ᠮᠦᠡᠭᠭᠦᠨ ᠬᠦᠢᠯᠭᠡᠭᠡ ᠶᠢᠨ ᠦᠢᠯᠡᠳᠬᠦᠨ ᠤ ᠰᠢᠨ᠎ᠠ ᠶᠢ ᠡᠭᠦᠳᠴᠤ ᠪᠤᠬᠢᠷᠳᠤᠯ ᠦᠭᠡᠢ ᠬᠦᠭᠵᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2017/11/23
                                                        ᠵᠣᠬᠢᠶᠠᠭᠴᠢ᠄  ᠴᠡᠯᠮᠡᠭ       — ᠮᠠᠨ ᠤ ᠤᠷᠤᠨ ᠤ ᠪᠤᠬᠢᠷᠳᠤᠯ ᠦᠭᠡᠢ ᠮᠦᠡᠭᠭᠦᠨ ᠬᠦᠢᠯᠭᠡᠭᠡ ᠶᠢᠨ ᠬᠦᠭᠵᠢᠯᠳᠠ ᠶᠢ ᠲᠡᠮᠳᠡᠭᠯᠡᠪᠡ               ᠮᠠᠨ ᠤ ᠤᠷᠤᠨ ᠤᠳᠤᠬᠠᠨ ᠳᠤ ᠶᠠᠭ ᠠᠵᠦ ᠠᠬᠤᠢ ᠶᠢᠨ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠤᠨ ᠲᠡᠰ  ᠲᠡᠪᠰᠢᠭᠦᠯᠬᠦ ᠵᠠᠩᠬᠢᠯᠠᠭ᠎ᠠ ᠶᠢᠨ ᠴᠠᠭ ᠦᠶ᠎ᠡ ᠳᠤ ᠤᠷᠤᠰᠢᠵᠦ᠂ ᠪᠤᠬᠢᠷᠳᠤᠯ ᠦᠭᠡᠢ ᠠᠵᠦ ᠦᠢᠯᠡᠰ ᠪᠠ ᠤᠯᠠᠮᠵᠢᠯᠠᠯᠲᠦ ᠠᠵᠦ  ᠦᠢᠯᠡᠰ ᠤᠨ ᠬᠦᠭᠵᠢᠯᠲᠡ ᠶᠢᠨ ᠶᠠᠪᠤᠴᠠ ᠲᠤᠮᠳᠠᠬᠢ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠲᠡᠮᠵᠢᠯᠭᠡ ᠶᠢᠨ ᠲᠤᠬᠠᠢ  ᠱᠠᠭᠠᠷᠳᠠᠯᠭ᠎ᠠ ᠨᠡᠩ ᠦᠨᠳᠦᠷ ᠪᠤᠯᠪᠡ᠃ ᠤᠢᠢᠷ᠎ᠠ ᠶᠢᠨ ᠵᠢᠯ ᠠᠴᠠ ᠨᠠᠰᠢ᠂ ᠮᠠᠨ ᠤ ᠤᠷᠤᠨ ᠤᠷᠤᠨ ᠪᠦᠰᠡ ᠶᠢᠨ ᠤᠨᠴᠠᠯᠢᠭ  ᠪᠠ ᠠᠵᠦ ᠦᠢᠯᠡᠰ ᠤᠨ ᠤᠨᠴᠠᠯᠢᠭ ᠢ ᠬᠠᠷᠢᠯᠴᠠᠨ ᠤᠶᠠᠯᠳᠤᠭᠤᠯᠵᠦ᠂ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠬᠦᠷᠢᠶ᠎ᠡ  ᠴᠠᠷᠠᠭ᠎ᠠ ᠳᠤ᠂ ᠪᠤᠬᠢᠷᠳᠤᠯ ᠦᠭᠡᠢ ᠢᠲᠡᠭᠡᠮᠵᠢᠲᠦ ᠵᠢᠭᠡᠯᠡᠯᠭᠡ᠂ ᠪᠤᠬᠢᠷᠳᠤᠯ ᠦᠭᠡᠢ ᠰᠠᠭᠤᠷᠢ ᠮᠦᠡᠭᠭᠦ ᠵᠢᠴᠢ ᠮᠠᠯ ᠠᠵᠦ ᠠᠬᠤᠢ  ᠲᠠᠷᠢᠶᠠᠯᠠᠩ ᠤᠨ ᠳᠠᠭᠠᠳᠬᠠᠯ ᠵᠡᠷᠭᠡ ᠪᠠᠭ᠎ᠠ ᠪᠤᠰᠦ ᠶᠢᠨ ᠪᠤᠬᠢᠷᠳᠤᠯ ᠦᠭᠡᠢ ᠮᠦᠡᠭᠭᠦᠨ ᠬᠦᠢᠯᠭᠡᠭᠡ ᠶᠢᠨ ᠰᠢᠨ᠎ᠡ ᠦᠢᠯᠡᠳᠬᠦᠨ ᠢ  ᠬᠠᠶᠢᠨ ᠰᠦᠪᠡᠭᠴᠢᠯᠡᠵᠤ ᠦᠢᠯᠡᠳᠦᠯᠭᠡᠵᠢᠭᠦᠯᠦᠭᠡᠳ ᠵᠤᠬᠢᠬᠤ ᠠᠮᠵᠢᠯᠳᠠ ᠤᠯᠪᠡ᠃ ᠪᠤᠬᠢᠷᠳᠤᠯ ᠦᠭᠡᠢ ᠮᠦᠡᠭᠭᠦᠨ  ᠭᠦᠢᠯᠭᠡᠭᠡ ᠶᠢ ᠬᠦᠭᠵᠢᠭᠦᠯᠭᠦ ᠲᠤᠯᠭᠠᠭᠤᠷᠢ ᠬᠦᠴᠦᠨ ᠨᠢ ᠪᠤᠯᠤᠬᠰᠡᠡ ᠤ ᠬᠤᠪᠢ ᠳᠤ᠂ ᠮᠠᠨ ᠤ ᠤᠷᠤᠨ ᠤ ᠡᠯ᠎ᠡ ᠮᠦᠡᠭᠭᠦᠨ  ᠬᠦᠢᠯᠭᠡᠭᠡ ᠶᠢᠨ ᠪᠠᠶᠢᠭᠤᠯᠤᠮᠵᠢ ᠪᠤᠬᠢᠷᠳᠤᠯ ᠦᠭᠡᠢ ᠬᠦᠭᠵᠢᠯᠲᠠ ᠶᠢᠨ ᠠᠬᠢᠴᠠ ᠪᠠᠨ ᠲᠠᠰᠤᠷᠠᠯᠲᠠ ᠦᠭᠡᠢ ᠲᠦᠷᠭᠡᠳᠭᠡᠵᠦ᠂  ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠪᠦᠬᠦ᠋ᠢᠯᠡ ᠦᠪᠦᠷ ᠮᠤᠩᠭᠤᠯ  ᠤᠷᠤᠨ ᠤ ᠠᠵᠦ ᠠᠬᠤᠢ ᠨᠡᠶᠢᠭᠡᠮ ᠤᠨ ᠡᠷᠡᠭᠦᠯ ᠬᠦᠭᠵᠢᠯᠲᠡ ᠳᠤ ᠬᠦᠴᠤ ᠨᠡᠮᠡᠷᠢᠯᠡᠭᠰᠠᠭᠡᠷ ᠢᠷᠡᠪᠡ᠃               ᠾᠧ ᠱᠧᠩ ᠠᠮᠢ ᠠᠬᠤᠢ ᠶᠢᠨ ᠤᠢᠢᠵᠢᠭᠤᠯᠤᠯᠤᠯᠳᠠ ᠶᠢᠨ ᠺᠤᠮᠫᠠᠨᠢ ᠪᠤᠯ ᠨᠢᠭᠡᠨ ᠤᠢ ᠮᠤᠲᠦ ᠤᠢᠢᠵᠢᠭᠤᠯᠵᠦ᠂  ᠨᠡᠭᠦᠷᠡᠰᠦᠳᠦ᠋ᠷᠦᠭᠴᠢ ᠬᠤᠷᠠᠮᠳᠤᠭᠤᠯᠬᠤ ᠤᠷᠤᠨ ᠲᠤᠭ᠎ᠠ ᠶᠢᠨ ᠠᠷᠠᠯᠵᠢᠶ᠎ᠡ ᠬᠢᠳᠡᠭ ᠠᠷᠠᠳ ᠠᠴᠠ ᠡᠵᠡᠩᠨᠡᠭᠰᠡᠨ ᠠᠵᠦ  ᠠᠬᠤᠢᠢᠯᠠᠯ ᠮᠦᠨ᠂ ᠲᠤᠰ ᠠᠵᠦ ᠠᠬᠤᠢᠢᠯᠠᠯ ᠨᠢ ᠡᠬᠢᠨ ᠤ ᠬᠤᠭᠤᠴᠠᠭᠠᠨ ᠤ ᠵᠠᠷᠤᠯᠭ᠎ᠠ ᠶᠡᠭᠡ᠂ ᠤᠷᠤᠯᠭ᠎ᠠ ᠨᠢ ᠬᠠᠷᠢᠨ ᠪᠠᠭ᠎ᠠ  ᠪᠠᠶᠢᠳᠠᠭ ᠤᠨᠴᠠᠯᠢᠭ ᠲᠠᠢ᠃ ᠶᠡᠭᠡ ᠬᠡᠮᠵᠢᠶᠡᠨ ᠤ ᠡᠭᠦᠯᠳᠡᠷ ᠤᠨ ᠴᠢᠬᠢ ᠮᠤᠲᠦ ᠪᠠ ᠵᠤᠯᠵᠠᠭ᠎ᠠ ᠮᠤᠳᠤᠨ ᠤ ᠨᠦᠭᠡᠴᠠ ᠲᠠᠢ  ᠪᠤᠯᠬᠤᠷ᠂ ᠺᠤᠮᠫᠠᠨᠢ ᠶᠢᠨ ᠪᠡᠯᠡ ᠮᠦᠡᠭᠭᠦ ᠶᠢᠨ ᠡᠷᠬᠢᠯᠲᠡ ᠬᠦᠴᠢᠷ ᠠᠰᠠᠭᠤᠳᠠᠯ ᠤᠷᠲᠦ ᠬᠤᠭᠤᠴᠠᠭ᠎ᠠ ᠪᠠᠷ ᠤᠷᠤᠰᠢᠬᠰᠠᠭᠠᠷ  ᠢᠷᠡᠵᠡᠢ᠃ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠬᠦᠭᠵᠢᠯᠲᠡ ᠶᠢ ᠳᠡᠮᠵᠢᠬᠦ ᠶᠢᠨ ᠲᠦᠯᠦᠭᠡ᠂ ᠵᠦᠩ ᠰᠢᠨ  ᠪᠠᠩᠭᠢ ᠶᠢᠨ ᠬᠦᠬᠡᠬᠤᠲᠠ ᠳᠠᠬᠢ ᠬᠤᠪᠢᠶᠠᠷᠢ ᠪᠠᠩᠭᠢ ᠪᠦᠲᠦᠭᠡᠯᠴᠢ ᠴᠢᠨᠠᠷᠲᠠᠢ ᠪᠠᠷ ᠤᠢ ᠰᠢᠭᠤᠢ ᠶᠢᠨ ᠡᠷᠬᠡ ᠶᠢᠨ ᠦᠨᠡᠮᠯᠡᠯ ᠢ  ᠪᠠᠷᠢᠴᠠᠭᠠᠯᠠᠬᠤ ᠬᠡᠯᠪᠡᠷᠢ ᠪᠠᠷ ᠲᠤᠰ ᠠᠵᠦ ᠠᠬᠤᠢᠢᠯᠠᠯ ᠳᠤ 1.6 ᠳ᠋ᠦᠡᠭᠰᠢᠭᠤᠷ ᠲᠦᠭᠦᠷᠢᠭ ᠤᠨ ᠵᠢᠭᠡᠯᠡᠯᠭᠡ ᠬᠠᠨᠭ᠍ᠭᠠᠵᠠᠢ᠃  ᠪᠡᠯᠡ ᠮᠦᠡᠭᠭᠦ ᠶᠢᠨ ᠡᠷᠬᠢᠯᠲᠡ ᠬᠦᠴᠢᠷ ᠠᠰᠠᠭᠤᠳᠠᠯ ᠰᠢᠢᠳᠪᠦᠷᠢᠯᠡᠭᠳᠡᠭᠰᠡᠨ ᠤ ᠳᠠᠷᠠᠭ᠎ᠠ᠂ ᠾᠧ ᠱᠧᠩ ᠠᠮᠢ ᠠᠬᠤᠢ ᠶᠢᠨ  ᠤᠢᠢᠵᠢᠭᠤᠯᠤᠯᠳᠠ ᠶᠢᠨ ᠺᠤᠮᠫᠠᠨᠢ ᠮᠠᠰᠢ ᠲᠦᠷᠭᠡᠨ ᠢᠶᠠᠷ ᠬᠦᠭᠵᠢᠯᠲᠠ ᠶᠢᠨ ᠱᠠᠳᠤᠨ ᠳᠠᠭᠠᠨ ᠤᠷᠤᠵᠦ᠂ ᠵᠢᠯ ᠤᠨ  ᠪᠤᠷᠤᠯᠠᠭᠤᠯᠭ᠎ᠠ ᠶᠢᠨ ᠤᠷᠤᠯᠭ᠎ᠠ ᠦᠡᠭᠭᠡᠷᠡᠭᠰᠡᠨ ᠤ 6600 ᠲᠦᠮᠡᠨ ᠲᠦᠭᠦᠷᠢᠭ ᠠᠴᠠ 4.08 ᠳ᠋ᠦᠡᠭᠰᠢᠭᠤᠷ ᠲᠦᠭᠦᠷᠢᠭ  ᠪᠤᠯᠵᠦ ᠳᠡᠭᠡᠭᠰᠢᠯᠡᠵᠡᠢ᠃ ᠤᠳᠤᠬᠠᠨ ᠳᠤ ᠲᠤᠰ ᠠᠵᠦ ᠠᠬᠤᠢᠢᠯᠠᠯ ᠤᠨ ᠨᠢᠭᠡᠨᠲᠡ ᠪᠠᠶᠢᠭᠤᠯᠤᠬᠰᠡᠨ ᠪᠠ ᠪᠠᠶᠢᠭᠤᠯᠬᠤ ᠪᠠᠷ  ᠲᠦᠯᠦᠪᠯᠡᠵᠦ ᠪᠦᠬᠦᠢ ᠵᠤᠯᠵᠠᠭ᠎ᠠ ᠮᠤᠲᠦ ᠶᠢᠨ ᠰᠠᠭᠤᠷᠢᠨ ᠨᠢᠭᠡᠨᠲᠡ 7000 ᠭᠠᠷᠤᠢ ᠮᠦ ᠳᠤ ᠬᠦᠷᠴᠦ᠂ ᠰᠢᠶᠠᠩᠭᠠᠩ ᠤᠨ  ᠳ᠋ᠢᠰᠨᠢ ᠺᠤᠮᠫᠠᠨᠢ ᠲᠠᠢ 16 ᠲᠦᠮᠡᠨ ᠲᠤᠨ ᠤ ᠨᠡᠭᠦᠷᠡᠰᠦᠳᠦ᠋ᠷᠦᠭᠴᠢ ᠬᠤᠷᠠᠮᠳᠤᠭᠤᠯᠬᠤ ᠤᠷᠤᠨ ᠲᠤᠭ᠎ᠠ ᠶᠢᠨ ᠠᠷᠠᠯᠵᠢᠶ᠎ᠡ ᠶᠢᠨ  ᠬᠡᠯᠡᠯᠴᠡᠭᠡᠷ ᠲᠤ ᠭᠠᠷ ᠤᠨ ᠦᠰᠦᠭ ᠵᠢᠷᠤᠪᠡ᠂ ᠲᠤᠰ ᠲᠦᠷᠦᠯ ᠵᠦᠢᠯ ᠨᠢ ᠤᠢᠢᠷ᠎ᠠ ᠬᠠᠪᠢ ᠶᠢᠨ 2700 ᠭᠠᠷᠤᠢ  ᠲᠠᠷᠢᠶᠠᠯᠠᠬᠤ ᠡᠷᠦᠬᠡ ᠳᠤ ᠠᠰᠢᠭ ᠬᠦᠷᠲᠡᠭᠡᠭᠦ ᠪᠤᠯᠤᠨ᠎ᠠ᠃             ᠪᠤᠬᠢᠷᠳᠤᠯ ᠦᠭᠡᠢ ᠠᠵᠦ ᠦᠢᠯᠡᠰ ᠤᠨ ᠬᠦᠭᠵᠢᠯᠲᠡ ᠶᠢ ᠳᠡᠮᠵᠢᠬᠦ ᠠᠴᠠ ᠭᠠᠳᠠᠨ᠎ᠡ᠂ ᠪᠤᠬᠢᠷᠳᠤᠯ ᠦᠭᠡᠢ ᠮᠦᠡᠭᠭᠦᠨ  ᠭᠦᠢᠯᠭᠡᠭᠡ ᠪᠠᠰᠠ ᠤᠯᠠᠮᠵᠢᠯᠠᠯᠲᠦ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠪᠤᠬᠢᠷᠳᠤᠯ ᠦᠭᠡᠢ ᠬᠦᠭᠵᠢᠯᠳᠠ ᠶᠢᠨ  ᠵᠠᠮ ᠢᠶᠠᠷ ᠵᠠᠮᠨᠠᠬᠤ ᠶᠢ ᠲᠠᠰᠤᠷᠠᠯᠲᠠ ᠦᠭᠡᠢ ᠳᠡᠮᠵᠢᠭᠰᠡᠭᠡᠷ ᠢᠷᠡᠵᠡᠢ᠃ ᠦᠪᠦᠷ ᠮᠤᠩᠭᠤᠯ ᠤᠨ ᠢ ᠲᠠᠢ ᠪᠦᠯᠦᠭᠯᠡᠯ ᠪᠤᠯ  ᠲᠤᠬᠠᠢ ᠶᠢᠨ ᠭᠠᠵᠠᠷ ᠤᠨ ᠨᠡᠭᠦᠷᠡᠰᠦᠨ ᠤ ᠠᠵᠢᠯ ᠲᠦᠷᠦᠯ ᠡᠷᠬᠢᠯᠡᠵᠦ ᠪᠦᠬᠦᠢ ᠠᠵᠦ ᠠᠬᠤᠢᠢᠯᠠᠯ ᠲᠤᠳᠤᠷᠠᠬᠢ ᠳᠠᠭᠠᠭᠤᠯᠤᠬᠴᠢ  ᠠᠵᠦ ᠠᠬᠤᠢᠢᠯᠠᠯ ᠪᠤᠯᠤᠨ᠎ᠠ᠂ ᠤᠢᠢᠷ᠎ᠡ ᠶᠢᠨ ᠵᠢᠯ ᠳᠤ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢᠨ ᠲᠦᠯᠦᠭᠡ᠂  ᠲᠤᠰ ᠺᠤᠮᠫᠠᠨᠢ ᠪᠤᠬᠢᠷᠳᠤᠯ ᠦᠭᠡᠢ ᠬᠦᠭᠵᠢᠯᠳᠠ ᠶᠢᠨ ᠵᠠᠮ ᠢᠶᠠᠷ ᠵᠠᠮᠨᠠᠬᠤ ᠪᠠᠷ ᠤᠯᠡᠨ ᠲᠠᠯ᠎ᠠ ᠪᠠᠷ ᠦᠭᠡᠷᠡᠴᠢᠯᠠᠯᠲᠠ ᠬᠢᠭᠰᠡᠨ  ᠪᠠᠶᠢᠨ᠎ᠡ᠃               ᠢ ᠲᠠᠢ ᠪᠦᠯᠦᠭᠯᠡᠯ ᠤᠨ ᠵᠢᠯ ᠤᠨ ᠦᠢᠯᠡᠳᠪᠦᠷᠢᠯᠡᠯ ᠤᠨ ᠴᠢᠳᠠᠪᠬᠢ ᠨᠢ 120 ᠲᠦᠮᠡᠨ ᠲᠤᠨ ᠪᠤᠯᠬᠤ ᠨᠠᠷᠢᠯᠢᠭ  ᠬᠢᠮᠢ ᠶᠢᠨ ᠪᠦᠲᠦᠭᠡᠭᠳᠡᠭᠦᠨ ᠦᠢᠯᠡᠳᠪᠦᠷᠢᠯᠡᠬᠦ ᠲᠦᠷᠦᠯ ᠵᠦᠢᠯ ᠭᠤᠤᠯᠳᠠᠭᠤ ᠰᠢᠩᠭᠡᠨ ᠪᠡᠶᠡᠲᠦ ᠴᠢᠯᠠᠭᠤᠨ ᠯᠠ᠂ ᠫᠷᠤᠫᠢᠯ  ᠠᠯᠺᠤᠤᠯ᠂ ᠭᠤᠯᠭᠤᠭᠤᠷ ᠡᠳ᠋ ᠵᠡᠷᠭᠡ ᠪᠠᠷ ᠭᠤᠤᠯ ᠪᠦᠲᠦᠭᠡᠭᠳᠡᠭᠦᠨ ᠪᠤᠯᠭᠠᠵᠦ᠂ ᠨᠡᠭᠦᠷᠡᠰᠦ ᠬᠢᠮᠢ ᠶᠢᠨ ᠠᠵᠦ  ᠦᠢᠯᠡᠳᠪᠦᠷᠢ ᠶᠢᠨ ᠶᠡᠷᠦᠩᠬᠡᠶᠢᠯᠡᠨ ᠴᠡᠪᠡᠷᠰᠢᠭᠦᠯᠦᠨ ᠠᠰᠢᠬᠯᠠᠬᠤ ᠪᠠ ᠨᠡᠭᠦᠷᠡᠰᠦᠨ ᠤ ᠠᠵᠦ ᠠᠬᠤᠢᠢᠯᠠᠯ ᠤᠨ ᠠᠵᠦ  ᠦᠢᠯᠡᠰ ᠤᠨ ᠬᠡᠯᠬᠢᠶᠡᠵᠢᠯ ᠢ ᠤᠷᠳᠤᠳᠬᠠᠬᠤ ᠴᠢᠬᠤᠯᠠ ᠵᠢᠱᠢᠶ᠎ᠡ ᠦᠵᠡᠭᠦᠯᠬᠦ ᠲᠦᠷᠦᠯ ᠵᠦᠢᠯ ᠪᠤᠯᠵᠠᠢ᠃ ᠲᠤᠰ ᠲᠦᠷᠦᠯ  ᠵᠦᠢᠯ ᠳᠤ ᠵᠤᠷᠢᠭᠤᠯᠵᠦ᠂ ᠵᠦᠩ ᠰᠢᠨ ᠪᠠᠩᠭᠢ ᠶᠢᠨ ᠬᠦᠬᠡᠬᠤᠲᠠ ᠳᠠᠬᠢ ᠬᠤᠪᠢᠶᠠᠷᠢ ᠪᠠᠩᠭᠢ ᠢ ᠲᠠᠢ ᠪᠦᠯᠦᠭᠯᠡᠯ ᠳᠤ 60  ᠳ᠋ᠦᠡᠭᠰᠢᠭᠤᠷ ᠲᠦᠭᠦᠷᠢᠭ ᠤᠨ ᠵᠢᠭᠡᠯᠡᠯᠭᠡ ᠮᠦᠡᠭᠭᠦ ᠲᠠᠷᠬᠠᠭᠠᠬᠤ ᠶᠢᠨ ᠬᠠᠮᠲᠦ ᠪᠠᠰᠠ ᠨᠢᠭᠡ ᠪᠦᠯᠦᠭ ᠮᠦᠡᠭᠭᠦᠨ ᠭᠦᠢᠯᠭᠡᠭᠡ ᠶᠢᠨ  ᠦᠢᠯᠡᠴᠢᠯᠡᠭᠡ ᠶᠢᠨ ᠲᠦᠰᠦᠯ ᠬᠠᠨᠭ᠍ᠭᠠᠬᠰᠡᠨ ᠪᠠᠶᠢᠨ᠎ᠡ᠃ ᠡᠨᠡ ᠲᠤᠬᠠᠢ ᠢ ᠲᠠᠢ ᠪᠦᠯᠦᠭᠡᠯᠡᠯ ᠤᠨ ᠡᠳ᠋ ᠤᠨ ᠶᠠᠪᠤᠳᠠᠯ ᠤᠨ  ᠬᠡᠯᠲᠡᠰ ᠤᠨ ᠲᠠᠷᠤᠭ᠎ᠠ ᠶᠠᠩ ᠵᠢᠶᠠᠨ ᠵᠢᠶᠦ᠋ᠨ᠄ ︽ᠵᠦᠩ ᠰᠢᠨ ᠪᠠᠩᠭᠢ ᠶᠢᠨ ᠬᠦᠬᠡᠬᠤᠲᠠ ᠳᠠᠬᠢ ᠬᠤᠪᠢᠶᠠᠷᠢ ᠺᠤᠮᠫᠠᠨᠢ ᠶᠢᠨ  ᠳᠡᠮᠵᠢᠯᠭᠡ ᠲᠤᠤᠷ᠎ᠠ᠂ ᠵᠢᠯ ᠳᠤ 120 ᠲᠦᠮᠡᠨ ᠲᠤᠨ ᠤ ᠨᠠᠷᠢᠯᠢᠭ ᠬᠢᠮᠢ ᠶᠢᠨ ᠪᠦᠲᠦᠭᠡᠭᠳᠡᠭᠦᠨ ᠦᠢᠯᠡᠳᠪᠦᠷᠯᠡᠬᠦ ᠲᠦᠷᠦᠯ  ᠵᠦᠢᠯ ᠤᠨ ᠪᠡᠯᠡ ᠮᠦᠡᠭᠭᠦ ᠬᠤᠷᠠᠮᠳᠤᠭᠤᠯᠬᠤ ᠳᠤ ᠬᠦᠴᠢᠷ ᠠᠰᠠᠭᠤᠳᠠᠯ ᠲᠤᠤᠱᠲᠠᠢ ᠰᠢᠢᠳᠪᠦᠷᠢᠯᠡᠭᠳᠡᠵᠦ᠂ ᠲᠦᠷᠦᠯ  ᠵᠦᠢᠯ ᠤᠨ ᠪᠦᠬᠦ ᠶᠠᠪᠤᠴᠠ ᠮᠠᠰᠢ ᠤᠷᠤᠬᠰᠢᠲᠠᠢ ᠶᠠᠪᠤᠬᠳᠠᠬᠰᠡᠨ ᠪᠠᠶᠢᠨ᠎ᠡ︾ ᠭᠡᠵᠡᠢ᠃               ᠵᠦᠩ ᠰᠢᠨ ᠪᠠᠩᠭᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠭᠢ ᠶᠢᠨ ᠪᠤᠬᠢᠷᠳᠤᠯ ᠦᠭᠡᠢ ᠢᠲᠡᠭᠡᠮᠵᠢᠲᠦ  ᠵᠢᠭᠡᠯᠡᠯᠭᠡ ᠶᠢ ᠶᠡᠭᠡ ᠬᠦᠴᠦᠨ ᠢᠶᠠᠷ ᠬᠦᠭᠵᠢᠭᠦᠯᠵᠦ ᠪᠠᠶᠢᠭ᠎ᠠ ᠠᠵᠢᠯᠯᠠᠭ᠎ᠠ ᠪᠤᠯ ᠵᠦᠪᠬᠡᠨ ᠮᠠᠨ ᠤ ᠤᠷᠤᠨ ᠤ ᠪᠤᠬᠢᠷᠳᠤᠯ ᠦᠭᠡᠢ  ᠮᠦᠡᠭᠭᠦᠨ ᠭᠦᠢᠯᠭᠡᠭᠡ ᠶᠢ ᠬᠦᠭᠵᠢᠭᠦᠯᠵᠦ ᠪᠠᠶᠢᠭ᠎ᠠ ᠨᠢᠭᠡᠨ ᠬᠤᠷᠢᠶᠠᠩᠭᠤᠢ ᠲᠦᠷᠰᠦ ᠮᠦᠨ᠃ ᠤᠢᠢᠷ᠎ᠠ ᠶᠢᠨ ᠵᠢᠯ ᠳᠤ᠂  ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠡᠯ᠎ᠡ ᠮᠦᠡᠭᠭᠦᠨ ᠭᠦᠢᠯᠭᠡᠭᠡ ᠶᠢᠨ ᠪᠠᠶᠢᠭᠤᠯᠤᠮᠵᠢ  ᠬᠦᠷᠲᠡᠯ᠎ᠡ ᠪᠠᠨ ᠴᠦᠮ ᠪᠤᠬᠢᠷᠳᠤᠯ ᠦᠭᠡᠢ ᠬᠦᠭᠵᠢᠯᠲᠡ ᠶᠢ ᠡᠯ᠎ᠡ ᠠᠵᠢᠯ ᠲᠦ᠋ᠷᠦᠯ ᠤᠨ ᠴᠢᠬᠤᠯᠠ ᠪᠠᠶᠢᠷᠢᠨ ᠳᠤ ᠲᠠᠯᠪᠢᠵᠦ᠂  ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠰᠢᠨ᠎ᠡ ᠶᠢ ᠡᠭᠦᠳᠬᠦ ᠬᠦᠭᠵᠢᠯᠲᠡ ᠶᠢ ᠲᠠᠰᠤᠷᠠᠯᠲᠠ ᠦᠭᠡᠢ ᠠᠬᠢᠭᠤᠯᠤᠬᠰᠠᠭᠠᠷ  ᠢᠷᠡᠵᠡᠢ᠃  2017 ᠤᠨ ᠤ 3 ᠰᠠᠷ᠎ᠡ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠰᠢᠰᠲ᠋ᠧᠮ ᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠤᠭᠤᠷᠪᠢᠨ  ᠲᠤᠬᠲᠠᠭᠠᠵᠦ᠂ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠰᠢᠰᠲ᠋ᠧᠮ ᠢ ᠢᠳᠡᠪᠬᠢᠲᠡᠢ ᠴᠤᠬᠴᠠᠯᠠᠵᠦ᠂ ᠪᠤᠬᠢᠷᠳᠤᠯ ᠦᠭᠡᠢ  ᠠᠵᠦ ᠦᠢᠯᠡᠰ ᠤᠨ ᠬᠦᠭᠵᠢᠯᠲᠡ ᠶᠢ ᠳᠡᠮᠵᠢᠵᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ  ᠢᠳᠡᠪᠬᠢᠲᠡᠢ ᠠᠬᠢᠭᠤᠯᠤᠬᠰᠡᠨ ᠪᠠᠶᠢᠨ᠎ᠡ᠃ ᠡᠨᠡᠭᠦ ᠰᠠᠭᠤᠷᠢᠨ ᠳᠡᠭᠡᠷ᠎ᠡ᠂ ᠠᠯᠢ ᠤᠯᠠᠨ ᠬᠤᠳᠠᠯᠳᠤᠭᠠᠨ ᠤ ᠪᠠᠩᠭᠢ ᠨᠤᠭᠤᠳ  ᠪᠤᠬᠢᠷᠳᠤᠯ ᠦᠭᠡᠢ ᠢᠲᠡᠭᠡᠮᠵᠢᠲᠦ ᠵᠢᠭᠡᠯᠡᠯᠭᠡ᠂ ᠪᠤᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ᠂ ᠪᠤᠬᠢᠷᠳᠤᠯ ᠦᠭᠡᠢ  ᠬᠦᠭᠵᠢᠯᠲᠡ ᠶᠢᠨ ᠰᠠᠭᠤᠷᠢ ᠮᠦᠡᠭᠭᠦ ᠵᠡᠷᠭᠡ ᠮᠦᠡᠭᠭᠦᠨ ᠭᠦᠢᠯᠭᠡᠭᠡᠨ ᠶᠢᠨ ᠦᠢᠯᠡᠳᠬᠦᠨ ᠰᠤᠩᠭᠤᠬᠤ ᠪᠠᠷ ᠳᠠᠮᠵᠢᠵᠦ ᠪᠤᠬᠢᠷᠳᠤᠯ  ᠦᠭᠡᠢ ᠮᠦᠡᠭᠭᠦᠨ ᠭᠦᠢᠯᠭᠡᠭᠡ ᠶᠢ ᠬᠦᠭᠵᠢᠭᠦᠯᠵᠦ᠂ ᠪᠠᠩᠭᠢ ᠶᠢᠨ ᠲᠤᠰ ᠪᠡᠶ᠎ᠡ ᠶᠢᠨ ᠡᠵᠡᠩᠨᠡᠯᠲᠡ ᠬᠢᠭᠡᠳ ᠤᠷᠤᠨ ᠨᠤᠲᠤᠭ ᠤᠨ  ᠠᠵᠦ ᠠᠬᠤᠢ ᠶᠢᠨ ᠬᠦᠭᠵᠢᠯᠲᠡ ᠶᠢᠨ ᠬᠤᠤᠰ ᠠᠮᠵᠢᠯᠲᠠ ᠳᠤ ᠬᠦᠷᠭᠦ ᠪᠠᠷ ᠴᠢᠷᠮᠠᠶᠢᠨ ᠪᠤᠢ᠃           — ᠲᠤᠮᠳᠠᠳᠤ ᠤᠯᠤᠰ ᠤᠨ ᠪᠠᠩᠭᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠭᠢ ᠪᠤᠬᠢᠷᠳᠤᠯ ᠦᠭᠡᠢ  ᠢᠲᠡᠭᠡᠮᠵᠢᠲᠦ ᠵᠢᠭᠡᠯᠡᠯᠭᠡ ᠶᠢᠨ ᠲᠤᠬᠠᠢᠢᠯᠠᠬᠰᠡᠨ ᠠᠵᠢᠯ ᠲᠦᠷᠦᠯ ᠢ ᠬᠦᠴᠦᠯᠡᠨ ᠬᠦᠭᠵᠢᠭᠦᠯᠵᠦ᠂ ᠦᠪᠦᠷ ᠮᠤᠩᠭᠤᠯ ᠤᠨ ᠰᠢ  ᠳ᠋ᠥ᠋ᠸᠧ ᠲᠡᠮᠦᠷ ᠵᠠᠮ ᠤᠨ ᠬᠤᠪᠢᠴᠠᠭᠠᠲᠦ ᠬᠢᠵᠠᠭᠠᠷᠲᠦ ᠺᠤᠮᠫᠠᠨᠢ᠂ ᠳ᠋ᠠ ᠲᠠᠩ ︵ᠤᠯᠠᠭᠠᠨᠬᠠᠲᠠ︶ ᠰᠢᠨ᠎ᠡ ᠡᠨᠧᠷᠬᠢ ᠶᠢᠨ  ᠬᠢᠵᠠᠭᠠᠷᠲᠦ ᠺᠤᠮᠫᠠᠨᠢ᠂ ᠤᠮᠠᠷᠠᠲᠦ ᠶᠢᠨ ᠪᠧᠨ᠋ᠽᠢ ᠶᠢᠨ ᠬᠦᠨᠲᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠵᠡᠷᠭᠡ 10  ᠭᠠᠷᠤᠢ ᠠᠵᠦ ᠠᠬᠤᠢᠢᠯᠠᠯ ᠳᠤ ᠪᠤᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢᠨ ᠲᠦᠷᠦᠯ ᠵᠦᠢᠯ ᠬᠠᠨᠭ᠍ᠭᠠᠵᠠᠢ᠃  ᠤᠳᠤᠬᠠᠨ ᠳᠤ᠂ ᠲᠤᠮᠳᠠᠳᠤ ᠤᠯᠤᠰ ᠤᠨ ᠪᠠᠩᠭᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠭᠢ ᠶᠢᠨ ᠪᠤᠬᠢᠷᠳᠤᠯ ᠦᠭᠡᠢ  ᠢᠲᠡᠭᠡᠮᠵᠢᠲᠦ ᠵᠢᠭᠡᠯᠡᠯᠭᠡ ᠲᠠᠷᠬᠠᠭᠠᠬᠰᠡᠨ ᠭᠡᠮᠵᠢᠶ᠎ᠠ 320 ᠳ᠋ᠥ᠋ᠩᠰᠢᠭᠤᠷ ᠲᠦᠭᠦᠷᠢᠭ ᠲᠤᠯᠵᠦ᠂ ᠵᠢᠯ ᠤᠨ ᠡᠬᠢᠨ ᠤ ᠬᠢ ᠠᠴᠠ  22.6 ᠳ᠋ᠦᠡᠭᠰᠢᠭᠤᠷ ᠲᠦᠭᠦᠷᠢᠭ ᠨᠡᠮᠡᠭᠳᠡᠵᠦ᠂ ᠪᠦᠬᠦ ᠺᠤᠮᠫᠠᠨᠢ ᠶᠢᠨ ᠵᠢᠭᠡᠯᠡᠯᠭᠡ ᠶᠢᠨ 26.17 % ᠢ ᠡᠵᠡᠯᠡᠪᠡ︔            — ᠲᠤᠮᠳᠠᠳᠤ ᠤᠯᠤᠰ ᠤᠨ ᠨᠡᠬᠡᠭᠡᠯᠲᠡ ᠬᠦᠭᠵᠢᠭᠦᠯᠦᠯᠲᠡ ᠶᠢᠨ ᠪᠠᠩᠭᠢ ᠶᠢᠨ ᠦᠪᠦᠷ ᠮᠤᠩᠭᠤᠯ ᠳᠠᠬᠢ  ᠬᠤᠪᠢᠶᠠᠷᠢ ᠪᠠᠩᠭᠢ ᠠᠯᠠᠱᠠ ᠪᠠᠷᠠᠭᠤᠨ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠬᠤᠶᠠᠳᠤᠭᠠᠷ ᠬᠤᠭᠤᠴᠠᠭᠠᠨ ᠤ  49.5 MW ᠢᠨᠵᠧᠨᠧᠷᠢᠩ ᠤᠨ ᠲᠦᠷᠦᠯ ᠵᠦᠢᠯ ᠢ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠲᠦᠷᠦᠯ ᠵᠦᠢᠯ ᠢᠶᠠᠷ  ᠳᠡᠮᠵᠢᠵᠦ᠂ ᠵᠢᠭᠡᠯᠡᠯᠭᠡ ᠦᠭᠭᠦᠭᠰᠡᠨ ᠭᠡᠮᠵᠢᠶ᠎ᠠ ᠪᠠᠷᠤᠭ 373 ᠳ᠋ᠦᠡᠭᠰᠢᠭᠤᠷ ᠲᠦᠭᠦᠷᠢᠭ ᠲᠤᠯᠵᠠᠢ︔            — ᠲᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠭᠢ ᠶᠢᠨ ᠦᠪᠦᠷ ᠮᠤᠩᠭᠤᠯ ᠳᠠᠬᠢ ᠬᠤᠪᠢᠶᠠᠷᠢ  ᠪᠠᠩᠭᠢ ︽ᠲᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠭᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠭᠢ  ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠲᠤᠬᠠᠢᠢᠯᠠᠬᠰᠡᠨ ᠠᠵᠢᠯ ᠲᠦᠷᠦᠯ ᠢ ᠬᠦᠭᠵᠢᠭᠦᠯᠬᠦ ᠶᠢ ᠪᠦᠬᠦ ᠲᠠᠯ᠎ᠡ ᠪᠠᠷ  ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠤᠭᠤᠷᠪᠢᠨ ᠲᠤᠬᠲᠠᠭᠠᠵᠦ᠂ ᠬᠤᠪᠢᠶᠠᠷᠢ ᠪᠠᠩᠭᠢ ᠶᠢᠨ ᠪᠤᠬᠢᠷᠳᠤᠯ ᠦᠭᠡᠢ  ᠮᠦᠡᠭᠭᠦᠨ ᠭᠦᠢᠯᠭᠡᠭᠡ ᠶᠢᠨ ᠠᠵᠢᠯ ᠲᠦᠷᠦᠯ ᠢ ᠬᠦᠭᠵᠢᠭᠦᠯᠬᠦ ᠲᠦᠯᠦᠪᠵᠢᠭᠦᠯᠭᠡ ᠶᠢ ᠲᠤᠳᠤᠷᠬᠠᠢ ᠪᠤᠯᠭᠠᠵᠦ᠂ ᠤᠳᠤᠬᠠᠨ  ᠪᠤᠯᠲᠠᠯ᠎ᠡ ᠪᠤᠬᠢᠷᠳᠤᠯ ᠦᠭᠡᠢ ᠵᠢᠭᠡᠯᠡᠯᠭᠡ ᠲᠠᠷᠭᠠᠬᠠᠬᠰᠡᠨ ᠬᠡᠮᠵᠢᠶ᠎ᠡ 258.61 ᠳ᠋ᠦᠡᠭᠰᠢᠭᠤᠷ ᠲᠦᠭᠦᠷᠢᠭ ᠲᠤᠯᠵᠠᠢ︔            — 7 ᠰᠠᠷ᠎ᠡ ᠶᠢᠨ 18 ᠤ ᠡᠳᠦᠷ᠂ ᠰᠢᠩ ᠶᠧ ᠪᠠᠩᠭᠢ ᠬᠢᠭᠡᠳ ᠦᠪᠦᠷ ᠮᠤᠩᠭᠤᠯ ᠤᠨ ᠦᠪᠡᠷᠲᠡᠭᠡᠨ ᠵᠠᠰᠠᠬᠤ  ᠤᠷᠤᠨ ᠤ ᠠᠷᠠᠳ ᠤᠨ ᠵᠠᠰᠠᠭ ᠤᠨ ᠤᠷᠳᠤᠨ ︽ᠪᠤᠬᠢᠷᠳᠦᠯ ᠦᠭᠡᠢ ᠮᠦᠡᠭᠭᠦᠨ ᠭᠦᠢᠯᠭᠡᠭᠡ ᠶᠢᠨ ᠰᠢᠰᠲ᠋ᠧᠮ ᠢ ᠪᠠᠶᠢᠭᠤᠯᠬᠤ︾  ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠵᠦᠪᠳᠡᠯᠴᠡᠭᠡᠷ ᠲᠤ᠂  ᠪᠦᠬᠦ᠋ᠢᠯᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠰᠢᠩ ᠶᠧ  