ᠰᠡᠷᠭᠦᠯᠡᠩ ᠲᠦᠯᠦᠭᠡᠯᠡᠭᠴᠢ᠄ ᠠᠷᠠᠳ ᠤᠯᠠᠨ ᠤ ᠡᠷᠡᠭᠦᠯ ᠮᠡᠨᠳᠦ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠠ
ᠨᠡᠶᠢᠲᠡᠯᠡᠭᠰᠡᠨ ᠴᠠᠭ᠄
2017/10/27
    ᠠᠵᠠ ᠪᠠᠷ ᠨᠠᠮ ᠤᠨ ᠦᠪᠡᠳᠡᠭᠰᠢ ᠬᠤᠷᠠᠯ ᠳᠤ ᠤᠷᠤᠯᠴᠠᠵᠤ᠂ ᠶᠡᠷᠦᠩᠬᠡᠢ ᠱᠦᠵᠢ ᠶᠢᠨ ᠢᠯᠡᠳᠭᠡᠯ ᠢ ᠰᠤᠨᠤᠰᠤᠭᠠᠳ‌‍ᠲ᠋ᠤᠩ ᠤᠮᠣᠭᠰᠢᠨ ᠵᠣᠷᠢᠭᠵᠢᠵᠣ ᠪᠠᠶᠢᠨ᠎ᠠ᠃ ᠶᠡᠷᠦᠩᠬᠡᠢ ᠱᠦᠵᠢ ᠶᠢᠨ  ᠢᠯᠡᠳᠭᠡᠯ ᠨᠢ  ᠤᠳᠬ᠎ᠠ  ᠬᠦᠨ  ᠰᠠᠨᠠᠭ᠎ᠠ  ᠬᠦᠨᠵᠡᠭᠡᠢ᠂ᠬᠦᠮᠦᠰ ᠢ  ᠤᠷᠮᠠᠰᠢᠭᠤᠯᠤᠨ  ᠣᠷᠣᠭᠰᠢᠯᠠᠭᠤᠯᠬᠤ  ᠢᠯᠡᠳᠭᠡᠯ  ᠪᠤᠯᠬᠤ  ᠪᠦᠭᠡᠳ  ᠠᠷᠠᠳ  ᠲᠦᠮᠡᠨ ᠤ  ᠠᠰᠢᠭ ᠲᠤᠰᠠ ᠲᠠᠢ ᠨᠡᠶᠢᠴᠡᠵᠤ᠂ ᠠᠷᠠᠳ ᠲᠦᠮᠡᠨ ᠤ ᠠᠰᠢᠭ ᠲᠤᠰᠠ ᠶᠢ ᠲᠦᠯᠦᠭᠡᠯᠡᠭᠰᠨᠨ ᠢᠯᠡᠳᠭᠡᠯ ᠪᠤᠯᠣᠨ᠎ᠠ᠃             ᠤᠢᠢᠷ᠎ᠠ ᠶᠢᠨ ᠵᠢᠯ ᠳᠤ᠂ ᠨᠠᠮ ᠪᠤᠯᠤᠨ ᠤᠯᠤᠰ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ ᠮᠠᠰᠢ  ᠤᠯᠠᠨ‌ᠠᠷᠠᠳ ᠲᠤ ᠠᠰᠢᠭ ᠬᠦᠷᠳᠡᠭᠡᠭᠦ ᠲᠦᠷᠦ ᠶᠢᠨ ᠪᠤᠳᠤᠯᠭ᠎ᠠ ᠲᠤᠬᠳᠠᠭᠠᠵᠣ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠡᠳᠦᠷ ᠢᠷᠡᠭᠦᠶ᠎ᠠ ᠦᠭᠡᠳᠡᠯᠡᠨ ᠬᠦᠭᠵᠢᠵᠤ᠂ ᠠᠷᠠᠳ ᠤᠯᠠᠨ ᠮᠠᠰᠢ ᠤᠯᠠᠨ  ᠠᠰᠢᠭ  ᠬᠦᠷᠳᠡᠪᠠ᠃ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠤᠰ ᠠᠴᠠ ᠪᠡᠯᠡ ᠤᠷᠤᠭᠤᠯᠤᠯᠳᠠ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂  ᠡᠮ‌ᠡᠮᠨᠡᠯᠭᠡ ᠡᠷᠡᠭᠦᠯ ᠬᠠᠮᠠᠭᠠᠯᠠᠯ ᠤᠨ  ᠨᠦᠬᠦᠴᠡᠯ ᠢ ᠰᠠᠶᠢᠵᠢᠷᠠᠭᠤᠯᠵᠦ᠂  ᠡᠮ ᠡᠮᠨᠡᠯᠭᠡ ᠶᠢᠨ ᠠᠵᠢᠯᠳᠠᠳ ᠤᠨ  ᠶᠡᠷᠦᠩᠬᠡᠶᠢᠯᠡᠭᠰᠡᠨ‌‍ᠴᠢᠳᠠᠪᠤᠷᠢ ᠶᠢ  ᠲᠡᠭᠡᠭᠰᠢᠯᠡᠭᠦᠯᠦᠨ᠂ ᠡᠮ ᠡᠮᠨᠡᠯᠭᠡ ᠶᠢᠨ  ᠦᠢᠯᠡᠴᠢᠯᠡᠭᠡᠨ ᠤ  ᠲᠦᠪᠰᠢᠨ ᠢ  ᠲᠡᠭᠡᠭᠰᠢᠯᠡᠭᠦᠯᠵᠤ᠂  ︽ᠡᠪᠡᠳᠴᠢᠨ ᠦᠵᠡᠭᠦᠯᠭᠦ ᠳᠤ   ᠬᠦᠴᠢᠷ︾  ︽ᠡᠪᠡᠳᠴᠢᠨ  ᠦᠵᠡᠭᠦᠯᠭᠦ ᠳᠤ  ᠦᠨ᠎ᠡ ᠲᠠᠢ︾  ᠠᠰᠠᠭᠤᠳᠠᠯ ᠢ ᠢᠳᠡᠭ ᠢᠳᠡᠭ ᠢᠶᠠᠷ ᠰᠢᠢᠳᠪᠦᠷᠢᠯᠡᠪᠡ᠃  ᠡᠳᠦᠭᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠵᠢᠨ‌‍ᠬᠦ᠋ᠨᠵᠡᠭᠡᠶᠢᠷᠡᠭᠦ ᠶᠢ ᠲᠠᠭᠠᠯᠳᠤᠨ᠂ ᠡᠮ ᠤᠨ ᠦᠨ᠎ᠠ  ᠬᠢᠮᠳᠠᠷᠠᠵᠤ᠂ ᠮᠠᠯᠴᠢᠨ ᠲᠠᠷᠢᠶᠠᠴᠢᠨ ᠡᠪᠡᠳᠴᠢᠨ ᠦᠵᠡᠭᠦᠯᠭᠦ ᠳᠤ  ᠨᠡᠩ ᠪᠠᠳᠤᠯᠠᠭ᠎ᠠ ᠲᠠᠢ ᠪᠤᠯᠪᠠ᠃ ᠪᠦᠬᠦ ᠠᠷᠠᠳ ᠤᠨ ᠡᠷᠡᠭᠦᠯ ᠮᠡᠨᠳᠦ ᠦᠭᠡᠢ ᠪᠤᠯ ᠪᠦᠬᠦ ᠲᠠᠯ᠎ᠠ ᠶᠢᠨ ᠴᠢᠨᠡᠭᠡᠯᠢᠭ  ᠪᠠᠶᠢᠵᠤ  ᠴᠢᠳᠠᠬᠤ‌ᠦᠭᠡᠢ᠃             ᠢᠯᠡᠳᠭᠡᠯ ᠳᠤ᠂ ᠠᠷᠠᠳ ᠲᠦᠮᠡᠨ ᠤ ᠡᠷᠡᠭᠦᠯ ᠮᠡᠨᠳᠦ ᠪᠤᠯ ᠦᠨᠳᠦᠰᠦᠳᠡᠨ ᠬᠦᠭᠵᠢᠨ ᠮᠠᠨᠳᠤᠬᠤ ᠪᠠ ᠲᠦᠷᠦ  ᠬᠦᠷᠦᠨ‌‍ᠴᠢᠨᠡᠭᠡᠯᠢᠭᠵᠢᠨ ᠬᠦᠴᠦᠷᠭᠡᠭᠵᠢᠭᠦ ᠶᠢᠨ ᠴᠢᠬᠤᠯᠠ ᠪᠡᠯᠭᠡ ᠲᠡᠮᠳᠡᠭ ᠪᠤᠯᠤᠨ᠎ᠠ᠃ ᠡᠷᠬᠡᠪᠰᠢ ᠤᠯᠤᠰ ᠠᠷᠠᠳ ᠤᠨ ᠡᠷᠡᠭᠦᠯ ᠮᠡᠨᠳᠦ ᠵᠢᠨ‌‍ᠲ᠋ᠦ᠋ᠷᠦ ᠶᠢᠨ ᠪᠤᠳᠤᠯᠭ᠎ᠠ ᠶᠢ  ᠲᠡᠭᠦᠯᠳᠡᠷᠵᠢᠭᠦᠯᠵᠤ᠂  ᠠᠷᠠᠳ  ᠤᠯᠠᠨ ᠳᠤ  ᠪᠦᠬᠦ  ᠲᠠᠯ᠎ᠠ ᠶᠢᠨ  ᠪᠦᠬᠦ  ᠦᠶᠡᠯᠡᠯ ᠤᠨ  ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃ ᠮᠠᠨ ᠤ ᠮᠤᠩᠭᠤᠯ  ᠵᠦᠢᠷ ᠦᠭᠡᠨ ᠳᠤ ᠪᠠᠰᠠ ︽ᠦᠷᠢ ᠦᠭᠡᠢ ᠪᠤᠯ ᠪᠠᠶᠠᠨ᠂ ᠡᠪᠡᠳᠴᠢᠨ ᠦᠭᠡᠢ ᠵᠢᠷᠭᠠᠯ︾ ᠬᠡᠰᠡᠨ ᠦᠭᠡ  ᠪᠠᠶᠢᠳᠠᠭ᠃  ᠦᠨᠳᠦᠰᠦᠨ ᠱᠠᠳᠤᠨ ᠤ ᠡᠷᠡᠭᠦᠯ‌ᠬᠠᠮᠠᠭᠠᠯᠠᠯ ᠤᠨ ᠠᠵᠢᠯᠳᠠᠨ ᠪᠤᠯᠤᠬᠰᠠᠨ ᠤ ᠬᠤᠪᠢ ᠳᠤ᠂ ᠪᠢ ᠦᠷᠭᠡᠨ ᠠᠭᠤᠳᠠᠮ ᠦᠪᠦᠷ ᠮᠤᠩᠭᠤᠯ ᠤᠨ ᠲᠠᠯ᠎ᠠ ᠨᠤᠳᠤᠭ ᠲᠤ᠂ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢᠭᠡᠨᠳᠡ  ᠪᠦᠷᠭᠦᠵᠤ᠂  ᠮᠠᠯᠴᠢᠨ  ᠲᠠᠷᠢᠶᠠᠴᠢᠨ ᠤ  ᠡᠷᠡᠭᠦᠯ  ᠮᠡᠨᠳᠦ ᠵᠢᠨ‌‍ᠲ᠋ᠦ᠋ᠪᠰᠢᠨ ᠢᠯᠡᠳᠳᠡ ᠲᠡᠭᠡᠭᠰᠢᠯᠡᠨ᠂ ᠮᠠᠯᠵᠢᠬᠤ ᠲᠠᠷᠢᠶᠠᠯᠠᠬᠤ ᠤᠷᠤᠨ  ︽ᠡᠪᠡᠳᠴᠢᠯᠡᠪᠡᠯ  ᠡᠮᠨᠡᠭᠦᠯᠬᠦ  ᠭᠠᠵᠠᠷ ᠲᠠᠢ  ᠪᠤᠯᠵᠤ︾᠂ ᠲᠠᠬᠢᠨ ︽ᠪᠠᠭ᠎ᠠ ᠡᠪᠡᠳᠴᠢᠨ ᠢ ᠤᠳᠠᠭᠠᠰᠢᠷᠠᠭᠤᠯᠵᠤ᠂ ᠶᠡᠭᠡ  ᠡᠪᠡᠳᠴᠢᠨ ᠢ  ᠲᠡᠰᠪᠦᠷᠢᠯᠡᠭᠦ︾ ᠪᠠᠨ  ᠪᠤᠯᠢᠬᠰᠠᠨ  ᠬᠡᠵᠤ  ᠪᠠᠷᠳᠠᠮ‌‍ᠬᠡᠯᠡᠵᠤ ᠲᠡᠶᠢᠯᠦᠨ᠎ᠠ᠃ ᠮᠠᠨ ᠤ ᠰᠢᠯᠢ ᠶᠢᠨ  ᠭᠤᠤᠯ ᠢᠶᠠᠷ  ᠠᠪᠴᠣ  ᠬᠡᠯᠡᠪᠡᠯ᠂  ᠪᠦᠬᠦ  ᠠᠶᠢᠮᠠᠭ ᠤᠨ  ᠮᠠᠯᠵᠢᠬᠤ  ᠲᠠᠷᠢᠶᠠᠯᠠᠬᠤ ᠤᠷᠤᠨ ᠤ ᠡᠮ ᠡᠮᠨᠡᠯᠭᠡ  ᠡᠷᠡᠭᠦᠯ  ᠬᠠᠮᠠᠭᠠᠯᠠᠯ ᠤᠨ  ᠪᠠᠶᠢᠭᠤᠯᠤᠮᠵᠢ  ᠭᠠᠴᠠᠭ᠎ᠠ  ᠲᠤᠰᠬᠤᠨ ᠢ  ᠪᠦᠭᠦᠨ ᠢ  ᠪᠦᠷᠬᠦᠵᠦ᠂  ᠪᠠᠰᠠ‌ᠭᠤᠷᠪᠠᠳᠣᠭᠠᠷ ᠲᠡᠰ ᠤᠨ ᠬᠦᠭᠡ ᠲᠡᠰ ᠤ ᠦᠨᠳᠦᠰᠦᠳᠡᠨ ᠤ  ᠡᠮᠨᠡᠯᠭᠡ ᠶᠢᠨ  ᠬᠤᠷᠢᠶ᠎ᠠ ᠲᠠᠢ  ᠪᠤᠯᠵᠤ᠂  ᠮᠠᠯᠵᠢᠬᠤ  ᠳᠠᠷᠢᠶᠠᠯᠠᠬᠤ‌ᠣᠷᠣᠨ ᠤ ᠰᠢᠨ᠎ᠠ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠪᠦᠷᠭᠦᠴᠡ 98% ᠲᠤ ᠬᠦᠷᠴᠤ ᠂ ᠶᠡᠭᠡ ᠡᠪᠡᠳᠴᠢᠨ ᠤ ᠲᠠᠭᠠᠳᠬᠠᠯ ᠬᠤᠳᠠ ᠬᠦᠳᠡᠭᠡ ᠶᠢᠨ ᠪᠦᠬᠦ ᠰᠠᠭᠤᠭᠠᠯᠢ ᠠᠷᠠᠳ ᠢ ᠪᠦᠷᠭᠦᠵᠤ᠂ ᠮᠠᠯᠴᠢᠨ ᠲᠠᠷᠢᠶᠠᠴᠢᠨ ᠪᠠ ᠶᠠᠳᠠᠭᠤ ᠬᠦᠴᠢᠷᠳᠡᠯᠳᠡᠢ ᠬᠦᠮᠦᠰ ᠲᠤ᠋‌‍ᠰᠦ᠋ᠢᠳᠭᠡᠯ ᠬᠤᠷᠢᠶᠠᠬᠤ ᠦᠭᠡᠢ ᠡᠷᠡᠭᠦᠯ ᠶᠢᠨ ᠪᠠᠶᠢᠴᠠᠭᠠᠯᠳᠠ ᠬᠢᠵᠤ  ᠦᠭᠭᠦ ᠶᠢ  ᠪᠦᠬᠦ  ᠲᠠᠯ᠎ᠠ ᠪᠠᠷ  ᠠᠬᠢᠭᠤᠯᠪᠠ᠃  ᠡᠭᠦᠨ ‍ᠤ‌ᠬᠠᠮᠳᠤ᠂  ᠰᠤᠮᠤ  ᠰᠢᠶᠠᠩ  ᠪᠠᠯᠭᠠᠰᠦ ᠶᠢᠨ  ᠡᠷᠡᠭᠦᠯ  ᠬᠠᠮᠠᠭᠠᠯᠠᠠᠯ ᠤᠨ  ᠬᠤᠷᠢᠶ᠎ᠠ ᠳᠤ  ᠨᠡᠭᠦᠳᠡᠯ  ᠦᠢᠯᠡᠴᠢᠯᠡᠭᠡᠨ ᠤ ᠲᠡᠷᠭᠡ ᠲᠤᠬᠢᠷᠠᠭᠤᠯᠤᠨ ᠦᠭᠴᠤ᠂  ᠮᠠᠯᠵᠢᠬᠤ  ᠲᠠᠷᠢᠶᠠᠯᠠᠬᠤ  ᠡᠷᠦᠭᠡ ᠳᠤ  ᠡᠷᠡᠭᠦᠯ  ᠮᠡᠨᠳᠦ ᠶᠢᠨ  ᠪᠠᠳᠤᠯᠠᠭ᠎ᠠ ᠶᠢᠨ  ᠵᠢᠵᠢᠭ  ᠡᠮ ‍ᠤᠨ‌ᠬᠠᠶᠢᠷᠴᠠᠭ ᠬᠤᠪᠢᠶᠠᠨ᠂ ᠪᠦᠬᠦ ᠠᠶᠢᠮᠠᠭ ᠤᠨ  ᠬᠦᠮᠦᠨ  ᠲᠤᠮᠳᠠᠴᠢ ᠶᠢᠨ  ᠨᠠᠰᠤᠨ  ᠬᠤᠳᠤᠭ  77  ᠨᠠᠰᠤ  ᠬᠦᠷᠴᠤ᠂  ᠪᠦᠬᠦ‌ᠤᠯᠤᠰ ᠤᠨ ᠲᠤᠮᠳᠠᠴᠢ ᠲᠦᠪᠰᠢᠨ ᠠᠴᠠ 0.7 ᠨᠠᠰᠦ ᠦᠨᠳᠦᠷ ᠪᠣᠯᠵᠣ᠂  ᠭᠤᠤᠯ  ᠪᠣᠯᠬᠤ  ᠡᠷᠡᠭᠦᠯ  ᠮᠡᠨᠳᠦ ᠶᠢᠨ  ᠵᠢᠭᠠᠯᠳᠠ‌‍ᠲ᠋ᠤᠭ᠎ᠠ ᠪᠦᠬᠦ ᠤᠯᠤᠰ ᠤᠨ ᠲᠤᠮᠳᠠᠴᠢ ᠲᠦᠪᠰᠢᠨ ᠳᠤ ᠬᠦᠷᠦᠭᠰᠡᠨ ᠪᠤᠶᠤ ᠲᠠᠪᠠᠵᠠᠢ᠃             ᠮᠤᠩᠭᠤᠯ ᠡᠮ ᠡᠮᠨᠡᠯᠭᠡ ᠪᠤᠯ ᠲᠤᠮᠳᠠᠳᠤ ᠶᠢᠨ ᠦᠨᠳᠦᠰᠦᠳᠡᠨ ᠤ ᠦᠨᠡᠳᠦ ᠰᠤᠶᠤᠯ ᠤᠨ ᠦᠪ  ᠪᠣᠯᠣᠨ᠎ᠠ᠂ ᠳᠡᠷᠡ ᠨᠢ ᠮᠠᠨ ᠤ ᠤᠯᠤᠰ ᠤᠨ ᠦᠨᠳᠦᠰᠦᠳᠡᠨ ᠤ ᠡᠮ ᠡᠮᠨᠡᠯᠭᠡ ᠶᠢᠨ ᠦᠢᠯᠡᠰ ᠲᠤ ᠴᠢᠬᠤᠯᠠ ᠪᠠᠶᠢᠷᠢ ᠶᠢ ᠡᠵᠡᠯᠡᠵᠤ ᠪᠤᠢ᠃  ᠤᠯᠤᠰ ᠡᠴᠠ‌ᠮᠤᠩᠭᠤᠯ ᠬᠢᠳᠡᠳ ᠡᠮ ᠡᠮᠨᠡᠯᠭᠡ ᠶᠢᠨ ᠦᠢᠯᠡᠰ ᠢ ᠦᠷᠭᠦᠯᠵᠢᠯᠡᠨ ᠲᠡᠮᠵᠢᠨ  ᠬᠦᠭᠵᠢᠭᠦᠯᠵᠤ᠂  ᠰᠠᠭᠤᠷᠢ  ᠲᠦᠭᠦᠭᠡᠷᠦᠮᠵᠢ᠂  ᠡᠮ‌ᠨᠠᠶᠢᠷᠠᠯᠭ᠎ᠠ᠂ ᠴᠢᠳᠠᠪᠤᠷᠢᠳᠠᠨ ᠬᠦᠮᠦᠵᠢᠭᠦᠯᠭᠦ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠲᠡᠮᠵᠢᠯᠭᠡ ᠦᠵᠡᠭᠦᠯᠵᠦ᠂ ᠡᠭᠦᠨ ᠤ ᠣᠯᠠᠮ ᠢᠶᠠᠷ ᠮᠣᠩᠭᠤᠯ ᠡᠮ ᠡᠮᠨᠡᠯᠭᠡ ᠶᠢ ᠨᠡᠩ ᠦᠨᠳᠦᠷ ᠲᠦᠪᠰᠢᠨ ᠳᠤ ᠭᠠᠷᠭᠠᠬᠤ ᠶᠢ ᠬᠦᠰᠡᠵᠤ ᠪᠠᠶᠢᠨ᠎ᠠ᠃             ᠦᠨᠳᠦᠰᠦᠨ ᠱᠠᠳᠤᠨ ᠤ ᠲᠦᠯᠦᠭᠡᠯᠡᠭᠴᠢ ᠪᠤᠯᠤᠬᠰᠠᠨ ᠤ ᠬᠤᠪᠢ ᠳᠤ᠂ ᠪᠢ ᠢᠷᠠᠭᠤ  ᠠᠯᠳᠠᠷ ᠢᠶᠠᠨ  ᠬᠤᠪᠢ ᠲᠠᠬᠢᠨ‌ᠨᠠᠨᠳᠢᠩᠨᠡᠨ᠂ ᠨᠠᠮ ᠤᠨ ᠲᠦᠯᠦᠭᠡᠯᠡᠭᠴᠢ ᠶᠢᠨ  ᠲᠤᠰᠢᠶᠠᠯ  ᠬᠠᠷᠢᠭᠤᠴᠠᠯᠭ᠎ᠠ ᠪᠠᠨ  ᠦᠨᠡᠨᠭᠦ  ᠰᠠᠶᠢᠳᠤᠷ  ᠭᠦᠢᠴᠡᠳᠭᠡᠵᠦ᠂  ᠨᠡᠩ ᠤᠷᠬᠢᠯᠤᠮ᠎ᠠ ᠬᠠᠯᠠᠭᠤᠨ ᠰᠡᠳᠬᠢᠯᠭᠡ ᠪᠠᠷ ᠠᠵᠢᠯᠯᠠᠨ᠂ ᠨᠠᠮ ᠤᠨ ᠠᠷᠪᠠ ᠶᠢᠰᠦᠳᠦᠭᠡᠷ  ᠶᠡᠭᠡ  ᠬᠤᠷᠠᠯ ᠤᠨ  ᠵᠤᠷᠢᠭ  ᠰᠠᠨᠠᠭ᠎ᠠ ᠵᠢ‌‍ᠲ᠋ᠠᠯ᠎ᠠ  ᠨᠤᠳᠤᠭ ᠲᠠᠭᠠᠨ  ᠠᠪᠠᠴᠢᠵᠣ᠂  ᠦᠷᠭᠡᠨ  ᠤᠯᠠᠨ ᠡᠮ ᠡᠮᠨᠡᠯᠭᠡ ᠶᠢᠨ  ᠠᠵᠢᠯᠳᠠᠨ  ᠪᠤᠯᠤᠨ  ᠲᠠᠯ᠎ᠠ  ᠨᠤᠳᠤᠭ ‍ᠤᠨ‌ᠦᠨᠳᠦᠰᠦᠳᠡᠨ ᠨᠦᠭᠦᠳ ᠤᠨ ᠠᠷᠠᠳ ᠲᠦᠮᠡᠨ   ᠳᠡᠭᠡᠨ  ᠰᠠᠶᠢᠳᠣᠷ  ᠤᠯᠠᠮᠵᠢᠯᠠᠵᠤ᠂  ᠲᠤᠮᠳᠠᠳᠤ ᠶᠢᠨ  ᠵᠡᠭᠦᠳᠦ ᠶᠢ  ᠬᠠᠮᠳᠤᠪᠡᠷ ᠲᠡᠷᠬᠡᠯᠰᠢᠭᠦᠯᠭᠦ ᠳᠤ ᠰᠢᠨ᠎ᠠ ᠬᠤᠪᠢ ᠨᠡᠮᠡᠷᠢ ᠦᠵᠡᠭᠦᠯᠦᠨ᠎ᠠ    ︵ᠦᠪᠦᠷ ᠮᠤᠩᠭᠤᠯ ᠤᠨ ᠡᠳᠦᠷ ᠤᠨ ᠰᠤᠨᠢᠨ ᠠᠴᠠ ᠰᠢᠯᠵᠢᠭᠦᠯᠪᠡ︶    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号