ᠪᠦᠬᠦ ᠣᠯᠣᠰ ᠤᠨ ︽  ᠴᠡᠷᠢᠭ ᠠᠩᠬᠢ ᠪᠣᠯᠣᠨ ᠣᠷᠣᠨ ᠨᠣᠲᠤᠭ ᠬᠤᠯᠪᠣᠭᠠᠯᠠᠭᠰᠠᠨ— 2017︾ ᠭᠠᠯ ᠣᠨᠲᠠᠷᠠᠭᠠᠬᠤ ᠰᠣᠷᠢᠯᠳᠠ ᠰᠢᠨᠡᠬᠡᠨ ᠣᠢ ᠶᠢᠨ ᠲᠠᠯᠠᠪᠠᠢ ᠳᠤ ᠶᠠᠪᠣᠭᠳᠠᠪᠠ
ᠨᠡᠶᠢᠲᠡᠯᠡᠭᠰᠡᠨ ᠴᠠᠭ᠄
2017/10/26
    9 ᠰᠠᠷ᠎ᠠ ᠶᠢᠨ 21 ᠤ ᠡᠳᠦᠷ᠂ ᠪᠦᠬᠦ ᠣᠯᠣᠰ ᠤᠨ ︽ ᠴᠡᠷᠢᠭ ᠠᠩᠬᠢ ᠪᠣᠯᠣᠨ ᠣᠷᠣᠨ ᠨᠣᠲᠤᠭ ᠬᠤᠯᠪᠣᠭᠠᠯᠠᠭᠰᠠᠨ— 2017︾ ᠭᠠᠯ ᠣᠨᠲᠠᠷᠠᠭᠠᠬᠤ ᠰᠣᠷᠢᠯᠳᠠ ᠰᠢᠨᠡᠬᠡᠨ ᠣᠢ ᠶᠢᠨ ᠲᠠᠯᠠᠪᠠᠢ ᠳᠤ  ᠶᠠᠪᠣᠭᠳᠠᠵᠣ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠢᠥᠢ ᠯᠢᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠴᠦᠨ ᠴᠢ ᠰᠣᠷᠢᠯᠲᠠ ᠶᠢ ᠲᠣᠭᠤᠷᠢᠨ ᠦᠵᠡᠪᠡ᠃     ᠲᠣᠰ ᠣᠳᠠᠭᠠᠨ ᠤ ᠰᠣᠷᠢᠯᠲᠠ ᠳᠤ᠂ ᠮᠠᠨ ᠤ ᠬᠤᠰᠢᠭᠤ ᠲᠣᠰᠬᠠᠢ ᠮᠡᠷᠭᠡᠵᠢᠯ ᠤᠨ ᠭᠠᠯ ᠣᠨᠲᠠᠷᠠᠭᠠᠬᠤ ᠠᠩᠬᠢ  ᠶᠢᠨ ᠨᠡᠶᠢᠲᠡ 50 ᠭᠠᠷᠣᠢ ᠬᠦᠮᠦᠨ᠂ 14 ᠰᠠᠣᠷᠢ ᠲᠡᠷᠭᠡ ᠲᠣᠮᠢᠯᠠᠵᠣ᠂ ᠣᠰᠣᠨ ᠰᠦᠷᠴᠢᠭᠦᠷ᠂ ᠰᠠᠯᠬᠢᠨ ᠬᠦᠴᠦᠨ  ᠤ ᠭᠠᠯ ᠣᠨᠲᠠᠷᠠᠭᠠᠭᠤᠷ ᠵᠢᠴᠢ ᠬᠤᠶᠠᠳᠣᠭᠠᠷ ᠨᠣᠮᠧᠷᠲᠣ ᠪᠠᠭᠠᠵᠢ ᠬᠡᠷᠡᠭᠰᠡᠯ ᠵᠡᠷᠭᠡ 73 ᠲᠣᠰᠬᠠᠢ ᠭᠠᠯ ᠣᠨᠲᠠᠷᠠᠭᠠᠬᠤ ᠪᠠᠭᠠᠵᠢ ᠬᠡᠷᠡᠭᠰᠡᠯ ᠢ ᠣᠷᠣᠭᠤᠯᠪᠠ᠃     ᠲᠣᠰ ᠣᠳᠠᠭᠠᠨ ᠤ ᠰᠣᠷᠢᠯᠳᠠ ᠳᠤ ᠣᠷᠣᠯᠴᠠᠬᠤ ᠪᠠᠷ ᠳᠠᠮᠵᠢᠭᠤᠯᠣᠨ᠂ ᠮᠠᠨ ᠤ ᠬᠤᠰᠢᠭᠤᠨ ᠤ ᠣᠢ ᠰᠢᠭᠤᠢ  ᠶᠢᠨ ᠭᠠᠯ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠨᠢ ᠭᠠᠯ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠯ ᠤᠨ ᠴᠤᠪᠣᠷᠠᠯ ᠢ ᠠᠯᠬᠤᠮ ᠴᠢᠨᠠᠭᠰᠢᠲᠠ ᠪᠣᠯᠪᠠᠰᠣᠷᠠᠩᠭᠤᠢ ᠣᠶᠢᠯᠠᠭᠠᠵᠣ᠂ ᠭᠠᠯ ᠣᠨᠳᠠᠷᠠᠭᠠᠭᠴᠢ ᠨᠢ ᠡᠯ᠎ᠡ ᠵᠦᠢᠯ ᠤᠨ ᠭᠠᠯ ᠣᠨᠲᠠᠷᠠᠭᠠᠬᠤ ᠪᠡᠯᠡᠳᠬᠡᠮᠵᠢ ᠲᠣᠨᠣᠭᠯᠠᠯ ᠪᠠ ᠲᠦᠭᠦᠭᠡᠷᠦᠮᠵᠢ ᠶᠢᠨ ᠬᠡᠷᠡᠭᠯᠡᠬᠦ ᠠᠷᠭ᠎ᠠ ᠶᠢ ᠪᠣᠯᠪᠠᠰᠣᠷᠠᠩᠭᠤᠢ ᠡᠵᠡᠮᠰᠢᠵᠦ᠂ ᠪᠠᠶᠢᠳᠠᠯ ᠢ ᠠᠷᠭᠠᠴᠠᠬᠤ ᠲᠠᠯ᠎ᠠ ᠪᠠᠷ ᠣᠢ ᠰᠢᠭᠤᠢ ᠶᠢᠨ ᠴᠡᠷᠢᠭ ᠠᠩᠬᠢ ᠯᠤᠭ᠎ᠠ ᠬᠦᠨᠵᠡᠭᠡᠢ ᠬᠠᠮᠵᠢᠯᠴᠠᠨ ᠬᠦᠳᠡᠯᠦᠯᠴᠡᠬᠦ ᠲᠣᠭᠲᠠᠴᠠ ᠪᠣᠯᠵᠣ ᠪᠦᠷᠢᠯᠳᠦᠭᠡᠳ ᠪᠦᠬᠦ ᠬᠤᠰᠢᠭᠤᠨ ᠤ ᠡᠳᠦᠷ ᠳᠣᠳᠣᠮ  ᠤᠨ ᠣᠢ ᠰᠢᠭᠤᠢ ᠶᠢᠨ ᠭᠠᠯ ᠤᠨ ᠭᠠᠮᠰᠢᠭ ᠢ ᠣᠨᠲᠠᠷᠠᠭᠠᠬᠤ ᠭᠠᠯ ᠤᠨ ᠠᠶᠣᠯ ᠠᠴᠠ ᠠᠪᠣᠷᠠᠬᠤ ᠬᠤᠪᠣᠷ ᠨᠠᠨᠳᠢᠨ ᠲᠣᠷᠰᠢᠯᠭ᠎ᠠ ᠬᠤᠷᠠᠮᠳᠣᠭᠤᠯᠣᠭᠰᠠᠨ ᠪᠠᠶᠢᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号