ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ ᠢ ᠲᠤᠤᠱᠯᠠᠭᠤᠯᠵᠤ  ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2017-10-30
   ᠰᠤᠷᠪᠤᠯᠵᠢᠯᠠᠭᠰᠠᠨ ᠴᠠᠭ᠄       2016 ᠣᠨ ᠤ 5 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ          ᠰᠤᠷᠪᠤᠯᠵᠢᠯᠠᠭᠰᠠᠨ ᠵᠣᠴᠢᠨ᠄       ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ᠨᠠᠮ ᠤᠨ  ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠵᠢᠶᠧ          ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄       ᠮᠠᠨ ᠤ ᠣᠷᠣᠨ ᠪᠣᠯ ᠠᠭᠤᠷᠬᠠᠶ ᠶᠢᠨ ᠦᠢᠯᠡᠰ ᠤᠨ ᠶᠡᠭᠡ ᠮᠤᠵᠢ ᠣᠷᠣᠨ ᠮᠥᠨ᠂ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠤᠭᠤᠷᠢᠨ ᠪᠣᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠢ  ᠬᠠᠮᠠᠭᠠᠯᠠᠬᠤ ᠪᠠ ᠵᠠᠰᠠᠬᠤ ᠠᠵᠢᠯ ᠤᠨ ᠴᠢᠬᠤᠯᠠ ᠠᠭᠤᠯᠭ᠎ᠠ ᠪᠣᠯᠣᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ  ᠣᠷᠣᠨ ᠠᠴᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠪᠠᠶᠢᠭ᠎ᠠ ᠶᠡᠭᠡ ᠠᠬᠤᠶ  ᠪᠠᠶᠢᠳᠠᠯ ᠤᠨ ᠳᠣᠣᠷ᠎ᠠ᠂ ᠠᠭᠤᠷᠬᠠᠶ ᠶᠢᠨ ᠦᠢᠯᠡᠰ ᠢ ᠨᠡᠭᠡᠭᠡᠨ ᠠᠰᠢᠭᠯᠠᠬᠤ ᠪᠠ ᠠᠮᠢ ᠠᠬᠤᠶ ᠶᠢ ᠬᠠᠮᠠᠭᠠᠯᠠᠬᠤ ᠶᠢᠨ  ᠬᠠᠷᠢᠴᠠᠭ᠎ᠠ ᠶᠢ ᠬᠡᠷᠬᠢᠨ ᠰᠠᠶᠢᠲᠤᠷ ᠰᠢᠢᠳᠪᠦᠷᠢᠯᠡᠨ ᠵᠣᠬᠢᠴᠠᠭᠤᠯᠬᠤ᠂ ᠡᠬᠢ ᠪᠠᠶᠠᠯᠢᠭ ᠤᠨ ᠣᠷᠴᠢᠨ ᠲᠣᠭᠤᠷᠢᠨ ᠢ  ᠬᠠᠮᠠᠭᠠᠯᠠᠬᠤ ᠶᠢᠨ ᠳᠠᠭᠠᠤ ᠨᠡᠭᠡᠭᠡᠡ ᠠᠰᠢᠭᠯᠠᠬᠤ᠂ ᠨᠡᠭᠡᠭᠡᠨ ᠠᠰᠢᠭᠯᠠᠬᠤ ᠶᠢᠨ ᠳᠠᠭᠠᠤ ᠬᠠᠮᠠᠭᠠᠯᠬᠤ ᠲᠦᠷᠦ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠬᠤ ᠨᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ  ᠰᠠᠯᠠᠭ᠎ᠠ ᠮᠥᠴᠢᠷ ᠲᠤ ᠨᠡᠩ ᠴᠢᠩᠭ᠎ᠠ ᠱᠠᠭᠠᠷᠳᠠᠯᠭ᠎ᠠ ᠳᠤᠷᠠᠳᠪᠠ᠃ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ  ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠸᠠᠩ ᠵᠢᠶᠧ ᠢ ᠤᠷᠢᠵᠤ ︽ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ ᠢ ᠲᠤᠤᠱᠯᠠᠭᠤᠯᠵᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠢ  ᠲᠦᠯᠬᠢᠨ ᠠᠬᠢᠭᠤᠯᠤᠶ᠎ᠠ︾ ᠭᠡᠰᠡᠨ ᠭᠤᠣᠯ ᠰᠡᠳᠦᠪ ᠢᠶᠠᠷ ᠰᠦᠯᠵᠢᠶᠡᠨ ᠳᠡᠭᠡᠷ᠎ᠡ ᠲᠠᠶᠢᠯᠤᠮᠵᠢ ᠬᠢᠯᠭᠡᠬᠦ ᠪᠠᠷ ᠪᠤᠢ᠃  ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃            ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ            ᠬᠥᠲᠥᠯᠥᠭᠴᠢ᠄       ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠦᠦ︕ ᠲᠣᠰ ᠬᠤᠭᠤᠴᠠᠭᠠᠨ ᠤ ︽ᠳᠤᠮᠳᠠᠳᠤ ᠤᠯᠤᠰ ·  ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ  ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ  ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋  ᠳᠠᠷᠤᠭ᠎ᠠ ᠸᠠᠩ ᠵᠢᠶᠧ ᠶᠢ ᠤᠷᠢᠵᠤ᠂ ︽ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠲᠤᠤᠱᠯᠠᠭᠤᠯᠵᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠤᠶ᠎ᠠ︾ ᠭᠡᠰᠡᠨ  ᠭᠤᠣᠯ ᠰᠡᠳᠦᠪ ᠢᠶᠠᠷ ᠰᠦᠯᠵᠢᠶᠡᠨ ᠳᠡᠭᠡᠷ᠎ᠡ ᠲᠠ ᠪᠦᠬᠦᠨ ᠲᠠᠢ ᠶᠠᠷᠢᠯᠴᠠᠭᠤᠯᠬᠤ ᠪᠠᠷ ᠪᠣᠯᠣᠯ᠎ᠠ᠃ ᠸᠠᠩ ᠲᠢᠩᠬᠢᠮ ᠤᠨ  ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕          ᠸᠠᠩ ᠵᠢᠶᠧ᠄       ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ   ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ ᠡᠨᠡᠬᠦ ᠲᠠᠰᠢᠷᠠᠮ ᠳᠤ᠂ ᠪᠢ  ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠡᠮᠦᠨ᠎ᠡ ᠠᠴᠠ  ᠮᠠᠨ ᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ ᠲᠠᠭᠠᠨ ᠴᠢᠩ  ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃          ᠬᠥᠲᠥᠯᠥᠭᠴᠢ᠄       ᠸᠠᠩ ᠲᠢᠩᠬᠢᠮ ᠤᠨ ᠳᠠᠷᠤᠭ᠎ᠠ ᠡ᠂ ᠶᠠᠭᠤᠨ ᠤ ᠡᠮᠦᠨ᠎ᠡ ᠲᠠ ᠮᠠᠨ ᠤ ᠣᠷᠣᠨ ᠤ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ  ᠭᠤᠣᠯ ᠠᠰᠠᠭᠤᠳᠠᠯ ᠢ ᠶᠠᠷᠢᠵᠤ ᠥᠭᠭᠦᠨ᠎ᠡ ᠦᠦ︖          ᠸᠠᠩ ᠵᠢᠶᠧ᠄       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠠᠮᠢ ᠠᠬᠤᠶ ᠶᠢᠨ ᠪᠣᠯᠪᠠᠰᠤᠨ ᠤ  ᠪᠠᠶᠢᠭᠤᠯᠤᠯᠲᠠ ᠶᠢ ᠤᠷᠢᠳᠤ ᠡᠮᠦᠨ᠎ᠡ ᠭᠠᠷᠤᠭ᠎ᠠ ᠤᠢᠭᠡᠢ ᠥᠨᠳᠦᠷ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠵᠦ᠂  ᠮᠠᠨ ᠤ ᠤᠯᠤᠰ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠬᠦ ᠴᠠᠭ ᠦᠶ᠎ᠡ ᠳᠤ  ᠣᠷᠣᠭᠰᠠᠨ ᠢ ᠬᠠᠷᠠᠭᠤᠯᠪᠠ᠂ ᠤᠯᠤᠰ ᠠᠴᠠ ᠠᠮᠢ ᠠᠬᠤᠶ ᠶᠢ ᠬᠠᠮᠠᠭᠠᠯᠠᠬᠤ ᠪᠠ ᠵᠠᠰᠠᠬᠤ ᠨᠡᠩ ᠴᠢᠩᠭ᠎ᠠ ᠠᠷᠭ᠎ᠠ  ᠬᠡᠮᠵᠢᠶ᠎ᠡ ᠠᠪᠴᠤ᠂ ᠠᠮᠢ ᠠᠬᠤᠢ ᠶᠢ ᠬᠠᠮᠠᠭᠠᠯᠠᠬᠤ ᠪᠠ ᠵᠠᠰᠠᠬᠤ ᠡᠷᠴᠢᠮ ᠢᠶᠠᠨ ᠴᠢᠩᠭᠠᠷᠠᠭᠤᠯᠬᠤ ᠪᠣᠯᠣᠨ᠎ᠠ᠃  ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠤᠮᠠᠷᠠᠲᠤ ᠬᠢᠯᠢ ᠶᠢᠨ ᠡᠨᠡ ᠬᠦ ᠦᠵᠡᠮᠵᠢ ᠶᠢᠨ ᠣᠷᠣᠨ ᠢ  ᠨᠡᠩ ᠦᠵᠡᠰᠬᠦᠯᠡᠩ ᠪᠣᠯᠭᠠᠨ ᠴᠣᠭᠴᠠᠯᠠᠬᠤ ᠬᠡᠷᠡᠭᠲᠡᠢ︾ ᠭᠡᠰᠡᠨ ᠬᠦᠰᠡᠯ ᠡᠷᠡᠮᠡᠯᠵᠡᠯ ᠪᠣᠯᠤᠨ ᠥᠪᠡᠷᠲᠡᠭᠡᠨ ᠵᠠᠰᠠᠬᠤ  ᠣᠷᠣᠨ ᠢᠶᠠᠨ ᠳᠤᠷᠠᠳᠤᠭᠰᠠᠨ ᠮᠠᠨ ᠤ ᠣᠷᠣᠨ ᠢ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ  ᠬᠠᠯᠬᠠᠪᠴᠢ ᠪᠣᠯᠭᠠᠨ ᠪᠠᠶᠢᠭᠤᠯᠬᠤ ᠬᠡᠷᠡᠭᠲᠡᠢ ᠭᠡᠰᠡᠨ ᠱᠠᠭᠠᠷᠳᠠᠯᠭ᠎ᠠ ᠨᠢ ᠮᠠᠨ ᠤ ᠣᠷᠣᠨ ᠤ ᠠᠮᠢ ᠠᠬᠤᠶ ᠶᠢᠨ  ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤ ᠨᠡᠩ ᠥᠨᠳᠥᠷ ᠱᠠᠭᠠᠷᠳᠠᠯᠭ᠎ᠠ ᠲᠠᠯᠪᠢᠪᠠ᠂ ᠡᠭᠦᠨ ᠤ ᠬᠠᠮᠲᠤ  ᠮᠠᠨ ᠤ ᠣᠷᠣᠨ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠵᠡᠷᠭᠡ ᠴᠢᠬᠤᠯᠠ ᠠᠵᠤ ᠠᠬᠤᠶ ᠶᠢᠨ ᠣᠷᠣᠨ ᠲᠠᠢ  ᠬᠥᠷᠰᠢᠯᠡᠵᠦ᠂ ᠪᠠᠰᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ ᠣᠷᠣᠨ ᠪᠣᠯᠵᠤ  ᠪᠠᠶᠢᠵᠤ᠂ ᠥᠪᠡᠷᠮᠢᠴᠡ ᠣᠷᠣᠨ ᠪᠠᠶᠢᠷᠢ ᠲᠠᠢ ᠪᠣᠯᠬᠤᠷ ᠡᠬᠢ ᠪᠠᠶᠠᠯᠢᠭ ᠠᠮᠢ ᠠᠬᠤᠶ ᠶᠢᠨ ᠣᠷᠴᠢᠨ ᠲᠣᠭᠤᠷᠢᠨ ᠤ  ᠬᠠᠮᠠᠭᠠᠯᠠᠯᠲᠠ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠵᠠᠭᠤᠴᠢᠯᠠᠭᠤᠷ ᠤᠨ ᠠᠩᠬᠠᠷᠤᠯ ᠢ ᠥᠷᠭᠡᠨ ᠢᠶᠠᠷ  ᠲᠠᠲᠠᠵᠤ᠂ ᠲᠥᠪᠯᠡᠷᠡᠯ ᠠᠰᠠᠭᠤᠳᠠᠯ ᠤᠨ ᠨᠢᠭᠡ ᠨᠢ ᠪᠣᠯᠪᠠ᠃          ᠮᠠᠨ ᠤ ᠣᠷᠣᠨ ᠪᠣᠯ ᠠᠭᠤᠷᠬᠠᠶ ᠶᠢᠨ ᠦᠢᠯᠡᠰ ᠤᠨ ᠶᠡᠭᠡ ᠮᠤᠵᠢ ᠣᠷᠣᠨ ᠮᠥᠨ᠂ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠤᠭᠤᠷᠢᠨ ᠪᠣᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠢ  ᠬᠠᠮᠠᠭᠠᠯᠠᠬᠤ ᠪᠠ ᠵᠠᠰᠠᠬᠤ ᠠᠵᠢᠯ ᠤᠨ ᠴᠢᠬᠤᠯᠠ ᠠᠭᠤᠯᠭ᠎ᠠ ᠪᠣᠯᠣᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ  ᠣᠷᠣᠨ ᠠᠴᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠪᠠᠶᠢᠭ᠎ᠠ ᠶᠡᠭᠡ ᠠᠬᠤᠶ  ᠪᠠᠶᠢᠳᠠᠯ ᠤᠨ ᠳᠣᠣᠷ᠎ᠠ᠂ ᠠᠭᠤᠷᠬᠠᠶ ᠶᠢᠨ ᠦᠢᠯᠡᠰ ᠢ ᠨᠡᠭᠡᠭᠡᠨ ᠠᠰᠢᠭᠯᠠᠬᠤ ᠪᠠ ᠠᠮᠢ ᠠᠬᠤᠶ ᠶᠢ ᠬᠠᠮᠠᠭᠠᠯᠠᠬᠤ ᠶᠢᠨ  ᠬᠠᠷᠢᠴᠠᠭ᠎ᠠ ᠶᠢ ᠬᠡᠷᠬᠢᠨ ᠰᠠᠶᠢᠲᠤᠷ ᠰᠢᠢᠳᠪᠦᠷᠢᠯᠡᠨ ᠵᠣᠬᠢᠴᠠᠭᠤᠯᠬᠤ᠂ ᠡᠬᠢ ᠪᠠᠶᠠᠯᠢᠭ ᠤᠨ ᠣᠷᠴᠢᠨ ᠲᠣᠭᠤᠷᠢᠨ ᠢ ᠬᠠᠮᠠᠭᠠᠯᠠᠬᠤ ᠶᠢᠨ ᠳᠠᠭᠠᠤ ᠨᠡᠭᠡᠭᠡᠡ ᠠᠰᠢᠭᠯᠠᠬᠤ᠂ ᠨᠡᠭᠡᠭᠡᠨ ᠠᠰᠢᠭᠯᠠᠬᠤ ᠶᠢᠨ ᠳᠠᠭᠠᠤ ᠬᠠᠮᠠᠭᠠᠯᠬᠤ ᠲᠦᠷᠦ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠬᠤ ᠨᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ  ᠰᠠᠯᠠᠭ᠎ᠠ ᠮᠥᠴᠢᠷ ᠲᠤ ᠨᠡᠩ ᠴᠢᠩᠭ᠎ᠠ ᠱᠠᠭᠠᠷᠳᠠᠯᠭ᠎ᠠ ᠳᠤᠷᠠᠳᠪᠠ᠃ ᠮᠠᠨ ᠤ ᠣᠷᠣᠨ ᠤ ᠠᠭᠤᠷᠬᠠᠶ ᠶᠢᠨ  ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠣᠯ ᠳᠠᠪᠠᠭᠤᠯᠢᠭ ᠠᠵᠤ ᠦᠢᠯᠡᠰ ᠮᠥᠨ᠂ 10 ᠭᠠᠷᠤᠶ  ᠵᠢᠯ ᠤᠨ ᠬᠠᠲᠠᠭᠤ ᠨᠡᠭᠡᠭᠡᠨ ᠠᠰᠢᠭᠯᠠᠬᠤ ᠬᠤᠭᠤᠴᠠᠭ᠎ᠠ ᠶᠢ ᠥᠩᠭᠡᠷᠡᠭᠡᠭᠡᠳ ᠥᠪᠡᠷᠲᠡᠭᠡᠨ ᠵᠠᠰᠠᠬᠤ ᠣᠷᠣᠨ ᠤ ᠠᠵᠤ  ᠠᠬᠤᠶ ᠶᠢ ᠯᠤᠲᠤ ᠶᠡᠭᠡ ᠠᠬᠢᠭᠤᠯᠤᠭᠰᠠᠨ ᠤ ᠬᠠᠮᠲᠤ ᠡᠭᠦᠨ ᠠᠴᠠ ᠪᠤᠢ ᠪᠣᠯᠤᠭᠰᠠᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠤ ᠠᠰᠠᠭᠤᠳᠠᠯ ᠢ ᠨᠢᠭᠡ ᠬᠡᠰᠡᠭ ᠬᠤᠭᠤᠴᠠᠭᠠᠨ᠎ᠠ ᠰᠢᠩᠭᠡᠭᠡᠬᠦ ᠬᠡᠷᠡᠭᠲᠡᠢ ᠪᠣᠯᠪᠠ᠃ ᠪᠦᠬᠦ ᠣᠷᠣᠨ ᠳᠤ  ᠨᠡᠶᠢᠲᠡ 4643 ᠠᠭᠤᠷᠬᠠᠢ ᠪᠠᠶᠢᠵᠤ᠂ ᠪᠥᠭᠯᠡᠭᠰᠡᠨ ᠠᠭᠤᠷᠬᠠᠶ 428 ᠪᠤᠢ᠃ ᠬᠤᠭᠤᠴᠠᠭᠠᠲᠤ ᠪᠠᠶᠢᠭ᠎ᠠ ᠠᠭᠤᠷᠬᠠᠶ  ᠮᠠᠯᠲᠠᠬᠤ ᠡᠷᠬᠡ ᠶᠢᠨ ᠲᠠᠯᠠᠪᠠᠢ 7511.53 ᠲᠡᠭᠰᠢ ᠳᠥᠷᠪᠡᠯᠵᠢᠨ ᠺᠢᠯᠣᠮᠧᠲᠷ ︵ᠡᠭᠦᠨ ᠳᠤ ᠭᠠᠵᠠᠷ ᠳᠣᠣᠷᠠᠬᠢ  ᠮᠠᠯᠲᠠᠯᠲᠠ 4078.18 ᠲᠡᠭᠰᠢ ᠳᠥᠷᠪᠡᠯᠵᠢᠨ ᠺᠢᠯᠣᠮᠧᠲᠷ᠂ ᠵᠠᠳᠠᠭᠠᠶ ᠮᠠᠯᠲᠠᠯᠲᠠ 3433.35 ᠲᠡᠭᠰᠢ  ᠳᠥᠷᠪᠡᠯᠵᠢᠨ ᠺᠢᠯᠣᠮᠧᠲᠷ ᠪᠤᠢ︶ ᠪᠠᠶᠢᠵᠦ᠂ ᠨᠡᠶᠢᠲᠡ ᠡᠵᠡᠯᠡᠨ ᠬᠡᠷᠡᠭᠯᠡᠭᠰᠡᠨ ᠭᠠᠵᠠᠷ ᠰᠢᠷᠣᠶ ᠶᠢᠨ ᠲᠠᠯᠠᠪᠠᠢ 1828. 28 ᠲᠡᠭᠰᠢ ᠳᠥᠷᠪᠡᠯᠵᠢᠨ ᠺᠢᠯᠣᠮᠧᠲᠷ ︵ᠡᠭᠦᠨ ᠳᠤ᠄ ᠬᠤᠳᠳᠤᠭ ᠤᠨ ᠠᠵᠢᠯ 830.48 ᠲᠡᠭᠰᠢ ᠳᠥᠷᠪᠡᠯᠵᠢᠨ  ᠺᠢᠯᠣᠮᠧᠲᠷ᠂ ᠵᠠᠳᠠᠭᠠᠶ ᠠᠵᠢᠯ 997.80 ᠲᠡᠭᠰᠢ ᠳᠥᠷᠪᠡᠯᠵᠢᠨ ᠺᠢᠯᠣᠮᠧᠲᠷ ᠪᠤᠢ︶ ᠪᠤᠢ᠂ ᠬᠠᠲᠠᠭᠤ ᠪᠡᠶᠡᠲᠦ  ᠬᠠᠶᠠᠭᠳᠠᠮᠠᠯ ᠪᠣᠳᠠᠰ ᠤᠨ ᠬᠠᠳᠠᠭᠠᠯᠠᠮᠵᠢ ᠨᠢ 119.4 ᠳ᠋ᠦᠩᠰᠢᠭᠤᠷ ᠲᠣᠨ᠂ ᠣᠪᠣᠭᠠᠯᠠᠵᠤ ᠲᠠᠯᠪᠢᠬᠤ ᠡᠵᠡᠯᠡᠨ  ᠬᠡᠷᠡᠭᠯᠡᠭᠰᠡᠨ ᠭᠠᠵᠠᠷ ᠰᠢᠷᠣᠶ ᠶᠢᠨ ᠲᠠᠯᠠᠪᠠᠢ 1325.98 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠠᠵᠠᠷ ᠤᠨ  ᠭᠠᠳᠠᠷᠭᠤ ᠶᠢᠨ ᠰᠠᠭᠤᠭᠳᠠᠭᠰᠠᠨ ︵ᠨᠤᠷᠠᠭᠳᠠᠭᠰᠠᠨ︶ ᠲᠠᠯᠠᠪᠠᠶ 209.60 ᠲᠡᠭᠰᠢ ᠳᠥᠷᠪᠡᠯᠵᠢᠨ ᠺᠢᠯᠣᠮᠧᠲᠷ᠂  ᠪᠤᠰᠤᠳ ᠡᠵᠡᠯᠡᠨ ᠬᠡᠷᠡᠭᠯᠡᠭᠰᠡᠨ ᠭᠠᠵᠠᠷ ᠰᠢᠷᠣᠶ ᠶᠢᠨ ᠲᠠᠯᠠᠪᠠᠢ 293.00 ᠲᠡᠭᠰᠢ ᠳᠥᠷᠪᠡᠯᠵᠢᠨ ᠺᠢᠯᠣᠮᠧᠲᠷ  ᠪᠠᠶᠢᠨ᠎ᠠ᠃          ᠸᠠᠩ ᠵᠢᠶᠧ᠄       ᠶᠡᠷᠦᠩᠬᠡᠢ ᠪᠠᠶᠢᠳᠠᠯ ᠠᠴᠠ ᠦᠵᠡᠪᠡᠯ᠂ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠨᠢ  ᠳᠡᠭᠡᠭᠰᠢᠯᠡᠯᠲᠡ ᠲᠠᠢ ᠪᠦᠭᠡᠳ ᠪᠠᠭᠤᠷᠠᠯᠲᠠ ᠲᠠᠢ ᠪᠠᠶᠢᠵᠤ᠂ ᠨᠢᠭᠡ ᠲᠠᠯ᠎ᠠ ᠪᠠᠷ ᠡᠯ᠎ᠡ ᠭᠠᠵᠠᠷ ᠤᠳ ᠠᠮᠢ ᠠᠬᠤᠶ ᠶᠢᠨ  ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤᠮᠳᠠ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠢ ᠵᠠᠰᠠᠬᠤ ᠠᠵᠢᠯ ᠢ ᠨᠡᠩ ᠢᠯᠡᠭᠦᠦ ᠴᠢᠬᠤᠯᠠᠴᠢᠯᠠᠨ᠂ ᠡᠯ᠎ᠡ ᠱᠠᠲᠤᠨ ᠤ ᠵᠠᠰᠠᠭ ᠤᠨ ᠣᠷᠳᠣᠨ ᠪᠡᠯᠡ  ᠮᠦᠩᠭᠦ ᠶᠢᠨ ᠣᠷᠤᠭᠤᠯᠤᠯᠲᠠ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠨᠡᠯᠢᠶᠡᠳ ᠰᠠᠶᠢᠨ ᠦᠷ᠎ᠡ  ᠪᠦᠲᠦᠮᠵᠢ ᠣᠯᠵᠠᠢ᠃ ᠨᠦᠬᠦᠭᠡ ᠲᠠᠯ᠎ᠠ ᠪᠠᠷ᠂ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ  ᠪᠠᠶᠢᠳᠠᠯ ᠪᠠᠷᠤᠭᠲᠠᠢ ᠠᠴᠠ ᠪᠣᠯᠵᠤ᠂ ᠪᠥᠬᠦ ᠣᠷᠣᠨ ᠤ ᠦᠢᠯᠡᠳᠪᠦᠷᠢᠯᠡᠯ ᠢᠶᠠᠨ ᠵᠣᠭᠰᠤᠭᠰᠠᠨ ᠠᠭᠤᠷᠬᠠᠶ ᠨᠡᠯᠢᠶᠡᠳ  ᠠᠷᠪᠢᠨ ᠪᠣᠯᠤᠭᠰᠠᠨ ᠮᠥᠷᠲᠡᠭᠡᠨ ᠠᠭᠤᠷᠬᠠᠶ ᠶᠢᠨ ᠠᠵᠤ ᠠᠬᠤᠶ ᠶᠢᠨ ᠦᠷ᠎ᠡ ᠠᠰᠢᠭ ᠶᠡᠬᠡᠪᠡᠷ ᠪᠠᠭᠤᠷᠠᠨ᠂ ᠠᠵᠤ  ᠠᠬᠤᠶᠢᠯᠠᠯ ᠤᠳ ᠪᠡᠯᠡ ᠮᠥᠩᠭᠦ ᠭᠠᠷᠭᠠᠨ ᠵᠠᠰᠠᠬᠤ ᠴᠢᠳᠠᠯ ᠦᠭᠡᠢ ᠪᠣᠯᠵᠤ᠂ ᠮᠠᠯᠲᠠᠵᠤ ᠪᠠᠶᠢᠭ᠎ᠠ ᠠᠭᠤᠷᠬᠠᠶ ᠶᠢᠨ  ᠣᠷᠴᠢᠨ ᠲᠣᠭᠤᠷᠢᠨ ᠢ ᠵᠠᠰᠠᠬᠤ ᠪᠠᠶᠢᠳᠠᠯ ᠪᠠᠰᠠ ᠲᠦᠢᠯ ᠤᠨ ᠬᠦᠨᠳᠦ ᠨᠣᠴᠢᠲᠠᠢ ᠪᠠᠶᠢᠨ᠎ᠠ᠃ ᠠᠰᠠᠭᠤᠳᠠᠯ ᠨᠢ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ ᠵᠢᠯ ᠪᠦᠷᠢ ᠶᠢᠨ ᠵᠠᠰᠠᠭᠰᠠᠨ ᠲᠠᠯᠠᠪᠠᠢ ᠶᠢ  ᠬᠠᠰᠤᠭᠠᠳ ᠡᠪᠳᠡᠭᠳᠡᠭᠰᠡᠨ ᠲᠠᠯᠠᠪᠠᠢ ᠨᠢ ᠲᠠᠰᠤᠷᠠᠯᠲᠠ ᠦᠭᠡᠶ ᠪᠠᠭᠠᠰᠴᠤ ᠪᠠᠶᠢᠭ᠎ᠠ ᠪᠣᠯᠪᠠᠴᠤ ᠡᠪᠳᠡᠭᠳᠡᠭᠰᠡᠨ ᠲᠠᠯᠠᠪᠠᠢ   ᠨᠢ ᠮᠦᠨ ᠵᠠᠰᠠᠭᠰᠠᠨ ᠲᠠᠯᠠᠪᠠᠢ ᠠᠴᠠ ᠪᠠᠨ ᠶᠡᠭᠡ ᠪᠠᠶᠢᠵᠤ᠂ ᠦᠨᠳᠦᠰᠦᠨ ᠳᠡᠭᠡᠨ ᠲᠡᠩᠴᠡᠭᠦᠷᠢᠲᠡᠶ ᠪᠣᠯᠵᠤ  ᠴᠢᠳᠠᠭᠠᠳᠤᠢ ᠪᠠᠶᠢᠨ᠎ᠠ᠂ ᠬᠤᠶᠠᠷ ᠲᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠨᠳᠦᠰᠦᠨ ᠠᠴᠠ ᠨᠢ  ᠰᠢᠢᠳᠪᠦᠷᠢᠯᠡᠵᠦ ᠴᠢᠳᠠᠭᠠᠳᠤᠢ᠂ ᠬᠠᠤᠯᠢ ᠶᠢ ᠵᠥᠷᠢᠴᠡᠵᠦ ᠨᠡᠭᠡᠭᠡᠨ ᠮᠠᠯᠲᠠᠬᠤ ᠠᠴᠠ ᠪᠤᠯᠵᠤ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠢ ᠡᠪᠳᠡᠵᠦ ᠪᠠᠶᠢᠭ᠎ᠠ ᠠᠰᠠᠭᠤᠳᠠᠯ ᠪᠠᠰᠠ ᠲᠠᠰᠤᠷᠠᠯᠲᠠ ᠦᠭᠡᠶ ᠨᠡᠮᠡᠭᠳᠡᠵᠦ᠂ ᠠᠭᠤᠷᠬᠠᠶ ᠶᠢᠨ  ᠣᠷᠣᠨ ᠤ ᠠᠷᠠᠳ ᠲᠦᠮᠡᠨ ᠬᠢᠭᠡᠳ ᠠᠭᠤᠷᠬᠠᠶ ᠶᠢᠨ ᠠᠵᠤ ᠠᠬᠤᠶᠢᠯᠠᠯ ᠯᠤᠭ᠎ᠠ ᠠᠰᠢᠭ ᠲᠤᠰᠠ ᠶᠢᠨ ᠵᠥᠷᠢᠴᠡᠯ ᠨᠢ  ᠠᠭᠤᠷᠬᠠᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠳᠡᠭᠡᠷ᠎ᠡ ᠠᠮᠠᠷᠬᠠᠨ ᠲᠥᠪᠯᠡᠷᠡᠵᠦ ᠪᠠᠶᠢᠨ᠎ᠠ︔  ᠭᠤᠷᠪᠠ ᠳᠤ ᠣᠳᠣᠬᠠᠨ ᠤ ᠪᠦᠬᠦ ᠤᠯᠤᠰ ᠤᠨ ᠠᠭᠤᠷᠬᠠᠶ ᠶᠢᠨ ᠦᠢᠯᠡᠰ ᠤᠨ ᠠᠵᠤ ᠠᠬᠤᠶ ᠬᠦᠨᠳᠦ ᠨᠣᠴᠢᠲᠠᠶ  ᠪᠠᠭᠤᠷᠠᠵᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠲᠡᠭᠦᠯᠳᠡᠷᠵᠢᠭᠡᠳᠦᠶ ᠪᠥᠭᠡᠳ  ᠪᠣᠳᠠᠲᠠᠶᠢᠵᠢᠭᠠᠳᠤᠢ ᠪᠠᠶᠢᠭ᠎ᠠ ᠵᠡᠷᠭᠡ ᠰᠢᠯᠲᠠᠭᠠᠨ ᠠᠴᠠ ᠪᠣᠯᠤᠨ᠂ ᠠᠵᠤ ᠠᠬᠤᠶᠢᠯᠠᠯ ᠤᠳ ᠤᠨ ᠨᠡᠭᠡᠭᠡᠨ ᠮᠠᠯᠲᠠᠬᠤ ᠶᠢᠨ  ᠳᠠᠭᠠᠤ ᠵᠠᠰᠠᠬᠤ ᠶᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠢᠳᠡᠪᠬᠢᠵᠢᠯ ᠨᠢ ᠴᠦ ᠥᠨᠳᠥᠷ ᠪᠤᠰᠤ ᠪᠠᠶᠢᠬᠤ  ᠠᠰᠠᠭᠤᠳᠠᠯ ᠣᠷᠤᠰᠢᠵᠤ ᠪᠠᠶᠢᠨ᠎ᠠ᠃           ᠬᠥᠲᠥᠯᠥᠭᠴᠢ᠄       ︽12 