ᠮᠠᠨ ᠤ ᠬᠤᠰᠢᠭᠤ ᠪᠦᠬᠦ ᠬᠤᠰᠢᠭᠤᠨ ᠤ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠶᠢᠨ ︽ᠭᠤᠣᠯ ᠴᠣᠭᠴᠠ ᠶᠢᠨ ᠬᠠᠷᠢᠭᠤᠴᠠᠯᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ  ᠶᠢ ᠲᠦᠯᠬᠢᠨ ᠠᠬᠢᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2017/10/26
    9 ᠰᠠᠷ᠎ᠠ ᠶᠢᠨ 21 ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠨᠠᠮ ᠤᠨ ᠰᠣᠷᠳᠠᠯ ᠴᠢᠭᠡᠴᠢ ᠵᠠᠰᠠᠭ  ᠤᠨ ᠪᠠᠶᠢᠭᠤᠯᠣᠯᠲᠠ ᠶᠢᠨ ︽ ᠭᠤᠣᠯ ᠴᠣᠭᠴᠠ ᠶᠢᠨ ᠬᠠᠷᠢᠭᠤᠴᠠᠯᠬ᠎ᠠ ᠬᠢᠨᠠᠯᠲᠠ ᠲᠠᠯᠪᠢᠬᠤ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ ᠶᠢ ᠲᠦᠯᠬᠢᠨ ᠠᠬᠢᠭᠤᠯᠬᠤ ᠬᠤᠷᠠᠯ ᠢ ᠬᠤᠷᠠᠯᠳᠣᠭᠤᠯᠵᠣ᠂ ᠵᠣᠣ ᠢᠥᠢ ᠯᠢᠨ᠂ ᠨᠠ ᠰᠢᠶᠣᠣ ᠭᠤᠸᠠᠩ᠂ ᠴᠢ ᠴᠢᠤᠸᠠᠨ᠂ ᠯᠢ ᡁᠢ ᠳ᠋ᠥᠩ᠂ ᠭᠦᠸᠧ ᠴᠢᠩ ᠵᠡᠷᠭᠡ ᠣᠳᠣᠷᠢᠳᠣᠯᠭ᠎ᠠ᠂ ᠡᠯ᠎ᠡ ᠰᠣᠮᠣ ᠰᠢᠶᠠᠩ ᠪᠠᠯᠭᠠᠰᠣ ᠶᠢᠨ ᠨᠠᠮ ᠤᠨ ᠬᠤᠷᠢᠶᠠᠨ ᠤ ᠱᠦᠵᠢ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠱᠦᠵᠢ᠂ ᠬᠤᠰᠢᠭᠤᠨ  ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠪᠣᠯᠣᠨ ᠠᠷᠠᠳ ᠤᠨ ᠪᠦᠯᠬᠦᠮ ᠤᠨ ᠨᠠᠮ ᠤᠨ ᠬᠤᠷᠢᠶ᠎ᠠ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠬᠤᠰᠢᠭᠤᠨ ᠤ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠭᠦᠨ ᠂ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠶᠢᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠣ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠨᠠᠷ ᠬᠤᠷᠠᠯ ᠳᠤ ᠣᠷᠣᠯᠴᠠᠪᠠ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠢᠥᠢ ᠯᠢᠨ ᠴᠢᠬᠤᠯᠠᠴᠢᠯᠠᠭᠰᠠᠨ ᠨᠢ᠂ ︽ᠭᠤᠣᠯ ᠴᠣᠭᠴᠠ ᠶᠢᠨ ᠬᠠᠷᠢᠭᠤᠴᠠᠯᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ︾ ᠶᠢ ᠬᠦᠨᠵᠡᠭᠡᠢ ᠲᠠᠨᠢᠵᠣ ᠨᠠᠶᠢᠳᠠᠪᠣᠷᠢᠵᠢᠭᠤᠯᠬᠤ ᠪᠣᠯ ᠳᠡᠭᠡᠳᠦ ᠱᠠᠲᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠬᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠬᠤ ᠶᠢᠨ ᠣᠯᠣᠰ ᠲᠦᠷᠦ ᠶᠢᠨ ᠬᠠᠷᠢᠭᠤᠴᠠᠯᠭ᠎ᠠ᠂ ᠨᠠᠮ ᠨᠢ ᠨᠠᠮ ᠢ ᠬᠠᠮᠢᠶᠠᠷᠴᠣ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠲᠣᠯᠭᠠᠮ᠎ᠠ ᠱᠠᠭᠠᠷᠳᠠᠯᠭ᠎ᠠ᠂ ᠠᠰᠠᠭᠤᠳᠠᠯ ᠤᠨ ᠣᠳᠣᠷᠢᠳᠣᠮᠵᠢ ᠶᠢ ᠪᠠᠷᠢᠮᠲᠠᠯᠠᠬᠤ ᠶᠢᠨ ᠵᠠᠩᠬᠢᠯᠠᠭ᠎ᠠ ᠶᠢᠨ ᠠᠷᠭ᠎ᠠ  ᠠᠪᠴᠠᠯ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠲᠠᠨᠢᠯᠲᠠ ᠪᠠᠨ ᠠᠯᠬᠤᠮ ᠴᠢᠨᠠᠭᠰᠢᠲᠠ ᠳᠡᠭᠡᠭᠰᠢᠯᠡᠬᠦᠯᠵᠦ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ ᠬᠠᠷᠢᠭᠤᠴᠠᠯᠭᠠᠳᠣ ᠰᠡᠳᠬᠢᠯᠭᠡ ᠪᠠ ᠲᠣᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠷᠠᠭᠤᠯᠵᠣ᠂ ᠵᠠᠩᠬᠢᠯᠠᠭ᠎ᠠ ᠶᠢ ᠪᠠᠲᠣ ᠡᠵᠡᠮᠰᠢᠵᠦ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ ᠶᠢ ᠪᠦᠬᠦ ᠲᠠᠯ᠎ᠠ ᠪᠠᠷ ᠬᠦᠨᠵᠡᠭᠡᠢ ᠲᠦᠯᠬᠢᠨ ᠠᠬᠢᠭᠤᠯᠵᠣ᠂ ᠨᠠᠮ ᠤᠨ ᠬᠤᠷᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢᠮᠪᠠᠢ ᠨᠠᠶᠢᠳᠠᠪᠣᠷᠢᠵᠢᠭᠤᠯᠬᠤ ᠪᠠ ᠰᠠᠶᠢᠳᠣᠷ ᠬᠡᠷᠡᠭᠵᠢᠬᠦᠯᠵᠦ᠂ ︽ᠶᠠᠭᠤ ᠶᠢ ᠨᠠᠶᠢᠳᠠᠪᠣᠷᠢᠵᠢᠭᠤᠯᠬᠤ︾᠂ ︽ᠬᠡᠨ ᠨᠠᠶᠢᠳᠠᠪᠣᠷᠢᠵᠢᠭᠤᠯᠬᠤ︾᠂ ︽ᠬᠡᠷᠬᠢᠨ ᠨᠠᠶᠢᠳᠠᠪᠣᠷᠢᠵᠢᠭᠤᠯᠬᠤ︾ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ︔ ᠠᠵᠢᠯ ᠤᠨ ᠪᠠᠶᠢᠷᠢᠯᠠᠭᠤᠯᠣᠯᠲᠠ ᠶᠢ ᠠᠳᠬᠤᠵᠣ᠂ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠠᠳᠬᠤᠵᠣ᠂ ᠪᠠᠶᠢᠴᠠᠭᠠᠵᠣ ᠬᠢᠨᠠᠨ ᠰᠢᠯᠭᠠᠬᠤ ᠶᠢ ᠠᠳᠬᠤᠵᠣ᠂ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠲᠠ ᠶᠢᠨ ᠭᠤᠣᠯ ᠴᠣᠭᠴᠠ  ᠶᠢᠨ ᠪᠣᠳᠠᠳᠠᠢ ᠳᠤ ᠨᠠᠶᠢᠳᠠᠪᠣᠷᠢᠵᠢᠭᠳᠠᠬᠤ ᠶᠢ ᠯᠠᠪᠲᠠᠢ ᠪᠠᠲᠣᠯᠠᠬᠤ ᠬᠡᠷᠡᠭᠲᠡᠢ︔ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠰᠠᠶᠢᠳᠣᠷ ᠨᠠᠶᠢᠳᠠᠪᠣᠷᠢᠵᠢᠭᠤᠯᠵᠣ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠦᠨᠡᠨᠬᠦ ᠪᠣᠳᠠᠳᠠᠢ ᠳᠤ ᠨᠠᠶᠢᠳᠠᠪᠣᠷᠢᠵᠢᠭᠤᠯᠵᠣ᠂ ᠨᠠᠮ ᠤᠨ ᠬᠤᠷᠢᠶ᠎ᠠ ᠨᠠᠮ ᠤᠨ ᠣᠳᠣᠷᠢᠳᠬᠤ ᠳᠣᠭᠤᠶᠢᠯᠠᠩ ᠤᠨ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠪᠣᠯᠣᠨ ᠢᠯᠵᠢᠷᠠᠯ ᠢ ᠡᠰᠡᠷᠭᠦᠴᠡᠬᠦ ᠲᠡᠮᠡᠴᠡᠯ ᠦᠷᠨᠢᠬᠦᠯᠬᠦ ᠳᠤ ᠢᠳᠡᠪᠬᠢᠲᠠᠢ ᠬᠠᠮᠵᠢᠯᠴᠠᠵᠣ᠂ ᠰᠠᠶᠢᠨ ᠠᠷᠭ᠎ᠠ ᠣᠬᠠᠭᠠᠨ ᠭᠠᠷᠭᠠᠨ ᠦᠭᠴᠦ᠂ ᠰᠠᠶᠢᠨ ᠵᠦᠪᠯᠡᠭᠴᠢ ᠪᠣᠯᠬᠤ ᠬᠡᠷᠡᠭᠲᠡᠢ︔ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠣᠷᠢᠵᠢᠭᠤᠯᠬᠤ ᠶᠢ ᠦᠴᠦᠭᠡᠨ ᠴᠦ ᠰᠣᠯᠠᠷᠠᠭᠤᠯᠣᠯ ᠦᠭᠡᠢ ᠪᠠᠷ ᠰᠠᠶᠢᠳᠣᠷ ᠠᠳᠬᠤᠵᠣ᠂ ︽ᠳᠦᠷᠪᠡᠨ ᠰᠣᠷᠳᠠᠯ︾ ᠢ ᠬᠡᠵᠢᠶᠡᠳᠡ ᠵᠣᠭᠰᠣᠰᠢ ᠦᠭᠡᠢ ᠵᠠᠯᠠᠷᠠᠭᠤᠯᠬᠤ ᠬᠡᠷᠡᠭᠲᠡᠢ︔ ᠰᠠᠬᠢᠯᠭ᠎ᠠ ᠪᠠᠲᠣ ᠳᠦᠷᠢᠮ ᠭᠤᠷᠢᠮ ᠢ ᠲᠡᠷᠢᠬᠦᠨ ᠪᠠᠶᠢᠷᠢᠨ ᠳᠤ ᠲᠠᠯᠪᠢᠵᠣ᠂ ᠰᠠᠬᠢᠯᠭ᠎ᠠ ᠪᠠᠲᠣ ᠳᠦᠷᠢᠮ ᠭᠤᠷᠢᠮ ᠢᠶᠠᠷ ᠣᠯᠠᠩᠬᠢ ᠲᠣᠭᠠᠨ ᠤ ᠬᠦᠮᠦᠰ ᠢ ᠡᠷᠡᠰ ᠴᠢᠩᠭ᠎ᠠ ᠬᠠᠮᠢᠶᠠᠷᠬᠤ ᠬᠡᠷᠡᠭᠲᠡᠢ︔ ᠡᠭᠦᠷᠭᠡ ᠴᠢᠳᠠᠪᠬᠢ ᠶᠢ ᠬᠤᠪᠢᠷᠠᠭᠤᠯᠬᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠣᠪᠣᠷ ᠰᠣᠷᠳᠠᠯ ᠢ ᠰᠠᠶᠢᠵᠢᠷᠠᠭᠤᠯᠬᠤ ᠶᠢ ᠬᠦᠨᠵᠡᠭᠡᠶᠢᠷᠡᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠣ ᠶᠢ ᠬᠡᠷᠡᠭᠵᠢᠬᠦᠯᠬᠦ ᠬᠠᠷᠢᠭᠤᠴᠠᠯᠭ᠎ᠠ ᠲᠣᠯᠭᠠᠬᠤ ᠭᠤᠣᠯ ᠠᠵᠢᠯ ᠳᠤ ᠠᠩᠬᠠᠷᠣᠯ ᠢᠶᠠᠨ ᠬᠠᠨᠳᠣᠭᠤᠯᠬᠤ ᠬᠡᠷᠡᠭᠲᠡᠢ︔ ᠵᠣᠬᠢᠶᠠᠨ ᠪᠠᠶᠢᠭᠤᠯᠣᠯᠲᠠ ᠶᠢᠨ ᠪᠠᠲᠣᠯᠠᠭ᠎ᠠ ᠶᠢ ᠴᠢᠩᠭᠠᠷᠠᠭᠤᠯᠵᠣ᠂ ᠪᠦᠬᠦ ᠬᠤᠰᠢᠭᠤᠨ ᠤ ︽ ᠬᠤᠶᠠᠷ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠬᠤ ᠶᠢᠨ ᠪᠣᠳᠠᠳᠣ ᠦᠷ᠎ᠡ ᠠᠰᠢᠭ ᠣᠯᠬᠤ ᠶᠢ ᠯᠠᠪᠲᠠᠢ ᠪᠠᠲᠣᠯᠠᠬᠤ ᠬᠡᠷᠡᠭᠲᠡᠢ ︔ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠰᠣᠷᠭᠠᠨ ᠬᠦᠮᠦᠵᠢᠬᠦᠯᠦᠨ ᠬᠦᠲᠦᠯᠦᠨ ᠳᠠᠭᠠᠭᠤᠯᠬᠤ ᠶᠢ ᠴᠢᠩᠭᠠᠷᠠᠭᠤᠯᠵᠣ᠂ ᠬᠠᠷᠢᠭᠤᠴᠠᠯᠭ᠎ᠠ ᠨᠡᠬᠡᠮᠵᠢᠯᠡᠬᠦ ᠶᠢ ᠲᠦᠪ ᠪᠣᠯᠭᠠᠵᠣ᠂ ᠬᠤᠲᠠ ᠶᠢᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠣ ᠴᠢᠩᠭ᠎ᠠ ᠣᠳᠣᠷᠢᠳᠣᠯᠭ᠎ᠠ ᠳᠣᠣᠷ᠎ᠠ᠂ ᠵᠣᠷᠢᠭᠲᠠᠢ  ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠪᠦᠬᠦ ᠬᠤᠰᠢᠭᠤᠨ ᠤ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠲᠠ ᠪᠣᠯᠣᠨ ᠢᠯᠵᠢᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠬᠡᠪ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠶᠢᠨ ᠱᠦᠵᠢ ᠬᠦᠸᠧ ᠴᠢᠩ ᠠᠴᠠ ᠪᠦᠬᠦ ᠬᠤᠰᠢᠭᠤᠨ ᠤ ᠨᠠᠮ ᠤᠨ ᠰᠣᠷᠳᠠᠯ ᠴᠢᠭᠡᠴᠢ ᠵᠠᠰᠠᠭ  ᠤᠨ ᠪᠠᠶᠢᠭᠤᠯᠣᠯᠲᠠ ᠶᠢᠨ ᠬᠤᠶᠠᠷ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠮᠡᠳᠡᠭᠡᠯᠡᠭᠰᠡᠨ ᠪᠦᠬᠡᠳ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠢ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ  ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠦᠨᠵᠡᠭᠡᠢ ᠲᠠᠨᠢᠬᠤ ᠪᠣᠯ ᠨᠠᠮ ᠤᠨ ᠲᠦᠷᠢᠮ ᠠᠴᠠ ᠡᠯ᠎ᠡ ᠱᠠᠲᠣᠨ ᠤ ᠨᠠᠮ ᠤᠨ ᠵᠣᠬᠢᠶᠠᠨ ᠪᠠᠶᠢᠭᠤᠯᠣᠯᠲᠠ ᠳᠤ ᠣᠯᠭᠤᠭᠰᠠᠨ ᠣᠯᠣᠰ ᠲᠦᠷᠦ ᠶᠢᠨ ᠬᠠᠷᠢᠭᠤᠴᠠᠯᠭ᠎ᠠ᠂ ᠡᠷᠡᠰ ᠬᠠᠳᠠᠨ ᠴᠢᠨᠠᠷᠲᠠᠢ ᠬᠠᠷᠢᠭᠤᠴᠠᠯᠭ᠎ᠠ ᠪᠣᠯᠣᠨ᠎ᠠ︔ ᠣᠯᠣᠰ ᠲᠦᠷᠦ ᠶᠢᠨ ᠣᠬᠠᠮᠰᠠᠷ᠂ ᠪᠦᠬᠦ ᠲᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ᠂ ᠨᠢᠭᠡᠳᠦᠯᠳᠡᠢ ᠪᠠᠶᠢᠬᠤ ᠣᠬᠠᠮᠰᠠᠷ ᠢᠶᠠᠨ ᠠᠯᠬᠤᠮ ᠴᠢᠨᠠᠭᠰᠢᠲᠠ ᠴᠢᠩᠭᠠᠷᠠᠭᠤᠯᠵᠣ᠂ ᠨᠠᠮ ᠨᠢ ᠨᠠᠮ ᠢ ᠬᠠᠮᠢᠶᠠᠷᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ︔ ᠨᠠᠮ ᠤᠨ ᠵᠣᠬᠢᠶᠠᠨ ᠪᠠᠶᠢᠭᠤᠯᠣᠯᠲᠠ ᠳᠠᠶᠢᠴᠢᠯᠠᠨ ᠳᠠᠭᠠᠭᠤᠯᠬᠤ᠂ ᠨᠠᠮ ᠤᠨ ᠵᠣᠬᠢᠶᠠᠨ ᠪᠠᠶᠢᠭᠤᠯᠣᠯᠲᠠ ᠶᠢᠨ ᠭᠤᠣᠯ ᠬᠠᠷᠢᠭᠤᠴᠠᠯᠭᠠᠳᠠᠨ ᠠᠴᠠ ᠳᠠᠶᠢᠴᠢᠯᠠᠨ ᠳᠠᠭᠠᠭᠤᠯᠬᠤ᠂ ᠣᠳᠣᠷᠢᠳᠬᠤ ᠪᠠᠭ ᠤᠨ ᠪᠦᠷᠢᠯᠳᠦᠬᠦᠨ ᠳᠠᠭᠠᠭᠤᠯᠬᠤ᠂ ᠳᠡᠭᠡᠳᠦ ᠱᠠᠲᠣᠨ ᠤ ᠨᠠᠮ ᠤᠨ ᠵᠣᠬᠢᠶᠠᠨ ᠪᠠᠶᠢᠭᠤᠯᠣᠯᠲᠠ ᠨᠢ ᠳᠣᠣᠷ᠎ᠠ ᠱᠠᠲᠣᠨ ᠤ ᠨᠠᠮ ᠤᠨ ᠵᠣᠬᠢᠶᠠᠨ ᠪᠠᠶᠢᠭᠤᠯᠣᠯᠲᠠ  ᠪᠠᠨ ᠳᠠᠶᠢᠴᠢᠯᠠᠨ ᠳᠠᠭᠠᠭᠤᠯᠬᠤ ᠶᠢ ᠪᠡᠶᠡᠯᠡᠬᠦᠯᠬᠦ ᠬᠡᠷᠡᠭᠲᠡᠢ︔ ᠬᠤᠰᠢᠭᠤᠨ ᠤ ᠨᠠᠮ ᠤᠨ ᠬᠤᠷᠢᠶ᠎ᠠ ︽ ᠭᠤᠣᠯ ᠴᠣᠭᠴᠠ ᠶᠢᠨ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠣᠷᠢᠵᠢᠭᠤᠯᠬᠤ ᠪᠦᠬᠦ ᠶᠠᠪᠣᠴᠠ ᠳᠤ ᠮᠦᠷᠳᠡᠨ ᠬᠢᠨᠠᠯᠲᠠ ᠲᠠᠯᠪᠢᠬᠤ ᠶᠢ ᠪᠡᠶᠡᠯᠡᠬᠦᠯᠵᠦ᠂ ᠡᠬᠦᠷᠭᠡ ᠲᠣᠰᠢᠶᠠᠯ ᠢᠶᠠᠨ ᠴᠢᠩᠭ᠎ᠠ ᠬᠦᠢᠴᠡᠳᠬᠡᠬᠦ ᠦᠭᠡᠢ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠣᠷᠢᠵᠢᠭᠤᠯᠬᠤ ᠦᠭᠡᠢ᠂ ᠨᠠᠶᠢᠳᠠᠪᠣᠷᠢᠵᠢᠭᠤᠯᠣᠯᠲᠠ ᠶᠢ ᠪᠣᠳᠠᠳᠠᠶᠢᠵᠢᠭᠤᠯᠬᠤ ᠦᠭᠡᠢ ᠭᠠᠵᠠᠷ ᠣᠷᠣᠨ ᠪᠠ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠲᠦᠪ ᠴᠢᠩᠭ᠎ᠠ ᠪᠠᠷ ᠨᠡᠬᠡᠮᠵᠢᠯᠡᠬᠦ ᠬᠡᠷᠡᠭᠲᠡᠢ ᠬᠡᠵᠦ ᠱᠠᠭᠠᠷᠳᠠᠪᠠ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠠᠴᠠ ᠪᠠᠰᠠ ᠰᠣᠮᠣ ᠰᠢᠶᠠᠩ ᠪᠠᠯᠭᠠᠰᠣ᠂ ᠡᠯ᠎ᠡ ᠰᠠᠯᠠᠭ᠎ᠠ ᠮᠦᠴᠢᠷ ᠯᠦᠭᠡ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ  ᠶᠢᠨ ᠪᠢᠴᠢᠭ ᠲᠤ ᠭᠠᠷ ᠤᠨ ᠦᠰᠦᠭ ᠵᠢᠷᠣᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号