ᠪᠠᠩᠭᠢ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠡᠯ᠎ᠡ ᠲᠦᠷᠦᠯ ᠤᠨ ᠪᠤᠬᠢᠷᠳᠤᠯ ᠦᠭᠡᠢ ᠪᠡᠯᠡ  ᠬᠤᠷᠠᠮᠳᠤᠭᠤᠯᠭ᠎ᠠ ᠳᠤ 300 ᠳ᠋ᠦᠡᠭᠰᠢᠭᠤᠷ ᠲᠦᠭᠦᠷᠢᠭ ᠬᠠᠨᠭ᠍ᠭᠠᠵᠦ᠂ ᠪᠤᠬᠢᠷᠳᠤᠯ ᠦᠭᠡᠢ ᠬᠦᠷᠦᠩᠭᠡ ᠶᠢᠨ  ᠬᠠᠮᠢᠶᠠᠷᠤᠯᠲᠠ ᠶᠢᠨ ᠬᠡᠪᠴᠢᠶᠡᠵᠢᠯ ᠢ 1000 ᠳ᠋ᠦᠡᠭᠰᠢᠭᠤᠷ ᠲᠦᠭᠦᠷᠢᠭ ᠲᠤ ᠬᠦᠷᠭᠡᠨ᠎ᠠ ᠭᠡᠵᠡᠢ᠂ ᠬᠠᠮᠲᠦ ᠳᠤᠨᠢ ᠲᠤᠰ  ᠪᠠᠩᠭᠢ ᠪᠠᠰᠠ ᠬᠤᠷᠢᠨᠭᠡᠷ ᠰᠢᠨ᠎ᠡ ᠲᠤᠭᠤᠷᠢᠭ ᠢᠶᠠᠷ ᠠᠴᠢᠶᠠᠯᠠᠪᠤᠷᠢ ᠪᠤᠯᠭᠠᠬᠰᠡᠨ ᠤᠯᠤᠰ ᠤᠨ ᠪᠤᠬᠢᠷᠳᠤᠯ ᠦᠭᠡᠢ ᠮᠦᠡᠭᠭᠦᠨ  ᠭᠦᠢᠯᠭᠡᠭᠡ ᠶᠢ ᠦᠭᠡᠷᠡᠴᠢᠯᠡᠵᠦ ᠰᠢᠨ᠎ᠡ ᠶᠢ ᠡᠭᠦᠳᠬᠦ ᠲᠤᠷᠰᠢᠯᠲᠠ ᠶᠢᠨ ᠲᠤᠭᠤᠷᠢᠭ ᠪᠠᠷ ᠮᠡᠳᠡᠭᠦᠯᠬᠦ ᠳᠤ ᠬᠦᠴᠦ ᠨᠡᠮᠡᠷᠢᠯᠡᠭᠰᠡᠨ  ᠪᠠᠶᠢᠨ᠎ᠡ︔            — ᠫᠦ᠋ ᠹᠠ ᠪᠠᠩᠭᠢ ᠶᠢᠨ ᠬᠦᠬᠡᠬᠤᠲᠠ ᠳᠠᠬᠢ ᠬᠤᠪᠢᠶᠠᠷᠢ ᠪᠠᠩᠭᠢ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ  ᠪᠦᠲᠦᠭᠡᠭᠳᠡᠭᠦᠨ ᠤ ᠰᠢᠨ᠎ᠡ ᠶᠢ ᠡᠭᠦᠳᠴᠦ᠂ ᠢᠲᠡᠭᠡᠮᠵᠢᠲᠦ ᠵᠢᠭᠡᠯᠡᠯᠭᠡ ᠶᠢ ᠬᠢᠨᠠᠨ ᠵᠦᠪᠰᠢᠶᠡᠷᠡᠬᠦ ᠰᠠᠭᠠᠳ ᠦᠭᠡᠢ ᠨᠡᠪᠳᠡᠷᠡᠭᠦ  ᠵᠠᠮ ᠢ ᠬᠠᠶᠢᠨ ᠰᠦᠪᠡᠭᠴᠢᠯᠡᠵᠦ᠂ ᠶᠡᠷᠦᠩᠬᠡᠢ ᠪᠠᠩᠭᠢ ᠶᠢᠨ ᠡᠬᠢ ᠪᠠᠶᠠᠯᠢᠭ ᠢ ᠭᠤᠶᠤᠴᠢᠯᠠᠵᠦ᠂ ᠭᠦᠸᠧ ᠱᠦᠢ ᠪᠦᠯᠦᠭᠯᠡᠯ ᠤᠨ  ᠬᠤᠸᠠᠳᠧ ᠶᠢᠨ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠦ ᠺᠤᠮᠫᠠᠨᠢ ᠶᠢᠨ ᠲᠦᠷᠦᠯ ᠵᠦᠢᠯ ᠪᠠ ᠪᠤᠤ ᠭᠠᠩ  ᠪᠦᠯᠦᠭᠯᠡᠯ ᠤᠨ ᠭᠠᠩ ᠯᠢᠶᠠᠨ ᠬᠤᠪᠢᠴᠠᠭᠠᠲᠦ ᠬᠢᠵᠠᠭᠠᠷᠲᠦ ᠺᠤᠮᠫᠠᠨᠢ ᠶᠢᠨ ᠮᠡᠷᠭᠡᠵᠢᠯ ᠤᠨ ᠦᠭᠡᠷᠡᠴᠢᠯᠡᠯᠲᠡ ᠶᠢᠨ ᠲᠦᠷᠦᠯ  ᠵᠦᠢᠯ ᠳᠤ 4350 ᠲᠦᠮᠡᠨ ᠲᠦᠭᠦᠷᠢᠭ ᠤᠨ ᠦᠪᠡᠷ ᠤᠨ ᠦᠷᠳᠡᠭ ᠲᠤᠤᠷ᠎ᠠ AFD ᠵᠢᠭᠡᠯᠡᠯᠭᠡ ᠬᠠᠨᠭ᠍ᠭᠠᠪᠡ᠂ ᠦᠨᠤ  ᠪᠤᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠲᠠᠷᠬᠠᠭᠠᠬᠰᠡᠨ ᠬᠡᠮᠵᠢᠶ᠎ᠡ ᠨᠢᠭᠡᠨᠳᠠ 66 ᠳ᠋ᠥ᠋ᠩᠰᠢᠭᠤᠷ ᠲᠦᠭᠦᠷᠢᠭ ᠲᠤᠯᠵᠠᠢ᠃ ᠡᠯ᠎ᠠ ᠮᠦᠡᠭᠭᠦᠨ ᠭᠦᠢᠯᠭᠡᠭᠡ ᠶᠢᠨ ᠪᠠᠶᠢᠭᠤᠯᠤᠮᠵᠢ ᠲᠤᠰ ᠲᠤᠰ ᠤᠨ ᠤᠨᠴᠠᠯᠢᠭ ᠪᠠ ᠪᠤᠳᠠᠳᠤ ᠪᠠᠶᠢᠳᠠᠯ ᠳᠠᠭᠠᠨ ᠦᠨᠳᠦᠰᠦᠯᠡᠨ  ᠢᠲᠡᠭᠡᠮᠵᠢᠲᠦ ᠵᠢᠭᠡᠯᠡᠯᠭᠡ ᠶᠢᠨ ᠲᠦᠷᠦᠯ ᠵᠦᠢᠯ ᠢ ᠢᠳᠡᠪᠬᠢᠲᠡᠢ ᠠᠬᠢᠭᠤᠯᠬᠤ ᠶᠢᠨ ᠵᠡᠷᠭᠡᠪᠡᠷ ᠪᠤᠬᠢᠷᠳᠤᠯ ᠦᠭᠡᠢ ᠵᠢᠭᠡᠯᠡᠯᠭᠡ ᠶᠢᠨ  ᠲᠡᠮᠳᠡᠭᠲᠦ ᠲᠠᠷᠬᠠᠭᠠᠬᠤ ᠭᠡᠯᠪᠡᠷᠢ ᠪᠠᠷ ᠮᠠᠨ ᠤ ᠤᠷᠤᠨ ᠤ ᠪᠤᠬᠢᠷᠳᠤᠯ ᠦᠭᠡᠢ ᠬᠦᠭᠵᠢᠯᠳᠠ ᠶᠢ ᠲᠠᠮᠵᠢᠨ ᠠᠬᠢᠭᠤᠯᠤᠬᠰᠠᠭᠠᠷ  ᠢᠷᠡᠵᠡᠢ᠃             ᠡᠨᠡ ᠵᠢᠯ ᠤᠨ ᠡᠬᠢᠨ ᠳᠤ᠂ ᠲᠤᠮᠳᠠᠳᠤ ᠤᠯᠤᠰ ᠤᠨ ᠪᠠᠷᠠᠭᠤᠨ ᠤᠷᠤᠨ ᠤ ᠠᠩᠬᠠᠳᠠᠬᠴᠢ 5 ᠳ᠋ᠦᠡᠭᠰᠢᠭᠤᠷ  ᠲᠦᠭᠦᠷᠢᠭ ᠤᠨ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠵᠢᠭᠡᠯᠡᠯᠭᠡ ᠶᠢᠨ ᠲᠡᠮᠳᠡᠭᠲᠦ ᠶᠢ ᠦᠬᠠᠢ ᠪᠠᠩᠭᠢ ᠠᠴᠠ  ᠠᠮᠵᠢᠯᠲᠠ ᠲᠠᠢ ᠲᠠᠷᠬᠠᠭᠠᠪᠡ᠂ ᠵᠢᠭᠡᠯᠡᠯᠭᠡ ᠶᠢᠨ ᠲᠡᠮᠳᠡᠭᠳᠤ ᠳᠠᠷᠬᠠᠭᠠᠬᠤ ᠪᠠᠷ ᠲᠠᠮᠵᠢᠨ ᠴᠤᠬᠯᠠᠭᠤᠯᠵᠦ ᠤᠯᠤᠬᠰᠡᠨ ᠪᠡᠯᠡ  ᠮᠦᠡᠭᠭᠦ ᠪᠠᠨ ᠪᠦᠬᠦᠨ ᠢ ᠲᠤᠮᠳᠠᠳᠤ ᠤᠯᠤᠰ ᠤᠨ ᠮᠦᠡᠭᠭᠦᠨ ᠭᠦᠢᠯᠭᠡᠭᠡ ᠶᠢᠨ ᠨᠡᠶᠢᠭᠡᠮᠯᠢᠭ ᠤᠨ ᠪᠤᠬᠢᠷᠳᠤᠯ ᠦᠭᠡᠢ ᠮᠦᠡᠭᠭᠦᠨ  ᠭᠦᠢᠯᠭᠡᠭᠡ ᠶᠢᠨ ᠲᠤᠰᠬᠠᠢ ᠮᠡᠷᠭᠡᠵᠢᠯ ᠤᠨ ᠵᠦᠪᠯᠡᠯ ᠠᠴᠠ ᠲᠤᠬᠲᠠᠭᠠᠬᠰᠡᠨ ᠪᠤᠬᠢᠷᠳᠤᠯ ᠦᠭᠡᠢ ᠠᠵᠦ ᠦᠢᠯᠡᠰ ᠤᠨ ᠲᠦᠷᠦᠯ  ᠵᠦᠢᠯ ᠳᠤ ᠬᠡᠷᠡᠭᠯᠡᠪᠡ᠃ ᠲᠠᠷᠤᠢ ᠦᠬᠠᠢ ᠬᠤᠲᠠ ᠶᠢᠨ ᠪᠤᠬᠢᠷᠳᠤᠯ ᠢ ᠰᠡᠷᠭᠡᠶᠢᠯᠡᠨ ᠵᠠᠰᠠᠬᠤ᠂ ᠴᠡᠪᠡᠷ ᠡᠨᠧᠷᠬᠢ᠂ ᠡᠨᠧᠷᠬᠢ  ᠠᠷᠪᠢᠯᠠᠬᠤ ᠵᠡᠷᠭᠡ ᠲᠦᠷᠦᠯ ᠵᠦᠢᠯ ᠳᠤ ᠬᠤᠯᠪᠤᠬᠳᠠᠬᠰᠡᠨ 5 ᠠᠵᠦ ᠠᠬᠤᠢᠢᠯᠠᠯ ᠢ ᠬᠠᠮᠦᠷᠴᠦ᠂ ᠦᠬᠠᠢ ᠬᠤᠲᠠ ᠶᠢᠨ  ᠪᠤᠬᠢᠷᠳᠤᠯ ᠦᠭᠡᠢ ᠠᠵᠦ ᠦᠢᠯᠡᠰ ᠤᠨ ᠬᠦᠭᠵᠢᠯᠲᠡ ᠳᠤ ᠲᠤᠩ ᠶᠡᠭᠡ ᠠᠬᠢᠭᠤᠯᠬᠤ ᠦᠢᠯᠡᠳᠦᠯ ᠦᠵᠡᠭᠦᠯᠵᠤ᠂ ᠦᠬᠠᠢ  ᠬᠤᠲᠠ ᠶᠢᠨ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢᠨ ᠰᠢᠰᠲ᠋ᠧᠮ ᠢ ᠴᠤᠬᠴᠠᠯᠠᠬᠤ ᠳᠤ ᠵᠠᠩᠭᠢᠯᠠᠭ᠎ᠠ ᠶᠢᠨ ᠨᠢᠭᠡ  ᠠᠯᠬᠤᠮ ᠢ ᠠᠯᠬᠤᠬᠰᠡᠨ ᠪᠠᠶᠢᠨ᠎ᠡ᠃              8 ᠰᠠᠷ᠎ᠡ ᠶᠢᠨ ᠰᠡᠭᠦᠯᠴᠢ ᠳᠤ᠂ ᠮᠧᠩ ᠼᠤᠤ ᠠᠮᠢ ᠠᠬᠤᠢ ᠶᠢᠨ ᠤᠷᠴᠢᠨ ᠲᠤᠭᠤᠷᠢᠨ ᠤ ᠬᠤᠪᠢᠴᠠᠭᠠᠲᠦ ᠬᠢᠵᠠᠭᠠᠷᠲᠦ ᠺᠤᠮᠫᠠᠨᠢ 2.5 ᠳ᠋ᠦᠡᠭᠰᠢᠭᠤᠷ ᠲᠦᠭᠦᠷᠢᠭ ᠤᠨ ᠪᠤᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢ ᠢᠯᠡ ᠪᠠᠷ  ᠲᠠᠷᠬᠠᠭᠠᠪᠡ᠂ ᠡᠨᠡ ᠨᠢ ᠮᠠᠨ ᠤ ᠤᠷᠤᠨ ᠤ ᠠᠵᠦ ᠠᠬᠤᠢᠢᠯᠠᠯ ᠤᠨ ᠠᠩᠬᠠᠳᠠᠬᠴᠢ ᠪᠤᠬᠢᠷᠳᠤᠯ ᠦᠭᠡᠢ ᠺᠤᠮᠫᠠᠨᠢ ᠶᠢᠨ  ᠵᠢᠭᠡᠯᠡᠯᠭᠡ ᠶᠢᠨ ᠲᠡᠮᠳᠡᠭᠲᠦ ᠠᠮᠵᠢᠯᠲᠠ ᠲᠠᠢ ᠲᠠᠷᠬᠠᠭᠠᠬᠳᠠᠬᠰᠡᠨ ᠢ ᠬᠠᠷᠠᠭᠤᠯᠤᠬᠰᠡᠨ ᠪᠠᠶᠢᠨ᠎ᠡ᠃ ᠲᠤᠰ ᠬᠤᠭᠤᠴᠠᠭᠠᠨ ᠤ  ᠵᠢᠭᠡᠯᠡᠯᠭᠡ ᠶᠢᠨ ᠲᠡᠮᠳᠡᠭᠲᠦ ᠨᠢ ᠮᠦᠨᠴᠦ ᠪᠠᠷᠠᠭᠤᠨ ᠤᠷᠤᠨ ᠤ ᠠᠩᠬᠠᠳᠠᠬᠴᠢ ᠪᠤᠬᠢᠷᠳᠤᠯ ᠦᠭᠡᠢ ᠺᠤᠮᠫᠠᠨᠢ ᠶᠢᠨ ᠵᠢᠭᠡᠯᠡᠯᠭᠡ ᠶᠢᠨ  ᠲᠡᠮᠳᠡᠭᠲᠦ ᠪᠠᠶᠢᠵᠦ᠂ ᠪᠤᠬᠢᠷᠳᠤᠯ ᠦᠭᠡᠢ ᠮᠦᠡᠭᠭᠦᠨ ᠭᠦᠢᠯᠭᠡᠭᠡ ᠶᠢ ᠦᠷᠨᠢᠭᠦᠯᠬᠦ ᠰᠢᠯᠢᠳᠡᠭ ᠬᠡᠷᠡᠭ ᠤᠨ ᠵᠢᠱᠢᠶ᠎ᠡ ᠪᠠ  ᠦᠢᠯᠡᠳᠦᠯᠭᠡ ᠶᠢᠨ ᠬᠤᠰᠢᠭᠤᠴᠢ ᠪᠤᠯᠤᠬᠰᠡᠨ ᠪᠠᠶᠢᠨ᠎ᠡ᠃            9 ᠰᠠᠷ᠎ᠡ ᠳᠤ᠂ ᠦᠪᠡᠷᠲᠡᠭᠡᠨ ᠵᠠᠰᠠᠬᠤ ᠤᠷᠤᠨ ᠤ ᠮᠦᠡᠭᠭᠦᠨ ᠭᠦᠢᠯᠭᠡᠭᠡ ᠶᠢᠨ ᠠᠯᠪᠠᠨ ᠭᠡᠷ ᠬᠢᠭᠡᠳ ᠰᠢᠩ ᠶᠧ  ᠪᠠᠩᠭᠢ ᠶᠢᠨ ᠬᠦᠬᠡᠬᠤᠲᠠ ᠳᠠᠬᠢ ᠬᠤᠪᠢᠶᠠᠷᠢ ᠪᠠᠩᠭᠢ ᠬᠠᠮᠳᠤᠷᠠᠵᠦ ᠵᠤᠬᠢᠶᠠᠨ ᠪᠠᠶᠢᠭᠤᠯᠤᠬᠰᠡᠨ ︽2017 ᠤᠨ ᠤ ᠦᠪᠦᠷ  ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠦ ᠠᠬᠤᠢᠢᠯᠠᠯ ᠤᠨ ᠬᠢᠯᠢ ᠶᠢᠨ ᠭᠠᠳᠠᠨ᠎ᠡ ᠵᠢᠭᠡᠯᠡᠯᠭᠡ ᠶᠢᠨ ᠲᠡᠮᠳᠡᠭᠲᠦ  ᠲᠠᠷᠬᠠᠭᠠᠬᠤ ᠵᠢᠴᠢ ᠪᠤᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢᠨ ᠲᠤᠰᠬᠠᠢ ᠰᠡᠳᠦᠪᠲᠦ ᠶᠠᠷᠢᠯᠴᠠᠨ ᠰᠤᠳᠤᠯᠬᠤ ᠬᠤᠷᠠᠯ︾ ᠬᠦᠬᠡᠬᠤᠲᠠᠨ᠎ᠡ ᠠᠮᠵᠢᠯᠲᠠ ᠲᠠᠢ ᠶᠠᠪᠤᠬᠳᠠᠵᠦ᠂ ᠦᠪᠦᠷ ᠮᠤᠩᠭᠤᠯ ᠤᠨ ᠪᠤᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢᠨ  ᠵᠠᠬ᠎ᠠ ᠳᠡᠯᠭᠡᠭᠦᠷ ᠤᠨ ᠡᠷᠡᠭᠦᠯ ᠬᠦᠭᠵᠢᠯᠳᠠ ᠳᠤ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃              ︽ᠪᠤᠬᠢᠷᠳᠤᠯ ᠦᠭᠡᠢ ᠪᠤᠯ ᠦᠪᠦᠷ ᠮᠤᠩᠭᠤᠯ ᠤᠨ ᠤᠨᠴᠠᠯᠢᠭ ᠪᠠ ᠳᠠᠪᠠᠭᠤᠯᠢᠭ ᠮᠦᠨ᠃ ᠤᠳᠤᠬᠠᠨ ᠳᠤ ᠮᠠᠨ ᠤ  ᠤᠷᠤᠨ ᠶᠠᠭ ᠠᠵᠦ ᠠᠬᠤᠢ ᠶᠢᠨ ᠪᠦᠲᠦᠴᠡ ᠶᠢᠨ ᠲᠤᠬᠢᠷᠠᠭᠤᠯᠤᠯᠳᠠ ᠪᠠ ᠬᠦᠭᠵᠢᠯᠲᠠ ᠶᠢᠨ ᠬᠡᠯᠪᠡᠷᠢ ᠪᠠᠨ ᠬᠤᠪᠢᠷᠠᠭᠤᠯᠬᠤ  ᠵᠠᠩᠬᠢᠯᠠᠭ᠎ᠠ ᠶᠢᠨ ᠱᠠᠲᠦ ᠦᠶ᠎ᠡ ᠳᠤ ᠤᠷᠤᠰᠢᠵᠦ᠂ ᠪᠤᠬᠢᠷᠳᠤᠯ ᠦᠭᠡᠢ ᠮᠦᠡᠭᠭᠦᠨ ᠭᠦᠢᠯᠭᠡᠭᠡ ᠪᠠᠷ ᠳᠠᠮᠵᠢᠵᠦ ᠦᠪᠦᠷ  ᠮᠤᠩᠭᠤᠯ ᠤᠨ ᠠᠵᠦ ᠠᠬᠤᠢ ᠶᠢ ᠲᠠᠷᠤᠢ ᠲᠦᠷᠭᠡᠨ ᠢᠶᠠᠷ ᠪᠤᠬᠢᠷᠳᠤᠯ ᠦᠭᠡᠢ ᠬᠦᠭᠵᠢᠯᠳᠠ ᠶᠢᠨ ᠵᠠᠮ ᠳᠤ ᠤᠷᠤᠭᠤᠯᠬᠤ ᠪᠤᠯ  ᠦᠰᠦᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠮᠠᠨ ᠤ ᠤᠯᠤᠰ ᠤᠨ ᠤᠮᠠᠷᠠᠲᠦ ᠶᠢᠨ ᠠᠮᠢ ᠠᠬᠤᠢ ᠶᠢᠨ ᠠᠮᠦᠷ  ᠲᠦᠪᠰᠢᠨ ᠤ ᠴᠢᠬᠤᠯᠠ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠵᠠᠶᠢᠯᠠᠰᠢ ᠦᠭᠡᠢ ᠶᠠᠪᠤᠬᠤ ᠵᠠᠮ ᠮᠦᠨ︾ ᠭᠡᠵᠦ  ᠦᠪᠡᠷᠲᠡᠭᠡᠨ ᠵᠠᠰᠠᠬᠤ ᠤᠷᠤᠨ ᠤ ᠮᠦᠡᠭᠭᠦᠨ ᠭᠦᠢᠯᠭᠡᠭᠡ ᠶᠢᠨ ᠠᠯᠪᠠᠨ ᠭᠡᠷ ᠤᠨ ᠡᠷᠬᠢᠯᠡᠭᠴᠢ ᠵᠢᠶᠠᠨ ᠬᠤᠸᠠ ᠶᠠᠷᠢᠪᠡ᠃              ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ᠂ ︽ᠵᠠᠬ᠎ᠠ ᠳᠡᠯᠭᠡᠭᠦᠷ ᠢᠶᠠᠷ ᠤᠳᠤᠷᠢᠳᠤᠮᠵᠢ  ᠪᠤᠯᠭᠠᠬᠰᠡᠨ ᠪᠤᠬᠢᠷᠳᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠴᠤᠬᠴᠠᠯᠠᠵᠦ᠂ ᠪᠤᠬᠢᠷᠳᠤᠯ ᠦᠭᠡᠢ  ᠮᠦᠡᠭᠭᠦᠨ ᠭᠦᠢᠯᠭᠡᠭᠡ ᠶᠢ ᠠᠬᠢᠭᠤᠯᠵᠦ᠂ ᠡᠨᠧᠷᠬᠢ ᠠᠷᠪᠢᠯᠠᠬᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠦ ᠦᠢᠯᠡᠰ ᠢ  ᠪᠤᠵᠠᠭᠠᠢᠢᠷᠠᠭᠤᠯᠵᠦ᠂ ᠦᠢᠯᠡᠳᠪᠦᠷᠢᠯᠡᠯ ᠤᠨ ᠠᠵᠦ ᠦᠢᠯᠡᠰ ᠢ ᠴᠡᠪᠡᠷᠰᠢᠭᠦᠯᠤᠨ᠂ ᠡᠨᠧᠷᠬᠢ ᠶᠢᠨ ᠠᠵᠦ ᠦᠢᠯᠡᠰ ᠢ  ᠴᠡᠪᠡᠷᠰᠢᠭᠦᠯᠦᠨ᠎ᠡ︾ ᠭᠡᠪᠡ᠃ ᠡᠨᠡ ᠨᠢ ᠮᠠᠨ ᠤ ᠤᠷᠤᠨ ᠤ ᠲᠠᠷᠠᠭᠠᠴᠢ ᠶᠢᠨ ᠠᠯᠬᠤᠮ ᠤᠨ ᠪᠤᠬᠢᠷᠳᠤᠯ ᠦᠭᠡᠢ ᠮᠦᠡᠭᠭᠦᠨ  ᠭᠦᠢᠯᠭᠡᠭᠡ ᠶᠢᠨ ᠬᠦᠭᠵᠢᠯᠲᠡ ᠳᠤ ᠲᠤᠳᠤᠷᠬᠠᠢ ᠴᠢᠭᠯᠡᠯ ᠢ ᠵᠢᠭᠠᠨ ᠦᠭᠭᠦᠭᠰᠡᠨ ᠪᠠᠶᠢᠨ᠎ᠠ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号