ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠠᠢ ᠬᠦᠨᠳᠦ ᠡᠪᠡᠳᠴᠢᠳᠡᠨ ᠢ ᠤᠨᠤᠰᠢᠯᠠᠨ ᠡᠮᠴᠢᠯᠡᠬᠦ ᠲᠤᠰᠬᠠᠢ ᠮᠡᠷᠭᠡᠵᠢᠯᠳᠡᠨ ᠤ ᠳᠤᠭᠤᠢᠢᠯᠠᠩ ᠪᠠᠶᠢᠭᠤᠯᠵᠠᠢ
ᠨᠡᠶᠢᠲᠡᠯᠡᠭᠰᠡᠨ ᠴᠠᠭ᠄
2017/10/26
   ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠠᠢ ᠬᠦᠨᠳᠦ ᠡᠪᠡᠳᠴᠢᠳᠡᠨ ᠢ ᠲᠤᠰᠬᠠᠢ  ᠲᠦᠷᠦᠯ ᠢᠶᠠᠷ ᠠᠪᠤᠷᠠᠨ ᠲᠤᠰᠠᠯᠠᠬᠤ ᠠᠵᠢᠯ ᠢ ᠰᠠᠶᠢᠳᠤᠷ ᠬᠢᠵᠦ᠂ ᠶᠠᠳᠠᠭᠤ ᠬᠦᠴᠢᠷᠳᠡᠯᠳᠠᠢ ᠡᠪᠡᠳᠴᠢᠳᠡᠨ ᠤ  ᠡᠮᠴᠢᠯᠡᠭᠡᠨ ᠤ ᠰᠦᠢᠳᠬᠡᠯ ᠤᠨ ᠳᠠᠷᠤᠭᠠᠰᠦ ᠶᠢ ᠬᠦᠩᠭᠡᠷᠡᠬᠦᠯᠬᠦ ᠶᠢᠨ ᠲᠤᠰᠠᠳᠠ᠂ ᠮᠠᠨ ᠤ ᠤᠷᠤᠨ ᠮᠠᠯᠵᠢᠬᠤ  ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠠᠢ ᠬᠦᠨᠳᠦ ᠡᠪᠡᠳᠴᠢᠳᠡᠨ ᠢ ᠲᠤᠰᠬᠠᠢ ᠲᠦᠷᠦᠯ ᠢᠶᠠᠷ ᠠᠪᠤᠷᠠᠨ  ᠲᠤᠰᠠᠯᠠᠵᠦ ᠤᠨᠤᠰᠢᠯᠠᠨ ᠡᠮᠴᠢᠯᠡᠬᠦ ᠲᠤᠰᠬᠠᠢ ᠮᠡᠷᠭᠡᠵᠢᠯᠳᠡᠨ ᠤ ᠳᠤᠭᠤᠢᠢᠯᠠᠩ ᠪᠠᠶᠢᠭᠤᠯᠵᠠᠢ᠃            ᠤᠢᠢᠯᠠᠭᠠᠭᠰᠠᠨ ᠢᠶᠠᠷ᠂ ᠡᠨᠡᠬᠦ ᠲᠤᠰᠬᠠᠢ ᠮᠡᠷᠭᠡᠵᠢᠯᠳᠡᠨ ᠤ ᠳᠤᠭᠤᠢᠢᠯᠠᠩ ᠢ ᠬᠡᠦᠬᠡᠳ ᠤᠨ ᠴᠢᠰᠦ ᠴᠠᠶᠢᠬᠤ  ᠡᠪᠡᠳᠴᠢᠨ᠂ ᠬᠡᠦᠬᠡᠳ ᠤᠨ ᠲᠦᠷᠦᠯᠬᠢ ᠶᠢᠨ ᠴᠢᠨᠠᠷᠳᠠᠢ ᠵᠢᠷᠦᠭᠡᠨ ᠡᠪᠡᠳᠴᠢᠨ᠂ ᠰᠢᠩᠭᠡᠭᠡᠯᠳᠡ ᠶᠢᠨ ᠰᠢᠰᠲᠧᠮ ᠤᠨ ᠬᠠᠪᠤᠳᠠᠷ ᠤᠨ ᠬᠢᠮᠢ ᠶᠢᠨ ᠡᠮᠴᠢᠯᠡᠭᠡ ᠵᠡᠷᠭᠡ 6 ᠡᠮᠴᠢᠯᠡᠭᠡᠨ ᠤ ᠤᠨᠤᠰᠢᠯᠠᠨ ᠡᠮᠴᠢᠯᠡᠬᠦ ᠲᠤᠰᠬᠠᠢ ᠮᠡᠷᠭᠡᠵᠢᠯᠳᠡᠨ ᠤ ᠳᠤᠭᠤᠢᠢᠯᠠᠩ ᠬᠤᠪᠢᠶᠠᠵᠦ᠂ ᠲᠤᠰᠬᠠᠢ ᠮᠡᠷᠭᠡᠵᠢᠯᠳᠡᠨ ᠤ ᠳᠤᠭᠤᠢᠢᠯᠠᠩ ᠨᠢ ᠳᠤᠭᠤᠢᠢᠯᠠᠩ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠭᠡᠷᠡᠭᠵᠢᠬᠦᠯᠦᠨ᠎ᠡ᠃            ᠲᠤᠰᠬᠠᠢ ᠮᠡᠷᠭᠡᠵᠢᠯᠳᠡᠨ ᠤ ᠳᠤᠭᠤᠢᠢᠯᠠᠩ ᠤᠨ ᠭᠤᠤᠯ ᠡᠬᠦᠷᠬᠡ ᠬᠠᠷᠢᠭᠤᠴᠠᠯᠭ᠎ᠠ ᠨᠢ᠄ ᠤᠯᠤᠰ ᠪᠠ  ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠠᠵᠢᠯ ᠤᠨ ᠱᠠᠭᠠᠷᠳᠠᠯᠭ᠎ᠠ  ᠶᠤᠰᠤᠭᠠᠷ᠂ ᠤᠯᠤᠰ ᠤᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ ᠠᠴᠠ ᠨᠢᠭᠡᠨᠳᠡ ᠨᠡᠶᠢᠳᠡᠯᠡᠭᠰᠡᠨ  ᠬᠤᠯᠪᠤᠭᠳᠠᠯ ᠪᠦᠬᠦᠢ ᠡᠪᠡᠳᠴᠢᠨ ᠡᠮᠭᠡᠭ ᠢ ᠤᠨᠤᠰᠢᠯᠠᠨ ᠡᠮᠴᠢᠯᠡᠬᠦ ᠵᠦᠭᠯᠡᠬᠦᠷ ᠤᠨ ᠳᠦᠷᠢᠮᠵᠢᠯ ᠪᠤᠯᠤᠨ ᠡᠮᠴᠢᠯᠡᠭᠡᠨ ᠤ  ᠠᠷᠭ᠎ᠠ ᠵᠠᠮ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠦ᠂ ︽ᠦᠨᠳᠦᠰᠦ  ᠢᠢ ᠪᠠᠲᠤᠯᠠᠵᠦ᠂ ᠬᠤᠷᠢᠭ᠎ᠠ ᠱᠤᠭᠤᠮ ᠢ ᠰᠠᠬᠢᠬᠤ︾ ᠵᠠᠷᠴᠢᠮ ᠶᠤᠰᠤᠭᠠᠷ᠂ ᠦᠪᠡᠷᠳᠡᠭᠡᠨ ᠵᠠᠰᠠᠬᠤ ᠤᠷᠤᠨ ᠳᠤ  ᠨᠡᠶᠢᠴᠡᠭᠰᠡᠨ ᠤᠨᠤᠰᠢᠯᠠᠨ ᠵᠠᠰᠠᠬᠤ ᠦᠢᠯᠡᠴᠢᠯᠡᠭᠡᠨ ᠤ ᠴᠢᠳᠠᠪᠤᠷᠢ᠂ ᠪᠤᠳᠠᠳᠠᠢ ᠨᠠᠷᠢᠯᠢᠭᠵᠢᠭᠤᠯᠤᠭᠰᠠᠨ ᠤᠨᠤᠰᠢᠯᠠᠨ  ᠡᠮᠴᠢᠯᠡᠬᠦ ᠲᠦᠰᠦᠯ ᠪᠤᠯᠤᠨ ᠡᠮᠴᠢᠯᠡᠭᠡᠨ ᠤ ᠠᠷᠭ᠎ᠠ ᠵᠠᠮ ᠢ ᠰᠤᠳᠤᠯᠵᠦ ᠲᠤᠭᠳᠠᠭᠠᠨ᠎ᠠ︔ ᠦᠪᠡᠷᠳᠡᠭᠡᠨ ᠵᠠᠰᠠᠬᠤ  ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠬᠦᠨᠳᠦ ᠡᠪᠡᠳᠴᠢᠨ ᠢ  ᠲᠤᠰᠬᠠᠢ ᠲᠦᠷᠦᠯ ᠢᠶᠠᠷ ᠠᠪᠤᠷᠠᠨ ᠡᠮᠴᠢᠯᠡᠬᠦ ᠲᠤᠭᠳᠠᠭᠰᠠᠨ ᠴᠢᠭ᠋ ᠤᠨ ᠡᠮᠨᠡᠯᠭᠡ ᠶᠢᠨ ᠬᠤᠷᠢᠶ᠎ᠠ ᠳᠤ ᠮᠡᠷᠭᠡᠵᠢᠯ ᠤᠨ ᠳᠡᠮᠵᠢᠯᠭᠡ ᠪᠤᠯᠤᠨ ᠵᠢᠯᠤᠭᠤᠳᠤᠯᠭ᠎ᠠ ᠬᠠᠩᠭᠠᠨ᠎ᠠ︔ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠠᠢ  ᠬᠦᠮᠦᠨ ᠠᠮᠠ ᠶᠢᠨ ᠬᠦᠨᠳᠦ ᠡᠪᠡᠳᠴᠢᠨ ᠢ ᠲᠤᠰᠬᠠᠢ ᠲᠦᠷᠦᠯ ᠢᠶᠠᠷ ᠠᠪᠤᠷᠠᠨ ᠡᠮᠴᠢᠯᠡᠬᠦ ᠶᠠᠰᠤ ᠴᠢᠨᠠᠷ ᠤᠨ  ᠬᠠᠮᠢᠶᠠᠷᠤᠯᠳᠠ᠂ ᠲᠤᠬᠠᠢᠢᠯᠠᠭᠰᠠᠨ ᠠᠵᠢᠯ ᠤᠨ ᠪᠤᠯᠪᠠᠰᠤᠷᠠᠯ ᠪᠤᠯᠤᠨ ᠬᠢᠨᠠᠨ ᠦᠨᠡᠯᠡᠬᠦ ᠵᠡᠷᠭᠡ ᠠᠵᠢᠯ ᠢ ᠦᠷᠨᠢᠬᠦᠯᠦᠨ᠎ᠡ᠃  
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号