ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ  ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠦᠨ᠎ᠡ
ᠨᠡᠶᠢᠲᠡᠯᠡᠭᠰᠡᠨ ᠴᠠᠭ᠄
2017-10-30
   ᠰᠤᠷᠪᠤᠯᠵᠢᠯᠠᠭᠰᠠᠨ ᠴᠠᠭ᠄       2017 ᠣᠨ ᠤ 6 ᠳ᠋ᠤᠭᠠᠷ ᠰᠠᠷ᠎ᠠ ᠶᠢᠨ 9 ᠤ  ᠡᠳᠦᠷ ᠤᠨ ᠦᠳᠡ ᠶᠢᠨ ᠬᠤᠶᠢᠨᠠᠬᠢ 3 ᠴᠠᠭ            ᠰᠤᠷᠪᠤᠯᠵᠢᠯᠠᠭᠰᠠᠨ ᠵᠣᠴᠢᠨ᠄       ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ  ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠶᠢᠨ ᠫᠢᠩ          ᠰᠤᠷᠪᠤᠯᠵᠢᠯᠠᠭ᠎ᠠ ᠤᠨ ᠲᠣᠪᠴᠢ ᠲᠠᠨᠢᠯᠴᠠᠭᠤᠯᠭ᠎ᠠ᠄       ᠦᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ  ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠳᠠᠷᠤᠭ᠎ᠠ ᠵᠠᠩ ᠶᠢᠨ ᠫᠢᠩ ᠢ ︽ᠳᠤᠮᠳᠠᠳᠤ  ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ  ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ  ᠪᠣᠯᠤᠨ᠎ᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠤ  ᠠᠨᠳᠠ ᠨᠠᠷ ᠮᠢᠨᠢ ᠢᠳᠡᠪᠬᠢᠲᠡᠶ  ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕                        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄            ᠬᠥᠲᠥᠯᠥᠭᠴᠢ᠄       ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ  ᠂ ᠲᠣᠰ ᠬᠤᠭᠤᠴᠠᠭᠠᠨ ᠤ ︽ᠳᠤᠮᠳᠠᠳᠤ  ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ  ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠵᠠᠬᠢᠳᠠᠯ  ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ  ᠵᠠᠩ ᠶᠢᠨ ᠫᠢᠩ ᠢ ᠤᠷᠢᠵᠤ᠂ ᠵᠠᠬᠢᠳᠠᠯ ᠰᠤᠷᠪᠤᠯᠵᠢᠯᠠᠯ ᠶᠢᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ  ᠠᠬᠢᠭᠤᠯᠬᠤ ᠠᠵᠢᠯ ᠤᠨ ᠲᠣᠬᠠᠢ ᠥᠷᠭᠡᠨ ᠣᠯᠠᠨ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ  ᠰᠣᠯᠢᠯᠴᠠᠬᠤ ᠪᠣᠯᠣᠯ᠎ᠠ᠃ ᠵᠠᠩ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕           ᠵᠠᠩ ᠶᠢᠨ ᠫᠢᠩ᠄       ᠬᠥᠲᠥᠯᠥᠭᠴᠢ ᠰᠠᠶᠢᠨ ᠤᠤ᠂ ᠰᠦᠯᠵᠢᠶᠡᠨ ᠨᠠᠶᠢᠵᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠲᠠᠪᠴᠠᠩ ᠳᠡᠭᠡᠷ᠎ᠡ ᠣᠯᠠᠨ ᠲᠠᠢ  ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠰᠡᠳᠬᠢᠯ ᠮᠠᠰᠢ ᠶᠡᠭᠡ ᠦᠨᠳᠦᠷ ᠪᠠᠶᠢᠨ᠎ᠠ᠃ ᠥᠷᠭᠡᠨ ᠣᠯᠠᠨ  ᠰᠦᠯᠵᠢᠶᠡᠨ ᠠᠨᠳᠠ ᠨᠠᠷ ᠤᠨ ᠤᠷᠳᠤ ᠬᠤᠭᠤᠴᠠᠭᠠᠨ ᠤ ᠲᠤᠷᠰᠢ ᠥᠪᠡᠷᠲᠡᠭᠡᠨ ᠵᠠᠰᠠᠬᠤ ᠣᠷᠣᠨ ᠤ ᠵᠠᠬᠢᠳᠠᠯ  ᠰᠤᠷᠪᠤᠯᠵᠢᠯᠠᠯ ᠤᠨ ᠲᠣᠪᠴᠢᠶ᠎ᠠ ᠶᠢᠨ ᠠᠵᠢᠯ ᠳᠤ ᠰᠡᠳᠬᠢᠯ ᠲᠠᠯᠪᠢᠵᠤ ᠲᠡᠮᠵᠢᠯᠭᠡ ᠦᠵᠡᠭᠦᠯᠦᠭᠰᠡᠨ ᠳᠤ ᠮᠠᠰᠢ ᠶᠡᠭᠡ  ᠲᠠᠯᠠᠷᠬᠠᠵᠤ ᠪᠠᠶᠢᠨ᠎ᠠ︕          ᠬᠥᠲᠥᠯᠥᠭᠴᠢ᠄      ᠵᠠᠩ ᠳᠠᠷᠤᠭ᠎ᠠ᠂ ︽ ᠨᠠᠷᠠᠨ ᠭᠡᠷᠡᠯᠲᠦ ᠰᠤᠷᠪᠣᠯᠵᠢᠯᠠᠯ︾᠂ ︽ᠬᠠᠷᠢᠭᠤᠴᠠᠯᠭᠠᠲᠤ ᠵᠠᠬᠢᠳᠠᠯ  ᠰᠤᠷᠪᠣᠯᠵᠢᠯᠠᠯ︾  ︽ᠬᠠᠤᠯᠢ ᠪᠠᠷ ᠵᠠᠰᠠᠬᠤ ᠵᠠᠬᠢᠳᠠᠯ ᠰᠤᠷᠪᠣᠯᠵᠢᠯᠠᠯ︾ ᠪᠣᠯ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠤᠨ᠎ᠠ᠂ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ ᠬᠡᠷᠬᠢᠨ ᠠᠬᠢᠭᠤᠯᠤᠭᠰᠠᠨ ᠪᠤᠢ︖           ᠵᠠᠩ ᠶᠢᠨ ᠫᠢᠩ᠄       ᠵᠠᠬᠢᠳᠠᠯ ᠰᠤᠷᠪᠤᠯᠵᠢᠯᠠᠯ ᠶᠢᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ ᠡᠬᠢᠯᠡᠭᠦᠯᠦᠭᠰᠡᠨ ᠠᠴᠠ ᠨᠠᠰᠢ᠂  ᠮᠠᠨ ᠤ ᠣᠷᠣᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ  ᠲᠠᠢ ᠨᠢᠭᠲᠠ ᠤᠶᠠᠯᠳᠤᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠭᠡᠷᠡᠴᠢᠯᠡᠯᠲᠡ ᠶᠢ ᠳᠥᠯᠭᠢᠨ ᠠᠬᠢᠭᠤᠯᠤᠭᠠᠳ ᠢᠯᠡᠳᠲᠡ ᠦᠷ᠎ᠡ ᠪᠦᠲᠦᠮᠵᠢ ᠣᠯᠵᠠᠶ᠃           ᠨᠢᠭᠡ ᠳᠤ ︽ᠨᠠᠷᠠᠨ ᠭᠡᠷᠡᠯᠲᠦ ᠵᠠᠬᠢᠳᠠᠯ ᠰᠤᠷᠪᠤᠯᠵᠢᠯᠠᠯ︾ ᠤᠨ ᠪᠦᠷᠬᠦᠬᠦ ᠬᠡᠪᠴᠢᠶ᠎ᠡ ᠨᠢ ᠨᠡᠩ ᠥᠷᠭᠡᠨ ᠳᠡᠯᠭᠡᠷ  ᠪᠣᠯᠵᠠᠢ᠃ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ︽ᠪᠦᠷᠢᠨ  ᠪᠥᠷᠬᠦᠭᠦᠯᠬᠦ︾ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ ᠣᠷᠣᠨ ᠤ ᠭᠤᠷᠪᠠᠨ ᠱᠠᠲᠤᠨ ᠤ ᠰᠦᠯᠵᠢᠶᠡᠨ ᠳᠡᠭᠡᠷ᠎ᠡ  ᠭᠤᠮᠣᠳᠠᠯ ᠲᠣᠭᠠᠴᠢᠬᠤ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠴᠠᠭ ᠲᠤᠬᠠᠶ ᠳᠤᠨᠢ ᠬᠦᠯᠢᠶᠡᠨ ᠠᠪᠴᠤ ᠰᠢᠶᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭᠠᠷ ᠰᠢᠶᠳᠪᠦᠷᠢᠯᠡᠵᠦ ᠳᠠᠭᠤᠰᠬᠠᠬᠤ  ᠨᠤᠷᠮ᠎ᠠ᠂ ᠤᠯᠠᠨ ᠲᠦᠮᠡᠨ ᠳᠤ ᠲᠠᠭᠠᠰᠢᠶᠠᠭᠳᠠᠬᠤ ᠨᠤᠷᠮ᠎ᠠ ᠢᠯᠡᠳᠲᠡ ᠳᠡᠭᠡᠭᠰᠢᠯᠡᠨ᠂ ︽ᠰᠦᠯᠵᠢᠶᠡᠨ ᠳᠡᠭᠡᠷ᠎ᠡ  ᠵᠠᠭᠠᠯᠳᠤᠬᠤ ᠨᠢ ᠪᠦᠲᠦᠮᠵᠢᠲᠡᠢ ᠪᠠᠶᠢᠬᠤ︾ ᠭᠡᠰᠡᠨ ᠦᠵᠡᠯᠲᠡ ᠬᠥᠮᠦᠰ ᠤᠨ ᠰᠡᠳᠬᠢᠯ ᠳᠤ ᠢᠳᠡᠭ ᠢᠳᠡᠭ ᠢᠶᠠᠷ ᠭᠦᠨ  ᠰᠠᠭᠤᠭᠳᠠᠪᠠ᠃ ᠪᠦᠬᠦ ᠣᠷᠣᠨ ᠤ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠴᠥᠮ  ᠸᠢᠴᠠᠲ ᠤᠨ ᠵᠢᠷᠭᠢᠭᠡ ᠨᠡᠭᠡᠭᠡᠵᠦ᠂ ︽ᠡᠳᠦᠷ ᠪᠦᠷᠢ ᠶᠢᠨ ᠴᠢᠬᠤᠯᠠ ᠮᠡᠳᠡᠭᠡ︾ ᠶᠢ ᠨᠡᠶᠢᠲᠡᠯᠡᠵᠦ᠂ ᠥᠪᠡᠷᠮᠢᠴᠡ  ᠣᠨᠴᠠᠯᠢᠭ ᠪᠦᠬᠦᠢ ᠵᠠᠬᠢᠳᠠᠯ ᠰᠤᠷᠪᠤᠯᠵᠢᠯᠠᠯ ᠤᠨ ᠤᠬᠠᠭᠤᠯᠭ᠎ᠠ ᠶᠢᠨ ᠰᠢᠨ᠎ᠡ ᠵᠠᠭᠤᠴᠢ ᠶᠢᠨ ᠵᠢᠭᠰᠠᠭᠠᠯ ᠪᠣᠢ ᠪᠣᠯᠵᠤ᠂  ᠵᠠᠬᠢᠳᠠᠯ ᠰᠤᠷᠪᠤᠯᠵᠢᠯᠠᠯ ᠤᠨ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠣᠨ ᠤᠯᠠᠨ ᠨᠡᠶᠢᠲᠡ ᠳᠤ ᠢᠲᠡᠭᠡᠭᠦᠯᠬᠦ  ᠬᠦᠴᠦᠨ ᠤᠯᠠᠮ ᠨᠢᠭᠡ ᠠᠯᠬᠤᠮ ᠴᠢᠩᠭᠠᠷᠠᠪᠠ᠃           ᠬᠤᠶᠠᠷ ᠲᠤ ︽ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ︾ ᠢ ᠤᠯᠠᠮ ᠨᠠᠷᠢᠨ ᠤᠯᠠᠮ ᠪᠣᠳᠠᠲᠠᠶ ᠪᠣᠯᠭᠠᠵᠠᠢ᠃ ︽ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠦᠨᠡᠯᠡᠬᠦ ᠠᠷᠭ᠎ᠠ︾ ᠳᠤ  ᠵᠠᠰᠠᠪᠤᠷᠢ ᠣᠷᠣᠭᠤᠯᠵᠤ᠂ ︽ᠵᠠᠬᠢᠳᠠᠯ ᠰᠤᠷᠪᠤᠯᠵᠢᠯᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠤᠬᠠᠶ ᠠᠷᠭ᠎ᠠ︾  ᠶᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ  ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ᠢ ᠨᠣᠣᠷᠠᠭᠯᠠᠪᠠ᠃ ᠴᠡᠭ ᠤᠨ  ᠬᠤᠭᠤᠷᠣᠨᠳᠤ ᠨᠡᠪᠲᠡᠷᠡᠭᠦᠯᠬᠦ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠣᠯᠵᠣᠨ ᠶᠠᠷᠢᠯᠴᠠᠬᠤ ᠬᠡᠯᠪᠡᠷᠢ ᠪᠠᠷ ᠠᠶᠢᠮᠠᠭ ᠬᠤᠳᠠ᠂ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠪᠣᠯᠵᠣᠵᠤ ᠶᠠᠷᠢᠯᠴᠠᠬᠤ ᠪᠣᠯᠣᠭᠰᠠᠨ ᠪᠠᠶᠢᠨ᠎ᠠ᠃ ᠰᠢᠮᠳᠠᠭᠤᠯᠤᠨ ᠵᠢᠯᠣᠭᠤᠳᠬᠤ ᠪᠠᠶᠢᠴᠠᠭᠠᠨ ᠰᠤᠳᠤᠯᠬᠤ ᠳᠤᠭᠤᠶᠢᠯᠠᠩ ᠢ ᠣᠯᠠᠨᠲᠠ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠰᠢᠮᠳᠠᠭᠤᠯᠤᠨ ᠪᠠᠶᠢᠴᠠᠭᠠᠨ ᠵᠢᠯᠣᠭᠤᠳᠴᠦ᠂ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠶ ᠪᠠᠷ ᠠᠬᠢᠭᠤᠯᠪᠠ᠃  ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ  ᠬᠡᠷᠡᠭ ᠢ ᠲᠥᠪᠯᠡᠷᠡᠭᠦᠯᠵᠦ  ᠪᠠᠶᠢᠭᠠᠳ ᠰᠢᠪᠲᠤᠯᠤᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠯᠡᠮᠵᠢ ᠤᠯᠠᠨ ᠰᠢᠢᠳᠪᠦᠷᠢᠯᠡᠬᠦ ᠳᠤ ᠲᠦᠪᠡᠭᠲᠡᠢ ᠬᠡᠷᠡᠭ ᠢ ᠪᠦᠲᠦᠮᠵᠢᠲᠡᠶ ᠪᠠᠷ ᠰᠢᠶᠳᠪᠦᠷᠢᠯᠡᠬᠦ ᠶᠢ ᠲᠦᠯᠬᠢᠨ  ᠠᠬᠢᠭᠤᠯᠪᠠ᠃           ᠭᠤᠷᠪᠠ ᠳᠤ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠤᠨ ᠣᠶᠢᠯᠠᠭᠠᠭᠳᠠᠬᠤᠨ ᠢ ᠬᠥᠮᠦᠰ ᠤᠨ  ᠰᠡᠳᠬᠢᠯ ᠳᠤ ᠨᠡᠩ ᠭᠦᠨ ᠰᠠᠭᠤᠭᠳᠠᠭᠤᠯᠪᠠ᠃ ︽ᠰᠤᠷᠪᠤᠯᠵᠢᠯᠠᠯ ᠪᠣᠯᠣᠨ ᠵᠠᠭᠠᠯᠳᠤᠯᠭ᠎ᠠ ᠶᠢ ᠰᠠᠯᠭᠠᠬᠤ︾ ᠲᠦᠷᠢᠮ ᠢ  ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠠᠨ ᠲᠦᠮᠡᠨ ᠬᠠᠤᠯᠢ ᠶᠣᠰᠣᠭᠠᠷ ᠱᠠᠲᠤ  ᠳᠠᠷᠠᠭᠠᠯᠠᠨ ᠰᠤᠷᠪᠤᠯᠵᠢᠯᠠᠯ  ᠬᠢᠬᠦ ᠶᠢ ᠤᠯᠠᠮ ᠢᠶᠠᠷ ᠪᠠᠶᠢᠩᠭᠤᠵᠢᠭᠤᠯᠵᠤ᠂ ᠬᠠᠤᠯᠢ ᠳᠤ ᠲᠣᠭᠲᠠᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠵᠠᠬᠢᠳᠠᠯ  ᠰᠤᠷᠪᠤᠯᠵᠢᠯᠠᠯ ᠤᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠢ   ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠪᠠ ᠠᠶᠢᠮᠠᠭ ᠬᠤᠳᠠ  ᠴᠥᠮ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠬᠤ ᠶᠢᠨ ᠬᠠᠮᠲᠤ  ᠵᠠᠷᠯᠠᠨ ᠨᠡᠶᠢᠲᠡᠯᠡᠪᠡ᠃           ᠬᠥᠲᠥᠯᠥᠭᠴᠢ᠄       ᠣᠶᠢᠷ᠎ᠠ ᠶᠢᠨ ᠬᠡᠳᠦᠨ ᠵᠢᠯ ᠤᠳ ᠲᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠨᠢ ᠶᠡᠭᠡ  ᠬᠡᠮᠵᠢᠶᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ  ᠰᠢᠶᠳᠪᠦᠷᠢᠯᠡᠵᠦ᠂ ᠣᠳᠣᠬᠠᠨ ᠳᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠨᠢ ᠶᠠᠭ ᠠᠯᠬᠤᠮ ᠠᠯᠬᠤᠮ ᠢᠶᠠᠷ  ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠶᠢᠨ ᠭᠤᠣᠯ ᠠᠷᠭ᠎ᠠ ᠵᠠᠮ ᠪᠣᠯᠵᠤ ᠪᠠᠶᠢᠨ᠎ᠠ᠃ ᠲᠡᠭᠡᠪᠡᠯ ᠮᠠᠨ ᠤ ᠣᠷᠣᠨ  ᠬᠡᠷᠬᠢᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠶᠢᠨ ᠭᠤᠣᠯ ᠠᠷᠭ᠎ᠠ ᠵᠠᠮ ᠢ ᠨᠡᠭᠡᠭᠡᠵᠦ᠂ ᠤᠯᠠᠨ ᠲᠦᠮᠡᠨ ᠤ  ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠰᠠᠨ ᠪᠤᠢ︖           ᠵᠠᠩ ᠶᠢᠨ ᠫᠢᠩ᠄       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠣᠷᠣᠨ ᠰᠦᠯᠵᠢᠶᠡᠨ ᠳᠡᠭᠡᠷᠡᠬᠢ ᠵᠠᠬᠢᠳᠠᠯ  ᠰᠤᠷᠪᠤᠯᠵᠢᠯᠠᠯ ᠤᠨ ᠠᠵᠢᠯ ᠤᠨ ᠬᠥᠮᠦᠨ ᠤ ᠬᠦᠴᠦ ᠪᠣᠳᠠᠰ ᠤᠨ ᠬᠦᠴᠦᠨ ᠤ ᠣᠷᠣᠭᠤᠯᠤᠯᠲᠠ ᠶᠢ ᠲᠠᠰᠤᠷᠠᠯᠲᠠ ᠦᠭᠡᠢ  ᠨᠡᠮᠡᠭᠳᠡᠭᠦᠯᠵᠦ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠷᠤᠮᠵᠢᠭᠤᠯᠤᠯᠲᠠ᠂  ᠳᠦᠷᠢᠮᠵᠢᠭᠦᠯᠦᠯᠲᠡ᠂ ᠪᠠᠶᠢᠩᠭᠤᠵᠢᠭᠤᠯᠤᠯᠲᠠ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠰᠦᠯᠵᠢᠶᠡᠨ ᠳᠡᠭᠡᠷᠡᠬᠢ  ᠵᠠᠬᠢᠳᠠᠯ ᠰᠤᠷᠪᠤᠯᠵᠢᠯᠠᠯ ᠢ ᠦᠨᠡᠮᠰᠢᠯ ᠤᠨ ᠬᠡᠮᠵᠢᠶ᠎ᠡ ᠪᠣᠯᠤᠨ ᠲᠠᠭᠠᠰᠢᠶᠠᠯ  ᠤᠨ ᠬᠡᠮᠵᠢᠶ᠎ᠡ ᠶᠢ ᠶᠡᠬᠡᠪᠡᠷ  ᠳᠡᠭᠡᠭᠰᠢᠯᠡᠭᠦᠯᠵᠡᠢ᠃       ᠨᠢᠭᠡ ᠳᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ︽ ᠪᠦᠷᠢᠨ ᠪᠥᠷᠬᠦᠭᠦᠯᠬᠦ︾ ᠶᠢ ᠦᠨᠳᠦᠰᠦᠨ ᠳᠡᠭᠡᠨ ᠪᠡᠶᠡᠯᠡᠭᠦᠯᠪᠡ᠃ ᠪᠦᠬᠦ ᠣᠷᠣᠨ ᠤ ᠰᠦᠯᠵᠢᠶᠡᠨ ᠳᠡᠭᠡᠷᠡᠬᠢ ᠵᠠᠬᠢᠳᠠᠯ  ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠨᠢ ᠵᠠᠬᠢᠳᠠᠯ ᠰᠤᠷᠪᠤᠯᠵᠢᠯᠠᠯ ᠤᠨ ᠬᠡᠯᠪᠡᠷᠢ᠂  ᠠᠵᠢᠯ ᠤᠨ ᠴᠤᠪᠤᠷᠠᠯ᠂ ᠠᠵᠢᠯ ᠤᠨ ᠬᠡᠪᠴᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠪᠦᠬᠦ ᠣᠷᠣᠨ ᠤ  ᠰᠢᠰᠲ᠋ᠧᠮ ᠳᠤ ᠣᠷᠣᠭᠤᠯᠤᠭᠰᠠᠨ ᠨᠢᠭᠡᠴᠡ 6912 ᠪᠠᠶᠢᠵᠤ᠂  ︽ᠲᠤᠭ᠎ᠠ ᠪᠠᠷᠢᠮᠲᠠ ᠶᠢ ᠢᠯᠡᠭᠦᠬᠡᠨ ᠨᠡᠪᠲᠡᠷᠡᠭᠦᠯᠵᠦ᠂ ᠤᠯᠠᠨ ᠲᠦᠮᠡᠨ ᠢ ᠳᠤᠲᠠᠭᠤ ᠭᠦᠶᠦᠯᠭᠡᠬᠦ︾ ᠠᠵᠢᠯ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃             ᠬᠤᠶᠠᠷ ᠲᠤ᠂ ᠵᠠᠬᠢᠳᠠᠯ ᠰᠤᠷᠪᠤᠯᠵᠢᠯᠠᠯ ᠤᠨ ︽ᠭᠤᠷᠪᠠᠨ ᠨᠣᠷᠮ᠎ᠠ︾ ᠶᠢᠨ ᠬᠢᠷᠢ ᠲᠥᠪᠰᠢᠨ ᠢ ᠤᠯᠠᠮ ᠨᠢᠭᠡ  ᠠᠯᠬᠤᠮ ᠳᠡᠭᠡᠭᠰᠢᠯᠡᠭᠦᠯᠪᠡ᠃ ᠪᠦᠬᠦ ᠣᠷᠣᠨ ᠤ ᠵᠠᠬᠢᠳᠠᠯ ᠰᠤᠷᠪᠣᠯᠵᠢᠯᠠᠯ ᠤᠨ ᠰᠠᠯᠠᠭ᠎ᠠ ᠮᠦᠴᠢᠷ ᠵᠢᠴᠢ  ᠬᠠᠷᠢᠭᠤᠴᠠᠯᠭᠠᠲᠤ ᠨᠢᠭᠡᠴᠡ ᠨᠦᠭᠦᠳ ᠤᠨ ᠴᠠᠭ ᠲᠣᠬᠠᠢ ᠳᠤᠨᠢ ᠬᠦᠯᠢᠶᠡᠨ ᠠᠪᠴᠤ ᠭᠦᠢᠴᠡᠳᠬᠡᠬᠦ ᠨᠣᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠣᠯᠠᠨ ᠲᠦᠮᠡᠨ ᠳᠤ ᠲᠠᠭᠠᠰᠢᠶᠠᠭᠳᠠᠬᠤ ᠨᠣᠷᠮ᠎ᠠ  ᠶᠡᠭᠡ ᠬᠡᠮᠵᠢᠶ᠎ᠡ ᠪᠠᠷ ᠳᠡᠭᠡᠭᠰᠢᠯᠡᠵᠦ᠂ ︽ᠰᠦᠯᠵᠢᠶᠡᠨ ᠳᠡᠭᠡᠷ᠎ᠡ ᠵᠠᠭᠠᠯᠳᠤᠬᠤ ᠨᠢ ᠪᠦᠲᠦᠮᠵᠢᠲᠡᠢ ᠪᠠᠶᠢᠬᠤ︾ ᠦᠵᠡᠯᠲᠡ  ᠬᠦᠮᠦᠰ ᠤᠨ ᠰᠡᠳᠬᠢᠯ ᠳᠤ ᠤᠯᠠᠮ ᠰᠠᠭᠤᠭᠳᠠᠵᠤ᠂ ᠰᠦᠯᠵᠢᠶᠡᠨ ᠳᠡᠭᠡᠷᠡᠬᠢ ᠰᠤᠷᠪᠤᠯᠵᠢᠯᠠᠯ ᠤᠨ ᠠᠵᠢᠯ ᠤᠨ ᠦᠷ᠎ᠡ  ᠪᠦᠲᠦᠮᠵᠢ ᠢᠳᠡᠭ ᠢᠳᠡᠭ ᠢᠶᠠᠷ ᠳᠡᠭᠡᠭᠰᠢᠯᠡᠪᠡ᠃         ᠬᠥᠲᠥᠯᠥᠭᠴᠢ᠄      ᠮᠠᠨ ᠤ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ ︾  ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠯᠠᠨ ᠲᠦᠮᠡᠨ ᠤ ᠦᠨᠡᠮᠰᠢᠯ ᠢ  ᠤᠯᠤᠭᠰᠠᠨ ᠪᠠᠶᠢᠨ᠎ᠠ᠂ ᠲᠠ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠤᠨ ᠥᠭᠡᠷᠡᠴᠢᠯᠡᠯᠲᠡ ᠶᠢᠨ ᠦᠷ᠎ᠡ  ᠪᠦᠲᠦᠭᠡᠯ ᠤᠳ ᠢ ᠲᠠᠨᠢᠯᠴᠠᠭᠤᠯᠤᠭᠠᠳ ᠥᠭᠭᠦᠨ᠎ᠡ ᠤᠤ︖           ᠵᠠᠩ ᠶᠢᠨ ᠫᠢᠩ᠄       ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠲᠥᠪ ᠤᠨ ︽ᠵᠠᠬᠢᠳᠠᠯ ᠰᠤᠷᠪᠤᠯᠵᠢᠯᠠᠯ ᠤᠨ ᠠᠵᠢᠯ ᠢ  ᠬᠠᠤᠯᠢ ᠪᠠᠷ ᠵᠠᠰᠠᠬᠤ ᠵᠠᠮ ᠳᠤ ᠤᠷᠤᠭᠤᠯᠬᠤ︾ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ  ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠰᠡᠳᠬᠢᠮᠵᠢ ᠪᠠᠷ ᠵᠠᠬᠢᠳᠠᠯ ᠰᠤᠷᠪᠤᠯᠵᠢᠯᠠᠯ ᠤᠨ ᠠᠵᠢᠯ ᠢ ᠦᠨᠡᠨᠬᠦ ᠰᠠᠶᠢᠲᠤᠷ ᠬᠢᠵᠦ᠂ ᠠᠯᠢ ᠤᠯᠠᠨ ᠠᠷᠭ᠎ᠠ ᠬᠡᠮᠵᠢᠶ᠎ᠡ ᠠᠪᠴᠤ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠤᠨ  ᠥᠭᠡᠷᠡᠴᠢᠯᠡᠯᠲᠡ ᠶᠢᠨ ᠠᠯᠬᠤᠴᠠ ᠶᠢ ᠠᠬᠢᠭᠤᠯᠤᠭᠰᠠᠨ ᠪᠠᠶᠢᠨ᠎ᠠ᠃           ᠨᠢᠭᠡ ᠳᠤ ︽ᠰᠤᠷᠪᠤᠯᠵᠢᠯᠠᠯ ᠪᠤᠯᠤᠨ ᠵᠠᠭᠠᠯᠳᠤᠯᠭ᠎ᠠ ᠶᠢ ᠰᠠᠯᠭᠠᠬᠤ︾ ᠲᠦᠷᠢᠮ ᠢ ᠤᠯᠠᠮ ᠨᠢᠭᠡ ᠠᠯᠬᠤᠮ  ᠬᠦᠨᠵᠡᠭᠡᠶᠢᠷᠡᠬᠦᠯᠪᠡ᠃  ᠪᠢᠳᠡ ᠵᠠᠬᠢᠳᠠᠯ ᠰᠤᠷᠪᠤᠯᠵᠢᠯᠠᠯ ᠤᠨ ᠭᠤᠮᠤᠳᠠᠯ ᠲᠤᠭᠠᠴᠢᠯᠲᠠ ᠶᠢ ᠬᠠᠤᠯᠢ ᠶᠣᠰᠣᠭᠠᠷ ᠳᠦᠷᠦᠯ  ᠬᠤᠪᠢᠶᠠᠨ ᠰᠢᠢᠳᠪᠦᠷᠢᠯᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠯ ᠢ ᠵᠠᠭᠠᠯᠳᠤᠯᠭ᠎ᠠ᠂ ᠬᠥᠨᠳᠡᠯᠡᠨ ᠤ ᠲᠠᠰᠤᠯᠤᠯᠳᠠ᠂ ᠵᠠᠰᠠᠭ ᠵᠠᠬᠢᠷᠭᠠᠨ ᠤ ᠳᠠᠬᠢᠨ ᠵᠦᠪᠯᠡᠯᠭᠡ ᠵᠡᠷᠭᠡ ᠬᠠᠤᠯᠢ ᠪᠠᠷ ᠲᠣᠭᠲᠠᠭᠠᠭᠰᠠᠨ ᠠᠷᠭ᠎ᠠ  ᠵᠠᠮ ᠢᠶᠠᠷ ᠬᠦᠯᠢᠶᠡᠨ ᠠᠪᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠢᠯᠭᠠᠷᠠᠭᠤᠯᠵᠤ᠂ ᠡᠯ᠎ᠡ ᠱᠠᠲᠤᠨ ᠤ ᠬᠢᠨ  ᠵᠠᠬᠢᠲᠠᠯ ᠰᠤᠷᠪᠤᠯᠵᠢᠯᠠᠯ ᠢ ᠬᠠᠮᠲᠤᠷᠠᠨ ᠬᠦᠯᠢᠶᠡᠨ ᠠᠪᠬᠤ ᠲᠢᠩᠬᠢᠮ ᠳᠤ ᠬᠠᠤᠯᠢ ᠴᠠᠭᠠᠵᠠ ᠪᠤᠯᠤᠨ ᠵᠠᠷᠭᠤ ᠳᠤ  ᠬᠤᠯᠪᠣᠭᠳᠠᠬᠤ ᠠᠰᠠᠭᠤᠳᠠᠯ ᠤᠨ ᠴᠣᠩᠬᠤ ᠭᠠᠷᠭᠠᠨ᠂ ᠳᠣᠲᠣᠭᠠᠳᠤ ᠶᠢ ᠬᠠᠮᠠᠭᠠᠯᠠᠬᠤ ᠪᠠᠢᠴᠠᠭᠠᠬᠤ ᠰᠢᠭᠦᠬᠦ ᠬᠠᠤᠯᠢ  ᠴᠠᠭᠠᠵᠠ ᠶᠢᠨ ᠰᠠᠯᠠᠭ᠎ᠠ ᠮᠥᠴᠢᠷ ᠢ ᠰᠠᠭᠤᠯᠭᠠᠵᠤ᠂ ᠬᠠᠤᠯᠢ ᠴᠠᠭᠠᠵᠠ ᠪᠤᠯᠤᠨ ᠵᠠᠷᠭᠤ ᠳᠤ ᠬᠤᠯᠪᠣᠭᠳᠠᠬᠤ ᠵᠠᠬᠢᠳᠠᠯ  ᠰᠤᠷᠪᠤᠯᠵᠢᠯᠠᠯ ᠤᠨ ᠠᠰᠠᠭᠤᠳᠠᠯ ᠢ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠠᠤᠯᠢ ᠪᠠᠷ  ᠲᠣᠭᠲᠠᠭᠠᠭᠰᠠᠨ ᠳᠡᠰ ᠳᠠᠷᠠᠭᠠᠯᠠᠯ ᠳᠤ ᠴᠠᠭ ᠲᠤᠬᠠᠶ ᠳᠤᠨᠢ ᠬᠥᠲᠥᠯᠥᠨ ᠤᠷᠤᠭᠤᠯᠵᠤ ᠰᠢᠢᠳᠪᠦᠷᠢᠯᠡᠭᠦᠯᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠵᠠᠬᠢᠲᠠᠯ ᠰᠤᠷᠪᠤᠯᠵᠢᠯᠠᠯ ᠢ ᠬᠠᠮᠲᠤᠷᠠᠨ  ᠬᠦᠯᠢᠶᠡᠨ ᠠᠪᠬᠤ ᠲᠢᠩᠬᠢᠮ ᠳᠤ ᠰᠢᠯᠢᠳᠡᠭ ᠬᠠᠤᠯᠢᠴᠢ ᠶᠢ ᠤᠷᠢᠨ ᠰᠠᠭᠤᠯᠭᠠᠵᠤ᠂ ᠤᠯᠠᠨ ᠲᠦᠮᠡᠨ ᠤ ᠰᠤᠷᠪᠤᠯᠵᠢᠯᠠᠯ ᠢ  ᠬᠦᠯᠢᠶᠡᠨ ᠠᠪᠬᠤ ᠳᠤ ᠤᠷᠤᠯᠴᠠᠭᠤᠯᠵᠤ᠂ ᠵᠠᠬᠢᠳᠠᠯ ᠰᠤᠷᠪᠤᠯᠵᠢᠯᠠᠯ ᠤᠨ ᠲᠦᠪᠡᠭ ᠮᠠᠳᠠᠭ ᠲᠠᠢ ᠨᠠᠷᠢᠨ ᠪᠤᠳᠤᠯᠢᠶᠠᠨᠲᠠᠶ  ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃           ᠬᠤᠶᠠᠷ ᠲᠤ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠭᠤᠮᠤᠳᠠᠯ ᠲᠤᠭᠠᠴᠢᠯᠲᠠ ᠶᠢᠨ ᠠᠵᠢᠯ ᠢ ᠬᠠᠤᠯᠢ ᠳᠤ  ᠲᠣᠭᠲᠠᠭᠠᠭᠰᠠᠨ ᠠᠷᠭ᠎ᠠ ᠵᠠᠮ ᠢᠶᠠᠷ ᠲᠥᠷᠥᠯ ᠬᠤᠪᠢᠶᠠᠨ ᠰᠢᠢᠳᠪᠦᠷᠢᠯᠡᠬᠦ ᠶᠢ ᠯᠠᠪᠳᠠᠭᠤᠨ ᠪᠠᠲᠤᠲᠠᠶ ᠲᠦᠯᠬᠢᠨ  ᠠᠬᠢᠭᠤᠯᠪᠠ᠃ 2016 ᠣᠨ ᠤ ᠵᠢᠯ ᠤᠨ ᠡᠴᠦᠰ ᠪᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ  ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ 36 ᠨᠢ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ  ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠰᠤᠳᠤᠯᠤᠨ ᠲᠤᠭᠲᠠᠭᠠᠭᠰᠠᠨ ᠤ ᠬᠠᠮᠲᠤ ᠨᠡᠶᠢᠭᠡᠮ ᠨᠡᠶᠢᠲᠡ ᠳᠤ  ᠢᠯᠡ ᠨᠡᠶᠢᠲᠡᠯᠡᠪᠡ᠃ ᠪᠢᠳᠡ ᠡᠳᠡᠭᠡᠷ ᠨᠠᠷᠢᠨ ᠳᠠᠩᠰᠠ ᠶᠢ ᠳᠡᠪᠲᠡᠷ ᠪᠣᠯᠭᠠᠨ ᠨᠠᠶᠢᠷᠠᠭᠤᠯᠵᠤ᠂ ᠵᠠᠬᠢᠳᠠᠯ ᠰᠤᠷᠪᠤᠯᠵᠢᠯᠠᠯ  ᠬᠢᠬᠦ ᠣᠯᠠᠨ ᠲᠦᠮᠡᠨ ᠳᠤ ᠪᠠᠶᠢᠴᠠᠭᠠᠨ ᠦᠵᠡᠬᠦ ᠪᠠ ᠠᠰᠠᠭᠤᠨ ᠯᠠᠪᠯᠠᠬᠤ ᠳᠤ ᠬᠠᠨᠭ᠍ᠭᠠᠨ ᠦᠭᠴᠦ᠂ ᠤᠯᠠᠨ ᠲᠦᠮᠡᠨ ᠤ  ︽ᠨᠠᠷᠢᠨ ᠳᠠᠩᠰᠠ ᠪᠠᠷ ᠬᠠᠷᠭᠤᠭᠤᠯᠵᠤ᠂ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠯ ᠬᠢᠬᠦ︾ ᠳᠤ ᠳᠦᠭᠦᠮ  ᠦᠵᠡᠬᠦᠯᠪᠡ᠃ 2017 ᠤᠨ ᠤ 1 ᠳ᠋ᠤᠭᠡᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠣᠷᠣᠨ ᠤ 12 ᠠᠶᠢᠮᠠᠭ  ᠬᠤᠳᠠ ᠴᠥᠮ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠨ  ᠨᠡᠶᠢᠲᠡᠯᠡᠪᠡ᠃           ᠭᠤᠷᠪᠠ ᠳᠤ ᠤᠯᠠᠨ ᠲᠦᠮᠡᠨ ᠤ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠯ ᠬᠢᠬᠦ ᠶᠢ ᠢᠳᠡᠭ  ᠢᠳᠡᠭ ᠢᠶᠠᠷ ᠬᠡᠪ ᠪᠠᠶᠢᠳᠠᠯ ᠪᠤᠯᠭᠠᠪᠠ᠃ ᠪᠦᠬᠦ ᠣᠷᠣᠨ ᠤ ᠡᠯ᠎ᠡ ᠭᠠᠵᠠᠷ ᠵᠠᠬᠢᠳᠠᠯ ᠰᠤᠷᠪᠤᠯᠵᠢᠯᠠᠯ ᠤᠨ  ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠶᠢ ᠦᠷᠨᠢᠬᠦᠯᠬᠦ᠂ ᠤᠬᠠᠭᠤᠯᠭ᠎ᠠ ᠶᠢᠨ  ᠮᠠᠲ᠋ᠧᠷᠢᠶᠠᠯ ᠲᠠᠷᠬᠠᠭᠠᠬᠤ᠂ ᠰᠤᠷᠪᠤᠯᠵᠢᠯᠠᠯ ᠢ ᠬᠦᠯᠢᠶᠡᠨ ᠠᠪᠬᠤ ᠲᠢᠩᠬᠢᠮ ᠳᠤ LED ᠳᠡᠯᠭᠡᠴᠡ ᠪᠠᠷ ᠨᠡᠪᠲᠡᠷᠡᠭᠦᠯᠬᠦ  ᠵᠡᠷᠭᠡ ᠬᠡᠯᠪᠡᠷᠢ ᠪᠠᠷ ᠳᠠᠮᠵᠢᠭᠤᠯᠤᠨ᠂ ᠫᠤᠷᠲ᠋ᠧᠯ ᠰᠦᠯᠵᠢᠶ᠎ᠡ ᠪᠣᠯᠤᠨ ᠸᠢᠴᠠᠲ ᠤᠨ ᠤᠯᠠᠨ ᠨᠡᠶᠢᠲᠡ ᠶᠢᠨ ᠵᠢᠷᠬᠢᠭᠡ  ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ  ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠤ ᠬᠠᠤᠯᠢ ᠶᠣᠰᠣᠭᠠᠷ ᠱᠠᠳᠤ ᠳᠠᠷᠠᠭᠠᠯᠠᠨ  ᠰᠤᠷᠪᠤᠯᠵᠢᠯᠠᠬᠤ᠂ ᠭᠤᠮᠤᠳᠠᠯ ᠢᠶᠠᠨ ᠣᠶᠤᠨᠴᠢ ᠪᠠᠷ ᠢᠯᠡᠳᠬᠡᠬᠦ ᠶᠢ ᠨᠢ ᠬᠦᠮᠦᠵᠢᠬᠦᠯᠦᠨ ᠵᠢᠯᠤᠭᠤᠳᠪᠠ᠃           ᠬᠥᠲᠥᠯᠥᠭᠴᠢ᠄      ᠨᠢᠳᠤᠨᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠲᠦᠪ ᠬᠤᠷᠢᠶ᠎ᠠ ᠶᠢᠨ ᠠᠯᠪᠠᠨ  ᠲᠢᠩᠬᠢᠮ ︽ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ  ᠨᠡᠶᠢᠲᠡᠯᠡᠭᠰᠡᠨ ᠪᠠᠶᠢᠨ᠎ᠠ᠂ ᠲᠡᠭᠡᠪᠡᠯ ᠮᠠᠨ ᠤ ᠣᠷᠣᠨ ᠲᠣᠰ ᠬᠡᠷᠡᠭᠵᠢᠭᠦᠯᠬᠦ ᠠᠷᠭ᠎ᠠ ᠶᠢ ᠬᠡᠷᠬᠢᠨ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢ ᠬᠡᠷᠬᠢᠨ ᠤᠯᠠᠮ ᠨᠢᠭᠡ ᠠᠯᠬᠤᠮ  ᠪᠤᠳᠠᠲᠠᠶᠢᠵᠢᠭᠤᠯᠤᠭᠰᠠᠨ ᠪᠤᠶ︖           ᠵᠠᠩ ᠶᠢᠨ ᠫᠢᠡᠭ᠄      ᠨᠢᠭᠡ ᠳᠤ ︽ᠶᠤᠰᠤ ᠳᠦᠷᠢᠮ ᠲᠤᠭᠲᠠᠭᠠᠵᠤ︾᠂ ᠬᠠᠷᠢᠭᠤᠴᠠᠯᠭ᠎ᠠ ᠶᠢ ᠪᠠᠲᠤᠳᠬᠠᠨ ︽ᠲᠠᠰᠤᠯᠳᠠᠬᠤ︾ ᠶᠢ  ᠰᠡᠷᠭᠡᠶᠢᠯᠡᠪᠡ᠃ ᠠᠶᠢᠮᠠᠭ ᠬᠤᠲᠠ᠂ ᠠᠵᠤ ᠠᠬᠤᠶᠢᠯᠠᠯ ᠤᠨ ︽ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ  ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ︾ ᠳᠤ ᠵᠠᠰᠠᠪᠤᠷᠢ ᠣᠷᠣᠭᠤᠯᠵᠤ᠂ ︽ᠵᠠᠬᠢᠳᠠᠯ ᠰᠤᠷᠪᠤᠯᠵᠢᠯᠠᠯ ᠤᠨ  ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠠᠷᠭ᠎ᠠ︾ ᠶᠢ ᠨᠡᠶᠢᠲᠡᠯᠡᠵᠦ᠂ ᠵᠠᠬᠢᠳᠠᠯ  ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠤᠨ ︽ᠰᠢᠮᠳᠠᠭᠤᠯᠬᠤ︾ ᠡᠭᠦᠷᠭᠡ ᠴᠢᠳᠠᠮᠵᠢ ᠪᠤᠯᠤᠨ ︽ᠪᠠᠶᠢᠴᠠᠭᠠᠬᠤ︾  ᠦᠢᠯᠡᠳᠦᠯ ᠢ ᠭᠦᠢᠴᠡᠳ ᠪᠠᠳᠠᠷᠠᠭᠤᠯᠪᠠ᠃ ᠬᠤᠶᠠᠷ ᠲᠤ ︽ᠤᠷᠢᠨ ᠠᠪᠴᠢᠷᠠᠵᠤ︾᠂ ᠲᠤᠶᠢᠯ ᠤᠨ ᠤᠨᠤᠪᠴᠢᠲᠠᠢ ᠪᠠᠷ  ᠵᠤᠯᠭᠠᠭᠤᠯᠤᠨ ᠳᠠᠷᠤᠯᠲᠠ ᠶᠢ ᠤᠯᠠᠮᠵᠢᠯᠠᠪᠠ᠃ ᠴᠢᠭ᠋ ᠠᠴᠠ ᠴᠢᠭ᠋ ᠬᠦᠷᠲᠡᠯ᠎ᠡ ᠮᠡᠳᠡᠭᠳᠡᠬᠦ ᠪᠠ ᠲᠣᠭᠲᠠᠮᠠᠯ ᠪᠤᠰᠤ  ᠬᠤᠭᠤᠴᠠᠭ᠎ᠠ ᠲᠠᠢ ᠪᠣᠯᠵᠣᠨ ᠶᠠᠷᠢᠯᠴᠠᠬᠤ ᠬᠡᠯᠪᠡᠷᠢ ᠪᠠᠷ ᠦᠨᠳᠦᠰᠦᠨ ᠱᠠᠲᠤᠨ ᠤ ᠬᠠᠷᠢᠭᠤᠴᠠᠯᠭᠠᠲᠠᠨ ᠨᠥᠬᠦᠳ ᠢ  ᠴᠠᠭ ᠲᠤᠬᠠᠶ ᠳᠤᠨᠢ ︽ᠤᠷᠢᠵᠤ ᠠᠪᠴᠢᠷᠠᠨ︾ ᠶᠠᠷᠢᠯᠴᠠᠵᠤ᠂ ᠬᠠᠨᠳᠤᠯᠭᠠᠲᠤ ᠴᠢᠨᠠᠷᠲᠠᠶ ᠪᠠᠷ ᠱᠠᠭᠠᠷᠳᠠᠯᠭ᠎ᠠ  ᠳᠤᠷᠠᠳᠴᠤ᠂ ᠦᠨᠳᠦᠰᠦᠨ ᠱᠠᠲᠤᠨ ᠤ ᠠᠰᠠᠭᠤᠳᠠᠯ ᠢ ᠰᠢᠢᠳᠪᠦᠷᠢᠯᠡᠬᠦ᠂ ᠵᠥᠷᠢᠴᠡᠯ ᠢ ᠠᠷᠢᠯᠭᠠᠬᠤ ᠴᠢᠳᠠᠪᠤᠷᠢ ᠪᠤᠯᠤᠨ  ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠵᠥᠷᠢᠴᠡᠯ ᠬᠤᠷᠴᠠᠳᠴᠤ ᠲᠡᠰ ᠳᠡᠪᠰᠢᠬᠦ ᠶᠢ ᠪᠦᠲᠦᠮᠵᠢᠲᠡᠶ ᠪᠠᠷ  ᠰᠡᠷᠭᠡᠶᠢᠯᠡᠪᠡ᠃ ᠭᠤᠷᠪᠠ ᠳᠤ ︽ᠳᠤᠷᠤᠭᠰᠢ ᠪᠠᠭᠤᠵᠤ︾᠂ ᠰᠢᠮᠳᠠᠭᠤᠯᠤᠨ ᠪᠠᠶᠢᠴᠠᠭᠠᠬᠤ ᠪᠠᠷ ᠳᠠᠮᠵᠢᠭᠤᠯᠤᠨ  ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠢ ᠤᠯᠠᠨᠲᠠ  ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠬᠦᠨᠵᠡᠭᠡᠶᠢᠷᠡᠭᠦᠯᠦᠨ ᠵᠢᠯᠤᠭᠤᠳᠤᠨ ᠪᠠᠶᠢᠴᠠᠭᠠᠵᠤ᠂ ᠠᠰᠠᠭᠤᠳᠠᠯ ᠢ  ᠪᠦᠲᠦᠮᠵᠢᠲᠡᠶ ᠰᠢᠢᠳᠪᠦᠷᠢᠯᠡᠪᠡ᠃ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠨ   ᠰᠢᠶᠳᠪᠦᠷᠢᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠳᠤᠷᠢᠳᠬᠤ ᠺᠠᠳ᠋ᠷ ᠤᠨ ᠰᠤᠷᠪᠤᠯᠵᠢᠯᠠᠯ ᠬᠦᠯᠢᠶᠡᠨ ᠠᠪᠬᠤ  ᠂ ᠳᠣᠷᠣᠭᠰᠢ ᠰᠤᠷᠪᠤᠯᠵᠢᠯᠠᠬᠤ ᠪᠠ ᠬᠡᠷᠡᠭ ᠢ ᠳᠠᠭᠠᠭᠠᠨ ᠠᠪᠬᠤ ᠬᠠᠷᠢᠭᠤᠴᠠᠯᠭ᠎ᠠ ᠶᠢ ᠨᠢ ᠪᠦᠲᠦᠮᠵᠢᠲᠠᠢ ᠪᠠᠷ  ᠴᠢᠩᠭᠠᠳᠬᠠᠵᠤ᠂ ᠦᠯᠡᠮᠵᠢ ᠤᠯᠠᠨ ᠦᠯᠡᠳᠡᠭᠳᠡᠮᠡᠯ ᠬᠡᠷᠡᠭ ᠪᠤᠯᠤᠨ ᠬᠦᠴᠢᠷ ᠲᠦᠪᠡᠭᠲᠠᠢ ᠬᠡᠷᠡᠭ ᠢ ᠰᠢᠢᠳᠪᠦᠷᠢᠯᠡᠪᠡ᠃           ᠬᠥᠲᠥᠯᠥᠭᠴᠢ᠄       ᠣᠶᠢᠯᠠᠭᠠᠭᠰᠠᠨ ᠢᠶᠠᠷ᠂ ᠮᠠᠨ ᠤ ᠣᠷᠣᠨ ︽ᠳᠦᠷᠪᠡᠨ ᠳᠠᠩᠰᠠ ᠲᠦᠷᠪᠡᠨ ᠲᠤᠲᠤᠷᠬᠠᠢ ︾ ᠲᠣᠭᠲᠠᠴᠠ ᠶᠢ  ᠪᠠᠶᠢᠭᠤᠯᠤᠨ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠤᠳ ᠢ ᠰᠢᠢᠳᠪᠦᠷᠢᠯᠵᠤ ᠮᠠᠰᠢ ᠰᠠᠶᠢᠨ ᠦᠷ᠎ᠡ  ᠪᠦᠲᠦᠮᠵᠢ ᠤᠯᠤᠭᠰᠠᠨ ᠪᠠᠶᠢᠨ᠎ᠠ᠂ ᠤᠳᠤᠬᠠᠨ ᠤ ᠲᠣᠭᠲᠠᠴᠠ ᠶᠢ ᠬᠡᠷᠡᠭᠵᠢᠬᠦᠯᠦᠭᠰᠡᠨ ᠦᠷ᠎ᠡ ᠪᠦᠲᠦᠭᠡᠯ ᠢ  ᠲᠠᠨᠢᠯᠴᠠᠭᠤᠯᠤᠭᠠᠳ ᠥᠭᠭᠦᠨ᠎ᠡ ᠤᠤ︖           ᠵᠠᠩ ᠶᠢᠨ ᠫᠢᠩ᠄       ︽ᠲᠤᠶᠢᠷᠪᠡᠠ ᠨᠠᠷᠢᠨ ᠳᠠᠩᠰᠠ ᠲᠦᠷᠪᠡᠨ ᠲᠤᠲᠤᠷᠬᠠᠢ︾ ᠲᠣᠭᠲᠠᠴᠠ ᠨᠢ ᠳᠠᠷᠤᠶ ᠲᠤᠰ ᠭᠠᠵᠠᠷ  ᠣᠷᠣᠨ ᠤ ᠪᠠᠨ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠤᠳ ᠢ ᠳᠠᠷᠠᠭᠠᠯᠠᠨ ᠪᠠᠶᠢᠴᠠᠭᠠᠨ ᠤᠶᠢᠯᠠᠭᠠᠵᠤ᠂  ︽ᠳᠥᠷᠪᠡᠨ ᠨᠠᠷᠢᠨ ᠲᠠᠩᠰᠠ︾ ᠶᠢ ᠲᠦᠷᠦᠯ ᠬᠤᠪᠢᠶᠠᠨ ᠪᠠᠶᠢᠭᠤᠯᠤᠭᠰᠠᠨ ᠤ ᠬᠠᠮᠲᠤ ᠨᠠᠷᠢᠨ ᠳᠠᠩᠰᠠ ᠲᠠᠢ  ᠬᠠᠷᠭᠤᠭᠤᠯᠤᠨ ᠨᠠᠷᠢᠨ ᠳᠠᠩᠰᠠ ᠶᠢᠨ ︽ᠲᠦᠷᠪᠡᠨ ᠲᠤᠲᠤᠷᠬᠠᠢ︾ ᠱᠠᠭᠠᠷᠳᠠᠯᠭ᠎ᠠ ᠶᠣᠰᠣᠭᠠᠷ᠂ ᠠᠵᠢᠯ ᠢᠶᠠᠨ  ᠯᠠᠪᠳᠠᠭᠤᠨ ᠪᠠᠲᠤᠲᠠᠶ ᠪᠠᠷ ᠦᠷᠨᠢᠬᠦᠯᠵᠤ᠂ ᠠᠰᠠᠭᠤᠳᠠᠯ ᠰᠢᠶᠳᠪᠦᠷᠢᠯᠡᠬᠦ ᠶᠢ ᠠᠬᠢᠭᠤᠯᠤᠭᠰᠠᠨ ᠪᠠᠶᠢᠨ᠎ᠠ᠃ ︽ᠳᠦᠷᠪᠡᠨ  ᠨᠠᠷᠢᠨ ᠳᠠᠩᠰᠠ︾ ᠭᠡᠳᠡᠭ ᠨᠢ ᠵᠦᠢ ᠵᠤᠬᠢᠰᠲᠠᠢ ᠭᠤᠮᠤᠳᠠᠯ ᠲᠤᠭᠠᠴᠢᠬᠤ ᠨᠠᠷᠢᠨ ᠳᠠᠩᠰᠠ᠂ ᠰᠤᠷᠭᠠᠨ ᠬᠦᠮᠦᠵᠢᠭᠦᠯᠦᠨ  ᠵᠢᠯᠤᠭᠤᠳᠬᠤ ᠨᠠᠷᠢᠨ ᠳᠠᠩᠰᠠ᠂ ᠬᠠᠪᠰᠤᠷᠤᠨ ᠲᠡᠳᠬᠦᠵᠤ ᠲᠡᠩᠭᠡᠷᠡᠬᠦᠯᠦᠨ ᠲᠤᠰᠠᠯᠠᠬᠤ ᠨᠠᠷᠢᠨ ᠳᠠᠩᠰᠠ ᠪᠤᠯᠤᠨ  ᠬᠠᠤᠯᠢ ᠶᠤᠰᠤᠭᠠᠷ ᠰᠢᠢᠳᠪᠦᠷᠢᠯᠡᠬᠦ ᠨᠠᠷᠢᠨ ᠳᠠᠩᠰᠠ ᠶᠢ ᠵᠢᠭᠠᠵᠤ ᠪᠤᠢ᠃ ︽ᠳᠦᠷᠪᠡᠨ ᠲᠤᠲᠤᠷᠬᠠᠢ︾ ᠬᠡᠳᠡᠭ ᠨᠢ  ᠰᠠᠭᠤᠷᠢ ᠲᠤᠭ᠎ᠠ ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ᠂ ᠠᠷᠭ᠎ᠠ ᠬᠡᠮᠵᠢᠶ᠎ᠡ  ᠨᠢ ᠲᠣᠳᠣᠷᠬᠠᠶ ᠪᠤᠯᠤᠨ  ᠦᠷ᠎ᠡ ᠳ᠋ᠦᠡᠭ ᠨᠢ ᠲᠤᠲᠤᠷᠬᠠᠢ ᠪᠠᠶᠢᠬᠤ ᠶᠢ ᠵᠢᠭᠠᠵᠤ ᠪᠤᠢ᠃ 2016 ᠣᠨ ᠳᠤ᠂ ᠪᠢᠳᠡ ᠵᠠᠬᠢᠳᠠᠯ  ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠨᠡᠶᠢᠲᠡ ᠬᠤᠶᠠᠷ ᠤᠳᠠᠭ᠎ᠠ ᠡᠮᠬᠢᠳᠭᠡᠨ ᠲᠤᠰᠢᠶᠠᠨ ᠰᠢᠢᠳᠪᠦᠷᠢᠯᠡᠬᠦᠯᠵᠤ  ᠂ ᠡᠯ᠎ᠡ ᠭᠠᠵᠠᠷ ᠲᠤ ︽ᠭᠤᠷᠪᠠ ᠶᠢ ᠨᠠᠶᠢᠳᠠᠪᠤᠷᠢᠵᠢᠭᠤᠯᠵᠤ᠂ ᠨᠢᠭᠡ ᠶᠢ ᠰᠢᠶᠳᠪᠦᠷᠢᠯᠡᠬᠦ︾ ᠱᠠᠭᠠᠷᠳᠠᠯᠭ᠎ᠠ ᠶᠣᠰᠣᠭᠠᠷ᠂  ︽ᠲᠦᠷᠪᠡᠨ ᠨᠠᠷᠢᠨ ᠳᠠᠩᠰᠠ︾ ᠶᠢ ᠪᠠᠶᠢᠭᠤᠯᠵᠤ᠂ ᠨᠠᠷᠢᠨ ᠳᠠᠩᠰᠠ ᠨᠢᠭᠡᠪᠦᠷᠢ ᠳᠤ ︽ᠳᠦᠷᠪᠡᠨ ᠲᠤᠲᠤᠷᠬᠠᠢ︾ ᠶᠢ  ᠪᠡᠶᠡᠯᠡᠬᠦᠯᠬᠦ ᠬᠡᠷᠡᠭᠲᠠᠢ ᠬᠡᠵᠤ ᠱᠠᠭᠠᠷᠳᠠᠪᠠ᠂ ᠨᠢᠭᠡ ᠵᠢᠯ ᠤᠨ ᠲᠤᠷᠰᠢ᠂ ᠡᠯ᠎ᠡ ᠭᠠᠵᠠᠷ ᠤᠨ ︽ᠳᠦᠷᠪᠡᠨ ᠨᠠᠷᠢᠨ  ᠲᠠᠩᠰᠠ︾ ᠶᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠤᠨ 97.1% ᠳᠤᠨᠢ ︽ᠳᠦᠷᠪᠡᠨ ᠲᠤᠲᠤᠷᠬᠠᠢ︾ ᠶᠢ  ᠪᠡᠶᠡᠯᠡᠭᠦᠯᠵᠦ᠂ ᠤᠯᠠᠨ ᠲᠦᠮᠡᠨ ᠤ ᠲᠤᠰᠬᠠᠯ ᠶᠡᠬᠡᠲᠠᠢ ᠪᠡᠷᠭᠡ ᠠᠰᠠᠭᠤᠳᠠᠯ ᠤᠳ ᠢ ᠠᠷᠢᠯᠭᠠᠬᠤ ᠶᠢ ᠲᠦᠯᠬᠢᠨ  ᠠᠬᠢᠭᠤᠯᠪᠠ᠃           ᠬᠥᠲᠥᠯᠥᠭᠴᠢ᠄      ᠵᠥᠪ ᠲᠠᠯ᠎ᠠ ᠶᠢᠨ ᠨᠥᠯᠥᠭᠡᠯᠡᠬᠦ ᠬᠦᠴᠦᠨ ᠢ ᠤᠯᠠᠮᠵᠢᠯᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ  ᠭᠤᠮᠣᠳᠠᠯ ᠱᠠᠭᠠᠷᠳᠠᠯᠭ᠎ᠠ ᠪᠠᠨ ᠲᠤᠰᠬᠠᠬᠤ ᠳᠤ ᠳᠦᠭᠦᠮ ᠦᠵᠡᠭᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ  ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠵᠠᠬᠢᠳᠠᠯ ᠰᠤᠷᠪᠤᠯᠵᠢᠯᠠᠯ ᠤᠨ ᠰᠢᠨ᠎ᠡ ᠵᠠᠭᠤᠴᠢᠯᠠᠭᠤᠷ ᠨᠤᠭᠤᠳ ᠢ  ᠪᠠᠶᠢᠭᠤᠯᠪᠠ᠂ ᠲᠡᠭᠡᠪᠡᠯ ᠵᠠᠬᠢᠳᠠᠯ ᠰᠤᠷᠪᠤᠯᠵᠢᠯᠠᠯ ᠤᠨ ᠤᠬᠠᠭᠤᠯᠭ᠎ᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ  ᠣᠯᠤᠭᠰᠠᠨ ᠪᠤᠢ︖           ᠵᠠᠩ ᠶᠢᠨ ᠫᠢᠩ᠄       2016 ᠤᠨ ᠤ ᠵᠢᠯ ᠤᠨ ᠡᠬᠢᠨ ᠳᠤ᠂ ᠪᠢᠳᠡ ᠵᠠᠬᠢᠳᠠᠯ ᠰᠤᠷᠪᠤᠯᠵᠢᠯᠠᠯ ᠤᠨ ᠰᠢᠨ᠎ᠡ ᠵᠠᠭᠤᠴᠢᠯᠠᠭᠤᠷ ᠤᠨ  ᠲᠤᠮᠤ ᠵᠢᠭᠰᠠᠭᠠᠯ ᠢ ᠪᠠᠶᠢᠭᠤᠯᠵᠤ᠂ ᠥᠪᠥᠷ ᠮᠣᠩᠭᠤᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠨᠡᠷ᠎ᠡ ᠶᠢᠨ  ᠬᠠᠭᠤᠳᠠᠰᠤ ᠶᠢ ᠴᠤᠭᠴᠠᠯᠠᠬᠤ ᠪᠠᠷ ᠳᠤᠷᠠᠳᠪᠠ᠃ 2016 ᠣᠨ ᠳᠤ᠂ ᠥᠪᠥᠷ ᠮᠣᠩᠭᠤᠯ ᠤᠨ ᠵᠠᠬᠢᠳᠠᠯ  ᠰᠤᠷᠪᠤᠯᠵᠢᠯᠠᠯ ᠤᠨ ᠭᠤᠷᠪᠠᠨ ᠱᠠᠲᠤᠨ ᠤ ᠸᠢᠴᠠᠲ ᠤᠨ ᠤᠯᠠᠨ ᠨᠡᠶᠢᠲᠡ ᠶᠢᠨ ᠵᠢᠷᠬᠢᠬᠡ ᠨᠡᠶᠢᠲᠡ ᠵᠢᠷᠭᠤᠭᠠᠨ ᠲᠦᠮᠡ  ᠭᠠᠷᠤᠶ ᠮᠡᠳᠡᠭᠡ ᠵᠠᠩᠭᠢ ᠶᠢ ᠨᠡᠶᠢᠲᠡᠯᠡᠵᠤ᠂ ᠤᠩᠰᠢᠯᠭ᠎ᠠ ᠶᠢᠨ ᠬᠡᠮᠵᠢᠶ᠎ᠡ ᠲᠠᠪᠤᠨ ᠵᠠᠭᠤᠨ ᠲᠦᠮᠡᠨ ᠬᠥᠮᠦᠨ ᠤᠳᠠᠭ᠎ᠠ ᠳᠤ  ᠬᠦᠷᠴᠦ᠂ ᠨᠡᠶᠢᠭᠡᠮ ᠨᠡᠶᠢᠲᠡ ᠶᠢᠨ ᠬᠢᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠠᠯ᠎ᠠ ᠪᠠᠷ ᠬᠢ ᠣᠶᠢᠯᠠᠭᠠᠯᠲᠠ ᠶᠢ   ᠨᠢ ᠪᠦᠲᠦᠮᠵᠢᠲᠡᠶ ᠨᠡᠮᠡᠭᠳᠡᠭᠦᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠨᠡᠶᠢᠭᠡᠮ ᠨᠡᠶᠢᠲᠡ ᠳᠠᠬᠢ ᠨᠥᠯᠥᠭᠡᠯᠡᠬᠦ  ᠬᠦᠴᠦᠨ ᠢ ᠶᠡᠬᠡᠪᠡᠷ ᠳᠡᠭᠡᠭᠰᠢᠯᠡᠭᠦᠯᠦᠭᠰᠡᠨ ᠪᠠᠶᠢᠨ᠎ᠠ᠃ ︽ᠥᠪᠥᠷ ᠮᠣᠩᠭᠤᠯ ᠤᠨ ᠵᠠᠬᠢᠳᠠᠯ ᠰᠤᠷᠪᠤᠯᠵᠢᠯᠠᠯ︾  ᠸᠢᠴᠠᠲ ᠤᠨ ᠤᠯᠠᠨ ᠨᠡᠶᠢᠲᠡ ᠶᠢᠨ ᠵᠢᠷᠬᠢᠭᠡ ᠶᠢᠨ ᠲᠣᠪᠶᠤᠭ ᠲᠤ ︽ᠭᠠᠷ ᠤᠲᠠᠰᠤ ᠶᠢᠨ ᠵᠠᠬᠢᠳᠠᠯ ᠰᠤᠷᠪᠤᠯᠵᠢᠯᠠᠯ︾  ᠤᠨ ᠪᠤᠯᠤᠩ ᠢ ᠲᠤᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ  ᠰᠤᠷᠪᠤᠯᠵᠢᠯᠠᠯ ᠤᠨ ᠲᠤᠪᠴᠢᠶ᠎ᠠ ᠶᠢᠨ ᠫᠤᠷᠲ᠋ᠧᠯ ᠰᠦᠯᠵᠢᠶ᠎ᠡ ᠶᠢᠨ ︽ᠰᠦᠯᠵᠢᠶᠡᠨ ᠳᠡᠭᠡᠷ᠎ᠡ ᠭᠤᠮᠤᠳᠠᠯ ᠲᠤᠭᠠᠴᠢᠬᠤ︾  ᠪᠤᠯᠤᠩ ᠲᠠᠢ ᠴᠦᠷᠭᠡᠯᠡᠵᠤ᠂ ᠥᠷᠭᠡᠨ ᠤᠯᠠᠨ ᠲᠦᠮᠡᠨ ᠭᠡᠷ ᠠᠴᠠ ᠪᠠᠨ ᠭᠠᠷᠬᠤ ᠦᠭᠡᠢ ᠪᠠᠷ ᠲᠤᠶ᠋ᠢᠭᠤᠷ ᠢᠶᠠᠨ  ᠳᠠᠷᠤᠵᠤ ᠸᠢᠴᠠᠲ ᠲᠤ ᠭᠠᠷᠪᠠᠯ ᠳᠠᠷᠤᠢ ᠭᠤᠮᠤᠳᠠᠯ ᠰᠠᠨᠠᠭᠤᠯᠭ᠎ᠠ ᠪᠠᠨ ᠳᠤᠷᠠᠳᠴᠦ ᠪᠤᠯᠬᠤ ᠪᠤᠯᠭᠠᠪᠠ᠂ ᠰᠢᠶᠳᠪᠦᠷᠢᠯᠡᠬᠦ  ᠶᠠᠪᠤᠴᠠ ᠶᠢ ᠮᠥᠷᠳᠡᠨ ᠤᠯᠠᠨ ᠲᠦᠮᠡᠨ ᠳᠤ ᠲᠦᠭᠦᠮ ᠦᠵᠡᠭᠦᠯᠵᠤ᠂ ᠠᠵᠢᠯ ᠤᠨ ᠶᠠᠰᠤ ᠴᠢᠨᠠᠷ ᠪᠤᠯᠤᠨ ᠦᠷ᠎ᠡ  ᠪᠦᠲᠦᠮᠵᠢ ᠶᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃ ᠲᠡᠷᠡᠴᠢᠯᠡᠨ ᠪᠦᠬᠦ ᠣᠷᠣᠨ ᠤ ᠭᠤᠷᠪᠠᠨ ᠱᠠᠲᠤᠨ ᠤ  ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ︽ᠦᠨᠦᠳᠦᠷ ᠤᠨ ᠴᠢᠬᠤᠯᠠ ᠮᠡᠳᠡᠭᠡ︾ ᠳᠤ ᠲᠥᠪᠯᠡᠷᠡᠨ ᠤᠷᠤᠵᠤ᠂  ᠵᠠᠬᠢᠳᠠᠯ ᠰᠤᠷᠪᠤᠯᠵᠢᠯᠠᠯ ᠤᠨ ᠤᠬᠠᠭᠤᠯᠭ᠎ᠠ ᠶᠢᠨ ᠨᠥᠯᠥᠭᠡ ᠶᠢ ᠤᠯᠠᠮ ᠨᠢᠭᠡ ᠠᠯᠬᠤᠮ ᠥᠷᠭᠡᠳᠬᠡᠵᠦ᠂ ᠵᠠᠬᠢᠳᠠᠯ  ᠰᠤᠷᠪᠤᠯᠵᠢᠯᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠤᠯᠠᠮ ᠨᠢᠭᠡ ᠠᠯᠬᠤᠮ  ᠳᠤᠪᠤᠶᠢᠯᠭᠠᠭᠰᠠᠨ ᠪᠠᠶᠢᠨ᠎ᠠ᠃           ᠬᠦᠲᠦᠯᠦᠭᠴᠢ᠄       ᠮᠠᠨ ᠤ ᠣᠷᠣᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠂ ᠨᠡᠶᠢᠭᠡᠮ ᠤᠨ ᠲᠥᠪ  ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠲᠠᠯ᠎ᠠ ᠪᠠᠷ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠤᠭᠰᠠᠨ  ᠪᠤᠢ︖           ᠵᠠᠩ ᠶᠢᠨ ᠫᠢᠩ᠄       ᠥᠪᠡᠷᠲᠡᠭᠡᠨ ᠵᠠᠰᠠᠬᠤ ᠣᠷᠣᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠯᠪᠤᠭᠠᠲᠤ ᠬᠤᠷᠠᠯ ᠢ ᠤᠯᠠᠨ  ᠤᠳᠠᠭ᠎ᠠ ᠬᠤᠷᠠᠯᠳᠤᠭᠤᠯᠵᠤ᠂ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ  ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠲᠤᠤᠱᠯᠠᠭᠤᠯᠵᠤ᠂ ᠠᠵᠢᠯ ᠤᠨ ᠰᠡᠳᠬᠢᠴᠡ ᠶᠢ ᠲᠣᠭᠲᠠᠭᠠᠨ᠂  ᠤᠳᠤᠷᠢᠳᠬᠤ ᠺᠠᠳ᠋ᠷ ᠰᠤᠷᠪᠤᠯᠵᠢᠯᠠᠯ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ᠂ ᠤᠳᠤᠷᠢᠳᠤᠯᠭ᠎ᠠ  ᠬᠡᠷᠡᠭ ᠢ ᠳᠠᠭᠠᠴᠢᠯᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠶᠠᠪᠤᠳᠠᠯ ᠢ ᠲᠥᠪᠯᠡᠷᠡᠭᠦᠯᠦᠨ  ᠢᠯᠭᠠᠷᠠᠭᠤᠯᠵᠦ ᠲᠤᠰᠢᠶᠠᠨ ᠰᠢᠢᠳᠪᠦᠷᠢᠯᠡᠭᠦᠯᠬᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠦᠷᠦ ᠶᠢᠨ  ᠪᠤᠳᠤᠯᠭ᠎ᠠ ᠶᠢᠨ ᠲᠠᠯ᠎ᠠ ᠪᠠᠷ ᠪᠦᠯᠦᠭᠴᠢᠯᠡᠨ ᠠᠷᠢᠯᠭᠠᠬᠤ ᠵᠡᠷᠭᠡ ᠠᠷᠭ᠎ᠠ ᠬᠡᠮᠵᠢᠶ᠎ᠡ ᠶᠢ ᠲᠥᠯᠬᠢᠨ ᠠᠬᠢᠭᠤᠯᠬᠤ ᠪᠠᠷ  ᠳᠠᠮᠵᠢᠵᠤ᠂ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠪᠡ᠃ ᠤᠷᠲᠤ  ᠬᠤᠭᠤᠴᠠᠭᠠᠨ ᠤ ᠴᠤᠴᠠᠯᠲᠠ ᠦᠭᠡᠢ ᠴᠢᠷᠮᠠᠶᠢᠯᠭ᠎ᠠ ᠪᠠᠷ ᠳᠠᠮᠵᠢᠨ᠂ ᠪᠦᠬᠦ ᠣᠷᠣᠨ ᠤ ᠭᠤᠷᠪᠠᠨ ᠱᠠᠲᠤᠨ ᠤ ᠵᠠᠬᠢᠳᠠᠯ  ᠰᠤᠷᠪᠤᠯᠵᠢᠯᠠᠯ ᠤᠨ ᠶᠡᠷᠦᠩᠬᠡᠶ ᠬᠡᠮᠵᠢᠶ᠎ᠡ ᠵᠢᠯ ᠳᠠᠷᠠᠭᠠᠯᠠᠨ ᠶᠡᠭᠡ ᠬᠡᠮᠵᠢᠶ᠎ᠡ ᠪᠠᠷ ᠪᠠᠭᠤᠷᠠᠵᠤ᠂ ᠵᠠᠬᠢᠳᠠᠯ ︵ᠰᠦᠯᠵᠢᠶ᠎ᠡ︶  ᠤᠨ ᠰᠤᠷᠪᠤᠯᠵᠢᠯᠠᠯ ᠢᠯᠡᠳᠲᠡ ᠬᠠᠰᠤᠭᠳᠠᠵᠤ᠂ ᠵᠠᠬᠢᠳᠠᠯ ᠰᠤᠷᠪᠤᠯᠵᠢᠯᠠᠯ ᠤᠨ ᠪᠦᠲᠦᠴᠡ ᠰᠢᠯᠢᠳᠡᠭᠵᠢᠪᠡ᠃ ᠥᠪᠡᠷᠲᠡᠭᠡᠨ ᠵᠠᠰᠠᠬᠤ ᠣᠷᠣᠨ ᠤ ᠬᠤᠯᠪᠤᠭᠠᠲᠤ ᠬᠤᠷᠠᠯ ᠨᠢ ᠵᠢᠯ ᠪᠦᠷᠢ ᠵᠠᠬᠢᠳᠠᠯ ᠰᠤᠷᠪᠤᠯᠵᠢᠯᠠᠯ ᠤᠨ ︽ᠴᠡᠪᠡᠷ  ᠬᠡᠷᠡᠭ︾ ᠢ ᠲᠥᠪᠯᠡᠷᠡᠩᠭᠦᠢ ᠪᠠᠷ ᠳᠣᠷᠣᠭᠰᠢ ᠡᠮᠬᠢᠯᠡᠨ ᠲᠤᠰᠢᠶᠠᠨ ᠰᠢᠢᠳᠪᠦᠷᠢᠯᠡᠭᠦᠯᠵᠦ ᠂ ᠡᠯ᠎ᠡ ᠭᠠᠵᠠᠷ ᠡᠯ᠎ᠡ ᠰᠠᠯᠠᠭ᠎ᠠ  ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠪᠦᠲᠦᠮᠵᠢᠲᠡᠶ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠳᠠᠷᠤᠭᠳᠠᠬᠤ  ᠲᠤᠭ᠎ᠠ ᠬᠡᠮᠵᠢᠶ᠎ᠡ ᠶᠢ ᠪᠠᠭᠠᠰᠬᠠᠪᠠ᠃ ᠲᠡᠷᠡᠴᠢᠯᠡᠨ ᠪᠡᠯᠡ ᠮᠦᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠣᠯᠠᠨ  ᠵᠢᠯ ᠤᠨ ᠲᠤᠷᠰᠢᠳᠠ ᠬᠤᠷᠠᠮᠳᠤᠭᠰᠠᠨ ᠣᠨᠴᠣᠭᠤᠢ ᠲᠦᠪᠡᠭ ᠮᠠᠳᠠᠭ ᠲᠠᠢ ᠨᠠᠷᠢᠨ ᠪᠤᠳᠤᠯᠢᠶᠠᠨᠲᠠᠶ ᠵᠠᠬᠢᠳᠠᠯ  ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠡᠳ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ  ᠬᠠᠮᠠᠭᠠᠯᠠᠪᠠ᠃           ᠬᠦᠲᠦᠯᠦᠭᠴᠢ᠄       ᠮᠠᠨ ᠤ ᠣᠷᠣᠨ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ  ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖           ᠵᠠᠩ ᠶᠢᠨ ᠫᠢᠩ᠄       ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠯ ᠶᠡᠷᠦ ᠠᠴᠠ ᠥᠪᠥᠷ ᠮᠣᠩᠭᠤᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠭᠤᠣᠯᠳᠠᠯᠭ᠎ᠠ ᠪᠣᠯᠣᠭᠰᠠᠭᠠᠷ ᠢᠷᠡᠪᠡ ᠂ ᠪᠢᠳᠡ ᠤᠯᠠᠨ  ᠵᠢᠯ ᠤᠨ ᠲᠤᠷᠰᠢ ᠦᠨᠳᠦᠰᠦᠨ ᠱᠠᠲᠤᠨ ᠤ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠶᠢ ᠢᠮᠠᠭᠲᠠ  ᠴᠥᠬᠦᠷᠡᠰᠢ ᠦᠭᠡᠢ ᠪᠠᠷᠢᠮᠳᠠᠯᠠᠭᠰᠠᠨ ᠪᠥᠭᠡᠳ ᠬᠠᠲᠠᠭᠤ ᠳᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂  ᠠᠵᠢᠯᠲᠠᠨ ᠤ ᠲᠣᠬᠢᠷᠠᠭᠤᠯᠤᠯᠲᠠ ᠵᠡᠷᠭᠡ ᠲᠠᠯ᠎ᠠ ᠪᠠᠷ ᠮᠠᠰᠢ ᠤᠯᠠᠨ ᠬᠦᠴᠦᠲᠡᠶ ᠠᠷᠭ᠎ᠠ ᠬᠡᠮᠵᠢᠶ᠎ᠡ ᠳᠤᠷᠠᠳᠤᠭᠰᠠᠨ  ᠪᠠᠶᠢᠨ᠎ᠠ᠃       ᠨᠢᠭᠡ ᠳᠤ ᠡᠯ᠎ᠡ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ  ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠣᠷᠴᠢᠨ ᠲᠣᠭᠤᠷᠢᠨ ᠪᠣᠯᠣᠨ ᠨᠥᠬᠦᠴᠡᠯ ᠢ ᠤᠯᠠᠮ ᠰᠠᠶᠢᠵᠢᠷᠠᠭᠤᠯᠵᠤ᠂  ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠳᠦᠷᠪᠡᠨ ᠱᠠᠲᠤᠨ ᠤ ᠤᠯᠠᠨ ᠲᠦᠮᠡᠨ ᠤ ᠠᠵᠢᠯ ᠤᠨ  ᠲᠣᠣᠷ ᠰᠦᠯᠵᠢᠶ᠎ᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠢᠶᠠᠨ ᠬᠠᠮᠤᠭ ᠤᠨ  ᠦᠨᠳᠦᠰᠦᠨ ᠱᠠᠲᠤᠨ ᠳᠤ ᠬᠦᠷᠲᠡᠯ᠎ᠡ ᠥᠷᠭᠡᠳᠬᠡᠵᠦ᠂ ᠶᠡᠭᠡ ᠬᠡᠮᠵᠢᠶᠡᠨ ᠤ ᠵᠥᠷᠢᠴᠡᠯ ᠵᠢᠭᠤᠷᠠᠯᠳᠤᠭᠠᠨ ᠪᠣᠯᠣᠨ  ᠠᠰᠠᠭᠤᠳᠠᠯ ᠤᠨ ᠲᠡᠯᠳᠠ ᠭᠡᠮ ᠢ ᠦᠨᠳᠦᠰᠦᠨ ᠱᠠᠲᠤᠨ ᠳᠤᠨᠢ ᠰᠡᠷᠭᠡᠶᠢᠯᠡᠵᠦ᠂ ᠬᠠᠷᠢᠶ᠎ᠠ ᠭᠠᠵᠠᠷ ᠲᠤᠨᠢ  ᠰᠢᠢᠳᠪᠦᠷᠢᠯᠡᠪᠡ᠃       ᠬᠤᠶᠠᠷ ᠲᠤ ᠵᠠᠬᠢᠳᠠᠯ ᠰᠤᠷᠪᠤᠯᠵᠢᠯᠠᠯ ᠤᠨ ᠠᠵᠢᠯᠯᠠᠬᠤ ᠡᠳᠦᠷ ᠤᠨ ᠳᠦᠷᠢᠮ ᠢ ᠦᠷᠭᠦᠯᠵᠢᠯᠡᠨ ᠪᠠᠷᠢᠮᠲᠠᠯᠠᠵᠤ᠂  ᠡᠯ᠎ᠡ ᠱᠠᠲᠤᠨ ᠤ ᠤᠳᠤᠷᠢᠳᠬᠤ ᠺᠠᠳ᠋ᠷ ᠤᠨ ᠰᠤᠷᠪᠤᠯᠵᠢᠯᠠᠯ ᠬᠦᠯᠢᠶᠡᠨ ᠠᠪᠬᠤ ᠪᠠ ᠳᠣᠷᠣᠭᠰᠢ ᠪᠠᠭᠤᠵᠤ  ᠰᠤᠷᠪᠤᠯᠵᠢᠯᠠᠬᠤ ᠶᠢ ᠨᠢ ᠬᠡᠪ ᠤᠨ ᠪᠠᠶᠢᠳᠠᠯ ᠪᠣᠯᠭᠠᠵᠤ᠂ ᠠᠵᠢᠯ ᠤᠨ ᠡᠷᠬᠡ ᠶᠢᠨ ᠬᠡᠪᠴᠢᠶᠡᠨ ᠳᠠᠬᠢ ᠨᠢᠭᠡ ᠪᠦᠯᠦᠭ  ᠲᠦᠪᠡᠭ ᠮᠠᠳᠠᠭ ᠲᠠᠢ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠪᠡ᠃           ᠭᠤᠷᠪᠠ ᠳᠤ ︽ᠭᠤᠷᠪᠠ ᠦᠬᠡᠢ︾ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ  ᠥᠷᠨᠢᠭᠦᠯᠵᠦ᠂ ᠦᠨᠳᠦᠰᠦᠨ ᠱᠠᠲᠤ ᠶᠢ ᠬᠥᠲᠥᠯᠥᠨ ᠵᠢᠯᠣᠭᠤᠳᠴᠤ ᠪᠠᠶᠢᠭᠠᠳ ᠦᠵᠡᠯᠲᠡ ᠲᠠᠨᠢᠯᠲᠠ ᠶᠢ ᠨᠢ ᠦᠨᠡᠨ  ᠬᠦ ᠬᠤᠪᠢᠷᠠᠭᠤᠯᠤᠨ᠂ ᠠᠵᠢᠯ ᠤᠨ ᠭᠤᠣᠯᠳᠠᠯᠭ᠎ᠠ ᠪᠠᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠠᠤᠯᠢ ᠶᠣᠰᠣᠭᠠᠷ  ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠶᠳᠪᠦᠷᠢᠯᠡᠬᠦ ᠳᠡᠭᠡᠷ᠎ᠡ ᠲᠥᠪᠯᠡᠷᠡᠭᠦᠯᠪᠡ᠃           ᠲᠦᠷᠪᠡ ᠳᠤ ᠵᠠᠬᠢᠳᠠᠯ ᠰᠤᠷᠪᠤᠯᠵᠢᠯᠠᠯ ᠤᠨ ᠰᠠᠭᠤᠷᠢ ᠲᠤᠬᠠᠶᠢᠯᠠᠭᠰᠠᠨ ᠠᠵᠢᠯ ᠤᠨ ᠬᠦᠯᠢᠶᠡᠨ ᠠᠪᠴᠤ  ᠰᠢᠶᠳᠪᠦᠷᠢᠯᠡᠬᠦ ᠬᠢᠷᠢ ᠲᠥᠪᠰᠢᠨ ᠢᠶᠠᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ ᠰᠢᠶᠳᠪᠦᠷᠢᠯᠡᠬᠦ ᠲᠣᠭᠲᠠᠭᠠᠯ ᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂  ᠠᠩᠬ᠎ᠠ ᠤᠳᠠᠭᠠᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠶᠳᠪᠦᠷᠢᠯᠡᠬᠦ ᠠᠴᠠ ᠭᠠᠷᠳᠠᠵᠤ᠂ ᠡᠯ᠎ᠡ  ᠵᠦᠢᠯ ᠤᠨ ᠲᠡᠰ ᠳᠠᠷᠠᠭᠠᠯᠠᠯ᠂ ᠪᠠᠷᠢᠮᠵᠢᠶ᠎ᠠ᠂ ᠬᠠᠷᠢᠭᠤᠴᠠᠯᠭ᠎ᠠ ᠪᠣᠯᠣᠨ ᠱᠠᠭᠠᠷᠳᠠᠯᠭ᠎ᠠ ᠶᠢ ᠨᠠᠷᠢᠯᠢᠭ ᠪᠣᠳᠣᠯᠬᠢᠯᠠᠵᠤ᠂  ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠬᠢᠭᠡᠳ ᠰᠢᠶᠳᠪᠦᠷᠢᠯᠡᠬᠦ ᠡᠷᠬᠡ ᠲᠠᠢ ᠪᠠᠶᠢᠭᠤᠯᠭ᠎ᠠ ᠯᠤᠭ᠎ᠠ ᠶᠢᠨ  ᠠᠵᠢᠯ ᠤᠨ ᠵᠣᠯᠭᠠᠯᠲᠠ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ  ᠰᠢᠶᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠴᠥᠮ ᠨᠢᠭᠲᠠ ᠬᠤᠯᠪᠤᠯᠳᠤᠭᠤᠯᠤᠨ᠂ ᠠᠵᠢᠯᠯᠠᠭᠠᠨ ᠢ ᠡᠮᠬᠢ  ᠵᠢᠷᠤᠮ ᠲᠠᠢ᠂ ᠨᠠᠷᠢᠨ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠪᠠ᠃           ᠲᠠᠪᠤ ᠳᠤ ᠵᠠᠬᠢᠳᠠᠯ ᠰᠤᠷᠪᠤᠯᠵᠢᠯᠠᠯ ᠤᠨ ᠰᠠᠭᠤᠷᠢ ᠲᠤᠬᠠᠶᠢᠯᠠᠭᠰᠠᠨ ᠠᠵᠢᠯ ᠢ ᠵᠢᠷᠤᠮᠵᠢᠭᠤᠯᠬᠤ  ᠪᠣᠯᠪᠠᠰᠤᠷᠠᠭᠤᠯᠤᠯ ᠢ ᠴᠢᠩᠭᠠᠳᠬᠠᠨ᠂ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯᠲᠠᠨ ᠤ  ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠣᠷᠣᠨ ᠤ ᠡᠯ᠎ᠡ  ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠰᠠᠭᠤᠷᠢ ᠲᠤᠬᠠᠶᠢᠯᠠᠭᠰᠠᠨ ᠠᠵᠢᠯ ᠤᠨ  ᠪᠠᠶᠢᠭᠤᠯᠤᠯᠲᠠ ᠶᠢ ᠠᠳᠬᠤᠬᠤ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢ ᠨᠢ ᠤᠯᠠᠮ ᠨᠢᠭᠡ ᠠᠯᠬᠤᠮ  ᠨᠡᠮᠡᠭᠳᠡᠭᠦᠯᠵᠦ᠂ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠨ᠂ ᠨᠡᠶᠢᠭᠡᠮ ᠤᠨ ᠵᠥᠷᠢᠴᠡᠯ ᠢ ᠠᠷᠢᠯᠭᠠᠬᠤ ᠳᠤ ᠪᠠᠲᠤ  ᠪᠠᠬᠢ ᠰᠠᠭᠤᠷᠢ ᠲᠠᠯᠪᠢᠵᠤ ᠥᠭᠪᠡ᠃           ᠬᠦᠲᠦᠯᠦᠭᠴᠢ᠄       2017 ᠣᠨ ᠳᠤ᠂ ᠮᠠᠨ ᠤ ᠣᠷᠣᠨ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ  ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠡᠷᠴᠢᠮᠲᠡᠢ ᠠᠷᠭ᠎ᠠ ᠬᠡᠮᠵᠢᠶ᠎ᠡ ᠪᠠᠶᠢᠬᠤ  ᠪᠤᠢ︖           ᠵᠠᠩ ᠶᠢᠨ ᠫᠢᠩ᠄       ᠨᠢᠭᠡ ᠳᠤ ︽ᠨᠠᠷᠠᠨ ᠭᠡᠷᠡᠯᠲᠦ ᠵᠠᠬᠢᠳᠠᠯ ᠰᠤᠷᠪᠤᠯᠵᠢᠯᠠᠯ︾ ᠢ ᠬᠥᠮᠦᠰ ᠤᠨ ᠰᠡᠳᠬᠢᠯ ᠳᠤ ᠨᠡᠩ ᠭᠦᠨ  ᠰᠠᠭᠤᠭᠳᠠᠭᠤᠯᠣᠨ᠎ᠠ᠃ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠨᠢ ᠬᠡᠳᠦᠨ  ᠵᠢᠯ ᠤᠨ ᠪᠦᠳᠦᠭᠡᠨ ᠪᠠᠶᠢᠭᠤᠯᠤᠯᠲᠠ ᠪᠣᠯᠣᠨ ᠪᠦᠷᠢᠨᠰᠢᠭᠦᠯᠦᠯᠲᠡ ᠪᠠᠷ ᠳᠠᠮᠵᠢᠨ᠂ ᠭᠤᠮᠣᠳᠠᠯ ᠲᠣᠭᠠᠴᠠᠯ ᠢ  ᠴᠤᠭᠯᠠᠭᠤᠯᠬᠤ᠂ ᠪᠠᠶᠢᠴᠠᠭᠠᠬᠤ᠂ ᠮᠥᠷᠳᠡᠬᠦ᠂ ᠬᠢᠨᠠᠯᠲᠠ ᠲᠠᠯᠪᠢᠬᠤ᠂ ᠦᠨᠡᠯᠡᠬᠦ ᠪᠠ ᠲᠤᠭ᠎ᠠ ᠪᠠᠷᠢᠮᠲᠠ ᠶᠢᠨ  ᠬᠡᠷᠡᠭᠯᠡᠯᠲᠡ ᠶᠢ ᠵᠠᠳᠠᠯᠬᠤ ᠶᠢ ᠨᠢᠭᠡ ᠴᠣᠭᠴᠠᠵᠢᠭᠤᠯᠤᠭᠰᠠᠨ ᠵᠠᠬᠢᠳᠠᠯ ᠰᠤᠷᠪᠤᠯᠵᠢᠯᠠᠯ ᠤᠨ ᠶᠡᠷᠦᠩᠬᠡᠶᠢᠯᠡᠭᠰᠡᠨ  ᠠᠵᠢᠯᠯᠠᠭᠠᠨ ᠤ ᠬᠠᠮᠢᠶᠠᠷᠤᠯᠲᠠ ᠶᠢᠨ ᠲᠠᠪᠴᠠᠩ ᠢ ᠪᠣᠢ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ  ᠠᠵᠢᠯ ᠪᠣᠯᠣᠨ ᠬᠠᠮᠢᠶᠠᠷᠤᠯᠲᠠ ᠶᠢᠨ ᠴᠣᠪᠤᠷᠠᠯ ᠢ ᠲᠣᠭᠠᠴᠢᠯᠠᠨ ᠨᠡᠶᠢᠯᠡᠭᠦᠯᠬᠦ ᠶᠢ ᠪᠡᠶᠡᠯᠡᠭᠦᠯᠪᠡ᠃ ᠲᠡᠷᠠᠭ᠎ᠠ ᠠᠯᠬᠤᠮ ᠳᠤ  ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠭᠦᠨᠵᠡᠭᠡᠶ ᠬᠡᠷᠡᠭᠯᠡᠯᠲᠡ ᠶᠢ ᠠᠬᠢᠭᠤᠯᠵᠤ᠂ ᠮᠡᠳᠡᠭᠡ  ᠵᠠᠩᠭᠢᠵᠢᠯᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠳᠤ ᠲᠤᠯᠭᠠᠭᠤᠷᠢᠯᠠᠬᠤ ᠪᠠ ᠪᠠᠲᠤᠯᠠᠬᠤ ᠦᠢᠯᠡᠳᠦᠯ ᠢ ᠨᠡᠩ  ᠰᠠᠶᠢᠲᠤᠷ ᠪᠠᠳᠠᠷᠠᠭᠤᠯᠤᠨ᠎ᠠ᠃ ᠲᠣᠣᠷ ᠰᠦᠯᠵᠢᠶ᠎ᠡ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ  ᠨᠡᠶᠢᠯᠡᠭᠦᠯᠵᠦ᠂ ᠤᠯᠠᠨ ᠲᠦᠮᠡᠨ ᠤ ᠵᠠᠬᠢᠳᠠᠯ ᠢᠷᠡᠭᠦᠯᠬᠦ᠂ ᠰᠤᠷᠪᠤᠯᠵᠢᠯᠠᠯ᠂ ᠰᠦᠯᠵᠢᠶᠡᠨ ᠳᠡᠭᠡᠷ᠎ᠡ ᠭᠤᠮᠣᠳᠠᠯ  ᠲᠣᠭᠠᠴᠢᠬᠤ᠂ ᠬᠠᠷᠠᠭᠠᠨ ᠳᠠᠪᠲᠠᠮᠵᠢ ᠶᠢᠨ ᠵᠠᠬᠢᠳᠠᠯ ᠰᠤᠷᠪᠤᠯᠵᠢᠯᠠᠯ ᠂ ᠤᠳᠤᠷᠢᠳᠤᠯᠭ᠎ᠠ ᠶᠢᠨ ᠵᠠᠬᠢᠳᠠᠯ ᠤᠨ ᠬᠠᠶᠢᠷᠴᠠᠭ  ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ ᠳᠤᠷᠠᠳᠤᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠪᠥᠬᠦᠨ ᠢ ᠵᠠᠬᠢᠳᠠᠯ  ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠣᠷᠤᠭᠤᠯᠵᠤ᠂ ᠦᠢᠯᠡᠳᠦᠯ ᠴᠢᠳᠠᠪᠤᠷᠢ ᠨᠢ ᠪᠦᠷᠢᠨ ᠪᠦᠭᠡᠳ  ᠡᠬᠢ ᠪᠠᠶᠠᠯᠢᠭ ᠢ ᠬᠠᠮᠲᠤᠪᠠᠷ ᠡᠳ᠋ᠯᠡᠬᠦ ︽ᠨᠢᠭᠡ ᠦᠷᠳᠡᠭᠡᠯᠢᠭ︾ ᠮᠠᠶ᠋ᠢᠭ ᠤᠨ ᠰᠦᠯᠵᠢᠶᠡᠨ ᠳᠡᠭᠡᠷᠡᠬᠢ ᠵᠠᠬᠢᠳᠠᠯ  ᠰᠤᠷᠪᠤᠯᠵᠢᠯᠠᠯ ᠢ ᠬᠦᠯᠢᠶᠠᠨ ᠠᠪᠴᠤ ᠰᠢᠶᠳᠪᠦᠷᠢᠯᠡᠬᠦ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠵᠤ᠂ ᠤᠯᠠᠨ  ᠲᠦᠮᠡᠨ ᠳᠤ ᠳᠦᠭᠦᠮ ᠦᠵᠡᠭᠦᠯᠬᠦ ᠵᠢᠷᠤᠮᠵᠢᠭᠤᠯᠬᠤ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠲᠠᠯ᠎ᠠ ᠪᠠᠷ ᠰᠢᠨ᠎ᠡ  ᠰᠢᠪᠲᠤᠯᠤᠯᠲᠠ ᠭᠠᠷᠭᠠᠨ᠎ᠠ᠃ ᠡᠭᠦᠨ ᠤ ᠬᠠᠮᠲᠤ᠂ ᠲᠣᠣᠷ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠢ  ᠰᠦᠯᠵᠢᠶᠡᠨ ᠠᠴᠠ ᠭᠠᠳᠠᠨ᠎ᠠ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠦᠰᠢᠲᠡᠢ ᠪᠦᠭᠡᠳ ᠲᠤᠰᠠᠲᠠᠢ  ᠤᠳᠤᠷᠢᠳᠤᠮᠵᠢ ᠶᠢ ᠪᠣᠢ ᠪᠣᠯᠭᠠᠨ᠎ᠠ᠂ ᠡᠨᠡ ᠵᠢᠯ᠂ ᠪᠢᠳᠡ ᠤᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠠᠵᠢᠯ ᠢ ᠪᠠᠶᠢᠳᠠᠯ ᠪᠣᠯᠤᠨ ᠡᠭᠦᠷᠭᠡ ᠶᠢᠨ ᠬᠥᠭᠵᠢᠯᠲᠡ ᠶᠢᠨ  ᠬᠡᠷᠡᠭᠴᠡᠭᠡᠨ ᠳᠤ ᠠᠯᠢ ᠲᠦᠷᠭᠡᠨ ᠢᠶᠠᠷ ᠵᠣᠬᠢᠴᠠᠭᠤᠯᠬᠤ ᠶᠢ ᠡᠷᠴᠢᠮᠲᠡᠢ ᠠᠬᠢᠭᠤᠯᠵᠤ᠂ ᠰᠦᠯᠵᠢᠶᠡᠨ ᠳᠡᠭᠡᠷᠡᠬᠢ ᠵᠠᠬᠢᠳᠠᠯ  ᠰᠤᠷᠪᠤᠯᠵᠢᠯᠠᠯ ᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠭᠤᠣᠯ ᠠᠷᠭ᠎ᠠ ᠵᠠᠮ ᠪᠣᠯᠭᠠᠬᠤ ᠶᠢ ᠲᠦᠯᠬᠢᠨ  ᠠᠬᠢᠭᠤᠯᠤᠨ᠎ᠠ᠃           ᠬᠤᠶᠠᠷ ᠲᠤ ︽ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ︾ ᠢ ᠠᠵᠢᠯᠯᠠᠬᠤ ᠤᠬᠠᠮᠰᠠᠷ ᠪᠣᠯᠭᠠᠨ᠎ᠠ᠃ ︽ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ  ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ  ᠡᠭᠦᠷᠭᠡ ᠶᠢ ᠱᠠᠳᠤ ᠱᠠᠲᠤ ᠪᠠᠷ ᠢᠯᠭᠠᠨ ᠰᠠᠯᠭᠠᠵᠤ᠂ ᠬᠠᠷᠢᠭᠤᠴᠠᠯᠭ᠎ᠠ ᠶᠢᠨ ᠲᠦᠷᠢᠮ ᠢ ᠰᠢᠯᠭᠠᠨ ᠬᠢᠨᠠᠬᠤ ᠪᠠ  ᠬᠠᠷᠢᠭᠤᠴᠠᠯᠭ᠎ᠠ ᠨᠡᠬᠡᠮᠵᠢᠯᠡᠬᠦ ᠵᠡᠷᠭᠡ ᠢᠵᠢ ᠪᠦᠷᠢᠳᠦᠭᠰᠡᠨ ᠲᠦᠷᠢᠮ ᠢ ᠪᠥᠷᠢᠨᠰᠢᠭᠦᠯᠵᠦ᠂ ᠴᠢᠩᠭ᠎ᠠ ᠲᠣᠳᠣᠷᠬᠠᠶ  ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠵᠠᠰᠠᠭ ᠤᠨ  ᠪᠠᠶᠢᠭᠤᠯᠭ᠎ᠠ ᠵᠢᠴᠢ ᠲᠡᠭᠦᠨ ᠤ ᠤᠳᠤᠷᠢᠳᠬᠤ ᠺᠠᠳ᠋ᠷ᠂ ᠠᠵᠢᠯᠲᠠᠳ ᠢ ᠵᠠᠬᠢᠳᠠᠯ ᠰᠤᠷᠪᠤᠯᠵᠢᠯᠠᠯ ᠤᠨ ᠠᠵᠢᠯ ᠤᠨ  ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠡᠳᠬᠢᠯ ᠳᠡᠭᠡᠨ ᠪᠤᠳᠤᠵᠥ᠂ ᠮᠥᠷᠥᠨ ᠳᠡᠭᠡᠨ ᠡᠭᠦᠷᠭᠡᠯᠡᠨ᠂ ᠠᠵᠢᠯᠯᠠᠭ᠎ᠠ  ᠳᠡᠭᠡᠷ᠎ᠡ ᠪᠠᠨ ᠨᠠᠶᠢᠳᠠᠪᠤᠷᠢᠵᠢᠭᠤᠯᠬᠤ ᠪᠤᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠤᠯᠠᠨ  ᠲᠦᠮᠡᠨ ᠤ ᠢᠲᠡᠭᠡᠯ ᠢ ᠣᠯᠣᠨ᠎ᠠ᠃           ᠭᠤᠷᠪᠠ ᠳᠤ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠢᠶᠠᠷ ᠪᠦᠲᠦᠮᠵᠢᠲᠡᠶ ᠪᠠᠲᠤᠯᠠᠭ᠎ᠠ ᠪᠣᠯᠭᠠᠨ᠎ᠠ᠃ ᠵᠠᠬᠢᠳᠠᠯ ᠰᠤᠷᠪᠤᠯᠵᠢᠯᠠᠯ ᠤᠨ ᠭᠤᠮᠣᠳᠠᠯ ᠲᠣᠭᠠᠴᠢᠯ ᠢ ᠬᠠᠤᠯᠢ ᠶᠣᠰᠣ ᠪᠠᠷ ᠳᠦᠷᠦᠯ ᠬᠤᠪᠢᠶᠠᠨ ᠰᠢᠢᠳᠪᠦᠷᠢᠯᠡᠬᠦ  ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠳᠤ  ᠬᠠᠤᠯᠢᠴᠢ ᠶᠢ ᠣᠷᠤᠯᠴᠠᠭᠤᠯᠬᠤ ᠠᠮᠵᠢᠯᠲᠠᠲᠠᠶ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠂ ᠵᠠᠬᠢᠳᠠᠯ  ᠰᠤᠷᠪᠤᠯᠵᠢᠯᠠᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠢ ᠲᠡᠰᠦᠷᠡᠯᠳᠠ ᠦᠭᠡᠢ  ᠰᠢᠨᠡᠴᠢᠯᠡᠵᠦ᠂ ᠤᠯᠠᠨ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠵᠠᠬᠢᠳᠠᠯ ᠰᠤᠷᠪᠤᠯᠵᠢᠯᠠᠯ ᠤᠨ ᠡᠷᠬᠡ ᠪᠠᠨ  ᠵᠥᠪ ᠢᠶᠠᠷ ᠲᠠᠨᠢᠵᠤ ᠬᠡᠷᠡᠭᠯᠡᠬᠦ᠂ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠵᠢᠷᠤᠮᠯᠠᠬᠤ᠂ ᠠᠷᠠᠳ ᠢᠷᠭᠡᠨ ᠤ  ᠡᠭᠦᠷᠭᠡ ᠪᠠᠨ ᠭᠦᠢᠴᠡᠳᠬᠡᠬᠦ᠂ ᠵᠦᠢ ᠵᠣᠬᠢᠰᠲᠠᠢ ᠪᠦᠭᠡᠳ ᠬᠠᠤᠯᠢ ᠶᠣᠰᠣᠨ ᠤ ᠰᠢᠢᠳᠪᠦᠷᠢᠯᠡᠯᠲᠡ ᠶᠢᠨ ᠦᠷ᠎ᠡ  ᠳ᠋ᠦᠩ ᠢ ᠳᠠᠭᠠᠬᠤ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠬᠠᠤᠯᠢᠵᠢᠭᠤᠯᠤᠯᠲᠠ ᠶᠢ ᠬᠥᠮᠦᠰ ᠤᠨ ᠰᠡᠳᠬᠢᠯ ᠳᠤ ᠨᠡᠩ  ᠭᠦᠨ ᠰᠠᠭᠤᠭᠳᠠᠭᠤᠯᠤᠨ᠎ᠠ᠃           ᠬᠥᠲᠥᠯᠥᠭᠴᠢ᠄       ᠵᠠ ᠰᠠᠶᠢᠨ ᠪᠣᠯᠤᠯ᠎ᠠ᠂ ᠵᠠᠩ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ  ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠰᠦᠯᠵᠢᠶᠡᠨ  ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ  ᠵᠣᠯᠭᠠᠶ᠎ᠠ︕  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号