《 ᠡᠸ᠋ᠨᠩᠬᠢ ᠬᠤᠰᠢᠭᠤᠨ ᠤ 2017 ᠣᠨ ᠤ ᠬᠡᠨᠡᠳᠳᠡ ᠶᠢᠨ ᠴᠢᠨᠠᠷᠲᠠᠢ ᠭᠠᠵᠠᠷ ᠤᠨ ᠴᠢᠨᠠᠷ ᠠᠴᠠ ᠪᠣᠯᠣᠭᠰᠠᠨ ᠭᠠᠮᠰᠢᠭ ᠢ ᠰᠡᠷᠭᠡᠶᠢᠯᠡᠬᠦ ᠲᠦᠰᠦᠯ 》 ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/10/27

           ᠡᠸ᠋ᠨᠩᠬᠢ ᠵᠠᠰᠠᠭ ᠠᠯᠪᠠᠨ ᠦᠰᠦᠭᠲᠦ ﹇2017﹈ 141 ᠳ᠋ᠣᠭᠡᠷ ᠲᠣᠭᠠᠳᠣ

ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ

ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ᠄

    ᠡᠳᠦᠭᠡ ︽ᠡᠸ᠋ᠨᠩᠬᠢ ᠬᠤᠰᠢᠭᠤᠨ ᠤ 2017 ᠣᠨ ᠤ ᠬᠡᠨᠡᠳᠲᠡ ᠶᠢᠨ ᠴᠢᠨᠠᠷᠲᠠᠢ ᠭᠠᠵᠠᠷ ᠤᠨ ᠴᠢᠨᠠᠷ ᠠᠴᠠ

ᠪᠣᠯᠣᠭᠰᠠᠨ ᠭᠠᠮᠰᠢᠭ   ᠢ ᠰᠡᠷᠭᠡᠶᠢᠯᠡᠬᠦ ᠲᠦᠰᠦᠯ︾ ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠨᠢᠮᠪᠠᠢ

ᠲᠣᠣᠱᠯᠠᠭᠤᠯᠣᠨ ᠬᠡᠷᠡᠭᠵᠢᠭᠦᠯᠲᠦᠭᠡᠢ᠃

     ᠡᠭᠦᠨ ᠤ ᠲᠣᠯᠠ ᠮᠡᠳᠡᠭᠳᠡᠪᠡ

                                                                                       

                                 2017 ᠣᠨ ᠤ 6 ᠰᠠᠷ᠎ᠠ ᠶᠢᠨ 29 ᠤ ᠡᠳᠦᠷ

    ︵ ᠰᠠᠨᠠᠭᠠᠴᠢᠯᠠᠭ᠎ᠠ ᠲᠠᠢ ᠢᠯᠡ ᠪᠣᠯᠭᠠᠬᠤ︶

            ᠡᠸ᠋ᠨᠩᠬᠢ ᠬᠤᠰᠢᠭᠤᠨ ᠤ 2017 ᠣᠨ ᠤ ᠭᠡᠨᠡᠳᠳᠠ ᠶᠢᠨ  ᠴᠢᠨᠠᠷᠳᠠᠢ

             ᠭᠠᠵᠠᠷ   ᠤᠨ  ᠴᠢᠨᠠᠷ ᠠᠴᠠ ᠪᠤᠯᠬᠤ ᠭᠠᠮᠰᠢᠭ ᠢ ᠰᠡᠷᠭᠡᠶᠢᠯᠡᠬᠦ ᠲᠦᠰᠦᠯ

     ︽ ᠭᠠᠵᠠᠷ ᠤᠨ ᠴᠢᠨᠠᠷ ᠠᠴᠠ ᠪᠣᠯᠬᠤ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ᠵᠢᠴᠢ ᠦᠪᠡᠷᠲᠡᠭᠡᠨ

ᠵᠠᠰᠠᠬᠤ ᠣᠷᠣᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠬᠦᠯᠦᠨ ᠪᠣᠶᠢᠷ ᠬᠤᠲᠠ ᠶᠢᠨ

ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ 2017 ᠣᠨ ᠤ ᠭᠠᠵᠠᠷ ᠤᠨ ᠴᠢᠨᠠᠷ ᠠᠴᠠ

ᠪᠣᠯᠬᠤ ᠭᠠᠮᠰᠢᠭ ᠤᠨ ᠭᠠᠮᠰᠢᠭᠳᠠᠯ ᠢ ᠰᠡᠷᠭᠡᠶᠢᠯᠡᠬᠦ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠭᠠᠵᠠᠷ

