ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠤᠯᠠᠮ ᠬᠦᠭᠵᠢᠨ᠎ᠠ ᠬᠡᠳᠡᠭ ᠲᠤ ᠢᠳᠡᠬᠡᠯᠳᠠᠢ
ᠨᠡᠶᠢᠲᠡᠯᠡᠭᠰᠡᠨ ᠴᠠᠭ᠄
2017/10/31
   ᠰᠢ ᠶᠢᠨ ᠫᠢᠡᠭ ᠶᠡᠷᠦᠩᠬᠡᠢ ᠱᠦᠵᠢ ᠠᠷᠪᠠ ᠶᠢᠰᠤᠳᠤᠬᠡᠷ ᠶᠡᠭᠡ ᠬᠤᠷᠠᠯ ᠤᠨ ᠢᠯᠡᠳᠬᠡᠯ ᠳᠡᠭᠡᠨ ᠰᠤᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠦᠨ᠎ᠠ᠃ ᠬᠤᠳᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠨᠢᠬᠡ ᠴᠤᠭᠴᠡᠵᠢᠭᠤᠯᠤᠨ ᠬᠦᠭᠵᠢᠬᠦᠯᠬᠦ ᠶᠢ ᠠᠬᠢᠭᠤᠯᠵᠤ᠂ ᠬᠦᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠪᠡ ᠰᠦᠯᠵᠢᠶᠠᠨ ᠤ ᠰᠤᠷᠭᠠᠨ ᠬᠦᠮᠦᠵᠢᠯ ᠢ ᠰᠠᠶᠢᠳᠤᠷ ᠡᠷᠬᠢᠯᠡᠵᠤ᠂ ᠦᠨᠳᠤᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ ᠬᠦᠮᠦᠵᠢᠯ ᠢ ᠲᠦᠬᠡᠮᠡᠯᠵᠢᠬᠦᠯᠦᠨ᠂ ᠠᠷᠠᠳ ᠢᠷᠬᠡᠳ ᠤᠨ ᠬᠡᠪ ᠪᠤᠯᠪᠠᠰᠤᠷᠠᠯ ᠤᠨ ᠲᠦᠪᠰᠢᠨ ᠢ ᠲᠡᠭᠡᠭᠰᠢᠯᠡᠬᠦᠯᠦᠨ᠎ᠠ ᠬᠡᠪᠡ᠃          ᠬᠦᠯᠦᠨ ᠪᠤᠶᠢᠷ ᠳᠡᠭᠡᠲᠦ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠰᠧᠷᠡᠨᠪᠠᠲᠤ᠄ ︽ᠶᠠᠷᠦᠩᠬᠡᠢ ᠱᠦᠵᠢ ᠢᠯᠡᠳᠬᠡᠯ ᠳᠡᠭᠡᠨ ᠲᠡᠷᠢᠬᠦᠨ ᠵᠡᠷᠬᠡ ᠶᠢᠨ ᠶᠡᠭᠡ ᠰᠤᠷᠭᠠᠭᠤᠯᠢ ᠪᠠ ᠲᠡᠷᠢᠬᠦᠨ ᠵᠡᠷᠬᠡ ᠶᠢᠨ ᠰᠤᠷᠭᠠᠨ ᠬᠦᠮᠦᠵᠢᠯ ᠤᠨ ᠠᠭᠤᠯᠤᠭᠳᠠᠬᠤᠨ ᠤ ᠬᠡᠯᠪᠡᠷᠢᠳᠤ ᠬᠦᠭᠵᠢᠯᠳᠠ ᠶᠢ ᠪᠠᠶᠠᠯᠠᠬᠦᠯᠤᠨ᠎ᠠ ᠭᠡᠵᠤ ᠲᠤᠷᠠᠳᠤᠪᠠ᠃ ᠦᠡᠭᠭᠡᠷᠡᠭᠰᠡᠨ ᠲᠠᠪᠤᠨ ᠵᠢᠯ ᠤᠨ ᠬᠤᠭᠤᠴᠠᠭᠠᠨ ᠳᠤ ᠰᠤᠷᠭᠠᠨ ᠬᠦᠮᠦᠵᠢᠯ᠂ ᠤᠨᠴᠠᠭᠠᠢᠢᠯᠠᠨ ᠦᠨᠳᠦᠰᠦᠲᠡᠨ ᠤ ᠰᠤᠷᠭᠠᠨ ᠬᠦᠮᠦᠵᠢᠯ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠬᠦᠭᠵᠢᠯᠲᠠ ᠶᠢᠨ ᠱᠠᠲᠤᠨ ᠳᠤ ᠤᠷᠤᠵᠡᠢ᠃ ᠮᠠᠨ ᠤ ᠬᠦᠯᠦᠨ ᠪᠤᠶᠢᠷ ᠳᠡᠭᠡᠲᠦ ᠰᠤᠷᠭᠠᠭᠤᠯᠢ ᠤᠤᠯ ᠤᠨ ᠶᠡᠷᠦᠩᠬᠡᠢ ᠠᠩᠭᠢ ᠶᠢᠨ ᠴᠢᠳᠠᠪᠤᠷᠢᠲᠠᠨ ᠬᠦᠮᠦᠵᠢᠭᠦᠯᠵᠦ ᠪᠠᠶᠢᠭᠰᠠᠨ ᠠᠴᠠ ᠪᠠᠨ ᠤᠳᠤ ᠨᠡᠶᠢᠭᠡᠮ ᠳᠤ ᠬᠡᠷᠡᠭᠴᠡᠭᠡ ᠲᠠᠢ᠂ ᠨᠡᠶᠢᠭᠡᠮ ᠳᠤ ᠰᠢᠭᠤᠳ ᠦᠢᠯᠡᠴᠢᠯᠡᠵᠦ ᠴᠢᠳᠠᠬᠤ ᠤᠶᠤᠲᠠᠨ ᠬᠦᠮᠦᠵᠢᠭᠦᠯᠬᠦ ᠪᠤᠯᠵᠦ᠂ ᠰᠤᠷᠭᠠᠭᠤᠯᠢ ᠡᠷᠬᠢᠯᠡᠬᠦ ᠬᠡᠯᠪᠡᠷᠢ ᠪᠠᠨ ᠬᠤᠪᠢᠷᠠᠭᠤᠯᠵᠦ ᠪᠠᠶᠢᠨ᠎ᠠ᠃ ᠬᠦᠯᠦᠨ ᠪᠤᠶᠢᠷ ᠳᠡᠭᠡᠳᠦ ᠰᠤᠷᠭᠠᠭᠤᠯᠢ ᠶᠢ 2012 ᠤᠨ ᠳᠤ ᠤᠯᠤᠰ ᠤᠨ ᠰᠤᠷᠭᠠᠨ ᠬᠦᠮᠦᠵᠢᠯ ᠤᠨ ᠶᠠᠮᠤᠨ ᠠᠴᠠ ᠬᠢᠷᠢ ᠲᠡᠩᠴᠡᠭᠰᠡᠨ ᠶᠡᠷᠦᠩᠭᠡᠢ ᠠᠩᠭᠢ ᠶᠢᠨ ᠵᠢᠭᠠᠨ ᠰᠤᠷᠭᠠᠯᠲᠠ ᠪᠠᠷ ᠦᠨᠡᠯᠡᠭᠰᠡᠨ᠃ ᠢᠡᠭᠭᠢᠭᠡᠳ ᠮᠠᠨ ᠤ ᠰᠢᠨ᠎ᠠ ᠪᠠᠷ ᠪᠠᠷᠢᠭᠰᠠᠨ ᠠᠰᠠᠷ᠂ ᠭᠤᠤᠯᠳᠠᠭᠤ ᠨᠡᠶᠢᠭᠡᠮ ᠤᠨ ᠰᠢᠨᠵᠢᠯᠡᠭᠦ ᠤᠬᠠᠭᠠᠨ ᠳᠤ ᠵᠤᠷᠢᠭᠤᠯᠵᠦ ᠪᠠᠷᠢᠭᠰᠠᠨ ᠠᠰᠠᠷ᠂ ᠳᠠᠬᠢᠪᠡᠯ ᠰᠤᠷᠭᠠᠭᠤᠯᠢ ᠶᠢᠨ ᠵᠡᠭᠦᠨ ᠠᠭᠤᠯᠠᠨ ᠳᠡᠭᠡᠷ᠎ᠠ ᠪᠠᠶᠢᠭ᠎ᠠ ᠮᠢᠩᠭᠠᠨ ᠮᠦ ᠭᠠᠵᠠᠷ ᠲᠤ ᠰᠢᠨ᠎ᠠ ᠪᠠᠶᠢᠭᠤᠯᠬᠤ ᠭᠡᠵᠦ ᠪᠠᠶᠢᠭ᠎ᠠ ᠠᠰᠠᠷ ᠤᠳ᠂ ᠤᠳᠤ ᠨᠢᠭᠡᠨᠲᠠ ᠪᠠᠶᠢᠭᠤᠯᠤᠭᠰᠠᠨ ᠨᠢ ᠲᠠᠮᠢᠷ ᠤᠨ ᠲᠠᠯᠠᠪᠤᠷ᠂ ᠠᠭᠤᠳᠠᠮ ᠲᠠᠯᠠᠪᠠᠢ᠂ ᠪᠠᠭᠰᠢ ᠨᠠᠷ ᠤᠨ ᠰᠠᠭᠤᠬᠤ ᠠᠰᠠᠷ᠂ ᠤᠷᠤᠰ ᠮᠤᠩᠭᠤᠯ ᠳᠤᠮᠳᠠᠲᠤ ᠶᠢᠨ ᠤᠶᠤᠲᠠᠳ ᠤᠨ ᠬᠦᠯ ᠪᠦᠮᠪᠦᠭᠡ ᠶᠢᠨ ᠲᠠᠮᠢᠷ ᠤᠨ ᠲᠠᠯᠠᠪᠤᠷ ᠢ ᠪᠠᠶᠢᠭᠤᠯᠵᠦ ᠪᠤᠢ᠃ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠪᠤᠯ ᠬᠦᠯᠦᠨ ᠪᠤᠶᠢᠷ ᠳᠡᠭᠡᠳᠦ ᠰᠤᠷᠭᠠᠭᠤᠯᠢ ᠶᠢᠨ ᠳᠤᠳᠤᠷᠠᠬᠢ 22 ᠳᠡᠭᠡᠲᠦ ᠰᠤᠷᠭᠠᠭᠤᠯᠢ ᠶᠢᠨ ᠬᠤᠶᠠᠳᠤᠭᠠᠷ ᠶᠡᠭᠡ ᠳᠡᠭᠡᠲᠦ ᠰᠤᠷᠭᠠᠭᠤᠯᠢ᠂ ᠡᠨᠡ ᠬᠡᠳᠤᠨ ᠵᠢᠯ ᠴᠤ ᠶᠡᠭᠡ ᠰᠠᠶᠢᠬᠠᠨ ᠭᠦᠭᠵᠢᠯᠲᠡ ᠲᠠᠢ ᠪᠠᠶᠢᠨ᠎ᠠ᠂ ᠢᠷᠡᠬᠡᠳᠤᠢ ᠶᠢᠨ ᠲᠠᠪᠤᠨ ᠵᠢᠯ ᠲᠦᠷᠦ ᠶᠢᠨ ᠪᠤᠳᠤᠯᠭ᠎ᠠ ᠶᠢᠨ ᠲᠤᠶᠠᠭᠠᠷᠠᠯ ᠲᠤᠤᠷ᠎ᠠ ᠨᠡᠩ ᠰᠠᠶᠢᠨ ᠬᠦᠭᠵᠢᠯᠳᠠ ᠪᠠᠨ ᠤᠯᠬᠤ ᠪᠠᠶᠢᠬ᠎ᠠ︾ ᠭᠡᠵᠤ ᠶᠠᠷᠢᠨ᠎ᠠ᠃          ᠬᠦᠯᠦᠨ ᠪᠤᠶᠢᠷ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠨᠡᠷᠡᠲᠦ ᠤᠷᠠᠨ ᠪᠢᠴᠢᠯᠭᠡᠳᠡᠨ ᠬᠠᠢ ᠱᠠᠨ᠄ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠮᠠᠨ ᠤ ᠤᠯᠤᠰ ᠤᠨ ᠠᠷᠠᠳ ᠤᠨ ᠠᠮᠢᠳᠤᠷᠠᠯ ᠳᠡᠭᠡᠭᠰᠢᠯᠡᠵᠦ ᠂ ᠶᠡᠭᠡ ᠭᠦᠭᠵᠢᠯᠲᠡ ᠲᠠᠢ ᠪᠤᠯᠤᠭᠰᠠᠨ ᠰᠢᠤ᠃ ᠤᠯᠠᠨ ᠤ ᠮᠡᠳᠡᠭᠡᠵᠢ ᠪᠠᠷ ᠮᠠᠨ ᠤ ᠤᠯᠤᠰ ᠤᠨ ᠤᠯᠤᠰ ᠲᠦᠷᠦ᠂ ᠵᠠᠰᠠᠭ ᠵᠠᠬᠢᠷᠭᠠᠨ᠂ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ᠂ ᠰᠤᠶᠤᠯ᠂ ᠰᠤᠷᠭᠠᠨ ᠬᠦᠮᠦᠵᠢᠯ᠂ ᠠᠨᠠᠭᠠᠬᠤ ᠤᠬᠠᠭᠠᠨ ᠡᠯ᠎ᠠ ᠲᠡᠯ᠎ᠠ ᠪᠠᠷ ᠪᠦᠷ ᠬᠦᠭᠵᠢᠭᠰᠡᠨ ᠪᠠᠶᠢᠨ᠎ᠠ᠃ ᠡᠭᠦᠨ ᠳᠤ ᠰᠤᠶᠤᠯ ᠰᠤᠷᠭᠠᠨ ᠬᠦᠮᠦᠵᠢᠯ ᠤᠨ ᠲᠤᠬᠠᠢ ᠶᠠᠷᠢᠮᠠᠷ ᠪᠠᠶᠢᠨ᠎ᠠ᠃ ᠰᠢ ᠶᠢᠨ ᠫᠢᠡᠭ ᠶᠡᠷᠦᠩᠬᠡᠢ ᠱᠦᠵᠢ ᠤᠯᠤᠰ ᠤᠨ ᠤᠤᠭᠠᠨ ᠰᠤᠶᠤᠯ ᠢ ᠬᠦᠨᠳᠦᠳᠭᠡᠨ ᠦᠵᠡᠬᠦ ᠶᠢ ᠴᠢᠬᠤᠯᠠᠴᠢᠯᠠᠭᠰᠠᠨ ᠨᠢ ᠮᠠᠨ ᠤ ᠶᠡᠭᠡ ᠰᠤᠷᠭᠠᠭᠤᠯᠢ ᠳᠤ ᠠᠪᠴᠤ ᠬᠡᠯᠡᠪᠡᠯ ᠲᠦᠢᠯ ᠤᠨ ᠰᠠᠶᠢᠬᠠᠨ ᠵᠤᠯ ᠵᠠᠪᠰᠢᠶᠠᠨ᠂ ᠨᠡᠩ ᠴᠤ ᠠᠷᠪᠠ ᠶᠢᠰᠦᠳᠤᠬᠡᠷ ᠶᠡᠭᠡ ᠬᠤᠷᠠᠯ ᠳᠤ ᠬᠢᠭᠰᠡᠨ ᠢᠯᠡᠳᠬᠡᠯ ᠳᠡᠭᠡᠨ ᠦᠨᠳᠤᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ ᠬᠦᠮᠦᠵᠢᠯ ᠢ ᠲᠦᠬᠡᠮᠡᠯᠵᠢᠬᠦᠯᠵᠤ᠂ ᠬᠡᠤᠬᠡᠳ ᠨᠢᠬᠡᠪᠤᠷᠢ ᠳᠤ ᠴᠦᠮ ᠭᠤᠤᠯᠴᠢ ᠮᠦᠷᠳᠡᠬᠡᠨ ᠴᠢᠨᠡᠷ ᠴᠢᠨᠰᠠᠭ᠎ᠠ ᠲᠠᠢ ᠰᠤᠷᠭᠠᠨ ᠬᠦᠮᠦᠵᠢᠯ ᠬᠦᠷᠳᠡᠬᠡᠬᠦ ᠪᠠᠷ ᠴᠢᠷᠮᠠᠶᠢᠨ᠎ᠠ᠂ ᠲᠡᠭᠡᠳᠤ ᠵᠡᠷᠬᠡ ᠶᠢᠨ ᠰᠤᠷᠭᠠᠨ ᠬᠦᠮᠦᠵᠢᠯ ᠢ ᠨᠡᠩ ᠢᠯᠡᠬᠦᠤ ᠬᠦᠷᠳᠡᠬᠡᠨ᠎ᠠ᠂ ᠰᠤᠷᠤᠯᠴᠠᠬᠤ ᠮᠠᠶ᠋ᠢᠭ ᠤᠨ ᠨᠠᠶᠢᠬᠡᠮ‌ᠢ ᠲᠦᠷᠬᠡᠳᠬᠡᠨ ᠪᠠᠶᠢᠭᠤᠯᠵᠤ᠂ ᠠᠷᠠᠳ ᠢᠷᠬᠡᠨ ᠤ ᠬᠡᠪ ᠴᠢᠨᠡᠷ ᠢ ᠶᠡᠬᠡᠪᠡᠷ ᠲᠡᠭᠡᠭᠰᠢᠯᠡᠬᠦᠯᠤᠨ᠎ᠠ ᠭᠡᠵᠡᠢ᠂ ᠡᠨᠡ ᠨᠢ ᠮᠡᠨ ᠤ ᠰᠤᠶᠤᠯ ᠰᠤᠷᠭᠠᠨ ᠬᠦᠮᠦᠵᠢᠯ ᠨᠡᠩ ᠰᠠᠶᠢᠨ ᠬᠦᠭᠵᠢᠯᠲᠠ ᠶᠢ ᠤᠯᠬᠤ ᠨᠢ ᠯᠡᠪᠳᠠᠢ︾ ᠭᠡᠵᠤ ᠢᠳᠡᠬᠡᠯ ᠲᠦᠬᠦᠷᠡᠩ ᠬᠡᠯᠡᠵᠤ ᠪᠠᠶᠢᠯ ᠎ᠠ᠃
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号