ᠨᠤᠳᠤᠭ ᠲᠠᠭᠠᠨ ᠪᠤᠴᠠᠭᠰᠠᠳ ᠤᠨ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢᠨ ᠳᠤᠬᠠᠢ ᠠᠰᠠᠭᠤᠯᠳᠠ ᠬᠠᠷᠢᠭᠤᠯᠳᠠ
ᠨᠡᠶᠢᠲᠡᠯᠡᠭᠰᠡᠨ ᠴᠠᠭ᠄
2017/10/26
    2016 ᠤᠨ ᠤ 11 ᠰᠠᠷ᠎ᠠ ᠶᠢᠨ 18 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ  ᠲᠢᠩᠬᠢᠮ ︽ᠨᠤᠳᠤᠭ ᠲᠠᠭᠠᠨ ᠪᠤᠴᠠᠭᠰᠠᠳ ᠤᠨ ᠦᠢᠯᠡᠰ ᠪᠤᠰᠬᠠᠨ ᠰᠢᠨ᠎ᠡ ᠶᠢ ᠡᠬᠦᠳᠬᠦ ᠶᠢ ᠲᠡᠮᠵᠢᠵᠦ ᠬᠦᠳᠡᠭᠡ ᠳᠤᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠨᠡᠶᠢᠳᠭᠡᠨ ᠬᠦᠭᠵᠢᠬᠦᠯᠬᠦ ᠶᠢ ᠠᠬᠢᠭᠤᠯᠬᠤ ᠳᠤᠬᠠᠢ ᠰᠠᠨᠠᠯ︾ ᠢ ᠳᠠᠷᠤᠮᠠᠯᠯᠠᠨ ᠳᠠᠷᠬᠠᠭᠠᠭᠰᠠᠨ ᠪᠠᠶᠢᠨ᠎ᠠ᠃ ᠳᠤᠤᠷ᠎ᠠ ᠡᠨᠡᠬᠦ ᠲᠦᠷᠦ ᠶᠢᠨ ᠪᠤᠳᠤᠯᠭ᠎ᠠ ᠶᠢᠨ ᠳᠤᠬᠠᠢ ᠠᠰᠠᠭᠤᠯᠳᠠ ᠬᠠᠷᠢᠭᠤᠯᠳᠠ ᠶᠢ ᠪᠡᠯᠡᠳᠬᠡᠯ᠎ᠠ᠃ ᠯᠠᠪᠯᠠᠯᠳᠠ ᠪᠤᠯᠭᠠᠮᠤ︕             ᠠᠰᠠᠭᠤᠯᠳᠠ᠄ ᠨᠤᠳᠤᠭ ᠲᠠᠭᠠᠨ ᠪᠤᠴᠠᠭᠰᠠᠳ ᠶᠠᠮᠠᠷ ᠠᠵᠢᠯ ᠦᠢᠯᠡᠰ ᠡᠷᠬᠢᠯᠡᠪᠡᠯ ᠵᠤᠬᠢᠰᠳᠠᠢ ᠪᠤᠢ︖             ᠬᠠᠷᠢᠭᠤᠯᠳᠠ᠄ ᠬᠦᠳᠡᠭᠡ ᠨᠤᠳᠤᠭ ᠲᠤ ᠠᠷᠠᠯᠵᠢᠶ᠎ᠠ ᠬᠤᠳᠠᠯᠳᠤᠭ᠎ᠠ ᠡᠷᠬᠢᠯᠡᠭᠦ ᠪᠤᠯᠤᠮᠵᠢ ᠳᠤᠬᠢᠶᠠᠯ ᠤᠯᠠᠨ  ᠪᠠᠶᠢᠳᠠᠭ᠃ ᠨᠤᠳᠤᠭ ᠲᠠᠭᠠᠨ ᠪᠤᠴᠠᠭᠰᠠᠳ ᠦᠪᠡᠷ ᠪᠡᠶ᠎ᠡ ᠶᠢᠨ ᠳᠠᠪᠠᠭᠤᠯᠢᠬ ᠪᠠ ᠦᠪᠡᠷ ᠤᠨ ᠠᠪᠢᠶᠠᠰ ᠴᠢᠳᠠᠪᠤᠷᠢ ᠲᠠᠢ ᠪᠠᠨ ᠤᠶᠠᠯᠳᠤᠭᠤᠯᠤᠨ᠂ ᠵᠠᠬ᠎ᠠ ᠲᠡᠯᠭᠡᠬᠦᠷ ᠤᠨ ᠭᠡᠷᠡᠭᠴᠡᠭᠡ ᠱᠠᠭᠠᠷᠳᠠᠯᠭ᠎ᠠ ᠪᠠ ᠳᠤᠬᠠᠢ ᠶᠢᠨ ᠭᠠᠵᠠᠷ  ᠤᠷᠤᠨ ᠤ ᠪᠠᠨ ᠡᠬᠢ ᠪᠠᠶᠠᠯᠢᠬ ᠤᠨ ᠪᠠᠶᠢᠳᠠᠯ ᠢ ᠦᠨᠳᠦᠰᠦᠯᠡᠨ᠂ ᠰᠢᠨ᠎ᠡ ᠤᠢᠢᠯᠠᠭᠠᠬᠳᠠᠬᠤᠨ᠂ ᠰᠢᠨ᠎ᠡ ᠮᠡᠷᠭᠡᠵᠢᠯ ᠪᠠ  ᠰᠢᠨ᠎ᠡ ᠠᠷᠭ᠎ᠠ ᠵᠠᠮ ᠢ ᠠᠰᠢᠬᠯᠠᠨ ᠬᠦᠳᠡᠭᠡ ᠳᠤᠰᠬᠤᠨ ᠤ ᠡᠬᠢ ᠪᠠᠶᠠᠯᠢᠬ ᠢ ᠨᠡᠭᠡᠭᠡᠵᠦ ᠠᠰᠢᠬᠯᠠᠵᠤ᠂ ᠳᠠᠪᠠᠭᠤᠯᠢᠬ  ᠤᠨᠴᠠᠯᠢᠬᠳᠤ ᠠᠵᠤ ᠦᠢᠯᠡᠰ ᠡᠷᠬᠢᠯᠡᠪᠡᠯ᠂ ᠦᠷ᠎ᠡ ᠠᠰᠢᠬ ᠤᠯᠬᠤ ᠶᠢᠨ ᠵᠡᠷᠭᠡᠪᠡᠷ ᠪᠠᠰᠠ ᠬᠦᠳᠡᠭᠡ ᠳᠤᠰᠬᠤᠨ ᠤ  ᠠᠵᠤ ᠠᠬᠤᠢ ᠶᠢᠨ ᠬᠦᠭᠵᠢᠯᠳᠠ ᠳᠤ ᠬᠤᠪᠢ ᠨᠡᠮᠡᠷᠢ ᠦᠵᠡᠭᠦᠯᠭᠦ ᠪᠤᠯᠤᠨ᠎ᠠ᠃ ᠲᠦᠷᠦᠯ ᠵᠦᠢᠯ ᠢ ᠰᠤᠩᠭᠤᠬᠤ ᠦᠶᠡᠰ  ᠳᠠᠷᠢᠶᠠᠯᠠᠩ ᠤᠨ ᠤᠳᠤᠬᠢᠴᠢᠯᠠᠯᠳᠠ ᠶᠢ ᠠᠬᠢᠭᠤᠯᠬᠤ ᠶᠡᠭᠡ ᠬᠠᠷᠠᠯᠳᠠ ᠲᠠᠢ ᠤᠶᠠᠯᠳᠤᠭᠤᠯᠤᠨ᠂ ᠳᠠᠷᠢᠶᠠᠯᠠᠩ ᠤᠨ  ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠭᠤᠤᠯ ᠰᠢᠵᠢᠮ ᠤᠨ  ᠳᠤᠭᠤᠷᠢᠨ ᠳᠤ ᠠᠵᠢᠯ ᠢᠶᠠᠨ ᠦᠷᠨᠢᠬᠦᠯᠬᠦ ᠭᠡᠷᠡᠭᠳᠡᠢ᠃ ᠵᠠᠬ᠎ᠠ ᠲᠡᠯᠭᠡᠬᠦᠷ ᠤᠨ ᠭᠡᠷᠡᠭᠴᠡᠭᠡ ᠱᠠᠭᠠᠷᠳᠠᠯᠭ᠎ᠠ ᠪᠠᠷ  ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠨ᠂ ᠳᠤᠬᠠᠢ ᠶᠢᠨ ᠭᠠᠵᠠᠷ ᠤᠷᠤᠨ ᠤ ᠪᠠᠨ ᠡᠬᠢ ᠪᠠᠶᠠᠯᠢᠬ ᠤᠨ ᠳᠠᠪᠠᠭᠤᠯᠢᠭ ᠢ ᠦᠪᠡᠷ ᠪᠡᠶ᠎ᠡ ᠶᠢᠨ ᠳᠠᠪᠠᠭᠤᠯᠢᠬ ᠲᠠᠢ ᠪᠠᠨ ᠤᠶᠠᠯᠳᠤᠭᠤᠯᠵᠤ᠂ ᠰᠢᠨ᠎ᠡ ᠨᠢᠭᠡ ᠡᠭᠡᠯᠵᠢ ᠶᠢᠨ ᠳᠠᠪᠠᠭᠤᠯᠢᠬᠳᠤ  ᠳᠠᠷᠢᠶᠠᠯᠠᠩ ᠤᠨ ᠪᠦᠳᠦᠭᠡᠭᠳᠡᠬᠦᠨ ᠤ ᠤᠷᠤᠨ ᠪᠦᠰᠡ ᠶᠢᠨ ᠪᠠᠶᠢᠷᠢᠯᠠᠭᠤᠯᠤᠯᠳᠠ ᠲᠦᠯᠦᠪᠵᠢᠬᠦᠯᠭᠡ ᠪᠠ ᠤᠨᠴᠠᠯᠢᠬᠳᠤ  ᠳᠠᠷᠢᠶᠠᠯᠠᠩ ᠤᠨ ᠪᠦᠳᠦᠭᠡᠭᠳᠡᠬᠦᠨ ᠤ ᠳᠠᠪᠠᠭᠤᠯᠢᠬ ᠭᠠᠷᠤᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠰᠠᠨᠠᠭᠠᠴᠢᠯᠠᠭ᠎ᠠ ᠲᠠᠢ ᠪᠠᠷ ᠵᠤᠯᠭᠠᠭᠤᠯᠬᠤ᠂ ᠳᠠᠷᠢᠶᠠᠯᠠᠩ ᠤᠨ ᠰᠢᠨ᠎ᠡ ᠠᠵᠤ ᠦᠢᠯᠡᠰ ᠪᠠ ᠰᠢᠨ᠎ᠡ ᠦᠢᠯᠡᠰ ᠢ ᠰᠠᠨᠠᠭᠠᠴᠢᠯᠠᠭ᠎ᠠ ᠠᠴᠠ ᠪᠠᠨ ᠵᠤᠯᠭᠠᠭᠤᠯᠬᠤ᠂ ᠬᠦᠳᠡᠭᠡ ᠳᠤᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ  ᠦᠢᠯᠡᠰ ᠢ ᠨᠡᠶᠢᠳᠭᠡᠨ ᠬᠦᠭᠵᠢᠬᠦᠯᠬᠦ ᠶᠢ ᠰᠠᠨᠠᠭᠠᠴᠢᠯᠠᠭ᠎ᠠ ᠲᠠᠢ ᠪᠠᠷ ᠵᠤᠯᠭᠠᠭᠤᠯᠬᠤ ᠵᠡᠷᠭᠡ ︽ᠭᠤᠷᠪᠠ ᠶᠢ  ᠵᠤᠯᠭᠠᠭᠤᠯᠬᠤ︾ ᠳᠠᠯ᠎ᠠ ᠪᠠᠷ ᠢᠯᠡᠬᠦᠭᠡᠨ ᠪᠤᠳᠤᠯᠬᠢᠯᠠᠪᠠᠯ ᠵᠤᠬᠢᠨ᠎ᠠ᠃             ᠠᠰᠠᠭᠤᠯᠳᠠ᠄ ᠨᠤᠳᠤᠭ ᠲᠠᠭᠠᠨ ᠪᠤᠴᠠᠭᠰᠠᠳ ᠭᠡᠷᠬᠢᠨ ᠦᠢᠯᠡᠰ ᠪᠤᠰᠬᠠᠨ ᠰᠢᠨ᠎ᠡ ᠶᠢ ᠡᠬᠦᠳᠬᠦ ᠪᠤᠢ︖             ᠬᠠᠷᠢᠭᠤᠯᠳᠠ᠄ ᠨᠤᠳᠤᠭ ᠲᠠᠭᠠᠨ ᠪᠤᠴᠠᠭᠰᠠᠳ ᠬᠦᠳᠡᠭᠡ ᠳᠤᠰᠬᠤᠨ ᠳᠤ ᠦᠢᠯᠡᠰ ᠪᠤᠰᠬᠠᠨ ᠰᠢᠨ᠎ᠡ ᠶᠢ ᠡᠬᠦᠳᠬᠦ ᠳᠤ ᠡᠷᠭᠡᠪᠰᠢ ᠬᠦᠳᠡᠭᠡ ᠳᠤᠰᠬᠤᠨ ᠤ ᠡᠵᠡᠩᠨᠡᠯᠳᠡ ᠶᠢᠨ ᠪᠦᠳᠦᠴᠡ ᠶᠢᠨ ᠦᠭᠡᠷᠡᠴᠢᠯᠡᠯᠳᠡ ᠶᠢᠨ ᠰᠢᠨ᠎ᠡ ᠶᠢ ᠡᠬᠦᠳᠬᠦ ᠶᠡᠭᠡ ᠴᠢᠭᠯᠡᠯ ᠳᠤ ᠵᠤᠬᠢᠴᠠᠭᠤᠯᠤᠨ᠂ ᠰᠢᠨ᠎ᠡ ᠭᠡᠯᠪᠡᠷᠢ ᠶᠢᠨ ᠲᠤᠰᠬᠠᠢᠢᠵᠢᠵᠤ ᠮᠡᠷᠭᠡᠵᠢᠭᠰᠡᠨ ᠮᠠᠯᠴᠢᠨ  ᠳᠠᠷᠢᠶᠠᠴᠢᠨ ᠢ ᠬᠦᠮᠦᠵᠢᠬᠦᠯᠬᠦ᠂ ᠰᠢᠨ᠎ᠡ ᠭᠡᠯᠪᠡᠷᠢ ᠶᠢᠨ ᠮᠠᠯ ᠠᠵᠦ ᠠᠬᠤᠢ ᠳᠠᠷᠢᠶᠠᠯᠠᠩ ᠤᠨ ᠡᠵᠡᠩᠨᠡᠯᠳᠡ ᠶᠢᠨ  ᠰᠢᠰᠲ᠋ᠧᠮ ᠢ ᠪᠠᠶᠢᠭᠤᠯᠬᠤ᠂ ᠵᠤᠬᠢᠰᠳᠠᠢ ᠭᠡᠪᠴᠢᠶᠡᠵᠢᠬᠦᠯᠦᠭᠰᠡᠨ ᠡᠵᠡᠩᠨᠡᠯᠳᠡ ᠶᠢ ᠠᠬᠢᠭᠤᠯᠬᠤ ᠶᠢ ᠢᠯᠡᠬᠦᠭᠡᠨ  ᠪᠤᠳᠤᠯᠬᠢᠯᠠᠪᠠᠯ ᠵᠤᠬᠢᠨ᠎ᠠ᠃ ᠬᠤᠯᠪᠤᠭᠠᠯᠠᠬᠤ ᠬᠢᠭᠡᠳ ᠬᠠᠮᠳᠤᠷᠠᠯᠴᠠᠬᠤ ᠶᠢ ᠬᠦᠭᠡᠭᠡᠴᠡᠯᠳᠤᠬᠦ ᠠᠴᠠ ᠪᠢᠰᠢ᠂ ︽ ᠭᠠᠭᠴᠠᠭᠠᠷ ᠦᠢᠯᠡᠰ ᠪᠤᠰᠬᠠᠬᠤ︾᠂ ︽ᠬᠤᠪᠢ ᠪᠠᠨ ᠬᠦᠭᠡᠭᠡᠬᠦ︾ ᠭᠡᠯᠪᠡᠷᠢ ᠪᠠᠷ ᠦᠢᠯᠡᠰ ᠪᠤᠰᠬᠠᠨ ᠰᠢᠨ᠎ᠡ ᠶᠢ  ᠡᠬᠦᠳᠬᠦ ᠶᠢ ᠳᠡᠪᠴᠢᠪᠠᠯ ᠵᠤᠬᠢᠨ᠎ᠠ᠃ ᠵᠤᠬᠢᠶᠠᠨ ᠪᠠᠶᠢᠭᠤᠯᠤᠯᠳᠠ ᠶᠢᠨ ᠭᠡᠯᠪᠡᠷᠢ ᠪᠡ ᠡᠵᠡᠩᠨᠡᠯᠳᠡ ᠶᠢᠨ ᠭᠡᠯᠪᠡᠷᠢ ᠶᠢᠨ ᠳᠠᠯ᠎ᠠ ᠪᠠᠷ ᠮᠠᠯᠴᠢᠨ ᠳᠠᠷᠢᠶᠠᠴᠢᠨ ᠲᠠᠢ ᠬᠠᠮᠳᠤᠷᠠᠯᠴᠠᠵᠤ᠂ ᠬᠦᠳᠡᠭᠡ ᠳᠤᠰᠬᠤᠨ ᠤ ᠬᠤᠷᠰᠢᠶᠠᠵᠢᠯ ᠤᠨ ᠵᠤᠬᠢᠶᠠᠨ  ᠪᠠᠶᠢᠭᠤᠯᠤᠯᠳᠠ ᠳᠤ ᠰᠢᠨ᠎ᠠ ᠶᠢ ᠡᠬᠦᠳᠬᠦ ᠪᠤᠶᠤ ᠡᠬᠦᠰᠭᠡᠨ ᠡᠷᠬᠢᠯᠡᠵᠦ ᠪᠤᠯᠤᠨ᠎ᠠ᠃ ᠳᠠᠭᠠᠭᠠᠴᠢᠯᠠᠬᠤ᠂ ᠲᠦᠷᠢᠶᠡᠰᠦᠯᠡᠬᠦ᠂  ᠬᠤᠪᠢ ᠤᠷᠤᠬᠤ ᠵᠡᠷᠭᠡ ᠭᠡᠯᠪᠡᠷᠢ ᠪᠠᠷ ᠦᠪᠡᠷ ᠢ ᠪᠠᠨ ᠪᠠᠶᠠᠵᠢᠭᠤᠯᠬᠤ ᠶᠢᠨ ᠵᠡᠷᠭᠡᠪᠡᠷ ᠨᠡᠩ ᠤᠯᠠᠨ ᠳᠠᠷᠢᠶᠠᠴᠢᠨ ᠢ ᠴᠤ  ᠪᠠᠶᠠᠵᠢᠭᠤᠯᠪᠠᠯ ᠵᠤᠬᠢᠨ᠎ᠠ︔ ᠬᠦᠳᠡᠭᠡ ᠳᠤᠰᠬᠤᠨ ᠤ ᠡᠯᠧᠺᠳ᠋ᠷᠤᠨ ᠬᠤᠳᠠᠯᠳᠤᠭᠠᠨ ᠤ ᠳᠠᠪᠴᠠᠩ ᠢ ᠠᠰᠢᠬᠯᠠᠨ᠂  ᠰᠦᠯᠵᠢᠶᠡᠨ ᠲᠡᠭᠡᠷ᠎ᠡ ᠦᠢᠯᠡᠰ ᠪᠤᠰᠬᠠᠵᠤ ᠪᠤᠯᠤᠨ᠎ᠠ︔ ᠪᠤᠰᠤᠳ ᠬᠦᠳᠡᠭᠡ ᠳᠤᠰᠬᠤᠨ ᠤ ᠡᠵᠡᠩᠨᠡᠯᠳᠡ ᠶᠢᠨ ᠭᠤᠤᠯ  ᠴᠤᠭᠴᠠ ︵ᠠᠵᠤ ᠠᠬᠤᠢᠢᠯᠠᠯ᠂ ᠳᠤᠰᠬᠤᠨ ᠤ ᠬᠠᠮᠳᠤ᠂ ᠲᠤᠰᠬᠠᠢ ᠬᠤᠷᠰᠢᠶ᠎ᠠ ᠪᠠᠭᠳᠠᠨ᠎ᠠ︶ ᠲᠠᠢ ᠬᠠᠮᠳᠤᠷᠠᠯᠴᠠᠨ᠂  ᠳᠠᠷᠢᠶᠠᠯᠠᠩ ᠤᠨ ᠠᠵᠤ ᠠᠬᠤᠢᠢᠯᠠᠯ ᠪᠠ ᠡᠯ᠎ᠡ ᠲᠦᠷᠦᠯ ᠤᠨ ᠬᠠᠮᠢᠶ᠎ᠠ ᠪᠦᠬᠦᠢ ᠠᠵᠤ ᠦᠢᠯᠡᠰ ᠢ ᠡᠷᠬᠢᠯᠡᠵᠦ᠂ ᠰᠢᠨ᠎ᠡ  ᠠᠵᠤ ᠦᠢᠯᠡᠰ ᠰᠢᠨ᠎ᠡ ᠦᠢᠯᠡᠰ ᠤᠨ ᠪᠠᠶᠢᠳᠠᠯ ᠰᠢᠨ᠎ᠡ ᠭᠡᠪ ᠵᠠᠬᠪᠤᠷ ᠤᠨ ᠳᠠᠭᠠᠭᠤᠯᠤᠭᠴᠢ ᠪᠤᠯᠵᠤ ᠪᠤᠯᠤᠨ᠎ᠠ︔ ᠪᠠᠰᠠ  ᠰᠦᠯᠵᠢᠶᠡᠨ ᠲᠡᠭᠡᠷ᠎ᠡ ᠡᠵᠡᠩᠨᠡᠨ ᠪᠤᠷᠤᠯᠠᠭᠤᠯᠬᠤ ᠪᠠᠷ ᠳᠠᠮᠵᠢᠭᠤᠯᠤᠨ᠂ ᠤᠨᠴᠠᠯᠢᠬᠳᠤ ᠲᠦᠷᠦᠯ ᠲᠡᠮᠳᠡᠭ ᠡᠬᠦᠳᠬᠦ ᠭᠡᠭᠦ  ᠮᠡᠳᠤ ᠪᠠᠷ ᠵᠠᠬ᠎ᠠ ᠲᠡᠯᠭᠡᠬᠦᠷ ᠨᠡᠭᠡᠭᠡᠵᠦ᠂ ᠦᠢᠯᠡᠰ ᠪᠤᠰᠬᠠᠨ ᠰᠢᠨ᠎ᠡ ᠶᠢ ᠡᠬᠦᠳᠬᠦ ᠠᠰᠢᠭ ᠲᠤᠰᠠ ᠶᠢᠨ ᠬᠤᠯᠪᠤᠭᠠᠨ ᠤ  ᠴᠤᠭᠴᠠ ᠶᠢ ᠪᠦᠷᠢᠯᠳᠦᠬᠦᠯᠵᠦ ᠪᠤᠯᠤᠨ᠎ᠠ᠃             ᠠᠰᠠᠭᠤᠯᠳᠠ᠄ ᠨᠤᠳᠤᠭ ᠲᠠᠭᠠᠨ ᠪᠤᠴᠠᠭᠰᠠᠳ ᠦᠢᠯᠡᠰ ᠪᠤᠰᠬᠠᠬᠤ ᠳᠤ ᠪᠦᠷᠢᠳᠭᠡᠨ ᠳᠠᠩᠰᠠᠯᠠᠭᠤᠯᠬᠤ  ᠠᠵᠢᠯ ᠢ ᠶᠠᠭᠠᠬᠢᠵᠦ ᠬᠢᠬᠦ ᠪᠤᠢ︖             ᠬᠠᠷᠢᠭᠤᠯᠳᠠ᠄ ᠤᠳᠤᠬᠠᠨ ᠳᠤ ᠡᠯ᠎ᠡ ᠭᠠᠵᠠᠷ ᠤᠨ ᠬᠢᠨ ᠶᠠᠬ ᠰᠠᠶᠢᠬᠠᠨ ᠳᠠᠩᠰᠠᠯᠠᠭᠤᠯᠬᠤ ᠬᠦᠷᠦᠩᠭᠡ ᠶᠢ  ᠦᠨᠡᠯᠡᠨ ᠳᠠᠩᠰᠠᠯᠠᠬᠤ ᠪᠠ ︽ᠤᠷᠢᠳᠠᠪᠠᠷ ᠰᠡᠬᠦᠳᠡᠷᠯᠡᠵᠦ ᠳᠠᠷᠠᠭ᠎ᠠ ᠳᠤᠨᠢ ᠦᠨᠡᠮᠯᠡᠯ ᠤᠯᠭᠤᠬᠤ︾  ᠦᠭᠡᠷᠡᠴᠢᠯᠡᠯᠳᠡ ᠶᠢ ᠨᠡᠶᠢᠳᠠᠪᠤᠷᠢᠵᠢᠭᠤᠯᠵᠤ᠂ ᠤᠳᠤ ᠶᠢᠨ ᠪᠠᠶᠢᠭ᠎ᠠ ︽ᠭᠤᠷᠪᠠᠨ ᠦᠨᠡᠮᠯᠡᠯ ᠢ ᠨᠢᠭᠡᠳᠦᠬᠦᠯᠦᠭᠰᠡᠨ︾  ᠪᠦᠷᠢᠳᠭᠡᠨ ᠳᠠᠩᠰᠠᠯᠠᠬᠤ ᠲᠦᠷᠢᠮ ᠤᠨ ᠦᠭᠡᠷᠡᠴᠢᠯᠡᠯᠳᠡ ᠶᠢᠨ ᠦᠷ᠎ᠡ ᠪᠦᠳᠦᠭᠡᠯ ᠤᠨ ᠰᠠᠭᠤᠷᠢᠨ ᠲᠡᠭᠡᠷ᠎ᠡ ︽ᠳᠠᠪᠤᠨ  ᠦᠨᠡᠮᠯᠡᠯ ᠢ ᠨᠢᠭᠡᠳᠦᠬᠦᠯᠬᠦ᠂ ᠨᠢᠭᠡ ᠰᠡᠬᠦᠳᠡᠷ ᠢ ᠨᠢᠭᠡ ᠳ᠋ᠤᠭᠠᠷᠯᠠᠬᠤ︾ ᠳᠠᠩᠰᠠᠯᠠᠬᠤ ᠲᠦᠷᠢᠮ ᠤᠨ ᠦᠭᠡᠷᠡᠴᠢᠯᠡᠯᠳᠡ ᠶᠢ  ᠬᠦᠴᠦᠯᠡᠨ ᠠᠬᠢᠭᠤᠯᠵᠤ ᠪᠤᠢ᠃ ᠭᠤᠷᠪᠠᠨ ᠦᠨᠡᠮᠯᠡᠯ ᠢ ᠨᠢᠭᠡᠳᠦᠬᠦᠯᠬᠦ ᠭᠡᠳᠡᠭ ᠨᠢ ᠡᠵᠡᠩᠨᠡᠯᠳᠡ ᠶᠢᠨ ᠦᠨᠡᠮᠯᠡᠯ᠂  ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠤᠷᠤᠯᠠᠬᠤ ᠳ᠋ᠤᠭᠠᠷ ᠤᠨ ᠦᠨᠡᠮᠯᠡᠯ ᠪᠠ ᠭᠠᠶᠢᠯᠢ  ᠳᠠᠩᠰᠠᠯᠠᠭᠤᠯᠤᠭᠰᠠᠨ ᠦᠨᠡᠮᠯᠡᠯ ᠢ ᠨᠢᠭᠡᠳᠦᠬᠦᠯᠬᠦ ᠶᠢ ᠵᠢᠭᠠᠵᠤ ᠪᠤᠢ᠃ ᠳᠠᠪᠤᠨ ᠦᠨᠡᠮᠯᠡᠯ ᠢ ᠨᠢᠭᠡᠳᠦᠬᠦᠯᠬᠦ ᠭᠡᠳᠡᠭ ᠨᠢ  