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠨᠢ ᠶᠠᠮᠠᠷ ᠶᠠᠮᠠᠷ ᠭᠢᠯᠠᠰ ᠴᠢᠭ᠋ ᠲᠠᠢ ᠪᠠᠶᠢᠬᠤ ᠪᠤᠢ︖           ᠸᠠᠩ ᠵᠢᠶᠧ᠄      ︽12 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂  ᠪᠦᠬᠦ ᠣᠷᠣᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠢ ᠵᠠᠰᠠᠬᠤ᠂ ᠭᠠᠵᠠᠷ ᠰᠢᠨᠵᠢᠯᠡᠭᠡᠨ ᠤ ᠦᠯᠡᠳᠡᠭᠳᠡᠯ ᠢ ᠬᠠᠮᠠᠭᠠᠯᠠᠬᠤ᠂ ᠭᠠᠵᠠᠷ ᠰᠢᠨᠵᠢᠯᠡᠭᠡᠨ ᠤ ᠭᠠᠶ  ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠳᠤ ᠮᠠᠰᠢ ᠰᠠᠶᠢᠨ ᠠᠮᠵᠢᠯᠲᠠ ᠪᠦᠲᠦᠮᠵᠢ  ᠣᠯᠪᠠ᠃          ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠠᠯ᠎ᠠ ᠪᠠᠷ᠃ ︽12 · 5︾  ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠢᠶᠠᠷ ᠢᠶᠠᠨ ᠡᠯ᠎ᠡ ᠲᠥᠷᠥᠯ ᠤᠨ ᠠᠭᠤᠷᠬᠠᠶ ᠶᠢᠨ  ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠳᠤ ᠨᠡᠶᠢᠲᠡ 29.23 ᠳ᠋ᠦᠩᠰᠢᠭᠤᠷ ᠲᠥᠭᠦᠷᠢᠭ  ᠵᠠᠷᠤᠴᠠᠭᠤᠯᠵᠤ᠂ ᠨᠡᠶᠢᠲᠡ 608.74 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠶᠢ ᠵᠠᠰᠠᠵᠤ᠂ ︽12 · 5︾  ᠶᠢᠨ ᠲᠦᠯᠦᠪᠵᠢᠭᠦᠯᠭᠡ ᠳᠤ ᠲᠣᠭᠲᠠᠭᠠᠭᠰᠠᠨ ᠵᠠᠰᠠᠬᠤ ᠲᠠᠯᠠᠪᠠᠢ ᠶᠢᠨ ᠬᠠᠷᠠᠯᠲᠠ ᠠᠴᠠ 73.49 ᠲᠡᠭᠰᠢ  ᠳᠥᠷᠪᠡᠯᠵᠢᠨ ᠺᠢᠯᠣᠮᠧᠲᠷ ᠳᠠᠪᠠᠭᠤᠯᠵᠤ᠂ ᠤᠤᠯ ᠬᠠᠷᠠᠯᠲᠠ ᠶᠢ 113.7% ᠪᠠᠷ ᠳᠠᠪᠠᠭᠤᠯᠪᠠ᠃          ᠨᠢᠭᠡ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠮᠦᠩᠭᠦ  ᠦᠷᠭᠦᠯᠵᠢᠯᠡᠨ ᠣᠷᠤᠭᠤᠯᠪᠠ᠃ ︽12 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ  ᠵᠠᠰᠠᠬᠤ ᠣᠷᠣᠨ ᠤ ᠡᠳ᠋ ᠤᠨ ᠵᠠᠰᠠᠭ 6.60 ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠣᠷᠤᠭᠤᠯᠤᠨ᠂ 72  ᠲᠦᠷᠦᠯ ᠵᠦᠢᠯ ᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠠᠴᠠ 2.30 ᠳ᠋ᠦᠩᠰᠢᠭᠤᠷ ᠲᠥᠭᠦᠷᠢᠭ ᠪᠡᠯᠡ  ᠮᠦᠩᠭᠦ ᠣᠯᠵᠤ᠂ 86.93 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠶᠢ ᠵᠠᠰᠠᠬᠤ ᠪᠠᠷ ᠲᠥᠯᠦᠪᠯᠡᠪᠡ᠃ ᠭᠤᠷᠪᠠᠨ  ᠤᠷᠤᠨ ᠬᠤᠶᠠᠷ ᠱᠤᠭᠤᠮ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠤ ᠠᠰᠠᠭᠤᠳᠠᠯ ᠵᠢᠴᠢ ᠠᠭᠤᠷᠬᠠᠶ ᠶᠢᠨ ᠬᠠᠶᠠᠭᠳᠠᠮᠠᠯ ᠭᠠᠵᠠᠷ ᠵᠢᠴᠢ ᠡᠷᠭᠢᠨ ᠲᠣᠭᠤᠷᠢᠨ ᠤ ᠠᠮᠢ  ᠠᠬᠤᠶ ᠶᠢᠨ ᠣᠷᠴᠢᠨ ᠲᠣᠭᠤᠷᠢᠨ ᠢ ᠭᠤᠣᠯᠳᠠᠯᠭ᠎ᠠ ᠲᠠᠢ ᠵᠠᠰᠠᠪᠠ᠃ ᠬᠡᠳᠦᠨ ᠵᠢᠯ ᠤᠨ ᠵᠠᠰᠠᠯᠲᠠ ᠪᠠᠷ ᠳᠠᠮᠵᠢᠨ᠂  ᠲᠦᠷᠦᠯ ᠵᠦᠢᠯ ᠤᠨ ᠵᠠᠰᠠᠯᠲᠠ ᠶᠢᠨ ᠣᠷᠣᠨ ᠭᠠᠵᠠᠷ ᠤᠨ ᠪᠠᠶᠢᠴᠠ ᠪᠠ ᠭᠠᠳᠠᠷᠭᠤ ᠦᠵᠡᠮᠵᠢ ᠶᠢ ᠰᠡᠷᠭᠦᠭᠡᠬᠦ ᠰᠠᠭᠤᠷᠢᠨ  ᠳᠡᠭᠡᠷ᠎ᠡ᠂ ᠶᠡᠬᠡᠩᠬᠢ ᠬᠡᠰᠡᠭ ᠢ ᠨᠢ ᠡᠪᠡᠰᠦᠲᠦ ᠭᠠᠵᠠᠷ᠂ ᠣᠶᠢᠲᠤ ᠭᠠᠵᠠᠷ᠂ ᠲᠠᠷᠢᠶᠠᠨ ᠭᠠᠵᠠᠷ ᠪᠣᠯᠭᠠᠵᠤ᠂  ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠬᠥᠮᠦᠰ ᠤᠨ ᠰᠠᠭᠤᠷᠢᠰᠢᠬᠤ ᠣᠷᠴᠢᠨ ᠲᠣᠭᠤᠷᠢᠨ ᠢ  ᠢᠯᠡᠷᠬᠡᠶ ᠰᠠᠶᠢᠵᠢᠷᠠᠭᠤᠯᠵᠤ᠂ ᠬᠥᠬᠡᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠵᠡᠷᠭᠡ ᠬᠤᠳᠠ   ᠨᠤᠭᠤᠳ ᠤᠨ ᠡᠷᠬᠢᠨ ᠲᠣᠭᠤᠷᠢᠨ ᠵᠢᠴᠢ ᠪᠡᠭᠡᠵᠢᠩ ᠠᠴᠠ ᠲᠥᠪᠡᠳ ᠬᠦᠷᠬᠦ ᠲᠦᠷᠭᠡᠨ ᠵᠠᠰᠠᠮᠠᠯ ᠵᠠᠮ᠂ 110  ᠤᠯᠤᠰ ᠤᠨ ᠵᠡᠮ᠂ 207 ᠤᠯᠤᠰ ᠤᠨ ᠵᠡᠮ᠂ 111 ᠤᠯᠤᠰ ᠤᠨ ᠵᠡᠮ ᠵᠡᠷᠭᠡ ᠵᠠᠮ ᠬᠠᠷᠢᠯᠴᠠᠭᠠᠨ ᠤ ᠭᠤᠣᠯ  ᠱᠤᠭᠤᠮ ᠤᠨ ᠬᠤᠶᠠᠷ ᠬᠠᠵᠠᠭᠤ ᠶᠢᠨ ᠦᠵᠡᠭᠳᠡᠬᠦ ᠬᠡᠪᠴᠢᠶᠡᠨ ᠳᠣᠲᠣᠷᠠᠬᠢ ᠠᠭᠤᠷᠬᠠᠶ ᠶᠢᠨ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠢ ᠪᠦᠲᠦᠮᠵᠢᠲᠡᠢ ᠵᠠᠰᠠᠪᠠ᠃ ᠡᠭᠦᠨ ᠤ ᠬᠠᠮᠲᠤ᠂ ᠨᠡᠶᠢᠭᠡᠮ ᠤᠨ ᠦᠷ᠎ᠡ ᠠᠰᠢᠭ ᠢᠶᠠᠷ ᠰᠠᠶᠢᠨ  ᠲᠤᠮᠤ ᠵᠦᠢᠯ ᠲᠦᠷᠦᠯ ᠢ ᠪᠦᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠨᠢᠭᠡ ᠪᠦᠯᠦᠭ ᠭᠢᠯᠠᠰ ᠴᠢᠭ᠋  ᠢᠨᠵᠧᠨᠧᠷᠢᠩ ᠢ ᠪᠤᠶ ᠪᠣᠯᠭᠠᠪᠠ᠃ ᠵᠢᠱᠢᠶᠡᠯᠡᠪᠡᠯ᠄ ᠥᠪᠡᠷᠲᠡᠭᠡᠨ ᠵᠠᠰᠠᠬᠤ ᠣᠷᠣᠨ ᠠᠴᠠ 1500 ᠲᠦᠮᠡᠨ  ᠲᠥᠭᠦᠷᠢᠭ ᠤᠨ ᠨᠥᠬᠦᠪᠥᠷᠢ ᠪᠡᠯᠡ ᠮᠥᠩᠭᠦ ᠪᠠᠭᠤᠯᠭᠠᠨ᠂ ᠪᠤᠷᠤᠰᠢᠯᠢ ᠶᠢᠨ ᠠᠭᠤᠷᠬᠠᠶ ᠶᠢᠨ ᠣᠷᠣᠨ ᠤ ᠲᠡᠦᠬᠡᠨ ᠠᠴᠠ  ᠪᠤᠢ ᠪᠣᠯᠤᠭᠰᠠᠨ ︽ᠲᠡᠭᠷᠢ ᠶᠢᠨ ᠨᠦᠭᠡ︾ ᠶᠢ ᠰᠡᠷᠭᠦᠭᠡᠨ ᠵᠠᠰᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ  ᠵᠠᠭᠤᠴᠢᠯᠠᠭᠤᠷ ᠤᠨ ᠬᠢᠨ ᠤ ᠥᠰᠬᠡᠨ ᠲᠥᠰᠬᠡᠨ ᠲᠠᠢ ᠨᠡᠶᠢᠲᠡᠯᠡᠵᠦ ᠪᠠᠶᠢᠭᠰᠠᠨ ᠡᠰᠡᠷᠭᠦ ᠲᠠᠯ᠎ᠠ ᠶᠢᠨ ᠨᠡᠶᠢᠲᠡᠯᠢᠭ  ᠵᠢᠱᠢᠶ᠎ᠡ ᠶᠢ ᠵᠠᠰᠠᠭᠠᠳ ᠨᠡᠯᠢᠶᠡᠳ ᠰᠠᠶᠢᠨ ᠠᠮᠵᠢᠯᠲᠠ ᠪᠦᠲᠦᠮᠵᠢ ᠲᠠᠢ ᠵᠥᠪ ᠲᠠᠯ᠎ᠠ ᠶᠢᠨ ᠳᠦᠷᠢ ᠳᠥᠷᠬᠦ ᠪᠣᠯᠭᠠᠨ  ᠬᠤᠪᠢᠷᠠᠭᠤᠯᠪᠠ︔ 1 ᠳ᠋ᠦᠩᠰᠢᠭᠤᠷ ᠲᠥᠭᠦᠷᠢᠭ ᠤᠨ ᠨᠥᠬᠦᠪᠥᠷᠢ ᠪᠡᠯᠡ ᠮᠥᠩᠭᠦ ᠵᠠᠷᠤᠴᠠᠭᠤᠯᠤᠨ᠂ ᠳᠠᠯᠠᠨ ᠬᠠᠷ᠎ᠠ  ᠠᠭᠤᠯᠠ ᠶᠢᠨ ᠡᠩᠭᠡᠷ ᠪᠡᠯ ᠤᠨ ᠡᠯᠡᠰᠦ ᠮᠠᠯᠲᠠᠭᠰᠠᠨ ᠨᠦᠬᠡ ᠶᠢ ᠵᠠᠰᠠᠵᠦ᠂ ᠬᠤᠳᠠ ᠶᠢᠨ ᠴᠡᠴᠡᠷᠯᠢᠭ ᠤᠨ  ᠲᠥᠯᠥᠪᠵᠢᠭᠦᠯᠭᠡ ᠲᠠᠢ ᠤᠶᠠᠯᠳᠤᠭᠤᠯᠤᠨ᠂ ᠬᠠᠴᠢᠨ ᠰᠣᠨᠢᠨ ᠦᠵᠡᠮᠵᠢ ᠲᠠᠢ ᠠᠮᠢ ᠠᠬᠤᠶ ᠶᠢᠨ ᠴᠡᠴᠡᠷᠯᠢᠭ ᠪᠣᠯᠭᠠᠨ  ᠪᠦᠲᠦᠭᠡᠨ ᠪᠠᠶᠢᠭᠤᠯᠵᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠶᠢᠨ ᠦᠨᠡᠯᠡᠯᠲᠡ ᠶᠢ  ᠣᠯᠪᠠ︔ ᠪᠤᠭᠤᠲᠤ ᠶᠢᠨ ᠠᠷᠤ ᠬᠢᠷ᠎ᠠ ᠶᠢᠨ ᠶᠡᠭᠡ ᠤᠰᠤᠨ ᠳᠣᠯᠭᠢᠶᠠᠨ ᠤ ᠨᠦᠬᠡ ᠶᠢ ᠵᠠᠰᠠᠬᠤ ᠲᠦᠷᠦᠯ ᠵᠦᠢᠯ ᠳᠤ  3000 ᠲᠦᠮᠡᠨ ᠲᠥᠭᠦᠷᠢᠭ ᠣᠷᠤᠭᠤᠯᠤᠨ᠂ ᠤᠤᠯ ᠤᠨ ᠠᠭᠤᠷᠬᠠᠶ ᠨᠡᠬᠡᠬᠡᠨ ᠮᠠᠯᠲᠠᠵᠤ ᠡᠪᠳᠡᠭᠰᠡᠨ ᠣᠷᠴᠢᠨ  ᠲᠣᠭᠤᠷᠢᠨ ᠢ ᠵᠠᠰᠠᠵᠤ᠂ ᠬᠤᠲᠠ ᠶᠢᠨ ᠪᠦ᠋ᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂  ᠬᠤᠳᠠ ᠶᠢᠨ ᠲᠣᠭᠤᠷᠢᠭ ᠤᠨ ᠵᠤᠭᠠᠴᠠᠯ ᠰᠡᠯᠡᠭᠦᠴᠡᠯ ᠤᠨ ᠴᠡᠴᠡᠷᠯᠢᠭ ᠪᠣᠯᠭᠠᠨ ᠪᠦᠲᠦᠭᠡᠨ ᠪᠠᠶᠢᠭᠤᠯᠵᠤ᠂ ᠲᠤᠬᠠᠶ ᠶᠢᠨ  ᠭᠠᠵᠠᠷ ᠤᠨ ᠵᠠᠰᠠᠭ ᠤᠨ ᠣᠷᠳᠣᠨ ᠤ ᠲᠠᠯᠠᠷᠬᠠᠯ ᠤᠨ ᠵᠠᠬᠢᠳᠠᠯ ᠢ ᠣᠯᠪᠠ︔ ᠦᠬᠠᠶ ᠬᠤᠳᠠ ᠶᠢᠨ ᠠᠭᠤᠷᠬᠠᠶ ᠶᠢᠨ  ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠬᠠᠶ ᠶᠢᠨ  ᠭᠠᠵᠠᠷ ᠤᠨ ᠶᠡᠷᠦᠩᠬᠡᠶ ᠲᠥᠯᠥᠪᠵᠢᠭᠦᠯᠭᠡ ᠲᠠᠢ ᠵᠣᠬᠢᠴᠠᠭᠤᠯᠤᠨ᠂ 5000 ᠲᠦᠮᠡᠨ ᠲᠥᠭᠦᠷᠢᠭ ᠵᠠᠷᠤᠴᠠᠭᠤᠯᠵᠤ᠂  ᠭᠠᠨᠳᠠᠷᠢ ᠭᠤᠣᠯ ᠤᠨ ᠡᠯᠡᠰᠦ ᠮᠠᠯᠲᠠᠭᠰᠠᠨ ᠨᠦᠬᠡ ᠶᠢ ᠶᠡᠷᠦᠩᠬᠡᠶᠢᠯᠡᠨ ᠵᠠᠰᠠᠵᠤ ᠪᠠᠶᠢᠨ᠎ᠠ᠃          ᠬᠤᠶᠠᠷ ᠲᠤ ᠡᠯ᠎ᠡ ᠭᠠᠵᠠᠷ ᠤᠳ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ  ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠡᠯ᠎ᠡ  ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠯᠠᠩᠭᠤᠶ᠎ᠠ ᠠᠭᠤᠷᠬᠠᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠠᠵᠢᠯ ᠳᠤ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠶ ᠪᠠᠷ ᠲᠠᠶᠢᠴᠢᠯᠠᠵᠤ᠂ ᠣᠷᠴᠢᠨ ᠲᠣᠭᠤᠷᠢᠨ ᠢ ᠴᠡᠭᠴᠡᠯᠡᠨ  ᠵᠠᠰᠠᠬᠤ ᠡᠷᠴᠢᠮ ᠢᠶᠠᠨ ᠴᠢᠩᠭᠠᠷᠠᠭᠤᠯᠪᠠ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ︽12·5︾ ᠶᠢᠨ  ᠬᠤᠭᠤᠴᠠᠭᠠᠨ ᠳᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠡᠶᠢᠳᠡ 6.97 ᠳ᠋ᠦᠩᠰᠢᠭᠤᠷ  ᠲᠥᠭᠦᠷᠢᠭ ᠤᠨ ᠪᠡᠯᠡ ᠮᠥᠩᠭᠦ ᠣᠷᠣᠭᠤᠯᠵᠤ᠂ ᠡᠯ᠎ᠡ ᠭᠠᠵᠠᠷ ᠤᠨ ᠭᠤᠣᠯᠳᠠᠯᠭ᠎ᠠ ᠲᠠᠢ ᠵᠠᠰᠠᠬᠤ ᠤᠷᠤᠨ ᠳᠤ  ᠴᠢᠭᠯᠡᠭᠦᠯᠦᠨ᠂ ᠠᠭᠤᠷᠬᠠᠶ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ 48.5  ᠲᠡᠭᠰᠢ ᠳᠥᠷᠪᠡᠯᠵᠢᠨ ᠺᠢᠯᠣᠮᠧᠲᠷ ᠢ ᠵᠠᠰᠠᠪᠠ᠃ ᠰᠢᠯᠢ ᠶᠢᠨ ᠭᠤᠣᠯ ᠠᠶᠢᠮᠠᠭ 2014 ᠣᠨ ᠠᠴᠠ ᠡᠬᠢᠯᠡᠨ 3  ᠵᠢᠯ ᠳᠤ 30 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠤᠷᠤᠭᠤᠯᠵᠤ᠂ ︽ᠭᠤᠷᠪᠠᠨ ᠲᠤᠰᠬᠠᠶ ᠣᠷᠣᠨ ᠤ  ᠬᠤᠶᠠᠷ ᠱᠤᠭᠤᠮ︾ ᠤᠨ ᠠᠭᠤᠷᠬᠠᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠠ ᠠᠮᠢ ᠠᠬᠤᠶ ᠶᠢ ᠰᠡᠷᠭᠦᠭᠡᠨ  ᠵᠠᠰᠠᠬᠤ ᠶᠢ ᠪᠡᠶᠡᠯᠡᠭᠦᠯᠬᠦ ᠪᠠᠷ ᠲᠦᠯᠦᠪᠯᠡᠪᠡ᠃ 2014 ᠣᠨ  — 2015 ᠣᠨ ᠳᠤ ᠪᠦᠬᠦ ᠠᠶᠢᠮᠠᠭ114  ᠵᠠᠰᠠᠬᠤ ᠤᠷᠤᠨ ᠢ ᠭᠤᠣᠯᠳᠠᠯᠭ᠎ᠠ ᠲᠠᠢ ᠵᠠᠰᠠᠵᠤ᠂ ᠡᠵᠡᠨ ᠦᠭᠡᠢ ᠶᠡᠭᠡ ᠪᠠᠭ᠎ᠠ 786 ᠬᠠᠶᠠᠭᠳᠠᠮᠠᠯ ᠨᠦᠬᠡ ᠶᠢ ᠵᠠᠰᠠᠵᠤ  ᠂ ᠶᠡᠷᠦᠩᠬᠡᠶ ᠵᠠᠰᠠᠭᠰᠠᠨ ᠲᠠᠯᠠᠪᠠᠶ ᠨᠢ 47.4 ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠨᠡᠶᠢᠲᠡ 4.49  ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠤᠷᠤᠭᠤᠯᠪᠠ᠃ ᠤᠯᠠᠭᠠᠨᠴᠠᠪ ᠬᠤᠳᠠ ᠵᠠᠰᠠᠬᠤ ᠣᠷᠣᠨ ᠪᠦᠰᠡ ᠶᠢ  ᠬᠡᠰᠡᠭ ᠬᠤᠪᠢᠶᠠᠨ ᠵᠠᠰᠠᠭ ᠵᠠᠬᠢᠷᠭᠠᠨ ᠤ ᠨᠢᠭᠡᠴᠡ ᠳᠤ ᠳᠠᠭᠠᠴᠢᠯᠠᠭᠤᠯᠬᠤ ᠠᠷᠭ᠎ᠠ ᠬᠡᠯᠪᠡᠷᠢ ᠶᠢ ᠠᠪᠴᠤ᠂ 1.45  ᠳ᠋ᠦᠡᠭᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠦᠬᠦ ᠬᠤᠲᠠ ᠶᠢᠨ ᠠᠭᠤᠷᠬᠠᠶ ᠶᠢᠨ ᠭᠠᠵᠠᠷ ᠤᠨ  ᠣᠷᠴᠢᠨ ᠲᠤᠭᠤᠷᠢᠨ ᠪᠣᠯᠤᠨ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠶᠢᠨ ᠬᠠᠶᠠᠭᠳᠠᠮᠠᠯ ᠴᠢᠯᠠᠭᠤᠨ  ᠮᠠᠲ᠋ᠧᠷᠢᠶᠠᠯ ᠢ ᠶᠡᠷᠦᠩᠬᠡᠶᠢᠯᠡᠨ ᠵᠠᠰᠠᠵᠤ᠂ ᠢᠯᠡᠳᠲᠡ ᠠᠮᠵᠢᠯᠲᠠ ᠤᠯᠪᠠ᠃ ᠬᠥᠯᠥᠨ ᠪᠤᠶᠢᠷ ᠬᠤᠳᠠ ︽ᠤᠷᠢᠳᠠᠪᠠᠷ  ᠪᠠᠶᠢᠭᠤᠯᠵᠤ ᠲᠠᠷᠠᠭ᠎ᠠ ᠲᠤᠨᠢ ᠨᠥᠬᠦᠪᠥᠷᠢᠯᠡᠬᠦ᠂ ᠱᠠᠩᠨᠠᠬᠤ ᠪᠠᠷ ᠣᠷᠣᠭᠤᠯᠤᠯᠲᠠ ᠶᠢ ᠣᠷᠣᠯᠠᠭᠤᠯᠬᠤ︾ ᠲᠦᠷᠦᠯ  ᠵᠦᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠬᠡᠪ ᠵᠠᠭᠪᠤᠷ ᠢ ᠠᠪᠴᠤ᠂ 6000 ᠲᠦᠮᠡᠨ ᠲᠦᠬᠦᠷᠢᠭ ᠤᠨ ᠪᠡᠯᠡ  ᠮᠦᠩᠭᠦ ᠤᠷᠤᠭᠤᠯᠵᠤ᠂ 15 ᠲᠥᠷᠥᠯ ᠵᠦᠢᠯ ᠤᠨ ᠶᠣᠰᠣᠭᠠᠷ᠂ 2.84 ᠲᠡᠭᠰᠢ ᠳᠥᠷᠪᠡᠯᠵᠢᠨ ᠺᠢᠯᠣᠮᠧᠲᠷ ᠢ  ᠵᠠᠰᠠᠪᠠ᠃           ᠭᠤᠷᠪᠠ ᠳᠤ ᠮᠠᠯᠲᠠᠵᠤ ᠪᠠᠶᠢᠭ᠎ᠠ ᠠᠭᠤᠷᠬᠠᠢ ᠶᠢᠨ ᠵᠠᠰᠠᠯᠲᠠ ᠮᠡᠳᠡᠭᠳᠡᠬᠦ᠋ᠢᠴᠡ ᠠᠮᠵᠢᠯᠲᠠ ᠪᠦᠲᠦᠮᠵᠢ ᠤᠯᠪᠠ᠃  ᠡᠯ᠎ᠡ ᠠᠶᠢᠮᠠᠭ ᠬᠤᠳᠠ ᠬᠤᠭᠤᠴᠠᠭ᠎ᠠ ᠬᠤᠪᠢᠶᠠᠨ ᠵᠠᠰᠠᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂  ᠠᠭᠤᠷᠬᠠᠢ ᠶᠢ ᠰᠢᠮᠳᠠᠭᠤᠯᠤᠨ ᠠᠭᠤᠷᠬᠠᠶ ᠶᠢ ᠬᠤᠭᠤᠴᠠᠭ᠎ᠠ ᠬᠤᠪᠢᠶᠠᠨ ᠵᠠᠰᠠᠬᠤ ᠲᠦᠰᠦᠯ ᠢ ᠵᠤᠬᠢᠶᠠᠯᠭᠠᠵᠤ᠂ ᠮᠠᠯᠲᠠᠵᠤ  ᠪᠠᠶᠢᠭ᠎ᠠ ᠠᠭᠤᠷᠬᠠᠶ ᠶᠢᠨ ᠵᠠᠰᠠᠬᠤ ᠬᠤᠭᠤᠴᠠᠭ᠎ᠠ ᠨᠢᠭᠡᠪᠦᠷᠢ ᠶᠢᠨ ᠵᠠᠰᠠᠬᠤ ᠬᠠᠷᠠᠯᠲᠠ ᠪᠠ ᠡᠭᠦᠷᠭᠡ ᠪᠠᠨ  ᠲᠤᠳᠤᠷᠬᠠᠶᠢᠯᠠᠭᠰᠠᠨ ᠤ ᠬᠠᠮᠲᠤ ᠬᠤᠭᠤᠴᠠᠭ᠎ᠠ ᠬᠤᠪᠢᠶᠠᠨ ᠰᠢᠯᠭᠠᠨ ᠬᠤᠷᠢᠶᠠᠬᠤ ᠠᠵᠢᠯ ᠢ ᠴᠢᠩᠭᠠᠳᠬᠠᠵᠤ᠂  ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠭᠤᠷᠬᠠᠶ ᠶᠢᠨ ᠭᠠᠵᠠᠷ ᠰᠢᠨᠵᠢᠯᠡᠭᠡᠨ ᠣᠷᠴᠢᠨ ᠲᠣᠭᠤᠷᠢᠨ ᠤ ᠵᠠᠰᠠᠯᠲᠠ  ᠮᠡᠳᠡᠭᠳᠡᠬᠦ᠋ᠢᠴᠡ ᠠᠮᠵᠢᠯᠲᠠ ᠤᠯᠪᠠ᠃ ᠲᠠᠪᠤᠨ ᠵᠢᠯ ᠤᠨ ᠲᠤᠷᠰᠢ᠂ ᠠᠵᠤ ᠠᠬᠤᠶᠢᠯᠠᠯ ᠨᠡᠶᠢᠲᠡ 13.36  ᠳ᠋ᠦᠩᠰᠢᠭᠤᠷ ᠲᠥᠭᠦᠷᠢᠭ ᠤᠨ ᠵᠠᠰᠠᠬᠤ ᠵᠠᠷᠤᠳᠠᠯ ᠤᠷᠤᠭᠤᠯᠵᠤ᠂ ᠰᠢᠯᠭᠠᠨ ᠬᠤᠷᠢᠶᠠᠬᠤ ᠪᠠᠷ ᠳᠠᠮᠵᠢᠭᠰᠠᠨ  ᠵᠠᠰᠠᠯᠲᠠ ᠶᠢᠨ ᠲᠠᠯᠠᠪᠠᠢ ᠨᠢ 473.31 ᠳ᠋ᠦᠩᠰᠢᠭᠤᠷ ᠲᠡᠭᠰᠢ ᠳᠥᠷᠪᠡᠯᠵᠢᠨ ᠺᠢᠯᠣᠮᠧᠲᠷ ᠪᠤᠯᠪᠠ᠃ ᠮᠠᠯᠲᠠᠵᠤ  ᠪᠠᠶᠢᠭ᠎ᠠ ᠠᠭᠤᠷᠬᠠᠶ ᠶᠢᠨ ᠵᠠᠰᠠᠭᠰᠠᠨ ᠲᠠᠯᠠᠪᠠᠢ ᠵᠢᠯ ᠳᠠᠷᠠᠭᠠᠯᠠᠨ ᠨᠡᠮᠡᠭᠳᠡᠵᠦ᠂ 2011 ᠣᠨ ᠳᠤ 50 ᠲᠡᠭᠰᠢ  ᠳᠥᠷᠪᠡᠯᠵᠢᠨ ᠺᠢᠯᠣᠮᠧᠲᠷ ᠪᠠᠶᠢᠭᠰᠠᠨ ᠠᠴᠠ ᠡᠨᠡ ᠵᠢᠯ 140 ᠲᠡᠭᠰᠢ ᠳᠥᠷᠪᠡᠯᠵᠢᠨ ᠺᠢᠯᠣᠮᠧᠲᠷ ᠪᠤᠯᠤᠨ ᠨᠡᠮᠡᠭᠳᠡᠵᠦ᠂  ᠨᠢᠭᠡ ᠪᠦᠯᠦᠭ ᠠᠵᠤ ᠠᠬᠤᠶᠢᠯᠠᠯ ᠨᠢ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠲᠠᠯ᠎ᠠ ᠪᠠᠷ ᠢᠳᠡᠪᠬᠢᠲᠡᠶ  ᠳᠠᠭᠠᠭᠤᠯᠬᠤ ᠦᠢᠯᠡᠳᠦᠯ ᠦᠵᠡᠭᠦᠯᠪᠡ᠃ ᠵᠢᠱᠢᠶᠡᠯᠡᠪᠡᠯ᠄ ᠬᠥᠯᠥᠨ ᠪᠤᠶᠢᠷ ᠬᠤᠳᠠ ᠶᠢᠨ ᠱᠧᠨ ᠬᠤᠸᠠ ᠳ᠋ᠠ ᠶᠠᠨ  ᠪᠦᠯᠦᠭᠯᠡᠯ ᠤᠨ ᠳ᠋ᠠ ᠶᠠᠨ ᠨᠡᠭᠦᠷᠡᠰᠦᠨ ᠠᠭᠤᠷᠬᠠᠶ᠂ 2003 ᠣᠨ ᠠᠴᠠ ᠡᠬᠢᠯᠡᠨ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠨᠡᠭᠦᠷᠡᠰᠦᠨ ᠴᠢᠯᠠᠭᠤ ᠪᠠᠷ ᠨᠢ 144.27 ᠲᠦᠮᠡᠨ ᠲᠡᠭᠰᠢ ᠳᠥᠷᠪᠡᠯᠵᠢᠨ ᠮᠧᠲᠷ ᠡᠭᠡᠭᠦᠯᠦᠨ ᠪᠦᠭᠯᠡᠵᠡᠢ︔ ᠡᠪᠡᠰᠦ 5684 ᠮᠦ ᠳᠠᠷᠢᠵᠤ᠂ ᠡᠯ᠎ᠡ  ᠲᠥᠷᠥᠯ ᠤᠨ ᠮᠣᠳᠣ 47037 ᠰᠠᠭᠤᠷᠢ ᠰᠠᠭᠤᠯᠭᠠᠵᠤ᠂ 3500 ᠮᠧᠲᠷ ᠲᠤᠤᠷ ᠬᠦᠷᠢᠶ᠎ᠡ ᠲᠠᠲᠠᠵᠤ᠂  ᠪᠠᠷᠢᠯᠭ᠎ᠠ ᠶᠢᠨ ᠪᠡᠯᠡ ᠣᠷᠣᠭᠤᠯᠤᠯᠲᠠ ᠶᠢ ᠨᠡᠶᠢᠲᠡ 4549.33 ᠲᠦᠮᠡᠨ ᠲᠥᠭᠦᠷᠢᠭ ᠪᠡᠶᠡᠯᠡᠭᠦᠯᠵᠡᠢ᠂  ᠡᠭᠦᠨ ᠳᠤ  ᠤᠯᠤᠰ ᠠᠴᠠ 3635.93 ᠲᠦᠮᠡᠨ‌‍ᠲ᠋ᠥ᠋ᠭᠦᠷᠢᠭ ᠨᠦᠬᠦᠪᠦᠷᠢᠯᠡᠵᠦ᠂ ᠪᠦᠯᠦᠭᠯᠡᠯ ᠺᠣᠮᠫᠠᠨᠢ 913.4 ᠲᠦᠮᠡᠨ  ᠲᠥᠭᠦᠷᠢᠭ ᠢᠵᠢ ᠪᠦᠷᠢᠯᠳᠦᠭᠦᠯᠵᠦ᠂ 15.08 ᠲᠡᠭᠰᠢ ᠳᠥᠷᠪᠡᠯᠵᠢᠨ ᠺᠢᠯᠣᠮᠧᠲᠷ ᠵᠠᠰᠠᠵᠠᠢ᠃ ᠠᠵᠤ ᠠᠬᠤᠶᠢᠯᠠᠯ ᠨᠢ  ᠠᠯᠬᠤᠮ ᠠᠯᠬᠤᠮ ᠢᠶᠠᠷ ᠬᠠᠭᠤᠴᠢᠨ ᠦᠷᠢ ᠪᠠᠨ ᠪᠤᠴᠠᠭᠠᠵᠤ᠂ ᠰᠢᠨ᠎ᠡ ᠦᠷᠢ ᠭᠠᠷᠭᠠᠬᠤ ᠦᠭᠡᠢ ᠪᠠᠶᠢᠵᠤ ᠬᠡᠳᠦᠨ  ᠵᠢᠯ ᠤᠨ ᠬᠤᠭᠤᠴᠠᠭ᠎ᠠ ᠶᠢ ᠠᠰᠢᠭᠯᠠᠨ ᠥᠩᠭᠡᠷᠡᠭᠰᠡᠨ ᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠤ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠤᠷᠳᠤᠰ ᠬᠤᠳᠠ ᠶᠢᠨ ᠱᠧᠨ ᠳ᠋ᠦᠩ ᠲᠢᠶᠠᠨ ᠯᠦᠩ  ᠪᠦᠯᠦᠭᠯᠡᠯ ᠤᠨ ᠡᠦ ᠵᠢᠶᠠ ᠲᠠ ᠵᠠᠳᠠᠭᠠᠶ ᠨᠡᠭᠦᠷᠡᠰᠦᠨ ᠠᠭᠤᠷᠬᠠᠶ ᠪᠣᠬᠢᠷᠲᠤᠯ ᠦᠭᠡᠢ ᠠᠭᠤᠷᠬᠠᠶ ᠶᠢᠨ ᠪᠦᠳᠦᠭᠡᠠ  ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠦᠲᠦᠮᠵᠢᠲᠡᠶ ᠪᠠᠷ ᠥᠷᠨᠢᠭᠦᠯᠵᠦ᠂ ᠣᠳᠣᠬᠠᠨ ᠳᠤ ᠭᠠᠵᠠᠷ ᠰᠢᠷᠣᠶ ᠶᠢ  ᠰᠡᠷᠭᠦᠭᠡᠨ ᠬᠠᠭᠠᠯᠪᠤᠷᠢᠯᠠᠬᠤ ᠨᠡᠶᠢᠲᠡ 512.4 ᠲᠦᠮᠡᠨ ᠲᠥᠭᠦᠷᠢᠭ ᠤᠨ ᠪᠡᠯᠡ ᠮᠥᠩᠭᠦ ᠤᠷᠤᠭᠤᠯᠵᠤ᠂ 66.56  ᠾᠧᠺᠲ᠋ᠠᠷ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠵᠤ᠂ ᠭᠠᠵᠠᠷ ᠰᠢᠷᠣᠶ ᠶᠢᠨ ᠰᠡᠷᠭᠦᠭᠡᠨ ᠬᠠᠭᠠᠯᠪᠤᠷᠢᠯᠠᠭᠰᠠᠨ  ᠨᠣᠷᠮ᠎ᠠ ᠨᠢ 95% ᠪᠤᠯᠵᠠᠢ᠃ ᠠᠭᠤᠷᠬᠠᠶ ᠶᠢᠨ ᠠᠵᠤ ᠠᠬᠤᠶᠢᠯᠠᠯ ᠨᠢ ᠠᠭᠤᠷᠬᠠᠶ ᠶᠢᠨ ᠣᠷᠣᠨ ᠤ ᠶᠡᠭᠡ  ᠲᠠᠯᠠᠪᠠᠢ ᠪᠠᠷ ᠰᠢᠷᠣᠶ ᠭᠠᠳᠠᠭᠰᠢᠯᠠᠭᠤᠯᠬᠤ ᠲᠠᠪᠴᠠᠩ ᠳᠤ ᠴᠢᠭᠯᠡᠭᠦᠯᠦᠨ᠂ ᠬᠦᠷᠦᠰᠦ ᠶᠢᠨ ᠡᠬᠢ ᠪᠠᠶᠠᠯᠢᠭ ᠠᠴᠠ  ᠵᠠᠳᠠᠭᠠᠶ ᠮᠠᠯᠲᠠᠬᠤ ᠳᠠᠭᠠᠨ ᠰᠠᠯᠭᠠᠬᠤ ᠶᠢ ᠭᠦᠢᠴᠡᠳ ᠠᠰᠢᠭᠯᠠᠵᠤ᠂ ᠲᠠᠪᠴᠠᠩ ᠶᠢᠨ ᠳᠡᠭᠡᠷ᠎ᠡ ᠪᠠᠨ ᠲᠡᠵᠢᠭᠡᠵᠦ  ᠦᠷᠡᠵᠢᠭᠦᠯᠬᠦ ᠦᠢᠯᠡᠰ ᠢ ᠬᠦᠭᠵᠢᠭᠦᠯᠪᠡ᠃           ᠸᠠᠩ ᠵᠢᠶᠧ᠄       ᠭᠠᠵᠠᠷ ᠰᠢᠨᠵᠢᠯᠡᠭᠡᠨ ᠤ ᠦᠯᠡᠳᠡᠭᠳᠡᠯ ᠢ ᠬᠠᠮᠠᠭᠠᠯᠠᠬᠤ ᠪᠠ ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠲᠦᠭᠡᠨ  ᠪᠠᠶᠢᠭᠤᠯᠤᠯᠲᠠ ᠶᠢᠨ ᠲᠠᠯ᠎ᠠ ᠪᠠᠷ ︽12·5︾ ᠶᠢᠨ ᠬᠤᠭᠤᠴᠠᠭᠠᠨ ᠳᠤ᠂ ᠪᠦᠬᠦ ᠣᠷᠣᠨ ᠤ 17 ᠭᠠᠵᠠᠷ ᠤᠨ  ᠭᠠᠵᠠᠷ ᠰᠢᠨᠵᠢᠯᠡᠭᠡᠨ ᠤ ᠦᠯᠡᠳᠡᠭᠳᠡᠯ ᠤᠨ ᠬᠠᠮᠠᠭᠠᠯᠠᠯᠲᠠ ᠶᠢᠨ ᠣᠷᠣᠨ ᠪᠠ 20 ᠭᠠᠵᠠᠷ ᠰᠢᠨᠵᠢᠯᠡᠭᠡᠨ ᠤ  ᠴᠡᠴᠡᠷᠯᠢᠭ ᠤᠨ ᠭᠠᠵᠠᠷ ᠰᠢᠨᠵᠢᠯᠡᠭᠡᠨ ᠤ ᠦᠯᠡᠳᠡᠭᠳᠡᠯ ᠢ ᠪᠦᠲᠦᠮᠵᠢᠲᠡᠢ ᠪᠠᠷ ᠬᠠᠮᠠᠭᠠᠯᠠᠵᠤ᠂ ᠨᠡᠶᠢᠲᠡ ᠳᠡᠯᠡᠬᠡᠶ ᠶᠢᠨ  ᠭᠠᠵᠠᠷ ᠰᠢᠨᠵᠢᠯᠡᠭᠡᠨ ᠤ ᠴᠡᠴᠡᠷᠯᠢᠭ 2 ᠢ ᠪᠠᠶᠢᠭᠤᠯᠵᠤ᠂ 1 ᠶᠢ ᠶᠠᠭ ᠮᠡᠳᠡᠭᠦᠯᠦᠭᠰᠡᠨ ᠪᠠᠶᠢᠬᠤ ᠪᠠ ᠤᠯᠤᠰ ᠤᠨ  ᠭᠠᠵᠠᠷ ᠰᠢᠨᠵᠢᠯᠡᠭᠡᠨ ᠤ ᠴᠡᠴᠡᠷᠯᠢᠭ 6᠂ ᠥᠪᠡᠷᠲᠡᠭᠡᠨ ᠵᠠᠰᠠᠬᠤ ᠣᠷᠣᠨ ᠤ ᠳᠡᠰ ᠤᠨ ᠭᠠᠵᠠᠷ ᠰᠢᠨᠵᠢᠯᠡᠭᠡᠨ ᠤ  ᠴᠡᠴᠡᠷᠯᠢᠭ 12 ᠢ ᠪᠠᠶᠢᠭᠤᠯᠵᠤ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ  ᠬᠦᠭᠵᠢᠭᠦᠯᠪᠡ᠃ ᠡᠭᠦᠨ ᠤ ᠵᠡᠷᠭᠡᠴᠡᠭᠡᠪᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠲᠡᠨ ᠤ  ᠠᠮᠢᠳᠤ ᠪᠣᠳᠠᠰ ᠤᠨ ᠴᠢᠯᠠᠭᠤᠵᠢᠮᠠᠯ ᠤᠨ ᠲᠤᠰᠬᠠᠶ ᠮᠡᠷᠭᠡᠵᠢᠯᠲᠡᠨ ᠤ ᠺᠣᠮᠢᠰ ᠢ ᠪᠠᠶᠢᠭᠤᠯᠵᠤ᠂ ︽ᠤᠯᠤᠰ ᠤᠨ ᠲᠡᠰ ᠤᠨ  ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠲᠥᠪᠯᠡᠷᠡᠨ ᠭᠠᠷᠳᠠᠬ ᠭᠠᠵᠠᠷ︾ ᠢ ᠮᠠᠭᠠᠳᠯᠠᠨ ᠲᠣᠭᠲᠠᠭᠠᠬᠤ ᠪᠠ ︽ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠢ ᠬᠤᠷᠢᠶᠠᠨ ᠬᠠᠳᠠᠭᠠᠯᠠᠬᠤ ᠨᠢᠭᠡᠴᠡ ᠶᠢᠨ ᠳᠡᠰ ᠲᠤᠭᠲᠠᠭᠠᠬᠤ︾  ᠶᠠᠪᠤᠳᠠᠯ ᠢ ᠡᠬᠢᠯᠡᠭᠦᠯᠵᠦ᠂ ᠪᠦᠬᠦ ᠣᠷᠣᠨ ᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠢ ᠪᠠᠶᠢᠴᠠᠭᠠᠨ  ᠳᠠᠩᠰᠠᠯᠠᠵᠤ ᠦᠨᠡᠯᠡᠬᠦ ᠪᠠ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠦᠯᠢᠭᠡᠷ ᠬᠡᠪ ᠤᠨ ᠳᠠᠩᠰᠠ ᠡᠪᠬᠡᠮᠡᠯ  ᠪᠠᠶᠢᠭᠤᠯᠬᠤ ᠵᠡᠷᠭᠡ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠲᠥᠯᠥᠪᠵᠢᠭᠦᠯᠭᠡ᠂ ᠪᠦᠬᠦ  ᠣᠷᠣᠨ ᠤ ᠭᠠᠵᠠᠷ ᠰᠢᠨᠵᠢᠯᠡᠭᠡᠨ ᠤ ᠴᠡᠴᠡᠷᠯᠢᠭ ᠤᠨ ᠤᠳᠤᠬᠢ ᠪᠠᠶᠢᠳᠠᠯ ᠤᠨ ᠲᠤᠬᠠᠶ ᠪᠠᠶᠢᠴᠠᠭᠠᠯᠲᠠ᠂ ᠪᠦᠬᠦ ᠣᠷᠣᠨ ᠤ  ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ  ᠵᠣᠬᠢᠶᠠᠬᠤ ᠵᠡᠷᠭᠡ ᠠᠵᠢᠯ ᠢ ᠪᠡᠶᠡᠯᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ  ᠬᠢᠩᠭᠠᠨ ᠳᠠᠪᠠᠭᠠᠨ ᠤ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ ᠡᠭᠦᠰᠳᠡᠭ ᠤᠷᠤᠨ ᠤ ᠭᠠᠵᠠᠷ ᠰᠢᠨᠵᠢᠯᠡᠭᠡᠨ ᠤ  ᠣᠷᠴᠢᠨ ᠲᠤᠭᠤᠷᠢᠨ ᠤ ᠪᠠᠶᠢᠴᠠᠭᠠᠯᠲᠠ ︵ᠭᠠᠵᠠᠷ ᠰᠢᠨᠵᠢᠯᠡᠭᠡᠨ ᠤ ᠦᠯᠡᠳᠡᠭᠳᠡᠯ ᠬᠡᠰᠡᠭ︶︾ ᠶᠢ ᠪᠡᠶᠡᠯᠡᠭᠦᠯᠪᠡ᠃  ᠤᠳᠤ ᠶᠠᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠦᠯᠡᠳᠡᠭᠳᠡᠯ ᠢ  ᠬᠠᠮᠠᠭᠠᠯᠠᠬᠤ ᠲᠥᠯᠥᠪᠵᠢᠭᠦᠯᠭᠡ ︵2016-2020 ᠤᠨ︶︾᠂ ︽ᠤᠮᠠᠷᠠᠲᠤ ᠣᠷᠣᠨ ᠤ ᠭᠠᠵᠠᠷ ᠰᠢᠨᠵᠢᠯᠡᠭᠡᠨ ᠤ  ᠦᠯᠡᠳᠡᠭᠳᠡᠯ ᠤᠨ ᠪᠠᠶᠢᠴᠠᠭᠠᠯᠲᠠ ︵ᠥᠪᠥᠷ ᠮᠣᠩᠭᠤᠯ ᠤᠨ ᠬᠡᠰᠡᠭ︶︾ ᠶᠢᠨ ᠠᠵᠢᠯ ᠢ ᠶᠠᠭ ᠶᠠᠪᠤᠭᠳᠠᠭᠤᠯᠵᠤ ᠪᠠᠶᠢᠨ᠎ᠠ  ᠃ 2015 ᠣᠨ ᠳᠤ ᠷᠠᠰᠢᠶᠠᠨ ᠤ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢ ᠳᠡᠯᠡᠬᠡᠶ ᠶᠢᠨ ᠭᠠᠵᠠᠷ  ᠰᠢᠨᠵᠢᠯᠡᠭᠡᠨ ᠤ ᠴᠡᠴᠡᠷᠯᠢᠭ ᠢᠶᠠᠷ ᠭᠤᠶᠤᠴᠢᠯᠠᠨ ᠮᠡᠳᠡᠭᠦᠯᠬᠦ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂  ᠣᠳᠣᠬᠠᠨ ᠳᠤ ᠮᠡᠳᠡᠭᠦᠯᠦᠯᠲᠡ ᠶᠢᠨ ᠮᠠᠲ᠋ᠧᠷᠢᠶᠠᠯ ᠢ ᠨᠢᠭᠡᠨᠲᠡ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ  ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠦᠭᠡᠳ᠂  ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠶᠠᠭ ᠰᠠᠶᠢᠬᠠᠨ  ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃           ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠲᠠᠯ᠎ᠠ ᠪᠠᠷ᠃ ︽12·5︾ ᠶᠢᠨ  ᠲᠦᠯᠦᠪᠵᠢᠬᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠭᠠᠵᠠᠷ ᠤᠳ ᠭᠠᠵᠠᠷ ᠰᠢᠨᠵᠢᠯᠡᠭᠡᠨ ᠤ ᠭᠠᠶ  ᠭᠠᠮᠰᠢᠭ ᠢ ᠪᠠᠶᠢᠴᠠᠭᠠᠨ ᠦᠨᠡᠯᠡᠬᠦ ᠰᠢᠰᠲ᠋ᠧᠮᠵᠢ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ  ᠰᠢᠰᠲ᠋ᠧᠮᠵᠢ ᠪᠣᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ  ᠲᠡᠭᠦᠯᠳᠡᠷᠵᠢᠭᠦᠯᠵᠦ᠂ ︽ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠷᠪᠠᠨ ᠰᠢᠶᠠᠨ︾ 10 ᠪᠠ  ︽ᠥᠨᠳᠥᠷ ᠪᠠᠷᠢᠮᠵᠢᠶᠠᠲᠤ ᠰᠡᠷᠭᠡᠶᠢᠯᠡᠨ ᠵᠠᠰᠠᠬᠤ ᠠᠷᠪᠠᠨ ᠰᠢᠶᠠᠨ︾ 15 ᠶᠢ ᠪᠠᠶᠢᠭᠤᠯᠪᠠ᠃ ᠥᠪᠡᠷᠲᠡᠭᠡᠨ ᠵᠠᠰᠠᠬᠤ  ᠣᠷᠣᠨ 1380 ᠲᠦᠮᠡᠨ ᠲᠥᠭᠦᠷᠢᠭ ᠤᠷᠤᠭᠤᠯᠤᠨ ᠲᠤᠰᠬᠠᠶᠢᠯᠠᠨ ᠪᠠᠶᠢᠴᠠᠭᠠᠯᠲᠠ ᠪᠠᠷ ᠭᠤᠣᠯ ᠪᠣᠯᠭᠠᠵᠤ᠂  ᠵᠢᠭᠰᠠᠭᠠᠨ ᠪᠠᠶᠢᠴᠠᠭᠠᠬᠤ᠂ ᠬᠠᠷᠭᠤᠭᠤᠯᠤᠨ ᠪᠠᠶᠢᠴᠠᠭᠠᠬᠤ᠂ ᠳᠠᠪᠲᠠᠨ ᠪᠠᠶᠢᠴᠠᠭᠠᠬᠤ ᠪᠠᠷ ᠬᠠᠪᠰᠤᠷᠤᠮᠵᠢ ᠪᠤᠯᠭᠠᠭᠰᠠᠨ  ᠭᠠᠵᠠᠷ ᠰᠢᠨᠵᠢᠯᠡᠭᠡᠨ ᠤ ᠭᠠᠮᠰᠢᠭ ᠤᠨ ᠬᠥᠳᠡᠯᠦᠩᠭᠦᠶ ᠪᠠᠶᠢᠳᠠᠯ ᠤᠨ ᠪᠠᠶᠢᠴᠠᠭᠠᠵᠤ ᠦᠨᠡᠯᠡᠬᠦ ᠪᠠ ᠪᠠᠴᠢᠮ ᠪᠠᠶᠢᠳᠠᠯ ᠢ  ᠠᠷᠭᠠᠴᠠᠬᠤ ᠰᠢᠰᠲ᠋ᠧᠮᠵᠢ ᠶᠢ ᠪᠠᠶᠢᠭᠤᠯᠬᠤ ᠳᠤ ᠬᠡᠷᠡᠭᠯᠡᠵᠤ᠂ 17 ᠬᠤᠰᠢᠭᠤ ᠰᠢᠶᠠᠨ ᠬᠤᠲᠠ ᠲᠣᠭᠤᠷᠢᠭ ᠶᠡᠭᠡ  ᠬᠢᠩᠭᠠᠨ ᠳᠠᠪᠠᠭᠠᠨ ᠤ ᠡᠮᠦᠨ᠎ᠡ ᠬᠡᠰᠡᠭ ᠪᠠ ᠮᠤᠨᠢ ᠠᠭᠤᠯᠠ ᠶᠢᠨ ᠠᠭᠤᠯᠠᠷᠬᠠᠭ ᠭᠠᠵᠠᠷ ᠤᠨ 1᠄ 5 ᠲᠦᠮᠡᠨ ᠭᠠᠵᠠᠷ   ᠰᠢᠨᠵᠢᠯᠡᠭᠡᠨ ᠤ ᠭᠠᠶ ᠭᠠᠮᠰᠢᠭ ᠠᠮᠠᠷᠬᠠᠨ ᠡᠭᠦᠰᠳᠡᠭ ᠣᠷᠣᠨ ᠤ 16.35 ᠲᠦᠮᠡᠨ ᠲᠡᠭᠰᠢ ᠳᠥᠷᠪᠡᠯᠵᠢᠨ  ᠺᠢᠯᠣᠮᠧᠲᠷ ᠢ ᠪᠠᠶᠢᠴᠠᠭᠠᠪᠠ᠃ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠶᠤᠯ ᠠᠴᠠ  ᠵᠠᠶᠢᠯᠠᠭᠤᠯᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠪᠠᠰᠤᠷᠠᠯ ᠢ 5 ᠤᠳᠠᠭ᠎ᠠ ᠥᠷᠨᠢᠭᠦᠯᠵᠦ᠂  ᠭᠡᠨᠡᠳᠲᠡ ᠶᠢᠨ ᠴᠢᠨᠠᠷᠲᠠᠶ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ  ᠳᠡᠭᠡᠭᠰᠢᠯᠡᠭᠦᠯᠵᠦ᠂ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠴᠠᠭ ᠠᠭᠤᠷ ᠤᠨ  ᠤᠷᠢᠳᠴᠢᠯᠠᠭᠰᠠᠨ ᠲᠤᠬᠢᠶ᠎ᠠ ᠮᠡᠳᠡᠭᠡ ᠶᠢ 101 ᠤᠳᠠᠭ᠎ᠠ ᠨᠡᠶᠢᠲᠡᠯᠡᠵᠦ᠂ ᠭᠠᠵᠠᠷ ᠰᠢᠨᠵᠢᠯᠡᠭᠡᠨ ᠤ ᠭᠠᠶ ᠭᠠᠮᠰᠢᠭ ᠢ 2  ᠤᠳᠠᠭ᠎ᠠ ᠠᠮᠵᠢᠯᠲᠠ ᠲᠠᠢ ᠪᠠᠷ ᠤᠷᠢᠳᠴᠢᠯᠠᠨ ᠮᠡᠳᠡᠭᠡᠯᠡᠵᠤ  ᠂ 600 ᠭᠠᠷᠤᠶ ᠲᠦᠮᠡᠨ ᠲᠥᠭᠦᠷᠢᠭ ᠤᠨ ᠠᠵᠤ  ᠠᠬᠤᠶ ᠶᠢᠨ ᠬᠤᠬᠢᠷᠠᠯ ᠠᠴᠠ ᠵᠠᠶᠢᠯᠠᠭᠤᠯᠪᠠ᠃ ᠤᠯᠤᠰ ᠤᠨ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ  ᠵᠠᠰᠠᠬᠤ ᠪᠡᠯᠡ ᠮᠥᠩᠭᠦ ᠶᠢ 10199 ᠲᠦᠮᠡᠨ ᠲᠦᠭᠦᠷᠢᠭ ᠢ ᠤᠯᠭᠤᠭᠰᠠᠨ ᠪᠠ ᠨᠠᠶᠢᠳᠠᠪᠤᠷᠢᠵᠢᠭᠤᠯᠵᠤ᠂ ᠭᠠᠵᠠᠷ   ᠰᠢᠨᠵᠢᠯᠡᠭᠡᠨ ᠤ ᠭᠠᠢ ᠭᠠᠮᠰᠢᠭ ᠤᠨ ᠪᠠᠷᠢᠯᠭ᠎ᠠ ᠶᠢ ᠵᠠᠰᠠᠬᠤ ᠪᠠ ᠭᠠᠵᠠᠷ ᠰᠢᠨᠵᠢᠯᠡᠭᠡᠨ ᠤ ᠭᠠᠶ ᠭᠠᠮᠰᠢᠭ ᠠᠮᠠᠷᠬᠠᠨ  ᠡᠭᠦᠰᠳᠡᠭ ᠣᠷᠣᠨ ᠢ ᠪᠠᠶᠢᠴᠠᠭᠠᠪᠠ᠃ 955 ᠲᠦᠮᠡᠨ ᠲᠥᠭᠦᠷᠢᠭ ᠵᠠᠷᠤᠴᠠᠭᠤᠯᠵᠤ ᠪᠠᠴᠢᠮ ᠪᠠᠶᠢᠳᠠᠯ ᠢ ᠠᠷᠭᠠᠴᠠᠬᠤ  ᠪᠠᠶᠢᠴᠠᠭᠠᠬᠤ ᠪᠡᠯᠡᠳᠭᠡᠮᠵᠢ ᠬᠤᠳᠠᠯᠳᠤᠨ ᠠᠪᠤᠭᠰᠠᠨ ᠪᠠ ᠪᠠᠴᠢᠮ ᠪᠠᠶᠢᠳᠠᠯ ᠢ ᠠᠷᠭᠠᠴᠠᠬᠤ ᠲᠠᠪᠴᠠᠩ ᠪᠠᠶᠢᠭᠤᠯᠵᠤ᠂  ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ ᠶᠢ 12 ᠤᠳᠠᠭ᠎ᠠ ᠬᠢᠪᠡ᠃ 3301 ᠲᠦᠮᠡᠨ ᠲᠥᠭᠦᠷᠢᠭ ᠵᠠᠷᠤᠴᠠᠭᠤᠯᠵᠤ ᠪᠥᠬᠦ ᠣᠷᠣᠨ ᠤ 7 ᠭᠤᠤᠯ ᠬᠤᠲᠠ ᠶᠢᠨ ᠭᠠᠵᠠᠷ ᠳᠣᠣᠷᠠᠬᠢ  ᠤᠰᠤ ᠶᠢ ᠬᠢᠨᠠᠨ ᠬᠡᠮᠵᠢᠬᠦ ᠠᠵᠢᠯ ᠦᠷᠨᠢᠬᠦᠯᠵᠤ᠂ 4293 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠶᠢ ᠬᠢᠨᠠᠨ  ᠬᠡᠮᠵᠢᠪᠡ᠃           ᠬᠥᠲᠥᠯᠥᠭᠴᠢ᠄       ᠸᠠᠩ ᠲᠢᠩᠬᠢᠮ ᠤᠨ ᠳᠠᠷᠤᠭ᠎ᠠ ᠡ᠂ ︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ ᠮᠠᠨ ᠤ  ᠣᠷᠣᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠳᠤ ᠶᠠᠮᠠᠷ ᠶᠠᠮᠠᠷ ᠭᠤᠣᠯ ᠠᠷᠭ᠎ᠠ  ᠬᠡᠮᠵᠢᠶ᠎ᠡ ᠠᠪᠤᠭᠰᠠᠨ ᠪᠤᠢ︖           ᠸᠠᠩ ᠵᠢᠶᠧ᠄  ᠨᠢᠭᠡ ᠳᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠬᠠᠤᠯᠢ ᠲᠣᠭᠲᠠᠭᠠᠯ ᠢ  ᠲᠠᠰᠤᠷᠠᠯᠲᠠ ᠦᠭᠡᠢ ᠪᠦᠷᠢᠨᠰᠢᠭᠦᠯᠪᠡ᠃ 2008 ᠣᠨ ᠳᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠵᠠᠰᠠᠬᠤ ᠪᠠᠲᠤᠯᠠᠭ᠎ᠠ ᠶᠢᠨ ᠮᠥᠩᠭᠦ ᠶᠢᠨ  ᠬᠠᠮᠢᠶᠠᠷᠤᠯᠲᠠ ᠶᠢᠨ ᠠᠷᠭ᠎ᠠ︾ ᠳᠤ 2013 ᠣᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ  ᠵᠠᠰᠠᠪᠤᠷᠢ ᠤᠷᠤᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠣᠷᠣᠨ ᠤ ᠠᠭᠤᠷᠬᠠᠶ ᠶᠢᠨ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠢ ᠵᠠᠰᠠᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠤᠬᠢᠴᠠᠭᠤᠯᠵᠤ  ᠂ ᠤᠤᠯ ᠤᠨ ᠪᠠᠲᠤᠯᠠᠭ᠎ᠠ ᠶᠢᠨ ᠮᠥᠩᠭᠦ ᠶᠢᠨ ᠲᠥᠷᠢᠮ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ  ᠰᠢᠢᠳᠪᠦᠷᠢᠯᠡᠬᠦ ᠳᠤ᠂ ᠳᠡᠭᠡᠳᠦ ᠪᠠᠶᠢᠷᠢ ᠶᠢᠨ ᠬᠠᠤᠯᠢ ᠳᠤᠲᠠᠭᠳᠠᠵᠤ ᠪᠠᠶᠢᠭ᠎ᠠ ᠨᠥᠬᠦᠴᠡᠯ ᠳᠣᠣᠷ᠎ᠠ  ᠂ 2015  ᠣᠨ ᠳᠤ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠢ ᠵᠠᠰᠠᠬᠤ ᠠᠷᠭ᠎ᠠ︾ ᠶᠢ ᠲᠤᠭᠲᠠᠭᠠᠵᠤ᠂ 3 ᠳ᠋ᠤᠭᠠᠷ ᠰᠠᠷ᠎ᠠ ᠶᠢᠨ 27 ᠤ ᠡᠳᠦᠷ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠣᠷᠳᠣᠨ ᠤ ᠵᠠᠷᠯᠢᠭ ᠤᠨ ᠬᠡᠯᠪᠡᠷᠢ ᠪᠠᠷ ᠨᠡᠶᠢᠲᠡᠯᠡᠨ ᠬᠡᠷᠡᠭᠵᠢᠬᠦᠯᠪᠡ᠂ ᠡᠨᠡ ᠪᠣᠯ  ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠤᠬᠠᠶ ᠪᠦᠬᠦ ᠤᠯᠤᠰ ᠤᠨ ᠠᠩᠬᠠᠳᠠᠭᠴᠢ  ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠪᠤᠯᠬᠤ ᠪᠦᠭᠡᠳ ᠪᠠᠲᠤᠯᠠᠭ᠎ᠠ ᠶᠢᠨ  ᠮᠥᠩᠭᠦ ᠶᠢᠨ ᠲᠥᠷᠢᠮ ᠵᠢᠴᠢ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠤᠨ ᠬᠠᠤᠯᠢ ᠴᠠᠭᠠᠵᠠ ᠶᠢᠨ  ᠪᠠᠶᠢᠷᠢ ᠰᠠᠭᠤᠷᠢ ᠶᠢ ᠳᠡᠭᠡᠭᠰᠢᠯᠡᠭᠦᠯᠪᠡ᠃ ᠡᠨᠡᠬᠦ ᠠᠷᠭ᠎ᠠ ᠨᠢ᠂ ᠨᠢᠭᠡ ᠳᠤ ᠤᠤᠯ ᠤᠨ ᠳᠠᠩ ᠭᠠᠭᠴᠠ ᠪᠠᠲᠤᠯᠠᠭ᠎ᠠ ᠶᠢᠨ  ᠬᠠᠮᠢᠶᠠᠷᠤᠯᠲᠠ ᠶᠢᠨ ᠠᠷᠭ᠎ᠠ ᠶᠢ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠷᠭ᠎ᠠ  ᠪᠤᠯᠭᠠᠨ ᠦᠷᠭᠡᠳᠭᠡᠵᠤ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ  ᠠᠭᠤᠯᠭ᠎ᠠ ᠶᠢ ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠪᠠ ᠠᠭᠤᠷᠬᠠᠶ ᠶᠢᠨ  ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠠᠵᠢᠯ ᠪᠤᠯᠭᠠᠨ ᠦᠷᠭᠡᠳᠭᠡᠵᠤ ᠂ ᠠᠭᠤᠷᠬᠠᠶ ᠶᠢᠨ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠢ ᠵᠠᠰᠠᠬᠤ ᠲᠥᠰᠦᠯ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠵᠢᠴᠢ ᠭᠠᠵᠠᠷ  ᠵᠦᠢ ᠶᠢᠨ ᠭᠠᠮᠰᠢᠭ ᠢ ᠦᠨᠡᠯᠡᠨ ᠵᠢᠱᠢᠬᠦ ᠶᠢ ᠪᠦᠬᠦᠨ ᠢ ᠤᠶᠠᠯᠳᠤᠭᠤᠯᠤᠭᠠᠳ᠂ ᠬᠤᠶᠢᠰᠢᠳᠠ ᠥᠪᠡᠷᠲᠡᠭᠡᠨ ᠵᠠᠰᠠᠬᠤ  ᠣᠷᠣᠨ᠂ ᠠᠶᠢᠮᠠᠭ ᠬᠤᠳᠠ ᠶᠢᠨ ᠦᠨᠡᠮᠯᠡᠯ ᠤᠯᠭᠤᠬᠤ ᠠᠭᠤᠷᠬᠠᠶ ᠮᠠᠯᠲᠠᠬᠤ ᠡᠷᠬᠡ ᠳᠤ ᠵᠥᠪᠬᠡᠨ ᠨᠢᠭᠡ ᠲᠦᠰᠦᠯ ᠢ  ᠨᠠᠶᠢᠷᠠᠭᠤᠯᠤᠨ ᠵᠤᠬᠢᠶᠠᠪᠠᠯ ᠪᠤᠯᠴᠢᠬᠠᠬᠤ ᠪᠤᠯᠭᠠᠪᠠ᠃ ᠡᠭᠦᠨ ᠤ ᠬᠠᠮᠲᠤ ᠵᠠᠳᠠᠭᠠᠶ ᠠᠭᠤᠷᠬᠠᠶ ᠶᠢᠨ ᠪᠠᠲᠤᠯᠠᠭ᠎ᠠ ᠶᠢᠨ  ᠮᠥᠩᠭᠦ ᠶᠢᠨ ᠬᠡᠷᠡᠭᠵᠢᠭᠦᠯᠬᠦ ᠪᠠᠷᠢᠮᠵᠢᠶ᠎ᠠ ᠶᠢ ᠳᠡᠭᠡᠭᠰᠢᠯᠡᠭᠦᠯᠪᠡ᠂ ᠲᠤᠬᠠᠶᠢᠯᠠᠪᠠᠯ ᠤᠤᠯ ᠤᠨ ᠰᠠᠭᠤᠷᠢᠨ ᠳᠡᠭᠡᠷ᠎ᠡ ᠨᠢᠭᠡ  ᠳᠠᠬᠢᠨ ︵2.5 ᠠᠴᠠ ᠨᠢ 5.0 ᠪᠤᠯᠭᠠᠨ ᠬᠤᠪᠢᠷᠠᠭᠤᠯᠪᠠ︶ ᠳᠡᠭᠡᠭᠰᠢᠯᠡᠭᠦᠯᠪᠡ᠃ ᠬᠤᠶᠠᠷ ᠲᠤ ᠬᠤᠭᠤᠴᠠᠭ᠎ᠠ  ᠬᠤᠪᠢᠶᠠᠨ ᠵᠠᠰᠠᠬᠤ ᠲᠥᠰᠦᠯ ᠤᠨ ᠬᠠᠤᠯᠢ ᠴᠠᠭᠠᠵᠠ ᠶᠢᠨ ᠪᠠᠶᠢᠷᠢ ᠰᠠᠭᠤᠷᠢ ᠪᠣᠯᠤᠨ ᠦᠢᠯᠡᠳᠦᠯ ᠢ ᠤᠯᠠᠮ ᠨᠢᠭᠡ  ᠠᠯᠬᠤᠮ ᠲᠣᠳᠣᠷᠬᠠᠶᠢᠯᠠᠵᠤ᠂ ᠬᠤᠭᠤᠴᠠᠭ᠎ᠠ ᠬᠤᠪᠢᠶᠠᠨ ᠵᠠᠰᠠᠬᠤ ᠶᠢ ᠤᠷᠮᠠᠰᠢᠭᠤᠯᠤᠨ ᠵᠣᠷᠢᠭᠵᠢᠭᠤᠯᠬᠤ  ᠲᠣᠭᠲᠠᠴᠠ ᠶᠢ ᠲᠤᠭᠲᠠᠭᠠᠵᠤ᠂ ᠠᠭᠤᠷᠬᠠᠶ ᠶᠢᠨ ᠠᠵᠤ ᠠᠬᠤᠶᠢᠯᠠᠯ ᠤᠨ ᠮᠠᠯᠲᠠᠬᠤ ᠶᠢᠨ ᠳᠠᠭᠠᠤ ᠳᠤ ᠵᠠᠰᠠᠬᠤ ᠡᠭᠦᠷᠭᠡ   ᠪᠠᠨ ᠬᠦᠢᠴᠡᠳᠭᠡᠬᠦ ᠶᠢ ᠨᠢ ᠰᠢᠮᠳᠠᠭᠤᠯᠬᠤ ᠳᠤ ᠠᠰᠢᠭᠲᠠᠢ ᠪᠤᠯᠭᠠᠪᠠ᠃ ᠭᠤᠷᠪᠠ ᠳᠤ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠷᠭ᠎ᠠ ᠨᠢ ︽ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠳᠦᠷᠢᠮ  ︾ ᠤᠨ ᠬᠠᠮᠢᠶ᠎ᠠ ᠪᠦᠬᠦᠢ ᠲᠣᠷᠭᠠᠭᠤᠯᠢ ᠶᠢᠨ ᠲᠦᠷᠢᠮ ᠢ ᠬᠠᠮᠤᠭ ᠤᠨ ᠶᠡᠭᠡ ᠬᠡᠮᠵᠢᠶ᠎ᠡ ᠪᠠᠷ ᠬᠡᠷᠡᠭᠯᠡᠵᠤ᠂ ᠬᠠᠤᠯᠢ  ᠬᠡᠷᠡᠭᠵᠢᠭᠦᠯᠬᠦ ᠠᠷᠭ᠎ᠠ ᠪᠠᠷᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠭᠤᠷᠬᠠᠶ ᠮᠠᠯᠲᠠᠬᠤ ᠡᠷᠬᠡᠲᠦ ᠬᠥᠮᠦᠨ  ᠠᠭᠤᠷᠬᠠᠶ ᠶᠢ ᠨᠡᠭᠡᠭᠡᠨ ᠮᠠᠯᠲᠠᠬᠤ ᠠᠴᠠ ᠪᠠᠨ ᠡᠮᠦᠨ᠎ᠡ ᠶᠠᠭᠤᠨ ᠤ ᠤᠷᠢᠳ ᠡᠪᠳᠡᠬᠦ ᠪᠠᠷ ᠪᠠᠶᠢᠭ᠎ᠠ ᠲᠠᠷᠢᠶᠠᠨ ᠭᠠᠵᠠᠷ᠂  ᠣᠶᠢᠲᠤ ᠭᠠᠵᠠᠷ᠂ ᠨᠤᠲᠤᠭ ᠪᠡᠯᠴᠢᠭᠡᠷ ᠤᠨ ᠬᠥᠷᠥᠰᠥ ᠶᠢ ᠰᠠᠯᠭᠠᠬᠤ ᠶᠢᠨ ᠬᠠᠮᠲᠤ ᠲᠤᠰᠠᠭᠠᠷ ᠨᠢ ᠦᠯᠡᠳᠡᠭᠡᠵᠤ᠂  ᠰᠠᠯᠭᠠᠵᠤ ᠠᠪᠤᠭᠰᠠᠨ ᠬᠦᠷᠦᠰᠦ ᠶᠢ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ  ᠵᠠᠰᠠᠬᠤ ᠳᠤ ᠬᠡᠷᠡᠭᠯᠡᠬᠦ ᠪᠠᠷ ᠤᠨᠴᠠᠭᠠᠶᠢᠯᠠᠨ ᠲᠤᠭᠲᠠᠭᠠᠪᠠ᠃ ᠲᠦᠷᠪᠡ ᠳᠤ ᠠᠭᠤᠷᠬᠠᠶ ᠶᠢᠨ ᠭᠠᠵᠠᠷ  ᠰᠢᠨᠵᠢᠯᠡᠭᠡᠨ ᠤ  ᠣᠷᠴᠢᠨ ᠲᠣᠭᠤᠷᠢᠨ ᠢ ᠵᠠᠰᠠᠬᠤ ᠡᠭᠦᠷᠭᠡ ᠪᠠᠨ ᠭᠦᠢᠴᠡᠳᠬᠡᠭᠰᠡᠨ ᠤᠢᠭᠡᠢ ᠠᠭᠤᠷᠬᠠᠶ ᠶᠢᠨ ᠠᠵᠤ ᠠᠬᠤᠶᠢᠯᠠᠯ ᠤᠨ  ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠳᠤ ᠤᠷᠤᠭᠤᠯᠵᠤ᠂  ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠦᠨᠡᠨᠴᠢ ᠢᠲᠡᠭᠡᠮᠵᠢ ᠶᠢᠨ ᠬᠠᠷ᠎ᠠ  ᠳᠠᠩᠰᠠ ᠳᠤ ᠤᠷᠤᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠳᠡ ᠳᠤ ᠵᠠᠷᠯᠠᠬᠤ  ᠰᠢᠰᠲ᠋ᠧᠮᠵᠢ ᠯᠤᠭ᠎ᠠ ᠡᠬᠢ ᠪᠠᠶᠠᠯᠢᠭ ᠢ ᠬᠠᠮᠲᠤᠪᠠᠷ ᠬᠦᠷᠲᠡᠵᠤ᠂ ᠪᠦᠬᠦ ᠣᠷᠣᠨ ᠤ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ  ᠬᠦ ᠪᠠᠲᠤᠯᠠᠪᠠ᠃          ᠬᠤᠶᠠᠷ ᠲᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠪᠠᠲᠤᠯᠠᠭ᠎ᠠ ᠶᠢᠨ ᠮᠥᠩᠭᠦ ᠶᠢᠨ  ᠲᠥᠷᠢᠮ ᠢ ᠴᠢᠩᠭ᠎ᠠ ᠬᠡᠷᠡᠭᠵᠢᠭᠦᠯᠪᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ  ᠠᠵᠢᠯ ᠳᠤ᠂ ᠪᠦᠬᠦ ᠣᠷᠣᠨ ᠤ ᠡᠯ᠎ᠡ ᠭᠠᠵᠠᠷ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ  ᠪᠠᠲᠤᠯᠠᠭ᠎ᠠ ᠶᠢᠨ ᠮᠥᠩᠭᠦ ᠶᠢᠨ ᠲᠥᠷᠢᠮ ᠢ ᠴᠢᠩᠭ᠎ᠠ ᠬᠡᠷᠡᠭᠵᠢᠭᠦᠯᠵᠦ᠂ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠢ ᠲᠣᠳᠣᠷᠬᠠᠶᠢᠯᠠᠨ᠂  ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠤᠭᠤᠴᠠᠭ᠎ᠠ ᠬᠤᠪᠢᠶᠠᠨ  ᠵᠠᠰᠠᠬᠤ ᠲᠠᠨᠢᠯᠲᠠ ᠶᠢ ᠳᠡᠭᠡᠭᠰᠢᠯᠡᠭᠦᠯᠪᠡ᠃ ᠥᠨᠥ ᠪᠣᠯᠬᠤ ᠳᠤ᠂ ᠪᠦᠬᠦ ᠣᠷᠣᠨ ᠤ 4709 ᠠᠭᠤᠷᠬᠠᠶ  ᠪᠠᠲᠤᠯᠠᠭ᠎ᠠ ᠶᠢᠨ ᠮᠥᠩᠭᠦ ᠲᠤᠰᠢᠶᠠᠨ ᠬᠠᠳᠠᠭᠠᠯᠠᠵᠤ᠂ ᠲᠤᠰᠢᠶᠠᠵᠤ ᠬᠠᠳᠠᠭᠠᠯᠠᠭᠰᠠᠨ ᠨᠣᠷᠮ᠎ᠠ 98.9%᠂ ᠲᠤᠰᠢᠶᠠᠵᠤ  ᠬᠠᠳᠠᠭᠠᠯᠠᠭᠰᠠᠨ ᠵᠣᠭᠤᠰ ᠤᠨ ᠲᠤᠭ᠎ᠠ ᠨᠢ 29.38 ᠳ᠋ᠥᠡᠭᠰᠢᠭᠤᠷ ᠲᠥᠭᠦᠷᠢᠭ ᠲᠤ ᠬᠦᠷᠪᠡ︔ 4688  ᠠᠭᠤᠷᠬᠠᠢ ᠶᠢᠨ ︽ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠰᠦᠯ︾ ᠢ ᠨᠢᠭᠡᠨᠲᠡ  ᠨᠠᠶᠢᠷᠠᠭᠤᠯᠤᠨ ᠵᠣᠬᠢᠶᠠᠨ ᠬᠢᠨᠠᠨ ᠲᠣᠭᠲᠠᠭᠠᠵᠤ᠂ ᠨᠠᠶᠢᠷᠠᠭᠤᠯᠤᠨ ᠵᠣᠬᠢᠶᠠᠭᠰᠠᠨ ᠨᠣᠷᠮ᠎ᠠ 8.5% ᠳᠤ ᠬᠦᠷᠪᠡ᠂  4889 ᠠᠭᠤᠷᠬᠠᠢ ᠶᠢᠨ ︽ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠠᠮᠠᠭᠠᠯᠠᠬᠤ ᠪᠠ  ᠰᠡᠷᠭᠦᠭᠡᠨ ᠵᠠᠰᠠᠬᠤ ᠲᠥᠰᠦᠯ︾ ᠢ ᠨᠢᠭᠡᠨᠲᠡ ᠨᠠᠶᠢᠷᠠᠭᠤᠯᠤᠨ ᠵᠣᠬᠢᠶᠠᠨ ᠬᠢᠨᠠᠨ ᠲᠣᠭᠲᠠᠭᠠᠵᠤ᠂ ᠨᠠᠶᠢᠷᠠᠭᠤᠯᠤᠨ  ᠵᠣᠬᠢᠶᠠᠭᠰᠠᠨ ᠨᠣᠷᠮ᠎ᠠ 96.41% ᠳᠤ ᠬᠦᠷᠪᠡ᠂ 1721 ᠠᠭᠤᠷᠬᠠᠢ ᠶᠢᠨ ︽ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠶᠢ ᠬᠤᠭᠤᠴᠠᠭ᠎ᠠ ᠬᠤᠪᠢᠶᠠᠬᠤ ᠲᠥᠰᠦᠯ  ︾ ᠢ ᠨᠢᠭᠡᠨᠲᠡ ᠨᠠᠶᠢᠷᠠᠭᠤᠯᠤᠨ ᠵᠣᠬᠢᠶᠠᠵᠤ ᠬᠢᠨᠠᠨ ᠲᠣᠭᠲᠠᠭᠠᠪᠠ᠃          ᠭᠤᠷᠪᠠ ᠳᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠨᠤᠷᠮ᠎ᠠ ᠶᠢ ᠠᠶᠢᠮᠠᠭ  ᠬᠤᠳᠠ ᠶᠢᠨ ᠤᠳᠤᠷᠢᠳᠬᠤ ᠪᠠᠭ ᠤᠨ ᠬᠢᠨᠠᠨ ᠰᠢᠯᠭᠠᠬᠤ ᠭᠦᠢᠴᠡᠳᠬᠡᠬᠦ ᠲᠤᠭ᠎ᠠ ᠳᠤ ᠣᠷᠤᠭᠤᠯᠪᠠ᠃ ᠲᠢᠩᠬᠢᠮ ᠤᠨ  ᠨᠢᠭᠡᠳᠦᠯᠲᠡᠶ ᠵᠣᠬᠢᠴᠠᠭᠤᠯᠤᠯ ᠤᠨ ᠳᠣᠣᠷ᠎ᠠ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ  ᠨᠤᠷᠮ᠎ᠠ ᠶᠢ ᠠᠶᠢᠮᠠᠭ ᠬᠤᠳᠠ ᠶᠢᠨ ᠤᠳᠤᠷᠢᠳᠬᠤ ᠪᠠᠭ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ  ᠪᠡᠶᠡᠯᠡᠭᠦᠯᠬᠦ ᠬᠢᠨᠠᠨ ᠰᠢᠯᠭᠠᠬᠤ ᠰᠢᠰᠲ᠋ᠧᠮᠵᠢ ᠳᠤ ᠣᠷᠣᠭᠤᠯᠤᠭᠰᠠᠨ ᠤ ᠬᠠᠮᠲᠤ ᠪᠣᠳᠠᠲᠠᠶ ᠰᠢᠯᠭᠠᠨ ᠬᠢᠨᠠᠵᠤ ᠬᠤᠪᠢ  ᠲᠣᠭᠲᠠᠭᠠᠬᠤ ᠠᠷᠭ᠎ᠠ ᠶᠢ ᠳᠤᠷᠠᠳᠤᠨ ᠭᠠᠷᠭᠠᠪᠠ᠃ ᠰᠢᠯᠭᠠᠨ ᠬᠢᠨᠠᠬᠤ ᠭᠦᠢᠴᠡᠳᠬᠡᠬᠦ ᠲᠤᠭ᠎ᠠ ᠳᠤ ᠭᠤᠣᠯᠳᠠᠭᠤ  ᠭᠤᠷᠪᠠᠨ ᠬᠡᠰᠡᠭ ᠢ ᠪᠠᠭᠲᠠᠭᠠᠪᠠ᠄ ᠬᠤᠭᠤᠴᠠᠭᠠᠨ ᠳᠠᠬᠢ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠢ ᠵᠠᠰᠠᠬᠤ ᠨᠤᠷᠮ᠎ᠠ᠂ ︽ᠭᠤᠷᠪᠠᠨ ᠣᠷᠣᠨ ᠬᠤᠶᠠᠷ ᠱᠤᠭᠤᠮ︾ ᠤᠨ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠡᠯᠡ ᠮᠥᠩᠭᠦ ᠶᠢᠨ ᠣᠷᠣᠭᠤᠯᠤᠯᠲᠠ ᠶᠢᠨ ᠨᠤᠷᠮ᠎ᠠ︔ ᠤᠯᠤᠰ᠂  ᠥᠪᠡᠷᠲᠡᠭᠡᠨ ᠵᠠᠰᠠᠬᠤ ᠣᠷᠣᠨ ᠠᠴᠠ ᠪᠡᠯᠡ ᠭᠠᠷᠭᠠᠭᠰᠠᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠢ ᠵᠠᠰᠠᠬᠤ ᠲᠥᠷᠥᠯ ᠵᠦᠢᠯ ᠤᠨ ᠵᠠᠰᠠᠯᠲᠠ ᠶᠢᠨ ᠨᠣᠷᠮ᠎ᠠ ᠪᠣᠯᠣᠨ᠎ᠠ᠃ ᠲᠤᠰ ᠰᠢᠯᠭᠠᠨ ᠬᠢᠨᠠᠬᠤ  ᠭᠦᠢᠴᠡᠳᠬᠡᠬᠦ ᠲᠤᠭ᠎ᠠ ᠶᠢ ᠲᠣᠭᠲᠠᠭᠠᠭᠰᠠᠨ ᠶᠠᠪᠤᠳᠠᠯ ᠨᠢ ᠡᠯ᠎ᠡ ᠠᠶᠢᠮᠠᠭ ᠬᠤᠳᠠ ᠶᠢᠨ ᠵᠠᠰᠠᠭ ᠤᠨ ᠣᠷᠳᠣᠨ ᠤ  ᠳᠡᠭᠡᠳᠦ ᠬᠡᠮᠵᠢᠶᠡᠨ ᠤ ᠬᠦᠨᠳᠦᠳᠬᠡᠯ ᠢ ᠣᠯᠵᠤ᠂ ᠡᠯ᠎ᠡ ᠭᠠᠵᠠᠷ ᠤᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠢ ᠵᠠᠰᠠᠬᠤ ᠠᠵᠢᠯ ᠳᠤ ᠯᠤᠲᠤ ᠶᠡᠭᠡ ᠲᠦᠯᠬᠢᠴᠡ ᠦᠢᠯᠡᠳᠦᠯ ᠦᠵᠡᠭᠦᠯᠪᠡ᠃          ᠬᠥᠲᠦᠯᠦᠭᠴᠢ᠄       ᠸᠠᠩ ᠲᠢᠩᠬᠢᠮ ᠤᠨ ᠳᠠᠷᠤᠭ᠎ᠠ ᠡ᠂ ᠲᠠ ᠪᠢᠳᠡᠨ ᠳᠤ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ   ᠳᠠᠬᠢ ᠮᠠᠨ ᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶ  ᠰᠡᠳᠬᠢᠮᠵᠢ ᠶᠢ ᠶᠠᠷᠢᠭᠠᠳ ᠥᠭᠭᠦᠨᠡᠦ︖          ᠸᠠᠩ ᠵᠢᠶᠧ᠄       ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠨᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ  ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ  ᠨᠠᠮ ᠤᠨ ᠬᠤᠷᠢᠶ᠎ᠠ ᠶᠢᠨ ︽13·5︾ ᠶᠢᠨ ᠲᠥᠯᠥᠪᠵᠢᠭᠦᠯᠭᠡ ᠶᠢᠨ ᠲᠤᠬᠠᠶ ᠰᠠᠨᠠᠭᠤᠯᠭ᠎ᠠ ᠶᠢ ᠪᠦᠬᠦ ᠲᠠᠯ᠎ᠠ ᠪᠠᠷ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠨ᠂  ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ ᠪᠣᠯᠤᠨ ᠠᠭᠤᠷᠬᠠᠶ ᠶᠢᠨ  ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠷᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠣᠨ᠎ᠠ᠃ ︽ ᠨᠡᠭᠡᠭᠡᠨ ᠬᠥᠭᠵᠢᠭᠦᠯᠬᠦ ᠶᠢᠨ ᠬᠠᠮᠲᠤ ᠬᠠᠮᠠᠭᠠᠯᠬᠤ᠂ ᠬᠠᠮᠠᠭᠠᠯᠠᠬᠤ ᠶᠢᠨ ᠬᠠᠮᠲᠤ ᠨᠡᠭᠡᠭᠡᠨ ᠬᠥᠭᠵᠢᠭᠦᠯᠬᠦ︾ ᠪᠠ ︽ᠴᠢᠭ᠋  ᠳᠡᠭᠡᠷ᠎ᠡ ᠨᠡᠭᠡᠭᠡᠨ ᠬᠥᠭᠵᠢᠭᠦᠯᠬᠦ᠂ ᠨᠡᠶᠢᠳᠡᠮ ᠳᠤᠨᠢ ᠬᠠᠮᠠᠭᠠᠯᠠᠬᠤ︾ ᠵᠠᠷᠴᠢᠮ ᠢ ᠪᠠᠷᠢᠮᠲᠠᠯᠠᠵᠤ᠂ ᠡᠬᠢ ᠪᠠᠶᠠᠯᠢᠭ ᠪᠣᠯᠣᠨ  ᠣᠷᠴᠢᠨ ᠲᠣᠭᠤᠷᠢᠨ ᠢ ᠬᠠᠮᠠᠭᠠᠯᠠᠬᠤ ᠠᠮᠢᠨ ᠰᠤᠳᠠᠰᠤ ᠶᠢ ᠴᠢᠩᠭ᠎ᠠ ᠰᠠᠬᠢᠨ᠎ᠠ︔ ᠭᠠᠵᠠᠷ ᠰᠢᠨᠵᠢᠯᠡᠭᠡᠨ ᠤ ᠭᠠᠢ  ᠭᠠᠮᠰᠢᠭ ᠲᠤ ︽ᠰᠡᠷᠭᠡᠶᠢᠯᠡᠬᠦ ᠪᠠᠷ ᠭᠤᠣᠯ ᠪᠣᠯᠭᠠᠨ᠂ ᠵᠠᠶᠢᠯᠠᠰᠬᠢᠬᠦ ᠪᠠ ᠵᠠᠰᠠᠬᠤ ᠶᠢ ᠬᠠᠷᠢᠯᠴᠠᠨ ᠤᠶᠠᠯᠳᠤᠭᠤᠯᠬᠤ︾  ᠵᠠᠷᠴᠢᠮ ᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠡᠳ᠋ ᠬᠦᠷᠦᠩᠭᠡ ᠶᠢᠨ  ᠠᠮᠤᠷ ᠲᠦᠪᠰᠢᠨ ᠢ ᠬᠠᠮᠠᠭᠠᠯᠠᠨ᠎ᠠ᠃ ᠶᠡᠷᠦᠩᠬᠡᠶ ᠬᠠᠷᠠᠯᠲᠠ ᠪᠣᠯ᠄ ︽13·5︾ ᠶᠢᠨ ᠲᠥᠯᠥᠪᠵᠢᠭᠦᠯᠭᠡ ᠶᠢᠨ  ᠬᠤᠭᠤᠴᠠᠭᠠᠨ ᠳᠤ ᠬᠠᠮᠢᠶᠠᠷᠤᠯᠲᠠ ᠶᠢᠨ ᠳᠦᠷᠢᠮ ᠢ ᠤᠯᠠᠮ ᠲᠡᠭᠦᠯᠳᠡᠷᠵᠢᠭᠦᠯᠦᠨ᠂ ᠠᠭᠤᠷᠬᠠᠶ ᠶᠢᠨ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠴᠠᠭ ᠲᠤᠬᠠᠶ ᠳᠤᠨᠢ ᠵᠠᠰᠠᠵᠤ᠂ ᠡᠪᠳᠡᠬᠦ ᠪᠠ ᠵᠠᠰᠠᠬᠤ ᠶᠢ ᠲᠡᠩᠴᠡᠭᠦᠷᠢᠲᠡᠶ  ᠪᠠᠶᠢᠯᠭᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ︽ᠭᠤᠷᠪᠠᠨ ᠣᠷᠣᠨ ᠬᠤᠶᠠᠷ ᠱᠤᠭᠤᠮ︾ ᠤᠨ  ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠥᠷᠭᠦᠯᠵᠢᠯᠡᠨ ᠵᠠᠰᠠᠵᠤ᠂ ᠬᠠᠭᠤᠴᠢᠨ ᠥᠷᠢ ᠦᠯᠡᠳᠡᠭᠡᠬᠦ  ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ︔ ᠪᠥᠬᠦ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ  ᠬᠢᠨᠠᠨ ᠬᠡᠮᠵᠢᠬᠦ ᠰᠢᠰᠲ᠋ᠧᠮᠵᠢ ᠶᠢᠨ ᠳ᠋ᠠᠶᠢᠲ᠋ᠠ ᠶᠢ ᠶᠢ ᠦᠨᠳᠦᠰᠦᠨ ᠳᠡᠭᠡᠨ ᠪᠠᠶᠢᠭᠤᠯᠵᠤ᠂ ᠡᠯ᠎ᠡ ᠲᠥᠷᠥᠯ ᠤᠨ ᠬᠢᠨᠠᠨ  ᠬᠡᠮᠵᠢᠬᠦ ᠰᠢᠰᠲ᠋ᠧᠮᠵᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠬᠦᠷᠲᠡᠬᠦ ᠶᠢ ᠪᠣᠯᠭᠠᠵᠤ᠂ ᠬᠢᠨᠠᠨ ᠬᠡᠮᠵᠢᠯᠲᠡ ᠶᠢ  ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢᠵᠢᠯᠲᠠ ᠶᠢᠨ ᠴᠢᠳᠠᠪᠤᠷᠢ ᠪᠣᠯᠤᠨ  ᠪᠠᠲᠤᠯᠠᠭ᠎ᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ︔ ᠭᠠᠵᠠᠷ ᠰᠢᠨᠵᠢᠯᠡᠭᠡᠨ ᠤ ᠭᠠᠶ ᠭᠠᠮᠰᠢᠭ ᠢ  ᠰᠡᠷᠭᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠵᠠᠷ ᠰᠢᠨᠵᠢᠯᠡᠭᠡᠨ ᠤ ᠭᠠᠢ ᠭᠠᠮᠰᠢᠭ ᠡᠭᠦᠰᠪᠡᠯ  ᠴᠠᠭ ᠲᠤᠬᠠᠶ ᠳᠤᠨᠢ ᠰᠢᠢᠳᠪᠦᠷᠢᠯᠡᠨ᠎ᠡ᠃ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠬᠥᠭᠵᠢᠯᠲᠡ ᠶᠢᠨ  ᠬᠠᠨᠳᠤᠰᠢ ᠶᠢ ᠦᠨᠳᠦᠰᠦᠯᠡᠨ᠂ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠪᠥᠬᠦ ᠣᠷᠣᠨ ᠤ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠳᠤ ᠨᠡᠶᠢᠲᠡ 20 ᠳ᠋ᠦᠩᠰᠢᠭᠤᠷ ᠲᠥᠭᠦᠷᠢᠭ ᠤᠨ ᠪᠡᠯᠡ ᠮᠥᠩᠭᠦ  ᠣᠷᠣᠭᠤᠯᠵᠤ᠂ 300 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠶᠢ ᠵᠠᠰᠠᠬᠤ ᠪᠠᠷ ᠲᠥᠯᠥᠪᠵᠢᠭᠦᠯᠦᠨ᠎ᠡ᠃          ᠬᠥᠲᠦᠯᠦᠭᠴᠢ᠄        ᠲᠡᠭᠡᠪᠡᠯ᠂ 2016 ᠣᠨ ᠳᠤ ᠶᠠᠮᠠᠷ ᠭᠤᠣᠯ ᠠᠵᠢᠯ ᠤᠳ ᠬᠢᠬᠦ ᠪᠤᠢ︖          ᠸᠠᠩ ᠵᠢᠶᠧ᠄       2016 ᠣᠨ ᠪᠣᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ  ᠡᠬᠢᠯᠡᠯᠲᠡ ᠶᠢᠨ ᠵᠢᠯ ᠮᠦᠨ᠂ ᠮᠠᠨ ᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ  ᠠᠵᠢᠯ ᠨᠢ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠬᠢᠨᠠᠮᠠᠭᠠᠶ ᠲᠤᠤᠱᠯᠠᠭᠤᠯᠤᠨ᠂ ᠥᠪᠡᠷᠲᠡᠭᠡᠨ  ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠤᠷᠠᠳᠤᠭᠰᠠᠨ ᠡᠯ᠎ᠡ ᠵᠦᠢᠯ ᠤᠨ ᠱᠠᠭᠠᠷᠳᠠᠯᠭ᠎ᠠ ᠶᠢ  ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠲᠦᠯᠬᠢᠠ ᠠᠬᠢᠭᠤᠯᠤᠨ᠎ᠠ᠃ 2016  ᠣᠨ ᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠶᠡᠷᠦᠩᠬᠡᠶ ᠬᠠᠷᠠᠯᠲᠠ ᠪᠣᠯ᠂ ᠪᠦᠬᠦ  ᠣᠷᠣᠨ ᠵᠠᠰᠠᠯᠲᠠ ᠶᠢᠨ ᠪᠡᠯᠡ ᠮᠥᠩᠭᠦ ᠶᠢ 4.5 ᠳ᠋ᠥᠡᠭᠰᠢᠭᠤᠷ ᠲᠥᠭᠦᠷᠢᠭ ᠣᠷᠤᠭᠤᠯᠵᠤ᠂ ᠵᠠᠰᠠᠯᠲᠠ ᠶᠢᠨ ᠲᠠᠯᠠᠪᠠᠢ ᠶᠢ  4500 ᠡᠾᠧᠺᠠᠲ᠋ᠠᠷ ᠲᠠᠯᠠᠪᠠᠢ ᠶᠢ ᠵᠠᠰᠠᠨ᠎ᠠ᠃ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ  ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠰᠠᠭᠤᠷᠢ ᠠᠵᠢᠯ ᠢ ᠰᠠᠶᠢᠲᠤᠷ ᠠᠳᠬᠤᠵᠤ᠂ ᠪᠦᠬᠦ ᠣᠷᠣᠨ ᠤ ᠭᠠᠵᠠᠷ  ᠰᠢᠨᠵᠢᠯᠡᠭᠡᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠤᠨ ᠠᠬᠤᠢ ᠪᠠᠶᠢᠳᠠᠯ ᠢ ᠴᠠᠭ ᠲᠤᠬᠠᠶ ᠳᠤᠨᠢ  ᠡᠵᠡᠮᠰᠢᠵᠦ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠡᠯ᠎ᠡ ᠵᠦᠢᠯ ᠤᠨ ᠠᠵᠢᠯ ᠢ  ᠲᠦᠯᠬᠢᠨ ᠠᠬᠢᠭᠤᠯᠤᠨ᠎ᠠ᠃ ᠬᠤᠶᠠᠷ ᠲᠤ᠂ ᠣᠳᠣᠬᠠᠨ ᠤ ᠬᠦᠴᠢᠷᠳᠡᠯ ᠲᠠᠢ ᠠᠵᠤ ᠠᠬᠤᠶᠢᠯᠠᠯ ᠤᠨ ᠠᠭᠤᠷᠬᠠᠶ ᠶᠢᠨ  ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠠᠲᠤᠯᠠᠭ᠎ᠠ ᠶᠢᠨ ᠮᠥᠩᠭᠦ ᠲᠤᠰᠢᠶᠠᠬᠤ ᠠᠰᠠᠭᠤᠳᠠᠯ ᠳᠤ  ᠬᠠᠨᠳᠤᠭᠤᠯᠤᠨ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠪᠠᠲᠤᠯᠠᠭ᠎ᠠ ᠶᠢᠨ  ᠮᠥᠡᠭᠭᠦᠨ ᠤ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠳᠠᠯᠢ ᠪᠤᠰᠤ ᠬᠥᠳᠡᠷ ᠤᠨ  ᠲᠥᠷᠥᠯ᠂ ᠠᠳᠠᠯᠢ ᠪᠤᠰᠤ ᠦᠢᠯᠡᠴᠢᠯᠡᠬᠦ ᠬᠤᠭᠤᠴᠠᠭ᠎ᠠ ᠲᠠᠢ ᠠᠭᠤᠷᠬᠠᠶ ᠶᠢᠨ ᠠᠵᠤ ᠠᠬᠤᠶᠢᠯᠠᠯ ᠳᠤ ᠴᠢᠭᠯᠡᠭᠦᠯᠦᠨ᠂  ᠪᠠᠲᠤᠯᠠᠭ᠎ᠠ ᠶᠢᠨ ᠮᠥᠩᠭᠦ ᠶᠢᠨ ᠵᠣᠬᠢᠴᠠᠩᠭᠤᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ  ᠠᠬᠤᠶᠢᠯᠠᠯ ᠤᠨ ᠳᠠᠷᠤᠭᠠᠰᠤ ᠶᠢ ᠬᠥᠩᠭᠡᠯᠡᠨ᠎ᠠ︔ ᠭᠤᠷᠪᠠ ᠳᠤ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ  ᠲᠣᠭᠤᠷᠢᠨ ᠢ ᠵᠠᠰᠠᠬᠤ ᠡᠭᠦᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠠᠬᠢᠭᠤᠯᠤᠨ᠎ᠠ︔ ᠲᠦᠷᠪᠡ ᠳᠤ  ᠦᠶᠡᠷ ᠤᠨ ᠬᠤᠭᠤᠴᠠᠭᠠᠨ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠴᠠᠭ ᠲᠤᠨᠢ ᠲᠣᠬᠢᠷᠠᠭᠤᠯᠤᠨ  ᠥᠷᠨᠢᠭᠦᠯᠵᠦ᠂ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ︔ ᠳᠠᠪᠤ ᠳᠤ  ᠷᠠᠰᠢᠶᠠᠨ ᠤ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ  ᠪᠣᠯᠭᠠᠨ ᠳᠡᠪᠰᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠭᠠᠨᠬᠠᠳᠠ  ᠬᠤᠳᠠ᠂ ᠠᠯᠠᠱᠠ ᠠᠶᠢᠮᠠᠭ ᠤᠨ ᠬᠤᠶᠠᠷ ᠭᠠᠵᠠᠷ ᠰᠢᠨᠵᠢᠯᠡᠭᠡᠨ ᠤ ᠴᠡᠴᠡᠷᠯᠢᠭ ᠢ 2017 ᠣᠨ ᠳᠤ ᠳᠡᠯᠡᠬᠡᠢ ᠶᠢᠨ  ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠦᠨᠡᠯᠡᠨ ᠵᠢᠱᠢᠭᠦᠯᠬᠦ ᠡᠮᠦᠨᠡᠬᠢ ᠱᠠᠲᠤᠨ ᠤ ᠪᠡᠯᠡᠳᠬᠡᠯ ᠠᠵᠢᠯ ᠢ   ᠡᠬᠢᠯᠡᠭᠦᠯᠬᠦ ᠶᠢ ᠲᠦᠯᠬᠢᠨ ᠠᠬᠢᠭᠤᠯᠤᠨ᠎ᠠ︔ ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ  ᠣᠷᠴᠢᠨ ᠲᠣᠭᠤᠷᠢᠨ ᠢ ᠵᠠᠰᠠᠬᠤ ᠠᠵᠢᠯ ᠤᠨ ᠨᠡᠶᠢᠲᠡᠯᠢᠭ ᠵᠢᠱᠢᠶ᠎ᠡ ᠶᠢ ᠣᠬᠠᠭᠤᠯᠬᠤ ᠡᠷᠴᠢᠮ ᠢᠶᠠᠨ ᠴᠢᠩᠭᠠᠷᠠᠭᠤᠯᠵᠤ᠂  ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠦᠢᠯᠡᠳᠦᠯ ᠢ ᠨᠢ ᠪᠠᠳᠠᠷᠠᠭᠤᠯᠤᠨ᠎ᠠ᠃           ᠬᠥᠲᠦᠯᠦᠭᠴᠢ᠄        ᠵᠠ ᠰᠠᠶᠢᠨ ᠪᠣᠯᠣᠯ᠎ᠠ᠂ ᠸᠠᠩ ᠲᠢᠩᠬᠢᠮ ᠤᠨ ᠳᠠᠷᠤᠭ᠎ᠠ ᠶᠢᠨ ᠬᠢᠨᠠᠮᠠᠭᠠᠢ ᠲᠠᠶᠢᠯᠪᠣᠷᠢᠯᠠᠭᠰᠠᠨ ᠳᠤ ᠲᠠᠯᠠᠷᠬᠠᠵᠤ  ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠂ ᠳᠠᠷᠠᠭᠠᠴᠢ ᠶᠢᠨ  ᠬᠤᠭᠤᠴᠠᠭᠠᠨ ᠳᠤ ᠪᠠᠶᠠᠷᠲᠠᠶ ᠵᠣᠯᠭᠠᠶ᠎ᠠ︕  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号