ᠮᠠᠨ ᠤ ᠬᠤᠰᠢᠭᠤ ᠱᠦᠵᠢ ᠶᠢᠨ ᠲᠣᠰᠬᠠᠢ ᠰᠡᠳᠦᠪᠳᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2017/11/2
    10 ᠰᠠᠷ᠎ᠠ ᠶᠢᠨ 26 ᠤ ᠡᠳᠦᠷ᠂ ᠮᠠᠨ ᠤ ᠬᠤᠰᠢᠭᠤ ᠱᠦᠵᠢ ᠶᠢᠨ ᠲᠣᠰᠬᠠᠢ ᠰᠡᠳᠦᠪᠲᠦ ᠬᠤᠷᠠᠯ ᠬᠤᠷᠠᠯᠳᠣᠭᠤᠯᠵᠣ᠂ ᠦᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ  ᠶᠢᠨ ᠬᠤᠶᠠᠳᠣᠭᠠᠷ ᠪᠦᠯᠦᠭ ᠰᠣᠯᠢᠪᠴᠠᠯᠳᠣᠨ ᠪᠠᠶᠢᠴᠠᠭᠠᠬᠤ ᠳᠣᠭᠤᠶᠢᠯᠠᠩ ᠵᠢᠴᠢ ᠰᠢᠨ᠎ᠡ ᠪᠠᠷᠭᠤ ᠵᠡᠬᠦᠨ ᠬᠤᠰᠢᠭᠤᠨ  ᠤ ᠰᠣᠯᠢᠪᠴᠠᠯᠳᠣᠨ ᠪᠠᠶᠢᠴᠠᠭᠠᠬᠤ ᠳᠣᠭᠤᠶᠢᠯᠠᠩ ᠤᠨ ᠮᠠᠨ ᠤ ᠬᠤᠰᠢᠭᠤᠨ ᠳᠤ ᠢᠷᠡᠵᠦ ᠪᠠᠶᠢᠴᠠᠭᠠᠭᠠᠳ ᠬᠠᠷᠢᠭᠤ ᠳᠣᠰᠬᠠᠭᠰᠠᠨ ᠰᠠᠨᠠᠯ ᠢ ᠣᠯᠠᠮᠵᠢᠯᠠᠨ ᠳᠠᠮᠵᠢᠭᠤᠯᠵᠣ᠂ ᠴᠡᠭᠴᠡᠯᠡᠨ ᠦᠭᠡᠷᠡᠴᠢᠯᠡᠬᠦ ᠠᠷᠭ᠎ᠠ ᠬᠡᠮᠵᠢᠶ᠎ᠡ ᠳᠣᠷᠠᠳᠣᠨ ᠭᠠᠷᠭᠠᠬᠤ ᠶᠢᠨ ᠬᠠᠮᠳᠣ᠂ ᠶᠠᠳᠠᠭᠤ ᠠᠴᠠ ᠠᠩᠬᠢᠵᠢᠷᠠᠭᠤᠯᠬᠤ ᠳᠠᠷᠠᠭᠠᠴᠢ ᠶᠢᠨ ᠠᠯᠬᠤᠮ ᠤᠨ ᠠᠵᠢᠯ ᠳᠠᠭᠠᠨ ᠪᠠᠶᠢᠷᠢᠯᠠᠭᠤᠯᠣᠯᠲᠠ ᠬᠢᠪᠡ᠃ ᠬᠤᠰᠢᠭᠤᠨ ᠤ ᠣᠳᠣᠷᠢᠳᠣᠯᠭ᠎ᠠ ᠨᠠ ᠰᠢᠶᠣᠣ ᠭᠤᠸᠠᠩ᠂ ᠯᠢ ᡁᠢ ᠳ᠋ᠥᠩ᠂ ᠭᠦᠸᠧ ᠴᠢᠩ᠂ ᠬᠤᠲᠠᠯᠠ᠂ ᠮᠦᠸᠧ ᠰᠢᠨ ᠵᠦ᠂ ᠪᠣᠷᠵᠢᠨ ᠨᠠᠷ ᠬᠤᠷᠠᠯ ᠳᠤ ᠣᠷᠣᠯᠴᠠᠵᠣ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠶᠠᠳᠠᠭᠤ ᠶᠢ ᠲᠡᠳᠬᠦᠬᠦ ᠠᠯᠪᠠᠨ ᠭᠡᠷ᠂ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠣᠪᠴᠢᠶ᠎ᠠ᠂ ᠵᠣᠬᠢᠶᠠᠨ ᠪᠠᠶᠢᠭᠤᠯᠬᠤ ᠬᠡᠯᠳᠡᠰ᠂ ᠣᠬᠠᠭᠤᠯᠬᠤ ᠬᠡᠯᠳᠡᠰ᠂ ᠮᠠᠯᠵᠢᠬᠤ ᠣᠷᠣᠨ ᠤ ᠠᠵᠢᠯ  ᠤᠨ ᠬᠡᠯᠳᠡᠰ᠂ ᠡᠳ᠋ ᠤᠨ ᠵᠠᠰᠠᠭ ᠤᠨ ᠲᠣᠪᠴᠢᠶ᠎ᠠ᠂ ᠬᠦᠳᠡᠯᠮᠦᠷᠢ ᠨᠡᠶᠢᠭᠡᠮ ᠤᠨ ᠪᠠᠲᠣᠯᠠᠪᠣᠷᠢ ᠶᠢᠨ ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠪᠠ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠵᠣ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠢᠥᠢ ᠯᠢᠨ ᠬᠤᠷᠠᠯ ᠡᠷᠬᠢᠯᠡᠪᠡ᠃     ᠬᠤᠷᠠᠯ ᠳᠡᠭᠡᠷ᠎ᠡ ᠰᠢᠨ᠎ᠡ ᠪᠠᠷᠭᠤ ᠵᠡᠬᠦᠨ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠲᠣᠬᠠᠢ ᠰᠣᠯᠢᠪᠴᠠᠯᠳᠣᠨ ᠪᠠᠶᠢᠴᠠᠭᠠᠬᠤ ᠳᠣᠭᠤᠶᠢᠯᠠᠩ ᠤᠨ ᠬᠠᠷᠢᠭᠤ ᠳᠣᠰᠬᠠᠬᠰᠠᠨ ᠰᠠᠨᠠᠯ ᠪᠠ ᠦᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠲᠣᠬᠠᠢ ᠰᠣᠯᠢᠪᠴᠠᠯᠳᠣᠨ ᠪᠠᠶᠢᠴᠠᠭᠠᠬᠤ ᠳᠣᠮᠳᠠ ᠣᠷᠣᠰᠢᠵᠣ ᠪᠠᠶᠢᠭ᠎ᠠ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠰᠡᠳᠬᠢᠴᠡ  ᠶᠢ ᠰᠣᠨᠣᠰᠬᠤ ᠶᠢᠨ ᠬᠠᠮᠳᠣ᠂ ︽ ᠨᠢᠭᠡᠳᠦᠭᠡᠷ ᠱᠦᠵᠢ︾᠂ ︽ ᠲᠣᠰᠬᠤᠨ ᠳᠤ ᠰᠠᠭᠤᠭ᠎ᠠ ᠠᠵᠢᠯᠯᠠᠬᠤ ᠳᠣᠭᠤᠶᠢᠯᠠᠩ᠂ ᠬᠠᠪᠰᠣᠷᠣᠨ ᠳᠡᠳᠬᠦᠬᠦ ᠺᠠᠳ᠋ᠷ ᠢ ᠬᠠᠮᠢᠶᠠᠷᠬᠤ ᠬᠢᠬᠡᠳ ᠰᠢᠨᠵᠢᠯᠡᠨ ᠪᠠᠶᠢᠴᠠᠭᠠᠬᠤ ᠪᠠ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠨᠢᠭᠡᠳᠦᠭᠡᠷ ᠣᠳᠣᠷᠢᠳᠣᠯᠭ᠎ᠠ ᠶᠢᠨ ᠬᠠᠷᠢᠭᠤᠴᠠᠯᠭ᠎ᠠ ᠶᠢᠨ ᠲᠣᠬᠠᠢ ᠲᠠᠨᠢᠯᠲᠠ ᠵᠡᠷᠭᠡ ᠠᠭᠤᠯᠭ᠎ᠠ ᠶᠢ ᠴᠢᠩᠭᠠᠳᠬᠠᠬᠤ ᠲᠣᠬᠠᠢ︾ ᠴᠢᠬᠤᠯᠠᠴᠢᠯᠠᠪᠠ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᡁᠢ ᠭᠠᠩ ᠵᠢᠭᠠᠵᠣ ᠭᠠᠷᠭᠠᠭᠰᠠᠨ ᠨᠢ᠂ ᠬᠠᠪᠰᠣᠷᠣᠨ ᠳᠡᠳᠬᠦᠬᠦ ᠺᠠᠳ᠋ᠷ ᠤᠨ ᠦᠢᠯᠡᠳᠦᠯ ᠢ ᠦᠨᠡᠨᠬᠦ ᠰᠠᠶᠢᠳᠣᠷ ᠪᠠᠳᠠᠷᠠᠭᠤᠯᠵᠣ᠂ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠪᠣᠯᠣᠨ ᠵᠣᠬᠢᠶᠠᠨ ᠪᠠᠶᠢᠭᠤᠯᠬᠤ ᠬᠡᠯᠳᠡᠰ ᠠᠴᠠ ᠺᠠᠳ᠋ᠷ ᠤᠨ ᠡᠷᠦᠬᠡ ᠳᠤ ᠣᠷᠣᠵᠣ ᠬᠠᠪᠰᠣᠷᠣᠨ ᠳᠡᠳᠬᠦᠬᠦ ᠠᠵᠢᠯ ᠢ ᠬᠠᠮᠳᠣᠪᠡᠷ ᠰᠠᠶᠢᠳᠣᠷ ᠠᠳᠬᠤᠵᠣ᠂ ᠪᠠᠶᠢᠴᠠᠭᠠᠬᠤ ᠪᠣᠭᠤᠮᠳᠠ ᠶᠢ ᠰᠠᠶᠢᠳᠣᠷ ᠠᠳᠬᠤᠬᠤ ᠬᠡᠷᠡᠭᠲᠡᠢ︔ ᠡᠷᠡᠭᠦᠯ ᠮᠡᠨᠳᠦ  ᠪᠠᠷ ᠶᠠᠳᠠᠭᠤ ᠶᠢ ᠲᠡᠳᠬᠦᠬᠦ᠂ ᠬᠡᠷ ᠪᠠᠶᠢᠰᠢᠩ ᠤᠨ ᠪᠦᠲᠦᠭᠡᠨ ᠪᠠᠶᠢᠭᠤᠯᠣᠯᠲᠠ᠂ ᠠᠮᠣᠷ ᠲᠦᠪᠰᠢᠨ ᠣᠰᠣ ᠣᠮᠳᠠ ᠵᠢᠴᠢ ᠳᠣᠳᠣᠭᠠᠳᠣ ᠠᠵᠢᠯ ᠤᠨ ᠳᠠᠩᠰᠠ ᠡᠪᠬᠡᠮᠡᠯ ᠵᠡᠷᠭᠡ ᠦᠨᠳᠦᠰᠦᠨ ᠠᠵᠢᠯ ᠳᠤ ᠪᠠᠰᠠ ᠣᠷᠣᠰᠢᠵᠣ ᠪᠠᠶᠢᠭ᠎ᠠ ᠵᠠᠷᠢᠮ ᠳᠣᠳᠠᠭᠤᠳᠣᠯ ᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠳᠠᠷᠣᠶᠢᠬᠠᠨ ᠴᠡᠭᠴᠡᠯᠡᠨ ᠦᠭᠡᠷᠡᠴᠢᠯᠡᠵᠦ᠂ ᠡᠷᠳᠡᠬᠡᠨ ᠨᠠᠶᠢᠳᠠᠪᠣᠷᠢᠵᠢᠭᠤᠯᠬᠤ ᠬᠡᠷᠡᠭᠲᠡᠢ᠃ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠨᠠ ᠰᠢᠶᠣᠣ ᠭᠤᠸᠠᠩ ᠠᠴᠠ ᠪᠦᠬᠦ ᠣᠷᠣᠨ ᠤ ᠣᠢ ᠰᠢᠭᠤᠢ ᠶᠢᠨ ᠠᠮᠢ ᠠᠬᠤᠢ ᠪᠠᠷ ᠶᠠᠳᠠᠭᠤ ᠶᠢ ᠳᠡᠳᠬᠦᠬᠦ ᠲᠣᠬᠠᠢ ᠶᠢᠨ ᠲᠠᠯᠠᠪᠣᠷ ᠤᠨ ᠬᠤᠷᠠᠯ ᠵᠢᠴᠢ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠣᠯᠲᠠ ᠳᠤ ᠣᠷᠣᠰᠢᠵᠣ ᠪᠠᠶᠢᠭ᠎ᠠ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠬᠤ ᠶᠢᠨ ᠬᠠᠮᠳᠣ ᠲᠣᠰᠬᠤᠨ ᠳᠤ ᠰᠠᠭᠤᠭ᠎ᠠ ᠵᠠᠷᠢᠮ ᠺᠠᠳ᠋ᠷ ᠤᠨ ᠬᠠᠷᠢᠭᠤᠴᠠᠯᠭ᠎ᠠ ᠨᠢ ᠪᠣᠳᠠᠳᠠᠶᠢᠵᠢᠭᠰᠠᠨ ᠦᠭᠡᠢ᠂ ᠠᠵᠢᠯ ᠨᠢ ᠯᠠᠪᠳᠠᠭᠤᠨ ᠪᠣᠳᠠᠳᠠᠢ ᠪᠢᠰᠢ ᠠᠴᠠ ᠪᠣᠯᠵᠣ᠂ ᠬᠠᠪᠰᠣᠷᠣᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠨᠢ ᠪᠣᠳᠠᠳᠠᠢ ᠪᠢᠰᠢ᠂ ᠶᠠᠳᠠᠭᠤ ᠬᠦᠴᠢᠷᠳᠡᠯᠲᠡᠢ ᠡᠷᠦᠬᠡ ᠰᠡᠳᠬᠢᠯ ᠬᠠᠨᠣᠮᠵᠢ ᠦᠭᠡᠢ ᠪᠠᠶᠢᠬᠤ ᠶᠢ ᠵᠢᠭᠠᠨ ᠭᠠᠷᠭᠠᠬᠤ ᠶᠢᠨ ᠬᠠᠮᠳᠣ᠂ ᠡᠯ᠎ᠡ ᠰᠠᠯᠭ᠎ᠠ ᠮᠦᠴᠢᠷ ᠤᠳ ᠢ 67 ᠵᠦᠢᠯ ᠤᠨ ᠠᠷᠭ᠎ᠠ ᠬᠡᠮᠵᠢᠶ᠎ᠡ ᠪᠣᠯᠣᠨ ᠣᠷᠣᠰᠢᠵᠣ ᠪᠠᠶᠢᠭ᠎ᠠ ᠳᠣᠳᠠᠭᠤᠳᠣᠯ ᠳᠤ ᠴᠢᠭᠯᠡᠬᠦᠯᠦᠨ ᠪᠦᠲᠦᠮᠵᠢᠲᠠᠢ ᠠᠷᠭ᠎ᠠ ᠬᠡᠮᠵᠢᠶ᠎ᠡ ᠠᠪᠴᠣ ᠪᠠᠶᠢᠭᠠᠳ ᠵᠢᠯ ᠤᠨ ᠰᠡᠭᠦᠯ ᠤᠨ ᠰᠣᠯᠢᠪᠴᠠᠯᠳᠣᠨ ᠪᠠᠶᠢᠴᠠᠭᠠᠬᠤ ᠰᠢᠯᠭᠠᠨ ᠠᠪᠣᠯᠲᠠ ᠠᠴᠠ ᠡᠮᠦᠨ᠎ᠡ ᠴᠡᠭᠴᠡᠯᠡᠨ ᠦᠭᠡᠷᠡᠴᠢᠯᠡᠵᠦ  ᠳᠠᠭᠤᠰᠬᠠᠬᠤ ᠬᠡᠷᠡᠭᠲᠡᠢ᠃     ᠵᠣᠣ ᠢᠥᠢ ᠯᠢᠨ ᠱᠠᠭᠠᠷᠳᠠᠭᠰᠠᠨ ᠨᠢ᠂ ᠡᠯ᠎ᠡ ᠰᠠᠯᠠᠭ᠎ᠠ ᠮᠦᠴᠢᠷ ᠤᠳ ᠠᠰᠠᠭᠤᠳᠠᠯ ᠤᠨ ᠲᠣᠭᠤᠷᠢᠨ ᠳᠤ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠵᠣ᠂ ᠰᠠᠯᠠᠭ᠎ᠠ ᠮᠦᠴᠢᠷ ᠤᠨ ᠬᠤᠭᠤᠷᠣᠨᠳᠣᠬᠢ ᠲᠦᠷᠦ ᠶᠢᠨ ᠪᠣᠳᠣᠯᠭ᠎ᠠ ᠶᠢᠨ ᠵᠣᠯᠭᠤᠯᠳᠣᠭᠤᠯᠣᠯᠲᠠ ᠶᠢ ᠰᠠᠶᠢᠳᠣᠷ ᠬᠢᠵᠦ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠣᠨ᠂ ᠶᠠᠳᠠᠭᠤ ᠶᠢ ᠲᠡᠳᠬᠦᠬᠦ ᠠᠯᠪᠠᠨ ᠭᠡᠷ ᠠᠴᠠ ᠬᠤᠷᠢᠶᠠᠩᠭᠤᠶᠢᠯᠠᠨ ᠰᠢᠯᠣᠭᠤᠳᠬᠠᠬᠤ ᠬᠡᠷᠡᠭᠲᠡᠢ︔ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠪᠣᠯᠣᠨ ᠵᠣᠬᠢᠶᠠᠨ ᠪᠠᠶᠢᠭᠤᠯᠬᠤ ᠬᠡᠯᠳᠡᠰ ᠠᠴᠠ ᠬᠢᠨᠠᠨ ᠰᠢᠯᠭᠠᠬᠤ ᠠᠷᠭ᠎ᠠ ᠪᠠᠨ ᠬᠤᠪᠢᠷᠠᠭᠤᠯᠵᠣ᠂ ᠦᠯᠦ ᠦᠢᠯᠡᠳᠬᠦ ᠺᠠᠳ᠋ᠷ ᠢ ᠭᠤᠣᠯᠳᠠᠯᠭ᠎ᠠ ᠲᠠᠢ ᠪᠠᠶᠢᠴᠠᠭᠠᠨ ᠰᠢᠳᠬᠡᠵᠦ᠂ ᠺᠠᠳ᠋ᠷ ᠤᠨ ᠬᠠᠮᠢᠶᠠᠷᠣᠯᠲᠠ ᠶᠢ ᠠᠯᠬᠤᠮ ᠴᠢᠨᠠᠭᠰᠢᠲᠠ ᠴᠢᠩᠭᠠᠳᠬᠠᠬᠤ ᠬᠡᠷᠡᠭᠲᠡᠢ︔ ᠨᠦᠬᠦᠪᠦᠷᠢ ᠶᠢᠨ ᠪᠡᠯᠡ ᠮᠦᠩᠬᠦ ᠶᠢᠨ ᠬᠡᠷᠡᠭᠯᠡᠯᠲᠡ ᠪᠠ ᠬᠠᠮᠢᠶᠠᠷᠣᠯᠲᠠ ᠶᠢ ᠲᠣᠳᠣᠷᠬᠠᠶᠢᠯᠵᠣ᠂ ᠣᠷᠢᠳᠴᠢᠯᠠᠨ ᠰᠦᠪᠡᠭᠴᠢᠯᠡᠵᠦ᠂ ᠬᠠᠮᠢᠶᠠᠷᠬᠤ ᠠᠷᠭ᠎ᠠ ᠬᠡᠮᠵᠢᠶ᠎ᠡ ᠳᠣᠷᠠᠳᠣᠨ ᠭᠠᠷᠭᠠᠬᠤ ᠬᠡᠷᠡᠭᠲᠡᠢ︔ ᠲᠦᠷᠦᠯ ᠵᠦᠢᠯ ᠤᠨ ᠪᠡᠯᠡ ᠮᠦᠩᠬᠦ ᠶᠢᠨ ᠬᠠᠮᠢᠶᠠᠷᠣᠯᠲᠠ ᠪᠠᠨ ᠴᠢᠩᠭᠠᠳᠬᠠᠵᠣ᠂ ᠪᠡᠯᠡ ᠮᠦᠩᠬᠦ ᠶᠢ ᠲᠣᠭᠲᠠᠭᠠᠯ ᠶᠣᠰᠣᠭᠠᠷ ᠰᠠᠶᠢᠳᠣᠷ ᠬᠡᠷᠡᠭᠯᠡᠬᠦ ᠬᠡᠷᠡᠭᠲᠡᠢ︔ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠠᠵᠢᠯ ᠳᠤ ᠣᠷᠣᠰᠢᠵᠣ ᠪᠠᠶᠢᠭ᠎ᠠ ᠠᠰᠠᠭᠤᠳᠠᠯ ᠢ ᠱᠠᠯᠠᠪᠳᠠᠭᠤᠯᠣᠨ ᠴᠡᠭᠴᠡᠯᠡᠨ ᠦᠭᠡᠷᠡᠴᠢᠯᠡᠵᠦ᠂ ᠵᠢᠯ ᠤᠨ ᠰᠡᠭᠦᠯ ᠤᠨ ᠪᠠᠶᠢᠴᠠᠭᠠᠯᠲᠠ ᠳᠤ ᠰᠠᠶᠢᠳᠣᠷ ᠪᠡᠯᠡᠳᠬᠡᠬᠦ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号