ᠬᠦᠯᠦᠨ ᠨᠠᠭᠤᠷ ᠳᠤᠨᠤᠷᠠᠨ ᠮᠡᠯᠮᠡᠯᠵᠡᠨ᠎ᠠ
ᠨᠡᠶᠢᠲᠡᠯᠡᠭᠰᠡᠨ ᠴᠠᠭ᠄
2017/10/26
                ᠵᠣᠬᠢᠶᠠᠭᠴᠢ᠄  ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠠ ᠶᠢᠨ                                                      ᠬᠤᠯᠪᠤᠭ᠎ᠠ ᠶᠢᠨ ᠰᠤᠷᠪᠤᠯᠵᠢᠯᠠᠬᠴᠢ ᠪᠤᠷᠮ᠎ᠠ                         ᠴᠠᠭ᠄ 2017 ᠤᠨ ᠤ 6 ᠰᠠᠷ᠎ᠠ ᠶᠢᠨ 1 ᠤ ᠡᠲᠦᠷ                                       ᠭᠠᠵᠠᠷ᠄ ᠬᠦᠯᠦᠨ ᠪᠤᠶᠢᠷ ᠬᠤᠲᠠ                                       ᠬᠡᠯᠪᠡᠷᠢ᠄ ᠤᠲᠠᠰᠦᠲᠦ ᠰᠤᠷᠪᠤᠯᠵᠢᠯᠠᠭ᠎ᠠ                                       ᠲᠦᠷᠦᠯ ᠵᠦᠢᠯ᠄ ᠬᠦᠯᠦᠨ ᠨᠠᠭᠤᠷ ᠤᠨ ᠠᠮᠢ ᠠᠬᠤᠢ ᠶᠢ ᠶᠡᠷᠦᠩᠭᠡᠶᠢᠯᠡᠨ                                                          ᠵᠠᠰᠠᠬᠰᠡᠨ ᠲᠦᠷᠦᠯ ᠵᠦᠢᠯ                                       ᠬᠦᠮᠦᠨ᠄ ᠬᠦᠯᠦᠨ ᠨᠠᠭᠤᠷ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠲᠤᠪᠴᠢᠶᠠᠨ ᠤ ᠲᠡᠳ᠋ ᠲᠠᠷᠤᠭ᠎ᠠ ᠯᠢᠦ ᠰᠦᠩ ᠲᠤᠤ ᠂ ᠰᠢᠨ᠎ᠡ                         ᠪᠠᠷᠭᠤ ᠪᠠᠷᠠᠭᠤᠨ ᠬᠤᠰᠢᠭᠤᠨ ᠤ  ᠠᠯᠳ᠋ᠬᠠᠮᠡᠭᠡᠯ ᠪᠠᠯᠭᠠᠰᠦ ᠶᠢᠨ ᠪᠠᠶᠠᠨ ᠲᠤᠭᠤᠷᠢᠮ ᠭᠠᠴᠠᠭᠠᠨ ᠤ ᠮᠠᠯᠴᠢᠨ ᠰᠤᠶᠤᠯᠲᠦ                         — ᠬᠦᠯᠦᠨ ᠨᠠᠭᠤᠷ 2044 ᠲᠡᠭᠰᠢ ᠲᠦᠷᠪᠡᠯᠵᠢᠨ ᠺᠢᠯᠤᠮᠧᠳ᠋ᠷ ᠪᠤᠯᠵᠦ ᠲᠡᠯᠡᠷᠡᠨ᠂ ᠤᠢᠢᠷ᠎ᠠ ᠶᠢᠨ  17  ᠵᠢᠯ ᠳᠠᠬᠢ ᠬᠠᠮᠤᠭ ᠤᠨ ᠰᠠᠶᠢᠨ ᠪᠠᠶᠢᠳᠠᠯ ᠢᠯᠡᠷᠡᠪᠡ᠃                       — ᠠᠮᠢ ᠠᠬᠤᠢ ᠶᠢᠨ ᠵᠠᠰᠠᠯᠲᠠ ᠪᠦᠲᠦᠮᠵᠢᠳᠡᠢ ᠪᠤᠯᠵᠦ᠂ ᠬᠦᠯᠦᠨ ᠨᠠᠭᠤᠷ ᠤᠨ ᠲᠠᠯᠠᠪᠠᠢ ᠦᠷᠭᠡᠳᠪᠡ᠃             — ᠬᠦᠯᠦᠨ ᠨᠠᠭᠤᠷ ᠲᠤ ᠪᠠᠭᠤᠭᠰᠠᠨ ᠨᠡᠬᠦᠳᠡᠯ ᠤᠨ ᠰᠢᠪᠠᠭᠤᠳ ᠪᠦᠭᠦ ᠤᠯᠤᠰ ᠤᠨ ᠨᠡᠬᠦᠳᠡᠯ  ᠰᠢᠪᠠᠭᠤᠨ ᠤ 1/5 ᠶᠢ ᠡᠵᠡᠯᠡᠭᠦ ᠪᠤᠯᠪᠡ᠃                             ᠬᠦᠯᠤᠨ ᠨᠠᠭᠤᠷ ᠤᠨ ᠠᠮᠢ ᠠᠬᠤᠢ ᠰᠡᠷᠭᠦᠨ ᠰᠠᠶᠢᠵᠢᠷᠠᠬᠰᠡᠨ ᠲᠤᠬᠠᠢ ᠤᠯᠡᠨ ᠮᠡᠳᠡᠭᠡ ᠨᠦᠭᠦᠳ ᠤᠷᠤᠨ ᠤ  ᠲᠤᠲᠤᠨ᠎ᠠ ᠭᠠᠲᠠᠨᠠᠬᠢ ᠵᠠᠭᠤᠴᠢᠯᠠᠭᠤᠷ ᠤᠳ ᠢᠶᠠᠷ ᠰᠠᠴᠤᠬᠲᠠᠵᠦ᠂ ᠬᠦᠯᠦᠨ ᠨᠠᠭᠤᠷ ᠤᠨ ᠠᠮᠢ ᠠᠬᠤᠢ ᠶᠢᠨ  ᠬᠠᠮᠠᠭᠠᠯᠠᠯᠳᠠ ᠪᠦᠲᠦᠭᠡᠨ ᠪᠠᠶᠢᠭᠤᠯᠤᠯᠲᠠ ᠵᠢᠴᠢ ᠶᠡᠷᠦᠩᠭᠡᠶᠢᠯᠡᠨ ᠵᠠᠰᠠᠭᠰᠡᠨ ᠠᠮᠵᠢᠯᠲᠠ ᠪᠦᠲᠦᠮᠵᠢ ᠶᠢ ᠨᠡᠶᠢᠭᠡᠮ  ᠨᠡᠶᠢᠳᠡ ᠳᠤ ᠨᠡᠶᠢᠳᠡᠯᠡᠭᠰᠡᠬᠡᠷ᠃                       ᠠᠷᠯᠠᠨ ᠲᠤᠯᠬᠢᠶᠠᠯᠠᠬᠰᠠᠨ ᠬᠦᠯᠦᠨ ᠨᠠᠭᠤᠷ 7680 ᠲᠡᠭᠰᠢ ᠲᠦᠷᠪᠡᠯᠵᠢᠨ ᠺᠢᠯᠤᠮᠧᠲᠷ‌‍ᠤᠨ ᠨᠤᠭᠤ ᠭᠠᠵᠠᠷ ᠢ  ᠪᠤᠢ ᠪᠤᠯᠭᠠᠵᠠᠢ᠃ ᠡᠨᠡ ᠵᠢᠯ ᠤᠨ 5 ᠰᠠᠷ᠎ᠠ ᠶᠢᠨ ᠡᠬᠢᠨ ᠳᠤ ᠰᠦᠷᠦᠭ ᠰᠦᠷᠦᠭ ᠬᠤᠨ ᠭᠠᠯᠠᠭᠤ᠂ ᠪᠤᠷᠤ ᠭᠠᠯᠠᠭᠤ᠂ ᠨᠤᠭᠤᠰᠤ᠂ ᠴᠠᠭᠠᠨ ᠲᠡᠭᠡᠯᠡᠢ ᠬᠦᠯᠦᠨ ᠨᠠᠭᠤᠷ ᠤᠨ ᠬᠦᠪᠡᠭᠡᠨ ᠳᠤ ᠢᠳᠡᠰᠢ ᠡᠷᠢᠵᠦ᠂ ᠬᠦᠯᠦᠨ ᠨᠠᠭᠤᠷ ᠤᠨ ᠨᠤᠭᠤ ᠭᠠᠵᠠᠷ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠠᠢ᠃ ᠤᠰᠤᠨ ᠤ ᠲᠠᠯᠠᠪᠠᠢ ᠶᠢᠨ ᠦᠷᠭᠡᠲᠦᠯ ᠪᠠ ᠠᠮᠢ ᠠᠬᠤᠢ ᠶᠢᠨ ᠰᠠᠶᠢᠵᠢᠷᠠᠯ ᠠᠴᠠ ᠪᠤᠯᠵᠦ᠂ ᠬᠦᠯᠦᠨ ᠨᠠᠭᠤᠷ ᠤᠨ ᠰᠢᠪᠠᠭᠤᠨ ᠤ ᠲᠦᠷᠦᠯ ᠵᠦᠢᠯ ᠪᠠ ᠲᠤᠭ᠎ᠠ ᠬᠡᠮᠵᠢᠶ᠎ᠡ ᠨᠢ ᠵᠢᠯ ᠲᠠᠷᠠᠭᠠᠯᠠᠨ ᠨᠡᠮᠡᠭᠳᠡᠵᠦ ᠪᠤᠢ᠃                       ᠮᠠᠩᠨᠤᠭ ᠲᠠᠯ᠎ᠠ ᠳᠠᠭᠠᠨ ᠰᠢᠬᠢᠳᠭᠡᠭᠰᠡᠨ ᠮᠤᠯᠤᠷ ᠡᠷᠳᠡᠨᠢ — ᠬᠦᠯᠦᠨ ᠨᠠᠭᠤᠷ ᠨᠢ ᠪᠠᠷᠭᠤ  ᠨᠤᠲᠤᠭ ᠢᠶᠠᠨ  ᠤᠮᠲᠠᠯᠠᠬᠰᠠᠨ ᠡᠵᠢ ᠨᠠᠭᠤᠷ ᠪᠤᠯᠬᠤ ᠪᠠᠷ ᠦᠯᠦ ᠪᠠᠷᠠᠮ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ  ᠪᠠᠶᠢᠭᠤᠯᠤᠯᠲᠠ ᠶᠢᠨ ᠨᠢᠭᠡᠨ ᠬᠡᠮᠵᠢᠬᠦᠷ ᠪᠤᠯᠵᠦ ᠪᠠᠶᠢᠲᠠᠭ ᠶᠤᠮ᠃ ᠭᠡᠪᠡᠴᠦ 2002 ᠤᠨ ᠠᠴᠠ ᠡᠬᠢᠯᠡᠵᠤ ᠬᠦᠯᠦᠨ  ᠨᠠᠭᠤᠷ ᠤᠨ ᠤᠰᠤᠨ ᠤ ᠲᠦᠪᠰᠢᠨ ᠨᠢᠭᠡᠨ ᠦᠶ᠎ᠠ ᠦᠷᠬᠦᠯᠵᠢᠯᠡᠨ ᠪᠠᠭᠤᠷᠠᠵᠤ᠂ ᠠᠮᠢ ᠠᠬᠤᠢ ᠶᠢᠨ ᠠᠰᠠᠭᠤᠲᠠᠯ  ᠬᠦᠨᠲᠦ ᠨᠤᠴᠢᠲᠠᠢ ᠪᠤᠯᠵᠤ ᠦᠡᠭᠭᠡᠷᠡᠪᠡ᠃                     ︽ᠬᠦᠯᠦᠨ ᠨᠠᠭᠤᠷ ᠭᠠᠵᠠᠷ ᠤᠨ ᠴᠠᠷᠴᠠᠲᠠᠰᠦ ᠶᠢᠨ ᠬᠦᠳᠡᠯᠭᠡᠭᠡᠨ ᠠᠴᠠ ᠪᠤᠯᠵᠤ ᠰᠠᠭᠤᠭᠲᠠᠭᠰᠠᠨ ᠪᠦᠰᠡᠨ ᠳᠤ ᠤᠷᠤᠰᠢᠲᠠᠭ᠂ ᠡᠶᠢᠮᠦ ᠠᠴᠠ ᠲᠡᠬᠦᠨ ᠤ ᠪᠠᠶᠢᠭᠠᠯᠢ ᠶᠢᠨ ᠪᠠᠶᠢᠲᠠᠯ ᠨᠢ ᠭᠠᠲᠠᠭᠠᠲᠦ ᠤᠷᠴᠢᠨ ᠤ  ᠨᠦᠯᠦᠬᠡᠯᠡᠯ ᠢ ᠮᠠᠰᠢ ᠠᠮᠠᠷᠬᠠᠨ ᠬᠦᠷᠳᠡᠳᠡᠭ ᠶᠤᠮ︾ ᠭᠡᠵᠦ ᠬᠦᠯᠦᠨ ᠨᠠᠭᠤᠷ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠲᠤᠪᠴᠢᠶᠠᠨ ᠤ ᠲᠡᠳ᠋ ᠲᠠᠷᠤᠭ᠎ᠠ ᠯᠢᠦ ᠰᠦᠩ  ᠲᠤᠤ ᠰᠤᠷᠪᠤᠯᠵᠢᠯᠠᠬᠴᠢ ᠳᠤ ᠲᠠᠶᠢᠯᠪᠦᠷᠢᠯᠠᠨ᠎ᠠ᠃                      ︽ᠲᠤᠬᠠᠢ ᠶᠢᠨ ᠦᠶ᠎ᠡ ᠳᠤ ᠬᠦᠯᠦᠨ ᠨᠠᠭᠤᠷ ᠤᠨ ᠤᠰᠤᠨ ᠤ ᠬᠡᠪᠴᠢᠶ᠎ᠠ ᠬᠤᠶᠠᠷ ᠭᠤᠷᠪᠠᠨ ᠭᠠᠵᠠᠷ ᠬᠢᠷᠢᠳᠡᠢ  ᠪᠠᠭᠠᠰᠤᠭᠠᠳ ᠨᠠᠭᠤᠷ ᠤᠨ ᠤᠰᠤ ᠨᠢ ᠪᠤᠬᠢᠷᠲᠤᠵᠦ᠂ ᠬᠤᠯᠤᠰᠤ ᠵᠡᠭᠡᠰᠦ ᠨᠢ ᠴᠦ ᠰᠡᠶᠢᠷᠡᠭ ᠪᠤᠯᠤᠬᠰᠠᠨ ᠰᠢᠦ︾  ᠭᠡᠵᠦ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠦ ᠶᠢᠨ ᠪᠠᠶᠠᠨ ᠲᠤᠭᠤᠷᠢᠮ ᠭᠠᠴᠠᠭᠠᠨ ᠤ  ᠮᠠᠯᠴᠢᠨ ᠰᠤᠶᠤᠯᠲᠦ ᠶᠠᠷᠢᠨ᠎ᠠ᠃                       ᠬᠠᠮᠢᠶ᠎ᠠ ᠪᠦᠬᠦᠢ ᠮᠠᠲ᠋ᠧᠷᠢᠶᠠᠯ ᠢ ᠦᠨᠲᠦᠰᠦᠯᠡᠪᠡᠯ᠂ 2000 — 2012 ᠤᠨ ᠤ ᠬᠤᠭᠤᠷᠤᠨᠲᠦ᠂ ᠬᠦᠯᠦᠨ ᠨᠠᠭᠤᠷ ᠤᠨ ᠤᠰᠤᠨ ᠲᠦᠪᠰᠢᠨ 5 ᠮᠧᠲᠷ ᠭᠠᠷᠤᠢ ᠪᠠᠭᠤᠷᠠᠵᠤ᠂ ᠤᠰᠤᠨ ᠤ ᠲᠠᠯᠠᠪᠠᠢ ᠨᠢ 617 ᠲᠡᠭᠰᠢ ᠲᠦᠷᠪᠡᠯᠵᠢᠨ ᠺᠢᠯᠤᠮᠧᠲᠷ ᠬᠤᠷᠤᠭᠲᠠᠨ ᠤᠰᠤᠨ ᠤ ᠬᠠᠲᠠᠭᠠᠯᠠᠬᠳᠠᠴᠠ ᠶᠢᠨ ᠬᠡᠮᠵᠢᠶ᠎ᠡ ᠨᠢ 100 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠳ᠋ᠷ ᠪᠠᠭᠠᠰᠤᠭᠰᠠᠨ ᠠᠵᠢ᠃ ᠡᠬᠦᠨ ᠠᠴᠠ ᠭᠠᠲᠠᠨ᠎ᠠ᠂ ᠨᠠᠭᠤᠷ ᠤᠨ ᠤᠰᠤᠨ ᠤ PH ᠬᠡᠮᠵᠢᠶ᠎ᠠ ᠶᠢᠨ ᠵᠢᠭᠠᠯᠲᠠ ᠲᠤᠭ᠎ᠠ ᠬᠤᠷᠢᠲᠤᠭᠠᠷ ᠵᠠᠭᠤᠨ ᠤ ᠵᠢᠷᠠᠭᠠᠳ ᠤᠨ ᠤ 8.5 ᠤᠷᠴᠢᠮ ᠪᠠᠶᠢᠭᠰᠠᠨ ᠠᠴᠠ ᠨᠡᠮᠡᠭᠳᠡᠭᠡᠳ 9.2 ᠤᠷᠴᠢᠮ ᠪᠤᠯᠵᠦ᠂ ᠬᠤᠵᠢᠷᠰᠢᠬᠰᠠᠨ ᠭᠡᠮᠵᠢᠶ᠎ᠡ ᠨᠢ 10 ᠲᠠᠬᠢᠨ ᠤᠷᠴᠢᠮ ᠨᠡᠮᠡᠭᠳᠡᠵᠦ᠂ ᠲᠠᠪᠤᠰᠤᠨ ᠤ ᠠᠭᠤᠯᠤᠬᠲᠠᠴᠠ ᠶᠢᠨ ᠬᠡᠮᠵᠢᠶ᠎ᠡ ᠨᠢ 3 ᠲᠠᠬᠢᠨ ᠠᠴᠠ ᠲᠡᠭᠡᠭᠰᠢ ᠨᠡᠮᠡᠭᠳᠡᠵᠦ᠂ ᠾᠯᠤᠷ ᠪᠠ ᠹᠤᠰᠫᠤᠷ ᠤᠨ ᠠᠭᠤᠯᠤᠬᠲᠠᠴᠠ ᠨᠢ ᠴᠦ ᠮᠠᠰᠢ ᠰᠢᠷᠦᠬᠦᠨ ᠨᠡᠮᠡᠭᠳᠡᠭᠰᠡᠨ ᠪᠠᠶᠢᠨ᠎ᠠ︔ 30 ᠭᠠᠷᠤᠢ ᠲᠦᠷᠦᠯ ᠤᠨ ᠬᠦᠪᠪᠦᠮᠡᠯ  ᠤᠷᠭᠤᠮᠠᠯ ᠤᠰᠠᠳᠴᠦ᠂ ᠤᠷᠭᠤᠮᠠᠯ ᠤᠨ ᠪᠦᠷᠬᠦᠴᠡ ᠰᠡᠶᠢᠷᠡᠭᠵᠢᠨ᠂ ᠰᠢᠪᠠᠭᠤᠨ ᠤ ᠲᠦᠷᠦᠯ ᠪᠠ ᠵᠢᠭᠠᠰᠦᠨ ᠤ ᠲᠦᠷᠦᠯ ᠤᠨ ᠡᠬᠢ ᠪᠠᠶᠠᠯᠢᠭ ᠬᠤᠷᠤᠭᠲᠠᠵᠦ᠂ ᠨᠠᠭᠤᠷ ᠲᠤᠲᠤᠷᠠᠬᠢ ᠶᠡᠭᠡ ᠵᠢᠭᠠᠰᠦᠨ ᠤ ᠬᠠᠷᠢᠴᠠᠯ 2% ᠲᠤ ᠴᠦ ᠬᠦᠷᠬᠦ ᠦᠬᠡᠢ ᠪᠤᠯᠤᠭᠰᠠᠨ ᠶᠤᠮ᠃                        ᠬᠦᠯᠦᠨ ᠨᠠᠭᠤᠷ ᠢ ᠠᠪᠤᠷᠠᠬᠤ ᠶᠢᠨ ᠲᠦᠯᠦᠬᠡ᠂ ᠮᠠᠨ ᠤ ᠬᠤᠲᠠ ᠨᠤᠳᠤᠭ ᠪᠡᠯᠴᠢᠭᠡᠷ ᠤᠨ ᠠᠮᠢ  ᠠᠬᠤᠢ ᠶᠢ  ᠬᠠᠮᠠᠭᠠᠯᠠᠵᠤ ᠪᠦᠳᠦᠭᠡᠨ ᠪᠠᠶᠢᠭᠤᠯᠬᠤ ᠨᠦᠬᠦᠪᠦᠷᠢ ᠪᠠ ᠱᠠᠩᠨᠠᠯ ᠤᠨ ᠲᠦᠷᠦ‌‍ᠶᠢᠨ ᠪᠤᠳᠤᠯᠭ᠎ᠠ ᠶᠢ  ᠪᠦᠳᠦᠮᠵᠢᠳᠡᠢ  ᠨᠠᠶᠢᠳᠠᠪᠤᠷᠢᠵᠢᠭᠤᠯᠬᠤ ᠶᠢᠨ ᠵᠡᠷᠭᠡᠪᠡᠷ ᠠᠮᠢ ᠠᠬᠤᠢ ᠶᠢᠨ ᠨᠡᠬᠦᠳᠡᠯ ᠠᠷᠠᠳ ᠤᠨ ᠠᠷᠭ᠎ᠠ ᠪᠤᠲᠤᠯᠭ᠎ᠠ ᠶᠢ ᠭᠡᠷᠡᠭᠵᠢᠬᠦᠯᠬᠦ᠂  ᠡᠯᠡᠰᠦᠷᠭᠡᠭ ᠭᠠᠵᠠᠷ ᠢ ᠵᠠᠰᠠᠬᠤ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠵᠢᠭᠠᠰᠦ ᠠᠩᠨᠠᠬᠤ ᠶᠢ ᠬᠤᠷᠢᠬᠯᠠᠬᠤ ᠵᠡᠷᠭᠡ ᠠᠯᠢ ᠤᠯᠠᠨ ᠶᠡᠷᠦᠩᠭᠡᠶᠢᠯᠡᠨ ᠵᠠᠰᠠᠬᠤ ᠠᠷᠭ᠎ᠠ ᠪᠤᠳᠤᠯᠭ᠎ᠠ ᠶᠢ  ᠭᠡᠷᠡᠭᠵᠢᠬᠦᠯᠦᠭᠰᠡᠨ ᠠᠴᠠ ᠬᠦᠯᠦᠨ ᠨᠠᠭᠤᠷ ᠤᠨ ᠤᠰᠤᠨ ᠰᠢᠰᠲᠧᠮ ᠤᠨ ᠰᠠᠶᠢᠨ ᠡᠷᠬᠢᠯᠳᠡ ᠶᠢ ᠠᠬᠢᠭᠤᠯᠵᠤ᠂ ᠰᠠᠯᠪᠦᠷᠢ ᠤᠷᠤᠰᠬᠠᠯ ᠤᠨ ᠤᠰᠤ ᠨᠦᠬᠦᠪᠦᠷᠢᠯᠡᠬᠦ ᠴᠢᠲᠠᠪᠦᠷᠢ ᠶᠢ ᠨᠢ ᠲᠡᠭᠡᠭᠰᠢᠯᠡᠬᠦᠯᠵᠡᠢ᠃ ᠢᠯᠠᠩᠭᠤᠶ᠎ᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠯᠦᠨ ᠨᠠᠭᠤᠷ‌‍ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠲᠦᠷᠢᠮ︾ ᠢ ᠨᠢᠳᠤᠨᠤᠨ ᠤ 10 ᠰᠠᠷ᠎ᠠ ᠶᠢᠨ 1 ᠤ ᠡᠲᠦᠷ ᠠᠴᠠ ᠡᠬᠢᠯᠡᠨ  ᠭᠡᠷᠡᠭᠵᠢᠬᠦᠯᠦᠭᠰᠡᠨ ᠨᠢ ᠬᠦᠯᠦᠨ ᠨᠠᠭᠤᠷ ᠪᠠ ᠲᠡᠬᠦᠨ ᠤ ᠤᠢᠢᠷ᠎ᠠ ᠬᠠᠪᠢ ᠶᠢᠨ ᠠᠮᠢ ᠠᠬᠤᠢ ᠶᠢᠨ ᠤᠷᠴᠢᠨ  ᠲᠤᠭᠤᠷᠢᠨ ᠤ ᠬᠠᠮᠠᠭᠠᠯᠠᠯᠲᠠ ᠳᠤ ᠬᠠᠦᠯᠢ ᠶᠢᠨ ᠪᠠᠲᠤᠯᠠᠭ᠎ᠠ ᠬᠠᠨᠭ᠍ᠭᠠᠭᠰᠠᠨ ᠪᠠᠶᠢᠨ᠎ᠠ᠃ ᠡᠬᠦᠨ ᠤ ᠲᠤᠬᠠᠢ ᠯᠢᠦ ᠰᠦᠩ  ᠲᠤᠤ᠄ ︽︿ᠲᠦᠷᠢᠮ﹀ ᠢ ᠲᠤᠬᠠᠢ ᠶᠢᠨ ᠭᠠᠵᠠᠷ ᠤᠨ ᠠᠷᠠᠳ ᠲᠦᠮᠡᠨ ᠤ ᠦᠢᠯᠡᠳᠪᠦᠷᠢᠯᠡᠯ ᠠᠮᠢᠲᠤᠷᠠᠯ ᠪᠠ ᠠᠵᠦ  ᠠᠬᠤᠢ ᠶᠢᠨ ᠬᠦᠭᠵᠢᠯᠳᠡ ᠶᠢᠨ ᠪᠤᠲᠠᠲᠦ ᠱᠠᠭᠠᠷᠲᠠᠯᠭ᠎ᠠ ᠶᠢ ᠦᠨᠲᠦᠰᠦᠯᠡᠵᠦ ᠲᠤᠭᠲᠠᠭᠠᠵᠠᠢ᠃ ᠡᠨᠡ ︿ᠲᠦᠷᠢᠮ﹀ ᠬᠠᠮᠠᠭᠠᠯᠠᠯᠲᠠ ᠶᠢᠨ ᠤᠷᠤᠨ ᠤ ᠮᠠᠯᠴᠢᠳ ᠤᠨ ᠦᠢᠯᠡᠳᠪᠦᠷᠢᠯᠡᠯ ᠠᠮᠢᠲᠤᠷᠠᠯ ᠢ ᠦᠴᠦᠬᠡᠨ ᠴᠦ ᠨᠦᠯᠦᠬᠡᠯᠡᠬᠦ ᠦᠬᠡᠢ︾  ᠭᠡᠪᠡ᠃ ᠡᠨᠡ ᠵᠢᠯ‌‍ᠤᠨ 2 ᠰᠠᠷ᠎ᠠ ᠳᠤ᠂ ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠠᠴᠠ ᠪᠠᠰᠠ ︽ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠪᠠ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ  ᠲᠤᠬᠠᠢ  ᠭᠡᠷᠡᠭᠵᠢᠬᠦᠯᠬᠦ ᠲᠦᠰᠦᠯ︾ ᠢ ᠵᠦᠪᠰᠢᠶᠡᠷᠡᠭᠰᠡᠨ ᠪᠠᠶᠢᠨ᠎ᠠ᠃ ᠡᠬᠦᠨ ᠠᠴᠠ ᠭᠠᠲᠠᠨ᠎ᠠ᠂ ᠬᠦᠯᠦᠨ ᠨᠠᠭᠤᠷ ᠤᠨ  ᠠᠮᠢᠲᠦ ᠪᠤᠲᠠᠰ ᠤᠨ ᠤᠯᠠᠨ ᠶᠠᠩᠵᠦᠲᠦ ᠰᠢᠨᠵᠢ ᠶᠢ ᠰᠡᠷᠬᠦᠭᠡᠨ ᠠᠮᠢ ᠠᠬᠤᠢ ᠶᠢᠨ ᠲᠡᠩᠴᠡᠬᠦᠷᠢ ᠶᠢ ᠪᠠᠲᠤᠯᠠᠬᠤ ᠶᠢᠨ  ᠲᠦᠯᠦᠬᠡ᠂ ᠭᠤᠤᠯ ᠪᠠ ᠨᠠᠭᠤᠷ ᠢ ᠨᠡᠪᠳᠡᠷᠡᠬᠦᠯᠬᠦ ᠪᠠᠷᠢᠯᠭ᠎ᠠ ᠶᠢ ᠭᠡᠷᠡᠭᠵᠢᠬᠦᠯᠵᠦ᠂ ᠤᠢᠢᠷᠠᠯᠴᠠᠭᠠᠬᠢ ᠠᠮᠢ ᠠᠬᠤᠢ ᠶᠢᠨ  ᠤᠷᠴᠢᠨ ᠲᠤᠭᠤᠷᠢᠨ ᠤ ᠬᠠᠮᠠᠭᠠᠯᠠᠯᠲᠠ ᠪᠠ ᠶᠡᠷᠦᠩᠭᠡᠶᠢᠯᠡᠨ ᠵᠠᠰᠠᠬᠤ ᠡᠷᠴᠢᠮ ᠢ ᠴᠢᠩᠭᠠᠳᠬᠠᠨ᠂ 2014 ᠤᠨ ᠳᠤ ᠪᠠᠰᠠ 5 ᠵᠢᠯ ᠤᠨ ᠬᠤᠭᠤᠴᠠᠭ᠎ᠠ ᠲᠠᠢ ᠪᠠᠷ ᠵᠢᠭᠠᠰᠦ ᠠᠩᠨᠠᠬᠤ ᠶᠢ ᠬᠤᠷᠢᠬᠯᠠᠬᠤ ᠠᠷᠭ᠎ᠠ ᠠᠪᠴᠠᠯ ᠢ ᠠᠪᠴᠦ᠂ ᠬᠦᠯᠦᠨ ᠨᠠᠭᠤᠷ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠶᠡᠷᠦᠩᠭᠡᠢ ᠲᠦᠯᠦᠪᠵᠢᠬᠦᠯᠬᠡ ᠶᠢ ᠲᠤᠭᠲᠠᠭᠠᠵᠠᠢ ᠃                      ᠰᠤᠶᠤᠯᠲᠦ ᠶᠢᠨ ᠬᠢᠨ ᠬᠦᠯᠦᠨ ᠨᠠᠭᠤᠷ ᠠᠴᠠ ᠲᠠᠪᠤᠬᠠᠨ ᠺᠢᠯᠤᠮᠧᠲᠷ ᠵᠠᠶᠢᠲᠠᠢ ᠪᠠᠶᠢᠭ᠎ᠠ ᠠᠯᠳ᠋ᠬᠠᠮᠡᠭᠡᠯ  ᠪᠠᠯᠭᠠᠰᠦ ᠶᠢᠨ ᠪᠠᠶᠠᠨ ᠲᠤᠭᠤᠷᠢᠮ ᠭᠠᠴᠠᠭᠠᠨ ᠳᠤ ᠰᠠᠭᠤᠲᠠᠭ᠂ ᠲᠡᠷᠡ 30 ᠭᠠᠷᠤᠢ ᠵᠢᠯ ᠤᠨ ᠲᠤᠷᠰᠢ ᠡᠨᠡᠬᠦ  ᠨᠠᠭᠤᠷ ᠤᠨ ᠬᠤᠪᠢᠷᠠᠯᠲᠠ ᠶᠢ ᠨᠢᠲᠦ ᠪᠠᠷ ᠢᠶᠠᠨ ᠦᠵᠡᠵᠦ ᠪᠡᠶ᠎ᠡ ᠪᠠᠷ ᠢᠶᠠᠨ ᠦᠡᠭᠭᠡᠷᠡᠬᠦᠯᠦᠭᠰᠡᠨ ᠶᠤᠮ᠃ ︽2013   ᠤᠨ ᠠᠴᠠ ᠡᠬᠢᠯᠡᠨ ᠤᠰᠤ ᠨᠢ ᠲᠡᠯᠡᠷᠡᠵᠦ᠂ ᠤᠲᠤ ᠪᠠᠷᠤᠭ ᠤᠷᠢᠲᠦᠬᠢ ᠵᠢᠯ ᠤᠳ ᠤᠨ ᠤᠰᠤᠨ ᠲᠦᠪᠰᠢᠨ ᠳᠡᠭᠡᠨ ᠬᠦᠷᠦᠭᠰᠡᠨ ᠪᠠᠶᠢᠨ᠎ᠠ᠂ ᠨᠠᠭᠤᠷ ᠤᠨ ᠤᠰᠤ ᠨᠢ ᠴᠦ ᠤᠤᠯ ᠤᠨ ᠬᠢ ᠠᠴᠠ ᠪᠠᠨ ᠴᠡᠪᠡᠷ ᠪᠤᠯᠤᠯ᠎ᠠ︾ ᠭᠡᠵᠦ ᠲᠡᠷᠡ ᠰᠤᠷᠪᠤᠯᠵᠢᠯᠠᠬᠴᠢ ᠳᠤ ᠶᠠᠷᠢᠨ᠎ᠠ᠃                       2016 ᠤᠨ ᠤ 10 ᠰᠠᠷ᠎ᠠ ᠪᠤᠯᠲᠠᠯ᠎ᠠ᠂ ᠬᠦᠯᠦᠨ ᠨᠠᠭᠤᠷ ᠤᠨ ᠤᠰᠤᠨ ᠲᠦᠪᠰᠢᠨ ᠨᠢᠭᠡᠨᠳᠡ 543.  24 ᠮᠧᠲᠷ ᠲᠤ ᠬᠦᠷᠴᠦ᠂ ᠤᠰᠤᠨ ᠤ ᠲᠠᠯᠠᠪᠠᠢ ᠨᠢ 2012 ᠤᠨ ᠤ 1750 ᠲᠡᠭᠰᠢ ᠲᠦᠷᠪᠡᠯᠵᠢᠨ ᠺᠢᠯᠤᠮᠧᠲᠷ ᠪᠠᠶᠢᠭᠰᠠᠨ ᠠᠴᠠ ᠪᠠᠨ ᠨᠡᠮᠡᠭᠳᠡᠭᠡᠳ 2044 ᠲᠡᠭᠰᠢ ᠲᠦᠷᠪᠡᠯᠵᠢᠨ ᠺᠢᠯᠤᠮᠧᠲᠷ ᠪᠤᠯᠵᠦ᠂ ᠤᠰᠤᠨ ᠤ ᠬᠠᠲᠠᠭᠠᠯᠠᠬᠲᠠᠴᠠ ᠶᠢᠨ ᠬᠡᠮᠵᠢᠶ᠎ᠡ ᠨᠢ 40 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ ᠪᠠᠶᠢᠭᠰᠠᠨ ᠠᠴᠠ ᠪᠠᠨ ᠨᠡᠮᠡᠭᠳᠡᠭᠡᠳ 107.2 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ ᠪᠤᠯᠵᠦ᠂ ᠨᠤᠭᠤ ᠭᠠᠵᠠᠷ ᠤᠨ ᠲᠠᠯᠠᠪᠠᠢ ᠨᠢ   ᠰᠡᠷᠬᠦᠬᠡᠳ 300 ᠲᠡᠭᠰᠢ ᠲᠦᠷᠪᠡᠯᠵᠢᠨ ᠺᠢᠯᠤᠮᠧᠲᠷ ᠪᠤᠯᠤᠬᠰᠠᠨ ᠪᠠᠶᠢᠨ᠎ᠠ᠃ ᠠᠯ ᠰᠡᠬᠦᠯ᠂ ᠴᠠᠭᠠᠨ ᠲᠤᠭᠤᠷᠤᠤ᠂  ᠬᠠᠷ᠎ᠠ ᠦᠷᠪᠢ᠂ ᠲᠤᠭᠤᠲᠠᠭ᠂ ᠬᠠᠯᠵᠠᠨ ᠪᠦᠷᠬᠦᠳ ᠵᠡᠷᠭᠡ ᠤᠯᠤᠰ ᠤᠨ ᠨᠢᠬᠡᠲᠦᠭᠡᠷ ᠲᠡᠰ ᠤᠨ ᠬᠠᠮᠠᠭᠠᠯᠠᠯᠲᠠ ᠶᠢᠨ  ᠰᠢᠪᠠᠭᠤᠳ ᠴᠦ ᠠᠳᠡ ᠢᠷᠡᠬᠡᠳ ᠬᠦᠯ ᠠᠮᠠᠷᠠᠵᠦ᠂ ᠬᠦᠯᠦᠨ ᠨᠠᠭᠤᠷ ᠲᠤ ᠪᠠᠭᠤᠬᠤ ᠨᠡᠬᠦᠳᠡᠯ ᠰᠢᠪᠠᠭᠤᠨ ᠤ  ᠲᠤᠭ᠎ᠠ ᠨᠢ ᠮᠠᠨ ᠤ ᠤᠯᠤᠰ ᠤᠨ ᠨᠡᠬᠦᠳᠡᠯ ᠰᠢᠪᠠᠭᠤᠨ ᠤ ᠪᠦᠬᠦ ᠲᠤᠭᠠᠨ ᠤ 1/5 ᠶᠢ ᠡᠵᠡᠯᠡᠭᠦ ᠪᠤᠯᠪᠡ᠃        ᠬᠦᠯᠦᠨ ᠨᠠᠭᠤᠷ ᠤᠨ ᠦᠷᠭᠡᠲᠦᠯ ᠨᠢ ᠵᠢᠭᠠᠰᠦ ᠵᠢᠷᠠᠭᠠᠬᠠᠢ ᠪᠤᠯᠤᠨ ᠰᠢᠪᠠᠭᠤᠨ ᠤ ᠲᠦᠷᠦᠯ ᠤᠨ ᠲᠤᠭ᠎ᠠ  ᠬᠡᠮᠵᠢᠶ᠎ᠡ ᠶᠢ ᠨᠡᠮᠡᠭᠳᠡᠬᠦᠯᠵᠦ᠂ ᠤᠷᠭᠤᠮᠠᠯ ᠤᠨ ᠪᠦᠷᠬᠦᠴᠡ ᠶᠢ ᠰᠠᠶᠢᠵᠢᠷᠠᠭᠤᠯᠤᠨ᠂ ᠬᠦᠯᠦᠨ ᠨᠠᠭᠤᠷ ᠤᠨ ᠨᠤᠭᠤ  ᠭᠠᠵᠠᠷ ᠲᠤ ᠠᠮᠢ ᠠᠮᠢᠵᠢᠷᠠᠯ ᠢ ᠠᠪᠴᠢᠷᠠᠭᠰᠠᠨ ᠪᠢᠯᠡ᠃ ᠲᠠᠯ᠎ᠠ ᠶᠢᠨ ᠰᠠᠯᠬᠢ ᠬᠤᠯᠤᠰᠤ ᠵᠡᠭᠡᠰᠦ ᠶᠢ ᠠᠶᠠᠷᠬᠠᠨ  ᠢᠯᠪᠢᠵᠦ᠂ ᠨᠡᠬᠦᠳᠡᠯ ᠤᠨ ᠰᠢᠪᠠᠭᠤᠳ ᠢᠳᠡᠰᠢ ᠡᠷᠢᠨ ᠭᠠᠨᠭ᠍ᠭᠠᠨᠠᠯᠲᠤᠵᠦ᠂ ᠬᠦᠯᠦᠨ ᠨᠠᠭᠤᠷ ᠤᠨ ᠨᠤᠭᠤ ᠭᠠᠵᠠᠷ ᠠᠮᠢ  ᠠᠬᠤᠢ ᠶᠢᠨ ᠰᠡᠷᠬᠦᠯᠳᠡ ᠶᠢᠨ ᠰᠢᠨ᠎ᠡ ᠦᠯᠢᠭᠡᠷ ᠢ ᠬᠦᠦᠷᠨᠢᠭᠰᠡᠭᠡᠷ ᠁                      ᠰᠤᠷᠪᠤᠯᠵᠢᠯᠠᠬᠴᠢ ᠶᠢᠨ ᠡᠪᠦᠷ ᠲᠡᠮᠳᠡᠭᠯᠡᠯ᠄                      ᠮᠠᠨ ᠤ ᠤᠷᠤᠨ ᠳᠤ 9015.9 ᠲᠦᠮᠡᠨ ᠮᠦ ᠨᠤᠭᠤ ᠭᠠᠵᠠᠷ ᠲᠠᠢ᠂ ᠨᠤᠭᠤ ᠭᠠᠵᠠᠷ ᠤᠨ ᠲᠠᠯᠠᠪᠠᠢ ᠪᠦᠬᠦ  ᠤᠷᠤᠨ ᠤ ᠭᠠᠵᠠᠷ ᠨᠤᠲᠤᠭ ᠤᠨ 5.08% ᠶᠢ ᠡᠵᠡᠯᠡᠳᠡᠭ᠃ ᠰᠠᠪᠠ ᠭᠠᠵᠠᠷ ᠤᠨ ᠲᠠᠯᠠᠪᠠᠢ ᠨᠢ 300 ᠲᠡᠭᠰᠢ ᠲᠦᠷᠪᠡᠯᠵᠢᠨ ᠺᠢᠯᠤᠮᠧᠲᠷ ᠠᠴᠠ ᠶᠡᠭᠡ 258 ᠭᠤᠤᠯ ᠮᠦᠷᠡᠨ ᠲᠠᠢ ᠪᠠᠶᠢᠵᠦ᠂ ᠨᠡᠯᠢᠶᠡᠳ ᠶᠡᠭᠡ ᠲᠠᠯᠠᠪᠠᠢ ᠲᠠᠢ 295 ᠨᠠᠭᠤᠷ ᠴᠦᠬᠦᠷᠦᠮ ᠲᠠᠢ ᠶᠤᠮ᠃                   ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠠᠰᠠᠭᠤᠲᠠᠯ ᠪᠠ ᠤᠰᠤᠨ ᠤ ᠡᠬᠢ ᠰᠤᠷᠪᠤᠯᠵᠢ ᠶᠢᠨ  ᠪᠤᠬᠢᠷᠲᠤᠯ᠂ ᠨᠤᠭᠤ ᠭᠠᠵᠠᠷ ᠤᠨ ᠲᠠᠯᠠᠪᠠᠢ ᠶᠢᠨ ᠬᠤᠷᠤᠭᠲᠠᠯ ᠪᠠ ᠨᠤᠭᠤ ᠭᠠᠵᠠᠷ ᠤᠨ ᠠᠮᠢᠲᠤ ᠪᠤᠲᠠᠰ ᠤᠨ ᠴᠦᠬᠡᠷᠡᠯ  ᠵᠡᠷᠭᠡ ᠠᠮᠢ ᠠᠬᠤᠢ ᠶᠢᠨ ᠠᠰᠠᠭᠤᠲᠠᠯ ᠳᠤ ᠴᠢᠭᠯᠡᠬᠦᠯᠦᠨ᠂ ᠮᠠᠨ ᠤ ᠤᠷᠤᠨ ᠤᠷᠢᠳ ᠬᠤᠵᠢᠳ ︽ᠦᠪᠦᠷ  ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠦᠷᠢᠮ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠢᠨᠵᠧᠨᠧᠷᠢᠩ ᠢ ᠭᠡᠷᠡᠭᠵᠢᠬᠦᠯᠬᠦ ᠲᠦᠰᠦᠯ︾᠂ ︽ᠦᠪᠦᠷ ᠮᠤᠩᠭᠤᠯ ᠤᠨ ᠭᠤᠤᠯ ᠮᠦᠷᠡᠨ ᠤ ᠵᠠᠮ ᠤᠨ ᠬᠠᠮᠢᠶᠠᠷᠤᠯᠲᠠ ᠶᠢᠨ ᠲᠦᠷᠢᠮ  ᠪᠠ ᠭᠤᠤᠯ ᠮᠦᠷᠡᠨ ᠤ ᠵᠠᠮ ᠤᠨ ᠬᠠᠮᠢᠶᠠᠷᠤᠯᠲᠠ ᠶᠢ ᠭᠡᠷᠡᠭᠵᠢᠬᠦᠯᠬᠦ ᠨᠠᠷᠢᠨ ᠲᠦᠷᠢᠮ︾ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠤᠤᠯ ᠮᠦᠷᠠᠨ ᠤ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠬᠦ  ᠠᠵᠢᠯ ᠤᠨ ᠲᠦᠰᠦᠯ︾ ᠵᠡᠷᠭᠡ ᠠᠯᠢ ᠤᠯᠠᠨ ᠬᠠᠦᠯᠢ ᠲᠦᠷᠢᠮ ᠢ ᠲᠤᠭᠲᠠᠭᠠᠨ ᠭᠡᠷᠡᠭᠵᠢᠬᠦᠯᠵᠦ᠂ ᠭᠤᠤᠯ ᠮᠦᠷᠡᠨ ᠪᠠ  ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ᠬᠠᠦᠯᠢ ᠲᠦᠷᠢᠮ ᠤᠨ  ᠪᠠᠲᠤᠯᠠᠭ᠎ᠠ ᠬᠠᠨᠭ᠍ᠭᠠᠭᠰᠠᠨ ᠪᠢᠯᠡ᠃                       ᠤᠲᠤ ᠮᠠᠨ ᠤ ᠤᠷᠤᠨ ᠨᠢᠭᠡᠨᠳᠡ ᠨᠤᠭᠤ ᠭᠠᠵᠠᠷ ᠤᠨ ᠬᠠᠮᠠᠭᠠᠯᠠᠯᠲᠠ ᠶᠢᠨ ᠰᠢᠰᠲᠧᠮ ᠢ ᠠᠩᠬ᠎ᠠ ᠠᠯᠬᠤᠮ   ᠪᠠᠶᠢᠭᠤᠯᠵᠦ᠂ ᠨᠤᠭᠤ ᠭᠠᠵᠠᠷ ᠤᠨ ᠬᠠᠮᠠᠭᠠᠯᠠᠯᠲᠠ ᠨᠢ ᠲᠦᠷᠢᠮᠵᠢᠭᠰᠡᠨ ᠬᠠᠮᠢᠶᠠᠷᠤᠯᠲᠠ ᠲᠡᠰᠢ ᠬᠦᠭᠵᠢᠵᠦ ᠪᠤᠢ᠃ ᠮᠠᠨ ᠤ ᠤᠷᠤᠨ ᠤ ᠤᠲᠤ ᠶᠢᠨ ᠪᠠᠶᠢᠭ᠎ᠠ 83 ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ  ᠲᠤᠲᠤᠷ᠎ᠠ᠂ ᠤᠯᠤᠰ ᠤᠨ ᠲᠡᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ 18᠂  ᠦᠪᠡᠷᠳᠡᠭᠡᠨ ᠵᠠᠰᠠᠬᠤ ᠤᠷᠤᠨ ᠤ ᠲᠡᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ 29᠂  ᠠᠶᠢᠮᠠᠭ ᠬᠤᠲᠠ ᠬᠤᠰᠢᠭᠤ ᠰᠢᠶᠠᠨ ᠤ ᠲᠡᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ  36  ᠪᠠᠶᠢᠵᠦ᠂ ᠪᠦᠬᠦ ᠲᠠᠯᠠᠪᠠᠢ ᠨᠢ 133 ᠲᠦᠮᠡᠨ ᠾᠧᠺᠲ᠋ᠠᠷ ᠲᠤ ᠬᠦᠷᠦᠭᠰᠡᠨ ᠪᠠᠶᠢᠨ᠎ᠠ᠃ 2016 ᠤᠨ ᠳᠤ᠂  ᠮᠠᠨ ᠤ  ᠤᠷᠤᠨ ᠬᠦᠷᠦᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ   ᠭᠡᠷᠡᠭᠵᠢᠬᠦᠯᠵᠦ᠂ ᠬᠦᠷᠦᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠰᠡᠨ ᠲᠠᠯᠠᠪᠠᠢ ᠨᠢ 650 ᠲᠦᠮᠡᠨ ᠮᠦ‌‍ᠳᠤ  ᠬᠦᠷᠪᠡ᠃ ᠡᠨᠡ ᠵᠢᠯ ᠤᠨ 5 ᠰᠠᠷ᠎ᠠ ᠶᠢᠨ 24 ᠤ ᠡᠳᠦᠷ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ  ᠭᠤᠤᠯ ᠮᠦᠷᠠᠨ ᠤ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠬᠦ ᠠᠵᠢᠯ ᠤᠨ ᠲᠦᠰᠦᠯ︾ ᠢ ᠲᠠᠷᠬᠠᠭᠠᠨ  ᠨᠡᠶᠢᠳᠡᠯᠡᠵᠦ᠂ ᠤᠷᠤᠨ ᠲᠠᠶᠠᠭᠠᠷ ᠬᠠᠷᠢᠭᠤᠴᠠᠯᠭ᠎ᠠ ᠲᠤᠲᠤᠷᠬᠠᠢ᠂ ᠬᠢᠨᠠᠯᠳᠠ ᠬᠠᠮᠢᠶᠠᠷᠤᠯᠲᠠ ᠴᠢᠩᠭ᠎ᠠ᠂ ᠬᠠᠮᠠᠭᠠᠯᠠᠯᠲᠠ   ᠪᠦᠲᠦᠮᠵᠢᠳᠡᠢ ᠲᠤᠬᠳᠠᠴᠠ ᠪᠠᠷ ᠲᠠᠮᠵᠢᠨ ᠭᠤᠤᠯ ᠮᠦᠷᠡᠨ ᠰᠢᠷᠬᠢᠨ ᠪᠤᠬᠢᠷᠲᠤᠭᠰᠠᠨ᠂ ᠴᠢᠲᠠᠪᠬᠢ ᠨᠢ ᠲᠤᠷᠦ᠋ᠢᠲᠠᠭᠰᠠᠨ  ᠵᠡᠷᠭᠡ ᠡᠯ᠎ᠡ ᠵᠦᠢᠯ ᠤᠨ ᠠᠰᠠᠭᠤᠲᠠᠯ ᠢ ᠰᠢᠢᠳᠪᠦᠷᠢᠯᠡᠬᠦ ᠪᠠᠷ ᠬᠠᠷᠠᠯᠲᠠ ᠪᠤᠯᠭᠠᠨ ᠠᠵᠢᠯᠯᠠᠵᠠᠭᠠᠵᠦ ᠪᠤᠢ᠃            ᠭᠤᠤᠯ ᠮᠦᠷᠡᠨ ᠤ ᠰᠠᠪᠠ ᠭᠠᠵᠠᠷ ᠤᠨ ᠠᠮᠢ ᠠᠬᠤᠢ ᠶᠢᠨ ᠮᠠᠭᠤᠲᠠᠯ᠂ ᠤᠰᠤᠨ ᠤ ᠲᠠᠯᠠᠪᠠᠢ ᠶᠢᠨ ᠲᠠᠲᠠᠭᠤᠷᠠᠯ  ᠂ ᠤᠰᠤᠨ ᠤ ᠴᠢᠨᠠᠷ ᠤᠨ ᠮᠠᠭᠤᠲᠠᠯ ᠵᠡᠷᠭᠡ ᠠᠰᠠᠭᠤᠲᠠᠯ ᠪᠤᠯ ᠮᠠᠨ ᠤ ᠤᠷᠤᠨ ᠤ ᠭᠤᠤᠯ ᠮᠦᠷᠡᠨ ᠨᠠᠭᠤᠷ   ᠴᠦᠬᠦᠷᠦᠮ ᠳᠤ ᠲᠤᠯᠭᠠᠷᠠᠵᠦ ᠪᠠᠶᠢᠭ᠎ᠠ ᠬᠠᠮᠤᠭ ᠤᠨ ᠶᠡᠭᠡ ᠠᠮᠢ ᠠᠬᠤᠢ ᠶᠢᠨ ᠠᠰᠠᠭᠤᠲᠠᠯ ᠪᠤᠯᠤᠨ᠎ᠠ᠃ ᠡᠶᠢᠨᠬᠦ ᠮᠠᠨ ᠤ  ᠤᠷᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ︽ᠭᠤᠷᠪᠠᠨ ᠤᠯᠠᠭᠠᠨ ᠱᠤᠭᠤᠮ︾ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠵᠡᠷᠭᠡ ᠭᠤᠤᠯ ᠪᠤᠯᠬᠤ ᠨᠤᠭᠤ ᠭᠠᠵᠠᠷ ᠢ ᠶᠡᠷᠦᠩᠭᠡᠶᠢᠯᠡᠨ ᠵᠠᠰᠠᠬᠤ ᠪᠠ ᠰᠡᠷᠬᠦᠬᠡᠬᠦ ᠠᠵᠢᠯ ᠢ  ᠴᠢᠬᠤᠯᠠᠴᠢᠯᠠᠨ ᠬᠢᠵᠦ᠂ ᠠᠮᠢᠲᠤᠷᠠᠯ ᠤᠨ ᠪᠤᠬᠢᠷ ᠤᠰᠤ ᠶᠢ ᠲᠦᠪᠯᠡᠷᠡᠬᠦᠯᠦᠨ ᠰᠢᠢᠳᠪᠦᠷᠢᠯᠡᠵᠦ᠂ ᠪᠤᠬᠢᠷ ᠤᠰᠤ ᠶᠢ  ᠰᠢᠢᠳᠪᠦᠷᠢᠯᠡᠬᠦ ᠲᠦᠬᠦᠭᠡᠷᠦᠮᠵᠢ ᠶᠢ ᠦᠬᠡᠷᠡᠴᠢᠯᠡᠨ ᠰᠠᠶᠢᠵᠢᠷᠠᠭᠤᠯᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ  ᠤᠰᠤᠨ ᠤ ᠤᠷᠴᠢᠨ ᠲᠤᠭᠤᠷᠢᠨ ᠢ ᠵᠠᠰᠠᠬᠤ ᠠᠵᠢᠯ ᠢ ᠴᠢᠩᠭᠠᠳᠬᠠᠨ ᠭᠠᠵᠠᠷ ᠲᠤᠤᠷᠠᠬᠢ ᠤᠰᠤ ᠶᠢ ᠭᠡᠲᠦᠷᠡᠳᠡᠯ᠎ᠡ  ᠭᠡᠷᠡᠭᠯᠡᠬᠦ ᠶᠢ ᠡᠷᠡᠰ ᠬᠤᠷᠢᠬᠯᠠᠵᠤ ᠪᠤᠢ᠃                       ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ︽ᠭᠤᠷᠪᠠᠨ ᠤᠯᠠᠭᠠᠨ ᠱᠤᠭᠤᠮ︾ ᠤᠨ ᠡᠵᠡᠮᠳᠡᠯ  ᠵᠢᠭᠠᠯᠲᠠ ᠲᠤᠭ᠎ᠠ ᠶᠢ ᠠᠶᠢᠮᠠᠭ ᠬᠤᠲᠠ᠂ ᠬᠤᠰᠢᠭᠤ ᠰᠢᠶᠠᠨ ᠬᠦᠷᠳᠡᠯ᠎ᠡ ᠨᠠᠷᠢᠯᠢᠬᠵᠢᠭᠤᠯᠵᠤ᠂ ᠰᠢᠭᠤᠢᠢᠲᠦ ᠤᠷᠤᠨ ᠤᠢ ᠰᠢᠭᠤᠢ᠂ ᠨᠤᠭᠤ ᠭᠠᠵᠠᠷ᠂ ᠡᠯᠡᠰᠦᠷᠭᠡᠭ ᠭᠠᠵᠠᠷ ᠤᠨ ᠤᠷᠭᠤᠮᠠᠯ ᠤᠨ ᠪᠦᠷᠬᠦᠴᠡ᠂ ᠠᠮᠢᠲᠤ ᠪᠤᠲᠠᠰ ᠤᠨ ᠲᠦᠷᠦᠯ ᠤᠨ ᠤᠯᠠᠭᠠᠨ ᠱᠤᠭᠤᠮ ᠵᠡᠷᠭᠡ ᠤᠢ ᠰᠢᠭᠤᠢ ᠶᠢᠨ ︽ᠲᠦᠷᠪᠡᠨ ᠤᠯᠠᠭᠠᠨ ᠱᠤᠭᠤᠮ︾ ᠢ ᠲᠤᠭᠲᠠᠭᠠᠬᠤ  ᠠᠵᠢᠯ ᠢ ᠪᠠᠰᠠ ᠪᠦᠬᠦ ᠲᠠᠯ᠎ᠠ‌‍ᠪᠠᠷ ᠡᠬᠢᠯᠡᠬᠦᠯᠪᠡ᠃ 2020 ᠤᠨ ᠪᠤᠯᠬᠤ ᠳᠤ᠂ ᠪᠦᠭᠦ ᠤᠷᠤᠨ ᠤ ᠨᠤᠭᠤ ᠭᠠᠵᠠᠷ ᠤᠨ  ᠬᠠᠳᠠᠭᠠᠯᠠᠬᠳᠠᠴᠠ ᠶᠢ 9000 ᠲᠦᠮᠡᠨ ᠮᠥ ᠳᠤ ᠬᠦᠷᠬᠡᠨ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠶᠠᠰᠤ  ᠴᠢᠨᠠᠷ ᠤᠨ ᠰᠢᠯᠢᠳᠡᠭ ᠰᠠᠶᠢᠨ ᠬᠠᠷᠢᠴᠡᠯ ᠢ ᠶᠡᠷᠦᠩᠭᠡᠢ ᠳᠡᠭᠡᠨ 59.6% ᠳᠤ ᠬᠦᠷᠬᠡᠨ᠎ᠠ᠃ ᠦᠪᠤᠷ ᠮᠤᠩᠭᠤᠯᠴᠤᠳ ᠡᠨᠡᠬᠦ ᠬᠠᠷᠠᠯᠳᠠ ᠪᠠᠨ ᠪᠠᠶᠡᠯᠡᠬᠦᠯᠬᠦ ᠪᠠᠷ ᠬᠠᠳᠠᠭᠤᠵᠢᠯᠳᠠᠢ ᠴᠢᠷᠮᠠᠶᠢᠭᠰᠠᠭᠠᠷ ᠁  
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号