ᠮᠠᠨ ᠤ ᠬᠤᠰᠢᠭᠤ ︽  ᠬᠤᠶᠠᠷ ᠺᠢᠨᠦ‍ ᠨᠢᠭᠡ ᠨᠣᠮ︾ ᠶᠢ ᠦᠵᠡᠵᠦ ᠰᠣᠷᠣᠯᠴᠠᠨ ᠬᠤᠭᠤᠴᠠᠭ᠎ᠠ ᠰᠣᠯᠢᠬᠤ ᠰᠠᠬᠢᠯᠭ᠎ᠠ ᠪᠠᠲᠣ ᠶᠢ ᠲᠦᠪ ᠪᠣᠯᠭᠠᠬᠤ ᠰᠡᠷᠡᠮᠵᠢ ᠶᠢᠨ ᠬᠦᠮᠦᠵᠢᠯ ᠤᠨ ᠪᠣᠯᠪᠠᠰᠣᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2017/10/26
    9 ᠰᠠᠷ᠎ᠠ ᠶᠢᠨ 21 ᠤ ᠡᠳᠦᠷ᠂ ᠮᠠᠨ ᠤ ᠬᠤᠰᠢᠭᠤ ︽ ᠬᠤᠶᠠᠷ ᠺᠢᠨᠦ‍ ᠨᠢᠬᠡ ᠨᠣᠮ︾ ᠢ ᠦᠵᠡᠵᠦ ᠰᠣᠷᠣᠯᠴᠠᠨ ᠬᠤᠭᠤᠴᠠᠭ᠎ᠠ ᠰᠣᠯᠢᠬᠤ ᠰᠠᠬᠢᠯᠭ᠎ᠠ ᠪᠠᠳᠣ ᠶᠢ ᠲᠦᠪ ᠪᠣᠯᠭᠠᠬᠤ ᠰᠡᠷᠡᠮᠵᠢ ᠶᠢᠨ ᠬᠦᠮᠦᠵᠢᠯ ᠤᠨ ᠪᠣᠯᠪᠠᠰᠣᠷᠠᠯ ᠤᠨ ᠠᠩᠬᠢ ᠡᠷᠬᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠳᠣᠭᠠᠷ ᠵᠢᠭᠠᠨ ᠵᠢᠯᠣᠭᠤᠳᠬᠤ ᠱᠠᠭᠠᠷᠳᠠᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠸᠠᠩ ᠭᠦᠸᠧ ᠼᠠᠢ ᠬᠤᠷᠠᠯ ᠳᠤ  ᠣᠷᠣᠯᠴᠠᠨ ᠵᠢᠭᠠᠨ ᠵᠢᠯᠣᠭᠤᠳᠴᠣ᠂ ᠵᠣᠣ ᠢᠥᠢ ᠯᠢᠨ᠂ ᠴᠢ ᠴᠢᠣᠸᠠᠨ ᠵᠡᠷᠭᠡ ᠣᠳᠣᠷᠢᠳᠣᠯᠭ᠎ᠠ᠂ ᠡᠯ᠎ᠡ ᠰᠣᠮᠣ ᠰᠢᠶᠠᠩ ᠪᠠᠯᠭᠠᠰᠣ ᠶᠢᠨ ᠨᠠᠮ ᠤᠨ ᠬᠤᠷᠢᠶ᠎ᠠ ᠶᠢᠨ ᠱᠦᠵᠢ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠳ ᠪᠣᠯᠣᠨ ᠠᠷᠠᠳ ᠤᠨ ᠪᠦᠯᠬᠦᠮ ᠤᠨ ᠨᠠᠮ ᠤᠨ ᠬᠤᠷᠢᠶ᠎ᠠ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠭᠦᠨ ᠂ ᠬᠤᠰᠢᠭᠤᠨ ᠤ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠶᠢᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠣ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠨᠠᠷ ᠪᠣᠯᠪᠠᠰᠣᠷᠠᠯ ᠤᠨ ᠠᠩᠬᠢ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠳᠠᠯᠠ ᠠᠴᠠ ︽ᠬᠤᠭᠤᠴᠠᠭ᠎ᠠ ᠰᠣᠯᠢᠬᠤ ᠰᠠᠬᠢᠯᠭ᠎ᠠ ᠪᠠᠳᠣ ᠶᠢ ᠲᠦᠪ ᠪᠣᠯᠭᠠᠬᠤ ᠲᠣᠬᠠᠢ ᠪᠢᠴᠢᠭ ᠮᠠᠲ᠋ᠧᠷᠢᠶᠠᠯ ᠤᠨ ᠰᠣᠩᠭᠤᠮᠠᠯ︾ ᠢ ᠳᠠᠭᠠᠭᠤᠯᠣᠨ ᠰᠣᠷᠣᠯᠴᠠᠭᠰᠠᠨ ᠪᠦᠭᠡᠳ ᠬᠤᠭᠤᠴᠠᠭ᠎ᠠ ᠰᠣᠯᠢᠬᠤ ᠰᠠᠬᠢᠯᠭ᠎ᠠ ᠪᠠᠳᠣ ᠶᠢ ᠲᠦᠪ ᠪᠣᠯᠭᠠᠬᠤ ᠰᠡᠷᠡᠮᠵᠢ ᠶᠢᠨ ᠬᠦᠮᠦᠵᠢᠯ ᠤᠨ ᠺᠢᠨᠣ᠋ ︽ ᠰᠣᠷᠭᠠᠮᠵᠢ ᠪᠣᠯᠭᠠᠮᠣ︾ ᠪᠣᠯᠣᠨ ︽ᠰᠡᠷᠡᠮᠵᠢ ᠶᠢᠨ ᠬᠤᠩᠬᠤ︾ ᠶᠢ ᠵᠣᠬᠢᠶᠠᠨ ᠪᠠᠶᠢᠭᠤᠯᠣᠨ ᠦᠵᠡᠭᠦᠯᠵᠦ᠂ ᠰᠢ ᠶᠢᠨ ᠫᠢᠩ ᠨᠦᠬᠦᠷ ᠢᠶᠠᠷ ᠭᠤᠣᠯᠯᠠᠭᠴᠢ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠬᠤᠭᠤᠴᠠᠭ᠎ᠠ ᠰᠣᠯᠢᠬᠤ ᠰᠠᠬᠢᠯᠭ᠎ᠠ ᠶᠢ ᠲᠦᠪ ᠪᠣᠯᠭᠠᠬᠤ ᠲᠣᠬᠠᠢ ᠱᠠᠭᠠᠷᠳᠠᠯᠭ᠎ᠠ ᠶᠢ ᠬᠦᠨᠵᠡᠭᠡᠢ ᠣᠬᠠᠭᠤᠯᠵᠣ᠂ ᠨᠠᠮ ᠤᠨ ᠲᠦᠪ ᠬᠤᠷᠢᠶ᠎ᠠ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠷᠡᠰ ᠪᠠᠲᠣ ᠵᠣᠷᠢᠭ ᠢ ᠬᠠᠷᠠᠭᠤᠯᠵᠣ᠂ ᠪᠦᠬᠦ ᠺᠠᠳ᠋ᠷᠴᠣᠳ ᠲᠤ ᠰᠡᠷᠡᠮᠵᠢ ᠶᠢᠨ ᠬᠦᠮᠦᠵᠢᠯ ᠤᠨ ᠠᠮᠢᠳᠣᠯᠢᠭ ᠬᠢᠴᠢᠶᠡᠯ ᠣᠷᠣᠵᠣ ᠦᠭᠭᠦᠨ᠂ ᠬᠤᠷᠠᠯ ᠳᠤ ᠣᠷᠣᠯᠴᠠᠭᠰᠠᠳ ᠤᠨ ᠰᠡᠳᠬᠢᠯ ᠢ ᠬᠦᠴᠦᠲᠡᠢ ᠬᠦᠨᠳᠡᠵᠦ᠂ ᠬᠠᠳᠠᠭᠤ ᠰᠢᠯᠭᠠᠯᠳᠠ ᠳᠤ ᠣᠷᠣᠭᠰᠠᠨ ᠲᠦᠷᠦᠭᠳᠡᠯ ᠦᠭᠭᠦᠭᠰᠡᠨ ᠪᠦᠬᠡᠳ ᠰᠡᠷᠡᠮᠵᠢ ᠶᠢᠨ ᠳᠣᠬᠢᠶ᠎ᠠ ᠦᠭᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号