ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ  ᠶᠡᠭᠡ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2017-10-27

    ᠰᠢ ᠶᠢᠨ ᠫᠢᠩ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠡᠮᠤᠨ᠎ᠡ ᠠᠴᠠ ᠶᠡᠭᠡ

ᠬᠤᠷᠠᠯ  ᠳᠤ  ᠢᠯᠡᠳᠬᠡᠯ ᠬᠢᠵᠣ  ᠯᠢ  ᠺᠧ  ᠴᠢᠶᠠᠩ ᠶᠡᠭᠡ ᠬᠤᠷᠠᠯ ᠢ ᠡᠷᠬᠢᠯᠡᠵᠥ 2338 ᠲᠦᠯᠥᠬᠡᠯᠡᠭᠴᠢ ᠪᠤᠯᠤᠨ

ᠤᠨᠴᠠ ᠤᠷᠢᠭᠰᠠᠠ ᠲᠦᠯᠥᠬᠡᠯᠡᠭᠴᠢ ᠶᠡᠭᠡ  ᠬᠤᠷᠠᠯ ᠳᠤ ᠤᠷᠤᠯᠴᠠᠪᠠ

    10 ᠰᠠᠷ᠎ᠠ ᠶᠢᠨ 18 ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ‍ᠤᠨ‌ᠠᠷᠪᠠ ᠶᠢᠰᠦᠳᠦᠭᠡᠷ

ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ‌‍ᠪᠡᠬᠡᠵᠢᠩ ᠤᠨ ᠠᠷᠠᠳ ᠤᠨ ᠶᠡᠭᠡ ᠬᠤᠷᠠᠯ ᠤᠨ

ᠲᠠᠩᠬᠢᠮ ᠳᠤ ᠡᠬᠢᠯᠡᠪᠡ᠃ ᠰᠢ ᠶᠢᠨ ᠫᠢᠩ‌ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢ

ᠲᠦᠯᠦᠬᠡᠯᠡᠨ ᠶᠡᠭᠡ‌ᠬᠤᠷᠠᠯ ᠳᠤ ᠢᠯᠡᠳᠬᠡᠯ ᠬᠢᠵᠡᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ

ᠲᠤᠤ‌‍ᠰᠡᠬᠦᠳᠡᠷᠯᠡᠪᠡ

    ᠠᠭᠤᠤ ᠶᠡᠭᠡ ᠬᠦᠰᠡᠯ ᠵᠡᠬᠦᠳᠤ ᠶᠢᠨ ᠰᠢᠨ᠎ᠡ ᠠᠤᠭ᠎ᠠ ᠲᠦᠯᠥᠪᠯᠡᠭᠡ ᠶᠢ  ᠵᠢᠷᠤᠬᠯᠠᠵᠥ᠂  ᠠᠭᠤᠤ  ᠶᠡᠭᠡ  

ᠦᠢᠯᠡᠰ ᠤᠨ ᠰᠢᠨ᠎ᠡ ᠴᠠᠭ ᠦᠶ᠎ᠡ ᠶᠢ ᠨᠡᠬᠡᠬᠡᠨᠡᠮ᠃ ᠲᠠᠶᠠᠩ ᠲᠡᠯᠡᠬᠡᠢ ᠶᠢᠨ ᠠᠩᠬᠠᠷᠤᠯ ᠢ ᠲᠠᠳᠠᠭᠰᠠᠠ  ᠲᠤᠮᠳᠠᠳᠤ  

ᠤᠯᠤᠰ ᠤᠨ  ᠡᠪ  ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ

ᠶᠡᠭᠡ ᠬᠤᠷᠠᠯ  18 ᠤ  ᠦᠳᠡ ᠶᠢᠨ ᠡᠮᠤᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃          

   ᠰᠢ ᠶᠢᠨ ᠫᠢᠩ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠡᠮᠤᠨ᠎ᠡ ᠠᠴᠠ ᠶᠡᠭᠡ

ᠬᠤᠷᠠᠯ ᠳᠤ ︽ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ  ᠤᠯᠵᠥ᠂  ᠰᠢᠨ᠎ᠡ  

ᠴᠠᠭ  ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ  ᠵᠢᠷᠤᠮ ᠤᠨ  ᠠᠭᠤᠤ  ᠶᠡᠭᠡ  ᠢᠯᠡᠯᠳᠡ ᠶᠢ  

ᠲᠡᠮᠡᠴᠡᠨ  ᠤᠯᠤᠶ᠎ᠠ︾  ᠬᠡᠬᠦ ᠰᠡᠳᠤᠪ ᠢᠶᠠᠷ ᠢᠯᠡᠳᠬᠡᠯ ᠬᠢᠪᠡ᠃ ᠰᠢ ᠶᠢᠨ ᠫᠢᠩ᠂  ᠲᠤᠮᠳᠠᠳᠤ  ᠤᠯᠤᠰ ᠤᠨ  ᠡᠪ  

ᠬᠠᠮᠳᠤ  ᠨᠠᠮ ᠤᠨ  ᠠᠷᠪᠠ  ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ  ᠬᠤᠷᠠᠯ  

ᠪᠤᠯ  ᠴᠢᠨᠡᠭᠡᠯᠢᠭ  ᠨᠡᠶᠢᠬᠡᠮ ᠢ  ᠪᠦᠬᠦ  ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠱᠠᠳᠤ᠂ ᠲᠤᠮᠳᠠᠳᠤ ᠤᠯᠤᠰ ᠤᠨ  

ᠤᠨᠴᠠᠯᠢᠭ ᠲᠠᠢ  ᠨᠡᠶᠢᠬᠡᠮ  ᠵᠢᠷᠤᠮ  ᠰᠢᠨ᠎ᠡ  ᠴᠠᠭ  ᠦᠶ᠎ᠡ ᠳᠤ ᠤᠷᠤᠭᠰᠠᠠ ᠵᠠᠩᠬᠢᠯᠠᠭ᠎ᠠ ᠶᠢᠨ  ᠦᠶ᠎ᠡ ᠳᠤ  

ᠬᠤᠷᠠᠯᠳᠤᠭᠰᠠᠠ  ᠨᠢᠬᠡ  ᠤᠳᠠᠭ᠎ᠠ ᠶᠢᠨ  ᠲᠦᠢᠯ ᠤᠨ  ᠴᠢᠬᠤᠯᠠ  ᠶᠡᠭᠡ  ᠬᠤᠷᠠᠯ ᠪᠤᠯᠤᠨ᠎ᠠ᠃ ᠶᠡᠭᠡ ᠬᠤᠷᠠᠯ ᠤᠨ

ᠭᠤᠤᠯ ᠰᠡᠳᠤᠪ ᠪᠤᠯ᠄ ᠤᠭ ᠰᠠᠨᠠᠭ᠎ᠠ ᠪᠠᠨ ᠦᠯᠥ  ᠮᠠᠷᠳᠠᠵᠥ᠂  ᠡᠬᠦᠷᠬᠡ  ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂

ᠲᠤᠮᠳᠠᠳᠤ  ᠤᠯᠤᠰ ᠤᠨ  ᠤᠨᠴᠠᠯᠢᠭ ᠲᠠᠢ  ᠨᠡᠶᠢᠬᠡᠮ  ᠵᠢᠷᠤᠮ ᠤᠨ  ᠠᠭᠤᠤ  ᠶᠡᠭᠡ  ᠲᠤᠭ ᠢ  ᠦᠨᠳᠤᠷ

ᠮᠠᠨᠳᠤᠭᠤᠯᠵᠥ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ  ᠢᠯᠠᠯᠳᠠ ᠶᠢ  ᠤᠯᠵᠥ᠂  

ᠰᠢᠨ᠎ᠡ  ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ  ᠢᠯᠡᠯᠳᠡ ᠶᠢ

 ᠲᠡᠮᠡᠴᠡᠨ  ᠤᠯᠵᠥ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ  

ᠵᠡᠬᠦᠳᠤ ᠶᠢ  ᠲᠡᠷᠭᠡᠯᠰᠢᠬᠦᠯᠬᠦ ᠶᠢᠨ ᠲᠦᠯᠥᠬᠡ ᠴᠦᠬᠦᠷᠡᠰᠢ ᠦᠭᠡᠢ ᠲᠡᠮᠡᠴᠡᠬᠦ ᠶᠠᠪᠤᠳᠠᠯ ᠪᠤᠯᠤᠨ᠎ᠡ ᠬᠡᠵᠥ ᠵᠢᠭᠠᠵᠥ

ᠭᠠᠷᠭᠠᠪᠠ᠃          

    ᠠᠷᠠᠳ ᠤᠨ ᠶᠡᠭᠡ ᠬᠤᠷᠠᠯ ᠤᠨ ᠲᠠᠩᠬᠢᠮ ᠰᠦᠷ ᠵᠢᠪᠬᠤᠯᠠᠩᠳᠠᠢ ᠪᠦᠭᠡᠳ ᠲᠦᠪ ᠬᠢᠴᠢᠶᠠᠩᠬᠦᠢ᠂ ᠲᠦᠮᠡᠨ

ᠬᠦᠮᠥᠨ ᠤ ᠶᠤᠰᠤᠯᠠᠯ ᠤᠨ ᠲᠠᠩᠬᠢᠮ ᠳᠤ ᠪᠠᠶᠠᠷ ᠬᠦᠷ ᠢᠶᠠᠷ ᠪᠢᠯᠬᠠᠵᠥ  ᠪᠠᠶᠢᠯ᠎ᠠ᠃  ᠲᠡᠷᠢᠬᠦᠯᠡᠭᠴᠢ ᠶᠢᠨ  ᠲᠠᠶᠢᠰᠠᠨ ᠤ  

ᠲᠡᠭᠡᠷ᠎ᠡ  ᠲᠠᠯ᠎ᠠ ᠳᠤ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ

ᠤᠯᠤᠰ ᠤᠨ  ᠲᠦᠯᠥᠬᠡᠯᠡᠭᠴᠢᠳ ᠤᠨ ᠶᠡᠭᠡ  ᠬᠤᠷᠠᠯ︾  ᠬᠡᠬᠦ  ᠬᠤᠷᠠᠯ ᠤᠨ  ᠲᠡᠮᠳᠡᠭ ᠢ  ᠡᠯᠬᠦᠵᠥ᠂  ᠠᠷᠤ ᠶᠢᠨ  

ᠬᠦᠰᠢᠬᠡ ᠶᠢᠨ  ᠭᠤᠤᠯ  ᠲᠤᠮᠳᠠ ᠨᠢ   ᠠᠯᠤᠬ᠎ᠠ ᠬᠠᠳᠤᠭᠤᠷ ᠢᠶᠠᠷ ᠪᠦᠷᠢᠯᠳᠦᠭᠰᠡᠡ ᠨᠠᠮ ᠤᠨ ᠰᠦᠯᠳᠡ ᠶᠢ ᠡᠯᠬᠦᠵᠥ᠂

10 ᠤᠯᠠᠭᠠᠨ ᠲᠤᠭ ᠢ ᠬᠤᠶᠠᠷ  ᠲᠠᠯ᠎ᠠ ᠪᠠᠷ ᠨᠢ  ᠵᠡᠷᠭᠡᠯᠡᠨ ᠲᠠᠯᠪᠢᠵᠠᠢ᠃ ᠬᠤᠶᠠᠳᠤᠭᠠᠷ ᠲᠠᠪᠬᠤᠷᠯᠢᠭ ᠪᠤᠯᠤᠨ  

ᠭᠤᠷᠪᠠᠳᠤᠭᠠᠷ  ᠲᠠᠪᠬᠤᠷᠯᠢᠭ ᠤᠨ  ᠪᠠᠷᠠᠯᠠᠬᠤ  ᠲᠠᠶᠢᠰᠠᠨ  ᠲᠡᠭᠡᠷ᠎ᠡ  ︽ᠤᠭ ᠰᠠᠨᠠᠭ᠎ᠠ ᠪᠠᠨ ᠦᠯᠥ ᠮᠠᠷᠳᠠᠵᠥ᠂ ᠡᠬᠦᠷᠬᠡ

ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂ ᠲᠤᠮᠳᠠᠳᠤ ᠤᠯᠤᠰ ᠤᠨ  ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ

ᠶᠡᠭᠡ ᠲᠤᠭ ᠢ ᠦᠨᠳᠤᠷ ᠮᠠᠨᠳᠤᠭᠤᠯᠵᠥ᠂ ᠴᠢᠨᠡᠭᠡᠯᠢᠭ ᠨᠡᠶᠢᠬᠡᠮ ᠢ ᠪᠦᠬᠦ  ᠲᠠᠯ᠎ᠠ ᠪᠠᠷ  ᠪᠡᠶᠡᠯᠡᠬᠦᠯᠬᠦ ᠰᠢᠢᠳᠪᠤᠷᠢᠳᠤ

ᠢᠯᠠᠯᠳᠠ ᠶᠢ ᠤᠯᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ

ᠠᠭᠤᠤ ᠶᠡᠭᠡ ᠢᠯᠡᠯᠳᠡ ᠶᠢ ᠲᠡᠮᠡᠴᠡᠨ ᠤᠯᠵᠥ᠂ ᠲᠤᠮᠳᠠᠳᠤ ᠶᠢᠨ ᠦᠨᠳᠦᠰᠦᠳᠡᠨ ᠤ  ᠠᠭᠤᠤ  ᠶᠡᠭᠡ  ᠰᠡᠷᠬᠦᠨ  

ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠶᠢᠨ ᠲᠦᠯᠥᠬᠡ ᠴᠦᠬᠦᠷᠡᠰᠢ ᠦᠭᠡᠢ ᠲᠡᠮᠡᠴᠡᠶ᠎ᠡ︕︾᠂

︽ᠠᠭᠤᠤ ᠶᠡᠭᠡ᠂  ᠢᠷᠠᠭᠤ ᠠᠯᠳᠠᠷᠳᠠᠢ᠂ ᠵᠦᠪ ᠤᠨᠤᠪᠴᠢᠳᠠᠢ ᠲᠤᠮᠳᠠᠳᠤ ᠤᠯᠤᠰ ᠤᠨ ᠡᠪ ᠬᠠᠮᠳᠤ ᠨᠠᠮ ᠮᠠᠨᠳᠤᠳᠤᠭᠠᠢ︕

︾ ᠬᠡᠬᠦ ᠬᠦᠨᠳᠡᠯᠨᠨ ᠪᠢᠴᠢᠭᠡᠰᠤ ᠶᠢ ᠲᠤᠰ ᠲᠤᠰ ᠡᠯᠬᠦᠵᠠᠢ᠃        

    ᠲᠡᠷᠢᠬᠦᠯᠡᠭᠴᠢ ᠶᠢᠨ  ᠲᠠᠶᠢᠰᠠᠨ ᠤ  ᠡᠮᠤᠨ᠎ᠡ  ᠮᠦᠷ ᠲᠤ  ᠰᠠᠭᠠᠳᠠᠭᠰᠠᠠ  ᠶᠡᠭᠡ  ᠬᠤᠷᠠᠯ ᠤᠨ  

ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠺᠤᠮᠢᠰ ᠤᠨ ᠪᠦᠷᠢᠯᠳᠦᠬᠦᠨ ᠳᠤ ᠰᠢ ᠶᠢᠨ ᠫᠢᠩ᠂ ᠯᠢ ᠺᠧ ᠴᠢᠶᠠᠩ᠂

ᠵᠠᠩ ᠳ᠋ᠧ  ᠵᠢᠶᠠᠩ᠂  ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ᠂ ᠮᠠ ᠺᠠᠢ᠂ ᠸᠠᠩ ᠬᠤ᠋

ᠨᠢᠩ᠂ ᠯᠢᠦ ᠶᠠᠨ  ᠳ᠋ᠦᠩ᠂  ᠯᠢᠦ ᠴᠢ ᠪᠤᠤ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠵᠢᠶᠠᠨ ᠬᠦᠸᠧ᠂ ᠯᠢ

ᠶᠤᠸᠠᠨ ᠴᠤᠤ᠂  ᠸᠠᠩ  ᠶᠠᠩ᠂  ᠵᠠᠩ  ᠴᠦᠨ ᠰᠢᠶᠠᠨ᠂ ᠹᠠᠨ ᠴᠠᠩ ᠯᠥᠩ᠂ ᠮᠧᠩ ᠵᠢᠶᠠᠨ ᠵᠦ᠂ ᠵᠤᠤ ᠯᠧ ᠵᠢᠢ᠂ ᠬᠤ᠋

ᠴᠦᠨ ᠬᠤᠸᠠ᠂ ᠯᠢ ᠵᠠᠨ ᠱᠦ᠂ ᠬᠦᠸᠧ ᠶᠢᠨ ᠯᠥᠩ᠂ ᠬᠠᠨ ᠵᠧᠩ᠂ ᠵᠢᠶᠠᠩ ᠽᠧ ᠮᠢᠨ᠂ ᠬᠤ᠋ ᠶᠢᠨ ᠲᠤᠤ᠂ ᠯᠢ ᠫᠧᠩ᠂ ᠵᠦ

ᠷᠦᠩ ᠵᠢᠢ᠂ ᠯᠢ ᠷᠦᠢ ᠬᠤᠸᠠᠨ᠂  ᠦ᠋  ᠪᠠᠩ  ᠬᠦᠸᠧ᠂ ᠸᠧᠨ ᠵᠢᠶᠠ ᠪᠤᠤ᠂ ᠵᠢᠶᠠ ᠴᠢᠩ ᠯᠢᠨ᠂ ᠰᠦᠩ ᠫᠢᠩ᠂ ᠯᠢ

ᠯᠠᠨ ᠴᠢᠩ᠂ ᠽᠧᠩ ᠴᠢᠩ ᠬᠤᠩ᠂ ᠦ᠋ ᠭᠤᠸᠠᠨ ᠵᠧᠩ᠂ ᠯᠢ ᠴᠠᠩ ᠴᠦᠨ᠂ ᠡᡁᠧ ᠬᠦᠸᠧ ᠴᠢᠶᠠᠩ᠂ ᠳ᠋ᠦ᠋ ᠴᠢᠩ ᠯᠢᠨ᠂

ᠵᠤᠤ ᠬᠤᠩ ᠵᠦ᠂ ᠶᠠᠩ ᠵᠢᠩ ᠪᠠᠶᠢᠨ᠎ᠠ᠃ ᠶᠡᠭᠡ ᠬᠤᠷᠠᠯ ᠢ ᠯᠢ ᠺᠧ ᠴᠢᠶᠠᠩ ᠡᠷᠬᠢᠯᠡᠪᠡ᠃ ᠦᠳᠡ ᠶᠢᠨ ᠡᠮᠤᠨᠡᠬᠢ 9  

ᠴᠠᠭ ᠲᠤ᠂  ᠶᠡᠭᠡ  ᠬᠤᠷᠠᠯ  ᠡᠬᠢᠯᠡᠵᠦ᠂  ᠪᠦᠬᠦᠳᠡᠭᠡᠷ ᠢᠶᠠᠨ  ᠪᠤᠰᠴᠦ  ᠵᠤᠭᠰᠤᠨ᠂ ︽ᠪᠦᠬᠦᠳᠡ ᠨᠠᠶᠢᠷᠠᠮᠳᠠᠬᠤ

ᠲᠤᠮᠳᠠᠳᠤ ᠠᠷᠠᠳ ᠤᠯᠤᠰ ᠤᠨ ᠰᠦᠯᠳᠡ ᠲᠠᠭᠤᠤ︾ ᠶᠢ ᠬᠠᠩᠬᠢᠨᠠᠳᠠᠯ᠎ᠠ ᠲᠠᠭᠤᠯᠠᠪᠠ᠃  ᠲᠠᠷᠠᠭ᠎ᠠ ᠨᠢ᠂ ᠪᠦᠭᠦᠳᠡᠭᠡᠷ ᠢᠶᠠᠨ

ᠮᠠᠤ ᠽᠧ ᠳ᠋ᠦᠩ᠂ ᠵᠸᠥ ᠡᠸ᠋ᠨ ᠯᠠᠢ᠂ ᠯᠢᠦ ᠱᠤᠤ ᠴᠢ᠂ ᠵᠦ ᠳ᠋ᠧ᠂ ᠳ᠋ᠧᠩ ᠰᠢᠶᠤᠤ ᠫᠢᠩ᠂ ᠴᠧᠨ ᠶᠦᠨ  ᠵᠡᠷᠬᠡ ᠨᠠᠰᠤ  

ᠪᠠᠷᠠᠭᠰᠠᠠ  ᠠᠬᠠᠮᠠᠳ  ᠨᠢᠬᠡ  ᠦᠶ᠎ᠡ ᠶᠢᠨ  ᠦᠬᠡᠶᠢᠬᠦᠤ  ᠠᠩᠬᠢ ᠶᠢᠨ  ᠬᠤᠪᠢᠰᠬᠠᠯᠴᠢ  ᠪᠤᠯᠤᠨ   ᠬᠤᠪᠢᠰᠬᠠᠯ ᠤᠨ

ᠦᠷᠡᠭᠳᠡᠭᠰᠡᠨ ᠪᠠᠭᠠᠳᠤᠷᠴᠤᠳ ᠢ ᠨᠠᠮᠠᠨᠴᠢᠯᠠᠨ ᠭᠠᠰᠢᠭᠤᠳᠠᠪᠠ᠃          

    ᠯᠢ ᠺᠧ ᠴᠢᠶᠠᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠪᠠᠯ ᠵᠤᠬᠢᠬᠤ ᠲᠦᠯᠥᠬᠡᠯᠡᠭᠴᠢ

2280 ᠬᠦᠮᠥᠨ᠂ ᠤᠨᠴᠠ ᠤᠷᠢᠭᠰᠠᠠ ᠲᠦᠯᠥᠬᠡᠯᠡᠭᠴᠢ 74  ᠬᠦᠮᠥᠨ᠂  ᠨᠡᠶᠢᠳᠡ  2354  ᠬᠦᠮᠥᠨ  ᠪᠤᠢ᠂  

ᠡᠨᠡ  ᠡᠳᠤᠷ ᠤᠨ ᠬᠤᠷᠠᠯ ᠳᠤ 2338 ᠬᠦᠮᠥᠨ ᠤᠷᠤᠯᠴᠠᠵᠡᠢ ᠬᠡᠵᠥ ᠨᠡᠶᠢᠳᠡᠯᠡᠪᠡ᠃ ᠲᠡᠷᠡ ᠶᠡᠭᠡ ᠬᠤᠷᠠᠯ ᠳᠤ ᠰᠤᠯᠠ

ᠤᠷᠤᠯᠴᠠᠭᠰᠠᠠ  ᠨᠠᠮ ᠤᠨ ᠭᠠᠳᠠᠨᠠᠬᠢ ᠨᠠᠶᠢᠵᠢ ᠨᠠᠷ ᠪᠤᠯᠤᠨ ᠬᠤᠯᠪᠤᠬᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ

ᠨᠦᠬᠦᠳ ᠢ ᠬᠠᠯᠠᠭᠤᠨ ᠢᠶᠠᠷ  ᠤᠬᠳᠤᠵᠥ ᠪᠠᠶᠢᠬᠤ ᠪᠠᠨ ᠢᠯᠡᠳᠬᠡᠵᠡᠢ᠃          

    ᠰᠢ ᠶᠢᠨ ᠫᠢᠩ ᠤᠨ ᠨᠠᠮ ᠤᠨ ᠠᠷᠪᠠᠨ ᠨᠠᠢᠮᠠᠳᠤᠭᠠᠷ  ᠬᠤᠭᠤᠴᠠᠭᠠᠨ ᠤ  ᠲᠦᠪ  ᠬᠤᠷᠢᠶᠠᠨ ᠤ  ᠡᠮᠤᠨ᠎ᠡ ᠠᠴᠠ  

ᠶᠡᠭᠡ ᠬᠤᠷᠠᠯ ᠳᠤ ᠬᠢᠭᠰᠡᠡ ᠢᠯᠡᠳᠬᠡᠯ ᠢ 13 ᠬᠡᠰᠡᠭ ᠬᠤᠪᠢᠶᠠᠪᠠ᠄  ᠨᠢᠬᠡ᠂  ᠦᠩᠬᠡᠷᠡᠭᠰᠡᠡ  ᠲᠠᠪᠤᠨ  ᠵᠢᠯ ᠤᠨ  

ᠠᠵᠢᠯ  ᠪᠤᠯᠤᠨ ᠲᠡᠤᠬᠡᠳᠤ ᠴᠢᠨᠠᠷᠳᠠᠢ ᠬᠤᠪᠢᠰᠤᠯᠳᠠ︔ ᠬᠤᠶᠠᠷ᠂ ᠰᠢᠨ᠎ᠡ ᠴᠠᠭ ᠦᠶ᠎ᠡ ᠶᠢᠨ  ᠲᠤᠮᠳᠠᠳᠤ  ᠤᠯᠤᠰ ᠤᠨ  

ᠡᠪ  ᠬᠠᠮᠳᠤ  ᠨᠠᠮ ᠤᠨ ᠲᠡᠤᠬᠡᠳᠤ ᠡᠬᠦᠷᠬᠡ︔ ᠭᠤᠷᠪᠠ᠂ ᠰᠢᠨ᠎ᠡ ᠴᠠᠭ ᠦᠶ᠎ᠡ ᠶᠢᠨ  ᠲᠤᠮᠳᠠᠳᠤ  ᠤᠯᠤᠰ ᠤᠨ  

ᠤᠨᠴᠠᠯᠢᠭ ᠲᠠᠢ  ᠨᠡᠶᠢᠬᠡᠮ  ᠵᠢᠷᠤᠮ ᠤᠨ ᠦᠵᠡᠯ ᠰᠠᠨᠠᠭ᠎ᠠ ᠪᠤᠯᠤᠨ ᠦᠨᠳᠦᠰᠦᠨ ᠠᠷᠭ᠎ᠠ ᠪᠤᠳᠤᠯᠭ᠎ᠠ︔ ᠲᠦᠷᠪᠡ᠂

ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ  ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠵᠥ᠂ ᠨᠡᠶᠢᠬᠡᠮ ᠵᠢᠷᠤᠮ ᠤᠨ  

ᠤᠳᠤᠬᠢᠴᠢᠯᠠᠭᠰᠠᠠ  ᠤᠯᠤᠰ ᠢ  ᠪᠦᠬᠦ  ᠲᠠᠯ᠎ᠠ ᠪᠠᠷ  ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠬᠦᠯᠤᠨ᠎ᠡ︔

ᠲᠠᠪᠤ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ  ᠲᠤᠤᠱᠯᠠᠭᠤᠯᠵᠥ᠂ ᠤᠳᠤᠬᠢᠴᠢᠯᠠᠭᠰᠠᠠ ᠠᠵᠥ ᠠᠬᠤᠢ ᠶᠢᠨ

ᠰᠢᠰᠲ᠋ᠧᠮ ᠢ ᠪᠠᠶᠢᠭᠤᠯᠤᠨ᠎ᠠ︔ ᠵᠢᠷᠭᠤᠭ᠎ᠠ᠂ ᠠᠷᠠᠳ  ᠲᠦᠮᠡᠨ  ᠡᠷᠬᠡ  ᠮᠡᠳᠡᠵᠥ  ᠡᠵᠡᠨ ᠰᠠᠭᠤᠬᠤ ᠲᠦᠷᠢᠮ ᠤᠨ  

ᠰᠢᠰᠲ᠋ᠧᠮ ᠢ  ᠲᠡᠬᠦᠯᠳᠡᠷᠵᠢᠬᠦᠯᠵᠥ᠂  ᠨᠡᠶᠢᠬᠡᠮ  ᠵᠢᠷᠤᠮ ᠤᠨ  ᠠᠷᠠᠳᠴᠢᠯᠠᠭᠰᠠᠠ  ᠤᠯᠤᠰ  ᠲᠦᠷᠦ ᠶᠢ

ᠬᠦᠭᠵᠢᠬᠦᠯᠤᠨ᠎ᠡ︔ ᠲᠤᠯᠤᠭ᠎ᠠ᠂ ᠰᠤᠶᠤᠯ ᠤᠨ ᠢᠲᠡᠭᠡᠯ ᠢᠶᠠᠨ  ᠪᠠᠲᠤᠳᠬᠠᠵᠦ᠂  ᠨᠡᠶᠢᠭᠡᠮ  ᠵᠢᠷᠤᠮ ᠤᠨ  ᠰᠤᠶᠤᠯ ᠤᠨ  

ᠴᠡᠴᠡᠭᠯᠡᠯ ᠬᠦᠭᠵᠢᠯ ᠢ   ᠠᠬᠢᠭᠤᠯᠤᠨ᠎ᠠ︔   ᠨᠠᠢᠮᠠ᠂   ᠠᠷᠠᠳ ᠤᠨ   ᠠᠮᠢᠲᠤᠷᠠᠯ ᠢ   ᠪᠠᠲᠤᠯᠠᠠ   ᠰᠠᠶᠢᠵᠢᠷᠠᠭᠤᠯᠬᠤ

  ᠲᠦᠪᠰᠢᠨ ᠢ ᠲᠡᠭᠡᠭᠰᠢᠯᠡᠭᠦᠯᠤᠨ᠎ᠡ︔ ᠶᠢᠰᠦ᠂ ᠠᠮᠢ ᠠᠬᠤᠢ ᠶᠢᠨ ᠪᠤᠯᠪᠠᠰᠤᠨ ᠤ  ᠪᠠᠶᠢᠭᠤᠯᠤᠮᠵᠢ ᠶᠢᠨ  

ᠦᠭᠡᠷᠡᠴᠢᠯᠡᠯᠲᠡ ᠶᠢ  ᠲᠦᠷᠭᠡᠳᠭᠡᠵᠦ᠂ ᠦᠵᠡᠰᠭᠦᠯᠡᠩᠳᠤ ᠰᠠᠶᠢᠬᠠᠠ ᠲᠤᠮᠲᠠᠲᠤ ᠤᠯᠤᠰ ᠢ ᠪᠦᠲᠦᠭᠡᠡ ᠪᠠᠶᠢᠭᠤᠯᠤᠨ᠎ᠠ︔

ᠠᠷᠪᠠ᠂ ᠲᠤᠮᠲᠠᠲᠤ ᠤᠯᠤᠰ ᠤᠨ ᠤᠨᠴᠠᠯᠢᠭ ᠲᠠᠢ ᠴᠡᠷᠢᠭ ᠢ ᠬᠦᠴᠦᠷᠭᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠦ᠂  

ᠤᠯᠤᠰ ᠤᠨ  ᠪᠠᠲᠤᠯᠠᠠ  ᠬᠠᠮᠠᠭᠠᠯᠠᠯᠲᠠ  ᠪᠠ  ᠴᠡᠷᠢᠭ ᠠᠩᠭᠢ ᠶᠢᠨ ᠤᠲᠤᠬᠢᠴᠢᠯᠠᠯᠲᠠ ᠶᠢ ᠪᠦᠬᠦ  ᠲᠠᠯ᠎ᠠ ᠪᠠᠷ  

ᠠᠬᠢᠭᠤᠯᠤᠨ᠎ᠠ︔  ᠠᠷᠪᠠᠠ  ᠨᠢᠭᠡ᠂  ︽ᠨᠢᠭᠡ  ᠤᠯᠤᠰ ᠲᠤ  ᠬᠤᠶᠠᠷ ᠪᠠᠶᠢᠭᠤᠯᠤᠯ  ᠢ ᠬᠡᠷᠡᠭᠵᠢᠭᠦᠯᠬᠦ︾ ᠶᠢ

ᠪᠠᠷᠢᠮᠲᠠᠯᠠᠵᠦ᠂ ᠡᠭᠡ ᠤᠯᠤᠰ ᠤᠨ ᠨᠢᠭᠡᠲᠦᠯ ᠢ ᠠᠬᠢᠭᠤᠯᠤᠨ᠎ᠠ︔ ᠠᠷᠪᠠᠠ ᠬᠤᠶᠠᠷ᠂  ᠡᠩᠭᠡ ᠲᠠᠶᠢᠪᠤᠩ ᠬᠦᠭᠵᠢᠯᠲᠠ ᠶᠢᠨ

ᠵᠠᠮ ᠢ ᠪᠠᠷᠢᠮᠲᠠᠯᠠᠵᠦ᠂ ᠬᠦᠮᠦᠨ ᠲᠦᠷᠦᠯᠬᠢᠲᠡᠡ ᠤ ᠬᠤᠪᠢ ᠵᠠᠶᠠᠭᠠᠠ ᠤ ᠬᠠᠮᠲᠤ ᠶᠢᠨ  ᠴᠤᠭᠴᠠ ᠶᠢ ᠪᠠᠶᠢᠭᠤᠯᠬᠤ ᠶᠢ

ᠠᠬᠢᠭᠤᠯᠤᠨ᠎ᠠ︔ ᠠᠷᠪᠠᠠ ᠭᠤᠷᠪᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ  ᠪᠠᠷᠢᠮᠲᠠᠯᠠᠵᠦ᠂  ᠨᠠᠮ ᠤᠨ ᠲᠦᠷᠦ

ᠪᠠᠷᠢᠬᠤ ᠴᠢᠳᠠᠪᠤᠷᠢ ᠪᠤᠯᠤᠨ ᠤᠲᠤᠷᠢᠳᠬᠤ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠤᠨ᠎ᠡ᠃          

    ᠰᠢ ᠶᠢᠨ ᠫᠢᠩ ᠢᠯᠡᠳᠭᠡᠯ ᠳᠡᠭᠡᠨ᠂ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠰᠢᠬᠢ ᠲᠠᠪᠤᠠ  ᠵᠢᠯ ᠳᠤ᠂  

ᠪᠢᠲᠠ ᠲᠤᠭᠲᠠᠭᠤᠨ ᠪᠠᠶᠢᠯᠭᠠᠬᠤ ᠪᠦᠭᠡᠳ ᠤᠷᠤᠭᠰᠢᠯᠠᠠ ᠲᠠᠪᠰᠢᠬᠤ ᠠᠵᠢᠯ ᠤᠨ ᠬᠦᠭ ᠠᠶᠠᠰ ᠢ ᠪᠠᠷᠢᠮᠲᠠᠯᠠᠵᠦ᠂

ᠬᠦᠴᠢᠷ ᠢ ᠲᠤᠭᠤᠯᠤᠨ ᠤᠷᠤᠭᠰᠢᠯᠠᠵᠦ᠂  ᠵᠠᠮ  ᠨᠡᠭᠡᠭᠡᠡ  ᠤᠷᠤᠭᠰᠢᠯᠠᠵᠦ᠂  ᠦᠭᠡᠷᠡᠴᠢᠯᠡᠯᠲᠡ   ᠨᠡᠭᠡᠭᠡᠯᠲᠡ  

ᠪᠤᠯᠤᠨ   ᠨᠡᠶᠢᠭᠡᠮ   ᠵᠢᠷᠤᠮ ᠤᠨ ᠤᠲᠤᠬᠢᠴᠢᠯᠠᠯᠲᠠ ᠶᠢᠨ ᠪᠦᠲᠦᠭᠡᠡ ᠪᠠᠶᠢᠭᠤᠯᠤᠯᠲᠠ ᠶᠢᠨ ᠲᠡᠤᠬᠡᠲᠦ ᠴᠢᠨᠠᠷᠲᠠᠢ

ᠠᠮᠵᠢᠯᠲᠠ ᠶᠢ ᠤᠯᠵᠦ᠂ ᠨᠠᠮ  ᠪᠠ  ᠤᠯᠤᠰ ᠤᠨ ᠠᠵᠢᠯ ᠦᠢᠯᠡᠰ ᠪᠦᠬᠦ ᠲᠠᠯ᠎ᠠ ᠪᠠᠷ ᠰᠢᠨ᠎ᠠ ᠪᠠᠶᠢᠲᠠᠯ ᠢ ᠡᠭᠦᠳᠴᠠᠢ᠄

ᠠᠵᠦ ᠠᠬᠤᠢ ᠶᠢᠨ  ᠪᠦᠲᠦᠭᠡᠡ  ᠪᠠᠶᠢᠭᠤᠯᠤᠯᠲᠠ  ᠴᠢᠬᠤᠯᠠ ᠶᠡᠭᠡ ᠠᠮᠵᠢᠯᠲᠠ ᠤᠯᠪᠠ︔ ᠦᠭᠡᠷᠡᠴᠢᠯᠡᠯᠲᠡ ᠶᠢ ᠪᠦᠬᠦ

ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠲᠠᠪᠠᠯᠲᠠ ᠲᠠᠢ ᠪᠤᠯᠪᠠ︔ ᠠᠷᠠᠳᠴᠢᠯᠠᠯ ᠬᠠᠤᠯᠢᠵᠢᠯ ᠤᠨ

ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ︔ ᠦᠵᠡᠯ ᠰᠠᠨᠠᠭ᠎ᠠ ᠰᠤᠶᠤᠯ ᠤᠨ ᠪᠠᠶᠢᠭᠤᠯᠤᠯᠲᠠ ᠴᠢᠬᠤᠯᠠ

ᠶᠡᠭᠡ ᠠᠬᠢᠯᠲᠠ ᠲᠠᠢ ᠪᠤᠯᠪᠠ︔ ᠠᠷᠠᠳ ᠲᠦᠮᠡᠡ ᠤ ᠠᠮᠢᠲᠤᠷᠠᠯ ᠲᠠᠰᠣᠷᠠᠯᠲᠠ ᠦᠭᠡᠢ ᠰᠠᠶᠢᠵᠢᠷᠠᠪᠠ︔ ᠠᠮᠢ ᠠᠬᠤᠢ ᠶᠢᠨ

ᠪᠤᠯᠪᠠᠰᠤᠨ ᠤ ᠪᠠᠶᠢᠭᠤᠯᠤᠯᠲᠠ ᠮᠡᠲᠡᠭᠲᠡᠮ᠎ᠠ ᠠᠮᠵᠢᠯᠲᠠ ᠤᠯᠪᠠ︔ ᠴᠡᠷᠢᠭ ᠢ  ᠬᠦᠴᠦᠷᠭᠡᠭᠵᠢᠭᠦᠯᠵᠦ  ᠴᠡᠷᠢᠭ ᠢ

ᠮᠠᠠᠲᠤᠭᠤᠯᠬᠤ ᠠᠵᠢᠯ ᠰᠢᠨ᠎ᠠ ᠪᠠᠶᠢᠲᠠᠯ ᠢ ᠡᠭᠦᠳᠪᠡ︔  ᠰᠢᠶᠠᠩᠭᠠᠩ  ᠤᠤᠮᠸᠠ  ᠲᠠᠶᠢᠸᠠᠠ ᠤ  ᠠᠵᠢᠯ  ᠰᠢᠨ᠎ᠠ  

ᠠᠬᠢᠯᠲᠠ ᠲᠠᠢ ᠪᠤᠯᠪᠠ︔ ᠪᠦᠬᠦ ᠲᠠᠯ᠎ᠠ ᠶᠢᠨ ᠭᠠᠲᠠᠭᠠᠲᠤ ᠬᠠᠷᠢᠯᠴᠠᠭᠠᠠ ᠤ ᠪᠠᠶᠢᠷᠢᠰᠢᠯ ᠢ ᠬᠦᠨᠵᠡᠭᠡᠢ ᠦᠷᠨᠢᠭᠦᠯᠪᠠ︔

ᠪᠦᠬᠦ ᠲᠠᠯ᠎ᠠ ᠪᠠᠷ  ᠨᠠᠮ ᠢ ᠴᠢᠩᠭ᠎ᠠ ᠵᠠᠰᠠᠭᠠᠳ ᠮᠡᠲᠡᠭᠲᠡᠮ᠎ᠠ ᠠᠮᠵᠢᠯᠲᠠ ᠤᠯᠪᠠ᠃  ᠡᠭᠦᠨ ᠤ  ᠲᠠᠭᠠᠤ ᠳᠤ᠂  ᠮᠠᠠ ᠤ  

ᠠᠵᠢᠯ ᠳᠤ  ᠪᠠᠰᠠ  ᠮᠠᠰᠢ  ᠤᠯᠠᠠ ᠬᠦᠷᠦᠯᠴᠡᠬᠦ ᠦᠭᠡᠢ ᠲᠠᠯ᠎ᠠ ᠪᠠᠶᠢᠵᠦ᠂ ᠪᠠᠰᠠ ᠴᠦᠭᠡᠡ ᠪᠤᠰᠤ ᠬᠦᠴᠢᠷᠲᠠᠯ ᠪᠠ

ᠦᠷᠢᠰᠦᠯᠲᠦᠭᠡᠡ ᠳᠤ  ᠲᠤᠯᠭᠠᠷᠠᠵᠦ  ᠪᠠᠶᠢᠬᠤ ᠶᠢ ᠰᠡᠷᠭᠡᠭ ᠢᠶᠠᠷ ᠤᠯᠵᠦ ᠦᠵᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃

ᠰᠢ ᠶᠢᠨ ᠫᠢᠩ᠂ ᠲᠠᠪᠤᠠ ᠵᠢᠯ ᠤᠨ ᠲᠤᠷᠰᠢ  ᠤᠯᠤᠭᠰᠠᠠ ᠠᠮᠵᠢᠯᠲᠠ ᠪᠤᠯ ᠪᠦᠬᠦ ᠲᠠᠯ᠎ᠠ ᠶᠢᠨ᠂ ᠪᠦᠲᠦᠭᠡᠯᠴᠢ ᠴᠢᠨᠠᠷᠲᠠᠢ

ᠶᠤᠮ᠂ ᠲᠠᠪᠤᠠ ᠵᠢᠯ ᠤᠨ  ᠲᠤᠷᠰᠢᠬᠢ  ᠬᠤᠪᠢᠷᠠᠯᠲᠠ  ᠪᠤᠯ  ᠬᠦᠨ ᠲᠠᠪᠬᠤᠷᠭ᠎ᠠ ᠶᠢᠨ᠂ ᠦᠨᠲᠦᠰᠦᠨ ᠴᠢᠨᠠᠷᠲᠠᠢ ᠶᠤᠮ᠃

ᠲᠠᠪᠤᠠ ᠵᠢᠯ ᠤᠨ ᠲᠤᠷᠰᠢ᠂ ᠮᠠᠠ ᠤ ᠨᠠᠮ ᠯᠤᠲᠦ ᠶᠡᠭᠡ ᠤᠯᠤᠰ ᠲᠦᠷᠦ ᠶᠢᠨ ᠰᠦᠰᠦ ᠵᠤᠷᠢᠭ ᠪᠤᠯᠤᠨ ᠴᠢᠩᠭ᠎ᠠ

ᠬᠠᠷᠢᠭᠤᠴᠠᠯᠭ᠎ᠠ ᠡᠭᠦᠷᠬᠡᠯᠡᠬᠦ ᠤᠪᠤᠷ ᠢᠶᠠᠷ᠂ ᠠᠯᠢ ᠤᠯᠠᠠ ᠰᠢᠨ᠎ᠠ  ᠤᠢᠢᠯᠠᠭᠠᠭᠲᠠᠬᠤᠨ  ᠰᠢᠨ᠎ᠠ ᠦᠵᠡᠯ ᠰᠠᠨᠠᠭ᠎ᠠ ᠰᠢᠨ᠎ᠠ

ᠪᠠᠶᠢᠯᠲᠤᠬᠤ ᠪᠤᠲᠤᠯᠭ᠎ᠠ ᠶᠢ ᠲᠤᠷᠠᠳᠴᠤ᠂ ᠠᠯᠢ  ᠤᠯᠠᠠ  ᠴᠢᠬᠤᠯᠠ  ᠶᠡᠭᠡ  ᠴᠢᠭᠯᠡᠯᠲᠡ  ᠲᠦᠷᠦ ᠶᠢᠨ ᠪᠤᠲᠤᠯᠭ᠎ᠠ ᠶᠢ

ᠲᠤᠭᠲᠠᠭᠠᠵᠦ᠂ ᠠᠯᠢ ᠤᠯᠠᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠡᠷᠡᠭᠵᠢᠭᠦᠯᠤᠨ᠂  ᠠᠯᠢ  ᠤᠯᠠᠠ  ᠴᠢᠬᠤᠯᠠ ᠶᠡᠭᠡ

ᠠᠵᠢᠯ ᠢ ᠠᠬᠢᠭᠤᠯᠵᠦ᠂ ᠰᠢᠢᠳᠪᠤᠷᠢᠯᠡᠬᠦ ᠪᠠᠷ ᠤᠷᠳᠤ  ᠬᠤᠭᠤᠴᠠᠭ᠎ᠠ  ᠪᠤᠳᠤᠵᠤ  ᠪᠠᠶᠢᠬᠰᠠᠨ  ᠪᠤᠯᠪᠠᠴᠤ  

ᠰᠢᠢᠳᠪᠤᠷᠢᠯᠡᠵᠤ ᠲᠡᠶᠢᠯᠦᠭᠡᠳᠤᠢ ᠪᠠᠶᠢᠬᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠤᠷᠢᠯᠡᠵᠤ᠂

ᠦᠡᠭᠭᠡᠷᠡᠭᠰᠡᠨ ᠳᠤ ᠪᠦᠳᠦᠭᠡᠬᠦ ᠪᠠᠷ ᠪᠤᠳᠤᠵᠤ ᠪᠠᠶᠢᠬᠰᠠᠨ ᠪᠤᠯᠪᠠᠴᠤ ᠪᠦᠳᠦᠭᠡᠵᠤ ᠲᠡᠶᠢᠯᠦᠭᠡᠳᠦᠢ  ᠪᠠᠶᠢᠬᠰᠠᠨ  ᠮᠠᠰᠢ  

ᠤᠯᠠᠨ  ᠶᠡᠭᠡ  ᠶᠠᠪᠤᠳᠠᠯ ᠢ  ᠪᠦᠳᠦᠭᠡᠵᠤ᠂  ᠨᠠᠮ  ᠪᠠ ᠤᠯᠤᠰ ᠤᠨ ᠠᠵᠢᠯ ᠦᠢᠯᠡᠰ ᠲᠤ ᠲᠡᠤᠭᠡᠲᠦ ᠴᠢᠨᠠᠷᠲᠠᠢ

ᠬᠤᠪᠢᠷᠠᠯᠲᠠ ᠭᠠᠷᠬᠤ ᠶᠢ ᠠᠬᠢᠭᠤᠯᠵᠠᠢ᠃ ᠡᠲᠡᠭᠡᠷ ᠲᠡᠤᠭᠡᠲᠦ  ᠴᠢᠨᠠᠷᠲᠠᠢ ᠬᠤᠪᠢᠷᠠᠯᠲᠠ ᠨᠢ ᠨᠠᠮ ᠪᠠ ᠤᠯᠤᠰ ᠤᠨ

ᠠᠵᠢᠯ ᠦᠢᠯᠡᠰ ᠤᠨ ᠬᠦᠭᠵᠢᠯᠲᠠ ᠳᠤ ᠴᠢᠬᠤᠯᠠ ᠶᠡᠭᠡ ᠪᠦᠭᠡᠳ  ᠠᠯᠤᠰ  ᠭᠡᠲᠦ ᠶᠢᠨ ᠨᠦᠯᠦᠭᠡ ᠦᠵᠡᠭᠦᠯᠵᠠᠢ ᠬᠡᠵᠥ

ᠬᠡᠯᠡᠪᠡ᠃          ᠰᠢ ᠶᠢᠨ ᠫᠢᠩ᠂ ᠤᠷᠲᠤ ᠬᠤᠭᠤᠴᠠᠭᠠᠠ ᠤ ᠴᠢᠷᠮᠠᠶᠢᠯᠭ᠎ᠠ ᠪᠠᠷ ᠲᠠᠮᠵᠢᠵᠦ᠂ ᠲᠤᠮᠲᠠᠲᠤ  

ᠤᠯᠤᠰ ᠤᠨ  ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠵᠠᠢ᠃ ᠡᠨᠡ ᠪᠤᠯ ᠮᠠᠠ ᠤ  ᠤᠯᠤᠰ ᠤᠨ

 ᠬᠦᠭᠵᠢᠯᠲᠠ ᠶᠢᠨ  ᠰᠢᠨ᠎ᠠ  ᠲᠡᠤᠬᠡᠨ ᠤᠷᠤᠨ ᠪᠠᠶᠢᠷᠢ ᠮᠦᠨ᠃ ᠡᠨᠡ ᠨᠢ ᠮᠠᠠ ᠤ ᠤᠯᠤᠰ ᠤᠨ ᠨᠡᠶᠢᠭᠡᠮ ᠤᠨ ᠭᠤᠤᠯ

ᠵᠦᠷᠢᠴᠡᠯ ᠨᠢᠭᠡᠨᠲᠡ ᠠᠷᠠᠳ ᠲᠦᠮᠡᠡ ᠤ  ᠡᠲᠦᠷ ᠢᠷᠡᠬᠦᠶ᠎ᠡ ᠨᠡᠮᠡᠭᠲᠡᠵᠦ ᠪᠠᠶᠢᠭ᠎ᠠ ᠰᠠᠶᠢᠨ ᠰᠠᠶᠢᠬᠠᠨ ᠠᠮᠢᠲᠤᠷᠠᠯ ᠤᠨ

ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ  ᠦᠭᠡᠢ ᠬᠦᠭᠵᠢᠯᠲᠠ ᠶᠢᠨ ᠬᠤᠭᠤᠷᠤᠨᠲᠤᠬᠢ  ᠵᠦᠷᠢᠴᠡᠯ  

ᠪᠤᠯᠵᠤ  ᠬᠤᠪᠢᠷᠠᠭᠰᠠᠠ ᠢ  ᠬᠠᠷᠠᠭᠤᠯᠵᠤ  ᠪᠠᠶᠢᠨ᠎ᠠ᠃  ᠮᠠᠠ ᠤ  ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ

ᠬᠤᠪᠢᠷᠠᠯᠲᠠ ᠨᠢ ᠪᠢᠲᠠᠠ ᠤ  ᠮᠠᠠ ᠤ  ᠤᠯᠤᠰ ᠤᠨ  ᠨᠡᠶᠢᠭᠡᠮ  ᠵᠢᠷᠤᠮ ᠤᠨ  ᠤᠷᠤᠰᠢᠵᠦ ᠪᠠᠶᠢᠭ᠎ᠠ ᠲᠡᠤᠬᠡᠨ ᠱᠠᠲᠤ

ᠦᠶ᠎ᠠ ᠳᠤ ᠬᠢᠭᠰᠡᠡ ᠮᠠᠭᠠᠳᠯᠠᠯᠲᠠ ᠶᠢ ᠬᠤᠪᠢᠷᠠᠭᠤᠯᠤᠭᠰᠠᠠ ᠦᠭᠡᠢ᠂  ᠮᠠᠠ ᠤ  ᠤᠯᠤᠰ  ᠮᠦᠨ  ᠴᠤ ᠨᠡᠶᠢᠭᠡᠮ

ᠵᠢᠷᠤᠮ ᠤᠨ  ᠠᠩᠬᠠᠠ ᠤ  ᠱᠠᠲᠤᠨ ᠳᠤ  ᠤᠷᠤᠰᠢᠵᠦ  ᠪᠠᠶᠢᠭ᠎ᠠ  ᠪᠦᠭᠡᠳ  ᠤᠷᠲᠤ  ᠬᠤᠭᠤᠴᠠᠭ᠎ᠠ ᠪᠠᠷ  ᠤᠷᠤᠰᠢᠬᠤ

ᠦᠨᠲᠦᠰᠦᠨ ᠤᠯᠤᠰ ᠤᠨ ᠪᠠᠶᠢᠲᠠᠯ ᠬᠤᠪᠢᠷᠠᠭ᠎ᠠ ᠦᠭᠡᠢ᠂ ᠮᠠᠠ ᠤ ᠤᠯᠤᠰ ᠪᠤᠯ ᠲᠡᠯᠡᠭᠡᠢ ᠶᠢᠨ ᠬᠠᠮᠤᠭ ᠤᠨ  ᠲᠤᠮᠤ  

ᠬᠦᠭᠵᠢᠵᠤ ᠪᠠᠶᠢᠭ᠎ᠠ ᠤᠯᠤᠰ ᠪᠤᠯᠬᠤ ᠤᠯᠠᠠ ᠤᠯᠤᠰ ᠲᠠᠬᠢ ᠪᠠᠶᠢᠷᠢ ᠰᠠᠭᠤᠷᠢ ᠬᠤᠪᠢᠷᠠᠭ᠎ᠠ ᠦᠭᠡᠢ ᠭᠡᠵᠦ ᠵᠢᠭᠠᠵᠦ  

ᠭᠠᠷᠭᠠᠪᠠ᠃  ᠰᠢ ᠶᠢᠨ ᠫᠢᠩ᠂ ᠪᠦᠬᠦ ᠨᠠᠮ ᠢᠶᠠᠷ ᠢᠶᠠᠨ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠡᠨᠡᠬᠦ ᠦᠨᠳᠦᠰᠦᠨ

ᠤᠯᠤᠰ ᠤᠨ ᠪᠠᠶᠢᠳᠠᠯ ᠢ ᠪᠠᠳᠤ ᠡᠵᠡᠮᠳᠡᠵᠦ᠂ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠡᠨᠡᠬᠦ ᠬᠠᠮᠤᠭ ᠤᠨ ᠶᠡᠭᠡ

ᠪᠤᠳᠠᠳᠤ ᠪᠠᠶᠢᠳᠠᠯ ᠳᠤ ᠯᠠᠪᠳᠠᠭᠤᠨ ᠪᠠᠳᠤᠳᠠᠢ ᠰᠠᠭᠤᠷᠢᠯᠡᠵᠦ᠂ ᠨᠠᠮ ᠤᠨ ᠦᠨᠳᠦᠰᠦᠨ ᠱᠤᠭᠤᠮ ᠤᠨ ᠡᠨᠡᠬᠦ ᠨᠠᠮ ᠪᠤᠯᠤᠨ

ᠤᠯᠤᠰ ᠤᠨ  ᠠᠮᠢ  ᠨᠠᠰᠤᠨ ᠤ  ᠱᠤᠭᠤᠮ᠂  ᠠᠷᠠᠳ ᠲᠦᠮᠡᠨ ᠤ ᠵᠤᠯ ᠵᠢᠷᠭᠠᠯ ᠤᠨ ᠱᠤᠭᠤᠮ ᠢ ᠪᠠᠳᠤ  ᠪᠠᠷᠢᠮᠳᠠᠯᠠᠵᠦ᠂

 ᠪᠦᠬᠦ  ᠤᠯᠤᠰ ᠤᠨ  ᠦᠨᠳᠦᠰᠦᠳᠡᠨ ᠨᠦᠭᠦᠳ ᠤᠨ  ᠠᠷᠠᠳ ᠲᠦᠮᠡᠨ ᠢ ᠤᠳᠤᠷᠢᠳᠬᠤ ᠪᠠ  ᠲᠡᠳᠡᠨ ᠲᠠᠢ  

ᠪᠦᠯᠬᠦᠮᠳᠡᠵᠤ᠂  ᠠᠵᠤ  ᠠᠬᠤᠢ ᠶᠢᠨ  ᠪᠦᠳᠦᠭᠡᠨ  ᠪᠠᠶᠢᠭᠤᠯᠤᠯᠳᠠ ᠪᠠᠷ  ᠭᠤᠤᠯ ᠪᠤᠯᠭᠠᠵᠦ᠂ ᠲᠦᠷᠪᠡᠨ ᠦᠨᠳᠦᠰᠦᠨ

ᠵᠠᠷᠴᠢᠮ ᠢ ᠪᠠᠷᠢᠮᠳᠠᠯᠠᠵᠦ᠂ ᠦᠭᠡᠷᠡᠴᠢᠯᠡᠯᠳᠠ ᠨᠡᠭᠡᠭᠡᠯᠳᠠ ᠶᠢ  ᠪᠠᠷᠢᠮᠳᠠᠯᠠᠵᠦ᠂  ᠦᠪᠡᠷ ᠤᠨ ᠬᠦᠴᠦ ᠪᠠᠷ ᠢᠶᠠᠨ  

ᠳᠡᠭᠵᠢᠷᠡᠵᠦ᠂  ᠲᠡᠰᠪᠤᠷᠢ  ᠬᠠᠳᠠᠭᠤᠵᠢᠯᠳᠠᠢ ᠪᠠᠷ  ᠦᠢᠯᠡᠰ  ᠪᠤᠰᠬᠠᠵᠦ᠂  ᠮᠠᠨ ᠤ  ᠤᠯᠤᠰ ᠢᠶᠠᠨ  ᠪᠠᠶᠠᠨ

ᠬᠦᠴᠦᠷᠭᠡᠭ  ᠠᠷᠠᠳᠴᠢᠯᠠᠬᠰᠠᠨ  ᠪᠤᠯᠪᠠᠰᠤᠨ  ᠡᠶ᠎ᠡ  ᠵᠤᠬᠢᠴᠠᠩᠭᠤᠢ  ᠦᠵᠡᠰᠬᠦᠯᠡᠩᠳᠦ   ᠰᠠᠶᠢᠬᠠᠨ   ᠨᠡᠶᠢᠭᠡᠮ  

ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠬᠤ ᠪᠠᠷ ᠲᠡᠮᠡᠴᠡᠬᠦ ᠭᠡᠷᠡᠭᠲᠡᠢ ᠭᠡᠵᠦ

ᠴᠢᠬᠤᠯᠠᠴᠢᠯᠠᠪᠠ᠃          

    ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠡᠦᠭᠡᠳᠦ ᠡᠬᠦᠷᠭᠡ ᠶᠢᠨ  ᠲᠤᠬᠠᠢ  

ᠰᠢ ᠶᠢᠨ ᠫᠢᠩ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ  ᠮᠠᠨᠳᠤᠯᠳᠠ ᠶᠢ  ᠪᠡᠶᠡᠯᠡᠬᠦᠯᠬᠦ  ᠪᠤᠯ  

ᠤᠢᠢᠷ᠎ᠠ  ᠦᠶ᠎ᠠ ᠠᠴᠠ ᠨᠠᠰᠢᠬᠢ ᠳᠤᠮᠳᠠᠳᠤ ᠶᠢᠨ ᠦᠨᠳᠦᠰᠦᠳᠡᠨ ᠤ ᠬᠠᠮᠤᠭ ᠤᠨ ᠠᠭᠤᠤ ᠶᠡᠭᠡ ᠬᠦᠰᠡᠯ ᠵᠡᠬᠦᠳᠦ

ᠮᠦᠨ᠃ ᠳᠤᠮᠳᠠᠳᠤ  ᠤᠯᠤᠰ ᠤᠨ  ᠡᠪ ᠬᠠᠮᠳᠦ ᠨᠠᠮ ᠪᠠᠶᠢᠭᠤᠯᠤᠭᠳᠠᠮᠠᠭᠴᠠ ᠪᠠᠨ ᠡᠪ ᠬᠠᠮᠳᠦ ᠶᠤᠰᠤ ᠶᠢ

ᠪᠡᠶᠡᠯᠡᠬᠦᠯᠬᠦ ᠪᠠᠷ ᠨᠠᠮ ᠤᠨ ᠬᠠᠮᠤᠭ ᠤᠨ ᠳᠡᠭᠡᠳᠦ ᠬᠦᠰᠡᠯᠡᠩ ᠪᠠ ᠡᠴᠦᠰ ᠤᠨ ᠬᠠᠷᠠᠯᠳᠠ ᠪᠤᠯᠭᠠᠵᠦ᠂ ᠳᠤᠮᠳᠠᠳᠤ ᠶᠢᠨ

ᠦᠨᠳᠦᠰᠦᠳᠡᠨ ᠤ  ᠠᠭᠤᠤ  ᠶᠡᠭᠡ  ᠰᠡᠷᠬᠦᠨ  ᠮᠠᠨᠳᠤᠯᠳᠠ ᠶᠢ  ᠪᠡᠶᠡᠯᠡᠬᠦᠯᠬᠦ ᠲᠡᠦᠭᠡᠳᠦ ᠡᠬᠦᠷᠭᠡ ᠶᠢ ᠤᠬᠳᠤ

ᠡᠷᠡᠭᠡᠯᠵᠡᠯ ᠦᠭᠡᠢ  ᠡᠬᠦᠷᠭᠡᠯᠡᠪᠡ᠃  ᠦᠨᠦᠳᠦᠷ᠂  ᠪᠢᠳᠠ  ᠳᠤᠮᠳᠠᠳᠤ ᠶᠢᠨ  ᠦᠨᠳᠦᠰᠦᠳᠡᠨ ᠤ ᠠᠭᠤᠤ ᠶᠡᠭᠡ ᠰᠡᠷᠬᠦᠨ

ᠮᠠᠨᠳᠤᠯᠳᠠ ᠶᠢ ᠪᠡᠶᠡᠯᠡᠬᠦᠯᠬᠦ ᠬᠠᠷᠠᠯᠳᠠ ᠠᠴᠠ ᠲᠡᠦᠭᠡ ᠶᠢᠨ  ᠠᠯᠢ  ᠴᠤ  ᠦᠶ᠎ᠠ ᠠᠴᠠ  ᠨᠡᠩ  ᠢᠯᠡᠬᠦᠦ ᠤᠢᠢᠷᠠᠳᠴᠦ᠂

ᠡᠬᠦᠨ ᠢ ᠪᠡᠶᠡᠯᠡᠬᠦᠯᠬᠦ ᠳᠤ ᠨᠡᠩ ᠢᠯᠡᠬᠦᠦ ᠢᠳᠡᠭᠡᠯ ᠪᠠ ᠴᠢᠳᠠᠪᠤᠷᠢ ᠲᠠᠢ ᠪᠠᠶᠢᠨ᠎ᠠ ᠭᠡᠵᠦ  ᠵᠢᠭᠠᠵᠦ  ᠭᠠᠷᠭᠠᠵᠠᠢ᠃

ᠰᠢ ᠶᠢᠨ ᠫᠢᠩ᠂ ᠠᠭᠤᠤ ᠶᠡᠭᠡ ᠬᠦᠰᠡᠯ ᠵᠡᠬᠦᠳᠦ ᠶᠢ ᠳᠡᠷᠭᠡᠯᠰᠢᠬᠦᠯᠬᠦ ᠳᠤ᠂ ᠡᠷᠭᠡᠪᠰᠢ ᠠᠭᠤᠤ ᠶᠡᠭᠡ ᠲᠡᠮᠡᠴᠡᠯ ᠬᠢᠬᠦ  

ᠭᠡᠷᠡᠭᠲᠡᠢ︔ ᠠᠭᠤᠤ ᠶᠡᠭᠡ ᠬᠦᠰᠡᠯ ᠵᠡᠬᠦᠳᠦ ᠶᠢ ᠳᠡᠷᠭᠡᠯᠰᠢᠬᠦᠯᠬᠦ ᠳᠤ᠂ ᠡᠷᠭᠡᠪᠰᠢ ᠠᠭᠤᠤ  ᠶᠡᠭᠡ  ᠢᠨᠵᠧᠨᠧᠷᠢᠩ ᠢ  

ᠪᠠᠶᠢᠭᠤᠯᠬᠤ  ᠭᠡᠷᠡᠭᠲᠡᠢ︔ ᠠᠭᠤᠤ ᠶᠡᠭᠡ ᠬᠦᠰᠡᠯ ᠵᠡᠬᠦᠳᠦ ᠶᠢ ᠳᠡᠷᠭᠡᠯᠰᠢᠬᠦᠯᠬᠦ ᠳᠤ᠂ ᠡᠷᠭᠡᠪᠰᠢ ᠠᠭᠤᠤ ᠶᠡᠭᠡ ᠦᠢᠯᠡᠰ ᠢ

ᠠᠬᠢᠭᠤᠯᠬᠤ  ᠭᠡᠷᠡᠭᠲᠡᠢ᠃  ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ

ᠶᠡᠭᠡ ᠬᠦᠰᠡᠯ ᠵᠡᠬᠦᠳᠦ ᠨᠢᠭᠳᠠ ᠬᠤᠯᠪᠤᠯᠳᠤᠵᠦ᠂ ᠬᠠᠷᠢᠯᠴᠠᠨ ᠨᠡᠪᠳᠡᠷᠡᠯᠴᠡᠵᠦ᠂ ᠬᠠᠷᠢᠯᠴᠠᠨ ᠦᠢᠯᠡᠳᠦᠯᠴᠡᠵᠤ ᠪᠠᠶᠢᠨ᠎ᠠ᠂  

ᠡᠬᠦᠨ ᠳᠤ  ᠰᠢᠢᠳᠪᠤᠷᠢᠯᠡᠭᠴᠢ  ᠴᠢᠨᠠᠷᠳᠠᠢ  ᠦᠢᠯᠡᠳᠦᠯ ᠦᠵᠡᠬᠦᠯᠵᠦ  ᠪᠠᠶᠢᠬᠤ ᠨᠢ  ᠪᠤᠯ  ᠨᠠᠮ ᠤᠨ  

ᠪᠠᠶᠢᠭᠤᠯᠤᠯᠳᠠ ᠶᠢᠨ  ᠰᠢᠨ᠎ᠠ  ᠠᠭᠤᠤ  ᠶᠡᠭᠡ  ᠢᠨᠵᠧᠨᠧᠷᠢᠩ  ᠪᠤᠯᠤᠨ᠎ᠠ  ᠭᠡᠵᠦ ᠴᠢᠬᠤᠯᠠᠴᠢᠯᠠᠪᠠ᠃          

    ᠰᠢ ᠶᠢᠨ  ᠫᠢᠩ  ︽ᠨᠠᠢᠮᠠᠨ  ᠳᠤᠳᠤᠷᠬᠠᠢᠢᠯᠠᠬᠤ︾ ᠪᠠᠷ  ᠰᠢᠨ᠎ᠠ  ᠴᠠᠭ  ᠦᠶ᠎ᠠ ᠶᠢᠨ   ᠳᠤᠮᠳᠠᠳᠤ  

ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠢ ᠳᠤᠳᠤᠷᠬᠠᠢᠢᠯᠠᠨ ᠦᠭᠦᠯᠡᠵᠠᠢ᠃  

ᠲᠡᠷᠡ᠂  ᠰᠢᠨ᠎ᠠ  ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ  ᠨᠡᠶᠢᠭᠡᠮ  ᠵᠢᠷᠤᠮ ᠤᠨ  ᠦᠵᠡᠯ  

