ᠮᠠᠨ ᠤ ᠬᠤᠰᠢᠭᠤ ᠦᠵᠡᠯ ᠰᠠᠨᠠᠭ᠎ᠠ ᠰᠣᠶᠣᠯ ᠢ ᠣᠬᠠᠭᠤᠯᠬᠤ ᠰᠢᠰᠲ᠋ᠧᠮ ᠢ ᠲᠣᠭᠤᠷᠢᠨ ᠪᠠᠶᠢᠴᠠᠭᠠᠵᠣ ᠴᠡᠭᠴᠡᠯᠡᠨ ᠦᠭᠡᠷᠡᠴᠢᠯᠡᠬᠦ ᠶᠢ ᠲᠦᠯᠬᠢᠨ ᠠᠬᠢᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2017/10/26
    9 ᠰᠠᠷ᠎ᠠ ᠶᠢᠨ 15 ᠤ ᠡᠳᠦᠷ᠂ ᠮᠠᠨ ᠤ ᠬᠤᠰᠢᠭᠤ ᠦᠵᠡᠯ ᠰᠠᠨᠠᠭ᠎ᠠ ᠰᠣᠶᠣᠯ ᠢ ᠣᠬᠠᠭᠤᠯᠬᠤ ᠰᠢᠰᠲ᠋ᠧᠮ ᠢ ᠲᠣᠭᠤᠷᠢᠨ ᠪᠠᠶᠢᠴᠠᠭᠠᠵᠣ ᠴᠡᠭᠴᠡᠯᠡᠨ ᠦᠭᠡᠷᠡᠴᠢᠯᠡᠬᠦ ᠶᠢ ᠲᠦᠯᠬᠢᠨ ᠠᠬᠢᠭᠤᠯᠬᠤ ᠬᠤᠷᠠᠯ ᠬᠤᠷᠠᠯᠳᠣᠭᠤᠯᠵᠣ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠣᠬᠠᠭᠤᠯᠬᠤ ᠬᠡᠯᠳᠡᠰ ᠤᠨ ᠳᠠᠷᠤᠭ᠎ᠠ ᠰᠣᠶᠣᠯ ᠬᠤᠷᠠᠯ ᠳᠤ ᠣᠷᠣᠯᠴᠠᠪᠠ᠃     ᠬᠤᠷᠠᠯ ᠳᠤ ︽ ᠳᠣᠮᠳᠠᠳᠣ ᠣᠯᠣᠰ ᠤᠨ ᠡᠪ ᠬᠠᠮᠳᠣ ᠨᠠᠮ ᠤᠨ ᠡᠸ᠋ᠨᠩᠬᠢ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠨᠠᠷᠢᠨ ᠳᠠᠩᠰᠠ ᠶᠢᠨ ᠬᠠᠮᠢᠶᠠᠷᠣᠯᠲᠠ ᠶᠢ ᠴᠢᠩᠭᠠᠳᠬᠠᠬᠤ ᠲᠣᠬᠠᠢ ᠮᠡᠳᠡᠭᠳᠡᠯ︾᠂ ︽ ᠬᠦᠯᠦᠨ ᠪᠣᠶᠢᠷ ᠬᠤᠲᠠ ᠶᠢᠨ ᠨᠡᠶᠢᠭᠡᠮ ᠤᠨ ᠣᠬᠠᠭᠤᠯᠭ᠎ᠠ ᠶᠢᠨ ᠭᠤᠣᠯ ᠠᠴᠢᠶᠠᠯᠠᠪᠣᠷᠢ ᠶᠢᠨ ᠦᠵᠡᠯ ᠣᠬᠠᠮᠰᠠᠷ ᠤᠨ ᠬᠡᠯᠪᠡᠷᠢ ᠶᠢᠨ ᠬᠠᠮᠢᠶᠠᠷᠣᠯᠲᠠ ᠶᠢᠨ ᠠᠷᠭ᠎ᠠ ︵ ᠲᠣᠷᠰᠢᠨ ᠬᠡᠷᠡᠭᠵᠢᠬᠦᠯᠬᠦ︶ ᠶᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾᠂ ︽ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠣᠭᠠᠷ ᠲᠣᠭᠤᠷᠢᠨ ᠪᠠᠶᠢᠴᠠᠭᠠᠬᠤ ᠳᠣᠭᠤᠶᠢᠯᠠᠩ ᠤᠨ ᠬᠦᠯᠦᠨ ᠪᠣᠶᠢᠷ ᠬᠤᠲᠠ ᠶᠢᠨ ᠨᠠᠮ ᠤᠨ ᠬᠤᠷᠢᠶ᠎ᠠ ᠶᠢᠨ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠢ ᠲᠣᠭᠤᠷᠢᠨ ᠪᠠᠶᠢᠴᠠᠭᠠᠭᠠᠳ ᠬᠠᠷᠢᠭᠤ ᠲᠣᠰᠬᠠᠬᠰᠠᠨ ᠰᠠᠨᠠᠯ︾ ᠵᠢᠴᠢ ︽ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠢ ᠲᠦᠪᠯᠡᠷᠡᠭᠦᠯᠦᠨ ᠦᠷᠨᠢᠬᠦᠯᠬᠦ ᠬᠠᠷᠢᠭᠤᠴᠠᠯᠭ᠎ᠠ ᠶᠢ ᠪᠣᠳᠠᠳᠠᠢ ᠳᠤ ᠨᠠᠶᠢᠳᠠᠪᠣᠷᠢᠵᠢᠭᠤᠯᠣᠭᠰᠠᠨ ᠦᠭᠡᠢ ᠠᠰᠠᠭᠤᠳᠠᠯ ᠢ ᠲᠣᠰᠬᠠᠢ ᠵᠦᠢᠯ ᠢᠶᠠᠷ ᠴᠡᠭᠴᠡᠯᠡᠨ ᠵᠠᠰᠠᠬᠤ ᠲᠣᠬᠠᠢ ᠲᠦᠰᠦᠯ︾ ᠢ ᠣᠩᠰᠢᠨ ᠨᠠᠶᠢᠳᠡᠯᠡᠪᠡ᠃     ᠰᠣᠶᠣᠯ ᠱᠠᠭᠠᠷᠳᠠᠭᠰᠠᠨ ᠨᠢ᠂ ᠲᠠᠨᠢᠯᠳᠠ ᠪᠠᠨ ᠳᠡᠭᠡᠭᠰᠢᠯᠡᠬᠦᠯᠵᠦ ᠴᠡᠭᠴᠡᠯᠡᠨ ᠦᠭᠡᠷᠡᠴᠢᠯᠡᠬᠦ ᠶᠢ ᠠᠳᠬᠤᠵᠣ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠣ ᠴᠡᠭᠴᠡᠯᠡᠨ ᠦᠭᠡᠷᠡᠴᠢᠯᠡᠬᠦ ᠶᠢ ᠠᠳᠬᠤᠬᠤ ᠬᠡᠷᠡᠭᠲᠡᠢ᠂ ᠣᠳᠣᠷᠢᠳᠣᠯᠭ᠎ᠠ ᠠᠴᠠ ᠲᠦᠷᠦᠭᠦᠯᠡᠨ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠵᠣ᠂ ᠲᠦᠷᠦᠯ ᠬᠤᠪᠢᠶᠠᠨ ᠠᠩᠬᠢᠯᠠᠵᠣ ᠡᠬᠡ ᠳᠠᠩᠰᠠ ᠪᠠᠶᠢᠭᠤᠯᠵᠣ᠂ ᠬᠦᠳᠡᠯᠦᠩᠭᠦᠢ ᠬᠠᠮᠢᠶᠠᠷᠣᠯᠲᠠ ᠬᠢᠵᠦ᠂ ᠡᠯᠭᠦᠭᠡ ᠳᠠᠩᠰᠠ ᠶᠢᠨ ᠳ᠋ᠣᠭᠠᠷ ᠢ ᠬᠠᠰᠣᠵᠣ᠂ ᠴᠠᠭ ᠤᠨ ᠬᠢᠵᠠᠭᠠᠷ ᠢ ᠲᠣᠳᠣᠷᠬᠠᠶᠢᠯᠠᠵᠣ ᠡᠭᠦᠷᠭᠡ ᠪᠠᠨ ᠪᠡᠶᠡᠯᠡᠬᠦᠯᠬᠦ ᠬᠡᠷᠡᠭᠲᠡᠢ︔ ᠣᠷᠳᠣ ᠬᠤᠭᠤᠴᠠᠭ᠎ᠠ ᠪᠠᠷ ᠪᠦᠲᠦᠮᠵᠢᠲᠡᠢ ᠴᠡᠭᠴᠡᠯᠡᠨ ᠦᠭᠡᠷᠡᠴᠢᠯᠡᠬᠦ ᠳᠤ ᠰᠠᠭᠤᠷᠢᠯᠠᠨ᠂ ᠨᠢᠭᠡ ᠠᠴᠠ ᠵᠣᠶᠢᠴᠢᠯᠠᠵᠣ ᠨᠦᠬᠦᠭᠡ ᠶᠢ ᠮᠡᠳᠡᠬᠦ ᠶᠢ ᠪᠠᠷᠢᠮᠳᠠᠯᠠᠨ᠂ ᠦᠩᠭᠡ ᠦᠨᠳᠦᠰᠦ ᠶᠢ ᠵᠡᠷᠭᠡᠪᠡᠷ ᠵᠠᠰᠠᠵᠣ᠂ ᠳᠦᠷᠢᠮ ᠲᠣᠭᠲᠠᠭᠠᠯ ᠲᠣᠭᠲᠠᠭᠠᠵᠣ᠂ ᠴᠡᠭᠴᠡᠯᠡᠨ ᠦᠭᠡᠷᠡᠴᠢᠯᠡᠬᠦ ᠠᠵᠢᠯ  ᠤᠨ ᠣᠷᠳᠣ ᠬᠤᠭᠤᠴᠠᠭ᠎ᠠ ᠪᠠᠷ ᠬᠦᠴᠦᠨ ᠲᠠᠢ ᠪᠠᠶᠢᠬᠤ ᠶᠢ ᠯᠠᠪᠲᠠᠢ ᠪᠠᠲᠣᠯᠠᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号