ᠦ᠋ ᠴᠢᠣᠸᠠᠨ ᠱᠠᠨ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2017/10/26
    ᠣᠯᠣᠰ ᠤᠨ AA ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ᠂ ᠡᠸ᠋ᠨᠩᠬᠢ ᠬᠤᠰᠢᠭᠤᠨ ᠤ ᠵᠡᠬᠦᠨ ᠬᠤᠶᠢᠳᠣ ᠬᠡᠰᠡᠭ ᠲᠠᠬᠢ ᠪᠠᠶᠠᠨᠴᠠᠭᠠᠨ ᠰᠣᠮᠣ ᠶᠢᠨ ᠬᠢᠯᠢ ᠳᠣᠳᠣᠷ᠎ᠠ ᠪᠠᠶᠢᠷᠢᠯᠠᠵᠣ᠂ ᠵᠢᠭᠤᠯᠴᠢᠯᠠᠯ ᠤᠨ ᠣᠷᠣᠨ ᠳᠣᠳᠣᠷ᠎ᠠ ᠨᠢ ᠰᠢᠯᠢᠳᠡᠭ ᠴᠢᠨᠠᠷ ᠴᠢᠨᠰᠠᠭ᠎ᠠ ᠪᠦᠬᠦᠢ ᠲᠠᠪᠣᠨ ᠷᠠᠰᠢᠶᠠᠨ ᠪᠣᠯᠠᠭ ᠪᠠᠶᠢᠳᠠᠭ ᠠᠴᠠ ᠨᠡᠷ᠎ᠡ ᠠᠯᠳᠠᠷᠰᠢᠵᠣ᠂ ᠦᠵᠡᠮᠵᠢᠲᠦ ᠣᠷᠣᠨ ᠳᠣᠳᠣᠷᠠᠬᠢ ᠦ᠋ ᠴᠢᠣᠸᠠᠨ ᠱᠠᠨ᠂ ᠣᠪᠣᠭ᠎ᠠ ᠠᠭᠤᠯᠠ᠂ ᠳ᠋ᠠ ᠫᠧᠩ ᠱᠠᠨ ᠵᠡᠷᠭᠡ ᠠᠭᠤᠯᠠᠰ ᠳᠠᠪᠬᠤᠷᠯᠠᠨ ᠬᠠᠷᠠᠭᠳᠠᠬᠤ ᠰᠦᠷᠯᠢᠭ ᠦᠵᠡᠮᠵᠢ ᠶᠢ ᠪᠦᠷᠢᠳᠦᠭᠦᠯᠵᠡᠢ᠃ ᠲᠠᠪᠣᠨ ᠲᠣᠩᠭᠠᠯᠠᠭ ᠷᠠᠰᠢᠶᠠᠨ ᠪᠣᠯᠠᠭ ᠡᠳᠦᠷᠵᠢᠨ ᠰᠦᠨᠢᠵᠢᠨ ᠣᠷᠬᠢᠯᠣᠨ ᠪᠣᠷᠬᠢᠯᠣᠵᠣ᠂ ᠡᠪᠦᠯ ᠳᠣᠯᠠᠭᠠᠨ ᠵᠣᠨ ᠰᠡᠷᠢᠬᠦᠨ᠂ ᠣᠣᠭᠤᠵᠣ ᠢᠳᠡᠬᠦ ᠣᠬᠢᠶᠠᠬᠤ ᠨᠦᠬᠦᠴᠡᠯ ᠪᠦᠷᠢᠳᠪᠡ᠃ ᠦᠵᠡᠮᠵᠢᠲᠦ ᠣᠷᠣᠨ ᠳᠣᠲᠣᠷ᠎ᠠ ᠢᠬᠴᠢ ᠰᠠᠬᠤᠯᠠᠭ ᠨᠠᠷᠠᠰᠣᠨ ᠣᠢ ᠲᠠᠢ᠂ ᠠᠭᠤᠯᠠ ᠨᠢᠷᠣᠭᠤ ᠨᠠᠭᠤᠷ ᠴᠦᠬᠦᠷᠦᠮ ᠨᠢ ᠬᠠᠷᠢᠯᠴᠠᠨ ᠠᠭᠤᠰᠣᠯᠴᠠᠭᠠᠳ᠂ ᠭᠤᠶᠢᠳᠠ ᠰᠠᠶᠢᠬᠠᠨ ᠦᠩᠭᠡ ᠦᠵᠡᠮᠵᠢ ᠶᠢ ᠪᠦᠷᠢᠯᠳᠦᠭᠦᠯᠵᠦ᠂ ᠣᠨᠴᠠᠭᠠᠶᠢᠯᠠᠨ ᠡᠯᠳᠡᠪ ᠶᠠᠩᠵᠣ ᠶᠢᠨ ᠳᠦᠷᠰᠦ ᠬᠡᠯᠪᠡᠷᠢ ᠲᠠᠢ ᠵᠢᠭᠠᠷᠳᠣ ᠨᠠᠷᠠᠰᠣ ᠨᠢ ᠰᠠᠯᠠᠭ᠎ᠠ ᠨᠠᠮᠠᠭ᠎ᠠ ᠨᠢ ᠢᠬᠴᠣᠷᠣᠬᠰᠠᠨ ᠣᠨᠴᠠ ᠶᠢᠨ ᠦᠵᠡᠮᠵᠢ ᠪᠠᠷ ᠢᠶᠠᠨ ᠬᠦᠮᠦᠰ ᠤᠨ ᠣᠷᠮ᠎ᠠ ᠶᠢ ᠳᠠᠳᠠᠵᠣ ᠰᠡᠳᠬᠢᠯ ᠰᠠᠨᠠᠭ᠎ᠠ ᠶᠢ ᠨᠢ ᠰᠣᠨᠳᠣᠷᠠᠭᠤᠯᠣᠨ᠎ᠠ ᠠᠵᠢ᠂ ᠮᠣᠳᠣᠨ ᠤ ᠰᠠᠯᠠᠭ᠎ᠠ ᠨᠠᠮᠠᠭ᠎ᠠ ᠨᠢ ᠢᠬᠴᠢ ᠰᠠᠬᠤᠯᠠᠭ ᠪᠠᠶᠢᠵᠣ᠂ ᠣᠨᠴᠠᠭᠠᠢ ᠲᠦᠷᠰᠦ ᠪᠠᠶᠢᠳᠠᠯ ᠲᠠᠢ ᠪᠣᠯᠬᠤᠷ ᠬᠦᠮᠦᠰ ᠢ ᠳᠠᠭᠤᠨ ᠠᠯᠳᠠᠭᠤᠯᠣᠮ᠎ᠠ ᠁ ᠵᠣᠨ ᠤ ᠣᠯᠠᠷᠢᠯ ᠤᠨ ᠵᠢᠭᠤᠯᠴᠢᠯᠠᠯ ᠤᠨ ᠦᠢᠯᠡᠰ ᠨᠢ ᠢᠳᠡᠭᠡᠨ ᠣᠮᠳᠠᠭᠠᠨ᠂ ᠵᠤᠭ᠎ᠠ ᠴᠡᠩᠭᠡᠯ᠂ ᠦᠵᠡᠵᠦ ᠰᠣᠨᠢᠷᠬᠠᠬᠤ ᠪᠠᠷ ᠭᠤᠣᠯ ᠪᠣᠯᠭᠠᠵᠣ᠂ ᠷᠠᠰᠢᠶᠠᠨ ᠪᠣᠯᠠᠭ ᠤᠨ ᠳᠡᠷᠭᠡᠳᠡ ᠬᠦᠭᠵᠢᠮᠲᠦ ᠬᠤᠭᠤᠯᠠᠨ ᠲᠢᠩᠬᠢᠮ᠂ ᠡᠸᠥ᠋ᠷᠦᠫᠡ ᠮᠠᠶ᠋ᠢᠭ ᠤᠨ ᠠᠮᠠᠷᠠᠯᠲᠠ  ᠶᠢᠨ ᠭᠠᠵᠠᠷ ᠵᠡᠷᠭᠡ ᠪᠠᠶᠢᠳᠠᠭ᠃ ᠵᠢᠭᠤᠯᠴᠢᠯᠠᠯ ᠤᠨ ᠲᠦᠷᠦᠯ ᠵᠦᠢᠯ ᠳᠤᠨᠢ ᠠᠮᠢᠳᠠᠨ ᠭᠤᠣᠯᠳᠠᠨ ᠢ ᠦᠵᠡᠵᠦ ᠰᠣᠨᠢᠷᠬᠠᠬᠤ᠂ ᠭᠤᠣᠯ ᠳᠤ ᠵᠢᠭᠠᠰᠣ ᠬᠦᠬᠢᠳᠡᠬᠦ᠂ ᠮᠣᠲ᠋ᠣᠷᠳᠣ ᠵᠠᠪᠢ ᠪᠠᠷ ᠵᠣᠭᠠᠴᠠᠨ ᠰᠡᠷᠢᠭᠦᠴᠡᠬᠦ᠂ ᠨᠠᠷᠠᠰᠣᠨ ᠣᠢ  ᠶᠢᠨ ᠦᠵᠡᠮᠵᠢ ᠶᠢ ᠲᠣᠭᠤᠷᠢᠨ ᠦᠵᠡᠬᠦ ᠵᠡᠷᠭᠡ ᠪᠣᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号