ᠰᠠᠨᠠᠭ᠎ᠠ ᠨᠢ  ᠳᠤᠮᠳᠠᠳᠤ  ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠶᠢ

ᠳᠤᠳᠤᠷᠬᠠᠢᠢᠯᠠᠵᠤ᠂ ᠶᠡᠷᠦᠩᠬᠡᠢ  ᠡᠭᠦᠷᠭᠡ ᠨᠢ  ᠪᠤᠯ  ᠨᠡᠶᠢᠭᠡᠮ ᠵᠢᠷᠤᠮ ᠤᠨ ᠤᠳᠤᠬᠢᠴᠢᠯᠠᠯᠳᠠ ᠪᠠ ᠳᠤᠮᠳᠠᠳᠤ ᠶᠢᠨ

ᠦᠨᠳᠦᠰᠦᠳᠡᠨ ᠤ ᠠᠭᠤᠤ  ᠶᠡᠭᠡ  ᠰᠡᠷᠬᠦᠨ  ᠮᠠᠨᠳᠤᠯᠳᠠ ᠶᠢ  ᠪᠡᠶᠡᠯᠡᠬᠦᠯᠬᠦ ᠶᠠᠪᠤᠳᠠᠯ ᠪᠤᠯᠤᠨ᠎ᠠ᠂ ᠴᠢᠨᠡᠭᠡᠯᠢᠭ

ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠦᠭᠰᠡᠨ ᠰᠠᠭᠤᠷᠢᠨ ᠳᠤ  ᠬᠤᠶᠠᠷ  ᠠᠯᠬᠤᠮ  ᠬᠤᠪᠢᠶᠠᠵᠤ ᠲᠤᠰ ᠵᠠᠭᠤᠨ ᠤ

ᠳᠤᠮᠳᠠᠴᠢ ᠪᠤᠯᠬᠤ ᠳᠤ ᠪᠠᠶᠠᠨ ᠬᠦᠴᠦᠷᠭᠡᠭ ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠦ

ᠰᠠᠶᠢᠬᠠᠨ ᠨᠡᠶᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠪᠦᠳᠦᠭᠡᠨ ᠪᠠᠶᠢᠭᠤᠯᠬᠤ ᠭᠡᠷᠡᠭᠲᠡᠢ ᠭᠡᠪᠡ᠃

       

    ᠰᠢ ᠶᠢᠨ ᠫᠢᠩ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ  

ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ  ᠰᠠᠨᠠᠭ᠎ᠠ᠂  ᠳ᠋ᠧᠩ  ᠰᠢᠶᠤᠤ  ᠫᠢᠩ  

 ᠤᠨ ᠤᠨᠤᠯ᠂ ︽ᠭᠤᠷᠪᠠ  ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂  ᠰᠢᠨᠵᠢᠯᠡᠬᠦ  ᠤᠬᠠᠭᠠᠨᠴᠢ  

ᠬᠦᠭᠵᠢᠯᠳᠠ ᠶᠢᠨ  ᠦᠵᠡᠯᠳᠠ ᠶᠢᠨ ᠵᠠᠯᠭᠠᠮᠵᠢᠯᠠᠯ ᠪᠠ ᠬᠦᠭᠵᠢᠯᠳᠠ ᠮᠦᠨ᠂ ᠮᠠᠷᠺᠰ ᠤᠨ ᠦᠵᠡᠯ ᠤᠨ ᠳᠤᠮᠳᠠᠳᠤ  

ᠤᠯᠤᠰᠴᠢᠯᠠᠭᠰᠠᠨ  ᠬᠠᠮᠤᠭ ᠤᠨ  ᠰᠢᠨ᠎ᠠ  ᠦᠷ᠎ᠠ ᠪᠦᠳᠦᠭᠡᠯ ᠮᠦᠨ᠂ ᠨᠠᠮ ᠪᠤᠯᠤᠨ ᠠᠷᠠᠳ ᠲᠦᠮᠡᠨ ᠤ

ᠦᠢᠯᠡᠳᠦᠯᠭᠡ ᠶᠢᠨ ᠲᠤᠷᠰᠢᠯᠭ᠎ᠠ ᠪᠠ ᠬᠠᠮᠳᠦ ᠶᠢᠨ  ᠤᠶᠤᠨ  ᠤᠬᠠᠭᠠᠨ ᠤ ᠤᠬᠢ ᠪᠦᠳᠦᠭᠡᠯ ᠮᠦᠨ᠂ ᠳᠤᠮᠳᠠᠳᠤ

ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ  ᠴᠢᠬᠤᠯᠠ ᠪᠦᠷᠢᠯᠳᠦᠬᠦᠨ ᠭᠡᠰᠡᠭ

ᠮᠦᠨ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ

ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ  ᠪᠡᠶᠡᠯᠡᠬᠦᠯᠬᠦ ᠪᠠᠷ  ᠲᠡᠮᠡᠴᠡᠬᠦ  ᠠᠵᠢᠯᠯᠠᠭᠠᠨ ᠤ  ᠵᠦᠭᠯᠡᠬᠦᠷ  

ᠮᠦᠨ᠂ ᠡᠷᠭᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠶᠢᠨ ᠬᠠᠮᠳᠦ ᠳᠠᠰᠤᠷᠠᠯᠳᠠ ᠦᠭᠡᠢ ᠬᠦᠭᠵᠢᠬᠦᠯᠬᠦ ᠭᠡᠷᠡᠭᠲᠡᠢ  

ᠭᠡᠵᠦ  ᠵᠢᠭᠠᠵᠦ ᠭᠠᠷᠭᠠᠵᠠᠢ᠃ ᠰᠢ ᠶᠢᠨ ᠫᠢᠩ ᠰᠢᠨ᠎ᠠ ᠴᠠᠭ ᠦᠶ᠎ᠠ ᠳᠤ ᠪᠠᠷᠢᠮᠳᠠᠯᠠᠨ  ᠬᠦᠭᠵᠢᠭᠦᠯᠬᠦ  ᠳᠤᠮᠳᠠᠳᠤ  

ᠤᠯᠤᠰ ᠤᠨ  ᠤᠨᠴᠠᠯᠢᠭ ᠲᠠᠢ ᠨᠡᠶᠢᠭᠡᠮ  ᠵᠢᠷᠤᠮ ᠤᠨ  ᠦᠨᠳᠦᠰᠦᠨ  ᠠᠷᠭ᠎ᠠ  ᠪᠤᠳᠤᠯᠭ᠎ᠠ ᠶᠢ  ᠪᠦᠷᠢᠯᠳᠦᠭᠦᠯᠦᠭᠰᠡᠨ  

︽ᠠᠷᠪᠡᠨ   ᠲᠦᠷᠪᠡᠨ   ᠵᠦᠢᠯ ᠤᠨ ᠪᠠᠷᠢᠮᠳᠠᠯᠠᠯ︾ ᠤᠨ ᠲᠤᠬᠠᠢ ᠲᠤᠳᠤᠷᠬᠠᠢᠢᠯᠠᠨ ᠦᠭᠦᠯᠡᠵᠠᠢ᠄ ᠨᠠᠮ ᠤᠨ ᠠᠯᠢᠪᠠ

ᠠᠵᠢᠯ ᠳᠠᠬᠢ  ᠤᠳᠤᠷᠢᠳᠤᠯᠭ᠎ᠠ ᠶᠢ  ᠪᠠᠷᠢᠮᠳᠠᠯᠠᠬᠤ ᠭᠡᠷᠡᠭᠲᠡᠢ︔ ᠠᠷᠠᠳ ᠲᠦᠮᠡᠨ ᠢᠶᠠᠷ ᠭᠤᠤᠯ ᠪᠤᠯᠭᠠᠬᠤ ᠶᠢ

ᠪᠠᠷᠢᠮᠳᠠᠯᠠᠬᠤ ᠭᠡᠷᠡᠭᠲᠡᠢ︔  ᠦᠭᠡᠷᠡᠴᠢᠯᠡᠯᠳᠠ ᠶᠢ  ᠪᠦᠬᠦ  ᠲᠠᠯ᠎ᠠ ᠪᠠᠷ ᠬᠦᠨᠵᠡᠭᠡᠶᠢᠷᠡᠬᠦᠯᠬᠦ ᠶᠢ ᠪᠠᠷᠢᠮᠳᠠᠯᠠᠬᠤ ᠭᠡᠷᠡᠭᠲᠡᠢ︔

ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ  ᠪᠠᠷᠢᠮᠳᠠᠯᠠᠬᠤ  ᠭᠡᠷᠡᠭᠲᠡᠢ︔ ᠠᠷᠠᠳ ᠲᠦᠮᠡᠨ ᠡᠷᠭᠡ ᠮᠡᠳᠡᠵᠦ ᠡᠵᠡᠨ

ᠰᠠᠭᠤᠬᠤ ᠶᠢ ᠪᠠᠷᠢᠮᠳᠠᠯᠠᠬᠤ ᠭᠡᠷᠡᠭᠲᠡᠢ︔ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢ ᠵᠠᠰᠠᠬᠤ ᠶᠢ  ᠪᠠᠷᠢᠮᠳᠠᠯᠠᠬᠤ  

ᠭᠡᠷᠡᠭᠲᠡᠢ︔  ᠨᠡᠶᠢᠭᠡᠮ  ᠵᠢᠷᠤᠮ ᠤᠨ  ᠭᠤᠤᠯᠯᠠᠬᠴᠢ  ᠦᠷᠳᠡᠭ ᠤᠨ  ᠰᠢᠰᠲ᠋ᠧᠮ ᠢ  ᠪᠠᠷᠢᠮᠳᠠᠯᠠᠬᠤ ᠭᠡᠷᠡᠭᠲᠡᠢ︔

ᠬᠦᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠬᠤ  ᠭᠡᠷᠡᠭᠲᠡᠢ︔

ᠬᠦᠮᠦᠨ  ᠪᠤᠯᠤᠨ  ᠪᠠᠶᠢᠭᠠᠯᠢ  ᠡᠶ᠎ᠡ  ᠵᠤᠬᠢᠴᠠᠩᠭᠤᠢ ᠪᠠᠷ  ᠵᠡᠷᠭᠡᠴᠡᠨ  ᠤᠷᠤᠰᠢᠬᠤ ᠶᠢ  ᠪᠠᠷᠢᠮᠳᠠᠯᠠᠬᠤ  ᠭᠡᠷᠡᠭᠲᠡᠢ︔  

ᠪᠦᠬᠦᠯᠢ ᠴᠤᠬᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠠ ᠶᠢ ᠪᠠᠷᠢᠮᠳᠠᠯᠠᠬᠤ  ᠭᠡᠷᠡᠭᠲᠡᠢ︔  ᠨᠠᠮ ᠤᠨ  

ᠠᠷᠠᠳ ᠤᠨ  ᠴᠡᠷᠢᠭ ᠠᠩᠬᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠳᠠᠯᠠᠬᠤ ᠭᠡᠷᠡᠭᠲᠡᠢ︔ ︽ᠨᠢᠭᠡ

ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠ ᠡᠭᠡ ᠤᠯᠤᠰ ᠤᠨ ᠨᠢᠭᠡᠳᠦᠯ ᠢ ᠠᠬᠢᠭᠤᠯᠬᠤ ᠶᠢ ᠪᠠᠷᠢᠮᠳᠠᠯᠠᠬᠤ

 ᠭᠡᠷᠡᠭᠲᠡᠢ︔  ᠬᠦᠮᠦᠨ  ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢ ᠠᠬᠢᠭᠤᠯᠤᠨ

ᠪᠠᠶᠢᠭᠤᠯᠬᠤ ᠶᠢ ᠪᠠᠷᠢᠮᠳᠠᠯᠠᠬᠤ ᠭᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠬᠤ ᠭᠡᠷᠡᠭᠲᠡᠢ

ᠭᠡᠪᠡ᠃        

   ᠰᠢ ᠶᠢᠨ  ᠫᠢᠩ  ︽ᠬᠤᠤᠰ  ᠵᠠᠭᠤᠨ  ᠵᠢᠯ︾ ᠤᠨ   ᠲᠡᠮᠡᠴᠡᠬᠦ   ᠬᠠᠷᠠᠯᠲᠠ ᠶᠢᠨ   ᠲᠤᠬᠠᠢ   ᠶᠠᠷᠢᠬᠤ ᠳᠠᠭᠠᠨ᠂

ᠦᠭᠡᠷᠡᠴᠢᠯᠡᠯᠲᠡ  ᠨᠡᠬᠡᠬᠡᠯᠲᠡ  ᠬᠢᠭᠰᠡᠨ ᠤ  ᠳᠠᠷᠠᠭ᠎ᠠ᠂  ᠮᠠᠨ ᠤ  ᠨᠠᠮ   ᠮᠠᠨ ᠤ   ᠤᠯᠤᠰ ᠤᠨ   ᠨᠡᠶᠢᠭᠡᠮ  

ᠵᠢᠷᠤᠮ ᠤᠨ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ  

ᠬᠢᠵᠤ᠂  ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠳᠤᠷᠠᠳᠴᠠᠢ᠃  ᠠᠷᠠᠳ  

ᠲᠦᠮᠡᠨ ᠤ  ᠢᠳᠡᠵᠤ  ᠡᠮᠦᠰᠬᠦ ᠠᠰᠠᠭᠤᠳᠠᠯ ᠢ ᠰᠢᠢᠳᠪᠦᠷᠢᠯᠡᠬᠦ᠂ ᠠᠷᠠᠳ ᠲᠦᠮᠡᠨ ᠤ ᠠᠮᠢᠳᠤᠷᠠᠯ ᠢ ᠦᠨᠳᠦᠰᠦᠨ ᠳᠡᠭᠡᠨ

ᠴᠢᠨᠡᠭᠡᠯᠢᠭ  ᠲᠦᠪᠰᠢᠨ ᠳᠤ  ᠬᠦᠷᠭᠡᠬᠦ ᠬᠤᠶᠠᠷ ᠬᠠᠷᠠᠯᠲᠠ ᠶᠢ ᠨᠢᠭᠡᠨᠳᠡ ᠤᠷᠢᠳᠴᠢᠯᠠᠨ ᠪᠡᠶᠡᠯᠡᠭᠦᠯᠪᠡ᠃ ᠤᠳᠤ ᠠᠴᠠ

2020 ᠤᠨ ᠪᠤᠯᠳᠠᠯᠠᠬᠢ  ᠬᠤᠭᠤᠴᠠᠭ᠎ᠠ  ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ

ᠱᠠᠳᠤ ᠪᠤᠯᠤᠨ᠎ᠠ᠃ ᠨᠠᠮ ᠤᠨ ᠠᠷᠪᠠ  ᠶᠢᠰᠤᠳᠦᠭᠡᠷ  ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ

ᠪᠤᠯᠳᠠᠯᠠᠬᠢ ᠬᠤᠭᠤᠴᠠᠭ᠎ᠠ ᠪᠤᠯ  ︽ᠬᠤᠤᠰ  ᠵᠠᠭᠤᠨ  ᠵᠢᠯ︾ ᠤᠨ  ᠲᠡᠮᠡᠴᠡᠬᠦ ᠬᠠᠷᠠᠯᠲᠠ ᠶᠢᠨ ᠲᠡᠤᠬᠡᠨ

ᠰᠤᠯᠢᠪᠴᠠᠯ ᠤᠨ  ᠬᠤᠭᠤᠴᠠᠭ᠎ᠠ  ᠪᠤᠯᠤᠨ᠎ᠠ᠃  ᠪᠢᠳᠡ  ᠴᠢᠨᠡᠭᠡᠯᠢᠭ  ᠨᠡᠶᠢᠭᠡᠮ ᠢ  ᠪᠦᠬᠦ  ᠲᠠᠯ᠎ᠠ ᠪᠠᠷ ᠪᠡᠶᠡᠯᠡᠬᠦᠯᠵᠤ᠂  

ᠨᠢᠭᠡᠳᠦᠭᠡᠷ  ᠵᠠᠭᠤᠨ  ᠵᠢᠯ ᠤᠨ  ᠲᠡᠮᠡᠴᠡᠬᠦ  ᠬᠠᠷᠠᠯᠲᠠ ᠶᠢ  ᠪᠡᠶᠡᠯᠡᠭᠦᠯᠬᠦ ᠪᠠᠷ   ᠪᠠᠷᠠᠬᠤ  ᠦᠭᠡᠢ  ᠪᠠᠰᠠ

ᠢᠯᠠᠯᠳᠠ ᠶᠢᠨ ᠢᠶᠠᠨ ᠡᠷᠴᠢᠨ ᠲᠡᠭᠡᠷ᠎ᠡ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ  ᠪᠦᠬᠦ  ᠲᠠᠯ᠎ᠠ ᠪᠠᠷ  

ᠪᠦᠲᠦᠭᠡᠨ ᠪᠠᠶᠢᠭᠤᠯᠬᠤ ᠰᠢᠨ᠎ᠠ ᠠᠶᠠᠯᠠᠯ ᠢᠶᠠᠨ ᠡᠬᠢᠯᠡᠭᠦᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ  

ᠲᠡᠰᠢ  ᠤᠷᠤᠭᠰᠢᠯᠠᠬᠤ ᠬᠡᠷᠡᠭᠲᠠᠢ ᠭᠡᠪᠡ᠃          

    ᠰᠢ ᠶᠢᠨ ᠫᠢᠩ᠂ 2020 ᠤᠨ ᠠᠴᠠ ᠲᠤᠰ ᠵᠠᠭᠤᠨ ᠤ ᠳᠤᠮᠳᠠᠴᠢ ᠦᠶ᠎ᠠ ᠪᠤᠯᠳᠠᠯ᠎ᠠ  ᠬᠤᠶᠠᠷ  ᠱᠠᠳᠤ  

ᠦᠶ᠎ᠠ ᠪᠠᠷ ᠲᠤᠬᠢᠷᠠᠭᠤᠯᠵᠤ ᠪᠤᠯᠤᠨ᠎ᠠ᠃ ᠨᠢᠭᠡᠳᠦᠭᠡᠷ ᠱᠠᠳᠤ ᠦᠶ᠎ᠠ ᠨᠢ ᠪᠤᠯ᠂ 2020 ᠤᠨ ᠠᠴᠠ 2035 ᠤᠨ

ᠪᠤᠯᠲᠠᠯ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ  ᠰᠠᠭᠤᠷᠢᠨ ᠳᠤ  ᠳᠠᠬᠢᠭᠠᠳ  ᠠᠷᠪᠠᠨ  ᠲᠠᠪᠤᠨ

 ᠵᠢᠯ  ᠲᠡᠮᠡᠴᠡᠵᠤ᠂  ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠠ᠂  ᠬᠤᠶᠠᠳᠤᠭᠠᠷ

 ᠱᠠᠳᠤ  ᠦᠶ᠎ᠠ ᠨᠢ  ᠪᠤᠯ᠂  2035 ᠤᠨ ᠠᠴᠠ ᠲᠤᠰ ᠵᠠᠭᠤᠨ ᠤ  ᠳᠤᠮᠳᠠᠴᠢ  ᠦᠶ᠎ᠠ  ᠪᠤᠯᠳᠠᠯ᠎ᠠ᠂  

ᠤᠳᠤᠬᠢᠴᠢᠯᠠᠯᠲᠠ ᠶᠢ  ᠦᠨᠳᠦᠰᠦᠨ ᠳᠡᠭᠡᠨ  ᠪᠡᠶᠡᠯᠡᠭᠦᠯᠦᠭᠰᠡᠨ ᠰᠠᠭᠤᠷᠢᠨ ᠳᠤ ᠳᠠᠬᠢᠭᠠᠳ 15 ᠵᠢᠯ ᠲᠡᠮᠡᠴᠡᠵᠤ᠂

ᠮᠠᠨ ᠤ ᠤᠯᠤᠰ ᠢᠶᠠᠨ ᠪᠠᠶᠠᠨ ᠬᠦᠴᠦᠷᠬᠡᠭ  ᠠᠷᠠᠳᠴᠢᠯᠠᠭᠰᠠᠨ  ᠪᠤᠯᠪᠠᠰᠤᠨ ᠡᠶ᠎ᠡ ᠵᠤᠬᠢᠴᠠᠩᠭᠤᠢ ᠦᠵᠡᠰᠭᠦᠯᠡᠩᠲᠦ

ᠰᠠᠶᠢᠬᠠᠨ ᠨᠡᠶᠢᠭᠡᠮ  ᠵᠢᠷᠤᠮ ᠤᠨ  ᠤᠳᠤᠬᠢᠴᠢᠯᠠᠭᠰᠠᠨ  ᠬᠦᠴᠦᠷᠬᠡᠭ  ᠤᠯᠤᠰ  ᠪᠤᠯᠭᠠᠨ ᠪᠦᠲᠦᠭᠡᠨ ᠪᠠᠶᠢᠭᠤᠯᠤᠨ᠎ᠠ

ᠭᠡᠵᠤ ᠳᠤᠷᠠᠳᠴᠠᠢ᠃        

    ᠰᠢ ᠶᠢᠨ ᠫᠢᠩ᠂ ᠰᠢᠨ᠎ᠠ ᠬᠦᠭᠵᠢᠯᠲᠠ ᠶᠢᠨ ᠣᠶᠢᠯᠠᠭᠠᠭᠳᠠᠭᠤᠨ   ᠢ  ᠲᠤᠤᠱᠯᠠᠭᠤᠯᠵᠤ᠂  ᠤᠳᠤᠬᠢᠴᠢᠯᠠᠭᠰᠠᠨ  

ᠠᠵᠤ ᠠᠬᠤᠢ ᠶᠢᠨ   ᠰᠢᠰᠲ᠋ᠧᠮ ᠢ   ᠪᠠᠶᠢᠭᠤᠯᠬᠤ   ᠬᠡᠷᠡᠭᠲᠠᠢ᠃   ᠬᠠᠩᠭᠠᠯᠭ᠎ᠠ ᠶᠢᠨ   ᠲᠠᠯ᠎ᠠ ᠶᠢᠨ  

ᠪᠦᠲᠦᠴᠡ ᠶᠢᠨ   ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠠᠢ︔  ᠰᠢᠨ᠎ᠠ ᠶᠢ  ᠡᠭᠦᠳᠬᠦ  ᠮᠠᠶ᠋ᠢᠭ ᠤᠨ

 ᠤᠯᠤᠰ ᠢ  ᠲᠦᠷᠭᠡᠨ  ᠪᠦᠲᠦᠭᠡᠨ ᠪᠠᠶᠢᠭᠤᠯᠬᠤ ᠬᠡᠷᠡᠭᠲᠠᠢ︔ ᠬᠦᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ

ᠪᠤᠳᠤᠯᠭ᠎ᠠ ᠶᠢ ᠬᠡᠷᠡᠭᠵᠢᠭᠦᠯᠬᠦ ᠬᠡᠷᠡᠭᠲᠠᠢ︔  ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠬᠦ ᠪᠠᠶᠢᠯᠳᠤᠬᠤ

ᠪᠤᠳᠤᠯᠭ᠎ᠠ ᠶᠢ ᠬᠡᠷᠡᠭᠵᠢᠭᠦᠯᠬᠦ ᠬᠡᠷᠡᠭᠲᠠᠢ︔ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ

ᠪᠠᠶᠢᠭᠤᠯᠤᠮᠵᠢ ᠶᠢ ᠲᠦᠷᠭᠡᠨ ᠲᠡᠭᠦᠯᠳᠡᠷᠵᠢᠭᠦᠯᠬᠦ ᠬᠡᠷᠡᠭᠲᠠᠢ︔ ᠪᠦᠬᠦ  ᠲᠠᠯ᠎ᠠ ᠪᠠᠷ  ᠨᠡᠬᠡᠬᠡᠯᠲᠡ ᠬᠢᠬᠦ ᠰᠢᠨ᠎ᠠ

ᠪᠠᠶᠢᠷᠢᠰᠢᠯ ᠢ ᠪᠦᠷᠢᠯᠳᠦᠭᠦᠯᠬᠦ ᠬᠡᠷᠡᠭᠲᠠᠢ ᠭᠡᠵᠤ ᠵᠢᠭᠠᠵᠤ ᠭᠠᠷᠭᠠᠪᠠ᠃ ᠰᠢ ᠶᠢᠨ ᠫᠢᠩ  ᠠᠷᠠᠳ  ᠲᠦᠮᠡᠨ  ᠡᠷᠬᠡ

ᠮᠡᠳᠡᠵᠤ ᠡᠵᠡᠨ ᠰᠠᠭᠤᠬᠤ ᠪᠠᠶᠢᠭᠤᠯᠤᠮᠵᠢ ᠶᠢᠨ ᠰᠢᠰᠲ᠋ᠧᠮ ᠤᠨ ᠲᠤᠬᠠᠢ  ᠲᠤᠳᠤᠷᠬᠠᠢᠢᠯᠠᠨ  ᠦᠭᠦᠯᠡᠪᠡ᠂  ᠨᠡᠶᠢᠭᠡᠮ  

ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠦᠭᠵᠢᠭᠦᠯᠬᠦ ᠶᠢᠨ ᠠᠭᠤᠯᠭ᠎ᠠ ᠪᠤᠯ᠄  ᠨᠢᠭᠡ ᠳᠤ  ᠨᠠᠮ ᠤᠨ  

ᠤᠳᠤᠷᠢᠳᠤᠯᠭ᠎ᠠ᠂  ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ᠂ ᠬᠠᠤᠯᠢ ᠶᠤᠰᠤᠭᠠᠷ  ᠤᠯᠤᠰ ᠢ  ᠵᠠᠰᠠᠬᠤ ᠶᠢ  

ᠤᠷᠭᠠᠨᠢᠭ ᠢᠶᠠᠷ  ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠳᠠᠢ︔ ᠬᠤᠶᠠᠷ ᠲᠤ ᠠᠷᠠᠳ  ᠲᠦᠮᠡᠨ  ᠡᠷᠬᠡ  ᠮᠡᠳᠡᠵᠤ  

ᠡᠵᠡᠨ  ᠰᠠᠭᠤᠬᠤ  ᠳᠦᠷᠢᠮ ᠤᠨ  ᠪᠠᠲᠤᠯᠠᠭ᠎ᠠ ᠶᠢ ᠴᠢᠩᠭᠠᠳᠬᠠᠬᠤ  ᠬᠡᠷᠡᠭᠳᠠᠢ︔  ᠭᠤᠷᠪᠠ ᠳᠤ  ᠨᠡᠶᠢᠭᠡᠮ  

ᠵᠢᠷᠤᠮ ᠤᠨ  ᠵᠦᠪᠯᠡᠬᠦ  ᠠᠷᠠᠳᠴᠢᠯᠠᠯ ᠤᠨ  ᠴᠢᠬᠤᠯᠠ  ᠦᠢᠯᠡᠳᠦᠯ ᠢ ᠪᠠᠳᠠᠷᠠᠭᠤᠯᠬᠤ  ᠬᠡᠷᠡᠭᠳᠠᠢ︔  ᠳᠦᠷᠪᠡ ᠳᠤ  

ᠬᠠᠤᠯᠢ  ᠶᠤᠰᠤᠭᠠᠷ  ᠤᠯᠤᠰ ᠢ  ᠵᠠᠰᠠᠬᠤ  ᠦᠢᠯᠡᠳᠦᠯᠭᠡ ᠶᠢ  ᠭᠦᠨᠵᠡᠭᠡᠶᠢᠷᠡᠭᠦᠯᠬᠦ ᠬᠡᠷᠡᠭᠳᠠᠢ︔  ᠲᠠᠪᠤ ᠳᠤ  

ᠪᠠᠶᠢᠭᠤᠯᠤᠮᠵᠢ  ᠪᠤᠯᠤᠨ   ᠵᠠᠰᠠᠭ   ᠵᠠᠬᠢᠷᠭᠠᠨ ᠤ   ᠪᠠᠶᠢᠭᠤᠯᠤᠮᠵᠢ ᠶᠢᠨ   ᠦᠭᠡᠷᠡᠴᠢᠯᠡᠯᠲᠡ   ᠶᠢ

ᠭᠦᠨᠵᠡᠭᠡᠶᠢᠷᠡᠭᠦᠯᠬᠦ ᠬᠡᠷᠡᠭᠳᠠᠢ︔ ᠵᠢᠷᠭᠤᠭ᠎ᠠ ᠳᠤ ᠤᠯᠤᠰ ᠢᠶᠠᠨ ᠬᠠᠶᠢᠷᠠᠯᠠᠬᠤ ᠨᠢᠭᠡᠳᠦᠮᠡᠯ  ᠹᠷᠤᠨᠲ ᠢ  ᠪᠠᠬᠢᠵᠢᠭᠦᠯᠬᠦ  

ᠬᠡᠷᠡᠭᠳᠠᠢ ᠭᠡᠵᠠᠢ᠃          

    ᠰᠢ ᠶᠢᠨ ᠫᠢᠩ᠂ ᠰᠤᠶᠤᠯ ᠤᠨ  ᠢᠳᠡᠭᠡᠯ ᠢᠶᠠᠨ  ᠪᠠᠳᠤᠳᠬᠠᠵᠤ᠂  ᠨᠡᠶᠢᠭᠡᠮ  ᠵᠢᠷᠤᠮ ᠤᠨ  ᠰᠤᠶᠤᠯ ᠤᠨ  

ᠴᠡᠴᠡᠭᠯᠡᠯ ᠬᠦᠭᠵᠢᠯ ᠢ ᠠᠬᠢᠭᠤᠯᠬᠤ ᠬᠡᠷᠡᠭᠲᠠᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠳᠤᠷᠢᠳᠬᠤ

ᠡᠷᠬᠡ ᠶᠢ ᠪᠠᠲᠦ  ᠡᠵᠡᠮᠳᠡᠬᠦ ᠬᠡᠷᠡᠭᠲᠠᠢ︔  ᠨᠡᠶᠢᠭᠡᠮ  ᠵᠢᠷᠤᠮ ᠤᠨ  ᠭᠤᠤᠯᠯᠠᠭᠴᠢ  ᠦᠷᠳᠡᠭ ᠤᠨ  ᠦᠵᠡᠯᠳᠡ ᠶᠢ  

ᠪᠤᠶᠢᠵᠢᠭᠤᠯᠤᠨ   ᠦᠢᠯᠡᠳᠦᠯᠭᠡᠵᠢᠭᠦᠯᠬᠦ ᠬᠡᠷᠡᠭᠲᠠᠢ︔ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠲᠠ ᠶᠢ  

ᠴᠢᠩᠭᠠᠳᠬᠠᠬᠤ  ᠬᠡᠷᠡᠭᠲᠠᠢ︔  ᠨᠡᠶᠢᠭᠡᠮ  ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠤᠨ ᠬᠦᠭᠵᠢᠭᠦᠯᠬᠦ ᠬᠡᠷᠡᠭᠲᠠᠢ︔

ᠰᠤᠶᠤᠯ ᠤᠨ ᠠᠵᠢᠯ ᠦᠢᠯᠡᠰ  ᠪᠤᠯᠤᠨ  ᠰᠤᠶᠤᠯ ᠤᠨ  ᠠᠵᠤ ᠦᠢᠯᠡᠰ ᠤᠨ ᠬᠦᠭᠵᠢᠯᠲᠠ ᠶᠢ ᠠᠬᠢᠭᠤᠯᠬᠤ ᠬᠡᠷᠡᠭᠲᠠᠢ

ᠭᠡᠵᠤ ᠵᠢᠭᠠᠵᠤ ᠭᠠᠷᠭᠠᠪᠠ᠃ ᠰᠢ ᠶᠢᠨ ᠫᠢᠩ᠂ ᠠᠷᠠᠳ ᠤᠨ  ᠠᠮᠢᠳᠤᠷᠠᠯ ᠢ ᠪᠠᠲᠤᠯᠠᠨ  ᠰᠠᠶᠢᠵᠢᠷᠠᠭᠤᠯᠬᠤ  

ᠲᠦᠪᠰᠢᠨ ᠢ  ᠳᠡᠭᠡᠭᠰᠢᠯᠡᠭᠦᠯᠵᠤ᠂  ᠨᠡᠶᠢᠭᠡᠮ ᠤᠨ  ᠵᠠᠰᠠᠯᠲᠠ ᠶᠢ  ᠴᠢᠩᠭᠠᠳᠬᠠᠵᠤ  ᠰᠢᠨᠡᠴᠢᠯᠡᠬᠦ ᠬᠡᠷᠡᠭᠲᠠᠢ᠃ ᠰᠤᠷᠭᠠᠨ

ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠭᠦᠯᠬᠦ  ᠬᠡᠷᠡᠭᠲᠠᠢ︔  ᠠᠵᠢᠯ  ᠤᠯᠭᠤᠯᠲᠠ ᠶᠢᠨ  ᠴᠢᠨᠠᠷ ᠪᠤᠯᠤᠨ

ᠠᠷᠠᠳ ᠲᠦᠮᠡᠨ ᠤ ᠤᠷᠤᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠠᠢ︔ ᠨᠡᠶᠢᠭᠡᠮ ᠵᠢᠷᠤᠮ ᠤᠨ ᠪᠠᠲᠤᠯᠠᠭ᠎ᠠ ᠶᠢᠨ

ᠰᠢᠰᠲ᠋ᠧᠮ ᠤᠨ ᠪᠠᠶᠢᠭᠤᠯᠤᠯᠲᠠ ᠶᠢ  ᠴᠢᠩᠭᠠᠳᠬᠠᠬᠤ  ᠬᠡᠷᠡᠭᠲᠠᠢ︔  ᠶᠠᠳᠠᠭᠤ ᠠᠴᠠ  ᠠᠩᠭᠢᠵᠢᠷᠠᠭᠤᠯᠬᠤ  ᠪᠤᠭᠤᠮᠲᠠ  

ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠠᠢ︔ ᠡᠷᠡᠭᠦᠯ ᠡᠩᠭᠡ ᠳᠤᠮᠳᠠᠳᠤ ᠤᠯᠤᠰ ᠤᠨ

ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠠᠢ︔ ᠬᠠᠮᠲᠦᠪᠡᠷ ᠪᠠᠶᠢᠭᠤᠯᠬᠤ ᠬᠠᠮᠲᠦᠪᠡᠷ ᠵᠠᠰᠠᠬᠤ  ᠬᠠᠮᠳᠦᠪᠡᠷ  

ᠡᠳ᠋ᠯᠡᠬᠦ  ᠨᠡᠶᠢᠭᠡᠮ ᠤᠨ  ᠵᠠᠰᠠᠯᠲᠠ ᠶᠢᠨ ᠪᠠᠶᠢᠷᠢᠰᠢᠯ ᠢ ᠴᠤᠭᠴᠠᠯᠠᠬᠤ ᠬᠡᠷᠡᠭᠲᠠᠢ︔ ᠤᠯᠤᠰ ᠤᠨ  ᠠᠮᠤᠷ  ᠲᠦᠪᠰᠢᠨ ᠢ  

ᠪᠦᠲᠦᠮᠵᠢᠲᠠᠢ  ᠬᠠᠮᠠᠭᠠᠯᠠᠬᠤ  ᠬᠡᠷᠡᠭᠲᠠᠢ  ᠭᠡᠵᠤ ᠴᠢᠬᠤᠯᠠᠴᠢᠯᠠᠵᠠᠢ᠃  ᠰᠢ ᠶᠢᠨ  ᠫᠢᠩ᠂  ᠠᠮᠢ  ᠠᠬᠤᠢ ᠶᠢᠨ  

ᠪᠤᠯᠪᠠᠰᠤᠨ ᠤ   ᠪᠠᠶᠢᠭᠤᠯᠤᠮᠵᠢ ᠶᠢᠨ   ᠦᠭᠡᠷᠡᠴᠢᠯᠡᠯᠲᠡ ᠶᠢ ᠲᠦᠷᠭᠡᠳᠭᠡᠵᠤ᠂ ᠦᠵᠡᠰᠭᠦᠯᠡᠩᠲᠦ ᠰᠠᠶᠢᠬᠠᠨ ᠳᠤᠮᠳᠠᠳᠤ

ᠤᠯᠤᠰ ᠢ ᠪᠦᠲᠦᠭᠡᠨ ᠪᠠᠶᠢᠭᠤᠯᠬᠤ  ᠬᠡᠷᠡᠭᠲᠠᠢ᠃  ᠪᠤᠬᠢᠷᠳᠤᠯ  ᠦᠭᠡᠢ ᠬᠦᠭᠵᠢᠯᠲᠠ ᠶᠢ ᠠᠬᠢᠭᠤᠯᠬᠤ ᠬᠡᠷᠡᠭᠲᠠᠢ︔

ᠤᠷᠴᠢᠨ ᠲᠤᠭᠤᠷᠢᠨ ᠤ  ᠳᠤᠪᠤᠶᠢᠮ᠎ᠠ  ᠠᠰᠠᠭᠤᠳᠠᠯ ᠢ  ᠬᠦᠴᠦᠯᠡᠨ  ᠰᠢᠢᠳᠪᠦᠷᠢᠯᠡᠬᠦ ᠬᠡᠷᠡᠭᠲᠠᠢ︔ ᠠᠮᠢ ᠠᠬᠤᠢ ᠶᠢᠨ

ᠰᠢᠰᠲ᠋ᠧᠮ ᠤᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠠᠢ︔ ᠠᠮᠢ  ᠠᠬᠤᠢ ᠶᠢᠨ ᠤᠷᠴᠢᠨ

ᠲᠤᠭᠤᠷᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠦᠭᠡᠷᠡᠴᠢᠯᠡᠬᠦ ᠬᠡᠷᠡᠭᠲᠠᠢ ᠬᠡᠵᠥ ᠲᠤᠷᠠᠳᠪᠠ᠃      

 

    ᠰᠢ ᠶᠢᠨ ᠫᠢᠩ᠂ ᠳᠤᠮᠳᠠᠳᠤ ᠤᠯᠤᠰ ᠤᠨ ᠤᠨᠴᠠᠯᠢᠬ ᠲᠠᠢ  ᠨᠡᠶᠢᠬᠡᠮ  ᠵᠢᠷᠤᠮ ᠤᠨ  ᠴᠡᠷᠢᠭ ᠢ  

ᠬᠦᠴᠦᠷᠭᠡᠭᠵᠢᠬᠦᠯᠬᠦ ᠵᠠᠮ ᠢᠶᠠᠷ  ᠵᠠᠮᠨᠠᠬᠤ ᠶᠢ ᠪᠠᠷᠢᠮᠳᠠᠯᠠᠵᠤ᠂  ᠤᠯᠤᠰ ᠤᠨ   ᠪᠠᠳᠤᠯᠠᠨ ᠬᠠᠮᠠᠭᠠᠯᠠᠯᠳᠠ ᠪᠤᠯᠤᠨ ᠴᠡᠷᠢᠭ

ᠠᠩᠬᠢ ᠶᠢᠨ ᠤᠳᠤᠬᠢᠴᠢᠯᠠᠯᠳᠠ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠳᠠᠢ᠃ ᠡᠷᠬᠡᠪᠰᠢ ᠰᠢᠨ᠎ᠠ  ᠴᠠᠬ  ᠦᠶ᠎ᠠ ᠶᠢᠨ  

ᠨᠠᠮ ᠤᠨ  ᠴᠡᠷᠢᠭ ᠢ ᠬᠦᠴᠦᠷᠭᠡᠭᠵᠢᠬᠦᠯᠬᠦ ᠦᠵᠡᠯ  ᠰᠠᠨᠠᠭ᠎ᠠ ᠶᠢ  ᠪᠦᠬᠦ  ᠲᠠᠯ᠎ᠠ ᠪᠠᠷ  ᠲᠤᠤᠱᠯᠠᠭᠤᠯᠵᠤ᠂  ᠰᠢᠨ᠎ᠠ  

ᠪᠠᠶᠢᠳᠠᠯ  ᠲᠤᠤᠷᠠᠬᠢ  ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠲᠤᠤᠱᠯᠠᠭᠤᠯᠵᠤ᠂

ᠬᠦᠴᠦᠷᠭᠡᠭ ᠶᠡᠭᠡ  ᠤᠳᠤᠬᠢᠴᠢᠯᠠᠬᠰᠠᠨ  ᠬᠠᠭᠤᠷᠠᠢ ᠵᠠᠮ ᠤᠨ ᠴᠡᠷᠢᠭ᠂ ᠲᠠᠯᠠᠢ ᠶᠢᠨ ᠴᠡᠷᠢᠭ᠂  ᠠᠭᠠᠷ ᠤᠨ  ᠴᠡᠷᠢᠭ᠂  

ᠲᠡᠶᠢᠷᠤᠯᠳᠤ  ᠰᠤᠮᠤ ᠶᠢᠨ  ᠴᠡᠷᠢᠭ  ᠪᠤᠯᠤᠨ  ᠪᠠᠶᠢᠯᠳᠤᠬᠤ ᠪᠤᠳᠤᠯᠭ᠎ᠠ ᠶᠢᠨ ᠲᠤᠰᠠᠯᠠᠬᠤ ᠴᠡᠷᠢᠭ ᠠᠩᠬᠢ ᠶᠢ

ᠪᠠᠶᠢᠭᠤᠯᠵᠤ᠂ ᠪᠠᠳᠤ ᠴᠢᠩᠭ᠎ᠠ  ᠦᠨᠳᠤᠷ  ᠦᠷ᠎ᠠ  ᠠᠰᠢᠬᠳᠠᠢ  ᠪᠠᠶᠢᠯᠳᠤᠭᠠᠨ ᠤ ᠤᠷᠤᠨ ᠤ ᠬᠠᠮᠳᠤᠷᠠᠬᠰᠠᠨ ᠲᠠᠶᠢᠨ ᠤ

ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠵᠤ᠂ ᠳᠤᠮᠳᠠᠳᠤ  ᠤᠯᠤᠰ ᠤᠨ  ᠤᠨᠴᠠᠯᠢᠬ ᠲᠠᠢ ᠤᠳᠤ ᠦᠶ᠎ᠠ ᠶᠢᠨ

ᠪᠠᠶᠢᠯᠳᠤᠭᠠᠨ ᠤ ᠰᠢᠰᠲ᠋ᠧᠮ ᠢ ᠪᠠᠶᠢᠭᠤᠯᠵᠤ᠂ ᠨᠠᠮ ᠪᠤᠯᠤᠨ ᠠᠷᠠᠳ ᠲᠦᠮᠡᠨ ᠠᠴᠠ  ᠲᠠᠭᠠᠭᠠᠯᠭᠠᠬᠰᠠᠨ  ᠴᠠᠬ

ᠦᠶ᠎ᠠ ᠶᠢᠨ ᠡᠬᠦᠷᠬᠡ ᠶᠢ ᠡᠬᠦᠷᠬᠡᠯᠡᠬᠦ ᠭᠡᠷᠡᠭᠳᠠᠢ ᠬᠡᠵᠤ ᠵᠢᠭᠠᠵᠤ ᠭᠠᠷᠭᠠᠪᠠ᠃        

    ᠰᠢ ᠶᠢᠨ  ᠫᠢᠩ᠂  ︽ᠨᠢᠬᠡ  ᠤᠯᠤᠰ ᠲᠤ  ᠬᠤᠶᠠᠷ  ᠪᠠᠶᠢᠭᠤᠯᠤᠯ ᠢ  ᠭᠡᠷᠡᠭᠵᠢᠬᠦᠯᠬᠦ︾ ᠶᠢ  ᠪᠠᠷᠢᠮᠳᠠᠯᠠᠵᠤ᠂  

ᠡᠬᠡ ᠤᠯᠤᠰ ᠤᠨ ᠨᠢᠬᠡᠳᠤᠯ ᠢ ᠠᠬᠢᠭᠤᠯᠬᠤ ᠭᠡᠷᠡᠭᠳᠠᠢ᠃ ᠰᠢᠶᠠᠩᠭᠠᠩ᠂ ᠤᠤᠮᠧᠨ ᠤ ᠤᠷᠳᠤ  ᠬᠤᠭᠤᠴᠠᠭᠠᠨ ᠤ  

ᠴᠡᠴᠡᠭᠯᠠᠯ  ᠬᠦᠭᠵᠢᠯ ᠲᠤᠭᠳᠠᠭᠤᠨ ᠢ ᠪᠠᠳᠤᠯᠠᠵᠤ᠂ ᠰᠢᠶᠠᠩᠭᠠᠩ᠂ ᠤᠤᠮᠧᠨ ᠤ ᠤᠯᠤᠰ ᠤᠨ ᠬᠦᠭᠵᠢᠯᠳᠠ ᠶᠢᠨ ᠶᠡᠭᠡ  

ᠪᠠᠶᠢᠳᠠᠯ ᠳᠤ  ᠠᠭᠤᠰᠤᠯᠴᠠᠬᠤ ᠶᠢ ᠲᠡᠮᠵᠢᠵᠤ᠂  ᠤᠯᠤᠰ ᠢᠶᠠᠨ  ᠬᠠᠶᠢᠷᠠᠯᠠᠬᠤ  ᠰᠢᠶᠠᠩᠭᠠᠩ ᠢᠶᠠᠨ  ᠬᠠᠶᠢᠷᠠᠯᠠᠬᠤ  

ᠤᠤᠮᠧᠨ ᠢᠶᠠᠨ   ᠬᠠᠶᠢᠷᠠᠯᠠᠬᠤ   ᠬᠦᠴᠤᠨ ᠢ ᠬᠦᠭᠵᠢᠬᠦᠯᠤᠨ ᠪᠤᠵᠠᠭᠠᠢᠢᠷᠠᠭᠤᠯᠵᠤ᠂ ᠰᠢᠶᠠᠩᠭᠠᠩ᠂ ᠤᠤᠮᠧᠨ ᠤ ᠠᠬ᠎ᠠ

ᠲᠡᠬᠦᠤ ᠨᠠᠷ ᠢ ᠡᠬᠡ ᠤᠯᠤᠰ ᠤᠨ  ᠠᠷᠠᠳ  ᠲᠦᠮᠡᠨ ᠲᠠᠢ ᠬᠠᠮᠳᠤ ᠦᠨᠳᠤᠰᠤᠳᠠᠨ ᠤ  ᠰᠡᠷᠬᠦᠨ  ᠮᠠᠨᠳᠤᠯᠳᠠ ᠶᠢᠨ  

ᠲᠡᠤᠬᠡᠳᠤ  ᠬᠠᠷᠢᠭᠤᠴᠠᠯᠭ᠎ᠠ ᠶᠢ  ᠬᠠᠮᠳᠤᠪᠡᠷ  ᠡᠬᠦᠷᠬᠡᠯᠡᠬᠦᠯᠵᠤ᠂  ᠡᠬᠡ ᠤᠯᠤᠰ ᠤᠨ ᠴᠡᠴᠡᠭᠯᠠᠨ ᠬᠦᠭᠵᠢᠵᠤ ᠪᠠᠶᠠᠵᠢᠨ

ᠬᠦᠴᠦᠷᠭᠡᠭᠵᠢᠭᠰᠡᠨ ᠠᠭᠤᠤ ᠶᠡᠭᠡ  ᠢᠷᠡᠭᠤ  ᠠᠯᠳᠠᠷ ᠢ  ᠬᠠᠮᠳᠤᠪᠡᠷ  ᠡᠳ᠋ᠯᠡᠬᠦᠯᠬᠦ ᠭᠡᠷᠡᠭᠳᠠᠢ᠃ ︽ᠨᠠᠶᠢᠷᠠᠮᠳᠠᠯ ᠢᠶᠠᠷ

ᠨᠢᠬᠡᠳᠬᠡᠬᠦ᠂ ᠨᠢᠬᠡ  ᠤᠯᠤᠰ ᠲᠤ  ᠬᠤᠶᠠᠷ  ᠪᠠᠶᠢᠭᠤᠯᠤᠯ ᠢ  ᠭᠡᠷᠡᠭᠵᠢᠬᠦᠯᠬᠦ︾  ᠴᠢᠭᠯᠡᠯᠳᠡ ᠶᠢ ᠦᠷᠬᠦᠯᠵᠢᠯᠠᠨ

ᠪᠠᠷᠢᠮᠳᠠᠯᠠᠵᠤ᠂ ᠬᠤᠶᠠᠷ ᠬᠦᠪᠡᠬᠡᠨ ᠤ ᠬᠠᠷᠢᠴᠠᠭᠠᠨ ᠤ ᠡᠩᠬᠡ ᠲᠠᠶᠢᠪᠤᠩ  ᠬᠦᠭᠵᠢᠯᠳᠠ ᠶᠢ  ᠠᠬᠢᠭᠤᠯᠵᠤ᠂  ᠡᠬᠡ

ᠤᠯᠤᠰ ᠢᠶᠠᠨ ᠨᠠᠶᠢᠷᠠᠮᠳᠠᠯ ᠢᠶᠠᠷ ᠨᠢᠭᠡᠳᠭᠡᠬᠦ ᠠᠬᠢᠴᠠ ᠶᠢ ᠠᠬᠢᠭᠤᠯᠬᠤ ᠭᠡᠷᠡᠭᠳᠠᠢ᠃ ᠤᠯᠤᠰ ᠤᠨ ᠡᠷᠬᠡ ᠮᠡᠳᠡᠯ ᠪᠤᠯᠤᠨ  

ᠨᠤᠳᠤᠬ ᠲᠡᠪᠢᠰᠬᠡᠷ ᠤᠨ ᠪᠦᠷᠢᠨ ᠪᠦᠳᠤᠨ ᠢ ᠡᠷᠡᠰ ᠬᠠᠮᠠᠭᠠᠯᠠᠵᠤ᠂ ᠤᠯᠤᠰ ᠢ ᠬᠠᠭᠠᠴᠠᠭᠤᠯᠬᠤ  ᠲᠡᠤᠬᠡ ᠶᠢᠨ  

ᠭᠤᠨᠢᠬᠳᠤ  ᠵᠦᠴᠤᠬᠡ ᠶᠢ ᠲᠡᠬᠢᠨ ᠲᠤᠬᠯᠠᠬᠤ ᠶᠢ ᠶᠠᠭᠠᠬᠢᠬᠰᠠᠨ ᠴᠤ ᠬᠦᠯᠢᠶᠡᠬᠦ ᠦᠬᠡᠢ ᠬᠡᠵᠤ ᠵᠢᠭᠠᠵᠤ ᠭᠠᠷᠭᠠᠪᠠ᠃  

