︽ᠰᠠᠷ᠎ᠠ ᠪᠣᠯᠭᠠᠨ ᠤ 3 · 15︾ ᠤ ᠡᠷᠬᠡ ᠠᠰᠢᠭ ᠢᠶᠠᠨ ᠬᠠᠮᠠᠭᠠᠯᠠᠬᠤ ᠠᠶᠠᠨ
ᠨᠡᠶᠢᠲᠡᠯᠡᠭᠰᠡᠨ ᠴᠠᠭ᠄
2017/10/30
   
    ᠰᠤᠷᠪᠤᠯᠵᠢᠯᠠᠭᠰᠠᠨ ᠴᠠᠭ᠄           2017 ᠣᠨ ᠤ 8 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨᠠᠬᠢ 3 ᠴᠠᠭ       ᠰᠤᠷᠪᠤᠯᠵᠢᠯᠠᠭᠰᠠᠨ ᠵᠣᠴᠢᠨ᠄           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ  ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠭᠡᠰᠢᠭᠦᠨ᠂ ᠲᠣᠪᠴᠢᠶᠠᠨ ᠳᠡᠳ᠋ ᠳᠠᠷᠤᠭ᠎ᠠ ᠶᠠᠩ ᠯᠢᠨ       ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄           ︽ᠰᠠᠷ᠎ᠠ ᠪᠣᠯᠭᠠᠨ ᠤ 3 · 15︾ ᠤ ᠠᠵᠢᠯᠯᠠᠭ᠎ᠠ ᠶᠢ ᠥᠷᠭᠡᠨ ᠪᠦᠭᠡᠳ ᠭᠦᠨᠵᠡᠭᠡᠢ ᠥᠷᠨᠢᠭᠦᠯᠬᠦ ᠪᠠᠷ  ᠳᠠᠮᠵᠢᠭᠤᠯᠵᠤ᠂ ᠠᠮᠤᠷ ᠲᠦᠪᠰᠢᠨ ᠢᠲᠡᠭᠡᠮᠵᠢᠲᠡᠢ ᠬᠡᠷᠡᠭᠯᠡᠭᠡᠨ ᠤ ᠣᠷᠴᠢᠨ ᠢ ᠪᠤᠢ ᠪᠣᠯᠭᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠳᠤ ᠶᠢᠨ ᠪᠠᠶᠢᠭ᠎ᠠ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠬᠤ᠂ ᠡᠷᠬᠡ ᠠᠰᠢᠭ ᠢᠶᠠᠨ ᠬᠠᠮᠠᠭᠠᠯᠠᠬᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠵᠢᠭᠦᠯᠬᠦ᠂ ᠡᠷᠬᠡ ᠠᠰᠢᠭ ᠢᠶᠠᠨ ᠬᠠᠮᠠᠭᠠᠯᠠᠬᠤ  ᠦᠷ᠎ᠡ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠪᠡᠶᠡᠯᠡᠭᠦᠯᠦᠨ᠂ ᠬᠡᠷᠡᠭᠯᠡᠭᠴᠢᠳ ᠤᠨ ᠵᠠᠭᠠᠯᠳᠤᠯᠭ᠎ᠠ  ᠬᠢᠵᠦ ᠪᠠᠶᠢᠭ᠎ᠠ ᠭᠤᠣᠯᠳᠠᠯᠭ᠎ᠠ ᠲᠠᠢ ᠠᠵᠢᠯ ᠲᠦᠷᠦᠯ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ  ᠢᠯᠡᠳᠲᠡ ᠵᠢᠷᠤᠮᠵᠢᠭᠤᠯᠵᠤ᠂ ᠡᠷᠬᠡ ᠠᠰᠢᠭ ᠢᠶᠠᠨ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠶ  ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠨ᠂ ︽ᠭᠠᠵᠠᠷ ᠪᠣᠯᠭᠠᠨ ᠳᠤ ᠡᠷᠬᠡ ᠠᠰᠢᠭ ᠢᠶᠠᠨ ᠬᠠᠮᠠᠭᠠᠯᠠᠬᠤ  ᠲᠣᠣᠷ ᠰᠦᠯᠵᠢᠶ᠎ᠡ ᠲᠠᠢ᠂ ᠰᠠᠷ᠎ᠠ ᠪᠦᠷᠢ ᠡᠷᠬᠡ ᠠᠰᠢᠭ ᠢᠶᠠᠨ ᠬᠠᠮᠠᠭᠠᠯᠠᠬᠤ ᠡᠳᠦᠷᠯᠢᠭ ᠲᠠᠢ᠂ ᠬᠥᠮᠦᠨ ᠪᠦᠬᠦᠨ  ᠬᠢᠨᠠᠯᠲᠠ ᠲᠠᠯᠪᠢᠭᠴᠢ ᠪᠣᠯᠬᠤ︾ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠬᠠᠷᠠᠯᠲᠠ  ᠳᠤ ᠬᠦᠷᠭᠡᠨ᠎ᠡ᠃  ᠦᠢᠷ᠎ᠠ ᠶᠢᠨ ᠡᠳᠦᠷ᠂ ᠪᠢᠳᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ  ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ  ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ ᠶᠠᠩ ᠯᠢᠨ ᠢ ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠠᠬᠢ  ᠰᠤᠷᠪᠤᠯᠵᠢᠯᠠᠭ᠎ᠠ︾ ᠫᠷᠦᠭᠷᠡᠮ ᠳᠤ ᠤᠷᠢᠪᠠ᠃ ᠰᠦᠯᠵᠢᠶᠡᠨ ᠠᠨᠳᠠ ᠨᠠᠷ ᠢᠳᠡᠪᠬᠢᠲᠡᠢ ᠣᠷᠣᠯᠴᠠᠵᠤ ᠰᠠᠨᠠᠯ ᠢᠶᠠᠨ  ᠰᠣᠯᠢᠯᠴᠠᠭᠠᠷᠠᠢ᠃                             ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄           ᠬᠥᠲᠥᠯᠥᠭᠴᠢ᠄       ᠥᠷᠭᠡᠨ ᠣᠯᠠᠨ ᠰᠦᠯᠵᠢᠶᠡᠨ ᠠᠨᠳᠠ ᠰᠠᠶᠢᠨ ᠪᠠᠶᠢᠵᠠᠭᠠᠨᠠᠤ︕ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠲᠣᠰ ᠬᠤᠭᠤᠴᠠᠭᠠᠨ ᠤ  ︽ᠰᠦᠯᠵᠢᠶᠡᠨ ᠳᠠᠬᠢ  ᠰᠤᠷᠪᠤᠯᠵᠢᠯᠠᠭ᠎ᠠ︾ ᠫᠷᠦᠭᠷᠡᠮ ᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠥᠨᠥᠳᠦᠷ ᠪᠢᠳᠡᠨ ᠤ ᠤᠷᠢᠭᠰᠠᠨ  ᠵᠣᠴᠢᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ  ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠭᠡᠰᠢᠭᠦᠨ᠂ ᠲᠤᠪᠴᠢᠶᠠᠨ ᠳᠡᠳ᠋ ᠳᠠᠷᠤᠭ᠎ᠠ ᠶᠠᠩ ᠯᠢᠨ ᠪᠣᠯᠣᠨ᠎ᠠ᠃ ᠶᠠᠩ ᠳᠠᠷᠤᠭ᠎ᠠ ᠡ᠂ ᠲᠠᠨ ᠢ ᠪᠠᠶᠠᠷᠯᠠᠨ  ᠤᠭᠲᠤᠵᠤ ᠪᠠᠶᠢᠨ᠎ᠠ︕           ᠶᠠᠩ ᠯᠢᠨ᠄       ᠲᠠ ᠰᠠᠶᠢᠨ ᠤᠤ᠂ ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨᠠᠤ︕           ᠬᠥᠲᠥᠯᠥᠭᠴᠢ᠄       ᠶᠠᠩ ᠳᠠᠷᠤᠭ᠎ᠠ ᠡ᠂ ᠰᠤᠷᠪᠤᠯᠵᠢᠯᠠᠭ᠎ᠠ ᠶᠢᠨ ᠡᠬᠢᠨ ᠳᠤ ᠲᠠᠨ ᠳᠤ ᠲᠠᠯᠪᠢᠬᠤ ᠠᠰᠠᠭᠤᠯᠲᠠ ᠪᠣᠯ᠂ ᠶᠠᠮᠠᠷ  ᠨᠢᠭᠡᠨ ᠴᠠᠭ ᠠᠴᠠ᠂ ᠲᠠ ᠶᠠᠭᠤ ᠭᠡᠵᠦ ᠪᠣᠳᠣᠯᠬᠢᠯᠠᠭᠠᠳ ︽ᠰᠠᠷ᠎ᠠ ᠪᠣᠯᠭᠠᠨ ᠤ 3 · 15︾ ᠢ ᠲᠦᠰᠦᠭᠡᠯᠡᠵᠦ  ᠡᠬᠢᠯᠡᠭᠰᠡᠨ ᠪᠤᠢ  ︖           ᠶᠠᠩ ᠯᠢᠨ᠄       2014 ᠣᠨ ᠤ 12 ᠳ᠋ᠤᠭᠠᠷ ᠰᠠᠷ᠎ᠠ ᠪᠠᠶᠢᠭᠰᠠᠨ᠂ ᠲᠡᠷᠡ ᠦᠶᠡᠰ ᠰᠢᠨ᠎ᠡ ︽ᠬᠡᠷᠡᠭᠯᠡᠭᠴᠢᠳ ᠤᠨ ᠡᠷᠬᠡ  ᠠᠰᠢᠭ ᠢ ᠬᠠᠮᠠᠭᠠᠯᠠᠬᠤ ᠬᠠᠤᠯᠢ︾ ᠶᠢ ᠵᠠᠰᠠᠪᠤᠷᠢ ᠣᠷᠣᠭᠤᠯᠵᠤ ᠬᠡᠷᠡᠭᠵᠢᠭᠦᠯᠦᠭᠡᠳ ᠤᠳᠠᠭ᠎ᠠ ᠦᠭᠡᠢ ᠪᠠᠶᠢᠯ᠎ᠠ᠂  ᠡᠶᠢᠮᠦ ᠠᠴᠠ ᠰᠠᠶᠢᠲᠤᠷ ᠤᠬᠠᠭᠤᠯᠭ᠎ᠠ ᠬᠢᠬᠦ ᠨᠢ ᠲᠡᠷᠡᠬᠦ ᠴᠠᠭ ᠤᠨ ᠲᠤᠯᠭᠠᠮ᠎ᠠ ᠡᠭᠦᠷᠭᠡ ᠪᠣᠯᠵᠠᠢ᠂ ᠬᠡᠷᠡᠭᠯᠡᠭᠡ ᠪᠣᠯ  ᠡᠳᠦᠷ ᠪᠦᠷᠢ ᠶᠠᠪᠤᠭᠳᠠᠵᠤ ᠪᠠᠶᠢᠭ᠎ᠠ ᠠᠵᠢᠯᠯᠠᠭ᠎ᠠ᠂ ᠬᠡᠷᠡᠭᠯᠡᠭᠡᠨ ᠤ ᠶᠠᠪᠤᠴᠠ ᠳᠤ ᠡᠷᠬᠡ ᠪᠠᠨ ᠬᠠᠮᠠᠭᠠᠯᠠᠬᠤ ᠨᠢ  ᠦᠵᠡᠬᠦ ᠳᠤ ᠢᠯᠣᠮ ᠦᠭᠡᠢ ᠪᠣᠯᠪᠠᠴᠤ᠂ ᠦᠨᠡᠨᠳᠡᠭᠡᠨ ᠰᠠᠶᠢᠲᠤᠷ ᠰᠢᠶᠳᠪᠦᠷᠢᠯᠡᠬᠦ ᠦᠭᠡᠢ ᠪᠣᠯ ᠤᠯᠠᠨ ᠲᠦᠮᠡᠨ ᠤ  ᠠᠰᠢᠭ ᠲᠤᠰᠠ ᠶᠢ ᠬᠤᠬᠢᠷᠠᠭᠤᠯᠬᠤ ᠳᠤ ᠬᠦᠷᠦᠨ᠎ᠡ᠃  ᠡᠨᠡ ᠨᠢ ᠶᠠᠪᠤᠬᠤ ᠲᠤᠰᠤᠮ ᠨᠡᠶᠢᠭᠡᠮ ᠳᠠᠶᠠᠭᠠᠷ ᠤᠨ  ᠠᠩᠬᠠᠷᠤᠯ ᠢ ᠲᠠᠲᠠᠵᠤ ᠪᠠᠶᠢᠭ᠎ᠠ ᠵᠦᠢᠯ ᠪᠣᠯᠵᠠᠢ᠃ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠦᠵᠡᠯ  ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ᠰᠠᠷ᠎ᠠ ᠪᠣᠯᠭᠠᠨ ᠤ 3 · 15︾ ᠤ  ᠠᠵᠢᠯᠯᠠᠭ᠎ᠠ ᠥᠷᠨᠢᠭᠦᠯᠬᠦ ᠪᠠᠷ ᠪᠢᠳᠠ ᠳᠤᠷᠠᠳᠪᠠ᠃ ᠲᠣᠬᠠᠶᠢᠯᠠᠪᠠᠯ ᠰᠠᠷ᠎ᠠ ᠪᠣᠯᠭᠠᠨ ᠤ 15 ᠤ ᠡᠳᠦᠷ ᠢ ᠳᠡᠯᠡᠬᠡᠶ  ᠨᠡᠶᠢᠲᠡ ᠶᠢᠨ ᠬᠡᠷᠡᠭᠯᠡᠭᠴᠢᠳ ᠤᠨ ᠡᠷᠬᠡ ᠠᠰᠢᠭ ᠤᠨ  ᠡᠳᠦᠷᠯᠢᠭ ᠪᠣᠯᠬᠤ 315 ᠶᠢᠨ ᠦᠷᠭᠦᠯᠵᠢᠯᠡᠯ ᠪᠣᠯᠭᠠᠨ᠎ᠠ᠃  ᠰᠠᠷ᠎ᠠ ᠪᠦᠷᠢ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠬᠠᠯᠠᠮᠰᠢᠯ ᠠᠰᠠᠭᠤᠳᠠᠯ ᠪᠣᠯᠣᠨ ᠨᠡᠶᠢᠭᠡᠮ ᠤᠨ  ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠨᠢᠭᠡ ᠭᠤᠣᠯ ᠰᠡᠳᠦᠪ ᠲᠣᠭᠲᠠᠭᠠᠬᠤ  ᠶᠢᠨ ᠤᠯᠠᠮ ᠢᠶᠠᠷ  ᠤᠳᠤ ᠶᠢᠨ ᠪᠠᠶᠢᠭ᠎ᠠ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ ᠤᠯᠠᠮ ᠨᠢᠭᠡ ᠠᠯᠬᠤᠮ  ᠰᠢᠯᠤᠭᠤᠳᠬᠠᠬᠤ᠂ ᠡᠷᠬᠡ ᠠᠰᠢᠭ ᠢᠶᠠᠨ ᠬᠠᠮᠠᠭᠠᠯᠠᠬᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠵᠢᠭᠦᠯᠬᠦ  ᠂ ᠡᠷᠬᠡ ᠶᠢ ᠬᠠᠮᠠᠭᠠᠯᠠᠬᠤ ᠦᠷ᠎ᠡ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠪᠡᠶᠡᠯᠡᠭᠦᠯᠵᠦ᠂ ︽ᠭᠠᠵᠠᠷ  ᠪᠣᠯᠭᠠᠨ ᠳᠤ ᠡᠷᠬᠡ ᠠᠰᠢᠭ ᠢᠶᠠᠨ ᠬᠠᠮᠠᠭᠠᠯᠠᠬᠤ ᠲᠣᠣᠷ ᠰᠦᠯᠵᠢᠶ᠎ᠡ ᠲᠠᠢ᠂ ᠰᠠᠷ᠎ᠠ ᠪᠦᠷᠢ ᠡᠷᠬᠡ ᠠᠰᠢᠭ ᠢᠶᠠᠨ  ᠬᠠᠮᠠᠭᠠᠯᠠᠬᠤ ᠡᠳᠦᠷᠯᠢᠭ ᠲᠠᠢ᠂ ᠬᠥᠮᠦᠨ ᠪᠦᠬᠦᠨ ᠬᠢᠨᠠᠯᠲᠠ ᠲᠠᠯᠪᠢᠭᠴᠢ ᠪᠣᠯᠬᠤ︾ ᠬᠡᠷᠡᠭᠯᠡᠭᠡᠨ ᠤ ᠪᠠᠶᠢᠷᠢᠰᠢᠯ ᠢ  ᠴᠣᠭᠴᠠᠯᠠᠨ᠎ᠠ᠃             ᠬᠥᠲᠥᠯᠥᠭᠴᠢ᠄       ᠲᠡᠭᠡᠪᠡᠯ ᠣᠷᠴᠢᠮ ᠤᠨ ᠬᠡᠳᠦᠨ ᠵᠢᠯ ᠳᠠᠬᠢ ︽ᠰᠠᠷ᠎ᠠ  ᠪᠣᠯᠭᠠᠨ ᠤ 3 · 15︾ ᠤ ᠠᠵᠢᠯᠯᠠᠭ᠎ᠠ ᠶᠢᠨ ᠲᠣᠬᠠᠢ  ᠳᠦᠭᠦᠮ ᠲᠣᠭᠠᠴᠢᠪᠠᠯ︖           ᠶᠠᠩ ᠯᠢᠨ᠄       2015 ᠤᠨ ᠤ 3 ᠳ᠋ᠤᠭᠠᠷ ᠰᠠᠷ᠎ᠠ ᠠᠴᠠ ᠡᠬᠢᠯᠡᠨ᠂ ᠵᠢᠭᠠᠨ ᠲᠣᠭᠲᠠᠭᠠᠭᠰᠠᠨ ᠠᠶᠢᠮᠠᠭ ᠬᠤᠲᠠ ᠳᠤ ᠰᠠᠷ᠎ᠠ  ᠪᠦᠷᠢ ᠨᠢᠭᠡ ᠲᠠᠯᠠᠪᠤᠷ ᠡᠷᠬᠢᠯᠡᠨ᠂ ᠨᠢᠭᠡ ᠵᠢᠯ ᠤᠨ ᠲᠤᠷᠰᠢ᠂ ᠤᠯᠠᠨ ᠤ ᠰᠡᠳᠬᠢᠴᠡ ᠤᠯᠠᠮ ᠨᠢᠭᠡ ᠠᠯᠬᠤᠮ  ᠲᠣᠳᠣᠷᠬᠠᠶ ᠪᠤᠯᠵᠤ᠂ ᠴᠥᠭᠡᠨ ᠪᠤᠰᠤ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ 2016 ᠤᠨ ᠤ ᠵᠢᠯ ᠤᠨ  ᠡᠬᠢ ᠪᠠᠷ ᠪᠢᠳᠡ ᠡᠯ᠎ᠡ ᠠᠶᠢᠮᠠᠭ ᠬᠤᠲᠠ ᠳᠤ ᠮᠡᠳᠡᠭᠳᠡᠯ ᠪᠠᠭᠤᠯᠭᠠᠵᠤ᠂ ᠰᠠᠷ᠎ᠠ ᠪᠤᠯᠭᠠᠨ ᠠᠶᠢᠮᠠᠭ ᠬᠤᠲᠠ ᠳᠠᠷᠠᠭᠠᠯᠠᠵᠤ  ᠨᠢᠭᠡ ᠤᠳᠠᠭ᠎ᠠ ᠡᠷᠬᠢᠯᠡᠬᠦ ᠲᠦᠰᠦᠯ ᠭᠠᠷᠭᠠᠵᠠᠢ᠂ ᠡᠨᠡᠬᠦ ᠠᠵᠢᠯᠯᠠᠭ᠎ᠠ ᠶᠢᠨ ᠲᠤᠰᠬᠠᠯ ᠨᠢ ᠮᠠᠰᠢ ᠰᠠᠶᠢᠨ ᠪᠤᠯᠬᠤᠷ᠂  ᠵᠠᠷᠢᠮ ᠠᠶᠢᠮᠠᠭ ᠬᠤᠳᠠ ᠨᠢ ᠰᠠᠷ᠎ᠠ ᠪᠦᠷᠢ᠂ ᠢᠯᠠᠩᠭᠤᠶ᠎ᠠ 2016 ᠣᠨ ᠤ ᠳᠣᠣᠷ᠎ᠠ ᠬᠠᠭᠠᠰ ᠵᠢᠯ ᠳᠤ᠂ ᠡᠯ᠎ᠡ  ᠠᠶᠢᠮᠠᠭ ᠬᠤᠳᠠ ᠰᠠᠷ᠎ᠠ ᠪᠦᠷᠢ ᠡᠷᠬᠢᠯᠡᠨ᠂ ᠠᠷᠭ᠎ᠠ ᠬᠡᠯᠪᠡᠷᠢ ᠠᠷᠭ᠎ᠠ ᠮᠠᠶ᠋ᠢᠭ ᠳᠤ ᠴᠤ ᠲᠡᠰᠦᠷᠡᠯᠳᠠ ᠦᠭᠡᠢ ᠰᠢᠨ᠎ᠡ  ᠡᠭᠦᠳᠦᠯᠲᠡ ᠲᠠᠢ ᠪᠤᠯᠵᠤ᠂ ᠮᠠᠨ ᠤ ᠤᠨ ᠤ ᠭᠤᠣᠯ ᠰᠡᠳᠦᠪ ᠪᠠ ᠣᠷᠣᠨ ᠨᠤᠲᠤᠭ ᠤᠨ ᠣᠨᠴᠠᠯᠢᠭ  ᠲᠠᠢ ᠪᠠᠨ  ᠤᠶᠠᠯᠳᠤᠭᠤᠯᠤᠯ᠎ᠠ᠃ ᠡᠨᠡ ᠨᠢ ᠵᠥᠪᠬᠡᠨ ᠤᠯᠠᠮᠵᠢᠯᠠᠯᠲᠤ ᠤᠳᠬ᠎ᠠ ᠠᠭᠤᠯᠭ᠎ᠠ ᠳᠡᠭᠡᠷᠡᠬᠢ ᠤᠬᠠᠭᠤᠯᠭ᠎ᠠ ᠪᠠ ᠯᠠᠪᠯᠠᠯᠭ᠎ᠠ  ᠬᠢᠬᠦ ᠠᠵᠢᠯᠯᠠᠭ᠎ᠠ ᠲᠡᠳᠦᠢ ᠪᠢᠰᠢ᠂ ᠪᠠᠰᠠ ᠬᠡᠷᠡᠭᠯᠡᠭᠡ ᠶᠢ ᠰᠢᠨᠵᠢᠨ ᠪᠠᠶᠢᠴᠠᠭᠠᠬᠤ᠂ ᠬᠡᠷᠡᠭᠯᠡᠭᠡ ᠶᠢ ᠬᠦᠮᠦᠵᠢᠭᠦᠯᠬᠦ ᠪᠠᠷ  ᠳᠠᠮᠵᠢᠨ ᠲᠠᠷᠢᠶᠠᠯᠠᠬᠤ ᠠᠵᠤ ᠠᠬᠤᠶᠢᠯᠠᠯ ᠢ ᠬᠠᠪᠰᠤᠷᠬᠤ᠂ ᠲᠦᠷᠦᠯ ᠲᠡᠮᠳᠡᠭ ᠡᠭᠦᠳᠬᠦ᠂ ᠬᠡᠷᠡᠭᠯᠡᠭᠴᠢᠳ ᠲᠤ  ᠢᠲᠡᠭᠡᠯᠲᠡᠢ ᠪᠦᠲᠦᠭᠡᠭᠳᠡᠬᠦᠨ ᠢ ᠮᠡᠷᠡᠶᠢᠨ ᠡᠭᠦᠳᠬᠦ ᠠᠵᠢᠯᠯᠠᠭ᠎ᠠ ᠪᠠᠭᠲᠠᠵᠤ᠂ ᠶᠠᠰᠤ ᠴᠢᠨᠠᠷ ᠢ ᠡᠷᠬᠢᠮᠯᠡᠬᠦ ᠵᠢᠭᠤᠯᠴᠢᠯᠠᠯ  ᠵᠡᠷᠭᠡ ᠣᠯᠠᠨ ᠬᠡᠯᠪᠡᠷᠢ ᠮᠠᠶ᠋ᠢᠭ ᠢᠶᠠᠷ ᠶᠠᠪᠤᠭᠳᠠᠵᠠᠢ᠃ 2016 ᠣᠨ ᠤ ᠳᠦᠷᠪᠡᠳᠦᠭᠡᠷ ᠤᠯᠠᠷᠢᠯ ᠳᠤ ᠠᠶᠢᠮᠠᠭ ᠬᠤᠳᠠ  ᠨᠢᠭᠡᠪᠦᠷᠢ ᠡᠷᠬᠢᠯᠡᠭᠰᠡᠨ ᠢᠶᠠᠷ ᠪᠠᠷᠠᠬᠤ ᠦᠭᠡᠢ᠂ ᠬᠤᠰᠢᠭᠤ ᠰᠢᠶᠠᠨ ᠤ ᠲᠤᠭᠤᠷᠢᠭ ᠪᠦᠷᠢ᠂ ᠲᠡᠷᠡᠴᠢᠯᠡᠨ ᠲᠤᠮᠤ ᠰᠢᠭ  ᠰᠢᠶᠠᠩ ᠪᠠᠯᠭᠠᠰᠤᠨ ᠤ ᠨᠡᠶᠢᠭᠡᠮ ᠲᠣᠭᠤᠷᠢᠭ ᠴᠤ ᠡᠷᠬᠢᠯᠡᠨ᠂ ᠬᠡᠷᠡᠭᠯᠡᠭᠴᠢᠳ ᠲᠤ ᠬᠠᠤᠯᠢ ᠴᠠᠭᠠᠵᠠ ᠲᠠᠳᠡᠨ ᠤ  ᠳᠡᠷᠭᠡᠳᠡ᠂ ᠦᠢᠯᠡᠳᠪᠦᠷᠢ ᠬᠤᠳᠠᠯᠳᠤᠭᠠᠨ ᠤ ᠠᠵᠢᠯᠲᠠᠨ ᠤᠯᠠᠨ ᠲᠠᠢ ᠬᠠᠮᠲᠤ ᠪᠠᠶᠢᠯᠴᠠᠬᠤ ᠲᠦᠷᠦᠭᠳᠡᠯ ᠤᠯᠭᠤᠵᠤ᠂  ︽ᠰᠠᠷ᠎ᠠ ᠪᠤᠯᠭᠠᠨ ᠤ 3 · 15︾ ᠢ ᠪᠦᠬᠦ ᠣᠷᠣᠨ ᠤ ᠠᠶᠢᠮᠠᠭ ᠬᠤᠳᠠ᠂ ᠬᠤᠰᠢᠭᠤ ᠰᠢᠶᠠᠨ ᠳᠤ ᠦᠷᠨᠢᠭᠦᠯᠦᠨ  ᠬᠦᠭᠵᠢᠭᠡᠵᠡᠢ᠃             ᠬᠥᠲᠥᠯᠥᠭᠴᠢ᠄      ᠶᠠᠩ ᠳᠠᠷᠤᠭ᠎ᠠ ᠡ᠂ ︽ᠰᠠᠷ᠎ᠠ ᠪᠤᠯᠭᠠᠨ ᠤ 3 · 15︾ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂  ᠲᠠᠨ ᠳᠤ ᠨᠡᠯᠢᠶᠡᠳ ᠭᠦᠨ ᠰᠠᠭᠤᠭᠳᠠᠯ ᠦᠭᠭᠦᠭᠰᠡᠨ ᠨᠢ ᠠᠯᠢ ᠬᠡᠳᠦᠨ ᠤᠳᠠᠭ᠎ᠠ ᠪᠤᠢ︖           ᠶᠠᠩ ᠯᠢᠨ᠄       2016 ᠤᠨ ᠤ 1 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ  ᠬᠡᠷᠡᠭᠯᠡᠭᠴᠢᠳ ᠤᠨ ᠨᠡᠶᠢᠭᠡᠮᠯᠢᠭ᠂ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ  ᠥᠷᠨᠢᠭᠦᠯᠦᠭᠰᠡᠨ ︽ᠲᠠ ᠠᠪᠴᠢᠷᠠᠪᠠᠯ ᠪᠢ ᠪᠠᠶᠢᠴᠠᠭᠠᠬᠤ︾᠂ ︽ᠲᠠ ᠰᠡᠵᠢᠭᠯᠡᠪᠡᠯ ᠪᠢ ᠪᠤᠴᠠᠭᠠᠬᠤ︾ ᠪᠠᠷ ᠭᠤᠣᠯ  ᠰᠡᠳᠦᠪ ᠪᠣᠯᠭᠠᠭᠰᠠᠨ ︽ᠰᠠᠷ᠎ᠠ ᠪᠤᠯᠭᠠᠨ ᠤ 3 · 15 ᠠᠵᠢᠯᠯᠠᠭ᠎ᠠ︾ ᠵᠢᠴᠢ ︽ᠠᠷᠠᠳ ᠤᠨ ᠠᠮᠢᠳᠤᠷᠠᠯ ᠤᠨ  ᠬᠡᠷᠡᠭᠯᠡᠭᠡᠨ ᠤ ᠪᠦᠲᠦᠭᠡᠭᠳᠡᠬᠦᠨ ᠤ ᠶᠠᠰᠤ ᠴᠢᠨᠠᠷ ᠢ ᠲᠦᠯᠦᠪᠦᠷᠢ ᠦᠭᠡᠢ ᠪᠠᠷ ᠬᠢᠨᠠᠨ ᠪᠠᠶᠢᠴᠠᠭᠠᠬᠤ ᠠᠵᠢᠯᠯᠠᠭ᠎ᠠ︾ ᠶᠢᠨ  ᠥᠭᠡᠷᠡᠴᠢᠯᠡᠯᠲᠡ ᠲᠣᠩ ᠰᠠᠶᠢᠨ ᠪᠤᠯᠵᠠᠢ᠃           2016 ᠣᠨ ᠤ 6 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ  ᠬᠡᠷᠡᠭᠯᠡᠭᠴᠢᠳ ᠤᠨ ᠨᠡᠶᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ  ᠲᠣᠪᠴᠢᠶ᠎ᠠ ᠵᠢᠯᠤᠭᠤᠳᠴᠦ᠂ ᠣᠷᠳᠣᠰ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ᠂ ᠬᠤᠲᠠ ᠶᠢᠨ ᠠᠵᠤ  ᠦᠶᠯᠡᠳᠪᠦᠷᠢ ᠬᠤᠳᠠᠯᠳᠤᠭᠠᠨ ᠤ ᠲᠣᠪᠴᠢᠶ᠎ᠠ ᠪᠣᠯᠤᠨ ᠵᠢᠭᠤᠯᠴᠢᠯᠠᠯ ᠤᠨ ᠲᠣᠪᠴᠢᠶ᠎ᠠ ᠭᠤᠤᠯᠴᠢᠯᠠᠨ ᠡᠷᠭᠢᠯᠡᠭᠰᠡᠨ  ᠰᠠᠷ᠎ᠠ ᠶᠢᠨ ᠬᠤᠭᠤᠴᠠᠭ᠎ᠠ ᠲᠠᠢ ᠥᠪᠥᠷ ᠮᠣᠩᠭᠤᠯ ᠤᠨ ︽ᠰᠠᠷ᠎ᠠ ᠪᠤᠯᠭᠠᠨ ᠤ 3 · 15︾ ᠵᠢᠴᠢ ︽ᠢᠲᠡᠭᠡᠮᠵᠢᠲᠡᠢ  ᠬᠡᠷᠡᠭᠯᠡᠭᠡ · ᠶᠠᠰᠤ ᠴᠢᠨᠠᠷ ᠢ ᠡᠷᠬᠢᠮᠯᠡᠬᠦ ᠵᠢᠭᠤᠯᠴᠢᠯᠠᠯ · ᠷᠢᠳᠢ ᠰᠢᠳᠢᠲᠦ ᠣᠷᠳᠣᠰ︾ ᠤᠬᠠᠭᠤᠯᠭ᠎ᠠ ᠦᠢᠯᠡᠴᠢᠯᠡᠭᠡᠨ ᠤ  ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠡᠬᠢᠯᠡᠬᠦ ᠶᠤᠰᠤᠯᠠᠯ ᠳᠤ 1000 ᠰᠢᠬᠠᠮ ᠬᠥᠮᠦᠨ ᠤᠷᠤᠯᠴᠠᠵᠤ᠂  ᠦᠢᠯᠡᠳᠪᠦᠷᠢ ᠬᠤᠳᠠᠯᠳᠤᠭᠠᠨ ᠤ ᠰᠢᠰᠲ᠋ᠧᠮ ᠤᠨ ᠬᠠᠭᠤᠷᠮᠠᠭ ᠮᠠᠭᠤ ᠲᠠᠸᠠᠷ ᠢ ᠦᠢᠯᠡᠳᠦᠨ ᠪᠤᠷᠤᠯᠠᠭᠤᠯᠬᠤ  ᠠᠵᠢᠯᠯᠠᠭ᠎ᠠ ᠳᠤ ᠴᠤᠬᠢᠯᠲᠠ ᠦᠭᠴᠦ ᠡᠷᠬᠡ ᠠᠰᠢᠭ ᠢᠶᠠᠨ ᠬᠠᠮᠠᠭᠠᠯᠠᠭᠰᠠᠨ ᠠᠮᠵᠢᠯᠲᠠ ᠪᠦᠲᠦᠮᠵᠢ ᠶᠢᠨ ᠦᠵᠡᠭᠦᠯᠦᠯᠭᠡ ᠂ ᠤᠷᠳᠤᠰ ᠤᠨ ᠴᠤᠤᠲᠤ ᠠᠯᠳᠠᠷᠲᠤ ᠨᠡᠷᠡᠳᠤ ᠲᠠᠸᠠᠷ ᠤᠨ ᠲᠡᠮᠳᠡᠭᠲᠦ ᠲᠠᠢ ᠲᠠᠸᠠᠷ ᠤᠨ ᠦᠵᠡᠭᠦᠯᠦᠯᠭᠡ᠂ ᠬᠤᠳᠠᠯ  ᠬᠠᠭᠤᠷᠮᠠᠭ ᠴᠢᠨᠠᠷ ᠮᠠᠭᠤ ᠦᠢᠯᠡᠳᠬᠦᠨ ᠢ ᠢᠯᠭᠠᠨ ᠲᠠᠨᠢᠬᠤ ᠦᠵᠡᠭᠦᠯᠦᠯᠭᠡ᠂ ᠵᠢᠭᠤᠯᠴᠢᠯᠠᠯ ᠤᠨ ᠦᠢᠯᠡᠰ ᠢ  ᠡᠷᠡᠭᠦᠯ ᠢᠶᠠᠷ ᠬᠦᠭᠵᠢᠭᠦᠯᠦᠭᠰᠡᠨ ᠠᠮᠵᠢᠯᠲᠠ ᠪᠦᠲᠦᠮᠵᠢ ᠶᠢᠨ ᠦᠵᠡᠭᠦᠯᠦᠯᠭᠡ᠂ ᠣᠷᠳᠣᠰ ᠤᠨ ᠵᠢᠭᠤᠯᠴᠢᠯᠠᠯ ᠤᠨ  ᠦᠵᠡᠮᠵᠢᠲᠦ ᠣᠷᠣᠨ ᠤ ᠠᠵᠤ ᠠᠬᠤᠶᠢᠯᠠᠯ ᠤᠨ ᠦᠵᠡᠭᠦᠯᠦᠯᠭᠡ᠂ ᠶᠢᠨ ᠴᠧᠨ ᠣᠯᠠᠨ ᠤᠯᠤᠰ ᠤᠨ ᠬᠤᠳᠠᠯᠳᠤᠭᠠᠨ ᠤ  ᠲᠠᠯᠠᠪᠠᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠷᠳᠡᠭᠡ᠂ ᠫᠢᠩ ᠠᠨ ᠨᠡᠶᠢᠭᠡᠮ ᠲᠣᠭᠤᠷᠢᠭ ᠤᠨ  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠦᠷᠲᠡᠭᠡ᠂ ᠯᠦᠩ ᠬᠤ᠋ ᠴᠢᠦᠶ ᠲᠣᠰᠬᠤᠨ ᠤ  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠦᠷᠲᠡᠭᠡ ᠶᠢ ᠲᠤᠭᠤᠷᠢᠨ ᠦᠵᠡᠵᠦ᠂  ᠴᠢᠩᠭᠢᠰ ᠤᠨ ᠤᠩᠭᠤᠨ ᠤ ᠵᠢᠭᠤᠯᠴᠢᠯᠠᠯ ᠤᠨ ᠬᠤᠯᠪᠤᠭᠠᠯᠠᠨ ᠬᠦᠲᠡᠯᠦᠯᠴᠡᠵᠦ ᠬᠠᠤᠯᠢ ᠬᠡᠷᠡᠭᠵᠢᠭᠦᠯᠬᠦ ᠲᠤᠭᠲᠠᠴᠠ ᠶᠢ  ᠤᠶᠢᠯᠠᠭᠠᠪᠠ᠃           2017 ᠤᠨ ᠤ 3 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠬᠡᠷᠡᠭᠯᠡᠭᠴᠢᠳ ᠤᠨ ᠨᠡᠶᠢᠭᠡᠮᠯᠢᠭ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤᠷᠠᠵᠤ ᠭᠤᠤᠯᠴᠢᠯᠠᠨ  ᠡᠷᠭᠢᠯᠡᠭᠰᠡᠨ 2017 ᠣᠨ ᠤ 3 · 15 ᠤ ᠳᠡᠯᠡᠬᠡᠶ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷᠯᠢᠭ ᠵᠢᠴᠢ ︽ ᠬᠡᠷᠡᠭᠯᠡᠭᠴᠢᠳ ᠤᠨ ᠢᠲᠡᠭᠡᠮᠵᠢᠲᠡᠶ ᠪᠦᠲᠦᠭᠡᠭᠳᠡᠬᠦᠨ︾ ᠤ ᠠᠵᠢᠯᠯᠠᠭ᠎ᠠ ᠬᠥᠬᠡᠬᠤᠲᠠ ᠶᠢᠨ ᠣᠯᠠᠨ ᠤᠯᠤᠰ ᠤᠨ ᠬᠤᠷᠠᠯ  ᠦᠵᠡᠰᠬᠦᠯᠡᠩ ᠤᠨ ᠲᠥᠪ ᠳᠤ ᠶᠠᠪᠤᠭᠳᠠᠯ᠎ᠠ᠃ ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠤᠬᠢᠷᠳᠤᠯ  ᠦᠭᠡᠢ ᠪᠦᠲᠦᠭᠡᠭᠳᠡᠬᠦᠨ ᠤ 200 ᠭᠠᠷᠤᠢ ᠦᠢᠯᠡᠳᠪᠦᠷᠢ ᠦᠵᠡᠰᠬᠦᠯᠡᠩ ᠳᠤ ᠤᠷᠤᠯᠴᠠᠵᠡᠢ᠃           2016 ᠣᠨ ᠤ 5 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ  ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠠᠩ ᠳ᠋ᠧ ᠵᠢᠶᠠᠩ  ᠮᠠᠨ ᠤ ᠣᠷᠣᠨ ᠳᠤ ᠰᠠᠭᠠᠲᠠᠵᠤ ᠬᠠᠤᠯᠢ ᠬᠡᠷᠡᠭᠵᠢᠭᠦᠯᠦᠯᠲᠡ ᠶᠢᠨ ᠲᠣᠬᠠᠢ ᠪᠠᠶᠢᠴᠠᠭᠠᠯᠲᠠ ᠦᠷᠨᠢᠭᠦᠯᠦᠨ᠂ ︽ᠰᠠᠷ᠎ᠠ  ᠪᠣᠯᠭᠠᠨ ᠤ 3 · 15︾ ᠤ ᠠᠵᠢᠯᠯᠠᠭ᠎ᠠ ᠶᠢ ᠭᠦᠶᠴᠡᠳ ᠦᠨᠡᠯᠡᠨ ᠨᠣᠲᠠᠯᠠᠵᠠᠢ᠃ 7 ᠳ᠋ᠤᠭᠠᠷ ᠰᠠᠷ᠎ᠠ ᠳᠤ᠂  ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ  ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠮᠠ ᠵᠧᠩ ᠴᠢ ᠥᠪᠥᠷ ᠮᠣᠩᠭᠤᠯ ᠳᠤ  ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠰᠠᠷ᠎ᠠ  ᠪᠣᠯᠭᠠᠨ ᠤ 3 · 15︾ ᠤ ᠠᠵᠢᠯᠯᠠᠭ᠎ᠠ ᠶᠢ ᠬᠥᠭᠵᠢᠶᠡᠨᠲᠡᠢ ᠰᠠᠶᠢᠬᠠᠨ ᠦᠷᠨᠢᠭᠦᠯᠵᠦ ᠪᠤᠢ᠂ ᠡᠭᠦᠨ ᠢ ᠤᠯᠠᠮ  ᠴᠢᠨᠠᠭᠰᠢᠳᠠ ᠲᠦᠭᠡᠮᠡᠯᠵᠢᠭᠦᠯᠵᠦ ᠪᠣᠯᠣᠨ᠎ᠠ ᠭᠡᠪᠡ᠃ 9 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠨᠢ ᠨᠡᠶᠢᠲᠡᠯᠢᠭ ᠵᠢᠱᠢᠶ᠎ᠡ ᠶᠢᠨ ᠬᠤᠪᠢ ᠪᠠᠷ ᠪᠦᠬᠦ ᠤᠯᠤᠰ ᠤᠨ  ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠳᠤ ︽ᠰᠠᠷ᠎ᠠ ᠪᠣᠯᠭᠠᠨ   ᠤ 3 · 15︾ ᠤ ᠠᠵᠢᠯᠯᠠᠭ᠎ᠠ ᠦᠷᠨᠢᠭᠦᠯᠦᠭᠰᠡᠨ ᠠᠵᠢᠯ ᠤᠨ ᠲᠤᠬᠠᠶ ᠶᠠᠷᠢᠶ᠎ᠠ ᠲᠠᠯᠪᠢᠵᠤ᠂ ᠲᠥᠯᠥᠭᠡᠯᠡᠭᠴᠢᠳ ᠤᠨ  ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠡᠨᠡ ᠵᠢᠯ ᠤᠨ ᠳᠤᠮᠳᠠᠳᠤ ᠤᠯᠤᠰ ᠤᠨ ᠬᠡᠷᠡᠭᠯᠡᠭᠴᠢᠳ ᠤᠨ  ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ  ᠳᠡᠳ᠋ ᠳᠠᠷᠤᠭ᠎ᠠ ᠵᠠᠩ ᠫᠢᠩ ᠠᠵᠢᠯ ᠤᠨ ᠢᠯᠡᠳᠬᠡᠯ ᠳᠡᠭᠡᠨ ᠮᠠᠨ ᠤ ᠣᠷᠣᠨ ᠤ ︽ᠰᠠᠷ᠎ᠠ ᠪᠣᠯᠭᠠᠨ ᠤ 3 · 15︾ ᠤ  ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠣᠲᠠᠯᠠᠵᠠᠢ᠃           ᠬᠥᠲᠥᠯᠥᠭᠴᠢ᠄        ᠬᠤᠶᠢᠰᠢᠳᠠ ︽ᠰᠠᠷ᠎ᠠ ᠪᠣᠯᠭᠠᠨ ᠤ 3 · 15︾ ᠢ ᠴᠢᠨᠠᠭᠰᠢᠳᠠ ᠬᠡᠷᠬᠢᠨ ᠦᠷᠨᠢᠭᠦᠯᠬᠦ ᠪᠠᠷ ᠪᠠᠶᠢᠭ᠎ᠠ ᠪᠠ  ᠪᠣᠳᠠᠲᠠᠶ ᠶᠠᠮᠠᠷ ᠲᠥᠯᠥᠪᠯᠡᠭᠡ ᠲᠣᠭᠲᠠᠭᠰᠠᠨ ᠪᠣᠯ︖           ᠶᠠᠩ ᠯᠢᠨ᠄       ᠬᠤᠶᠢᠰᠢᠳᠠ᠂ ᠪᠢᠳᠡ ᠦᠷᠭᠦᠯᠵᠢᠯᠡᠨ ︽ᠰᠠᠷ᠎ᠠ ᠪᠣᠯᠭᠠᠨ ᠤ 3 · 15︾ ᠤ ᠠᠵᠢᠯᠯᠠᠭ᠎ᠠ ᠶᠢ  