ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠱᠦᠵᠢ ᠬᠦᠸᠧ ᠴᠢᠩ ᠠᠬᠠᠮᠠᠳ ᠨᠠᠮ ᠤᠨ ᠬᠡᠰᠢᠬᠦᠨ ᠪᠣᠯᠣᠨ ᠬᠦᠴᠢᠷᠳᠡᠯ ᠲᠠᠢ ᠣᠯᠠᠨ ᠲᠦᠮᠡᠨ ᠢ ᠰᠣᠷᠪᠣᠯᠵᠢᠯᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2017/11/2
   
   10 ᠰᠠᠷ᠎ᠠ ᠶᠢᠨ 22 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠲᠣ ᠪᠠᠶᠢᠴᠠᠭᠠᠬᠤ ᠬᠤᠷᠢᠶᠠᠨ ᠤ ᠱᠦᠵᠢ ᠬᠦᠸᠧ ᠴᠢᠩ ᠢᠮᠢᠨ ᠰᠣᠮᠣ ᠶᠢᠨ ᠬᠤᠩᠭᠤᠯᠵᠢ ᠭᠠᠴᠠᠭ᠎ᠠ ᠪᠣᠯᠣᠨ ᠪᠢᠯᠡᠭᠦᠲᠦ ᠭᠠᠴᠠᠭ᠎ᠠ ᠳᠤ ᠬᠦᠷᠴᠦ ᠠᠬᠠᠮᠠᠳ ᠨᠠᠮ ᠤᠨ ᠬᠡᠰᠢᠬᠦᠨ ᠪᠣᠯᠣᠨ ᠠᠮᠢᠳᠣᠷᠠᠯ ᠨᠢ ᠬᠦᠴᠢᠷᠳᠡᠯᠳᠡᠢ ᠪᠠᠶᠢᠬᠤ ᠣᠯᠠᠨ ᠲᠦᠮᠡᠨ ᠢ ᠳᠣᠬᠤᠨᠢᠭᠤᠯᠪᠠ᠂ ᠰᠣᠮᠣ ᠶᠢᠨ ᠨᠠᠮ ᠤᠨ ᠬᠤᠷᠢᠶᠠᠨ ᠤ ᠱᠦᠵᠢ ᠬᠤᠷᠴᠠ᠂ ᠳᠡᠳ᠋ ᠱᠦᠵᠢ ᠮᠦᠳᠡᠨ ᠨᠠᠷ ᠪᠠᠷ᠎ᠠ ᠪᠣᠯᠵᠣ ᠲᠣᠬᠤᠨᠢᠭᠤᠯᠪᠠ᠃     ᠢᠮᠢᠨ ᠰᠣᠮᠣ ᠶᠢᠨ ᠬᠤᠩᠭᠤᠯᠵᠢ ᠭᠠᠴᠠᠭᠠᠨ ᠤ 85 ᠨᠠᠰᠣᠲᠠᠢ ᠠᠬᠠᠮᠠᠳ ᠨᠠᠮ ᠤᠨ ᠬᠡᠰᠢᠬᠦᠨ ᠴᠡᠴᠡᠷᠮ᠎ᠠ ᠶᠢᠨ ᠬᠡᠷ ᠲᠤ ᠬᠦᠷᠴᠦ ᠨᠠᠰᠣᠲᠠᠨ ᠤ ᠠᠮᠢᠳᠣᠷᠠᠯ ᠤᠨ ᠪᠠᠶᠢᠳᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠯᠢᠭ ᠣᠶᠢᠯᠠᠭᠠᠨ ᠂ ᠲᠣᠬᠤᠨᠢᠭᠤᠯᠬᠤ ᠮᠦᠩᠬᠦ ᠭᠠᠷᠳᠠᠭᠤᠯᠵᠣ᠂ ᠨᠠᠮ ᠤᠨ ᠵᠣᠬᠢᠶᠠᠨ ᠪᠠᠶᠢᠭᠤᠯᠣᠯᠲᠠ ᠶᠢᠨ ᠬᠠᠯᠠᠭᠤᠨ ᠳᠣᠳᠣᠨᠣ ᠮᠡᠨᠳᠦᠴᠢᠯᠡᠯ ᠢ ᠬᠦᠷᠭᠡᠭᠰᠡᠨ ᠪᠠᠶᠢᠨ᠎ᠠ᠃     ᠡᠬᠦᠨ ᠤ ᠳᠠᠷᠠᠭ᠎ᠠ᠂ ᠬᠦᠸᠧ ᠴᠢᠩ ᠪᠢᠯᠡᠭᠦᠲᠦ ᠭᠠᠴᠠᠭ᠎ᠠ ᠶᠢᠨ ᠬᠠᠪᠰᠣᠷᠣᠨ ᠲᠡᠳᠬᠦᠬᠦ ᠡᠳᠡᠭᠡᠳ ᠰᠠᠩᠵᠠ  