ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢ ᠦᠵᠡᠯ ᠰᠠᠨᠠᠭ᠎ᠠ ᠪᠠᠷ ᠬᠦᠲᠦᠯᠦᠨ ᠵᠢᠯᠣᠭᠤᠳᠬᠤ ᠣᠬᠠᠭᠤᠯᠣᠨ ᠳᠠᠶᠢᠴᠢᠯᠠᠬᠤ ᠳᠣᠭᠤᠶᠢᠯᠠᠩ ᠠᠵᠢᠯ ᠢᠶᠠᠨ ᠲᠦᠯᠬᠢᠨ ᠠᠬᠢᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2017/10/26
    9 ᠰᠠᠷ᠎ᠠ ᠶᠢᠨ 15 ᠤ ᠡᠳᠦᠷ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢ ᠦᠵᠡᠯ ᠰᠠᠨᠠᠭ᠎ᠠ ᠪᠠᠷ ᠬᠦᠲᠦᠯᠦᠨ ᠵᠢᠯᠣᠭᠤᠳᠬᠤ ᠣᠬᠠᠭᠤᠯᠣᠨ ᠳᠠᠶᠢᠴᠢᠯᠠᠬᠤ ᠳᠣᠭᠤᠶᠢᠯᠠᠩ ᠠᠵᠢᠯ ᠢᠶᠠᠨ ᠲᠦᠯᠬᠢᠨ ᠠᠬᠢᠭᠤᠯᠬᠤ ᠬᠤᠷᠠᠯ ᠬᠤᠷᠠᠯᠳᠣᠭᠤᠯᠵᠣ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢ ᠵᠢᠯᠣᠭᠤᠳᠬᠤ ᠭᠠᠵᠠᠷ ᠤᠨ ᠦᠵᠡᠯ ᠰᠠᠨᠠᠭ᠎ᠠ ᠪᠠᠷ  ᠵᠢᠯᠣᠭᠤᠳᠣᠨ ᠣᠬᠠᠭᠤᠯᠣᠨ ᠳᠠᠶᠢᠴᠢᠯᠠᠬᠤ ᠠᠵᠢᠯ ᠢ ᠲᠦᠯᠬᠢᠨ ᠠᠬᠢᠭᠤᠯᠬᠤ ᠳᠣᠭᠤᠶᠢᠯᠠᠩ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠬᠡᠰᠢᠭᠦᠨ᠂ ᠣᠬᠠᠭᠤᠯᠬᠤ ᠬᠡᠯᠳᠡᠰ ᠤᠨ ᠳᠠᠷᠤᠭ᠎ᠠ ᠰᠣᠶᠣᠯ ᠵᠢᠴᠢ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢ ᠦᠵᠡᠯ ᠰᠠᠨᠠᠭ᠎ᠠ ᠪᠠᠷ ᠬᠦᠲᠦᠯᠦᠨ ᠵᠢᠯᠣᠭᠤᠳᠬᠤ ᠣᠬᠠᠭᠤᠯᠣᠨ ᠳᠠᠶᠢᠴᠢᠯᠠᠬᠤ ᠳᠣᠭᠤᠶᠢᠯᠠᠩ ᠤᠨ ᠬᠠᠮᠢᠶ᠎ᠠ ᠪᠦᠬᠦᠢ ᠬᠡᠰᠢᠭᠦᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠡᠯ᠎ᠡ ᠰᠣᠮᠣ ᠰᠢᠶᠠᠩ ᠪᠠᠯᠭᠠᠰᠣ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠶᠠᠳᠠᠭᠤ  ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢᠨ ᠣᠬᠠᠭᠤᠯᠬᠤ ᠠᠵᠢᠯ ᠤᠨ ᠲᠣᠬᠠᠢ ᠬᠠᠷᠢᠭᠤ ᠮᠡᠳᠡᠭᠦᠯᠦᠯᠲᠡ ᠬᠢᠪᠡ᠃     ᠰᠣᠶᠣᠯ ᠵᠢᠭᠠᠵᠣ ᠭᠠᠷᠭᠠᠭᠰᠠᠨ ᠨᠢ᠂ ᠦᠵᠡᠯ ᠰᠠᠨᠠᠭ᠎ᠠ ᠪᠠᠷ ᠬᠦᠲᠦᠯᠦᠨ ᠵᠢᠯᠣᠭᠤᠳᠬᠤ ᠣᠬᠠᠭᠤᠯᠣᠨ ᠳᠠᠶᠢᠴᠢᠯᠠᠬᠤ ᠠᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠬᠢᠬᠦ ᠶᠡᠭᠡ ᠲᠠᠯ᠎ᠠ ᠶᠢᠨ ᠴᠢᠬᠤᠯᠠ ᠨᠢᠭᠡᠨ ᠠᠭᠤᠯᠭ᠎ᠠ᠂ ᠮᠦᠴᠦ ᠲᠣᠭᠲᠠᠭᠰᠠᠨ ᠬᠤᠭᠤᠴᠠᠭᠠᠨ ᠳᠤ ᠠᠷᠠᠳ ᠣᠯᠠᠨ ᠢ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠶᠢ ᠪᠡᠶᠡᠯᠡᠬᠦᠯᠬᠦ ᠶᠢᠨ ᠴᠢᠬᠤᠯᠠ ᠪᠠᠳᠣᠯᠠᠭ᠎ᠠ ᠪᠣᠯᠣᠨ᠎ᠠ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢᠨ ᠣᠬᠠᠭᠤᠯᠬᠤ ᠠᠵᠢᠯ ᠢ ᠰᠠᠶᠢᠳᠣᠷ ᠬᠢᠬᠦ ᠨᠢ ᠨᠠᠮ ᠪᠠ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠬᠤ ᠶᠢᠨ ᠪᠦᠲᠦᠮᠵᠢᠲᠡᠢ ᠠᠷᠭ᠎ᠠ ᠵᠠᠮ᠂ ᠶᠠᠳᠠᠭᠤ ᠠᠴᠠ ᠠᠩᠬᠢᠵᠢᠷᠠᠭᠤᠯᠬᠤ ᠶᠢ ᠪᠦᠬᠦ ᠨᠡᠶᠢᠭᠡᠮ ᠢᠶᠠᠷ  ᠢᠶᠠᠨ ᠣᠶᠢᠯᠠᠭᠠᠬᠤ᠂ ᠪᠦᠬᠦ ᠨᠡᠶᠢᠭᠡᠮ ᠢᠶᠠᠷ ᠢᠶᠠᠨ ᠣᠷᠣᠯᠴᠠᠬᠤ ᠶᠢ ᠠᠬᠢᠭᠤᠯᠬᠤ ᠶᠢᠨ ᠴᠢᠬᠤᠯᠠ ᠠᠷᠭ᠎ᠠ ᠪᠠᠷᠢᠯ᠂ ᠨᠡᠶᠢᠭᠡᠮ ᠤᠨ ᠶᠠᠳᠠᠭᠤ ᠶᠢ ᠲᠡᠳᠬᠦᠬᠦ ᠡᠬᠢ ᠪᠠᠶᠠᠯᠢᠭ ᠢ ᠲᠦᠪᠯᠡᠷᠡᠭᠦᠯᠬᠦ ᠶᠢᠨ ᠴᠢᠬᠤᠯᠠ ᠭᠠᠷᠳᠠᠴᠠ᠂ ᠮᠦᠨᠴᠦ ᠨᠠᠮ  ᠤᠨ ᠬᠡᠰᠢᠬᠦᠨ ᠺᠠᠳ᠋ᠷᠴᠣᠳ ᠤᠨ ᠠᠷᠠᠳ ᠣᠯᠠᠨ ᠤ ᠠᠵᠢᠯ ᠢ ᠬᠢᠬᠦ ᠴᠢᠳᠠᠪᠣᠷᠢ ᠶᠢ ᠳᠠᠪᠳᠠᠨ ᠪᠣᠯᠪᠠᠰᠣᠷᠠᠭᠤᠯᠬᠤ ᠶᠢᠨ ᠰᠠᠶᠢᠨ ᠠᠴᠢᠶᠠᠯᠠᠪᠣᠷᠢ ᠪᠣᠯᠬᠤ ᠲᠣᠯᠠ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢᠨ ᠣᠬᠠᠭᠤᠯᠣᠨ ᠬᠦᠲᠦᠯᠦᠨ ᠳᠠᠭᠠᠭᠤᠯᠬᠤ ᠠᠵᠢᠯ ᠢ ᠦᠨᠡᠨᠬᠦ ᠰᠠᠶᠢᠳᠣᠷ ᠬᠢᠵᠦ᠂ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠬᠡᠵᠡᠢ᠃     ᠰᠣᠶᠣᠯ ᠱᠠᠭᠠᠷᠳᠠᠬᠤ ᠳᠠᠭᠠᠨ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠶᠢᠨ ᠲᠦᠷᠦ  ᠶᠢᠨ ᠪᠣᠳᠣᠯᠭ᠎ᠠ ᠶᠢ ᠣᠬᠠᠭᠤᠯᠬᠤ ᠬᠢᠭᠡᠳ ᠣᠩᠰᠢᠨ ᠳᠠᠶᠢᠯᠪᠣᠷᠢᠯᠠᠬᠤ ᠶᠢ ᠠᠯᠬᠤᠮ ᠴᠢᠨᠠᠭᠰᠢᠲᠠ ᠴᠢᠩᠭᠠᠳᠬᠠᠵᠣ᠂ ᠠᠷᠠᠳ ᠣᠯᠠᠨ ᠤ ᠭᠤᠣᠯ ᠴᠣᠭᠴᠠ ᠶᠢᠨ ᠪᠠᠶᠢᠷᠢ ᠶᠢ ᠲᠣᠪᠣᠶᠢᠯᠭᠠᠵᠣ᠂ ᠠᠷᠠᠳ ᠣᠯᠠᠨ ᠤ ᠶᠠᠳᠠᠭᠤ ᠠᠴᠠ ᠠᠩᠬᠢᠵᠢᠷᠠᠬᠤ ᠢᠳᠡᠭᠡᠯ ᠢ ᠨᠢ ᠪᠠᠳᠣᠳᠬᠠᠬᠤ ᠬᠡᠷᠡᠭᠲᠡᠢ︔ ᠣᠬᠠᠭᠤᠯᠬᠤ ᠳᠣᠭᠤᠶᠢᠯᠠᠩ ᠪᠦᠬᠦ ᠬᠤᠰᠢᠭᠤᠨ ᠤ ᠶᠠᠳᠠᠭᠤ  ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠤᠨ ᠴᠢᠨᠠᠷᠯᠢᠭ ᠰᠠᠶᠢᠨ ᠠᠵᠢᠯ ᠤᠨ ᠳ᠋ᠦᠩᠨᠡᠯᠲᠡ ᠪᠠᠨ ᠲᠦᠷᠭᠡᠭᠡᠨ ᠪᠢᠴᠢᠨ ᠭᠠᠷᠭᠠᠵᠣ᠂ ᠢᠳᠡᠪᠬᠢᠲᠡᠢ ᠲᠦᠰᠦᠪᠯᠡᠵᠦ᠂ ᠳᠠᠰᠣᠷᠠᠯᠲᠠ ᠦᠭᠡᠢ ᠵᠠᠰᠠᠪᠣᠷᠢ ᠣᠷᠣᠭᠤᠯᠵᠣ ᠳᠡᠭᠦᠯᠳᠡᠷᠵᠢᠬᠦᠯᠬᠦ ᠬᠡᠷᠡᠭᠲᠡᠢ︔ ᠣᠬᠠᠭᠤᠯᠣᠨ ᠬᠦᠲᠦᠯᠦᠨ ᠳᠠᠭᠠᠭᠤᠯᠬᠤ ᠳᠣᠭᠤᠶᠢᠯᠠᠩ ︽ ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠨᠡᠪᠳᠡᠷᠡᠭᠦᠯᠬᠦ ᠣᠬᠠᠭᠤᠯᠭ᠎ᠠ ᠶᠢᠨ ᠬᠦᠲᠦᠯᠪᠦᠷᠢ ᠶᠢ ᠰᠣᠳᠣᠯᠣᠨ ᠲᠣᠭᠲᠠᠭᠠᠵᠣ᠂ ᠦᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠳᠡᠢ ᠬᠤᠰᠢᠭᠤ ᠶᠢᠨ ᠮᠠᠯᠠᠭᠠᠢ ᠶᠢ ᠠᠪᠴᠣ ᠬᠠᠶᠠᠬᠤ ᠰᠢᠯᠭᠠᠨ ᠠᠪᠣᠯᠳᠠ ᠶᠢ ᠣᠭᠳᠣᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号