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠴᠢᠬᠤᠯᠠ ᠭᠠᠷᠲᠠᠴᠠ ᠪᠣᠯᠭᠠᠵᠤ᠂ 2017 ᠣᠨ ᠤ ︽ ᠲᠣᠣᠷ ᠰᠦᠯᠵᠢᠶ᠎ᠡ ᠢᠲᠡᠭᠡᠮᠵᠢᠲᠡᠢ ᠪᠣᠯ  ᠬᠡᠷᠡᠭᠯᠡᠭᠡ ᠰᠠᠨᠠᠭ᠎ᠠ ᠠᠮᠤᠷ︾ ᠭᠡᠬᠦ ᠭᠤᠣᠯ ᠰᠡᠳᠦᠪ ᠤᠨ ᠲᠣᠭᠤᠷᠢᠨ ᠳᠤ᠂  ᠬᠡᠷᠡᠭ ᠮᠡᠳᠡᠭᠴᠢ ᠶᠢᠨ ᠨᠢᠭᠡᠴᠡ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠰᠡᠳᠬᠢᠬᠦᠶ ᠶᠢᠨ ᠵᠠᠭᠪᠤᠷ ᠢᠶᠠᠨ  ᠥᠷᠭᠡᠳᠬᠡᠨ᠂ ᠠᠷᠭ᠎ᠠ ᠬᠡᠯᠪᠡᠷᠢ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠨᠡᠩ ᠥᠷᠭᠡᠨ ᠳᠡᠯᠭᠡᠷ ᠪᠦᠭᠡᠳ  ᠭᠦᠨᠵᠡᠭᠡᠢ ᠦᠷᠨᠢᠭᠦᠯᠬᠦ ᠪᠠᠷ ᠪᠤᠢ᠂ ᠵᠥᠪᠬᠡᠨ ᠡᠯ᠎ᠡ ᠠᠶᠢᠮᠠᠭ ᠬᠤᠳᠠ ᠳᠤ ᠦᠷᠨᠢᠭᠦᠯᠬᠦ ᠪᠠᠷ ᠵᠣᠭᠰᠤᠬᠤ ᠦᠭᠡᠢ᠂ ᠡᠯ᠎ᠡ  ᠬᠤᠰᠢᠭᠤ ᠰᠢᠶᠠᠨ ᠲᠣᠭᠤᠷᠢᠭ ᠪᠣᠯᠣᠨ ᠵᠠᠷᠢᠮ ᠨᠡᠯᠢᠶᠡᠳ ᠲᠣᠮᠣ ᠰᠢᠶᠠᠩ ᠪᠠᠯᠭᠠᠰᠤ᠂ ᠨᠡᠶᠢᠭᠡᠮ ᠲᠣᠭᠤᠷᠢᠭ ᠢᠶᠠᠷ ᠪᠠᠰᠠ  ᠥᠷᠨᠢᠭᠦᠯᠵᠦ᠂ ᠡᠨᠡᠬᠦ ᠠᠵᠢᠯᠯᠠᠭ᠎ᠠ ᠳᠤ ᠬᠦᠴᠦ ᠲᠠᠯᠪᠢᠵᠤ ᠨᠠᠷᠢᠨ ᠨᠢᠮᠪᠠᠶ ᠬᠢᠬᠦ ᠪᠠᠷ ᠴᠢᠷᠮᠠᠶᠢᠨ᠎ᠠ᠃ ᠰᠢᠨ᠎ᠡ ︽ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ  ᠲᠣᠭᠲᠠᠭᠠᠯ ᠳᠠᠬᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠤᠬᠠᠶ ᠲᠣᠭᠲᠠᠭᠠᠯ ᠤᠳ ᠢ ᠥᠷᠭᠡᠨ ᠢᠶᠠᠷ  ᠤᠬᠠᠭᠤᠯᠤᠨ ᠲᠤᠤᠱᠯᠠᠭᠤᠯᠵᠤ᠂ ᠬᠡᠷᠡᠭᠯᠡᠭᠡ ᠶᠢᠨ ᠰᠡᠷᠡᠮᠵᠢᠯᠡᠭᠦᠯᠦᠯ ᠢ ᠨᠡᠶᠢᠲᠡᠯᠡᠨ᠂ ᠠᠵᠤ ᠠᠬᠤᠶᠢᠯᠠᠯ  ᠤᠨ ᠡᠭᠦᠷᠭᠡ  ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂  ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠶᠢ ᠨᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ  ᠬᠡᠷᠡᠭᠯᠡᠭᠡ ᠶᠢᠨ ᠢᠲᠡᠭᠡᠯ ᠢ ᠴᠢᠩᠭᠠᠷᠠᠭᠤᠯᠵᠤ᠂ ᠬᠡᠷᠡᠭᠯᠡᠭᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ  ᠃ ᠰᠦᠯᠵᠢᠶᠡᠨ ᠳᠤ ᠠᠷᠠᠯᠵᠢᠶᠠᠯᠠᠬᠤ ᠲᠠᠸᠠᠷ ᠪᠣᠯᠣᠨ ᠨᠡᠶᠢᠭᠡᠮ ᠤᠨ ᠬᠢᠨᠡᠯᠲᠡ ᠲᠠᠯᠪᠢᠯᠲᠠ ᠳᠤ ᠦᠢᠯᠡᠴᠢᠯᠡᠬᠦ ᠪᠠᠨ  ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠬᠠᠯᠠᠮᠰᠢᠯ ᠵᠢᠴᠢ ᠬᠠᠮᠢᠶ᠎ᠠ ᠪᠦᠬᠦᠢ ᠪᠠᠶᠠᠷ ᠤᠨ  ᠡᠳᠦᠷᠯᠢᠭ᠂ ︽ᠬᠤᠣᠰ 11︾ ᠵᠡᠷᠭᠡ ᠰᠦᠯᠵᠢᠶᠡᠨ ᠳᠤ ᠠᠷᠠᠯᠵᠢᠶᠠᠯᠠᠬᠤ ᠦᠶᠡᠯᠡᠯ ᠲᠠᠢ ᠤᠶᠠᠯᠳᠤᠭᠤᠯᠤᠨ᠂  ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠤᠨ ᠠᠵᠢᠯ ᠲᠦᠷᠦᠯ᠂ ᠵᠢᠭᠤᠯᠴᠢᠯᠠᠯ ᠤᠨ ᠦᠢᠯᠡᠰ ᠵᠢᠴᠢ  ᠲᠣᠣᠷ ᠰᠦᠯᠵᠢᠶᠡᠨ ᠳᠤ ᠡᠷᠬᠡ ᠠᠰᠢᠭ ᠢᠶᠠᠨ ᠬᠠᠮᠠᠭᠠᠯᠠᠬᠤ ᠵᠡᠷᠭᠡ ᠪᠡᠷᠬᠡᠲᠡᠢ ᠠᠰᠠᠭᠤᠳᠠᠯ ᠤᠨ ᠬᠦᠷᠢᠶᠡᠨ ᠳᠤ  ᠴᠢᠭᠯᠡᠭᠦᠯᠵᠦ᠂ ᠰᠦᠯᠵᠢᠶᠡᠨ ᠠᠴᠠ ᠭᠠᠳᠠᠭᠤᠷᠬᠢ ᠶᠢ ᠴᠢᠬᠤᠯᠠᠴᠢᠯᠠᠬᠤ ᠶᠢᠨ ᠵᠡᠷᠭᠡᠪᠡᠷ ᠰᠦᠯᠵᠢᠶᠡᠨ ᠳᠤ  ᠠᠷᠠᠯᠵᠢᠶᠠᠯᠠᠬᠤ ᠲᠠᠸᠠᠷ ᠪᠣᠯᠣᠨ ᠦᠢᠯᠡᠴᠢᠯᠡᠭᠡ ᠶᠢ ᠴᠢᠬᠤᠯᠠᠴᠢᠯᠠᠵᠤ ᠂ ᠬᠠᠮᠢᠶ᠎ᠠ ᠪᠥᠬᠦᠢ ᠡᠵᠡᠩᠨᠡᠯᠲᠡ ᠶᠢᠨ ᠠᠵᠢᠯ  ᠲᠥᠷᠥᠯ ᠪᠣᠯᠤᠨ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠥᠪᠡᠷ ᠢ  ᠢᠶᠠᠨ ᠡᠵᠡᠮᠳᠡᠬᠦ ᠶᠢ ᠨᠢ ᠴᠢᠩᠭᠠᠳᠬᠠᠨ᠎ᠠ᠃ ︽ ᠠᠵᠤ ᠠᠬᠤᠶᠢᠯᠠᠯ ᠥᠪᠡᠷᠲᠡᠭᠡᠨ ᠵᠠᠰᠠᠬᠤ᠂ ᠠᠵᠢᠯ ᠲᠥᠷᠥᠯ ᠥᠪᠡᠷ  ᠢ ᠢᠶᠠᠨ ᠡᠵᠡᠮᠳᠡᠬᠦ᠂ ᠨᠡᠶᠢᠭᠡᠮ ᠬᠢᠨᠠᠯᠲᠠ  ᠲᠠᠯᠪᠢᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ︾ ᠮᠠᠶ᠋ᠢᠭ ᠤᠨ  ᠬᠠᠮᠲᠤᠪᠡᠷ ᠵᠠᠰᠠᠬᠤ ᠪᠠᠶᠢᠷᠢᠰᠢᠯ ᠢ ᠪᠤᠢ  ᠪᠣᠯᠭᠠᠬᠤ ᠶᠢ ᠴᠢᠷᠮᠠᠶᠢᠨ ᠪᠦᠷᠢᠯᠳᠦᠭᠦᠯᠬᠦ ᠶᠢ ᠠᠬᠢᠭᠤᠯᠵᠤ᠂ ᠪᠥᠬᠦ ᠣᠷᠣᠨ ᠤ ᠬᠠᠤᠯᠢ ᠳᠦᠷᠢᠮᠵᠢᠯᠲᠡ᠂ ᠠᠷᠠᠳ  ᠨᠡᠶᠢᠲᠡ ᠪᠠᠷ ᠢᠶᠠᠨ ᠬᠠᠤᠯᠢ ᠰᠠᠬᠢᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃            ᠬᠥᠲᠥᠯᠥᠭᠴᠢ᠄      ᠲᠡᠭᠡᠪᠡᠯ ᠬᠡᠷᠡᠭᠯᠡᠭᠴᠢᠳ ᠤᠨ ᠬᠠᠷᠠᠭᠠᠰᠤ ᠠᠴᠠ ᠦᠵᠡᠪᠡᠯ᠂ ᠡᠳᠦᠷ ᠲᠤᠳᠤᠮ ᠤᠨ ᠬᠡᠷᠡᠭᠯᠡᠭᠡᠨ ᠤ ᠶᠠᠪᠤᠴᠠ ᠳᠤ᠂ ᠲᠠᠨ ᠤ ᠦᠵᠡᠬᠦ ᠪᠠᠷ ᠬᠡᠷᠡᠭᠯᠡᠭᠡᠨ ᠤ ᠡᠷᠬᠡ ᠠᠰᠢᠭ ᠲᠤ ᠬᠠᠯᠳᠠᠬᠤ ᠠᠵᠢᠯᠯᠠᠭ᠎ᠠ ᠠᠴᠠ ᠶᠠᠭᠠᠬᠢᠪᠠᠯ ᠠᠯᠢ ᠴᠢᠳᠠᠬᠤ ᠪᠠᠷ  ᠵᠠᠶᠢᠯᠠᠰᠬᠢᠵᠤ ᠴᠢᠳᠠᠬᠤ ᠪᠤᠢ︖          ᠶᠠᠩ ᠯᠢᠨ᠄       ᠶᠠᠭᠤᠨ ᠤ ᠡᠮᠦᠨ᠎ᠡ ᠬᠤᠯᠪᠣᠭᠳᠠᠯ ᠪᠦᠬᠦᠢ ᠬᠡᠷᠡᠭᠯᠡᠭᠡᠨ ᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ  ᠡᠵᠡᠮᠰᠢᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠣᠶᠢᠯᠠᠭᠠᠨ᠂  ᠤᠬᠠᠮᠰᠠᠷ ᠠᠴᠠ ᠪᠠᠨ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠵᠤ᠂ ᠬᠠᠤᠯᠢ  ᠪᠤᠰᠤ ᠡᠵᠡᠩᠨᠡᠭᠴᠢᠳ ᠲᠠᠢ ᠲᠡᠮᠡᠴᠡᠯ ᠶᠠᠪᠤᠭᠤᠯᠬᠤ ᠬᠡᠷᠡᠭᠲᠡᠶ ᠃ ᠳᠠᠷᠠᠭ᠎ᠠ ᠳᠤᠨᠢ᠂ ᠠᠷᠠᠯᠵᠢᠶᠠᠯᠠᠬᠤ ᠶᠠᠪᠤᠴᠠ ᠳᠤ  ᠬᠡᠷᠡᠭᠯᠡᠭᠡᠨ ᠤ ᠮᠡᠳᠡᠯᠭᠡ ᠪᠣᠯᠤᠨ ᠬᠠᠤᠯᠢ ᠴᠠᠭᠠᠵᠠ ᠶᠢᠨ ᠮᠡᠳᠡᠯᠭᠡ ᠪᠠᠨ ᠭᠦᠢᠴᠡᠳ ᠠᠰᠢᠭᠯᠠᠨ᠂ ᠰᠣᠨᠣᠷ ᠰᠡᠷᠡᠮᠵᠢ ᠪᠠᠨ  ᠳᠡᠭᠡᠭᠰᠢᠯᠡᠭᠦᠯᠵᠦ᠂ ᠠᠯᠢ ᠴᠢᠳᠠᠬᠤ ᠪᠠᠷ ᠬᠠᠤᠯᠢ ᠪᠤᠰᠤ ᠡᠵᠡᠩᠨᠡᠭᠴᠢᠳ ᠲᠤ ᠵᠠᠪᠰᠢᠬᠤ ᠲᠣᠬᠢᠶᠠᠯ ᠥᠯᠥ ᠣᠯᠭᠤᠨ᠂  ᠡᠷᠬᠡ ᠠᠰᠢᠭ ᠲᠤ ᠬᠠᠯᠳᠠᠬᠤ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠵᠠᠷᠢᠮ ᠠᠵᠤ  ᠠᠬᠤᠶᠢᠯᠠᠯ ᠤᠨ ᠬᠤᠳᠠᠯ ᠬᠠᠭᠤᠷᠮᠠᠭ᠂ ᠥᠰᠬᠡᠭᠡᠨ ᠲᠥᠰᠬᠡᠭᠡᠨ ᠲᠠᠢ ᠤᠬᠠᠭᠤᠯᠭ᠎ᠠ ᠶᠢ ᠠᠮᠠᠷᠬᠠᠨ ᠢᠲᠡᠭᠡᠵᠦ ᠪᠣᠯᠬᠤ  ᠦᠭᠡᠢ᠂ ᠬᠠᠷᠢᠨ ᠬᠢᠨᠠᠭᠤᠷ ᠪᠣᠯᠭᠤᠮᠵᠢᠲᠠᠢ ᠠᠷᠠᠯᠵᠢᠶᠠᠯᠠᠬᠤ ᠬᠡᠷᠡᠭᠲᠡᠢ︔ ︽ᠲᠥᠯᠥᠪᠦᠷᠢ ᠦᠭᠡᠶ︾ ᠭᠡᠬᠦ ᠤᠷᠠᠬᠠᠨ   ᠳᠤ ᠮᠡᠬᠡᠯᠡᠭᠳᠡᠬᠦ ᠠᠴᠠ ᠬᠢᠴᠢᠶᠡᠭᠡᠷᠡᠢ᠂ ᠵᠢᠱᠢᠶᠡᠯᠡᠪᠡᠯ᠄ ᠲᠥᠯᠥᠪᠦᠷᠢ ᠦᠭᠡᠢ ᠪᠠᠷ ᠡᠷᠡᠭᠦᠯ ᠮᠡᠨᠳᠦ ᠶᠢᠨ ᠲᠠᠶᠢᠯᠤᠮᠵᠢ  ᠬᠢᠬᠦ᠂ ᠲᠥᠯᠥᠪᠦᠷᠢ ᠦᠭᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠲᠥᠯᠥᠪᠦᠷᠢ ᠦᠭᠡᠢ ᠪᠠᠷ ᠵᠢᠭᠤᠯᠴᠢᠯᠠᠭᠤᠯᠬᠤ᠂  ᠲᠥᠯᠥᠪᠦᠷᠢ ᠦᠭᠡᠢ ᠪᠠᠷ ᠬᠤᠭᠤᠯᠠ ᠤᠮᠳᠠ ᠵᠣᠭᠤᠭᠯᠠᠭᠤᠯᠬᠤ ᠵᠡᠷᠭᠡ᠂ ᠡᠰᠨ ᠲᠡᠭᠡᠪᠡᠯ ᠤᠨᠠᠭᠤᠯᠢ ᠳᠤ ᠣᠷᠣᠵᠣ  ᠪᠠᠯᠴᠢᠭ ᠲᠤ ᠰᠢᠪᠠᠷᠲᠠᠬᠤ ᠪᠣᠯᠣᠨ᠎ᠠ︔ ᠡᠭᠦᠳᠡᠨ ᠳᠤ ᠢᠷᠡᠵᠦ ᠪᠣᠷᠣᠯᠠᠭᠤᠯᠬᠤ᠂ ᠳ᠋ᠢᠶᠠᠩᠬᠤᠸᠠ ᠪᠠᠷ ᠪᠣᠷᠣᠯᠠᠭᠤᠯᠬᠤ᠂  ᠰᠦᠯᠵᠢᠶᠡᠨ  ᠳᠤ ᠪᠣᠷᠣᠯᠠᠭᠤᠯᠬᠤ ᠵᠡᠷᠭᠡ ᠬᠡᠯᠪᠡᠷᠢ ᠮᠠᠶ᠋ᠢᠭ ᠢᠶᠠᠷ ᠪᠣᠷᠣᠯᠠᠭᠤᠯᠬᠤ ᠡᠳ᠋ ᠪᠣᠳᠠᠰ ᠢ ᠬᠤᠳᠠᠯᠳᠤᠨ  ᠠᠪᠬᠤ ᠳᠠᠭᠠᠨ ᠪᠣᠯᠭᠤᠮᠵᠢᠲᠠᠶ ᠪᠠᠶᠢᠪᠠᠯ ᠵᠣᠬᠢᠨ᠎ᠠ᠂ ᠬᠡᠷᠪᠡ ᠦᠨᠡᠬᠡᠷ ᠬᠡᠷᠡᠭᠴᠡᠭᠡᠲᠡᠢ ᠪᠠᠶᠢᠪᠠᠯ᠂ ᠬᠡᠷᠡᠭᠡᠯᠡᠭᠴᠢᠳ ᠠᠯᠪᠠᠨ  ᠶᠣᠰᠤᠨ ᠤ ᠠᠷᠭ᠎ᠠ ᠵᠠᠮ ᠢᠶᠠᠷ ᠬᠤᠳᠠᠯᠳᠤᠨ ᠠᠪᠤᠭᠠᠷᠠᠢ ᠬᠡᠮᠡᠨ ᠰᠠᠨᠠᠭᠤᠯᠤᠶ᠎ᠠ᠃ ᠲᠠᠸᠠᠷ ᠨᠢ ᠶᠠᠰᠤ ᠴᠢᠨᠠᠷ ᠤᠨ  ᠠᠰᠠᠭᠤᠳᠠᠯ ᠡᠭᠦᠰᠬᠦ ᠦᠶᠡᠰ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠨ᠂ ᠴᠠᠭ ᠲᠤᠬᠠᠶ ᠳᠤᠨᠢ ᠲᠥᠯᠥᠪᠦᠷᠢ  ᠬᠥᠷᠲᠡᠬᠦ ᠶᠢ ᠪᠠᠲᠤᠯᠠᠬᠤ ᠶᠢᠨ ᠲᠤᠰᠠᠳᠠ᠂ ᠬᠡᠷᠡᠭᠯᠡᠭᠴᠢᠳ ᠬᠡᠷᠡᠭᠯᠡᠭᠡᠨ ᠤ ᠡᠳ᠋ ᠪᠣᠳᠠᠰ ᠬᠤᠳᠠᠯᠳᠤᠨ ᠠᠪᠬᠤ ᠳᠠᠭᠠᠨ  ᠭᠡᠷᠡᠴᠢ ᠠᠪᠬᠤ᠂ ᠴᠤᠭᠯᠠᠭᠤᠯᠬᠤ ᠪᠠ ᠬᠠᠳᠠᠭᠠᠯᠠᠬᠤ ᠶᠢ ᠴᠢᠬᠤᠯᠠᠴᠢᠯᠠᠵᠦ᠂ ᠲᠤᠰ ᠪᠡᠶ᠎ᠡ ᠶᠢᠨ ᠴᠢᠨᠢ ᠬᠠᠤᠯᠢ  ᠶᠣᠰᠣᠨ ᠤ ᠡᠷᠬᠡ ᠠᠰᠢᠭ ᠨᠢ ᠬᠤᠬᠢᠷᠠᠯ ᠳᠤ ᠤᠴᠠᠷᠠᠬᠤ ᠦᠶ᠎ᠡ ᠳᠤ ᠬᠠᠤᠯᠢ ᠴᠠᠭᠠᠵᠠ ᠶᠢᠨ ᠨᠤᠳᠠᠲᠠᠢ ᠦᠨᠳᠦᠰᠦᠯᠡᠯ  ᠪᠣᠯᠣᠨ ᠭᠡᠷᠡᠴᠢ ᠬᠠᠩᠭᠠᠵᠤ᠂ ᠲᠤᠰ ᠪᠡᠶ᠎ᠡ ᠶᠢᠨ ᠢᠶᠠᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨ ᠬᠦ  ᠬᠠᠮᠠᠭᠠᠯᠠᠵᠦ ᠰᠤᠷᠬᠤ ᠶᠢ ᠰᠠᠨᠠᠭᠤᠯᠤᠶ᠎ᠠ᠃           ᠬᠦᠲᠦᠯᠦᠭᠴᠢ᠄       ᠬᠡᠷᠪᠡ ᠬᠡᠷᠡᠭᠯᠡᠭᠡᠨ ᠤ ᠵᠢᠭᠤᠷᠠᠯᠳᠤᠭᠠᠨ ᠡᠭᠦᠰᠪᠡᠯ᠂ ᠥᠷᠭᠡᠨ ᠣᠯᠠᠨ ᠬᠡᠷᠡᠭᠯᠡᠭᠴᠢᠳ ᠬᠡᠷᠬᠢᠨ ᠰᠢᠶᠳᠪᠦᠷᠢᠯᠡᠪᠡᠯ  ᠵᠣᠬᠢᠬᠤ ᠪᠣᠯ︖             ᠶᠠᠩ ᠯᠢᠨ᠄        ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢᠨ ᠵᠢᠷᠭᠤᠳᠤᠭᠠᠷ ᠪᠦᠯᠦᠭ ᠤᠨ ᠭᠤᠴᠢ  ᠶᠢᠰᠦᠳᠦᠭᠡᠷ ᠵᠦᠢᠯ ᠳᠤ ᠲᠣᠳᠣᠷᠬᠠᠶ ᠲᠣᠭᠲᠠᠭᠠᠭᠰᠠᠨ ᠨᠢ᠂ ᠬᠡᠷᠡᠭᠯᠡᠭᠴᠢᠳ ᠪᠣᠯᠤᠨ ᠡᠵᠡᠩᠨᠡᠭᠴᠢᠳ ᠤᠨ ᠬᠤᠭᠤᠷᠣᠨᠳᠣ  ᠬᠡᠷᠡᠭᠯᠡᠭᠴᠢᠳ ᠤᠨ ᠡᠷᠬᠡ ᠠᠰᠢᠭ ᠤᠨ ᠲᠤᠬᠠᠶ ᠮᠠᠷᠭᠤᠯᠳᠤᠭᠠᠨ ᠡᠭᠦᠰᠪᠠᠯ᠂ ᠳᠣᠣᠷ᠎ᠠ ᠵᠢᠭᠰᠠᠭᠠᠭᠰᠠᠨ ᠠᠷᠭ᠎ᠠ ᠢᠶᠠᠷ  ᠰᠢᠶᠳᠪᠦᠷᠢᠯᠡᠵᠦ ᠪᠣᠯᠤᠨ᠎ᠠ᠄ ︵ᠨᠢᠭᠡ︶ ᠡᠵᠡᠩᠨᠡᠭᠴᠢ ᠲᠠᠢ ᠵᠥᠪᠳᠡᠯᠴᠡᠨ ᠡᠶᠡᠳᠡᠬᠦ︔ ︵ᠬᠤᠶᠠᠷ︶  ᠬᠡᠷᠡᠭᠯᠡᠭᠴᠢᠳ ᠤᠨ ᠨᠡᠶᠢᠭᠡᠮᠯᠢᠭ ᠪᠤᠶᠤ ᠬᠠᠤᠯᠢ ᠶᠣᠰᠣᠭᠠᠷ ᠪᠠᠶᠢᠭᠤᠯᠤᠭᠳᠠᠭᠰᠠᠨ ᠪᠤᠰᠤᠳ ᠵᠣᠬᠢᠴᠠᠭᠤᠯᠬᠤ ᠵᠣᠬᠢᠶᠠᠨ  ᠪᠠᠶᠢᠭᠤᠯᠤᠯᠲᠠ ᠠᠴᠠ ᠵᠣᠬᠢᠴᠠᠭᠤᠯᠬᠤ︔ ︵ᠭᠤᠷᠪᠠ︶ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ  ︵ᠵᠢᠱᠢᠶᠡᠯᠡᠪᠡᠯ ᠦᠶᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ᠂ ᠡᠷᠡᠭᠦᠯ ᠬᠠᠮᠠᠭᠠᠯᠠᠯ ᠤᠨ ᠰᠠᠯᠠᠭ᠎ᠠ  ᠮᠥᠴᠢᠷ ᠵᠡᠷᠭᠡ︶ ᠲᠤ ᠵᠠᠭᠠᠯᠳᠤᠬᠤ︔ ︵ᠳᠦᠷᠪᠡ︶ ᠡᠵᠡᠩᠨᠡᠭᠴᠢ ᠯᠦᠭᠡ ᠬᠡᠯᠡᠯᠴᠡᠨ ᠲᠣᠬᠢᠷᠠᠭᠰᠠᠨ ᠬᠥᠨᠳᠡᠯᠡᠨ ᠠᠴᠠ  ᠲᠠᠰᠤᠯᠬᠤ ᠬᠡᠯᠡᠯᠴᠡᠭᠡᠷ ᠢᠶᠠᠨ ᠦᠨᠳᠦᠰᠦᠯᠡᠵᠦ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠬᠥᠨᠳᠡᠯᠡᠨ ᠠᠴᠠ  ᠲᠠᠰᠤᠯᠤᠭᠤᠯᠬᠤ ᠪᠠᠷ ᠭᠤᠶᠤᠴᠢᠯᠠᠬᠤ︔ ︵ᠲᠠᠪᠤ︶ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠬᠤ᠃ ᠡᠷᠬᠡ  ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠡᠭᠦᠰᠦᠭᠰᠡᠨ ᠤ ᠲᠠᠷᠠᠭ᠎ᠠ᠂ ᠬᠡᠷᠡᠭᠯᠡᠭᠴᠢᠳ ᠬᠠᠤᠯᠢ ᠴᠠᠭᠠᠵᠠ ᠶᠢ  ᠵᠣᠷᠢᠭᠲᠠᠢ ᠪᠠᠷ ᠬᠡᠷᠡᠭᠯᠡᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠬᠠᠮᠲᠤ ᠬᠠᠤᠯᠢ  ᠪᠤᠰᠤ ᠡᠵᠡᠩᠨᠡᠭᠴᠢᠳ ᠲᠤ ᠰᠢᠳᠭᠡᠯ ᠣᠯᠭᠤᠪᠠᠯ ᠵᠣᠬᠢᠨ᠎ᠠ᠃           ᠬᠦᠲᠦᠯᠦᠭᠴᠢ᠄       ᠶᠠᠩ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠃  ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠥᠨᠳᠥᠷᠯᠡᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ  ᠵᠣᠯᠭᠠᠶ᠎ᠠ︕  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号