ᠠᠭᠤᠰᠬᠢᠨ ᠦᠷᠪᠢᠰᠦᠯ ᠴᠢᠰᠤ ᠨᠦᠵᠢᠷᠡᠬᠦ ᠡᠪᠡᠳᠴᠢᠨ ᠢ ᠤᠰᠠᠳᠬᠠᠬᠤ ᠰᠢᠨ᠎ᠡ ᠸᠠᠺᠼᠢᠨ
ᠨᠡᠶᠢᠲᠡᠯᠡᠭᠰᠡᠨ ᠴᠠᠭ᠄
2017/11/23
   ᠠᠮᠧᠷᠢᠺᠠ ᠶᠢᠨ ᠰᠤᠳᠤᠯᠭᠠᠳᠠᠳ ᠤᠢᠢᠷ᠎ᠠ ᠳᠤ ᠨᠢᠭᠡ ᠵᠦᠢᠯ ᠤᠨ ᠰᠢᠨ᠎ᠡ ᠸᠠᠺᠼᠢᠨ ᠢ ᠰᠤᠳᠤᠯᠤᠨ ᠭᠠᠷᠭᠠᠪᠡ᠂ ᠡᠨᠡ ᠨᠢ ᠠᠭᠤᠰᠬᠢᠨ ᠦᠷᠪᠢᠰᠦᠯ᠂ ᠴᠢᠰᠤ ᠨᠦᠵᠢᠷᠡᠬᠦ ᠡᠪᠡᠳᠴᠢᠨ ᠪᠠ ᠳᠠᠷᠢᠬᠢᠨ ᠤ ᠰᠠᠯᠢᠰᠤᠳᠤ ᠪᠦᠷᠬᠦᠪᠴᠢ ᠶᠢᠨ ᠦᠷᠪᠢᠰᠦᠯ ᠢ ᠦᠨᠳᠦᠰᠦᠨ ᠠᠴᠠ ᠨᠢ ᠠᠷᠢᠯᠭᠠᠬᠤ ᠪᠤᠯᠤᠮᠵᠢ ᠲᠠᠢ ᠪᠠᠶᠢᠪᠠ᠃ ᠡᠨᠡ ᠭᠤᠷᠪᠠᠨ ᠵᠦᠢᠯ ᠤᠨ ᠡᠪᠡᠳᠴᠢᠨ ᠪᠤᠯ ᠴᠦᠮ ᠠᠭᠤᠰᠬᠢᠨ ᠦᠷᠪᠢᠰᠦᠯ ᠤᠨ ᠭᠡᠯᠬᠢᠶ᠎ᠡ ᠪᠦᠮᠪᠦᠭᠡᠨ ᠪᠠᠺᠲ᠋ᠧᠷᠢ ᠬᠠᠯᠳᠠᠪᠤᠷᠢᠯᠠᠭᠰᠠᠨ ᠠᠴᠠ ᠡᠬᠦᠰᠳᠡᠭ ᠮᠦᠷᠲᠡᠭᠡᠨ ᠬᠦᠨᠳᠦ ᠨᠤᠴᠢᠳᠠᠢ ᠦᠶᠡᠰ ᠠᠮᠢᠨ ᠳᠤ ᠤᠷᠤᠳᠠᠭ᠃    ᠠᠭᠤᠰᠬᠢᠨ ᠦᠷᠪᠢᠰᠦᠯ ᠤᠨ ᠸᠠᠺᠼᠢᠨ ᠢ ᠰᠤᠳᠤᠯᠤᠨ ᠭᠠᠷᠭᠠᠭᠰᠠᠨ ᠠᠴᠠ ᠨᠠᠰᠢ᠂ ᠠᠭᠤᠰᠬᠢᠨ ᠦᠷᠪᠢᠰᠦᠯ ᠠᠴᠠ ᠪᠤᠯᠵᠤ ᠡ᠊ᠨᠳᠡᠬᠦ ᠨᠤᠷᠮ᠎ᠠ ᠨᠢ ᠶᠡᠭᠡᠪᠡᠷ ᠳᠤᠷᠤᠭᠰᠢᠯᠠᠭᠰᠠᠨ ᠪᠤᠯᠪᠠᠴᠤ ᠠᠭᠤᠰᠬᠢᠨ ᠦᠷᠪᠢᠰᠦᠯ ᠤᠨ ᠸᠠᠺᠼᠢᠨ ᠨᠢ ᠵᠦᠪᠭᠡᠨ ᠬᠤᠤᠷ ᠬᠦᠨᠦᠭᠡᠯ ᠨᠢ ᠬᠠᠮᠤᠬ ᠤᠨ ᠶᠡᠭᠡ ᠠᠭᠤᠰᠬᠢᠨ ᠦᠷᠪᠢᠰᠦᠯ ᠤᠨ 23 ᠵᠦᠢᠯ ᠤᠨ ᠭᠡᠯᠬᠢᠶ᠎ᠡ ᠪᠦᠮᠪᠦᠭᠡᠨ ᠪᠠᠺᠲ᠋ᠧᠷᠢ ᠳᠤ ᠯᠠ ᠴᠢᠭᠯᠡᠬᠦᠯᠦᠭᠰᠡᠨ ᠪᠠᠶᠢᠳᠠᠭ᠃ ᠪᠤᠰᠤᠳ ᠪᠠᠺᠲ᠋ᠧᠷᠢ ᠶᠢᠨ ᠰᠠᠭᠤᠷᠢ ᠨᠢ ᠮᠦᠨ ᠡᠪᠡᠳᠴᠢᠳᠡᠨ ᠤ ᠠᠮᠢ ᠶᠢ ᠬᠤᠷᠤᠭᠠᠵᠤ ᠮᠡᠳᠡᠨ᠎ᠡ᠃ ᠡᠨᠡ ᠤᠳᠠᠭ᠎ᠠ ᠰᠤᠳᠤᠯᠤᠨ ᠭᠠᠷᠭᠠᠭᠰᠠᠨ ᠸᠠᠺᠼᠢᠨ ᠨᠢ ᠤᠤᠯ ᠤᠨ 23 ᠵᠦᠢᠯ ᠤᠨ ᠭᠡᠯᠬᠢᠶ᠎ᠡ ᠪᠦᠮᠪᠦᠭᠡᠨ ᠪᠠᠺᠲ᠋ᠧᠷᠢ ᠶᠢ ᠪᠠᠭᠳᠠᠭᠠᠭᠰᠠᠨ ᠭᠡᠳᠦᠨ ᠠᠷᠪᠠᠨ ᠵᠦᠢᠯ ᠤᠨ ᠡᠪᠡᠳᠴᠢᠨ ᠤ ᠪᠠᠺᠲ᠋ᠧᠷᠢ ᠶᠢᠨ ᠰᠠᠭᠤᠷᠢ ᠳᠤ ᠴᠦᠮ ᠦᠢᠯᠡᠳᠦᠯ ᠲᠠᠢ᠃ ᠰᠤᠳᠤᠯᠭᠠᠳᠠᠳ ᠤᠨ ᠭᠡᠯᠡᠬᠦ ᠪᠠᠷ᠂ ︽ᠳᠤᠰ ᠸᠠᠺᠼᠢᠨ ᠨᠢ ᠵᠢᠯ ᠪᠦᠷᠢ ᠭᠡᠳᠦᠨ ᠠᠷᠪᠠᠨ ᠲᠦᠮᠡᠨ ᠬᠦᠮᠦᠨ ᠤ ᠠᠮᠢ ᠨᠠᠰᠤ ᠶᠢ ᠠᠪᠤᠷᠠᠵᠤ ᠮᠡᠳᠡᠨ᠎ᠠ︾ ᠬᠡᠪᠡ᠃         ᠰᠤᠳᠤᠯᠭᠠᠳᠠᠳ ᠤᠨ ᠦᠵᠡᠬᠦ ᠪᠠᠷ᠂ ᠤᠯᠠᠮᠵᠢᠯᠠᠯᠳᠤ ᠸᠠᠺᠼᠢᠨ ᠪᠦᠬᠦ᠋ᠢᠯᠡ ᠪᠠᠺᠲ᠋ᠧᠷᠢ ᠶᠢ ᠬᠦᠮᠦᠨ ᠤ ᠪᠡᠶ᠎ᠡ ᠳᠤᠳᠤᠷ᠎ᠠ ᠠᠴᠠ ᠰᠢᠯᠵᠢᠬᠦᠯᠦᠨ ᠬᠠᠶᠠᠳᠠᠭ ᠪᠤᠯ ᠰᠢᠨ᠎ᠡ ᠭᠡᠯᠪᠡᠷᠢ ᠶᠢᠨ ᠸᠠᠺᠼᠢᠨ ᠬᠠᠷᠢᠨ ᠳᠤᠰᠠᠳᠠᠢ ᠪᠠᠺᠲ᠋ᠧᠷᠢ ᠶᠢ ᠳᠠᠭᠠᠷᠢᠳᠠᠭ ᠦᠭᠡᠢ᠃ ᠬᠤᠤᠷ ᠦᠭᠡᠢ ᠪᠠᠺᠲ᠋ᠧᠷᠢ ᠶᠢ ᠦᠯᠡᠳᠡᠭᠡᠨ᠂ ᠬᠤᠤᠷᠳᠠᠢ ᠪᠠᠺᠲ᠋ᠧᠷᠢ ᠳᠠᠯᠢᠮᠳᠠᠭᠤᠯᠤᠨ ᠤᠷᠤᠵᠤ ᠢᠷᠡᠬᠦ ᠶᠢ ᠬᠤᠷᠢᠬᠯᠠᠳᠠᠭ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号