ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠦᠬᠡᠬᠡᠴᠡᠯᠳᠤᠯ ᠤᠨ ᠲᠦᠯᠥᠬᠡ
ᠨᠡᠶᠢᠲᠡᠯᠡᠭᠰᠡᠨ ᠴᠠᠭ᠄
2017-11-01
    — ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠠᠴᠠ ᠨᠠᠮ ᠤᠨ ᠢᠮᠠᠬᠳᠠ ᠬᠤᠪᠢᠷᠠᠰᠢ ᠦᠭᠡᠢ ᠲᠡᠮᠡᠴᠡᠬᠦ ᠬᠠᠷᠠᠯᠳᠠ ᠶᠢ ᠬᠠᠷᠠᠬᠤᠢ ᠤᠭ ᠰᠠᠨᠠᠭ᠎ᠠ ᠴᠠᠭ ᠤᠷᠤᠨ ᠵᠠᠢ ᠶᠢ ᠲᠤᠭᠤᠯᠵᠥ᠂ ᠡᠬᠦᠷᠢᠳᠡ ᠦᠯᠦ ᠮᠠᠷᠳᠠᠭᠳᠠᠨ᠎ᠠ᠃        ᠡᠬᠦᠷᠬᠡ ᠬᠠᠷᠢᠭᠤᠴᠠᠯᠭ᠎ᠠ ᠪᠤᠤᠭᠢᠶ᠎ᠠ ᠲᠠᠮᠵᠢᠵᠤ᠂ ᠬᠦᠮᠥᠰ ᠢ ᠤᠷᠮᠠᠰᠢᠭᠤᠯᠤᠨ ᠤᠷᠤᠭᠰᠢᠯᠠᠭᠤᠯᠤᠨ᠎ᠠ᠃           ︽ ᠲᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠤᠯᠭᠤᠵᠤ᠂ ᠲᠤᠮᠳᠠᠳᠤ ᠶᠢᠨ  ᠦᠨᠳᠦᠰᠦᠳᠡᠨ ᠤ ᠰᠡᠷᠬᠦᠨ ᠮᠠᠨᠳᠤᠯᠳᠠ ᠶᠢ ᠪᠡᠶᠡᠯᠡᠭᠦᠯᠤᠨ᠎ᠡ︾᠂ ᠵᠠᠭᠤ ᠰᠢᠬᠠᠮ ᠵᠢᠯ ᠤᠨ ᠲᠡᠤᠬᠡᠨ ᠶᠠᠪᠤᠴᠠ ᠶᠢ  ᠦᠩᠬᠡᠷᠡᠬᠦᠯᠥᠭᠰᠡᠡ ᠲᠡᠯᠡᠬᠡᠢ ᠶᠢᠨ ᠬᠠᠮᠤᠭ ᠤᠨ ᠶᠡᠭᠡ ᠨᠠᠮ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ  ᠲᠦᠯᠥᠬᠡᠯᠡᠭᠴᠢᠳ ᠤᠨ ᠶᠡᠭᠡ ᠬᠤᠷᠠᠯ ᠲᠡᠭᠡᠷ᠎ᠡ ᠪᠠᠨ ᠦᠪᠡᠷ ᠤᠨ ᠢᠶᠠᠨ ᠤᠭ ᠰᠠᠨᠠᠭ᠎ᠠ ᠪᠤᠯᠤᠨ ᠡᠬᠦᠷᠬᠡ  ᠬᠠᠷᠢᠭᠤᠴᠠᠯᠭ᠎ᠠ ᠪᠠᠨ ᠡᠶᠢᠨᠬᠦ ᠲᠤᠩᠬᠠᠬᠯᠠᠵᠤ ᠪᠢᠯᠡ᠃  ᠤᠨ ᠰᠠᠷ᠎ᠠ ᠤᠷᠴᠢᠵᠥ᠂ ᠨᠠᠮ ᠤᠨ ᠰᠡᠳᠬᠢᠯ ᠠᠷᠠᠳ ᠤᠨ ᠰᠡᠳᠬᠢᠯ ᠢᠮᠠᠬᠳᠠ ᠬᠤᠯᠪᠤᠯᠳᠤᠨ᠎ᠠ᠃             8900 ᠭᠠᠷᠤᠢ ᠲᠦᠮᠡᠨ ᠨᠠᠮ ᠤᠨ ᠬᠡᠰᠢᠬᠦᠨ ᠲᠠᠢ ᠨᠠᠮ ᠠᠷᠠᠳ ᠲᠦᠮᠡᠨ ᠢ ᠢᠮᠠᠬᠳᠠ ᠬᠠᠮᠤᠭ ᠤᠨ ᠲᠡᠬᠡᠳᠤ  ᠪᠠᠶᠢᠷᠢᠨ ᠳᠤ ᠲᠠᠯᠪᠢᠵᠥ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ  ᠢᠮᠠᠬᠳᠠ ᠲᠡᠮᠡᠴᠡᠬᠦ ᠬᠠᠷᠠᠯᠳᠡ ᠪᠠᠨ ᠪᠤᠯᠭᠠᠵᠥ᠂ ᠢᠮᠠᠬᠳᠠ ᠠᠷᠠᠳ ᠲᠦᠮᠡᠨ ᠲᠠᠢ ᠪᠤᠳᠤᠯ ᠰᠡᠳᠬᠢᠯ ᠢᠶᠠᠨ ᠬᠤᠯᠪᠤᠨ  ᠬᠠᠮᠳᠤ ᠠᠵᠢᠯᠯᠠᠵᠤ ᠪᠠᠶᠢᠭ᠎ᠠ ᠡᠨᠡᠬᠦ ᠨᠠᠮ 13 ᠳ᠋ᠦᠩᠰᠢᠭᠤᠷ ᠭᠠᠷᠤᠢ ᠠᠷᠠᠳ ᠲᠦᠮᠡᠨ ᠢ ᠤᠳᠤᠷᠢᠳᠤᠨ ᠴᠢᠨᠡᠭᠡᠯᠢᠭ  ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ  ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠦᠳᠦᠭᠡᠨ ᠪᠠᠶᠢᠭᠤᠯᠬᠤ ᠦᠢᠯᠡᠰ ᠲᠤ ᠢᠯᠠᠯᠳᠠ ᠤᠯᠬᠤ ᠨᠢ ᠯᠠᠪᠳᠠᠢ  ︕ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ  ᠲᠡᠷᠭᠡᠯᠰᠢᠬᠦᠯᠬᠦ ᠨᠢ ᠯᠠᠪᠳᠠᠢ︕ ᠤᠭ ᠰᠠᠨᠠᠭ᠎ᠠ ᠪᠠᠨ ᠦᠯᠥ ᠮᠠᠷᠳᠠᠨ᠎ᠠ — ︽ᠪᠦᠬᠦ ᠨᠠᠮ ᠤᠨ ᠨᠦᠬᠦᠳ ᠵᠠᠪᠠᠯ ᠠᠷᠠᠳ ᠲᠦᠮᠡᠨ ᠲᠠᠢ  ᠠᠮᠢᠰᠬᠤᠭ᠎ᠠ ᠪᠠᠨ ᠨᠢᠬᠡᠳᠬᠡᠵᠤ ᠬᠤᠪᠢ ᠵᠠᠶᠠᠭ᠎ᠠ ᠪᠠᠨ ᠬᠠᠮᠳᠤᠳᠬᠠᠨ ᠰᠡᠳᠬᠢᠯ ᠵᠢᠷᠤᠬᠡ ᠪᠠᠨ ᠬᠤᠯᠪᠤᠵᠥ᠂ ᠠᠷᠠᠳ  ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠡᠬᠦᠷᠢᠳᠡ ᠶᠢᠨ ᠲᠡᠮᠡᠴᠡᠬᠦ ᠬᠠᠷᠠᠯᠳᠡ ᠪᠠᠨ  ᠪᠤᠯᠭᠠᠬᠤ ᠬᠡᠷᠡᠭᠳᠡᠢ︾ ︽ᠲᠠᠨ ᠤ ᠲᠡᠨᠳᠡᠬᠢ ᠵᠤᠭᠠᠴᠠᠭᠰᠠᠳ ᠴᠢᠨᠢ ᠪᠦᠷ ᠬᠠᠮᠢᠭ᠎ᠠ ᠠᠴᠠ ᠢᠷᠡᠭᠰᠡᠡ ᠪᠤᠢ︖ ᠭᠤᠤᠯᠳᠠᠭᠤ ᠡᠷᠬᠢᠨ  ᠲᠤᠭᠤᠷᠢᠨ ᠤ ᠭᠠᠵᠠᠷ ᠤᠨ ᠬᠢ ᠤᠤ︖ ᠬᠤᠯᠠ ᠶᠢᠨ ᠬᠢ ᠪᠠᠰᠠ ᠪᠠᠶᠢᠨ᠎ᠠ ᠤᠤ︖ ᠲᠤᠰᠬᠤᠨ ᠳᠤ ᠴᠢᠨᠢ  ᠬᠤᠨᠤᠬᠯᠠᠨ᠎ᠠ ᠤᠤ︖︾ ︽ᠮᠠᠨ ᠤ ᠲᠡᠨᠳᠡᠬᠢ ᠠᠮᠢ ᠠᠬᠤᠢ ᠶᠢᠨ ᠤᠷᠴᠢᠨ ᠲᠤᠭᠤᠷᠢᠨ ᠶᠡᠭᠡ ᠰᠠᠶᠢᠨ᠂ ᠵᠠᠷᠢᠮ ᠵᠤᠭᠠᠴᠠᠭᠴᠢ  ᠭᠠᠷᠠᠭ ᠢᠶᠠᠷ ᠰᠠᠭᠤᠳᠠᠬ ᠶᠤᠮ︾᠃ ︽ᠲᠡᠬᠡᠪᠡᠯ ᠤᠷᠤᠯᠭ᠎ᠠ ᠶᠢ ᠴᠢᠨᠢ ᠪᠠᠭ᠎ᠠ ᠪᠤᠰᠤ ᠨᠡᠮᠡᠭᠳᠡᠭᠦᠯᠤᠨ᠎ᠡ ᠰᠢᠳᠡ᠂ ᠪᠤᠯᠵᠥ ᠪᠠᠶᠢᠨ᠎ᠠ︾᠃ ᠡᠨᠡ ᠪᠤᠯ 19 ᠤ ᠡᠳᠤᠷ ᠤᠨ ᠦᠳᠡ ᠶᠢᠨ ᠡᠮᠤᠨ᠎ᠡ᠂ ᠰᠢ ᠶᠢᠨ ᠫᠢᠩ ᠨᠦᠬᠦᠷ ᠨᠠᠮ ᠤᠨ ᠠᠷᠪᠠ  ᠶᠢᠰᠦᠳᠦᠭᠡᠷ ᠶᠡᠭᠡ ᠬᠤᠷᠠᠯ ᠤᠨ ᠬᠦᠢᠵᠸᠥ ᠶᠢᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ  ᠤᠷᠤᠯᠴᠠᠬᠤ ᠳᠠᠭᠠᠨ᠂ ᠽᠦᠨ ᠢ ᠬᠤᠳᠠ ᠶᠢᠨ ᠪᠦᠸᠧ ᠵᠸᠥ ᠲᠤᠭᠤᠷᠢᠭ ᠤᠨ ᠬᠤᠸᠠ ᠮᠤᠤ ᠲᠤᠰᠬᠤᠨ ᠤ ᠨᠠᠮ ᠤᠨ  ᠡᠬᠦᠷ ᠤᠨ ᠱᠦᠵᠢ ᠫᠠᠨ ᠺᠧ ᠭᠠᠩ ᠲᠠᠢ ᠶᠠᠷᠢᠯᠴᠠᠭᠰᠠᠠ ᠶᠠᠷᠢᠯᠴᠠᠭ᠎ᠠ ᠪᠤᠯᠤᠨ᠎ᠠ᠃ ᠬᠤᠸᠠ ᠮᠤᠤ ᠲᠤᠰᠬᠤᠨ ᠦᠩᠬᠡᠷᠡᠭᠰᠡᠡ ᠳᠤ ᠬᠤᠯᠠ ᠤᠢᠢᠷ᠎ᠠ ᠳᠠᠭᠠᠨ ᠨᠡᠷᠠᠳᠡᠢ ᠶᠠᠳᠠᠭᠤ ᠬᠦᠴᠢᠷᠳᠡᠯᠳᠡᠢ  ᠲᠤᠰᠬᠤᠨ ᠪᠠᠶᠢᠭᠰᠠᠠ ᠶᠤᠮ᠃ 2015 ᠤᠨ ᠤ 6 ᠰᠠᠷ᠎ᠠ ᠶᠢᠨ 16 ᠤ ᠡᠳᠤᠷ᠂ ᠰᠢ ᠶᠢᠨ ᠫᠢᠩ ᠡᠨᠡᠬᠦ  ᠲᠤᠰᠬᠤᠨ ᠳᠤ ᠰᠢᠨᠵᠢᠯᠡᠨ ᠪᠠᠶᠢᠴᠠᠭᠠᠵᠥ᠄ ︽ᠨᠠᠮ ᠤᠨ ᠲᠦᠪ ᠬᠤᠷᠢᠶᠠᠨ ᠤ ᠲᠦᠷᠦ ᠶᠢᠨ ᠪᠤᠳᠤᠯᠭ᠎ᠠ ᠶᠢᠨ ᠰᠠᠶᠢᠨ  ᠡᠰᠡᠬᠦ ᠶᠢ ᠨᠤᠳᠤᠭ ᠤᠨ ᠠᠬ᠎ᠠ ᠲᠡᠬᠦᠤ ᠨᠡᠷ ᠪᠠᠶᠠᠷᠯᠠᠭᠰᠠᠨ ᠡᠰᠡᠬᠦ ᠠᠴᠠ ᠦᠵᠡᠨ᠎ᠡ︾ ᠭᠡᠰᠡᠨ ᠲᠤᠳᠤᠨᠤᠰᠤᠬ ᠦᠭᠡ  ᠶᠠᠷᠢᠬᠰᠠᠨ ᠶᠤᠮ᠃ ᠡᠳᠡᠭᠡᠷ ᠵᠢᠯ ᠤᠳ ᠲᠤ ᠬᠦᠳᠡᠭᠡ ᠲᠤᠰᠬᠤᠨ ᠤ ᠵᠤᠭᠠᠴᠠᠯ ᠢ ᠬᠦᠭᠵᠢᠬᠦᠯᠬᠦ ᠪᠠᠷ ᠲᠠᠮᠵᠢᠨ  ᠲᠤᠰᠬᠤᠨ ᠤ ᠠᠷᠠᠳ ᠶᠠᠳᠠᠭᠤ ᠠᠴᠠ ᠠᠩᠬᠢᠵᠢᠷᠠᠵᠥ ᠪᠠᠶᠠᠵᠢᠭᠰᠠᠠ ᠪᠢᠯᠡ᠃ ᠶᠠᠭᠤᠨ ᠳᠤ ᠬᠦᠮᠥᠨ ᠤ ᠠᠰᠠᠭᠤᠳᠠᠯ ᠪᠤᠯ ᠨᠢᠬᠡ ᠲᠦᠷᠦ ᠶᠢᠨ ᠨᠠᠮ᠂ ᠲᠦᠷᠦ ᠶᠢᠨ ᠡᠷᠬᠡ ᠶᠢᠨ ᠰᠢᠨᠵᠢ  ᠴᠢᠨᠠᠷ ᠢ ᠰᠢᠯᠭᠠᠬᠤ ᠰᠢᠯᠭᠠᠭᠤᠷ ᠭᠡᠵᠤ ᠬᠡᠯᠡᠳᠡᠭ ᠪᠤᠢ︖ ᠤᠯᠠᠨ ᠲᠦᠮᠡᠨ ᠤ ᠪᠠᠭ᠎ᠠ ᠶᠠᠪᠤᠳᠠᠯ ᠴᠦ ᠮᠠᠨ ᠤ ᠨᠠᠮ ᠤᠨ ᠶᠡᠭᠡ ᠶᠠᠪᠤᠳᠠᠯ ᠶᠤᠮ᠃ ᠬᠤᠸᠠ ᠮᠤᠤ  ᠲᠤᠰᠬᠤᠨ ᠤ ᠬᠤᠪᠢᠷᠠᠯᠳᠡ ᠪᠤᠯ ᠮᠠᠨ ᠤ ᠨᠠᠮ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ  ᠬᠦᠰᠡᠯ ᠡᠷᠡᠮᠡᠯᠵᠡᠯ ᠢ ᠪᠡᠶᠡᠯᠡᠬᠦᠯᠬᠦ ᠶᠢᠨ ᠲᠦᠯᠥᠬᠡ ᠴᠦᠬᠦᠷᠡᠰᠢ ᠦᠭᠡᠢ ᠲᠡᠮᠡᠴᠡᠭᠰᠡᠡ ᠤ ᠠᠮᠢᠳᠤᠯᠢᠭ ᠲᠦᠷᠰᠦᠯᠡᠯ  ᠪᠤᠯᠤᠨ᠎ᠠ᠃ ︽ᠠᠷᠠᠳ ᠲᠦᠮᠡᠨ ᠳᠤ ᠲᠦᠰᠢᠭᠯᠡᠨ ᠲᠡᠤᠬᠡ ᠶᠢᠨ ᠠᠭᠤᠤ ᠶᠡᠭᠡ ᠦᠢᠯᠡᠰ ᠢ ᠡᠬᠦᠳᠦᠨ᠎ᠡ︾᠂ ︽ᠠᠷᠠᠳ  ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠎ᠠ︾᠂ ︽ᠠᠷᠠᠳ ᠲᠦᠮᠡᠨ ᠤ ᠭᠤᠤᠯ ᠴᠤᠭᠴᠠ ᠶᠢᠨ ᠪᠠᠶᠢᠷᠢ  ᠰᠠᠭᠤᠷᠢ ᠶᠢ ᠡᠷᠬᠡᠪᠰᠢ ᠪᠠᠷᠢᠮᠳᠠᠯᠠᠬᠤ ᠬᠡᠷᠡᠭᠳᠡᠢ︾ ᠁  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠲᠡᠭᠡᠷ ᠎ᠡ᠂ ᠰᠢ ᠶᠢᠨ ᠫᠢᠩ ᠤᠨ  ᠬᠡᠯᠡᠭᠰᠡᠨ ᠡᠨᠡᠬᠦ ᠦᠬᠡ ᠨᠢ ᠬᠤᠪᠢᠯᠭᠠᠨ ᠤᠷᠤᠨ ᠲᠠᠶᠠᠭᠠᠷ ᠲᠤ ᠤᠯᠠᠮᠵᠢᠯᠠᠬᠳᠠᠵᠥ᠂ ᠬᠦᠮᠥᠰ ᠤᠨ ᠰᠡᠳᠬᠢᠯ ᠳᠤ ᠬᠦᠨ  ᠰᠠᠭᠤᠭᠳᠠᠪᠠ᠃ ᠪᠦᠷᠢᠳᠬᠡᠯ ᠠᠴᠠ ᠦᠵᠡᠪᠡᠯ᠂ 3 ᠲᠦᠮᠠ ᠭᠠᠷᠤᠢ ᠦᠰᠦᠭ ᠲᠠᠢ ᠨᠠᠮ ᠤᠨ ᠠᠷᠪᠠ ᠶᠢᠰᠦᠳᠦᠭᠡᠷ ᠶᠡᠭᠡ  ᠬᠤᠷᠠᠯ ᠤᠨ ᠢᠯᠡᠳᠬᠡᠯ ᠳᠤ ︽ᠠᠷᠠᠳ ᠲᠦᠮᠡᠨ︾ ᠬᠡᠬᠦ ᠬᠤᠶᠠᠷ ᠦᠰᠦᠭ 200 ᠭᠠᠷᠤᠢ ᠤᠳᠠᠭ᠎ᠠ ᠢᠯᠡᠷᠡᠵᠠᠢ᠃ ︽ᠤᠭ ᠰᠠᠨᠠᠭ᠎ᠠ ᠪᠠᠨ ᠦᠯᠥ ᠮᠠᠷᠳᠠᠨ᠎ᠠ︾ — ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠤᠰ  ᠲᠦᠷᠦ ᠶᠢᠨ ᠲᠤᠩᠬᠠᠭ ᠲᠤ ᠠᠷᠠᠳ ᠲᠦᠮᠡᠨ ᠶᠠᠷᠤᠨᠢ ᠦᠪᠡᠷ ᠤᠨ ᠬᠢᠨᠢ ᠦᠨᠳᠦᠰᠦᠨ ᠵᠤᠷᠢᠯᠳᠡ ᠪᠤᠯᠤᠭᠰᠠᠭᠠᠷ  ᠢᠷᠡᠪᠡ︔ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠤᠰ ᠲᠦᠷᠦ ᠶᠢᠨ ᠭᠧᠨ ᠳᠤ ᠠᠷᠠᠳ ᠤᠯᠠᠨ ᠯᠤᠭ᠎ᠠ  ᠮᠢᠬ᠎ᠠ ᠴᠢᠰᠤᠨ ᠤ ᠪᠠᠷᠢᠯᠳᠤᠯᠭ᠎ᠠ ᠲᠠᠢ ᠬᠡᠳᠡᠭ ᠢ ᠢᠮᠠᠬᠳᠠ ᠤᠯᠠᠮᠵᠢᠯᠠᠬᠰᠠᠭᠠᠷ ᠢᠷᠡᠪᠡ᠃ ᠨᠠᠨ ᠬᠤ᠋ ᠨᠠᠭᠤᠷ ᠤᠨ ᠵᠤᠭᠠᠴᠠᠯ ᠤᠨ ᠤᠩᠭᠤᠴᠠ ᠠᠴᠠ ᠱᠠᠩᠬᠠᠢ ᠶᠢᠨ ᠪᠠᠭ᠎ᠠ ᠭᠤᠳᠤᠮᠵᠢ ᠬᠦᠷᠳᠡᠯ᠎ᠡ᠂ ᠶᠠᠨ  ᠠᠨ ᠤ ᠨᠦᠬᠡᠨ ᠬᠡᠷ ᠠᠴᠠ ᠠᠷᠠᠳ ᠤᠨ ᠶᠡᠭᠡ ᠬᠤᠷᠠᠯ ᠤᠨ ᠲᠠᠩᠬᠢᠮ ᠬᠦᠷᠳᠡᠯ᠎ᠡ᠂ ᠲᠤᠮᠳᠠᠳᠤ ᠤᠯᠤᠰ ᠤᠨ ᠡᠪ  ᠬᠠᠮᠳᠤ ᠨᠠᠮ ᠤᠨ ᠤᠴᠢ ᠶᠢᠨ ᠭᠠᠯ ᠠᠭᠤᠯᠠ ᠶᠢ ᠰᠢᠳᠠᠭᠠᠭᠰᠠᠠ ᠤ ᠦᠨᠳᠦᠰᠦᠨ ᠰᠢᠯᠳᠠᠭᠠᠨ ᠪᠤᠯ ᠲᠡᠬᠦᠨ ᠤ ᠠᠷᠠᠳ  ᠲᠦᠮᠡᠨ ᠤ ᠲᠤᠮᠳᠠ ᠠᠴᠠ ᠮᠡᠨᠳᠤᠯᠡᠵᠥ᠂ ︽ᠠᠷᠠᠳ ᠤᠯᠠᠨ︾ ᠳᠤ ᠲᠦᠰᠢᠭᠯᠡᠨ ︽ᠠᠷᠠᠳ ᠤᠨ ᠵᠠᠰᠠᠭ ᠤᠨ ᠡᠷᠬᠡ︾  ᠶᠢ ᠪᠠᠶᠢᠭᠤᠯᠵᠥ᠂ ︽ᠠᠷᠠᠳ ᠤᠨ ᠴᠡᠷᠢᠭ ᠠᠩᠬᠢ︾ ᠲᠠᠢ ᠪᠤᠯᠵᠥ᠂ ︽ᠠᠷᠠᠳ ᠲᠦᠮᠡᠨ ᠢ ᠴᠢᠯᠥᠬᠡᠯᠡᠬᠦ︾ ᠪᠠᠷ  ᠴᠢᠷᠮᠡᠶᠢᠨ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ︾ ᠤᠨ ᠲᠦᠯᠥᠬᠡ ᠲᠡᠮᠡᠴᠡᠭᠰᠡᠡ ᠳᠤ ᠪᠠᠶᠢᠨ᠎ᠠ᠃ ᠲᠦᠩ ᠵᠢᠢ ᠶᠡᠭᠡ ᠰᠤᠷᠭᠠᠭᠤᠯᠢ ᠶᠢᠨ ᠬᠡᠮᠵᠢᠨ ᠵᠢᠷᠤᠬᠤ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠳᠡᠭᠡᠳᠦ  ᠰᠤᠷᠭᠠᠭᠤᠯᠢ ᠶᠢᠨ ᠵᠠᠬᠢᠷᠤᠯ ᠲᠦᠩ ᠰᠢᠶᠤᠤ ᠬᠤᠸᠠ ᠲᠦᠯᠦᠭᠡᠯᠡᠭᠴᠢ᠄ ︽ᠪᠢ ᠵᠢᠶᠠᠩᠰᠢ ᠳᠤ ᠲᠦᠷᠦᠵᠤ ᠦᠰᠴᠠᠢ᠂  ᠬᠠᠷᠠᠬᠠᠨ ᠪᠠᠭ᠎ᠠ ᠠᠴᠠ ᠪᠠᠨ ᠵᠢᠩᠭᠠᠩᠱᠠᠨ ᠠᠭᠤᠯᠠᠨ ᠳᠤ ᠠᠪᠠᠷᠢᠬᠤ ᠳᠤᠷᠠᠳᠠᠢ᠃ ᠰᠢ ᠶᠢᠨ ᠫᠢᠩ ᠨᠦᠬᠦᠷ ᠤᠨ ᠬᠢᠭᠰᠡᠨ  ᠢᠯᠡᠳᠭᠡᠯ ᠢ ᠰᠤᠨᠤᠰᠴᠤ ᠪᠠᠶᠢᠬᠤ ᠳᠠᠭᠠᠨ ᠨᠠᠮ ᠤᠨ ᠵᠢᠩᠭᠠᠩᠱᠠᠨ ᠠᠭᠤᠯᠠᠨ ᠳᠤ ᠪᠠᠶᠢᠬᠤ ᠦᠶ᠎ᠠ ᠶᠢᠨ ᠲᠡᠤᠬᠡ ᠶᠢ  ᠠᠬᠢᠨ ᠳᠠᠬᠢᠨ ᠪᠤᠳᠤᠵᠤ ᠤᠯᠪᠠ᠃ ᠡᠨᠡᠬᠦ ᠦᠩᠭᠡᠷᠡᠯᠳᠡ ᠲᠦᠢᠯ ᠤᠨ ᠬᠢᠯᠪᠠᠷ ᠪᠤᠰᠤ ᠶᠤᠮ᠂ ᠪᠢᠳᠡ ︿ᠬᠠᠮᠢᠭ᠎ᠠ ᠠᠴᠠ  ᠢᠷᠡᠭᠰᠡᠨ﹀᠂ ︿ᠤᠳᠤ ᠶᠠᠮᠠᠷ ᠤᠷᠤᠨ ᠪᠠᠶᠢᠷᠢᠨ ᠳᠤ ᠪᠠᠶᠢᠭ᠎ᠠ﹀᠂ ︿ᠮᠠᠷᠭᠠᠰᠢ ᠬᠠᠮᠢᠭ᠎ᠠ ᠤᠴᠢᠬᠤ﹀ ᠭᠡᠰᠡᠨ ᠢᠶᠠᠨ  ᠬᠡᠵᠢᠶᠡᠳᠡ ᠴᠡᠭᠡᠵᠢᠯᠡᠬᠦ ᠬᠡᠷᠡᠭᠲᠠᠢ ᠶᠤᠮ︾ ᠭᠡᠵᠤ ᠰᠤᠷᠪᠤᠯᠵᠢᠯᠠᠭᠴᠢ ᠳᠤ ᠬᠡᠯᠡᠨ᠎ᠠ᠃ ᠠᠷᠠᠳ ᠲᠦᠮᠡᠨ ᠤ ᠤᠤᠷ ᠴᠢᠨᠠᠷ ᠪᠤᠯ ᠬᠡᠵᠢᠶᠡᠳᠡ ᠲᠡᠮᠡᠴᠡᠯ ᠤᠨ ᠤᠷᠢᠳᠠᠯ ᠪᠤᠯᠤᠨ᠎ᠠ᠃ ᠠᠷᠠᠳ ᠲᠦᠮᠡᠨ ᠢᠶᠠᠨ ᠭᠡᠰᠡᠨ ᠪᠤᠳᠤᠯ ᠰᠡᠳᠭᠢᠯ ᠪᠤᠯ ᠬᠡᠵᠢᠶᠡᠳᠡ ᠬᠦᠴᠦᠨ ᠴᠢᠳᠠᠯ ᠤᠨ ᠡᠬᠢ ᠪᠤᠯᠠᠭ  ᠪᠤᠯᠤᠨ᠎ᠠ᠃ ᠠᠷᠠᠳ ᠲᠦᠮᠡᠨ ᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠳᠤᠮᠳᠠ ᠠᠴᠠ ᠲᠦᠷᠦ ᠶᠢ  ᠵᠠᠰᠠᠵᠤ ᠵᠠᠰᠠᠭ ᠢ ᠡᠷᠬᠢᠯᠡᠬᠦ ᠠᠭᠤᠤ ᠶᠡᠭᠡ ᠬᠦᠴᠦᠨ ᠴᠢᠳᠠᠯ ᠢ ᠤᠯᠬᠤ ᠬᠡᠷᠡᠭᠲᠠᠢ᠃ ᠲᠠᠪᠤᠨ ᠵᠢᠯ ᠤᠨ ᠲᠤᠷᠰᠢ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠲᠦᠪᠯᠡᠷᠡᠵᠤ  ᠵᠠᠯᠭᠠᠯᠳᠤᠭᠰᠠᠨ ᠤᠨᠴᠠ ᠶᠠᠳᠠᠭᠤ ᠬᠦᠴᠢᠷᠳᠡᠯᠲᠠᠢ ᠭᠠᠵᠠᠷ ᠤᠷᠤᠨ ᠢᠶᠠᠷ ᠪᠠᠶᠢᠴᠠᠭᠠᠨ ᠦᠵᠡᠵᠤ᠂ ᠲᠤᠬᠠᠢ ᠶᠢᠨ  ᠭᠠᠵᠠᠷ ᠲᠤᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠵᠢᠯᠤᠭᠤᠳᠴᠤ᠂ ᠠᠷᠠᠳ  ᠲᠦᠮᠡᠨ ᠤ ᠲᠤᠬᠠᠢ ᠰᠠᠨᠠᠭᠠᠰᠢᠷᠠᠯ ᠢᠶᠠᠨ ᠪᠤᠳᠠᠳᠠᠢ ᠳᠤ ᠨᠠᠶᠢᠳᠠᠪᠤᠷᠢᠵᠢᠭᠤᠯᠪᠠ᠃ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ ᠪᠤᠯᠬᠤ ᠨᠢᠩᠰᠢᠶᠠ ᠶᠢᠨ ᠲᠦᠩ ᠰᠢᠨ ᠰᠢᠶᠠᠨ ᠤ ᠢᠤᠢ  ᠸᠠᠩ ᠪᠠᠯᠭᠠᠰᠤ ᠶᠢᠨ ᠾᠧ ᠵᠢᠶᠠ ᠶᠤᠸᠠᠨ ᠲᠤᠰᠬᠤᠨ ᠭᠤᠷᠪᠠᠨ ᠵᠢᠯ ᠤᠨ ᠡᠮᠦᠨ᠎ᠠ ᠪᠠᠰᠠ ᠲᠤᠰ ᠭᠠᠵᠠᠷ ᠤᠨ ᠢᠶᠠᠨ  ᠬᠠᠮᠤᠭ ᠤᠨ ᠶᠠᠳᠠᠭᠤ ᠲᠤᠰᠬᠤᠨ ᠤ ᠨᠢᠭᠡ ᠪᠠᠶᠢᠵᠤ᠂ ᠪᠦᠬᠦ ᠲᠤᠰᠬᠤᠨ ᠳᠤ ᠨᠢᠭᠡ ᠲᠠᠰᠤᠯᠭ᠎ᠠ ᠰᠢᠨ᠎ᠡ ᠪᠠᠶᠢᠰᠢᠩ ᠴᠦ  ᠬᠠᠷᠠᠭᠳᠠᠬᠤ ᠦᠭᠡᠢ ᠪᠠᠶᠢᠵᠠᠢ᠃ ᠪᠦᠬᠦ ᠲᠤᠰᠬᠤᠨ ᠳᠤ ᠤᠤᠯ ᠳᠠᠭᠠᠨ 213 ᠡᠷᠦᠬᠡ ᠲᠠᠢ ᠪᠤᠯᠪᠠᠴᠦ ︽ᠭᠠᠳᠠᠬᠰᠢ  ᠶᠠᠪᠤᠬᠤ ᠨᠢ ᠶᠠᠪᠤᠬᠰᠠᠭᠠᠷ︾ ᠪᠠᠶᠢᠭᠠᠳ 47 ᠡᠷᠦᠬᠡ ᠯᠡ ᠦᠯᠡᠳᠡᠵᠤ᠂ ᠲᠡᠷᠡ ᠮᠦᠷᠳᠡᠭᠡᠨ ᠤᠯᠠᠩᠬᠢ ᠨᠢ  ᠨᠠᠰᠤᠳᠠᠶᠢᠴᠤᠳ ᠵᠡᠮᠳᠡᠭᠴᠤᠳ ᠪᠠᠶᠢᠪᠠ᠃ ᠡᠪ ᠬᠠᠮᠲᠦ ᠨᠠᠮ ᠤᠨ ᠭᠡᠰᠢᠭᠦᠨ ᠳ᠋ᠢᠩ ᠬᠠᠢ ᠶᠠᠨ ᠾᠧ ᠵᠢᠶᠠ ᠶᠤᠸᠠᠨ ᠲᠤᠰᠬᠤᠨ ᠤ ᠨᠢᠭᠡᠳᠦᠭᠡᠷ ᠱᠦᠵᠢ ᠪᠤᠯᠤᠭᠰᠠᠨ  3 ᠵᠢᠯ ᠤᠨ ᠲᠤᠷᠰᠢ᠂ ᠲᠤᠰᠬᠤᠨ ᠳᠤ ᠰᠠᠭᠤᠭ᠎ᠠ ᠪᠤᠰᠤᠳ ᠺᠠᠳ᠋ᠷᠴᠤᠳ ᠲᠠᠢ ᠬᠠᠮᠲᠦᠪᠡᠷ ᠦᠷᠯᠦᠭᠡ ᠦᠳᠡᠰᠢ ᠶᠢ  ᠲᠡᠮᠡᠴᠡᠨ ᠠᠵᠢᠯᠯᠠᠵᠤ᠂ ᠶᠠᠳᠠᠭᠤ ᠶᠢ ᠳᠡᠳᠭᠦᠨ ᠪᠠᠭᠤᠷᠠᠶᠢᠴᠤᠤᠯ ᠢ ᠲᠡᠳᠭᠦᠭᠰᠡᠭᠡᠷ ᠢᠷᠡᠪᠡ᠃ ᠡᠳᠦᠭᠡ ᠲᠤᠰᠬᠤᠨ ᠳᠤ  ᠠᠵᠤ ᠦᠢᠯᠡᠰ ᠲᠠᠢ ᠪᠤᠯᠵᠤ᠂ ᠰᠢᠨ᠎ᠠ ᠤᠷᠤᠨ ᠰᠠᠭᠤᠴᠠ ᠵᠢᠭᠳᠡᠷᠡᠨ ᠵᠠᠮ ᠬᠠᠷᠢᠯᠴᠠᠭ᠎ᠠ ᠰᠠᠶᠢᠵᠢᠷᠠᠵᠤ᠂ ᠤᠯᠠᠨ  ᠲᠦᠮᠡᠨ ᠶᠠᠳᠠᠭᠤ ᠠᠴᠠ ᠠᠩᠭᠢᠵᠢᠷᠠᠪᠠ᠃ ︽ᠨᠠᠮ ᠤᠨ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠲᠠᠢ᠂ ᠪᠠᠰᠠ  ᠤᠳᠤᠷᠢᠳᠤᠨ ᠳᠠᠭᠠᠭᠤᠯᠬᠤ ᠬᠦᠮᠦᠨ ᠲᠠᠢ᠂ ᠡᠶᠢᠮᠦ ᠠᠴᠠ ᠪᠢᠳᠡ ᠵᠤᠯ ᠵᠢᠷᠭᠠᠯ ᠢ ᠡᠳ᠋ᠯᠡᠵᠤ ᠪᠤᠢ︾ ᠭᠡᠵᠤ 77  ᠨᠠᠰᠤᠲᠠᠢ ᠯᠢ ᠸᠧᠨ ᠴᠧᠩ ᠬᠡᠯᠡᠨ᠎ᠡ᠃ ︽ᠤᠳᠤ ᠪᠢ ᠲᠤᠰᠬᠤᠨ ᠠᠴᠠ ᠰᠠᠯᠵᠤ ᠶᠠᠪᠤᠨ᠎ᠠ ᠭᠡᠵᠤ ᠬᠡᠯᠡᠭᠰᠡᠭᠡᠷ ᠨᠠᠰᠤᠳᠠᠶᠢᠴᠤᠳ ᠨᠢᠯᠪᠤᠰᠤ  ᠠᠰᠬᠠᠷᠠᠭᠤᠯᠤᠨ᠎ᠠ᠂ ᠡᠨᠡ ᠪᠤᠯ ᠳᠠᠷᠤᠢ ᠠᠷᠠᠳ ᠲᠦᠮᠡᠨ ᠤ ᠨᠠᠮ ᠢᠶᠠᠨ ᠬᠠᠶᠢᠷᠠᠯᠠᠵᠤ ᠪᠠᠶᠢᠭ᠎ᠠ ᠰᠡᠳᠭᠢᠯᠭᠡ ᠪᠤᠯᠤᠨ᠎ᠠ᠃ ᠰᠠᠶᠢᠨ ᠰᠠᠶᠢᠬᠠᠨ ᠠᠮᠢᠳᠤᠷᠠᠯ ᠢ ᠬᠠᠮᠲᠦᠪᠡᠷ ᠡᠳ᠋ᠯᠡᠬᠦ ᠨᠢ ᠬᠠᠪᠤ ᠵᠢᠷᠭᠠᠯ ᠪᠤᠯᠠᠢ︕︾ ᠭᠡᠵᠤ ᠳ᠋ᠢᠩ ᠬᠠᠢ ᠶᠠᠨ ᠬᠡᠯᠡᠨ᠎ᠠ ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠦᠷᠨᠢᠭᠦᠯᠬᠦ ᠴᠢᠬᠤᠯᠠᠲᠠᠢ  ᠶᠠᠳᠠᠭᠤ ᠬᠦᠴᠢᠷᠳᠡᠯᠳᠠᠢ ᠭᠠᠵᠠᠷ ᠤᠷᠤᠨ ᠳᠤ᠂ ᠬᠤᠲᠠ ᠶᠢᠨ ᠦᠨᠳᠦᠰᠦᠨ ᠱᠠᠳᠤᠨ ᠤ ᠨᠡᠶᠢᠭᠡᠮ ᠲᠤᠭᠤᠷᠢᠭ ᠲᠤ᠂  ᠭᠠᠳᠠᠭᠠᠳᠦ ᠳᠤ ᠰᠠᠭᠤᠭ᠎ᠠ ᠳᠤᠮᠳᠠᠳᠤ ᠶᠢᠨ ᠢᠷᠭᠡᠳ ᠢ ᠠᠮᠤᠷ ᠲᠦᠪᠰᠢᠨ ᠪᠤᠰᠤ ᠭᠠᠵᠠᠷ ᠤᠷᠤᠨ ᠠᠴᠠ ᠨᠡᠭᠦᠯᠭᠡᠬᠦ ᠳᠤ  ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠤᠭᠰᠠᠨ ᠴᠦᠬᠡᠨ ᠲᠤᠭᠠᠲᠦ  ᠦᠨᠳᠦᠰᠦᠳᠡᠨ ᠤ ᠭᠠᠵᠠᠷ ᠤᠷᠤᠨ ᠳᠤ᠂ ᠬᠢᠯᠢ ᠬᠢᠵᠠᠭᠠᠷ ᠤᠷᠤᠨ ᠤ ᠠᠮᠤᠷ ᠲᠤᠭᠳᠠᠭᠤᠨ ᠢ ᠬᠠᠮᠠᠭᠠᠯᠠᠬᠤ ᠳᠤ ᠁  ᠠᠷᠠᠳ ᠲᠦᠮᠡᠨ ᠨᠠᠮ ᠳᠠᠭᠠᠨ ᠲᠦᠰᠢᠭᠯᠡᠨ ᠨᠠᠮ ᠴᠤ ᠠᠷᠠᠳ ᠲᠦᠮᠡᠨ ᠳᠤ ᠲᠦᠰᠢᠭᠯᠡᠵᠤ᠂ ᠬᠠᠮᠲᠦᠪᠡᠷ ᠡᠷᠡᠮᠡᠬᠡᠶᠢᠯᠡᠨ  ᠳᠠᠪᠰᠢᠬᠤ ᠴᠢᠬᠤᠯᠠᠲᠠᠢ᠃ ᠦᠩᠭᠡᠷᠡᠭᠰᠡᠨ 5 ᠵᠢᠯ ᠤᠨ ᠲᠤᠷᠰᠢ᠂ ᠠᠯᠢ ᠤᠯᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠠᠷᠭ᠎ᠠ  ᠬᠡᠮᠵᠢᠶ᠎ᠠ ᠶᠢ ᠬᠡᠷᠡᠭᠵᠢᠭᠦᠯᠵᠤ᠂ ᠠᠯᠢ ᠤᠯᠠᠨ ᠴᠢᠬᠤᠯᠠ ᠶᠡᠭᠡ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠳᠠᠭᠠᠵᠤ᠂  ᠠᠯᠢ ᠤᠯᠠᠨ ᠴᠢᠬᠤᠯᠠ ᠶᠡᠭᠡ ᠠᠵᠢᠯ ᠢ ᠠᠬᠢᠭᠤᠯᠬᠤ ᠪᠠᠷ ᠲᠠᠮᠵᠢᠨ ᠤᠷᠲᠦ ᠬᠤᠭᠤᠴᠠᠭᠠᠨ ᠤ ᠲᠤᠷᠰᠢ ᠰᠢᠢᠳᠪᠦᠷᠢᠯᠡᠶ᠎ᠠ  ᠭᠡᠵᠤ ᠪᠤᠳᠤᠵᠤ ᠪᠠᠶᠢᠭᠰᠠᠨ ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠠᠯᠢ ᠤᠯᠠᠨ ᠬᠦᠴᠢᠷ ᠠᠰᠠᠭᠤᠳᠠᠯ ᠢ  ᠰᠢᠢᠳᠪᠦᠷᠢᠯᠡᠵᠤ᠂ ᠦᠩᠭᠡᠷᠡᠭᠰᠡᠨ ᠳᠤ ᠬᠢᠶ᠎ᠠ ᠭᠡᠵᠤ ᠪᠤᠳᠤᠵᠤ ᠪᠠᠶᠢᠭᠰᠠᠨ ᠪᠤᠯᠪᠠᠴᠤ ᠬᠢᠭᠡᠳᠦᠢ ᠪᠠᠶᠢᠭᠰᠠᠨ ᠠᠯᠢ ᠤᠯᠠᠨ  ᠶᠡᠭᠡ ᠶᠠᠪᠤᠳᠠᠯ ᠢ ᠪᠦᠳᠦᠭᠡᠵᠠᠢ᠃ ︽ᠲᠠᠪᠤ ᠵᠢᠯ ᠤᠨ ᠲᠤᠷᠰᠢ᠂ ᠨᠠᠮ ᠪᠤᠯᠤᠨ ᠤᠯᠤᠰ ᠤᠨ ᠠᠵᠢᠯ ᠦᠢᠯᠡᠰ ᠲᠡᠤᠬᠡᠳᠦ ᠴᠢᠨᠠᠷᠲᠠᠢ  ᠬᠤᠪᠢᠰᠤᠯᠲᠠ ᠲᠠᠢ ᠪᠤᠯᠵᠤ ᠴᠢᠳᠠᠭᠰᠠᠨ ᠤ ᠰᠢᠯᠳᠠᠭᠠᠨ ᠨᠢ ᠪᠢᠳᠡ ᠠᠷᠠᠳ ᠲᠦᠮᠡᠨ ᠢᠶᠠᠷ ᠭᠤᠤᠯ ᠪᠤᠯᠭᠠᠭᠰᠠᠨ  ᠬᠦᠭᠵᠢᠯᠲᠠ ᠶᠢᠨ ᠦᠵᠡᠯ ᠰᠠᠨᠠᠭ᠎ᠠ ᠶᠢ ᠪᠠᠷᠢᠮᠳᠠᠯᠠᠭᠰᠠᠨ ᠳᠤ ᠪᠠᠶᠢᠨ᠎ᠠ︾ ᠭᠡᠵᠤ ᠨᠠᠮ ᠤᠨ ᠠᠷᠪᠠ ᠶᠢᠰᠦᠳᠦᠭᠡᠷ ᠶᠡᠭᠡ  ᠬᠤᠷᠠᠯ ᠤᠨ ᠲᠦᠯᠦᠭᠡᠯᠡᠭᠴᠢ᠂ ᠨᠠᠨᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠠᠩ ᠢ ᠪᠢᠨ  ᠬᠡᠯᠡᠵᠤ ᠪᠠᠶᠢᠯ᠎ᠠ᠃ ᠰᠦᠷ ᠳᠠᠯᠠᠶᠢᠴᠠᠳᠠᠢ ᠲᠡᠤᠬᠡᠨ ᠤᠷᠤᠰᠬᠠᠯ ᠳᠤᠮᠳᠠ ᠡᠷᠡᠯᠬᠡᠭᠯᠡᠨ ᠤᠷᠤᠭᠰᠢᠯᠠᠵᠤ᠂ ᠭᠡᠭᠡᠨ ᠰᠠᠷᠠᠭᠤᠯ  ᠢᠷᠡᠭᠡᠳᠦᠢ ᠶᠢ ᠴᠢᠭᠯᠡᠨ ᠢᠳᠡᠭᠡᠯ ᠳᠡᠭᠦᠯᠳᠡᠷ ᠢᠶᠠᠷ ᠠᠶᠠᠯᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ  ᠪᠠᠷᠢᠮᠲᠠᠯᠠᠨ ᠬᠦᠭᠵᠢᠭᠦᠯᠬᠦ 14 ᠦᠨᠳᠦᠰᠦᠨ ᠠᠷᠭ᠎ᠠ ᠪᠤᠳᠤᠯᠭ᠎ᠠ ᠶᠢ ᠳᠤᠷᠠᠳᠴᠤ ᠂ ᠲᠠᠯ᠎ᠠ ᠪᠤᠯᠭᠠᠨ ᠳᠤ ᠠᠷᠠᠳ  ᠲᠦᠮᠡᠨ ᠤ ᠵᠤᠯ ᠵᠢᠷᠭᠠᠯ ᠢᠶᠠᠷ ᠵᠤᠷᠢᠯᠳᠠ ᠪᠠ ᠳᠤᠰᠤᠯᠲᠠ ᠪᠠᠨ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠦ  ᠨᠠᠮ ᠤᠨ ᠠᠷᠠᠳ ᠲᠦᠮᠡᠨ ᠢ ᠬᠠᠶᠢᠷᠠᠯᠠᠵᠤ ᠬᠠᠯᠠᠮᠵᠢᠯᠠᠳᠠᠭ ᠰᠡᠳᠭᠢᠯᠭᠡ ᠶᠢ ᠢᠯᠡᠷᠡᠭᠦᠯᠪᠡ  ᠃ — ︽ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ ᠬᠡᠷᠡᠭᠲᠠᠢ︾᠂ ︽ᠨᠠᠮ ᠤᠨ ᠤᠯᠠᠨ  ᠲᠦᠮᠡᠨᠴᠢ ᠱᠤᠭᠤᠮ ᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠦᠬᠦ ᠠᠵᠢᠯᠯᠠᠭ᠎ᠠ ᠳᠤᠮᠳᠠ ᠲᠤᠤᠱᠯᠠᠭᠤᠯᠬᠤ ᠬᠡᠷᠡᠭᠲᠠᠢ  ︾᠃ — ︽ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠶᠢ ᠪᠠᠷᠢᠮᠲᠠᠯᠠᠬᠤ ᠬᠡᠷᠡᠭᠲᠠᠢ︾᠂ ︽ᠠᠷᠠᠳ  ᠲᠦᠮᠡᠨ ᠡᠷᠬᠡ ᠮᠡᠳᠡᠵᠤ ᠡᠵᠡᠨ ᠰᠠᠭᠤᠬᠤ ᠶᠢ ᠪᠠᠲᠤᠯᠠᠬᠤ ᠶᠢ ᠤᠯᠤᠰ ᠤᠨ ᠤᠯᠤᠰ ᠲᠦᠷᠦ ᠶᠢᠨ ᠠᠮᠢᠳᠤᠷᠠᠯ ᠪᠤᠯᠤᠨ  ᠨᠡᠶᠢᠭᠡᠮ ᠤᠨ ᠠᠮᠢᠳᠤᠷᠠᠯ ᠳᠤ ᠨᠠᠶᠢᠳᠠᠪᠤᠷᠢᠵᠢᠭᠤᠯᠬᠤ ᠬᠡᠷᠡᠭᠲᠠᠢ︾᠃ — ︽ᠬᠦᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ  ᠪᠠᠷᠢᠮᠳᠠᠯᠠᠬᠤ ᠬᠡᠷᠡᠭᠲᠠᠢ︾᠂ ︽ᠪᠦᠬᠦ ᠠᠷᠠᠳ ᠲᠦᠮᠡᠨ ᠬᠠᠮᠲᠦᠪᠡᠷ ᠪᠠᠶᠢᠭᠤᠯᠬᠤ ᠬᠠᠮᠲᠦᠪᠡᠷ ᠡᠳ᠋ᠯᠡᠬᠦ ᠬᠠᠮᠲᠦᠪᠡᠷ  ᠬᠦᠭᠵᠢᠬᠦ ᠳᠤᠮᠳᠠ ᠨᠡᠩ ᠤᠯᠠᠨ ᠬᠦᠷᠳᠡᠮᠵᠢ ᠶᠢᠨ ᠲᠦᠷᠦᠭᠳᠡᠯ ᠤᠯᠬᠤ ᠶᠢ ᠪᠠᠲᠤᠯᠠᠬᠤ ᠬᠡᠷᠡᠭᠲᠠᠢ︾᠃ — ︽ᠨᠠᠮ ᠤᠨ ᠠᠷᠠᠳ ᠲᠦᠮᠡᠨ ᠯᠦᠭᠡ ᠶᠢᠨ ᠮᠢᠬ᠎ᠠ ᠴᠢᠰᠤᠨ ᠤ ᠬᠠᠷᠢᠴᠠᠭ᠎ᠠ ᠶᠢ ᠡᠭᠦᠷᠢᠳᠡ ᠪᠠᠷᠢᠮᠳᠠᠯᠠᠬᠤ  ᠬᠡᠷᠡᠭᠳᠠᠢ︾ ᠁ ︽ᠠᠷᠠᠳ ᠲᠦᠮᠡᠨ ᠢ ᠢᠮᠠᠭᠳᠠ ᠲᠡᠷᠢᠭᠦᠨ ᠳᠤ ᠲᠠᠯᠪᠢᠨ᠎ᠠ᠃ ᠠᠷᠠᠳ ᠲᠦᠮᠡᠨ ᠪᠤᠯ ᠤᠯᠤᠰ ᠤᠨ ᠡᠵᠡᠨ  ᠮᠦᠨ᠂ ᠳᠤᠮᠳᠠᠳᠤ ᠤᠯᠤᠰ ᠤᠨ ᠡᠪ ᠬᠠᠮᠲᠦ ᠨᠠᠮ ᠤᠨ ᠤᠷᠤᠰᠢᠵᠤ ᠪᠠᠶᠢᠭ᠎ᠠ ᠶᠢᠨ ᠤᠳᠬ᠎ᠠ ᠤᠴᠢᠷ ᠪᠤᠯ ᠳᠠᠷᠤᠢ  ᠠᠷᠠᠳ ᠲᠦᠮᠡᠨ ᠤ ᠲᠦᠯᠦᠭᠡ ᠦᠢᠯᠡᠴᠢᠯᠡᠨ᠎ᠠ᠃ ᠡᠨᠡ ᠨᠢ ᠢᠯᠡᠳᠭᠡᠯ ᠳᠤ ᠲᠤᠩ ᠳᠤᠳᠤᠷᠬᠠᠢ ᠪᠠᠶᠢᠨ᠎ᠠ︾ ᠭᠡᠵᠤ  ᠨᠠᠮ ᠤᠨ ᠠᠷᠪᠠ ᠶᠢᠰᠣᠳᠦᠭᠡᠷ ᠶᠡᠭᠡ ᠬᠤᠷᠠᠯ ᠤᠨ ᠢᠯᠡᠳᠭᠡᠯ ᠤᠨ ᠫᠤᠷᠲ᠋ᠦ᠋ᠭᠠᠯ ᠬᠡᠯᠡᠨ ᠤ ᠤᠷᠴᠢᠭᠤᠯᠭ᠎ᠠ ᠶᠢᠨ ᠲᠤᠰᠬᠠᠢ  ᠮᠡᠷᠭᠡᠵᠢᠯᠳᠡᠨ ᠯᠠᠹᠠᠶᠢᠷ ᠬᠡᠯᠡᠵᠤ ᠪᠠᠶᠢᠯ᠎ᠠ᠃       ᠠᠷᠠᠳ ᠤᠨ ᠰᠠᠨᠠᠭ᠎ᠠ ᠶᠢ ᠳᠠᠭᠠᠨ᠎ᠠ — ︽ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠠ ᠶᠢᠨ  ᠦᠵᠡᠯ ᠰᠠᠨᠠᠭ᠎ᠠ ᠶᠢ ᠪᠠᠷᠢᠮᠳᠠᠯᠠᠵᠤ᠂ ᠬᠦᠮᠦᠨ ᠤ ᠪᠦᠬᠦ ᠲᠠᠯ᠎ᠠ ᠶᠢᠨ ᠬᠦᠭᠵᠢᠯᠲᠠ᠂ ᠪᠦᠬᠦ ᠠᠷᠠᠳ ᠲᠦᠮᠡᠨ ᠤ  ᠬᠠᠮᠲᠦ ᠶᠢᠨ ᠴᠢᠨᠡᠭᠡᠯᠢᠭᠵᠢᠯ ᠢ ᠲᠠᠰᠤᠷᠠᠯᠲᠠ ᠦᠭᠡᠢ ᠠᠬᠢᠭᠤᠯᠤᠨ᠎ᠠ︾ 18 ᠤ ᠡᠳᠦᠷ᠂ ᠭᠧᠲᠧᠯᠠᠺᠧ ᠶᠢᠨ ᠭᠠᠨᠵᠸᠦ ᠳᠠᠬᠢ ᠬᠤᠪᠢᠶᠠᠷᠢ ᠺᠤᠮᠫᠠᠨᠢ ᠶᠢᠨ ᠦᠢᠯᠡᠳᠪᠤᠷᠢ ᠶᠢᠨ ᠲᠠᠰᠤᠬ ᠤᠨ ᠡᠭᠡᠯᠵᠢ ᠳᠠᠭᠠᠭᠤᠯᠤᠬᠴᠢ ᠫᠧᠩ ᠹᠠ ᠹᠦ᠋ ᠲᠦᠯᠦᠭᠡᠯᠡᠭᠴᠢ ᠶᠡᠭᠡ ᠬᠤᠷᠠᠯ ᠤᠨ ᠲᠠᠷᠠᠭ᠎ᠠ ᠠᠷᠠᠳ ᠤᠨ ᠶᠡᠭᠡ  ᠬᠤᠷᠠᠯ ᠤᠨ ᠲᠠᠩᠬᠢᠮ ᠠᠴᠠ ᠭᠠᠷᠬᠤ ᠳᠠᠭᠠᠨ ᠡᠷᠬᠢᠨ ᠡᠷᠬᠢᠨ ᠤᠳᠠᠳᠠᠯ᠎ᠠ ᠬᠠᠷᠠᠵᠦ ᠪᠠᠶᠢᠯ᠎ᠠ᠃ ︽ᠲᠡᠷᠡ ᠮᠦᠴᠡ ᠶᠢ  ᠡᠨᠡ ᠨᠠᠰᠤᠨ ᠳᠠᠭᠠᠨ ᠮᠠᠷᠳᠠᠵᠦ ᠴᠢᠳᠠᠬᠤ ᠦᠭᠡᠢ᠂ ᠨᠠᠮ ᠠᠴᠠ ᠲᠦᠭ ᠲᠦᠮᠡᠨ ᠠᠷᠠᠳ ᠲᠦᠮᠡᠨ ᠳᠤ ᠠᠤᠭ᠎ᠠ ᠶᠡᠭᠡ  ᠵᠢᠷᠤᠭ ᠲᠦᠯᠦᠪᠯᠡᠭᠡ ᠶᠢ ᠵᠢᠷᠤᠬᠯᠠᠵᠦ ᠦᠭᠴᠠᠢ︾ ᠭᠡᠵᠦ ᠲᠠᠷᠡ ᠬᠡᠯᠡᠨ᠎ᠠ᠃ ︽ᠬᠤᠤᠰ ᠵᠠᠭᠤᠨ ᠵᠢᠯ︾ ᠤᠨ ᠲᠡᠦᠭᠡ ᠶᠢᠨ ᠰᠤᠯᠪᠢᠴᠠᠯ ᠤᠨ ᠬᠤᠭᠤᠴᠠᠭᠠᠨ ᠳᠤ ᠨᠠᠮ ᠤᠨ ᠠᠷᠪᠠ  ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠬᠢᠵᠦ᠂ 2020  ᠤᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠲᠠᠬᠢᠨ ᠳᠤᠳᠤᠷᠬᠠᠢᠢᠯᠠᠭᠰᠠᠨ ᠢᠶᠠᠷ ᠪᠠᠷᠠᠬᠤ ᠦᠭᠡᠢ ᠨᠡᠩ ᠴᠤ ︽ᠬᠤᠶᠠᠷ ᠠᠯᠬᠤᠮ ᠬᠤᠪᠢᠶᠠᠵᠤ ᠶᠠᠪᠤᠬᠤ︾ ᠲᠤᠬᠢᠷᠠᠭᠤᠯᠤᠯᠳᠠ ᠶᠢ ᠠᠩᠬ᠎ᠠ ᠤᠳᠠᠭ᠎ᠠ ᠳᠤᠷᠠᠳᠪᠠ — 2035 ᠤᠨ ᠪᠤᠯᠬᠤ ᠳᠤ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠦᠨ᠎ᠠ  ︔ ᠲᠤᠰ ᠵᠠᠭᠤᠨ ᠤ ᠳᠤᠮᠳᠠᠴᠢ ᠦᠶ᠎ᠡ ᠪᠤᠯᠬᠤ ᠳᠤ ︽ᠨᠡᠶᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ︾  ᠢ ᠪᠦᠳᠦᠭᠡᠨ ᠪᠠᠶᠢᠭᠤᠯᠵᠦ᠂ ᠲᠤᠬᠠᠢ ᠶᠢᠨ ᠦᠶ᠎ᠠ ᠳᠤ ︽ᠪᠦᠬᠦ ᠠᠷᠠᠳ ᠤᠨ ᠪᠠᠶᠠᠵᠢᠯ ᠴᠢᠨᠡᠭᠡᠯᠢᠭᠵᠢᠯ ᠢ  ᠦᠨᠳᠦᠰᠦᠨ ᠳᠡᠭᠡᠨ ᠪᠡᠶᠡᠯᠡᠬᠦᠯᠦᠨ᠎ᠠ︾᠃ ᠬᠡᠭᠡᠨ ᠰᠠᠷᠠᠭᠤᠯ ᠢᠷᠡᠭᠡᠳᠦᠢ ᠬᠦᠮᠦᠰ ᠢ ᠤᠷᠮᠠᠰᠢᠭᠤᠯᠤᠨ ᠵᠤᠷᠢᠬᠵᠢᠭᠤᠯᠵᠦ᠂ ᠰᠠᠶᠢᠨ ᠰᠠᠶᠢᠬᠠᠨ ᠬᠠᠷᠠᠯᠳᠠ  ᠠᠷᠠᠳ ᠤᠨ ᠰᠠᠨᠠᠭᠠᠨ ᠳᠤ ᠨᠡᠶᠢᠴᠡᠪᠡ᠃ ᠠᠯᠤᠰ ᠤᠨ ᠲᠦᠯᠦᠪᠯᠡᠭᠡ ᠴᠦ ᠲᠡᠷᠡ᠂ ᠤᠷᠤᠨ ᠪᠠᠶᠢᠷᠢ᠂ ᠤᠯᠤᠰ ᠤᠨ ᠪᠠᠶᠢᠳᠠᠯ ᠤᠨ ᠲᠤᠬᠠᠢ ᠴᠢᠬᠤᠯᠠ  ᠶᠡᠭᠡ ᠮᠠᠭᠠᠳᠯᠠᠯᠳᠠ ᠴᠦ ᠲᠡᠷᠡ᠂ ᠴᠦᠮ ︽ᠠᠷᠠᠳ ᠲᠦᠮᠡᠨ︾ ᠳᠤ ᠠᠩᠬᠠᠷᠤᠯ ᠢᠶᠠᠨ ᠲᠦᠪᠯᠡᠷᠡᠬᠦᠯᠵᠡᠢ᠃ ᠳᠤᠮᠳᠠᠳᠤ ᠤᠯᠤᠰ ᠤᠨ ᠨᠡᠶᠢᠭᠡᠮ ᠤᠨ ᠬᠦᠭᠵᠢᠯᠳᠠ ᠶᠢᠨ ᠭᠠᠶᠢᠬᠠᠮᠰᠢᠬ ᠢ ᠲᠦᠷᠭᠡᠨ ᠠᠬᠢᠭᠤᠯᠬᠤ ᠶᠠᠪᠤᠴᠠ  ᠳᠤᠮᠳᠠ ᠮᠠᠰᠢ ᠤᠯᠠᠨ ᠬᠦᠨ ᠳᠠᠪᠬᠤᠷᠭ᠎ᠠ ᠶᠢᠨ ᠠᠰᠠᠭᠤᠳᠠᠯ ᠢ ᠬᠤᠷᠠᠮᠳᠤᠭᠤᠯᠪᠠ᠄ ᠬᠦᠮᠦᠨ ᠪᠤᠯᠤᠨ ᠪᠠᠶᠢᠭᠠᠯᠢ ᠶᠢᠨ  ᠵᠦᠷᠢᠴᠡᠯ᠂ ᠠᠵᠤ ᠠᠬᠤᠢ ᠶᠢᠨ ᠪᠦᠳᠦᠴᠡ ᠶᠢᠨ ᠴᠢᠨᠠᠷᠳᠠᠢ ᠵᠦᠷᠢᠴᠡᠯ᠂ ᠬᠦᠭᠵᠢᠯᠳᠠ ᠶᠢᠨ ᠲᠡᠩᠴᠡᠬᠦᠷᠢ ᠦᠭᠡᠢ  ᠪᠠᠶᠢᠬᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠦᠷᠢ ᠦᠭᠴᠡᠭᠡ ᠲᠠᠢ ᠪᠠᠶᠢᠬᠤ ᠠᠰᠠᠭᠤᠳᠠᠯ ᠁ ᠠᠷᠠᠳ  ᠤᠯᠠᠨ ᠤ ᠭᠡᠷᠡᠭᠴᠡᠭᠡ ᠳᠤ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ᠂ ᠤᠯᠠᠨ ᠲᠠᠯ᠎ᠠ ᠶᠢᠨ ᠤᠨᠴᠠᠯᠢᠭ  ᠢᠯᠡᠷᠡᠵᠦ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠦᠭᠡᠭᠡᠴᠡᠯᠳᠦᠯ ᠨᠡᠩ ᠴᠢᠩᠭᠠᠷᠠᠪᠠ᠃ ᠡᠬᠦᠨ ᠳᠤ ᠰᠠᠭᠤᠷᠢᠯᠠᠵᠦ ᠂ ᠢᠯᠡᠳᠭᠡᠯ ᠳᠤ ᠡᠶᠢᠮᠦᠷᠬᠦ ᠴᠢᠬᠤᠯᠠ ᠶᠡᠭᠡ ᠮᠠᠭᠠᠳᠯᠠᠯᠳᠠ ᠬᠢᠪᠠ᠄ ︽ᠳᠤᠮᠳᠠᠳᠤ  ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠵᠦ᠂ ᠮᠠᠨ ᠤ ᠤᠯᠤᠰ ᠤᠨ ᠨᠡᠶᠢᠭᠡᠮ ᠤᠨ  ᠭᠤᠤᠯ ᠵᠦᠷᠢᠴᠡᠯ ᠨᠢ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠬᠤ ᠰᠠᠶᠢᠨ ᠰᠠᠶᠢᠬᠠᠨ ᠠᠮᠢᠳᠤᠷᠠᠯ ᠤᠨ  ᠲᠤᠬᠠᠢ ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭᠵᠢᠯᠳᠠ ᠶᠢᠨ ᠬᠤᠭᠤᠷᠤᠨᠳᠤᠬᠢ ᠵᠦᠷᠢᠴᠡᠯ  ᠪᠤᠯᠵᠦ ᠬᠤᠪᠢᠷᠠᠵᠠᠢ ︾ ᠁  ︽ᠠᠷᠠᠳ ᠲᠦᠮᠡᠨ ᠤ ᠰᠢᠨ᠎ᠠ ᠴᠠᠭ ᠦᠶ᠎ᠠ ᠳᠠᠬᠢ ᠰᠢᠨ᠎ᠠ ᠭᠡᠷᠡᠭᠴᠡᠭᠡ ᠪᠠᠷ ᠪᠠᠶᠢᠷᠢ ᠲᠤᠭᠳᠠᠭᠠᠯᠳᠠ ᠪᠠᠨ  ᠪᠤᠯᠭᠠᠵᠦ᠂ ᠭᠤᠤᠯ ᠵᠦᠷᠢᠴᠡᠯ ᠳᠤ ᠴᠢᠬᠤᠯᠠ ᠶᠡᠭᠡ ᠲᠤᠬᠢᠷᠠᠭᠤᠯᠤᠯᠳᠠ ᠬᠢᠬᠦ ᠳᠤ ᠬᠦᠭᠵᠢᠯᠳᠠ ᠶᠢᠨ ᠤᠢᠢᠯᠠᠭᠠᠭᠳᠠᠬᠤᠨ  ᠪᠠ ᠠᠵᠢᠯ ᠤᠨ ᠭᠤᠤᠯᠳᠠᠯᠭ᠎ᠠ ᠪᠠᠨ ︿ᠲᠠᠪᠤ ᠶᠢ ᠨᠢᠭᠡ ᠴᠤᠬᠴᠠᠵᠢᠭᠤᠯᠬᠤ﹀ ᠶᠢᠨ ᠤᠳᠤᠬᠢᠴᠢᠯᠠᠯᠳᠠ᠂ ᠪᠦᠬᠦ  ᠲᠠᠯ᠎ᠠ ᠶᠢᠨ ᠤᠳᠤᠬᠢᠴᠢᠯᠠᠯᠳᠠ ᠪᠠ ︿ᠠᠷᠠᠳ ᠲᠦᠮᠡᠨ ᠤ ᠭᠡᠷᠡᠭᠴᠡᠭᠡ ᠪᠠᠷ ᠭᠤᠤᠯ ᠪᠤᠯᠭᠠᠬᠰᠠᠨ﹀ ᠤᠳᠤᠬᠢᠴᠢᠯᠠᠯᠳᠠ  ᠳᠡᠭᠡᠷ᠎ᠠ ᠲᠡᠰ ᠲᠡᠪᠰᠢᠬᠦᠯᠬᠦ ᠶᠠᠪᠤᠳᠠᠯ ᠪᠢᠳᠡᠨ ᠳᠤ ᠵᠠᠶᠢᠯᠠᠰᠢ ᠦᠭᠡᠢ ᠱᠠᠭᠠᠷᠳᠠᠬᠳᠠᠵᠦ ᠪᠠᠶᠢᠨ᠎ᠠ︾ ᠭᠡᠵᠦ ᠴᠢᠩᠬᠤᠸᠠ  ᠶᠡᠭᠡ ᠰᠤᠷᠭᠠᠭᠤᠯᠢ ᠶᠢᠨ ᠤᠯᠤᠰ ᠤᠨ ᠪᠠᠶᠢᠳᠠᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠬᠤ᠋ ᠠᠨ ᠭᠠᠩ  ᠭᠡᠯᠡᠯ᠎ᠠ᠃ ︽ᠡᠪ ᠬᠠᠮᠳᠦ ᠨᠠᠮ ᠠᠵᠤ ᠠᠬᠤᠢ ᠶᠢ ᠬᠦᠭᠵᠢᠬᠦᠯᠵᠤ ᠪᠠᠶᠢᠬᠤ ᠶᠢᠨ ᠬᠠᠷᠠᠯᠳᠠ ᠨᠢ ᠤᠯᠠᠨ ᠲᠦᠮᠡᠨ ᠤ  ᠲᠦᠯᠦᠭᠡ ᠶᠤᠮ︾ ᠬᠡᠵᠤ ᠵᠠᠩ ᠢ ᠪᠢᠨ ᠲᠦᠯᠦᠭᠡᠯᠡᠭᠴᠢ ᠬᠡᠯᠡᠭᠰᠡᠨ ᠨᠢ᠂ ᠤᠳᠤᠬᠢᠴᠢᠯᠠᠭᠰᠠᠨ ᠠᠵᠤ ᠠᠬᠤᠢ ᠶᠢᠨ  ᠰᠢᠰᠲᠧᠮ ᠪᠤᠯ ᠳᠠᠷᠤᠢ ᠦᠨᠳᠦᠷ ᠶᠠᠰᠤ ᠴᠢᠨᠠᠷ ᠲᠠᠢ᠂ ᠦᠨᠳᠦᠷ ᠦᠷ᠎ᠠ ᠠᠰᠢᠬ ᠲᠠᠢ ᠬᠦᠭᠵᠢᠯᠳᠠ ᠶᠢ  ᠬᠦᠭᠡᠭᠡᠴᠡᠯᠳᠦᠬᠦ ᠶᠠᠪᠤᠳᠠᠯ ᠪᠤᠯᠤᠨ᠎ᠠ᠂ ᠡᠨᠡ ᠪᠤᠯ ᠠᠷᠠᠳ ᠲᠦᠮᠡᠨ ᠤ ᠭᠡᠷᠡᠭᠴᠡᠭᠡ ᠶᠢᠨ ᠬᠤᠪᠢᠷᠠᠯᠳᠠ ᠶᠢ  ᠦᠨᠳᠦᠰᠦᠯᠡᠨ ᠬᠢᠭᠰᠡᠨ ᠴᠢᠬᠤᠯᠠ ᠶᠡᠭᠡ ᠲᠤᠬᠢᠷᠠᠭᠤᠯᠤᠯᠳᠠ ᠮᠦᠨ᠂ ᠠᠷᠠᠳ ᠲᠦᠮᠡᠨ ᠳᠤ ᠴᠢᠨᠠᠬᠰᠢᠳᠠ ᠠᠰᠢᠬ  ᠬᠦᠷᠳᠡᠭᠡᠬᠦ ᠪᠤᠯᠤᠨ᠎ᠠ ᠭᠡᠪᠡ᠃ ᠲᠠᠩ ᠭᠠᠭᠴᠠ ᠠᠵᠤ ᠠᠬᠤᠢ ᠶᠢᠨ ᠲᠠᠯ᠎ᠠ ᠪᠠᠷ ᠪᠢᠰᠢ᠂ ᠤᠯᠤᠰ ᠲᠦᠷᠦ᠂ ᠨᠡᠶᠢᠭᠡᠮ᠂ ᠰᠤᠶᠤᠯ᠂ ᠠᠮᠢ  ᠠᠬᠤᠢ ᠵᠡᠷᠭᠡ ᠤᠯᠠᠨ ᠲᠠᠪᠬᠤᠷᠭ᠎ᠠ ᠳᠤ ︽ᠲᠦᠷᠢᠮ ᠤᠨ ᠲᠦᠯᠦᠪᠯᠡᠭᠡ︾᠂ ︽ᠲᠦᠷᠢᠮ ᠤᠨ ᠵᠤᠯᠭᠠᠯᠴᠠᠭ᠎ᠠ︾᠂ ︽ ᠲᠦᠷᠢᠮ ᠤᠨ ᠪᠠᠳᠤᠯᠠᠭ᠎ᠠ︾ ᠁ ᠪᠦᠬᠦ ᠲᠠᠯ᠎ᠠ ᠶᠢᠨ ᠂ ᠬᠦᠨ ᠳᠠᠪᠬᠤᠷᠭ᠎ᠠ ᠶᠢᠨ ᠲᠦᠷᠢᠮ ᠤᠨ ᠰᠢᠨ᠎ᠠ  ᠡᠬᠦᠳᠦᠯᠳᠠ ᠨᠢ ᠠᠷᠠᠳ ᠲᠦᠮᠡᠨ ᠤ ᠬᠦᠭᠵᠢᠯᠳᠠ ᠶᠢᠨ ᠡᠷᠭᠡ ᠶᠢ ᠪᠠᠳᠤᠯᠠᠵᠠᠢ᠃ ᠰᠢᠨ᠎ᠠ ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠬᠠᠤᠯᠢ ᠶᠢ ᠭᠡᠷᠡᠭᠵᠢᠬᠦᠯᠦᠭᠰᠡᠨ ᠠᠴᠠ ᠨᠠᠰᠢ᠂ ᠨᠠᠮ ᠤᠨ  ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ᠂ ᠨᠢᠩᠰᠢᠶᠠ ᠶᠢᠨ ᠱᠢ ᠽᠦᠢ ᠱᠠᠨ ᠬᠤᠳᠠ ᠶᠢᠨ ᠳ᠋ᠠ ᠡᠤ  ᠺᠸᠦ ᠲᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠰᠢᠬᠦᠨ ᠳᠠᠰᠤᠯᠬᠤ ᠲᠢᠩᠬᠢᠮ ᠤᠨ  ᠳᠠᠷᠤᠭ᠎ᠠ ᠴᠧᠨ ᠮᠸᠢ ᠷᠦᠩ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠳᠠᠨ ᠤ ᠲᠢᠩᠬᠢᠮ ᠳᠤ  ᠭᠠᠷᠴᠦ ᠵᠠᠷᠭᠤ ᠬᠦᠯᠢᠶᠡᠬᠦ ᠨᠢ ᠪᠠᠶᠢᠩᠭᠤ ᠶᠢᠨ ᠦᠵᠡᠭᠳᠡᠯ ᠪᠤᠯᠤᠭᠰᠠᠨ ᠢ ᠠᠩᠬᠠᠷᠴᠦ ᠤᠯᠪᠠ᠃ ︽ᠵᠠᠰᠠᠭ ᠵᠠᠬᠢᠷᠭᠠᠨ ᠤ ᠵᠠᠭᠠᠯᠳᠤᠯᠭ᠎ᠠ ᠪᠤᠯ ᠳᠠᠷᠤᠢ ︿ᠠᠷᠠᠳ ᠠᠴᠠ ᠠᠯᠪᠡᠨ ᠲᠤᠰᠢᠶᠠᠯᠳᠠᠨ ᠢ ᠵᠠᠭᠠᠯᠳᠤᠵᠦ  ᠪᠠᠶᠢᠬᠤ﹀ ᠶᠠᠪᠤᠳᠠᠯ ᠪᠤᠯᠤᠨ᠎ᠠ᠂ ᠤᠤᠯ ᠳᠠᠭᠠᠨ ᠠᠯᠪᠡᠨ ᠲᠤᠰᠢᠶᠠᠯᠳᠠᠨ ᠲᠢᠩᠬᠢᠮ ᠳᠤ ᠭᠠᠷᠬᠤ ᠦᠵᠡᠭᠳᠡᠯ ᠮᠠᠰᠢ  ᠴᠦᠭᠡᠨ ᠪᠠᠶᠢᠭᠰᠠᠨ ᠶᠤᠮ᠂ ᠭᠡᠷᠪᠡ ︿ᠠᠯᠪᠡᠨ ᠲᠤᠰᠢᠶᠠᠯᠳᠠᠨ ᠢ ᠵᠠᠭᠠᠯᠳᠤᠭᠠᠳ ᠠᠯᠪᠡᠨ ᠲᠤᠰᠢᠶᠠᠯᠳᠠᠨ ᠲᠠᠢ  ᠠᠭᠤᠯᠵᠠᠵᠦ ᠴᠢᠳᠠᠬᠤ ᠦᠭᠡᠢ﹀ ᠪᠤᠯ ᠠᠷᠠᠳ ᠲᠦᠮᠡᠨ ᠤ ᠬᠦᠰᠡᠯ ᠱᠠᠭᠠᠷᠳᠠᠯᠭ᠎ᠠ ᠬᠦᠨᠳᠦᠳᠭᠡᠭᠳᠡᠭᠰᠡᠨ ᠦᠭᠡᠢ ᠪᠤᠯᠵᠦ  ᠂ ᠠᠷᠠᠳ ᠪᠤᠯᠤᠨ ᠠᠯᠪᠡᠨ ᠲᠤᠰᠢᠶᠠᠯᠳᠠᠨ ᠤ ᠡᠰᠡᠷᠬᠦᠴᠡᠯᠳᠦᠭᠡᠨ ᠮᠠᠭᠤ ᠤᠷᠴᠢᠯ ᠲᠠᠢ ᠪᠤᠯᠬᠤ ᠪᠤᠯᠤᠯᠴᠠᠭ᠎ᠠ ᠲᠠᠢ ᠶᠤᠮ  ︾ ᠬᠡᠵᠤ ᠴᠧᠨ ᠮᠸᠢ ᠷᠦᠩ᠂ ᠤᠳᠤ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠳᠠᠨ ᠪᠠ ᠤᠯᠠᠨ  ᠲᠦᠮᠡᠨ ᠵᠠᠷᠭᠤ ᠶᠢᠨ ᠳᠤᠮᠳᠠ ᠨᠢᠭᠤᠷ ᠤᠴᠠᠷᠠᠨ ᠦᠭᠡ ᠰᠤᠯᠢᠯᠴᠠᠵᠤ ᠪᠠᠶᠢᠭ᠎ᠠ ᠨᠢ ᠵᠦᠷᠢᠴᠡᠯ ᠢ ᠨᠠᠮᠳᠠᠭᠠᠬᠤ ᠳᠤ  ᠠᠰᠢᠬ ᠲᠠᠢ ᠪᠠᠷ ᠪᠠᠷᠠᠬᠤ ᠦᠬᠡᠢ ᠠᠷᠠᠳ ᠲᠦᠮᠡᠨ ᠤ ᠠᠰᠢᠬ ᠲᠤᠰᠠ ᠶᠢ ᠪᠠᠳᠤᠯᠠᠬᠤ ᠳᠤ ᠴᠤ ᠠᠰᠢᠬ ᠲᠠᠢ ᠶᠤᠮ  ᠬᠡᠯ᠎ᠠ᠃ ︽ᠰᠢᠨ᠎ᠠ ᠴᠠᠭ ᠦᠶ᠎ᠠ ᠳᠤ ᠤᠷᠤᠵᠦ᠂ ᠬᠦᠭᠵᠢᠯᠳᠠ ᠶᠢᠨ ᠲᠡᠩᠴᠡᠬᠦᠷᠢ ᠦᠭᠡᠢ ᠬᠦᠢᠴᠡᠳ ᠦᠭᠡᠢ  ᠠᠰᠠᠭᠤᠳᠠᠯ ᠨᠡᠩ ᠲᠤᠪᠤᠶᠢᠮ᠎ᠠ ᠪᠤᠯᠵᠦ᠂ ᠲᠤᠯᠭᠠᠷᠠᠬᠤ ᠦᠷᠢᠰᠦᠯᠳᠦᠭᠡᠨ ᠴᠦ ᠤᠯᠠᠳᠠᠬᠤ ᠪᠤᠯᠬᠤᠷ ᠬᠦᠭᠵᠢᠯᠳᠠ ᠶᠢᠨ  ᠪᠦᠬᠦ ᠲᠠᠯ᠎ᠠ ᠶᠢᠨ ᠴᠢᠨᠠᠷ ᠢ ᠨᠡᠩ ᠢᠯᠡᠬᠦᠦ ᠴᠢᠬᠤᠯᠠᠴᠢᠯᠠᠵᠦ᠂ ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠭᠡᠮ  ᠂ ᠠᠮᠢ ᠠᠬᠤᠢ ᠵᠡᠷᠭᠡ ᠬᠦᠭᠵᠢᠯᠳᠠ ᠶᠢ ᠨᠢᠭᠡ ᠴᠤᠭᠴᠠ ᠪᠠᠷ ᠠᠬᠢᠭᠤᠯᠵᠦ᠂ ᠲᠦᠷᠢᠮ ᠢ ᠳᠡᠬᠦᠯᠳᠡᠷᠵᠢᠬᠦᠯᠦᠨ  ᠬᠦᠭᠵᠢᠯᠳᠠ ᠶᠢ ᠠᠬᠢᠭᠤᠯᠵᠦ ᠠᠷᠠᠳ ᠲᠦᠮᠡᠨ ᠢ ᠬᠦ᠋ᠭᠵᠢᠯᠳᠠ ᠶᠢᠨ ᠠᠰᠢᠬ ᠬᠦᠷᠳᠡᠭᠴᠢ ᠪᠤᠯᠭᠠᠬᠤ ᠭᠡᠷᠡᠭᠲᠡᠢ︾ ᠭᠡᠵᠦ  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ᠂ ᠱᠠᠨᠰᠢ ᠮᠤᠵᠢ ᠶᠢᠨ ᠬᠦᠭᠵᠢᠬᠦᠯᠦᠯᠳᠠ ᠪᠠ  ᠦᠭᠡᠷᠡᠴᠢᠯᠡᠯᠳᠠ ᠶᠢᠨ ᠵᠦᠪᠯᠡᠯ ᠤᠨ ᠡᠷᠬᠢᠯᠡᠭᠴᠢ ᠹᠠᠩ ᠸᠧᠢ ᠹᠧᠩ ᠭᠡᠯᠡᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠡᠬᠢᠯᠡᠭᠰᠡᠨ ᠡᠳᠦᠷ ᠲᠤ᠂ ᠵᠢᠶᠠᠩᠰᠢ ᠮᠤᠵᠢ ᠶᠢᠨ ᠵᠢᠦ ᠵᠢᠶᠠᠩ  ᠬᠤᠳᠠ ᠶᠢᠨ ᠬᠤᠩ ᠢ ᠰᠢᠶᠠᠩ ᠤᠨ ᠪᠢᠶᠠᠨ ᠱᠠᠨ ᠲᠤᠰᠬᠤᠨ ᠤ ᠶᠢᠨ ᠫᠧᠨ ᠪᠠᠶᠢᠭᠠᠯᠢ ᠶᠢᠨ ᠲᠤᠰᠬᠤᠨ ᠤ 54  ᠨᠠᠰᠤᠳᠠᠢ ᠲᠤᠰᠬᠤᠨ ᠤ ᠠᠷᠠᠳ ᠯᠦᠸᠧ ᠶᠢᠩ ᠮᠠᠰᠢ ᠪᠠᠶᠠᠷᠳᠠᠢ ᠪᠠᠶᠢᠯ᠎ᠠ᠃ ᠲᠡᠬᠦᠨ ᠤ ᠭᠡᠷ ᠲᠤ ᠲᠦᠭᠡᠭᠡᠯ ᠤᠰᠤ  ᠨᠡᠪᠳᠡᠷᠡᠵᠦ᠂ ᠴᠤᠷᠭᠤ ᠪᠠᠷ ᠠᠰᠬᠠᠷᠠᠬᠤ ᠤᠰᠤ ᠶᠢ ᠬᠠᠷᠠᠭᠠᠳ ᠲᠡᠷᠡ ᠦᠪᠡᠷ ᠤᠨ ᠡᠷᠬᠡ ᠦᠬᠡᠢ ᠨᠢᠯᠪᠤᠰᠤ  ᠪᠦᠮᠪᠦᠷᠢᠬᠦᠯᠤᠨ᠎ᠠ᠃ ᠭᠠᠵᠠᠷ ᠵᠦᠢ ᠶᠢᠨ ᠪᠠᠶᠢᠷᠢᠰᠢᠯ ᠪᠠ ᠭᠠᠵᠠᠷ ᠰᠢᠷᠤᠢ ᠶᠢᠨ ᠨᠦᠬᠦᠴᠡᠯ ᠤᠨ ᠬᠢᠵᠠᠭᠠᠷᠯᠠᠯ ᠠᠴᠠ ᠪᠤᠯᠵᠦ᠂ ᠡᠨᠡᠬᠦ  ᠲᠤᠰᠬᠤᠨ ᠳᠤ ᠤᠰᠤ ᠲᠤᠲᠠᠭᠰᠠᠭᠠᠷ ᠢᠷᠡᠵᠡᠢ᠃ ᠨᠢᠲᠤᠨᠤᠨ ᠰᠢᠶᠠᠩ ᠠᠴᠠ ᠪᠢᠶᠠᠠ ᠱᠠᠠ ᠲᠤᠰᠬᠤᠨ ᠳᠤ ᠠᠷᠢᠭᠤᠨ  ᠴᠡᠪᠡᠷ ᠤᠰᠤ ᠪᠠᠷ ᠶᠠᠲᠠᠭᠤ ᠶᠢ ᠲᠡᠳᠭᠦᠬᠦ ᠢᠨᠵᠧᠨᠧᠷᠢᠩ ᠢ ᠭᠡᠷᠡᠭᠵᠢᠭᠦᠯᠵᠦ᠂ ᠪᠡᠯᠡ ᠤᠷᠤᠭᠤᠯᠤᠨ ᠤᠰᠤ  ᠬᠠᠲᠠᠭᠠᠯᠠᠬᠤ ᠴᠦᠬᠦᠷᠦᠮ ᠪᠤᠯᠤᠨ ᠬᠤᠭᠤᠯᠠᠢ ᠲᠤᠤᠷ ᠢ ᠪᠠᠶᠢᠭᠤᠯᠵᠦ᠂ ᠴᠠᠬᠢᠯᠭᠠᠠ ᠬᠦᠷᠭᠡᠬᠦ ᠬᠦᠴᠦᠲᠡᠯ  ᠦᠭᠡᠷᠡᠴᠢᠯᠡᠬᠦ ᠪᠠᠷᠢᠯᠭ᠎ᠠ ᠶᠢ ᠢᠵᠢ ᠪᠦᠷᠢᠨᠰᠢᠭᠦᠯᠦᠨ᠂ ᠤᠳᠤ ᠲᠤᠰᠬᠤᠨ ᠳᠤ ᠤᠰᠤ ᠴᠠᠬᠢᠯᠭᠠᠠ ᠨᠡᠪᠲᠡᠷᠡᠭᠰᠡᠨ ᠪᠠᠶᠢᠨ᠎ᠠ  ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢ ᠨᠢᠭᠡᠨᠲᠡ ᠦᠨᠦ ᠮᠠᠷᠭᠠᠰᠢ ᠶᠢᠨ ᠤᠴᠢᠷ ᠪᠤᠯᠤᠭᠰᠠᠠ  ᠪᠤᠯᠪᠠᠴᠤ ᠦᠨᠡᠡ ᠪᠤᠲᠠᠲᠠᠢ ᠵᠢᠭᠠᠯᠳᠠ ᠲᠤᠭ᠎ᠠ ᠨᠢᠬᠡᠪᠦᠷᠢ ᠶᠢ ᠬᠦᠢᠴᠡᠳᠭᠡᠬᠦ ᠳᠤ ᠠᠯᠬᠤᠮ ᠪᠦᠷᠢ ᠶᠢ ᠯᠠᠪᠲᠠᠭᠤᠨ  ᠠᠯᠬᠤᠵᠦ᠂ ᠠᠷᠭ᠎ᠠ ᠬᠡᠮᠵᠢᠶ᠎ᠠ ᠨᠢᠭᠡᠪᠦᠷᠢ ᠶᠢ ᠴᠦᠮ ᠤᠷᠭᠠᠨᠢᠭ ᠢᠶᠠᠷ ᠵᠤᠯᠭᠠᠯᠴᠠᠭᠤᠯᠬᠤ ᠴᠢᠬᠤᠯᠠᠳᠠᠢ ᠶᠤᠮ᠃ ᠬᠡᠤᠬᠡᠳ ᠲᠤ ᠴᠡᠴᠡᠷᠯᠢᠭ ᠤᠨ ᠬᠦᠮᠦᠵᠢᠯ ᠲᠠᠢ᠂ ᠰᠤᠷᠤᠯᠴᠠᠬᠤ ᠠᠴᠠ ᠰᠤᠷᠭᠠᠭᠤᠯᠢ ᠲᠠᠢ᠂ ᠬᠦᠲᠡᠯᠮᠦᠷᠢᠯᠡᠪᠡᠯ  ᠤᠷᠤᠯᠭ᠎ᠠ ᠲᠠᠢ᠂ ᠡᠪᠡᠳᠴᠢᠯᠡᠪᠡᠯ ᠡᠮᠨᠡᠯᠬᠡ ᠲᠠᠢ᠂ ᠦᠲᠡᠯᠪᠡᠯ ᠠᠰᠠᠷᠠᠬᠤ ᠭᠠᠵᠠᠷ ᠲᠠᠢ᠂ ᠰᠠᠭᠤᠬᠤ ᠠᠴᠠ ᠭᠡᠷ ᠲᠠᠢ᠂ ᠪᠠᠭᠤᠷᠠᠶᠢᠴᠤᠤᠯ ᠳᠤ ᠲᠡᠳᠭᠦᠪᠦᠷᠢ ᠲᠠᠢ ᠁ ᠠᠷᠠᠳ ᠤᠨ ᠠᠮᠢᠲᠤᠷᠠᠯ ᠤᠨ ᠲᠤᠲᠠᠭᠤᠲᠠᠯ ᠢ ᠬᠦᠢᠴᠡᠳ  ᠨᠦᠬᠦᠪᠦᠷᠢᠯᠡᠨ᠎ᠡ᠃ ︽ᠲᠤᠮᠲᠠᠲᠤ ᠤᠯᠤᠰ ᠤᠨ ᠡᠪ ᠬᠠᠮᠲᠤ ᠨᠠᠮ ᠰᠢᠭ᠋ ᠠᠷᠠᠳ ᠲᠦᠮᠡᠡ ᠤ ᠲᠦᠯᠦᠭᠡ ᠡᠶᠢᠨᠬᠦ ᠡᠬᠦᠷᠭᠡᠯᠡᠬᠦ  ᠲᠦᠷᠦ ᠶᠢᠨ ᠨᠠᠮ ᠴᠦᠭᠡᠡ︾ ᠬᠡᠵᠤ ᠱᠠᠩᠬᠠᠢ ᠶᠢᠨ ᠷᠠᠲᠢᠣ᠋ ᠲᠧᠯᠸᠢᠰ ᠬᠤᠷᠢᠶᠠᠠ ᠤ ᠲᠡᠷᠢᠭᠦᠨ ᠨᠡᠪᠲᠡᠷᠡᠭᠦᠯᠦᠭᠴᠢ ᠶᠢᠨ  ᠬᠠᠢ ᠷᠦᠩ ᠲᠦᠯᠦᠭᠡᠯᠡᠭᠴᠢ ᠬᠡᠯᠡᠭᠰᠡᠨ ᠨᠢ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠤᠴᠢᠷ ᠶᠠᠪᠤᠳᠠᠯ ᠢ  ᠨᠢᠬᠡ ᠵᠠᠬ᠎ᠠ ᠠᠴᠠ ᠨᠢ ᠰᠢᠢᠳᠪᠦᠷᠢᠯᠡᠵᠦ᠂ ᠤᠨ ᠵᠢᠯ ᠦᠨᠵᠢᠭᠡᠯ ᠦᠭᠡᠢ ᠠᠵᠢᠯᠯᠠᠬᠤ ᠭᠡᠷᠡᠭᠲᠡᠢ ᠬᠡᠵᠤ  ᠲᠤᠷᠠᠳᠤᠭᠰᠠᠨ ᠨᠢ ᠠᠷᠠᠳ ᠲᠦᠮᠡᠡ ᠢ ᠬᠤᠶᠢᠰᠢᠲᠠ ᠶᠢᠨ ᠰᠠᠶᠢᠠ ᠰᠠᠶᠢᠬᠠᠠ ᠠᠮᠢᠲᠤᠷᠠᠯ ᠳᠤ ᠢᠲᠡᠭᠡᠯ ᠲᠦᠬᠦᠷᠡᠩ  ᠪᠤᠯᠭᠠᠭᠰᠠᠠ ᠪᠠᠶᠢᠨ᠎ᠠ ᠬᠡᠪᠡ᠃ ᠡᠷᠡᠭᠦᠯ ᠡᠩᠭᠡ ᠲᠤᠮᠲᠠᠲᠤ ᠤᠯᠤᠰ ᠢ ᠪᠦᠲᠦᠭᠡᠡ ᠪᠠᠶᠢᠭᠤᠯᠬᠤ ᠠᠴᠠ ᠦᠷᠬᠦᠯᠵᠢᠯᠡᠬᠦ ᠬᠦᠭᠵᠢᠯᠲᠠ ᠬᠦᠷᠲᠡᠯ᠎ᠠ᠂ ᠰᠢᠨᠵᠢᠯᠡᠬᠦ ᠤᠬᠠᠭᠠᠠ ᠰᠤᠷᠭᠠᠠ ᠬᠦᠮᠦᠵᠢᠯ ᠢᠶᠠᠷ ᠤᠯᠤᠰ ᠢᠶᠠᠨ ᠬᠦᠭᠵᠢᠭᠦᠯᠬᠦ ᠠᠴᠠ ᠴᠢᠲᠠᠪᠤᠷᠢᠲᠠᠠ ᠢᠶᠠᠷ ᠤᠯᠤᠰ ᠢᠶᠠᠨ ᠬᠦᠴᠦᠷᠭᠡᠭᠵᠢᠭᠦᠯᠬᠦ ᠬᠦᠷᠲᠡᠯ᠎ᠠ᠂ ᠬᠦᠲᠡᠭᠡ ᠲᠤᠰᠬᠤᠨ ᠢ ᠬᠦᠭᠵᠢᠬᠦᠯᠤᠨ ᠮᠠᠠᠲᠤᠭᠤᠯᠬᠤ ᠠᠴᠠ ᠤᠷᠤᠨ  ᠪᠦᠰᠡ ᠶᠢ ᠵᠤᠬᠢᠴᠠᠭᠤᠯᠤᠨ ᠬᠦᠭᠵᠢᠭᠦᠯᠬᠦ ᠬᠦᠷᠲᠡᠯ᠎ᠠ ᠁ ᠠᠯᠢ ᠤᠯᠠᠠ ᠪᠠᠶᠢᠯᠲᠤᠬᠤ ᠪᠤᠲᠤᠯᠭ᠎ᠠ ᠯᠠᠪᠲᠠᠭᠤᠨ  ᠪᠠᠲᠤᠲᠠᠢ ᠭᠡᠷᠡᠭᠵᠢᠭᠦᠯᠦᠭᠳᠡᠨ ᠠᠯᠬᠤᠮ ᠠᠯᠬᠤᠮ ᠢᠶᠠᠷ ᠠᠬᠢᠵᠦ᠂ ᠦᠢᠯᠡᠳᠪᠦᠷᠢᠯᠡᠯ ᠪᠠ ᠠᠮᠢᠲᠤᠷᠠᠯ ᠤᠨ ᠠᠷᠭ᠎ᠠ  ᠬᠡᠯᠪᠡᠷᠢ ᠶᠢ ᠬᠤᠪᠢᠷᠠᠭᠤᠯᠤᠨ᠂ ᠬᠦᠮᠦᠨ ᠢ ᠨᠡᠩ ᠬᠦᠨ ᠲᠠᠪᠬᠤᠷᠭ᠎ᠠ᠂ ᠨᠡᠩ ᠪᠦᠬᠦ ᠲᠠᠯ᠎ᠠ ᠪᠠᠷ ᠬᠦᠭᠵᠢᠭᠦᠯᠬᠦ ᠶᠢ  ᠴᠢᠷᠮᠠᠶᠢᠨ ᠪᠡᠶᠡᠯᠡᠭᠦᠯᠦᠨ᠎ᠡ᠃ ︽ᠬᠦᠮᠦᠨ ᠨᠢᠭᠡᠪᠦᠷᠢ ᠪᠦᠷ ᠢᠯᠡᠳᠭᠡᠯ ᠠᠴᠠ ᠦᠪᠡᠷ ᠤᠨ ᠪᠡᠶ᠎ᠠ ᠪᠠᠨ ᠤᠢᠢᠯᠠᠭᠠᠵᠦ ᠪᠤᠯᠤᠨ᠎ᠠ︾ ᠬᠡᠵᠤ ᠬᠤ᠋  ᠠᠠ ᠭᠠᠩ᠄ ︽ᠬᠦᠭᠵᠢᠭᠦᠯᠬᠦ ᠶᠢᠨ ᠡᠴᠤᠰ ᠤᠨ ᠬᠠᠷᠠᠯᠲᠠ ᠪᠤᠯ ᠠᠷᠠᠳ ᠲᠦᠮᠡᠡ ᠢ ᠨᠡᠩ ᠵᠤᠯ ᠵᠢᠷᠭᠠᠯ ᠲᠠᠢ  ᠠᠮᠢᠲᠤᠷᠠᠭᠤᠯᠬᠤ ᠶᠢᠨ ᠲᠦᠯᠦᠭᠡ ᠶᠤᠮ᠂ ︿ᠠᠷᠠᠳ ᠲᠦᠮᠡᠡ﹀ ᠭᠡᠲᠡᠭ ᠬᠤᠶᠠᠷ ᠦᠰᠦᠭ ᠨᠠᠮ ᠤᠨ ᠲᠦᠪ  ᠬᠤᠷᠢᠶᠠᠠ ᠤ ᠲᠦᠷᠦ ᠶᠢ ᠵᠠᠰᠠᠵᠦ ᠵᠠᠰᠠᠭ ᠢ ᠡᠷᠬᠢᠯᠡᠬᠦ ᠪᠦᠬᠦ ᠶᠠᠪᠤᠴᠠ ᠳᠤ ᠨᠡᠪᠴᠢᠵᠦ ᠪᠠᠶᠢᠨ᠎ᠠ︾ ᠭᠡᠵᠦ ᠬᠡᠯᠡᠯ᠎ᠠ᠃ ᠡᠬᠦᠷᠭᠡ ᠬᠠᠷᠢᠭᠤᠴᠠᠯᠭ᠎ᠠ ᠳᠠᠭᠠᠨ ᠤᠰᠤᠯᠲᠠᠬᠤ ᠦᠭᠡᠢ — ︽ᠮᠠᠠ ᠤ ᠨᠠᠮ ᠲᠣᠰ ᠪᠡᠶ᠎ᠠ ᠶᠢᠨ  ᠪᠠᠶᠢᠭᠤᠯᠣᠯᠳᠠ ᠪᠠᠨ ᠲᠡᠬᠦᠯᠳᠡᠷᠵᠢᠬᠦᠯᠦᠨ ᠨᠠᠮ ᠢᠶᠠᠨ ᠬᠦᠴᠦᠷᠭᠡᠭᠵᠢᠬᠦᠯᠵᠤ᠂ ᠢᠮᠠᠭᠲᠠ ᠠᠷᠠᠳ ᠲᠦᠮᠡᠡ ᠯᠦᠭᠡ  ᠪᠤᠳᠤᠯ ᠢᠶᠠᠨ ᠨᠢᠭᠡᠳᠭᠡᠨ ᠬᠠᠮᠳᠤᠷᠠᠨ ᠠᠵᠢᠯᠯᠠᠳᠠᠭ ᠯᠡ ᠶᠤᠮ ᠪᠤᠯ ᠲᠤᠮᠲᠠᠲᠤ ᠤᠯᠤᠰ ᠤᠨ ᠠᠷᠠᠳ ᠲᠦᠮᠡᠡ ᠤ  ᠠᠭᠤᠤ ᠶᠡᠭᠡ ᠬᠦᠰᠡᠯ ᠵᠡᠭᠦᠲᠦ ᠶᠢ ᠠᠴᠢᠶᠠᠯᠠᠬᠰᠠᠨ ᠠᠶᠠᠠ ᠤ ᠤᠩᠭᠤᠴᠠ ᠶᠢ ᠵᠢᠯᠤᠭᠤᠳᠤᠨ ᠲᠠᠭᠠᠭᠤᠯᠵᠦ᠂  ᠲᠠᠪᠠᠯᠭᠠᠠ ᠢ ᠰᠦᠷᠦᠨ ᠭᠡᠷᠡᠯ ᠰᠠᠴᠤᠷᠠᠩᠭᠤᠢ ᠲᠡᠷᠲᠡᠭᠡ ᠡᠷᠬᠢ ᠲᠡᠰᠢ ᠢᠯᠠᠯᠳᠠ ᠲᠠᠢ ᠪᠠᠷ ᠤᠷᠤᠭᠰᠢᠯᠠᠵᠦ ᠴᠢᠲᠠᠬᠤ ᠨᠢ  ᠯᠠᠪᠳᠠᠢ︾ ︽ᠲᠤᠰᠬᠤᠨ ᠤ ᠠᠷᠠᠳ ᠤᠨ ᠴᠢᠨᠡᠭᠡᠯᠢᠭ ᠡᠰᠡᠬᠦ ᠶᠢ ᠦᠵᠡᠬᠦ ᠳᠤ ᠵᠠᠩᠭᠢᠯᠠᠭ᠎ᠠ ᠨᠢ ᠲᠤᠰᠬᠤᠨ ᠤ ᠨᠠᠮ ᠤᠨ  ᠡᠬᠦᠷ ᠤᠨ ᠱᠦᠵᠢ ᠶᠢ ᠦᠵᠡᠨ᠎ᠠ︔ ᠵᠤᠭᠤᠰ ᠮᠦᠡᠭᠭᠦ ᠡᠳ᠋ ᠪᠤᠲᠠᠰ ᠦᠭᠬᠦ ᠶᠢᠨ ᠤᠷᠤᠨ ᠳᠤ ᠰᠠᠶᠢᠨ ᠨᠠᠮ ᠤᠨ  ᠡᠭᠦᠷ ᠤᠨ ᠱᠦᠵᠢ ᠲᠤᠬᠢᠷᠠᠭᠤᠯᠵᠦ ᠦᠭᠬᠦ ᠶᠢ ᠬᠦᠷᠬᠦ ᠦᠭᠡᠢ︾ ᠃ ᠰᠧᠴᠤᠸᠠᠠ ᠮᠤᠵᠢ ᠶᠢᠨ ᠫᠧᠩ ᠰᠢ ᠰᠢᠶᠠᠠ ᠤ ᠭᠦᠩ ᠱᠢ ᠲᠤᠰᠬᠤᠨ ᠤ ᠠᠷᠠᠳ ᠲᠤ ᠠᠪᠴᠤ ᠬᠡᠯᠡᠪᠡᠯ᠂  ᠵᠤᠭᠤᠰ ᠭᠠᠷᠭᠠᠠ ᠲᠤᠰᠬᠤᠨ ᠳᠠᠭᠠᠨ ᠵᠠᠮ ᠵᠠᠰᠠᠵᠦ᠂ ᠪᠦᠬᠦ ᠲᠤᠰᠬᠤᠨ ᠢᠶᠠᠨ ᠲᠠᠭᠠᠭᠤᠯᠤᠨ ᠠᠵᠦ ᠦᠢᠯᠡᠰ ᠢᠶᠠᠷ  ᠴᠢᠨᠡᠭᠡᠯᠢᠭᠵᠢᠬᠦ ᠵᠠᠮ ᠢᠶᠠᠷ ᠵᠠᠮᠨᠠᠭᠰᠠᠠ ᠨᠠᠮ ᠤᠨ ᠡᠬᠦᠷ ᠤᠨ ᠱᠦᠵᠢ ᠵᠢᠶᠠᠩ ᠢ ᠵᠢᠶᠠ ᠪᠤᠯ ᠲᠠᠷᠤᠢ ᠢᠢᠮᠦ ᠨᠢᠭᠡᠨ  ᠰᠠᠶᠢᠨ ᠨᠠᠮ ᠤᠨ ᠡᠭᠦᠷ ᠤᠨ ᠱᠦᠵᠢ ᠮᠦᠨ᠃ ︽ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠲᠠ ᠳᠤ ᠰᠢᠨ᠎ᠠ ᠱᠠᠭᠠᠷᠲᠠᠯᠭ᠎ᠠ ᠲᠠᠢ ᠶᠤᠮ᠂ ᠨᠠᠮ ᠤᠨ  ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠤᠨ ᠱᠠᠭᠠᠷᠲᠠᠯᠭ᠎ᠠ ᠶᠤᠰᠤᠭᠠᠷ ᠨᠠᠮ ᠤᠨ ᠡᠬᠦᠷ ᠢᠶᠠᠨ ᠨᠡᠩ ᠪᠠᠳᠤ  ᠴᠢᠩᠭ᠎ᠠ ᠪᠤᠯᠭᠠᠠ ᠪᠠᠶᠢᠭᠤᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠲᠦᠯ ᠢ ᠬᠦᠢᠴᠡᠳ  ᠪᠠᠲᠠᠷᠠᠭᠤᠯᠤᠨ᠂ ᠭᠠᠵᠠᠷ ᠰᠢᠷᠤᠢ ᠠᠴᠠ ᠬᠦᠰᠡᠯ ᠡᠷᠡᠮᠡᠯᠵᠡᠯ ᠬᠦᠪᠤᠷᠡᠬᠦᠯᠦᠨ ᠰᠤᠷᠭᠤᠭ ᠴᠡᠴᠡᠭ ᠢ ᠲᠤᠰᠬᠤᠨ  ᠪᠦᠷᠢ ᠳᠤ ᠲᠡᠯᠭᠡᠷᠡᠭᠦᠯᠵᠦ᠂ ᠨᠤᠲᠤᠭ ᠤᠨ ᠠᠬ᠎ᠠ ᠲᠡᠭᠦᠦ ᠨᠠᠷ ᠲᠠᠭᠠᠨ ᠬᠤᠲᠠ ᠶᠢᠨ ᠬᠦᠮᠦᠰ ᠲᠤ ᠪᠠᠭ᠋ᠠᠷᠤᠭᠳᠠᠭᠰᠠᠨ  ᠠᠮᠢᠲᠤᠷᠠᠯ ᠢ ᠡᠳ᠋ᠯᠡᠭᠦᠯᠦᠨ᠎ᠡ︾ ᠬᠡᠰᠡᠨ ᠰᠧᠴᠤᠸᠠᠠ ᠮᠤᠵᠢ ᠶᠢᠨ ᠲᠦᠯᠦᠭᠡᠯᠡᠭᠴᠢᠳ ᠤᠨ ᠪᠦᠯᠭᠦᠮ ᠤᠨ ᠬᠢᠨ ᠤ  ᠵᠠᠭᠤᠴᠢᠯᠠᠭᠤᠷ ᠲᠤ ᠨᠡᠭᠡᠭᠡᠯᠲᠡ ᠬᠢᠬᠦ ᠡᠲᠦᠷ ᠲᠠᠬᠢ ᠵᠢᠶᠠᠩ ᠢ ᠵᠢᠶᠠ ᠲᠦᠯᠦᠭᠡᠯᠡᠭᠴᠢ ᠶᠢᠨ ᠶᠠᠷᠢᠬᠰᠠᠨ ᠦᠭᠡ  ᠪᠤᠷᠤᠭᠵᠢᠭᠤᠨ ᠮᠦᠷᠳᠡᠭᠡᠨ ᠬᠦᠴᠤ ᠲᠠᠢ ᠪᠠᠶᠢᠯ᠎ᠠ᠃ ᠰᠢᠨ᠎ᠡ ᠴᠠᠬ ᠦᠶ᠎ᠡ ᠰᠢᠨ᠎ᠡ ᠡᠭᠦᠷᠭᠡ ᠬᠠᠷᠢᠭᠤᠴᠠᠯᠭ᠎ᠠ ᠶᠢ ᠲᠤᠩᠬᠠᠬᠯᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠳᠤ  ᠰᠢᠨ᠎ᠡ ᠡᠭᠦᠷᠭᠡᠯᠡᠯ ᠱᠠᠭᠠᠷᠳᠠᠬᠳᠠᠨ᠎ᠠ᠃ ᠠᠷᠠᠳ ᠲᠦᠮᠡᠡ ᠤ ᠰᠠᠶᠢᠨ ᠰᠠᠶᠢᠬᠠᠠ ᠠᠮᠢᠲᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠪᠦᠬᠦ  ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠬᠦᠨᠵᠡᠭᠡᠢ ᠠᠳᠬᠤᠵᠦ᠂ ᠨᠠᠮ ᠤᠨ ᠢᠮᠠᠭᠲᠠ ᠠᠷᠠᠳ ᠲᠦᠮᠡᠡ ᠯᠦᠭᠡ  ᠪᠤᠳᠤᠯ ᠢᠶᠠᠨ ᠨᠢᠭᠡᠳᠭᠡᠨ ᠬᠠᠮᠳᠤ ᠠᠵᠢᠯᠯᠠᠬᠤ ᠶᠢ ᠪᠠᠲᠤᠯᠠᠬᠤ ᠭᠡᠷᠡᠭᠲᠡᠢ — ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠢ ᠰᠡᠬᠦᠪᠠᠯ ᠰᠢᠨ᠎ᠠ ᠴᠠᠭ ᠦᠶ᠎ᠠ ᠳ᠋ᠤ᠋ ᠲᠤᠮᠲᠠᠲᠤ  ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠬᠦ 14 ᠵᠤᠷᠪᠤᠰ ᠦᠨᠲᠦᠰᠦᠨ ᠠᠷᠭ᠎ᠠ  ᠪᠤᠲᠤᠯᠭ᠎ᠠ ᠨᠢ ︽ᠨᠠᠮ ᠤᠨ ᠠᠯᠢᠪᠠ ᠠᠵᠢᠯ ᠳᠠᠬᠢ ᠤᠲᠤᠷᠢᠲᠤᠯᠭ᠎ᠠ ᠶᠢ ᠪᠠᠷᠢᠮᠲᠠᠯᠠᠬᠤ︾ ᠪᠠᠷ ᠡᠬᠢᠯᠡᠭᠦᠯᠵᠦ᠂ ︽ᠪᠦᠬᠦ  ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ︾ ᠪᠠᠷ ᠲᠠᠭᠦᠰᠭᠡᠵᠠᠢ᠃ ︽ᠠᠷᠠᠳ ᠲᠦᠮᠡᠡ ᠢᠯᠵᠢᠷᠠᠠ ᠲᠤᠷᠦ᠋ᠢᠲᠠᠬᠤ ᠦᠵᠡᠭᠲᠡᠯ ᠢ ᠲᠦᠢᠯ ᠢᠶᠠᠷ ᠬᠤᠷᠤᠰᠤᠨ᠎ᠠ᠂ ᠢᠯᠵᠢᠷᠠᠠ  ᠲᠤᠷᠦ᠋ᠢᠲᠠᠬᠤ ᠪᠤᠯ ᠮᠠᠠ ᠤ ᠨᠠᠮ ᠳᠤ ᠲᠤᠯᠭᠠᠷᠠᠵᠦ ᠪᠠᠶᠢᠭ᠎ᠠ ᠬᠠᠮᠤᠭ ᠤᠨ ᠶᠡᠭᠡ ᠰᠦᠷᠲᠡᠭᠦᠯᠦᠯ ᠮᠦᠨ᠃  ᠢᠯᠡᠳᠭᠡᠯ ᠳᠠᠬᠢ ᠡᠨᠡᠬᠦ ᠨᠤᠲᠠᠯᠠᠯᠲᠠ ᠨᠢ ᠨᠠᠮ ᠤᠨ ᠢᠯᠵᠢᠷᠠᠠ ᠲᠤᠷᠦ᠋ᠢᠲᠠᠬᠤ ᠶᠢ ᠦᠷᠬᠦᠯᠵᠢᠯᠡᠡ ᠡᠰᠡᠷᠭᠦᠴᠡᠬᠦ ᠡᠷᠡᠰ  ᠴᠢᠩᠭ᠎ᠠ ᠵᠤᠷᠢᠭ ᠢ ᠬᠠᠷᠠᠭᠤᠯᠪᠠ᠂ ᠡᠨᠡ ᠨᠢ ᠠᠷᠠᠳ ᠤᠨ ᠰᠡᠳᠭᠢᠯ ᠢ ᠤᠯᠠᠮ ᠤᠯᠬᠤ ᠨᠢ ᠲᠠᠮᠵᠢᠭ ᠦᠭᠡᠢ︾ ᠭᠡᠵᠦ  ᠵᠢᠶᠠᠩᠰᠢ ᠮᠤᠵᠢ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯᠯᠠᠬᠤ ᠬᠤᠷᠢᠶᠠᠠ ᠤ ᠱᠦᠵᠢ ᠫᠧᠩ ᠱᠢ ᠳ᠋ᠦᠩ  ᠲᠦᠯᠦᠭᠡᠯᠡᠭᠴᠢ ᠬᠡᠯᠡᠨ᠎ᠠ᠃ ︽ᠡᠨᠡ ᠲᠠᠪᠤᠨ ᠵᠢᠯ ᠤᠨ ᠨᠠᠮ ᠢ ᠴᠢᠩᠭ᠎ᠠ ᠵᠠᠰᠠᠬᠰᠠᠨ᠂ ᠢᠯᠵᠢᠷᠠᠠ ᠲᠤᠷᠦ᠋ᠢᠲᠠᠬᠤ ᠶᠢ ᠡᠰᠡᠷᠭᠦᠴᠡᠨ  ᠠᠷᠢᠭᠤᠨ ᠴᠢᠭᠡᠴᠢ ᠶᠢ ᠡᠷᠬᠢᠮᠯᠡᠭᠰᠡᠨ ᠠᠵᠢᠯ ᠤᠨ ᠡᠷᠴᠢᠮ ᠪᠤᠯᠤᠨ ᠦᠷ᠎ᠡ ᠪᠦᠲᠦᠮᠵᠢ ᠶᠢᠨ ᠠᠷᠠᠳ ᠲᠦᠮᠡᠡ ᠤ  ᠰᠡᠳᠭᠢᠯ ᠳᠤ ᠲᠠᠮᠠᠭᠠᠯᠠᠭᠰᠠᠨ ᠦᠢᠯᠡᠲᠦᠯ ᠢ ︿ᠲᠡᠭᠷᠢ ᠭᠠᠵᠠᠷ ᠢ ᠲᠤᠩᠰᠤᠯᠭᠠᠮ᠎ᠠ﹀ ᠬᠡᠮᠡᠨ ᠲᠦᠷᠰᠦᠯᠡᠵᠦ ᠪᠤᠯᠤᠨ᠎ᠠ︾  ᠭᠡᠵᠦ ᠡᠯ ᠶᠤᠸᠠᠢ ᠡᡁᠧ ᠭᠡᠭᠴᠢ ᠪᠢᠷ ᠤᠨ ᠨᠡᠷ᠎ᠡ ᠲᠠᠢ ᠲᠡᠤᠬᠡ ᠶᠢᠨ ᠦᠭᠦᠯᠡᠯᠭᠡ ᠶᠢᠨ ᠵᠤᠬᠢᠶᠠᠭᠴᠢ ᠯᠢᠩ ᠵᠢᠶᠧ ᠹᠠᠩ  ᠲᠦᠯᠦᠭᠡᠯᠡᠭᠴᠢ ᠬᠡᠯᠡᠪᠡ ᠃ ᠠᠷᠠᠳ ᠲᠦᠮᠡᠨ ᠢᠶᠠᠷ ᠡᠷᠬᠡ ᠳᠤ ᠬᠢᠨᠠᠯᠳᠠ ᠲᠠᠯᠪᠢᠭᠤᠯᠵᠤ᠂ ᠡᠷᠬᠡ ᠶᠢ ᠢᠯᠡ ᠲᠤᠳᠤ ᠪᠠᠶᠢᠯᠭᠠᠨ᠎ᠠ᠃ ᠪᠦᠬᠦ ᠲᠠᠯ᠎ᠠ ᠳᠤ ᠬᠤᠯᠪᠤᠬᠳᠠᠬᠤ ᠴᠢᠬᠤᠯᠠ ᠶᠡᠭᠡ ᠤᠯᠤᠰ ᠲᠦᠷᠤ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ  — ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠪᠡᠬᠡᠵᠢᠩ᠂ ᠱᠠᠨ ᠰᠢ᠂  ᠵᠧᠵᠢᠶᠠᠩ ᠳᠤ ᠲᠤᠷᠰᠢᠯᠳᠠ ᠬᠢᠵᠤ ᠡᠬᠢᠯᠡᠵᠠᠢ᠃ ᠦᠬᠡᠷᠡᠴᠢᠯᠠᠯᠳᠠ ᠶᠢᠨ ᠬᠦᠨᠵᠡᠬᠡᠶᠢᠷᠡᠬᠦ ᠶᠢ ᠲᠠᠭᠠᠯᠳᠤᠨ  ᠲᠤᠷᠰᠢᠯᠳᠠ ᠶᠢᠨ ᠠᠵᠢᠯ ᠪᠦᠬᠦ ᠤᠯᠤᠰ ᠲᠤ ᠦᠷᠨᠢᠬᠦ ᠪᠤᠯᠤᠨ᠎ᠠ᠃ ᠱᠠᠨ ᠰᠢ ᠮᠤᠵᠢ ᠶᠢᠨ ᠨᠠᠮ ᠤᠨ ᠬᠤᠷᠢᠶᠠᠨ ᠤ ᠱᠦᠵᠢ᠂ ᠮᠤᠵᠢ ᠶᠢᠨ ᠰᠠᠬᠢᠯᠭ᠎ᠠ ᠪᠠᠳᠤ ᠪᠠᠶᠢᠴᠠᠭᠠᠬᠤ  ᠬᠤᠷᠢᠶᠠᠨ ᠤ ᠱᠦᠵᠢ ᠷᠧᠨ ᠵᠢᠶᠠᠨ ᠬᠤᠸᠠ ᠲᠦᠯᠤᠬᠡᠯᠡᠭᠴᠢ᠄ ︽ᠦᠬᠡᠷᠡᠴᠢᠯᠠᠯᠳᠠ ᠶᠢᠨ ᠲᠤᠷᠰᠢᠯᠳᠠ ᠪᠠᠷ ᠲᠠᠮᠵᠢᠨ  ᠨᠠᠮ ᠤᠨ ᠢᠯᠵᠢᠷᠠᠯ ᠢ ᠡᠰᠡᠷᠬᠦᠴᠡᠬᠦ ᠠᠵᠢᠯ ᠤᠨ ᠨᠢᠬᠡᠳᠤᠯᠳᠠᠢ ᠤᠳᠤᠷᠢᠳᠤᠯᠭ᠎ᠠ ᠶᠢ ᠶᠡᠭᠡᠪᠡᠷ ᠴᠢᠩᠭᠠᠳᠬᠠᠵᠤ᠂  ᠲᠦᠪᠯᠡᠷᠡᠩᠬᠦᠢ ᠨᠢᠬᠡᠳᠤᠯᠳᠠᠢ᠂ ᠡᠷᠬᠡ ᠰᠦᠷᠳᠤ ᠦᠨᠳᠤᠷ ᠦᠷ᠎ᠠ ᠠᠰᠢᠬᠳᠠᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ  ᠦᠨᠳᠤᠰᠤᠨ ᠳᠡᠭᠡᠨ ᠪᠠᠶᠢᠭᠤᠯᠪᠠ︔ ᠬᠢᠨᠠᠨ ᠪᠠᠶᠢᠴᠠᠭᠠᠬᠤ ᠡᠷᠬᠡ ᠶᠢᠨ ᠪᠦᠳᠤᠮᠵᠢᠳᠠᠢ ᠡᠷᠬᠢᠯᠳᠡ ᠶᠢᠨ ᠲᠤᠭᠳᠠᠴᠠ ᠶᠢ  ᠠᠩᠬ᠎ᠠ ᠠᠯᠬᠤᠮ ᠪᠦᠷᠢᠯᠳᠤᠬᠦᠯᠪᠠ︔ ᠨᠡᠶᠢᠳᠠ ᠶᠢᠨ ᠡᠷᠬᠡ ᠶᠢ ᠭᠡᠷᠡᠭᠵᠢᠬᠦᠯᠵᠤ ᠪᠠᠶᠢᠭ᠎ᠠ ᠠᠯᠪᠠᠨ ᠠᠵᠢᠯᠳᠠᠨ ᠤ ᠬᠢᠨᠠᠨ  ᠪᠠᠶᠢᠴᠠᠭᠠᠯᠳᠠ ᠶᠢᠨ ᠪᠦᠷᠬᠦᠯᠳᠡ ᠶᠢ ᠦᠨᠳᠤᠰᠤᠨ ᠳᠡᠭᠡᠨ ᠪᠡᠶᠡᠯᠡᠬᠦᠯᠦᠭᠰᠡᠨ ᠪᠠᠶᠢᠨ᠎ᠠ︾ ᠬᠡᠪᠡ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠬᠦᠯᠬᠦ ᠳᠤ ᠰᠢᠨ᠎ᠠ ᠴᠠᠬ  ᠦᠶ᠎ᠠ ᠶᠢᠨ ᠰᠢᠨ᠎ᠠ ᠤᠨᠴᠠᠯᠢᠬ ᠪᠤᠯᠤᠨ ᠠᠷᠠᠳ ᠲᠦᠮᠡᠨ ᠤ ᠰᠢᠨ᠎ᠠ ᠭᠡᠷᠡᠭᠴᠡᠭᠡ ᠳᠤ ᠨᠡᠶᠢᠴᠡᠭᠦᠯᠦᠨ ᠰᠢᠨ᠎ᠠ ᠶᠢ  ᠡᠬᠦᠳᠴᠤ ᠪᠤᠳᠠᠳᠠᠢ ᠬᠢᠬᠦ ᠪᠠᠷ ᠲᠠᠮᠵᠢᠨ ᠰᠢᠨ᠎ᠠ ᠪᠠᠶᠢᠳᠠᠯ ᠢ ᠡᠬᠦᠳᠬᠦ ᠭᠡᠷᠡᠭᠳᠠᠢ — ︽ᠨᠡᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠠ ᠨᠢ ᠮᠠᠨ ᠤ ᠠᠵᠢᠯ ᠳᠤ ᠰᠢᠨ᠎ᠠ ᠱᠠᠭᠠᠷᠳᠠᠯᠭ᠎ᠠ  ᠲᠠᠯᠪᠢᠬᠰᠠᠨ ᠪᠠᠶᠢᠨ᠎ᠠ᠃ ᠵᠢᠶᠠᠨ ᠱᠠᠨ ᠳᠤ ᠠᠪᠴᠤ ᠬᠡᠯᠡᠪᠡᠯ᠂ ᠪᠢᠳᠠ ᠰᠠᠨᠠᠭᠠᠴᠢᠯᠠᠭ᠎ᠠ ᠲᠠᠢ ᠪᠠᠷ ᠡᠨᠡᠬᠦ ᠰᠢᠨᠵᠢᠯᠡᠬᠦ  ᠤᠬᠠᠭᠠᠨᠴᠢ ᠮᠠᠭᠠᠳᠯᠠᠯᠳᠠ ᠲᠠᠢ ᠬᠠᠷᠢᠴᠠᠭᠤᠯᠵᠤ ᠪᠠᠶᠢᠭᠠᠳ ᠬᠦᠭᠵᠢᠯᠳᠠ ᠶᠢᠨ ᠪᠠᠷᠢᠮᠵᠢᠶ᠎ᠠ ᠪᠠᠨ ᠲᠡᠭᠡᠭᠰᠢᠯᠡᠬᠦᠯᠵᠤ᠂  ᠬᠦᠭᠵᠢᠯᠳᠠ ᠶᠢᠨ ᠶᠠᠰᠤ ᠴᠢᠨᠠᠷ ᠪᠤᠯᠤᠨ ᠦᠷ᠎ᠠ ᠠᠰᠢᠬ ᠢᠶᠠᠨ ᠲᠡᠭᠡᠭᠰᠢᠯᠡᠬᠦᠯᠵᠤ᠂ ᠠᠷᠠᠳ ᠤᠯᠠᠨ ᠤ ᠠᠵᠤ ᠠᠬᠤᠢ᠂  ᠰᠤᠶᠤᠯ᠂ ᠠᠮᠢ ᠠᠬᠤᠢ ᠵᠡᠷᠬᠡ ᠲᠠᠯ᠎ᠠ ᠪᠠᠷ ᠬᠢ ᠭᠡᠷᠡᠭᠴᠡᠭᠡ ᠶᠢ ᠨᠡᠩ ᠰᠠᠶᠢᠨ ᠬᠠᠩᠭᠠᠵᠤ᠂ ᠬᠦᠮᠤᠨ ᠤ ᠪᠦᠬᠦ  ᠲᠠᠯ᠎ᠠ ᠶᠢᠨ ᠬᠦᠭᠵᠢᠯᠳᠠ ᠶᠢ ᠠᠬᠢᠭᠤᠯᠬᠤ ᠴᠢᠬᠤᠯᠠᠳᠠᠢ ᠶᠤᠮ︾ ᠬᠡᠵᠤ ᠵᠧᠵᠢᠶᠠᠩ ᠤᠨ ᠵᠢᠶᠠ ᠱᠠᠨ ᠰᠢᠶᠠᠨ ᠤ  ᠨᠠᠮ ᠤᠨ ᠬᠤᠷᠢᠶᠠᠨ ᠤ ᠱᠦᠵᠢ ᠰᠢᠤᠢ ᠴᠢᠩ ᠲᠦᠯᠤᠬᠡᠯᠡᠭᠴᠢ ᠬᠡᠯᠡᠪᠡ᠃ ᠡᡁᠧᠪᠸᠢ ᠶᠢᠨ ᠰᠢᠶᠦ᠋ᠩ ᠠᠨ ᠰᠢᠨ᠎ᠠ ᠲᠤᠭᠤᠷᠢᠬ ᠲᠤ ᠠᠷᠠᠳ ᠤᠨ ᠰᠠᠨᠠᠭ᠎ᠠ ᠶᠢ ᠤᠢᠢᠯᠠᠭᠠᠬᠤ᠂ ᠤᠯᠠᠨ  ᠲᠦᠮᠡᠨ ᠤ ᠪᠤᠳᠠᠳᠤ ᠬᠦᠴᠢᠷᠳᠡᠯ ᠢ ᠰᠢᠢᠳᠪᠤᠷᠢᠯᠡᠬᠦ ᠶᠢᠨ ᠲᠦᠯᠤᠬᠡ ᠲᠤᠰᠬᠤᠨ ᠳᠤ ᠰᠠᠭᠤᠭ᠎ᠠ ᠠᠵᠢᠯᠯᠠᠬᠤ  ᠲᠤᠭᠤᠢᠢᠯᠠᠩ ᠨᠢ ᠰᠢᠶᠦ᠋ᠩ ᠠᠨ ᠤ ᠭᠤᠷᠪᠠᠨ ᠰᠢᠶᠠᠨ ᠤ ᠲᠤᠰᠬᠤᠨ ᠪᠦᠷᠢ ᠳᠤ ᠰᠠᠭᠤᠵᠤ᠂ ᠮᠢᠩᠭ᠎ᠠ ᠭᠠᠷᠤᠢ  ᠨᠠᠮ ᠤᠨ ᠬᠡᠰᠢᠬᠦᠨ ᠺᠠᠳ᠋ᠷ ᠲᠤᠰᠬᠤᠨ ᠤ ᠠᠷᠠᠳ ᠲᠠᠢ ᠬᠠᠮᠳᠤ ᠶᠢᠨ ᠠᠮᠢᠳᠤᠷᠠᠯ ᠢ ᠦᠡᠭᠭᠡᠷᠡᠭᠦᠯᠪᠡ᠃ ᠰᠢᠶᠦ᠋ᠩ ᠠᠨ ᠰᠢᠨ᠎ᠠ ᠲᠤᠭᠤᠷᠢᠬ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠴᠧᠨ ᠭᠠᠩ  ᠲᠦᠯᠤᠬᠡᠯᠡᠭᠴᠢ᠂ ᠤᠯᠠᠨ ᠲᠦᠮᠡᠨ ᠤ ᠬᠦᠰᠡᠯ ᠡᠷᠡᠮᠡᠯᠵᠡᠯ ᠢᠶᠠᠷ ᠠᠷᠠᠳ ᠲᠦᠮᠡᠨ ᠳᠤ ᠬᠠᠷᠢᠭᠤᠴᠠᠵᠤ᠂ ᠪᠦᠬᠦ  ᠪᠦᠮᠪᠦᠷᠴᠡᠭ ᠤᠨ ᠤᠶᠤᠨ ᠤᠬᠠᠭᠠᠨ ᠢ ᠲᠦᠪᠯᠡᠷᠡᠬᠦᠯᠤᠨ ᠦᠯᠢᠬᠡᠷ ᠵᠢᠱᠢᠶ᠎ᠠ ᠪᠤᠯᠬᠤ ᠬᠤᠳᠠ ᠶᠢ ᠪᠦᠳᠦᠬᠡᠨ  ᠪᠠᠶᠢᠭᠤᠯᠵᠤ᠂ ︽ᠮᠢᠩᠭᠠᠨ ᠤᠨ ᠤ ᠠᠤᠭ᠎ᠠ ᠪᠤᠳᠤᠯᠭ᠎ᠠ᠂ ᠤᠯᠤᠰ ᠬᠦᠷᠤᠨ ᠤ ᠶᠡᠭᠡ ᠶᠠᠪᠤᠳᠠᠯ︾ ᠤᠨ ᠲᠡᠤᠬᠡ ᠶᠢᠨ  ᠬᠦᠨᠳᠤ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠬᠡᠵᠤ ᠬᠡᠯᠡᠪᠡ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠬᠦᠯᠬᠦ ᠳᠤ ᠠᠷᠠᠳ  ᠲᠦᠮᠡᠨ ᠳᠤ ᠲᠦᠰᠢᠭᠯᠡᠵᠤ᠂ ᠬᠠᠮᠤᠬ ᠤᠨ ᠦᠷᠬᠡᠨ ᠤᠯᠠᠨ ᠠᠷᠠᠳ ᠲᠦᠮᠡᠨ ᠤ ᠢᠳᠡᠪᠬᠢᠵᠢᠯ ᠪᠤᠯᠤᠨ ᠡᠬᠦᠳᠤᠨ  ᠪᠦᠳᠤᠬᠡᠬᠦ ᠴᠢᠳᠠᠪᠤᠷᠢ ᠶᠢ ᠬᠦᠭᠵᠢᠬᠡᠵᠤ᠂ ᠠᠤᠭ᠎ᠠ ᠬᠦᠴᠤᠨ ᠢ ᠨᠢᠬᠳᠠᠷᠠᠭᠤᠯᠬᠤ ᠭᠡᠷᠡᠭᠳᠠᠢ — ᠤᠯᠠᠨ ᠵᠢᠯ ᠤᠨ ᠡᠮᠤᠨ᠎ᠠ᠂ ᠨᠢᠩᠰᠢᠶᠠ ᠶᠢᠨ ᠦ᠋ ᠵᠦᠩ ᠬᠤᠳᠠ ᠶᠢᠨ ᠶᠠᠨ ᡂᠢ ᠰᠢᠶᠠᠨ ᠤ ᠽᠧᠩ ᠵᠢᠢ ᠫᠠᠨ ᠲᠤᠰᠬᠤᠨ ᠳᠤ ᠡᠬᠡᠯ ᠠᠷᠠᠳ ᠰᠢᠬᠢᠷ ᠡᠪᠡᠰᠤ ᠮᠠᠯᠳᠠᠬᠤ ᠳᠤ ᠲᠦᠰᠢᠭᠯᠡᠨ ᠠᠮᠢᠳᠤᠷᠠᠵᠤ᠂ ᠬᠤᠯᠠ ᠤᠢᠢᠷ᠎ᠠ ᠳᠠᠭᠠᠨ  ᠨᠡᠷᠡᠳᠠᠢ ᠶᠠᠳᠠᠭᠤ ᠲᠤᠰᠬᠤᠨ ᠪᠠᠶᠢᠪᠠ᠃ ᠡᠳᠤᠬᠡ ᠲᠤᠰᠬᠤᠨ ᠳᠤ 2 ᠲᠦᠮᠡᠨ ᠮᠤ᠋ ᠡᠯᠳᠡᠪ ᠠᠮᠤ ᠲᠠᠷᠢᠵᠤ 1.3 ᠲᠦᠮᠡᠨ ᠬᠤᠨᠢ ᠮᠠᠯᠵᠢᠵᠤ ᠪᠤᠢ᠃ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠲᠦᠯᠦᠬᠡᠯᠡᠭᠴᠢ᠂ ᠲᠤᠰᠬᠤᠨ ᠤ  ᠨᠠᠮ ᠤᠨ ᠡᠬᠦᠷ ᠤᠨ ᠱᠦᠵᠢ ᠵᠤ᠋ ᠢᠤᠢ ᠬᠦᠸᠧ 6 ᠪᠠᠶᠢᠭᠠᠯᠢ ᠶᠢᠨ ᠲᠤᠰᠬᠤᠨ ᠤ ᠠᠷᠠᠳ ᠢ ᠲᠠᠭᠠᠭᠤᠯᠤᠨ ᠬᠠᠨᠴᠤᠢ  ᠰᠢᠮᠠᠯᠠᠨ ᠬᠠᠮᠳᠤᠪᠡᠷ ᠠᠵᠢᠯᠯᠠᠵᠤ᠂ ᠤᠨᠴᠠᠯᠢᠬᠳᠤ ᠠᠵᠤ ᠤᠢᠢᠯᠡᠰ ᠢ ᠬᠦᠭᠵᠢᠬᠦᠯᠬᠦ ᠶᠢᠨ ᠬᠠᠮᠳᠤ ᠬᠠᠷᠢᠯᠴᠠᠨ  ᠬᠠᠪᠰᠤᠷᠤᠯᠴᠠᠬᠤ ᠨᠠᠰᠤᠳᠠᠨ ᠢ ᠠᠰᠠᠷᠠᠬᠤ ᠬᠦᠷᠢᠶᠠᠯᠠᠩ ᠢ ᠪᠠᠶᠢᠭᠤᠯᠪᠠ᠃ ᠭᠠᠳᠠᠭᠠᠳᠤ ᠠᠵᠤ ᠠᠬᠤᠢᠢᠯᠠᠯ ᠤᠨ ᠠᠵᠢᠯᠴᠢᠨ ᠤ ᠬᠤᠪᠢ ᠪᠠᠷ ᠨᠠᠮ ᠤᠨ ᠠᠷᠪᠠ ᠶᠢᠰᠤᠳᠤᠭᠡᠷ ᠶᠡᠭᠡ  ᠬᠤᠷᠠᠯ ᠤᠨ ᠲᠦᠯᠤᠬᠡᠯᠡᠭᠴᠢ ᠪᠠᠷ ᠰᠤᠩᠭᠤᠬᠳᠠᠬᠰᠠᠨ ᠨᠢ ᠰᠠᠨ ᠰᠢᠩ ᠡᠯᠧᠺᠲᠷᠤᠨ ︵ᠰᠦᠵᠸᠤ︶ ᠬᠠᠭᠠᠰ  ᠲᠠᠮᠵᠢᠭᠤᠯᠤᠬᠴᠢ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ ᠯᠢ ᠴᠧᠩ ᠴᠦᠨ  ᠲᠦᠯᠤᠬᠡᠯᠡᠭᠴᠢ ᠶᠢᠨ ᠰᠠᠨᠠᠭᠠᠨ ᠳᠤ ᠦᠬᠡᠢ ᠶᠠᠪᠤᠳᠠᠯ ᠪᠤᠯᠬᠤ ᠶᠤᠮ᠃ ︽ᠢᠯᠡᠳᠬᠡᠯ ᠳᠤ ᠲᠡᠯᠡᠬᠡᠢ ᠳ᠋ᠠᠬᠢᠨ ᠤ ᠰᠤᠳᠤᠨ  ᠴᠢᠳᠠᠪᠤᠷᠢᠳᠠᠨ ᠢ ᠴᠤᠬᠯᠠᠷᠠᠭᠤᠯᠤᠨ ᠭᠡᠷᠡᠭᠯᠡᠬᠦ ᠬᠡᠰᠡᠨᠴᠢᠯᠡᠨ᠂ ᠪᠢᠳᠠ ᠬᠡᠳᠦ᠋ᠢᠪᠡᠷ ᠭᠠᠳᠠᠭᠠᠳᠤ ᠠᠵᠤ ᠠᠬᠤᠢᠢᠯᠠᠯ ᠳᠤ  ᠪᠠᠶᠢᠬᠤ ᠪᠤᠯᠪᠠᠴᠤ ᠡᠬᠡᠬᠡ ᠠᠳᠠᠯᠢ ᠪᠠᠷ ᠨᠡᠶᠢᠬᠡᠮ ᠵᠢᠷᠤᠮ ᠤᠨ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ  ᠪᠤᠯᠤᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠬᠤᠪᠢ ᠨᠡᠮᠡᠷᠢ ᠪᠠᠨ ᠦᠵᠡᠬᠦᠯᠬᠦ ᠴᠢᠬᠤᠯᠠᠳᠠᠢ᠂ ᠪᠢᠳᠠ  ᠠᠭᠤᠤ ᠶᠡᠭᠡ ᠴᠠᠬ ᠦᠶ᠎ᠠ ᠳᠤ ᠵᠠᠶᠠᠭᠠᠭᠰᠠᠨ ᠶᠤᠮ︾ ᠬᠡᠵᠤ ᠯᠢ ᠴᠧᠨ ᠴᠦᠨ ᠬᠡᠯᠡᠨ᠎ᠠ᠃ ᠠᠷᠠᠳ ᠲᠦᠮᠡᠨ ᠪᠤᠯ ᠲᠡᠤᠬᠡ ᠶᠢᠨ ᠡᠬᠦᠳᠤᠨ ᠪᠦᠳᠤᠭᠡᠭᠴᠢ᠂ ᠠᠷᠠᠳ ᠲᠦᠮᠡᠨ ᠪᠤᠯ ᠠᠵᠤ ᠤᠢᠢᠯᠡᠰ ᠤᠨ  ᠭᠤᠤᠯ ᠬᠦᠴᠤᠨ ᠴᠡᠷᠢᠭ ᠮᠦᠨ ᠃ ︽ᠴᠢᠳᠠᠪᠤᠷᠢᠳᠠᠨ ᠢ ᠬᠠᠶᠢᠷᠠᠯᠠᠬᠤ ᠦᠨᠡᠨᠴᠢ ᠰᠡᠳᠬᠢᠯ ᠲᠠᠢ᠂ ᠴᠢᠳᠠᠪᠤᠷᠢᠳᠠᠨ ᠢ ᠴᠤᠬᠯᠠᠷᠠᠭᠤᠯᠬᠤ ᠰᠤᠳᠤ  ᠠᠷᠭ᠎ᠠ ᠲᠠᠢ ᠡᠪ ᠬᠠᠮᠳᠤ ᠨᠠᠮ 13 ᠳ᠋ᠦᠩᠰᠢᠭᠤᠷ ᠭᠠᠷᠤᠢ ᠠᠷᠠᠳ ᠲᠦᠮᠡᠨ ᠢ ᠲᠠᠭᠠᠭᠤᠯᠤᠨ ᠳᠤᠮᠳᠠᠳᠤ ᠶᠢᠨ  ᠵᠡᠬᠦᠳᠤ ᠶᠢ ᠲᠡᠷᠬᠡᠯᠰᠢᠬᠦᠯᠵᠤ ᠴᠢᠳᠠᠬᠤ ᠶᠢ ᠪᠢ ᠪᠠᠳᠤ ᠢᠳᠡᠬᠡᠵᠤ ᠪᠠᠶᠢᠨ᠎ᠠ︾ ᠬᠡᠵᠤ ᠳᠤᠮᠳᠠᠳᠤ ᠤᠯᠤᠰ ᠤᠨ  ᠰᠢᠨᠵᠢᠯᠡᠬᠦ ᠤᠬᠠᠭᠠᠨ ᠤ ᠬᠦᠷᠢᠶᠠᠯᠠᠩ ᠤᠨ ︽ᠵᠠᠭᠤᠨ ᠬᠦᠮᠤᠨ ᠤ ᠲᠦᠯᠤᠪᠯᠡᠭᠡ︾ ᠳᠤ ᠰᠤᠩᠭᠤᠬᠳᠠᠬᠰᠠᠨ ᠳᠤᠮᠳᠠᠳᠤ  ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠤᠳᠤᠮᠯᠠᠯ ᠤᠨ ᠪᠤᠶᠢᠵᠢᠯᠳᠠ ᠶᠢᠨ ᠰᠤᠳᠤᠯᠭᠠᠨ ᠤ ᠭᠠᠵᠠᠷ ᠤᠨ  ᠰᠤᠳᠤᠯᠤᠬᠴᠢ ᠸᠠᠩ ᠰᠢᠤ ᠵᠢᠶᠧ ᠲᠦᠯᠤᠬᠡᠯᠡᠭᠴᠢ ᠬᠡᠯᠡᠨ᠎ᠠ᠃ ᠠᠷᠠᠳ ᠢᠶᠠᠨ ᠲᠡᠬᠡᠳᠤᠯᠡᠬᠦ ᠰᠡᠳᠬᠢᠯᠬᠡ᠂ ᠢᠮᠠᠬᠳᠠ ᠬᠤᠪᠢᠷᠠᠰᠢ ᠦᠬᠡᠢ ᠲᠡᠮᠡᠴᠡᠯ᠃           ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ  ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠠ 13 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ  ᠲᠦᠮᠡᠨ ᠤ ᠠᠤᠭ᠎ᠠ ᠬᠦᠴᠤᠨ ᠢ ᠨᠢᠬᠳᠠᠷᠠᠭᠤᠯᠵᠤ᠂ ᠮᠠᠨ ᠤ ᠨᠠᠮ ᠠᠷᠠᠳ ᠲᠦᠮᠡᠨ ᠤ ᠬᠦᠨᠳᠤ ᠨᠠᠶᠢᠳᠠᠯᠭ᠎ᠠ ᠶᠢ ᠦᠯᠦ  ᠬᠦᠰᠡᠷᠳᠡᠭᠦᠯᠦᠨ ᠲᠡᠤᠬᠡ ᠶᠢᠨ ᠰᠤᠩᠭᠤᠯᠳᠠ ᠳᠤ ᠦᠯᠦ ᠤᠰᠤᠯᠳᠠᠵᠤ᠂ ᠠᠷᠠᠳ ᠲᠦᠮᠡᠨ ᠢᠶᠠᠨ ᠲᠠᠭᠠᠭᠤᠯᠤᠨ ᠨᠡᠩ  ᠰᠠᠶᠢᠨ ᠰᠠᠶᠢᠬᠠᠨ ᠠᠮᠢᠳᠤᠷᠠᠯ ᠢ ᠴᠤᠬᠴᠠᠯᠠᠨ ᠪᠠᠶᠢᠭᠤᠯᠵᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ  ᠮᠠᠨᠳᠤᠯᠳᠠ ᠶᠢᠨ ᠬᠦᠰᠡᠯ ᠵᠡᠭᠦᠳᠦ ᠪᠠᠨ ᠲᠡᠷᠬᠡᠯᠰᠢᠬᠦᠯᠬᠦ ᠨᠢ ᠯᠠᠪᠳᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号