ᠡᠸ᠋ᠨᠩᠬᠢ ᠬᠤᠰᠢᠭᠤᠨ ᠤ ᠪᠦᠬᠦ ᠣᠷᠣᠨ ᠤ ᠮᠢᠩᠭᠠᠨ ᠬᠠᠣᠯᠢ ᠬᠡᠷᠡᠭᠵᠢᠬᠦᠯᠬᠦ ᠨᠢᠭᠡᠴᠡ  ᠶᠢᠨ  ᠬᠠᠣᠯᠢ  ᠴᠠᠭᠠᠵᠠ ᠶᠢᠨ ᠮᠡᠳᠡᠯᠭᠡ ᠶᠢᠨ ᠣᠷᠣᠯᠳᠣᠭᠠᠨ ᠤ ᠰᠢᠭᠰᠢᠭᠡ ᠳᠡᠮᠡᠴᠡᠭᠡᠨ ᠤ ᠰᠢᠢᠳᠪᠦᠷᠢᠲᠦ ᠣᠷᠣᠯᠳᠣᠭᠠᠨ  ᠳᠤ ᠣᠷᠣᠯᠴᠠᠬᠤ ᠮᠡᠳᠡᠭᠳᠡᠯ
ᠨᠡᠶᠢᠲᠡᠯᠡᠭᠰᠡᠨ ᠴᠠᠭ᠄
2017-12-06
                       ᠡᠸ᠋ᠨᠩᠬᠢ ᠵᠠᠰᠠᠭ ᠠᠯᠪᠠᠨ ᠦᠰᠦᠭᠲᠦ ﹇2017﹈ 185 ᠳ᠋ᠣᠭᠠᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠰᠢᠭᠤᠳ ᠬᠠᠷᠢᠶ᠎ᠠ ᠪᠠᠶᠢᠭᠤᠯᠣᠯᠭ᠎ᠠ ᠳᠤ᠄      ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ︽ ︿ ᠡᠸ᠋ᠨᠩᠬᠢ ᠬᠤᠰᠢᠭᠤᠨ ᠤ ᠪᠦᠬᠦ ᠣᠷᠣᠨ ᠤ ᠮᠢᠩᠭᠠᠨ ᠬᠠᠣᠯᠢ ᠬᠡᠷᠡᠭᠵᠢᠬᠦᠯᠬᠦ ᠨᠢᠭᠡᠴᠡ ᠶᠢᠨ ᠬᠠᠣᠯᠢ ᠴᠠᠭᠠᠵᠠ ᠶᠢᠨ ᠮᠡᠳᠡᠯᠭᠡ ᠶᠢᠨ ᠣᠷᠣᠯᠳᠣᠭᠠᠨ ᠳᠤ ᠣᠷᠣᠯᠴᠠᠬᠤ ᠬᠡᠷᠡᠭᠵᠢᠬᠦᠯᠬᠦ ᠲᠦᠰᠦᠯ  ﹀ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾ ᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ︽ ᠪᠦᠬᠦ ᠣᠷᠣᠨ ᠤ ᠮᠢᠩᠭᠠᠨ ᠬᠠᠣᠯᠢ ᠬᠡᠷᠡᠭᠵᠢᠬᠦᠯᠬᠦ ᠨᠢᠭᠡᠴᠡ ᠶᠢᠨ ᠬᠠᠣᠯᠢ ᠴᠠᠭᠠᠵᠠ ᠶᠢᠨ ᠮᠡᠳᠡᠯᠭᠡ ᠶᠢᠨ ᠣᠷᠣᠯᠳᠣᠭᠠᠨ︾ ᠤ ᠰᠢᠭᠰᠢᠬᠡ ᠲᠡᠮᠡᠴᠡᠭᠡᠨ ᠳᠤ ᠣᠷᠣᠯᠴᠠᠬᠤ ᠠᠩᠬᠠᠨ ᠤ ᠣᠷᠣᠯᠳᠣᠭᠠᠨ ᠢ ᠡᠷᠬᠢᠯᠡᠵᠦ᠂ ᠪᠦᠬᠦ ᠬᠤᠰᠢᠭᠤᠨ ᠤ 33 ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠨᠢᠭᠡᠴᠡ ᠶᠢᠨ 121 ᠨᠡᠷᠡᠰ ᠵᠠᠰᠠᠭ ᠵᠠᠬᠢᠷᠭᠠᠨ ᠤ ᠬᠠᠣᠯᠢ  ᠬᠡᠷᠡᠭᠵᠢᠭᠦᠯᠦᠭᠴᠢ ᠰᠢᠭᠰᠢᠭᠡ ᠲᠡᠮᠡᠴᠡᠬᠡᠨ ᠤ ᠪᠢᠷ ᠤᠨ ᠰᠢᠯᠭᠠᠯᠲᠠ ᠳᠤ ᠣᠷᠣᠯᠴᠠᠪᠠ᠃ ᠰᠢᠭᠰᠢᠭᠡ ᠲᠡᠮᠡᠴᠡᠭᠡᠨ ᠤ ᠠᠩᠬᠠᠨ ᠤ ᠣᠷᠣᠯᠳᠣᠭᠠᠨ ᠤ ᠪᠣᠳᠠᠳᠠᠢ ᠪᠠᠶᠢᠳᠠᠯ ᠲᠠᠢ  ᠣᠶᠠᠯᠳᠣᠭᠤᠯᠣᠨ᠂ ᠣᠳᠣ ᠰᠢᠭᠰᠢᠭᠡ ᠲᠡᠮᠡᠴᠡᠭᠡᠨ ᠤ ᠰᠢᠢᠳᠪᠦᠷᠢᠲᠦ ᠣᠷᠣᠯᠳᠣᠭᠠᠨ ᠤ ᠬᠡᠷᠡᠭ ᠤᠳ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠰᠢᠢᠳᠪᠦᠷᠢᠲᠦ ᠲᠡᠮᠡᠴᠡᠭᠡᠨ ᠳᠤ ᠣᠷᠣᠯᠴᠠᠬᠤ ᠨᠢᠭᠡᠴᠡ    ᠳᠣᠳᠣᠭᠠᠳᠣ ᠶᠢ ᠬᠠᠮᠠᠭᠠᠯᠠᠬᠤ ᠲᠣᠪᠴᠢᠶ᠎ᠠ᠂ ᠬᠠᠣᠯᠢ ᠴᠠᠭᠠᠵᠠ ᠶᠢᠨ ᠲᠣᠪᠴᠢᠶ᠎ᠠ᠂ ᠣᠯᠣᠰ ᠤᠨ ᠭᠠᠶᠢᠯᠢ ᠶᠢᠨ ᠲᠣᠪᠴᠢᠶ᠎ᠠ᠂ ᠣᠷᠣᠨ ᠨᠣᠲᠤᠭ ᠤᠨ ᠭᠠᠶᠢᠯᠢ ᠶᠢᠨ ᠲᠣᠪᠴᠢᠶ᠎ᠠ᠂ ᠳ᠋ᠠᠶᠠᠨ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠪᠠᠶᠠᠨᠳᠠᠯ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ     ᠬᠤᠶᠠᠷ᠂ ᠣᠷᠣᠯᠳᠣᠭᠠᠨ ᠤ ᠰᠢᠯᠭᠠᠯᠲᠠ ᠶᠢᠨ ᠰᠡᠳᠦᠪ ᠤᠨ ᠲᠣᠪᠴᠢ     ︵ ᠨᠢᠭᠡ︶ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠦᠨᠳᠦᠰᠦᠨ ᠬᠠᠣᠯᠢ︾᠂ ︽ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠬᠡᠷᠡᠭᠵᠢᠬᠦᠯᠬᠦ ᠬᠦᠲᠦᠯᠪᠦᠷᠢ ︵ 2015 — 2020 ᠣᠨ︶︾᠂ ︽︿ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠬᠡᠷᠡᠭᠵᠢᠬᠦᠯᠬᠦ ᠬᠦᠲᠦᠯᠪᠦᠷᠢ ︵ 2015 — 2020 ᠣᠨ︶﹀ ᠶᠢ ᠲᠣᠣᠱᠯᠠᠭᠤᠯᠣᠨ ᠨᠠᠶᠢᠳᠠᠪᠣᠷᠢᠵᠢᠭᠤᠯᠬᠤ ᠬᠡᠷᠡᠭᠵᠢᠭᠦᠯᠦᠯᠲᠡ ᠶᠢᠨ ᠲᠦᠰᠦᠯ︾᠃     ︵ ᠬᠤᠶᠠᠷ︶ ᠵᠠᠰᠠᠭ ᠤᠨ ᠣᠷᠳᠣᠨ ᠤ ᠬᠠᠮᠳᠣ ᠶᠢᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠳᠦᠷᠢᠮᠵᠢᠬᠦᠯᠬᠦ ᠬᠠᠣᠯᠢ ᠴᠠᠭᠠᠵᠠ᠄ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠬᠠᠣᠯᠢ︾᠂ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠰᠢᠳᠬᠡᠯᠲᠡ ᠶᠢᠨ ᠬᠠᠣᠯᠢ︾᠂ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠣᠯᠢ︾᠂ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠣᠯᠢ︾᠂ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠦᠯᠦᠪᠦᠷᠢ ᠶᠢᠨ ᠬᠠᠣᠯᠢ︾᠂ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠣᠯᠢ︾ ᠵᠢᠴᠢ ᠬᠠᠣᠯᠢ ᠴᠠᠭᠠᠵᠠ ᠶᠢᠨ ᠲᠠᠶᠢᠯᠪᠣᠷᠢᠯᠠᠯᠲᠠ᠃     ︵ ᠭᠤᠷᠪᠠ︶ ᠣᠷᠣᠨ ᠨᠣᠲᠤᠭ ᠤᠨ ᠴᠢᠨᠠᠷᠲᠠᠢ ᠬᠠᠣᠯᠢ ᠳᠦᠷᠢᠮ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ᠄ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢᠨ ᠳᠦᠷᠢᠮ︾᠂ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠭᠠᠯ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠭᠡ ᠶᠢᠨ  ᠬᠢᠨᠠᠨ ᠬᠠᠮᠢᠶᠠᠷᠣᠯᠲᠠ  ᠶᠢᠨ ᠠᠷᠭ᠎ᠠ︾᠂ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠭᠤᠯᠣᠨ ᠬᠢᠨᠠᠨ ᠪᠠᠶᠢᠴᠠᠭᠠᠬᠤ ᠠᠷᠭ᠎ᠠ︾᠂ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠦᠨᠡᠮᠯᠡᠯ ᠢ ᠬᠠᠮᠢᠶᠠᠷᠬᠤ ᠠᠷᠭ᠎ᠠ︾᠂ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠲᠣᠭᠲᠠᠭᠠᠯ︾     ︵ ᠳᠦᠷᠪᠡ︶ ᠦᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠺᠣᠮᠢᠰ ᠠᠴᠠ ᠣᠷᠣᠯᠳᠣᠭᠠᠨ ᠤ ᠰᠢᠯᠭᠠᠯᠲᠠ ᠶᠢᠨ ᠰᠡᠳᠦᠪ ᠤᠨ ᠰᠠᠩ ᠢ ᠬᠠᠩᠭᠠᠨ᠎ᠠ      ᠭᠤᠷᠪᠠ᠂ ᠰᠢᠭᠰᠢᠭᠡ ᠲᠡᠮᠡᠴᠡᠭᠡᠨ ᠤ ᠰᠢᠢᠳᠪᠦᠷᠢᠲᠦ ᠣᠷᠣᠯᠳᠣᠭᠠᠨ ᠤ ᠠᠯᠬᠤᠮ ᠳᠠᠷᠠᠭ᠎ᠠ      ︵ ᠨᠢᠭᠡ︶ ᠰᠡᠳᠦᠪ ᠬᠠᠷᠢᠭᠤᠯᠬᠤ ᠬᠡᠯᠪᠡᠷᠢ      ᠰᠢᠭᠰᠢᠭᠡ ᠲᠡᠮᠡᠴᠡᠬᠡᠨ ᠤ ᠰᠢᠢᠳᠪᠦᠷᠢᠲᠦ ᠣᠷᠣᠯᠳᠣᠭᠠᠨ ᠢ ᠲᠣᠬᠠᠢ ᠶᠢᠨ ᠲᠠᠯᠠᠪᠣᠷ ᠲᠤ ᠰᠡᠳᠦᠪ ᠬᠠᠷᠢᠭᠤᠯᠬᠤ ᠬᠡᠯᠪᠡᠷᠢ ᠪᠠᠷ ᠶᠠᠪᠣᠭᠳᠠᠭᠤᠯᠵᠣ᠂ ᠰᠡᠳᠦᠪ ᠤᠨ ᠬᠡᠯᠪᠡᠷᠢ ᠶᠢ ᠬᠤᠪᠢ ᠬᠦᠮᠦᠨ ᠤ ᠡᠷᠬᠡᠪᠰᠢ ᠬᠠᠷᠢᠭᠤᠯᠬᠤ᠂ ᠳᠣᠭᠤᠶᠢᠯᠠᠩ ᠪᠦᠷᠢ ᠡᠷᠬᠡᠪᠰᠢ ᠬᠠᠷᠢᠭᠤᠯᠬᠤ᠂ ᠲᠦᠷᠭᠡᠨ ᠵᠠᠪᠳᠤᠵᠦ ᠬᠠᠷᠢᠭᠤᠯᠬᠤ᠂ ᠠᠵᠠ ᠲᠤᠷᠰᠢᠨ ᠰᠡᠳᠦᠪ ᠬᠠᠷᠢᠭᠤᠯᠬᠤ ᠵᠡᠷᠭᠡ ᠳᠦᠷᠪᠡᠨ ᠬᠡᠰᠡᠭ ᠬᠤᠪᠢᠶᠠᠵᠣ᠂ ᠪᠡᠯᠡᠳᠬᠡᠯ ᠣᠷᠣᠯᠳᠣᠭᠠᠨ ᠳᠤ ᠣᠷᠣᠶᠢᠯᠠᠭᠰᠠᠨ 6 ᠳᠣᠭᠤᠶᠢᠯᠠᠩ  ᠤᠨ 4 ᠨᠡᠷᠡᠰ ᠬᠠᠣᠯᠢ ᠭᠡᠷᠡᠭᠵᠢᠬᠦᠯᠦᠭᠴᠢ ᠣᠷᠣᠯᠳᠣᠭᠠᠨ ᠳᠤ ᠣᠷᠣᠯᠴᠠᠨ᠎ᠠ᠃ ᠲᠣᠬᠠᠢ ᠶᠢᠨ ᠲᠠᠯᠠᠪᠣᠷ ᠲᠤᠨᠢ ᠬᠤᠪᠢ ᠦᠭᠬᠦ ᠠᠷᠭ᠎ᠠ ᠪᠠᠷ᠂ ᠣᠯᠣᠭᠰᠠᠨ ᠬᠤᠪᠢ ᠶᠢᠨ ᠦᠨᠳᠦᠷ ᠬᠤᠪᠢ ᠠᠴᠠ ᠳᠣᠣᠷ᠎ᠠ ᠬᠤᠪᠢ ᠲᠡᠰᠢ ᠵᠢᠬᠰᠠᠭᠠᠵᠣ᠂ ᠬᠦᠯᠦᠨ ᠪᠣᠶᠢᠷ ᠬᠤᠲᠠ ᠳᠤ ᠳᠠᠬᠢᠨ ᠣᠷᠣᠯᠳᠣᠭᠤᠯᠬᠤ 1  ᠳᠣᠭᠤᠶᠢᠯᠠᠩ ᠢ ᠲᠣᠭᠲᠠᠭᠠᠨ᠎ᠠ᠃      ︵ ᠬᠤᠶᠠᠷ︶ ᠣᠨᠴᠠ ᠣᠷᠢᠬᠤ ᠵᠣᠴᠢᠳ     ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠣᠯᠣᠰ ᠲᠦᠷᠦ ᠶᠢᠨ ᠵᠦᠪᠯᠡᠯᠬᠡᠨ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ᠂ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ᠂ ᠨᠠᠷᠠᠳᠤ ᠬᠠᠣᠯᠢᠴᠢᠨ᠂ ᠨᠠᠮ ᠤᠨ ᠰᠣᠷᠭᠠᠭᠤᠯᠢ ᠶᠢᠨ ᠬᠠᠣᠯᠢ ᠴᠠᠭᠠᠵᠠ ᠶᠢᠨ ᠣᠬᠠᠭᠠᠨ ᠤ ᠫᠷᠣᠹᠧᠰᠰᠣᠷ ᠵᠡᠷᠭᠡ ᠵᠣᠴᠢᠳ ᠢ ᠣᠷᠢᠵᠣ ᠣᠷᠣᠯᠳᠣᠭᠠᠨ ᠢ ᠰᠣᠨᠢᠷᠬᠠᠭᠤᠯᠣᠨ᠎ᠠ᠃      ᠳᠦᠷᠪᠡ᠂ ᠰᠢᠢᠳᠪᠦᠷᠢᠲᠦ ᠣᠷᠣᠯᠳᠣᠭᠠᠨ ᠶᠠᠪᠣᠭᠤᠯᠬᠤ ᠴᠠᠭ ᠬᠤᠭᠤᠴᠠᠭ᠎ᠠ     