᠦᠷᠭᠡᠭᠰᠡᠨ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠭᠠᠷ ᠤᠨ  ᠦᠰᠦᠭ ᠵᠢᠷᠤᠵᠤ ᠣᠯᠭᠤᠬᠤ ᠲᠣᠭᠲᠠᠭᠠᠯ ᠳᠤ ᠨᠡᠶᠢᠴᠡᠭᠰᠡᠨ ᠳᠤᠨᠢ ᠲᠣᠳᠣᠭᠠᠳᠤ ᠶᠢ ᠬᠠᠮᠠᠭᠠᠯᠠᠬᠤ ᠶᠠᠮᠤᠨ ᠤ  ᠬᠢᠯᠢ ᠪᠠᠷ ᠣᠷᠣᠵᠤ ᠭᠠᠷᠬᠤ ᠬᠠᠮᠢᠶᠠᠷᠣᠯᠲᠠ‌‍ᠶᠢᠨ ᠪᠠᠶᠢᠭᠤᠯᠤᠮᠵᠢ ᠶᠢᠨ ᠨᠡᠷ᠎ᠡ ᠪᠠᠷ ᠡᠩ ᠤᠨ ᠫᠠᠰᠫᠣᠷᠲ ᠳᠤ ᠭᠠᠷ ᠤᠨ ᠦᠰᠦᠭ ᠵᠢᠷᠤᠵᠤ ᠣᠯᠭᠤᠨ᠎ᠠ︔ ᠲᠣᠭᠲᠠᠭᠠᠯ ᠳᠤ ᠦᠯᠦ ᠨᠡᠶᠢᠴᠡᠬᠦ ᠳᠤᠨᠢ ᠣᠯᠭᠤᠬᠤ ᠦᠭᠡᠢ ᠪᠦᠭᠡᠳ ᠭᠤᠶᠤᠴᠢᠯᠠᠭᠴᠢ ᠳᠤ ᠪᠢᠴᠢᠭ ᠢᠶᠠᠷ ᠰᠢᠯᠲᠠᠭᠠᠨ ᠢ ᠨᠢ ᠲᠣᠲᠤᠷᠬᠠᠶᠢᠯᠠᠬᠤ ᠶᠢᠨ ᠬᠠᠮᠲᠤ ᠬᠠᠣᠯᠢ ᠶᠣᠰᠣᠭᠠᠷ ᠵᠠᠰᠠᠭ  ᠵᠠᠬᠢᠷᠭᠠᠨ ᠤ ᠳᠠᠬᠢᠨ ᠬᠢᠨᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠡᠷᠬᠡ ᠲᠠᠢ ᠪᠠᠶᠢᠬᠤ ᠶᠢ ᠮᠡᠳᠡᠭᠳᠡᠨ᠎ᠡ᠃             ︵ᠭᠤᠷᠪᠠ︶ ᠦᠨᠡᠮᠯᠡᠯ ᠬᠢᠬᠦ                   ᠦᠨᠡᠮᠯᠡᠯ ᠬᠢᠬᠦ ᠪᠠᠶᠢᠭᠤᠯᠤᠮᠵᠢ ᠨᠢ ᠲᠤᠰ ᠮᠤᠵᠢ ᠶᠢᠨ ᠱᠠᠲᠤᠨ ᠤ ᠲᠤᠳᠤᠭᠠᠳᠤ ᠶᠢ ᠬᠠᠮᠠᠭᠠᠯᠠᠬᠤ   ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠭᠲᠠᠭᠠᠭᠰᠠᠨ ᠴᠠᠭ ᠤᠨ  ᠬᠢᠵᠠᠭᠠᠷ ᠤᠨ ᠲᠤᠳᠤᠷ᠎ᠠ ᠦᠨᠡᠮᠯᠡᠯ ᠬᠢᠬᠦ ᠠᠵᠢᠯ ᠢ ᠪᠡᠶᠡᠯᠡᠬᠦᠯᠦᠨ᠎ᠡ᠃                   ︵ᠳᠥᠷᠪᠡ︶  ᠦᠨᠡᠮᠯᠡᠯ ᠠᠪᠬᠤ                   