ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠡᠪᠡᠷᠯᠡᠨ ᠴᠡᠭᠴᠡᠯᠡᠭᠰᠡᠨ ᠦᠷ᠎ᠡ ᠳ᠋ᠦᠩ ᠢ ᠨᠡᠶᠢᠲᠡᠯᠡᠬᠦ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/12/6
                       ᠡᠸ᠋ᠨᠩᠬᠢ ᠵᠠᠰᠠᠭ ᠠᠯᠪᠠᠨ ᠦᠰᠦᠭᠲᠦ ﹇2017﹈ 183 ᠳ᠋ᠣᠭᠠᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄     ︽ᠳᠦᠷᠢᠮᠵᠢᠯ ᠤᠨ ᠴᠢᠨᠡᠷᠲᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠴᠡᠪᠡᠷᠯᠡᠨ ᠴᠡᠭᠴᠡᠯᠡᠬᠦ ᠠᠵᠢᠯ ᠢ ᠰᠠᠶᠢᠳᠣᠷ ᠬᠢᠬᠦ ᠲᠣᠬᠠᠢ ᠬᠦᠯᠦᠨ ᠪᠣᠶᠢᠷ ᠬᠤᠲᠠ ᠶᠢᠨ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ  ᠤᠨ ᠮᠡᠳᠡᠭᠳᠡᠯ  ︾ ᠤᠨ ᠱᠠᠭᠠᠷᠳᠠᠯᠭ᠎ᠠ ᠶᠣᠰᠣᠭᠠᠷ᠂ ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠵᠢᠴᠢ ᠬᠠᠣᠯᠢ ᠴᠠᠭᠠᠵᠠ ᠬᠠᠣᠯᠢ ᠲᠣᠭᠲᠠᠭᠠᠯ ᠠᠴᠠ ᠡᠷᠭᠡ ᠣᠯᠭᠤᠭᠰᠠᠨ ᠵᠣᠬᠢᠶᠠᠨ ᠪᠠᠶᠢᠭᠤᠯᠣᠯᠲᠠ ᠶᠢᠨ 2015 ᠣᠨ ᠤ 1 ᠰᠠᠷ᠎ᠠ ᠶᠢᠨ 1 ᠤ ᠡᠳᠦᠷ ᠠᠴᠠ 2016 ᠣᠨ ᠤ 12 ᠰᠠᠷ᠎ᠠ ᠶᠢᠨ 31 ᠤ ᠡᠳᠦᠷ ᠤᠨ ᠬᠤᠭᠤᠷᠣᠨᠳᠣ ᠲᠣᠭᠲᠠᠭᠠᠨ ᠲᠠᠷᠬᠠᠭᠠᠭᠰᠠᠨ ᠳᠦᠷᠢᠮᠵᠢᠯ ᠤᠨ ᠴᠢᠨᠡᠷᠲᠠᠢ ᠪᠢᠴᠢᠭ  ᠮᠠᠲ᠋ᠧᠷᠢᠶᠠᠯ ᠳᠤ ᠴᠡᠪᠡᠷᠯᠡᠨ ᠴᠡᠭᠴᠡᠯᠡᠯᠲᠡ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠲᠣᠭᠲᠠᠭᠠᠯ  ᠢᠶᠠᠷ᠂ ᠡᠳᠦᠭᠡ ᠴᠡᠪᠡᠷᠯᠡᠨ ᠴᠡᠭᠴᠡᠯᠡᠭᠰᠡᠨ ᠦᠷ᠎ᠡ ᠳ᠋ᠦᠩ ᠢ ᠨᠡᠶᠢᠲᠡᠯᠡᠬᠦ ᠶᠢᠨ ᠬᠠᠮᠳᠣ᠂ ᠬᠤᠯᠪᠣᠭᠳᠠᠯ ᠪᠦᠬᠦᠢ ᠬᠡᠷᠡᠭ ᠣᠴᠢᠷ ᠢ ᠲᠣᠣᠷᠠᠬᠢ ᠮᠡᠲᠦ ᠮᠡᠳᠡᠭᠳᠡᠶ᠎ᠡ᠄      ᠨᠢᠭᠡ᠂ ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠤᠳ ᠡᠭᠦᠷᠭᠡ ᠬᠠᠷᠢᠭᠤᠴᠠᠯᠭ᠎ᠠ ᠪᠠᠨ ᠬᠠᠣᠯᠢ ᠶᠣᠰᠣᠭᠠᠷ ᠦᠨᠡᠨᠬᠦ ᠬᠦᠢᠴᠡᠳᠬᠡᠵᠦ᠂ ᠦᠷᠭᠦᠯᠵᠢᠯᠡᠨ ᠬᠦᠴᠦᠨ ᠲᠠᠢ ᠪᠠᠶᠢᠬᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠢᠮᠪᠠᠢ ᠬᠡᠷᠡᠭᠵᠢᠬᠦᠯᠵᠦ᠂ ᠠᠵᠣ ᠠᠬᠤᠢ ᠨᠡᠶᠢᠭᠡᠮ ᠤᠨ ᠡᠯ᠎ᠡ ᠵᠦᠢᠯ ᠤᠨ ᠬᠡᠷᠡᠭ ᠶᠠᠪᠣᠳᠠᠯ ᠢ ᠠᠯᠬᠤᠮ ᠴᠢᠨᠠᠭᠰᠢᠲᠠ ᠰᠠᠶᠢᠳᠣᠷ ᠬᠠᠮᠢᠶᠠᠷᠬᠤ ᠬᠡᠷᠡᠭᠲᠡᠢ᠃      ᠬᠤᠶᠠᠷ᠂ ᠵᠠᠰᠠᠪᠣᠷᠢ ᠤᠷᠤᠭᠤᠯᠤᠭᠠᠳ ᠳᠠᠬᠢᠨ ᠰᠢᠨ᠎ᠡ ᠪᠠᠷ ᠨᠠᠶᠢᠳᠠᠯᠠᠬᠦ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠭᠰᠠᠨ ᠰᠠᠯᠠᠭ᠎ᠠ ᠮᠦᠴᠢᠷ ᠠᠴᠠ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲᠷᠢᠶᠠᠯ ᠢ ᠲᠣᠭᠲᠠᠭᠠᠬᠤ ᠪᠠ ᠳᠠᠩᠰᠠᠯᠠᠬᠤ ᠳᠤ ᠬᠢᠨᠠᠯᠲᠠ ᠲᠠᠯᠪᠢᠬᠤ ᠠᠷᠭ᠎ᠠ︾ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠵᠠᠰᠠᠪᠣᠷᠢ ᠣᠷᠣᠭᠤᠯᠬᠤ ᠪᠦᠭᠡᠳ ᠲᠣᠰ ᠮᠡᠳᠡᠭᠳᠡᠯ ᠢ ᠳᠠᠷᠣᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠳᠣᠳᠣᠷ᠎ᠠ ᠵᠠᠰᠠᠪᠣᠷᠢ ᠣᠷᠣᠭᠤᠯᠵᠣ ᠪᠠᠷᠠᠬᠤ ᠬᠡᠷᠡᠭᠲᠡᠢ︔ ᠬᠤᠭᠤᠴᠠᠭ᠎ᠠ ᠨᠢ ᠬᠡᠳᠦᠷᠡᠭᠡᠳ ᠵᠠᠰᠠᠪᠣᠷᠢ ᠣᠷᠣᠭᠤᠯᠵᠣ ᠪᠠᠷᠠᠭᠠᠳᠣᠢ ᠪᠣᠯ ᠬᠡᠷᠡᠭᠵᠢᠬᠦᠯᠬᠦ ᠶᠢ ᠨᠢ ᠵᠣᠭᠰᠣᠭᠠᠬᠤ ᠪᠣᠯᠣᠨ᠎ᠠ᠃ ᠵᠠᠰᠠᠪᠣᠷᠢ ᠣᠷᠣᠭᠤᠯᠬᠤ ᠬᠤᠭᠤᠴᠠᠭᠠᠨ ᠳᠤ᠂ ᠬᠠᠣᠯᠢ ᠴᠠᠭᠠᠵᠠ᠂ ᠬᠠᠣᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠳᠡᠭᠡᠳᠦ ᠱᠠᠲᠣᠨ ᠤ ᠪᠢᠴᠢᠭ ᠮᠠᠲ᠋ᠧᠷᠢᠶᠠᠯ  ᠯᠤᠭ᠎ᠠ ᠬᠠᠷᠢᠯᠴᠠᠨ ᠬᠠᠷᠰᠢᠯᠳᠣᠬᠤ ᠵᠦᠢᠯ ᠵᠣᠷᠪᠣᠰ ᠢ ᠬᠡᠷᠡᠭᠵᠢᠬᠦᠯᠬᠦ ᠶᠢ ᠵᠣᠬᠰᠣᠭᠠᠨ᠎ᠠ᠃     ᠭᠤᠷᠪᠠ᠂ ᠬᠦᠴᠦᠨ ᠦᠭᠡᠢ ᠪᠣᠯᠭᠠᠭᠰᠠᠨ ᠪᠠ ᠦᠢᠯᠡᠳᠦᠯ ᠦᠭᠡᠢ ᠪᠣᠯᠣᠭᠰᠠᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠳᠠᠬᠢᠨ ᠬᠡᠷᠡᠭᠵᠢᠬᠦᠯᠬᠦ ᠪᠠᠨ ᠪᠣᠯᠢᠨ᠎ᠠ᠃ ︽ ᠦᠷᠭᠦᠯᠵᠢᠯᠡᠨ ᠬᠦᠴᠦᠨ ᠲᠠᠢ ᠪᠠᠶᠢᠬᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ︾ ᠲᠤ ᠵᠢᠬᠰᠠᠭᠠᠨ ᠣᠷᠣᠭᠤᠯᠣᠭᠠᠳᠣᠢ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠠᠰᠠᠭ ᠵᠠᠬᠢᠷᠭᠠᠨ ᠤ ᠬᠠᠮᠢᠶᠠᠷᠣᠯᠲᠠ  ᠶᠢᠨ ᠡᠰᠢ ᠪᠠᠷᠢᠮᠳᠠ ᠪᠣᠯᠭᠠᠵᠣ ᠪᠣᠯᠬᠤ ᠦᠭᠡᠢ᠃ ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠤᠳ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ  ᠢ ᠬᠦᠴᠦᠨ ᠦᠭᠡᠢ  ᠪᠣᠯᠭᠠᠭᠰᠠᠨ ᠪᠠ ᠦᠢᠯᠡᠳᠦᠯ ᠦᠭᠡᠢ ᠪᠣᠯᠭᠠᠭᠰᠠᠨ ᠤ ᠳᠠᠷᠠᠭᠠᠬᠢ ᠬᠠᠮᠢᠶᠠᠷᠣᠯᠲᠠ ᠶᠢᠨ ᠠᠵᠢᠯ ᠢ ᠦᠨᠡᠨᠬᠦ ᠰᠠᠶᠢᠳᠣᠷ ᠬᠢᠬᠦ ᠬᠡᠷᠡᠭᠲᠡᠢ᠃      ᠡᠬᠦᠨ ᠤ ᠲᠣᠯᠠ ᠮᠡᠳᠡᠭᠳᠡᠪᠡ ᠳᠠᠭᠠᠯᠳᠣᠭᠤᠯᠣᠯ᠄ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠡᠪᠡᠷᠯᠡᠨ ᠴᠡᠭᠴᠡᠯᠡᠭᠰᠡᠨ ᠭᠠᠷᠴᠠᠭ                                           2017 ᠣᠨ ᠤ 8 ᠰᠠᠷ᠎ᠠ ᠶᠢᠨ 30 ᠤ ᠡᠳᠦᠷ          ︵ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︶  
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号