9 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨᠠᠬᠢ 2 ᠴᠠᠭ ᠬᠠᠭᠠᠰ ᠲᠤ ᠬᠤᠰᠢᠭᠤᠨ ᠤ ᠵᠠᠰᠠᠭ ᠤᠨ ᠣᠷᠳᠣᠨ ᠤ ᠬᠤᠶᠠᠳᠣᠭᠠᠷ ᠳᠠᠪᠬᠤᠷᠯᠢᠭ ᠤᠨ ᠬᠤᠷᠠᠯ ᠤᠨ ᠬᠡᠷ ᠲᠤ ᠶᠠᠪᠣᠭᠳᠠᠭᠤᠯᠣᠨ᠎ᠠ᠃ ᠬᠡᠷᠪᠡ ᠬᠤᠪᠢᠷᠠᠯᠲᠠ ᠲᠠᠢ ᠪᠣᠯ ᠠᠰᠳᠠᠭᠠᠨ ᠮᠡᠳᠡᠭᠳᠡᠨ᠎ᠡ᠃      ᠲᠠᠪᠤ᠂ ᠱᠠᠩᠨᠠᠯ ᠤᠨ ᠲᠣᠬᠢᠷᠠᠭᠤᠯᠣᠯᠲᠠ     ᠲᠣᠬᠠᠢ ᠶᠢᠨ ᠲᠠᠯᠠᠪᠣᠷ ᠲᠤᠨᠢ ᠬᠤᠪᠢ ᠦᠭᠬᠦ ᠠᠷᠭ᠎ᠠ ᠪᠠᠷ᠂ ᠣᠯᠣᠭᠰᠠᠨ ᠬᠤᠪᠢ ᠶᠢᠨ ᠦᠨᠳᠦᠷ ᠬᠤᠪᠢ ᠠᠴᠠ ᠳᠣᠣᠷ᠎ᠠ ᠬᠤᠪᠢ ᠳᠡᠰᠢ ᠵᠢᠬᠰᠠᠭᠠᠵᠣ᠂ ᠡᠴᠦᠰ ᠲᠤ ᠨᠢᠬᠡᠴᠢ ᠶᠢᠨ ᠨᠢᠭᠡᠳᠦᠭᠡᠷ ᠳᠡᠰ ᠤᠨ ᠱᠠᠩᠨᠠᠯ 1 ᠨᠡᠷᠡᠰ︔ ᠨᠢᠬᠡᠴᠢ ᠶᠢᠨ ᠬᠤᠶᠠᠳᠣᠭᠠᠷ ᠳᠡᠰ ᠤᠨ ᠱᠠᠩᠨᠠᠯ 2 ᠨᠡᠷᠡᠰ︔ ᠨᠢᠭᠡᠴᠢ ᠶᠢᠨ ᠭᠤᠷᠪᠠᠳᠣᠭᠠᠷ ᠳᠡᠰ ᠤᠨ ᠱᠠᠩᠨᠠᠯ 3 ᠨᠡᠷᠡᠰ ᠢ   ᠲᠣᠭᠲᠠᠭᠠᠨ᠎ᠠ︔ ᠰᠢᠭᠰᠢᠭᠡ ᠲᠡᠮᠡᠴᠡᠭᠡᠨ ᠤ ᠰᠢᠢᠳᠪᠦᠷᠢᠲᠦ ᠣᠷᠣᠯᠳᠣᠭᠠᠨ ᠳᠠᠭᠤᠰᠣᠭᠰᠠᠨ ᠤ ᠳᠠᠷᠠᠭ᠎ᠠ ᠱᠠᠩᠨᠠᠯ ᠣᠯᠭᠤᠬᠤ ᠶᠣᠰᠣᠯᠠᠯ ᠶᠠᠪᠣᠭᠤᠯᠣᠨ᠎ᠠ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ    ᠣᠷᠣᠯᠳᠣᠭᠠᠨ ᠤ ᠪᠦᠬᠦ ᠶᠠᠪᠣᠴᠠ ᠶᠢ ᠰᠢᠩᠬᠡᠬᠡᠨ ᠦᠢᠯᠡᠳᠴᠦ᠂ ᠰᠢᠭᠰᠢᠭᠡ ᠲᠡᠮᠡᠴᠡᠭᠡᠨ ᠤ ᠠᠩᠬᠠᠨ ᠤ ᠣᠷᠣᠯᠳᠣᠭᠠᠨ ᠳᠤ ᠣᠷᠣᠯᠴᠠᠬᠤ ᠡᠯ᠎ᠡ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠨᠢᠬᠡᠴᠡ ᠶᠢᠨ 4 ᠨᠡᠷᠡᠰ ᠬᠠᠣᠯᠢ ᠬᠡᠷᠡᠭᠵᠢᠬᠦᠯᠦᠭᠴᠢ ᠲᠦᠪ ᠬᠤᠪᠴᠠᠰᠣ ᠪᠠ ᠳᠦᠷᠢᠮᠲᠦ ᠬᠤᠪᠴᠠᠰᠣ ᠡᠮᠦᠰᠴᠦ ᠣᠷᠣᠯᠳᠣᠭᠠᠨ ᠢ ᠰᠣᠨᠢᠷᠬᠠᠨ᠎ᠠ᠂ ᠡᠬᠦᠨ  ᠤ ᠬᠠᠮᠳᠣ ᠬᠦᠯᠦᠨ ᠪᠣᠶᠢᠷ ᠬᠤᠲᠠ ᠶᠢᠨ ᠣᠷᠣᠯᠳᠣᠭᠠᠨ ᠢ ᠵᠣᠬᠢᠶᠠᠨ ᠪᠠᠶᠢᠭᠤᠯᠬᠤ ᠺᠣᠮᠢᠰ ᠲᠤ ᠲᠣᠰ ᠭᠠᠵᠠᠷ ᠣᠷᠣᠨ  ᠤ ᠪᠠᠨ ᠵᠣᠬᠢᠶᠠᠨ ᠪᠠᠶᠢᠭᠤᠯᠣᠭᠰᠠᠨ ᠣᠷᠣᠯᠳᠣᠭᠠᠨ ᠤ ᠬᠠᠷᠠᠭᠠᠨ ᠳᠠᠪᠳᠠᠮᠵᠢ ᠶᠢᠨ ᠮᠠᠲ᠋ᠧᠷᠢᠶᠠᠯ ᠢᠶᠠᠨ ᠮᠡᠳᠡᠭᠦᠯᠬᠦ ᠬᠡᠷᠡᠭᠲᠡᠢ᠃ ᠡᠯ᠎ᠡ ᠨᠢᠬᠡᠴᠡ ᠤᠳ 9 ᠰᠠᠷ᠎ᠠ ᠶᠢᠨ 6 ᠤ ᠡᠳᠦᠷ ᠠᠴᠠ ᠡᠮᠦᠨ᠎ᠡ ᠰᠢᠭᠰᠢᠭᠡ ᠲᠡᠮᠡᠴᠡᠬᠡᠨ ᠤ ᠰᠢᠢᠳᠪᠦᠷᠢᠲᠦ ᠣᠷᠣᠯᠳᠣᠭᠠᠨ ᠢ ᠦᠵᠡᠨ ᠰᠣᠨᠢᠷᠬᠠᠬᠤ ᠬᠦᠮᠦᠰ ᠤᠨ ᠢᠶᠠᠨ ᠨᠡᠷᠡᠰ ᠢ ᠳᠡᠭᠡᠭᠰᠢ ᠮᠡᠳᠡᠭᠦᠯᠬᠦ ᠬᠡᠷᠡᠭᠲᠡᠢ᠃ ︵ ᠳᠠᠭᠠᠯᠳᠣᠭᠤᠯᠣᠯ ᠢ ᠦᠵᠡ︶      ᠬᠠᠷᠢᠯᠴᠠᠭᠴᠢ᠄ ᠯᠢ ᠨᠠᠷᠠᠨᠬᠤᠸᠠᠷ᠂ ᠬᠠᠷᠢᠯᠴᠠᠬᠤ ᠣᠳᠠᠰᠣ᠄ 0470 — 8815400᠂ ᠡᠯᠧᠺᠲᠷᠣᠨ ᠬᠠᠶᠢᠷᠴᠠᠭ᠄ ewkfzb@ 163.com      ᠡᠬᠦᠨ ᠤ ᠲᠣᠯᠠ ᠮᠡᠳᠡᠭᠳᠡᠪᠡ      ᠳᠠᠭᠠᠯᠳᠣᠭᠤᠯᠣᠯ᠄ ᠰᠢᠭᠰᠢᠭᠡ ᠲᠡᠮᠡᠴᠡᠭᠡᠨ ᠤ ᠰᠢᠢᠳᠪᠦᠷᠢᠲᠦ ᠣᠷᠣᠯᠳᠣᠭᠠᠨ ᠢ ᠦᠵᠡᠨ ᠰᠣᠨᠢᠷᠬᠠᠬᠤ ᠬᠦᠮᠦᠰ  ᠤᠨ ᠨᠡᠷᠡᠰ                                      2017 ᠣᠨ ᠤ 9 ᠰᠠᠷ᠎ᠠ ᠶᠢᠨ 4 ᠤ ᠡᠳᠦᠷ           ︵ᠰᠠᠨᠠᠭᠠᠴᠢᠯᠠᠭ᠎ᠠ ᠲᠠᠢ ᠢᠯᠡ ᠪᠣᠯᠭᠠᠬᠤ︶
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号