ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠠᠯᠪᠠᠨ ᠭᠡᠷ ᠤᠨ ᠡᠷᠬᠢᠯᠡᠭᠴᠢ ᠮᠦᠸᠧ ᠰᠢᠨ ᠵᠦ ᠪᠠᠶᠠᠨᠳᠣᠬᠤᠢ ᠪᠠᠯᠭᠠᠰᠣ ᠳᠤ ᠬᠦᠷᠴᠦ ᠠᠮᠢᠳᠣᠷᠠᠯ ᠤᠨ ᠲᠠᠯ᠎ᠠ ᠪᠠᠷ ᠶᠠᠳᠠᠭᠤ ᠬᠦᠴᠢᠷᠳᠡᠯᠳᠡᠢ ᠨᠠᠮ ᠤᠨ ᠬᠡᠰᠢᠭᠦᠨ ᠢ ᠰᠣᠷᠪᠣᠯᠵᠢᠯᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2017/11/2
   10 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠯᠪᠠᠨ ᠭᠡᠷ ᠤᠨ ᠡᠷᠬᠢᠯᠡᠭᠴᠢ ᠮᠦᠸᠧ ᠰᠢᠨ ᠵᠦ ᠪᠠᠶᠠᠨᠳᠣᠬᠤᠢ ᠪᠠᠯᠭᠠᠰᠣ ᠶᠢᠨ ᠲᠣᠸᠠᠨᠵᠢᠶᠧ ᠭᠠᠴᠠᠭ᠎ᠠ ᠶᠢᠨ ᠶᠠᠳᠠᠭᠤ ᠬᠦᠷᠴᠢᠷᠳᠡᠯᠳᠡᠢ ᠨᠠᠮ ᠤᠨ ᠬᠡᠰᠢᠬᠦᠨ ᠦ᠋ ᠬᠦᠢ ᠰᠢᠶᠠᠩ ᠤᠨ ᠬᠡᠷ ᠲᠤ ᠬᠦᠷᠴᠦ᠂ ᠬᠠᠮᠤᠭ ᠦᠨᠳᠦᠰᠦᠨ ᠱᠠᠲᠣᠨ ᠤ ᠶᠠᠳᠠᠭᠤ ᠬᠦᠴᠢᠷᠳᠡᠯᠳᠡᠢ ᠨᠠᠮ ᠤᠨ ᠬᠡᠰᠢᠬᠦᠨ ᠳᠤ ᠦᠨᠡᠨ ᠰᠡᠳᠬᠢᠯ ᠤᠨ ᠵᠦᠩᠨᠠᠯ ᠪᠠ ᠵᠣᠬᠢᠶᠠᠨ ᠪᠠᠶᠢᠭᠤᠯᠣᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃    ᠬᠦᠢ ᠰᠢᠶᠠᠩ ᠤᠨ ᠬᠡᠷ ᠲᠤ ᠬᠦᠷᠦᠬᠡᠳ ᠲᠡᠬᠦᠨ ᠤ ᠪᠡᠶ᠎ᠡ ᠮᠠᠬᠠᠪᠣᠳ ᠤᠨ ᠪᠠᠶᠢᠳᠠᠯ ᠪᠠ ᠠᠵᠣ ᠠᠮᠢᠳᠣᠷᠠᠯ ᠤᠨ ᠪᠠᠶᠢᠳᠠᠯ ᠢ ᠨᠠᠷᠢᠯᠢᠭ ᠢᠶᠠᠷ ᠠᠰᠠᠭᠤᠨ ᠰᠣᠷᠠᠭᠯᠠᠵᠣ᠂ ᠲᠡᠬᠦᠨ ᠢ ᠠᠮᠢᠳᠣᠷᠠᠯ ᠳᠠᠭᠠᠨ ᠢᠳᠡᠭᠡᠯ ᠲᠠᠢ ᠪᠠᠶᠢᠵᠣ᠂ ᠢᠳᠡᠪᠬᠢᠲᠡᠢ ᠪᠠᠶᠠᠰᠣᠩᠭᠤᠢ ᠣᠪᠣᠷ ᠪᠠᠶᠢᠳᠠᠯ ᠢᠶᠠᠨ ᠪᠠᠷᠢᠮᠲᠠᠯᠠᠨ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠣ᠂ ᠬᠦᠴᠢᠷᠳᠡᠯ ᠪᠣᠯᠣᠨ ᠦᠷᠢᠰᠦᠯᠳᠦᠭᠡᠨ ᠳᠤ ᠵᠦᠪ ᠢᠶᠠᠷ  ᠬᠠᠨᠳᠣᠭᠠᠷᠠᠢ ᠭᠡᠵᠦ ᠵᠣᠷᠢᠭᠵᠢᠭᠤᠯᠪᠠ᠃   ᠮᠦᠸᠧ ᠰᠢᠨ ᠵᠦ ᠴᠢᠬᠤᠯᠠᠴᠢᠯᠠᠬᠤ ᠳᠠᠭᠠᠨ᠂ ᠡᠯ᠎ᠡ ᠱᠠᠲᠣᠨ ᠤ ᠨᠠᠮ ᠤᠨ ᠵᠣᠬᠢᠶᠠᠨ ᠪᠠᠶᠢᠭᠤᠯᠣᠯᠲᠠ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠠᠮᠢᠳᠣᠷᠠᠯ ᠬᠦᠴᠢᠷᠳᠡᠯᠳᠡᠢ ᠨᠠᠮ ᠤᠨ ᠬᠡᠰᠢᠬᠦᠨ ᠢ  ᠴᠠᠭ ᠢᠮᠠᠭᠲᠠ ᠰᠡᠳᠬᠢᠯ ᠳᠡᠭᠡᠨ ᠪᠣᠳᠣᠵᠣ᠂ ᠳᠠᠳᠠᠨᠠᠷ ᠲᠤ ᠵᠣᠬᠢᠶᠠᠨ ᠪᠠᠶᠢᠭᠤᠯᠣᠯᠲᠠ ᠶᠢᠨ ᠬᠠᠯᠠᠭᠤᠨ ᠲᠣᠯᠠᠭᠠᠨ ᠬᠠᠶᠢᠷ᠎ᠠ ᠬᠠᠯᠠᠮᠵᠢ  ᠶᠢ ᠦᠨᠡᠨᠬᠦ ᠰᠡᠷᠡᠵᠦ ᠮᠡᠳᠡᠭᠦᠯᠬᠦ ᠬᠡᠷᠡᠭᠲᠡᠢ ᠬᠡᠵᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号