| 10 ᠰᠠᠷ᠎ᠠ ᠶᠢᠨ 22 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠱᠦᠵᠢ ᠬᠦᠸᠧ ᠴᠢᠩ ᠢᠮᠢᠨ ᠰᠣᠮᠣ ᠶᠢᠨ ᠬᠤᠩᠭᠤᠯᠵᠢ ᠭᠠᠴᠠᠭ᠎ᠠ | ᠪᠣᠯᠣᠨ ᠪᠢᠯᠡᠭᠦᠲᠦ ᠭᠠᠴᠠᠭ᠎ᠠ ᠳᠤ ᠬᠦᠷᠴᠦ ᠠᠬᠠᠮᠠᠳ ᠨᠠᠮ ᠤᠨ ᠬᠡᠰᠢᠬᠦᠨ ᠪᠣᠯᠣᠨ ᠠᠮᠢᠳᠣᠷᠠᠯ ᠨᠢ ᠬᠦᠴᠢᠷᠳᠡᠯᠳᠡᠢ | ᠪᠠᠶᠢᠬᠤ ᠣᠯᠠᠨ ᠲᠦᠮᠡᠨ ᠢ ᠳᠣᠬᠤᠨᠢᠭᠤᠯᠪᠠ᠂ ᠰᠣᠮᠣ ᠶᠢᠨ ᠨᠠᠮ ᠤᠨ ᠬᠤᠷᠢᠶᠠᠨ ᠤ ᠱᠦᠵᠢ ᠬᠤᠷᠴᠠ᠂ ᠳᠡᠳ᠋ | ᠱᠦᠵᠢ ᠮᠦᠳᠡᠨ ᠨᠠᠷ ᠪᠠᠷ᠎ᠠ ᠪᠣᠯᠵᠣ ᠲᠣᠬᠤᠨᠢᠭᠤᠯᠪᠠ᠃ | ᠢᠮᠢᠨ ᠰᠣᠮᠣ ᠶᠢᠨ ᠬᠤᠩᠭᠤᠯᠵᠢ ᠭᠠᠴᠠᠭᠠᠨ ᠤ 85 ᠨᠠᠰᠣᠲᠠᠢ ᠠᠬᠠᠮᠠᠳ ᠨᠠᠮ ᠤᠨ ᠬᠡᠰᠢᠬᠦᠨ ᠴᠡᠴᠡᠷᠮᠠ ᠶᠢᠨ | ᠬᠡᠷ ᠲᠤ ᠬᠦᠷᠴᠦ ᠨᠠᠰᠣᠲᠠᠨ ᠤ ᠠᠮᠢᠳᠣᠷᠠᠯ ᠤᠨ ᠪᠠᠶᠢᠳᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠯᠢᠭ ᠣᠶᠢᠯᠠᠭᠠᠨ | ᠂ ᠲᠣᠬᠤᠨᠢᠭᠤᠯᠬᠤ ᠮᠦᠩᠬᠦ ᠭᠠᠷᠳᠠᠭᠤᠯᠵᠣ᠂ ᠨᠠᠮ ᠤᠨ ᠵᠣᠬᠢᠶᠠᠨ ᠪᠠᠶᠢᠭᠤᠯᠣᠯᠲᠠ ᠶᠢᠨ ᠬᠠᠯᠠᠭᠤᠨ ᠳᠣᠳᠣᠨᠣ | ᠮᠡᠨᠳᠦᠴᠢᠯᠡᠯ ᠢ ᠬᠦᠷᠭᠡᠭᠰᠡᠨ ᠪᠠᠶᠢᠨ᠎ᠠ᠃ | ᠡᠬᠦᠨ ᠤ ᠳᠠᠷᠠᠭ᠎ᠠ᠂ ᠬᠦᠸᠧ ᠴᠢᠩ ᠪᠢᠯᠡᠭᠦᠲᠦ ᠭᠠᠴᠠᠭ᠎ᠠ ᠶᠢᠨ ᠬᠠᠪᠰᠣᠷᠣᠨ ᠲᠡᠳᠬᠦᠬᠦ ᠡᠳᠡᠭᠡᠳ ᠰᠠᠩᠵᠠ | ᠶᠢᠨ ᠬᠡᠷ ᠲᠤ ᠬᠦᠷᠴᠦ᠂ ᠣᠶᠢᠷ᠎ᠠ ᠶᠢᠨ ᠬᠤᠭᠤᠴᠠᠭᠠᠨ ᠤ ᠦᠢᠯᠡᠳᠪᠦᠷᠢᠯᠡᠯ ᠠᠮᠢᠳᠣᠷᠠᠯ ᠪᠠ ᠡᠪᠦᠯᠵᠢᠬᠦ ᠲᠣᠯᠠᠭᠠᠯᠠᠯᠭ᠎ᠠ | ᠶᠢᠨ ᠪᠡᠯᠡᠳᠬᠡᠯ ᠠᠵᠢᠯ ᠢᠶᠠᠨ ᠬᠢᠭᠰᠡᠨ ᠲᠣᠬᠠᠢ ᠪᠠᠶᠢᠳᠠᠯ ᠢ ᠠᠰᠠᠭᠤᠨ ᠰᠣᠷᠠᠭᠯᠠᠵᠣ ᠣᠶᠢᠯᠠᠭᠠᠪᠠ᠃ ᠰᠣᠷᠪᠣᠯᠵᠢᠯᠠᠨ | ᠲᠣᠬᠤᠨᠢᠭᠤᠯᠬᠤ ᠬᠤᠭᠤᠴᠠᠭᠠᠨᠳᠠᠭᠠᠨ᠂ ᠬᠦᠸᠧ ᠴᠢᠩ ᠢᠮᠢᠨ ᠰᠣᠮᠣ ᠶᠢᠨ ᠵᠢᠵᠢᠭᠦᠷᠯᠡᠵᠦ ᠪᠠᠶᠢᠭ᠎ᠠ ᠪᠠᠶᠢᠳᠠᠯ ᠢ | ᠪᠣᠳᠠᠳᠠᠢ ᠪᠠᠶᠢᠴᠠᠭᠠᠨ ᠦᠵᠡᠵᠦ᠂ ᠣᠯᠠᠨ ᠰᠣᠮᠣ ᠰᠢᠶᠠᠩ ᠪᠠᠯᠭᠠᠰᠣ ᠶᠢᠨ ᠣᠳᠣᠷᠢᠳᠣᠯᠭ᠎ᠠ ᠶᠢᠨ ᠠᠵᠢᠯ ᠤᠨ ᠪᠠᠶᠢᠷᠢᠨ | ᠳᠠᠭᠠᠨ ᠵᠢᠵᠢᠭᠦᠷᠯᠡᠵᠦ ᠪᠠᠶᠢᠭ᠎ᠠ ᠪᠠᠶᠢᠳᠠᠯ ᠢ ᠣᠳᠠᠰᠣ ᠪᠠᠷ ᠰᠣᠭᠤᠴᠠᠨ ᠪᠠᠶᠢᠴᠠᠭᠠᠪᠠ᠃ | ᠬᠦᠸᠧ ᠴᠢᠩ ᠱᠠᠭᠠᠷᠳᠠᠭᠰᠠᠨ ᠨᠢ᠂ ᠡᠯ᠎ᠡ ᠰᠣᠮᠣ ᠰᠢᠶᠠᠩ ᠪᠠᠯᠭᠠᠰᠣ ᠤᠳ ᠡᠬᠦᠷᠭᠡ ᠬᠠᠷᠢᠭᠤᠴᠠᠯᠭ᠎ᠠ ᠪᠠᠨ | ᠨᠢᠮᠪᠠᠢ ᠬᠦᠢᠴᠡᠳᠬᠡᠵᠦ᠂ ᠵᠢᠵᠢᠭᠦᠷᠯᠡᠬᠦ ᠳᠦᠷᠢᠮ ᠢ ᠡᠷᠡᠰ ᠨᠠᠶᠢᠳᠠᠪᠣᠷᠢᠵᠢᠭᠤᠯᠬᠤ ᠬᠡᠷᠡᠭᠲᠡᠢ᠂ ᠣᠨᠴᠠᠭᠠᠶᠢᠯᠠᠨ ᠠᠷᠪᠠᠨ | ᠶᠢᠰᠦᠳᠦᠭᠡᠷ ᠶᠡᠭᠡ ᠬᠤᠷᠠᠯ ᠤᠨ ᠬᠤᠭᠤᠴᠠᠭᠠᠨ ᠳᠤ ᠪᠠᠭ ᠤᠨ ᠪᠦᠷᠢᠯᠳᠦᠬᠦᠨ ᠨᠠᠷ ᠠᠵᠢᠯ ᠤᠨ ᠪᠠᠶᠢᠷᠢᠨ ᠳᠠᠭᠠᠨ | ᠵᠢᠵᠢᠭᠦᠷᠯᠡᠨ ᠰᠠᠬᠢᠵᠣ᠂ ᠪᠣᠳᠠᠳᠠᠢ ᠦᠢᠯᠡ ᠠᠵᠢᠯᠯᠠᠭ᠎ᠠ ᠪᠠᠷ ᠢᠶᠠᠨ ᠠᠷᠪᠠᠨ ᠶᠢᠰᠦᠳᠦᠭᠡᠷ ᠶᠡᠭᠡ ᠬᠤᠷᠠᠯ ᠤᠨ ᠢᠯᠠᠯᠲᠠ | ᠲᠠᠢ ᠬᠤᠷᠠᠯᠳᠣᠬᠤ ᠪᠠ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠲᠡ ᠳᠤ ᠠᠷᠭ᠎ᠠ ᠣᠬᠠᠭᠠᠨ ᠭᠠᠷᠭᠠᠨ ᠦᠭᠴᠦ | ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ |