ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠳᠣᠭᠤᠶᠢᠯᠠᠩ ᠮᠠᠨ ᠤ ᠬᠤᠰᠢᠭᠤᠨ ᠳᠤ ᠢᠷᠡᠵᠦ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2017/11/2
    10 ᠰᠠᠷ᠎ᠠ ᠶᠢᠨ 24 ᠤ ᠡᠳᠦᠷ᠂ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠣᠳᠠᠯ ᠤᠨ ᠲᠢᠩᠬᠢᠮ ᠤᠨ ᠳᠠᠷᠤᠭ᠎ᠠ ᠰᠦᠨ ᠸᠧᠢ ᠳ᠋ᠥᠩ ᠢᠶᠠᠷ ᠳᠣᠭᠤᠶᠢᠯᠠᠩ ᠤᠨ ᠳᠠᠷᠤᠭ᠎ᠠ ᠪᠣᠯᠭᠠᠭᠰᠠᠨ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠳᠣᠭᠤᠶᠢᠯᠠᠩ ᠮᠠᠨ ᠤ ᠬᠤᠰᠢᠭᠤᠨ ᠳᠤ ᠢᠷᠡᠵᠦ ᠱᠠᠭᠠᠷᠳᠠᠨ ᠪᠠᠶᠢᠴᠠᠭᠠᠪᠠ᠂ ᠬᠦᠯᠦᠨ ᠪᠣᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠴᠧᠨ ᡁᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠶᠢᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠢᠦᠢ ᠯᠢᠨ᠂ ᠬᠤᠰᠢᠭᠤᠨ ᠤ ᠨᠠᠮ  ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠠᠯᠪᠠᠨ ᠬᠡᠷ ᠤᠨ ᠡᠷᠬᠢᠯᠡᠭᠴᠢ ᠮᠦᠸᠧ ᠰᠢᠨ ᠵᠦ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦᠩ ᠱᠧᠩ ᠨᠠᠷ ᠪᠠᠷ᠎ᠠ ᠪᠣᠯᠵᠣ ᠱᠠᠭᠠᠷᠳᠠᠨ ᠪᠠᠶᠢᠴᠠᠭᠠᠪᠠ᠃     ᠱᠠᠭᠠᠷᠳᠠᠨ ᠪᠠᠶᠢᠴᠠᠭᠠᠬᠤ ᠳᠣᠭᠤᠶᠢᠯᠠᠩ ᠣᠷᠢᠳ ᠬᠤᠵᠢᠳ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠣ ᠦᠢᠯᠡᠰ ᠤᠨ ᠦᠢᠯᠡᠰ ᠪᠣᠰᠬᠠᠯᠲᠠ ᠶᠢᠨ ᠬᠦᠷᠢᠶᠡᠯᠡᠩ᠂ ᠯᠢᠦᠢ ᠰᠢᠶᠠᠩ ᠬᠤᠳᠣᠩ ᠮᠢᠬᠠᠨ ᠢᠳᠡᠬᠡᠨ ᠤ ᠵᠦᠢᠯᠡᠰ ᠤᠨ ᠬᠢᠵᠠᠭᠠᠷᠳᠣ ᠬᠠᠷᠢᠭᠤᠴᠠᠯᠭᠠᠳᠣ ᠺᠣᠮᠫᠠᠨᠢ ᠪᠣᠯᠣᠨ ᠺᠧ ᠰᠢᠩ ᠠᠳᠣᠭᠤᠨ ᠦᠢᠯᠡᠰ ᠲᠤ ᠬᠦᠷᠴᠦ ᠪᠣᠳᠠᠳᠣ ᠭᠠᠵᠠᠷ ᠲᠤᠨᠢ ᠱᠠᠭᠠᠷᠳᠠᠨ ᠪᠠᠶᠢᠴᠠᠭᠠᠯᠲᠠ ᠬᠢᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠪᠣᠯᠣᠨ ᠦᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠶᠢᠨ ᠠᠷᠪᠠᠳᠣᠭᠠᠷ ᠬᠤᠭᠤᠴᠠᠭᠠᠨ ᠤ ᠬᠤᠶᠠᠳᠣᠭᠠᠷ ᠪᠦᠭᠦᠳᠡ ᠬᠤᠷᠠᠯ ᠤᠨ ᠪᠠᠶᠢᠷᠢᠯᠠᠭᠤᠯᠣᠯᠲᠠ  ᠶᠢᠨ ᠱᠠᠭᠠᠷᠳᠠᠯᠭ᠎ᠠ᠂ ᠦᠪᠡᠷᠲᠡᠭᠡᠨ ᠵᠠᠰᠠᠬᠤ ᠣᠷᠣᠨ ᠤ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠣᠷᠠᠳᠣᠨ ᠭᠠᠷᠭᠠᠭᠰᠠᠨ ᠡᠭᠦᠷᠭᠡ ᠶᠢᠨ ᠲᠣᠭᠤᠷᠢᠨ ᠳᠤ᠂ ᠪᠦᠬᠦ ᠬᠤᠰᠢᠭᠤᠨ ᠤ ᠲᠣᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠠᠶᠣᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠠᠯ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠭᠤᠣᠯᠳᠠᠯᠭ᠎ᠠ ᠲᠠᠢ ᠱᠠᠭᠠᠷᠳᠠᠨ ᠪᠠᠶᠢᠴᠠᠭᠠᠪᠠ᠃    ᠱᠠᠭᠠᠷᠳᠠᠨ ᠪᠠᠶᠢᠴᠠᠭᠠᠬᠤ ᠳᠣᠭᠤᠶᠢᠯᠠᠩ ᠱᠠᠭᠠᠷᠳᠠᠭᠰᠠᠨ ᠨᠢ᠂ ᠨᠢᠬᠡᠨᠳᠡ ᠪᠠᠶᠢᠭ᠎ᠠ ᠠᠵᠣ ᠦᠢᠯᠡᠰ ᠤᠨ ᠬᠦᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠣ᠂ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠦᠷᠬᠦᠯᠵᠢᠯᠡᠬᠦ ᠴᠢᠨᠠᠷ ᠢ ᠪᠠᠲᠣᠯᠠᠬᠤ ᠬᠡᠷᠡᠭᠲᠡᠢ︔ ᠠᠵᠢᠯ ᠤᠨ ᠬᠠᠷᠠᠯᠲᠠ ᠪᠠᠨ ᠠᠯᠬᠤᠮ ᠴᠢᠨᠠᠭᠰᠢᠲᠠ ᠨᠠᠷᠢᠯᠢᠭ ᠪᠣᠯᠭᠠᠵᠣ᠂ ᠳᠡᠭᠡᠳᠦ ᠱᠠᠲᠣᠨ  ᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ᠂ ︽ᠲᠠᠯᠪᠢᠬᠤ ᠬᠠᠮᠢᠶᠠᠷᠬᠤ ᠦᠢᠯᠡᠴᠢᠯᠡᠭᠡ ᠬᠢᠬᠦ︾ ᠦᠭᠡᠷᠡᠴᠢᠯᠡᠯᠲᠡ ᠪᠠ ︽ ᠭᠤᠷᠪᠠᠨ ᠵᠦᠢᠯ ᠤᠨ ᠭᠤᠣᠯᠳᠠᠯᠭ᠎ᠠ ᠲᠠᠢ ᠦᠭᠡᠷᠡᠴᠢᠯᠡᠯᠲᠡ︾ ᠪᠠᠷ ᠭᠠᠷᠳᠠᠴᠠ ᠪᠣᠯᠭᠠᠵᠣ᠂ ᠡᠸ᠋ᠨᠩᠬᠢ ᠶᠢᠨ ᠠᠵᠣ ᠠᠬᠤᠢ ᠨᠡᠶᠢᠬᠡᠮ ᠤᠨ ᠪᠦᠬᠦ ᠲᠠᠯ᠎ᠠ ᠪᠠᠷ ᠬᠦᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号