ᠦᠨᠳᠡᠭᠡ ᠭᠡᠤᠭᠡᠳ ᠤᠨ ᠪᠤᠶᠢᠵᠢᠯᠳᠠ ᠳᠤ ᠳᠤᠰᠠᠳᠠᠢ
ᠨᠡᠶᠢᠲᠡᠯᠡᠭᠰᠡᠨ ᠴᠠᠭ᠄
2017/11/23
 
   ᠳᠠᠬᠢᠶᠠᠨ ᠦᠨᠳᠡᠭᠡ ︽ᠪᠦᠷᠢᠨ ᠰᠢᠮ᠎ᠡ ᠲᠡᠵᠢᠭᠡᠯᠳᠦ ᠢᠳᠡᠭᠡᠨ︾ ᠭᠡᠰᠡᠨ ᠰᠠᠶᠢᠬᠠᠨ ᠴᠤᠯᠠ ᠲᠠᠢ᠃ ᠬᠠᠮᠤᠬ ᠤᠨ ᠰᠢᠨ᠎ᠡ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠭᠡᠤᠭᠡᠳ ᠡᠳᠦᠷ ᠤᠨ ᠨᠢᠭᠡ ᠳᠠᠬᠢᠶᠠᠨ ᠦᠨᠳᠡᠭᠡ ᠢᠳᠡᠪᠡᠯ ᠪᠤᠶᠢᠵᠢᠯᠳᠠ ᠤᠳᠠᠭᠠᠨ ᠪᠠᠶᠢᠳᠠᠯ ᠠᠴᠠ ᠵᠠᠶᠢᠯᠠᠰᠬᠢᠵᠤ ᠪᠤᠯᠤᠨ᠎ᠠ᠃        2015 ᠤᠨ ᠠᠴᠠ ᠡᠬᠢᠯᠡᠨ᠂ ᠠᠮᠧᠷᠢᠺᠠ ᠶᠢᠨ ᠸᠠᠰᠢᠩᠲ᠋ᠤᠨ ᠶᠡᠭᠡ ᠰᠤᠷᠭᠠᠭᠤᠯᠢ ᠶᠢᠨ ᠰᠤᠳᠤᠯᠭᠠᠳᠠᠳ 6 — 9 ᠰᠠᠷ᠎ᠠ ᠲᠠᠢ ᠨᠢᠷᠠᠢ ᠭᠡᠤᠭᠡᠳ ᠢ ᠳᠤᠷ᠎ᠠ ᠶᠢᠨ ᠬᠤᠶᠠᠷ ᠳᠤᠭᠤᠢᠢᠯᠠᠩ ᠬᠤᠪᠢᠶᠠᠨ ᠰᠢᠮ᠎ᠡ ᠲᠡᠵᠢᠭᠡᠯ ᠤᠨ ᠳᠤᠷᠰᠢᠯᠳᠠ ᠬᠢᠵᠡᠢ᠂ ᠨᠢᠭᠡ ᠳᠤᠭᠤᠢᠢᠯᠠᠩ ᠤᠨ ᠭᠡᠤᠭᠡᠳ ᠲᠤ ᠡᠳᠦᠷ ᠪᠦᠷᠢ ᠨᠢᠭᠡ ᠳᠠᠬᠢᠶᠠᠨ ᠦᠨᠳᠡᠭᠡ ᠢᠳᠡᠬᠦᠯᠬᠦ ᠶᠢᠨ ᠬᠠᠮᠳᠤ ᠰᠢᠮ᠎ᠡ ᠲᠡᠵᠢᠭᠡᠯ ᠤᠨ ᠳᠤᠰᠬᠠᠢ ᠮᠡᠷᠭᠡᠵᠢᠯᠳᠡᠨ ᠤ ᠳᠠᠨᠢᠯᠴᠠᠭᠤᠯᠤᠭᠰᠠᠨ ᠡᠷᠡᠬᠦᠯ ᠢᠳᠡᠭᠡᠨ ᠤᠮᠳᠠᠭᠠᠨ ᠢᠶᠠᠷ ᠲᠡᠵᠢᠭᠡᠨ᠂ ᠨᠦᠬᠦᠭᠡ ᠨᠢᠭᠡ ᠳᠤᠭᠤᠢᠢᠯᠠᠩ ᠤᠨ ᠬᠢᠨ ᠳᠤᠨᠢ ᠳᠠᠬᠢᠶᠠᠨ ᠦᠨᠳᠡᠭᠡ ᠢᠳᠡᠬᠦᠯᠦᠭᠰᠡᠨ ᠦᠭᠡᠢ᠃ ᠬᠠᠷᠢᠴᠠᠭᠤᠯᠤᠯ ᠤᠨ ᠳ᠋ᠦᠩ ᠳᠤ᠂ ᠡᠳᠦᠷ ᠪᠦᠷᠢ ᠨᠢᠭᠡ ᠦᠨᠳᠡᠭᠡ ᠢᠳᠡᠬᠦᠯᠦᠭᠰᠡᠨ ᠭᠡᠤᠭᠡᠳ ᠤᠨ ᠪᠤᠶᠢᠵᠢᠯᠳᠠ ᠤᠳᠠᠭᠠᠨ ᠪᠤᠯᠬᠤ ᠲᠦᠭᠰᠢᠬᠦᠷᠢ ᠨᠢ 47% ᠢᠶᠠᠷ ᠪᠠᠭᠤᠷᠠᠭᠰᠠᠨ ᠮᠦᠷᠲᠡᠭᠡᠨ ᠳᠠᠬᠢᠶᠠᠨ ᠦᠨᠳᠡᠭᠡ ᠨᠠᠯᠢᠶᠠᠳ ᠠᠷᠪᠢᠨ ᠢᠳᠡᠭᠰᠡᠨ ᠭᠡᠤᠭᠡᠳ ᠤᠨ ᠰᠢᠬᠢᠷ ᠠᠷᠪᠢᠨ ᠢᠳᠡᠭᠡᠨ ᠰᠢᠩᠭᠡᠭᠡᠬᠦ ᠨᠢ ᠴᠤ ᠪᠠᠭᠠᠰᠤᠭᠰᠠᠨ ᠪᠠᠶᠢᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号