ᠬᠤᠰᠢᠭᠤᠨ ᠤ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠲᠣᠰᠬᠠᠢ ᠰᠡᠳᠦᠪᠳᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2017/11/2
    10 ᠰᠠᠷ᠎ᠠ ᠶᠢᠨ 26 ᠤ ᠡᠳᠦᠷ᠂ ᠬᠤᠰᠢᠭᠤᠨ ᠤ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠲᠣᠰᠬᠠᠢ ᠰᠡᠳᠦᠪᠲᠦ ᠬᠤᠷᠠᠯ ᠬᠤᠷᠠᠯᠳᠣᠭᠤᠯᠵᠣ᠂ ᠲᠣᠮᠢᠯᠠᠨ ᠰᠠᠭᠤᠯᠭᠠᠭᠰᠠᠨ ᠪᠠᠶᠢᠭᠤᠯᠣᠮᠵᠢ ᠶᠢᠨ ᠰᠠᠬᠢᠯᠭ᠎ᠠ ᠪᠠᠳᠣ ᠪᠠᠶᠢᠴᠠᠭᠠᠬᠤ ᠳᠣᠭᠤᠶᠢᠯᠠᠩ ᠤᠨ ᠳᠠᠷᠤᠭ᠎ᠠ᠂ ᠰᠠᠬᠢᠯᠭ᠎ᠠ ᠪᠠᠲᠣ ᠪᠠᠶᠢᠴᠠᠭᠠᠬᠤ ︵ ᠠᠵᠢᠯᠯᠠᠬᠤ︶ ᠬᠤᠷᠢᠶ᠎ᠠ ᠶᠢᠨ ᠱᠦᠵᠢ᠂ ᠬᠤᠷᠢᠶ᠎ᠠ ᠲᠣᠪᠴᠢᠶ᠎ᠠ ᠶᠢᠨ ᠪᠦᠬᠦ ᠺᠠᠳ᠋ᠷ ᠠᠵᠢᠯᠳᠠᠳ ᠬᠤᠷᠠᠯ ᠳᠤ ᠣᠷᠣᠯᠴᠠᠵᠣ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠱᠦᠵᠢ ᠭᠦᠸᠧ ᠴᠢᠩ ᠬᠤᠷᠠᠯ ᠡᠷᠬᠢᠯᠡᠪᠡ᠃     ᠬᠤᠷᠠᠯ ᠳᠡᠭᠡᠷ᠎ᠡ᠂ ︽ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠᠨ ᠶᠢᠰᠦᠳᠦᠭᠡᠷ ᠣᠳᠠᠭᠠᠨ ᠤ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠮᠡᠳᠡᠭᠦᠯᠦᠯᠲᠡ ᠶᠢᠨ ᠲᠣᠬᠠᠢ ᠰᠢᠢᠳᠪᠦᠷᠢ︾᠂  ︽ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠᠨ ᠶᠢᠰᠦᠳᠦᠭᠡᠷ ᠣᠳᠠᠭᠠᠨ ᠤ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ  ᠶᠢᠨ ᠲᠣᠬᠠᠢ ᠰᠢᠢᠳᠪᠦᠷᠢ︾᠂ ︽ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠᠨ ᠶᠢᠰᠦᠳᠦᠭᠡᠷ ᠣᠳᠠᠭᠠᠨ ᠤ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ︿ᠳᠣᠮᠳᠠᠳᠣ ᠣᠯᠣᠰ ᠤᠨ ᠡᠪ ᠬᠠᠮᠳᠣ ᠨᠠᠮ ᠤᠨ ᠳᠦᠷᠢᠮ ︵ ᠵᠠᠰᠠᠪᠣᠷᠢ ᠣᠷᠣᠭᠤᠯᠣᠭᠰᠠᠨ ᠲᠦᠰᠦᠯ︶﹀ ᠤᠨ ᠲᠣᠬᠠᠢ ᠰᠢᠢᠳᠪᠦᠷᠢ︾᠂ ︽ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠠᠩᠬᠠᠳᠣᠭᠠᠷ ᠣᠳᠠᠭᠠᠨ ᠤ ᠪᠦᠬᠦ ᠬᠡᠰᠢᠭᠦᠳ ᠤᠨ ᠬᠤᠷᠠᠯ ᠤᠨ ᠠᠯᠪᠠᠨ ᠮᠡᠳᠡᠭᠡ︾ ᠪᠣᠯᠣᠨ ︽ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠠᠩᠬᠠᠳᠣᠭᠠᠷ ᠣᠳᠠᠭᠠᠨ ᠤ ᠪᠦᠬᠦ ᠬᠡᠰᠢᠭᠦᠳ ᠤᠨ ᠬᠤᠷᠠᠯ ᠤᠨ ᠠᠯᠪᠠᠨ ᠮᠡᠳᠡᠭᠡ︾ ᠶᠢ ᠲᠦᠪᠯᠡᠷᠡᠭᠦᠯᠦᠨ ᠰᠣᠷᠣᠯᠴᠠᠪᠠ᠃     ᠬᠤᠷᠠᠯ ᠠᠴᠠ ᠵᠢᠭᠠᠵᠣ ᠭᠠᠷᠭᠠᠭᠰᠠᠨ ᠨᠢ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠭᠰᠣᠴᠠ ᠨᠢ ᠦᠨᠳᠦᠷ᠂ ᠠᠭᠤᠯᠠᠭᠳᠠᠬᠤᠨ ᠨᠢ ᠪᠠᠶᠠᠯᠢᠭ᠂ ᠦᠵᠡᠯ ᠰᠠᠨᠠᠭ᠎ᠠ ᠨᠢ ᠬᠦᠨ ᠳᠠᠯᠳᠠ᠂ ᠰᠦᠷ ᠬᠦᠴᠦᠨ ᠲᠠᠢ ᠪᠠᠶᠢᠵᠣ᠂ ᠠᠯᠣᠰ ᠢᠷᠡᠭᠡᠳᠦᠢ ᠴᠢᠨᠠᠭᠰᠢᠯᠠᠪᠠᠯ ᠨᠡᠩ ᠣᠷᠳᠣ ᠬᠤᠭᠤᠴᠠᠭᠠᠨ ᠳᠤ ᠮᠠᠨ ᠤ ᠨᠠᠮ ᠤᠨ ᠡᠯ᠎ᠡ ᠲᠠᠯ᠎ᠠ ᠶᠢᠨ ᠬᠦᠭᠵᠢᠯᠲᠡ  ᠶᠢᠨ ᠬᠠᠮᠤᠭ ᠰᠢᠨ᠎ᠡ ᠠᠵᠢᠯᠯᠠᠭᠠᠨ ᠤ ᠬᠦᠳᠦᠯᠪᠦᠷᠢ᠂ ᠪᠠᠰᠠᠴᠣ ᠣᠳᠣᠬᠠᠨ ᠴᠢᠨᠠᠭᠰᠢᠯᠠᠪᠠᠯ ᠬᠤᠶᠢᠰᠢᠲᠠ ᠶᠢᠨ ᠰᠠᠬᠢᠯᠭ᠎ᠠ ᠪᠠᠲᠣ ᠪᠠᠶᠢᠴᠠᠭᠠᠬᠤ ᠠᠵᠢᠯ ᠳᠤ ᠣᠯᠣᠰ ᠲᠦᠷᠦ ᠶᠢᠨ ᠠᠶᠠᠯᠠᠯ ᠤᠨ ᠴᠢᠭᠯᠡᠯ ᠢ ᠲᠣᠳᠣᠷᠬᠠᠢ ᠵᠢᠭᠠᠨ ᠦᠭᠭᠦᠭᠰᠡᠨ ᠪᠠᠶᠢᠨ᠎ᠠ᠃ ᠰᠠᠬᠢᠯᠭ᠎ᠠ ᠪᠠᠲᠣ ᠪᠠᠶᠢᠴᠠᠭᠠᠬᠤ ᠺᠠᠳ᠋ᠷᠴᠣᠳ ᠰᠣᠯᠠᠷᠠᠰᠢ ᠦᠭᠡᠢ ᠪᠠᠲᠣ ᠰᠣᠷᠣᠯᠴᠠᠵᠣ᠂ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠨᠡᠪᠲᠡᠷᠡᠲᠡᠯ᠎ᠡ ᠣᠶᠢᠯᠠᠭᠠᠵᠣ᠂ ᠰᠣᠷᠣᠭᠰᠠᠨ ᠢᠶᠠᠨ ᠬᠡᠷᠡᠭᠯᠡᠵᠦ ᠴᠢᠳᠠᠬᠤ ᠬᠡᠷᠡᠭᠲᠡᠢ ᠬᠡᠪᠡ᠃     ᠬᠦᠸᠧ ᠴᠢᠩ ᠴᠢᠬᠤᠯᠠᠴᠢᠯᠠᠭᠰᠠᠨ ᠨᠢ᠂ ᠣᠳᠣᠷᠢᠳᠬᠤ ᠺᠠᠳ᠋ᠷᠴᠣᠳ ᠪᠠᠶ᠎ᠡ ᠪᠠᠷ ᠢᠶᠠᠨ ᠬᠡᠪ ᠳᠠᠭᠤᠷᠢᠶᠠᠯ ᠪᠣᠯᠵᠣ ᠂ ᠳᠠᠭᠠᠭᠤᠯᠣᠨ ᠰᠣᠷᠣᠯᠴᠠᠵᠣ᠂ ᠰᠣᠷᠣᠯᠴᠠᠨ ᠲᠣᠣᠱᠯᠠᠭᠤᠯᠬᠤ ᠳᠣᠮᠳᠠ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠦᠨᠡᠨᠬᠦ ᠰᠠᠶᠢᠳᠣᠷ ᠪᠠᠳᠠᠷᠠᠭᠤᠯᠵᠣ᠂ ᠵᠢᠩᠬᠢᠨᠢ ᠪᠠᠷ ᠰᠣᠷᠣᠯᠴᠠᠵᠣ ᠵᠢᠩᠬᠢᠨᠢ ᠪᠠᠷ ᠬᠡᠷᠡᠭᠯᠡᠵᠦ ᠴᠢᠳᠠᠬᠤ ᠵᠢᠱᠢᠶᠡᠴᠢ ᠪᠣᠯᠵᠣ᠂ ᠣᠨᠣᠯ ᠤᠨ ᠬᠡᠪ ᠪᠣᠯᠪᠠᠰᠣᠷᠠᠯ ᠪᠠ ᠣᠳᠣᠷᠢᠳᠬᠤ ᠲᠦᠪᠰᠢᠨ ᠢᠶᠠᠨ ᠳᠠᠰᠣᠷᠠᠯᠲᠠ ᠦᠭᠡᠢ ᠲᠡᠭᠡᠭᠰᠢᠯᠡᠬᠦᠯᠬᠦ ᠬᠡᠷᠡᠭᠲᠡᠢ︔ ᠲᠦᠯᠦᠪᠯᠡᠭᠡ ᠲᠣᠭᠲᠠᠭᠠᠵᠣ᠂ ᠠᠯᠬᠤᠮ ᠳᠠᠷᠠᠭ᠎ᠠ ᠪᠠᠨ ᠴᠢᠨᠠᠭᠰᠢᠲᠠ ᠲᠣᠳᠣᠷᠬᠠᠶᠢᠯᠠᠵᠣ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠣ᠂ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠣ᠂ ᠰᠣᠷᠣᠯᠴᠠᠯᠭ᠎ᠠ ᠶᠢᠨ ᠪᠣᠳᠠᠳᠣ ᠠᠮᠵᠢᠯᠲᠠ ᠣᠯᠬᠤ ᠶᠢ ᠯᠠᠪᠲᠠᠢ ᠪᠠᠲᠣᠯᠠᠵᠣ᠂ ᠲᠦᠪᠯᠡᠷᠡᠭᠦᠯᠦᠨ ᠰᠣᠷᠣᠯᠴᠠᠬᠤ ᠬᠢᠬᠡᠳ ᠬᠤᠪᠢ ᠬᠦᠮᠦᠨ ᠤ ᠦᠪᠡᠷ  ᠢᠶᠠᠨ ᠰᠣᠷᠣᠯᠴᠠᠬᠤ ᠶᠢ ᠣᠶᠠᠯᠳᠣᠭᠤᠯᠵᠣ᠂ ᠪᠦᠬᠦ ᠲᠠᠯ᠎ᠠ ᠪᠠᠷ᠂ ᠰᠢᠰᠲ᠋ᠧᠮ ᠲᠠᠢ ᠪᠠᠷ᠂ ᠬᠦᠨᠵᠡᠬᠡᠢ ᠰᠣᠷᠣᠯᠴᠠᠬᠤ ᠶᠢ ᠪᠡᠶᠡᠯᠡᠬᠦᠯᠬᠦ ᠬᠡᠷᠡᠭᠲᠡᠢ︔ ᠬᠤᠷᠢᠶ᠎ᠠ ᠲᠣᠪᠴᠢᠶᠠᠨ ᠤ ᠨᠠᠮ ᠤᠨ ᠡᠭᠦᠷ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠶᠢ ᠴᠢᠬᠤᠯᠠ ᠠᠭᠤᠯᠭ᠎ᠠ ᠪᠣᠯᠭᠠᠵᠣ᠂ ᠲᠦᠪᠯᠡᠷᠡᠭᠦᠯᠦᠨ ᠰᠣᠷᠣᠯᠴᠠᠬᠤ᠂ ᠰᠣᠳᠣᠯᠣᠨ ᠶᠠᠷᠢᠯᠴᠠᠬᠤ ᠪᠠᠷ ᠳᠠᠮᠵᠢᠭᠤᠯᠣᠨ᠂ ᠰᠣᠷᠣᠯᠴᠠᠯᠭ᠎ᠠ ᠶᠢᠨ ᠪᠣᠳᠠᠳᠣ ᠦᠷ᠎ᠡ ᠳ᠋ᠦᠩ ᠢ ᠳᠠᠰᠣᠷᠠᠯᠲᠠ ᠦᠭᠡᠢ ᠴᠢᠩᠭᠠᠷᠠᠭᠤᠯᠬᠤ ᠬᠡᠷᠡᠭᠲᠡᠢ︔ ᠰᠠᠬᠢᠯᠭ᠎ᠠ ᠪᠠᠲᠣ ᠪᠠᠶᠢᠴᠠᠭᠠᠬᠤ ᠠᠵᠢᠯ ᠤᠨ ᠪᠣᠳᠠᠳᠠᠢ ᠲᠠᠢ ᠪᠠᠨ ᠣᠶᠠᠯᠳᠣᠭᠤᠯᠵᠣ᠂ ᠰᠣᠷᠣᠭᠰᠠᠨ ᠢᠶᠠᠨ ᠬᠡᠷᠡᠭᠯᠡᠵᠦ᠂ ᠬᠡᠷᠡᠭᠯᠡᠬᠦ ᠪᠠᠷ ᠰᠣᠷᠣᠯᠴᠠᠬᠤ ᠶᠢ ᠠᠬᠢᠭᠤᠯᠬᠤ ᠶᠢ ᠪᠠᠷᠢᠮᠲᠠᠯᠠᠵᠣ᠂ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠬᠢᠯᠭ᠎ᠠ ᠪᠠᠲᠣ ᠪᠠᠶᠢᠴᠠᠭᠠᠬᠤ ᠠᠵᠢᠯ ᠳᠠᠭᠠᠨ ᠦᠨᠡᠨᠬᠦ ᠨᠠᠶᠢᠳᠠᠪᠣᠷᠢᠵᠢᠭᠤᠯᠵᠣ᠂ ᠬᠤᠰᠢᠭᠤᠨ ᠤ ᠰᠠᠬᠢᠯᠭ᠎ᠠ ᠪᠠᠲᠣ ᠪᠠᠶᠢᠴᠠᠭᠠᠬᠤ ᠠᠵᠢᠯ ᠢ ᠪᠣᠳᠠᠳᠠᠢ᠂ ᠬᠦᠨᠵᠡᠭᠡᠢ᠂ ᠡᠭᠦᠳᠦᠯᠲᠡ ᠲᠠᠢ ᠬᠢᠵᠦ᠂ ᠨᠡᠩ ᠶᠡᠭᠡ ᠦᠷ᠎ᠡ ᠪᠦᠲᠦᠮᠵᠢ ᠣᠯᠳᠠᠯ᠎ᠠ ᠰᠠᠶᠢᠳᠣᠷ ᠬᠢᠬᠦ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号