     

    ᠰᠢ ᠶᠢᠨ ᠫᠢᠩ᠂ ᠡᠩᠬᠡ ᠲᠠᠶᠢᠪᠤᠩ ᠬᠦᠭᠵᠢᠯᠳᠠ ᠶᠢᠨ ᠵᠠᠮ ᠢ ᠪᠠᠷᠢᠮᠳᠠᠯᠠᠵᠤ᠂  ᠬᠦᠮᠤᠨ  ᠲᠦᠷᠤᠯᠬᠢᠳᠠᠨ ᠤ  

ᠬᠤᠪᠢ ᠵᠠᠶᠠᠭᠠᠨ ᠤ  ᠬᠠᠮᠳᠤ ᠶᠢᠨ  ᠴᠤᠬᠴᠠ ᠶᠢ  ᠪᠠᠶᠢᠭᠤᠯᠬᠤ ᠶᠢ  ᠠᠬᠢᠭᠤᠯᠬᠤ  ᠬᠡᠷᠡᠭᠳᠠᠢ᠃  ᠳᠤᠮᠳᠠᠳᠤ  

ᠤᠯᠤᠰ ᠤᠨ ᠬᠢᠨ  ᠡᠩᠬᠡ ᠲᠠᠶᠢᠪᠤᠩ᠂ ᠬᠦᠭᠵᠢᠯᠳᠠ᠂ ᠬᠠᠮᠳᠤᠷᠠᠯᠴᠠᠭ᠎ᠠ᠂ ᠬᠠᠮᠳᠤᠪᠡᠷ ᠠᠰᠢᠬ ᠬᠦᠷᠳᠡᠬᠦ ᠲᠤᠬ ᠢ  

ᠦᠨᠳᠤᠷ  ᠮᠠᠨᠳᠤᠭᠤᠯᠵᠤ᠂  ᠲᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂  ᠬᠠᠮᠳᠤ ᠶᠢᠨ  ᠬᠦᠭᠵᠢᠯᠳᠠ ᠶᠢ  

ᠠᠬᠢᠭᠤᠯᠬᠤ  ᠭᠠᠳᠠᠭᠠᠳᠤ  ᠲᠦᠷᠤ ᠶᠢᠨ  ᠪᠤᠳᠤᠯᠭ᠎ᠠ ᠶᠢᠨ ᠵᠤᠷᠢᠯᠳᠠ ᠪᠠᠨ ᠪᠠᠳᠤ ᠵᠢᠷᠤᠮᠯᠠᠵᠤ᠂ ᠨᠠᠶᠢᠷᠠᠮᠳᠠᠯ ᠢᠶᠠᠷ

ᠵᠡᠷᠬᠡᠴᠡᠨ ᠤᠷᠤᠰᠢᠬᠤ ᠲᠠᠪᠤᠨ ᠵᠠᠷᠴᠢᠮ ᠢ  ᠡᠷᠡᠰ  ᠭᠤᠶᠢᠪᠢᠰᠢ  ᠦᠭᠡᠢ ᠪᠠᠷᠢᠮᠳᠠᠯᠠᠬᠰᠠᠨ ᠰᠠᠭᠤᠷᠢᠨ ᠳᠤ ᠡᠯ᠎ᠠ

ᠤᠯᠤᠰ ᠯᠤᠭ᠎ᠠ ᠶᠢᠨ  ᠨᠦᠬᠦᠷᠰᠡᠭ  ᠬᠠᠮᠳᠤᠷᠠᠯᠴᠠᠭ᠎ᠠ ᠪᠠᠨ  ᠬᠦᠭᠵᠢᠬᠦᠯᠵᠤ᠂  ᠬᠠᠷᠢᠯᠴᠠᠨ ᠬᠦᠨᠳᠤᠳᠬᠡᠬᠦ᠂ ᠡᠷᠬᠡ

ᠲᠡᠭᠰᠢ ᠲᠦᠪ ᠭᠤᠤᠯᠴᠢ ᠪᠠᠶᠢᠬᠤ᠂ ᠬᠠᠮᠳᠤᠷᠠᠯᠴᠠᠵᠤ ᠬᠠᠮᠳᠤᠪᠡᠷ ᠠᠰᠢᠬ  ᠬᠦᠷᠳᠡᠬᠦ  ᠰᠢᠨ᠎ᠠ  ᠮᠠᠶ᠋ᠢᠬ ᠤᠨ

ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠠᠢ ᠬᠡᠵᠤ ᠵᠢᠭᠠᠵᠤ ᠭᠠᠷᠭᠠᠪᠠ᠃  

       

    ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠬᠡᠢ ᠪᠡᠷᠢᠮᠳᠠᠯᠠᠵᠤ᠂

ᠨᠠᠮ ᠤᠨ ᠲᠦᠷᠤ ᠪᠠᠷᠢᠬᠤ ᠴᠢᠳᠠᠪᠤᠷᠢ ᠪᠤᠯᠤᠨ ᠤᠳᠤᠷᠢᠳᠬᠤ  ᠲᠦᠪᠰᠢᠨ ᠢ  ᠲᠠᠰᠤᠳᠠᠯᠳᠠ  ᠦᠬᠡᠢ  ᠲᠡᠭᠡᠭᠰᠢᠯᠡᠬᠦᠯᠬᠦ

 ᠬᠡᠷᠡᠭᠳᠠᠢ  ᠬᠡᠵᠤ ᠴᠢᠬᠤᠯᠠᠴᠢᠯᠠᠪᠠ᠃        

    ᠰᠢ ᠶᠢᠨ ᠫᠢᠩ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠠᠷᠤᠩᠬᠡᠢ ᠱᠠᠭᠠᠷᠳᠠᠯᠭ᠎ᠠ ᠵᠢᠴᠢ  

ᠡᠷᠬᠡᠪᠰᠢ ᠰᠠᠶᠢᠳᠤᠷ  ᠠᠳᠬᠤᠬᠤ  ᠨᠠᠢᠮᠠᠨ  ᠲᠠᠯ᠎ᠠ ᠶᠢᠨ  ᠴᠢᠬᠤᠯᠠ  ᠡᠬᠦᠷᠬᠡ ᠶᠢ  ᠲᠤᠷᠠᠳᠴᠠᠢ᠄  ᠨᠠᠮ ᠤᠨ ᠤᠯᠤᠰ

ᠲᠦᠷᠤ ᠶᠢᠨ ᠪᠠᠶᠢᠭᠤᠯᠤᠯᠳᠠ ᠶᠢ ᠲᠡᠷᠢᠬᠦᠨ ᠳᠤ ᠲᠠᠯᠪᠢᠬᠤ ᠬᠡᠷᠡᠭᠳᠠᠢ︔ ᠰᠢᠨ᠎ᠠ ᠴᠠᠬ ᠦᠶ᠎ᠠ ᠶᠢᠨ ᠨᠡᠶᠢᠬᠡᠮ ᠵᠢᠷᠤᠮ ᠤᠨ

ᠦᠵᠡᠯ ᠰᠠᠨᠠᠭ᠎ᠠ ᠪᠠᠷ ᠪᠦᠬᠦ ᠨᠠᠮ ᠢ ᠵᠠᠪᠰᠡᠭᠯᠡᠬᠦ ᠬᠡᠷᠡᠭᠳᠠᠢ︔  ᠲᠡᠭᠡᠳᠤ  ᠬᠡᠮᠵᠢᠶᠡᠨ ᠤ  ᠮᠡᠳᠡᠯᠬᠡ  ᠪᠤᠯᠪᠠᠰᠤᠷᠠᠯ ᠲᠠᠢ  

ᠲᠤᠰᠬᠠᠢᠢᠵᠢᠬᠰᠠᠨ  ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠳᠠᠢ︔ ᠦᠨᠳᠤᠰᠤᠨ ᠱᠠᠳᠤᠨ ᠤ ᠵᠤᠬᠢᠶᠠᠨ

ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠬᠤ ᠬᠡᠷᠡᠭᠳᠠᠢ︔ ᠰᠤᠷᠳᠠᠯ ᠰᠠᠬᠢᠯᠭ᠎ᠠ ᠶᠢ ᠴᠡᠭᠴᠡᠯᠡᠵᠤ

ᠰᠠᠶᠢᠵᠢᠷᠠᠭᠤᠯᠬᠤ ᠶᠢ ᠦᠷᠭᠦᠯᠵᠢᠳᠡ ᠪᠠᠷᠢᠮᠳᠠᠯᠠᠬᠤ  ᠬᠡᠷᠡᠭᠳᠠᠢ︔ ᠢᠯᠵᠢᠷᠠᠯ ᠢ ᠡᠰᠡᠷᠬᠦᠴᠡᠬᠦ ᠲᠡᠮᠡᠴᠡᠯ ᠤᠨ

ᠲᠡᠶᠢᠯᠦᠩᠬᠦᠢ ᠢᠯᠠᠯᠳᠠ ᠶᠢ ᠲᠡᠮᠡᠴᠡᠨ ᠤᠯᠬᠤ ᠬᠡᠷᠡᠭᠳᠠᠢ︔ ᠨᠠᠮ  ᠪᠤᠯᠤᠨ  ᠤᠯᠤᠰ ᠤᠨ  ᠬᠢᠨᠠᠯᠳᠠ ᠲᠠᠯᠪᠢᠬᠤ

ᠰᠢᠰᠲ᠋ᠧᠮ ᠢ ᠪᠠᠶᠢᠭᠤᠯᠤᠨ  ᠲᠡᠬᠦᠯᠳᠡᠷᠵᠢᠬᠦᠯᠬᠦ  ᠬᠡᠷᠡᠭᠳᠠᠢ︔ ᠲᠦᠷᠤ  ᠪᠠᠷᠢᠬᠤ  ᠴᠢᠳᠠᠪᠤᠷᠢ ᠶᠢ  ᠪᠦᠬᠦ  ᠲᠠᠯ᠎ᠠ ᠪᠠᠷ

ᠴᠢᠩᠭᠠᠳᠬᠠᠬᠤ ᠬᠡᠷᠡᠭᠳᠠᠢ᠃          

    ᠰᠢ ᠶᠢᠨ ᠫᠢᠩ ᠢᠯᠡᠳᠬᠡᠯ ᠬᠢᠬᠦ ᠶᠠᠪᠤᠴᠠ ᠳᠤ᠂ ᠪᠦᠬᠦ ᠲᠠᠯᠠᠪᠠᠢ ᠪᠠᠷ ᠢᠶᠠᠨ ᠪᠠᠶᠢᠨ ᠪᠠᠶᠢᠨ ᠬᠠᠯᠠᠭᠤᠨ ᠢᠶᠠᠷ

ᠠᠯᠠᠭ᠎ᠠ ᠲᠠᠰᠢᠵᠤ ᠪᠠᠶᠢᠯ᠎ᠠ᠃          

    ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ  ᠬᠤᠷᠠᠯ ᠤᠨ  ᠪᠠᠶᠢᠩᠭᠤ ᠶᠢᠨ  ᠬᠤᠷᠢᠶᠠᠨ ᠤ  

ᠲᠡᠳ᠋ ᠲᠠᠷᠤᠭ᠎ᠠ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠲᠡᠳ᠋  ᠲᠡᠷᠢᠬᠦᠯᠡᠭᠴᠢ ᠶᠢᠨ  ᠲᠤᠰᠢᠶᠠᠯ ᠢ  

ᠬᠠᠷᠢᠭᠤᠴᠠᠵᠤ ᠪᠠᠶᠢᠭ᠎ᠠ ᠪᠠ ᠬᠠᠷᠢᠭᠤᠴᠠᠵᠤ ᠪᠠᠶᠢᠬᠰᠠᠨ ᠨᠠᠮ ᠤᠨ ᠭᠠᠳᠠᠨᠠᠬᠢ ᠬᠦᠮᠤᠰ᠂ ᠪᠡᠬᠡᠵᠢᠩ ᠳᠤ ᠪᠠᠶᠢᠭ᠎ᠠ ᠡᠯ᠎ᠠ

ᠠᠷᠠᠳᠴᠢᠯᠠᠭᠰᠠᠠ  ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠤᠢᠢᠯᠡᠳᠪᠤᠷᠢ ᠬᠤᠳᠠᠯᠳᠤᠭᠠᠨ ᠤ

ᠬᠤᠯᠪᠤᠭ᠎ᠠ ᠶᠢᠨ  ᠲᠡᠳ᠋  ᠲᠡᠷᠢᠬᠦᠯᠡᠭᠴᠢ᠂ ᠨᠠᠮ ᠪᠦᠯᠦᠭ ᠤᠨ ᠪᠤᠰᠤ  ᠲᠦᠯᠤᠭᠡᠯᠡᠭᠴᠢ  ᠬᠦᠮᠤᠰ᠂  ᠱᠠᠰᠢᠨ

ᠰᠤᠷᠳᠠᠬᠤᠨ ᠤ ᠡᠳᠡᠬᠡᠳ ᠤᠨ ᠲᠦᠯᠤᠭᠡᠯᠡᠭᠴᠢ  ᠬᠦᠮᠤᠰ᠂ ᠪᠡᠬᠡᠵᠢᠩ ᠳᠤ ᠪᠠᠶᠢᠭ᠎ᠠ ᠪᠦᠬᠦ ᠤᠯᠤᠰ ᠤᠨ ᠠᠷᠠᠳ ᠤᠨ

ᠲᠦᠯᠤᠬᠡᠯᠡᠭᠴᠢᠳ ᠤᠨ ᠶᠡᠭᠡ ᠬᠤᠷᠠᠯ᠂ ᠪᠦᠬᠦ  ᠤᠯᠤᠰ ᠤᠨ  ᠤᠯᠤᠰ ᠲᠦᠷᠤ ᠶᠢᠨ ᠵᠦᠪᠯᠡᠯᠬᠡᠨ ᠤ ᠪᠠᠶᠢᠩᠭᠤ ᠶᠢᠨ

ᠬᠡᠰᠢᠬᠦᠨ ᠤ ᠳᠤᠳᠤᠷᠠᠬᠢ ᠠᠷᠠᠳᠴᠢᠯᠠᠭᠰᠠᠠ ᠨᠠᠮ  ᠪᠦᠯᠦᠭ᠂  ᠨᠠᠮ  ᠪᠦᠯᠦᠭ ᠤᠨ ᠪᠤᠰᠤ ᠪᠤᠯᠤᠨ ᠦᠨᠳᠤᠰᠤᠳᠠᠨ

ᠱᠠᠰᠢᠨ ᠰᠤᠷᠳᠠᠬᠤᠨ ᠤ ᠡᠳᠡᠬᠡᠳ ᠤᠨ ᠬᠦᠮᠤᠰ ᠵᠤᠴᠢᠨ ᠤ ᠬᠤᠪᠢ ᠪᠠᠷ ᠶᠡᠭᠡ ᠬᠤᠷᠠᠯ ᠳᠤ ᠰᠤᠯᠠ ᠤᠷᠤᠯᠴᠠᠪᠠ᠃

ᠨᠠᠮ ᠤᠨ ᠳᠤᠳᠤᠭᠠᠳᠤ ᠶᠢᠨ ᠬᠤᠯᠪᠤᠬᠳᠠᠯ ᠪᠦᠬᠦᠢ ᠨᠦᠬᠦᠳ ᠶᠡᠭᠡ ᠬᠤᠷᠠᠯ ᠳᠤ ᠰᠤᠯᠠ ᠤᠷᠤᠯᠴᠠᠪᠠ᠃          

    ᠤᠯᠤᠰ ᠤᠨ ᠳᠤᠳᠤᠭᠠᠳᠤ ᠭᠠᠳᠠᠭᠠᠳᠤ ᠶᠢᠨ  3000  ᠭᠠᠷᠤᠢ  ᠰᠤᠷᠪᠤᠯᠵᠢᠯᠠᠬᠴᠢ  ᠶᠡᠭᠡ  ᠬᠤᠷᠠᠯ ᠤᠨ  

ᠡᠬᠢᠯᠡᠬᠦ ᠶᠤᠰᠤᠯᠠᠯ ᠤᠨ ᠦᠪᠡᠳᠡᠭᠰᠢ ᠪᠠᠶᠢᠳᠠᠯ ᠢ ᠮᠡᠳᠡᠬᠡᠯᠡᠪᠡ᠃  

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号