ᠶᠢᠨ ᠬᠡᠷ ᠲᠤ ᠬᠦᠷᠴᠦ᠂ ᠣᠶᠢᠷ᠎ᠠ ᠶᠢᠨ ᠬᠤᠭᠤᠴᠠᠭᠠᠨ ᠤ ᠦᠢᠯᠡᠳᠪᠦᠷᠢᠯᠡᠯ ᠠᠮᠢᠳᠣᠷᠠᠯ ᠪᠠ ᠡᠪᠦᠯᠵᠢᠬᠦ ᠲᠣᠯᠠᠭᠠᠯᠠᠯᠭ᠎ᠠ ᠶᠢᠨ ᠪᠡᠯᠡᠳᠬᠡᠯ ᠠᠵᠢᠯ ᠢᠶᠠᠨ ᠬᠢᠭᠰᠡᠨ ᠲᠣᠬᠠᠢ ᠪᠠᠶᠢᠳᠠᠯ ᠢ ᠠᠰᠠᠭᠤᠨ ᠰᠣᠷᠠᠭᠯᠠᠵᠣ ᠣᠶᠢᠯᠠᠭᠠᠪᠠ᠃ ᠰᠣᠷᠪᠣᠯᠵᠢᠯᠠᠨ ᠲᠣᠬᠤᠨᠢᠭᠤᠯᠬᠤ ᠬᠤᠭᠤᠴᠠᠭᠠᠨ‌‍ᠳᠠᠭᠠᠨ᠂ ᠬᠦᠸᠧ ᠴᠢᠩ ᠢᠮᠢᠨ ᠰᠣᠮᠣ ᠶᠢᠨ ᠵᠢᠵᠢᠭᠦᠷᠯᠡᠵᠦ ᠪᠠᠶᠢᠭ᠎ᠠ ᠪᠠᠶᠢᠳᠠᠯ ᠢ ᠪᠣᠳᠠᠳᠠᠢ ᠪᠠᠶᠢᠴᠠᠭᠠᠨ ᠦᠵᠡᠵᠦ᠂ ᠣᠯᠠᠨ ᠰᠣᠮᠣ ᠰᠢᠶᠠᠩ ᠪᠠᠯᠭᠠᠰᠣ ᠶᠢᠨ ᠣᠳᠣᠷᠢᠳᠣᠯᠭ᠎ᠠ ᠶᠢᠨ ᠠᠵᠢᠯ  ᠤᠨ ᠪᠠᠶᠢᠷᠢᠨ ᠳᠠᠭᠠᠨ ᠵᠢᠵᠢᠭᠦᠷᠯᠡᠵᠦ ᠪᠠᠶᠢᠭ᠎ᠠ ᠪᠠᠶᠢᠳᠠᠯ ᠢ ᠣᠳᠠᠰᠣ ᠪᠠᠷ ᠰᠣᠭᠤᠴᠠᠨ ᠪᠠᠶᠢᠴᠠᠭᠠᠪᠠ᠃     ᠬᠦᠸᠧ ᠴᠢᠩ ᠱᠠᠭᠠᠷᠳᠠᠭᠰᠠᠨ ᠨᠢ᠂ ᠡᠯ᠎ᠡ ᠰᠣᠮᠣ ᠰᠢᠶᠠᠩ ᠪᠠᠯᠭᠠᠰᠣ ᠤᠳ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠬᠡᠵᠦ᠂ ᠵᠢᠵᠢᠭᠦᠷᠯᠡᠬᠦ ᠳᠦᠷᠢᠮ ᠢ ᠡᠷᠡᠰ ᠨᠠᠶᠢᠳᠠᠪᠣᠷᠢᠵᠢᠭᠤᠯᠬᠤ ᠬᠡᠷᠡᠭᠲᠡᠢ᠂ ᠣᠨᠴᠠᠭᠠᠶᠢᠯᠠᠨ ᠠᠷᠪᠠᠨ ᠶᠢᠰᠦᠳᠦᠭᠡᠷ ᠶᠡᠭᠡ ᠬᠤᠷᠠᠯ ᠤᠨ ᠬᠤᠭᠤᠴᠠᠭᠠᠨ ᠳᠤ ᠪᠠᠭ ᠤᠨ ᠪᠦᠷᠢᠯᠳᠦᠬᠦᠨ ᠨᠠᠷ ᠠᠵᠢᠯ ᠤᠨ ᠪᠠᠶᠢᠷᠢᠨ ᠳᠠᠭᠠᠨ ᠵᠢᠵᠢᠭᠦᠷᠯᠡᠨ ᠰᠠᠬᠢᠵᠣ᠂ ᠪᠣᠳᠠᠳᠠᠢ ᠦᠢᠯᠡ ᠠᠵᠢᠯᠯᠠᠭ᠎ᠠ ᠪᠠᠷ ᠢᠶᠠᠨ ᠠᠷᠪᠠᠨ ᠶᠢᠰᠦᠳᠦᠭᠡᠷ ᠶᠡᠭᠡ ᠬᠤᠷᠠᠯ ᠤᠨ ᠢᠯᠠᠯᠲᠠ  ᠲᠠᠢ ᠬᠤᠷᠠᠯᠳᠣᠬᠤ ᠪᠠ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠲᠡ ᠳᠤ ᠠᠷᠭ᠎ᠠ ᠣᠬᠠᠭᠠᠨ ᠭᠠᠷᠭᠠᠨ ᠦᠭᠴᠦ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号