 ᠤᠨ ᠴᠢᠨᠠᠷ ᠤᠨ ᠲᠣᠬᠠᠢ ᠪᠠᠶᠢᠴᠠᠭᠠᠨ ᠰᠣᠳᠣᠯᠣᠯᠲᠠ ᠪᠤᠯᠤᠨ ᠣᠷᠣᠨ ᠪᠦᠰᠡ ᠶᠢᠨ ᠮᠠᠲ᠋ᠧᠷᠢᠶᠠᠯ ᠯᠤᠭ᠎ᠠ

ᠣᠶᠠᠯᠳᠣᠭᠤᠯᠣᠨ ᠲᠣᠰ ᠲᠦᠰᠦᠯ ᠢ ᠲᠣᠭᠲᠠᠭᠠᠪᠠ᠃

      ᠨᠢᠭᠡ᠂ ᠶᠡᠷᠥᠩᠬᠡᠢ ᠵᠠᠷᠴᠢᠮ

      ︵ ᠨᠢᠭᠡ︶ ᠲᠣᠭᠲᠠᠭᠠᠭᠰᠠᠨ ᠵᠣᠷᠢᠯᠭ᠎ᠠ᠃ ᠭᠠᠮᠰᠢᠭ ᠢ ᠰᠡᠷᠭᠡᠶᠢᠯᠡᠬᠦ ᠪᠠ ᠠᠶᠤᠯ ᠭᠠᠮᠰᠢᠭ ᠠᠴᠠ ᠵᠠᠪᠳᠣᠨ

ᠭᠠᠮᠰᠢᠭ ᠠᠴᠠ ᠠᠪᠣᠷᠠᠬᠤ ᠠᠵᠢᠯ ᠢ ᠦᠨᠳᠦᠷ ᠦᠷ᠎ᠡ ᠪᠦᠲᠦᠮᠵᠢᠲᠡᠢ ᠡᠮᠬᠢ ᠵᠢᠷᠣᠮ ᠲᠠᠢ ᠰᠠᠶᠢᠳᠣᠷ ᠬᠢᠵᠦ᠂ ᠭᠠᠵᠠᠷ

 ᠤᠨ ᠴᠢᠨᠠᠷ ᠠᠴᠠ ᠪᠣᠯᠣᠭᠰᠠᠨ ᠭᠠᠮᠰᠢᠭ ᠤᠨ ᠪᠤᠢ ᠪᠤᠯᠭᠠᠬᠤ ᠬᠤᠬᠢᠷᠠᠯ ᠠᠴᠠ ᠵᠠᠶᠢᠯᠠᠰᠬᠢᠬᠤ ᠪᠣᠶᠣ ᠭᠠᠮᠰᠢᠭᠳᠠᠯ ᠢ

ᠬᠠᠮᠤᠭ ᠶᠡᠭᠡ ᠬᠡᠮᠵᠢᠶ᠎ᠡ ᠪᠠᠷ ᠬᠦᠩᠭᠡᠷᠡᠭᠦᠯᠵᠦ᠂ ᠠᠷᠠᠳ ᠣᠯᠠᠨ ᠤ ᠠᠮᠢ ᠨᠠᠰᠣ ᠡᠳ᠋ ᠬᠦᠷᠦᠩᠭᠡ ᠶᠢᠨ ᠠᠮᠣᠷ

ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠦᠯᠦᠭᠡ ᠲᠣᠰ ᠲᠦᠰᠦᠯ ᠢ ᠲᠣᠭᠲᠠᠭᠠᠪᠠ᠃

     ︵ ᠬᠤᠶᠠᠷ︶ ᠲᠣᠬᠢᠷᠠᠬᠤ ᠬᠡᠪᠴᠢᠶ᠎ᠡ᠃ ᠲᠣᠰ ᠲᠦᠰᠦᠯ ᠨᠢ ᠭᠠᠵᠠᠷ ᠤᠨ ᠴᠢᠨᠠᠷ ᠠᠴᠠ ᠪᠣᠯᠣᠭᠰᠠᠨ ᠭᠠᠮᠰᠢᠭ

ᠪᠣᠶᠣ ᠬᠦᠮᠦᠨ ᠤ ᠦᠢᠯᠡ ᠠᠵᠢᠯᠯᠠᠭ᠎ᠠ ᠠᠴᠠ ᠪᠣᠯᠵᠣ ᠡᠭᠦᠰᠦᠭᠰᠡᠨ ᠠᠷᠠᠳ ᠣᠯᠠᠨ ᠤ ᠠᠮᠢ ᠨᠠᠰᠣ ᠪᠠ ᠡᠳ᠋

ᠬᠦᠷᠦᠩᠭᠡ ᠶᠢᠨ ᠠᠮᠣᠷ ᠲᠦᠪᠰᠢᠨ ᠢ ᠬᠤᠬᠢᠷᠠᠭᠤᠯᠬᠤ ᠠᠭᠤᠯᠠ ᠶᠡᠭᠦᠷᠡᠬᠦ᠂ ᠬᠦᠲᠦᠯ ᠨᠣᠷᠠᠬᠤ᠂ ᠰᠢᠪᠠᠷ ᠴᠢᠯᠠᠭᠤᠨ

ᠣᠷᠣᠰᠬᠠᠯ ᠭᠠᠷᠬᠤ᠂ ᠭᠠᠵᠠᠷ ᠤᠨ ᠭᠠᠳᠠᠷᠭᠤ ᠴᠦᠮᠦᠷᠡᠬᠦ ᠵᠡᠷᠭᠡ ᠭᠠᠵᠠᠷ ᠤᠨ  ᠴᠢᠨᠠᠷ ᠤᠨ ᠦᠢᠯᠡᠳᠦᠯ ᠯᠦᠭᠡ

ᠬᠤᠯᠪᠣᠭᠳᠠᠬᠤ ᠭᠠᠵᠠᠷ ᠤᠨ ᠴᠢᠨᠠᠷ ᠠᠴᠠ ᠪᠣᠯᠣᠭᠰᠠᠨ ᠭᠠᠮᠰᠢᠭ ᠢ ᠰᠢᠢᠳᠪᠦᠷᠢᠯᠡᠬᠦ ᠳᠤ ᠲᠣᠬᠢᠷᠠᠨ᠎ᠠ᠃

     ︵ ᠭᠤᠷᠪᠠ︶ ᠠᠵᠢᠯ ᠤᠨ ᠵᠠᠷᠴᠢᠮ᠃ ᠣᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠣ᠂ ᠬᠦᠮᠦᠨ ᠢᠶᠠᠷ

ᠦᠨᠳᠦᠰᠦ ᠪᠣᠯᠭᠠᠨ᠎ᠠ᠃ ᠣᠯᠠᠨ ᠢᠶᠠᠷ ᠢᠶᠠᠨ ᠠᠵᠢᠭᠯᠠᠨ ᠪᠠᠶᠢᠴᠠᠭᠠᠵᠣ  ᠨᠡᠶᠢᠲᠡ ᠪᠠᠷ ᠢᠶᠠᠨ ᠰᠡᠷᠭᠡᠶᠢᠯᠡᠬᠦ ᠲᠣᠭᠲᠠᠴᠠ

 ᠶᠢ ᠪᠠᠶᠢᠭᠤᠯᠣᠨ ᠲᠡᠭᠦᠯᠳᠡᠷᠵᠢᠬᠦᠯᠵᠦ᠂ ᠭᠠᠵᠠᠷ ᠤᠨ ᠴᠢᠨᠠᠷ ᠠᠴᠠ ᠪᠣᠯᠣᠭᠰᠠᠨ ᠬᠡᠨᠡᠳᠳᠡ ᠶᠢᠨ ᠴᠢᠨᠠᠷᠳᠠᠢ ᠭᠠᠮᠰᠢᠭ

 ᠤᠨ ᠪᠤᠢ ᠪᠣᠯᠭᠠᠭᠰᠠᠨ ᠬᠤᠬᠢᠷᠠᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠣ᠂ ᠠᠷᠠᠳ ᠣᠯᠠᠨ ᠤ ᠠᠮᠢ ᠨᠠᠰᠣ ᠡᠳ᠋

ᠬᠦᠷᠦᠩᠭᠡ ᠶᠢᠨ ᠠᠮᠣᠷ ᠲᠦᠪᠰᠢᠨ ᠢ ᠪᠠᠲᠣᠯᠠᠬᠤ ᠶᠢ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠡᠭᠦᠰᠦᠴᠡ ᠪᠠ

ᠵᠣᠬᠰᠣᠴᠠ ᠪᠣᠯᠭᠠᠨ᠎ᠠ᠃ ᠨᠢᠭᠡᠳᠦᠯᠳᠡᠢ ᠤᠳᠤᠷᠢᠳᠴᠤ᠂ ᠠᠵᠢᠯ ᠬᠤᠪᠢᠶᠠᠨ ᠬᠠᠷᠢᠭᠤᠴᠠᠨ᠎ᠠ᠃ ᠡᠯ᠎ᠡ ᠰᠠᠯᠠᠭ᠎ᠠ

ᠮᠦᠴᠢᠷ ᠤᠳ ᠨᠢᠬᠲᠠ ᠬᠠᠮᠵᠢᠯᠴᠠᠵᠣ᠂  ᠭᠠᠵᠠᠷ ᠤᠨ ᠴᠢᠨᠠᠷ ᠠᠴᠠ  ᠪᠤᠯᠵᠤ ᠬᠡᠨᠡᠳᠳᠡ ᠡᠭᠦᠰᠬᠦ ᠭᠠᠮᠰᠢᠭ ᠢ

ᠠᠷᠭᠠᠴᠠᠬᠤ ᠰᠡᠷᠭᠡᠶᠢᠯᠡᠨ ᠵᠠᠰᠠᠬᠤ ᠠᠵᠢᠯ ᠢ ᠬᠠᠮᠲᠣᠪᠡᠷ ᠰᠠᠶᠢᠳᠣᠷ ᠬᠢᠬᠦ ᠬᠡᠷᠡᠭᠲᠡᠢ᠃

    ᠬᠤᠶᠠᠷ᠂ ᠰᠢᠢᠳᠪᠦᠷᠢᠯᠡᠬᠦ ᠵᠠᠷᠴᠢᠮ

    ︵ ᠨᠢᠭᠡ︶ ᠣᠯᠠᠨ ᠢᠶᠠᠷ ᠢᠶᠠᠨ ᠠᠵᠢᠭᠯᠠᠨ ᠪᠠᠶᠢᠴᠠᠭᠠᠵᠣ ᠨᠡᠶᠢᠲᠡ ᠪᠠᠷ ᠢᠶᠠᠨ ᠰᠡᠷᠭᠡᠶᠢᠯᠡᠬᠦ ᠶᠢ ᠣᠶᠠᠯᠳᠣᠭᠤᠯᠣᠨ

᠂ ᠬᠡᠰᠡᠭ ᠢᠶᠠᠷ ᠭᠤᠣᠯ ᠪᠣᠯᠭᠠᠵᠣ᠂ ᠬᠠᠷᠢᠶᠠᠳᠣ ᠣᠷᠣᠨ ᠳᠤ ᠬᠠᠮᠢᠶᠠᠷᠣᠭᠤᠯᠬᠤ᠃

    ︵ ᠬᠤᠶᠠᠷ︶ ᠲᠠᠷᠬᠠᠭᠠᠬᠤ ᠵᠠᠯᠠᠵᠣ ᠬᠦᠲᠦᠯᠡᠬᠦ ᠶᠢ ᠣᠶᠠᠯᠳᠣᠭᠤᠯᠵᠣ᠂ ᠬᠦᠮᠦᠨ ᠤ ᠬᠦᠴᠦᠨ᠂ ᠪᠣᠳᠠᠰ ᠤᠨ

ᠬᠦᠴᠦᠨ᠂ ᠡᠳ᠋ ᠤᠨ ᠬᠦᠴᠦᠨ ᠢ ᠴᠠᠭ ᠲᠣᠬᠠᠢ ᠳᠤᠨᠢ ᠵᠣᠬᠢᠶᠠᠨ ᠪᠠᠶᠢᠭᠤᠯᠣᠨ ᠵᠠᠪᠳᠣᠨ ᠰᠠᠯᠪᠢᠨ ᠵᠠᠰᠠᠵᠣ᠂

ᠣᠬᠤᠷᠬᠠᠨ ᠬᠤᠭᠤᠴᠠᠭᠠᠨ ᠳᠣᠳᠣᠷ᠎ᠠ ᠲᠡᠷᠭᠡ ᠨᠠᠪᠳᠠᠷᠠᠭᠦᠯᠬᠦ ᠶᠢ ᠯᠠᠪᠳᠠᠢ ᠪᠠᠲᠣᠯᠠᠬᠤ ᠶᠢᠨ ᠬᠠᠮᠳᠣ ᠬᠤᠰᠢᠭᠤᠨ ᠤ

ᠦᠶᠡᠷ ᠤᠨ ᠬᠤᠭᠤᠴᠠᠭᠠᠨ ᠤ ᠭᠠᠵᠠᠷ ᠤᠨ ᠴᠢᠨᠠᠷ ᠠᠴᠠ  ᠪᠤᠯᠬᠤ ᠭᠠᠮᠰᠢᠭ ᠢ ᠰᠡᠷᠭᠡᠶᠢᠯᠡᠨ ᠵᠠᠰᠠᠵᠦ ᠪᠠᠴᠢᠮ ᠪᠠᠶᠢᠳᠠᠯ

 ᠢ ᠠᠷᠭᠠᠴᠠᠬᠤ ᠵᠢᠯᠣᠭᠤᠳᠬᠤ ᠭᠠᠵᠠᠷ ᠲᠤ ᠮᠡᠳᠡᠭᠦᠯᠦᠨ᠎ᠡ᠃

    ︵ ᠭᠤᠷᠪᠠ︶ ᠵᠣᠬᠢᠴᠠᠭᠤᠯᠣᠨ ᠬᠠᠮᠵᠢᠯᠴᠠᠭᠤᠯᠵᠣ᠂ ᠨᠢᠭᠡᠳᠦᠯᠳᠡᠢ ᠵᠢᠯᠣᠭᠤᠳᠣᠨ᠎ᠠ᠃ ᠭᠤᠣᠯ ᠰᠢᠪᠳᠦᠯᠣᠯᠲᠠ

ᠬᠢᠬᠦ  ᠴᠢᠭᠯᠡᠯ ᠢ ᠳᠣᠳᠣᠷᠬᠠᠶᠢᠯᠠᠵᠣ᠂ ᠠᠵᠢᠯ ᠬᠤᠪᠢᠶᠠᠨ ᠬᠠᠷᠢᠭᠤᠴᠠᠬᠤ ᠶᠢ ᠪᠡᠶᠡᠯᠡᠬᠦᠯᠵᠦ᠂ ᠵᠠᠮ ᠬᠠᠷᠢᠯᠴᠠᠭᠠᠨ ᠤ

ᠡᠮᠬᠢ ᠵᠢᠷᠣᠮ ᠢ ᠬᠠᠮᠠᠭᠠᠯᠠᠵᠣ᠂ ᠵᠠᠰᠠᠮᠠᠯ ᠵᠠᠮ ᠤᠨ ᠵᠠᠮ ᠬᠠᠷᠢᠯᠴᠠᠭᠠᠨ ᠤ  ᠨᠡᠪᠳᠡᠷᠡᠭᠦᠯᠬᠦ   ᠶᠢ ᠴᠠᠭ ᠲᠣᠬᠠᠢ ᠳᠤᠨᠢ

ᠰᠡᠷᠭᠦᠭᠡᠵᠦ᠂ ᠵᠠᠰᠠᠮᠠᠯ ᠵᠠᠮ ︵ ᠣᠰᠣᠨ ᠵᠦᠭᠡᠭᠡᠪᠦᠷᠢ︶ ᠤᠨ ᠵᠠᠮ ᠬᠠᠷᠢᠯᠴᠠᠭ᠎ᠠ ᠶᠢ ᠠᠮᠣᠷ ᠲᠦᠪᠰᠢᠨ ᠨᠡᠪᠳᠡᠷᠭᠡᠢ

ᠪᠠᠶᠢᠯᠭᠠᠬᠤ ᠪᠠᠷ ᠭᠤᠣᠯ ᠡᠭᠦᠷᠭᠡ ᠪᠠᠨ ᠪᠣᠯᠭᠠᠨ᠎ᠠ᠃

    ︵ ᠳᠦᠷᠪᠡ︶ ᠣᠳᠣᠷᠢᠳᠣᠯᠭ᠎ᠠ ᠶᠢ ᠪᠣᠳᠠᠳᠠᠢ ᠪᠣᠯᠭᠠᠵᠣ᠂ ᠵᠣᠬᠢᠶᠠᠨ ᠪᠠᠶᠢᠭᠤᠯᠣᠯᠲᠠ ᠶᠢ ᠬᠦᠴᠦᠨ ᠲᠠᠢ

ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠲᠣᠰ ᠭᠠᠵᠠᠷ ᠣᠷᠣᠨ᠂ ᠲᠣᠰ ᠪᠠᠶᠢᠭᠤᠯᠭ᠎ᠠ

 ᠶᠢᠨ ᠪᠣᠳᠠᠳᠠᠢ ᠳᠤ ᠨᠠᠶᠢᠴᠠᠬᠤ ᠭᠠᠵᠠᠷ ᠤᠨ ᠴᠢᠨᠠᠷ ᠠᠴᠠ ᠪᠣᠯᠣᠭᠰᠠᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ

ᠪᠠᠲᠣᠯᠠᠭ᠎ᠠ ᠶᠢᠨ ᠲᠦᠰᠦᠯ ᠢ ᠲᠣᠭᠲᠠᠭᠠᠵᠣ᠂ ᠪᠠᠴᠢᠮ ᠪᠠᠶᠢᠳᠠᠯ ᠢ ᠠᠷᠭᠠᠴᠠᠬᠤ ᠪᠠᠲᠣᠯᠠᠭ᠎ᠠ ᠶᠢᠨ ᠣᠳᠣᠷᠢᠳᠬᠤ

ᠳᠣᠭᠤᠶᠢᠯᠠᠩ ᠪᠠᠶᠢᠭᠤᠯᠵᠣ᠂ ᠲᠣᠰᠬᠠᠢ ᠣᠳᠣᠷᠢᠳᠣᠯᠭ᠎ᠠ ᠪᠠᠷ ᠬᠠᠷᠢᠭᠤᠴᠠᠭᠤᠯᠤᠨ᠎ᠠ᠃

     ᠭᠤᠷᠪᠠ᠂ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ

     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠦᠶᠡᠷ ᠤᠨ ᠬᠤᠭᠤᠴᠠᠭᠠᠨ ᠤ ᠭᠠᠵᠠᠷ ᠤᠨ ᠴᠢᠨᠠᠷ ᠠᠴᠠ

ᠪᠤᠯᠬᠤ ᠭᠠᠮᠰᠢᠭ ᠢ ᠰᠡᠷᠭᠡᠶᠢᠯᠡᠨ ᠵᠠᠰᠠᠵᠣ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠣ᠂

ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶᠠᠨ ᠳᠤ ᠲᠣᠬᠢᠷᠠᠭᠤᠯᠪᠠ᠃ ᠵᠢᠵᠢᠭᠦᠷᠯᠡᠬᠦ