ᠡᠵᠡᠩᠨᠡᠯᠳᠡ ᠶᠢᠨ ᠦᠨᠡᠮᠯᠡᠯ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠤᠷᠤᠯᠠᠬᠤ ᠳ᠋ᠤᠭᠠᠷ ᠤᠨ ᠦᠨᠡᠮᠯᠡᠯ᠂  ᠭᠠᠶᠢᠯᠢ ᠳᠠᠩᠰᠠᠯᠠᠭᠤᠯᠤᠭᠰᠠᠨ ᠦᠨᠡᠮᠯᠡᠯ᠂ ᠨᠡᠶᠢᠭᠡᠮ ᠤᠨ ᠳᠠᠭᠠᠳᠬᠠᠯ ᠢ ᠳᠠᠩᠰᠠᠯᠠᠭᠤᠯᠤᠭᠰᠠᠨ ᠦᠨᠡᠮᠯᠡᠯ ᠪᠠ  ᠪᠦᠷᠢᠳᠭᠡᠨ ᠳᠠᠩᠰᠠᠯᠠᠭᠤᠯᠤᠭᠰᠠᠨ ᠦᠨᠡᠮᠯᠡᠯ ᠢ ᠵᠢᠭᠠᠵᠤ ᠪᠤᠢ᠃ ᠨᠢᠭᠡ ᠰᠡᠬᠦᠳᠡᠷ ᠢ ᠨᠢᠭᠡ ᠳ᠋ᠤᠭᠠᠷᠯᠠᠬᠤ ᠭᠡᠳᠡᠭ ᠨᠢ ︽ ᠨᠢᠭᠡᠯᠡ ᠲᠡᠭᠡᠷ᠎ᠡ ᠬᠦᠯᠢᠶᠡᠨ ᠠᠪᠬᠤ᠂ ᠬᠠᠮᠳᠤᠷᠠᠨ ᠬᠤᠯᠪᠤᠭᠠᠯᠠᠵᠤ ᠬᠢᠨᠠᠨ ᠵᠦᠪᠰᠢᠶᠡᠷᠡᠬᠦ᠂ ᠮᠡᠳᠡᠭᠡ ᠵᠠᠩᠬᠢ ᠶᠢ  ᠬᠠᠮᠳᠤᠪᠠᠷ ᠡᠳ᠋ᠯᠡᠬᠦ᠂ ᠦᠷ᠎ᠡ ᠳ᠋ᠦᠩ ᠢ ᠬᠠᠷᠢᠯᠴᠠᠨ ᠮᠡᠳᠡᠷᠡᠬᠦ︾ ᠶᠢ ᠵᠢᠭᠠᠵᠤ᠂ ᠤᠤᠯ ᠤᠨ ᠭᠤᠷᠪᠠᠨ ᠰᠠᠯᠠᠭ᠎ᠠ  ᠮᠦᠴᠢᠷ ︵ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ ᠰᠢᠯᠭᠠᠨ ᠪᠠᠶᠢᠴᠠᠭᠠᠯᠳᠠ᠂ ᠭᠠᠶᠢᠯᠢ ᠶᠢᠨ ᠶᠠᠪᠤᠳᠠᠯ︶  ᠳᠤᠰ ᠳᠤᠰ ᠲᠠᠭᠠᠨ ᠬᠠᠷᠭᠤᠭᠤᠯᠤᠨ ᠳᠠᠷᠬᠠᠭᠠᠵᠤ ᠪᠠᠶᠢᠬᠰᠠᠨ ᠠᠳᠠᠯᠢ ᠪᠤᠰᠤ ᠦᠨᠡᠮᠯᠡᠯ ᠢ ᠦᠢᠯᠡᠳᠪᠦᠷᠢ  ᠬᠤᠳᠠᠯᠳᠤᠭᠠᠨ ᠤ ᠰᠠᠯᠠᠭ᠎ᠠ ᠮᠦᠴᠢᠷ ᠠᠴᠠ ᠬᠠᠤᠯᠢ ᠶᠢᠨ ᠲᠦᠯᠦᠭᠡᠨ ᠤ ᠬᠦᠮᠦᠨ ᠪᠠ ᠪᠤᠰᠤᠳ ᠵᠤᠬᠢᠶᠠᠨ  ᠪᠠᠶᠢᠭᠤᠯᠤᠯᠳᠠ ᠶᠢ ᠨᠢᠭᠡᠳᠦᠬᠦᠯᠦᠭᠰᠡᠨ ᠨᠡᠶᠢᠭᠡᠮ ᠤᠨ ᠢᠳᠡᠭᠡᠮᠵᠢ ᠶᠢᠨ ᠤᠷᠤᠯᠠᠬᠤ ᠳ᠋ᠤᠭᠠᠷᠳᠤ ᠡᠵᠡᠩᠨᠡᠯᠳᠡ ᠶᠢᠨ  ᠦᠨᠡᠮᠯᠡᠯ ᠢ ᠰᠢᠭᠤᠳ ᠬᠠᠷᠭᠤᠭᠤᠯᠤᠨ ᠳᠠᠷᠬᠠᠭᠠᠬᠤ ᠶᠢᠨ ᠬᠠᠮᠳᠤ ᠬᠦᠯᠢᠶᠡᠨ ᠠᠪᠴᠤ ᠤᠯᠭᠤᠬᠤ ᠬᠤᠭᠤᠴᠠᠭ᠎ᠠ ᠶᠢ 8  ᠡᠳᠦᠷ ᠠᠴᠠ ᠪᠤᠭᠤᠨᠢᠰᠬᠠᠭᠠᠳ 3 ᠡᠳᠦᠷ ᠪᠤᠯᠭᠠᠪᠠ᠃ ᠡᠩ ᠲᠡᠷᠢᠬᠦᠨ ᠳᠤ᠂ ᠬᠤᠰᠢᠭᠤ ᠰᠢᠶᠠᠨ ᠤ ᠨᠤᠳᠤᠭ ᠲᠠᠭᠠᠨ  ᠪᠤᠴᠠᠵᠤ ᠦᠢᠯᠡᠰ ᠪᠤᠰᠬᠠᠬᠤ ︽ᠰᠠᠭᠠᠳ ᠦᠭᠡᠢ ᠨᠡᠪᠳᠡᠷᠡᠬᠦ ᠵᠠᠮ︾ ᠢᠶᠠᠷ ᠪᠦᠷᠢᠳᠭᠡᠨ ᠳᠠᠩᠰᠠᠯᠠᠭᠤᠯᠬᠤ ᠵᠡᠷᠭᠡ ᠡᠮᠬᠢ  ᠲᠢᠭᠯᠢᠮ ᠤᠨ ᠲᠦᠬᠦᠮ ᠦᠢᠯᠡᠴᠢᠯᠡᠭᠡ ᠶᠢ ᠬᠦᠷᠲᠡᠵᠦ ᠪᠤᠯᠤᠨ᠎ᠠ᠃ ᠭᠡᠷᠪᠡ ᠦᠢᠯᠡᠰ ᠪᠤᠰᠬᠠᠬᠤ ᠬᠦᠷᠢᠶᠡᠯᠡᠩ ᠳᠤ  ᠦᠢᠯᠡᠰ ᠪᠤᠰᠬᠠᠪᠠᠯ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠦᠴᠢᠷ ᠤᠨ ᠬᠦᠷᠢᠶᠡᠯᠡᠩ ᠳᠤ ᠰᠢᠭᠤᠳ ᠢᠷᠡᠵᠦ  ᠦᠨᠡᠮᠯᠡᠯ ᠢ ᠲᠦᠪᠯᠡᠷᠡᠩᠬᠦᠢ ᠳᠠᠷᠬᠠᠭᠠᠬᠤ ᠵᠡᠷᠭᠡ ᠦᠢᠯᠡᠴᠢᠯᠡᠭᠡ ᠶᠢ ᠡᠳ᠋ᠯᠡᠨ᠂ ᠪᠠᠰᠠ ᠲᠦᠷᠦ ᠶᠢᠨ ᠪᠤᠳᠤᠯᠭ᠎ᠠ ᠶᠢᠨ  ᠵᠦᠪᠯᠡᠯᠭᠡ᠂ ᠦᠢᠯᠡᠰ ᠪᠤᠰᠬᠠᠬᠤ ᠵᠢᠯᠤᠭᠤᠳᠤᠯᠭ᠎ᠠ ᠵᠡᠷᠭᠡ ᠦᠢᠯᠡᠴᠢᠯᠡᠭᠡ ᠶᠢ ᠭᠤᠶᠤᠴᠢᠯᠠᠵᠤ ᠪᠤᠯᠤᠨ᠎ᠠ᠃  ᠳᠠᠷᠠᠭᠠᠯᠠᠪᠠᠯ᠂ ︽ᠳᠠᠪᠤᠨ ᠦᠨᠡᠮᠯᠡᠯ ᠢ ᠨᠢᠭᠡᠳᠦᠬᠦᠯᠬᠦ︾ ᠪᠠ ︽ᠨᠢᠭᠡ ᠰᠡᠬᠦᠳᠡᠷ ᠢ ᠨᠢᠭᠡ ᠳ᠋ᠤᠭᠠᠷᠯᠠᠬᠤ︾  ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠤᠯᠤᠨ᠎ᠠ᠃              ᠠᠰᠠᠭᠤᠯᠳᠠ᠄ ᠨᠤᠳᠤᠭ ᠲᠠᠭᠠᠨ ᠪᠤᠴᠠᠭᠰᠠᠳ ᠦᠢᠯᠡᠰ ᠪᠤᠰᠬᠠᠨ ᠰᠢᠨ᠎ᠡ ᠶᠢ ᠡᠬᠦᠳᠬᠦ ᠳᠤ ᠵᠢᠭᠡᠯᠡᠯᠭᠡ  ᠠᠪᠴᠤ ᠪᠤᠯᠬᠤ ᠤᠤ︖            ᠬᠠᠷᠢᠭᠤᠯᠳᠠ᠄ ᠬᠦᠳᠡᠭᠡ ᠳᠤᠰᠬᠤᠨ ᠳᠤ ᠬᠦᠷᠴᠦ ᠦᠢᠯᠡᠰ ᠪᠤᠰᠬᠠᠬᠤ ᠶᠢᠨ ᠬᠠᠮᠤᠬ ᠤᠨ ᠶᠡᠭᠡ  ᠬᠦᠴᠢᠷᠳᠡᠯ ᠤᠨ ᠨᠢᠭᠡ ᠨᠢ ᠪᠡᠯᠡ ᠴᠤᠭᠯᠠᠭᠤᠯᠬᠤ ᠶᠠᠪᠤᠳᠠᠯ ᠪᠤᠯᠤᠨ᠎ᠠ᠃ ᠦᠩᠭᠡᠷᠡᠭᠰᠡᠨ ᠳᠤ᠂ ᠪᠠᠩᠬᠢ ᠶᠢᠨ  ᠳᠠᠯ᠎ᠠ ᠠᠴᠠ ᠨᠤᠳᠤᠭ ᠲᠠᠭᠠᠨ ᠪᠤᠴᠠᠭᠰᠠᠳ ᠲᠤ ᠵᠢᠭᠡᠯᠡᠯᠭᠡ ᠦᠭᠬᠦ ᠳᠤᠷ᠎ᠠ ᠦᠭᠡᠢ ᠪᠠᠶᠢᠳᠠᠭ ᠤᠨ ᠬᠠᠮᠤᠬ ᠤᠨ  ᠴᠢᠬᠤᠯᠠ ᠰᠢᠯᠳᠠᠭᠠᠨ ᠨᠢ ᠪᠠᠷᠢᠴᠠᠭᠠᠯᠠᠬᠤ ᠶᠠᠭᠤᠮ᠎ᠠ ᠪᠠᠶᠢᠬᠤ ᠦᠭᠡᠢ ᠳᠤ ᠪᠠᠶᠢᠵᠠᠢ᠃ ᠤᠳᠤ᠂ ᠳᠠᠷᠢᠶᠠᠯᠠᠩ ᠤᠨ  ᠳᠤᠨᠤᠭ ᠲᠦᠬᠦᠭᠡᠷᠦᠮᠵᠢ᠂ ᠳᠠᠷᠢᠶᠠᠯᠠᠩ ᠤᠨ ᠮᠠᠰᠢᠨ ᠮᠧᠬᠠᠨᠢᠬ ᠵᠡᠷᠭᠡ ᠳᠠᠭᠠᠭᠠᠴᠢᠯᠠᠨ ᠡᠵᠡᠩᠨᠡᠬᠦ ᠭᠠᠵᠠᠷ ᠰᠢᠷᠤᠢ ᠪᠤᠶᠤ ᠡᠵᠡᠩᠨᠡᠯᠳᠠ ᠶᠢᠨ ᠡᠷᠭᠡ ᠶᠢ ᠰᠢᠯᠵᠢᠭᠦᠯᠤᠨ ᠠᠪᠤᠬᠰᠡᠨ ᠭᠠᠵᠠᠷ ᠰᠢᠷᠤᠢ ᠶᠢᠨ ᠡᠵᠡᠩᠨᠡᠯᠳᠠ ᠶᠢᠨ ᠡᠷᠭᠡ ᠪᠠᠨ  ᠪᠠᠷᠢᠴᠠᠭᠠᠯᠡᠨ ᠪᠠᠩᠬᠢ ᠠᠴᠠ ᠵᠢᠭᠡᠯᠡᠯᠭᠡ ᠠᠪᠴᠤ ᠪᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ  ᠲᠢᠩᠬᠢᠮ ᠠᠴᠠ᠂ ᠤᠶᠤᠳᠠᠨ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠳ᠂ ᠵᠠᠯᠠᠭᠤᠴᠤᠳ᠂  ᠡᠮᠡᠭᠳᠡᠶᠢᠴᠤᠳ ᠤᠨ ᠦᠢᠯᠡᠰ ᠪᠤᠰᠬᠠᠬᠤ ᠳᠤ ᠡᠳ᠋ ᠤᠨ ᠵᠠᠰᠠᠭ ᠠᠴᠠ ᠲᠦᠷᠦ ᠶᠢᠨ ᠪᠤᠳᠤᠯᠭ᠎ᠠ ᠶᠢᠨ ᠲᠡᠮᠵᠢᠯᠭᠡ  ᠦᠵᠡᠬᠦᠯᠬᠦ ᠶᠢ ᠳᠤᠳᠤᠷᠬᠠᠢ ᠵᠢᠭᠠᠨ ᠭᠠᠷᠭᠠᠵᠤ᠂ ᠨᠤᠳᠤᠭ ᠲᠠᠭᠠᠨ ᠪᠤᠴᠠᠭᠰᠠᠨ ᠬᠦᠮᠦᠰ ᠤᠨ ᠦᠢᠯᠡᠰ ᠪᠤᠰᠬᠠᠨ ᠰᠢᠨ᠎ᠡ ᠶᠢ ᠡᠬᠦᠳᠬᠦ ᠶᠢ ᠪᠦᠷᠬᠦᠬᠦᠯᠬᠦ ᠭᠡᠷᠡᠭᠳᠡᠢ ᠬᠡᠵᠠᠢ᠃ ᠨᠤᠳᠤᠭ ᠲᠠᠭᠠᠨ ᠪᠤᠴᠠᠬᠰᠠᠳ ᠠᠴᠠ ᠲᠠᠷᠢᠶᠠᠯᠠᠩ ᠤᠨ  ᠬᠡᠪᠴᠢᠶᠡᠵᠢᠬᠦᠯᠤᠨ ᠡᠵᠡᠩᠨᠡᠬᠦ ᠵᠢᠭᠡᠯᠡᠯᠭᠡ ᠶᠢᠨ ᠮᠦᠡᠭᠭᠦ ᠶᠢ ᠤᠯᠤᠰ ᠤᠨ ᠲᠠᠷᠢᠶᠠᠯᠠᠩ ᠤᠨ ᠢᠳᠡᠭᠡᠮᠵᠢᠳᠤ  ᠵᠢᠭᠡᠯᠡᠯᠭᠡ ᠶᠢᠨ ᠪᠠᠳᠤᠯᠠᠪᠤᠷᠢ ᠶᠢᠨ ᠰᠢᠰᠲ᠋ᠧᠮ ᠳᠤ ᠤᠷᠤᠭᠤᠯᠤᠨ᠎ᠠ ᠬᠡᠪᠠ᠃  
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号