ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠨᠠᠯᠲᠠ ᠶᠢᠨ ᠬᠡᠪᠴᠢᠶ᠎ᠡ ᠶᠢ ᠥᠷᠭᠡᠳᠬᠡᠨ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠨᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2017-10-30
   ᠰᠤᠷᠪᠤᠯᠵᠢᠯᠠᠭᠰᠠᠨ ᠴᠠᠭ᠄       2017 ᠣᠨ ᠤ 7 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨᠠᠬᠢ 3 ᠴᠠᠭ          ᠰᠤᠷᠪᠤᠯᠵᠢᠯᠠᠭᠰᠠᠨ ᠵᠣᠴᠢᠨ᠄       ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ  ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠭᠦᠨ᠂ ᠳᠡᠳ᠋ ᠡᠷᠬᠢᠯᠡᠭᠴᠢ ᠴᠢᠶᠣᠤ ᠰᠢᠨ            ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄       ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ  ᠠᠬᠢᠴᠠ ᠶᠢ ᠲᠦᠷᠭᠡᠳᠬᠡᠬᠦ ᠶᠢᠨ ᠲᠤᠰᠠᠳᠠ᠂ ᠣᠷᠴᠢᠮᠬᠠᠨ᠂ ᠥᠪᠥᠷ ᠮᠣᠩᠭᠤᠯ ᠲᠦᠮᠡᠨ ᠨᠡᠷᠡᠰ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠬᠤ ᠠᠵᠢᠯ ᠢ ᠡᠬᠢᠯᠡᠭᠦᠯᠪᠡ  ᠃ ᠪᠦᠬᠦ ᠣᠷᠣᠨ ᠤ 103 ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ  ᠪᠠᠶᠢᠭᠤᠯᠤᠮᠵᠢ ᠶᠢᠨ ᠨᠠᠷᠢᠨ ᠬᠢᠨᠠᠮᠠᠭᠠᠶ ᠬᠢᠨᠠᠨ ᠪᠠᠶᠢᠴᠠᠭᠠᠯᠲᠠ ᠪᠠᠷ ᠳᠠᠮᠵᠢᠭᠤᠯᠤᠭᠠᠳ᠂ ᠲᠤᠬᠠᠶ ᠶᠢᠨ ᠭᠠᠵᠠᠷ  ᠣᠷᠣᠨ ᠠᠴᠠ ᠠᠳᠠᠭ ᠲᠠᠭᠠᠨ 100 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ  ᠬᠢᠨᠠᠯᠲᠠ ᠲᠠᠯᠪᠢᠭᠴᠢ ᠶᠢ ᠰᠣᠩᠭᠤᠨ ᠭᠠᠷᠭᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ  ᠵᠢᠷᠤᠮ ᠤᠨ ᠬᠢᠨᠠᠯᠲᠠ ᠲᠠᠯᠪᠢᠭᠴᠢ ᠳᠤ ᠰᠠᠯᠤᠩᠬᠢᠳᠠ ᠠᠵᠢᠯᠯᠠᠬᠤ ᠪᠠ ᠲᠥᠪᠯᠡᠷᠡᠭᠦᠯᠦᠨ ᠠᠵᠢᠯᠯᠠᠬᠤ ᠶᠢ  ᠤᠶᠠᠯᠳᠤᠭᠤᠯᠬᠤ ᠠᠷᠭ᠎ᠠ ᠶᠢ ᠠᠪᠴᠤ᠂ ᠠᠵᠢᠯ ᠤᠨ ᠰᠢᠨᠵᠢ ᠴᠢᠨᠠᠷ ᠨᠢ ᠠᠯᠪᠠᠨ ᠵᠢᠷᠤᠮ ᠢᠶᠠᠷ ᠬᠢᠨᠠᠯᠲᠠ ᠲᠠᠯᠪᠢᠵᠦ᠂  ᠬᠥᠯᠥᠰᠥ ᠮᠥᠩᠭᠦ ᠠᠪᠬᠤ ᠦᠭᠡᠢ ᠪᠠᠷ ᠠᠵᠢᠯᠯᠠᠬᠤ ᠪᠣᠯᠣᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ  ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ  ᠭᠦᠢᠴᠡᠳᠬᠡᠬᠦ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠬᠡᠪᠴᠢᠶ᠎ᠡ ᠪᠠᠨ ᠭᠦᠢᠴᠡᠳ  ᠥᠷᠭᠡᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠥᠷᠭᠡᠴᠡ ᠪᠠ ᠭᠦᠨᠴᠡ ᠶᠢ  ᠥᠷᠭᠡᠳᠬᠡᠨ᠂ ᠬᠠᠤᠯᠢ ᠳᠦᠷᠢᠮ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ  ᠬᠦᠴᠦᠨ ᠢ ᠪᠤᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠷᠭ᠎ᠠ ᠮᠠᠶ᠋ᠢᠭ ᠢ ᠬᠤᠪᠢᠷᠠᠭᠤᠯᠵᠤ᠂  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ  ᠬᠤᠯᠪᠣᠭᠳᠠᠯ ᠲᠠᠢ ᠶᠤᠮ᠃                               ᠰᠤᠷᠪᠤᠯᠵᠢᠯᠠᠭ᠎ᠠ ᠶᠢᠨ ᠪᠤᠳᠠᠲᠤ ᠲᠡᠮᠳᠡᠭᠯᠡᠯ             ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠳᠤᠮᠳᠠᠳᠤ  ᠤᠯᠤᠰ ·  ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ  ᠦᠵᠡᠬᠦ ᠶᠢ  ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ  ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ  ᠳᠤᠭᠤᠶᠢᠯᠠᠩ ᠤᠨ ᠪᠦᠷᠢᠯᠳᠦᠬᠦᠨ ᠬᠡᠰᠢᠭᠦᠨ᠂ ᠳᠡᠳ᠋ ᠡᠷᠬᠢᠯᠡᠭᠴᠢ ᠴᠢᠶᠣᠣ ᠰᠢᠨ ᠪᠣᠯᠣᠨ᠎ᠠ᠃ ᠴᠢᠶᠣᠤ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕             ᠴᠢᠶᠣᠤ ᠰᠢᠨ᠄       ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕           ᠬᠥᠲᠥᠯᠥᠭᠴᠢ᠄      ᠴᠢᠶᠣᠤ ᠡᠷᠬᠢᠯᠡᠭᠴᠢ᠂ ᠶᠠᠭᠤᠨ ᠤ ᠡᠮᠦᠨ᠎ᠡ ᠲᠠ ᠪᠢᠳᠡᠨ ᠳᠤ ᠶᠠᠭᠤᠨ ᠳᠤ ᠲᠦᠮᠡᠨ ᠨᠡᠷᠡᠰ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ  ᠡᠬᠢᠯᠡᠭᠦᠯᠦᠭᠰᠡᠨ ᠢ ᠲᠠᠨᠢᠯᠴᠠᠭᠤᠯᠵᠤ ᠥᠭᠭᠦᠨ᠎ᠡ ᠦᠦ︖           ᠴᠢᠶᠣᠤ ᠰᠢᠨ᠄        ᠶᠡᠷᠦᠩᠬᠡᠢ ᠳᠡᠭᠡᠨ ᠠᠪᠴᠤ ᠬᠡᠯᠡᠪᠡᠯ᠂ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ  ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠦᠭᠰᠡᠨ ᠨᠢ᠂ ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ  ᠬᠤᠷᠠᠯ᠂ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠥᠬᠦᠳᠡ ᠬᠤᠷᠠᠯ ᠤᠨ  ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠳ᠋ᠧᠩ ᠰᠢᠶᠤᠤ ᠫᠢᠩ ᠤᠨ ᠣᠨᠣᠯ᠂  ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ  ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ   ᠶᠢ ᠭᠦᠨᠵᠡᠭᠡᠶ ᠰᠤᠷᠤᠯᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠷᠢ ᠲᠦᠪᠰᠢᠨ ᠢ  ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ  ᠴᠢᠩᠳᠠᠯᠠᠨ ᠵᠢᠷᠤᠮᠵᠢᠭᠤᠯᠵᠤ ᠡᠨᠡ ᠬᠦ ᠭᠤᠣᠯ ᠰᠥᠪᠭᠴᠢ ᠶᠢ ᠪᠠᠲᠤ ᠡᠵᠡᠮᠳᠡᠵᠦ᠂ ᠪᠦᠬᠦ ᠣᠷᠣᠨ ᠤ 103 ᠬᠤᠰᠢᠭᠤ  ᠰᠢᠶᠠᠨ ᠲᠣᠭᠤᠷᠢᠭ ᠨᠢ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠰ ᠠᠴᠠ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠢᠯᠢᠨ ᠤᠷᠢᠵᠤ᠂ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠶᠢᠨ ᠬᠢᠨᠠᠯᠲᠠ ᠶᠢᠨ ᠬᠡᠪᠴᠢᠶ᠎ᠡ ᠶᠢ ᠭᠦᠢᠴᠡᠳ ᠥᠷᠭᠡᠳᠬᠡᠵᠦ᠂ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠶᠢᠨ ᠬᠢᠨᠠᠯᠲᠠ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ ᠬᠠᠤᠯᠢ ᠳᠦᠷᠢᠮ ᠤᠨ ᠬᠢᠨᠠᠯᠲᠠ  ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠢᠨᠠᠯᠲᠠ ᠶᠢᠨ ᠠᠴᠢ  ᠲᠤᠰᠠ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠷᠭ᠎ᠠ ᠮᠠᠶ᠋ᠢᠭ ᠢ ᠬᠤᠪᠢᠷᠠᠭᠤᠯᠵᠤ᠂  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ  ᠶᠠᠪᠤᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠠᠬᠢᠴᠠ ᠶᠢ ᠲᠦᠷᠭᠡᠳᠬᠡᠨ  ᠠᠬᠢᠭᠤᠯᠬᠤ ᠶᠢᠨ ᠲᠤᠰᠠᠳᠠ ᠶᠤᠮ᠃           ᠪᠣᠳᠠᠲᠠᠶ ᠪᠠᠷ ᠬᠡᠯᠡᠪᠡᠯ᠂ ᠭᠤᠷᠪᠠᠨ ᠲᠠᠯ᠎ᠠ ᠶᠢᠨ ᠰᠢᠯᠲᠠᠭᠠᠨ ᠪᠤᠢ᠄         ᠬᠠᠮᠤᠭ ᠤᠨ ᠲᠡᠷᠢᠭᠦᠨ ᠳᠤ᠂ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ  ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠣᠷᠣᠨ ᠨᠤᠲᠤᠭ ᠤᠨ ᠴᠢᠨᠠᠷᠲᠠᠶ  ᠬᠠᠤᠯᠢ ᠲᠣᠭᠲᠠᠭᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠢ ᠦᠨᠳᠦᠰᠦᠯᠡᠪᠡ᠃ ︽ᠥᠪᠥᠷ ᠮᠣᠩᠭᠤᠯ ᠤᠨ ᠥᠪᠡᠷᠲᠡᠭᠡᠨ  ᠵᠠᠰᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠨᠠᠯᠲᠠ ᠲᠠᠯᠪᠢᠬᠤ ᠳᠦᠷᠢᠮ︾ ᠤᠨ ᠠᠷᠪᠠᠨ ᠳᠥᠷᠪᠡᠳᠦᠭᠡᠷ  ᠵᠦᠢᠯ ᠤᠨ ᠬᠤᠶᠠᠳᠤᠭᠠᠷ ᠵᠤᠷᠪᠤᠰ ᠲᠠᠬᠢ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ  ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠴᠠ ᠤᠷᠢᠭᠰᠠᠨ ᠬᠢᠨᠠᠯᠲᠠ ᠲᠠᠯᠪᠢᠭᠴᠢ ᠶᠢ  ᠤᠷᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ  ᠪᠣᠯᠣᠨ᠎ᠠ ᠭᠡᠰᠡᠨ ᠲᠣᠭᠲᠠᠭᠠᠯ ᠢ ᠦᠨᠳᠦᠰᠦᠯᠡᠪᠡ᠃           ᠬᠤᠶᠠᠷ ᠲᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠪᠦᠬᠦ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ  ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃  2017 ᠣᠨ ᠤ 2 ᠳ᠋ᠤᠭᠠᠷ ᠰᠠᠷ᠎ᠠ ᠶᠢᠨ19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ  ᠪᠥᠬᠦ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠣᠷᠣᠯᠴᠠᠭᠰᠠᠨ ᠤ ᠬᠠᠮᠲᠤ  ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋  ᠳᠠᠷᠤᠭ᠎ᠠ᠂ ᠬᠠᠤᠯᠢ ᠲᠦᠷᠢᠮ ᠤᠨ ᠠᠵᠢᠯ ᠤᠨ ᠠᠯᠪᠠᠨ ᠬᠡᠷ ᠤᠨ ᠡᠷᠬᠢᠯᠡᠭᠴᠢ ᠬᠤᠤ ᠽᠧ ᠵᠢᠶᠦ᠋ᠨ ᠲᠤᠰᠬᠠᠶ  ᠠᠵᠢᠯ ᠤᠨ ᠮᠡᠳᠡᠭᠦᠯᠦᠯᠲᠡ ᠬᠢᠭᠰᠡᠨ ᠤ ᠬᠠᠮᠲᠤ᠂ 2017 ᠣᠨ ᠳᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠵᠦ᠂ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠬᠢᠨᠠᠯᠲᠠ ᠶᠢᠨ  ᠲᠣᠣᠷ ᠰᠦᠯᠵᠢᠶ᠎ᠡ ᠶᠢ ᠰᠦᠯᠵᠢᠵᠦ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ  ᠴᠢᠬᠤᠯᠠᠴᠢᠯᠠᠪᠠ᠃           ᠭᠤᠷᠪᠠ ᠳᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ  ᠬᠢᠨᠠᠯᠲᠠ ᠲᠠᠯᠪᠢᠬᠤ ᠶᠢ ᠴᠢᠩᠭᠠᠳᠬᠠᠬᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ  ᠳᠡᠭᠡᠭᠰᠢᠯᠡᠭᠦᠯᠬᠦ ᠶᠢᠨ ᠪᠣᠳᠠᠲᠤ ᠬᠡᠷᠡᠭᠴᠡᠭᠡ ᠪᠣᠯᠣᠨ᠎ᠠ᠃ ᠨᠢᠳᠤᠨᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ  ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠬᠡᠷ ᠰᠢᠨ᠎ᠡ ᠨᠢᠭᠡᠨ ᠡᠭᠡᠯᠵᠢ ᠶᠢᠨ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠢᠯᠭᠠᠷᠠᠭᠤᠯᠤᠨ ᠰᠣᠯᠢᠵᠤ ᠣᠯᠭᠤᠬᠤ ᠠᠵᠢᠯ ᠢ  ᠦᠷᠨᠢᠭᠦᠯᠵᠦ᠂ ᠢᠯᠭᠠᠷᠠᠭᠤᠯᠤᠨ ᠴᠡᠭᠴᠡᠯᠡᠬᠦ ᠪᠠᠷ ᠳᠠᠮᠵᠢᠭᠤᠯᠤᠨ ᠂ ᠣᠳᠣ ᠪᠣᠯᠲᠠᠯ᠎ᠠ ᠪᠦᠬᠦ ᠣᠷᠣᠨ ᠳᠤ  ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ 12 ᠲᠦᠮᠡ ᠰᠢᠬᠠᠮ ᠪᠠᠶᠢᠬᠤ ᠪᠣᠯᠬᠤᠷ᠂ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠳᠤ ᠨᠡᠶᠢᠭᠡᠮ ᠤᠨ ᠬᠦᠴᠦᠨ ᠢ ᠥᠷᠭᠡᠨ ᠳᠡᠯᠭᠡᠷ ᠳᠠᠶᠢᠴᠢᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ  ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠬᠢᠭᠡᠳ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠡᠨᠡᠬᠦ 12 ᠲᠦᠮᠡᠨ  ᠬᠥᠮᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠤᠨᠳᠠᠭ ᠶᠡᠭᠡ ᠡᠩᠨᠡᠭᠡ ᠳᠤ ᠬᠢᠨᠠᠯᠲᠠ ᠲᠠᠯᠪᠢᠬᠤ ᠶᠢᠨ ᠬᠠᠮᠲᠤ  ᠪᠠᠰᠠ ᠮᠠᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠳᠤ ᠣᠷᠣᠰᠢᠵᠤ ᠪᠠᠶᠢᠭ᠎ᠠ  ᠬᠦᠷᠦᠯᠴᠡᠬᠦ ᠦᠭᠡᠢ ᠲᠠᠯ᠎ᠠ ᠶᠢ ᠢᠯᠡᠷᠡᠭᠦᠯᠵᠦ᠂ ᠴᠠᠭ ᠲᠤᠬᠠᠶ ᠳᠤᠨᠢ ᠵᠠᠰᠠᠨ ᠰᠠᠶᠢᠵᠢᠷᠠᠭᠤᠯᠬᠤ ᠪᠠ ᠠᠵᠢᠯ ᠤᠨ ᠦᠷ᠎ᠡ  ᠪᠦᠲᠦᠮᠵᠢ ᠶᠢ ᠳᠡᠭᠡᠭᠰᠢᠯᠡᠭᠦᠯᠬᠦ ᠳᠤ ᠳᠦᠭᠦᠮ ᠦᠵᠡᠭᠦᠯᠬᠦ ᠪᠣᠯᠣᠨ᠎ᠠ᠂ ᠡᠭᠦᠨ ᠳᠤ ᠬᠢᠨᠠᠯᠲᠠ ᠲᠠᠯᠪᠢᠬᠤ ᠶᠠᠪᠤᠴᠠ ᠳᠤ  ᠢᠯᠡᠷᠡᠭᠦᠯᠦᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠢ ᠬᠢᠬᠦ ᠳᠤ ᠲᠤᠬᠢᠷᠠᠬᠤ ᠦᠭᠡᠢ ᠬᠥᠮᠥᠨ  ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠬᠥᠮᠥᠨ ᠤ ᠬᠢᠷᠢ ᠭᠡᠮ ᠢ ᠬᠦᠴᠦᠨ ᠦᠭᠡᠢ ᠪᠣᠯᠭᠠᠵᠤ᠂ ᠪᠠᠶᠢᠳᠠᠯ ᠢ ᠨᠢ ᠦᠵᠡᠵᠦ  ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠨᠢ ᠲᠦᠷ ᠦᠯᠡᠳᠡᠭᠡᠵᠦ ᠠᠪᠬᠤ ᠪᠤᠶᠤ ᠬᠤᠷᠢᠶᠡᠠ  ᠠᠪᠴᠤ ᠬᠦᠴᠦᠨ ᠦᠭᠡᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠭᠡᠪ ᠤᠨ ᠡᠮᠬᠢ  ᠵᠢᠷᠤᠮ ᠢ ᠬᠠᠮᠠᠭᠠᠯᠠᠵᠤ᠂ ᠠᠷᠠᠳ ᠢᠷᠭᠡᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠢᠲᠡᠭᠡᠯ ᠪᠣᠯᠣᠨ ᠳᠡᠮᠵᠢᠯᠭᠡ ᠶᠢ ᠣᠯᠵᠤ᠂ ᠵᠠᠰᠠᠭ ᠤᠨ  ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃           ᠬᠥᠲᠥᠯᠥᠭᠴᠢ᠄       ᠲᠡᠭᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ  ᠡᠯᠰᠡᠬᠦ ᠨᠥᠬᠦᠴᠡᠯ ᠨᠢ ᠶᠠᠭᠤ ᠪᠤᠢ︖           ᠴᠢᠶᠣᠤ ᠰᠢᠨ᠄        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ︽ ︿ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ  ᠡᠯᠰᠡᠬᠦ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ︾ ︵ᠥᠪᠥᠷ ᠵᠠᠰᠠᠭ ᠬᠠᠣᠯᠢ  ᠲᠠᠷᠬᠠᠭᠠᠭᠰᠠᠨ ﹇2017﹈ 39 ᠳ᠋ᠦ᠋ᠭᠡᠷ ᠲᠣᠭᠠᠲᠤ︶  ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠪᠦᠷᠢᠳᠦᠭᠦᠯᠪᠡᠰᠦ ᠵᠣᠬᠢᠬᠤ ᠨᠥᠬᠦᠴᠡᠯ ᠳᠤ᠄           ︵ᠨᠢᠭᠡ︶ ᠦᠨᠳᠦᠰᠦᠨ ᠬᠠᠤᠯᠢ ᠶᠢ ᠬᠦᠷᠢᠶᠡᠯᠡᠨ᠂ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠨᠡᠯᠢᠶᠡᠳ  ᠥᠨᠳᠥᠷ ᠲᠥᠷᠥ ᠶᠢᠨ ᠪᠤᠳᠤᠯᠭ᠎ᠠ ᠶᠢᠨ ᠤᠨᠤᠯ ᠤᠨ ᠬᠢᠷᠢ ᠲᠥᠪᠰᠢᠨ ᠪᠣᠯᠣᠨ ᠨᠡᠯᠢᠶᠡᠳ ᠴᠢᠩᠭ᠎ᠠ ᠨᠡᠶᠢᠭᠡᠮ ᠤᠨ  ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔          ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠠᠮᠢᠶ᠎ᠠ ᠪᠦᠬᠦᠢ ᠬᠠᠤᠯᠢ ᠴᠠᠭᠠᠵᠠ ᠪᠣᠯᠣᠨ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠰᠠᠶᠢᠨ ᠮᠡᠳᠡᠵᠦ᠂ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠯᠠᠭᠤᠨ ᠢᠶᠠᠷ ᠳᠡᠮᠵᠢᠳᠡᠭ ᠪᠠᠶᠢᠬᠤ︔           ︵ᠭᠤᠷᠪᠠ︶ ᠮᠣᠷᠠᠯ ᠰᠤᠷᠲᠠᠯ ᠨᠢ ᠲᠥᠪ ᠴᠢᠭᠡᠴᠢ᠂ ᠣᠪᠣᠷ ᠰᠤᠷᠲᠠᠯ ᠨᠢ ᠲᠥᠪ ᠭᠤᠣᠯᠴᠢ᠂ ᠵᠠᠷᠴᠢᠮ ᠢᠶᠠᠨ  ᠵᠣᠷᠢᠭᠲᠠᠶ ᠪᠠᠷ ᠪᠠᠷᠢᠮᠲᠠᠯᠠᠨ᠂ ᠨᠡᠯᠢᠶᠡᠳ ᠴᠢᠩᠭ᠎ᠠ ᠠᠵᠢᠯ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔           ︵ ᠳᠥᠷᠪᠡ︶ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠢᠶᠠᠨ ᠰᠠᠶᠢᠲᠤᠷ ᠬᠢᠵᠦ ᠳᠡᠶᠢᠯᠬᠦ︔           ︵ᠲᠠᠪᠤ︶ ᠡᠷᠡᠭᠦᠦ ᠶᠢᠨ ᠰᠢᠳᠬᠡᠯ ᠪᠤᠶᠤ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠬᠠᠤᠯᠢ  ᠴᠠᠭᠠᠵᠠ ᠬᠠᠤᠯᠢ ᠲᠣᠭᠲᠠᠭᠠᠯ ᠢ ᠵᠦᠷᠢᠴᠡᠵᠦ ᠵᠠᠰᠠᠭ ᠵᠠᠬᠢᠷᠭᠠᠨ ᠤ ᠰᠢᠳᠬᠡᠯ ᠣᠯᠣᠭᠰᠠᠨ ᠲᠡᠮᠳᠡᠭᠯᠡᠯ ᠪᠠᠶᠢᠬᠤ  ᠦᠭᠡᠢ ︔           ︵ᠵᠢᠷᠭᠤᠭ᠎ᠠ︶ ᠪᠦᠷᠢᠯᠳᠦᠭᠦᠯᠪᠡᠰᠦ ᠵᠣᠬᠢᠬᠤ ᠪᠤᠰᠤᠳ ᠨᠥᠬᠦᠴᠡᠯ ᠪᠠᠶᠢᠬᠤ ᠬᠡᠷᠡᠭᠲᠡᠶ᠃           ᠡᠳᠡᠭᠡᠷ ᠨᠥᠬᠦᠴᠡᠯ ᠤᠳ ᠲᠤ ᠪᠡᠶᠡᠴᠢ ᠨᠥᠬᠦᠴᠡᠯ ᠪᠠᠶᠢᠬᠤ ᠮᠥᠷᠲᠡᠭᠡᠨ᠂ ᠪᠤᠰᠤᠳᠴᠢ ᠨᠥᠬᠦᠴᠡᠯ  