ᠭᠡᠷ ᠤᠨ ᠳ᠋ᠢᠶᠠᠩᠬᠤᠸᠠ ᠶᠢᠨ ᠨᠣᠮᠧᠷ᠄ 0470— 8818041 ︵ ᠬᠤᠰᠢᠭᠤᠨ ᠤ ᠣᠯᠣᠰ ᠤᠨ ᠭᠠᠵᠠᠷ

ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠠᠭᠤᠷᠬᠠᠢ ᠶᠢᠨ ᠭᠠᠷᠣᠯᠲᠠ ᠶᠢᠨ ᠠᠯᠪᠠᠨ ᠭᠡᠷ︶᠂  0470—

8816341 ︵ ᠰᠦᠨᠢ ᠶᠢᠨ ᠵᠢᠵᠢᠭᠦᠷ︶

     ᠶᠡᠷᠥᠩᠬᠡᠢ ᠵᠢᠯᠤᠭᠤᠳᠤᠭᠴᠢ᠄ ᠯᠢᠶᠠᠩ ᠶᠦᠩ ᠰᠠᠨ ︵ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ

 ᠶᠢᠨ ᠬᠡᠰᠢᠭᠦᠨ᠂ ᠪᠠᠶᠢᠩᠭᠤ ᠶᠢᠨ ᠶᠠᠪᠣᠳᠠᠯ ᠤᠨ ᠳᠡᠳ᠋ ᠳᠠᠷᠤᠭ᠎ᠠ︶

    ᠳᠡᠳ᠋ ᠶᠡᠷᠥᠩᠬᠡᠢ ᠵᠢᠯᠣᠭᠤᠳᠣᠭᠴᠢ᠄ ᠵᠣᠣ ᠪᠦᠸᠧ ᠮᠢᠨ ︵ ᠬᠤᠰᠢᠭᠤᠨ ᠤ ᠠᠷᠠᠳ ᠤᠨ ᠵᠠᠰᠠᠭ ᠤᠨ ᠣᠷᠳᠣᠨ

 ᠤ ᠳᠡᠳ᠋ ᠳᠠᠷᠤᠭ᠎ᠠ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ︶

     ᠸᠠᠩ ᠴᠢᠣᠸᠠᠨ ᠠᠨ ︵ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ

ᠳᠠᠷᠤᠭ᠎ᠠ︶

    ᠪᠦᠷᠢᠯᠳᠦᠬᠦᠨ᠄ ᠬᠤᠸᠠ ᠶᠢᠩ ︵ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ︶

    ᠴᠧᠨ ᠸᠧᠢ ︵ ᠬᠤᠰᠢᠭᠤᠨ ᠤ ᠣᠰᠣᠨ ᠤ ᠶᠠᠪᠣᠳᠠᠯ ᠤᠨ ᠲᠣᠪᠴᠢᠶ᠎ᠠ ᠶᠢᠨ ᠳᠠᠷᠤᠭ᠎ᠠ︶

    ᠵᠢᠯᠢᠨᠪᠠᠶᠠᠷ ︵ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠶᠢᠨ ᠳᠠᠷᠤᠭ᠎ᠠ︶

    ᠹᠧᠩ ᠰᠢ ᠮᠢᠩ ︵ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠣᠪᠴᠢᠶ᠎ᠠ ᠶᠢᠨ

ᠳᠠᠷᠤᠭ᠎ᠠ︶

    ᠭᠦᠸᠧ ᠢᠦᠢ ᠯᠢᠩ ︵ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠳᠠᠷᠤᠭ᠎ᠠ︶

    ᠭᠤᠣ ᠲᠠᠢ ᠫᠢᠩ ︵ ᠬᠤᠰᠢᠭᠤᠨ ᠤ ᠠᠶᠣᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠲᠣᠪᠴᠢᠶ᠎ᠠ ᠶᠢᠨ

ᠳᠠᠷᠤᠭ᠎ᠠ︶

    ᠵᠣᠷᠢᠭᠲᠣ ︵ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠳᠠᠷᠤᠭ᠎ᠠ︶

    ᠸᠠᠩ ᠷᠥᠩ ᠵᠢᠦᠢ ︵ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠳᠠᠷᠤᠭ᠎ᠠ︶

    ᠵᠣᠣ ᠱᠧᠩ ᠵᠣ᠋ ︵ ᠬᠤᠰᠢᠭᠤᠨ ᠤ ᠨᠣᠲᠤᠭ ᠪᠡᠯᠴᠢᠭᠡᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠶᠢᠨ

ᠳᠠᠷᠤᠭ᠎ᠠ︶

    ᠢ ᠰᠦᠩ ︵ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ ᠬᠢᠨᠠᠨ

ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ︶

    ᠶᠢᠨ ᡁᠢ ᠴᠢᠶᠠᠩ ︵ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠶᠢᠨ

ᠠᠭᠤᠷᠬᠠᠢ ᠶᠢᠨ ᠭᠠᠷᠣᠯᠲᠠ ᠶᠢᠨ ᠠᠯᠪᠠᠨ ᠭᠡᠷ ᠤᠨ ᠡᠷᠬᠢᠯᠡᠭᠴᠢ︶

    ᠵᠢᠴᠢ ᠡᠯ᠎ᠡ ᠰᠣᠮᠣ ᠰᠢᠶᠠᠩ ᠪᠠᠯᠭᠠᠰᠣ ᠶᠢᠨ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠭᠠᠵᠠᠷ ᠤᠨ

ᠳᠠᠷᠤᠭ᠎ᠠ

    ᠳᠦᠷᠪᠡ᠂ ᠠᠵᠢᠯ ᠤᠨ ᠠᠷᠭ᠎ᠠ

    ︵ ᠨᠢᠭᠡ︶ ᠭᠠᠵᠠᠷ ᠤᠨ ᠴᠢᠨᠠᠷ ᠠᠴᠠ ᠪᠣᠯᠬᠤ ᠭᠠᠢ ᠭᠠᠮᠰᠢᠭ ᠤᠨ ᠳᠠᠯᠳᠠ ᠬᠡᠮ ᠤᠨ ᠬᠦᠳᠦᠯᠦᠰᠢ ᠪᠠᠶᠢᠳᠠᠯ ᠢ

ᠬᠢᠨᠠᠨ ᠪᠠᠶᠢᠴᠠᠭᠠᠬᠤ ᠶᠢ ᠨᠠᠶᠢᠳᠠᠪᠣᠷᠢᠵᠢᠭᠤᠯᠬᠤ᠂ ᠣᠯᠠᠨ ᠢᠶᠠᠷ ᠢᠶᠠᠨ ᠬᠢᠨᠠᠨ ᠪᠠᠶᠢᠴᠠᠭᠠᠵᠣ ᠨᠡᠶᠢᠲᠡ ᠪᠠᠷ ᠢᠶᠠᠨ

ᠰᠡᠷᠭᠡᠶᠢᠯᠡᠬᠦ ᠦᠵᠡᠯ ᠣᠬᠠᠮᠰᠠᠷ ᠢ ᠳᠡᠭᠡᠭᠰᠢᠯᠡᠬᠦᠯᠬᠦ᠂ ᠬᠠᠷᠢᠭᠤᠴᠠᠯᠭ᠎ᠠ ᠶᠢ ᠪᠣᠳᠠᠳᠠᠶᠢᠵᠢᠭᠤᠯᠬᠤ᠂ ᠣᠯᠠᠨ ᠲᠦᠮᠡᠨ ᠲᠠᠢ

ᠣᠶᠠᠯᠳᠣᠭᠤᠯᠬᠤ ᠪᠠ ᠣᠯᠠᠨ ᠢᠶᠠᠷ ᠢᠶᠠᠨ ᠰᠡᠷᠭᠡᠶᠢᠯᠡᠨ ᠨᠡᠶᠢᠲᠡ ᠪᠠᠷ ᠢᠶᠠᠨ ᠬᠢᠨᠠᠨ ᠪᠠᠶᠢᠴᠠᠭᠠᠬᠤ ᠣᠷᠢᠳᠴᠢᠯᠠᠨ

ᠰᠡᠷᠭᠡᠶᠢᠯᠡᠬᠦ ᠲᠣᠭᠲᠠᠯᠴᠠᠭ᠎ᠠ ᠶᠢ ᠪᠠᠶᠢᠭᠤᠯᠬᠤ ᠪᠠ ᠲᠡᠭᠦᠯᠳᠡᠷᠵᠢᠭᠦᠯᠦᠨ᠎ᠡ᠃

    ︵ ᠬᠤᠶᠠᠷ︶ ︽ ᠦᠶᠡᠷ ᠤᠨ ᠬᠤᠭᠤᠴᠠᠭᠠᠨ ᠤ ᠭᠠᠮᠰᠢᠭ ᠤᠨ ᠴᠠᠭ ᠠᠭᠤᠷ ᠢ ᠣᠷᠢᠳᠴᠢᠯᠠᠨ ᠮᠡᠳᠡᠭᠦᠯᠬᠦ

ᠳᠦᠷᠢᠮ︾᠂ ︽ ᠦᠶᠡᠷ ᠤᠨ ᠬᠤᠭᠤᠴᠠᠭᠠᠨ ᠤ ᠵᠢᠵᠢᠭᠦᠷᠯᠡᠬᠦ ᠳᠦᠷᠢᠮ︾᠂ ︽ᠲᠦᠭᠰᠢᠭᠦᠷᠢ ᠶᠢᠨ ᠪᠠᠶᠢᠳᠠᠯ ᠢ

ᠲᠣᠭᠤᠷᠢᠨ ᠪᠠᠶᠢᠴᠠᠭᠠᠬᠤ ᠳᠦᠷᠢᠮ︾ ᠪᠠ ︽ ᠭᠠᠮᠰᠢᠭ ᠤᠨ ᠪᠠᠶᠢᠳᠠᠯ ᠢ ᠲᠠᠷᠤᠢ ᠲᠦᠷᠭᠡᠨ ᠮᠡᠳᠡᠭᠦᠯᠬᠦ ᠳᠦᠷᠢᠮ︾ ᠢ

ᠴᠢᠩᠭ᠎ᠠ ᠬᠡᠷᠡᠭᠵᠢᠬᠦᠯᠵᠦ᠂ ᠭᠡᠷᠪᠡ ᠭᠠᠵᠠᠷ ᠤᠨ ᠴᠢᠨᠠᠷ ᠠᠴᠠ ᠪᠣᠯᠵᠣ ᠬᠡᠨᠡᠳᠳᠡ ᠶᠢᠨ ᠭᠠᠮᠰᠢᠭ ᠭᠠᠷᠪᠠᠯ ᠠᠵᠢᠯᠴᠢᠨ

 ᠢᠶᠠᠨ ᠵᠣᠬᠢᠶᠠᠨ ᠪᠠᠶᠢᠭᠤᠯᠣᠨ ᠲᠣᠬᠠᠢ ᠶᠢᠨ ᠲᠠᠯᠠᠪᠣᠷ ᠲᠤ ᠳᠠᠷᠣᠢ ᠲᠦᠷᠭᠡᠨ ᠬᠦᠷᠴᠦ  ᠰᠡᠶᠢᠳᠪᠦᠷᠢᠯᠡᠬᠦ ᠪᠦᠭᠡᠳ᠂ ︽

 ᠭᠠᠵᠠᠷ ᠤᠨ ᠴᠢᠨᠠᠷ ᠠᠴᠠ ᠪᠣᠯᠣᠭᠰᠠᠨ ᠭᠠᠮᠰᠢᠭ ᠢ  ᠲᠠᠷᠤᠢ ᠲᠦᠷᠭᠡᠨ ᠮᠡᠳᠡᠭᠦᠯᠬᠦ ᠳᠦᠷᠢᠮ︾ ᠤᠨ ᠱᠠᠭᠠᠷᠳᠠᠯᠭ᠎ᠠ

ᠶᠣᠰᠣᠭᠠᠷ ᠪᠠᠶᠢᠳᠠᠯ ᠢ ᠴᠠᠭ ᠲᠣᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃

    ︵ ᠭᠤᠷᠪᠠ︶ ᠭᠠᠮᠰᠢᠭ ᠠᠮᠠᠷᠬᠠᠨ ᠡᠭᠦᠰᠬᠦ ᠣᠷᠣᠨ᠂ ᠠᠶᠣᠯ ᠲᠦᠭᠰᠢᠭᠦᠷᠢᠲᠦ ᠣᠷᠣᠨ ᠢ ᠵᠠᠷᠯᠠᠬᠤ ᠳᠦᠷᠢᠮ ᠢ

ᠪᠠᠷᠢᠮᠲᠠᠯᠠᠨ᠎ᠠ᠃ ᠭᠠᠵᠠᠷ ᠤᠨ ᠴᠢᠨᠠᠷ ᠠᠴᠠ ᠪᠤᠯᠬᠤ ᠭᠠᠮᠰᠢᠭ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠭᠠᠵᠠᠷ

ᠬᠡᠰᠡᠭ ᠲᠤ ᠰᠡᠷᠡᠮᠵᠢᠯᠡᠬᠦᠯᠬᠦ ᠳᠡᠮᠳᠡᠭ᠂ ᠵᠠᠷ ᠤᠨ ᠫᠠᠶᠢᠰᠠ ᠲᠠᠭᠠᠷᠠᠭᠤᠯᠣᠨ ᠲᠠᠯᠪᠢᠵᠣ᠂  ᠰᠡᠷᠡᠮᠵᠢᠯᠡᠭᠦᠯᠬᠦ᠂ ᠠᠯᠪᠠᠨ

ᠵᠠᠷ ᠤᠨ ᠬᠡᠷᠡᠭ ᠣᠴᠢᠷ ᠢ ᠲᠣᠪᠴᠢ ᠠᠪᠰᠠᠷ ᠲᠣᠳᠣᠷᠬᠠᠶᠢᠯᠠᠨ᠎ᠠ᠃

    ︵ ᠳᠦᠷᠪᠡ︶ ᠲᠣᠰ ᠲᠦᠰᠦᠯ ᠢ ᠳᠣᠷᠣᠭᠰᠢ ᠪᠠᠭᠤᠯᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃

 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号