ᠭᠤᠶᠤᠴᠢᠯᠠᠭᠴᠢ ᠪᠡᠶ᠎ᠡ ᠪᠠᠷ ᠢᠶᠠᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠠᠭ᠎ᠠ  ᠮᠦᠴᠢᠷ ᠤᠨ  ᠮᠡᠳᠡᠭᠳᠡᠭᠰᠡᠨ ᠦᠨᠡᠮᠯᠡᠯ ᠠᠪᠬᠤ ᠴᠠᠭ ᠬᠤᠭᠤᠴᠠᠭ᠎ᠠ ᠶᠣᠰᠣᠭᠠᠷ ᠦᠨᠡᠮᠯᠡᠯ ᠢᠶᠠᠨ ᠠᠪᠤᠨ᠎ᠠ᠃  ᠦᠨᠡᠮᠯᠡᠯ ᠢᠶᠠᠨ  ᠠᠪᠤᠭᠰᠠᠨ ᠤ ᠳᠠᠷᠠᠭ᠎ᠠ᠂ ᠦᠨᠡᠮᠯᠡᠯ ᠤᠨ ᠠᠭᠤᠯᠭ᠎ᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠠᠯᠳᠠᠭ᠎ᠠ  ᠪᠤᠷᠤᠭᠤ  ᠪᠠᠶᠢᠪᠠᠯ᠂ ᠴᠠᠭ ᠲᠣᠬᠠᠢ ᠳᠤᠨᠢ ᠵᠠᠯᠠᠷᠠᠭᠤᠯᠤᠨ᠎ᠠ᠃                 ᠭᠦᠢᠴᠡᠳᠬᠡᠬᠦ ᠴᠠᠭ ᠤᠨ ᠬᠢᠵᠠᠭᠠᠷ᠄                 ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠦᠭᠡᠳ ᠬᠠᠤᠯᠢ ᠪᠠᠷ ᠲᠣᠭᠲᠠᠭᠠᠭᠰᠠᠨ ᠬᠡᠯᠪᠡᠷᠢ ᠳᠤ  ᠨᠡᠶᠢᠴᠡᠭᠰᠡᠨ ᠳᠤᠨᠢ᠂ ᠲᠣᠳᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ  ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠬᠠᠢ ᠶᠢᠨ ᠲᠠᠯᠠᠪᠤᠷ ᠲᠤ ᠬᠦᠯᠢᠶᠡᠨ ᠠᠪᠬᠤ ᠶᠢᠨ ᠬᠠᠮᠲᠤ ᠭᠤᠶᠤᠴᠢᠯᠠᠯ ᠤᠨ  ᠮᠠᠲ᠋ᠧᠷᠢᠶᠠᠯ ᠢ ᠣᠯᠵᠤ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠣᠨ ᠡᠳᠦᠷ ᠤᠨ ᠲᠤᠳᠤᠷ᠎ᠠ ᠭᠠᠷ ᠤᠨ ᠦᠰᠦᠭ  ᠵᠢᠷᠤᠵᠤ ᠣᠯᠭᠤᠨ᠎ᠠ᠃ ᠪᠣᠶᠢᠳᠠ ᠪᠦᠭᠯᠡᠭᠦᠤ ᠭᠠᠵᠠᠷ ᠤᠷᠤᠨ ᠪ᠊ ᠪᠣᠶᠣ ᠵᠠᠮ ᠨᠡᠪᠳᠡᠷᠡᠯᠭᠡ ᠲᠦᠬᠦᠮ ᠦᠬᠡᠢ ᠭᠠᠵᠠᠷ  ᠤᠷᠤᠨ ᠡᠰᠡᠭᠦᠯ᠎ᠡ ᠶᠠᠮᠠᠷ ᠨᠢᠭᠡᠨ ᠣᠨᠴᠤᠭᠤᠢ ᠪᠠᠶᠢᠳᠠᠯ ᠠᠴᠠ ᠪᠣᠯᠵᠤ᠂ ᠲᠣᠭᠲᠠᠭᠰᠠᠨ ᠬᠤᠭᠤᠴᠠᠭᠠᠨ ᠳᠤᠳᠤᠷ᠎ᠠ  ᠡᠩ ᠤᠨ ᠫᠠᠰᠫᠣᠷᠲ ᠲᠤ ᠭᠠᠷ ᠤᠨ ᠦᠰᠦᠭ ᠵᠢᠷᠤᠵᠤ ᠣᠯᠭᠤᠵᠤ ᠳᠡᠶᠢᠯᠬᠦ ᠦᠭᠡᠢ ᠪᠣᠯ᠂ ᠮᠤᠵᠢ ᠶᠢᠨ ᠱᠠᠲᠤᠨ ᠤ  ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ  ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂  ᠭᠠᠷ ᠤᠨ ᠦᠰᠦᠭ ᠵᠢᠷᠤᠵᠤ ᠣᠯᠭᠤᠬᠤ ᠴᠠᠭ ᠬᠤᠭᠤᠴᠠᠭ᠎ᠠ ᠶᠢ ᠭᠤᠴᠢᠨ ᠡᠳᠦᠷ ᠪᠣᠯᠭᠠᠨ ᠤᠷᠲᠤᠳᠬᠠᠵᠤ ᠪᠣᠯᠣᠨ᠎ᠠ᠃         ᠭᠦᠢᠴᠡᠳᠬᠡᠬᠦ ᠰᠦᠢᠳᠬᠡᠯ:                 ︵ ᠨᠢᠭᠡ︶ ᠰᠦᠢᠳᠬᠡᠯ ᠬᠤᠷᠢᠶᠠᠬᠤ ᠪᠠᠷᠢᠮᠵᠢᠶ᠎ᠠ᠄ 200 ᠲᠥᠬᠦᠷᠢᠭ / ᠦᠨᠡᠮᠯᠡᠯ ᠪᠦᠷᠢ︔                 ︵ᠬᠤᠶᠠᠷ︶ ᠰᠦᠢᠳᠬᠡᠯ ᠬᠤᠷᠢᠶᠠᠬᠤ ᠦᠨᠳᠦᠰᠦᠯᠡᠯ᠄  ᠲᠥᠯᠥᠪᠯᠡᠭᠡ ᠦᠨ᠎ᠡ ᠬᠠᠩᠰᠢ ︵2000  ︶  293 ᠳ᠋ᠤᠭᠠᠷ ᠲᠣᠭᠠᠲᠤ᠂ ︽ᠰᠢᠨ᠎ᠡ ᠬᠡᠪ ᠤᠨ ᠬᠤᠪᠢ ᠶᠢᠨ ᠶᠠᠪᠤᠳᠠᠯ ᠤᠨ ᠫᠠᠰᠫᠣᠷᠲ ᠤᠨ ᠰᠦᠢᠳᠬᠡᠯ  ᠬᠤᠷᠢᠶᠠᠬᠤ  ᠪᠠᠷᠢᠮᠵᠢᠶ᠎ᠠ ᠶᠢ ᠲᠤᠬᠢᠷᠠᠭᠤᠯᠬᠤ ᠲᠤᠬᠠᠢ ᠤᠯᠤᠰ ᠤᠨ ᠲᠥᠯᠥᠪᠯᠡᠭᠡᠨ ᠤ ᠵᠥᠪᠯᠡᠯ᠂ ᠡᠳ᠋ ᠤᠨ ᠵᠠᠰᠠᠭ ᠤᠨ  ᠶᠠᠮᠤᠨ ᠤ  ᠮᠡᠳᠡᠭᠳᠡᠯ︾                  ᠰᠠᠨᠠᠭᠤᠯᠤᠮᠵᠢ᠄                   ︵ᠨᠢᠭᠡ︶ ᠠᠯᠪᠠᠨ ᠬᠠᠭᠠᠵᠦ ᠪᠠᠶᠢᠭ᠎ᠠ ᠴᠡᠷᠢᠭ ᠤᠨ ᠡᠩ ᠤᠨ ᠫᠠᠰᠫᠣᠷᠲ ᠭᠤᠶᠤᠴᠢᠯᠠᠬᠤ ᠭᠠᠷᠳᠠᠮ᠃   ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠮᠡᠳᠡᠭᠦᠯᠦᠨ ᠵᠦᠪᠰᠢᠶᠡᠷᠡᠭᠦᠯᠬᠦ ᠭᠠᠷᠳᠠᠮ ᠢ ᠭᠦᠢᠴᠡᠳᠬᠡᠭᠰᠡᠨ ᠤ   ᠳᠠᠷᠠᠭ᠎ᠠ᠂ ᠲᠤᠰ ᠬᠥᠮᠥᠨ ᠨᠢ ᠬᠠᠷᠢᠶ᠎ᠠ  ᠴᠡᠷᠢᠭ ᠠᠩᠭᠢ ᠶᠢᠨ ᠰᠠᠭᠤᠭ᠎ᠠ ᠭᠠᠵᠠᠷ ᠤᠨ ᠰᠢᠶᠠᠨ ᠤ ᠱᠠᠲᠤᠨ ᠠᠴᠠ   ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠲᠤᠭᠠᠳᠤ ᠶᠢ ᠬᠠᠮᠠᠭᠠᠯᠠᠬᠤ   ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ  ᠭᠤᠶᠤᠴᠢᠯᠠᠨ᠎ᠠ᠃                   ︵ᠬᠤᠶᠠᠷ︶ ᠠᠷᠠᠳ ᠢᠷᠭᠡᠳ ᠡᠩ ᠤᠨ ᠫᠠᠰᠫᠣᠷᠲ ᠢᠶᠠᠨ ᠠᠪᠤᠭᠰᠠᠨ ᠤ ᠳᠠᠷᠠᠭ᠎ᠠ᠂ ᠦᠨᠡᠮᠯᠡᠯ  ᠠᠪᠤᠭᠴᠢ   ᠶᠢᠨ ᠨᠡᠷ᠎ᠡ ᠪᠠᠨ ᠪᠢᠴᠢᠬᠦ ᠬᠦᠰᠤᠨᠦᠭ ᠲᠤ ᠦᠪᠡᠷ ᠤᠨ ᠣᠪᠣᠭ ᠨᠡᠷ᠎ᠡ ᠪᠠᠨ ᠪᠢᠴᠢᠨ᠎ᠡ᠃                 ︵ᠭᠤᠷᠪᠠ︶ ᠳᠤᠮᠳᠠᠳᠤ ᠤᠯᠤᠰ ᠤᠨ ᠠᠷᠠᠳ ᠢᠷᠭᠡᠳ ᠭᠠᠳᠠᠭᠠᠳᠤ ᠳᠤ ᠫᠠᠰᠫᠣᠷᠲ᠂ ᠦᠨᠡᠮᠯᠡᠯ   ᠭᠤᠶᠤᠴᠢᠯᠠᠪᠠᠯ᠂ ᠳᠤᠮᠳᠠᠳᠤ ᠤᠯᠤᠰ ᠤᠨ ᠭᠠᠳᠠᠭᠠᠳᠤ ᠳᠤ ᠰᠠᠭᠤᠭ᠎ᠠ ᠭᠠᠳᠠᠭᠠᠳᠤ ᠬᠠᠷᠢᠯᠴᠠᠭᠠᠨ ᠤ ᠲᠥᠯᠥᠭᠡᠯᠡᠭᠴᠢ   ᠪᠠᠶᠢᠭᠤᠯᠭ᠎ᠠ᠂ ᠺᠤᠨᠰᠦ᠋ᠯ ᠤᠨ ᠪᠠᠶᠢᠭᠤᠯᠭ᠎ᠠ ᠪᠤᠶᠤ ᠭᠠᠳᠠᠭᠠᠳᠤ ᠶᠠᠪᠤᠳᠠᠯ ᠤᠨ ᠶᠠᠮᠤᠨ ᠠᠴᠠ ᠡᠷᠬᠡ ᠣᠯᠭᠤᠭᠰᠠᠨ   ᠪᠤᠰᠤᠳ ᠭᠠᠳᠠᠭᠠᠳᠤ ᠳᠤ ᠰᠠᠭᠤᠭ᠎ᠠ ᠪᠠᠶᠢᠭᠤᠯᠭ᠎ᠠ ᠤᠯᠭᠤᠨ᠎ᠠ᠃                   ︵ᠳᠥᠷᠪᠡ︶ ᠫᠠᠰᠫᠣᠷᠲ ᠤᠨ ᠬᠥᠴᠦᠨ ᠪᠦᠬᠦᠢ ᠬᠤᠭᠤᠴᠠᠭ᠎ᠠ ᠨᠢ 5 ᠵᠢᠯ ᠤᠨ ᠬᠥᠴᠦᠨ ᠲᠠᠢ  ᠪᠠ 10  ᠵᠢᠯ ᠤᠨ ᠬᠦᠴᠦᠨ ᠲᠠᠢ ᠭᠡᠵᠦ ᠬᠤᠶᠠᠷ ᠵᠦᠢᠯ ᠪᠤᠢ᠃ ᠡᠨᠡ ᠨᠢ ᠡᠩ ᠤᠨ ᠫᠠᠰᠫᠣᠷᠲ ᠠᠪᠤᠭᠴᠢ ᠶᠢᠨ ᠠᠳᠠᠯᠢ  ᠪᠤᠰᠤ ᠶᠢᠨ ᠨᠠᠰᠤ ᠵᠢᠯ ᠳᠤ ᠴᠢᠭᠯᠡᠭᠦᠯᠦᠨ᠂ ᠠᠳᠠᠯᠢ ᠪᠤᠰᠤ ᠶᠢᠨ ᠬᠦᠴᠦᠨ ᠪᠦᠬᠦᠢ ᠬᠤᠭᠤᠴᠠᠭ᠎ᠠ ᠶᠢ ᠲᠣᠭᠲᠠᠭᠠᠵᠠᠢ᠃  ᠡᠭᠦᠨ ᠳᠤ᠂ ᠪᠦᠬᠦᠯᠢ 16 ᠨᠠᠰᠤ ᠬᠦᠷᠦᠭᠡᠳᠦᠢ ᠬᠥᠮᠥᠰ ᠤᠨ ᠭᠤᠶᠤᠴᠢᠯᠠᠨ ᠠᠪᠬᠤ ᠡᠩ ᠤᠨ ᠫᠠᠰᠫᠣᠷᠲ ᠤᠨ  ᠬᠦᠴᠦᠨ ᠪᠦᠬᠦᠢ ᠬᠤᠭᠤᠴᠠᠭ᠎ᠠ ᠨᠢ 5  ᠵᠢᠯ᠂ ᠪᠦᠬᠦᠯᠢ 16 ᠨᠠᠰᠤ ᠠᠴᠠ ᠳᠡᠭᠡᠭᠰᠢᠬᠢ ᠪᠣᠯ 10 ᠵᠢᠯ ᠪᠠᠶᠢᠵᠦ᠂  ᠫᠠᠰᠫᠣᠷᠲ ᠤᠨ ᠬᠤᠭᠤᠴᠠᠭ᠎ᠠ ᠶᠢ ᠤᠷᠲᠤᠳᠬᠠᠬᠤ ᠲᠣᠭᠲᠠᠭᠠᠯ ᠢ ᠬᠠᠮᠲᠤ ᠳᠤᠨᠢ ᠬᠦᠴᠦᠨ ᠦᠭᠡᠢ ᠪᠣᠯᠭᠠᠪᠠ᠃           ︵ᠲᠠᠪᠤ︶  ᠭᠤᠶᠤᠴᠢᠯᠠᠭᠴᠢ ᠶᠢᠨ ᠠᠪᠴᠤ ᠪᠠᠶᠢᠭ᠎ᠠ ᠡᠩ ᠤᠨ ᠫᠠᠰᠫᠣᠷᠲ ᠨᠢ ᠬᠦᠴᠦᠨ ᠦᠭᠡᠢ  ᠪᠣᠯᠵᠤ᠂  ᠰᠢᠨ᠎ᠡ ᠪᠠᠷ ᠡᠩ ᠤᠨ ᠫᠠᠰᠫᠣᠷᠲ ᠭᠤᠶᠤᠴᠢᠯᠠᠪᠠᠯ᠂ ᠲᠡᠭᠦᠨ ᠳᠤ ᠤᠤᠯ ᠳᠠᠭᠠᠨ ᠫᠠᠰᠫᠣᠷᠲ ᠠᠪᠴᠤ  ᠪᠠᠶᠢᠭᠰᠠᠨ ᠢᠶᠠᠷ  ᠲᠤᠲᠤᠷᠬᠠᠶᠢᠯᠠᠯᠲᠠ ᠨᠡᠮᠡᠨ ᠤᠯᠭᠤᠵᠦ ᠦᠭᠬᠦᠨ᠎ᠡ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号