ᠪᠠᠰᠠ  ᠪᠠᠶᠢᠵᠤ᠂ ᠶᠡᠷᠦᠩᠬᠡᠶ ᠳᠤᠨᠢ ᠠᠪᠴᠤ ᠬᠡᠯᠡᠪᠡᠯ ᠲᠡᠶᠢᠮᠦ ᠬᠠᠲᠠᠭᠤ ᠴᠢᠩᠭ᠎ᠠ ᠨᠥᠬᠦᠴᠡᠯ ᠪᠢᠰᠢ᠂ ᠡᠭᠦᠨ ᠤ ᠵᠣᠷᠢᠯᠭ᠎ᠠ ᠪᠣᠯ  ᠳᠠᠷᠤᠶ ᠡᠨᠡ ᠠᠵᠢᠯ ᠢ ᠬᠢᠶ᠎ᠡ ᠭᠡᠵᠦ ᠪᠤᠳᠣᠭᠰᠠᠨ᠂ ᠤᠯᠤᠰ ᠲᠥᠷᠥ ᠶᠢ ᠡᠷᠬᠢᠮᠯᠡᠨ ᠵᠠᠷᠴᠢᠮ ᠢ ᠪᠠᠷᠢᠮᠲᠠᠯᠠᠳᠠᠭ ᠬᠥᠮᠥᠰ ᠢ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡᠨ ᠳᠤ  ᠣᠷᠣᠭᠤᠯᠵᠤ ᠠᠪᠴᠢᠷᠠᠨ᠂ ᠨᠥᠬᠦᠴᠡᠯ ᠳᠤ ᠨᠡᠶᠢᠴᠡᠭᠰᠡᠨ ᠵᠠᠰᠠᠭ ᠵᠠᠬᠢᠷᠭᠠᠨ ᠤ ᠬᠠᠷᠢᠴᠠᠩᠭᠤᠶ ᠬᠥᠮᠥᠰ ᠨᠢ ᠴᠥᠮ  ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠳᠤ  ᠰᠠᠨᠠᠭᠠᠴᠢᠯᠠᠭ᠎ᠠ ᠠᠴᠠ ᠪᠠᠨ ᠰᠤᠩᠭᠤᠨ ᠤᠷᠢᠭᠳᠠᠬᠤ ᠪᠠᠷ ᠭᠤᠶᠤᠴᠢᠯᠠᠵᠤ ᠪᠣᠯᠣᠨ᠎ᠠ᠃           ᠬᠥᠲᠥᠯᠥᠭᠴᠢ᠄       ᠴᠢᠶᠣᠤ ᠡᠷᠬᠢᠯᠡᠭᠴᠢ ᠡ᠂ ᠲᠡᠭᠡᠪᠡᠯ ᠶᠠᠮᠠᠷ ᠶᠠᠮᠠᠷ ᠪᠣᠳᠠᠲᠠᠶ ᠰᠤᠩᠭᠤᠨ ᠤᠷᠢᠬᠤ ᠠᠷᠭ᠎ᠠ ᠮᠠᠶ᠋ᠢᠭ ᠪᠠᠶᠢᠬᠤ  ᠪᠤᠢ︖           ᠴᠢᠶᠣᠤ ᠰᠢᠨ᠄       ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠬᠡᠷ ᠤᠨ  ᠥᠪᠥᠷ ᠵᠠᠰᠠᠭ ᠬᠠᠣᠯᠢ  ᠲᠠᠷᠬᠠᠭᠠᠭᠰᠠᠨ ﹇2017﹈ 39 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ  ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ ᠤᠷᠢᠬᠤ ᠠᠵᠢᠯ ᠢ ᠬᠤᠰᠢᠭᠤ ᠰᠢᠶᠠᠨ ᠤ  ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠠᠴᠠ ᠪᠣᠳᠠᠲᠠᠶ ᠬᠡᠷᠡᠭᠵᠢᠭᠦᠯᠵᠦ ᠂ ᠬᠠᠷᠢᠶ᠎ᠠ ᠭᠠᠵᠠᠷ ᠤᠨ   ᠬᠢᠨ ᠬᠠᠷᠢᠭᠤᠴᠠᠵᠤ᠂ ᠱᠠᠳᠤ ᠳᠠᠷᠠᠭᠠᠯᠠᠨ ᠳᠡᠭᠡᠭᠰᠢ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠠᠵᠢᠯ ᠤᠨ ᠠᠷᠭ᠎ᠠ  ᠮᠠᠶ᠋ᠢᠭ ᠢᠶᠠᠷ ᠶᠠᠪᠤᠭᠳᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠶᠢ ᠰᠤᠩᠭᠤᠨ ᠤᠷᠢᠬᠤ  ᠳᠤ  ᠢᠯᠡ ᠲᠣᠳᠣ᠂ ᠲᠥᠪ ᠭᠤᠣᠯᠴᠢ᠂ ᠰᠢᠯᠢᠳᠡᠭ ᠢ ᠨᠢ ᠰᠢᠯᠢᠵᠦ ᠤᠷᠢᠬᠤ  ᠵᠠᠷᠴᠢᠮ ᠢ ᠪᠠᠷᠢᠮᠲᠠᠯᠠᠨ᠂ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ 8 ᠳ᠋ᠤᠭᠠᠷ ᠰᠠᠷ᠎ᠠ ᠶᠢᠨ 31 ᠤ  ᠡᠳᠦᠷ ᠪᠣᠯᠲᠠᠯ᠎ᠠ ᠳᠠᠭᠤᠰᠴᠤ᠂ ᠵᠠᠷᠯᠠᠨ ᠮᠡᠳᠡᠭᠳᠡᠬᠦ᠂ ᠮᠡᠳᠡᠭᠦᠯᠬᠦ ᠪᠠ ᠬᠢᠨᠠᠨ ᠬᠠᠷᠭᠤᠭᠤᠯᠬᠤ᠂ ᠨᠡᠶᠢᠲᠡ ᠳᠤ ᠵᠠᠷᠯᠠᠬᠤ᠂  ᠤᠷᠢᠨ ᠲᠣᠮᠢᠯᠠᠬᠤ ᠵᠡᠷᠭᠡ ᠳᠥᠷᠪᠡᠨ ᠠᠯᠬᠤᠮ ᠢᠶᠠᠷ ᠶᠠᠪᠤᠭᠳᠠᠭᠤᠯᠤᠨ᠎ᠠ᠃         ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ  ᠨᠢ ᠰᠣᠨᠢᠨ ᠮᠡᠳᠡᠭᠡ᠂  ᠲᠧᠯᠸᠢᠰ᠂ ᠷᠠᠳᠢᠣ᠋᠂ ᠰᠦᠯᠵᠢᠶ᠎ᠡ ᠵᠡᠷᠭᠡ ᠪᠠᠷ ᠳᠠᠮᠵᠢᠭᠤᠯᠤᠨ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠡᠯᠰᠡᠬᠦ ᠠᠵᠢᠯ ᠤᠨ  ᠠᠯᠪᠠᠨ ᠵᠠᠷ ᠢ ᠨᠡᠶᠢᠭᠡᠮ   ᠳᠤ ᠨᠡᠶᠢᠲᠡᠯᠡᠵᠦ᠂ ᠨᠥᠬᠦᠴᠡᠯ᠂ ᠱᠠᠭᠠᠷᠳᠠᠯᠭ᠎ᠠ᠂ ᠴᠠᠭ ᠬᠤᠭᠤᠴᠠᠭ᠎ᠠ᠂ ᠬᠠᠷᠢᠯᠴᠠᠬᠤ ᠠᠷᠭ᠎ᠠ ᠮᠠᠶ᠋ᠢᠭ ᠵᠡᠷᠭᠡ ᠬᠠᠮᠢᠶ᠎ᠠ  ᠪᠦᠬᠦᠢ ᠵᠦᠢᠯᠡᠰ ᠪᠣᠯᠣᠨ ᠴᠤᠪᠤᠷᠠᠯ ᠢ ᠲᠤᠲᠤᠷᠬᠠᠶᠢᠯᠠᠨ᠎ᠠ᠃ ᠠᠯᠪᠠᠨ ᠵᠠᠷ ᠢ ᠦᠵᠡᠭᠡᠳ ᠰᠤᠩᠭᠤᠨ ᠤᠷᠢᠬᠤ  ᠠᠵᠢᠯᠯᠠᠭ᠎ᠠ ᠳᠤ ᠣᠷᠣᠯᠴᠠᠬᠤ ᠰᠠᠨᠠᠭ᠎ᠠ ᠲᠠᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠥᠰ ᠥᠪᠡᠷ ᠢ ᠪᠠᠨ  ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠥᠪᠡᠰᠦᠪᠡᠨ ᠮᠡᠳᠡᠭᠦᠯᠵᠦ ᠪᠣᠯᠣᠨ᠎ᠠ᠂ ᠱᠠᠭᠠᠷᠳᠠᠯᠭ᠎ᠠ ᠪᠣᠯᠤᠨ ᠴᠠᠭ  ᠬᠤᠭᠤᠴᠠᠭ᠎ᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠤᠳ ᠢᠶᠠᠨ ᠮᠡᠳᠡᠭᠦᠯᠦᠨ ᠬᠦᠷᠭᠡᠨ᠎ᠡ᠂ ᠬᠤᠰᠢᠭᠤ ᠰᠢᠶᠠᠨ ᠤ  ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠰᠣᠩᠭᠤᠨ ᠤᠷᠢᠬᠤ ᠨᠥᠬᠦᠴᠡᠯ᠂ ᠱᠠᠭᠠᠷᠳᠠᠯᠭ᠎ᠠ  ᠶᠣᠰᠣᠭᠠᠷ᠂ ᠰᠤᠩᠭᠤᠨ ᠤᠷᠢᠯᠲᠠ ᠳᠤ ᠣᠷᠣᠯᠴᠠᠬᠤ ᠬᠥᠮᠥᠰ ᠢ ᠬᠢᠨᠠᠨ ᠪᠠᠶᠢᠴᠠᠭᠠᠵᠤ᠂ ᠲᠤᠬᠠᠶ ᠶᠢᠨ ᠭᠠᠵᠠᠷ ᠠᠴᠠ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠶᠢ 100 ᠨᠡᠷᠡᠰ ᠠᠴᠠ  ᠢᠯᠡᠭᠦᠦ ᠰᠤᠩᠭᠤᠵᠤ ᠭᠠᠷᠭᠠᠨ᠎ᠠ᠃           ᠬᠦᠲᠦᠯᠦᠭᠴᠢ᠄      ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠤᠭᠤᠳ ᠠᠵᠢᠯ ᠤᠨ ᠪᠠᠶᠢᠷᠢ ᠳᠤ ᠬᠡᠷᠬᠢᠨ ᠭᠠᠷᠳᠠᠭ ᠢ ᠶᠠᠷᠢᠭᠠᠳ  ᠦᠭᠭᠦᠨ᠎ᠡ ᠤᠤ︖ ᠲᠤᠰᠢᠶᠠᠯ ᠤᠨ ᠬᠤᠭᠤᠴᠠᠭ᠎ᠠ ᠨᠢ ᠬᠡᠳᠦᠢ ᠤᠷᠲᠤ ᠪᠠᠶᠢᠳᠠᠭ ᠪᠤᠢ︖           ᠴᠢᠶᠤᠤ ᠰᠢᠨ᠄      ᠡᠨᠡ ᠤᠳᠠᠭᠠᠨ ᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ   ᠲᠠᠯᠪᠢᠭᠴᠢ ᠶᠢ ᠰᠤᠩᠭᠤᠨ ᠤᠷᠢᠬᠤ ᠠᠵᠢᠯ ᠨᠢ ᠭᠤᠤᠯᠳᠠᠭᠤ ᠤᠷᠢᠵᠤ ᠡᠯᠰᠡᠬᠦ ᠳᠤ ᠤᠷᠤᠯᠴᠠᠬᠤ ᠠᠵᠢᠯᠲᠠᠳ  ᠦᠪᠡᠷ ᠤᠨ ᠪᠡᠶ᠎ᠡ ᠪᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠵᠤ᠂ ᠬᠤᠰᠢᠭᠤ  ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ᠂ ᠪᠠᠰᠠ  ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠰᠦᠯᠵᠢᠶᠡᠨ ᠦᠷᠲᠡᠭᠡ᠂  ᠰᠤᠨᠢᠨ ᠵᠡᠷᠭᠡ ᠵᠠᠭᠤᠴᠢᠯᠠᠭᠤᠷ ᠳᠡᠭᠡᠷ᠎ᠡ ᠤᠷᠢᠵᠤ ᠡᠯᠰᠡᠬᠦ ᠪᠠᠷ ᠪᠠᠶᠢᠭ᠎ᠠ ᠠᠵᠢᠯᠲᠠᠳ ᠢ ᠨᠡᠶᠢᠭᠡᠮ ᠳᠤ 10 ᠡᠳᠦᠷ  ᠢᠯᠡ ᠪᠠᠷ ᠨᠡᠶᠢᠲᠡᠯᠡᠨ᠎ᠡ᠃ ᠬᠡᠷᠪᠡ ᠤᠷᠢᠵᠤ ᠡᠯᠰᠡᠬᠦ ᠪᠠᠷ ᠪᠠᠶᠢᠭ᠎ᠠ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ  ᠤᠨᠳᠤᠤ ᠰᠠᠨᠠᠯ ᠦᠭᠡᠢ ᠪᠤᠯ ᠦᠨᠡᠮᠯᠡᠯ ᠤᠯᠭᠤᠵᠤ᠂ ᠦᠨᠡᠮᠯᠡᠯ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ  ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠠᠵᠢᠯ ᠤᠨ ᠪᠠᠶᠢᠷᠢ ᠳᠤ ᠭᠠᠷᠴᠤ ᠡᠭᠦᠷᠭᠡ ᠬᠠᠷᠢᠭᠤᠴᠠᠯᠭ᠎ᠠ ᠪᠠᠨ  ᠬᠦᠢᠴᠡᠳᠭᠡᠵᠤ ᠪᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠳᠤ ᠤᠷᠢᠨ ᠲᠤᠮᠢᠯᠠᠬᠤ ᠳᠦᠷᠢᠮ ᠢ ᠬᠡᠷᠡᠭᠵᠢᠬᠦᠯᠵᠤ᠂ ᠲᠤᠰᠢᠶᠠᠯ ᠤᠨ ᠬᠤᠭᠤᠴᠠᠭ᠎ᠠ ᠨᠢ 3 ᠵᠢᠯ  ᠪᠤᠯᠤᠨ᠎ᠠ᠃ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ ᠤᠷᠢᠬᠤ ᠴᠢᠬᠤᠯᠠᠲᠠᠢ ᠪᠤᠯ᠂ ᠱᠠᠭᠠᠷᠳᠠᠯᠭ᠎ᠠ  ᠪᠤᠯᠤᠨ ᠳᠡᠰ ᠳᠠᠷᠠᠭᠠᠯᠠᠯ ᠶᠤᠰᠤᠭᠠᠷ ᠳᠠᠬᠢᠨᠲᠠ ᠬᠦᠢᠴᠡᠳᠭᠡᠨ᠎ᠡ᠃ ᠬᠤᠭᠤᠴᠠᠭ᠎ᠠ ᠨᠢ ᠲᠤᠯᠤᠭᠠᠳ ᠦᠷᠭᠦᠯᠵᠢᠯᠡᠨ  ᠤᠷᠢᠬᠤ ᠦᠭᠡᠢ ᠪᠤᠯ ᠠᠶᠠᠨᠳᠠᠭᠠᠨ ᠠᠵᠢᠯᠯᠠᠭᠤᠯᠬᠤ ᠪᠠᠨ ᠪᠤᠯᠢᠨ᠎ᠡ᠃           ᠬᠦᠲᠦᠯᠦᠭᠴᠢ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠭᠤᠤᠯᠳᠠᠭᠤ ᠶᠠᠮᠠᠷ  ᠠᠵᠢᠯ ᠡᠷᠬᠢᠯᠡᠳᠡᠭ ᠪᠤᠢ︖ ᠶᠠᠮᠠᠷ ᠬᠦ ᠦᠢᠯᠡᠳᠦᠯ ᠲᠠᠢ ᠪᠠᠶᠢᠳᠠᠭ ᠪᠤᠢ︖          ᠴᠢᠶᠤᠤ ᠰᠢᠨ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ  ᠨᠤᠭᠤᠳ ︽ᠵᠠᠰᠠᠭ  ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠲᠠᠢ ᠪᠠᠶᠢᠵᠤ᠂  ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢ ᠬᠠᠮᠵᠢᠨ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯ ᠢ ᠦᠷᠨᠢᠬᠦᠯᠳᠡᠭ᠃           ︵ᠨᠢᠭᠡ︶ ᠬᠢᠨᠠᠯᠲᠠ ᠲᠠᠯᠪᠢᠬᠤ ᠤᠷᠤᠨ ᠪᠦᠰᠡ ᠶᠢᠨ ᠬᠦᠷᠢᠶ᠎ᠡ ᠬᠡᠪᠴᠢᠶ᠎ᠡ ᠶᠤᠰᠤᠭᠠᠷ᠂ ᠦᠨᠡᠮᠯᠡᠯ  ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠬᠦ ᠳᠤᠮᠳᠠ ᠤᠷᠤᠰᠢᠵᠤ ᠪᠠᠶᠢᠭ᠎ᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠲᠤᠰᠬᠠᠨ᠎ᠠ︔           ︵ᠬᠤᠶᠠᠷ︶ ᠦᠨᠡᠮᠯᠡᠯ ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ  ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ ᠴᠢᠩᠭᠠᠳᠭᠠᠬᠤ ᠪᠠ ᠰᠠᠶᠢᠵᠢᠷᠠᠭᠤᠯᠬᠤ ᠰᠠᠨᠠᠯ ᠪᠤᠯᠤᠨ  ᠰᠠᠨᠠᠭᠤᠯᠭ᠎ᠠ ᠳᠤᠷᠠᠳᠤᠨ᠎ᠠ︔         ︵ᠭᠤᠷᠪᠠ︶ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ  ᠠᠵᠢᠯᠯᠠᠭ᠎ᠠ ᠳᠤ ᠤᠷᠤᠯᠴᠠᠨ᠎ᠠ᠃         ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠵᠠᠰᠠᠭ ᠵᠠᠬᠢᠷᠭᠠᠨ ᠤ  ᠬᠠᠤᠯᠢ ᠬᠡᠷᠡᠭᠵᠢᠬᠦᠯᠬᠦ ᠳᠤ ᠬᠠᠤᠯᠢ ᠠᠴᠠ ᠵᠦᠷᠢᠴᠡᠭᠰᠡᠨ ᠬᠡᠷᠡᠭ ᠤᠨ ᠰᠢᠵᠢᠮ ᠢ ᠬᠠᠨᠭ᠍ᠭᠠᠬᠤ ᠪᠠ ᠬᠠᠤᠯᠢ ᠬᠡᠷᠡᠭᠵᠢᠬᠦᠯᠬᠦ  ᠠᠵᠢᠯ ᠢ ᠴᠢᠩᠭᠠᠳᠬᠠᠵᠤ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠡᠷᠭᠡ ᠪᠠᠨ ᠬᠡᠷᠡᠭᠵᠢᠬᠦᠯᠬᠦ ᠪᠠᠷ ᠳᠠᠮᠵᠢᠭᠤᠯᠤᠨ ᠂  ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ  ᠠᠵᠢᠯ ᠤᠨ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠤᠯᠵᠤ ᠮᠡᠳᠡᠬᠦ ᠶᠢᠨ  ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠬᠠᠤᠯᠢ ᠳᠦᠷᠢᠮ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ  ᠲᠠᠯᠪᠢᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ  ᠵᠢᠷᠤᠮᠵᠢᠭᠤᠯᠵᠤ᠂ ᠬᠠᠤᠯᠢ ᠬᠡᠷᠡᠭᠵᠢᠬᠦᠯᠬᠦ ᠳᠡᠰ ᠳᠠᠷᠠᠭᠠᠯᠠᠯ ᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠬᠦ ᠬᠠᠷᠠᠯᠲᠠ ᠪᠤᠯᠤᠨ ᠱᠠᠭᠠᠷᠳᠠᠯᠭ᠎ᠠ ᠶᠢ ᠪᠡᠶᠡᠯᠡᠬᠦᠯᠦᠨ᠎ᠡ᠃ ᠡᠬᠦᠨ ᠤ ᠬᠠᠮᠲᠤ᠂ ᠵᠠᠰᠠᠭ ᠤᠨ ᠤᠷᠳᠤᠨ ᠤ  ᠬᠠᠤᠯᠢ ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠴᠠᠭᠠᠯᠲᠠ᠂ ᠵᠠᠰᠠᠭ  ᠵᠠᠬᠢᠷᠭᠠᠨ ᠤ ᠬᠠᠤᠯᠢ ᠬᠡᠷᠡᠭᠵᠢᠬᠦᠯᠬᠦ ᠬᠡᠷᠡᠭ ᠤᠨ ᠳᠠᠩᠰᠠ ᠡᠪᠬᠡᠮᠡᠯ ᠤᠨ ᠦᠨᠡᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠶᠢ  ᠡᠷᠬᠢᠯᠡᠬᠦ ᠳᠤ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠵᠤ ᠤᠷᠤᠯᠴᠠᠭᠤᠯᠵᠤ ᠪᠤᠯᠤᠨ᠎ᠠ᠂ ᠡᠨᠡ ᠨᠢ   ᠤᠬᠠᠭᠤᠯᠬᠤ ᠪᠠ ᠬᠢᠨᠠᠯᠲᠠ ᠲᠠᠯᠪᠢᠬᠤ ᠦᠢᠯᠡᠳᠦᠯ ᠢ ᠭᠠᠷᠭᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ  ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠤᠯ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠳᠤᠮᠳᠠ ᠠᠴᠠ  ᠢᠷᠡᠭᠰᠡᠨ ᠪᠤᠯᠬᠤᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠳᠤ  ᠤᠷᠤᠯᠴᠠᠬᠤ ᠨᠢ ᠪᠠᠰᠠ ᠵᠠᠰᠠᠭ ᠤᠨ ᠤᠷᠳᠤᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠳᠠᠬᠢ ᠨᠢᠭᠡ  ᠵᠦᠢᠯ ᠤᠨ ᠤᠬᠠᠭᠤᠯᠭ᠎ᠠ ᠪᠤᠯᠤᠨ ᠬᠦᠯᠢᠶᠡᠯᠲᠡ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ  ᠵᠢᠷᠤᠮ ᠤᠨ ᠬᠢᠨᠠᠯᠲᠠ ᠲᠠᠯᠪᠢᠭᠴᠢ ᠳᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠢ  ᠤᠶᠢᠯᠠᠭᠠᠭᠤᠯᠵᠤ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠴᠤ ᠵᠠᠰᠠᠭ ᠵᠠᠬᠢᠷᠭᠠᠨ ᠤ  ᠬᠠᠷᠢᠴᠠᠩᠭᠤᠢ ᠬᠦᠮᠦᠨ ᠤ ᠠᠵᠢᠯ ᠤᠨ ᠲᠤᠬᠠᠢ ᠰᠠᠨᠠᠭᠤᠯᠭ᠎ᠠ ᠶᠢ ᠰᠤᠨᠤᠰᠴᠤ᠂ ᠠᠵᠢᠯ ᠤᠨ ᠲᠠᠯ᠎ᠠ ᠪᠠᠷ ᠬᠢ  ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠨᠦᠬᠦᠪᠦᠷᠢᠯᠡᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ  ᠳᠡᠭᠡᠭᠰᠢᠯᠡᠬᠦᠯᠬᠦ ᠪᠤᠯᠤᠨ᠎ᠠ᠃      ᠬᠦᠲᠦᠯᠦᠭᠴᠢ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠬᠦᠯᠦᠰᠦ ᠤᠯᠭᠤᠮᠵᠢ   ᠲᠠᠢ ᠤᠤ︖ ᠬᠢᠨᠠᠯᠲᠠ ᠲᠠᠯᠪᠢᠭᠴᠢ ᠨᠢᠭᠡᠪᠦᠷᠢ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠬᠦ ᠶᠢ  ᠪᠠᠲᠤᠯᠠᠵᠤ ᠴᠢᠳᠠᠨ᠎ᠠ ᠤᠤ︖           ᠴᠢᠶᠤᠤ ᠰᠢᠨ᠄      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠰᠠᠯᠤᠩᠬᠢᠳᠠ  ᠠᠵᠢᠯᠯᠠᠬᠤ ᠪᠠ ᠲᠦᠪᠯᠡᠷᠡᠬᠦᠯᠦᠨ ᠠᠵᠢᠯᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠠᠵᠢᠯ ᠤᠨ  ᠰᠢᠨᠵᠢ ᠴᠢᠨᠠᠷ ᠨᠢ ᠠᠯᠪᠠᠨ ᠵᠢᠷᠤᠮ ᠤᠨ ᠬᠢᠨᠠᠯᠲᠠ ᠲᠠᠯᠪᠢᠯᠲᠠ ᠤᠴᠢᠷ ᠠᠴᠠ᠂ ᠠᠵᠢᠯ ᠤᠨ ᠬᠦᠯᠦᠰᠦ ᠤᠯᠭᠤᠮᠵᠢ  ᠦᠭᠡᠢ ᠶᠤᠮ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠡᠭᠦᠷᠭᠡ  ᠬᠠᠷᠢᠭᠤᠴᠠᠯᠭ᠎ᠠ ᠪᠠᠨ ᠬᠦᠢᠴᠡᠳᠭᠡᠬᠦ ᠳᠡᠭᠡᠨ᠂ ᠤᠷᠢᠳᠠᠪᠠᠷ ︽ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ  ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠢᠶᠠᠨ ᠭᠠᠷᠭᠠᠵᠤ ᠦᠪᠡᠷ ᠤᠨ ᠪᠡᠶ᠎ᠡ ᠪᠠᠨ ᠮᠡᠳᠡᠭᠦᠯᠵᠤ᠂ ᠵᠠᠰᠠᠭ  ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠬᠡᠷᠡᠭᠵᠢᠬᠦᠯᠬᠦ ᠠᠵᠢᠯᠲᠠᠨ ᠤ ᠬᠠᠤᠯᠢ ᠬᠡᠷᠡᠭᠵᠢᠬᠦᠯᠬᠦ ᠳᠤᠮᠳᠠ ᠤᠷᠤᠰᠢᠵᠤ  ᠪᠠᠶᠢᠭ᠎ᠠ ᠠᠰᠠᠭᠤᠳᠠᠯ ᠪᠤᠯᠤᠨ ᠪᠤᠳᠠᠲᠠᠢ ᠵᠦᠢᠯᠡᠰ ᠢ ᠨᠠᠷᠢᠨ ᠪᠤᠳᠠᠲᠠᠢ ᠲᠡᠮᠳᠡᠭᠯᠡᠬᠦ ᠶᠢᠨ ᠬᠠᠮᠲᠤ᠂ ᠦᠨᠡᠮᠯᠡᠯ ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠬᠦᠯᠦᠨ᠎ᠡ᠃      ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢᠭᠡᠪᠦᠷᠢ ᠶᠢ ᠡᠬᠦᠷᠬᠡ   ᠪᠠᠨ ᠬᠦᠢᠴᠡᠳᠭᠡᠵᠤ ᠬᠠᠷᠢᠭᠤᠴᠠᠯᠭ᠎ᠠ ᠪᠠᠨ ᠪᠡᠶᠡᠯᠡᠬᠦᠯᠬᠦ ᠪᠠᠷ ᠱᠠᠭᠠᠷᠳᠠᠬᠤ ᠳᠤ᠂ ᠬᠠᠮᠤᠭ ᠤᠨ ᠲᠡᠷᠢᠬᠦᠨ ᠳᠤ  ᠰᠤᠩᠭᠤᠨ ᠤᠷᠢᠬᠤ ᠠᠵᠢᠯᠯᠠᠭ᠎ᠠ ᠶᠢ ᠡᠬᠢᠯᠡᠬᠦᠯᠬᠦ ᠦᠶ᠎ᠡ ᠳᠤ ᠳᠠᠷᠤᠢ ᠠᠵᠢᠯ ᠢᠶᠠᠨ ᠬᠦᠢᠴᠡᠳ ᠰᠠᠶᠢᠲᠤᠷ ᠬᠢᠭᠰᠡᠨ  ᠪᠠᠶᠢᠬᠤ ᠬᠡᠷᠡᠭᠲᠠᠢ᠃ ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠤᠭᠤᠳ  ᠲᠤᠬᠠᠢ ᠶᠢᠨ ᠭᠠᠵᠠᠷ ᠤᠨ ᠢᠶᠠᠨ ᠰᠤᠨᠢᠨ ᠮᠡᠳᠡᠭᠡ ᠵᠠᠭᠤᠴᠢᠯᠠᠭᠤᠷ ᠳᠡᠭᠡᠷ᠎ᠡ᠂ ︽ᠲᠦᠮᠡᠨ ᠨᠡᠷᠡᠰ ᠵᠠᠰᠠᠭ ᠵᠠᠬᠢᠷᠭᠠᠨ ᠤ  ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ︾ ᠶᠢ ᠰᠤᠩᠭᠤᠨ ᠤᠷᠢᠬᠤ ᠠᠵᠢᠯᠯᠠᠭ᠎ᠠ ᠶᠢ  ᠦᠷᠭᠡᠨ ᠢᠶᠠᠷ ᠤᠬᠠᠭᠤᠯᠵᠤ᠂ ᠨᠡᠶᠢᠭᠡᠮ ᠳᠤ ᠦᠷᠭᠡᠨ ᠢᠶᠠᠷ ᠮᠡᠳᠡᠬᠦᠯᠵᠤ᠂ ︽ᠲᠦᠮᠡᠨ ᠨᠡᠷᠡᠰ ᠵᠠᠰᠠᠭ ᠵᠠᠬᠢᠷᠭᠠᠨ ᠤ  ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ︾ ᠶᠢ ᠰᠤᠩᠭᠤᠨ ᠤᠷᠢᠬᠤ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ᠂ ᠰᠠᠨᠠᠭᠠᠴᠢᠯᠠᠭ᠎ᠠ ᠠᠴᠠ ᠪᠠᠨ ᠤᠷᠤᠯᠴᠠᠭᠤᠯᠵᠤ᠂ ᠰᠤᠩᠭᠤᠨ ᠤᠷᠢᠬᠤ ᠨᠦᠬᠦᠴᠡᠯ ᠳᠤ ᠦᠨᠡᠨᠬᠦ  ᠨᠡᠶᠢᠴᠡᠬᠦ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯ ᠳᠤ  ᠬᠠᠯᠠᠭᠤᠨ ᠰᠡᠳᠬᠢᠯ ᠲᠠᠢ ᠠᠵᠢᠯᠲᠠᠨ ᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠶᠢᠨ ᠡᠩᠨᠡᠭᠡ ᠳᠤ ᠤᠷᠤᠭᠤᠯᠤᠨ ᠠᠪᠴᠢᠷᠠᠨ᠎ᠠ᠃ ᠳᠠᠷᠠᠭ᠎ᠠ ᠳᠤᠨᠢ ᠬᠤᠰᠢᠭᠤ ᠰᠢᠶᠠᠨ ᠤ ᠵᠠᠰᠠᠭ ᠤᠨ  ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ  ᠬᠢᠨᠠᠯᠲᠠ ᠲᠠᠯᠪᠢᠭᠴᠢ ᠶᠢᠨ ᠨᠦᠬᠦᠴᠡᠯ ᠶᠤᠰᠤᠭᠠᠷ ᠬᠢᠨᠠᠨ ᠬᠠᠷᠭᠤᠭᠤᠯᠬᠤ ᠭᠤᠭᠴᠤᠭ᠎ᠠ ᠶᠢ ᠰᠠᠶᠢᠲᠤᠷ ᠠᠳᠬᠤᠵᠤ᠂  ᠰᠤᠩᠭᠤᠨ ᠤᠷᠢᠬᠤ ᠠᠵᠢᠯᠯᠠᠭ᠎ᠠ ᠶᠢ ᠶᠠᠪᠤᠭᠳᠠᠭᠤᠯᠵᠤ᠂ ᠪᠦᠬᠦ ᠶᠠᠪᠤᠴᠠ ᠶᠢ ᠢᠯᠡ ᠲᠤᠳᠤ᠂ ᠲᠦᠪ ᠭᠤᠤᠯᠴᠢ᠂  ᠡᠮᠬᠢ ᠵᠢᠷᠤᠮ ᠲᠠᠢ ᠪᠠᠶᠢᠯᠭᠠᠵᠤ᠂ ᠤᠷᠢᠨ ᠵᠠᠯᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ  ᠬᠢᠨᠠᠯᠲᠠ ᠲᠠᠯᠪᠢᠭᠴᠢ ᠶᠢᠨ ᠪᠡᠶᠡᠴᠢ ᠪᠤᠰᠤᠳᠴᠢ ᠨᠦᠬᠦᠴᠡᠯ ᠤᠨ ᠲᠠᠯ᠎ᠠ ᠪᠠᠷ ᠴᠦᠮ ᠰᠤᠩᠭᠤᠨ ᠤᠷᠢᠬᠤ  ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠠᠢ᠂ ᠳᠠᠷᠤᠢ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠵᠦᠪᠬᠡᠨ ᠪᠡᠶᠡᠴᠢ ᠲᠠᠯ᠎ᠠ ᠪᠠᠷ ᠢᠶᠠᠨ ᠰᠠᠶᠢᠨ ᠳᠤᠷ᠎ᠠ ᠶᠢᠨ ᠰᠠᠨᠠᠭᠠᠴᠢᠯᠠᠭ᠎ᠠ ᠠᠴᠠ ᠪᠠᠨ ᠪᠤᠯᠤᠭᠠᠳ  ᠪᠤᠯᠬᠤ ᠪᠢᠰᠢ᠂ ᠪᠤᠰᠤᠳᠴᠢ ᠲᠠᠯ᠎ᠠ ᠪᠠᠷ ᠢᠶᠠᠨ ᠪᠠᠰᠠ ᠰᠤᠩᠭᠤᠨ ᠤᠷᠢᠬᠤ ᠨᠦᠬᠦᠴᠡᠯ ᠳᠤ ᠨᠡᠶᠢᠴᠡᠵᠤ ᠵᠤᠬᠢᠬᠤ ᠬᠡᠪ  ᠪᠤᠯᠪᠠᠰᠤᠷᠠᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠠᠢ᠃ ᠡᠶᠢᠮᠦᠷᠬᠦᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠤᠯ  ᠯᠠᠪᠲᠠᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠠᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠦᠯᠲᠡ ᠶᠢᠨ ᠬᠢᠨᠠᠯᠲᠠ ᠶᠢ ᠴᠢᠩᠭᠠᠳᠬᠠᠬᠤ ᠦᠢᠯᠡᠳᠦᠯ ᠢ ᠪᠠᠳᠠᠷᠠᠭᠤᠯᠵᠤ ᠴᠢᠳᠠᠨ᠎ᠠ᠃          ᠬᠠᠮᠤᠭ ᠰᠡᠭᠦᠯ ᠳᠤᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ  ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠥᠭᠡᠢ ᠪᠠᠶᠢᠪᠠᠯ ᠥᠪᠥᠷ ᠵᠠᠰᠠᠭ ᠬᠠᠤᠯᠢ  ᠲᠠᠷᠬᠠᠭᠠᠭᠰᠠᠨ [ 2017 ]39 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠶᠣᠰᠣᠭᠠᠷ᠂ ᠬᠢᠨᠠᠯᠲᠠ ᠲᠠᠯᠪᠢᠭᠴᠢ ᠶᠢ  ᠤᠷᠢᠳᠴᠢᠯᠠᠨ ᠤᠷᠢᠬᠤ ᠪᠠᠨ ᠪᠣᠯᠢᠨ᠎ᠠ᠂ ᠪᠣᠳᠠᠲᠠᠶ ᠵᠢᠷᠭᠤᠭᠠᠨ ᠵᠦᠢᠯ ᠤᠨ ᠪᠠᠶᠢᠳᠠᠯ ᠪᠠᠶᠢᠨ᠎ᠠ᠄          1. ᠡᠷᠡᠭᠦᠦ ᠶᠢᠨ ᠰᠢᠳᠬᠡᠯ ᠪᠤᠶᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ  ᠲᠣᠭᠲᠠᠭᠠᠯ  ᠠᠴᠠ ᠵᠥᠷᠢᠴᠡᠵᠦ ᠵᠠᠰᠠᠭ ᠵᠠᠬᠢᠷᠭᠠᠨ ᠤ ᠰᠢᠳᠬᠡᠯ ᠣᠯᠣᠭᠰᠠᠨ︔          2. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ  ᠬᠠᠷᠢᠭᠤᠴᠠᠯᠭ᠎ᠠ ᠪᠠᠨ ᠥᠯᠥ ᠭᠦᠢᠴᠡᠳᠬᠡᠭᠰᠡᠨ︔          3. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢ ᠬᠠᠤᠯᠢ ᠪᠤᠰᠤ ᠪᠠᠷ  ᠬᠡᠷᠡᠭᠵᠢᠭᠦᠯᠦᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢ  ᠠᠰᠢᠭᠯᠠᠨ   ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠭᠰᠡᠨ︔          4. ᠠᠵᠢᠯ ᠤᠨ ᠲᠣᠬᠢᠷᠠᠭᠤᠯᠤᠯᠲᠠ᠂ ᠡᠷᠡᠭᠦᠯ ᠮᠡᠡᠳᠦ ᠶᠢᠨ ᠪᠠᠶᠢᠳᠠᠯ ᠵᠡᠷᠭᠡ ᠰᠢᠯᠲᠠᠭᠠᠨ ᠠᠴᠠ ᠪᠤᠯᠵᠤ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠶᠢ ᠦᠷᠭᠦᠯᠵᠢᠯᠡᠨ  ᠡᠭᠦᠷᠭᠡᠯᠡᠬᠦ ᠳᠤ ᠲᠣᠬᠢᠷᠠᠮᠵᠢ ᠦᠭᠡᠢ ᠪᠣᠯᠤᠭᠰᠠᠨ ︔          5. ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ  ᠦᠨᠡᠮᠯᠡᠯ︾ ᠢ  ᠪᠤᠰᠤᠳ ᠲᠤ ᠵᠢᠭᠡᠯᠡᠭᠦᠯᠦᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ  ᠲᠠᠯᠪᠢᠬᠤ ᠪᠤᠰᠤ ᠠᠵᠢᠯᠯᠠᠭ᠎ᠠ ᠳᠤ ᠬᠡᠷᠡᠭᠯᠡᠭᠰᠡᠨ︔          6. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠶᠢ  ᠦᠷᠭᠦᠯᠵᠢᠯᠡᠨ ᠡᠭᠦᠷᠭᠡᠯᠡᠬᠦ ᠳᠤ ᠲᠣᠬᠢᠷᠠᠮᠵᠢ ᠦᠭᠡᠢ ᠪᠣᠯᠣᠭᠰᠠᠨ ᠪᠤᠰᠤᠳ ᠪᠠᠶᠢᠳᠠᠯ᠃       ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠬᠤ ᠪᠠᠨ  ᠪᠤᠯᠢᠭᠰᠠᠨ ᠪᠠᠶᠢᠪᠠᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠠᠴᠠ ᠵᠠᠷᠯᠠᠨ ᠨᠡᠶᠢᠲᠡᠯᠡᠬᠦ  ᠬᠡᠷᠡᠭᠲᠡᠢ᠃          ᠬᠥᠲᠥᠯᠥᠭᠴᠢ᠄       ᠲᠡᠭᠡᠪᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠬᠡᠨ  ᠬᠢᠨᠠᠯᠲᠠ ᠲᠠᠯᠪᠢᠬᠤ ᠪᠣᠢ︖          ᠴᠢᠶᠣᠤ ᠰᠢᠨ᠄       ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ  ᠳᠤ ᠬᠢᠨᠠᠯᠲᠠ  ᠲᠠᠯᠪᠢᠬᠤ ᠳᠤ ︽ᠬᠡᠨ ᠰᠤᠩᠭᠤᠨ ᠤᠷᠢᠭᠰᠠᠨ ᠪᠣᠯ ᠬᠡᠨ ᠬᠠᠮᠢᠶᠠᠷᠬᠤ︾ ᠵᠠᠷᠴᠢᠮ ᠶᠣᠰᠣᠭᠠᠷ᠂ ᠦᠨᠡᠮᠯᠡᠯ  ᠣᠯᠭᠤᠭᠰᠠᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠳᠦᠷ ᠲᠤᠲᠤᠮ ᠤᠨ ᠬᠠᠷᠢᠯᠴᠠᠬᠤ᠂ ᠵᠣᠬᠢᠶᠠᠨ  ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ  ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠭᠤᠯᠬᠤ ᠪᠠ ᠰᠠᠶᠢᠲᠤᠷ ᠬᠠᠳᠠᠭᠠᠯᠠᠨ ᠬᠠᠮᠢᠶᠠᠷᠴᠤ᠂ ᠡᠳᠦᠷ  ᠲᠤᠳᠤᠮ ᠤᠨ ᠠᠵᠢᠯ ᠤᠨ ᠮᠡᠳᠡᠭᠡ ᠵᠠᠩᠭᠢ᠂ ᠠᠵᠢᠯᠲᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ  ᠬᠡᠷᠡᠭᠲᠡᠶ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ  ᠳᠠᠬᠢ ᠬᠠᠮᠢᠶᠠᠷᠤᠯᠲᠠ ᠶᠢ  ᠴᠢᠩᠭᠠᠳᠬᠠᠵᠤ᠂ ᠲᠡᠳᠡᠨᠦᠰ ᠢ ᠰᠠᠨᠠᠭᠠᠴᠢᠯᠠᠭ᠎ᠠ ᠲᠠᠢ ᠪᠠᠷ ᠬᠢᠨᠠᠯᠲᠠ ᠲᠠᠯᠪᠢᠬᠤ ᠪᠠᠷ ᠰᠢᠮᠳᠠᠭᠤᠯᠵᠤ ᠂  ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠰᠠᠬᠢᠯᠭ᠎ᠠ  ᠪᠠᠲᠤ ᠶᠢ ᠵᠢᠷᠤᠮᠯᠠᠨ ᠰᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢ ᠬᠠᠮᠵᠢᠵᠤ  ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠶᠢ ᠥᠷᠨᠢᠭᠦᠯᠵᠦ᠂ ᠵᠢᠱᠢᠭᠰᠡᠨ ᠵᠣᠷᠢᠯᠭ᠎ᠠ ᠳᠠᠭᠠᠨ ᠬᠦᠷᠦᠨ᠎ᠡ᠃          ᠪᠠᠰᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠳᠠᠲᠠᠶ ᠠᠵᠢᠯᠯᠠᠭ᠎ᠠ ᠳᠤ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠡᠩ ᠲᠡᠷᠢᠭᠦᠨ ᠳᠤ  ᠦᠨᠡᠮᠯᠡᠯ ᠢᠶᠠᠨ ᠦᠵᠡᠭᠦᠯᠦᠨ ᠬᠠᠤᠯᠢ ᠬᠡᠷᠡᠭᠵᠢᠭᠦᠯᠵᠦ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠬᠤ ᠬᠡᠷᠡᠭᠲᠡᠢ᠃ ︽ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠤᠨ ᠵᠥᠪ  ᠲᠠᠯ᠎ᠠ ᠳᠤ ᠬᠢᠨᠠᠯᠲᠠ ᠲᠠᠯᠪᠢᠭᠴᠢ ᠶᠢᠨ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠂ ᠨᠡᠷ᠎ᠡ᠂ ᠰᠡᠭᠦᠳᠡᠷ᠂  ᠬᠦᠢᠰᠦ᠂ ᠦᠨᠳᠦᠰᠦᠲᠡᠨ᠂ ᠬᠢᠨᠠᠯᠲᠠ ᠲᠠᠯᠪᠢᠬᠤ ᠣᠷᠣᠨ ᠬᠡᠪᠴᠢᠶ᠎ᠡ᠂ ᠦᠨᠡᠮᠯᠡᠯ ᠣᠯᠭᠤᠭᠰᠠᠨ ᠪᠠᠶᠢᠭᠤᠯᠭ᠎ᠠ᠂  ᠬᠦᠴᠦᠨ ᠲᠠᠢ ᠬᠤᠭᠤᠴᠠᠭ᠎ᠠ ᠵᠡᠷᠭᠡ ᠠᠭᠤᠯᠭ᠎ᠠ ᠶᠢ ᠲᠣᠳᠣᠷᠬᠠᠶ ᠲᠡᠮᠳᠡᠭᠯᠡᠵᠦ᠂ ᠠᠷᠤ ᠲᠠᠯ᠎ᠠ ᠳᠤᠨᠢ ᠦᠨᠡᠮᠯᠡᠯ  ᠭᠠᠷᠳᠠᠬᠴᠢ ᠶᠢᠨ ᠠᠩᠬᠠᠷᠬᠤ ᠲᠦᠷᠪᠡᠨ ᠵᠦᠢᠯ ᠢ ᠲᠡᠮᠳᠡᠭᠯᠡᠵᠦ᠂ ᠡᠭᠦᠨ ᠳᠤ ᠨᠢᠭᠡᠳᠦᠭᠡᠷ ᠵᠦᠢᠯ ᠳᠤ ᠦᠨᠡᠮᠯᠡᠯ  ᠭᠠᠷᠳᠠᠬᠴᠢ ᠨᠢ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ  ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂  ᠣᠷᠣᠨ  ᠬᠡᠪᠴᠢᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠣᠷᠣᠯᠴᠠᠵᠤ ᠪᠣᠯᠬᠤ ᠤᠢᠭᠡᠢ᠃          ᠥᠭᠡᠷ᠎ᠡ ᠪᠠᠷ ᠬᠡᠯᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ  ᠲᠠᠯᠪᠢᠭᠴᠢ  ᠶᠢᠨ ᠠᠵᠢᠯ ᠤᠨ ᠬᠡᠪᠴᠢᠶ᠎ᠡ ᠶᠢ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ  ᠬᠢᠨᠠᠯᠲᠠ ᠲᠠᠯᠪᠢᠭᠴᠢ ᠶᠢᠨ ᠦᠨᠡᠮᠯᠡᠯ︾ ᠳᠤ ᠲᠣᠳᠣᠷᠬᠠᠶ ᠲᠡᠮᠳᠡᠭᠯᠡᠭᠰᠡᠨ ᠬᠢᠨᠠᠯᠲᠠ ᠲᠠᠯᠪᠢᠬᠤ ᠣᠷᠣᠨ ᠬᠡᠪᠴᠢᠶ᠎ᠡ ᠳᠤ  ᠬᠢᠵᠠᠭᠠᠷᠯᠠᠨ᠎ᠠ᠂ ᠲᠤᠬᠠᠶᠢᠯᠠᠪᠠᠯ ××ᠬᠤᠰᠢᠭᠤ ᠰᠢᠶᠠᠨ ᠲᠣᠭᠤᠷᠢᠭ ᠭᠡᠨ᠎ᠡ᠂ ︽ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠢ ᠬᠤᠰᠢᠭᠤ ᠰᠢᠶᠠᠨ ᠤ ᠵᠠᠰᠠᠭ ᠤᠨ  ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠠᠴᠠ ᠣᠯᠭᠤᠵᠤ᠂ ᠤᠷᠢᠭᠳᠠᠭᠰᠠᠨ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠦᠨᠡᠮᠯᠡᠯ ᠣᠯᠭᠤᠭᠰᠠᠨ ᠪᠠᠶᠢᠭᠤᠯᠭ᠎ᠠ ᠶᠢ ᠬᠠᠪᠰᠤᠷᠤᠨ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠤ ᠬᠡᠰᠡᠭ ᠡᠭᠦᠷᠭᠡ ᠬᠠᠷᠢᠭᠤᠴᠠᠯᠭ᠎ᠠ ᠶᠢ  ᠭᠦᠢᠴᠡᠳᠬᠡᠨ᠎ᠡ᠂ ᠡᠶᠢᠮᠦ ᠠᠴᠠ ᠡᠷᠬᠡᠪᠰᠢ ᠲᠣᠳᠣᠷᠬᠠᠶ ᠲᠡᠮᠳᠡᠭᠯᠡᠭᠰᠡᠨ ᠬᠢᠨᠠᠯᠲᠠ ᠲᠠᠯᠪᠢᠬᠤ ᠣᠷᠣᠨ ᠪᠦᠰᠡ ᠶᠢᠨ  ᠬᠡᠪᠴᠢᠶᠡᠨ ᠳᠣᠲᠣᠷ᠎ᠠ ᠬᠡᠷᠡᠭᠵᠢᠭᠦᠯᠬᠦ ᠬᠡᠷᠡᠭᠲᠡᠶ᠃          ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠬᠢᠨᠠᠯᠲᠠ ᠲᠠᠯᠪᠢᠬᠤ  ᠣᠷᠣᠨ ᠪᠦᠰᠡ ᠶᠢᠨ ᠬᠡᠪᠴᠢᠶ᠎ᠡ ᠠᠴᠠ ᠳᠠᠪᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠡᠰᠡᠪᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ  ᠲᠠᠯᠪᠢᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠡᠷᠡᠭᠵᠢᠭᠦᠯᠪᠡᠯ ᠶᠠᠮᠠᠷᠪᠠ ᠪᠠᠶᠢᠭᠤᠯᠭ᠎ᠠ  ᠪᠤᠶᠤ ᠬᠤᠪᠢ ᠬᠥᠮᠦᠨ ᠴᠥᠮ ᠦᠨᠡᠮᠯᠡᠯ ᠣᠯᠭᠤᠭᠰᠠᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ   ᠳᠤ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠵᠦ ᠪᠣᠯᠤᠨ᠎ᠠ᠂ ᠵᠠᠰᠠᠭ ᠤᠨ ᠣᠷᠳᠣᠨ ᠤ ᠬᠠᠤᠯᠢ ᠲᠥᠷᠢᠮ ᠤᠨ  ᠪᠠᠶᠢᠭᠤᠯᠤᠮᠵᠢ ᠠᠴᠠ ᠪᠠᠶᠢᠴᠠᠭᠠᠨ ᠨᠤᠲᠠᠯᠠᠭᠰᠠᠨ ᠤ ᠲᠡᠷᠠᠭ᠎ᠠ ᠵᠣᠬᠢᠴᠠᠩᠭᠤᠶ ᠪᠠᠷ ᠰᠢᠢᠳᠪᠦᠷᠢᠯᠡᠬᠦ ᠬᠡᠷᠡᠭᠲᠡᠶ᠃          ᠬᠥᠲᠥᠯᠥᠭᠴᠢ᠄ ᠴᠢᠶᠣᠤ ᠡᠷᠬᠢᠯᠡᠭᠴᠢ ᠶᠢᠨ ᠲᠠᠶᠢᠯᠤᠮᠵᠢ ᠳᠤ ᠮᠠᠰᠢ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ  ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ !
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号