︽ᠪᠦᠬᠦ ᠬᠤᠰᠢᠭᠤᠨ ᠤ  ᠦᠨᠳᠦᠷ  ᠪᠠᠷᠢᠯᠭ᠎ᠠ  ᠶᠢᠨ  ᠭᠠᠯ  ᠰᠡᠷᠭᠡᠶᠢᠯᠡᠬᠦ  ᠠᠶᠣᠯᠭᠦᠢ  ᠶᠢᠨ  ᠶᠡᠷᠥᠩᠬᠡᠢ ᠵᠠᠰᠠᠯᠲᠠ ᠶᠢᠨ ᠠᠵᠢᠯ ᠤᠨ ᠬᠡᠷᠡᠭᠵᠢᠬᠦᠯᠬᠦ ᠲᠦᠰᠦᠯ︾ ᠢ ᠳᠠᠷᠣᠮᠠᠯᠯᠠᠨ ᠲᠠᠷᠬᠠᠭᠠᠬᠤ ᠲᠣᠬᠠᠢ  ᠮᠡᠳᠡᠭᠳᠡᠯ
ᠨᠡᠶᠢᠲᠡᠯᠡᠭᠰᠡᠨ ᠴᠠᠭ᠄
2017-12-06
                       ᠡᠸ᠋ᠨᠩᠬᠢ ᠵᠠᠰᠠᠭ ᠠᠯᠪᠠᠨ ᠦᠰᠦᠭᠲᠦ ﹇2017﹈ 187 ᠳ᠋ᠣᠭᠠᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ᠄      ᠬᠤᠰᠢᠭᠤᠨ ᠤ ᠵᠠᠰᠠᠭ ᠤᠨ ᠣᠷᠳᠣᠨ ᠤ ᠵᠦᠪᠰᠢᠶᠡᠷᠡᠯ ᠢᠶᠠᠷ᠂ ᠣᠳᠣ ︽ ᠪᠦᠬᠦ ᠬᠤᠰᠢᠭᠤᠨ ᠤ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠭᠦᠢ ᠶᠢᠨ ᠶᠡᠷᠥᠩᠬᠡᠢ ᠵᠠᠰᠠᠯᠲᠠ ᠶᠢᠨ ᠠᠵᠢᠯ ᠤᠨ ᠬᠡᠷᠡᠭᠵᠢᠬᠦᠯᠬᠦ ᠲᠦᠰᠦᠯ︾  ᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠨᠢᠮᠪᠠᠢ ᠵᠤᠬᠢᠶᠠᠨ ᠪᠠᠶᠢᠭᠤᠯᠣᠨ ᠬᠡᠷᠡᠭᠵᠢᠭᠦᠯᠳᠦᠭᠡᠢ᠃      ᠡᠬᠦᠨ ᠤ ᠲᠣᠯᠠ ᠮᠡᠳᠡᠭᠳᠡᠪᠡ                                            2017 ᠣᠨ ᠤ 9 ᠰᠠᠷ᠎ᠠ ᠶᠢᠨ 5 ᠤ ᠡᠳᠦᠷ      ︵ ᠰᠠᠨᠠᠭᠠᠴᠢᠯᠠᠭ᠎ᠠ ᠲᠠᠢ ᠢᠯᠡ ᠪᠣᠯᠭᠠᠬᠤ︶                     ᠪᠦᠬᠦ ᠬᠤᠰᠢᠭᠤᠨ ᠤ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠬᠦᠢ ᠶᠢᠨ           ᠶᠡᠷᠥᠩᠬᠡᠢ    ᠵᠠᠰᠠᠯᠲᠠ     ᠶᠢᠨ   ᠠᠵᠢᠯ     ᠤᠨ   ᠬᠡᠷᠡᠭᠵᠢᠬᠦᠯᠬᠦ   ᠲᠦᠰᠦᠯ          ᠪᠦᠬᠦ ᠬᠤᠰᠢᠭᠤᠨ ᠤ ᠦᠨᠳᠦᠷ ᠪᠠᠷᠢᠯᠭ᠎ᠠ ᠶᠢᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠦᠨᠡᠨᠬᠦ ᠴᠢᠩᠭᠠᠳᠬᠠᠬᠤ ᠶᠢᠨ ᠲᠦᠯᠦᠭᠡ᠂ ᠳᠡᠭᠡᠳᠦ ᠱᠠᠲᠣᠨ ᠤ ᠵᠠᠰᠠᠭ ᠤᠨ ᠣᠷᠳᠣᠨ ᠤ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠭᠦᠢ ᠶᠢᠨ ᠶᠡᠷᠥᠩᠬᠡᠢ ᠵᠠᠰᠠᠯᠲᠠ ᠶᠢᠨ ᠠᠵᠢᠯ ᠤᠨ ᠪᠠᠶᠢᠷᠢᠭᠤᠯᠣᠯᠲᠠ ᠶᠢᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠬᠠᠭᠠᠰ ᠵᠢᠯ ᠤᠨ ᠬᠤᠭᠤᠴᠠᠭ᠎ᠠ ᠲᠠᠢ ᠪᠠᠷ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠭᠦᠢ ᠶᠢᠨ ᠶᠡᠷᠥᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠣᠨ ᠦᠷᠨᠢᠬᠦᠯᠬᠦ ᠪᠠᠷ ᠲᠣᠭᠲᠠᠪᠠ᠃ ᠲᠣᠰ ᠠᠵᠢᠯ ᠢ ᠨᠢᠮᠪᠠᠢ ᠦᠷᠨᠢᠬᠦᠯᠬᠦ ᠶᠢᠨ ᠲᠣᠰᠠᠳᠠ ᠳᠡᠭᠡᠳᠦ ᠱᠠᠲᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠪᠣᠳᠠᠳᠠᠢ ᠲᠠᠢ ᠪᠠᠨ ᠣᠶᠠᠯᠳᠣᠭᠤᠯᠣᠨ᠂ ᠲᠣᠰ ᠬᠡᠷᠡᠭᠵᠢᠬᠦᠯᠬᠦ ᠲᠦᠰᠦᠯ ᠢ ᠲᠣᠭᠲᠠᠭᠠᠪᠠ᠃      ᠨᠢᠭᠡ᠂ ᠬᠠᠷᠠᠯᠲᠠ ᠡᠭᠦᠷᠭᠡ      ᠲᠦᠪ ᠤᠨ᠂ ᠦᠪᠡᠷᠲᠡᠭᠡᠨ ᠵᠠᠰᠠᠬᠤ ᠣᠷᠣᠨ ᠵᠢᠴᠢ ᠬᠦᠯᠦᠨ ᠪᠣᠶᠢᠷ ᠬᠤᠲᠠ ᠶᠢᠨ ᠣᠳᠣᠷᠢᠳᠬᠤ ᠨᠦᠬᠦᠳ  ᠤᠨ ᠨᠡᠶᠢᠲᠡ ᠶᠢᠨ ᠠᠮᠣᠷ ᠲᠦᠪᠰᠢᠨ ᠤ ᠠᠵᠢᠯ ᠤᠨ ᠲᠣᠬᠠᠢ ᠴᠢᠬᠤᠯᠠ ᠵᠢᠭᠠᠪᠣᠷᠢ ᠪᠠ ᠴᠣᠬᠤᠯᠠᠪᠣᠷᠢ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠠᠰᠠᠭᠤᠳᠠᠯ ᠤᠨ ᠣᠳᠣᠷᠢᠳᠣᠮᠵᠢ ᠶᠢ ᠪᠠᠷᠢᠮᠲᠠᠯᠠᠵᠣ᠂ ︽ ᠵᠠᠰᠠᠭ  ᠤᠨ ᠣᠷᠳᠣᠨ ᠠᠴᠠ ᠨᠢᠭᠡᠳᠦᠯᠳᠡᠢ ᠣᠳᠣᠷᠢᠳᠬᠤ᠂ ᠰᠠᠯᠠᠭ᠎ᠠ ᠮᠦᠴᠢᠷ ᠠᠴᠠ ᠬᠠᠣᠯᠢ ᠶᠣᠰᠣᠭᠠᠷ ᠬᠢᠨᠠᠨ ᠬᠠᠮᠢᠶᠠᠷᠬᠤ᠂ ᠨᠢᠭᠡᠴᠡ ᠠᠴᠠ ᠪᠦᠬᠦ ᠲᠠᠯ᠎ᠠ ᠪᠠᠷ ᠬᠠᠷᠢᠭᠤᠴᠠᠬᠤ᠂ ᠨᠡᠶᠢᠭᠡᠮ ᠠᠴᠠ ᠶᠡᠷᠥᠩᠬᠡᠶᠢᠯᠡᠨ ᠵᠠᠰᠠᠬᠤ︾ ᠠᠵᠢᠯ ᠤᠨ ᠵᠠᠷᠴᠢᠮ ᠶᠣᠰᠣᠭᠠᠷ᠂ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠭᠦᠢ ᠶᠢᠨ ᠶᠡᠷᠥᠩᠬᠡᠢ ᠵᠠᠰᠠᠯᠲᠠ ᠶᠢ ᠪᠦᠬᠦ ᠲᠠᠯ᠎ᠠ ᠪᠠᠷ ᠦᠷᠨᠢᠬᠦᠯᠦᠨ᠎ᠡ᠃ ᠶᠡᠷᠥᠩᠬᠡᠢ ᠵᠠᠰᠠᠯᠲᠠ ᠪᠠᠷ ᠳᠠᠮᠵᠢᠭᠤᠯᠣᠨ᠂ ᠮᠠᠨ ᠤ ᠬᠤᠰᠢᠭᠤᠨ ᠤ ᠦᠨᠳᠦᠷ ᠪᠠᠷᠢᠯᠭ᠎ᠠ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠣ᠂ ᠦᠨᠳᠦᠷ ᠪᠠᠷᠢᠯᠭ᠎ᠠ ᠶᠢᠨ ᠭᠠᠯ ᠤᠨ ᠠᠶᠣᠯ ᠤᠨ ᠬᠡᠮ ᠰᠣᠭᠤᠭ ᠢ ᠪᠦᠲᠦᠮᠵᠢᠲᠡᠢ ᠵᠠᠰᠠᠬᠤ᠂ ᠭᠠᠯ ᠰᠡᠷᠭᠡᠶᠢᠯᠡᠬᠦ ᠠᠶᠣᠯᠭᠦᠢ ᠶᠢᠨ ᠬᠠᠮᠢᠶᠠᠷᠯᠣᠲᠠ ᠶᠢᠨ ᠬᠠᠷᠢᠭᠤᠴᠠᠯᠭ᠎ᠠ ᠶᠢᠨ ᠪᠦᠲᠦᠮᠵᠢᠲᠡᠢ ᠨᠠᠶᠢᠳᠠᠪᠣᠷᠢᠵᠢᠭᠤᠯᠬᠤ ᠶᠢ ᠴᠢᠷᠮᠠᠶᠢᠨ ᠪᠡᠶᠡᠯᠡᠬᠦᠯᠵᠦ᠂ ᠬᠦᠨᠳᠦ ᠣᠨᠴᠠ ᠶᠡᠭᠡ ᠭᠠᠯ ᠤᠨ ᠠᠶᠣᠯ ᠤᠨ ᠠᠳᠡᠯ ᠭᠠᠷᠬᠤ  ᠶᠢ ᠣᠷᠢᠳᠴᠢᠯᠠᠨ ᠰᠡᠷᠭᠡᠶᠢᠯᠡᠬᠦ ᠪᠠ ᠡᠷᠡᠰ ᠬᠤᠷᠢᠭᠯᠠᠵᠣ᠂ ᠦᠭᠦᠯ ᠰᠢᠷᠠᠭᠳᠣᠯ ᠤᠨ ᠠᠶᠣᠯ ᠢ ᠴᠢᠷᠮᠠᠶᠢᠨ ᠪᠠᠭᠠᠰᠬᠠᠵᠣ ᠂ ᠪᠦᠬᠦ ᠬᠤᠰᠢᠭᠤᠨ ᠤ ᠭᠠᠯ ᠤᠨ ᠭᠠᠮᠰᠢᠭ ᠤᠨ ᠪᠠᠶᠢᠳᠠᠯ ᠤᠨ ᠲᠣᠭᠲᠠᠭᠤᠨ ᠪᠠᠶᠢᠳᠠᠯ ᠢ ᠯᠠᠪᠲᠠᠢ ᠪᠠᠲᠣᠯᠠᠵᠣ᠂ ᠨᠠᠮ  ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠲᠠ ᠲᠠᠢ ᠬᠤᠷᠠᠯᠳᠣᠬᠤ ᠳᠤ   ᠭᠠᠯ ᠰᠡᠷᠭᠡᠶᠢᠯᠡᠬᠦ ᠠᠶᠣᠯᠭᠦᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠪᠣᠯᠣᠨ᠎ᠠ᠃      ᠬᠤᠶᠠᠷ᠂ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ      ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠭᠦᠢ ᠶᠢᠨ ᠶᠡᠷᠥᠩᠬᠡᠢ ᠵᠠᠰᠠᠯᠲᠠ ᠶᠢᠨ ᠠᠵᠢᠯ ᠤᠨ ᠬᠦᠨᠵᠡᠬᠡᠢ ᠦᠷᠨᠢᠭᠳᠡᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ ᠪᠦᠬᠦ ᠬᠤᠰᠢᠭᠤᠨ ᠤ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠭᠦᠢ ᠶᠢᠨ ᠶᠡᠷᠥᠩᠬᠡᠢ ᠵᠠᠰᠠᠯᠲᠠ ᠶᠢᠨ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠪᠠ᠃ ᠪᠦᠷᠢᠯᠳᠦᠬᠦᠨ ᠨᠢ ᠳᠣᠣᠷᠠᠬᠢ ᠮᠡᠲᠦ᠄      ᠳᠣᠭᠤᠶᠢᠯᠠᠩ ᠤᠨ ᠳᠠᠷᠤᠭ᠎ᠠ᠄ ᠵᠣᠣ ᠪᠦᠸᠧ ᠮᠢᠨ ︵ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ︶      ᠬᠡᠰᠢᠭᠦᠨ᠄ ᠰᠣᠶᠣᠯᠳᠣ ︵ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ︶      ᠴᠢᠳᠠᠯᠳᠣ ︵ ᠬᠤᠰᠢᠭᠤᠨ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠲᠣᠪᠴᠢᠶ᠎ᠠ ᠶᠢᠨ ᠳᠡᠳ᠋ ᠳᠠᠷᠤᠭ᠎ᠠ︶      ᠰᠦᠨ ᠵᠢᠶᠠᠨ ᠵᠢᠶᠥ᠋ᠨ ︵ ᠬᠤᠰᠢᠭᠤᠨ ᠤ ᠮᠡᠳᠡᠭᠡ ᠵᠠᠩᠬᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ︶     ᠠᠴᠢᠯᠠᠯᠲᠣ ︵ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ︶     ᠪᠦᠭᠡ ︵ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ︶     ᠯᠢ ᠱᠸᠤ ᠹᠧᠩ ︵ ᠬᠤᠰᠢᠭᠤᠨ ᠤ ᠠᠶᠣᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠳᠠᠷᠤᠭ᠎ᠠ︶     ᠶᠣᠣ ᠰᠢᠨ ᠢᠥᠢ ︵ ᠬᠤᠰᠢᠭᠤᠨ ᠤ ᠶᠡᠷᠥᠩᠬᠡᠢ ᠵᠠᠰᠠᠯᠲᠠ ᠶᠢᠨ ᠠᠯᠪᠠᠨ ᠭᠡᠷ ᠤᠨ ᠬᠠᠷᠢᠭᠤᠴᠠᠯᠭᠠᠳᠠᠨ︶     ᠬᠦᠸᠧ ᠬᠤᠩ ︵ ᠬᠤᠰᠢᠭᠤᠨ ᠤ ᠲᠣᠲᠣᠭᠠᠳᠣ ᠶᠢ ᠬᠠᠮᠠᠭᠠᠯᠠᠬᠤ ᠭᠠᠯ ᠣᠨᠲᠠᠷᠠᠭᠠᠯᠲᠠ ᠶᠢᠨ ᠶᠡᠭᠡ ᠠᠩᠬᠢ  ᠶᠢᠨ ᠳᠠᠷᠤᠭ᠎ᠠ︶     ᠣᠳᠣᠷᠢᠳᠬᠤ ᠳᠣᠭᠤᠶᠢᠯᠠᠩ ᠨᠢ ᠠᠯᠪᠠᠨ ᠭᠡᠷ ᠲᠣᠬᠢᠷᠠᠭᠤᠯᠵᠣ᠂ ᠠᠯᠪᠠᠨ ᠭᠡᠷ ᠢ ᠨᠢ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠭᠠᠯ ᠣᠨᠲᠠᠷᠠᠭᠠᠯᠲᠠ ᠶᠢᠨ ᠶᠡᠭᠡ ᠠᠩᠬᠢ ᠳᠤ ᠲᠣᠬᠢᠷᠠᠭᠤᠯᠪᠠ᠂ ᠠᠯᠪᠠᠨ ᠭᠡᠷ ᠤᠨ ᠡᠷᠬᠢᠯᠡᠭᠴᠢ ᠨᠢ᠄ ᠬᠦᠸᠧ ᠬᠤᠩ ︵ᠬᠠᠪᠰᠤᠷᠭᠠᠨ᠎ᠠ︶᠂ ᠵᠠᠰᠠᠯᠲᠠ ᠶᠢᠨ ᠠᠵᠢᠯ ᠢ ᠵᠣᠬᠢᠶᠠᠨ ᠪᠠᠶᠢᠭᠤᠯᠣᠨ ᠬᠡᠷᠡᠭᠵᠢᠬᠦᠯᠬᠦ᠂ ᠵᠣᠬᠢᠴᠠᠭᠤᠯᠣᠨ ᠱᠠᠯᠠᠪᠳᠠᠭᠤᠯᠤᠨ ᠬᠢᠯᠬᠡᠬᠦ᠂ ᠱᠠᠭᠠᠷᠳᠠᠨ ᠪᠠᠶᠢᠴᠠᠭᠠᠬᠤ᠂ ᠬᠤᠷᠠᠯ ᠢ ᠵᠣᠬᠢᠶᠠᠨ ᠪᠠᠶᠢᠭᠤᠯᠬᠤ᠂ ᠮᠠᠲ᠋ᠧᠷᠢᠶᠠᠯ ᠢ ᠬᠤᠷᠢᠶᠠᠩᠭᠤᠶᠢᠯᠠᠨ ᠡᠮᠬᠢᠳᠬᠡᠬᠦ᠂ ᠮᠡᠳᠡᠭᠡ ᠵᠠᠩᠬᠢ ᠶᠢ ᠮᠡᠳᠡᠭᠦᠯᠦᠨ ᠬᠦᠷᠭᠡᠬᠦ ᠵᠢᠴᠢ ᠣᠳᠣᠷᠢᠳᠬᠤ ᠳᠣᠭᠤᠶᠢᠯᠠᠩ ᠤᠨ ᠲᠤᠰᠢᠶᠠᠨ ᠬᠦᠢᠴᠡᠳᠬᠡᠯᠭᠡᠭᠰᠡᠨ ᠪᠣᠰᠣᠳ ᠠᠵᠢᠯ ᠢ ᠪᠣᠳᠠᠳᠠᠢ ᠬᠠᠷᠢᠭᠤᠴᠠᠨ᠎ᠠ᠃ ᠶᠡᠷᠥᠩᠬᠡᠢ ᠵᠠᠰᠠᠯᠲᠠ ᠶᠢᠨ ᠠᠵᠢᠯ ᠳᠠᠭᠤᠰᠣᠭᠰᠠᠨ ᠤ ᠳᠠᠷᠠᠭ᠎ᠠ᠂ ᠣᠳᠣᠷᠢᠳᠬᠤ ᠳᠣᠭᠤᠶᠢᠯᠠᠩ ᠢ ᠠᠶᠠᠨᠳᠠᠭᠠᠨ ᠬᠦᠴᠦᠨ ᠦᠭᠡᠢ ᠪᠣᠯᠭᠠᠨ᠎ᠠ᠃     ᠭᠤᠷᠪᠠ᠂ ᠵᠠᠰᠠᠯᠲᠠ ᠬᠢᠬᠦ ᠬᠦᠷᠢᠶ᠎ᠡ ᠬᠡᠪᠴᠢᠶ᠎ᠡ     ᠪᠦᠬᠦ ᠬᠤᠰᠢᠭᠤᠨ ᠤ ᠬᠡᠪᠴᠢᠶᠡᠨ ᠳᠠᠬᠢ ᠨᠢᠬᠡᠨᠳᠡ ᠪᠠᠶᠢᠭᠤᠯᠣᠨ ᠳᠠᠭᠤᠰᠬᠠᠵᠣ ᠠᠰᠢᠭᠯᠠᠯᠲᠠ ᠳᠤ ᠣᠷᠣᠭᠤᠯᠣᠨ ᠬᠡᠷᠡᠭᠯᠡᠭᠦᠯᠵᠦ ᠪᠠᠶᠢᠬᠤ ᠦᠨᠳᠦᠷ ᠪᠠᠷᠢᠯᠭ᠎ᠠ ᠤᠳ᠃     ᠳᠦᠷᠪᠡ᠂ ᠵᠠᠰᠠᠯᠲᠠ ᠶᠢᠨ ᠠᠭᠤᠯᠭ᠎ᠠ     ︵ ᠨᠢᠭᠡ︶ ᠪᠠᠷᠢᠯᠭ᠎ᠠ ᠶᠢᠨ ᠭᠠᠳᠠᠷ ᠭᠡᠷᠡᠮ ᠤᠨ ᠭᠠᠳᠠᠭᠤᠷᠬᠢ ᠳᠣᠯᠠᠭᠠᠯᠠᠬᠤ ᠮᠠᠲ᠋ᠧᠷᠢᠶᠠᠯ    1. ᠦᠨᠳᠦᠷ ᠪᠠᠷᠢᠯᠭ᠎ᠠ ᠳᠤ ᠲᠣᠭᠲᠠᠭᠠᠯ ᠢ ᠵᠦᠷᠢᠴᠡᠨ ᠰᠢᠲᠠᠮᠠᠬᠠᠢ ᠪᠣᠳᠠᠰ ᠢᠶᠠᠷ ᠬᠡᠷᠡᠮ ᠤᠨ ᠭᠠᠳᠠᠷ ᠲᠠᠯ᠎ᠠ ᠶᠢᠨ ᠲᠣᠯᠠᠭᠠᠯᠠᠬᠤ ᠮᠠᠲ᠋ᠧᠷᠢᠶᠠᠯ ᠪᠣᠯᠭᠠᠨ ᠬᠡᠷᠡᠭᠯᠡᠭᠰᠡᠨ᠃    2. ᠦᠨᠳᠦᠷ ᠪᠠᠷᠢᠯᠭ᠎ᠠ ᠶᠢᠨ ᠭᠠᠳᠠᠷ ᠬᠡᠷᠡᠮ ᠤᠨ ᠭᠠᠳᠠᠨᠠᠬᠢ ᠲᠣᠯᠠᠭᠠᠯᠠᠬᠤ ᠮᠠᠲ᠋ᠧᠷᠢᠶᠠᠯ ᠤᠨ ᠬᠠᠮᠠᠭᠠᠯᠠᠬᠤ ᠦᠩᠭᠡᠯᠡᠯᠳᠠ ᠨᠢ ᠡᠪᠳᠡᠭᠳᠡᠨ ᠬᠠᠭᠠᠷᠠᠭᠰᠠᠨ᠂ ᠬᠠᠭᠵᠢᠷᠠᠵᠦ ᠣᠨᠠᠭᠰᠠᠨ᠂ ᠭᠡᠷᠡᠮ ᠤᠨ ᠳᠣᠯᠠᠭᠠᠯᠠᠬᠤ ᠮᠠᠲ᠋ᠧᠷᠢᠶᠠᠯ ᠢ ᠨᠢᠬᠳᠠ ᠪᠣᠭᠤᠵᠣ ᠲᠠᠯᠪᠢᠭᠰᠠᠨ ᠦᠭᠡᠢ᠃     ︵ ᠬᠤᠶᠠᠷ︶ ᠪᠠᠷᠢᠯᠭ᠎ᠠ ᠶᠢᠨ ᠭᠠᠯ ᠣᠨᠲᠠᠷᠠᠭᠠᠬᠤ ᠪᠡᠯᠡᠳᠬᠡᠮᠵᠢ    1. ᠦᠨᠳᠦᠷ ᠪᠠᠷᠢᠯᠭ᠎ᠠ ᠳᠤ ᠭᠠᠯ ᠣᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠᠷ ᠭᠠᠯ ᠣᠨᠲᠠᠷᠠᠭᠠᠬᠤ ᠪᠡᠯᠡᠳᠬᠡᠮᠵᠢ ᠲᠣᠬᠢᠷᠠᠭᠤᠯᠣᠭᠰᠠᠨ ᠦᠭᠡᠢ ᠪᠣᠶᠣ ᠲᠣᠬᠢᠷᠠᠭᠤᠯᠣᠭᠰᠠᠨ ᠨᠢ ᠭᠠᠯ ᠣᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠦᠭᠡᠢ᠃    2. ᠭᠠᠯ ᠣᠨᠲᠠᠷᠠᠭᠠᠬᠤ ᠪᠡᠯᠡᠳᠬᠡᠮᠵᠢ ᠨᠢ ᠰᠠᠭᠠᠳ ᠲᠠᠢ ᠪᠣᠯᠣᠭᠰᠠᠨ᠂ ᠡᠪᠳᠡᠭᠳᠡᠭᠰᠡᠨ ᠡᠰᠡᠭᠦᠯ᠎ᠡ ᠠᠵᠢᠯᠯᠠᠬᠤ ᠴᠢᠳᠠᠪᠣᠷᠢ ᠦᠭᠡᠢ ᠪᠣᠯᠵᠣ᠂ ᠬᠡᠪ ᠤᠨ ᠠᠵᠢᠯᠯᠠᠭ᠎ᠠ ᠪᠠᠨ ᠪᠠᠲᠣᠯᠠᠵᠣ  ᠴᠢᠳᠠᠬᠤ ᠦᠭᠡᠢ ᠪᠣᠯᠣᠭᠰᠠᠨ᠃    3. ᠭᠠᠯ ᠣᠨᠲᠠᠷᠠᠭᠠᠯᠲᠠ ᠶᠢᠨ ᠡᠵᠡᠮᠳᠡᠬᠦ ᠭᠡᠷ ᠤᠨ ᠪᠡᠯᠡᠳᠬᠡᠮᠵᠢ ᠨᠢ ᠰᠠᠭᠠᠳ ᠲᠠᠢ ᠪᠣᠯᠵᠣ᠂ ᠡᠵᠡᠮᠳᠡᠬᠦ ᠴᠢᠳᠠᠪᠣᠷᠢ ᠵᠢᠴᠢ ᠬᠡᠪ ᠤᠨ ᠠᠵᠢᠯᠯᠠᠭᠠᠨ ᠤ ᠪᠠᠶᠢᠳᠠᠯ ᠢᠶᠠᠨ ᠪᠠᠲᠣᠯᠠᠵᠣ ᠴᠢᠳᠠᠬᠤ ᠦᠭᠡᠢ᠃     ︵ ᠭᠤᠷᠪᠠ︶ ᠠᠶᠣᠯᠭᠦᠢ ᠪᠠᠷ ᠲᠠᠷᠬᠠᠭᠠᠨ ᠵᠠᠶᠢᠯᠠᠭᠤᠯᠬᠤ ᠪᠡᠯᠡᠳᠬᠡᠮᠵᠢ    1. ᠲᠠᠷᠬᠠᠭᠠᠨ ᠵᠠᠶᠢᠯᠠᠭᠤᠯᠬᠤ ᠠᠰᠠᠷ ᠤᠨ ᠱᠠᠲᠣ᠂ ᠠᠶᠣᠯᠭᠦᠢ ᠪᠠᠷ ᠭᠠᠷᠬᠤ ᠡᠭᠦᠳᠡ ᠪᠠ ᠲᠠᠷᠬᠠᠭᠠᠨ ᠵᠠᠶᠢᠯᠠᠭᠤᠯᠬᠤ ᠠᠰᠠᠷ ᠤᠨ ᠱᠠᠲᠣ ᠶᠢᠨ ᠬᠤᠭᠤᠷᠣᠨᠳᠣᠬᠢ ᠲᠣᠬᠢᠷᠠᠭᠤᠯᠣᠯᠲᠠ ᠨᠢ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ︔ ᠠᠶᠣᠯ ᠠᠴᠠ ᠵᠠᠶᠢᠯᠠᠬᠤ ᠳᠠᠪᠬᠤᠷᠭ᠎ᠠ ︵ᠲᠠᠰᠤᠭ︶ ᠳᠤ ᠡᠯᠳᠡᠪ ᠶᠠᠭᠤᠮ᠎ᠠ ᠣᠪᠣᠭᠠᠯᠠᠵᠣ ᠲᠠᠯᠪᠢᠬᠤ ᠡᠰᠡᠭᠦᠯ᠎ᠡ ᠬᠡᠷᠡᠭᠴᠡᠭᠡ ᠶᠢ ᠨᠢ ᠲᠣᠷ᠎ᠠ ᠪᠠᠷ ᠢᠶᠠᠨ ᠦᠭᠡᠷᠡᠳᠡᠭᠦᠯᠦᠭᠰᠡᠨ︔ ᠭᠠᠮᠰᠢᠭ ᠠᠴᠠ ᠵᠠᠶᠢᠯᠠᠭᠤᠯᠬᠤ ᠣᠷᠣᠨ ᠳᠣᠳᠣᠷ᠎ᠠ ᠠᠭᠠᠷᠵᠢᠭᠤᠯᠬᠤ ᠬᠤᠭᠤᠯᠠᠢ᠂ ᠣᠳᠤᠭ᠎ᠠ ᠰᠠᠷᠨᠢᠭᠤᠯᠬᠤ ᠬᠤᠭᠤᠯᠠᠢ᠂ ᠴᠠᠬᠢᠯᠭᠠᠨ ᠲᠠᠲᠠᠯᠭ᠎ᠠ ᠶᠢᠨ ᠬᠦᠬᠦᠷᠭᠡ  ᠶᠢᠨ ᠳᠠᠭᠤᠷᠢ ᠪᠠ ᠰᠢᠳᠠᠮᠠᠬᠠᠢ ᠪᠣᠳᠠᠰ ᠢᠶᠠᠷ ᠬᠤᠭᠤᠯᠠᠢ ᠲᠣᠣᠷ ᠢ ᠪᠣᠭᠤᠵᠣ ᠲᠠᠯᠪᠢᠭᠰᠠᠨ᠃    2. ᠲᠠᠷᠬᠠᠭᠠᠨ ᠵᠠᠶᠢᠯᠠᠭᠤᠯᠬᠤ ᠵᠠᠮ ᠪᠠ ᠠᠶᠣᠯᠭᠦᠢ ᠪᠠᠷ ᠭᠠᠷᠬᠤ ᠡᠭᠦᠳᠡ ᠶᠢ ᠡᠵᠡᠯᠡᠬᠦ᠂ ᠲᠦᠭᠵᠢᠬᠦ᠂ ᠪᠢᠳᠡᠭᠦᠮᠵᠢᠯᠡᠭᠰᠡᠨ︔ ᠭᠠᠯ ᠰᠡᠷᠭᠡᠶᠢᠯᠡᠬᠦ ᠡᠬᠦᠳᠡ ᠨᠢ ᠡᠪᠳᠡᠷᠡᠭᠰᠡᠨ ᠪᠣᠶᠣ ᠪᠦᠷᠢᠯᠳᠦᠯ ᠬᠡᠰᠡᠭ ᠨᠢ ᠬᠦᠢᠴᠡᠳ ᠦᠭᠡᠢ  ᠠᠴᠠ ᠪᠣᠯᠵᠣ ᠭᠠᠯ ᠰᠡᠷᠭᠡᠶᠢᠯᠡᠬᠦ ᠣᠳᠤᠭ᠎ᠠ ᠰᠡᠷᠭᠡᠶᠢᠯᠡᠬᠦ ᠴᠢᠳᠠᠪᠣᠷᠢ ᠪᠠᠨ ᠠᠯᠳᠠᠭᠰᠠᠨ︔ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ  ᠬᠡᠷᠡᠯᠲᠦᠭᠦᠯᠭᠡ ᠶᠢᠨ ᠲᠦᠭᠦᠬᠡᠷᠦᠮᠵᠢ᠂ ᠲᠠᠷᠬᠠᠭᠠᠬᠤ ᠵᠠᠮ ᠢ ᠵᠢᠭᠠᠬᠤ ᠲᠣᠬᠢᠶᠠᠨ ᠤ ᠳᠡᠮᠳᠡᠭ ᠪᠠ ᠠᠰᠠᠷ ᠤᠨ ᠳᠠᠪᠬᠤᠷᠭ᠎ᠠ ᠶᠢᠨ ᠲᠠᠷᠬᠠᠭᠠᠬᠤ ᠵᠠᠮ ᠢ ᠵᠢᠭᠠᠬᠤ ᠲᠣᠬᠢᠶᠠᠨ ᠤ ᠳᠡᠮᠳᠡᠭ ᠢ ᠲᠣᠬᠢᠷᠠᠭᠤᠯᠣᠭᠰᠠᠨ ᠪᠠᠶᠢᠷᠢ᠂ ᠲᠤᠭ᠎ᠠ ᠬᠡᠮᠵᠢᠶ᠎ᠡ᠂ ᠬᠡᠷᠡᠯᠳᠦᠭᠦᠯᠭᠡ ᠶᠢᠨ ᠬᠡᠮᠵᠢᠶ᠎ᠡ ᠵᠡᠷᠭᠡ ᠨᠢ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ᠃     3. ᠲᠠᠷᠬᠠᠭᠠᠨ ᠵᠠᠶᠢᠯᠠᠭᠤᠯᠬᠤ ᠵᠠᠮ᠂ ᠠᠰᠠᠷ ᠤᠨ ᠱᠠᠲᠣ ᠶᠢᠨ ᠬᠤᠭᠤᠷᠣᠨᠳᠣᠬᠢ ᠭᠠᠵᠠᠷ ᠢ ᠵᠠᠰᠠᠨ ᠴᠢᠮᠡᠭᠯᠡᠭᠰᠡᠨ ᠮᠠᠲ᠋ᠧᠷᠢᠶᠠᠯ ᠨᠢ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠬᠤ᠃     ︵ ᠳᠦᠷᠪᠡ︶ ᠬᠤᠭᠤᠯᠠᠢ ᠭᠤᠣᠷᠰᠣ ᠶᠢᠨ ᠬᠤᠳᠳᠤᠭ     1. ᠴᠠᠬᠢᠯᠭᠠᠨ ᠲᠠᠲᠠᠯᠭ᠎ᠠ ᠶᠢᠨ ᠬᠤᠳᠳᠤᠭ᠂ ᠬᠤᠭᠤᠯᠠᠢ ᠭᠤᠣᠷᠰᠣ ᠶᠢᠨ ᠬᠤᠳᠳᠤᠭ ᠵᠡᠷᠭᠡ ᠶᠢ ᠲᠣᠰᠠᠭᠠᠷ ᠲᠣᠬᠢᠷᠠᠭᠤᠯᠣᠭᠰᠠᠨ ᠦᠭᠡᠢ᠂ ᠬᠤᠳᠳᠤᠭ ᠤᠨ ᠬᠠᠨ᠎ᠠ ᠶᠢᠨ ᠭᠠᠯ ᠳᠤ ᠳᠠᠭᠠᠭᠠᠮᠠᠭᠠᠢ ᠴᠢᠳᠠᠪᠣᠷᠢ ᠨᠢ 1.00h ᠤᠨ ᠪᠠᠷᠢᠮᠵᠢᠶ᠎ᠠ ᠳᠤ ᠬᠦᠷᠦᠬᠦ ᠦᠭᠡᠢ᠂ ᠬᠤᠭᠤᠯᠠᠢ ᠶᠢᠨ ᠬᠤᠳᠳᠤᠭ ᠢ ᠪᠠᠶᠢᠴᠠᠭᠠᠬᠤ ᠡᠭᠦᠳᠡ ᠨᠢ ᠭᠤᠳᠠᠭᠠᠷ ᠳᠡᠰ ᠤᠨ ᠭᠠᠯ ᠰᠡᠷᠭᠡᠶᠢᠯᠡᠬᠦ ᠡᠭᠦᠳᠡ ᠪᠢᠰᠢ᠂ ᠴᠠᠬᠢᠯᠭᠠᠨ ᠲᠠᠳᠠᠯᠭ᠎ᠠ ᠶᠢᠨ ᠬᠤᠳᠳᠤᠭ᠂ ᠬᠤᠭᠤᠯᠠᠢ ᠭᠤᠣᠷᠰᠣ ᠶᠢᠨ ᠬᠤᠳᠳᠤᠭ  ᠢ ᠠᠰᠠᠷ ᠤᠨ ᠳᠡᠭᠳᠡᠷ ᠪᠦᠷᠢ ᠶᠢᠨ ᠬᠠᠪᠳᠠᠰᠤ ᠲᠠᠢ ᠬᠡᠰᠡᠭ ᠢ ᠨᠢᠬᠲᠠ ᠪᠢᠳᠡᠭᠦᠮᠵᠢᠯᠡᠭᠰᠡᠨ ᠦᠭᠡᠢ᠂ ᠴᠠᠬᠢᠯᠭᠠᠨ ᠲᠠᠳᠠᠯᠭ᠎ᠠ ᠶᠢᠨ ᠡᠯᠭᠦᠭᠦᠷ ᠵᠡᠷᠭᠡ ᠶᠢ ᠭᠠᠯ ᠰᠡᠷᠭᠡᠶᠢᠯᠡᠯᠲᠡ ᠶᠢ ᠲᠣᠰᠠᠭᠠᠷᠯᠠᠬᠤ ᠭᠠᠵᠠᠷ ᠲᠤ ᠪᠦᠲᠦᠮᠵᠢᠲᠡᠢ ᠠᠷᠭ᠎ᠠ ᠠᠪᠴᠠᠯ ᠢᠶᠠᠷ    ᠪᠢᠳᠡᠭᠦᠮᠵᠢᠯᠡᠭᠰᠡᠨ ᠦᠭᠡᠢ ᠪᠠᠶᠢᠬᠤ᠃     2. ᠬᠤᠭᠤᠯᠠᠢ ᠭᠤᠣᠷᠰᠣ ᠶᠢᠨ ᠬᠤᠳᠳᠤᠭ ᠲᠤ ᠡᠯᠳᠡᠪ ᠪᠣᠳᠠᠰ ᠢ ᠣᠪᠣᠭᠠᠯᠠᠨ ᠲᠠᠯᠪᠢᠬᠤ ᠪᠣᠶᠣ ᠡᠵᠡᠯᠡᠨ ᠬᠡᠷᠡᠭᠯᠡᠬᠦ᠂ ᠬᠤᠳᠳᠤᠭ ᠤᠨ ᠬᠠᠨ᠎ᠠ᠂ ᠰᠢᠯᠭᠠᠨ ᠪᠠᠶᠢᠴᠠᠭᠠᠬᠤ ᠡᠭᠦᠳᠡ ᠨᠢ ᠡᠪᠳᠡᠷᠡᠭᠰᠡᠨ᠂ ᠡᠳᠦᠷ ᠳᠣᠳᠣᠮ ᠤᠨ ᠠᠷᠠᠴᠢᠯᠠᠨ ᠬᠠᠮᠠᠭᠠᠯᠠᠬᠤ ᠶᠢ ᠨᠠᠶᠢᠳᠠᠪᠣᠷᠢᠵᠢᠭᠤᠯᠬᠤ ᠦᠭᠡᠢ᠃     ︵ ᠲᠠᠪᠤ︶ ᠴᠠᠬᠢᠯᠭᠠᠨ ᠰᠢᠳᠠᠮᠠᠬᠠᠢ ᠬᠡᠢ ᠶᠢᠨ ᠬᠠᠮᠢᠶᠠᠷᠣᠯᠲᠠ    1. ᠴᠠᠬᠢᠯᠭᠠᠨ ᠬᠡᠯᠬᠢᠶ᠎ᠡ ᠶᠢ ᠳᠣᠷ᠎ᠠ ᠪᠠᠷ ᠲᠠᠲᠠᠵᠣ ᠵᠠᠯᠭᠠᠬᠤ ᠪᠣᠶᠣ ᠳᠦᠷᠢᠮᠵᠢᠯ ᠦᠭᠡᠢ ᠪᠠᠷ ᠪᠠᠶᠢᠷᠢᠯᠠᠭᠤᠯᠵᠣ᠂ ᠴᠠᠬᠢᠯᠭᠠᠨ ᠪᠡᠯᠡᠳᠬᠡᠮᠵᠢ ᠶᠢᠨ ᠪᠠᠭᠳᠠᠭᠠᠮᠵᠢ   ᠶᠢ ᠪᠠᠷᠢᠮᠵᠢᠶᠠᠨ ᠠᠴᠠ ᠭᠡᠳᠦᠷᠡᠭᠦᠯᠦᠭᠰᠡᠨ ᠪᠣᠶᠣ ᠳᠦᠷᠢᠮᠵᠢᠯ ᠦᠭᠡᠢ ᠤᠭᠰᠠᠷᠠᠨ ᠲᠣᠨᠣᠭᠯᠠᠭᠰᠠᠨ᠃    2. ᠭᠠᠯ ᠣᠨᠲᠠᠷᠠᠭᠠᠯᠲᠠ ᠳᠤ ᠭᠡᠷᠡᠭᠯᠡᠬᠦ ᠴᠠᠬᠢᠯᠭᠠᠨ ᠤ ᠳᠠᠭᠠᠭᠠᠴᠠ ᠨᠢ ᠭᠠᠯ ᠣᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠬᠦ ᠦᠭᠡᠢ᠂ ᠶᠠᠮᠠᠷᠪᠠ ᠪᠠᠶᠢᠳᠠᠯ ᠲᠣᠣᠷ᠎ᠠ ᠬᠡᠳ ᠭᠠᠯ ᠣᠨᠲᠠᠷᠠᠭᠠᠬᠤ ᠴᠠᠬᠢᠯᠭᠠᠨ ᠡᠭᠦᠰᠬᠡᠭᠴᠢ ᠶᠢ ᠲᠠᠰᠣᠳᠠᠵᠣ ᠪᠣᠯᠬᠤ ᠦᠭᠡᠢ ᠭᠡᠰᠡᠨ ᠠᠶᠤᠯᠬᠦᠢ ᠶᠢᠨ ᠪᠠᠳᠤᠯᠠᠭ᠎ᠠ ᠶᠢᠨ ᠠᠷᠭ᠎ᠠ ᠭᠡᠮᠵᠢᠶ᠎ᠠ ᠶᠢ ᠨᠠᠶᠢᠳᠠᠪᠦᠷᠢᠵᠢᠭᠤᠯᠤᠭᠰᠠᠨ ᠦᠭᠡᠢ᠃    3. ᠰᠢᠳᠠᠮᠠᠬᠠᠢ ᠬᠡᠢ ᠬᠡᠷᠡᠭᠯᠡᠬᠦ ᠭᠠᠵᠠᠷ ᠲᠠᠯᠠᠪᠣᠷ᠂ ᠣᠷᠣᠨ ᠪᠠᠶᠢᠷᠢ ᠨᠢ ᠬᠠᠮᠢᠶ᠎ᠠ ᠪᠦᠬᠦᠢ ᠮᠡᠷᠬᠡᠵᠢᠯ ᠤᠨ ᠪᠠᠷᠢᠮᠵᠢᠶ᠎ᠠ ᠳᠤ ᠨᠡᠶᠢᠴᠡᠬᠦ ᠦᠭᠡᠢ︔ ᠰᠢᠳᠠᠮᠠᠬᠠᠢ ᠬᠡᠢ   ᠶᠢᠨ ᠬᠤᠭᠤᠯᠠᠢ ᠭᠤᠣᠷᠰᠣ᠂ ᠰᠢᠳᠠᠮᠠᠬᠠᠢ ᠬᠡᠢ ᠬᠡᠷᠡᠭᠯᠡᠬᠦ ᠪᠠᠭᠠᠵᠢ ᠬᠡᠷᠡᠭᠰᠡᠯ ᠢ ᠪᠠᠶᠢᠷᠢᠯᠠᠭᠤᠯᠬᠤ ᠪᠠ ᠣᠭᠰᠠᠷᠠᠨ ᠲᠣᠨᠣᠭᠯᠠᠭᠰᠠᠨ ᠵᠡᠷᠭᠡ ᠨᠢ ᠬᠠᠮᠢᠶ᠎ᠠ ᠪᠦᠬᠦᠢ ᠠᠶᠣᠯᠭᠦᠢ ᠶᠢᠨ ᠮᠠᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠦᠭᠡᠢ︔ ᠣᠯᠠᠨ ᠨᠡᠶᠢᠲᠡ ᠶᠢᠨ ᠪᠠᠷᠢᠯᠭ᠎ᠠ ᠳᠤ ᠬᠡᠷᠡᠭᠯᠡᠬᠦ ᠰᠢᠳᠠᠮᠠᠬᠠᠢ ᠬᠡᠢ  ᠶᠢᠨ ᠣᠷᠣᠨ ᠪᠠᠶᠢᠷᠢ ᠳᠤ ᠰᠢᠳᠠᠮᠠᠬᠠᠢ ᠬᠡᠢ ᠵᠠᠳᠠᠷᠠᠭᠰᠠᠨ ᠤ ᠲᠦᠭᠰᠢᠬᠦᠷᠢ ᠶᠢ ᠮᠡᠳᠡᠭᠦᠯᠬᠦ ᠪᠡᠯᠡᠳᠬᠡᠮᠵᠢ ᠣᠭᠰᠠᠷᠠᠨ ᠲᠣᠨᠣᠭᠯᠠᠭᠰᠠᠨ ᠦᠭᠡᠢ ᠪᠠ ᠣᠭᠰᠠᠷᠠᠯᠲᠠ ᠶᠢ ᠪᠠᠴᠢᠮ ᠲᠠᠰᠣᠳᠠᠵᠣ ᠴᠢᠳᠠᠬᠤ ᠪᠠᠷ ᠣᠭᠰᠠᠷᠠᠨ ᠲᠣᠨᠣᠭᠯᠠᠭᠰᠠᠨ ᠦᠭᠡᠢ    4. ᠴᠠᠬᠢᠯᠭᠠᠨ᠂ ᠰᠢᠳᠠᠮᠠᠬᠠᠢ ᠬᠡᠢ ᠶᠢᠨ ᠪᠡᠯᠡᠳᠬᠡᠮᠵᠢ ᠲᠦᠭᠦᠭᠡᠷᠦᠮᠵᠢ ᠶᠢᠨ ᠡᠳᠦᠷ ᠳᠣᠳᠣᠮ ᠤᠨ ᠠᠷᠠᠴᠢᠯᠠᠬᠤ ᠰᠡᠯᠪᠢᠨ ᠵᠠᠰᠠᠬᠤ᠂ ᠰᠢᠯᠭᠠᠨ ᠪᠠᠶᠢᠴᠠᠭᠠᠬᠤ ᠵᠡᠷᠭᠡ ᠬᠠᠮᠢᠶᠠᠷᠣᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠭᠰᠠᠨ ᠦᠭᠡᠢ᠃    5. ᠭᠠᠯ᠂ ᠴᠠᠬᠢᠯᠭᠠᠨ᠂ ᠬᠡᠢ ᠬᠡᠷᠡᠭᠯᠡᠬᠦ ᠨᠢ ᠳᠦᠷᠢᠮᠵᠢᠯ ᠦᠭᠡᠢ᠃ ᠢᠯᠡ ᠭᠠᠯ ᠢ ᠬᠡᠷᠡᠭᠯᠡᠬᠦ ᠦᠶᠡᠰ᠂ ᠲᠣᠬᠠᠢ  ᠶᠢᠨ ᠲᠠᠯᠠᠪᠣᠷ ᠤᠨ ᠬᠢᠨᠠᠨ ᠬᠠᠮᠠᠭᠠᠯᠠᠯᠲᠠ ᠪᠠ ᠠᠶᠣᠯᠭᠦᠢ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠭᠰᠠᠨ ᠦᠭᠡᠢ    6. ᠲᠣᠰ ᠭᠠᠵᠠᠷ ᠤᠨ ᠴᠠᠬᠢᠯᠭᠠᠨ ᠬᠡᠷᠡᠭᠯᠡᠬᠦ ᠠᠶᠣᠯᠭᠦᠢ ᠶᠢᠨ ᠣᠶᠣᠨᠴᠢ ᠬᠠᠮᠢᠶᠠᠷᠣᠯᠲᠠ ᠶᠢᠨ ᠰᠢᠰᠲ᠋ᠧᠮ᠂ ᠰᠢᠳᠠᠮᠠᠬᠠᠢ ᠬᠡᠢ ᠬᠡᠷᠡᠭᠯᠡᠬᠦ ᠣᠶᠣᠨᠴᠢ ᠬᠠᠮᠢᠶᠠᠷᠣᠯᠲᠠ ᠶᠢᠨ ᠰᠢᠰᠲ᠋ᠧᠮ ᠢ ᠪᠦᠲᠦᠭᠡᠨ ᠪᠠᠶᠢᠭᠤᠯᠣᠯᠲᠠ ᠲᠠᠢ ᠣᠶᠠᠯᠳᠣᠭᠤᠯᠣᠨ᠂ ᠦᠨᠳᠦᠷ ᠪᠠᠷᠢᠯᠭ᠎ᠠ ᠶᠢᠨ ᠠᠶᠣᠯᠭᠦᠢ ᠪᠠᠷ ᠴᠠᠬᠢᠯᠭᠠᠨ ᠰᠢᠳᠠᠮᠠᠬᠠᠢ ᠬᠡᠢ ᠬᠡᠷᠡᠭᠯᠡᠬᠦ ᠳᠤ ᠠᠯᠣᠰ ᠡᠵᠡᠮᠰᠢᠯᠲᠦ ᠬᠢᠨᠠᠨ ᠡᠵᠡᠮᠳᠡᠬᠦ ᠬᠠᠮᠢᠶᠠᠷᠣᠯᠲᠠ ᠶᠢ ᠬᠡᠷᠡᠭᠵᠢᠬᠦᠯᠦᠭᠰᠡᠨ ᠡᠰᠡᠬᠦ᠃     ︵ ᠵᠢᠷᠭᠤᠭ᠎ᠠ︶ ᠡᠳᠦᠷ ᠳᠣᠳᠣᠮ ᠤᠨ ᠭᠠᠯ ᠰᠡᠷᠭᠡᠶᠢᠯᠡᠯᠲᠡ ᠣᠨᠲᠠᠷᠠᠭᠠᠯᠲᠠ ᠶᠢᠨ ᠠᠶᠣᠯᠭᠦᠢ ᠶᠢᠨ ᠬᠠᠮᠢᠶᠠᠷᠣᠯᠲᠠ    1. ᠨᠢᠭᠡᠴᠡ ᠶᠢᠨ ᠭᠠᠯ ᠰᠡᠷᠭᠡᠶᠢᠯᠡᠬᠦ ᠠᠶᠣᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠭᠰᠠᠨ ᠦᠭᠡᠢ᠂ ᠭᠠᠯ ᠰᠡᠷᠭᠡᠶᠢᠯᠡᠬᠦ ᠠᠶᠣᠯᠭᠦᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠪᠠᠶᠢᠭᠤᠯᠣᠭᠰᠠᠨ ᠦᠭᠡᠢ ᠪᠣᠶᠣ ᠲᠣᠳᠣᠷᠬᠠᠶᠢᠯᠠᠭᠰᠠᠨ ᠦᠭᠡᠢ᠂ ᠭᠠᠯ ᠰᠡᠷᠭᠡᠶᠢᠯᠡᠬᠦ ᠠᠶᠣᠯᠭᠦᠢ ᠶᠢᠨ ᠳᠦᠷᠢᠮ ᠪᠠ ᠭᠠᠯ ᠰᠡᠷᠭᠡᠶᠢᠯᠡᠬᠦ ᠠᠶᠣᠯᠭᠦᠢ ᠶᠢᠨ ᠠᠵᠢᠯᠯᠠᠭᠠᠨ ᠤ ᠳᠦᠷᠢᠮ ᠪᠠᠶᠢᠭᠤᠯᠣᠭᠰᠠᠨ ᠦᠭᠡᠢ᠂ ᠭᠠᠯ ᠰᠡᠷᠭᠡᠶᠢᠯᠡᠬᠦ ᠠᠶᠣᠯᠭᠦᠢ ᠶᠢᠨ ᠲᠣᠬᠠᠢ ᠬᠠᠷᠢᠭᠤᠴᠠᠭᠴᠢ᠂ ᠬᠠᠮᠢᠶᠠᠷᠣᠭᠴᠢ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠳᠠᠨ᠂ ᠲᠣᠰᠬᠠᠢ ᠠᠵᠢᠯ ᠲᠦᠷᠦᠯ ᠤᠨ ᠠᠵᠢᠯᠳᠠᠨ ᠤ ᠱᠠᠲᠣ ᠳᠠᠷᠠᠭᠠᠯᠠᠨ ᠠᠵᠢᠯ ᠳᠤ ᠭᠠᠷᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠭᠰᠠᠨ ᠦᠭᠡᠢ᠃    2. ᠪᠠᠶᠢᠭᠤᠯᠣᠯᠭ᠎ᠠ ᠨᠢᠭᠡᠴᠡ ᠶᠢᠨ ᠭᠠᠯ ᠰᠡᠷᠭᠡᠶᠢᠯᠡᠬᠦ ᠠᠶᠣᠯᠭᠦᠢ ᠶᠢᠨ ᠪᠠᠶᠢᠴᠠᠭᠠᠯᠲᠠ ᠬᠢᠬᠦ ᠴᠠᠭᠳᠠᠨ ᠪᠠᠶᠢᠴᠠᠭᠠᠯᠲᠠ ᠬᠢᠬᠦ ᠶᠢ ᠨᠠᠶᠢᠳᠠᠪᠣᠷᠢᠵᠢᠭᠤᠯᠣᠭᠰᠠᠨ ᠦᠭᠡᠢ᠂ ᠭᠠᠯ ᠤᠨ ᠠᠶᠣᠯ ᠤᠨ ᠬᠡᠮ ᠰᠣᠭᠤᠭ ᠢ ᠲᠡᠷᠡ ᠳᠠᠷᠣᠢ  ᠳᠤᠨᠢ ᠴᠡᠭᠴᠡᠯᠡᠨ ᠦᠭᠡᠷᠡᠴᠢᠯᠡᠭᠰᠡᠨ ᠦᠭᠡᠢ᠃    3. ᠪᠠᠷᠢᠯᠭ᠎ᠠ ᠶᠢᠨ ᠭᠠᠳᠠᠷ ᠬᠡᠷᠡᠮ ᠤᠨ ᠡᠭᠦᠳᠡ ᠴᠣᠩᠬᠤ ᠶᠢ ᠲᠣᠭᠲᠠᠭᠠᠯ ᠢ ᠵᠦᠷᠢᠴᠡᠨ ᠲᠣᠬᠢᠷᠠᠭᠤᠯᠣᠭᠰᠠᠨ  ᠠᠴᠠ ᠠᠮᠢ ᠵᠢᠭᠤᠳᠠᠬᠤ ᠪᠠ ᠭᠠᠯ ᠣᠨᠲᠠᠷᠠᠭᠠᠵᠣ ᠠᠪᠣᠷᠠᠨ ᠲᠣᠰᠠᠯᠠᠬᠤ   ᠳᠤ ᠬᠠᠷᠰᠢ ᠰᠠᠭᠠᠳ ᠪᠣᠯᠣᠭᠰᠠᠨ᠃    4. ᠪᠠᠶᠢᠭᠤᠯᠣᠯᠭ᠎ᠠ ᠨᠢᠭᠡᠴᠡ ᠨᠢ ᠪᠠᠷᠢᠮᠵᠢᠶ᠎ᠡ ᠶᠣᠰᠣᠭᠠᠷ ᠪᠢᠴᠢᠯ ᠬᠡᠯᠪᠡᠷᠢ ᠶᠢᠨ ᠭᠠᠯ ᠣᠨᠳᠠᠷᠠᠭᠠᠬᠤ ᠦᠷᠳᠡᠭᠡ ᠴᠢᠭ ᠪᠠᠶᠢᠭᠤᠯᠣᠭᠰᠠᠨ ᠦᠭᠡᠢ᠂ ᠬᠠᠨᠳᠣᠯᠭᠠᠳᠣ ᠴᠢᠨᠠᠷᠲᠠᠢ ᠭᠠᠯ  ᠣᠨᠲᠠᠷᠠᠭᠠᠬᠤ ᠰᠣᠷᠢᠯᠲᠠ ᠬᠢᠭᠰᠡᠨ ᠦᠭᠡᠢ᠂ ᠭᠠᠯ  ᠤᠨ ᠠᠶᠣᠯ ᠢ ︽ ᠡᠷᠳᠡ ᠣᠯᠵᠣ ᠮᠡᠳᠡᠵᠦ᠂ ᠡᠷᠳᠡ ᠰᠢᠢᠳᠪᠦᠷᠢᠯᠡᠬᠦ︾ ᠠᠪᠣᠷᠠᠨ ᠲᠣᠰᠠᠯᠠᠬᠤ ᠴᠢᠳᠠᠪᠣᠷᠢ ᠶᠢ ᠪᠦᠷᠢᠯᠳᠦᠭᠦᠯᠦᠭᠰᠡᠨ ᠦᠭᠡᠢ᠃    5. ᠪᠠᠶᠢᠭᠤᠯᠣᠯᠭ᠎ᠠ ᠨᠢᠭᠡᠴᠡ ᠲᠤᠭᠳᠠᠮᠠᠯ ᠬᠤᠭᠤᠴᠠᠭ᠎ᠠ ᠲᠠᠢ ᠪᠠᠷ ᠭᠠᠯ ᠰᠡᠷᠭᠡᠶᠢᠯᠡᠬᠦ ᠣᠨᠲᠠᠷᠠᠭᠠᠬᠤ ᠠᠶᠣᠯᠭᠦᠢ  ᠶᠢᠨ ᠪᠣᠯᠪᠠᠰᠣᠷᠠᠯ ᠪᠠ ᠰᠣᠷᠢᠯᠲᠠ ᠬᠢᠭᠰᠡᠨ ᠦᠭᠡᠢ᠃    6. ᠠᠳᠡᠯ ᠠᠬᠤᠢ ᠶᠢᠨ ᠦᠢᠯᠡᠴᠢᠯᠡᠭᠡ ᠬᠢᠬᠦ ᠠᠵᠣ ᠠᠬᠤᠶᠢᠯᠠᠯ ᠨᠢ ᠬᠡᠷ᠎ᠡ ᠶᠢᠨ ᠪᠣᠯᠵᠤᠭ᠎ᠠ ᠶᠣᠰᠣᠭᠠᠷ ᠣᠯᠠᠨ ᠳᠠᠪᠬᠤᠷᠲᠣ ᠣᠷᠣᠨ ᠰᠠᠭᠤᠴᠠ ᠶᠢᠨ ᠪᠠᠷᠢᠯᠭ᠎ᠠ ᠶᠢᠨ ᠨᠡᠶᠢᠲᠡ ᠶᠢᠨ ᠬᠡᠷᠡᠭᠯᠡᠬᠡᠨ ᠤ ᠭᠠᠯ ᠰᠡᠷᠭᠡᠶᠢᠯᠡᠬᠦ ᠣᠨᠲᠠᠷᠠᠭᠠᠬᠤ ᠲᠦᠭᠦᠭᠡᠷᠦᠮᠵᠢ ᠳᠤ ᠠᠷᠠᠴᠢᠯᠠᠨ ᠲᠤᠳᠤᠮᠳᠠᠬᠤ ᠬᠠᠮᠢᠶᠠᠷᠣᠯᠲᠠ ᠪᠠ ᠭᠠᠯ ᠰᠡᠷᠭᠡᠶᠢᠯᠡᠬᠦ ᠠᠶᠣᠯᠭᠦᠢ ᠶᠢᠨ ᠰᠡᠷᠡᠮᠵᠢᠯᠡᠬᠦᠯᠬᠦ ᠦᠢᠯᠡᠴᠢᠯᠡᠭᠡ ᠬᠢᠭᠰᠡᠨ ᠦᠭᠡᠢ᠃    7. ᠨᠢᠬᠡᠨᠳᠡ ᠭᠠᠯ ᠰᠡᠷᠭᠡᠶᠢᠯᠡᠬᠦ ᠣᠨᠲᠠᠷᠠᠭᠠᠬᠤ ᠠᠶᠣᠯᠭᠦᠢ ᠶᠢᠨ ᠲᠣᠬᠠᠢ ᠠᠯᠣᠰ ᠠᠴᠠ ᠬᠢᠨᠠᠨ ᠡᠵᠡᠮᠳᠡᠬᠦ ᠰᠢᠰᠲ᠋ᠧᠮ ᠲᠣᠬᠢᠷᠠᠭᠤᠯᠣᠭᠰᠠᠨ ᠬᠤᠲᠠ ᠨᠢ ᠭᠠᠯ ᠰᠡᠷᠭᠡᠶᠢᠯᠡᠬᠦ ᠣᠨᠲᠠᠷᠠᠭᠠᠬᠤ ᠠᠦ᠋ᠲ᠋ᠦ᠋ ᠲᠦᠭᠦᠭᠡᠷᠦᠮᠵᠢ ᠲᠣᠬᠢᠷᠠᠭᠤᠯᠣᠭᠰᠠᠨ ᠦᠨᠳᠦᠷ ᠪᠠᠷᠢᠯᠭ᠎ᠠ ᠪᠠᠨ ᠬᠢᠨᠠᠨ ᠡᠵᠡᠮᠳᠡᠬᠦ ᠰᠢᠰᠲ᠋ᠧᠮ ᠳᠤ ᠵᠠᠯᠭᠠᠨ ᠣᠷᠣᠭᠤᠯᠣᠭᠰᠠᠨ ᠡᠰᠡᠬᠦ᠃     ᠲᠠᠪᠤ᠂ ᠠᠵᠢᠯ ᠤᠨ ᠠᠷᠭ᠎ᠠ ᠬᠡᠮᠵᠢᠶ᠎ᠡ    ︵ ᠨᠢᠭᠡ︶ ᠦᠨᠳᠦᠷ ᠪᠠᠷᠢᠯᠭ᠎ᠠ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠬᠤ᠃ ᠰᠠᠯᠠᠭ᠎ᠠ ᠮᠦᠴᠢᠷ  ᠢᠶᠠᠷ ᠦᠨᠳᠦᠰᠦᠨ ᠨᠢᠭᠡᠴᠢ ᠪᠣᠯᠭᠠᠵᠣ᠂ ᠦᠨᠳᠦᠷ ᠪᠠᠷᠢᠯᠭ᠎ᠠ ᠨᠢᠭᠡᠪᠦᠷᠢ ᠶᠢ ᠵᠢᠬᠰᠠᠭᠠᠨ ᠪᠠᠶᠢᠴᠠᠭᠠᠵᠣ ᠪᠠᠶᠢᠳᠠᠯ ᠢ ᠣᠶᠢᠯᠠᠭᠠᠨ᠂ ᠦᠨᠳᠦᠷ ᠪᠠᠷᠢᠯᠭ᠎ᠠ ᠶᠢᠨ ᠦᠨᠳᠦᠰᠦᠨ ᠪᠠᠶᠢᠳᠠᠯ ᠢ ᠲᠣᠳᠣᠷᠬᠠᠶᠢᠯᠠᠬᠤ ᠮᠦᠷᠳᠡᠭᠡᠨ ᠭᠠᠯ ᠰᠡᠷᠭᠡᠶᠢᠯᠡᠬᠦ ᠣᠨᠲᠠᠷᠠᠭᠠᠬᠤ ᠠᠶᠣᠯᠭᠦᠢ ᠶᠢᠨ ᠪᠠᠶᠢᠳᠠᠯ ᠢ ᠲᠣᠳᠣᠷᠬᠠᠢ ᠣᠶᠢᠯᠠᠭᠠᠵᠣ᠂ ᠡᠬᠦᠨ ᠤ ᠬᠠᠮᠳᠣ ᠲᠦᠷᠦᠯ ᠬᠤᠪᠢᠶᠠᠨ ᠳᠠᠩᠰᠠ ᠡᠪᠬᠡᠮᠡᠯ ᠪᠠᠶᠢᠭᠤᠯᠵᠣ᠂ ᠶᠡᠷᠥᠩᠬᠡᠶᠢᠯᠡᠨ ᠬᠤᠷᠢᠶᠠᠩᠭᠤᠶᠢᠯᠠᠵᠣ ᠪᠦᠷᠢᠳᠬᠡᠬᠦ ᠬᠡᠷᠡᠭᠲᠡᠢ᠃ ᠳᠣᠳᠣᠭᠠᠳᠣ ᠶᠢ ᠬᠠᠮᠠᠭᠠᠯᠠᠬᠤ ᠭᠠᠯ ᠣᠨᠳᠠᠷᠠᠭᠠᠯᠲᠠ ᠶᠢᠨ ᠰᠠᠯᠠᠭ᠎ᠠ ᠮᠦᠴᠢᠷ ︽ ᠡᠷᠦᠬᠡ ᠠᠮᠨ ᠶᠢᠨ ᠲᠠᠩᠰᠠᠯᠠᠯᠳᠠ︾ ᠶᠢᠨ ᠬᠠᠮᠢᠶᠠᠷᠣᠯᠲᠠ ᠶᠢᠨ ᠰᠢᠰᠲ᠋ᠧᠮ ᠳᠡᠭᠡᠨ ᠲᠦᠰᠢᠭᠯᠡᠨ᠂ ᠦᠨᠳᠦᠷ ᠪᠠᠷᠢᠯᠭ᠎ᠠ ᠶᠢᠨ ᠳ᠋ᠠᠶᠢᠲ᠋ᠠ ᠬᠦᠮᠦᠷᠭᠡ ᠪᠠᠶᠢᠭᠤᠯᠵᠣ᠂ ᠵᠢᠬᠰᠠᠭᠠᠨ ᠪᠠᠶᠢᠴᠠᠭᠠᠬᠤ ᠶᠢᠨ ᠳᠠᠭᠠᠣ ᠰᠢᠰᠲ᠋ᠧᠮ ᠳᠡᠭᠡᠨ ᠪᠢᠴᠢᠨ ᠳᠡᠮᠳᠡᠭᠯᠡᠵᠦ᠂ ᠰᠠᠭᠤᠷᠢ ᠲᠤᠭ᠎ᠠ᠂ ᠦᠨᠳᠦᠰᠦᠨ ᠪᠠᠶᠢᠳᠠᠯ ᠢ ᠦᠨᠡᠨᠬᠦ ᠲᠣᠳᠣᠷᠬᠠᠢ ᠣᠶᠢᠯᠠᠭᠠᠬᠤ ᠬᠡᠷᠡᠭᠲᠡᠢ᠃    ︵ ᠬᠤᠶᠠᠷ︶ ᠭᠠᠳᠠᠷ ᠬᠡᠷᠡᠮ ᠤᠨ ᠭᠠᠳᠠᠭᠤᠷᠬᠢ ᠲᠣᠯᠠᠭᠠᠯᠠᠬᠤ ᠮᠠᠲ᠋ᠧᠷᠢᠶᠠᠯ ᠢ ᠴᠢᠩᠭ᠎ᠠ ᠵᠠᠬᠢᠷᠣᠨ ᠬᠠᠮᠢᠶᠠᠷᠬᠤ᠃ ᠡᠨᠧᠷᠺᠢ ᠠᠷᠪᠢᠯᠠᠬᠤ ᠪᠠᠷ ᠦᠭᠡᠷᠡᠴᠢᠯᠡᠨ ᠪᠠᠶᠢᠭᠤᠯᠣᠭᠰᠠᠨ ᠦᠨᠳᠦᠷ ᠪᠠᠷᠢᠯᠭ᠎ᠠ ᠳᠤ ᠣᠯᠣᠰ ᠤᠨ ᠬᠠᠮᠢᠶ᠎ᠠ ᠪᠦᠬᠦᠢ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠣᠰᠣᠭᠠᠷ ᠨᠣᠴᠣᠮᠠᠲᠠᠭᠠᠢ ᠪᠣᠰᠣ ᠮᠠᠲ᠋ᠧᠷᠢᠶᠠᠯ ᠪᠠ ᠠᠮᠠᠷᠬᠠᠨ ᠨᠣᠴᠣᠬᠤ ᠦᠭᠡᠢ ᠳᠣᠯᠠᠭᠠᠯᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠲᠡᠢ︔ ᠲᠣᠭᠲᠠᠭᠠᠯ ᠠᠴᠠ ᠵᠦᠷᠢᠴᠡᠨ ᠨᠣᠴᠣᠮᠠᠲᠠᠭᠠᠢ ᠪᠤᠳᠠᠰ  ᠢᠶᠠᠷ ᠲᠤᠯᠠᠭᠠᠯᠠᠬᠤ ᠮᠠᠲ᠋ᠧᠷᠢᠶᠠᠯ ᠪᠤᠯᠭᠠᠵᠦ ᠪᠦᠳᠦᠭᠡᠵᠦ ᠪᠠᠶᠢᠭᠤᠯᠤᠭᠰᠠᠨ ᠦᠨᠳᠦᠷ ᠪᠠᠷᠢᠯᠭ᠎ᠠ ᠨᠤᠭᠤᠳ ᠢ ᠦᠭᠡᠷᠡᠴᠢᠯᠡᠵᠦ ᠪᠠᠶᠢᠭᠤᠯᠬᠤ᠂ ᠦᠷᠭᠡᠳᠬᠡᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠱᠠᠭᠠᠷᠳᠠᠯᠭ᠎ᠠ ᠳᠤ ᠨᠡᠶᠢᠴᠡᠬᠦ ᠦᠭᠡᠢ ᠳᠣᠯᠠᠭᠠᠯᠠᠬᠤ ᠮᠠᠲ᠋ᠧᠷᠢᠶᠠᠯ ᠢ ᠨᠢ ᠠᠪᠴᠣ ᠬᠠᠶᠠᠬᠤ ᠪᠤᠶᠦ ᠰᠣᠯᠢᠬᠤ ᠭᠡᠷᠡᠭᠳᠡᠢ᠃ ᠱᠠᠭᠠᠷᠳᠠᠯᠭ᠎ᠠ ᠳᠤ ᠨᠠᠶᠢᠴᠠᠬᠦ ᠦᠭᠡᠢ ᠲᠤᠯᠠᠭᠠᠯᠠᠬᠤ ᠮᠠᠲ᠋ᠧᠷᠢᠶᠠᠯ ᠢ ᠠᠪᠴᠣ ᠬᠠᠶᠠᠬᠤ ᠠᠴᠠ ᠪᠠᠨ ᠡᠮᠦᠨ᠎ᠡ ᠡᠪᠳᠡᠷᠡᠭᠰᠡᠨ ᠲᠣᠯᠠᠭᠠᠯᠠᠬᠤ ᠮᠠᠲ᠋ᠧᠷᠢᠶᠠᠯ ᠢ ᠴᠢᠩᠭ᠎ᠠ ᠪᠣᠭᠤᠵᠣ ᠲᠠᠯᠪᠢᠬᠤ ᠶᠢᠨ ᠬᠠᠮᠳᠣ ᠪᠠᠷᠢᠯᠭ᠎ᠠ ᠶᠢᠨ ᠭᠠᠳᠠᠷ ᠬᠡᠷᠡᠮ ᠤᠨ ᠣᠶᠢᠷᠠᠯᠴᠠᠭ᠎ᠠ ᠲᠣᠭᠲᠠᠭᠠᠯ ᠢ ᠵᠦᠷᠢᠴᠡᠨ ᠭᠠᠯ ᠴᠠᠬᠢᠯᠭᠠᠨ ᠬᠡᠷᠡᠭᠯᠡᠬᠦ ᠶᠢ ᠴᠡᠭᠡᠷᠯᠡᠵᠦ᠂ ᠪᠠᠷᠢᠯᠭ᠎ᠠ ᠶᠢᠨ ᠡᠷᠬᠢᠨ ᠲᠣᠭᠤᠷᠢᠨ ᠳᠤ ᠨᠣᠴᠣᠮᠠᠲᠠᠭᠠᠢ ᠪᠣᠳᠠᠰ᠂ ᠬᠤᠸᠠᠷ ᠫᠤᠤᠵᠢᠩ ᠣᠪᠣᠭᠠᠯᠠᠵᠣ ᠲᠠᠯᠪᠢᠬᠤ ᠶᠢ ᠡᠷᠡᠰ ᠴᠡᠭᠡᠷᠯᠡᠬᠦ ᠬᠡᠷᠡᠭᠲᠡᠢ︔ ᠮᠠᠰᠢᠨ ᠲᠡᠷᠭᠡ᠂ ᠴᠠᠬᠢᠯᠭᠠᠨ ᠬᠦᠳᠡᠯᠭᠡᠬᠦᠷᠳᠤ ᠲᠡᠷᠭᠡ ᠶᠢ ᠵᠣᠬᠰᠣᠭᠠᠬᠤ ᠳᠠᠭᠠᠨ ᠪᠠᠷᠢᠯᠭ᠎ᠠ ᠠᠴᠠ ᠵᠣᠬᠢᠬᠤ ᠵᠠᠢ ᠲᠠᠢ ᠲᠠᠯᠪᠢᠬᠤ  ᠶᠢ ᠠᠩᠬᠠᠷᠬᠤ ᠬᠡᠷᠡᠭᠲᠡᠢ᠃     ︵ ᠭᠤᠷᠪᠠ︶ ᠪᠠᠷᠢᠯᠭ᠎ᠠ ᠶᠢᠨ ᠭᠠᠯ ᠰᠡᠷᠭᠡᠶᠢᠯᠡᠬᠦ ᠣᠨᠲᠠᠷᠠᠭᠠᠬᠤ ᠲᠦᠭᠦᠭᠡᠷᠦᠮᠵᠢ ᠪᠡᠯᠡᠳᠬᠡᠮᠵᠢ ᠶᠢ ᠳᠡᠭᠦᠯᠳᠡᠷᠵᠢᠬᠦᠯᠬᠦ᠃ ᠭᠠᠯ ᠣᠨᠲᠠᠷᠠᠭᠠᠬᠤ ᠪᠡᠯᠡᠳᠬᠡᠮᠵᠢ ᠲᠣᠬᠢᠷᠠᠭᠤᠯᠣᠭᠰᠠᠨ ᠦᠭᠡᠢ ᠦᠨᠳᠦᠷ ᠪᠠᠷᠢᠯᠭ᠎ᠠ ᠤᠳ ᠢ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠭᠠᠯ ᠰᠠᠷᠭᠡᠶᠢᠯᠡᠬᠦ ᠣᠨᠲᠠᠷᠠᠭᠠᠬᠤ ᠮᠠᠷᠭᠡᠵᠢᠯ ᠤᠨ ᠪᠠᠷᠢᠮᠵᠢᠶ᠎ᠠ ᠪᠠᠷ ᠨᠡᠮᠡᠵᠦ ᠲᠤᠬᠢᠷᠠᠭᠤᠯᠬᠤ ᠭᠡᠷᠡᠭᠳᠡᠢ︔ ᠭᠠᠯ ᠣᠨᠲᠠᠷᠠᠭᠠᠬᠤ ᠪᠡᠯᠡᠳᠬᠡᠮᠵᠢ  ᠨᠢ ᠡᠪᠳᠡᠷᠡᠭᠰᠡᠨ ᠪᠠᠶᠢᠪᠠᠯ ᠵᠠᠷᠯᠢᠭᠳᠠᠵᠣ ᠪᠠᠶᠢᠭᠠᠳ ᠴᠠᠭ ᠬᠢᠵᠠᠭᠠᠷᠯᠠᠨ  ᠴᠡᠭᠴᠡᠯᠡᠨ ᠦᠭᠡᠷᠡᠴᠢᠯᠡᠵᠦ ᠵᠠᠰᠠᠵᠣ ᠰᠡᠷᠭᠦᠭᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠣ ᠪᠠᠶᠢᠴᠠᠭᠠᠬᠤ ᠳᠦᠷᠢᠮ ᠢ ᠨᠠᠶᠢᠳᠠᠪᠣᠷᠢᠵᠢᠭᠤᠯᠵᠣ᠂ ᠣᠨᠴᠠᠭᠠᠶᠢᠯᠠᠨ ᠮᠠᠨ ᠤ ᠣᠷᠣᠨ ᠤ ᠬᠡᠰᠡᠭ ᠦᠨᠳᠦᠷ ᠪᠠᠷᠢᠯᠭ᠎ᠠ ᠶᠢᠨ ᠡᠪᠦᠯ ᠤᠨ ᠣᠯᠠᠷᠢᠯ ᠳᠤ ᠲᠣᠯᠠᠭᠠᠯᠠᠬᠤ ᠠᠷᠭ᠎ᠠ ᠬᠡᠮᠵᠢᠶ᠎ᠡ ᠨᠢ ᠬᠦᠢᠴᠡᠳ ᠪᠢᠰᠢ ᠠᠴᠠ ᠪᠣᠯᠵᠣ ᠭᠠᠯ ᠣᠨᠲᠠᠷᠠᠭᠠᠬᠤ ᠣᠰᠣ ᠬᠠᠩᠭᠠᠬᠤ ᠪᠡᠯᠡᠳᠬᠡᠮᠵᠢ ᠨᠢ ᠬᠡᠷᠡᠭᠯᠡᠬᠦ ᠶᠢ ᠵᠣᠬᠰᠣᠭᠠᠭᠰᠠᠨ ᠠᠰᠠᠭᠤᠳᠠᠯ ᠳᠤ ᠴᠢᠭᠯᠡᠭᠦᠯᠦᠨ ᠱᠠᠯᠠᠪᠳᠠᠨ ᠴᠡᠭᠴᠡᠯᠡᠨ ᠦᠭᠡᠷᠡᠴᠢᠯᠡᠬᠦᠯᠬᠦ ᠶᠢᠨ ᠬᠠᠮᠳᠣ ᠬᠠᠷᠠᠭᠠᠯᠵᠠᠭᠰᠠᠨ ᠳᠣᠯᠠᠭᠠᠯᠠᠯᠭ᠎ᠠ ᠬᠢᠬᠦ ᠠᠷᠭ᠎ᠠ ᠬᠡᠮᠵᠢᠶ᠎ᠡ ᠠᠪᠬᠤ ᠬᠡᠷᠡᠭᠲᠡᠢ︔ ᠲᠠᠷᠬᠠᠭᠠᠨ ᠵᠠᠶᠢᠯᠠᠭᠤᠯᠬᠤ ᠠᠰᠠᠷ ᠤᠨ ᠱᠠᠲᠣ ᠶᠢᠨ ᠲᠤᠭ᠎ᠠ ᠬᠡᠮᠵᠢᠶ᠎ᠡ ᠨᠢ ᠬᠦᠷᠦᠯᠴᠡᠬᠦ ᠦᠭᠡᠢ ᠳᠤᠨᠢ ᠬᠡᠷ ᠤᠨ ᠭᠠᠳᠠᠨ᠎ᠠ ᠲᠠᠷᠬᠠᠭᠠᠨ ᠵᠠᠶᠢᠯᠠᠭᠤᠯᠬᠤ ᠱᠠᠲᠣ ᠲᠠᠭᠠᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ︔ ᠴᠠᠬᠢᠯᠭᠠᠨ ᠲᠠᠲᠠᠯᠭ᠎ᠠ ᠶᠢᠨ ᠬᠤᠳᠳᠤᠭ᠂ ᠬᠤᠭᠤᠯᠠᠢ ᠭᠤᠣᠷᠰᠣ ᠶᠢᠨ ᠬᠤᠳᠳᠤᠭ ᠵᠡᠷᠭᠡ ᠬᠤᠳᠳᠤᠭ ᠵᠢᠴᠢ ᠴᠠᠬᠢᠯᠭᠠᠨ  ᠲᠠᠲᠠᠯᠭ᠎ᠠ ᠶᠢᠨ ᠡᠯᠭᠦᠭᠦᠷ ᠪᠠᠭᠠᠵᠢ ᠶᠢ ᠨᠢᠬᠲᠠ ᠪᠢᠳᠡᠭᠦᠮᠵᠢᠯᠡᠭᠰᠡᠨ ᠦᠭᠡᠢ ᠪᠠᠶᠢᠪᠠᠯ ᠭᠠᠯ ᠰᠡᠷᠭᠡᠶᠢᠯᠡᠬᠦ ᠪᠢᠳᠡᠬᠦᠮᠵᠢᠯᠡᠯᠲᠡ ᠶᠢᠨ ᠮᠠᠲ᠋ᠧᠷᠢᠶᠠᠯ ᠢᠶᠠᠷ ᠴᠢᠩᠭ᠎ᠠ  ᠪᠤᠭᠤᠵᠦ ᠲᠠᠯᠪᠢᠬᠤ ᠭᠡᠷᠡᠭᠳᠡᠢ᠃     ︵ ᠳᠦᠷᠪᠡ︶ ᠠᠮᠢ ᠭᠤᠣᠯ ᠢ ᠠᠶᠣᠯᠭᠦᠢ ᠪᠠᠷ ᠲᠠᠷᠬᠠᠭᠠᠨ ᠵᠠᠶᠢᠯᠠᠭᠤᠯᠬᠤ ᠵᠠᠮ ᠢ ᠨᠡᠪᠳᠡᠷᠬᠡᠢ ᠪᠠᠶᠢᠯᠭᠠᠬᠤ᠃ ᠲᠠᠷᠬᠠᠭᠠᠨ ᠵᠠᠶᠢᠯᠠᠭᠤᠯᠬᠤ ᠠᠰᠠᠷ ᠤᠨ ᠱᠠᠲᠣ᠂ ᠲᠠᠷᠬᠠᠭᠠᠨ ᠵᠠᠶᠢᠯᠠᠭᠤᠯᠬᠤ ᠵᠠᠮ ᠲᠡᠭᠡᠷ᠎ᠠ ᠣᠪᠣᠭᠠᠯᠠᠵᠣ ᠳᠠᠯᠪᠢᠭᠰᠠᠨ ᠶᠠᠭᠤᠮ᠎ᠠ ᠬᠡᠣᠮ᠎ᠡ ᠵᠢᠴᠢ ᠲᠣᠭᠲᠠᠭᠠᠯ ᠠᠴᠠ ᠵᠦᠷᠢᠴᠡᠵᠦ ᠵᠣᠭᠰᠣᠭᠠᠭᠰᠠᠨ ᠴᠠᠬᠢᠯᠭᠠᠨ ᠴᠡᠨᠡᠭᠯᠡᠬᠦ ᠴᠠᠬᠢᠯᠭᠠᠨ ᠬᠦᠳᠡᠯᠭᠡᠭᠦᠷᠲᠦ ᠲᠡᠷᠭᠡ ᠶᠢ ᠪᠦᠬᠦ ᠲᠠᠯ᠎ᠠ ᠪᠠᠷ ᠴᠡᠭᠴᠡᠯᠡᠨ ᠵᠠᠶᠢᠯᠠᠭᠤᠯᠵᠣ᠂ ᠲᠠᠷᠬᠠᠭᠠᠨ ᠵᠠᠶᠢᠯᠠᠭᠤᠯᠬᠤ ᠵᠠᠮ ᠤᠨ ᠨᠡᠪᠳᠡᠷᠭᠡᠢ ᠪᠠᠶᠢᠬᠤ ᠶᠢ ᠪᠠᠲᠣᠯᠠᠬᠤ ᠬᠡᠷᠡᠭᠲᠡᠢ︔ ᠣᠯᠠᠨ ᠳᠠᠪᠬᠤᠷᠲᠣ ᠣᠷᠣᠨ ᠰᠠᠭᠤᠴᠠ ᠶᠢᠨ ᠪᠠᠷᠢᠯᠭ᠎ᠠ ᠶᠢᠨ ᠣᠷᠣᠢ ᠳᠡᠭᠡᠷ᠎ᠡ ᠭᠠᠷᠬᠤ ᠡᠭᠦᠳᠡ ᠲᠣᠬᠢᠷᠠᠭᠤᠯᠣᠭᠰᠠᠨ ᠪᠣᠯ ᠲᠡᠬᠦᠨ ᠢ ᠲᠦᠭᠵᠢᠵᠦ ᠪᠣᠯᠬᠤ ᠦᠭᠡᠢ︔ ᠲᠠᠷᠬᠠᠭᠠᠨ ᠵᠠᠶᠢᠯᠠᠭᠤᠯᠬᠤ ᠠᠰᠠᠷ ᠤᠨ ᠱᠠᠲᠣ ᠶᠢᠨ ᠬᠤᠭᠤᠷᠣᠨᠳᠣᠬᠢ ᠭᠠᠯ ᠰᠡᠷᠭᠡᠶᠢᠯᠡᠬᠦ ᠡᠭᠦᠳᠡ ᠨᠢ ᠡᠪᠳᠡᠷᠡᠭᠰᠡᠨ ᠪᠣᠶᠣ ᠠᠪᠴᠣ ᠬᠠᠶᠠᠬᠰᠠᠨ ᠪᠠᠶᠢᠪᠠᠯ ᠡᠷᠬᠡᠪᠰᠢ ᠲᠡᠷᠡ ᠳᠠᠷᠣᠢ ᠳᠤᠨᠢ ᠰᠡᠯᠪᠢᠨ ᠵᠠᠰᠠᠵᠣ ᠲᠠᠭᠠᠷᠠᠭᠠᠯᠬᠤ ᠬᠡᠷᠡᠭᠲᠡᠢ︔ ᠲᠠᠷᠬᠠᠭᠠᠨ ᠵᠠᠶᠢᠯᠠᠭᠤᠯᠬᠤ ᠭᠠᠷᠬᠤ ᠵᠠᠮ᠂ ᠠᠰᠠᠷ ᠤᠨ ᠱᠠᠲᠣ ᠶᠢᠨ ᠬᠤᠭᠤᠷᠣᠨᠳᠣ ᠲᠣᠬᠢᠷᠠᠭᠤᠯᠣᠭᠰᠠᠨ ᠪᠠᠴᠢᠮ ᠠᠷᠭᠠᠴᠠᠬᠤ ᠬᠡᠷᠡᠯᠳᠦᠭᠦᠯᠭᠡ ᠪᠠ ᠲᠠᠷᠬᠠᠭᠠᠨ ᠵᠠᠶᠢᠯᠠᠭᠤᠯᠬᠤ ᠵᠢᠭᠠᠯᠲᠠ ᠶᠢᠨ ᠳᠡᠮᠳᠡᠭ ᠨᠢ ᠪᠦᠷᠢᠨ ᠬᠦᠢᠴᠡᠳ ᠬᠡᠷᠡᠭᠯᠡᠵᠦ ᠪᠣᠯᠬᠤ ᠶᠢ ᠪᠠᠲᠣᠯᠠᠬᠤ ᠬᠡᠷᠡᠭᠲᠡᠢ︔ ᠬᠡᠳᠦ ᠦᠨᠳᠦᠷ ᠳᠠᠪᠬᠤᠷᠲᠣ ᠪᠠᠷᠢᠯᠭ᠎ᠠ ᠶᠢᠨ ᠠᠶᠣᠯ ᠠᠴᠠ ᠵᠠᠶᠢᠯᠠᠭᠤᠯᠬᠤ᠂ ᠳᠠᠪᠬᠤᠷᠭ᠎ᠠ ᠨᠢ ᠡᠵᠡᠯᠡᠭᠳᠡᠨ ᠬᠡᠷᠡᠭᠯᠡᠭᠳᠡᠭᠰᠡᠨ ᠪᠠᠶᠢᠪᠠᠯ ᠲᠡᠬᠦᠨ ᠤ ᠴᠢᠳᠠᠪᠬᠢ ᠶᠢ ᠡᠷᠬᠡᠪᠰᠢ ᠰᠡᠷᠭᠦᠭᠡᠬᠦ ᠬᠡᠷᠡᠭᠲᠡᠢ᠃     ︵ ᠲᠠᠪᠤ︶ ᠴᠢᠩᠭ᠎ᠠ ᠪᠠᠷ ᠬᠠᠣᠯᠢ ᠬᠡᠷᠡᠭᠵᠢᠬᠦᠯᠵᠦ ᠴᠢᠩᠭ᠎ᠠ ᠪᠠᠷ ᠴᠡᠭᠴᠡᠯᠡᠨ ᠵᠠᠰᠠᠬᠤ᠃ ᠪᠠᠶᠢᠴᠠᠭᠠᠯᠲᠠ ᠳᠤ ᠣᠯᠵᠣ ᠮᠡᠳᠡᠭᠰᠡᠨ ᠭᠠᠯ ᠰᠡᠷᠭᠡᠶᠢᠯᠡᠯᠲᠡ ᠶᠢᠨ ᠬᠠᠣᠯᠢ ᠪᠣᠰᠣ ᠦᠢᠯᠡ ᠠᠵᠢᠯᠯᠠᠭ᠎ᠠ ᠪᠠ ᠭᠠᠯ ᠤᠨ ᠭᠠᠮᠰᠢᠭ ᠤᠨ ᠬᠡᠮ ᠰᠣᠭᠤᠭ ᠢ ᠬᠠᠣᠯᠢ ᠶᠣᠰᠣᠭᠠᠷ ᠵᠠᠷᠯᠢᠭᠳᠠᠵᠣ ᠪᠠᠶᠢᠭᠠᠳ ᠬᠡᠷᠡᠭᠯᠡᠬᠦ ᠶᠢ ᠨᠢ ᠵᠣᠬᠰᠣᠭᠠᠬᠤ᠂ ᠦᠢᠯᠡᠳᠪᠦᠷᠢᠯᠡᠯ ᠪᠠ ᠠᠵᠢᠯ ᠢ ᠨᠢ ᠵᠣᠬᠰᠣᠭᠠᠬᠤ᠂ ᠲᠦᠷ ᠬᠤᠷᠢᠯᠲᠠ ᠬᠢᠬᠦ᠂ ᠵᠣᠭᠤᠰ ᠢᠶᠠᠷ ᠲᠣᠷᠭᠠᠬᠤ᠂ ᠪᠠᠲᠣᠯᠠᠪᠣᠷᠢ ᠶᠢᠨ ᠪᠢᠴᠢᠭ ᠢ ᠨᠢ ᠬᠦᠴᠦᠨ ᠦᠭᠡᠢ ᠪᠣᠯᠭᠠᠬᠤ᠂ ᠲᠦᠷ ᠴᠠᠭ ᠪᠢᠳᠡᠬᠦᠮᠵᠢᠯᠡᠬᠦ᠂ ᠠᠯᠪᠠᠳᠠᠯᠭ᠎ᠠ ᠪᠠᠷ ᠬᠦᠢᠴᠡᠳᠬᠡᠯᠬᠡᠬᠦ ᠵᠡᠷᠭᠡ ᠵᠠᠰᠠᠭ ᠵᠠᠬᠢᠷᠭᠠᠨ ᠤ ᠰᠢᠳᠬᠡᠯᠲᠡ ᠪᠠ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ︔ ᠪᠦᠲᠦᠭᠡᠨ ᠪᠠᠶᠢᠭᠤᠯᠬᠤ ᠨᠢᠭᠡᠴᠡ᠂ ᠵᠢᠷᠤᠭ ᠲᠦᠯᠦᠪᠯᠡᠭᠡᠨ ᠤ ᠨᠢᠭᠡᠴᠡ᠂ ᠪᠠᠷᠢᠯᠭ᠎ᠠ ᠶᠢᠨ ᠨᠢᠭᠡᠴᠡ᠂ ᠬᠢᠨᠠᠯᠲᠠ ᠬᠠᠮᠢᠶᠠᠷᠣᠯᠲᠠ ᠶᠢᠨ ᠨᠢᠭᠡᠴᠡ ᠪᠠ ᠦᠢᠯᠡᠳᠬᠦᠨ ᠦᠢᠯᠡᠳᠪᠦᠷᠢᠯᠡᠬᠦ᠂ ᠪᠣᠷᠣᠯᠠᠭᠤᠯᠬᠤ ᠠᠵᠣ ᠠᠬᠤᠶᠢᠯᠠᠯ ᠤᠨ ᠪᠠᠷᠠᠭ᠎ᠠ ᠬᠠᠩᠭᠠᠬᠤ᠂ ᠬᠢᠨᠠᠨ ᠬᠡᠮᠵᠢᠬᠦ᠂ ᠪᠠᠷᠢᠯᠭ᠎ᠠ ᠲᠠᠢ ᠬᠤᠯᠪᠣᠭᠳᠠᠬᠤ᠂ ᠪᠠᠷᠢᠯᠭ᠎ᠠ ᠬᠢᠬᠦ ᠵᠡᠷᠭᠡ ᠭᠤᠭᠴᠤᠭ᠎ᠠ ᠳᠤ ᠬᠤᠳᠠᠯ ᠬᠡᠯᠡᠵᠦ ᠬᠤᠯᠣ ᠲᠠᠷᠢᠬᠤ᠂ ᠪᠠᠷᠢᠮᠵᠢᠶ᠎ᠠ ᠪᠠᠨ ᠪᠠᠭᠤᠷᠠᠭᠤᠯᠬᠤ᠂ ᠲᠣᠭᠲᠠᠭᠠᠯ ᠠᠴᠠ ᠵᠦᠷᠢᠴᠡᠵᠦ ᠨᠣᠴᠣᠮᠠᠳᠠᠭᠠᠢ ᠴᠢᠨᠠᠷᠲᠠᠢ ᠳᠣᠯᠠᠭᠠᠯᠠᠬᠤ ᠮᠠᠲ᠋ᠧᠷᠢᠶᠠᠯ ᠢ ᠬᠡᠷᠡᠭᠯᠡᠭᠰᠡᠨ ᠪᠣᠶᠣ ᠳᠣᠯᠠᠭᠠᠯᠠᠬᠤ ᠮᠠᠲ᠋ᠧᠷᠢᠶᠠᠯ ᠤᠨ ᠠᠶᠣᠯᠭᠦᠢ ᠶᠢᠨ ᠴᠢᠳᠠᠪᠬᠢ  ᠶᠢ ᠪᠠᠭᠤᠷᠠᠭᠤᠯᠣᠭᠰᠠᠨ ᠵᠢᠴᠢ ᠲᠣᠭᠲᠠᠭᠠᠯ ᠠᠴᠠ ᠵᠦᠷᠢᠴᠡᠵᠦ ᠪᠠᠷᠢᠯᠭ᠎ᠠ ᠶᠢᠨ ᠠᠵᠢᠯ ᠬᠢᠭᠰᠡᠳ ᠢ ᠴᠦᠮ ᠬᠠᠣᠯᠢ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃ ᠴᠡᠭᠴᠡᠯᠡᠨ ᠦᠭᠡᠷᠡᠴᠢᠯᠡᠬᠦ ᠳᠤ ᠪᠡᠷᠬᠡᠲᠡᠢ᠂ ᠭᠠᠯ ᠤᠨ ᠠᠶᠣᠯ ᠤᠨ ᠲᠦᠭᠰᠢᠭᠦᠷᠢ ᠪᠠᠷ ᠦᠨᠳᠦᠷ᠂ ᠬᠦᠨᠳᠦ ᠶᠡᠭᠡ ᠭᠠᠯ ᠤᠨ ᠠᠶᠣᠯ ᠤᠨ ᠬᠡᠮ ᠰᠣᠭᠤᠭ ᠲᠠᠢ ᠦᠨᠳᠦᠷ ᠳᠠᠪᠬᠤᠷᠲᠣ ᠪᠠᠷᠢᠯᠭ᠎ᠠ ᠶᠢ ᠵᠠᠰᠠᠭ ᠤᠨ ᠣᠷᠳᠣᠨ ᠳᠤ ᠳᠣᠷᠠᠳᠣᠨ ᠳᠡᠪᠰᠢᠬᠦᠯᠵᠦ ᠪᠠᠶᠢᠭᠠᠳ ᠫᠠᠶᠢᠰᠠ ᠡᠯᠬᠦᠨ ᠱᠠᠭᠠᠷᠳᠠᠨ ᠬᠦᠢᠴᠡᠳᠬᠡᠯᠬᠡᠵᠦ ᠴᠡᠭᠴᠡᠯᠡᠨ ᠦᠭᠡᠷᠡᠴᠢᠯᠡᠬᠦᠯᠬᠦ᠂ ᠬᠠᠷᠢᠭᠤᠴᠠᠯᠭ᠎ᠠ ᠪᠠ ᠴᠡᠭᠴᠡᠯᠡᠨ ᠦᠭᠡᠷᠡᠴᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠣ᠂ ᠴᠡᠭᠴᠡᠯᠡᠨ ᠦᠭᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠬᠡᠷᠡᠭᠲᠡᠢ᠃     ︵ ᠵᠢᠷᠭᠤᠭ᠎ᠠ︶ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠲᠦᠪᠰᠢᠨ ᠢ ᠳᠡᠭᠡᠭᠰᠢᠯᠡᠬᠦᠯᠬᠦ᠃ ᠣᠯᠠᠨ ᠲᠠᠪᠬᠤᠷᠳᠤ ᠬᠠᠭᠤᠴᠢᠨ ᠣᠷᠣᠨ ᠰᠠᠭᠤᠴᠠ ᠶᠢᠨ ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠳᠤ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠷᠠᠳᠢᠤ᠋ ᠲᠣᠬᠢᠷᠠᠭᠤᠯᠬᠤ᠂ ᠰᠠᠭᠤᠭᠠᠯᠢ ᠠᠷᠠᠳ ᠤᠨ ᠬᠡᠷ ᠪᠦᠯᠢ ᠳᠤ ᠣᠳᠤᠭ᠎ᠠ ᠰᠡᠷᠡᠵᠦ  ᠮᠡᠳᠡᠬᠦ ᠲᠦᠭᠰᠢᠭᠦᠷᠢ ᠮᠡᠳᠡᠭᠦᠯᠬᠦ ᠪᠠᠭᠠᠵᠢ ᠶᠢ ᠳᠡᠯᠭᠡᠷᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠵᠣ᠂ ᠣᠯᠠᠨ ᠲᠠᠪᠬᠤᠷᠳᠤ ᠬᠠᠭᠤᠴᠢᠨ ᠣᠷᠣᠨ ᠰᠠᠭᠤᠴᠠ ᠶᠢ ᠦᠭᠡᠷᠡᠴᠢᠯᠡᠨ ᠵᠠᠰᠠᠬᠤ ᠢᠨᠵᠧᠨᠧᠷᠢᠩ ᠲᠠᠢ ᠣᠶᠠᠯᠳᠣᠭᠤᠯᠣᠨ᠂ ᠳᠦᠬᠦᠮ ᠬᠢᠴᠡᠲᠦ ᠰᠦᠷᠴᠢᠭᠦᠷ ᠪᠠ ᠴᠠᠬᠢᠯᠭᠠᠨ ᠭᠠᠯ ᠤᠨ ᠭᠠᠮᠰᠢᠭ ᠢ ᠬᠢᠨᠠᠨ ᠡᠵᠡᠮᠳᠡᠬᠦ ᠲᠣᠨᠤᠭ ᠲᠦᠭᠦᠭᠡᠷᠦᠮᠵᠢ ᠶᠢ ᠣᠭᠰᠠᠷᠠᠨ ᠬᠡᠷᠡᠭᠯᠡᠬᠦ ᠶᠢ ᠲᠦᠯᠬᠢᠨ ᠠᠬᠢᠭᠤᠯᠵᠣ᠂ ᠭᠠᠯ ᠤᠨ ᠠᠶᠣᠯ ᠢ ᠠᠩᠬᠠᠨ ᠤ ᠱᠠᠲᠣᠨ  ᠳᠤᠨᠢ ᠣᠷᠢᠳᠴᠢᠯᠠᠨ ᠰᠡᠷᠡᠮᠵᠢᠯᠡᠬᠦᠯᠬᠦ ᠪᠠ ᠰᠢᠢᠳᠪᠦᠷᠢᠯᠡᠬᠦ ᠴᠢᠳᠠᠪᠣᠷᠢ ᠶᠢ ᠨᠢ ᠳᠡᠭᠡᠭᠰᠢᠯᠡᠬᠦᠯᠬᠦ ᠬᠡᠷᠡᠭᠲᠡᠢ᠃ ᠬᠤᠲᠠ  ᠶᠢᠨ ᠭᠠᠯ ᠰᠡᠷᠭᠡᠶᠢᠯᠡᠬᠦ ᠣᠨᠲᠠᠷᠠᠭᠠᠬᠤ ᠠᠯᠣᠰ ᠠᠴᠠ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠣᠯᠲᠠ ᠶᠢ ᠲᠦᠷᠭᠡᠳᠬᠡᠨ ᠲᠦᠯᠬᠢᠨ ᠠᠬᠢᠭᠤᠯᠵᠣ᠂ ᠭᠠᠯ ᠤᠨ ᠠᠶᠣᠯ ᠤᠨ ᠲᠦᠭᠰᠢᠭᠦᠷᠢ ᠶᠢ ᠠᠦ᠋ᠲ᠋ᠦ᠋ ᠪᠠᠷ ᠮᠡᠳᠡᠭᠦᠯᠬᠦ ᠰᠢᠰᠲ᠋ᠧᠮ  ᠲᠠᠢ ᠦᠨᠳᠦᠷ ᠪᠠᠷᠢᠯᠭ᠎ᠠ ᠶᠢ ᠰᠦᠯᠵᠢᠶᠡᠨ ᠳᠤ ᠨᠢᠭᠡᠳᠦᠯᠳᠡᠢ ᠪᠦᠷᠢᠳᠭᠡᠨ ᠣᠷᠣᠭᠤᠯᠬᠤ ᠬᠡᠷᠡᠭᠳᠡᠢ᠃ ᠮᠠᠨ ᠤ ᠬᠤᠰᠢᠭᠤ ᠬᠦᠯᠦᠨ ᠪᠣᠶᠢᠷ ᠬᠤᠲᠠ ᠶᠢᠨ ︽ᠣᠶᠣᠨᠴᠢ ᠬᠤᠲᠠ︾ ᠶᠢᠨ ᠪᠦᠲᠦᠭᠡᠨ ᠪᠠᠶᠢᠭᠤᠯᠣᠯᠲᠠ ᠲᠠᠢ ᠣᠶᠠᠯᠳᠣᠭᠤᠯᠣᠨ᠂ ᠣᠶᠣᠨᠴᠢ ᠪᠠᠷ ᠴᠠᠬᠢᠯᠭᠠᠨ ᠬᠡᠷᠡᠭᠯᠡᠬᠦ ᠠᠶᠣᠯᠭᠦᠢ ᠶᠢᠨ ᠬᠠᠮᠢᠶᠠᠷᠣᠯᠲᠠ᠂ ᠣᠶᠣᠨᠴᠢ ᠪᠠᠷ ᠰᠢᠳᠠᠮᠠᠬᠠᠢ ᠭᠡᠢ ᠬᠡᠷᠡᠭᠯᠡᠬᠦ ᠬᠠᠮᠢᠶᠠᠷᠣᠯᠲᠠ᠂ ᠣᠶᠣᠨᠴᠢ ᠪᠠᠷ ᠣᠰᠣ ᠬᠡᠷᠡᠭᠯᠡᠬᠦ ᠬᠠᠮᠢᠶᠠᠷᠣᠯᠲᠠ ᠵᠡᠷᠭᠡ ᠮᠡᠳᠡᠭᠡ ᠵᠠᠩᠬᠢ ᠶᠢᠨ ᠰᠢᠰᠲ᠋ᠧᠮ ᠢ ᠰᠠᠨᠠᠭᠠᠴᠢᠯᠠᠭ᠎ᠠ ᠠᠴᠠ ᠪᠠᠨ ᠠᠰᠢᠭᠯᠠᠵᠣ᠂ ᠣᠶᠣᠨᠴᠢ ᠪᠠᠷ ᠬᠢᠨᠠᠨ ᠪᠠᠶᠢᠴᠠᠭᠠᠬᠤ᠂ ᠬᠦᠳᠡᠯᠦᠩᠬᠦᠢ ᠬᠢᠨᠠᠨ ᠡᠵᠡᠮᠳᠡᠬᠦ ᠶᠢ ᠬᠡᠷᠡᠭᠵᠢᠬᠦᠯᠵᠦ᠂ ᠴᠠᠬᠢᠯᠭᠠᠨ ᠪᠠ ᠬᠡᠢ ᠬᠡᠷᠡᠭᠯᠡᠬᠦ ᠶᠢ ᠠᠶᠣᠯᠭᠦᠢ ᠪᠠᠷ ᠡᠵᠡᠮᠳᠡᠬᠦ᠂ ᠭᠠᠯ ᠣᠨᠲᠠᠷᠠᠭᠠᠯᠲᠠ  ᠶᠢᠨ ᠤᠰᠤᠨ ᠤ ᠬᠠᠩᠭᠠᠯᠳᠠ ᠶᠢ ᠬᠡᠪ ᠤᠨ ᠪᠠᠶᠢᠬᠤ ᠶᠢ ᠪᠠᠲᠣᠯᠠᠬᠤ ᠬᠡᠷᠡᠭᠲᠡᠢ᠃      ︵ ᠳᠣᠯᠤᠭ᠎ᠠ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠬᠤ᠃ ᠦᠨᠳᠦᠷ ᠪᠠᠷᠢᠯᠭ᠎ᠠ ᠶᠢᠨ ᠣᠯᠠᠨ ᠨᠡᠶᠢᠲᠡ ᠶᠢᠨ ᠦᠮᠴᠢᠯᠡᠬᠦ ᠡᠷᠭᠡ ᠲᠠᠢ ᠨᠢᠭᠡᠴᠡ᠂ ᠨᠠᠶᠢᠳᠠᠨ ᠬᠠᠮᠢᠶᠠᠷᠣᠭᠤᠯᠬᠤ ᠨᠢᠭᠡᠴᠡ ᠵᠢᠴᠢ ᠡᠯ᠎ᠡ ᠡᠵᠡᠩᠨᠡᠯᠲᠡ ᠶᠢᠨ ᠭᠤᠣᠯ ᠴᠤᠭᠴᠠ᠂ ᠬᠡᠷᠡᠭᠯᠡᠬᠦ ᠨᠢᠭᠡᠴᠡ ᠤᠳ ᠭᠠᠯ ᠰᠡᠷᠭᠡᠶᠢᠯᠡᠬᠦ ᠠᠶᠣᠯᠭᠦᠢ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢ ᠶᠢᠨ ᠵᠦᠪᠳᠡᠯᠴᠡᠭᠡᠷ ᠲᠣᠭᠲᠠᠵᠣ᠂ ᠲᠣᠰ ᠲᠣᠰ ᠤᠨ ᠡᠭᠦᠷᠭᠡᠯᠡᠬᠦ ᠶᠣᠰᠣᠲᠠᠢ ᠭᠠᠯ ᠰᠡᠷᠭᠡᠶᠢᠯᠡᠬᠦ ᠠᠶᠣᠯᠭᠦᠢ ᠶᠢᠨ ᠬᠠᠷᠢᠭᠤᠴᠠᠯᠭ᠎ᠠ ᠪᠠᠨ ᠬᠠᠣᠯᠢ ᠶᠣᠰᠣᠭᠠᠷ ᠲᠣᠳᠣᠷᠬᠠᠶᠢᠯᠠᠵᠣ᠂ ᠭᠠᠯ ᠰᠡᠷᠭᠡᠶᠢᠯᠡᠬᠦ ᠠᠶᠣᠯᠭᠦᠢ ᠶᠢᠨ ᠬᠠᠷᠢᠭᠤᠴᠠᠯᠭᠠᠳᠠᠨ ᠪᠠ ᠬᠠᠮᠢᠶᠠᠷᠣᠭᠴᠢ ᠶᠢ ᠲᠣᠭᠲᠠᠭᠠᠬᠤ ᠬᠡᠷᠡᠭᠲᠡᠢ᠃ ᠤᠯᠠᠨ ᠳᠠᠪᠬᠤᠷᠲᠣ ᠣᠷᠣᠨ ᠰᠠᠭᠤᠴᠠ ᠶᠢᠨ ᠪᠠᠷᠢᠯᠭ᠎ᠠ ᠶᠢᠨ ᠠᠳᠡᠯ ᠠᠬᠤᠢ ᠶᠢᠨ ᠦᠢᠯᠡᠴᠢᠯᠡᠭᠡ ᠬᠢᠬᠦ ᠠᠵᠣ ᠠᠬᠤᠶᠢᠯᠠᠯ ︽ ᠭᠠᠯ ᠰᠡᠷᠭᠡᠶᠢᠯᠡᠬᠦ ᠬᠠᠣᠯᠢ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠠᠮᠢᠶᠠᠷᠣᠯᠲᠠ ᠶᠢᠨ ᠣᠷᠣᠨ ᠪᠦᠰᠡ  ᠶᠢᠨ ᠲᠣᠳᠣᠷᠠᠬᠢ ᠣᠯᠠᠨ ᠨᠡᠶᠢᠲᠡ ᠶᠢᠨ ᠭᠠᠯ ᠰᠡᠷᠭᠡᠶᠢᠯᠡᠬᠦ ᠣᠨᠲᠠᠷᠠᠭᠠᠬᠤ ᠲᠦᠭᠦᠭᠡᠷᠦᠮᠵᠢ ᠶᠢ ᠬᠠᠮᠠᠭᠠᠯᠠᠨ ᠬᠠᠮᠢᠶᠠᠷᠴᠣ ᠂ ᠭᠠᠯ ᠰᠡᠷᠭᠡᠶᠢᠯᠡᠬᠦ ᠣᠨᠲᠠᠷᠠᠭᠠᠬᠤ ᠠᠶᠣᠯᠭᠦᠢ ᠶᠢᠨ ᠰᠡᠷᠡᠮᠵᠢᠯᠡᠬᠦᠯᠬᠦ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠲᠣᠳᠣᠭᠠᠳᠣ ᠶᠢ ᠬᠠᠮᠠᠭᠠᠯᠠᠬᠤ ᠭᠠᠯ ᠣᠨᠲᠠᠷᠠᠭᠠᠬᠤ ᠰᠠᠯᠠᠭ᠎ᠠ ᠮᠦᠴᠢᠷ ᠦᠨᠳᠦᠷ ᠪᠠᠷᠢᠯᠭ᠎ᠠ ᠶᠢ ᠭᠠᠯ ᠰᠡᠷᠭᠡᠶᠢᠯᠡᠬᠦ ᠠᠶᠣᠯᠭᠦᠢ ᠶᠢᠨ ︽ ᠡᠷᠦᠬᠡ ᠠᠮᠠ ᠶᠢᠨ ᠲᠠᠩᠰᠠᠯᠠᠯᠳᠠ︾ ᠶᠢᠨ ᠬᠠᠮᠢᠶᠠᠷᠣᠯᠲᠠ ᠳᠠᠭᠠᠨ ᠵᠢᠬᠰᠠᠭᠠᠨ ᠣᠷᠣᠭᠤᠯᠵᠣ᠂ ᠨᠦᠬᠦᠴᠡᠯ ᠳᠤ ᠨᠡᠶᠢᠴᠡᠬᠦ ᠶᠢ ᠨᠢ ᠭᠠᠯ ᠤᠨ ᠭᠠᠮᠰᠢᠭ ᠤᠨ ᠲᠦᠭᠰᠢᠭᠦᠷᠢᠲᠦ ᠨᠢᠭᠡᠴᠡ ᠪᠠᠷ ᠲᠣᠲᠣᠯᠠᠵᠣ᠂ ᠨᠡᠩ ᠴᠢᠩᠭ᠎ᠠ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠬᠦᠯᠬᠦ ᠬᠡᠷᠡᠭᠲᠡᠢ᠃ ᠦᠨᠳᠦᠷ ᠪᠠᠷᠢᠯᠭ᠎ᠠ ᠳᠤ ᠱᠠᠭᠠᠷᠳᠠᠯᠭ᠎ᠠ ᠶᠣᠰᠣᠭᠠᠷ ᠲᠣᠰᠬᠠᠢ ᠴᠠᠬᠢᠯᠭᠠᠨ ᠤ ᠠᠵᠢᠯᠴᠢᠨ ᠲᠣᠬᠢᠷᠠᠭᠤᠯᠵᠣ᠂ ᠴᠠᠬᠢᠯᠭᠠᠨ ᠬᠡᠷᠡᠭᠯᠡᠬᠦ ᠠᠶᠣᠯᠭᠦᠢ ᠶᠢᠨ ᠬᠠᠮᠢᠶᠠᠷᠣᠯᠲᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠴᠠᠬᠢᠯᠭᠠᠨ ᠬᠡᠯᠬᠢᠶ᠎ᠡ᠂ ᠰᠢᠲᠠᠮᠠᠬᠠᠢ ᠬᠡᠢ ᠶᠢᠨ ᠬᠤᠭᠤᠯᠠᠢ ᠭᠤᠣᠷᠰᠣ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠣ ᠠᠷᠠᠴᠢᠯᠠᠨ ᠬᠠᠮᠠᠭᠠᠯᠠᠵᠣ᠂ ᠭᠠᠯ ᠰᠡᠷᠭᠡᠶᠢᠯᠡᠬᠦ ᠠᠶᠣᠯᠭᠦᠢ ᠶᠢᠨ ᠬᠡᠮ ᠰᠣᠭᠤᠭ ᠢ ᠲᠡᠷᠡ ᠳᠠᠷᠣᠢ ᠳᠤᠨᠢ ᠠᠷᠢᠯᠭᠠᠬᠤ ᠬᠡᠷᠡᠭᠲᠡᠢ᠃      ︵ ᠨᠠᠢᠮᠠ︶ ᠭᠠᠯ ᠰᠡᠷᠭᠡᠶᠢᠯᠡᠬᠦ ᠠᠶᠣᠯᠭᠦᠢ ᠶᠢᠨ ᠬᠠᠷᠢᠭᠤᠴᠠᠭᠴᠢ ᠪᠠ ᠠᠰᠠᠷ ᠪᠠᠶᠢᠰᠢᠩ ᠤᠨ ᠬᠠᠮᠢᠶᠠᠷᠣᠭᠴᠢ  ᠶᠢᠨ ᠳᠦᠷᠢᠮ ᠢ ᠬᠡᠷᠡᠭᠵᠢᠬᠦᠯᠬᠦ᠃ ᠣᠯᠠᠨ ᠳᠠᠪᠬᠤᠷᠲᠣ ᠣᠯᠠᠨ ᠨᠡᠶᠢᠲᠡ ᠶᠢᠨ ᠪᠠᠷᠢᠯᠭ᠎ᠠ ᠳᠤ ᠭᠠᠯ ᠰᠡᠷᠭᠡᠶᠢᠯᠡᠬᠦ ᠠᠶᠣᠯᠭᠦᠢ ᠶᠢᠨ ᠲᠣᠰᠬᠠᠢ ᠲᠣᠰᠢᠶᠠᠯᠳᠣ ᠬᠠᠷᠢᠭᠤᠴᠠᠭᠴᠢ ᠶᠢᠨ ᠳᠦᠷᠢᠮ ᠢ ᠬᠡᠷᠡᠭᠵᠢᠬᠦᠯᠵᠦ᠂ ᠣᠯᠠᠨ ᠲᠠᠪᠬᠤᠷᠲᠣ ᠣᠷᠣᠨ ᠰᠠᠭᠤᠴᠠ ᠶᠢᠨ ᠪᠠᠷᠢᠯᠭ᠎ᠠ ᠳᠤ ︽ ᠠᠰᠠᠷ ᠪᠠᠶᠢᠰᠢᠩ ᠤᠨ ᠬᠠᠮᠢᠶᠠᠷᠣᠭᠴᠢ︾ ᠶᠢᠨ ᠳᠦᠷᠢᠮ ︵ ᠭᠠᠯ ᠰᠡᠷᠭᠡᠶᠢᠯᠡᠬᠦ ᠠᠶᠣᠯᠭᠦᠢ ᠶᠢᠨ ᠬᠠᠷᠢᠭᠤᠴᠠᠭᠴᠢ ᠪᠠ ︿ᠠᠰᠠᠷ ᠪᠠᠶᠢᠰᠢᠩ ᠤᠨ ᠬᠠᠮᠢᠶᠠᠷᠣᠭᠴᠢ﹀ ᠶᠢᠨ ᠡᠭᠦᠷᠭᠡ ᠶᠢ ᠡᠭᠦᠷᠭᠡᠯᠡᠬᠦ ᠨᠦᠬᠦᠴᠡᠯ ᠪᠠ ᠠᠵᠢᠯ ᠤᠨ ᠡᠭᠦᠷᠭᠡ ᠬᠠᠷᠢᠭᠤᠴᠠᠯᠭ᠎ᠠ ᠶᠢ ᠳᠠᠭᠠᠯᠳᠣᠭᠤᠯᠣᠯ 2᠂ 3 ᠶᠢ ᠦᠵᠡᠭᠡᠷᠡᠢ︶ ᠢ ᠬᠡᠷᠡᠭᠵᠢᠬᠦᠯᠵᠦ᠂ ᠲᠣᠰ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠭᠦᠢ ᠶᠢᠨ ᠬᠠᠮᠢᠶᠠᠷᠣᠯᠲᠠ ᠶᠢ ᠬᠠᠷᠢᠭᠤᠴᠠᠨ᠎ᠠ᠃ ᠭᠠᠯ ᠰᠡᠷᠭᠡᠶᠢᠯᠡᠬᠦ ᠠᠶᠣᠯᠭᠦᠢ ᠶᠢᠨ ᠬᠠᠷᠢᠭᠤᠴᠠᠭᠴᠢ᠂ ︽ ᠠᠰᠠᠷ ᠪᠠᠶᠢᠰᠢᠩ ᠤᠨ ᠬᠠᠮᠢᠶᠠᠷᠣᠭᠴᠢ︾  ᠶᠢ ᠲᠣᠭᠲᠠᠭᠠᠭᠰᠠᠨ ᠤ ᠳᠠᠷᠠᠭ᠎ᠠ᠂ ᠲᠦᠪᠯᠡᠷᠡᠭᠦᠯᠦᠨ ᠪᠣᠯᠪᠠᠰᠣᠷᠠᠯ ᠬᠦᠷᠳᠡᠭᠡᠵᠦ᠂ ᠳᠡᠳᠡᠨᠠᠷ ᠤᠨ ᠠᠵᠢᠯ ᠤᠨ ᠪᠠᠶᠢᠷᠢ  ᠶᠢᠨ ᠠᠵᠢᠯᠯᠠᠬᠤ ᠴᠢᠳᠠᠪᠣᠷᠢ ᠶᠢ ᠨᠢ ᠳᠡᠭᠡᠭᠰᠢᠯᠡᠬᠦᠯᠦᠨ᠎ᠡ᠃      ︵ ᠶᠢᠰᠦ︶ ᠪᠢᠴᠢᠯ ᠬᠡᠯᠪᠡᠷᠢ ᠶᠢᠨ ᠭᠠᠯ ᠰᠡᠷᠭᠡᠶᠢᠯᠡᠬᠦ ᠦᠷᠳᠡᠭᠡ ᠪᠠᠶᠢᠭᠤᠯᠬᠤ᠃ ᠣᠯᠠᠨ ᠨᠡᠶᠢᠲᠡ ᠶᠢᠨ ᠦᠨᠳᠦᠷ ᠪᠠᠷᠢᠯᠭ᠎ᠠ ᠪᠠ ᠣᠯᠠᠨ ᠳᠠᠪᠬᠤᠷᠳᠣ ᠣᠷᠣᠨ ᠰᠠᠭᠤᠴᠠ ᠶᠢᠨ ᠪᠠᠷᠢᠯᠭ᠎ᠠ ᠶᠢᠨ ᠵᠢᠵᠢᠭ ᠲᠤᠭᠤᠷᠢᠭ ᠳᠤ ᠭᠠᠯ ᠰᠡᠷᠭᠡᠶᠢᠯᠡᠬᠦ᠂ ᠭᠠᠯ ᠣᠨᠳᠠᠷᠠᠭᠠᠬᠤ᠂ ᠣᠬᠠᠭᠤᠯᠭ᠎ᠠ ᠬᠢᠬᠦ ᠶᠢ ᠨᠢᠭᠡ ᠴᠣᠭᠴᠠᠵᠢᠭᠤᠯᠣᠭᠰᠠᠨ ᠪᠢᠴᠢᠯ ᠬᠡᠯᠪᠡᠷᠢ ᠶᠢᠨ ᠭᠠᠯ ᠰᠡᠷᠬᠡᠶᠢᠯᠡᠬᠦ ᠦᠷᠳᠡᠭᠡ ᠪᠠᠶᠢᠭᠤᠯᠵᠣ᠂ ᠠᠵᠢᠯᠳᠠᠨ ᠪᠠ ᠴᠢᠬᠤᠯᠠ ᠪᠦᠬᠦᠢ ᠲᠣᠨᠤᠭ ᠲᠦᠭᠦᠭᠡᠷᠦᠮᠵᠢ ᠶᠢ ᠬᠦᠢᠴᠡᠳ ᠲᠣᠬᠢᠷᠠᠭᠤᠯᠵᠣ᠂ ᠲᠣᠳᠣᠭᠠᠳᠣ ᠶᠢ ᠬᠠᠮᠠᠭᠠᠯᠠᠬᠤ ᠭᠠᠯ ᠣᠨᠲᠠᠷᠠᠭᠠᠬᠤ ᠠᠩᠬᠢ ᠯᠤᠭ᠎ᠠ ᠬᠠᠮᠳᠣᠷᠠᠨ ᠵᠢᠵᠢᠭᠦᠷᠯᠡᠬᠦ ᠬᠠᠮᠳᠣᠷᠠᠨ ᠰᠣᠷᠢᠯᠲᠠ ᠬᠢᠯᠭᠡᠵᠦ᠂ ︽ ᠭᠤᠷᠪᠠ ᠶᠢ ᠮᠡᠳᠡᠵᠦ ᠲᠦᠷᠪᠡ ᠶᠢ ᠴᠢᠳᠠᠬᠤ ᠨᠢᠭᠡ ᠶᠢ ᠬᠠᠮᠳᠣᠷᠠᠨ ᠠᠵᠢᠯᠯᠠᠭᠤᠯᠬᠤ︾ ︵ᠳᠠᠷᠣᠢ ᠭᠠᠯ ᠰᠡᠷᠭᠡᠶᠢᠯᠡᠬᠦ ᠪᠡᠯᠡᠳᠬᠡᠮᠵᠢ ᠪᠠ ᠪᠠᠭᠠᠵᠢ ᠬᠡᠷᠡᠭᠰᠡᠯ ᠤᠨ ᠣᠷᠣᠨ ᠪᠠᠶᠢᠷᠢ ᠶᠢ ᠮᠡᠳᠡᠬᠦ᠂ ᠳᠠᠷᠬᠠᠭᠠᠨ ᠵᠠᠶᠢᠯᠠᠭᠤᠯᠬᠤ ᠵᠠᠮ ᠪᠠ ᠭᠠᠷᠬᠤ ᠡᠭᠦᠳᠡ ᠶᠢ ᠮᠡᠳᠡᠬᠦ᠂ ᠪᠠᠷᠢᠯᠭ᠎ᠠ ᠶᠢᠨ ᠪᠦᠲᠦᠴᠡ ᠪᠠ ᠴᠢᠳᠠᠪᠬᠢ ᠶᠢ ᠮᠡᠳᠡᠬᠦ︔ ᠬᠦᠮᠦᠰ ᠢ ᠵᠣᠬᠢᠶᠠᠨ ᠪᠠᠶᠢᠭᠤᠯᠣᠨ ᠲᠠᠷᠬᠠᠭᠠᠨ ᠵᠠᠶᠢᠯᠠᠭᠤᠯᠵᠣ ᠴᠢᠳᠠᠬᠤ᠂ ᠭᠠᠯ ᠤᠨ ᠠᠶᠣᠯ ᠢ ᠠᠩᠬᠠᠨ ᠤ ᠬᠤᠭᠤᠴᠠᠭᠠᠨ ᠳᠤᠨᠢ ᠣᠨᠲᠠᠷᠠᠭᠠᠵᠣ ᠴᠢᠳᠠᠬᠤ᠂ ᠰᠡᠷᠭᠡᠶᠢᠯᠡᠵᠦ ᠬᠠᠮᠠᠭᠠᠯᠠᠬᠤ ᠵᠡᠪᠰᠡᠭ ᠲᠣᠨᠣᠭᠯᠠᠯ ᠢ ᠡᠮᠦᠰᠴᠣ ᠵᠡᠬᠦᠵᠦ ᠴᠢᠳᠠᠬᠤ᠂ ᠭᠠᠯ ᠰᠡᠷᠭᠡᠶᠢᠯᠡᠬᠦ ᠪᠠᠭᠠᠵᠢ ᠬᠡᠷᠡᠭᠰᠡᠯ ᠢ ᠬᠡᠷᠡᠭᠯᠡᠵᠦ ᠴᠢᠳᠠᠬᠤ︔ ᠳᠣᠳᠣᠭᠠᠳᠣ ᠶᠢ ᠬᠠᠮᠠᠭᠠᠯᠠᠬᠤ ᠭᠠᠯ ᠣᠨᠲᠠᠷᠠᠭᠠᠬᠤ ᠠᠩᠬᠢ ᠬᠢᠬᠡᠳ ᠪᠢᠴᠢᠯ ᠭᠠᠯ ᠰᠡᠷᠭᠡᠶᠢᠯᠡᠬᠦ ᠦᠷᠳᠡᠭᠡ᠂ ᠭᠠᠯ ᠰᠡᠷᠭᠡᠶᠢᠯᠡᠬᠦ ᠶᠢ ᠵᠠᠬᠢᠷᠣᠨ ᠡᠵᠡᠮᠳᠡᠬᠦ ᠲᠠᠰᠤᠭ ᠬᠢᠬᠡᠳ ᠪᠢᠴᠢᠯ ᠭᠠᠯ ᠰᠡᠷᠭᠡᠶᠢᠯᠡᠬᠦ ᠦᠷᠳᠡᠭᠡ ᠶᠢᠨ ᠠᠵᠢᠯᠳᠠᠨ ᠴᠢᠮᠡᠭᠡ ᠬᠤᠯᠪᠣᠭ᠎ᠠ ᠨᠡᠪᠳᠡᠷᠬᠡᠢ ᠪᠠᠶᠢᠬᠤ ᠶᠢ ᠪᠠᠲᠣᠯᠠᠬᠤ ᠱᠠᠭᠠᠷᠳᠠᠯᠭ᠎ᠠ  ︶ ᠳᠤ ᠬᠦᠷᠬᠦ ᠬᠡᠷᠡᠭᠲᠡᠢ᠃     ︵ ᠠᠷᠪᠠ︶ ᠭᠠᠯ ᠰᠡᠷᠭᠡᠶᠢᠯᠡᠬᠦ ᠣᠬᠠᠭᠤᠯᠭ᠎ᠠ ᠪᠣᠯᠪᠠᠰᠣᠷᠠᠯ ᠬᠢᠬᠦ ᠶᠢ ᠴᠢᠩᠭᠠᠳᠬᠠᠬᠤ᠃ ᠡᠯ᠎ᠡ ᠲᠦᠷᠦᠯ ᠤᠨ ᠰᠣᠨᠢᠨ ᠮᠡᠳᠡᠭᠡ ᠵᠠᠭᠤᠴᠢᠯᠠᠭᠤᠷ᠂ ᠪᠢᠴᠢᠯ ᠪᠦᠷᠬᠡ ᠪᠢᠴᠢᠯ ᠮᠡᠳᠡᠭᠡ ᠵᠢᠴᠢ LED ᠹᠢᠯᠢᠮ᠂ ᠦᠵᠡᠮᠦᠷᠢ ᠶᠢᠨ ᠴᠣᠩᠬᠤ᠂ ᠰᠠᠮᠪᠠᠷ᠎ᠠ ᠶᠢᠨ ᠰᠣᠨᠢᠨ ᠵᠡᠷᠭᠡ ᠵᠠᠭᠤᠴᠢᠯᠠᠭᠤᠷ ᠢ ᠰᠠᠶᠢᠳᠣᠷ ᠠᠰᠢᠭᠯᠠᠵᠣ᠂ ᠦᠨᠳᠦᠷ ᠪᠠᠷᠢᠯᠭ᠎ᠠ ᠶᠢᠨ ᠭᠠᠯ  ᠤᠨ ᠠᠶᠣᠯ ᠤᠨ ᠲᠦᠭᠰᠢᠭᠦᠷᠢᠲᠦ ᠴᠢᠨᠠᠷ ᠢ ᠰᠠᠨᠠᠭᠤᠯᠵᠣ᠂ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ᠂ ᠭᠠᠯ ᠣᠨᠲᠠᠷᠠᠭᠠᠬᠤ ᠪᠠ ᠠᠮᠢ ᠵᠢᠭᠤᠳᠠᠵᠣ ᠦᠪᠡᠷ ᠢ ᠪᠠᠨ ᠠᠪᠣᠷᠠᠬᠤ ᠮᠡᠳᠡᠯᠭᠡ ᠶᠢ ᠣᠬᠠᠭᠤᠯᠵᠣ᠂ ᠨᠣᠴᠣᠮᠠᠲᠠᠭᠠᠢ ᠪᠣᠳᠠᠰ  ᠢᠶᠠᠷ ᠬᠡᠷᠡᠮ ᠤᠨ ᠭᠠᠳᠠᠭᠤᠷᠬᠢ ᠲᠣᠯᠠᠭᠠᠯᠠᠬᠤ ᠮᠠᠲ᠋ᠧᠷᠢᠶᠠᠯ ᠪᠣᠯᠭᠠᠨ ᠬᠡᠷᠡᠭᠯᠡᠬᠦ ᠨᠢ ᠭᠠᠯ ᠤᠨ ᠭᠠᠮᠰᠢᠭ ᠡᠭᠦᠰᠬᠡᠵᠦ ᠮᠡᠳᠡᠬᠦ ᠠᠶᠣᠯ ᠲᠦᠭᠰᠢᠭᠦᠷᠢ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠨᠠᠭᠤᠯᠵᠣ᠂ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠶᠣᠯᠬᠦᠢ ᠶᠢᠨ ᠣᠬᠠᠮᠰᠠᠷ ᠢ ᠨᠢ ᠳᠡᠭᠡᠭᠰᠢᠯᠡᠬᠦᠯᠬᠦ ᠬᠡᠷᠡᠭᠲᠡᠢ᠃ ᠦᠨᠳᠦᠷ ᠪᠠᠷᠢᠯᠭ᠎ᠠ ᠶᠢ ᠬᠠᠮᠢᠶᠠᠷᠴᠣ ᠪᠠᠶᠢᠭ᠎ᠠ ᠨᠢᠭᠡᠴᠡ ᠬᠠᠭᠠᠰ ᠵᠢᠯ ᠳᠤ ᠨᠢᠭᠡ ᠣᠳᠠᠭ᠎ᠠ ᠭᠠᠯ ᠰᠡᠷᠭᠡᠶᠢᠯᠡᠬᠦ ᠲᠣᠬᠠᠢ ᠪᠣᠯᠪᠠᠰᠣᠷᠠᠯ ᠪᠠ ᠰᠣᠷᠢᠯᠲᠠ ᠬᠢᠯᠭᠡᠵᠦ ᠂ ᠰᠠᠭᠤᠭᠠᠯᠢ ᠠᠷᠠᠳ ᠢ ᠣᠳᠠᠭ᠎ᠠ ᠲᠣᠭᠤᠰᠣ ᠰᠡᠷᠭᠡᠶᠢᠯᠡᠬᠦ ᠨᠢᠭᠤᠷ ᠤᠨ ᠪᠠᠭ᠂ ᠠᠮᠢ ᠵᠢᠭᠤᠳᠠᠬᠤ ᠳᠡᠭᠡᠰᠦ ᠵᠡᠷᠭᠡ ᠪᠠᠭᠠᠵᠢ ᠬᠡᠷᠡᠭᠰᠡᠯ ᠪᠡᠯᠡᠳᠬᠡᠬᠦ ᠶᠢ ᠵᠢᠭᠠᠨ ᠵᠢᠯᠣᠭᠤᠳᠴᠣ᠂ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠨ ᠵᠠᠶᠢᠯᠠᠭᠤᠯᠵᠣ ᠠᠮᠢ ᠵᠢᠭᠤᠳᠠᠬᠤ ᠴᠢᠳᠠᠪᠣᠷᠢ ᠶᠢ ᠨᠢ ᠳᠡᠭᠡᠭᠰᠢᠯᠡᠬᠦᠯᠬᠦ ᠬᠡᠷᠡᠭᠲᠡᠢ᠃     ︵ ᠠᠷᠪᠠᠨ ᠨᠢᠭᠡ︶ ᠶᠠᠷᠢᠶ᠎ᠠ ᠬᠡᠯᠡᠯᠴᠡᠬᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ᠃ ᠭᠤᠣᠯ ᠵᠠᠭᠤᠴᠢᠯᠠᠭᠤᠷ ᠲᠤ ᠲᠣᠰᠬᠠᠢ ᠰᠡᠳᠦᠪᠲᠦ ᠪᠣᠯᠣᠩ ᠲᠣᠬᠢᠷᠠᠭᠤᠯᠵᠣ᠂ ᠵᠢᠬᠰᠠᠭᠠᠨ ᠪᠠᠶᠢᠴᠠᠭᠠᠵᠣ ᠴᠡᠭᠴᠡᠯᠡᠨ ᠦᠭᠡᠷᠡᠴᠢᠯᠡᠬᠦᠯᠬᠦ ᠪᠠᠷ ᠪᠠᠶᠢᠭ᠎ᠠ ᠦᠨᠳᠦᠷ ᠪᠠᠷᠢᠯᠭ᠎ᠠ ᠶᠢ ᠨᠡᠶᠢᠭᠡᠮ ᠳᠤ ᠢᠯᠡ ᠪᠠᠷ ᠨᠡᠶᠢᠲᠡᠯᠡᠬᠦ ᠬᠡᠷᠡᠭᠲᠡᠢ᠃ ᠢᠯᠡᠴᠢᠯᠡᠨ ᠮᠡᠳᠡᠬᠦᠯᠬᠦ ᠲᠠᠪᠴᠠᠩ ᠪᠠᠶᠢᠭᠤᠯᠵᠣ ᠴᠡᠭᠴᠡᠯᠡᠨ ᠦᠭᠡᠷᠡᠴᠢᠯᠡᠬᠦ ᠶᠢ ᠬᠤᠶᠢᠰᠢᠯᠠᠭᠤᠯᠬᠤ᠂ ᠵᠠᠰᠠᠭ ᠤᠨ ᠣᠷᠳᠣᠨ ᠤ ᠫᠠᠶᠢᠰᠠ ᠡᠯᠬᠦᠵᠦ ᠱᠠᠭᠠᠷᠳᠠᠨ ᠬᠦᠢᠴᠡᠳᠬᠡᠯᠬᠡᠬᠦ ᠪᠠᠷ ᠪᠠᠶᠢᠭ᠎ᠠ ᠦᠨᠳᠦᠷ ᠪᠠᠷᠢᠯᠭ᠎ᠠ ᠶᠢᠨ ᠬᠦᠨᠳᠦ ᠶᠡᠭᠡ ᠭᠠᠯ ᠤᠨ ᠠᠶᠣᠯ ᠤᠨ ᠬᠡᠮ ᠰᠣᠭᠤᠭ᠂ ᠴᠡᠭᠴᠡᠯᠡᠨ ᠦᠭᠡᠷᠡᠴᠢᠯᠡᠬᠦ ᠮᠡᠳᠡᠭᠡ ᠵᠠᠩᠬᠢ ᠶᠢ ᠮᠦᠷᠳᠡᠨ ᠮᠡᠳᠡᠭᠡᠯᠡᠬᠦ ᠬᠡᠷᠡᠭᠲᠡᠢ᠃ ᠬᠦᠨᠳᠦ ᠶᠡᠭᠡ ᠬᠡᠮ ᠰᠣᠭᠤᠭ ᠲᠠᠢ᠂ ᠬᠤᠭᠤᠴᠠᠭ᠎ᠠ ᠨᠢ ᠦᠩᠭᠡᠷᠡᠭᠡᠳ ᠪᠠᠰᠠ ᠴᠡᠭᠴᠡᠯᠡᠨ ᠦᠭᠡᠷᠡᠴᠢᠯᠡᠭᠰᠡᠨ ᠦᠭᠡᠢ ᠬᠦᠨᠳᠦ ᠶᠡᠭᠡ ᠭᠠᠯ ᠤᠨ ᠠᠶᠣᠯ ᠤᠨ ᠬᠡᠮ ᠰᠣᠭᠤᠭ ᠲᠠᠢ ᠨᠢᠬᠡᠴᠡ ᠶᠢ ᠭᠠᠯ ᠰᠡᠷᠭᠡᠶᠢᠯᠡᠬᠦ ᠠᠶᠣᠯᠭᠦᠢ ᠶᠢᠨ ᠮᠠᠭᠤ ᠦᠢᠯᠡ ᠠᠵᠢᠯᠯᠠᠭ᠎ᠠ ᠶᠢ ᠨᠡᠶᠢᠳᠡᠯᠡᠬᠦ ᠬᠡᠪᠴᠢᠶ᠎ᠡ ᠳᠤ ᠵᠢᠬᠰᠠᠭᠠᠨ ᠣᠷᠣᠭᠤᠯᠵᠣ᠂ ᠬᠠᠮᠢᠶ᠎ᠠ ᠪᠦᠬᠦᠢ ᠰᠠᠯᠠᠭ᠎ᠠ ᠮᠦᠴᠢᠷ  ᠲᠤ ᠮᠡᠳᠡᠭᠡᠯᠡᠨ᠎ᠡ᠃ ᠪᠠᠶᠢᠳᠠᠯ ᠢ ᠨᠢ ᠦᠵᠡᠵᠦ ᠪᠠᠶᠢᠭᠤᠯᠭ᠎ᠠ ᠨᠢᠭᠡᠴᠡ ᠶᠢᠨ ᠬᠠᠣᠯᠢ ᠪᠠᠷ ᠲᠣᠭᠲᠠᠭᠠᠭᠰᠠᠨ ᠲᠦᠯᠦᠭᠡᠯᠡᠭᠴᠢ ᠲᠠᠢ ᠨᠢ ᠪᠣᠯᠵᠣᠨ ᠶᠠᠷᠢᠯᠴᠠᠬᠤ᠂ ᠪᠠᠶᠢᠭᠤᠯᠣᠯᠭ᠎ᠠ ᠨᠢᠭᠡᠴᠡ ᠶᠢᠨ ᠢᠯᠡ ᠲᠣᠳᠣ ᠪᠠᠶᠢᠷᠢᠨ ᠳᠤ ᠭᠠᠯ  ᠤᠨ ᠠᠶᠣᠯ ᠢ ᠰᠡᠷᠡᠮᠵᠢᠯᠡᠬᠦᠯᠬᠦ ᠫᠠᠶᠢᠰᠠ ᠶᠢ ᠡᠯᠬᠦᠨ ᠨᠠᠭᠠᠬᠤ ᠬᠡᠯᠪᠡᠷᠢ ᠪᠠᠷ ᠲᠦᠭᠰᠢᠬᠦᠷᠢ ᠶᠢᠨ ᠬᠡᠮ ᠰᠣᠭᠤᠭ ᠢ ᠴᠡᠭᠴᠡᠯᠡᠨ ᠦᠭᠡᠷᠡᠴᠢᠯᠡᠬᠦᠯᠬᠦ ᠶᠢ ᠲᠦᠯᠬᠢᠨ ᠠᠬᠢᠭᠤᠯᠣᠨ᠎ᠠ᠃     ᠵᠢᠷᠭᠤᠭ᠎ᠠ᠂ ᠠᠵᠢᠯ ᠤᠨ ᠱᠠᠭᠠᠷᠳᠠᠯᠭ᠎ᠠ     ︵ ᠨᠢᠭᠡ︶ ᠳᠠᠨᠢᠯᠲᠠ ᠪᠠᠨ ᠳᠡᠭᠡᠭᠰᠢᠯᠡᠬᠦᠯᠵᠦ᠂ ᠣᠳᠣᠷᠢᠳᠣᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ ᠤᠳ ᠦᠨᠳᠦᠷ ᠪᠠᠷᠢᠯᠭ᠎ᠠ ᠶᠢᠨ ᠭᠠᠯ ᠰᠡᠷᠭᠡᠶᠢᠯᠡᠬᠦ ᠠᠶᠣᠯᠬᠦᠢ ᠶᠢᠨ ᠶᠡᠷᠥᠩᠬᠡᠢ ᠵᠠᠰᠠᠯᠲᠠ ᠶᠢᠨ ᠠᠵᠢᠯ ᠢ ᠣᠨᠴᠠ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠢ ᠣᠷᠢᠳᠴᠢᠯᠠᠨ ᠰᠡᠷᠭᠡᠶᠢᠯᠡᠬᠦ᠂ ᠲᠣᠰ ᠭᠠᠵᠠᠷ ᠣᠷᠣᠨ ᠤ ᠭᠠᠯ ᠤᠨ ᠭᠠᠮᠰᠢᠭ ᠤᠨ ᠪᠠᠶᠢᠳᠠᠯ ᠤᠨ ᠲᠣᠭᠲᠠᠭᠤᠨ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠣ᠂ ᠦᠨᠡᠨᠬᠦ ᠪᠣᠳᠠᠳᠠᠢ ᠠᠳᠬᠤᠵᠣ ᠪᠣᠳᠠᠳᠣ ᠦᠷ᠎ᠡ ᠠᠰᠢᠭ ᠣᠯᠵᠣ᠂ ᠮᠠᠨ ᠤ ᠬᠤᠰᠢᠭᠤᠨ ᠤ ︽  ᠭᠤᠷᠪᠠ ᠶᠢ ᠡᠬᠦᠰᠬᠡᠬᠦ ᠦᠭᠡᠢ ︾ ᠠᠵᠢᠯ ᠤᠨ ᠬᠠᠷᠠᠯᠲᠠ ᠶᠢ ᠪᠡᠶᠡᠯᠡᠬᠦᠯᠬᠦ ᠳᠤ ᠬᠤᠪᠢ ᠨᠡᠮᠡᠷᠢ ᠦᠵᠡᠬᠦᠯᠬᠦ ᠬᠡᠷᠡᠭᠲᠡᠢ᠃      ︵ ᠬᠤᠶᠠᠷ︶ ᠬᠦᠴᠦ ᠪᠠᠨ ᠬᠠᠮᠳᠣᠳᠬᠠᠨ ᠬᠠᠮᠵᠢᠯᠴᠠᠵᠣ᠂ ᠵᠡᠷᠭᠡᠪᠡᠷ ᠠᠳᠬᠤᠵᠣ ᠬᠠᠮᠳᠣᠪᠡᠷ ᠬᠠᠮᠢᠶᠠᠷᠬᠤ᠃ ᠡᠯ᠎ᠡ ᠬᠤᠯᠪᠣᠭᠳᠠᠯ ᠪᠦᠬᠦᠢ ᠡᠷᠬᠡ ᠲᠣᠰᠢᠶᠠᠯᠳᠣ ᠰᠠᠯᠠᠭ᠎ᠠ ᠮᠦᠴᠢᠷ ᠤᠳ ︽ᠠᠵᠢᠯ ᠲᠦᠷᠦᠯ ᠢ ᠬᠠᠮᠢᠶᠠᠷᠬᠤ ᠳᠤ ᠶᠠᠭᠤᠨ ᠤ ᠡᠮᠦᠨ᠎ᠡ ᠠᠶᠣᠯᠭᠦᠢ ᠶᠢᠨ ᠬᠠᠮᠢᠶᠠᠷᠣᠯᠲᠠ ᠶᠢ ᠴᠢᠩᠭᠠᠳᠬᠠᠬᠤ᠂ ᠲᠣᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠣᠯᠭᠦᠢ ᠶᠢᠨ ᠬᠠᠮᠢᠶᠠᠷᠣᠯᠲᠠ ᠶᠢ ᠴᠢᠩᠭᠠᠳᠬᠠᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠪᠠᠰᠠ ᠠᠶᠣᠯᠭᠦᠢ ᠶᠢᠨ ᠬᠠᠮᠢᠶᠠᠷᠣᠯᠲᠠ ᠶᠢ ᠴᠢᠩᠭᠠᠳᠬᠠᠬᠤ︾ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠪᠠᠶᠢᠴᠠᠭᠠᠬᠤ ᠱᠠᠭᠠᠷᠳᠠᠨ ᠪᠠᠶᠢᠴᠠᠭᠠᠬᠤ ᠶᠢ ᠬᠠᠮᠳᠣᠷᠠᠨ ᠵᠣᠬᠢᠶᠠᠨ ᠪᠠᠶᠢᠭᠤᠯᠵᠣ ᠂ ᠮᠡᠳᠡᠭᠡ ᠵᠠᠩᠬᠢ ᠶᠢ ᠬᠠᠮᠳᠣᠪᠡᠷ ᠡᠳ᠋ᠯᠡᠬᠦ᠂ ᠪᠠᠶᠢᠳᠠᠯ ᠢ ᠮᠡᠳᠡᠭᠡᠯᠡᠬᠦ᠂ ᠬᠤᠯᠪᠣᠭᠠᠯᠠᠨ ᠪᠠᠶᠢᠴᠠᠭᠠᠨ ᠰᠢᠢᠳᠪᠦᠷᠢᠯᠡᠬᠦ᠂ ᠬᠡᠷᠡᠭ ᠢ ᠰᠢᠯᠵᠢᠬᠦᠯᠦᠨ ᠬᠦᠷᠭᠡᠬᠦ ᠲᠣᠭᠲᠠᠴᠠ ᠶᠢ ᠪᠠᠶᠢᠭᠤᠯᠣᠨ ᠪᠦᠷᠢᠨᠰᠢᠭᠦᠯᠵᠦ᠂ ᠬᠠᠣᠯᠢ ᠬᠡᠷᠡᠭᠵᠢᠬᠦᠯᠬᠦ ᠨᠡᠶᠢᠯᠡᠮᠠᠯ ᠬᠦᠴᠦᠨ ᠢ ᠦᠨᠡᠨᠬᠦ ᠪᠦᠷᠢᠯᠳᠦᠭᠦᠯᠵᠦ᠂ ᠦᠨᠳᠦᠷ ᠠᠰᠠᠷ ᠪᠠᠶᠢᠰᠢᠩ ᠤᠨ ᠶᠡᠷᠥᠩᠬᠡᠢ ᠵᠠᠰᠠᠯᠲᠠ ᠶᠢᠨ ᠠᠵᠢᠯ ᠤᠨ ᠪᠦᠲᠦᠮᠵᠢᠲᠡᠢ ᠦᠷᠨᠢᠭᠳᠡᠬᠦ ᠶᠢ ᠲᠦᠯᠬᠢᠨ ᠠᠬᠢᠭᠤᠯᠬᠤ ᠬᠡᠷᠡᠭᠲᠡᠢ᠃     ︵ ᠭᠤᠷᠪᠠ︶ ᠬᠢᠨᠠᠨ ᠵᠢᠯᠣᠭᠤᠳᠬᠤ ᠪᠠᠨ ᠴᠢᠩᠭᠠᠳᠬᠠᠵᠣ᠂ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠬᠤ᠃ ᠡᠯ᠎ᠡ ᠡᠷᠬᠡ ᠲᠣᠰᠢᠶᠠᠯᠳᠣ ᠰᠠᠯᠠᠭ᠎ᠠ ᠮᠦᠴᠢᠷ ᠤᠳ ᠠᠵᠢᠯ ᠤᠨ ᠬᠢᠨᠠᠨ ᠵᠢᠯᠣᠭᠤᠳᠬᠤ ᠪᠠᠨ ᠴᠢᠩᠭᠠᠳᠬᠠᠵᠣ᠂ ᠱᠠᠭᠠᠷᠳᠠᠯᠭ᠎ᠠ ᠶᠣᠰᠣᠭᠠᠷ ᠶᠡᠷᠥᠩᠬᠡᠢ ᠵᠠᠰᠠᠯᠲᠠ ᠬᠢᠬᠦ ᠦᠭᠡᠢ᠂ ᠠᠵᠢᠯ ᠢᠶᠠᠨ ᠪᠣᠳᠠᠳᠠᠶᠢᠵᠢᠭᠤᠯᠬᠤ ᠦᠭᠡᠢ᠂ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠦᠭᠡᠢ᠂ ᠦᠷ᠎ᠡ ᠪᠦᠲᠦᠮᠵᠢ ᠢᠯᠡᠷᠬᠡᠢ ᠪᠣᠰᠣ ᠭᠠᠵᠠᠷ ᠣᠷᠣᠨ ᠪᠠ ᠪᠠᠶᠢᠭᠤᠯᠣᠯᠭ᠎ᠠ ᠨᠢᠬᠡᠴᠡ ᠶᠢ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠣ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠦᠭᠡᠷᠡᠴᠢᠯᠡᠭᠦᠯᠬᠦ ᠬᠡᠷᠡᠭᠲᠡᠢ᠃ ᠬᠦᠯᠦᠨ ᠪᠣᠶᠢᠷ ᠬᠤᠲᠠ ᠨᠢᠬᠡᠨᠳᠡ ᠠᠵᠢᠯ ᠤᠨ ᠳᠣᠭᠤᠶᠢᠯᠠᠩ ᠪᠠᠶᠢᠭᠤᠯᠵᠣ᠂ ᠡᠯ᠎ᠡ ᠭᠠᠵᠠᠷ ᠤᠨ ᠶᠡᠷᠥᠩᠬᠡᠢ ᠵᠠᠰᠠᠯᠲᠠ ᠶᠢᠨ ᠠᠵᠢᠯ ᠢ ᠬᠢᠨᠠᠨ ᠵᠢᠯᠣᠭᠤᠳᠴᠣ ᠪᠠᠶᠢᠴᠠᠭᠠᠯᠲᠠ ᠦᠷᠨᠢᠬᠦᠯᠵᠦ ᠪᠠᠶᠢᠨ᠎ᠠ᠂ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠬᠤ ᠦᠭᠡᠢ᠂ ᠭᠠᠢ ᠭᠠᠮᠰᠢᠭ ᠤᠨ ᠬᠡᠮ ᠰᠣᠭᠤᠭ ᠢᠯᠡᠷᠬᠡᠢ ᠡᠰᠡᠭᠦᠯ᠎ᠡ ᠬᠦᠨᠳᠦ ᠣᠨᠴᠠ ᠶᠡᠭᠡ ᠭᠠᠯ ᠤᠨ ᠭᠠᠮᠰᠢᠭ ᠤᠨ ᠠᠳᠡᠯ ᠭᠠᠷᠣᠭᠰᠠᠨ ᠭᠠᠵᠠᠷ ᠣᠷᠣᠨ ᠪᠠ ᠨᠢᠭᠡᠴᠡ ᠶᠢ ᠮᠡᠳᠡᠭᠡᠯᠡᠬᠦ᠂ ᠪᠣᠯᠵᠣᠨ ᠶᠡᠷᠢᠯᠴᠠᠬᠤ᠂ ᠫᠠᠶᠢᠰᠠ ᠡᠯᠬᠦᠨ ᠱᠠᠭᠠᠷᠳᠠᠨ ᠬᠦᠢᠴᠡᠳᠬᠡᠯᠬᠡᠬᠦ᠂ ︽ᠨᠢᠭᠡ ᠪᠢᠯᠧᠲ ᠢᠶᠠᠷ ᠦᠭᠡᠶᠢᠰᠬᠡᠬᠦ︾ ᠵᠡᠷᠭᠡ ᠬᠡᠯᠪᠡᠷᠢ ᠪᠠᠷ ᠶᠡᠷᠥᠩᠬᠡᠶᠢᠯᠡᠨ ᠵᠠᠰᠠᠬᠤ ᠬᠠᠷᠢᠭᠤᠴᠠᠯᠭ᠎ᠠ ᠶᠢ ᠬᠢᠨᠠᠨ ᠵᠢᠯᠣᠭᠤᠳᠬᠤ ᠪᠠ ᠬᠠᠷᠢᠭᠤᠴᠠᠯᠭ᠎ᠠ ᠨᠡᠬᠡᠮᠵᠢᠯᠡᠬᠦ ᠪᠣᠯᠣᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号