| | —— 2017 ᠣᠨ ᠤ 3 ᠰᠠᠷ᠎ᠠ ᠶᠢᠨ 28 ᠤ ᠡᠳᠦᠷ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠪᠠᠨ ᠬᠤᠶᠠᠳᠣᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ ᠬᠤᠷᠠᠯ ᠳᠡᠭᠡᠷ᠎ᠡ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ | | | | | ᠲᠦᠯᠦᠭᠡᠯᠡᠭᠴᠢᠳ ᠡ᠄ | ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠣ᠂ | ᠳᠡᠷᠡᠴᠢᠯᠡᠨ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃ | ᠨᠢᠭᠡ᠂ 2016 ᠣᠨ ᠤ ᠠᠵᠢᠯ ᠤᠨ ᠡᠷᠬᠢᠴᠡᠭᠦᠯᠦᠯ | 2016 ᠣᠨ ᠪᠣᠯ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠲᠡ ᠪᠠᠷ ᠨᠡᠯᠢᠶᠡᠳ ᠣᠨᠴᠠᠭᠠᠢ ᠨᠢᠭᠡ ᠵᠢᠯ ᠪᠣᠯᠣᠨ᠎ᠠ᠃ ᠨᠡᠭᠦᠷᠡᠰᠦ ᠪᠠ | ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠦᠭᠡᠳᠡ ᠦᠭᠡᠢ ᠪᠣᠯᠣᠭᠰᠠᠨ ᠨᠦᠯᠦᠭᠡᠯᠡᠯ᠂ ᠴᠠᠭ ᠠᠭᠤᠷ ᠤᠨ ᠳᠡᠮᠳᠡᠭᠯᠡᠯ ᠲᠠᠢ ᠪᠣᠯᠣᠭᠰᠠᠨ ᠠᠴᠠ ᠨᠠᠰᠢ ᠬᠠᠮᠤᠭ ᠠᠴᠠ | ᠬᠦᠨᠳᠦ ᠬᠡᠴᠡᠭᠦᠦ ᠭᠠᠩ ᠬᠠᠭᠰᠠᠷᠭᠠᠨ ᠤ ᠭᠠᠮᠰᠢᠭ ᠲᠤ ᠬᠠᠨᠳᠣᠵᠣ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ | ᠨᠠᠮ ᠤᠨ ᠬᠤᠷᠢᠶ᠎ᠠ ᠶᠢᠨ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠬᠤᠰᠢᠭᠤᠨ ᠤ ᠵᠠᠰᠠᠭ ᠤᠨ ᠣᠷᠳᠣᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ᠂ ᠠᠵᠣ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠣ᠂ | ᠠᠮᠢ ᠠᠬᠤᠢ ᠶᠢ ᠬᠠᠮᠠᠭᠠᠯᠠᠬᠤ᠂ ᠨᠡᠮᠡᠭᠳᠡᠯ ᠢ ᠲᠣᠭᠲᠠᠪᠣᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ | ᠢ ᠬᠠᠷᠠᠭᠠᠯᠵᠠᠬᠤ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠦᠯᠦᠪᠯᠡᠭᠰᠡᠨ ᠢᠶᠠᠷ᠂ ᠪᠦᠬᠦ ᠵᠢᠯ ᠤᠨ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠶᠡᠷᠥᠩᠬᠡᠢ | ᠴᠣᠭᠴᠠ ᠶᠢᠨ ᠠᠵᠢᠯᠯᠠᠭᠠᠨ ᠤ ᠪᠠᠶᠢᠳᠠᠯ ᠲᠣᠭᠲᠠᠭᠤᠨ ᠪᠠᠶᠢᠵᠣ᠂ ᠪᠦᠬᠦ ᠬᠤᠰᠢᠭᠤᠨ ᠤ ︽13·5︾ ᠤᠨ ᠲᠦᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ | ᠳᠤ ᠪᠠᠲᠣ ᠪᠠᠬᠢ ᠰᠠᠭᠤᠷᠢ ᠲᠠᠯᠪᠢᠵᠣ ᠦᠭᠭᠦᠭᠰᠡᠨ ᠪᠠᠶᠢᠨ᠎ᠠ᠃ | ︵ᠨᠢᠭᠡ︶ ᠠᠵᠣ ᠠᠬᠤᠢ ᠲᠣᠭᠲᠠᠭᠤᠨ ᠬᠦᠭᠵᠢᠯᠲᠡ ᠪᠠᠨ ᠬᠠᠳᠠᠭᠠᠯᠠᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠲᠡᠭ ᠢ | 115.69 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 7% ᠢᠶᠠᠷ ᠨᠡᠮᠡᠭᠳᠡᠪᠡ︔ ᠡᠩ ᠤᠨ ᠣᠯᠠᠨ | ᠨᠡᠶᠢᠲᠡ ᠶᠢᠨ ᠲᠦᠰᠦᠪ ᠤᠨ ᠣᠷᠣᠯᠭ᠎ᠠ ᠶᠢ 7.78 ᠳ᠋ᠥᠩᠰᠢᠭᠤᠷ ᠲᠦᠭᠦᠷᠢᠭ ᠪᠡᠶᠡᠯᠡᠭᠦᠯᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠦᠷᠦᠩᠭᠡ | ᠶᠢᠨ ᠪᠡᠯᠡ ᠣᠷᠣᠭᠤᠯᠣᠯᠲᠠ ︵ᠰᠢᠨ᠎ᠡ ᠲᠣᠭᠤᠷᠢᠭ ᠢ ᠪᠠᠭᠲᠠᠭᠠᠬᠤ ᠦᠭᠡᠢ︶ ᠶᠢ 47.51 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ | ᠬᠤᠭᠤᠴᠠᠭ᠎ᠠ ᠲᠠᠢ ᠠᠳᠠᠯᠢᠳᠬᠠᠪᠠᠯ 14.5% ᠢᠶᠠᠷ ᠨᠡᠮᠡᠭᠳᠡᠪᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 26964 ᠲᠦᠭᠦᠷᠢᠭ ᠪᠠ 18969 ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 7% ᠪᠠ | 7.5% ᠢᠶᠠᠷ ᠨᠡᠮᠡᠭᠳᠡᠪᠡ︔ ᠨᠢᠭᠡᠴᠢ GDP ᠶᠢᠨ ᠡᠨᠧᠷᠬᠢ ᠶᠢᠨ ᠬᠤᠷᠣᠭᠳᠠᠯ ᠵᠢᠱᠢᠯᠲᠡ ᠪᠠᠷ 3.5% ᠢᠶᠠᠷ ᠪᠠᠭᠤᠷᠠᠪᠠ︔ ᠮᠠᠯ ᠠᠵᠣ ᠠᠬᠤᠢ ᠶᠢᠨ ᠣᠨ ᠤ | ᠮᠠᠯ ᠤᠨ ᠲᠤᠭ᠎ᠠ 104 ᠲᠦᠮᠡᠨ ᠲᠣᠯᠣᠭᠠᠢ ᠪᠣᠯᠵᠣ᠂ ᠰᠦ᠂ ᠮᠢᠬ᠎ᠠ᠂ ᠡᠪᠡᠰᠦ ᠶᠢᠨ ᠭᠠᠷᠣᠯᠲᠠ ᠲᠣᠰ ᠲᠣᠰ 8 ᠲᠦᠮᠡᠨ ᠲᠣᠨ᠂ 1.9 ᠲᠦᠮᠡᠨ ᠲᠣᠨ ᠪᠠ 11 | ᠲᠦᠮᠡᠨ ᠲᠣᠨ ᠳᠤ ᠬᠦᠷᠪᠡ︔ ᠲᠦᠭᠦᠭᠡᠢ ᠨᠡᠭᠦᠷᠡᠰᠦ ᠶᠢ ᠨᠡᠶᠢᠲᠡ 3033.2 ᠲᠦᠮᠡᠨ ᠲᠣᠨ ᠦᠢᠯᠡᠳᠪᠦᠷᠢᠯᠡᠪᠡ︔ 181.5 ᠳ᠋ᠥᠩᠰᠢᠭᠤᠷ ᠺᠢᠯᠣᠸᠠᠲ ᠴᠠᠭ | ᠴᠠᠬᠢᠯᠭᠠᠨ ᠭᠠᠷᠭᠠᠪᠠ︔ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠥᠩᠬᠡᠢ ᠬᠡᠮᠵᠢᠶ᠎ᠡ ᠶᠢ 17.5 ᠳ᠋ᠥᠩᠰᠢᠭᠤᠷ ᠲᠦᠭᠦᠷᠢᠭ | ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 10% ᠢᠶᠠᠷ ᠨᠡᠮᠡᠭᠳᠡᠪᠡ︔ 44 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠵᠦ᠂ | ᠵᠢᠯ ᠳᠤ 32.6 ᠳ᠋ᠥᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠪᠡ᠃ ᠡᠯ᠎ᠡ ᠵᠦᠢᠯ ᠤᠨ ᠠᠵᠣ ᠠᠬᠤᠢ ᠶᠢᠨ ᠬᠦᠢᠴᠡᠳᠬᠡᠯ ᠲᠤᠭ᠎ᠠ ᠶᠢᠨ | ᠨᠡᠮᠡᠭᠳᠡᠯ ᠤᠨ ᠬᠤᠷᠳᠣᠴᠠ ᠥᠩᠭᠡᠷᠡᠭᠰᠡᠨ ᠵᠢᠯ ᠤᠨ ᠬᠢ ᠠᠴᠠ ᠣᠳᠠᠭᠠᠨ ᠪᠣᠯᠣᠭᠰᠠᠨ ᠰᠢᠭ᠋ ᠪᠣᠯᠪᠠᠴᠣ ᠶᠡᠷᠥᠩᠬᠡᠢ ᠴᠣᠭᠴᠠ ᠨᠢ ᠮᠦᠨ ᠯᠡ ᠪᠦᠬᠦ ᠬᠤᠲᠠ ᠶᠢᠨ | ᠳᠣᠮᠳᠠᠴᠢ ᠲᠦᠪᠰᠢᠨ ᠠᠴᠠ ᠦᠨᠳᠦᠷ ᠪᠠᠶᠢᠵᠣ᠂ ᠵᠦᠢ ᠵᠣᠬᠢᠰᠲᠠᠢ ᠣᠷᠣᠨ ᠵᠠᠢ ᠳᠤ ᠣᠷᠣᠰᠢᠵᠣ ᠪᠣᠢ᠃ | ︵ ᠬᠤᠶᠠᠷ︶ ᠠᠵᠣ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠪᠦᠬᠦ ᠬᠤᠰᠢᠭᠤᠨ ᠤ ᠭᠤᠷᠪᠠᠨ ᠣᠳᠠᠭᠠᠨ ᠤ ᠠᠵᠣ ᠦᠢᠯᠡᠰ ᠤᠨ ᠪᠦᠲᠦᠴᠡ | 7.2᠄ 68.2᠄ 24.6 ᠪᠠᠶᠢᠭᠰᠠᠨ ᠠᠴᠠ ᠪᠠᠨ ᠰᠢᠯᠢᠳᠡᠭᠵᠢᠬᠡᠳ 6.5᠄ 67.1᠄ 26.4 ᠪᠣᠯᠪᠠ᠃ ᠲᠠᠷᠢᠶᠠᠯᠠᠩ ᠮᠠᠯ ᠠᠵᠣ ᠠᠬᠤᠢ ᠶᠢᠨ ᠬᠡᠯᠪᠡᠷᠢ ᠪᠠᠨ | ᠬᠤᠪᠢᠷᠠᠭᠤᠯᠣᠨ ᠳᠡᠰ ᠳᠡᠪᠰᠢᠭᠦ ᠠᠯᠬᠤᠴᠠ ᠲᠦᠷᠭᠡᠳᠴᠦ᠂ ᠡᠯ᠎ᠡ ᠲᠦᠷᠦᠯ ᠤᠨ ᠲᠠᠷᠢᠶᠠᠯᠠᠬᠤ ᠮᠠᠯᠵᠢᠬᠤ ᠣᠷᠣᠨ ᠳᠤ ᠬᠤᠯᠪᠣᠭᠳᠠᠬᠤ ᠲᠦᠷᠦᠯ ᠵᠦᠢᠯ ᠢ ᠨᠢᠭᠡᠳᠦᠯᠳᠡᠢ | ᠲᠦᠯᠦᠪᠯᠡᠨ ᠬᠡᠷᠡᠭᠵᠢᠭᠦᠯᠵᠦ᠂ 1.75 ᠳ᠋ᠥᠩᠰᠢᠭᠤᠷ ᠲᠦᠭᠦᠷᠢᠭ ᠪᠡᠯᠡ ᠣᠷᠣᠭᠤᠯᠣᠨ᠂ 500 ᠰᠠᠣᠷᠢ ᠪᠠᠶᠢᠩᠭᠤ ᠶᠢᠨ ᠫᠧᠩ ᠰᠠᠷᠠᠪᠴᠢ ᠶᠢ ᠰᠢᠨ᠎ᠡ ᠪᠠᠷ | ᠪᠠᠶᠢᠭᠤᠯᠵᠣ᠂ 10 ᠰᠠᠣᠷᠢ ᠡᠪᠡᠰᠦ ᠨᠦᠬᠡᠴᠡᠯᠡᠬᠦ ᠬᠦᠮᠦᠷᠭᠡ ᠶᠢ ᠰᠢᠨ᠎ᠡ ᠪᠠᠷ ᠪᠠᠶᠢᠭᠤᠯᠵᠣ᠂ ᠮᠠᠯ ᠠᠵᠣ ᠠᠬᠤᠢ ᠶᠢᠨ ᠰᠠᠭᠤᠷᠢ ᠲᠦᠭᠦᠭᠡᠷᠦᠮᠵᠢ ᠠᠯᠬᠤᠮ ᠴᠢᠨᠠᠭᠰᠢᠲᠠ | ᠴᠢᠩᠭᠠᠳᠬᠠᠬᠳᠠᠪᠠ᠃ ᠶᠡᠬᠡᠲᠠᠯ᠎ᠠ᠂ ᠯᠢᠣᠢ ᠰᠢᠶᠠᠩ᠂ ᠬᠤᠸᠠ ᠾᠧ ᠵᠡᠷᠭᠡ ᠨᠢᠭᠡ ᠪᠦᠯᠦᠭ ᠮᠠᠯ ᠠᠵᠣ ᠠᠬᠤᠢ ᠶᠢᠨ ᠳᠠᠭᠠᠭᠤᠯᠣᠭᠴᠢ ᠠᠵᠣ ᠠᠬᠤᠶᠢᠯᠠᠯ ᠲᠠᠰᠣᠷᠠᠯᠲᠠ | ᠦᠭᠡᠢ ᠬᠦᠭᠵᠢᠨ ᠪᠣᠵᠠᠭᠠᠶᠢᠷᠠᠵᠣ᠂ ᠰᠠᠨ ᠾᠧ ᠠᠳᠣᠭᠤᠨ ᠤ ᠡᠭᠦᠯᠳᠡᠷ ᠢ ᠰᠠᠶᠢᠵᠢᠷᠠᠭᠤᠯᠬᠤ ᠠᠵᠢᠯ ᠨᠢ ᠠᠮᠵᠢᠯᠲᠠ ᠪᠠᠷ ᠳᠣᠪᠣᠶᠢᠮ᠎ᠠ ᠪᠠᠶᠢᠵᠣ᠂ ᠮᠠᠯ ᠤᠨ ᠠᠰᠢᠭ | ᠰᠢᠮ᠎ᠡ ᠶᠢᠨ ᠮᠦᠷᠳᠡᠬᠦ ᠰᠢᠰᠲ᠋ᠧᠮ ᠲᠠᠰᠣᠷᠠᠯᠲᠠ ᠦᠭᠡᠢ ᠳᠡᠭᠦᠯᠳᠡᠷᠵᠢᠨ᠂ ︽ᠢᠨᠲ᠋ᠧᠷ ᠰᠦᠯᠵᠢᠶ᠎ᠡ +︾ ᠪᠣᠷᠣᠯᠠᠭᠤᠯᠬᠤ ᠬᠡᠪ ᠵᠠᠬᠪᠣᠷ ᠤᠨ ᠬᠦᠭᠵᠢᠯᠲᠡ ᠦᠳᠲᠦᠷ | ᠲᠦᠷᠭᠡᠨ ᠪᠣᠯᠪᠠ᠃ ᠠᠵᠣ ᠦᠢᠯᠡᠳᠪᠦᠷᠢ ᠶᠢᠨ ᠠᠵᠣ ᠠᠬᠤᠢ ᠲᠡᠩᠴᠡᠭᠦᠷᠢᠲᠡᠢ ᠭᠦᠭᠵᠢᠵᠦ᠂ ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ | ᠶᠢᠨ ᠶᠡᠷᠥᠩᠬᠡᠢ ᠦᠢᠯᠡᠳᠪᠦᠷᠢᠯᠡᠯ ᠤᠨ ᠦᠷᠲᠡᠭ ᠢ 79.89 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠣᠴᠠ 7.2% | ᠪᠣᠯᠪᠠ᠃ ᠪᠦᠬᠦ ᠵᠢᠯ ᠳᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ 813 ᠲᠦᠮᠡᠨ ᠳᠣᠨ ᠪᠠᠭᠠᠰᠬᠠᠵᠣ᠂ 20.8% ᠪᠠᠷ ᠪᠠᠭᠤᠷᠠᠭᠤᠯᠪᠠ᠃ ᠠᠵᠣ | ᠦᠢᠯᠡᠳᠪᠦᠷᠢ ᠶᠢᠨ ᠠᠵᠣ ᠠᠬᠤᠢ ᠶᠢᠨ ᠠᠵᠢᠯᠯᠠᠭᠠᠨ ᠤ ᠲᠣᠬᠢᠷᠠᠭᠤᠯᠣᠯᠲᠠ ᠶᠢ ᠲᠠᠰᠣᠷᠠᠯᠲᠠ ᠦᠭᠡᠢ ᠴᠢᠩᠭᠠᠳᠬᠠᠵᠣ᠂ ᠬᠡᠪᠴᠢᠶᠡᠵᠢᠯ ᠠᠴᠠ ᠳᠡᠭᠡᠭᠰᠢᠬᠢ ᠠᠵᠣ | ᠦᠢᠯᠡᠳᠪᠦᠷᠢ ᠶᠢᠨ ᠠᠵᠣ ᠠᠬᠤᠶᠢᠯᠠᠯ ᠤᠨ ᠪᠣᠷᠣᠯᠠᠭᠤᠯᠣᠯᠲᠠ ᠶᠢᠨ ᠨᠣᠷᠮ᠎ᠠ 98.3% ᠳᠤ ᠬᠦᠷᠪᠡ︔ ᠢᠮᠢᠨ ᠤ ᠵᠠᠳᠠᠭᠠᠢ ᠨᠡᠭᠦᠷᠡᠰᠦᠨ ᠠᠭᠤᠷᠬᠠᠢ ᠶᠢᠨ | ᠨᠡᠭᠦᠷᠡᠰᠦᠨ ᠭᠠᠳᠠᠷᠭᠤ ᠶᠢᠨ ᠰᠢᠷᠣᠢ ᠶᠢ ᠰᠠᠯᠭᠠᠬᠤ ᠮᠡᠷᠭᠡᠵᠢᠯ ᠢ ᠦᠭᠡᠷᠡᠴᠢᠯᠡᠬᠦ᠂ ᠪᠠᠷᠠᠭᠤᠨ ᠲᠠᠯ᠎ᠠ ᠶᠢᠨ ᠰᠢᠷᠣᠢ ᠬᠠᠶᠠᠭᠰᠠᠨ ᠭᠠᠵᠠᠷ ᠲᠤ 2 ᠲᠦᠮᠡᠨ ᠺᠢᠯᠣᠸᠠᠲ | ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ ᠲᠦᠷᠦᠯ ᠵᠦᠢᠯ ᠢ ᠬᠡᠷᠡᠭᠵᠢᠭᠦᠯᠦᠨ᠎ᠡ᠃ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠦᠷᠨᠢᠩᠭᠦᠢ ᠬᠦᠭᠵᠢᠪᠡ᠂ ᠬᠤᠢ ᠭᠤᠣᠯ ᠤᠨ ᠦᠨᠳᠦᠰᠦᠲᠡᠨ ᠤ ᠵᠠᠩ ᠦᠢᠯᠡ ᠶᠢᠨ ᠰᠣᠶᠣᠯ ᠵᠣᠭᠠᠴᠠᠯ ᠤᠨ ᠪᠦᠰᠡ ᠪᠠ ᠵᠠᠭᠤᠨ | ᠺᠢᠯᠣᠮᠧᠲᠷ ᠤᠨ ᠵᠣᠭᠠᠴᠠᠯ ᠤᠨ ᠦᠵᠡᠮᠵᠢ ᠶᠢᠨ ᠪᠦᠰᠡ ᠶᠢ ᠬᠦᠴᠦᠨ ᠢᠶᠠᠨ ᠲᠦᠪᠯᠡᠷᠡᠭᠦᠯᠦᠨ ᠪᠠᠶᠢᠭᠤᠯᠵᠣ᠂ ᠵᠠᠭᠤᠨ ᠡᠷᠦᠬᠡ ᠶᠢᠨ ᠮᠢᠩᠭᠠᠨ ᠲᠦᠮᠡᠨ ᠲᠦᠭᠦᠷᠢᠭ ᠤᠨ | ᠵᠣᠭᠠᠴᠠᠯ ᠤᠨ ᠣᠷᠣᠯᠭ᠎ᠠ ᠪᠠᠷ ᠠᠷᠠᠳ ᠢ ᠪᠠᠶᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠳᠦᠷᠪᠡᠨ ᠣᠯᠠᠷᠢᠯ ᠤᠨ ᠵᠣᠭᠠᠴᠠᠯ ᠢ ᠡᠭᠦᠳᠴᠦ᠂ ᠪᠦᠬᠦ ᠵᠢᠯ ᠳᠤ | ᠵᠣᠭᠠᠴᠠᠭᠰᠠᠳ ᠢ 60 ᠲᠦᠮᠡᠨ ᠬᠦᠮᠦᠨ ᠣᠳᠠᠭ᠎ᠠ ᠬᠦᠯᠢᠶᠡᠨ ᠠᠪᠴᠣ ᠵᠣᠴᠢᠯᠠᠨ᠂ ᠵᠣᠭᠠᠴᠠᠯ ᠤᠨ ᠶᠡᠷᠦᠩᠬᠡᠢ ᠣᠷᠣᠯᠭ᠎ᠠ ᠨᠢ 6 ᠳ᠋ᠥᠩᠰᠢᠭᠤᠷ ᠲᠦᠭᠦᠷᠢᠭ ᠪᠣᠯᠪᠠ︔ | ᠪᠠᠶᠠᠨᠳᠣᠬᠤᠢ ᠠᠵᠣ ᠠᠬᠤᠢ ᠮᠡᠷᠭᠡᠵᠢᠯ ᠤᠨ ᠨᠡᠬᠡᠬᠡᠯᠲᠡ ᠶᠢᠨ ᠣᠷᠣᠨ ᠳᠤ ᠣᠷᠣᠵᠣ ᠰᠠᠭᠤᠭᠰᠠᠨ ᠠᠵᠣ ᠠᠬᠤᠶᠢᠯᠠᠯ 75 ᠪᠣᠯᠵᠣ᠂ ᠪᠦᠬᠦ ᠵᠢᠯ ᠳᠤ ᠶᠡᠷᠥᠩᠬᠡᠢ | ᠦᠢᠯᠡᠳᠪᠦᠷᠢᠯᠡᠯ ᠤᠨ ᠦᠷᠲᠡᠭ ᠢ 16.85 ᠳ᠋ᠥᠩᠰᠢᠭᠤᠷ ᠲᠦᠭᠦᠷᠢᠭ ᠪᠡᠶᠡᠯᠡᠭᠦᠯᠪᠡ︔ ᠮᠦᠩᠭᠦᠨ ᠬᠦᠢᠯᠭᠡᠭᠡᠨ ᠳᠠᠭᠠᠳᠬᠠᠯ᠂ ᠰᠢᠣᠳᠠᠨ ᠴᠢᠮᠡᠭᠡ ᠬᠤᠯᠪᠣᠭ᠎ᠠ᠂ ᠵᠠᠮ | ᠬᠠᠷᠢᠯᠴᠠᠭ᠎ᠠ ᠲᠡᠭᠡᠭᠡᠪᠦᠷᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠵᠡᠷᠭᠡ ᠠᠵᠢᠯ ᠲᠦᠷᠦᠯ ᠦᠷᠭᠦᠯᠵᠢᠯᠡᠨ ᠡᠷᠡᠭᠦᠯ ᠢᠶᠠᠷ ᠬᠦᠭᠵᠢᠪᠡ᠃ | ︵ ᠭᠤᠷᠪᠠ︶ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠵᠣᠬᠢᠴᠠᠯᠳᠣᠨ ᠬᠦᠭᠵᠢᠪᠡ᠃ ᠭᠤᠶᠣᠳᠠ ᠰᠠᠶᠢᠬᠠᠨ ᠬᠦᠳᠡᠭᠡ ᠲᠣᠰᠬᠤᠨ ᠤ ᠪᠦᠲᠦᠭᠡᠨ | ᠪᠠᠶᠢᠭᠤᠯᠣᠯᠲᠠ ᠶᠢ ᠬᠦᠨᠵᠡᠭᠡᠢ ᠠᠬᠢᠭᠤᠯᠵᠣ᠂ ᠨᠡᠶᠢᠳᠡ 10 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ ᠣᠰᠣ᠂ ᠴᠠᠬᠢᠯᠭᠠᠨ᠂ ᠵᠠᠮ᠂ ᠬᠡᠷ ᠪᠠᠶᠢᠰᠢᠩ ᠵᠡᠷᠭᠡ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠵᠣ᠂ ᠴᠡᠪᠡᠷᠰᠢᠭᠦᠯᠬᠦ᠂ ᠨᠣᠭᠤᠭᠠᠷᠠᠭᠤᠯᠬᠤ ᠵᠡᠷᠭᠡ ᠠᠵᠢᠯ ᠢ ᠬᠦᠴᠦᠨ | ᠢᠶᠠᠨ ᠲᠦᠪᠯᠡᠷᠡᠭᠦᠯᠦᠨ ᠦᠷᠨᠢᠭᠦᠯᠦᠭᠰᠡᠨ ᠠᠴᠠ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠶᠡᠬᠡᠪᠡᠷ ᠰᠠᠶᠢᠵᠢᠷᠠᠵᠣ᠂ ᠨᠡᠶᠢᠬᠡᠮ ᠤᠨ ᠪᠠᠲᠣᠯᠠᠪᠣᠷᠢ ᠶᠢᠨ | ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠠᠮᠣᠷᠠᠭᠤᠯᠪᠠ᠃ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠶᠡᠬᠡᠪᠡᠷ ᠲᠡᠭᠦᠯᠳᠡᠷᠵᠢᠬᠦᠯᠵᠦ᠂ | ᠬᠤᠲᠠ ᠪᠠᠯᠭᠠᠰᠣ ᠶᠢᠨ ᠵᠠᠮ ᠢ ᠦᠷᠭᠡᠳᠬᠡᠬᠦ᠂ ᠨᠣᠭᠤᠭᠠᠷᠠᠭᠤᠯᠬᠤ᠂ ᠬᠠᠭᠤᠴᠢᠷᠠᠭᠰᠠᠨ ᠬᠤᠭᠤᠯᠠᠢ ᠲᠣᠣᠷ ᠢ ᠦᠭᠡᠷᠡᠴᠢᠯᠡᠨ ᠰᠢᠨᠡᠳᠬᠡᠬᠦ ᠵᠡᠷᠭᠡ ᠬᠤᠲᠠ ᠶᠢᠨ ᠶᠠᠪᠣᠳᠠᠯ | ᠤᠨ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠦᠪᠡᠷᠲᠡᠭᠡᠨ ᠵᠠᠰᠠᠬᠤ ᠣᠷᠣᠨ ᠤ ᠦᠨᠳᠦᠰᠦᠲᠠᠨ ᠤ ᠪᠡᠶ᠎ᠡ ᠲᠠᠮᠢᠷ ᠤᠨ ᠴᠣᠭᠯᠠᠭᠠᠨ ᠤ ᠲᠠᠯᠠᠪᠣᠷ ᠣᠷᠳᠣᠨ | ᠢ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠢᠶᠠᠷ ᠶᠠᠪᠣᠭᠳᠠᠵᠣ᠂ ᠬᠦᠯᠦᠨ ᠪᠣᠶᠢᠷ ᠬᠤᠲᠠ ᠶᠢᠨ ᠰᠢᠨ᠎ᠡ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ | ᠦᠷᠲᠡᠭᠡ ᠶᠢ ᠪᠦᠲᠦᠭᠡᠨ ᠪᠠᠶᠢᠭᠤᠯᠬᠤ ᠲᠦᠷᠦᠯ ᠵᠦᠢᠯ ᠢ ᠪᠡᠶᠡᠯᠡᠭᠦᠯᠪᠡ᠃ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ 34 ᠺᠢᠯᠣᠮᠧᠲᠷ | ᠣᠷᠳᠣ ᠵᠡᠭᠡᠯᠢ ᠭᠤᠳᠣᠮᠵᠢ ᠶᠢ ᠬᠠᠳᠠᠭᠤᠷᠠᠭᠤᠯᠬᠤ ᠠᠵᠢᠯ ᠢ ᠪᠡᠶᠡᠯᠡᠭᠦᠯᠵᠦ᠂ 7 ᠵᠣᠷᠪᠣᠰ ᠲᠣᠰᠬᠤᠨ ᠳᠤ ᠨᠡᠪᠲᠡᠷᠡᠬᠦ ᠵᠠᠮ ᠢ ᠪᠦᠲᠦᠭᠡᠨ ᠪᠠᠶᠢᠭᠤᠯᠬᠤ ᠲᠦᠷᠦᠯ ᠵᠦᠢᠯ | ᠢ ᠬᠡᠷᠡᠭᠵᠢᠬᠦᠯᠵᠦ᠂ ᠵᠠᠰᠠᠭᠰᠠᠨ ᠵᠠᠮ ᠤᠨ ᠶᠡᠷᠥᠩᠬᠡᠢ ᠣᠷᠳᠣ ᠨᠢ 114 ᠺᠢᠯᠣᠮᠧᠲᠷ ᠪᠣᠯᠪᠠ᠃ ᠠᠷᠠᠳ ᠤᠨ ᠠᠮᠣᠭᠤᠯᠠᠩ ᠣᠷᠣᠨ ᠰᠠᠭᠤᠴᠠ ᠶᠢᠨ ᠢᠨᠵᠧᠨᠧᠷᠢᠩ ᠢ | ᠯᠠᠪᠳᠠᠭᠤᠨ ᠪᠦᠭᠡᠳ ᠡᠮᠬᠢ ᠴᠡᠭᠴᠡ ᠲᠠᠢ ᠬᠡᠷᠡᠭᠵᠢᠭᠦᠯᠵᠦ᠂ 959 ᠡᠷᠦᠬᠡ ᠶᠢᠨ ᠨᠣᠷᠠᠬᠤ ᠠᠶᠣᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠬᠡᠵᠦ᠂ 1002 | ᠡᠷᠦᠬᠡ ᠮᠠᠯᠵᠢᠬᠤ ᠣᠷᠣᠨ ᠤ ᠡᠪᠳᠡᠷᠬᠡᠢ ᠬᠠᠭᠤᠴᠢᠨ ᠬᠡᠷ ᠪᠠᠶᠢᠰᠢᠩ ᠢ ᠦᠭᠡᠷᠡᠴᠢᠯᠡᠨ ᠰᠢᠨᠡᠳᠬᠡᠵᠦ᠂ ᠣᠷᠣᠰᠢᠨ ᠰᠠᠭᠤᠷᠢᠰᠢᠵᠣ ᠪᠣᠯᠬᠤ 9500 ᠲᠡᠭᠰᠢ | ᠳᠦᠷᠪᠡᠯᠵᠢᠨ ᠮᠧᠲᠷ ᠲᠠᠯᠠᠪᠠᠢ ᠪᠦᠬᠦᠢ ᠣᠷᠣᠨ ᠰᠠᠭᠤᠴᠠ ᠶᠢᠨ ᠪᠠᠷᠢᠯᠭ᠎ᠠ ᠶᠢ ᠡᠨᠧᠷᠬᠢ ᠠᠷᠪᠢᠯᠠᠬᠤ ᠪᠠᠷ ᠦᠭᠡᠷᠡᠴᠢᠯᠡᠨ ᠰᠢᠨᠡᠳᠬᠡᠵᠦ ᠳᠠᠭᠤᠰᠪᠠ᠃ | ︵ᠳᠦᠷᠪᠡ︶ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃ ᠪᠣᠬᠢᠷᠳᠣᠯ ᠡᠳ᠋ ᠢ ᠭᠠᠳᠠᠭᠰᠢᠯᠠᠭᠤᠯᠬᠤ ᠡᠭᠦᠷᠭᠡ | ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠳ᠋ᠠᠶᠠᠨ ᠤ ᠨᠡᠭᠦᠷᠡᠰᠦᠨ ᠦᠢᠯᠡᠰ ᠤᠨ ᠪᠦᠯᠦᠭᠯᠡᠯ ᠤᠨ ᠺᠣᠮᠫᠠᠨᠢ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ | ᠨᠡᠭᠦᠷᠡᠰᠦ ᠰᠢᠳᠡᠭᠠᠬᠤ ᠬᠦᠸᠧᠯᠦ ᠶᠢ ᠶᠡᠷᠥᠩᠬᠡᠶᠢᠯᠡᠨ ᠵᠠᠰᠠᠬᠤ ᠲᠦᠷᠦᠯ ᠵᠦᠢᠯ᠂ ᠶᠠᠨ ᠨᠠᠨ ᠨᠡᠭᠦᠷᠡᠰᠦᠨ ᠠᠭᠤᠷᠬᠠᠢ ᠶᠢᠨ ᠪᠣᠬᠢᠷ ᠣᠰᠣ ᠰᠢᠢᠳᠪᠦᠷᠢᠯᠡᠬᠦ ᠪᠡᠯᠡᠳᠬᠡᠮᠵᠢ | ᠶᠢ ᠦᠭᠡᠷᠡᠴᠢᠯᠡᠨ ᠦᠷᠭᠡᠳᠬᠡᠨ ᠪᠠᠶᠢᠭᠤᠯᠬᠤ ᠢᠨᠵᠧᠨᠧᠷᠢᠩ᠂ ᠡᠸ᠋ᠨᠩᠬᠢ ᠶᠢᠨ ᠢᠯᠴᠢ ᠶᠢᠨ ᠬᠦᠴᠦᠨ ᠤ ᠬᠤᠪᠢᠶᠠᠷᠢ ᠺᠣᠮᠫᠠᠨᠢ ᠶᠢᠨ ᠱᠠᠣ ᠦᠭᠡᠶᠢᠳᠡᠭᠦᠯᠬᠦ ᠬᠦᠬᠦᠷ | ᠦᠭᠡᠶᠢᠳᠡᠭᠦᠯᠬᠦ ᠪᠠᠷ ᠦᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠪᠡᠶᠡᠯᠡᠭᠦᠯᠪᠡ᠃ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠣᠯᠢ ᠬᠡᠷᠡᠭᠵᠢᠭᠦᠯᠦᠯᠲᠡ ᠶᠢᠨ | ᠠᠵᠢᠯ ᠢ ᠴᠢᠩᠭᠠᠷᠠᠭᠤᠯᠵᠣ᠂ ᠠᠵᠣ ᠠᠬᠤᠶᠢᠯᠠᠯ ᠳᠠᠬᠢ ᠬᠠᠣᠯᠢ ᠬᠡᠷᠡᠭᠵᠢᠭᠦᠯᠦᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠪᠠ᠃ ᠣᠢ ᠰᠢᠭᠤᠢ ᠨᠣᠲᠤᠭ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠪᠦᠬᠦ ᠵᠢᠯ ᠳᠤ ᠭᠤᠣᠯᠳᠠᠯᠭ᠎ᠠ ᠲᠠᠢ ᠣᠷᠣᠨ ᠪᠦᠰᠡ ᠶᠢ 1 ᠲᠦᠮᠡᠨ ᠮᠣ᠋ | ᠨᠣᠭᠤᠭᠠᠷᠠᠭᠤᠯᠬᠤ᠂ 3.4 ᠲᠦᠮᠡᠨ ᠮᠣ᠋ ᠭᠠᠵᠠᠷ ᠢ ᠬᠦᠮᠦᠨ ᠤ ᠬᠦᠴᠦ ᠪᠠᠷ ᠣᠶᠢᠵᠢᠭᠤᠯᠬᠤ᠂ 44 ᠲᠦᠮᠡᠨ ᠮᠣ᠋ ᠨᠣᠲᠤᠭ ᠪᠡᠯᠴᠢᠭᠡᠷ ᠢ ᠪᠦᠲᠦᠭᠡᠨ ᠪᠠᠶᠢᠭᠤᠯᠬᠤ ᠶᠢ | ᠪᠡᠶᠡᠯᠡᠭᠦᠯᠪᠡ᠃ ᠲᠦᠪ ᠤᠨ ᠣᠷᠴᠢᠨ ᠲᠣᠭᠤᠷᠢᠨ ᠢ ᠬᠠᠮᠠᠭᠠᠯᠠᠬᠤ ᠳᠤ ᠬᠢᠨᠠᠨ ᠪᠠᠶᠢᠴᠠᠭᠠᠯᠲᠠ ᠬᠢᠭᠰᠡᠨ ᠪᠠ ᠣᠳᠣᠷᠢᠳᠬᠤ ᠺᠠᠳ᠋ᠷᠴᠣᠳ ᠤᠨ ᠲᠣᠰᠢᠶᠠᠯ ᠠᠴᠠ ᠪᠠᠨ | ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠲᠤ ᠬᠢᠨᠠᠨ ᠪᠣᠳᠣᠯᠲᠠ ᠬᠢᠬᠡᠳ ᠬᠠᠷᠢᠭᠤ ᠳᠣᠰᠬᠠᠬᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠨᠢᠮᠪᠠᠢ | ᠦᠷᠨᠢᠭᠦᠯᠪᠡ᠃ ︽ᠣᠯᠣᠰ ᠤᠨ ᠳᠡᠰ ᠤᠨ ᠠᠮᠢ ᠠᠬᠤᠢ ᠶᠢᠨ ᠬᠤᠰᠢᠭᠤ︾ ᠪᠠᠷ ᠨᠡᠷᠡᠶᠢᠳᠦᠭᠳᠡᠵᠦ᠂ ᠬᠠᠮᠤᠭ ᠲᠦᠷᠦᠬᠦᠨ ᠳᠤ ᠡᠶᠢᠮᠦᠷᠬᠦ ᠨᠡᠷᠡᠶᠢᠳᠦᠯ ᠣᠯᠣᠭᠰᠠᠨ | ᠴᠦᠬᠡᠨ ᠲᠣᠭᠠᠲᠣ ᠦᠨᠳᠦᠰᠦᠲᠡᠨ ᠤ ᠬᠤᠰᠢᠭᠤ ᠰᠢᠶᠠᠨ ᠪᠣᠯᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠣᠯᠲᠠ | ᠶᠢᠨ ᠠᠵᠢᠯ ᠢ ᠨᠢᠮᠪᠠᠢ ᠰᠠᠶᠢᠳᠣᠷ ᠬᠢᠵᠦ᠂ 3474 ᠲᠦᠮᠡᠨ ᠲᠦᠭᠦᠷᠢᠭ ᠪᠡᠯᠡ ᠣᠷᠣᠭᠤᠯᠵᠣ᠂ ᠬᠤᠢ ᠭᠤᠣᠯ ᠤᠨ ᠣᠯᠣᠰ ᠤᠨ ᠳᠡᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠪᠠ ᠣᠭᠤᠨᠣ ᠶᠢᠨ ᠭᠤᠣᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠣᠭᠤ ᠭᠠᠵᠠᠷ ᠢ ᠬᠠᠮᠠᠭᠠᠯᠠᠬᠤ ᠪᠠ ᠰᠡᠷᠭᠦᠭᠡᠬᠦ ᠲᠦᠷᠦᠯ | ᠵᠦᠢᠯ ᠢ ᠬᠡᠷᠡᠭᠵᠢᠭᠦᠯᠪᠡ᠃ | ︵ᠲᠠᠪᠤ︶ ᠦᠭᠡᠷᠡᠴᠢᠯᠡᠯᠲᠡ ᠨᠡᠭᠡᠭᠡᠯᠲᠡ ᠰᠢᠪᠲᠣᠯᠣᠯᠲᠠ ᠲᠠᠢ ᠪᠣᠯᠪᠠ᠃ ᠡᠳ᠋ ᠤᠨ ᠵᠠᠰᠠᠭ ᠤᠨ ᠭᠠᠶᠢᠯᠢ ᠶᠢᠨ ᠦᠭᠡᠷᠡᠴᠢᠯᠡᠯᠲᠡ ᠦᠷᠭᠦᠯᠵᠢᠯᠡᠨ ᠬᠦᠨᠵᠡᠭᠡᠶᠢᠷᠡᠵᠦ | ᠂ ᠡᠵᠡᠩᠨᠡᠯᠲᠡ ᠶᠢᠨ ᠭᠠᠶᠢᠯᠢ ᠲᠠᠲᠠᠪᠣᠷᠢᠯᠠᠵᠣ ᠪᠠᠶᠢᠭᠰᠠᠨ ᠢ ᠦᠷᠳᠡᠭ ᠨᠡᠮᠡᠭᠳᠡᠯ ᠤᠨ ᠭᠠᠶᠢᠯᠢ ᠲᠠᠲᠠᠪᠣᠷᠢᠯᠠᠬᠤ ᠪᠣᠯᠭᠠᠨ ᠦᠭᠡᠷᠡᠴᠢᠯᠡᠬᠦ ᠲᠣᠷᠰᠢᠯᠲᠠ ᠶᠢᠨ ᠠᠵᠢᠯ ᠢ | ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠵᠠᠰᠠᠭ ᠤᠨ ᠣᠷᠳᠣᠨ ᠤ ᠦᠷᠢ ᠰᠢᠷᠢ᠂ ᠲᠦᠰᠦᠪ ᠪᠠ ᠲᠦᠰᠦᠪ ᠤᠨ ᠬᠦᠢᠴᠡᠳᠬᠡᠯ ᠢ ᠢᠯᠡ ᠪᠠᠶᠢᠯᠭᠠᠬᠤ ᠪᠠᠶᠢᠩᠭᠤ ᠶᠢᠨ | ᠲᠣᠭᠲᠠᠴᠠ ᠳᠠᠰᠣᠷᠠᠯᠲᠠ ᠦᠭᠡᠢ ᠲᠡᠭᠦᠯᠳᠡᠷᠵᠢᠪᠡ᠃ ︽ᠡᠸ᠋ᠨᠩᠬᠢ ᠬᠤᠰᠢᠭᠤᠨ ᠤ ᠠᠵᠣ ᠦᠢᠯᠡᠰ ᠢ ᠬᠦᠭᠵᠢᠬᠦᠯᠬᠦ ᠰᠠᠭᠤᠷᠢ ᠮᠦᠩᠬᠦ︾ ᠶᠢ ᠪᠠᠶᠢᠭᠤᠯᠵᠣ᠂ ᠪᠣᠳᠠᠳᠣ | ᠴᠣᠭᠴᠠ ᠶᠢᠨ ᠠᠵᠣ ᠠᠬᠤᠢ ᠶᠢᠨ ᠪᠡᠯᠡ ᠲᠣᠬᠢᠷᠠᠭᠤᠯᠭ᠎ᠠ ᠬᠢᠬᠦ ᠠᠷᠭ᠎ᠠ ᠵᠠᠮ ᠠᠯᠬᠤᠮ ᠴᠢᠨᠠᠭᠰᠢᠲᠠ ᠦᠷᠭᠡᠵᠢᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ | ᠶᠢᠨ ᠬᠡᠷᠡᠭ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠣ᠂ ᠬᠤᠳᠠᠯᠳᠣᠭᠠᠨ ᠤ ᠶᠠᠪᠣᠳᠠᠯ ᠤᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ︽ | ᠲᠠᠪᠣᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ | ︽ᠬᠤᠶᠠᠷ ᠢ ᠳᠣᠬᠢᠶᠠᠯᠳᠣᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠂ ᠦᠯᠦ ᠬᠦᠳᠡᠯᠬᠦ ᠬᠦᠷᠦᠩᠭᠡ ᠶᠢ ᠳᠠᠩᠰᠠᠯᠠᠬᠤ᠂ ᠠᠯᠪᠠᠨ ᠤ ᠲᠡᠷᠭᠡ ᠶᠢᠨ ᠦᠭᠡᠷᠡᠴᠢᠯᠡᠯᠲᠡ | ᠵᠡᠷᠭᠡ ᠠᠵᠢᠯ ᠴᠢᠬᠤᠯᠠ ᠠᠬᠢᠴᠠ ᠲᠠᠢ ᠪᠣᠯᠪᠠ᠃ ᠬᠠᠶᠢᠯᠠᠷ᠂ ᠰᠢᠨ᠎ᠡ ᠲᠣᠭᠤᠷᠢᠭ᠂ ᠪᠠᠶᠠᠨᠳᠣᠬᠤᠢ ᠪᠠᠯᠭᠠᠰᠣ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠢᠭᠡ | ᠴᠣᠭᠴᠠᠵᠢᠭᠤᠯᠬᠤ ᠦᠭᠡᠷᠡᠴᠢᠯᠡᠯᠲᠡ ᠶᠢᠨ ᠠᠵᠢᠯ ᠢ ᠬᠦᠨᠵᠡᠭᠡᠢ ᠠᠬᠢᠭᠤᠯᠵᠣ᠂ ᠠᠷᠠᠳ ᠣᠯᠠᠨ ᠤ ᠭᠠᠷᠴᠣ ᠶᠠᠪᠣᠬᠤ ᠳᠤ ᠳᠦᠬᠦᠮ ᠦᠭᠡᠢ ᠠᠰᠠᠭᠤᠳᠠᠯ ᠪᠦᠲᠦᠮᠵᠢᠲᠡᠢ | ᠰᠢᠢᠳᠪᠦᠷᠢᠯᠡᠭᠳᠡᠪᠡ᠃ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠣ᠂ ᠣᠷᠢᠳ ᠬᠤᠵᠢᠳ ᠵᠦᠩ ᠮᠢᠨ ᠰᠢᠨ᠎ᠡ ᠡᠨᠧᠷᠬᠢ᠂ | ᠪᠡᠭᠡᠵᠢᠩ ᠤᠨ ᠴᠠᠩ ᠴᠢᠶᠠᠨ ᠸᠠᠨ ᠯᠢ᠂ ᠱᠠᠩᠬᠠᠢ ᠶᠢᠨ ᠭᠤᠸᠠᠩᠮᠢᠩ᠂ ᠯᠢᠶᠣᠣᠨᠢᠩ ᠮᠣᠵᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ᠂ ᠰᠢᠣᠢ ᠵᠸᠣ ᠶᠢᠨ | ᠲᠢᠶᠠᠨ ᡁᠢ ᠶᠣᠸᠠᠨ ᠵᠡᠷᠭᠡ ᠠᠵᠣ ᠠᠬᠤᠶᠢᠯᠠᠯ ᠯᠤᠭ᠎ᠠ ᠬᠤᠷᠰᠢᠯᠴᠠᠬᠤ ᠰᠠᠨᠠᠮᠵᠢ ᠲᠣᠭᠲᠠᠵᠣ᠂ ᠪᠦᠬᠦ ᠵᠢᠯ ᠳᠤ ᠠᠷᠠᠯᠵᠢᠶᠠᠴᠢᠨ ᠣᠷᠢᠬᠤ ᠲᠦᠷᠦᠯ ᠵᠦᠢᠯ ᠤᠨ ᠪᠡᠯᠡ | ᠮᠦᠩᠬᠦ ᠶᠢᠨ 39.8 ᠳ᠋ᠥᠩᠰᠢᠭᠤᠷ ᠲᠦᠭᠦᠷᠢᠭ ᠨᠢ ᠣᠷᠣᠨ ᠪᠠᠶᠢᠷᠢᠨ ᠳᠠᠭᠠᠨ ᠬᠦᠷᠴᠦ᠂ ᠴᠢᠯᠦᠭᠡᠲᠡᠢ ᠶᠠᠪᠣᠯᠴᠠᠬᠤ ᠰᠢᠨ᠎ᠡ ᠬᠦᠳᠡᠯᠭᠡᠬᠦ ᠴᠢᠳᠠᠪᠣᠷᠢ ᠲᠠᠰᠣᠷᠠᠯᠲᠠ | ᠦᠭᠡᠢ ᠬᠤᠷᠠᠮᠳᠣᠪᠠ᠃ | ︵ᠵᠢᠷᠭᠤᠭ᠎ᠠ︶ ᠠᠷᠠᠳ ᠤᠨ ᠠᠮᠢᠳᠣᠷᠠᠯ ᠤᠨ ᠪᠣᠶᠠᠨ ᠬᠡᠰᠢᠭ ᠶᠡᠬᠡᠪᠡᠷ ᠨᠡᠮᠡᠭᠳᠡᠪᠡ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠣᠯᠭ᠎ᠠ ᠶᠢ ᠠᠷᠠᠳ ᠤᠨ | ᠠᠮᠢᠳᠣᠷᠠᠯ ᠤᠨ ᠬᠦᠷᠢᠶ᠎ᠡ ᠬᠡᠪᠴᠢᠶ᠎ᠡ ᠲᠡᠰᠢ ᠦᠷᠭᠦᠯᠵᠢᠯᠡᠨ ᠬᠡᠯᠪᠡᠶᠢᠯᠭᠡᠵᠦ᠂ ᠵᠠᠷᠣᠴᠠᠭᠤᠯᠣᠭᠰᠠᠨ ᠪᠡᠯᠡ ᠮᠦᠩᠬᠦ ᠨᠢ 19 ᠳ᠋ᠥᠩᠰᠢᠭᠤᠷ ᠲᠦᠭᠦᠷᠢᠭ ᠲᠤ ᠬᠦᠷᠴᠦ᠂ | ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠣᠯᠭ᠎ᠠ ᠶᠢᠨ ᠬᠤᠪᠢ ᠶᠢᠨ ᠵᠢᠩ ᠤᠨ 88% ᠢ ᠡᠵᠡᠯᠡᠪᠡ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ | ᠰᠢᠪᠲᠣᠯᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠣ᠂ ᠠᠵᠣ ᠦᠢᠯᠡᠰ ᠢᠶᠠᠷ ᠶᠠᠳᠠᠭᠤ ᠶᠢ ᠲᠡᠳᠬᠦᠬᠦ᠂ ᠭᠠᠵᠠᠷ ᠰᠣᠯᠢᠵᠣ ᠨᠡᠭᠦᠯᠭᠡᠨ ᠶᠠᠳᠠᠭᠤ ᠠᠴᠠ | ᠠᠩᠬᠢᠵᠢᠷᠠᠭᠤᠯᠬᠤ᠂ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠣᠯᠠᠪᠣᠷᠢ ᠪᠠᠷ ᠶᠠᠳᠠᠭᠤ ᠶᠢ ᠳᠡᠳᠬᠦᠬᠦ ᠵᠡᠷᠭᠡ ᠠᠷᠭ᠎ᠠ ᠬᠡᠮᠵᠢᠶ᠎ᠡ ᠶᠢ | ᠢᠳᠡᠪᠭᠢᠲᠡᠢ ᠨᠠᠶᠢᠳᠠᠪᠣᠷᠢᠵᠢᠭᠤᠯᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠦᠢᠯᠡᠳᠪᠦᠷᠢᠯᠡᠯ ᠠᠮᠢᠳᠣᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠪᠦᠬᠦ ᠵᠢᠯ ᠳᠤ ᠶᠠᠳᠠᠭᠤ ᠬᠦᠴᠢᠷᠳᠡᠯᠳᠡᠢ ᠬᠦᠮᠦᠨ ᠠᠮᠠ ᠶᠢ 64 ᠡᠷᠦᠬᠡ᠂ 104 ᠬᠦᠮᠦᠨ ᠪᠠᠭᠠᠰᠬᠠᠪᠠ᠃ ᠦᠢᠯᠡᠰ ᠪᠣᠰᠬᠠᠯᠲᠠ ᠠᠵᠢᠯ ᠣᠯᠭᠤᠯᠲᠠ ᠶᠢᠨ | ᠢᠨᠵᠧᠨᠧᠷᠢᠩ ᠢ ᠬᠦᠨᠵᠡᠭᠡᠢ ᠠᠬᠢᠭᠤᠯᠵᠣ᠂ ᠦᠨᠳᠦᠰᠦᠲᠡᠨ ᠤ ᠰᠣᠶᠣᠯ ᠤᠨ ᠠᠵᠣ ᠦᠢᠯᠡᠰ ᠤᠨ ᠦᠢᠯᠡᠰ ᠪᠣᠰᠬᠠᠯᠲᠠ ᠶᠢᠨ ᠬᠦᠷᠢᠶᠡᠯᠡᠩ ᠤᠨ ᠲᠦᠷᠦᠯ ᠵᠦᠢᠯ ᠢ | ᠬᠡᠷᠡᠭᠵᠢᠬᠦᠯᠵᠦ᠂ ᠦᠨᠳᠦᠰᠦᠲᠡᠨ ᠤ ᠰᠣᠶᠣᠯ ᠤᠨ ᠦᠢᠯᠡᠰ ᠪᠣᠰᠬᠠᠯᠲᠠ ᠶᠢᠨ ᠨᠡᠪᠴᠢᠭᠦᠯᠦᠦᠷ᠂ ᠵᠣᠭᠠᠴᠠᠯ ᠤᠨ ᠡᠳ᠋ ᠪᠠᠷᠠᠭᠠᠨ ᠤ ᠬᠤᠳᠠᠯᠳᠣᠨ ᠠᠪᠣᠯᠲᠠ᠂ ᠰᠣᠶᠣᠯ | ᠰᠣᠷᠭᠠᠨ ᠬᠦᠮᠦᠵᠢᠯ ᠵᠡᠷᠭᠡ ᠣᠯᠠᠨ ᠵᠦᠢᠯ ᠤᠨ ᠴᠢᠳᠠᠪᠬᠢ ᠶᠢ ᠨᠢᠭᠡ ᠴᠣᠭᠴᠠᠵᠢᠭᠤᠯᠣᠭᠰᠠᠨ ᠦᠢᠯᠡᠰ ᠪᠣᠰᠬᠠᠵᠣ ᠰᠢᠨ᠎ᠡ ᠶᠢ ᠡᠭᠦᠳᠬᠦ ᠠᠵᠣ ᠦᠢᠯᠡᠰ ᠤᠨ ᠲᠠᠪᠴᠠᠩ | ᠪᠠᠶᠢᠭᠤᠯᠵᠣ᠂ ︽ ᠦᠢᠯᠡᠰ ᠪᠣᠰᠬᠠᠯᠲᠠ ᠶᠢᠨ ᠦᠪᠦᠷ ᠮᠣᠩᠭᠤᠯ︾ ᠤᠨ ᠲᠣᠬᠠᠢ ᠶᠢᠨ ᠲᠠᠯᠠᠪᠣᠷ ᠤᠨ ᠬᠤᠷᠠᠯ ᠤᠨ ᠪᠡᠯᠡᠳᠬᠡᠯ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠪᠡ︔ ᠠᠵᠢᠯ ᠣᠯᠭᠤᠯᠲᠠ ᠳᠠᠬᠢᠨ ᠠᠵᠢᠯ ᠣᠯᠭᠤᠯᠲᠠ ᠶᠢᠨ ᠠᠵᠢᠯ ᠢ ᠬᠦᠨᠵᠡᠭᠡᠶᠢᠷᠡᠭᠦᠯᠵᠦ᠂ ᠬᠤᠲᠠ ᠪᠠᠯᠭᠠᠰᠣ ᠶᠢᠨ ᠠᠵᠢᠯ ᠣᠯᠣᠭᠰᠠᠳ 1640 | ᠬᠦᠮᠦᠨ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠣ ᠶᠢᠨ ᠳᠠᠩᠰᠠᠯᠠᠭᠤᠯᠣᠭᠰᠠᠨ ᠠᠵᠢᠯ ᠠᠯᠳᠠᠯᠲᠠ ᠶᠢᠨ ᠨᠣᠷᠮ᠎ᠠ ᠶᠢ 3.82% ᠳᠣᠲᠣᠷ᠎ᠠ ᠬᠢᠵᠠᠭᠠᠷᠯᠠᠪᠠ᠃ | ᠨᠡᠶᠢᠭᠡᠮ ᠤᠨ ᠪᠠᠲᠣᠯᠠᠪᠣᠷᠢ ᠶᠢᠨ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠣ᠂ ᠨᠡᠶᠢᠭᠡᠮ ᠤᠨ ᠨᠠᠰᠣᠵᠢᠯ ᠤᠨ ᠳᠠᠭᠠᠳᠬᠠᠯ᠂ ᠬᠤᠲᠠ ᠪᠠᠯᠭᠠᠰᠣ ᠶᠢᠨ ᠡᠮᠨᠡᠯᠭᠡ | ᠶᠢᠨ ᠳᠠᠭᠠᠳᠬᠠᠯ ᠤᠨ ᠬᠠᠮᠣᠷᠬᠤ ᠬᠡᠪᠴᠢᠶ᠎ᠡ ᠶᠢ ᠦᠷᠭᠦᠯᠵᠢᠯᠡᠨ ᠦᠷᠭᠡᠳᠬᠡᠵᠦ᠂ ᠳᠠᠭᠠᠳᠬᠠᠯ ᠳᠤ ᠣᠷᠣᠯᠴᠠᠭᠰᠠᠳ ᠨᠢ ᠲᠣᠰ ᠲᠣᠰ 5.49 ᠲᠦᠮᠡᠨ ᠬᠦᠮᠦᠨ ᠪᠠ | 11.26 ᠲᠦᠮᠡᠨ ᠬᠦᠮᠦᠨ ᠪᠣᠯᠵᠣ᠂ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠣᠷᠮ᠎ᠠ 98% ᠪᠣᠯᠵᠣ᠂ ᠡᠯ᠎ᠡ ᠲᠦᠷᠦᠯ ᠤᠨ ᠨᠡᠶᠢᠭᠡᠮ ᠤᠨ | ᠳᠠᠭᠠᠳᠬᠠᠯ ᠤᠨ ᠮᠦᠩᠬᠦ ᠶᠢ ᠴᠦᠮ ᠴᠠᠭ ᠲᠤᠨᠢ ᠬᠦᠢᠴᠡᠳ ᠲᠤᠭ᠎ᠠ ᠪᠠᠷ ᠲᠠᠷᠬᠠᠭᠠᠨ ᠥᠭᠪᠡ︔ ᠡᠯ᠎ᠡ ᠲᠦᠷᠦᠯ ᠤᠨ ᠨᠡᠶᠢᠭᠡᠮ ᠤᠨ ᠠᠪᠣᠷᠠᠨ ᠲᠣᠰᠠᠯᠠᠯᠲᠠ ᠶᠢᠨ | ᠪᠠᠷᠢᠮᠵᠢᠶ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠤᠲᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠳᠠᠭᠠᠳᠬᠠᠯ ᠤᠨ ᠪᠡᠯᠡ ᠮᠦᠩᠬᠦ ᠶᠢ 5472 | ᠲᠦᠮᠡᠨ ᠲᠦᠭᠦᠷᠢᠭ᠂ ᠮᠠᠯᠵᠢᠬᠤ ᠣᠷᠣᠨ ᠤ ︽ᠲᠠᠪᠤᠨ ᠪᠠᠲᠣᠯᠠᠭᠠᠲᠣ︾ ᠡᠷᠦᠬᠡ ᠪᠠ ︽ᠭᠤᠷᠪᠠ ᠦᠭᠡᠢ︾ ᠬᠦᠮᠦᠰ ᠢ ᠠᠰᠠᠷᠠᠨ ᠲᠡᠵᠢᠬᠡᠬᠦ ᠪᠡᠯᠡ ᠮᠦᠩᠬᠦ ᠶᠢ | 346 ᠲᠦᠮᠡᠨ ᠲᠦᠭᠦᠷᠢᠭ ᠲᠠᠷᠬᠠᠭᠠᠪᠠ᠃ ᠭᠠᠩ ᠬᠠᠭᠰᠠᠷᠭᠠᠨ ᠲᠠᠢ ᠲᠡᠮᠡᠴᠡᠵᠦ ᠭᠠᠮᠰᠢᠭ ᠠᠴᠠ ᠠᠪᠣᠷᠠᠬᠤ ᠠᠵᠢᠯ ᠢ ᠬᠦᠴᠦᠯᠡᠨ ᠰᠠᠶᠢᠳᠣᠷ ᠬᠢᠵᠦ᠂ᠭᠠᠮᠰᠢᠭ ᠠᠴᠠ | ᠠᠪᠣᠷᠠᠬᠤ ᠨᠦᠬᠦᠪᠦᠷᠢ ᠮᠦᠩᠬᠦ ᠪᠠ ᠵᠢᠭᠡᠯᠡᠯᠭᠡ ᠶᠢᠨ ᠮᠦᠩᠬᠦ ᠶᠢ 1.67 ᠳ᠋ᠥᠩᠰᠢᠭᠤᠷ ᠲᠦᠭᠦᠷᠢᠭ ᠨᠠᠶᠢᠳᠠᠪᠣᠷᠢᠵᠢᠭᠤᠯᠵᠣ᠂ 11.9 ᠲᠦᠮᠡᠨ ᠲᠣᠨ ᠡᠪᠡᠰᠦ | ᠪᠣᠷᠳᠤᠭ᠎ᠠ ᠨᠦᠭᠡᠴᠡᠯᠡᠵᠦ᠂ 23 ᠲᠦᠮᠡᠨ ᠲᠣᠯᠣᠭᠠᠢ ᠮᠠᠯ ᠢ ᠬᠤᠰᠢᠭᠤᠨ ᠠᠴᠠ ᠭᠠᠳᠠᠭᠰᠢ ᠰᠢᠯᠵᠢᠭᠦᠯᠦᠨ ᠡᠪᠦᠯᠵᠢᠭᠦᠯᠵᠦ᠂ 44 ᠲᠦᠮᠡᠨ ᠲᠣᠯᠣᠭᠠᠢ ᠮᠠᠯ ᠢ | ᠪᠣᠷᠣᠯᠠᠭᠤᠯᠵᠣ᠂ ᠭᠠᠮᠰᠢᠭᠳᠠᠭᠰᠠᠨ ᠣᠯᠠᠨ ᠲᠦᠮᠡᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠲᠦᠪᠰᠢᠨ ᠢ ᠪᠦᠲᠦᠮᠵᠢᠲᠡᠢ ᠪᠠᠲᠣᠯᠠᠪᠠ᠃ | ︵ᠳᠣᠯᠤᠭ᠎ᠠ︶ ᠨᠡᠶᠢᠭᠡᠮ ᠤᠨ ᠠᠵᠢᠯ ᠦᠢᠯᠡᠰ ᠯᠠᠪᠳᠠᠭᠤᠨ ᠢᠶᠠᠷ ᠠᠬᠢᠭᠤᠯᠣᠭᠳᠠᠪᠠ᠃ ᠰᠣᠷᠭᠠᠨ ᠬᠦᠮᠦᠵᠢᠯ ᠤᠨ ᠦᠢᠯᠡᠰ ᠲᠡᠩᠴᠡᠭᠦᠷᠢᠲᠡᠢ ᠬᠦᠭᠵᠢᠵᠦ᠂ 1. | 08 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ ᠰᠣᠷᠭᠠᠭᠤᠯᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠣᠯᠲᠠ ᠵᠢᠴᠢ ᠴᠢᠳᠠᠮᠵᠢᠲᠣ ᠬᠢᠴᠢᠶᠡᠯ ᠤᠨ ᠬᠡᠷ ᠤᠨ | ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠢ ᠬᠡᠷᠡᠭᠵᠢᠭᠦᠯᠪᠡ︔ ᠰᠣᠷᠭᠠᠨ ᠬᠦᠮᠦᠵᠢᠯ ᠤᠨ ᠮᠡᠳᠡᠭᠡ ᠵᠠᠩᠬᠢᠵᠢᠯᠲᠠ ᠶᠢᠨ ᠠᠬᠢᠴᠠ ᠶᠢ ᠲᠦᠷᠭᠡᠳᠬᠡᠵᠦ᠂ 21 | ᠰᠠᠭᠤᠷᠢ ᠳᠣᠮᠳᠠᠳᠣ ᠪᠠᠭ᠎ᠠ ᠰᠣᠷᠭᠠᠭᠤᠯᠢ ᠶᠢᠨ ︽ᠢᠵᠢᠯ ᠳᠠᠪᠳᠠᠮᠵᠢᠲᠣ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠬᠡᠷ︾ ᠢ ᠪᠦᠲᠦᠭᠡᠨ ᠪᠠᠶᠢᠭᠤᠯᠬᠤ ᠡᠭᠦᠷᠭᠡ ᠶᠢ | ᠪᠡᠶᠡᠯᠡᠭᠦᠯᠪᠡ᠃ ᠡᠷᠡᠭᠦᠯ ᠬᠠᠮᠠᠭᠠᠯᠠᠯ ᠤᠨ ᠦᠢᠯᠡᠰ ᠦᠷᠭᠦᠯᠵᠢᠯᠡᠨ ᠠᠬᠢᠭᠤᠯᠣᠬᠳᠠᠵᠣ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠨ | ᠦᠷᠭᠡᠳᠬᠡᠨ ᠪᠠᠶᠢᠭᠤᠯᠬᠤ ᠲᠦᠷᠦᠯ ᠵᠦᠢᠯ ᠤᠨ ᠭᠤᠣᠯ ᠴᠣᠭᠴᠠ ᠶᠢᠨ ᠠᠵᠢᠯ ᠢ ᠪᠡᠶᠡᠯᠡᠭᠦᠯᠵᠦ᠂ 2 ᠰᠢᠶᠠᠩ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ 3 | ᠭᠠᠴᠠᠭ᠎ᠠ ᠳᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠪᠠᠶᠢᠭᠤᠯᠪᠠ︔ ︽ ᠬᠤᠶᠠᠷ ᠬᠡᠣᠬᠡᠳ ᠠᠪᠴᠣ ᠪᠣᠯᠬᠤ︾ ᠲᠦᠷᠦ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠦᠮᠦᠨ ᠠᠮᠠ ᠶᠢᠨ ᠠᠶᠠᠨᠳᠠᠭᠠᠨ ᠤ ᠦᠰᠦᠯᠲᠡ ᠶᠢᠨ ᠨᠣᠷᠮ᠎ᠠ ᠶᠢ 1.8‰ ᠪᠣᠯᠭᠠᠪᠠ᠃ ᠰᠢᠨᠵᠢᠯᠡᠭᠡ ᠮᠡᠷᠭᠡᠵᠢᠯ | ᠤᠨ ᠦᠢᠯᠡᠰ ᠦᠷ᠎ᠡ ᠪᠦᠲᠦᠮᠵᠢ ᠪᠠᠷ ᠢᠯᠡᠳᠲᠡ ᠪᠣᠯᠵᠣ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠦᠳᠡᠯᠭᠡᠭᠴᠢ | ᠬᠦᠴᠦᠨ ᠤ ᠬᠦᠭᠵᠢᠭᠦᠯᠦᠯᠲᠡ ᠶᠢᠨ ᠲᠣᠬᠠᠢ ᠶᠢᠨ ᠲᠠᠯᠠᠪᠣᠷ ᠤᠨ ᠬᠤᠷᠠᠯ ᠢ ᠳᠠᠭᠠᠭᠠᠨ ᠡᠷᠬᠢᠯᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨᠵᠢᠯᠡᠭᠡ | ᠮᠡᠷᠭᠡᠵᠢᠯ ᠤᠨ ᠠᠵᠣ ᠠᠬᠤᠶᠢᠯᠠᠯ ᠤᠨ ᠨᠡᠪᠴᠢᠭᠦᠯᠦᠦᠷ ᠤᠨ ᠪᠦᠲᠦᠭᠡᠨ ᠪᠠᠶᠢᠭᠤᠯᠣᠯᠲᠠ ᠰᠢᠨ᠎ᠡ ᠠᠬᠢᠴᠠ ᠲᠠᠢ ᠪᠣᠯᠵᠣ᠂ ᠦᠪᠡᠷᠲᠡᠭᠡᠨ ᠵᠠᠰᠠᠬᠤ ᠣᠷᠣᠨ ᠤ ᠳᠡᠰ ᠤᠨ | ᠰᠢᠨᠵᠢᠯᠡᠭᠡ ᠮᠡᠷᠭᠡᠵᠢᠯ ᠤᠨ ᠠᠵᠣ ᠠᠬᠤᠶᠢᠯᠠᠯ ᠤᠨ ᠨᠡᠪᠴᠢᠭᠦᠯᠦᠦᠷ ᠢᠶᠠᠷ ᠲᠣᠭᠲᠠᠭᠠᠭᠳᠠᠬᠤ ᠶᠢᠨ ᠬᠠᠮᠲᠣ᠂ ᠦᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ︽ | ᠣᠳᠣᠨ ᠳᠡᠰ ᠤᠨ ᠦᠢᠯᠡᠰ ᠪᠣᠰᠬᠠᠯᠲᠠ ᠶᠢᠨ ᠭᠠᠵᠠᠷ︾ ᠤᠨ ᠲᠣᠷᠰᠢᠯᠲᠠ ᠶᠢᠨ ᠨᠢᠭᠡᠴᠡ ᠪᠠᠷ ᠰᠣᠩᠭᠤᠭᠳᠠᠪᠠ᠃ ᠰᠣᠶᠣᠯ ᠪᠡᠶ᠎ᠡ ᠲᠠᠮᠢᠷ ᠤᠨ ᠦᠢᠯᠡᠰ ᠡᠷᠡᠭᠦᠯ ᠢᠶᠠᠷ | ᠬᠦᠭᠵᠢᠪᠡ᠃ ᠰᠣᠶᠣᠯ ᠤᠨ ᠦᠪ ᠢ ᠬᠠᠮᠠᠭᠠᠯᠠᠬᠤ ᠠᠵᠢᠯ ᠡᠮᠬᠢ ᠴᠡᠭᠴᠡ ᠲᠠᠢ ᠶᠠᠪᠣᠭᠳᠠᠵᠣ᠂ ᠬᠤᠰᠢᠭᠤ ᠱᠠᠲᠣᠨ ᠤ ᠲᠦᠷᠪᠡᠳᠦᠭᠡᠷ ᠪᠦᠯᠦᠭ ᠪᠣᠳᠠᠰ ᠤᠨ ᠪᠣᠰᠣ | ᠰᠣᠶᠣᠯ ᠤᠨ ᠦᠪ ᠪᠣᠯᠬᠤ ᠠᠯᠳᠠᠷᠳᠠᠨ ᠤ ᠴᠠᠳᠢᠭ ᠢ 12 ᠵᠦᠢᠯ᠂ ᠣᠯᠠᠮᠵᠢᠯᠠᠨ ᠵᠠᠯᠭᠠᠮᠵᠢᠯᠠᠭᠴᠢ ᠶᠢ 53 ᠨᠡᠷᠡᠰ ᠨᠤᠳᠠᠯᠠᠨ ᠲᠣᠭᠲᠠᠭᠠᠵᠣ᠂ ᠴᠦ᠋ ᠪᠣᠯᠢᠶᠠᠯᠳᠣᠬᠤ | ᠪᠣᠳᠠᠰ ᠤᠨ ᠪᠣᠰᠣ ᠰᠣᠶᠣᠯ ᠢ ᠦᠪᠯᠡᠨ ᠵᠠᠯᠭᠠᠮᠵᠢᠯᠠᠬᠤ ᠰᠠᠭᠤᠷᠢᠨ ᠭᠠᠵᠠᠷ ᠤᠨ ᠲᠦᠷᠦᠯ ᠵᠦᠢᠯ ᠢ ᠬᠡᠷᠡᠭᠵᠢᠭᠦᠯᠪᠡ︔ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠪᠠ ᠦᠷᠢᠰᠦᠯᠳᠦᠭᠡᠨ ᠤ ᠪᠡᠶ᠎ᠡ ᠶᠢᠨ ᠲᠠᠮᠢᠷ ᠦᠷᠨᠢᠩᠭᠦᠢ ᠬᠦᠭᠵᠢᠵᠦ᠂ ᠬᠦᠯ ᠪᠦᠮᠪᠦᠭᠡ ᠶᠢᠨ ᠬᠦᠳᠡᠯᠭᠡᠭᠡᠨ ᠳᠣᠪᠣᠶᠢᠮ᠎ᠠ ᠠᠮᠵᠢᠯᠲᠠ ᠣᠯᠪᠠ᠃ | ᠰᠣᠳᠣᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢᠨ ᠬᠦᠴᠦᠯᠡᠴᠡ ᠨᠡᠮᠡᠭᠳᠡᠵᠦ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ᠂ ᠰᠣᠶᠣᠯ ᠲᠠᠮᠢᠷ | ᠵᠤᠭ᠎ᠠ ᠴᠡᠩᠭᠡᠯ ᠵᠡᠷᠭᠡ ᠶᠢᠨ ᠴᠢᠳᠠᠪᠬᠢ ᠶᠢ ᠠᠯᠬᠤᠮ ᠴᠢᠨᠠᠭᠰᠢᠲᠠ ᠴᠢᠩᠭᠠᠷᠠᠭᠤᠯᠪᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠳᠠᠩᠰᠠ ᠡᠪᠭᠡᠮᠡᠯ | ᠲᠡᠣᠬᠡ ᠣᠶᠢᠯᠠᠯᠭ᠎ᠠ᠂ ᠣᠯᠠᠭᠠᠨ ᠵᠠᠭᠠᠯᠮᠠᠶᠢᠲᠠᠨ᠂ ᠡᠮᠡᠭᠲᠡᠶᠢᠴᠦᠳ ᠬᠡᠣᠬᠡᠳ᠂ ᠨᠠᠰᠣᠲᠠᠶᠢᠴᠣᠳ ᠪᠠ ᠵᠡᠮᠳᠡᠭᠴᠦᠳ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠵᠣ | ᠂ ᠰᠢᠣᠳᠠᠨ ᠬᠤᠯᠪᠣᠭ᠎ᠠ ᠴᠢᠮᠡᠭᠡ ᠨᠡᠪᠲᠡᠷᠡᠯᠭᠡ᠂ ᠮᠦᠩᠭᠦᠨ ᠬᠦᠢᠯᠭᠡᠭᠡᠨ᠂ ᠴᠠᠬᠢᠯᠭᠠᠨ ᠬᠦᠴᠦᠨ ᠵᠡᠷᠭᠡ ᠠᠵᠢᠯ ᠲᠦᠷᠦᠯ ᠤᠨ ᠦᠨᠳᠦᠰᠦᠨ ᠪᠠᠲᠣᠯᠠᠪᠣᠷᠢ ᠶᠢᠨ ᠠᠵᠢᠯ | ᠯᠠᠪᠳᠠᠭᠤᠨ ᠢᠶᠠᠷ ᠠᠬᠢᠪᠠ᠃ | ︵ᠨᠠᠢᠮᠠ︶ ᠠᠷᠠᠳᠴᠢᠯᠠᠭᠰᠠᠨ ᠬᠠᠣᠯᠢ ᠶᠢᠨ ᠵᠠᠰᠠᠯᠲᠠ ᠪᠦᠬᠦ ᠲᠠᠯ᠎ᠠ ᠪᠠᠷ ᠴᠢᠩᠭᠠᠳᠬᠠᠭᠳᠠᠪᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ | ᠬᠢᠨᠠᠯᠲᠠ ᠲᠠᠯᠪᠢᠯᠲᠠ ᠶᠢ ᠣᠬᠠᠮᠰᠠᠷ ᠠᠴᠠ ᠪᠠᠨ ᠬᠦᠯᠢᠶᠡᠨ ᠠᠪᠴᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠣ ᠦᠢᠯᠡᠳᠪᠦᠷᠢ ᠬᠤᠳᠠᠯᠳᠣᠭᠠᠨ ᠤ ᠬᠤᠯᠪᠣᠭ᠎ᠠ | ᠪᠠ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠣ᠂ ᠪᠦᠬᠦ ᠵᠢᠯ ᠳᠤ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ 35 ᠬᠤᠪᠢ | ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠳᠣᠷᠠᠳᠣᠯᠭ᠎ᠠ ᠶᠢ 74 ᠬᠤᠪᠢ ᠬᠦᠢᠴᠡᠳᠬᠡᠵᠦ᠂ ᠬᠦᠢᠴᠡᠳᠬᠡᠵᠦ ᠬᠠᠷᠢᠭᠤᠯᠲᠠ ᠦᠭᠬᠦᠭᠰᠡᠨ ᠨᠣᠷᠮ᠎ᠠ ᠨᠢ | 100% ᠪᠣᠯᠪᠠ᠃ ︽ᠳᠣᠯᠣᠳᠣᠭᠠᠷ ᠲᠠᠪᠣᠨ ᠵᠢᠯ︾ ᠤᠨ ᠬᠠᠣᠯᠢ ᠲᠦᠬᠡᠮᠡᠯᠵᠢᠭᠦᠯᠬᠦ ᠠᠵᠢᠯ ᠢ ᠬᠦᠴᠦᠯᠡᠨ ᠦᠷᠨᠢᠭᠦᠯᠵᠦ᠂ ᠣᠯᠣᠰ ᠤᠨ ᠠᠵᠢᠯᠲᠠᠨ ᠤ ᠬᠠᠣᠯᠢ | ᠰᠣᠷᠴᠣ ᠬᠠᠣᠯᠢ ᠬᠡᠷᠡᠭᠯᠡᠬᠦ ᠳᠦᠷᠢᠮ ᠢ ᠬᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠰᠦᠯᠵᠢᠶᠡᠨ ᠳᠡᠭᠡᠷ᠎ᠡ ᠬᠠᠣᠯᠢ ᠰᠣᠷᠬᠤ ᠪᠠ ᠬᠠᠣᠯᠢ ᠲᠦᠭᠡᠮᠡᠯᠵᠢᠭᠦᠯᠬᠦ | ᠰᠢᠯᠭᠠᠯᠲᠠ ᠬᠢᠬᠦ ᠠᠵᠢᠯ ᠢ ᠪᠦᠬᠦ ᠬᠦᠴᠦᠨ ᠢᠶᠠᠷ ᠳᠡᠯᠭᠡᠷᠡᠭᠦᠯᠪᠡ᠃ ᠨᠡᠶᠢᠭᠡᠮ ᠤᠨ ᠠᠮᠣᠷ ᠬᠠᠮᠠᠭᠠᠯᠠᠯᠲᠠ ᠶᠢᠨ ᠶᠡᠷᠥᠩᠬᠡᠢ ᠵᠠᠰᠠᠯᠲᠠ ᠶᠢᠨ ᠠᠵᠢᠯ ᠢ ᠬᠢᠨᠠᠮᠠᠭᠠᠢ | ᠦᠷᠨᠢᠭᠦᠯᠵᠦ᠂ ᠡᠯ᠎ᠡ ᠲᠦᠷᠦᠯ ᠤᠨ ᠬᠠᠣᠯᠢ ᠶᠢ ᠵᠦᠷᠢᠴᠡᠭᠰᠡᠨ ᠶᠠᠯᠠᠳᠣ ᠠᠵᠢᠯᠯᠠᠭ᠎ᠠ ᠳᠤ ᠬᠠᠣᠯᠢ ᠶᠣᠰᠣᠭᠠᠷ ᠴᠢᠩᠭ᠎ᠠ ᠴᠣᠬᠢᠯᠲᠠ ᠦᠭᠪᠡ᠃ ᠬᠠᠣᠯᠢ ᠪᠠᠷ ᠵᠠᠰᠠᠬᠤ | ᠵᠠᠬᠢᠳᠠᠯ ᠰᠣᠷᠪᠣᠯᠵᠢᠯᠠᠭ᠎ᠠ ᠶᠢᠨ ᠪᠦᠲᠦᠭᠡᠨ ᠪᠠᠶᠢᠭᠤᠯᠣᠯᠲᠠ ᠶᠢ ᠠᠯᠬᠤᠮ ᠴᠢᠨᠠᠭᠰᠢᠲᠠ ᠲᠦᠯᠬᠢᠨ ᠠᠬᠢᠭᠤᠯᠵᠣ᠂ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠦᠯᠢᠶᠡᠨ | ᠠᠪᠴᠣ ᠰᠢᠢᠳᠪᠦᠷᠢᠯᠡᠬᠦ ᠳᠤ ᠬᠠᠷᠢᠭᠤᠴᠠᠬᠤ ᠳᠦᠷᠢᠮ᠂ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠣᠳᠣᠷᠢᠳᠣᠯᠭ᠎ᠠ ᠠᠴᠠ ᠰᠢᠭᠤᠳ ᠬᠠᠷᠢᠭᠤᠴᠠᠨ ᠰᠢᠢᠳᠪᠦᠷᠢᠯᠡᠬᠦ᠂ | ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠢᠯᠡ ᠪᠠᠷ ᠰᠢᠢᠳᠪᠦᠷᠢᠯᠡᠬᠦ ᠵᠡᠷᠭᠡ ᠳᠦᠷᠢᠮ ᠢ ᠬᠡᠷᠡᠭᠵᠢᠭᠦᠯᠦᠭᠰᠡᠨ ᠢᠶᠠᠷ ᠪᠦᠬᠦ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ | ᠪᠠᠶᠢᠳᠠᠯ ᠤᠨ ᠶᠡᠷᠥᠩᠬᠡᠢ ᠴᠣᠬᠴᠠ ᠶᠢᠨ ᠲᠣᠭᠲᠠᠭᠤᠨ ᠪᠠᠶᠢᠬᠤ ᠶᠢ ᠯᠠᠪᠲᠠᠢ ᠪᠠᠲᠣᠯᠠᠪᠠ᠃ ᠦᠨᠳᠦᠰᠦᠲᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠬᠠᠮᠢᠶᠠᠷᠣᠯᠲᠠ | ᠶᠢ ᠬᠠᠣᠯᠢ ᠶᠣᠰᠣᠭᠠᠷ ᠴᠢᠩᠭᠠᠳᠬᠠᠵᠣ᠂ ᠠᠶᠣᠯᠭᠦᠢ ᠦᠢᠯᠡᠳᠪᠦᠷᠢᠯᠡᠯ ᠤᠨ ᠠᠵᠢᠯ ᠪᠠ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠲᠠ ᠶᠢᠨ ᠠᠵᠢᠯ ᠪᠦᠬᠦ ᠲᠠᠯ᠎ᠠ ᠪᠠᠷ | ᠴᠢᠩᠭᠠᠳᠬᠠᠬᠳᠠᠵᠣ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠪᠦᠯᠬᠦᠮᠳᠡᠨ᠂ ᠬᠢᠯᠢ ᠬᠢᠵᠠᠭᠠᠷ ᠣᠷᠣᠨ ᠠᠮᠣᠷ ᠠᠮᠣᠭᠤᠯᠠᠩ ᠪᠣᠯᠣᠭᠰᠠᠨ ᠶᠡᠭᠡ ᠰᠠᠶᠢᠨ ᠪᠠᠶᠢᠳᠠᠯ | ᠢᠶᠠᠨ ᠬᠠᠳᠠᠭᠠᠯᠠᠪᠠ᠃ | ᠨᠢᠭᠡ ᠵᠢᠯ ᠤᠨ ᠲᠣᠷᠰᠢ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠪᠠᠨ ᠴᠢᠷᠮᠠᠶᠢᠨ ᠴᠢᠩᠭᠠᠳᠬᠠᠵᠣ᠂ ᠲᠦᠪ ᠤᠨ ᠨᠠᠢᠮᠠᠨ | ᠲᠣᠭᠲᠠᠭᠠᠯ᠂ ᠡᠯ᠎ᠡ ᠱᠠᠲᠣᠨ ᠤ ᠬᠠᠮᠢᠶ᠎ᠠ ᠪᠦᠬᠦᠢ ᠲᠦᠭᠦᠷᠵᠢᠭᠦᠯᠦᠭᠰᠡᠨ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠪᠠ᠃ ︽ ᠬᠤᠶᠠᠷ ᠢ | ᠰᠣᠷᠣᠯᠴᠠᠵᠣ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠣᠷᠣᠯᠴᠠᠯᠭ᠎ᠠ ᠬᠦᠮᠦᠵᠢᠯ ᠢ ᠯᠠᠪᠳᠠᠭᠤᠨ ᠢᠶᠠᠷ ᠦᠷᠨᠢᠭᠦᠯᠵᠦ᠂ ᠨᠠᠮ ᠤᠨ ᠰᠣᠷᠳᠠᠯ ᠴᠢᠭᠡᠴᠢ ᠵᠠᠰᠠᠭ | ᠤᠨ ᠪᠠᠶᠢᠭᠤᠯᠣᠯᠲᠠ ᠶᠢᠨ ᠬᠠᠷᠢᠴᠠᠭᠤᠯᠭ᠎ᠠ ᠶᠢᠨ ᠳᠦᠷᠢᠮ ᠢ ᠨᠢᠮᠪᠠᠢ ᠨᠠᠶᠢᠳᠠᠪᠣᠷᠢᠵᠢᠭᠤᠯᠵᠣ᠂ ᠰᠣᠷᠳᠠᠯ ᠤᠨ ᠪᠠᠶᠢᠭᠤᠯᠣᠯᠲᠠ ᠶᠢ ᠦᠷᠭᠦᠯᠵᠢᠯᠡᠨ ᠠᠬᠢᠭᠤᠯᠵᠣ᠂ | ᠴᠢᠬᠤᠯᠠ ᠶᠡᠭᠡ ᠬᠡᠷᠡᠭ ᠶᠠᠪᠣᠳᠠᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠴᠢᠩᠭ᠎ᠠ ᠬᠡᠷᠡᠭᠵᠢᠬᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ᠂ | ᠬᠢᠨᠠᠨ ᠪᠣᠳᠣᠬᠤ ᠬᠢᠨᠠᠯᠲᠠ ᠲᠠᠯᠪᠢᠯᠲᠠ ᠶᠢ ᠲᠠᠰᠣᠷᠠᠯᠲᠠ ᠦᠭᠡᠢ ᠴᠢᠩᠭᠠᠷᠠᠭᠤᠯᠣᠭᠰᠠᠨ ᠢᠶᠠᠷ ᠡᠯ᠎ᠡ ᠵᠦᠢᠯ ᠤᠨ ᠠᠵᠢᠯ ᠤᠨ ᠳᠡᠰ ᠳᠠᠷᠠᠭᠠᠯᠠᠯ ᠨᠢ ᠠᠯᠬᠤᠮ ᠴᠢᠨᠠᠭᠰᠢᠲᠠ | ᠵᠢᠷᠣᠮᠵᠢᠪᠠ᠃ | ᠲᠦᠯᠦᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠦᠨᠵᠡᠭᠡᠢ | ᠬᠠᠯᠠᠮᠵᠢᠯᠠᠭᠰᠠᠨ ᠤ ᠦᠷ᠎ᠡ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠣᠨᠣᠪᠴᠢᠲᠠᠢ ᠣᠳᠣᠷᠢᠳᠣᠭᠰᠠᠨ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠣᠯᠢ ᠶᠣᠰᠣᠭᠠᠷ ᠬᠢᠨᠠᠯᠲᠠ ᠲᠠᠯᠪᠢᠭᠰᠠᠨ᠂ ᠬᠤᠰᠢᠭᠤᠨ ᠤ ᠣᠯᠣᠰ ᠲᠦᠷᠦ ᠶᠢᠨ | ᠵᠦᠪᠯᠡᠯᠭᠡᠨ ᠤ ᠬᠡᠰᠢᠭᠦᠳ ᠤᠨ ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠤ ᠦᠷ᠎ᠡ ᠳ᠋ᠥᠩ᠂ ᠪᠦᠬᠦ ᠬᠤᠰᠢᠭᠤᠨ ᠤ ᠦᠷᠭᠡᠨ ᠣᠯᠠᠨ ᠨᠠᠮ ᠤᠨ ᠬᠡᠰᠢᠭᠦᠨ ᠺᠠᠳ᠋ᠷ | ᠣᠯᠠᠨ ᠲᠦᠮᠡᠨ ᠤ ᠪᠦᠯᠬᠦᠮᠳᠡᠨ ᠳᠡᠮᠡᠴᠡᠭᠰᠡᠨ ᠤ ᠦᠷ᠎ᠡ ᠳ᠋ᠥᠩ ᠮᠦᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠣᠯᠣᠰ ᠲᠦᠷᠦ ᠶᠢᠨ | ᠵᠦᠪᠯᠡᠯᠭᠡᠨ ᠤ ᠬᠡᠰᠢᠭᠦᠳ ᠪᠠ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ᠂ ᠦᠪᠡᠷᠲᠡᠭᠡᠨ ᠵᠠᠰᠠᠬᠤ ᠬᠤᠰᠢᠭᠤᠨ ᠤ ᠪᠦᠲᠦᠭᠡᠨ ᠪᠠᠶᠢᠭᠤᠯᠣᠯᠲᠠ | ᠪᠠ ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠨᠦᠬᠦᠳ ᠨᠠᠷ ᠲᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | 2016 ᠣᠨ ᠤ ᠠᠵᠢᠯ ᠢ ᠡᠷᠬᠢᠴᠡᠬᠦᠯᠪᠡᠯ᠂ ᠪᠢᠳᠡ ᠬᠦᠭᠵᠢᠯᠲᠡ ᠶᠢᠨ ᠳᠣᠮᠳᠠ ᠪᠠᠰᠠ ᠵᠠᠷᠢᠮ ᠵᠦᠷᠢᠴᠡᠯ ᠪᠠ ᠠᠰᠠᠭᠤᠳᠠᠯ ᠣᠷᠣᠰᠢᠵᠣ ᠪᠠᠶᠢᠬᠤ ᠶᠢ ᠰᠡᠷᠭᠡᠭ | ᠢᠶᠠᠷ ᠣᠯᠵᠣ ᠲᠠᠨᠢᠪᠠ᠄ ᠬᠤᠷᠸ᠎ᠠ ᠠᠵᠣ ᠠᠬᠤᠢ ᠶᠢᠨ ᠣᠷᠴᠢᠨ ᠵᠢᠴᠢ ᠦᠢᠯᠡᠳᠪᠦᠷᠢᠯᠡᠯ ᠤᠨ ᠴᠢᠳᠠᠪᠣᠷᠢ ᠶᠢ ᠪᠠᠭᠠᠰᠬᠠᠬᠰᠠᠨ ᠵᠡᠷᠭᠡ ᠲᠦᠷᠦ ᠶᠢᠨ ᠪᠣᠳᠣᠯᠭ᠎ᠠ ᠶᠢᠨ | ᠨᠦᠯᠦᠭᠡᠯᠡᠯ ᠠᠴᠠ ᠪᠣᠯᠣᠭᠠᠳ ᠪᠦᠬᠦ ᠬᠤᠰᠢᠭᠤᠨ ᠤ ᠠᠵᠣ ᠠᠬᠤᠢ ᠪᠠᠭᠤᠷᠠᠬᠤ ᠳᠠᠷᠣᠯᠲᠠ ᠮᠦᠨ ᠯᠡ ᠨᠡᠯᠢᠶᠡᠳ ᠶᠡᠭᠡ ᠪᠠᠶᠢᠭᠰᠠᠭᠠᠷ︔ ᠭᠤᠣᠯ ᠴᠣᠭᠴᠠ ᠶᠢᠨ | ᠭᠠᠶᠢᠯᠢ ᠶᠢᠨ ᠲᠦᠷᠦᠯ ᠤᠨ ᠣᠷᠣᠯᠭ᠎ᠠ ᠪᠠᠭᠠᠰᠴᠣ᠂ ᠡᠷᠬᠡᠪᠰᠢ ᠵᠠᠷᠣᠬᠤ ᠵᠠᠷᠣᠯᠭ᠎ᠠ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠶᠡᠬᠡᠰᠴᠣ | ᠪᠠᠶᠢᠬᠤ︔ ᠮᠠᠯ ᠠᠵᠣ ᠠᠬᠤᠢ ᠶᠢᠨ ᠰᠠᠭᠤᠷᠢ ᠪᠠᠷᠣᠭᠲᠠᠢ᠂ ᠣᠯᠠᠮᠵᠢᠯᠠᠯᠲᠣ ᠡᠬᠢ ᠪᠠᠶᠠᠯᠢᠭ ᠤᠨ ᠬᠡᠯᠪᠡᠷᠢᠲᠦ ᠠᠵᠣ ᠦᠢᠯᠡᠰ ᠤᠨ ᠪᠦᠲᠦᠴᠡ ᠲᠠᠩ ᠴᠣᠯᠭᠤᠢ᠂ | ᠠᠷᠠᠳ ᠠᠴᠠ ᠡᠷᠬᠢᠯᠡᠭᠰᠡᠨ ᠠᠵᠣ ᠠᠬᠤᠢ ᠶᠢᠨ ᠬᠦᠭᠵᠢᠯᠲᠡ ᠠᠨᠠᠢ ᠪᠠᠶᠢᠬᠤ︔ ᠬᠤᠲᠠ ᠬᠦᠳᠡᠭᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ | ᠮᠦᠨ ᠯᠡ ᠲᠡᠭᠦᠯᠳᠡᠷᠵᠢᠭᠡᠳᠦᠢ ᠪᠠᠶᠢᠵᠣ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠ ᠪᠠᠲᠣᠯᠠᠬᠤ ᠠᠵᠢᠯ ᠢ ᠮᠦᠨ ᠯᠡ ᠴᠢᠩᠭᠠᠳᠬᠠᠬᠤ ᠬᠡᠷᠡᠭᠲᠡᠢ ᠪᠠᠶᠢᠬᠤ︔ | ᠵᠠᠷᠢᠮ ᠺᠠᠳ᠋ᠷ ᠤᠨ ᠡᠭᠦᠷᠭᠡ ᠬᠠᠷᠢᠭᠤᠴᠠᠯᠭ᠎ᠠ ᠬᠦᠢᠴᠡᠳᠬᠡᠬᠦ ᠴᠢᠳᠠᠪᠣᠷᠢ ᠳᠣᠷᠣᠢ᠂ ᠠᠵᠢᠯ ᠤᠨ ᠰᠣᠷᠳᠠᠯ ᠨᠢ ᠪᠣᠳᠠᠳᠠᠢ ᠪᠢᠰᠢ ᠪᠠᠶᠢᠬᠤ᠃ ᠡᠳᠡᠭᠡᠷ ᠠᠰᠠᠭᠤᠳᠠᠯ ᠢ ᠪᠢᠳᠡ | ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠣ ᠨᠢᠮᠪᠠᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃ | ᠬᠤᠶᠠᠷ᠂ 2017 ᠣᠨ ᠤ ᠠᠵᠣ ᠠᠬᠤᠢ ᠪᠠ ᠨᠡᠶᠢᠭᠡᠮ ᠤᠨ ᠬᠦᠭᠵᠢᠬᠦᠯᠦᠯᠲᠡ ᠶᠢᠨ ᠭᠤᠣᠯ ᠡᠭᠦᠷᠭᠡ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠳᠣᠷ ᠬᠢᠬᠦ ᠳᠤ ᠡᠷᠬᠡᠪᠰᠢ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠣᠭᠠᠷ ᠬᠤᠭᠤᠴᠠᠭᠠᠨ | ᠤ ᠭᠤᠷᠪᠠᠳᠣᠭᠠᠷ᠂ ᠳᠦᠷᠪᠡᠳᠦᠭᠡᠷ᠂ ᠳᠠᠪᠣᠳᠣᠭᠠᠷ᠂ ᠵᠢᠷᠭᠤᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠥᠩᠬᠡᠢ ᠱᠦᠵᠢ ᠶᠢᠨ ᠰᠢᠷᠢᠰ | ᠴᠢᠬᠤᠯᠠ ᠶᠡᠷᠢᠶ᠎ᠠ ᠪᠠ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠠᠬᠢ ᠴᠢᠬᠤᠯᠠ ᠶᠡᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ | ᠨᠠᠶᠢᠳᠠᠪᠣᠷᠢᠵᠢᠭᠤᠯᠵᠣ᠂ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠤᠰᠢᠭᠤ ᠪᠠᠶᠢᠭᠤᠯᠣᠭᠳᠠᠭᠰᠠᠨ 60 ᠵᠢᠯ ᠤᠨ ᠣᠢ ᠶᠢ ᠣᠭᠲᠣᠨ ᠪᠡᠯᠭᠡᠯᠡᠬᠦ ᠪᠠᠷ | ᠭᠤᠣᠯ ᠱᠣᠭᠤᠮ ᠪᠣᠯᠭᠠᠵᠣ᠂ ᠲᠣᠭᠲᠠᠭᠤᠨ ᠪᠠᠶᠢᠯᠭᠠᠬᠤ ᠮᠦᠷᠲᠡᠭᠡᠨ ᠣᠷᠣᠭᠰᠢᠯᠠᠨ ᠳᠠᠪᠰᠢᠬᠤ ᠠᠵᠢᠯ ᠤᠨ ᠶᠡᠷᠥᠩᠬᠡᠢ ᠬᠦᠭ ᠠᠶᠢᠵᠢᠮ ᠢ ᠪᠠᠷᠢᠮᠳᠠᠯᠠᠵᠣ᠂ | ᠦᠵᠡᠰᠭᠦᠯᠡᠩᠲᠦ ᠰᠠᠶᠢᠬᠠᠨ ᠢᠶᠠᠷ ᠬᠦᠭᠵᠢᠬᠦᠯᠵᠦ᠂ ᠲᠡᠷᠢᠭᠦᠨ ᠤ ᠡᠩᠨᠡᠭᠡᠨ ᠳᠤ ᠣᠷᠣᠬᠤ ᠪᠠᠷ ᠴᠢᠷᠮᠠᠶᠢᠬᠤ ᠶᠡᠷᠦᠩᠬᠡᠢ ᠪᠠᠶᠢᠯᠳᠣᠬᠤ ᠪᠣᠳᠣᠯᠭ᠎ᠠ ᠶᠢ ᠪᠠᠷᠢᠮᠲᠠᠯᠠᠵᠣ᠂ | ᠬᠦᠭᠵᠢᠯᠲᠡ᠂ ᠠᠮᠢ ᠠᠬᠤᠢ ᠪᠠ ᠠᠷᠠᠳ ᠤᠨ ᠠᠮᠢᠳᠣᠷᠠᠯ ᠵᠡᠷᠭᠡ ᠭᠤᠷᠪᠠᠨ ᠬᠤᠷᠢᠭ᠎ᠠ ᠱᠣᠭᠤᠮ ᠢ ᠪᠠᠲᠣ ᠰᠠᠬᠢᠵᠣ᠂ ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠲᠡ | ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠣᠵᠢᠯᠲᠠ᠂ ᠲᠠᠷᠢᠶᠠᠯᠠᠩ ᠮᠠᠯ ᠠᠵᠣ ᠠᠬᠤᠢ ᠶᠢᠨ ᠣᠳᠣᠬᠢᠴᠢᠯᠠᠯᠲᠠ ᠪᠠ ᠨᠣᠭᠤᠭᠠᠷᠠᠭᠤᠯᠣᠯᠲᠠ ᠶᠢ ᠬᠠᠮᠲᠣᠪᠡᠷ ᠲᠦᠯᠬᠢᠨ | ᠠᠬᠢᠭᠤᠯᠵᠣ᠂ ᠦᠨᠡᠨ ᠢᠶᠠᠷ ᠠᠳᠬᠤᠨ ᠪᠣᠳᠠᠳᠠᠢ ᠠᠵᠢᠯᠯᠠᠵᠣ᠂ ᠬᠦᠴᠢᠷ ᠪᠡᠷᠬᠡᠰᠢᠶᠡᠯ ᠢ ᠢᠯᠠᠨ ᠳᠠᠪᠠᠵᠣ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠠᠷᠪᠠᠨ | ᠶᠢᠰᠦᠳᠦᠭᠡᠷ ᠶᠡᠭᠡ ᠬᠤᠷᠠᠯ ᠪᠠ ᠦᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠳᠤ ᠪᠡᠯᠡᠭ ᠪᠠᠷᠢᠬᠤ ᠶᠠᠪᠣᠳᠠᠯ ᠪᠣᠯᠣᠨ᠎ᠠ᠃ | ᠭᠤᠣᠯ ᠪᠣᠯᠬᠤ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠲᠡᠭ ᠢ 7.5% ᠢᠶᠠᠷ ᠨᠡᠮᠡᠭᠳᠡᠭᠦᠯᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ︵ᠰᠢᠨ᠎ᠡ ᠬᠤᠲᠠ ᠲᠣᠭᠤᠷᠢᠭ ᠢ ᠪᠠᠭᠲᠠᠭᠠᠬᠤ ᠦᠭᠡᠢ︶ ᠶᠢ 10% ᠢᠶᠠᠷ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠦᠰᠦᠪ ᠤᠨ ᠣᠷᠣᠯᠭ᠎ᠠ ᠶᠢ ᠠᠳᠠᠯᠢᠳᠬᠠᠵᠣ ᠪᠣᠯᠬᠤ ᠪᠠᠷᠢᠮᠵᠢᠶ᠎ᠠ ᠪᠠᠷ 6% ᠢᠶᠠᠷ ᠨᠡᠮᠡᠭᠳᠡᠭᠦᠯᠵᠦ᠂ ᠬᠤᠲᠠ | ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 8% ᠪᠠ 8.5% ᠪᠠᠷ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠥᠩᠬᠡᠢ ᠬᠡᠮᠵᠢᠶ᠎ᠡ ᠶᠢ 10% ᠪᠠᠷ ᠨᠡᠮᠡᠭᠳᠡᠭᠦᠯᠵᠦ᠂ ᠡᠯ᠎ᠡ ᠵᠦᠢᠯ ᠤᠨ | ᠬᠦᠯᠢᠶᠡᠰᠦᠯᠡᠯ ᠤᠨ ᠴᠢᠨᠠᠷᠲᠠᠢ ᠬᠦᠢᠴᠡᠳᠬᠡᠯ ᠲᠤᠭ᠎ᠠ ᠶᠢ ᠬᠦᠯᠦᠨ ᠪᠣᠶᠢᠷ ᠬᠤᠲᠠ ᠶᠢᠨ ᠱᠠᠭᠠᠷᠳᠠᠯᠭ᠎ᠠ ᠳᠤ ᠬᠦᠷᠦᠭᠦᠯᠬᠦ ᠪᠣᠯᠣᠨ᠎ᠠ᠃ ᠳᠡᠭᠡᠷ᠎ᠡ ᠲᠣᠷᠠᠳᠣᠭᠰᠠᠨ | ᠬᠠᠷᠠᠯᠲᠠ ᠶᠢ ᠪᠡᠶᠡᠯᠡᠭᠦᠯᠬᠦ ᠳᠤ᠂ ᠡᠨᠡ ᠵᠢᠯ ᠳᠣᠣᠷᠠᠬᠢ ᠨᠠᠢᠮᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠳᠣᠷ ᠬᠢᠬᠦ ᠬᠡᠷᠡᠭᠲᠡᠢ᠄ | ︵ᠨᠢᠭᠡ︶ ᠪᠡᠯᠡ ᠣᠷᠣᠭᠤᠯᠣᠯᠲᠠ ᠪᠠ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠴᠢᠩᠭ᠎ᠠ ᠠᠳᠬᠤᠨ᠎ᠠ᠃ ᠲᠦᠷᠦᠯ ᠵᠦᠢᠯ ᠢᠶᠠᠷ ᠬᠦᠭᠵᠢᠯᠲᠡ ᠶᠢ | ᠲᠦᠯᠬᠢᠨ ᠠᠬᠢᠭᠤᠯᠬᠤ ᠠᠮᠢᠵᠢᠷᠠᠯ ᠤᠨ ᠬᠦᠴᠦᠨ ᠪᠠ ᠶᠡᠷᠥᠩᠬᠡᠢ ᠭᠠᠷᠳᠠᠴᠠ ᠪᠣᠯᠭᠠᠵᠣ᠂ ᠠᠵᠣ ᠠᠬᠤᠢ ᠨᠡᠶᠢᠭᠡᠮ ᠤᠨ ᠬᠦᠭᠵᠢᠯᠲᠡ ᠳᠤ ᠰᠢᠨ᠎ᠡ ᠬᠦᠳᠡᠯᠭᠡᠭᠴᠢ | ᠬᠦᠴᠦᠨ᠂ ᠰᠢᠨ᠎ᠡ ᠠᠮᠢᠵᠢᠷᠠᠯ ᠤᠨ ᠬᠦᠴᠦᠨ ᠢ ᠣᠯᠭᠤᠨ᠎ᠠ᠃ | ᠲᠦᠷᠦᠯ ᠵᠦᠢᠯ ᠢ ᠰᠦᠪᠡᠭᠴᠢᠯᠡᠬᠦ ᠬᠦᠴᠦᠯᠡᠴᠡ ᠶᠢ ᠴᠢᠩᠭᠠᠷᠠᠭᠤᠯᠣᠨ᠎ᠠ᠃ ᠳᠡᠭᠡᠳᠦ ᠱᠠᠲᠣᠨ ᠤ ᠲᠦᠷᠦ ᠶᠢᠨ ᠪᠣᠳᠣᠯᠭ᠎ᠠ ᠶᠢᠨ ᠣᠳᠣᠷᠢᠳᠣᠮᠵᠢ ᠶᠢ | ᠣᠨᠣᠪᠴᠢᠲᠠᠢ ᠡᠵᠡᠮᠰᠢᠵᠦ᠂ ᠮᠠᠨ ᠤ ᠬᠤᠰᠢᠭᠤᠨ ᠤ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠵᠣ᠂ ᠲᠦᠷᠦᠯ ᠵᠦᠢᠯ ᠤᠨ ᠪᠡᠯᠡ ᠮᠦᠩᠬᠦ ᠶᠢ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ᠂ ᠵᠣᠭᠠᠴᠠᠯ ᠤᠨ ᠦᠢᠯᠡᠰ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ᠂ ᠪᠣᠬᠢᠷᠳᠣᠯ ᠦᠭᠡᠢ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ | ᠨᠣᠷᠠᠬᠤ ᠠᠶᠣᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠬᠡᠬᠦ ᠵᠡᠷᠭᠡ ᠬᠦᠷᠢᠶ᠎ᠡ ᠴᠠᠷᠠᠭ᠎ᠠ ᠳᠤ ᠭᠤᠣᠯᠳᠠᠯᠭ᠎ᠠ ᠲᠠᠢ ᠵᠠᠷᠣᠴᠠᠭᠤᠯᠵᠣ᠂ ᠬᠤᠰᠢᠭᠤ | ᠪᠠᠶᠢᠭᠤᠯᠣᠬᠳᠠᠭᠰᠠᠨ 60 ᠵᠢᠯ ᠤᠨ ᠣᠢ ᠶᠢ ᠣᠭᠳᠣᠬᠤ ᠪᠠ ᠦᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠪᠡᠶ᠎ᠡ ᠲᠠᠮᠢᠷ ᠤᠨ | ᠴᠣᠭᠯᠠᠭᠠᠨ ᠳᠤ ᠪᠡᠯᠡᠭ ᠪᠠᠷᠢᠬᠤ ᠨᠢᠭᠡ ᠪᠦᠯᠦᠭ ᠢᠨᠵᠧᠨᠧᠷᠢᠩ ᠢ ᠣᠷᠢᠳᠠᠪᠡᠷ ᠵᠣᠬᠢᠶᠠᠨ ᠪᠠᠶᠢᠭᠤᠯᠣᠨ ᠬᠡᠷᠡᠭᠵᠢᠬᠦᠯᠵᠦ᠂ ᠮᠠᠨ ᠤ ᠬᠤᠰᠢᠭᠤᠨ ᠤ ᠠᠷᠠᠳ ᠤᠨ | ᠠᠮᠢᠳᠣᠷᠠᠯ ᠤᠨ ᠦᠢᠯᠡᠰ ᠤᠨ ᠬᠦᠭᠵᠢᠯᠲᠡ ᠶᠢᠨ ᠳᠣᠲᠠᠭᠤᠳᠠᠯ ᠢ ᠠᠯᠬᠤᠮ ᠴᠢᠨᠠᠭᠰᠢᠲᠠ ᠨᠦᠬᠦᠪᠦᠷᠢᠯᠡᠵᠦ᠂ ᠠᠵᠣ ᠠᠬᠤᠢ ᠶᠢᠨ ᠬᠦᠭᠵᠢᠯᠲᠡ ᠶᠢᠨ ᠰᠢᠨ᠎ᠡ ᠬᠦᠳᠡᠯᠭᠡᠬᠦ | ᠴᠢᠳᠠᠪᠣᠷᠢ ᠶᠢ ᠪᠣᠶᠢᠵᠢᠭᠤᠯᠣᠨ᠎ᠠ᠃ ᠡᠨᠡ ᠵᠢᠯ᠂ 3000 ᠲᠦᠮᠡᠨ ᠲᠦᠭᠦᠷᠢᠭ ᠠᠴᠠ ᠳᠡᠭᠡᠭᠰᠢᠬᠢ 43 ᠭᠤᠣᠯᠳᠠᠯᠭ᠎ᠠ ᠲᠠᠢ ᠲᠦᠷᠦᠯ ᠵᠦᠢᠯ ᠢ ᠠᠩᠬ᠎ᠠ ᠠᠯᠬᠤᠮ | ᠲᠣᠬᠢᠷᠠᠭᠤᠯᠵᠣ᠂ 204.9 ᠳ᠋ᠥᠩᠰᠢᠭᠤᠷ ᠲᠦᠭᠦᠷᠢᠭ ᠤᠨ ᠶᠡᠷᠥᠩᠬᠡᠢ ᠪᠡᠯᠡ ᠣᠷᠣᠭᠤᠯᠵᠣ᠂ ᠵᠢᠯ ᠤᠨ ᠳᠣᠳᠣᠷ᠎ᠠ 36 ᠳ᠋ᠥᠩᠰᠢᠭᠤᠷ ᠲᠦᠭᠦᠷᠢᠭ ᠪᠡᠯᠡ | ᠣᠷᠣᠭᠤᠯᠣᠨ᠎ᠠ᠃ | ᠲᠦᠷᠦᠯ ᠵᠦᠢᠯ ᠢ ᠲᠦᠯᠬᠢᠨ ᠠᠬᠢᠭᠤᠯᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠲᠦᠷᠦᠯ ᠵᠦᠢᠯ ᠢ ᠣᠷᠣᠭᠤᠯᠬᠤ ᠳᠤ ᠡᠷᠬᠡᠪᠰᠢ ᠭᠤᠣᠯ ᠴᠣᠭᠴᠠ ᠶᠢᠨ | ᠴᠢᠳᠠᠪᠬᠢᠲᠣ ᠣᠷᠣᠨ ᠤ ᠲᠦᠯᠦᠪᠵᠢᠭᠦᠯᠭᠡ ᠳᠤ ᠨᠡᠶᠢᠴᠡᠭᠦᠯᠬᠦ᠂ ᠠᠵᠣ ᠦᠢᠯᠡᠰ ᠤᠨ ᠲᠦᠷᠦ ᠶᠢᠨ ᠪᠣᠳᠣᠯᠭ᠎ᠠ ᠳᠤ ᠨᠡᠶᠢᠴᠡᠭᠦᠯᠬᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠵᠠᠷᠴᠢᠮ ᠶᠣᠰᠣᠭᠠᠷ᠂ ᠲᠦᠷᠦᠯ ᠵᠦᠢᠯ ᠤᠨ ᠰᠡᠳᠦᠪ ᠲᠣᠭᠲᠠᠭᠠᠯᠲᠠ᠂ ᠣᠷᠴᠢᠨ ᠲᠣᠭᠤᠷᠢᠨ ᠤ ᠨᠦᠯᠦᠭᠡᠯᠡᠯ ᠢ | ᠦᠨᠡᠯᠡᠬᠦ᠂ ᠭᠠᠵᠠᠷ ᠬᠡᠷᠡᠭᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠴᠢᠩᠭ᠎ᠠ ᠠᠳᠬᠤᠵᠣ᠂ ᠨᠢᠭᠡ ᠪᠦᠯᠦᠭ ᠦᠨᠳᠦᠰᠦᠨ ᠰᠠᠭᠤᠷᠢ ᠪᠣᠯᠬᠤ᠂ ᠠᠯᠣᠰ ᠬᠤᠯᠠ | ᠶᠢᠨ ᠠᠴᠢ ᠲᠣᠰᠠ ᠲᠠᠢ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠰᠢᠨᠵᠢᠯᠡᠬᠦ ᠣᠬᠠᠭᠠᠨᠴᠢ ᠪᠠᠷ ᠰᠦᠪᠡᠭᠴᠢᠯᠡᠨ᠎ᠡ᠃ ᠲᠦᠷᠦᠯ ᠵᠦᠢᠯ ᠢ ᠲᠦᠯᠬᠢᠨ | ᠠᠬᠢᠭᠤᠯᠬᠤ᠂ ᠬᠢᠨᠠᠨ ᠰᠢᠯᠭᠠᠬᠤ ᠠᠵᠢᠯ ᠤᠨ ᠲᠣᠭᠲᠠᠴᠠ ᠶᠢ ᠲᠡᠬᠦᠯᠳᠡᠷᠵᠢᠭᠦᠯᠵᠦ᠂ ᠲᠦᠷᠦᠯ ᠵᠦᠢᠯ ᠤᠨ ᠴᠠᠭ ᠤᠨ ᠬᠦᠰᠦᠨᠦᠭᠲᠦ᠂ ᠵᠠᠮ ᠤᠨ ᠵᠢᠷᠤᠭ᠂ | ᠬᠠᠷᠢᠭᠤᠴᠠᠯᠭ᠎ᠠ ᠶᠢᠨ ᠪᠢᠴᠢᠭ ᠢ ᠲᠣᠭᠲᠠᠭᠠᠵᠣ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠠᠵᠢᠯ ᠤᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ | ᠰᠠᠯᠠᠭ᠎ᠠ ᠮᠦᠴᠢᠷ ᠤᠨ ᠬᠤᠭᠤᠷᠣᠨᠳᠣᠬᠢ ᠵᠣᠬᠢᠴᠠᠯᠳᠣᠨ ᠬᠠᠮᠵᠢᠯᠴᠠᠬᠤ ᠪᠠᠨ ᠴᠢᠩᠭᠠᠳᠬᠠᠵᠣ᠂ ᠬᠠᠪᠣᠷ ᠤᠨ ᠣᠯᠠᠷᠢᠯ ᠤᠨ ᠲᠦᠷᠦᠯ ᠵᠦᠢᠯ ᠢ ᠲᠦᠪᠯᠡᠷᠡᠭᠦᠯᠦᠨ ᠠᠵᠢᠯ | ᠢᠶᠠᠨ ᠡᠬᠢᠯᠡᠬᠦᠯᠬᠦ ᠶᠢ ᠲᠦᠯᠬᠢᠨ ᠠᠬᠢᠭᠤᠯᠣᠨ᠎ᠠ᠃ ᠲᠦᠷᠦᠯ ᠵᠦᠢᠯ ᠢ ᠵᠢᠷᠣᠮᠵᠢᠭᠤᠯᠣᠨ ᠬᠠᠮᠢᠶᠠᠷᠬᠤ ᠶᠢ ᠴᠢᠩᠭᠠᠳᠬᠠᠵᠣ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ᠂ ᠢᠨᠵᠧᠨᠧᠷᠢᠩ ᠤᠨ ᠬᠢᠨᠠᠯᠲᠠ ᠬᠠᠮᠢᠶᠠᠷᠣᠯᠲᠠ᠂ ᠠᠮᠣᠷ ᠲᠦᠪᠰᠢᠨ ᠤ ᠶᠠᠰᠣ ᠴᠢᠨᠠᠷ ᠪᠠ ᠪᠡᠯᠡ ᠮᠦᠩᠬᠦ ᠶᠢ ᠬᠡᠷᠡᠭᠯᠡᠬᠦ ᠵᠠᠩᠬᠢᠯᠠᠭ᠎ᠠ ᠶᠢᠨ | ᠭᠤᠭᠴᠤᠭ᠎ᠠ ᠶᠢ ᠭᠤᠣᠯᠳᠠᠯᠭ᠎ᠠ ᠲᠠᠢ ᠰᠠᠶᠢᠳᠣᠷ ᠠᠳᠬᠤᠵᠣ᠂ ᠲᠦᠷᠦᠯ ᠵᠦᠢᠯ ᠤᠨ ᠣᠷᠣᠭᠰᠢᠲᠠᠢ ᠠᠬᠢᠭᠤᠯᠣᠭᠳᠠᠬᠤ ᠶᠢ ᠯᠠᠪᠲᠠᠶᠢᠶ᠎ᠠ ᠪᠠᠲᠣᠯᠠᠨ᠎ᠠ᠃ | ᠲᠦᠷᠦᠯ ᠵᠦᠢᠯ ᠤᠨ ᠪᠡᠯᠡ ᠲᠣᠬᠢᠷᠠᠭᠤᠯᠭ᠎ᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠪᠡᠯᠡ ᠲᠣᠬᠢᠷᠠᠭᠤᠯᠭ᠎ᠠ ᠶᠢᠨ ᠠᠷᠭ᠎ᠠ ᠬᠡᠯᠪᠡᠷᠢ | ᠶᠢ ᠰᠢᠨᠡᠴᠢᠯᠡᠵᠦ᠂ ᠮᠦᠩᠬᠦᠨ ᠬᠦᠢᠯᠭᠡᠭᠡᠨ ᠤ ᠪᠠᠭᠠᠵᠢ ᠬᠡᠷᠡᠭᠯᠡᠬᠦᠷ ᠢ ᠰᠠᠶᠢᠳᠣᠷ ᠠᠰᠢᠭᠯᠠᠵᠣ᠂ ᠮᠦᠩᠬᠦᠨ ᠬᠦᠢᠯᠭᠡᠭᠡᠨ ᠪᠠ ᠠᠵᠣ ᠠᠬᠤᠶᠢᠯᠠᠯ ᠯᠤᠭ᠎ᠠ ᠶᠢᠨ | ᠵᠣᠯᠭᠠᠯᠴᠠᠭ᠎ᠠ ᠬᠠᠮᠳᠣᠷᠠᠯᠴᠠᠭ᠎ᠠ ᠪᠠᠨ ᠴᠢᠩᠭᠠᠳᠬᠠᠵᠣ᠂ ᠪᠡᠯᠡ ᠲᠣᠬᠢᠷᠠᠭᠤᠯᠭ᠎ᠠ ᠶᠢᠨ ᠪᠦᠲᠦᠴᠡ ᠶᠢ ᠲᠠᠰᠣᠷᠠᠯᠲᠠ ᠦᠭᠡᠢ ᠰᠢᠯᠢᠳᠡᠭᠵᠢᠭᠦᠯᠵᠦ᠂ ᠪᠡᠯᠡ ᠲᠣᠬᠢᠷᠠᠭᠤᠯᠭ᠎ᠠ | ᠬᠢᠬᠦ ᠴᠢᠳᠠᠪᠣᠷᠢ ᠪᠠᠨ ᠳᠡᠭᠡᠭᠰᠢᠯᠡᠭᠦᠯᠵᠦ᠂ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠪᠠᠨ ᠦᠷᠭᠡᠳᠬᠡᠨ᠎ᠡ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠪᠡᠯᠡ | ᠬᠦᠷᠦᠩᠭᠡ ᠶᠢᠨ ᠬᠤᠷᠰᠢᠯᠴᠠᠬᠤ ᠵᠠᠬᠪᠣᠷ ︵PPP︶ ᠢ ᠬᠦᠨᠵᠡᠭᠡᠢ ᠠᠬᠢᠭᠤᠯᠵᠣ᠂ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠶᠢ | ᠬᠤᠳᠠᠯᠳᠣᠨ ᠠᠪᠬᠤ ᠬᠦᠴᠦᠯᠡᠴᠡ ᠶᠢ ᠨᠡᠮᠡᠭᠳᠡᠭᠦᠯᠵᠦ᠂ ᠠᠷᠠᠳ ᠤᠨ ᠪᠡᠯᠡ ᠬᠦᠷᠥᠩᠭᠡ ᠶᠢ ᠵᠣᠷᠢᠬᠵᠢᠭᠤᠯᠣᠨ ᠵᠢᠯᠣᠭᠤᠳᠴᠣ ᠪᠠᠶᠢᠭᠠᠳ ᠣᠯᠠᠨ ᠨᠡᠶᠢᠲᠡ ᠶᠢᠨ | ᠦᠢᠯᠡᠴᠢᠯᠡᠭᠡᠨ᠂ ᠰᠠᠭᠤᠷᠢ ᠲᠦᠭᠦᠭᠡᠷᠦᠮᠵᠢ ᠵᠡᠷᠭᠡ ᠬᠦᠷᠢᠶ᠎ᠡ ᠴᠠᠷᠠᠭ᠎ᠠ ᠶᠢᠨ ᠪᠡᠯᠡ ᠣᠷᠣᠭᠤᠯᠣᠯᠲᠠ ᠳᠤ ᠣᠷᠣᠯᠴᠠᠭᠤᠯᠣᠨ᠎ᠠ᠃ ᠲᠦᠷᠦᠯ ᠵᠦᠢᠯ ᠢ ᠨᠣᠲᠠᠯᠠᠬᠤ᠂ | ᠲᠠᠨᠢᠯᠴᠠᠭᠤᠯᠬᠤ᠂ ᠨᠡᠭᠡᠭᠡᠨ ᠠᠰᠢᠭᠯᠠᠬᠤ᠂ ᠬᠡᠷᠡᠭᠵᠢᠭᠦᠯᠬᠦ ᠬᠦᠴᠦᠯᠡᠴᠡ ᠶᠢ ᠴᠢᠩᠭᠠᠷᠠᠭᠤᠯᠵᠣ᠂ ᠭᠤᠣᠯᠳᠠᠯᠭ᠎ᠠ ᠲᠠᠢ ᠲᠦᠷᠦᠯ ᠵᠦᠢᠯ ᠢ ᠨᠦᠬᠡᠴᠡᠯᠡᠬᠦ ᠬᠦᠮᠦᠷᠭᠡ | ᠪᠠᠶᠢᠭᠤᠯᠵᠣ᠂ ᠣᠯᠣᠰ ᠪᠠ ᠦᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠣᠯᠲᠠ ᠶᠢᠨ ᠴᠢᠭᠯᠡᠯ ᠢ ᠴᠢᠩᠭ᠎ᠠ ᠡᠵᠡᠮᠰᠢᠵᠣ᠂ ᠡᠯ᠎ᠡ ᠠᠵᠢᠯ ᠲᠦᠷᠦᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠯᠦᠭᠡ ᠣᠨᠣᠪᠴᠢᠲᠠᠢ ᠪᠦᠲᠦᠮᠵᠢᠲᠡᠢ ᠪᠠᠷ ᠵᠣᠯᠭᠤᠯᠳᠣᠭᠤᠯᠬᠤ ᠶᠢ ᠴᠢᠩᠭᠠᠳᠬᠠᠵᠣ᠂ ᠨᠢᠭᠡ ᠪᠦᠯᠦᠭ ᠠᠷᠠᠳ ᠤᠨ ᠠᠮᠢᠳᠣᠷᠠᠯ ᠪᠠ ᠠᠵᠣ | ᠦᠢᠯᠡᠰ ᠤᠨ ᠬᠦᠭᠵᠢᠭᠦᠯᠦᠯᠲᠡ ᠶᠢᠨ ᠲᠣᠬᠠᠢ ᠲᠣᠮᠣ ᠲᠦᠷᠦᠯ ᠵᠦᠢᠯ ᠢ ᠳᠡᠭᠡᠳᠦ ᠱᠠᠲᠣᠨ ᠤ ᠲᠦᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠣ᠂ | ᠬᠦᠭᠵᠢᠭᠦᠯᠦᠯᠲᠡ ᠶᠢᠨ ᠪᠡᠯᠡ ᠮᠦᠩᠬᠦ ᠳᠣᠳᠠᠮᠠᠭ ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ᠲᠠᠷᠢᠶᠠᠯᠠᠩ ᠮᠠᠯ ᠠᠵᠣ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠣᠨ᠎ᠠ᠃ ᠲᠡᠷᠢᠶᠠᠯᠠᠩ ᠮᠠᠯ ᠠᠵᠣ ᠠᠬᠤᠢ ᠶᠢᠨ ᠬᠠᠩᠭᠠᠯᠭ᠎ᠠ | ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠨᠠᠶᠢᠳᠠᠪᠣᠷᠢᠵᠢᠭᠤᠯᠬᠤ ᠶᠢ ᠨᠡᠩ ᠳᠣᠪᠣᠶᠢᠮ᠎ᠠ ᠪᠠᠶᠢᠷᠢᠨ ᠳᠤ ᠲᠠᠯᠪᠢᠵᠣ᠂ ᠣᠯᠣᠰ ᠤᠨ ᠪᠣᠬᠢᠷᠳᠣᠯ | ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠡᠳ᠋ᠰᠢᠭᠦᠯᠵᠦ᠂ ᠭᠠᠳᠠᠭᠰᠢ ᠭᠠᠷᠭᠠᠬᠤ ᠴᠢᠬᠤᠯᠠ ᠰᠠᠭᠤᠷᠢᠨ | ᠭᠠᠵᠠᠷ ᠢ ᠪᠦᠬᠦ ᠬᠦᠴᠦᠨ ᠢᠶᠠᠷ ᠪᠠᠶᠢᠭᠤᠯᠣᠨ᠎ᠠ᠃ | ᠠᠵᠣ ᠦᠢᠯᠡᠰᠵᠢᠯᠲᠡ ᠶᠢᠨ ᠲᠦᠪᠰᠢᠨ ᠢ ᠳᠡᠭᠡᠭᠰᠢᠯᠡᠬᠦᠯᠦᠨ᠎ᠡ᠃ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠠᠮᠢ ᠠᠬᠤᠢ ᠶᠢᠨ ᠰᠠᠭᠠᠯᠢ ᠶᠢᠨ ᠦᠨᠢᠶᠡᠨ ᠤ | ᠲᠠᠯᠠᠪᠣᠷ ᠢ ᠪᠦᠲᠦᠭᠡᠨ ᠪᠠᠶᠢᠭᠤᠯᠵᠣ᠂ ᠨᠢᠭᠡ ᠪᠦᠯᠦᠭ ᠰᠦᠨ ᠦᠢᠯᠡᠰ ᠤᠨ ᠲᠣᠰᠬᠠᠢ ᠬᠤᠷᠰᠢᠶ᠎ᠠ ᠶᠢ ᠢᠳᠡᠪᠬᠢᠲᠡᠢ ᠳᠡᠮᠵᠢᠵᠦ᠂ ᠴᠠᠭᠠᠨ ᠢᠳᠡᠭᠡᠨ ᠤ ᠠᠵᠣ ᠦᠢᠯᠡᠰ | ᠯᠤᠭ᠎ᠠ ᠶᠢᠨ ᠵᠣᠯᠭᠠᠯᠴᠠᠭ᠎ᠠ ᠬᠠᠮᠲᠣᠷᠠᠯᠴᠠᠭ᠎ᠠ ᠪᠠᠨ ᠴᠢᠩᠭᠠᠳᠬᠠᠵᠣ᠂ ᠮᠠᠯᠴᠢᠳ ᠤᠨ ᠰᠦ ᠰᠠᠭᠠᠯᠢ ᠪᠠᠨ ᠬᠤᠳᠠᠯᠳᠣᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ | ︽ᠬᠤᠨᠢᠨ ᠤ ᠲᠤᠭ᠎ᠠ ᠲᠣᠯᠣᠭᠠᠢ ᠶᠢ ᠲᠣᠭᠲᠠᠭᠤᠨ ᠪᠣᠯᠭᠠᠵᠣ ᠦᠭᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠬᠦ︾ ᠬᠦᠭᠵᠢᠯᠲᠡ ᠶᠢᠨ ᠴᠢᠭᠯᠡᠯᠲᠡ ᠶᠢ ᠪᠠᠷᠢᠮᠲᠠᠯᠠᠵᠣ᠂ | ᠮᠠᠯ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠦᠨ᠂ ᠮᠢᠬᠠᠨ ᠦᠭᠡᠷ᠂ ᠮᠢᠬᠠᠨ ᠬᠤᠨᠢ ᠶᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠣᠯᠲᠠ ᠶᠢ ᠲᠦᠷᠭᠡᠳᠬᠡᠵᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠡᠮᠵᠢᠶ᠎ᠡ ᠶᠢ ᠨᠡᠮᠡᠭᠳᠡᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ | ᠶᠢᠨ ᠬᠦᠭᠵᠢᠭᠦᠯᠦᠯᠲᠡ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠵᠣ᠂ ᠮᠠᠯ ᠠᠵᠣ ᠠᠬᠤᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ | ᠳᠠᠶᠢᠴᠢᠯᠠᠨ᠎ᠠ᠃ ᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠣ᠂ ᠬᠦᠯᠦᠨ ᠪᠣᠶᠢᠷ ᠤᠨ ᠣᠬᠤᠷ | ᠰᠡᠭᠦᠯᠲᠦ ᠬᠤᠨᠢ ᠶᠢ ᠭᠤᠣᠯᠳᠠᠯᠭᠠᠲᠣ ᠰᠦᠷᠦᠭ ᠪᠣᠯᠭᠠᠨ ᠲᠡᠵᠢᠬᠡᠨ ᠦᠷᠡᠵᠢᠬᠦᠯᠬᠦ ᠬᠡᠪᠴᠢᠶ᠎ᠡ ᠶᠢ ᠦᠷᠭᠦᠯᠵᠢᠯᠡᠨ ᠦᠷᠭᠡᠳᠬᠡᠵᠦ᠂ ᠪᠦᠬᠦ ᠣᠯᠣᠰ ᠳᠤ ᠠᠯᠳᠠᠷᠰᠢᠭᠰᠠᠨ | ︽ᠰᠠᠨ ᠾᠧ ᠠᠳᠣᠭᠤ︾ ᠪᠣᠶᠢᠵᠢᠭᠤᠯᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠣᠨ᠎ᠠ᠃ ᠣᠳᠣ ᠦᠶ᠎ᠡ ᠶᠢᠨ ᠠᠳᠣᠭᠤᠨ ᠦᠢᠯᠡᠰ ᠢ ᠶᠡᠬᠡᠪᠡᠷ ᠬᠦᠭᠵᠢᠬᠦᠯᠵᠦ᠂ | ᠣᠳᠣ ᠦᠶ᠎ᠡ ᠶᠢᠨ ᠠᠳᠣᠭᠤᠨ ᠰᠣᠶᠣᠯ ᠤᠨ ᠠᠵᠣ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ ᠠᠳᠣᠭᠤ ᠪᠠᠷ ᠭᠤᠣᠯ | ᠪᠣᠯᠭᠠᠭᠰᠠᠨ ᠪᠡᠶ᠎ᠡ ᠲᠠᠮᠢᠷ ᠤᠨ ᠣᠷᠣᠯᠳᠣᠭᠠᠨ᠂ ᠵᠤᠭ᠎ᠠ ᠴᠡᠩᠬᠡᠯ ᠰᠡᠯᠡᠭᠦᠴᠡᠯ᠂ ᠠᠷᠠᠯᠵᠢᠶ᠎ᠠ ᠬᠤᠳᠠᠯᠳᠤᠭ᠎ᠠ ᠵᠣᠭᠠᠴᠠᠯ ᠵᠡᠷᠭᠡ ᠠᠵᠣ ᠦᠢᠯᠡᠰ ᠤᠨ ᠠᠭᠤᠰᠣᠯᠴᠠᠨ | ᠬᠦᠭᠵᠢᠬᠦ ᠶᠢ ᠠᠬᠢᠭᠤᠯᠣᠨ᠎ᠠ᠃ ᠡᠪᠡᠰᠦᠨ ᠤ ᠠᠵᠣ ᠦᠢᠯᠡᠰ ᠤᠨ ᠬᠦᠭᠵᠢᠯᠲᠡ ᠶᠢ ᠠᠬᠢᠭᠤᠯᠵᠣ᠂ ᠴᠢᠨᠠᠷ ᠰᠠᠶᠢᠨᠳᠠᠢ ᠪᠡᠯᠴᠢᠭᠡᠷ ᠡᠪᠡᠰᠦ ᠶᠢ ᠲᠠᠷᠢᠵᠣ ᠪᠣᠶᠢᠵᠢᠭᠤᠯᠵᠣ | ᠰᠣᠳᠣᠯᠣᠨ ᠨᠡᠬᠡᠬᠡᠬᠦ ᠠᠵᠢᠯ ᠢ ᠴᠢᠩᠭᠠᠳᠬᠠᠵᠣ᠂ ᠴᠢᠨᠠᠷ ᠰᠠᠶᠢᠨᠳᠠᠢ ᠪᠡᠯᠴᠢᠭᠡᠷ ᠡᠪᠡᠰᠦ ᠲᠠᠷᠢᠬᠤ ᠲᠠᠯᠠᠪᠠᠢ ᠶᠢ ᠦᠷᠭᠡᠳᠬᠡᠵᠦ᠂ ᠣᠯᠣᠰ ᠤᠨ ᠳᠡᠰ ᠤᠨ ᠪᠡᠯᠴᠢᠭᠡᠷ | ᠡᠪᠡᠰᠦ ᠶᠢᠨ ᠦᠢᠯᠡᠰ ᠢ ᠬᠦᠭᠵᠢᠬᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠣᠨ᠎ᠠ᠃ ᠳ᠋ᠠᠶᠠᠨ ᠤ ᠾᠧ ᠱᠧᠩ ᠲᠦᠮᠦᠰᠦᠨ ᠦᠢᠯᠡᠰ ᠤᠨ ᠺᠣᠮᠫᠠᠨᠢ ᠶᠢᠨ | ᠬᠦᠭᠵᠢᠯᠲᠡ ᠶᠢ ᠳᠡᠮᠵᠢᠵᠦ᠂ ᠬᠦᠯᠦᠨ ᠪᠣᠶᠢᠷ ᠤᠨ ᠴᠢᠬᠤᠯᠠ ᠲᠦᠮᠦᠰᠦ ᠲᠠᠷᠢᠵᠣ ᠪᠣᠶᠢᠵᠢᠭᠤᠯᠬᠤ ᠰᠠᠭᠤᠷᠢᠨ ᠭᠠᠵᠠᠷ ᠢ ᠬᠦᠴᠦᠯᠡᠨ ᠪᠦᠲᠦᠭᠡᠨ ᠪᠠᠶᠢᠭᠤᠯᠣᠨ᠎ᠠ᠃ | ᠲᠦᠯ ᠲᠣᠰᠴᠣ ᠪᠣᠶᠢᠵᠢᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠲᠡᠵᠢᠭᠡᠯ ᠪᠣᠷᠳᠤᠭ᠎ᠠ ᠲᠣᠬᠢᠷᠠᠭᠤᠯᠣᠨ ᠵᠦᠭᠡᠭᠡᠪᠦᠷᠢᠯᠡᠬᠦ ᠵᠡᠷᠭᠡ ᠠᠵᠢᠯ ᠢ ᠳᠣᠪᠣᠶᠢᠮ᠎ᠠ | ᠰᠠᠶᠢᠳᠣᠷ ᠠᠳᠬᠤᠵᠣ᠂ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠠᠮᠣᠷ ᠲᠦᠪᠰᠢᠨ ᠢ ᠯᠠᠪᠲᠠᠶᠢᠶ᠎ᠠ ᠪᠠᠲᠣᠯᠠᠨ᠎ᠠ᠃ | ᠣᠨᠴᠠᠯᠢᠭᠲᠣ ᠠᠵᠣ ᠦᠢᠯᠡᠰ ᠢ ᠢᠳᠡᠪᠬᠢᠲᠡᠢ ᠬᠦᠭᠵᠢᠬᠦᠯᠦᠨ᠎ᠡ᠃ ︽ᠠᠵᠣ ᠠᠬᠤᠶᠢᠯᠠᠯ ᠤᠨ ᠨᠡᠷ᠎ᠡ ᠠᠯᠳᠠᠷᠲᠣ ᠲᠦᠷᠦᠯ ᠲᠡᠮᠳᠡᠭᠲᠦ ᠶᠢ ᠡᠭᠦᠳᠴᠦ᠂ | ᠣᠨᠴᠠᠯᠢᠭ ᠲᠠᠢ ᠪᠠᠷ᠂ ᠣᠬᠢ ᠰᠠᠶᠢᠨ ᠢᠶᠠᠷ ᠬᠦᠭᠵᠢᠬᠦᠯᠬᠦ︾ ᠪᠠᠷ ᠴᠢᠭᠯᠡᠯ ᠢᠶᠠᠨ ᠪᠣᠯᠭᠠᠵᠣ᠂ ᠶᠡᠬᠡᠲᠡᠯ᠎ᠠ᠂ ᠯᠢᠣᠢ ᠰᠢᠶᠠᠩ ᠵᠡᠷᠭᠡ ᠮᠢᠬᠠᠨ ᠤ ᠲᠦᠷᠦᠯ ᠢ ᠡᠳ᠋ᠰᠢᠭᠦᠯᠬᠦ | ᠠᠵᠣ ᠠᠬᠤᠶᠢᠯᠠᠯ ᠳᠤ ᠲᠦᠰᠢᠭᠯᠡᠨ᠂ ᠮᠠᠯ ᠤᠨ ᠠᠰᠢᠭ ᠰᠢᠮ᠎ᠡ ᠶᠢ ᠨᠠᠷᠢᠯᠢᠭ ᠬᠦᠨ ᠡᠳ᠋ᠰᠢᠭᠦᠯᠬᠦ ᠲᠠᠯ᠎ᠠ ᠳᠤ ᠬᠦᠴᠦ ᠲᠠᠯᠪᠢᠵᠣ᠂ ᠲᠣᠰ ᠭᠠᠵᠠᠷ ᠣᠷᠣᠨ ᠤ ᠦᠭᠡᠷ | ᠬᠤᠨᠢᠨ ᠮᠢᠬᠠᠨ ᠤ ᠪᠣᠬᠢᠷᠳᠣᠯ ᠦᠭᠡᠢ ᠲᠦᠷᠦᠯ ᠲᠡᠮᠳᠡᠭᠲᠦ ᠶᠢ ᠬᠦᠴᠦᠯᠡᠨ ᠡᠭᠦᠳᠴᠦ᠂ ᠮᠢᠬᠠᠨ ᠦᠢᠯᠡᠳᠬᠦᠨ ᠤ ᠨᠡᠮᠡᠯᠲᠡ ᠦᠷᠲᠡᠭ ᠢ ᠨᠡᠮᠡᠭᠳᠡᠭᠦᠯᠦᠨ᠎ᠡ᠃ ᠠᠵᠣ | ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠲᠠᠢ ᠣᠶᠠᠯᠳᠣᠭᠤᠯᠣᠨ᠂ ᠣᠣᠭᠠᠯ ᠡᠬᠢ ᠪᠠᠶᠠᠯᠢᠭ᠂ ᠠᠵᠣ ᠦᠢᠯᠡᠰ ᠤᠨ ᠰᠠᠭᠤᠷᠢ ᠪᠠ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠠᠷᠠᠳ ᠣᠯᠠᠨ ᠤ ᠦᠢᠯᠡᠳᠪᠦᠷᠢᠯᠡᠯ ᠠᠮᠢᠳᠣᠷᠠᠯ ᠤᠨ ᠪᠣᠳᠠᠳᠣ ᠪᠠᠶᠢᠳᠠᠯ ᠠᠴᠠ ᠡᠭᠦᠰᠴᠣ᠂ ᠨᠢᠭᠡ ᠪᠦᠯᠦᠭ ᠪᠡᠯᠡ | ᠣᠷᠣᠭᠤᠯᠣᠯᠲᠠ ᠪᠠᠷ ᠴᠦᠬᠡᠨ᠂ ᠠᠶᠣᠯ ᠲᠦᠭᠰᠢᠬᠦᠷᠢ ᠪᠠᠷ ᠪᠠᠭ᠎ᠠ᠂ ᠦᠷ᠎ᠡ ᠠᠰᠢᠭ ᠣᠯᠬᠤ ᠳᠤ ᠲᠦᠷᠭᠡᠨ ᠪᠠᠶᠢᠳᠠᠭ ᠣᠨᠴᠠᠯᠢᠭᠲᠣ ᠠᠵᠣ ᠦᠢᠯᠡᠰ ᠢ ᠰᠦᠪᠡᠭᠴᠢᠯᠡᠨ | ᠪᠣᠶᠢᠵᠢᠭᠤᠯᠵᠣ᠂ ᠢᠳᠡᠰᠢᠨ ᠨᠣᠭᠤᠭ᠎ᠠ᠂ ᠢᠳᠡᠰᠢᠨ ᠮᠦᠬᠦ ᠲᠠᠷᠢᠬᠤ ᠪᠠ ᠪᠣᠬᠢᠷᠳᠣᠯ ᠦᠭᠡᠢ ᠲᠠᠬᠢᠶ᠎ᠠ᠂ ᠭᠠᠯᠠᠭᠤ ᠲᠡᠵᠢᠭᠡᠨ ᠦᠷᠡᠵᠢᠬᠦᠯᠬᠦ ᠵᠡᠷᠭᠡ ᠲᠠᠯ᠎ᠠ ᠶᠢᠨ | ᠬᠦᠷᠢᠶᠡᠨ ᠠᠵᠣ ᠠᠬᠤᠢ ᠶᠢ ᠭᠤᠣᠯᠳᠠᠯᠭ᠎ᠠ ᠲᠠᠢ ᠬᠦᠭᠵᠢᠬᠦᠯᠵᠦ᠂ ᠮᠠᠯᠴᠢᠳ ᠢ ᠲᠣᠬᠠᠢ ᠶᠢᠨ ᠭᠠᠵᠠᠷ ᠲᠤᠨᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠬᠦᠯᠦᠨ᠎ᠡ᠃ | ᠴᠠᠭᠠᠨ ᠢᠳᠡᠭᠡᠨ᠂ ᠦᠬᠡᠷ ᠬᠤᠨᠢᠨ ᠮᠢᠬ᠎ᠠ ᠵᠡᠷᠭᠡ ᠦᠨᠳᠦᠰᠦᠲᠡᠨ ᠤ ᠣᠨᠴᠠᠯᠢᠭᠲᠣ ᠢᠳᠡᠭᠡᠨ ᠤ ᠵᠦᠢᠯ ᠢ ᠡᠳ᠋ᠰᠢᠭᠦᠯᠦᠨ ᠦᠢᠯᠡᠳᠪᠦᠷᠢᠯᠡᠬᠦ ᠶᠢ ᠵᠣᠷᠢᠭᠵᠢᠭᠤᠯᠣᠨ᠂ | ᠣᠯᠠᠮᠵᠢᠯᠠᠯᠲᠣ ᠦᠨᠳᠦᠰᠦᠲᠡᠨ ᠤ ᠭᠠᠷ ᠣᠷᠠᠯᠠᠯ ᠤᠨ ᠪᠦᠲᠦᠭᠡᠭᠳᠡᠬᠦᠨ᠂ ᠣᠷᠠᠨ ᠵᠢᠷᠤᠭ ᠤᠨ ᠪᠦᠲᠦᠭᠡᠭᠳᠡᠬᠦᠨ ᠪᠠ ᠴᠦᠬᠡᠨ ᠲᠣᠭᠠᠲᠣ ᠦᠨᠳᠦᠰᠦᠲᠡᠨ ᠤ ᠣᠨᠴᠠ | ᠬᠡᠷᠡᠭᠯᠡᠭᠡᠨ ᠤ ᠲᠠᠸᠠᠷ ᠦᠢᠯᠡᠳᠪᠦᠷᠢᠯᠡᠬᠦ ᠶᠢ ᠳᠡᠮᠵᠢᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠨᠢ ᠲᠠᠰᠣᠷᠠᠯᠲᠠ ᠦᠭᠡᠢ | ᠦᠷᠭᠡᠳᠬᠡᠨ᠎ᠡ᠃ | ᠦᠢᠯᠡᠳᠪᠦᠷᠢᠯᠡᠨ ᠡᠵᠡᠩᠨᠡᠬᠦ ᠬᠡᠪ ᠵᠠᠬᠪᠣᠷ ᠢ ᠰᠢᠨᠡᠳᠬᠡᠨ᠎ᠡ᠃ ᠮᠠᠯ ᠠᠷᠠᠯᠵᠢᠶᠠᠯᠠᠬᠤ ᠵᠠᠬ᠎ᠠ ᠳᠡᠯᠭᠡᠭᠦᠷ ᠢ ᠢᠳᠡᠪᠬᠢᠲᠡᠢ ᠰᠦᠪᠡᠭᠴᠢᠯᠡᠨ ᠪᠦᠲᠦᠭᠡᠨ ᠪᠠᠶᠢᠭᠤᠯᠵᠣ᠂ | ᠮᠠᠯ ᠠᠷᠠᠯᠵᠢᠶᠠᠯᠠᠬᠤ ᠬᠦᠢᠯᠭᠡᠭᠡᠨ ᠤ ᠬᠡᠪᠴᠢᠶ᠎ᠡ ᠶᠢ ᠦᠷᠬᠡᠳᠬᠡᠵᠦ᠂ ᠮᠠᠯ ᠠᠷᠠᠯᠵᠢᠶᠠᠯᠠᠬᠤ ᠬᠦᠢᠯᠭᠡᠭᠡᠨ ᠤ ᠭᠤᠭᠴᠤᠭ᠎ᠠ ᠶᠢ ᠪᠠᠭᠠᠰᠬᠠᠵᠣ᠂ ᠪᠠᠷᠠᠭᠠᠨ ᠤ ᠬᠦᠢᠯᠭᠡᠭᠡ ᠶᠢᠨ | ᠦᠪᠡᠷ ᠤᠨ ᠦᠷᠲᠡᠭ ᠢ ᠪᠠᠭᠤᠷᠠᠭᠤᠯᠵᠣ᠂ ᠮᠠᠯᠵᠢᠬᠤ ᠣᠷᠣᠨ ᠤ ᠮᠠᠯ ᠠᠷᠠᠯᠵᠢᠶᠠᠯᠠᠬᠤ ᠶᠢ ᠬᠡᠪᠴᠢᠶᠡᠵᠢᠭᠦᠯᠵᠦ᠂ ᠠᠵᠣ ᠦᠢᠯᠡᠰᠵᠢᠭᠦᠯᠬᠦ ᠶᠢ ᠠᠬᠢᠭᠤᠯᠣᠨ᠎ᠠ᠃ ᠣᠯᠠᠨ | ᠵᠦᠢᠯ ᠤᠨ ᠬᠡᠯᠪᠡᠷᠢ ᠪᠠᠷ ᠵᠣᠬᠢᠬᠤ ᠬᠡᠪᠴᠢᠶ᠎ᠡ ᠪᠠᠷ ᠡᠵᠡᠩᠨᠡᠬᠦ ᠶᠢ ᠯᠠᠪᠳᠠᠭᠤᠨ ᠢᠶᠠᠷ ᠠᠬᠢᠭᠤᠯᠵᠣ᠂ ᠨᠢᠭᠡ ᠪᠦᠯᠦᠭ ᠮᠠᠯᠴᠢᠳ ᠤᠨ ᠲᠣᠰᠬᠠᠢ ᠬᠤᠷᠰᠢᠶ᠎ᠠ᠂ ᠲᠣᠰᠬᠠᠢ | ᠲᠣᠮᠣ ᠡᠷᠦᠬᠡ᠂ ᠲᠠᠷᠢᠶᠠᠯᠠᠩ ᠮᠠᠯ ᠠᠵᠣ ᠠᠬᠤᠢ ᠶᠢᠨ ᠳᠣᠮᠳᠠ ᠵᠢᠵᠢᠭ ᠠᠵᠣ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ | ᠬᠦᠴᠦᠯᠡᠨ ᠪᠣᠶᠢᠵᠢᠭᠤᠯᠬᠤ᠂ ︽ᠺᠣᠮᠫᠠᠨᠢ + ᠰᠠᠭᠤᠷᠢᠨ ᠭᠠᠵᠠᠷ + ᠨᠠᠶᠢᠬᠡᠮᠯᠢᠭ + ᠮᠠᠯᠴᠢᠨ ᠡᠷᠦᠬᠡ︾ ᠶᠢᠨ ᠠᠰᠢᠭ ᠲᠣᠰᠠ ᠲᠠᠢ ᠨᠢ ᠬᠤᠯᠪᠣᠭᠳᠠᠭᠤᠯᠬᠤ ᠬᠡᠪ | ᠵᠠᠬᠪᠣᠷ ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠠᠵᠣ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠣᠭᠲᠠᠯᠴᠠᠭ᠎ᠠ᠂ ᠭᠠᠮᠰᠢᠭ ᠲᠠᠢ ᠲᠡᠮᠡᠴᠡᠨ ᠭᠠᠮᠰᠢᠭ ᠢ ᠪᠠᠭᠠᠰᠬᠠᠬᠤ | ᠪᠠᠲᠣᠯᠠᠭ᠎ᠠ ᠶᠢᠨ ᠲᠣᠭᠲᠠᠯᠴᠠᠭ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠮᠦᠷᠳᠡᠬᠦ ᠰᠢᠰᠲ᠋ᠧᠮ ᠤᠨ ᠪᠦᠲᠦᠭᠡᠨ ᠪᠠᠶᠢᠭᠤᠯᠣᠯᠲᠠ ᠶᠢ | ᠴᠢᠩᠭᠠᠳᠬᠠᠨ᠎ᠠ᠃ ᠡᠵᠡᠩᠨᠡᠨ ᠪᠣᠷᠣᠯᠠᠭᠤᠯᠬᠤ ᠬᠡᠪ ᠵᠠᠭᠪᠣᠷ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠵᠣ᠂ ᠡᠯᠧᠺᠲᠷᠣᠨ ᠬᠤᠳᠠᠯᠳᠣᠭᠠᠨ ᠤ ᠶᠠᠪᠣᠳᠠᠯ᠂ ᠵᠠᠬᠢᠶᠠᠯᠠᠭ᠎ᠠ | ᠶᠢᠨ ᠬᠠᠭᠤᠳᠠᠰᠣ ᠪᠠᠷ ᠰᠢᠭᠤᠳ ᠪᠣᠷᠣᠯᠠᠭᠤᠯᠬᠤ᠂ ᠳᠣᠣᠷ᠎ᠠ ᠳᠣᠯᠠᠭᠠᠨᠳᠣ ᠨᠦᠬᠦᠴᠡᠯ ᠳᠣᠣᠷᠠᠬᠢ ᠪᠠᠷᠠᠭᠠᠨ ᠤ ᠬᠦᠢᠯᠭᠡᠭᠡ ᠵᠡᠷᠭᠡ ᠰᠢᠨ᠎ᠡ ᠮᠠᠶ᠋ᠢᠭ ᠤᠨ ᠡᠵᠡᠩᠨᠡᠯᠲᠡ ᠶᠢᠨ | ᠠᠷᠭ᠎ᠠ ᠬᠡᠯᠪᠡᠷᠢ ᠶᠢ ᠶᠡᠬᠡᠪᠡᠷ ᠬᠦᠭᠵᠢᠬᠦᠯᠵᠦ᠂ ᠳᠣᠳᠣᠷ᠎ᠠ ᠭᠠᠵᠠᠷ ᠤᠨ ᠬᠦᠭᠵᠢᠭᠰᠡᠨ ᠭᠠᠵᠠᠷ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠯᠦᠭᠡ ᠣᠨᠣᠪᠴᠢᠲᠠᠢ ᠪᠠᠷ | ᠵᠣᠯᠭᠤᠯᠳᠣᠭᠤᠯᠣᠨᠠ᠃ ᠮᠠᠯᠵᠢᠬᠤ ᠣᠷᠣᠨ ᠤ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠦᠮᠴᠢᠯᠡᠯ ᠤᠨ ᠡᠷᠬᠡ᠂ | ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ ᠶᠢ ᠬᠡᠷᠡᠭᠵᠢᠭᠦᠯᠵᠦ᠂ ᠬᠠᠳᠣᠯᠠᠩ ᠪᠡᠯᠴᠢᠭᠡᠷ ᠤᠨ | ᠡᠵᠡᠩᠨᠡᠯᠲᠡ ᠶᠢᠨ ᠡᠷᠬᠡ ᠶᠢ ᠡᠮᠬᠢ ᠵᠢᠷᠣᠮ ᠲᠠᠢ ᠪᠠᠷ ᠡᠷᠬᠢᠯᠳᠦᠬᠦᠯᠬᠦ ᠶᠢ ᠠᠬᠢᠭᠤᠯᠣᠨ᠎ᠠ᠃ | ︵ᠭᠤᠷᠪᠠ︶ ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠲᠡ ᠶᠢ ᠶᠡᠬᠡᠪᠡᠷ ᠲᠦᠯᠬᠢᠨ ᠠᠬᠢᠭᠤᠯᠣᠨ᠎ᠠ᠃ ᠪᠣᠬᠢᠷᠳᠣᠯ ᠦᠭᠡᠢ ᠪᠠᠷ ᠬᠦᠭᠵᠢᠬᠦᠯᠬᠦ | ᠣᠶᠢᠯᠠᠭᠠᠭᠳᠠᠬᠤᠨ ᠢᠶᠠᠷ ᠳᠠᠶᠢᠴᠢᠯᠠᠨ ᠳᠠᠭᠠᠭᠤᠯᠬᠤ ᠶᠢ ᠪᠠᠷᠢᠮᠲᠠᠯᠠᠵᠣ᠂ ᠨᠡᠭᠦᠷᠡᠰᠦ ᠴᠠᠬᠢᠯᠭᠠᠨ ᠵᠡᠷᠭᠡ ᠣᠯᠠᠮᠵᠢᠯᠠᠯᠲᠣ ᠠᠵᠣ ᠦᠢᠯᠡᠰ ᠤᠨ ᠪᠦᠲᠦᠴᠡ ᠳᠤ ᠪᠠᠶᠢᠯᠳᠣᠬᠤ | ᠪᠣᠳᠣᠯᠭ᠎ᠠ ᠶᠢᠨ ᠴᠢᠨᠠᠷᠲᠠᠢ ᠲᠣᠬᠢᠷᠠᠭᠤᠯᠣᠯᠲᠠ ᠬᠢᠵᠦ᠂ ᠪᠦᠬᠦ ᠣᠯᠣᠰ ᠤᠨ ᠭᠤᠣᠯᠳᠠᠯᠭ᠎ᠠ ᠲᠠᠢ ᠴᠡᠪᠡᠷ ᠡᠨᠧᠷᠬᠢ ᠪᠠ ᠨᠡᠭᠦᠷᠡᠰᠦ ᠪᠠᠷ ᠲᠦᠭᠦᠭᠡᠢ ᠡᠳ᠋ ᠪᠣᠯᠭᠠᠨ | ᠦᠢᠯᠡᠳᠪᠦᠷᠢᠯᠡᠭᠰᠡᠨ ᠦᠢᠯᠡᠳᠬᠦᠨ ᠢ ᠡᠳ᠋ᠰᠢᠭᠦᠯᠦᠨ ᠪᠣᠯᠪᠠᠰᠣᠷᠠᠭᠤᠯᠵᠣ ᠭᠠᠷᠭᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠣᠨ᠎ᠠ᠃ | ᠣᠯᠠᠮᠵᠢᠯᠠᠯᠲᠣ ᠠᠵᠣ ᠦᠢᠯᠡᠰ ᠢ ᠦᠭᠡᠷᠡᠴᠢᠯᠡᠨ ᠳᠡᠰ ᠳᠡᠪᠰᠢᠭᠦᠯᠦᠨ᠎ᠡ᠃ ᠰᠢᠨᠵᠢᠯᠡᠭᠡ ᠮᠡᠷᠭᠡᠵᠢᠯ ᠤᠨ ᠲᠣᠯᠭᠠᠭᠤᠷᠢᠯᠠᠯ ᠪᠠ ᠰᠢᠨᠵᠢᠯᠡᠭᠡ ᠮᠡᠷᠭᠡᠵᠢᠯ ᠤᠨ ᠰᠢᠨ᠎ᠡ | ᠶᠢᠨ ᠡᠭᠦᠳᠦᠯᠳᠡ ᠶᠢ ᠴᠢᠩᠭᠠᠷᠠᠭᠤᠯᠵᠣ᠂ ᠠᠵᠣ ᠠᠬᠤᠶᠢᠯᠠᠯ᠂ ᠳᠡᠭᠡᠳᠦ ᠵᠡᠷᠭᠡ ᠶᠢᠨ ᠰᠣᠷᠭᠠᠭᠤᠯᠢ ᠪᠠ ᠡᠷᠳᠡᠮ ᠰᠢᠨᠵᠢᠯᠡᠭᠡᠨ ᠤ ᠬᠦᠷᠢᠶᠡᠯᠡᠩ ᠤᠨ ᠬᠤᠭᠤᠷᠣᠨᠳᠣᠬᠢ | ᠬᠠᠮᠵᠢᠯᠴᠠᠭ᠎ᠠ ᠶᠢ ᠬᠦᠨᠵᠡᠭᠡᠶᠢᠷᠡᠭᠦᠯᠵᠦ᠂ ᠠᠵᠣ ᠠᠬᠤᠶᠢᠯᠠᠯ ᠤᠨ ᠭᠤᠣᠯᠳᠠᠯᠭ᠎ᠠ ᠲᠠᠢ ᠲᠣᠷᠰᠢᠯᠲᠠ ᠶᠢᠨ ᠭᠡᠷ᠂ ᠪᠠᠷᠢᠯᠭ᠎ᠠ ᠶᠢᠨ ᠮᠡᠷᠭᠡᠵᠢᠯ ᠰᠣᠳᠣᠯᠬᠤ ᠲᠦᠪ᠂ | ᠰᠣᠳᠣᠯᠣᠨ ᠡᠭᠦᠳᠦᠨ ᠪᠦᠲᠦᠭᠡᠬᠦ ᠲᠦᠪ ᠵᠡᠷᠭᠡ ᠰᠢᠨ᠎ᠡ ᠶᠢ ᠡᠭᠦᠳᠬᠦ ᠭᠤᠣᠯ ᠴᠣᠭᠴᠠ ᠪᠠᠶᠢᠭᠤᠯᠬᠤ ᠶᠢ ᠳᠠᠮᠵᠢᠵᠣ᠂ ᠪᠣᠬᠢᠷᠳᠣᠭᠤᠯᠣᠯ ᠢᠶᠠᠷ ᠪᠠᠭ᠎ᠠ᠂ ᠴᠢᠳᠠᠮᠵᠢ ᠨᠢ | ᠦᠨᠳᠦᠷ᠂ ᠨᠡᠮᠡᠯᠲᠡ ᠦᠷᠲᠡᠭ ᠢᠶᠠᠷ ᠦᠨᠳᠦᠷ᠂ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠪᠠᠷ ᠬᠦᠭᠵᠢᠯᠲᠡ ᠶᠢᠨ ᠴᠢᠭᠯᠡᠯ ᠢᠶᠠᠨ ᠪᠣᠯᠭᠠᠵᠣ᠂ ᠠᠵᠣ ᠠᠬᠤᠶᠢᠯᠠᠯ | ᠤᠨ ᠮᠡᠷᠭᠡᠵᠢᠯ ᠤᠨ ᠦᠭᠡᠷᠡᠴᠢᠯᠡᠯᠲᠡ ᠬᠢᠬᠦ ᠶᠢ ᠨᠢ ᠵᠣᠬᠢᠴᠠᠭᠤᠯᠣᠨ ᠠᠬᠢᠭᠤᠯᠵᠣ᠂ ᠠᠵᠣ ᠠᠬᠤᠶᠢᠯᠠᠯ ᠢ ᠵᠣᠷᠢᠭᠵᠢᠭᠤᠯᠣᠨ ᠠᠷᠢᠭᠤᠨ ᠴᠡᠪᠡᠷ ᠢᠶᠠᠷ ᠦᠢᠯᠡᠳᠪᠦᠷᠢᠯᠡᠬᠦ | ᠪᠣᠯᠭᠠᠵᠣ᠂ ᠡᠷᠬᠢᠯᠳᠡᠳᠦ ᠠᠵᠣ ᠠᠬᠤᠢ ᠶᠢ ᠬᠦᠭᠵᠢᠬᠦᠯᠵᠦ᠂ ᠨᠡᠭᠦᠷᠡᠰᠦ ᠴᠠᠬᠢᠯᠭᠠᠨ ᠤ ᠠᠵᠣ ᠠᠬᠤᠶᠢᠯᠠᠯ ᠤᠨ ᠡᠷᠡᠭᠦᠯ ᠢᠶᠠᠷ ᠬᠦᠭᠵᠢᠬᠦ ᠵᠠᠮ ᠢᠶᠠᠷ ᠵᠠᠮᠨᠠᠬᠤ ᠶᠢ | ᠠᠬᠢᠭᠤᠯᠣᠨ᠎ᠠ᠃ ᠨᠡᠬᠦᠷᠡᠰᠦ ᠴᠠᠬᠢᠯᠭᠠᠨ ᠤ ᠠᠵᠣ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠦᠷᠭᠡᠳᠬᠡᠬᠦ ᠶᠢ ᠵᠣᠬᠢᠴᠠᠭᠤᠯᠣᠨ ᠲᠦᠯᠬᠢᠨ ᠠᠬᠢᠭᠤᠯᠵᠣ᠂ ᠬᠤᠸᠠ ᠨᠧᠩ | ᠢᠮᠢᠨ ᠤ ᠨᠡᠭᠦᠷᠡᠰᠦ ᠴᠠᠬᠢᠯᠭᠠᠨ ᠤ ᠺᠣᠮᠫᠠᠨᠢ᠂ ᠮᠧᠩ ᠳ᠋ᠦᠩ ᠡᠨᠧᠷᠬᠢ ᠶᠢᠨ ᠺᠣᠮᠫᠠᠨᠢ ᠶᠢᠨ ᠰᠢᠭᠤᠳ ᠴᠠᠬᠢᠯᠭᠠᠨ ᠬᠠᠩᠭᠠᠬᠤ ᠡᠷᠦᠬᠡ ᠶᠢᠨ ᠲᠤᠭ᠎ᠠ ᠪᠠ ᠴᠠᠬᠢᠯᠭᠠᠨ ᠤ | ᠬᠡᠮᠵᠢᠶ᠎ᠡ ᠶᠢ ᠨᠡᠮᠡᠭᠳᠡᠭᠦᠯᠬᠦ ᠶᠢ ᠳᠡᠮᠵᠢᠵᠦ᠂ ᠨᠡᠭᠦᠷᠡᠰᠦ᠂ ᠴᠠᠬᠢᠯᠭᠠᠨ ᠢ ᠭᠠᠳᠠᠭᠰᠢ ᠬᠦᠷᠭᠡᠬᠦ ᠵᠠᠮ ᠢ ᠨᠡᠪᠲᠡᠷᠡᠭᠦᠯᠵᠦ᠂ ᠨᠡᠭᠦᠷᠡᠰᠦ ᠴᠠᠬᠢᠯᠭᠠᠨ ᠬᠦᠴᠦᠨ ᠤ | ᠦᠢᠯᠡᠳᠪᠦᠷᠢᠯᠡᠯ ᠤᠨ ᠴᠢᠳᠠᠪᠣᠷᠢ ᠶᠢᠨ ᠦᠯᠡᠭᠦᠳᠡᠯ ᠪᠠ ᠦᠨ᠎ᠡ ᠬᠠᠩᠰᠢ ᠶᠢᠨ ᠪᠠᠭᠤᠷᠠᠯᠲᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠰᠢᠨ᠎ᠡ ᠪᠠᠷ ᠪᠣᠢ ᠪᠣᠯᠣᠭᠰᠠᠨ ᠠᠵᠣ ᠦᠢᠯᠡᠰ ᠢ ᠢᠳᠡᠪᠬᠢᠲᠡᠢ ᠬᠦᠭᠵᠢᠬᠦᠯᠦᠨ᠎ᠡ᠃ ᠠᠮᠢ ᠠᠬᠤᠢ ᠶᠢᠨ ᠬᠤᠷᠢᠭ᠎ᠠ ᠱᠣᠭᠤᠮ ᠢ ᠪᠠᠲᠣ ᠰᠠᠬᠢᠬᠤ ᠣᠷᠢᠳᠠᠯ ᠳᠣᠣᠷ᠎ᠠ | ᠂ ᠣᠯᠣᠰ ᠤᠨ ᠠᠵᠣ ᠦᠢᠯᠡᠰ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠵᠢᠴᠢ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢᠨ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠨᠡᠭᠦᠷᠡᠰᠦ᠂ ᠣᠰᠣ᠂ ᠴᠠᠬᠢᠯᠭᠠᠨ ᠤ ᠲᠦᠭᠦᠭᠡᠢ ᠮᠠᠲ᠋ᠧᠷᠢᠶᠠᠯ ᠤᠨ ᠬᠠᠮᠰᠡᠯ ᠤᠨ ᠳᠠᠪᠠᠭᠤᠯᠢᠭ ᠢ | ᠳᠣᠪᠣᠶᠢᠯᠭᠠᠵᠣ᠂ ᠣᠯᠣᠰ ᠤᠨ ᠲᠦᠯᠦᠪᠵᠢᠭᠦᠯᠭᠡ ᠳᠤ ᠨᠢᠭᠡᠨᠲᠡ ᠵᠢᠬᠰᠠᠭᠠᠨ ᠣᠷᠣᠭᠤᠯᠣᠭᠰᠠᠨ ᠢᠮᠢᠨ ᠤ ᠨᠡᠭᠦᠷᠡᠰᠦ ᠪᠠᠷ ᠰᠢᠳᠠᠮᠠᠬᠠᠢ ᠬᠡᠢ ᠦᠢᠯᠡᠳᠬᠦ᠂ ᠱᠧᠨ | ᠬᠤᠸᠠ ᠶᠢᠨ ᠨᠡᠭᠦᠷᠡᠰᠦ ᠪᠠᠷ ᠠᠯᠺᠸᠠ ᠦᠢᠯᠡᠳᠬᠦ ᠵᠡᠷᠭᠡ ᠨᠠᠭᠦᠷᠡᠰᠦ ᠪᠠᠷ ᠴᠡᠪᠡᠷ ᠡᠨᠧᠷᠬᠢ ᠦᠢᠯᠡᠳᠬᠦ ᠠᠵᠣ ᠦᠢᠯᠡᠰ ᠢ ᠢᠳᠡᠪᠬᠢᠲᠡᠢ ᠲᠦᠯᠬᠢᠨ ᠠᠬᠢᠭᠤᠯᠵᠣ᠂ ᠠᠵᠣ | ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠣᠶᠢᠵᠢᠭᠤᠯᠣᠨ᠎ᠠ᠃ 10 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠣ᠂ ᠡᠨᠧᠷᠬᠢ ᠶᠢᠨ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠬᠦᠭᠵᠢᠬᠦ ᠶᠢ | ᠲᠦᠯᠬᠢᠨ ᠠᠬᠢᠭᠤᠯᠣᠨ᠎ᠠ᠃ ᠮᠠᠨ ᠤ ᠬᠤᠰᠢᠭᠤᠨ ᠤ ᠴᠠᠬᠢᠯᠭᠠᠨ ᠬᠦᠴᠦᠨ ᠤ ᠡᠨᠧᠷᠬᠢ᠂ ᠴᠠᠭ ᠠᠭᠤᠷ ᠤᠨ ᠨᠦᠬᠦᠴᠡᠯ᠂ ᠭᠠᠵᠠᠷ ᠵᠦᠢ ᠶᠢᠨ ᠪᠠᠶᠢᠷᠢᠰᠢᠯ ᠵᠡᠷᠭᠡ ᠲᠠᠯ᠎ᠠ | ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠣ᠂ ᠬᠦᠭᠵᠢᠭᠰᠡᠨ ᠭᠠᠵᠠᠷ ᠣᠷᠣᠨ ᠤ ᠲᠣᠮᠣ ᠳ᠋ᠠᠶᠢᠲ᠋ᠠ ᠶᠢᠨ ᠠᠵᠣ ᠦᠢᠯᠡᠰ ᠤᠨ ᠰᠢᠯᠵᠢᠯᠲᠡ ᠶᠢ ᠢᠳᠡᠪᠬᠢᠲᠡᠢ ᠲᠣᠰᠣᠨ | ᠠᠪᠴᠣ᠂ ᠣᠯᠣᠰ ᠤᠨ ᠳᠣᠳᠣᠭᠠᠳᠣ ᠭᠠᠳᠠᠭᠠᠳᠣ ᠶᠢᠨ ᠲᠣᠮᠣ ᠳ᠋ᠠᠶᠢᠲ᠋ᠠ ᠶᠢᠨ ᠠᠵᠣ ᠠᠬᠤᠶᠢᠯᠠᠯ ᠢ ᠳᠠᠳᠠᠨ ᠣᠷᠣᠭᠤᠯᠵᠣ ᠮᠠᠨ ᠤ ᠬᠤᠰᠢᠭᠤᠨ ᠳᠤ | ᠨᠣᠲᠣᠭᠰᠢᠭᠤᠯᠣᠨᠠ᠃ | ᠬᠦᠭᠵᠢᠭᠦᠯᠦᠯᠲᠡ ᠶᠢᠨ ᠣᠷᠴᠢᠨ ᠢ ᠶᠡᠬᠡᠪᠡᠷ ᠰᠢᠯᠢᠳᠡᠭᠵᠢᠭᠦᠯᠦᠨ᠎ᠡ᠃ ᠠᠵᠣ ᠦᠢᠯᠡᠰ ᠤᠨ ᠣᠷᠣᠨ ᠵᠠᠢ ᠶᠢᠨ ᠪᠠᠶᠢᠷᠢᠯᠠᠭᠤᠯᠣᠯᠲᠠ ᠶᠢ ᠠᠯᠬᠤᠮ ᠴᠢᠨᠠᠭᠰᠢᠲᠠ | ᠰᠢᠯᠢᠳᠡᠭᠵᠢᠭᠦᠯᠵᠦ᠂ ᠢᠮᠢᠨ ᠤ ᠠᠵᠣ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠵᠦ᠂ | ᠪᠠᠶᠠᠨᠳᠣᠬᠤᠢ ᠠᠵᠣ ᠠᠬᠤᠢ ᠮᠡᠷᠭᠡᠵᠢᠯ ᠤᠨ ᠨᠡᠬᠡᠬᠡᠯᠲᠡ ᠶᠢᠨ ᠣᠷᠣᠨ ᠪᠠ ᠳ᠋ᠠᠶᠠᠨ ᠤ ᠠᠵᠣ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ | ᠲᠦᠪᠰᠢᠨ ᠢ ᠳᠡᠭᠡᠭᠰᠢᠯᠡᠬᠦᠯᠵᠦ᠂ ᠢᠯᠴᠢ᠂ ᠣᠰᠣ᠂ ᠴᠠᠬᠢᠯᠭᠠᠨ ᠬᠠᠩᠭᠠᠬᠤ ᠵᠡᠷᠭᠡ ᠰᠠᠭᠤᠷᠢ ᠲᠦᠭᠦᠭᠡᠷᠦᠮᠵᠢ ᠶᠢ ᠪᠦᠷᠢᠨᠰᠢᠭᠦᠯᠵᠦ᠂ ᠰᠢᠨ᠎ᠡ ᠮᠡᠷᠭᠡᠵᠢᠯ᠂ ᠰᠢᠨ᠎ᠡ | ᠡᠨᠧᠷᠬᠢ ᠶᠢᠨ ᠠᠵᠣ ᠦᠢᠯᠡᠰ ᠤᠨ ᠴᠣᠭᠯᠠᠷᠠᠯ ᠤᠨ ᠭᠠᠵᠠᠷ ᠢ ᠬᠦᠴᠦᠯᠡᠨ ᠪᠠᠶᠢᠭᠤᠯᠣᠨ᠎ᠠ᠃ ᠠᠵᠣ ᠦᠢᠯᠡᠳᠪᠦᠷᠢ ᠶᠢᠨ ᠠᠵᠣ ᠠᠬᠤᠶᠢᠯᠠᠯ ᠤᠨ ᠠᠵᠢᠯᠯᠠᠭᠠᠨ ᠢ | ᠲᠣᠬᠢᠷᠠᠭᠤᠯᠬᠤ ᠶᠢ ᠦᠷᠭᠦᠯᠵᠢᠯᠡᠨ ᠴᠢᠩᠭᠠᠳᠬᠠᠵᠣ᠂ ᠠᠵᠣ ᠠᠬᠤᠶᠢᠯᠠᠯ ᠤᠨ ᠬᠦᠭᠵᠢᠯᠲᠡ ᠶᠢ ᠲᠡᠳᠬᠦᠨ ᠳᠡᠮᠵᠢᠬᠦ ᠡᠯ᠎ᠡ ᠵᠦᠢᠯ ᠤᠨ ᠳᠠᠷᠣᠯᠲᠠ ᠶᠢ ᠪᠠᠭᠠᠰᠬᠠᠬᠤ | ᠠᠷᠭ᠎ᠠ ᠬᠡᠮᠵᠢᠶ᠎ᠡ ᠶᠢ ᠨᠢᠮᠪᠠᠢ ᠨᠠᠶᠢᠳᠠᠪᠣᠷᠢᠵᠢᠭᠤᠯᠵᠣ᠂ ᠠᠵᠣ ᠠᠬᠤᠶᠢᠯᠠᠯ ᠳᠤ ᠬᠤᠯᠪᠣᠭᠳᠠᠬᠤ ᠵᠠᠷᠣᠳᠠᠯ ᠬᠤᠷᠢᠶᠠᠯᠲᠠ ᠶᠢᠨ ᠬᠠᠮᠢᠶᠠᠷᠣᠯᠲᠠ ᠶᠢ ᠦᠨᠡᠨᠬᠦ ᠴᠢᠩᠭᠠᠳᠬᠠᠵᠣ | ᠂ ᠵᠠᠷᠣᠳᠠᠯ ᠬᠤᠷᠢᠶᠠᠯᠲᠠ ᠶᠢᠨ ᠨᠠᠷᠢᠨ ᠳᠠᠩᠰᠠ ᠶᠢᠨ ᠳᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠠᠵᠣ ᠠᠬᠤᠶᠢᠯᠠᠯ ᠤᠨ ᠳᠠᠷᠣᠭᠠᠰᠣ ᠶᠢ ᠠᠯᠬᠤᠮ ᠴᠢᠨᠠᠭᠰᠢᠲᠠ | ᠬᠦᠩᠬᠡᠷᠡᠭᠦᠯᠦᠨᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ︽ᠨᠢᠭᠡ ᠦᠷᠲᠡᠭᠡᠨ ᠤ ᠦᠢᠯᠡᠴᠢᠯᠡᠭᠡ︾ ᠶᠢ ᠴᠢᠩᠭᠠᠷᠠᠭᠤᠯᠵᠣ᠂ ᠠᠵᠣ ᠠᠬᠤᠶᠢᠯᠠᠯ ᠳᠤ | ᠬᠠᠮᠤᠭ ᠰᠠᠶᠢᠨ ᠳᠦᠭᠦᠮ ᠪᠡᠯᠡ ᠣᠷᠣᠭᠤᠯᠵᠣ ᠬᠦᠭᠵᠢᠬᠦ ᠣᠷᠴᠢᠨ ᠢ ᠪᠣᠢ ᠪᠣᠯᠭᠠᠵᠣ ᠥᠭᠭᠦᠨ᠎ᠡ᠃ | ︵ᠳᠦᠷᠪᠡ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠦᠭᠵᠢᠭᠦᠯᠦᠨ᠎ᠡ᠃ ᠮᠠᠨ ᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ | ᠪᠠ ᠵᠣᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠦᠢᠯᠡᠴᠢᠯᠡᠭᠡᠨ ᠤ ᠦᠢᠯᠡᠰ ᠢ ᠬᠦᠭᠵᠢᠬᠦᠯᠬᠦ ᠪᠠᠷ ᠠᠵᠣ ᠦᠢᠯᠡᠰ ᠤᠨ ᠪᠦᠲᠦᠴᠡ ᠶᠢ | ᠲᠣᠬᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠵᠣ᠂ ᠠᠵᠣ ᠠᠬᠤᠢ ᠶᠢ ᠨᠡᠮᠡᠭᠳᠡᠭᠦᠯᠬᠦ ᠰᠢᠨ᠎ᠡ ᠴᠢᠳᠠᠪᠣᠷᠢ ᠶᠢ ᠪᠣᠢ ᠪᠣᠯᠭᠠᠨ᠎ᠠ᠃ | ᠦᠵᠡᠮᠵᠢᠲᠦ ᠣᠷᠣᠨ ᠦᠵᠡᠮᠵᠢᠲᠦ ᠴᠡᠭ ᠤᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠬᠠᠮ ᠵᠣᠭᠠᠴᠠᠯ ᠢ ᠶᠡᠬᠡᠪᠡᠷ ᠬᠡᠷᠡᠭᠵᠢᠭᠦᠯᠵᠦ᠂ ︽ᠨᠢᠭᠡᠨ | ᠳᠡᠯᠡᠬᠡᠢ ᠳ᠋ᠠᠬᠢᠨ ᠳᠤ ᠳᠠᠭᠤᠷᠢᠰᠣᠭᠰᠠᠨ ᠭᠠᠵᠠᠷ︾᠂ ︽ᠣᠪᠣᠭᠠᠨ ᠳᠡᠭᠡᠷᠡᠬᠢ ᠠᠭᠤᠯᠵᠠᠯᠲᠠ ᠶᠢᠨ ᠭᠠᠵᠠᠷ︾ ᠬᠤᠶᠠᠷ ᠵᠣᠭᠠᠴᠠᠯ ᠤᠨ ᠨᠡᠷ᠎ᠡ ᠶᠢᠨ ᠬᠠᠭᠤᠳᠠᠰᠣ ᠶᠢ | ᠳᠣᠪᠣᠶᠢᠯᠭᠠᠨ᠎ᠠ᠃ ᠣᠯᠠᠨ ᠣᠯᠣᠰᠴᠢᠯᠠᠭᠰᠠᠨ ᠦᠨᠳᠦᠷ ᠳᠡᠰ ᠤᠨ ᠵᠣᠭᠠᠴᠠᠯ ᠤᠨ ᠭᠠᠵᠠᠷ ᠢ ᠬᠦᠴᠦᠨ ᠢᠶᠠᠨ ᠲᠦᠪᠯᠡᠷᠡᠭᠦᠯᠦᠨ ᠪᠦᠲᠦᠭᠡᠨ ᠪᠠᠶᠢᠭᠤᠯᠣᠨ᠎ᠠ᠃ ᠡᠸ᠋ᠨᠩᠬᠢ | ᠶᠢᠨ ᠲᠠᠩᠰᠤᠭ ᠰᠣᠶᠣᠯ ᠤᠨ ᠵᠣᠭᠠᠴᠠᠯ ᠤᠨ ᠪᠦᠰᠡ ᠪᠠ ᠬᠤᠢ ᠭᠤᠣᠯ ᠤᠨ ᠦᠨᠳᠦᠰᠦᠲᠡᠨ ᠤ ᠣᠣᠭᠠᠨ ᠵᠠᠩ ᠦᠢᠯᠡ ᠶᠢᠨ ᠵᠣᠭᠠᠴᠠᠯ ᠤᠨ ᠪᠦᠰᠡ ᠶᠢᠨ | ᠢᠨᠵᠧᠨᠧᠷᠢᠩ ᠢ ᠬᠦᠨᠵᠡᠭᠡᠢ ᠬᠡᠷᠡᠭᠵᠢᠬᠦᠯᠵᠦ᠂ ᠬᠤᠶᠠᠷ ᠭᠤᠣᠯ ︵ᠢᠮᠢᠨ ᠭᠤᠣᠯ ᠪᠠ ᠬᠤᠢ ᠭᠤᠣᠯ︶ ᠬᠤᠶᠠᠷ ᠷᠠᠰᠢᠶᠠᠨ ᠪᠣᠯᠠᠭ ︵ᠡᠣ ᠴᠢᠣᠸᠠᠨ ᠱᠠᠨ ᠤ ᠷᠠᠰᠢᠶᠠᠨ | ᠪᠣᠯᠠᠭ ᠪᠠ ᠣᠭᠤᠨᠣ ᠶᠢᠨ ᠷᠠᠰᠢᠶᠠᠨ︶ ᠨᠢᠭᠡ ᠠᠭᠤᠯᠠ ᠨᠢᠭᠡ ᠴᠡᠴᠡᠷᠯᠢᠭ ︵ᠪᠠᠶᠠᠨᠬᠤᠰᠢᠭᠤ ᠣᠪᠣᠭ᠎ᠠ ᠪᠠ ᠬᠤᠩᠭᠤᠯᠵᠢ ᠶᠢᠨ ᠣᠢ ᠶᠢᠨ ᠴᠡᠴᠡᠷᠯᠢᠭ︶ ᠰᠣᠳᠣᠨ | ᠵᠣᠭᠠᠴᠠᠯ ᠤᠨ ᠵᠠᠮ ᠱᠣᠭᠤᠮ ᠢ ᠬᠦᠴᠦᠯᠡᠨ ᠡᠭᠦᠳᠴᠦ᠂ ᠦᠵᠡᠮᠵᠢᠲᠦ ᠣᠷᠣᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠪᠦᠬᠦ ᠲᠡᠯ᠎ᠡ ᠪᠠᠷ | ᠴᠢᠩᠭᠠᠳᠬᠠᠵᠣ᠂ ᠬᠦᠯᠢᠶᠡᠨ ᠠᠪᠴᠣ ᠵᠣᠴᠢᠯᠠᠬᠤ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠬᠦᠯᠵᠦ᠂ ᠵᠣᠭᠠᠴᠠᠯ ᠤᠨ ᠦᠵᠡᠮᠵᠢᠲᠦ ᠣᠷᠣᠨ ᠢ ᠵᠡᠷᠭᠡ ᠳᠡᠰ | ᠳᠡᠪᠰᠢᠭᠦᠯᠬᠦ ᠶᠢ ᠲᠦᠯᠬᠢᠨ ᠠᠬᠢᠭᠤᠯᠣᠨ᠎ᠠ᠃ ᠬᠤᠩᠭᠤᠯᠵᠢ ᠶᠢᠨ ᠦᠪᠡᠷᠮᠢᠴᠡ ᠣᠨᠴᠠᠯᠢᠭᠲᠣ ᠵᠢᠵᠢᠭ ᠪᠠᠯᠭᠠᠰᠣ ᠪᠠ ᠬᠤᠢ ᠰᠣᠮᠣ ᠶᠢᠨ ᠦᠪᠡᠷᠮᠢᠴᠡ ᠣᠨᠴᠠᠯᠢᠭᠲᠣ | ᠠᠶᠢᠯ ᠲᠣᠰᠬᠤᠨ ᠢᠶᠠᠷ ᠲᠦᠯᠦᠭᠡᠯᠡᠭᠦᠯᠦᠭᠰᠡᠨ ᠵᠣᠭᠠᠴᠠᠯ ᠤᠨ ᠭᠠᠵᠠᠷ ᠤᠨ ᠪᠦᠲᠦᠭᠡᠨ ᠪᠠᠶᠢᠭᠤᠯᠣᠯᠲᠠ ᠶᠢ ᠭᠤᠣᠯᠳᠠᠯᠭ᠎ᠠ ᠲᠠᠢ ᠬᠡᠷᠡᠭᠵᠢᠬᠦᠯᠵᠦ᠂ ᠡᠯ᠎ᠡ ᠰᠣᠮᠣ ᠰᠢᠶᠠᠩ | ᠪᠠᠯᠭᠠᠰᠣ ᠳᠤ ᠣᠨᠴᠠᠯᠢᠭ ᠢᠶᠠᠷ ᠬᠤᠷᠴᠠ ᠲᠣᠳᠣ᠂ ᠠᠭᠤᠯᠭ᠎ᠠ ᠪᠠᠷ ᠡᠯᠪᠡᠭ ᠪᠠᠶᠠᠯᠢᠭ ᠵᠣᠭᠠᠴᠠᠯ ᠤᠨ ᠦᠢᠯᠡᠳᠬᠦᠨ ᠭᠠᠷᠭᠠᠬᠤ ᠶᠢ ᠠᠬᠢᠭᠤᠯᠣᠨ᠎ᠠ᠃ ᠵᠣᠭᠠᠴᠠᠯ ᠤᠨ | ᠳᠡᠮᠳᠡᠭ᠂ ᠵᠣᠭᠠᠴᠠᠯ ᠤᠨ ᠦᠷᠲᠡᠭᠡ᠂ ᠵᠣᠭᠠᠴᠠᠯ ᠤᠨ ᠵᠣᠷᠯᠣᠩ᠂ ᠵᠣᠭᠠᠴᠠᠭᠰᠠᠳ ᠲᠤ ᠦᠢᠯᠡᠴᠢᠯᠡᠬᠦ ᠲᠦᠪ ᠭᠠᠷᠭᠠᠬᠤ ᠵᠡᠷᠭᠡ ᠰᠠᠭᠤᠷᠢ ᠲᠦᠭᠦᠭᠡᠷᠦᠮᠵᠢ ᠶᠢᠨ | ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠵᠦ᠂ ᠵᠣᠭᠠᠴᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠵᠢᠷᠣᠮᠵᠢᠭᠤᠯᠬᠤ ᠪᠠ ᠪᠠᠷᠢᠮᠵᠢᠶᠠᠵᠢᠭᠤᠯᠬᠤ ᠶᠢ | ᠠᠬᠢᠭᠤᠯᠣᠨ᠎ᠠ᠃ | ᠰᠣᠶᠣᠯ ᠪᠣᠯᠣᠨ ᠵᠣᠭᠠᠴᠠᠯ ᠤᠨ ᠠᠭᠤᠰᠣᠯᠴᠠᠯ ᠢ ᠠᠬᠢᠭᠤᠯᠣᠨ᠎ᠠ᠃ ᠦᠨᠳᠦᠰᠦᠲᠡᠨ ᠤ ᠰᠣᠶᠣᠯ ᠤᠨ ᠦᠢᠯᠡᠰ ᠪᠣᠰᠬᠠᠯᠲᠠ ᠶᠢᠨ ᠬᠦᠷᠢᠶᠡᠯᠡᠩ ᠢ 3A ᠳᠡᠰ ᠤᠨ | ᠦᠵᠡᠮᠵᠢᠲᠦ ᠣᠷᠣᠨ ᠪᠣᠯᠭᠠᠨ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢ ᠲᠦᠷᠭᠡᠳᠬᠡᠵᠦ᠂ ᠦᠨᠳᠦᠰᠦᠲᠡᠨ ᠤ ᠰᠣᠶᠣᠯ ᠵᠣᠭᠠᠴᠠᠯ ᠤᠨ ᠰᠢᠨ᠎ᠡ ᠰᠡᠪᠡᠭᠦᠨ | ᠦᠢᠯᠡᠳᠬᠦᠨ ᠪᠠ ᠵᠣᠭᠠᠴᠠᠯ ᠤᠨ ᠳᠣᠷᠠᠰᠬᠠᠯ ᠤᠨ ᠵᠦᠢᠯᠡᠰ ᠢ ᠶᠡᠬᠡᠪᠡᠷ ᠨᠡᠭᠡᠭᠡᠨ ᠬᠦᠭᠵᠢᠭᠦᠯᠦᠨ᠎ᠡ᠃ ᠺᠢᠨᠣ᠋ ᠵᠦᠴᠦᠭᠡ ᠶᠢᠨ ᠣᠷᠳᠣᠨ ᠤ ᠰᠠᠭᠤᠷᠢ ᠲᠦᠭᠦᠭᠡᠷᠦᠮᠵᠢ | ᠶᠢᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠣᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠠᠩᠬᠢ ᠶᠢ ᠨᠡᠶᠢᠳᠬᠡᠵᠦ᠂ ᠦᠨᠳᠦᠷ | ᠴᠢᠨᠠᠷ ᠴᠢᠨᠰᠠᠭ᠎ᠠ ᠲᠠᠢ ᠵᠣᠭᠠᠴᠠᠯ ᠤᠨ ᠰᠣᠶᠣᠯ ᠤᠨ ᠲᠣᠭᠯᠠᠬᠤ ᠣᠷᠠᠯᠢᠭ ᠤᠨ ᠪᠦᠲᠦᠭᠡᠭᠳᠡᠬᠦᠨ ᠢ ᠲᠦᠯᠬᠢᠨ ᠭᠠᠷᠭᠠᠨ᠎ᠠ᠃ ᠬᠦᠳᠡᠭᠡ ᠲᠣᠰᠬᠤᠨ ᠤ ᠣᠨᠴᠠᠯᠢᠭᠲᠣ | ᠵᠣᠭᠠᠴᠠᠯ ᠢ ᠶᠡᠬᠡᠪᠡᠷ ᠬᠦᠭᠵᠢᠬᠦᠯᠵᠦ᠂ ᠨᠡᠭᠦᠳᠡᠯ ᠮᠠᠯᠵᠢᠯ ᠤᠨ ᠰᠣᠶᠣᠯ ᠢ ᠬᠦᠨᠵᠡᠭᠡᠢ ᠠᠭᠤᠳᠠᠯᠯᠠᠨ᠂ ᠨᠢᠭᠡ ᠪᠦᠯᠦᠭ ᠠᠷᠠᠳ ᠤᠨ ᠵᠠᠩ ᠦᠢᠯᠡ ᠶᠢ ᠬᠠᠷᠠᠭᠤᠯᠣᠭᠰᠠᠨ | ᠰᠣᠶᠣᠯ ᠵᠣᠭᠠᠴᠠᠯ ᠤᠨ ᠵᠢᠱᠢᠶ᠎ᠡ ᠦᠵᠡᠭᠦᠯᠬᠦ ᠭᠠᠴᠠᠭ᠎ᠠ ᠶᠢ ᠡᠭᠦᠳᠴᠦ᠂ ᠮᠠᠯᠴᠢᠨ ᠠᠶᠢᠯ ᠤᠨ ᠪᠠᠶᠠᠰᠣᠯ᠂ ᠠᠷᠠᠳ ᠤᠨ ᠦᠪᠡᠷᠮᠢᠴᠡ ᠬᠤᠨᠤᠭ ᠪᠠᠭᠤᠴᠠ ᠶᠢ ᠳᠡᠮᠵᠢᠬᠦ | ᠪᠠ ᠬᠦᠲᠦᠯᠦᠨ ᠵᠢᠯᠣᠭᠤᠳᠴᠣ ᠬᠦᠯᠢᠶᠡᠨ ᠠᠪᠴᠣ ᠵᠣᠴᠢᠯᠠᠬᠤ ᠲᠦᠪᠰᠢᠨ ᠢ ᠨᠢ ᠳᠡᠭᠡᠭᠰᠢᠯᠡᠬᠦᠯᠵᠦ᠂ ᠣᠬᠠᠭᠤᠯᠵᠣ ᠳᠡᠯᠭᠡᠷᠡᠭᠦᠯᠬᠦ ᠬᠦᠴᠦᠯᠡᠴᠡ ᠪᠠᠨ ᠨᠡᠮᠡᠭᠳᠡᠭᠦᠯᠵᠦ᠂ | ᠪᠡᠶ᠎ᠡ ᠪᠠᠷ ᠢᠶᠠᠨ ᠣᠷᠣᠯᠴᠠᠬᠤ ᠵᠣᠭᠠᠴᠠᠯ ᠤᠨ ᠳᠣᠳᠣᠭᠠᠳᠣ ᠠᠭᠤᠯᠬᠤᠨ ᠢ ᠪᠠᠶᠠᠯᠢᠭᠵᠢᠭᠤᠯᠣᠨ᠎ᠠ᠃ ︽ᠬᠠᠪᠣᠷ ᠤᠨ ᠢᠮᠨᠡᠭᠡᠨ ᠨᠠᠶᠢᠷ᠂ ᠵᠣᠨ ᠤ ᠰᠧᠪᠵᠢᠭᠡᠨ ᠨᠠᠶᠢᠷ᠂ | ᠨᠠᠮᠣᠷ ᠤᠨ ᠨᠣᠭᠤᠭ᠎ᠠ ᠵᠢᠮᠢᠰ ᠲᠡᠭᠦᠭᠦ ᠨᠠᠶᠢᠷ ᠪᠠ ᠡᠪᠦᠯ ᠤᠨ ᠣᠯᠠᠷᠢᠯ ᠤᠨ ᠦᠨᠳᠦᠰᠦᠲᠡᠨ ᠤ ᠵᠠᠩ ᠦᠢᠯᠡ ᠶᠢᠨ ᠰᠣᠶᠣᠯ ᠤᠨ ᠨᠠᠶᠢᠷ︾ ᠳᠦᠷᠪᠡᠨ ᠣᠯᠠᠷᠢᠯ ᠤᠨ | ᠪᠠᠶᠠᠷ ᠢ ᠪᠡᠯᠭᠡᠯᠡᠬᠦ ᠲᠦᠷᠦᠯ ᠳᠡᠮᠳᠡᠭᠲᠦ ᠶᠢ ᠢᠳᠡᠪᠬᠢᠲᠡᠢ ᠪᠣᠶᠢᠵᠢᠭᠤᠯᠵᠣ᠂ ᠳᠦᠷᠪᠡᠨ ᠣᠯᠠᠷᠢᠯ ᠤᠨ ᠵᠣᠭᠠᠴᠠᠯ ᠤᠨ ᠳᠡᠩᠴᠡᠭᠦᠷᠢᠲᠡᠢ ᠬᠦᠭᠵᠢᠬᠦ ᠶᠢ ᠠᠬᠢᠭᠤᠯᠵᠣ᠂ | ᠡᠪᠦᠯ ᠤᠨ ᠣᠯᠠᠷᠢᠯ ᠤᠨ ᠮᠦᠰᠦ ᠴᠠᠰᠤᠨ ᠤ ᠵᠣᠭᠠᠴᠠᠯ ᠢ ᠦᠷᠭᠦᠯᠵᠢᠯᠡᠨ ᠰᠠᠶᠢᠳᠣᠷ ᠡᠷᠬᠢᠯᠡᠨ᠎ᠡ᠃ ᠠᠳᠣᠭᠤᠨ ᠰᠣᠶᠣᠯ ᠤᠨ ᠵᠣᠭᠠᠴᠠᠯ ᠤᠨ ᠦᠢᠯᠡᠰ ᠤᠨ ᠳᠠᠯᠳᠠ | ᠬᠦᠴᠦᠨ ᠢ ᠬᠦᠢᠴᠡᠳ ᠠᠭᠤᠳᠠᠯᠯᠠᠨ᠂ ᠬᠡᠬᠡᠷ᠎ᠡ ᠭᠠᠳᠠᠨ᠎ᠠ ᠣᠨᠣᠵᠣ ᠳᠠᠪᠬᠢᠬᠤ᠂ ᠮᠣᠷᠢᠨ ᠮᠡᠷᠭᠡᠵᠢᠯ ᠤᠨ ᠲᠣᠭᠯᠠᠯᠲᠠ᠂ ᠠᠳᠣᠭᠤ ᠰᠣᠨᠢᠷᠬᠠᠵᠣ ᠰᠡᠭᠦᠳᠡᠷᠯᠡᠬᠦ ᠵᠡᠷᠭᠡ | ᠨᠢᠭᠡᠨ ᠪᠦᠯᠦᠭ ᠣᠨᠴᠠᠯᠢᠭᠲᠣ ᠵᠣᠭᠠᠴᠠᠯ ᠤᠨ ᠲᠦᠷᠦᠯ ᠵᠦᠢᠯ ᠢ ᠲᠦᠯᠬᠢᠨ ᠭᠠᠷᠭᠠᠵᠣ᠂ ᠠᠳᠣᠭᠤᠨ ᠰᠣᠶᠣᠯ ᠤᠨ ᠵᠣᠭᠠᠴᠠᠯ ᠤᠨ ᠲᠦᠷᠦᠯ ᠲᠡᠮᠳᠡᠭᠲᠦ ᠶᠢ ᠡᠭᠦᠳᠦᠨ᠎ᠡ | ᠃ | ᠰᠢᠨ᠎ᠡ ᠪᠠᠷ ᠪᠣᠢ ᠪᠣᠯᠣᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠣᠨ᠎ᠠ᠃ ᠵᠢᠷᠭᠠᠯᠠᠩᠲᠣ ᠲᠠᠯ᠎ᠠ ᠨᠣᠲᠤᠭ ᠣᠯᠠᠨ ᠣᠯᠣᠰ ᠤᠨ | ᠠᠷᠠᠯᠵᠢᠶ᠎ᠠ ᠬᠤᠳᠠᠯᠳᠣᠭᠠᠨ ᠤ ᠬᠤᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠲᠦᠯᠬᠢᠨ ᠠᠬᠢᠭᠤᠯᠵᠣ᠂ 1732 ᠬᠤᠳᠠᠯᠳᠣᠭᠠᠨ | ᠤ ᠵᠡᠭᠡᠯᠢ᠂ ᠦᠨᠳᠦᠰᠦᠲᠡᠨ ᠤ ᠣᠨᠴᠠᠯᠢᠭᠲᠣ ᠲᠠᠩᠰᠤᠭ ᠢᠳᠡᠭᠡᠨ ᠤ ᠭᠠᠵᠠᠷ ᠪᠠᠶᠢᠭᠤᠯᠬᠤ ᠲᠦᠷᠦᠯ ᠵᠦᠢᠯ ᠢ ᠰᠦᠪᠡᠭᠴᠢᠯᠡᠨ᠂ ᠳᠡᠭᠡᠳᠦ ᠳᠡᠰ ᠤᠨ ᠳᠠᠭᠠᠯᠠᠮᠵᠢᠲᠠᠢ | ᠪᠦᠭᠡᠳ ᠳᠦᠭᠦᠮ ᠳᠦᠳᠡ ᠬᠡᠷᠡᠭᠯᠡᠭᠡᠨ ᠤ ᠣᠷᠴᠢᠨ ᠲᠣᠭᠤᠷᠢᠨ ᠢ ᠡᠭᠦᠳᠴᠦ᠂ ᠪᠦᠷᠢᠨ ᠪᠠᠷᠠᠭ᠎ᠠ ᠶᠢ ᠵᠢᠵᠢᠭᠯᠡᠨ ᠪᠣᠷᠣᠯᠠᠭᠤᠯᠬᠤ ᠦᠢᠯᠡᠰ᠂ ᠢᠳᠡᠭᠡᠨ ᠣᠮᠳᠠᠭᠠᠨ | ᠵᠤᠭ᠎ᠠ ᠴᠡᠩᠭᠡᠯ ᠤᠨ ᠦᠢᠯᠡᠰ ᠤᠨ ᠬᠦᠭᠵᠢᠯᠲᠡ ᠶᠢ ᠠᠬᠢᠭᠤᠯᠣᠨ᠎ᠠ᠃ ᠲᠦᠪ ᠬᠤᠲᠠ ᠲᠣᠭᠤᠷᠢᠭ ᠢ ᠬᠦᠭᠵᠢᠭᠦᠯᠬᠦ ᠳᠣᠬᠢᠶᠠᠯ ᠢ ᠠᠳᠬᠤᠵᠣ᠂ ᠣᠷᠣᠨ ᠪᠠᠶᠢᠷᠢ ᠶᠢᠨ | ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠣ᠂ ᠳ᠋ᠠᠶᠠᠨ ᠤ ᠨᠡᠭᠦᠷᠡᠰᠦ ᠪᠠᠷ ᠳᠣᠰᠣ ᠪᠣᠯᠪᠠᠰᠣᠷᠠᠭᠤᠯᠬᠤ ᠬᠠᠳᠠᠭᠠᠯᠠᠬᠤ ᠪᠣᠷᠣᠯᠠᠭᠤᠯᠬᠤ ᠰᠠᠭᠤᠷᠢᠨ ᠭᠠᠵᠠᠷ᠂ ᠶᠡᠬᠡᠲᠡᠯ᠎ᠠ | ᠤᠨ ᠲᠣᠭᠤᠷᠢᠨ ᠵᠣᠭᠠᠴᠠᠬᠤ ᠦᠢᠯᠡᠳᠪᠦᠷᠢ ᠭᠠᠷᠭᠠᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠵᠣᠬᠢᠴᠠᠭᠤᠯᠣᠨ ᠠᠬᠢᠭᠤᠯᠵᠣ᠂ ᠠᠷᠠᠯᠵᠢᠶ᠎ᠠ | ᠬᠤᠳᠠᠯᠳᠣᠭᠠᠨ ᠤ ᠪᠠᠷᠠᠭᠠᠨ ᠤ ᠬᠦᠢᠯᠭᠡᠭᠡ᠂ ᠬᠦᠮᠦᠷᠭᠡᠯᠡᠵᠦ ᠲᠣᠬᠢᠷᠠᠭᠤᠯᠣᠨ ᠬᠦᠷᠭᠡᠬᠦ ᠵᠡᠷᠭᠡ ᠠᠵᠣ ᠦᠢᠯᠡᠰ ᠤᠨ ᠬᠦᠭᠵᠢᠯᠲᠡ ᠶᠢ ᠲᠦᠷᠭᠡᠳᠬᠡᠨ ᠪᠣᠶᠢᠵᠢᠭᠤᠯᠣᠨ᠎ᠠ᠃ | ᠮᠠᠰᠢᠨ ᠲᠡᠷᠭᠡᠨ ᠤ ᠠᠵᠣ ᠦᠢᠯᠡᠰ ᠢ ᠪᠣᠵᠠᠭᠠᠶᠢᠷᠠᠭᠤᠯᠣᠨ ᠬᠦᠴᠦᠷᠬᠡᠭᠵᠢᠬᠦᠯᠵᠦ᠂ ᠳᠠᠮ ᠤᠨ ᠳᠡᠷᠭᠡ ᠶᠢ ᠠᠷᠠᠯᠵᠢᠶᠠᠯᠠᠬᠤ᠂ ᠮᠠᠰᠢᠨ ᠲᠡᠷᠭᠡᠨ ᠤ ᠰᠣᠶᠣᠯ ᠤᠨ | ᠵᠣᠭᠠᠴᠠᠯ᠂ ᠣᠷᠣᠯᠳᠣᠭᠠᠨ ᠤ ᠵᠤᠭ᠎ᠠ ᠴᠡᠩᠭᠡᠯ ᠵᠡᠷᠭᠡ ᠲᠠᠯ᠎ᠠ ᠶᠢᠨ ᠲᠦᠯᠦᠪᠵᠢᠭᠦᠯᠭᠡ ᠶᠢᠨ ᠪᠠᠶᠢᠷᠢᠰᠢᠯᠠᠭᠤᠯᠣᠯᠲᠠ ᠶᠢ ᠴᠢᠩᠭᠠᠳᠬᠠᠵᠣ᠂ ᠣᠯᠠᠨ ᠴᠢᠳᠠᠮᠵᠢᠲᠣ | ᠶᠡᠷᠥᠩᠬᠡᠶᠢᠯᠡᠭᠰᠡᠨ ᠮᠠᠰᠢᠨ ᠲᠡᠷᠭᠡᠨ ᠤ ᠠᠵᠣ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠣᠨ᠎ᠠ᠃ ᠮᠦᠩᠬᠦᠨ ᠬᠦᠢᠯᠭᠡᠭᠡᠨ᠂ ᠳᠠᠭᠠᠳᠬᠠᠯ᠂ ᠭᠡᠷ ᠤᠨ | ᠶᠠᠪᠣᠳᠠᠯ᠂ ᠲᠦᠷᠭᠡᠨ ᠬᠦᠷᠭᠡᠯᠲᠡ ᠵᠡᠷᠭᠡ ᠰᠢᠨ᠎ᠡ ᠭᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠵᠣ᠂ ᠠᠮᠢᠳᠣᠷᠠᠯ ᠳᠤ ᠬᠤᠯᠪᠣᠭᠳᠠᠭᠰᠠᠨ | ᠦᠢᠯᠡᠴᠢᠯᠡᠭᠡᠨ ᠤ ᠦᠢᠯᠡᠰ ᠤᠨ ᠳᠦᠭᠦᠮᠴᠢᠯᠡᠬᠦ᠂ ᠨᠠᠷᠢᠯᠢᠭᠵᠢᠬᠤ᠂ ᠴᠢᠨᠠᠷᠯᠢᠬᠵᠢᠬᠤ ᠶᠢ ᠠᠬᠢᠭᠤᠯᠣᠨ᠎ᠠ᠃ | ︵ᠲᠠᠪᠤ︶ ᠬᠤᠲᠠ ᠬᠦᠳᠡᠭᠡ ᠶᠢᠨ ᠵᠣᠬᠢᠴᠠᠯᠳᠣᠨ ᠬᠦᠭᠵᠢᠬᠦ ᠶᠢ ᠨᠢᠭᠡᠳᠦᠯᠳᠡᠢ ᠲᠦᠯᠦᠪᠯᠡᠨ ᠲᠦᠯᠬᠢᠨ ᠠᠬᠢᠭᠤᠯᠣᠨ᠎ᠠ᠃ ᠬᠤᠲᠠ ᠪᠠᠷ ᠬᠦᠳᠡᠭᠡ ᠶᠢ | ᠳᠠᠶᠢᠴᠢᠯᠠᠭᠤᠯᠬᠤ᠂ ᠪᠠᠶᠢᠷᠢᠰᠢᠯᠲᠠ ᠶᠢ ᠰᠢᠯᠢᠳᠡᠭᠵᠢᠬᠦᠯᠬᠦ ᠶᠢ ᠪᠠᠷᠢᠮᠲᠠᠯᠠᠵᠣ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠬᠦᠴᠦᠯᠡᠴᠡ ᠪᠠᠨ | ᠨᠡᠮᠡᠭᠳᠡᠭᠦᠯᠵᠦ᠂ ᠬᠤᠲᠠ ᠬᠦᠳᠡᠭᠡ ᠳᠡᠩᠴᠡᠭᠦᠷᠢᠲᠡᠢ ᠬᠦᠭᠵᠢᠭᠰᠡᠨ ᠪᠠᠶᠢᠳᠠᠯ ᠢ ᠪᠣᠢ ᠪᠣᠯᠭᠠᠨ᠎ᠠ᠃ | ︽ᠳᠣᠯᠣᠭᠠᠨ ᠲᠣᠣᠷ︾ ᠤᠨ ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ ᠲᠣᠣᠷ ᠤᠨ ᠲᠠᠯ᠎ᠠ ᠪᠠᠷ᠂ | ᠲᠣᠰᠬᠤᠨ ᠳᠤ ᠨᠡᠪᠲᠡᠷᠡᠬᠦ 5 ᠵᠣᠷᠪᠣᠰ ᠵᠠᠰᠠᠮᠠᠯ ᠵᠠᠮ ᠢ 67 ᠺᠢᠯᠣᠮᠧᠲᠷ ᠣᠷᠳᠣ ᠵᠠᠰᠠᠵᠣ᠂ ᠦᠪᠡᠷᠲᠡᠭᠡᠨ ᠵᠠᠰᠠᠬᠤ ᠣᠷᠣᠨ ᠠᠴᠠ 5 ᠵᠣᠷᠪᠣᠰ 249 ᠺᠢᠯᠣᠮᠧᠲᠷ | ᠣᠷᠳᠣ ᠵᠠᠰᠠᠮᠠᠯ ᠵᠠᠮ ᠵᠠᠰᠠᠬᠤ ᠲᠦᠷᠦᠯ ᠵᠦᠢᠯ ᠢ ᠢᠳᠡᠪᠬᠢᠲᠡᠢ ᠲᠡᠮᠡᠴᠡᠨ ᠣᠯᠵᠣ᠂ 202 ᠮᠣᠵᠢ ᠶᠢᠨ ᠵᠠᠮ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ | ᠵᠣᠬᠢᠴᠠᠭᠤᠯᠣᠨ ᠲᠦᠯᠬᠢᠨ ᠠᠬᠢᠭᠤᠯᠵᠣ᠂ ᠳᠦᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠵᠠᠮ ᠬᠠᠷᠢᠯᠴᠠᠭᠠᠨ ᠤ ᠱᠤᠭᠤᠮ ᠢ ᠬᠦᠴᠦᠯᠡᠨ ᠪᠠᠶᠢᠭᠤᠯᠣᠨ᠎ᠠ᠃ | ᠲᠡᠮᠦᠷ ᠵᠠᠮ ᠤᠨ ᠲᠣᠣᠷ ᠤᠨ ᠲᠠᠯ᠎ᠠ ᠪᠠᠷ᠂ ᠬᠠᠶᠢᠯᠠᠷ ᠢᠮᠢᠨ ᠷᠠᠰᠢᠶᠠᠨ ᠬᠦᠷᠬᠦ ᠲᠡᠮᠦᠷ ᠵᠠᠮ ᠤᠨ ᠠᠶᠠᠨᠴᠢᠳ ᠤᠨ ᠵᠦᠭᠡᠭᠡᠪᠦᠷᠢ ᠪᠠᠷᠠᠭᠠᠨ ᠤ ᠲᠡᠭᠡᠭᠡᠪᠦᠷᠢ ᠶᠢᠨ ᠡᠬᠡᠯᠵᠢ | ᠶᠢᠨ ᠱᠣᠭᠤᠮ ᠳᠤ ᠲᠦᠰᠢᠭᠯᠡᠨ᠂ ᠭᠠᠳᠠᠭᠰᠢ ᠵᠦᠭᠡᠭᠡᠪᠦᠷᠢᠯᠡᠬᠦ ᠴᠢᠳᠠᠪᠣᠷᠢ ᠪᠠᠨ ᠳᠡᠭᠡᠭᠰᠢᠯᠡᠬᠦᠯᠵᠦ᠂ ᠵᠣᠭᠠᠴᠠᠯ ᠤᠨ ᠲᠣᠭᠤᠷᠢᠨ ᠦᠵᠡᠬᠦ ᠰᠢᠵᠢᠷ ᠠᠯᠳᠠᠨ ᠵᠠᠮ | ᠱᠣᠭᠤᠮ ᠪᠠ ᠦᠪᠦᠷ ᠮᠣᠩᠭᠤᠯ ᠤᠨ ᠵᠡᠭᠦᠨ ᠬᠡᠰᠡᠭ ᠲᠠᠢ ᠵᠠᠯᠭᠠᠯᠳᠣᠭᠰᠠᠨ ᠭᠠᠵᠠᠷ ᠣᠷᠣᠨ ᠯᠤᠭ᠎ᠠ ᠶᠢᠨ ᠴᠢᠬᠤᠯᠠ ᠨᠡᠪᠲᠡᠷᠡᠬᠦ ᠵᠠᠮ ᠢ ᠪᠦᠲᠦᠭᠡᠨ ᠪᠠᠶᠢᠭᠤᠯᠣᠨ᠎ᠠ᠃ | ᠠᠭᠠᠷ ᠤᠨ ᠠᠶᠠᠯᠠᠯ ᠤᠨ ᠲᠣᠣᠷ ᠤᠨ ᠲᠠᠯ᠎ᠠ ᠪᠠᠷ᠂ ᠬᠤᠩᠭᠤᠯᠵᠢ ᠶᠢᠨ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠲᠠᠯᠠᠪᠠᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠣᠯᠲᠠ ᠶᠢ ᠰᠦᠪᠡᠭᠴᠢᠯᠡᠨ ᠬᠡᠷᠡᠭᠵᠢᠭᠦᠯᠵᠦ᠂ ᠵᠣᠭᠠᠴᠠᠯ ᠤᠨ ᠠᠶᠠᠨᠴᠢᠳ ᠤᠨ ᠵᠦᠭᠡᠭᠡᠪᠦᠷᠢ᠂ ᠣᠢ ᠰᠢᠭᠤᠢ ᠶᠢᠨ ᠭᠠᠯ ᠰᠡᠷᠭᠡᠶᠢᠯᠡᠯᠲᠡ ᠶᠢ ᠨᠢᠭᠡ | ᠴᠣᠭᠴᠠᠵᠢᠭᠤᠯᠣᠭᠰᠠᠨ ᠴᠢᠬᠤᠯᠠ ᠵᠠᠮ ᠬᠠᠷᠢᠯᠴᠠᠭᠠᠨ ᠤ ᠬᠦᠢᠰᠦ ᠶᠢ ᠪᠦᠲᠦᠭᠡᠨ ᠪᠠᠶᠢᠭᠤᠯᠣᠨ᠎ᠠ᠃ ᠬᠤᠲᠠ ᠶᠢᠨ ᠶᠠᠪᠣᠳᠠᠯ ᠤᠨ ᠲᠣᠣᠷ ᠤᠨ ᠲᠠᠯ᠎ᠠ ᠪᠠᠷ᠂ ᠬᠤᠲᠠ | ᠪᠠᠯᠭᠠᠰᠣ ᠶᠢᠨ ᠣᠰᠣ ᠬᠠᠩᠭᠠᠬᠤ᠂ ᠢᠯᠴᠢ ᠬᠠᠩᠭᠠᠬᠤ᠂ ᠪᠣᠬᠢᠷ ᠣᠰᠣ ᠪᠠ ᠬᠤᠭ ᠨᠣᠪᠰᠢ ᠶᠢ ᠰᠢᠢᠳᠪᠦᠷᠢᠯᠡᠬᠦ ᠵᠡᠷᠭᠡ ᠬᠤᠲᠠ ᠶᠢᠨ ᠶᠠᠪᠣᠳᠠᠯ ᠤᠨ ᠢᠨᠵᠧᠨᠧᠷᠢᠩ ᠢ | ᠨᠢᠭᠡᠳᠦᠯᠳᠡᠢ ᠲᠦᠯᠦᠪᠯᠡᠨ ᠬᠡᠷᠡᠭᠵᠢᠭᠦᠯᠵᠦ᠂ ᠬᠤᠲᠠ ᠪᠠᠯᠭᠠᠰᠣ ᠶᠢᠨ ᠵᠠᠮ ᠤᠨ ᠲᠣᠣᠷ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ ᠪᠠᠶᠠᠨᠳᠣᠬᠤᠢ ᠪᠠᠯᠭᠠᠰᠣ᠂ | ᠳ᠋ᠠᠶᠠᠨ ᠪᠠᠯᠭᠠᠰᠣ᠂ ᠬᠤᠩᠭᠤᠯᠵᠢ ᠪᠠᠯᠭᠠᠰᠣᠨ ᠳᠤ ᠲᠣᠰ ᠲᠣᠰ 15 ᠵᠣᠷᠪᠣᠰ ᠵᠠᠮ ᠢ ᠰᠢᠨ᠎ᠡ ᠪᠠᠷ ᠪᠠᠶᠢᠭᠤᠯᠬᠤ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠪᠠᠯᠭᠠᠰᠣ ᠲᠣᠭᠤᠷᠢᠭ ᠤᠨ ᠰᠠᠭᠤᠭᠠᠯᠢ ᠠᠷᠠᠳ ᠤᠨ ᠭᠠᠷᠴᠣ ᠶᠠᠪᠣᠬᠤ ᠳᠤ ᠳᠦᠭᠦᠮ ᠪᠣᠯᠭᠠᠨ᠎ᠠ᠃ ᠣᠰᠣᠨ ᠠᠰᠢᠭᠯᠠᠯᠲᠠ ᠶᠢᠨ ᠲᠣᠣᠷ ᠤᠨ ᠲᠠᠯ᠎ᠠ | ᠪᠠᠷ᠂ ᠢᠮᠢᠨ ᠭᠤᠣᠯ ᠤᠨ ᠦᠶᠡᠷ ᠢ ᠰᠡᠷᠭᠡᠶᠢᠯᠡᠬᠦ ᠵᠢᠴᠢ ᠠᠮᠢ ᠠᠬᠤᠢ ᠶᠢ ᠰᠡᠷᠭᠦᠭᠡᠬᠦ ᠶᠡᠷᠥᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ | ᠶᠢ ᠦᠷᠭᠦᠯᠵᠢᠯᠡᠨ ᠠᠬᠢᠭᠤᠯᠵᠣ᠂ 8300 ᠮᠣ᠋ ᠭᠠᠵᠠᠷ ᠲᠤ ᠣᠰᠣ ᠠᠷᠪᠢᠯᠠᠨ ᠰᠦᠷᠴᠢᠨ ᠣᠰᠣᠯᠠᠬᠤ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠵᠦ᠂ 40 | ᠮᠠᠰᠢᠨ ᠬᠤᠣᠳᠤᠭ ᠴᠣᠬᠢᠵᠣ ᠥᠭᠪᠡ᠃ ᠡᠨᠧᠷᠬᠢ ᠶᠢᠨ ᠲᠣᠣᠷ ᠤᠨ ᠲᠠᠯ᠎ᠠ ᠪᠠᠷ᠂ ᠬᠦᠯᠦᠨ ᠪᠣᠶᠢᠷ ︵ᠢᠮᠢᠨ︶ — ᠡᠾᠧᠪᠸᠢ ᠶᠢᠨ ᠨᠠᠨ ᠸᠠᠩ ᠴᠠᠬᠢᠯᠭᠠᠨ | ᠬᠦᠴᠦᠨ ᠢ ᠭᠠᠳᠠᠭᠰᠢ ᠬᠦᠷᠭᠡᠬᠦ ᠨᠡᠪᠲᠡᠷᠡᠬᠦ ᠵᠠᠮ ᠢ ᠪᠦᠲᠦᠭᠡᠨ ᠪᠠᠶᠢᠭᠤᠯᠬᠤ ᠪᠠ ᠰᠢᠭᠤᠳ ᠴᠠᠬᠢᠯᠭᠠᠨ ᠬᠠᠩᠭᠠᠬᠤ ᠬᠠᠮᠵᠢᠯᠴᠠᠭ᠎ᠠ ᠬᠢᠬᠦ ᠶᠢ ᠲᠡᠮᠡᠴᠡᠨ ᠣᠯᠵᠣ᠂ ᠢᠮᠢᠨ | — ᠬᠢᠩᠭᠠᠨ — ᠣᠯᠠᠭᠠᠨᠬᠤᠲᠠ ᠶᠢᠨ 500 ᠺᠢᠯᠣᠸᠠᠯᠲ ᠶᠢᠨ ᠬᠤᠪᠢᠰᠬᠤ ᠴᠠᠬᠢᠯᠭᠠᠨ ᠢ ᠬᠦᠷᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ | ᠲᠦᠷᠭᠡᠳᠬᠡᠨ᠎ᠡ᠃ ᠮᠡᠳᠡᠭᠡ ᠵᠠᠩᠬᠢ ᠴᠢᠮᠡᠭᠡ ᠬᠤᠯᠪᠣᠭᠠᠨ ᠤ ᠲᠣᠣᠷ ᠤᠨ ᠲᠠᠯ᠎ᠠ ᠪᠠᠷ᠂ ᠭᠡᠷᠡᠯ ᠰᠢᠷᠭᠡᠭ ᠤᠨ ᠦᠷᠭᠡᠨ ᠪᠦᠰᠡ ᠪᠠ ᠴᠢᠮᠡᠭᠡ ᠬᠤᠯᠪᠣᠭᠠᠨ ᠤ ᠲᠣᠣᠷ | ᠰᠦᠯᠵᠢᠶ᠎ᠡ ᠶᠢ ᠦᠨᠳᠦᠰᠦᠨ ᠱᠠᠲᠣᠨ ᠤ ᠮᠠᠯᠵᠢᠬᠤ ᠣᠷᠣᠨ ᠲᠡᠰᠢ ᠣᠷᠳᠣᠳᠬᠠᠬᠤ ᠶᠢ ᠲᠦᠯᠬᠢᠨ ᠠᠬᠢᠭᠤᠯᠵᠣ᠂ ᠪᠦᠷᠭᠦᠯᠲᠡ ᠶᠢᠨ ᠨᠣᠷᠮ᠎ᠠ ᠪᠠ ᠦᠢᠯᠡᠴᠢᠯᠡᠭᠡᠨ ᠤ | ᠴᠢᠨᠠᠷ ᠴᠢᠨᠰᠠᠭ᠎ᠠ ᠶᠢ ᠠᠯᠬᠤᠮ ᠴᠢᠨᠠᠭᠰᠢᠲᠠ ᠳᠡᠭᠡᠭᠰᠢᠯᠡᠭᠦᠯᠵᠦ᠂ ᠮᠡᠳᠡᠭᠡ ᠵᠠᠩᠬᠢ ᠶᠢᠨ ᠮᠡᠷᠭᠡᠵᠢᠯ ᠢᠶᠠᠷ ᠦᠷᠭᠡᠨ ᠣᠯᠠᠨ ᠦᠨᠳᠦᠰᠦᠨ ᠱᠠᠲᠣᠨ ᠤ ᠠᠷᠠᠳ ᠲᠦᠮᠡᠨ | ᠳᠤ ᠬᠠᠷᠠᠭᠠᠯᠵᠠᠯ ᠦᠵᠡᠭᠦᠯᠦᠨ᠎ᠡ᠃ | ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠲᠠ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠬᠦᠯᠦᠨ ᠪᠣᠶᠢᠷ ᠬᠤᠲᠠ ᠶᠢᠨ ᠲᠦᠪ ᠬᠤᠲᠠ | ᠲᠣᠭᠤᠷᠢᠭ ᠤᠨ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠣᠯᠴᠠᠨ ᠣᠷᠣᠵᠣ᠂ ᠣᠯᠠᠨ ᠣᠯᠣᠰᠴᠢᠯᠠᠭᠰᠠᠨ ︽ᠲᠠᠯ᠎ᠠ ᠨᠣᠲᠤᠭ | ᠤᠨ ᠳᠠᠭᠤᠣ ᠬᠦᠭᠵᠢᠮ ᠤᠨ ᠨᠡᠷᠡᠲᠦ ᠬᠤᠲᠠ︾᠂ ︽ ᠮᠦᠰᠦ ᠴᠠᠰᠣᠨ ᠤ ᠪᠡᠶ᠎ᠡ ᠲᠠᠮᠢᠷ ᠤᠨ ᠨᠡᠷᠡᠲᠦ ᠬᠤᠲᠠ︾᠂ ︽ᠰᠣᠶᠣᠯ ᠵᠣᠭᠠᠴᠠᠯ ᠤᠨ ᠨᠡᠷᠡᠲᠦ ᠬᠤᠲᠠ︾ | ᠶᠢ ᠡᠭᠦᠳᠭᠦ ᠬᠦᠭᠵᠢᠭᠦᠯᠦᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠦᠯᠦᠪᠵᠢᠭᠦᠯᠭᠡ ᠶᠢ | ᠨᠠᠶᠢᠷᠠᠭᠤᠯᠣᠨ ᠵᠣᠬᠢᠶᠠᠵᠣ᠂ ᠬᠤᠲᠠ ᠪᠠᠯᠭᠠᠰᠣᠵᠢᠯᠲᠠ ᠶᠢᠨ ᠪᠦᠲᠦᠭᠡᠨ ᠪᠠᠶᠢᠭᠤᠯᠣᠯᠲᠠ ᠶᠢᠨ ᠲᠦᠪᠰᠢᠨ ᠢ ᠠᠯᠬᠤᠮ ᠴᠢᠨᠠᠭᠰᠢᠲᠠ ᠳᠡᠭᠡᠭᠰᠢᠯᠡᠬᠦᠯᠦᠨ᠎ᠡ᠃ | ᠪᠠᠶᠠᠨᠳᠣᠬᠤᠢ᠂ ᠳ᠋ᠠᠶᠠᠨ᠂ ᠬᠤᠩᠭᠤᠯᠵᠢ ᠪᠠᠯᠭᠠᠰᠣ ᠶᠢᠨ ᠨᠣᠷᠠᠬᠤ ᠠᠶᠣᠯᠳᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠬᠡᠬᠦ ᠢᠨᠵᠧᠨᠧᠷᠢᠩ ᠢ ᠦᠷᠭᠦᠯᠵᠢᠯᠡᠨ ᠲᠦᠯᠬᠢᠨ | ᠠᠬᠢᠭᠤᠯᠵᠣ᠂ 2465 ᠡᠷᠦᠬᠡ ᠶᠢᠨ ᠨᠣᠷᠠᠬᠤ ᠠᠶᠣᠯᠲᠠᠢ ᠬᠡᠷ ᠪᠠᠶᠢᠰᠢᠩ ᠢ ᠦᠭᠡᠷᠡᠴᠢᠯᠡᠨ ᠰᠢᠨᠡᠳᠬᠡᠬᠦ ᠡᠭᠦᠷᠭᠡ ᠶᠢ ᠪᠡᠶᠡᠯᠡᠭᠦᠯᠬᠦ ᠪᠠᠷ ᠲᠦᠯᠦᠪᠯᠡᠵᠦ ᠪᠣᠢ᠃ ᠦᠪᠦᠷ | ᠮᠣᠩᠭᠤᠯ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠦᠪ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ | ᠦᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠣᠭᠯᠠᠭᠠᠨ ᠤ ᠲᠠᠯᠠᠪᠣᠷ ᠣᠷᠳᠣᠨ ᠢ ᠬᠤᠭᠤᠴᠠᠭ᠎ᠠ | ᠶᠣᠰᠣᠭᠠᠷ ᠲᠣᠰᠢᠶᠠᠨ ᠥᠭᠴᠦ ᠬᠡᠷᠡᠭᠯᠡᠬᠦᠯᠬᠦ ᠶᠢ ᠯᠠᠪᠲᠠᠶᠢᠶ᠎ᠠ ᠪᠠᠲᠣᠯᠠᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠣᠷᠭᠠᠭᠤᠯᠢ ᠶᠢᠨ ᠵᠢᠭᠠᠨ | ᠰᠣᠷᠭᠠᠯᠲᠠ ᠶᠢᠨ ᠠᠰᠠᠷ᠂ ᠰᠣᠶᠣᠯ ᠲᠠᠮᠢᠷ ᠤᠨ ᠬᠦᠳᠡᠯᠭᠡᠭᠡᠨ ᠤ ᠲᠦᠪ᠂ ᠣᠪᠣᠭᠠᠨ ᠳᠡᠭᠡᠷᠡᠬᠢ ᠠᠭᠤᠯᠵᠠᠯᠲᠠ ᠲᠣᠰᠬᠠᠢ ᠰᠡᠳᠦᠪᠲᠦ ᠴᠡᠴᠡᠷᠯᠢᠭ ᠢ ᠰᠢᠨ᠎ᠡ ᠪᠠᠷ | ᠪᠠᠶᠢᠭᠤᠯᠬᠤ ᠢᠨᠵᠧᠨᠧᠷᠢᠩ ᠪᠠ ᠰᠧᠪᠵᠢᠭᠡᠨ ᠴᠡᠴᠡᠷᠯᠢᠭ᠂ ᠬᠠᠶᠢᠯᠠᠨᠴᠠ ᠴᠡᠴᠡᠷᠯᠢᠭ ᠢ ᠦᠭᠡᠷᠡᠴᠢᠯᠡᠨ ᠦᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠣᠳᠣ ᠦᠶ᠎ᠡ ᠶᠢᠨ ᠰᠡᠯᠡᠭᠦᠴᠡᠵᠦ ᠣᠷᠣᠰᠢᠨ ᠰᠠᠭᠤᠷᠢᠰᠢᠬᠤ ᠳᠤ ᠲᠣᠬᠢᠲᠠᠢ ᠬᠤᠲᠠ ᠪᠠᠯᠭᠠᠰᠣ ᠪᠣᠯᠭᠠᠨ ᠪᠦᠲᠦᠭᠡᠨ ᠪᠠᠶᠢᠭᠤᠯᠣᠨ᠎ᠠ᠃ ᠬᠤᠲᠠ ᠪᠠᠯᠭᠠᠰᠣ ᠶᠢ | ᠨᠣᠭᠤᠭᠠᠷᠠᠭᠤᠯᠬᠤ᠂ ᠬᠡᠷᠡᠯᠲᠦᠭᠦᠯᠬᠦ ᠵᠡᠷᠭᠡ ᠢᠵᠢ ᠪᠦᠷᠢᠯᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠦᠨᠡᠨᠬᠦ ᠰᠠᠶᠢᠳᠣᠷ ᠠᠳᠬᠤᠵᠣ᠂ ᠬᠤᠲᠠ | ᠪᠠᠯᠭᠠᠰᠣ ᠶᠢᠨ ᠶᠡᠷᠥᠩᠬᠡᠶᠢᠯᠡᠨ ᠬᠠᠣᠯᠢ ᠬᠡᠷᠡᠭᠵᠢᠭᠦᠯᠬᠦ ᠬᠠᠮᠢᠶᠠᠷᠣᠯᠲᠠ ᠶᠢ ᠴᠢᠩᠭᠠᠳᠬᠠᠵᠣ᠂ ᠬᠤᠲᠠ ᠪᠠᠯᠭᠠᠰᠣ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠣ᠂ | ᠬᠤᠲᠠ ᠪᠠᠯᠭᠠᠰᠣ ᠶᠢᠨ ᠳᠦᠷᠢ ᠳᠦᠷᠬᠦ ᠶᠢ ᠳᠡᠰ ᠳᠡᠪᠰᠢᠭᠦᠯᠦᠨ᠎ᠡ᠃ | ᠭᠤᠶᠢᠳᠠ ᠰᠠᠶᠢᠬᠠᠨ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠲᠠ ᠶᠢ ᠢᠳᠡᠪᠬᠢᠲᠡᠢ ᠲᠦᠯᠬᠢᠨ ᠠᠬᠢᠭᠤᠯᠣᠨ᠎ᠠ᠃ ᠮᠠᠯᠵᠢᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠶᠡᠷᠥᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠭᠤᠸᠠᠵᠢᠭᠤᠯᠬᠤ᠂ ᠨᠣᠭᠤᠭᠠᠷᠠᠭᠤᠯᠬᠤ᠂ ᠬᠡᠷᠡᠯᠲᠦᠭᠦᠯᠬᠦ᠂ | ᠴᠡᠪᠡᠷᠰᠢᠭᠦᠯᠬᠦ ᠠᠵᠢᠯ ᠢ ᠴᠢᠩᠭᠠᠳᠬᠠᠵᠣ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢ | ᠪᠦᠷᠢᠨᠰᠢᠭᠦᠯᠵᠦ᠂ ᠲᠡᠭᠡᠭᠡᠪᠦᠷᠢᠯᠡᠨ ᠡᠵᠡᠩᠨᠡᠬᠦ ᠶᠢ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠣ᠂ ᠲᠣᠰᠬᠤᠨ ᠤ ᠲᠦᠷᠰᠦ | ᠪᠠᠶᠢᠳᠠᠯ ᠢ ᠰᠠᠶᠢᠵᠢᠷᠠᠭᠤᠯᠵᠣ᠂ ᠣᠷᠴᠢᠨ ᠲᠣᠭᠤᠷᠢᠨ ᠤ ᠶᠠᠰᠣ ᠴᠢᠨᠠᠷ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠢ ᠮᠠᠯᠵᠢᠬᠤ ᠣᠷᠣᠨ ᠲᠡᠰᠢ | ᠣᠷᠳᠣᠳᠬᠠᠬᠤ ᠶᠢ ᠠᠬᠢᠭᠤᠯᠵᠣ᠂ ᠭᠠᠴᠠᠭ᠎ᠠ ᠶᠢᠨ ᠵᠡᠭᠡᠯᠢ ᠭᠤᠳᠣᠮᠵᠢ ᠶᠢᠨ ᠵᠠᠮ᠂ ᠰᠣᠶᠣᠯ ᠤᠨ ᠬᠦᠳᠡᠯᠭᠡᠭᠡᠨ ᠤ ᠭᠡᠷ᠂ ᠰᠣᠶᠣᠯ ᠤᠨ ᠠᠭᠤᠳᠠᠮ ᠲᠠᠯᠠᠪᠠᠢ᠂ | ᠴᠠᠬᠢᠯᠭᠠᠨ ᠤ ᠲᠣᠣᠷ ᠵᠡᠷᠭᠡ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠰᠣᠷᠭᠠᠨ ᠬᠦᠮᠦᠵᠢᠯ᠂ ᠡᠮᠨᠡᠯᠭᠡ᠂ ᠨᠡᠶᠢᠭᠡᠮ ᠤᠨ | ᠳᠠᠭᠠᠳᠬᠠᠯ᠂ ᠠᠵᠢᠯ ᠣᠯᠭᠤᠯᠲᠠ᠂ ᠣᠷᠣᠨ ᠰᠠᠭᠤᠴᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠢ ᠪᠠᠲᠣᠯᠠᠬᠤ ᠲᠦᠷᠦ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠵᠣ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠣᠯᠲᠠ ᠶᠢᠨ ᠲᠦᠪᠰᠢᠨ ᠢ ᠠᠯᠬᠤᠮ ᠴᠢᠨᠠᠭᠰᠢᠲᠠ ᠳᠡᠭᠡᠭᠰᠢᠯᠡᠭᠦᠯᠵᠦ᠂ ᠬᠤᠲᠠ ᠬᠦᠳᠡᠭᠡ | ᠶᠢᠨ ᠰᠠᠭᠤᠭᠠᠯᠢ ᠠᠷᠠᠳ ᠮᠠᠯᠴᠢᠳ ᠲᠤ ᠬᠦᠭᠵᠢᠯᠲᠡ ᠶᠢᠨ ᠦᠷ᠎ᠡ ᠪᠦᠲᠦᠭᠡᠯ ᠢ ᠬᠠᠮᠲᠣᠪᠡᠷ ᠡᠳ᠋ᠯᠡᠬᠦᠯᠬᠦ ᠶᠢ ᠠᠬᠢᠭᠤᠯᠣᠨ᠎ᠠ᠃ | ︵ᠵᠢᠷᠭᠤᠭ᠎ᠠ︶ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠡ᠃ ᠠᠮᠢ ᠠᠬᠤᠢ ᠶᠢᠨ ᠬᠤᠷᠢᠭ᠎ᠠ ᠱᠣᠭᠤᠮ ᠢ ᠪᠠᠲᠣ | ᠰᠠᠬᠢᠵᠣ᠂ ᠪᠣᠬᠢᠷᠳᠣᠯ ᠦᠭᠡᠢ ᠭᠦᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠦᠷᠭᠦᠯᠵᠢᠯᠡᠨ ᠬᠦᠭᠵᠢᠭᠦᠯᠬᠦ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠣᠨ᠎ᠠ᠃ | ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠦᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠳᠣ ᠴᠢᠳᠠᠪᠬᠢ | ᠶᠢᠨ ᠣᠷᠣᠨ ᠤ ᠲᠦᠯᠦᠪᠵᠢᠭᠦᠯᠭᠡ ᠶᠢ ᠴᠢᠩᠭ᠎ᠠ ᠨᠠᠶᠢᠳᠠᠪᠣᠷᠢᠵᠢᠭᠤᠯᠬᠤ᠂ ᠣᠯᠣᠰ ᠤᠨ ᠠᠮᠢ ᠠᠬᠤᠢ ᠶᠢᠨ ᠬᠤᠰᠢᠭᠤ ᠶᠢ ᠡᠭᠦᠳᠦᠨ ᠪᠠᠶᠢᠭᠤᠯᠣᠭᠰᠠᠨ ᠠᠵᠢᠯ ᠤᠨ | ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠦᠯᠦᠪᠵᠢᠭᠦᠯᠭᠡ ᠶᠢᠨ ᠣᠷᠴᠢᠨ ᠲᠣᠭᠤᠷᠢᠨ ᠤ ᠨᠦᠯᠦᠬᠡᠯᠡᠯ ᠢ ᠦᠨᠡᠯᠡᠬᠦ ᠳᠠᠬᠢ ᠵᠢᠯᠣᠭᠤᠳᠣᠨ ᠡᠷᠬᠡᠰᠢᠶᠡᠬᠦ ᠦᠢᠯᠡᠳᠦᠯ ᠢ | ᠴᠢᠩᠭᠠᠷᠠᠭᠤᠯᠵᠣ᠂ ᠲᠦᠯᠦᠪᠵᠢᠭᠦᠯᠭᠡ ᠬᠢᠬᠦ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠬᠠᠢ ᠪᠣᠭᠤᠮᠲᠠ ᠶᠢ | ᠰᠠᠶᠢᠳᠣᠷ ᠠᠳᠬᠤᠨ᠎ᠠ᠃ ᠲᠣᠣᠷᠵᠢᠯᠲᠠ ᠶᠢᠨ ᠬᠢᠨᠠᠨ ᠬᠠᠮᠢᠶᠠᠷᠣᠯᠲᠠ ᠶᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠤ ᠬᠢᠨᠠᠨ ᠬᠡᠮᠵᠢᠯᠳᠠ ᠬᠢᠨᠠᠨ ᠬᠠᠮᠢᠶᠠᠷᠣᠯᠲᠠ | ᠶᠢᠨ ᠴᠢᠳᠠᠪᠣᠷᠢ ᠶᠢ ᠳᠡᠭᠡᠭᠰᠢᠯᠡᠭᠦᠯᠦᠨ᠎ᠡ᠃ ᠡᠯᠡᠰᠦᠷᠬᠡᠭ ᠣᠷᠣᠨ ᠢ ᠵᠠᠰᠠᠬᠤ᠂ ᠣᠰᠣ ᠠᠷᠪᠢᠯᠠᠨ ᠰᠦᠷᠴᠢᠨ ᠣᠰᠣᠯᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ ᠢ ᠰᠠᠶᠢᠳᠣᠷ ᠠᠳᠬᠤᠵᠣ᠂ ᠬᠤᠲᠠ ᠪᠠᠯᠭᠠᠰᠣ᠂ ᠠᠭᠤᠷᠬᠠᠢ ᠶᠢᠨ ᠣᠷᠣᠨ᠂ ᠵᠠᠰᠠᠮᠠᠯ ᠵᠠᠮ ᠳᠠᠭᠠᠣ ᠬᠢ ᠭᠠᠵᠠᠷ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠬᠤ ᠢᠨᠵᠧᠨᠧᠷᠢᠩ ᠢ ᠲᠦᠯᠬᠢᠨ ᠠᠬᠢᠭᠤᠯᠣᠨ᠎ᠠ᠃ ᠣᠢ ᠰᠢᠭᠤᠢ ᠨᠣᠲᠤᠭ ᠪᠡᠯᠴᠢᠭᠡᠷ ᠢ ᠬᠠᠮᠢᠶᠠᠷᠣᠨ | ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢ ᠲᠠᠰᠣᠷᠠᠯᠲᠠ ᠦᠭᠡᠢ ᠴᠢᠩᠭᠠᠷᠠᠭᠤᠯᠵᠣ᠂ ᠲᠣᠭᠲᠠᠭᠠᠯ ᠢ ᠵᠦᠷᠢᠴᠡᠨ ᠨᠣᠲᠤᠭ ᠪᠡᠯᠴᠢᠭᠡᠷ ᠢ ᠡᠵᠡᠯᠡᠨ ᠬᠡᠷᠡᠭᠯᠡᠬᠦ᠂ ᠣᠢ | ᠰᠢᠭᠤᠢ ᠡᠪᠡᠰᠦ ᠪᠡᠯᠴᠢᠭᠡᠷ ᠢ ᠡᠪᠳᠡᠬᠦ ᠳᠤ ᠴᠣᠬᠢᠯᠲᠠ ᠦᠭᠭᠦ ᠲᠣᠰᠬᠠᠢ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠨᠣᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠬᠦ ᠱᠠᠩᠨᠠᠬᠤ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠪᠦᠬᠦ ᠵᠢᠯ ᠳᠤ 20 ᠲᠦᠮᠡᠨ | ᠮᠣ᠋ ᠨᠣᠲᠤᠭ ᠪᠡᠯᠴᠢᠭᠡᠷ ᠲᠤ ᠮᠠᠯᠯᠠᠬᠤ ᠶᠢ ᠵᠣᠭᠰᠣᠭᠠᠵᠣ᠂ 1280 ᠲᠦᠮᠡᠨ ᠮᠣ᠋ ᠨᠣᠲᠤᠭ ᠪᠡᠯᠴᠢᠭᠡᠷ ᠤᠨ ᠡᠪᠡᠰᠦ ᠮᠠᠯ ᠢ ᠲᠡᠩᠴᠡᠭᠦᠷᠢᠰᠢᠭᠦᠯᠬᠦ ᠪᠠᠷ ᠲᠦᠯᠦᠪᠯᠡᠵᠦ | ᠪᠣᠢ᠃ ᠣᠢ ᠰᠢᠭᠤᠢ ᠨᠣᠲᠤᠭ ᠪᠡᠯᠴᠢᠭᠡᠷ ᠤᠨ ᠪᠦᠲᠦᠭᠡᠨ ᠪᠠᠶᠢᠭᠤᠯᠣᠯᠲᠠ ᠶᠢᠨ ᠠᠵᠢᠯ ᠢ ᠴᠢᠩᠭᠠᠳᠬᠠᠵᠣ᠂ ᠪᠦᠬᠦ ᠵᠢᠯ ᠳᠤ 17 ᠲᠦᠮᠡᠨ ᠮᠣ᠋ ᠨᠣᠲᠤᠭ ᠪᠡᠯᠴᠢᠭᠡᠷ | ᠲᠤ ᠮᠠᠯᠯᠠᠬᠤ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠵᠦ᠂ 3.8 ᠲᠦᠮᠡᠨ ᠮᠣ᠋ ᠭᠠᠵᠠᠷ ᠢ ᠣᠶᠢᠵᠢᠭᠤᠯᠬᠤ ᠪᠠᠷ ᠲᠦᠯᠦᠪᠯᠡᠵᠦ ᠪᠣᠢ᠃ | ᠣᠷᠴᠢᠨ ᠲᠣᠭᠤᠷᠢᠨ ᠤ ᠳᠣᠪᠣᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠨ᠎ᠠ᠃ ᠲᠦᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠬᠤ ᠪᠠ ᠣᠳᠣᠷᠢᠳᠬᠤ ᠺᠠᠳ᠋ᠷᠴᠣᠳ ᠤᠨ ᠲᠣᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠲᠤ ᠬᠢᠨᠠᠨ ᠪᠣᠳᠣᠯᠳᠠ ᠬᠢᠵᠦ ᠬᠠᠷᠢᠭᠤ | ᠳᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠵᠣ ᠨᠠᠶᠢᠳᠠᠪᠣᠷᠢᠵᠢᠭᠤᠯᠬᠤ ᠠᠵᠢᠯ ᠢ ᠰᠠᠶᠢᠳᠣᠷ ᠠᠳᠬᠤᠵᠣ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠵᠠᠭᠤᠨ | ᠡᠳᠦᠷ ᠤᠨ ᠪᠠᠬᠢᠯᠡᠯᠲᠡ ᠰᠢᠪᠲᠣᠯᠬᠤ︾ ᠠᠵᠢᠯᠯᠠᠭ᠎ᠠ ᠶᠢ ᠬᠦᠨᠵᠡᠭᠡᠢ ᠬᠡᠷᠡᠭᠵᠢᠬᠦᠯᠵᠦ᠂ ᠴᠢᠩᠭ᠎ᠠ ᠪᠠᠷ ᠬᠢᠨᠠᠨ ᠵᠢᠯᠣᠭᠤᠳᠬᠤ ᠬᠠᠷᠢᠭᠤᠴᠠᠯᠭ᠎ᠠ ᠲᠣᠯᠭᠠᠬᠤ ᠪᠠᠷ | ᠴᠡᠭᠴᠡᠯᠡᠨ ᠦᠭᠡᠷᠡᠴᠢᠯᠡᠭᠦᠯᠬᠦ ᠡᠭᠦᠷᠭᠡ ᠶᠢ ᠪᠣᠳᠠᠳᠠᠢ ᠳᠤ ᠨᠠᠶᠢᠳᠠᠪᠣᠷᠢᠵᠢᠭᠤᠯᠬᠤ ᠶᠢ ᠠᠬᠢᠭᠤᠯᠣᠨ᠎ᠠ᠃ ᠭᠠᠵᠠᠷ ᠰᠢᠷᠣᠢ᠂ ᠲᠠᠯ᠎ᠠ ᠨᠣᠲᠤᠭ ᠪᠠ ᠠᠭᠤᠷᠬᠠᠢ ᠶᠢᠨ | ᠭᠠᠷᠣᠯᠲᠠ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠣ᠂ ᠡᠯ᠎ᠡ ᠵᠦᠢᠯ ᠤᠨ ᠲᠣᠭᠲᠠᠭᠠᠯ ᠢ | ᠵᠦᠷᠢᠴᠡᠵᠦ ᠬᠠᠣᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠬᠡᠵᠦ᠂ ᠬᠠᠷᠢᠭᠤᠴᠠᠯᠭ᠎ᠠ ᠶᠢᠨ ᠪᠣᠳᠠᠳᠣ ᠴᠣᠭᠴᠠ ᠶᠢ ᠲᠣᠳᠣᠷᠬᠠᠶᠢᠯᠠᠵᠣ᠂ | ᠲᠡᠣᠬᠡᠨ ᠠᠴᠠ ᠦᠯᠡᠳᠡᠭᠳᠡᠵᠦ ᠢᠷᠡᠭᠰᠡᠨ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠷ ᠡᠭᠦᠳᠡ ᠶᠢ ᠨᠢ ᠬᠠᠭᠠᠯᠭᠠᠭᠰᠠᠨ ᠠᠭᠤᠷᠬᠠᠢ ᠳᠤ ᠭᠠᠵᠠᠷ ᠵᠦᠢ ᠶᠢᠨ | ᠣᠷᠴᠢᠨ ᠲᠣᠭᠤᠷᠢᠨ ᠢ ᠰᠡᠷᠭᠦᠭᠡᠬᠦ ᠵᠠᠰᠠᠯᠲᠠ ᠬᠢᠨ᠎ᠡ᠃ ᠲᠦᠪ ᠬᠤᠲᠠ ᠲᠣᠭᠤᠷᠢᠭ ᠤᠨ ᠣᠰᠣᠨ ᠤ ᠡᠬᠢ ᠰᠣᠷᠪᠣᠯᠵᠢ ᠪᠠ ᠰᠣᠮᠣ ᠰᠢᠶᠠᠩ ᠪᠠᠯᠭᠠᠰᠣ ᠶᠢᠨ ᠣᠰᠣᠨ ᠤ | ᠡᠬᠢ ᠰᠣᠷᠪᠣᠯᠵᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠦᠨᠡᠨᠬᠦ ᠰᠠᠶᠢᠳᠣᠷ ᠠᠳᠬᠤᠵᠣ᠂ ᠨᠢᠬᠡᠳᠦᠭᠡᠷ ᠳᠡᠰ ᠤᠨ ᠬᠠᠮᠠᠭᠠᠯᠠᠯᠲᠠ ᠶᠢᠨ | ᠣᠷᠣᠨ ᠳᠤ ᠪᠢᠳᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠣᠰᠣ ᠣᠮᠳᠠ ᠶᠢᠨ ᠠᠮᠣᠷ ᠲᠦᠪᠰᠢᠨ ᠢ ᠬᠦᠴᠦᠯᠡᠨ ᠪᠠᠲᠣᠯᠠᠨ᠎ᠠ᠃ ᠠᠭᠠᠷ ᠮᠠᠨᠳᠠᠯ ᠤᠨ | ᠪᠣᠬᠢᠷᠳᠣᠭᠤᠯᠣᠯ ᠢ ᠰᠡᠷᠭᠡᠶᠢᠯᠡᠨ ᠵᠠᠰᠠᠬᠤ ᠶᠢ ᠬᠦᠨᠵᠡᠭᠡᠶᠢᠷᠡᠭᠦᠯᠵᠦ᠂ ᠬᠤᠸᠠ ᠨᠧᠩ ᠢᠮᠢᠨ ᠤ ᠨᠡᠭᠦᠷᠡᠰᠦ ᠴᠠᠬᠢᠯᠭᠠᠨ ᠤ ᠺᠣᠮᠫᠠᠨᠢ ᠶᠢᠨ ᠣᠷᠴᠢᠨ ᠲᠣᠭᠤᠷᠢᠨ ᠢ | ᠬᠠᠮᠠᠭᠠᠯᠠᠬᠤ ᠲᠣᠬᠠᠢ ᠦᠭᠡᠷᠡᠴᠢᠯᠡᠨ ᠵᠠᠰᠠᠬᠤ ᠲᠦᠷᠦᠯ ᠵᠦᠢᠯ ᠢ ᠲᠦᠷᠭᠡᠳᠬᠡᠨ ᠬᠡᠷᠡᠭᠵᠢᠬᠦᠯᠵᠦ᠂ ᠬᠤᠲᠠ ᠪᠠᠶᠢᠭᠤᠯᠣᠭᠰᠠᠨ ᠭᠠᠵᠠᠷ ᠣᠷᠣᠨ ᠤ ᠲᠦᠭᠦᠭᠡᠢ ᠨᠡᠬᠦᠷᠡᠰᠦ | ᠶᠢ ᠰᠣᠯᠠ ᠪᠠᠷ ᠰᠢᠳᠠᠭᠠᠬᠤ ᠶᠢ ᠵᠠᠰᠠᠬᠤ᠂ ᠨᠡᠭᠦᠷᠡᠰᠦ ᠰᠢᠳᠠᠭᠠᠬᠤ ᠬᠦᠸᠧᠯᠦ ᠶᠢᠨ ᠱᠠᠤ ᠦᠭᠡᠶᠢᠳᠡᠭᠦᠯᠬᠦ ᠬᠦᠬᠦᠷ ᠦᠭᠡᠶᠢᠳᠡᠭᠦᠯᠬᠦ᠂ ᠲᠣᠭᠤᠰᠣ ᠰᠣᠷᠣᠭᠤᠯᠬᠤ | ᠲᠦᠭᠦᠭᠡᠷᠦᠮᠵᠢ ᠶᠢ ᠳᠡᠰ ᠳᠡᠪᠰᠢᠭᠦᠯᠬᠦ ᠪᠠ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠣᠯᠲᠠ ᠬᠢᠬᠦ ᠶᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠣᠨ᠎ᠠ | ᠃ 10 ᠳᠣᠨ ᠠᠴᠠ ᠳᠣᠭᠤᠭᠰᠢ ᠠᠭᠤᠷᠰᠢᠯᠲᠠ ᠲᠠᠢ ᠬᠠᠭᠤᠴᠢᠨ ᠡᠪᠳᠡᠷᠭᠡᠢ ᠭᠦᠸᠧᠯᠦ ᠶᠢ ᠡᠷᠡᠰ ᠰᠢᠷᠪᠢᠭᠳᠡᠭᠦᠯᠵᠦ᠂ ᠣᠯᠠᠷᠢᠯ ᠤᠨ ᠴᠢᠨᠠᠷᠲᠠᠢ ᠠᠭᠠᠷ ᠮᠠᠨᠳᠠᠯ ᠤᠨ | ᠪᠣᠬᠢᠷᠳᠣᠭᠤᠯᠣᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ | ︵ᠳᠣᠯᠤᠭ᠎ᠠ︶ ᠨᠡᠶᠢᠭᠡᠮ ᠤᠨ ᠪᠦᠲᠦᠭᠡᠨ ᠪᠠᠶᠢᠭᠤᠯᠣᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠠᠷᠠᠳ ᠣᠯᠠᠨ ᠢᠶᠠᠷ ᠭᠤᠣᠯ ᠪᠣᠯᠭᠠᠬᠤ | ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠣ᠂ ᠠᠷᠠᠳ ᠤᠨ ᠠᠮᠢᠳᠣᠷᠠᠯ ᠤᠨ ᠬᠤᠷᠢᠭ᠎ᠠ ᠱᠣᠭᠤᠮ ᠢ ᠪᠠᠲᠣ ᠰᠠᠬᠢᠵᠣ᠂ ᠠᠷᠠᠳ ᠲᠤ ᠪᠣᠶᠠᠨ ᠬᠡᠰᠢᠭ ᠢᠯᠡᠬᠦᠦ | ᠡᠳ᠋ᠯᠡᠭᠦᠯᠵᠦ᠂ ᠠᠷᠠᠳ ᠢ ᠬᠠᠷᠠᠭᠠᠯᠵᠠᠬᠤ ᠨᠠᠮ ᠤᠨ ᠲᠦᠷᠦ ᠶᠢᠨ ᠪᠣᠳᠣᠯᠭ᠎ᠠ ᠪᠠᠷ ᠮᠢᠩᠭ᠎ᠠ ᠲᠦᠮᠡᠨ ᠡᠷᠦᠬᠡ ᠶᠢ ᠳᠣᠯᠠᠭᠠᠴᠠᠭᠤᠯᠣᠨ᠎ᠠ᠃ | ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠣᠯᠬᠤ ᠳᠠᠶᠢᠯᠠᠯᠳᠣᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ ᠳᠡᠭᠡᠷ᠎ᠡ ᠠᠴᠠ ᠳᠣᠣᠷ᠎ᠠ ᠬᠦᠷᠳᠡᠯ᠎ᠡ | ᠂ ᠨᠠᠶᠢᠳᠠᠮ ᠠᠴᠠ ᠴᠡᠭ ᠬᠦᠷᠲᠡᠯ᠎ᠡ ᠵᠢᠭᠠᠨ ᠵᠢᠯᠣᠭᠤᠳᠬᠤ ᠲᠣᠭᠲᠠᠯᠴᠠᠭ᠎ᠠ ᠶᠢ ᠪᠠᠶᠢᠭᠤᠯᠵᠣ᠂ ᠠᠵᠢᠯ ᠤᠨ ᠬᠠᠷᠢᠭᠤᠴᠠᠯᠭ᠎ᠠ ᠪᠠᠨ ᠪᠣᠳᠠᠳᠠᠶᠢᠵᠢᠭᠤᠯᠣᠨ᠂ ᠨᠢᠭᠡᠳᠦᠯᠳᠡᠢ | ᠲᠦᠯᠦᠪᠯᠡᠨ ᠲᠣᠬᠢᠷᠠᠭᠤᠯᠬᠤ ᠪᠠᠨ ᠴᠢᠩᠭᠠᠳᠬᠠᠵᠣ᠂ ᠪᠦᠬᠦ ᠬᠤᠰᠢᠭᠤᠨ ᠤ ᠬᠦᠴᠦᠨ ᠢᠶᠠᠷ ᠶᠠᠳᠠᠭᠤ ᠬᠦᠴᠢᠷᠳᠡᠯᠳᠡᠢ ᠬᠦᠮᠦᠨ ᠠᠮᠠ ᠶᠢ ᠲᠣᠭᠲᠠᠭᠤᠨ ᠢᠶᠠᠷ ᠶᠠᠳᠠᠭᠤ | ᠠᠴᠠ ᠠᠩᠬᠢᠵᠢᠷᠠᠭᠤᠯᠬᠤ᠂ ᠶᠠᠳᠠᠭᠤ ᠰᠢᠶᠠᠨ ᠤ ᠮᠠᠯᠠᠭᠠᠢ ᠶᠢ ᠲᠣᠭᠲᠠᠭᠰᠠᠨ ᠬᠤᠭᠤᠴᠠᠭᠠᠨ ᠳᠤ ᠠᠪᠴᠣ ᠬᠠᠶᠠᠬᠤ ᠶᠢ ᠯᠠᠪᠲᠠᠶᠢᠶ᠎ᠠ ᠪᠠᠲᠣᠯᠠᠨ᠎ᠠ᠃ ︽ᠮᠢᠩᠭᠠᠨ ᠺᠠᠳ᠋ᠷ | ᠬᠦᠳᠡᠭᠡ ᠪᠠᠭᠤᠵᠣ ᠶᠠᠳᠠᠭᠤ ᠭᠠᠴᠠᠭ᠎ᠠ ᠶᠠᠳᠠᠭᠤ ᠬᠦᠴᠢᠷᠳᠡᠯᠳᠡᠢ ᠡᠷᠦᠬᠡ ᠶᠢ ᠨᠡᠶᠢᠳᠡᠮ ᠰᠣᠷᠪᠣᠯᠵᠢᠯᠠᠬᠤ ᠡᠷᠬᠢᠨ ᠰᠣᠷᠪᠣᠯᠵᠢᠯᠠᠬᠤ︾ ᠠᠵᠢᠯᠯᠠᠭ᠎ᠠ ᠶᠢ ᠦᠷᠨᠢᠭᠦᠯᠵᠦ᠂ | ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠦᠨᠳᠦᠰᠦᠨ ᠪᠠᠶᠢᠳᠠᠯ᠂ ᠶᠠᠳᠠᠭᠤᠷᠠᠭᠰᠠᠨ ᠰᠢᠯᠳᠠᠭᠠᠨ᠂ ᠶᠠᠳᠠᠭᠤ ᠠᠴᠠ ᠠᠩᠬᠢᠵᠢᠷᠠᠬᠤ ᠬᠡᠷᠡᠭᠴᠡᠭᠡ ᠱᠠᠭᠠᠷᠳᠠᠯᠭ᠎ᠠ ᠶᠢ | ᠪᠦᠬᠦ ᠲᠠᠯ᠎ᠠ ᠪᠠᠷ ᠣᠶᠢᠯᠠᠭᠠᠵᠣ᠂ ᠬᠦᠮᠦᠨ ᠪᠠ ᠡᠷᠦᠬᠡ ᠳᠤᠨᠢ ᠲᠣᠬᠢᠷᠠᠭᠤᠯᠣᠨ ᠬᠠᠪᠰᠣᠷᠣᠨ ᠳᠡᠳᠬᠦᠬᠦ ᠲᠦᠯᠦᠪᠯᠡᠭᠡ ᠲᠣᠭᠲᠠᠭᠠᠵᠣ᠂ ᠬᠠᠪᠰᠣᠷᠣᠨ ᠲᠡᠳᠬᠦᠬᠦ ᠲᠦᠷᠦ | ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ ᠬᠠᠪᠰᠣᠷᠣᠨ ᠲᠡᠳᠬᠦᠬᠦ ᠡᠬᠢ ᠪᠠᠶᠠᠯᠢᠭ ᠢ ᠲᠣᠬᠢᠷᠠᠭᠤᠯᠵᠣ᠂ ᠣᠨᠣᠪᠴᠢᠲᠠᠢ ᠪᠠᠷ ᠢᠯᠭᠠᠨ ᠲᠠᠨᠢᠵᠣ᠂ ᠣᠨᠢᠨ ᠳᠡᠭᠡᠷ᠎ᠡ ᠨᠢ | ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠣᠪᠣᠶᠢᠮ᠎ᠠ ᠰᠠᠶᠢᠳᠣᠷ ᠠᠳᠬᠤᠵᠣ᠂ ᠳᠠᠭᠠᠭᠤᠯᠣᠭᠴᠢ | ᠠᠵᠣ ᠠᠬᠤᠶᠢᠯᠠᠯ ᠪᠠ ᠮᠠᠯᠴᠢᠳ ᠤᠨ ᠲᠣᠰᠬᠠᠢ ᠬᠤᠷᠰᠢᠶᠠᠵᠢᠯ ᠤᠨ ᠵᠣᠬᠢᠶᠠᠨ ᠪᠠᠶᠢᠭᠤᠯᠣᠯᠲᠠ ᠶᠢᠨ ᠬᠠᠪᠰᠣᠷᠣᠨ ᠳᠡᠳᠬᠦᠬᠦ ᠳᠠᠶᠢᠴᠢᠯᠠᠬᠤ ᠦᠢᠯᠡᠳᠦᠯ ᠢ ᠨᠢ | ᠪᠠᠳᠠᠷᠠᠭᠤᠯᠵᠣ᠂ ᠮᠠᠯ ᠠᠵᠣ ᠠᠬᠤᠢ ᠶᠢᠨ ᠳᠡᠵᠢᠭᠡᠨ ᠦᠷᠡᠵᠢᠭᠦᠯᠬᠦ ᠦᠢᠯᠡᠰ ᠪᠠ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠵᠣ ᠣᠷᠭᠤᠭᠤᠯᠬᠤ ᠵᠡᠷᠭᠡ ᠣᠨᠴᠠᠯᠢᠭᠲᠣ | ᠠᠵᠣ ᠦᠢᠯᠡᠰ ᠢ ᠭᠤᠣᠯᠳᠠᠯᠭ᠎ᠠ ᠲᠠᠢ ᠬᠦᠭᠵᠢᠭᠦᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠣᠨ᠎ᠠ᠃ ᠨᠡᠶᠢᠭᠡᠮ ᠤᠨ | ᠪᠠᠳᠣᠯᠠᠪᠣᠷᠢ ᠶᠢᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠲᠦᠪᠯᠡᠷᠡᠭᠦᠯᠦᠨ ᠨᠡᠶᠢᠳᠬᠡᠵᠦ᠂ ᠰᠣᠷᠭᠠᠨ ᠬᠦᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ | ᠲᠠᠯ᠎ᠠ ᠪᠠᠷ ᠬᠠᠪᠰᠣᠷᠣᠨ ᠲᠡᠳᠬᠦᠬᠦ ᠶᠢ ᠴᠢᠩᠭᠠᠳᠬᠠᠵᠣ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠬᠠᠮᠤᠭ ᠰᠠᠶᠢᠨ ᠢᠶᠠᠷ ᠪᠠᠳᠠᠷᠠᠭᠤᠯᠬᠤ ᠶᠢ | ᠪᠠᠲᠣᠯᠠᠨ᠎ᠠ᠃ ᠮᠦᠩᠬᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠬᠦ ᠶᠢ ᠢᠳᠡᠪᠬᠢᠲᠡᠢ ᠲᠦᠯᠬᠢᠨ ᠠᠬᠢᠭᠤᠯᠵᠣ᠂ ᠮᠦᠩᠬᠦᠨ ᠬᠦᠢᠯᠭᠡᠭᠡᠨ ᠤ ᠪᠠᠶᠢᠭᠤᠯᠣᠮᠵᠢ ᠯᠤᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠵᠣ᠂ ᠮᠦᠩᠬᠦᠨ ᠬᠦᠢᠯᠭᠡᠭᠡᠨ ᠢᠶᠠᠷ ᠶᠠᠳᠠᠭᠤ ᠶᠢ ᠳᠡᠳᠭᠦᠭᠦ ᠵᠢᠭᠡᠯᠡᠯᠭᠡ ᠶᠢ ᠨᠠᠶᠢᠳᠠᠪᠣᠷᠢᠵᠢᠭᠤᠯᠵᠣ᠂ ᠦᠢᠯᠡᠳᠪᠦᠷᠢᠯᠡᠯ ᠢᠶᠠᠨ | ᠬᠦᠭᠵᠢᠬᠦᠯᠬᠦ ᠳᠤ ᠪᠡᠯᠡ ᠮᠦᠩᠬᠦ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠦᠨ᠎ᠡ᠃ ᠦᠨᠳᠦᠰᠦᠲᠡᠨ ᠤ ᠰᠣᠷᠭᠠᠨ ᠬᠦᠮᠦᠵᠢᠯ ᠤᠨ ᠦᠢᠯᠡᠰ ᠢ ᠶᠡᠬᠡᠪᠡᠷ ᠬᠦᠭᠵᠢᠬᠦᠯᠵᠦ᠂ ᠪᠠᠭᠰᠢ | ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠣ᠂ ᠰᠣᠷᠭᠠᠨ ᠬᠦᠮᠦᠵᠢᠯ ᠤᠨ ᠵᠢᠭᠠᠨ ᠰᠣᠷᠭᠠᠬᠤ ᠶᠠᠰᠣ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠂ ᠡᠯ᠎ᠡ | ᠱᠠᠲᠣᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠤᠨ ᠲᠡᠩᠴᠡᠭᠦᠷᠢᠲᠡᠢ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠣᠨ᠎ᠠ︔ ᠬᠤᠰᠢᠭᠤᠨ ᠤ ᠭᠤᠷᠪᠠᠳᠣᠭᠠᠷ | ᠦᠨᠳᠦᠰᠦᠲᠡᠨ ᠤ ᠬᠡᠣᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠣ᠂ ᠦᠨᠳᠦᠰᠦᠨ ᠱᠠᠲᠣᠨ ᠤ ᠰᠣᠷᠭᠠᠭᠤᠯᠢ ᠶᠢᠨ ᠰᠣᠷᠭᠠᠭᠤᠯᠢ ᠶᠢᠨ ᠬᠦᠷᠢᠶᠡᠨ ᠤ ᠪᠦᠲᠦᠭᠡᠨ | ᠪᠠᠶᠢᠭᠤᠯᠣᠯᠲᠠ ᠶᠢᠨ ᠢᠨᠵᠧᠨᠧᠷᠢᠩ ᠢ ᠬᠡᠷᠡᠭᠵᠢᠬᠦᠯᠵᠦ᠂ ᠰᠣᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠣᠨ᠂ ᠰᠣᠷᠭᠠᠨ ᠬᠦᠮᠦᠵᠢᠯ ᠤᠨ ᠡᠬᠢ ᠪᠠᠶᠠᠯᠢᠭ ᠢ ᠵᠦᠢ | ᠵᠣᠬᠢᠰᠲᠠᠢ ᠲᠣᠬᠢᠷᠠᠭᠤᠯᠣᠨ᠎ᠠ᠃ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠳᠡᠯᠭᠡᠭᠴᠢ ᠬᠦᠴᠦᠨ ᠤ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ | ᠬᠡᠷᠡᠭᠵᠢᠭᠦᠯᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠣᠨ ᠡᠭᠦᠳᠦᠭᠰᠡᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠬᠦᠴᠦᠯᠡᠴᠡ ᠪᠠᠨ ᠨᠡᠮᠡᠭᠳᠡᠭᠦᠯᠵᠦ᠂ | ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ᠂ ᠪᠦᠲᠦᠴᠡ ᠪᠠᠨ ᠲᠣᠬᠢᠷᠠᠭᠤᠯᠬᠤ ᠳᠤ ᠰᠢᠨ᠎ᠡ ᠬᠦᠳᠡᠯᠭᠡᠭᠴᠢ ᠬᠦᠴᠦᠨ ᠬᠠᠩᠭᠠᠨ᠎ᠠ᠃ | ᠦᠨᠳᠦᠰᠦᠲᠡᠨ ᠤ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠦᠭᠵᠢᠬᠦᠯᠵᠦ᠂ ᠦᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠪᠡᠶ᠎ᠡ | ᠲᠠᠮᠢᠷ ᠤᠨ ᠴᠣᠭᠯᠠᠭᠠᠨ ᠢ ᠢᠳᠡᠪᠬᠢᠲᠡᠢ ᠰᠠᠶᠢᠳᠣᠷ ᠳᠠᠭᠠᠭᠠᠨ ᠡᠷᠬᠢᠯᠡᠵᠦ᠂ ᠬᠦᠯ ᠪᠦᠮᠪᠦᠭᠡ᠂ ᠮᠣᠷᠢ ᠣᠷᠣᠯᠳᠣᠭᠤᠯᠬᠤ᠂ ᠪᠦᠬᠡ ᠪᠠᠷᠢᠯᠳᠣᠭᠤᠯᠬᠤ ᠵᠡᠷᠭᠡ | ᠳᠠᠪᠠᠭᠤᠯᠢᠭᠲᠣ ᠲᠦᠷᠦᠯ ᠵᠦᠢᠯ ᠤᠨ ᠦᠷᠢᠰᠦᠯᠳᠦᠭᠡᠨ ᠤ ᠴᠢᠳᠠᠪᠣᠷᠢ ᠶᠢ ᠠᠯᠬᠤᠮ ᠴᠢᠨᠠᠭᠰᠢᠲᠠ ᠳᠡᠭᠡᠭᠰᠢᠯᠡᠬᠦᠯᠵᠦ᠂ ᠴᠦ᠋ ᠪᠣᠯᠢᠶᠠᠯᠳᠣᠬᠤ᠂ ᠪᠦᠯᠦᠩ ᠰᠢᠳᠡᠬᠦ ᠵᠡᠷᠭᠡ | ᠦᠨᠳᠦᠰᠦᠲᠡᠨ ᠤ ᠣᠯᠠᠮᠵᠢᠯᠠᠯᠲᠣ ᠪᠡᠶ᠎ᠡ ᠲᠠᠮᠢᠷ ᠤᠨ ᠲᠦᠷᠦᠯ ᠵᠦᠢᠯ ᠢ ᠣᠯᠠᠮᠵᠢᠯᠠᠨ ᠵᠠᠯᠭᠠᠮᠵᠢᠯᠠᠬᠤ ᠠᠵᠢᠯ ᠢ ᠯᠠᠪᠳᠠᠭᠤᠨ ᠪᠠᠲᠣᠲᠠᠢ ᠰᠠᠶᠢᠳᠣᠷ ᠬᠢᠨ᠎ᠡ᠃ ᠡᠮ | ᠡᠮᠨᠡᠯᠭᠡ ᠶᠢᠨ ᠦᠢᠯᠡᠴᠢᠯᠡᠭᠡᠨ ᠪᠠ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠦᠴᠦᠯᠡᠨ ᠰᠢᠯᠢᠳᠡᠭᠵᠢᠭᠦᠯᠵᠦ᠂ ᠦᠨᠳᠦᠰᠦᠨ ᠱᠠᠲᠣᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠣᠯᠲᠠ ᠶᠢ ᠴᠢᠩᠭᠠᠳᠬᠠᠵᠣ᠂ ᠮᠣᠩᠭᠤᠯ ᠡᠮᠨᠡᠯᠭᠡ ᠶᠢᠨ ᠬᠤᠷᠢᠶ᠎ᠠ ᠶᠢ | ᠦᠭᠡᠷᠡᠴᠢᠯᠡᠨ ᠦᠷᠭᠡᠳᠬᠡᠨ ᠪᠠᠶᠢᠭᠤᠯᠬᠤ ᠲᠦᠷᠦᠯ ᠵᠦᠢᠯ ᠢ ᠦᠷᠭᠦᠯᠵᠢᠯᠡᠨ ᠰᠠᠶᠢᠳᠣᠷ ᠠᠳᠬᠤᠵᠣ᠂ ᠣᠨ ᠤ ᠲᠣᠳᠣᠷ᠎ᠠ ᠠᠰᠢᠭᠯᠠᠯᠲᠠ ᠳᠤ ᠣᠷᠣᠭᠤᠯᠵᠣ | ᠬᠡᠷᠡᠭᠯᠡᠭᠦᠯᠬᠦ ᠶᠢ ᠯᠠᠪᠲᠠᠶᠢᠶ᠎ᠠ ᠪᠠᠲᠣᠯᠠᠨ᠂ ᠣᠷᠣᠨ ᠨᠣᠲᠤᠭ ᠤᠨ ᠮᠣᠩᠭᠤᠯ ᠬᠢᠳᠠᠳ ᠡᠮᠲᠣ ᠮᠠᠲ᠋ᠧᠷᠢᠶᠠᠯ ᠢ ᠳᠠᠷᠢᠵᠣ ᠣᠷᠭᠤᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠣᠯᠲᠠ ᠶᠢ ᠲᠦᠷᠭᠡᠳᠬᠡᠵᠦ᠂ ᠮᠣᠩᠭᠤᠯ ᠡᠮᠴᠢᠯᠡᠭᠡᠨ ᠤ ᠲᠣᠰᠬᠠᠢ ᠴᠢᠳᠠᠪᠣᠷᠢᠲᠠᠨ ᠢ ᠲᠠᠲᠠᠨ ᠣᠷᠣᠭᠤᠯᠬᠤ ᠪᠠ ᠬᠦᠮᠦᠵᠢᠭᠦᠯᠬᠦ ᠶᠢ ᠴᠢᠩᠭᠠᠳᠬᠠᠨ᠎ᠠ᠃ | ᠦᠨᠳᠦᠰᠦᠲᠡᠨ ᠤ ᠰᠣᠶᠣᠯ ᠢ ᠪᠦᠬᠦ ᠲᠠᠯ᠎ᠠ ᠪᠠᠷ ᠴᠡᠴᠡᠭᠯᠡᠭᠦᠯᠦᠨ ᠬᠦᠭᠵᠢᠬᠦᠯᠵᠦ᠂ ᠦᠨᠳᠦᠰᠦᠲᠡᠨ ᠤ ᠳᠠᠭᠤᠣ ᠬᠦᠭᠵᠢᠮ᠂ ᠪᠦᠵᠢᠭ᠂ ᠳᠠᠭᠤᠣ ᠰᠢᠯᠦᠭ᠂ ᠺᠢᠨᠣ᠋ ᠵᠡᠷᠭᠡ | ᠣᠳᠬ᠎ᠠ ᠣᠷᠠᠯᠢᠭ ᠤᠨ ᠦᠢᠯᠡᠰ ᠤᠨ ᠬᠦᠭᠵᠢᠯᠲᠡ ᠶᠢ ᠳᠡᠮᠵᠢᠨ᠎ᠡ᠃ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠲᠠᠯᠠᠪᠣᠷ ᠤᠨ ᠦᠢᠯᠡᠴᠢᠯᠡᠭᠡᠨ ᠤ | ᠴᠢᠳᠠᠪᠬᠢ ᠶᠢ ᠪᠠᠳᠠᠷᠠᠭᠤᠯᠵᠣ᠂ ᠡᠸ᠋ᠨᠩᠬᠢ ᠬᠤᠰᠢᠭᠤᠨ ᠤ ᠶᠡᠷᠥᠩᠬᠡᠶᠢᠯᠡᠭᠰᠡᠨ ᠳᠠᠩᠰᠠ ᠡᠪᠬᠡᠮᠡᠯ ᠤᠨ ᠰᠠᠩ᠂ ᠳ᠋ᠠᠶᠠᠨ ᠤ ᠣᠷᠣᠰᠢᠭᠤᠯᠭ᠎ᠠ ᠶᠢᠨ ᠭᠠᠵᠠᠷ ᠪᠠ ᠬᠦᠯ | ᠪᠦᠮᠪᠦᠭᠡ ᠶᠢᠨ ᠣᠷᠳᠣᠨ ᠤ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠪᠡᠶᠡᠯᠡᠭᠦᠯᠦᠨ᠎ᠡ᠃ ᠡᠮᠡᠭᠳᠡᠶᠢᠴᠣᠳ ᠬᠡᠣᠬᠡᠳ᠂ ᠨᠠᠰᠣᠳᠠᠶᠢᠴᠣᠳ᠂ ᠵᠡᠮᠳᠡᠭᠴᠣᠳ | ᠤᠨ ᠦᠢᠯᠡᠰ ᠤᠨ ᠬᠦᠭᠵᠢᠯᠲᠡ ᠶᠢ ᠳᠡᠮᠵᠢᠵᠦ᠂ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠬᠠᠩᠭᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠬᠠᠣᠯᠢ ᠶᠣᠰᠣᠨ ᠤ ᠡᠷᠬᠡ | ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ | ᠨᠡᠶᠢᠭᠡᠮ ᠤᠨ ᠪᠠᠲᠣᠯᠠᠪᠣᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠬᠦᠯᠦᠨ᠎ᠡ᠃ ︽ᠣᠷᠢᠬᠠᠨ ᠬᠠᠪᠣᠷ ᠤᠨ ᠠᠵᠢᠯᠯᠠᠭ᠎ᠠ︾ ᠶᠢ ᠵᠣᠬᠢᠶᠠᠨ ᠪᠠᠶᠢᠭᠤᠯᠣᠨ | ᠬᠡᠷᠡᠭᠵᠢᠭᠦᠯᠵᠦ᠂ ᠳᠡᠭᠡᠳᠦ ᠰᠣᠷᠭᠠᠭᠤᠯᠢ ᠳᠡᠭᠦᠰᠦᠭᠰᠡᠨ ᠣᠶᠣᠳᠠᠨ᠂ ᠠᠵᠢᠯ ᠲᠠᠢ ᠬᠦᠮᠦᠨ ᠦᠭᠡᠢ ᠬᠡᠷ ᠪᠦᠯᠢ᠂ ᠳᠠᠩᠰᠠ ᠺᠠᠷᠲ ᠪᠠᠶᠢᠭᠤᠯᠣᠭᠰᠠᠨ ᠶᠠᠳᠠᠭᠤ | ᠬᠦᠴᠢᠷᠳᠡᠯᠳᠡᠢ ᠡᠷᠦᠬᠡ ᠵᠡᠷᠭᠡ ᠨᠢᠭᠡ ᠪᠦᠯᠦᠭ ᠬᠦᠮᠦᠰ ᠲᠤ ᠠᠵᠢᠯ ᠣᠯᠭᠤᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠬᠤᠲᠠ ᠪᠠᠯᠭᠠᠰᠣ ᠶᠢᠨ | 1600 ᠬᠦᠮᠦᠨ ᠳᠤ ᠰᠢᠨ᠎ᠡ ᠪᠠᠷ ᠠᠵᠢᠯ ᠣᠯᠭᠤᠵᠣ᠂ ᠦᠨᠳᠦᠰᠦᠲᠡᠨ ᠤ ᠰᠣᠶᠣᠯ ᠤᠨ ᠦᠢᠯᠡᠰ ᠪᠣᠰᠬᠠᠯᠲᠠ ᠶᠢᠨ ᠬᠦᠷᠢᠶᠡᠯᠡᠩ ᠬᠢᠬᠡᠳ ᠰᠢᠨᠵᠢᠯᠡᠭᠡ ᠮᠡᠷᠭᠡᠵᠢᠯ ᠤᠨ | ᠠᠵᠣ ᠠᠬᠤᠶᠢᠯᠠᠯ ᠤᠨ ᠨᠡᠪᠴᠢᠭᠦᠯᠦᠦᠷ ᠢ ᠨᠡᠶᠢᠳᠬᠡᠵᠦ᠂ ᠪᠦᠬᠦ ᠵᠢᠯ ᠳᠤ ᠪᠣᠶᠢᠵᠢᠭᠤᠯᠣᠨ ᠬᠠᠷᠭᠠᠭᠰᠠᠨ ᠠᠵᠣ ᠠᠬᠤᠶᠢᠯᠠᠯ 200 ᠪᠣᠯᠵᠣ᠂ 5000 ᠬᠦᠮᠦᠨ ᠢ | ᠳᠠᠶᠢᠴᠢᠯᠠᠨ ᠠᠵᠢᠯ ᠣᠯᠭᠤᠨ᠎ᠠ᠃ ᠪᠦᠬᠦ ᠠᠷᠠᠳ ᠢ ᠳᠠᠭᠠᠳᠬᠠᠯ ᠳᠤ ᠣᠷᠣᠭᠤᠯᠬᠤ ᠲᠦᠯᠦᠪᠯᠡᠭᠡ ᠶᠢ ᠲᠦᠯᠬᠢᠨ ᠠᠬᠢᠭᠤᠯᠵᠣ᠂ ᠦᠨᠳᠦᠰᠦᠨ ᠨᠠᠰᠣᠵᠢᠯ ᠤᠨ | ᠳᠠᠭᠠᠳᠬᠠᠯ᠂ ᠡᠮᠨᠡᠯᠭᠡ ᠶᠢᠨ ᠳᠠᠭᠠᠳᠬᠠᠯ ᠤᠨ ᠬᠠᠮᠣᠷᠠᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠮᠠᠯᠴᠢᠳ ᠢ | ᠬᠠᠮᠣᠷᠣᠭᠰᠠᠨ ᠨᠡᠶᠢᠭᠡᠮ ᠤᠨ ᠪᠠᠲᠣᠯᠠᠪᠣᠷᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠲᠦᠷ ᠴᠠᠭ ᠤᠨ ᠠᠪᠣᠷᠠᠨ ᠲᠣᠰᠠᠯᠠᠯᠲᠠ ᠪᠠ ᠬᠦᠨᠳᠦ ᠡᠪᠡᠳᠴᠢᠨ ᠳᠤ | ᠠᠪᠣᠷᠠᠨ ᠲᠣᠰᠠᠯᠠᠯᠲᠠ ᠬᠢᠬᠦ ᠳᠦᠷᠢᠮ ᠢ ᠪᠦᠷᠢᠨᠰᠢᠭᠦᠯᠵᠦ᠂ ᠠᠮᠢᠳᠣᠷᠠᠯ ᠨᠢ ᠬᠦᠴᠢᠷᠳᠡᠯᠳᠡᠢ ᠠᠷᠠᠳ ᠣᠯᠠᠨ ᠢ ᠠᠪᠣᠷᠠᠨ ᠲᠣᠰᠠᠯᠠᠵᠣ ᠬᠠᠪᠰᠣᠷᠣᠨ ᠲᠡᠳᠬᠦᠬᠦ | ᠬᠦᠴᠦᠯᠡᠴᠡ ᠪᠠᠨ ᠨᠡᠮᠡᠭᠳᠡᠭᠦᠯᠵᠦ᠂ ︽ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ︾᠂ ︽ᠲᠠᠪᠣᠨ ᠪᠠᠲᠣᠯᠠᠭᠠᠲᠣ︾ ᠵᠡᠷᠭᠡ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢ ᠰᠠᠶᠢᠳᠣᠷ ᠨᠠᠶᠢᠳᠠᠪᠣᠷᠢᠵᠢᠭᠤᠯᠵᠣ᠂ ᠬᠤᠲᠠ ᠪᠠᠯᠭᠠᠰᠣ ᠶᠢᠨ ᠨᠠᠰᠣᠳᠠᠨ ᠢ ᠠᠰᠠᠷᠠᠬᠤ ᠬᠦᠷᠢᠶᠡᠯᠡᠩ᠂ ᠮᠠᠯᠵᠢᠬᠤ ᠣᠷᠣᠨ ᠤ ᠬᠠᠷᠢᠯᠴᠠᠨ | ᠬᠠᠪᠰᠣᠷᠣᠯᠴᠠᠬᠤ ᠨᠠᠰᠣᠲᠠᠨ ᠢ ᠠᠰᠠᠷᠠᠬᠤ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠣᠯᠲᠠ ᠶᠢᠨ ᠲᠦᠪᠰᠢᠨ ᠢ ᠳᠡᠭᠡᠭᠰᠢᠯᠡᠬᠦᠯᠵᠦ᠂ ᠡᠯ᠎ᠡ ᠵᠦᠢᠯ ᠤᠨ | ᠬᠦᠴᠢᠷᠳᠡᠯᠳᠡᠢ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠣᠷᠠᠯᠲᠠ ᠦᠭᠡᠢ ᠨᠡᠮᠡᠭᠳᠡᠭᠦᠯᠦᠨ᠎ᠡ᠃ | ᠨᠡᠶᠢᠭᠡᠮ ᠤᠨ ᠶᠡᠷᠥᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽ᠠᠮᠣᠭᠤᠯᠠᠩ ᠬᠤᠲᠠ︾ ᠶᠢᠨ ᠪᠦᠲᠦᠭᠡᠨ ᠪᠠᠶᠢᠭᠤᠯᠣᠯᠲᠠ ᠶᠢᠨ ᠬᠦᠴᠦᠯᠡᠴᠡ ᠪᠠᠨ | ᠦᠷᠭᠦᠯᠵᠢᠯᠡᠨ ᠨᠡᠮᠡᠭᠳᠡᠭᠦᠯᠵᠦ᠂ ᠠᠮᠣᠷ ᠢ ᠬᠠᠮᠠᠭᠠᠯᠠᠬᠤ ᠶᠡᠷᠥᠩᠬᠡᠶᠢᠯᠡᠨ ᠰᠡᠷᠭᠡᠶᠢᠯᠡᠬᠦ ᠳᠠᠬᠢ ᠰᠢᠨᠵᠢᠯᠡᠭᠡ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠠᠣᠯᠢ ᠶᠢ | ᠵᠦᠷᠢᠴᠡᠭᠰᠡᠨ ᠡᠯ᠎ᠡ ᠵᠦᠢᠯ ᠤᠨ ᠶᠠᠯᠠᠲᠣ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠦᠨᠳᠦᠷ ᠳᠠᠷᠣᠯᠳᠠᠳᠣ ᠪᠠᠶᠢᠳᠠᠯ ᠢᠶᠠᠨ ᠦᠷᠭᠦᠯᠵᠢᠯᠡᠨ ᠬᠠᠳᠠᠭᠠᠯᠠᠨ᠎ᠠ᠃ | ᠨᠡᠶᠢᠬᠡᠮ ᠤᠨ ᠵᠦᠷᠢᠴᠡᠯ ᠳᠠᠷᠣᠭᠳᠠᠮᠠᠯ ᠬᠡᠷᠡᠭ ᠢ ᠨᠠᠮᠳᠠᠭᠤᠯᠵᠣ ᠰᠢᠢᠳᠪᠦᠷᠢᠯᠡᠬᠦ ︽ᠵᠠᠭᠤᠨ ᠡᠳᠦᠷ ᠤᠨ ᠪᠠᠬᠢᠯᠡᠯᠲᠡ ᠰᠢᠪᠲᠣᠯᠬᠤ ᠳᠠᠶᠢᠯᠠᠯᠳᠣᠭᠠᠨ︾ ᠪᠠ ᠵᠦᠷᠢᠴᠡᠯ | ᠮᠠᠷᠭᠤᠭᠠᠨ ᠢ ᠶᠡᠬᠡᠪᠡᠷ ᠪᠠᠶᠢᠴᠠᠭᠠᠵᠣ ᠶᠡᠬᠡᠪᠡᠷ ᠨᠠᠮᠳᠠᠭᠤᠯᠣᠨ ᠰᠢᠢᠳᠪᠦᠷᠢᠯᠡᠬᠦ ᠲᠣᠰᠬᠠᠢ ᠵᠦᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠠᠷᠠᠳ ᠣᠯᠠᠨ ᠤ | ᠵᠦᠢ ᠶᠣᠰᠣᠨ ᠤ ᠭᠤᠮᠣᠳᠠᠯ ᠲᠣᠭᠠᠴᠢᠯᠲᠠ ᠶᠢ ᠵᠣᠬᠢᠰᠲᠠᠢ ᠰᠢᠢᠳᠪᠦᠷᠢᠯᠡᠵᠦ ᠥᠭᠭᠦᠨ᠎ᠡ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠣᠷᠢᠵᠢᠭᠤᠯᠵᠣ᠂ ᠡᠯ᠎ᠡ ᠬᠦᠷᠢᠶᠡᠨ ᠳᠤ ᠠᠶᠣᠯᠬᠦᠢ ᠦᠢᠯᠡᠳᠪᠦᠷᠢᠯᠡᠯ ᠤᠨ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠢᠳᠡᠭᠡᠨ ᠤ ᠵᠦᠢᠯᠡᠰ ᠪᠠ ᠡᠮ | ᠤᠨ ᠵᠦᠢᠯᠡᠰ ᠤᠨ ᠠᠮᠣᠷ ᠲᠦᠪᠰᠢᠨ ᠤ ᠪᠦᠬᠦ ᠶᠠᠪᠣᠴᠠ ᠳᠤ ᠬᠢᠨᠠᠨ ᠬᠠᠮᠢᠶᠠᠷᠣᠯᠲᠠ ᠬᠢᠬᠦ ᠶᠢ ᠴᠢᠩᠭᠠᠳᠬᠠᠵᠣ᠂ ᠠᠷᠠᠳ ᠣᠯᠠᠨ ᠤ ᠢᠳᠡᠭᠡᠨ ᠣᠮᠳᠠᠭᠠᠨ᠂ ᠡᠮ | ᠬᠡᠷᠡᠭᠯᠡᠬᠦ ᠠᠮᠣᠷ ᠲᠦᠪᠰᠢᠨ ᠢ ᠪᠠᠲᠣᠯᠠᠨ᠎ᠠ᠃ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠦᠨᠳᠦᠰᠦᠲᠡᠨ | ᠱᠠᠰᠢᠨ ᠰᠣᠷᠳᠠᠬᠤᠨ ᠤ ᠬᠡᠷᠡᠭ ᠶᠠᠪᠣᠳᠠᠯ ᠢ ᠬᠠᠣᠯᠢ ᠶᠣᠰᠣᠭᠠᠷ ᠬᠠᠮᠢᠶᠠᠷᠤᠨ᠎ᠠ᠃ ᠬᠠᠣᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠯᠠᠪᠳᠠᠭᠤᠨ ᠪᠠᠲᠣᠳᠠᠢ | ᠠᠬᠢᠭᠤᠯᠵᠣ᠂ ᠬᠠᠣᠯᠢ ᠴᠠᠭᠠᠵᠠ ᠶᠢᠨ ᠲᠣᠰᠠᠯᠠᠮᠵᠢ ᠶᠢᠨ ᠠᠵᠢᠯᠯᠠᠭ᠎ᠠ ᠶᠢ ᠨᠢᠮᠪᠠᠢ ᠦᠷᠨᠢᠭᠦᠯᠵᠦ᠂ ᠬᠠᠣᠯᠢ ᠳᠦᠷᠢᠮ ᠤᠨ ᠣᠬᠠᠭᠤᠯᠭ᠎ᠠ ᠬᠦᠮᠦᠵᠢᠯ ᠤᠨ ᠠᠵᠢᠯ ᠢ | ᠴᠢᠩᠭᠠᠳᠬᠠᠵᠣ᠂ ᠪᠦᠬᠦ ᠠᠷᠠᠳ ᠢᠶᠠᠷ ᠢᠶᠠᠨ ᠬᠠᠣᠯᠢ ᠰᠣᠷᠴᠣ ᠬᠠᠣᠯᠢ ᠶᠢ ᠬᠡᠷᠡᠭᠯᠡᠬᠦ ᠨᠡᠶᠢᠭᠡᠮ ᠤᠨ ᠰᠠᠶᠢᠨ ᠰᠠᠶᠢᠬᠠᠨ ᠣᠷᠴᠢᠨ ᠢ ᠪᠣᠢ ᠪᠣᠯᠭᠠᠨ᠎ᠠ᠃ | ︵ᠨᠠᠢᠮᠠ︶ ᠦᠭᠡᠷᠡᠴᠢᠯᠡᠯᠲᠡ ᠨᠡᠭᠡᠭᠡᠯᠲᠡ ᠶᠢᠨ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠦᠨ᠎ᠡ᠃ ᠨᠡᠩ ᠡᠷᠡᠰ ᠪᠠᠲᠣ ᠰᠦᠰᠦ ᠵᠣᠷᠢᠭ ᠢᠶᠠᠷ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠦ᠂ ᠨᠡᠩ ᠦᠷᠭᠡᠨ ᠬᠠᠷᠠᠭᠠᠰᠣ ᠪᠠᠷ ᠳᠣᠲᠣᠭᠠᠳᠣ ᠭᠠᠳᠠᠭᠠᠳᠣ ᠶᠢᠨ ᠨᠡᠭᠡᠭᠡᠯᠲᠡ ᠶᠢ ᠦᠷᠭᠡᠳᠬᠡᠵᠦ᠂ ᠠᠵᠣ | ᠠᠬᠤᠢ ᠨᠡᠶᠢᠭᠡᠮ ᠤᠨ ᠬᠦᠭᠵᠢᠯᠲᠡ ᠶᠢᠨ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠲᠠᠰᠣᠷᠠᠯᠲᠠ ᠦᠭᠡᠢ ᠨᠡᠮᠡᠭᠳᠡᠭᠦᠯᠦᠨ᠎ᠡ᠃ | ᠡᠯ᠎ᠡ ᠬᠦᠷᠢᠶ᠎ᠡ ᠴᠠᠷᠠᠭ᠎ᠠ ᠶᠢᠨ ᠦᠭᠡᠷᠡᠴᠢᠯᠡᠯᠲᠡ ᠶᠢ ᠦᠷᠭᠦᠯᠵᠢᠯᠡᠨ ᠬᠦᠨᠵᠡᠬᠡᠶᠢᠷᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ | ᠶᠢ ᠬᠦᠨᠵᠡᠭᠡᠢ ᠠᠬᠢᠭᠤᠯᠵᠣ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠠᠭᠤᠵᠢᠭᠤ ᠮᠦᠷᠲᠡᠭᠡᠨ ᠳᠦᠭᠦᠮ ᠲᠦᠳᠡ | ᠵᠦᠪᠰᠢᠶᠡᠷᠡᠵᠦ ᠣᠷᠣᠭᠤᠯᠬᠤ ᠣᠷᠴᠢᠨ ᠲᠣᠭᠤᠷᠢᠨ᠂ ᠡᠷᠬᠡ ᠲᠡᠭᠰᠢ ᠡᠮᠬᠢ ᠵᠢᠷᠣᠮ ᠲᠠᠢ ᠦᠷᠢᠰᠦᠯᠳᠦᠬᠦ ᠣᠷᠴᠢᠨ ᠲᠤᠭᠤᠷᠢᠨ ᠪᠠ ᠠᠮᠣᠷ ᠲᠦᠪᠰᠢᠨ ᠰᠠᠨᠠᠭ᠎ᠠ ᠠᠮᠣᠷ | ᠬᠡᠷᠡᠭᠯᠡᠭᠡ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ᠠᠵᠢᠯ ᠶᠠᠪᠣᠳᠠᠯ ᠤᠨ ᠳᠣᠮᠳᠠ ᠪᠠ ᠠᠵᠢᠯ ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠣᠯᠲᠠ ᠶᠢ | ᠲᠡᠭᠦᠯᠳᠡᠷᠵᠢᠭᠦᠯᠵᠦ᠂ ︽ᠬᠤᠶᠠᠷ ᠢ ᠳᠣᠬᠢᠶᠠᠯᠳᠣᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠣᠯᠲᠠ ᠶᠢᠨ ᠪᠦᠬᠦᠨ ᠢ ᠬᠠᠮᠣᠷᠠᠬᠤ ᠶᠢ | ᠪᠡᠶᠡᠯᠡᠭᠦᠯᠦᠨ᠎ᠡ᠃ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠬᠦᠢᠴᠡᠳᠬᠡᠯ ᠵᠢᠴᠢ ︽ᠭᠤᠷᠪᠠᠨ ᠠᠯᠪᠠᠨ︾ ᠤ ᠵᠠᠷᠣᠳᠠᠯ ᠢ ᠢᠯᠡ ᠪᠠᠶᠢᠯᠭᠠᠬᠤ ᠳᠦᠷᠢᠮ ᠢ | ᠦᠷᠭᠦᠯᠵᠢᠯᠡᠨ ᠲᠦᠯᠬᠢᠨ ᠠᠬᠢᠭᠤᠯᠵᠣ᠂ ᠲᠦᠰᠦᠪ ᠤᠨ ᠬᠦᠢᠴᠡᠳᠬᠡᠯᠲᠡ ᠶᠢᠨ ᠵᠢᠷᠣᠮᠵᠢᠭᠰᠠᠨ ᠬᠠᠮᠢᠶᠠᠷᠣᠯᠲᠠ ᠶᠢ ᠠᠬᠢᠭᠤᠯᠣᠨ᠎ᠠ᠃ ᠣᠯᠣᠰ ᠤᠨ ᠭᠠᠶᠢᠯᠢ ᠪᠠ | ᠣᠷᠣᠨ ᠨᠣᠲᠤᠭ ᠤᠨ ᠭᠠᠶᠢᠯᠢ ᠶᠢᠨ ᠲᠠᠲᠠᠪᠣᠷᠢᠯᠠᠨ ᠬᠠᠮᠢᠶᠠᠷᠬᠤ ᠪᠠᠶᠢᠭᠤᠯᠣᠯ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠣ᠂ ᠭᠠᠶᠢᠯᠢ ᠶᠢᠨ ᠢᠷᠡᠯᠲᠡ ᠶᠢᠨ | ᠬᠠᠮᠢᠶᠠᠷᠣᠯᠲᠠ ᠶᠢ ᠪᠠᠷᠢᠮᠵᠢᠶᠠᠵᠢᠭᠤᠯᠬᠤ᠂ ᠲᠦᠭᠰᠢᠭᠦᠷᠢ ᠶᠢ ᠰᠡᠷᠭᠡᠶᠢᠯᠡᠬᠦ ᠬᠠᠮᠢᠶᠠᠷᠣᠯᠲᠠ ᠶᠢ ᠪᠣᠳᠠᠳᠠᠶᠢᠵᠢᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠣᠯ ᠤᠨ ᠦᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠳᠡᠰ ᠬᠤᠪᠢᠶᠠᠨ ᠣᠨᠣᠰᠢᠯᠠᠨ ᠡᠮᠨᠡᠬᠦ᠂ ᠡᠪᠡᠳᠴᠢᠨ ᠬᠡᠮ ᠤᠨ | ᠪᠠᠴᠢᠮ ᠪᠠᠶᠢᠳᠠᠯ ᠢ ᠠᠷᠭᠠᠴᠠᠨ ᠠᠪᠣᠷᠠᠨ ᠲᠣᠰᠠᠯᠠᠬᠤ᠂ ᠠᠯᠣᠰ ᠠᠴᠠ ᠡᠮᠴᠢᠯᠡᠭᠡᠨ ᠤ ᠦᠢᠯᠡᠴᠢᠯᠡᠭᠡᠨ ᠬᠢᠬᠦ ᠵᠡᠷᠭᠡ ᠠᠵᠢᠯ ᠢ ᠲᠦᠯᠬᠢᠨ ᠠᠬᠢᠭᠤᠯᠣᠨ᠎ᠠ᠃ ᠠᠮᠢ ᠠᠬᠤᠢ | ᠶᠢᠨ ᠬᠦᠷᠢᠶ᠎ᠡ ᠴᠠᠷᠠᠭ᠎ᠠ ᠶᠢᠨ ᠦᠭᠡᠷᠡᠴᠢᠯᠡᠯᠲᠡ ᠶᠢᠨ ᠠᠬᠢᠴᠠ ᠶᠢ ᠦᠷᠭᠦᠯᠵᠢᠯᠡᠨ ᠠᠬᠢᠭᠤᠯᠵᠣ᠂ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠣᠷᠴᠢᠨ | ᠲᠣᠭᠤᠷᠢᠨ ᠤ ᠨᠦᠯᠦᠭᠡᠯᠡᠯ ᠤᠨ ᠦᠨᠡᠯᠡᠨ ᠵᠢᠱᠢᠯᠲᠡ ᠶᠢ ᠬᠢᠨᠠᠨ ᠵᠦᠪᠰᠢᠶᠡᠷᠡᠭᠦ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠶᠡᠷᠥᠩᠬᠡᠢ ᠬᠡᠮᠵᠢᠶ᠎ᠡ ᠶᠢ | ᠬᠢᠵᠠᠭᠠᠷᠯᠠᠬᠤ᠂ ᠪᠣᠬᠢᠷᠳᠣᠯ ᠭᠠᠳᠠᠭᠰᠢᠯᠠᠭᠤᠯᠬᠤ ᠶᠢ ᠵᠦᠪᠰᠢᠶᠡᠷᠡᠬᠦ ᠳᠦᠷᠢᠮ ᠢ ᠪᠦᠲᠦᠮᠵᠢᠲᠡᠢ ᠵᠣᠯᠭᠤᠯᠳᠣᠭᠤᠯᠬᠤ ᠶᠢ ᠪᠡᠶᠡᠯᠡᠭᠦᠯᠦᠨ᠎ᠡ᠃ | ᠳᠣᠲᠣᠭᠠᠳᠣ ᠭᠠᠳᠠᠭᠠᠳᠣ ᠯᠤᠭ᠎ᠠ ᠶᠢᠨ ᠬᠠᠮᠵᠢᠯᠴᠠᠭᠠᠨ ᠤ ᠠᠷᠭ᠎ᠠ ᠵᠠᠮ ᠢᠶᠠᠨ ᠦᠷᠭᠡᠳᠬᠡᠨ᠎ᠡ᠃ ᠣᠷᠣᠰ ᠪᠠ ᠮᠣᠩᠭᠤᠯ ᠣᠯᠣᠰ ᠯᠤᠭ᠎ᠠ ᠰᠣᠶᠣᠯ᠂ ᠵᠣᠭᠠᠴᠠᠯ᠂ | ᠠᠷᠠᠯᠵᠢᠶ᠎ᠠ ᠬᠤᠳᠠᠯᠳᠤᠭ᠎ᠠ ᠵᠡᠷᠭᠡ ᠬᠦᠷᠢᠶ᠎ᠡ ᠴᠠᠷᠠᠭ᠎ᠠ ᠶᠢᠨ ᠬᠠᠮᠵᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠣ᠂ ᠪᠡᠭᠡᠵᠢᠩ ᠲᠢᠶᠠᠨᠵᠢᠨ ᠡᠾᠧᠪᠸᠢ᠂ ᠬᠦᠬᠡ ᠮᠦᠷᠡᠨ ᠤ | ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠪᠠ ᠪᠦᠸᠧᠬᠠᠢ ᠲᠠᠩᠬᠢᠰ ᠢ ᠲᠣᠭᠤᠷᠢᠭᠰᠠᠨ ᠠᠵᠣ ᠠᠬᠤᠢ ᠶᠢᠨ ᠲᠣᠭᠤᠷᠢᠭ ᠵᠡᠷᠭᠡ | ᠬᠦᠭᠵᠢᠭᠰᠡᠨ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠣ᠂ ︽ᠭᠦᠪᠡᠭᠡ ᠬᠢᠵᠠᠭᠠᠷ ᠳᠠᠭᠠᠣ ᠣᠷᠣᠨ ᠢ ᠨᠡᠬᠡᠬᠡᠨ ᠬᠦᠭᠵᠢᠭᠦᠯᠵᠦ ᠴᠢᠯᠦᠭᠡᠳᠡᠢ | ᠪᠣᠯᠭᠠᠬᠤ ᠠᠵᠣ ᠠᠬᠤᠢ ᠶᠢᠨ ᠪᠦᠰᠡ︾ ᠶᠢᠨ ᠰᠢᠨ᠎ᠡ ᠶᠢ ᠡᠭᠦᠳᠬᠦ ᠲᠣᠭᠤᠷᠢᠭ ᠪᠠ ᠳᠣᠮᠳᠠᠳᠣ ᠣᠷᠣᠰ ᠮᠣᠩᠭᠤᠯ ᠤᠨ ᠣᠯᠠᠨ ᠣᠯᠣᠰ ᠤᠨ ᠬᠠᠮᠲᠣᠷᠠᠯᠴᠠᠭᠠᠨ ᠤ | ᠬᠤᠰᠢᠭᠤᠴᠢ ᠪᠣᠯᠬᠤ ᠳᠣᠳᠣᠷ᠎ᠠ ᠭᠠᠵᠠᠷ ᠤᠨ ᠴᠢᠳᠠᠪᠬᠢᠲᠣ ᠣᠷᠣᠨ ᠢ ᠴᠢᠷᠮᠠᠶᠢᠨ ᠪᠦᠲᠦᠭᠡᠨ ᠪᠠᠶᠢᠭᠤᠯᠵᠣ᠂ ᠬᠦᠯᠦᠨ ᠪᠣᠶᠢᠷ ᠬᠤᠲᠠ ᠪᠠᠨ ︽ᠨᠢᠭᠡ ᠪᠦᠰᠡ ᠨᠢᠭᠡ | ᠵᠠᠮ︾ ᠤᠨ ᠣᠮᠠᠷᠠᠰᠢ ᠨᠡᠭᠡᠭᠡᠯᠲᠡ ᠬᠢᠬᠦ ᠬᠢᠯᠢ ᠳᠠᠭᠠᠣ ᠶᠢᠨ ᠠᠵᠣ ᠠᠬᠤᠢ ᠶᠢᠨ ᠲᠣᠭᠤᠷᠢᠭ ᠤᠨ ᠴᠢᠬᠤᠯᠠ ᠪᠦᠷᠢᠯᠳᠦᠬᠦᠨ ᠪᠣᠯᠭᠠᠬᠤ ᠪᠠᠷ ᠴᠢᠷᠮᠠᠶᠢᠨ᠎ᠠ᠃ | ᠠᠷᠠᠯᠵᠢᠶᠠᠴᠢᠨ ᠣᠷᠢᠬᠤ ᠣᠶᠢᠯᠠᠭᠠᠭᠳᠠᠬᠤᠨ ᠢᠶᠠᠨ ᠢᠳᠡᠪᠬᠢᠲᠡᠢ ᠰᠢᠨᠡᠴᠢᠯᠡᠵᠦ᠂ ᠠᠷᠠᠯᠵᠢᠶᠠᠴᠢᠨ ᠣᠷᠢᠬᠤ ᠮᠡᠳᠡᠭᠡ ᠵᠠᠩᠬᠢ ᠶᠢᠨ ᠬᠦᠮᠦᠷᠭᠡ ᠪᠠᠶᠢᠭᠤᠯᠵᠣ᠂ ᠲᠦᠷᠦᠯ | ᠵᠦᠢᠯ ᠢ ᠰᠦᠪᠡᠭᠴᠢᠯᠡᠬᠦ᠂ ᠨᠣᠲᠠᠯᠠᠬᠤ᠂ ᠨᠡᠭᠡᠭᠡᠨ ᠠᠰᠢᠭᠯᠠᠬᠤ᠂ ᠬᠡᠷᠡᠭᠵᠢᠭᠦᠯᠬᠦ᠂ ᠣᠬᠠᠭᠤᠯᠬᠤ ᠪᠠ ᠲᠠᠨᠢᠯᠴᠠᠭᠤᠯᠬᠤ ᠶᠢ ᠴᠢᠩᠭ᠎ᠠ ᠠᠳᠬᠤᠵᠣ᠂ ᠲᠦᠪ ᠤᠨ ᠠᠵᠣ | ᠠᠬᠤᠶᠢᠯᠠᠯ ᠪᠠ ᠣᠯᠣᠰ ᠤᠨ ᠠᠵᠣ ᠠᠬᠤᠶᠢᠯᠠᠯ᠂ ᠵᠠᠬ᠎ᠠ ᠳᠤ ᠭᠠᠷᠣᠭᠰᠠᠨ ᠺᠣᠮᠫᠠᠨᠢ᠂ ᠠᠵᠢᠯ ᠲᠦᠷᠦᠯ ᠤᠨ ᠳᠠᠭᠠᠭᠤᠯᠣᠭᠴᠢ ᠪᠣᠯᠵᠣ ᠪᠠᠶᠢᠭ᠎ᠠ ᠠᠵᠣ ᠠᠬᠤᠶᠢᠯᠠᠯ ᠢ | ᠴᠢᠩᠭ᠎ᠠ ᠠᠩᠬᠠᠷᠴᠣ ᠬᠠᠨᠳᠣᠯᠭ᠎ᠠ ᠲᠠᠢ ᠪᠠᠷ ᠠᠷᠠᠯᠵᠢᠶᠠᠴᠢᠨ ᠣᠷᠢᠵᠣ᠂ ᠣᠨᠣᠪᠴᠢᠲᠠᠢ ᠪᠠᠷ ᠠᠷᠠᠯᠵᠢᠶᠠᠴᠢᠨ ᠣᠷᠢᠵᠣ᠂ ᠬᠤᠳᠠᠯᠳᠣᠭᠠᠴᠢᠨ ᠢᠶᠠᠷ ᠠᠷᠠᠯᠵᠢᠶᠠᠴᠢᠨ | ᠣᠷᠢᠵᠣ᠂ ᠠᠵᠣ ᠦᠢᠯᠡᠰ ᠤᠨ ᠴᠣᠭᠯᠠᠷᠠᠯ ᠤᠨ ᠳᠠᠶᠢᠴᠢᠯᠠᠨ ᠨᠦᠯᠦᠬᠡᠯᠡᠬᠦ ᠦᠢᠯᠡᠳᠦᠯ ᠢ ᠪᠦᠷᠢᠯᠳᠦᠭᠦᠯᠬᠦ ᠶᠢ ᠠᠬᠢᠭᠤᠯᠣᠨ᠎ᠠ᠃ ᠰᠢᠨᠵᠢᠯᠡᠭᠡ ᠮᠡᠷᠭᠡᠵᠢᠯ᠂ ᠰᠣᠷᠭᠠᠨ | ᠬᠦᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠲᠠᠮᠢᠷ᠂ ᠵᠣᠭᠠᠴᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠶᠢᠨ ᠭᠠᠳᠠᠭᠰᠢ | ᠨᠡᠭᠡᠭᠡᠯᠲᠡ ᠬᠢᠵᠦ ᠰᠣᠯᠢᠯᠴᠠᠭ᠎ᠠ ᠬᠢᠬᠦ ᠬᠤᠷᠰᠢᠯᠴᠠᠯ ᠪᠠᠶᠢᠭᠤᠯᠬᠤ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠪᠠᠨ ᠴᠢᠩᠭᠠᠳᠬᠠᠨ᠎ᠠ | ︽ᠳᠦᠷᠪᠡᠨ ᠣᠬᠠᠮᠰᠠᠷ︾ ᠢ ᠪᠠᠲᠣ ᠪᠣᠢ ᠪᠣᠯᠭᠠᠵᠣ᠂ ᠨᠡᠶᠢᠭᠡᠮ ᠵᠢᠷᠣᠮ ᠤᠨ ᠬᠠᠣᠯᠢ ᠪᠠᠷ ᠵᠠᠰᠠᠬᠤ ᠣᠶᠢᠯᠠᠭᠠᠭᠳᠠᠬᠤᠨ ᠢ ᠣᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠡᠷᠬᠡ ᠶᠢᠨ ᠬᠢᠵᠠᠭᠠᠷ ᠪᠠ ᠡᠭᠦᠷᠭᠡ ᠬᠠᠷᠢᠭᠤᠴᠠᠯᠭ᠎ᠠ ᠪᠠᠨ ᠵᠦᠪ ᠢᠶᠠᠷ ᠡᠵᠡᠮᠰᠢᠵᠦ᠂ ᠦᠨᠳᠦᠷ ᠦᠷ᠎ᠡ ᠠᠰᠢᠭ ᠲᠠᠢ᠂ ᠬᠠᠣᠯᠢ ᠪᠠᠷ ᠵᠠᠰᠠᠬᠤ | ᠪᠠ ᠠᠷᠢᠭᠤᠨ ᠴᠢᠭᠡᠴᠢ ᠵᠠᠰᠠᠭ ᠤᠨ ᠣᠷᠳᠣᠨ ᠤ ᠪᠠᠶᠢᠭᠤᠯᠣᠯᠲᠠ ᠶᠢ ᠲᠦᠯᠬᠢᠨ ᠠᠬᠢᠭᠤᠯᠣᠨ᠎ᠠ᠃ | ︵ᠨᠢᠭᠡ︶ ᠦᠨᠳᠦᠷ ᠦᠷ᠎ᠡ ᠠᠰᠢᠭ ᠪᠦᠬᠦᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠣᠨ᠎ᠠ᠃ ᠠᠵᠢᠯ ᠤᠨ ᠰᠣᠷᠳᠠᠯ ᠢᠶᠠᠨ ᠦᠨᠡᠨᠬᠦ ᠬᠤᠪᠢᠷᠠᠭᠤᠯᠣᠨ | ᠰᠠᠶᠢᠵᠢᠷᠠᠭᠤᠯᠵᠣ᠂ ᠦᠨᠡᠨ ᠢ ᠪᠠᠷᠢᠮᠲᠠᠯᠠᠨ ᠪᠣᠳᠠᠳᠠᠢ ᠶᠢ ᠡᠷᠬᠢᠮᠯᠡᠬᠦ ᠠᠵᠢᠯ ᠤᠨ ᠰᠣᠷᠳᠠᠯ ᠢ ᠶᠡᠬᠡᠪᠡᠷ ᠪᠠᠳᠠᠷᠠᠭᠤᠯᠵᠣ᠂ ︽ᠯᠠᠪᠳᠠᠭᠤᠨ ᠲᠣᠭᠲᠠᠭᠤᠨ ᠢᠶᠠᠷ ᠴᠢᠩᠭ᠎ᠠ | ᠠᠳᠬᠤᠵᠣ ᠪᠣᠳᠠᠳᠠᠢ ᠠᠵᠢᠯᠯᠠᠬᠤ︾ ᠣᠪᠣᠷ ᠪᠠ ︽ᠬᠠᠳᠠᠭᠠᠰᠣ ᠬᠠᠳᠠᠬᠤ︾ ᠵᠣᠷᠢᠭ ᠰᠠᠨᠠᠭ᠎ᠠ ᠪᠠᠷ ᠨᠠᠶᠢᠳᠠᠪᠣᠷᠢᠵᠢᠭᠤᠯᠬᠤ ᠶᠢ ᠴᠢᠩᠭ᠎ᠠ ᠠᠳᠬᠤᠵᠣ᠂ ᠠᠵᠢᠯ ᠤᠨ | ᠡᠭᠦᠷᠭᠡ ᠪᠠᠨ ᠦᠨᠳᠦᠷ ᠪᠠᠷᠢᠮᠵᠢᠶ᠎ᠠ ᠪᠠᠷ ᠲᠦᠯᠬᠢᠨ ᠠᠬᠢᠭᠤᠯᠵᠣ᠂ ᠦᠨᠳᠦᠷ ᠴᠢᠨᠠᠷ ᠴᠢᠨᠰᠠᠭ᠎ᠠ ᠲᠠᠢ ᠪᠠᠷ ᠪᠡᠶᠡᠯᠡᠭᠦᠯᠬᠦ ᠶᠢ ᠯᠠᠪᠲᠠᠶᠢᠶ᠎ᠠ ᠪᠠᠲᠣᠯᠠᠨ᠎ᠠ᠃ ᠰᠠᠯᠠᠭ᠎ᠠ | ᠮᠦᠴᠢᠷ ᠤᠨ ᠬᠤᠭᠤᠷᠣᠨᠳᠣᠬᠢ ᠵᠣᠬᠢᠴᠠᠯᠳᠣᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠬᠦᠯᠵᠦ᠂ ᠵᠠᠰᠠᠭ ᠵᠠᠬᠢᠷᠭᠠᠨ ᠤ ᠦᠷ᠎ᠡ ᠠᠰᠢᠭ ᠢ ᠳᠡᠭᠡᠭᠰᠢᠯᠡᠭᠦᠯᠦᠨ᠂ | ᠵᠠᠰᠠᠭ ᠵᠠᠬᠢᠷᠭᠠᠨ ᠤ ᠦᠪᠡᠷ ᠤᠨ ᠦᠷᠳᠡᠭ ᠢ ᠪᠠᠭᠤᠷᠠᠭᠤᠯᠣᠨ᠎ᠠ᠃ ᠦᠨᠳᠦᠰᠦᠨ ᠱᠠᠲᠣᠨ ᠳᠤ ᠪᠠᠭᠤᠬᠤ ᠳᠤ ᠬᠦᠮᠦᠨ ᠴᠦᠬᠡᠨ ᠬᠦᠰᠬᠡ ᠬᠦᠩᠬᠡᠨ ᠪᠠᠶᠢᠬᠤ ᠶᠢ | ᠪᠠᠷᠢᠮᠲᠠᠯᠠᠵᠣ᠂ ᠦᠨᠳᠦᠰᠦᠨ ᠱᠠᠲᠣᠨ ᠤ ᠳᠠᠷᠣᠭᠠᠰᠣ ᠶᠢ ᠬᠦᠩᠭᠡᠯᠡᠨ᠎ᠡ᠃ ᠣᠬᠤᠷ ᠬᠤᠷᠠᠯ ᠬᠢᠵᠦ᠂ ᠣᠬᠤᠷ ᠠᠪᠰᠠᠷᠬᠠᠨ ᠪᠢᠴᠢᠭ ᠮᠠᠲ᠋ᠧᠷᠢᠶᠠᠯ ᠲᠠᠷᠬᠠᠭᠠᠨ᠂ ᠣᠬᠤᠷ | ᠶᠠᠷᠢᠶ᠎ᠠ ᠲᠠᠯᠪᠢᠬᠤ ᠶᠢ ᠰᠠᠨᠠᠭᠠᠴᠢᠯᠠᠵᠣ᠂ ᠨᠡᠩ ᠣᠯᠠᠨ ᠴᠠᠭ ᠪᠠ ᠬᠦᠴᠦᠨ ᠢᠶᠠᠨ ᠠᠵᠢᠯ ᠢ ᠠᠳᠬᠤᠵᠣ᠂ ᠬᠦᠭᠵᠢᠯᠲᠡ ᠶᠢ ᠰᠦᠪᠡᠭᠴᠢᠯᠡᠬᠦ ᠳᠡᠭᠡᠷ᠎ᠡ ᠲᠦᠪᠯᠡᠷᠡᠭᠦᠯᠦᠨ᠎ᠡ | ᠃ ᠨᠠᠮ ᠤᠨ ᠬᠡᠰᠢᠭᠦᠨ ᠺᠠᠳ᠋ᠷ ᠤᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠵᠣ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠣᠷᠢ ᠪᠠ ᠲᠦᠪᠰᠢᠨ ᠢ ᠨᠢ | ᠳᠡᠭᠡᠭᠰᠢᠯᠡᠬᠦᠯᠵᠦ᠂ ᠵᠠᠰᠠᠭ ᠵᠠᠬᠢᠷᠭᠠᠨ ᠤ ᠴᠢᠳᠠᠪᠣᠷᠢ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠴᠢᠳᠠᠮᠠᠭᠠᠢ ᠰᠡᠳᠬᠢᠵᠦ ᠭᠠᠷᠮᠠᠭᠠᠢ ᠠᠵᠢᠯᠯᠠᠬᠤ᠂ | ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠡᠩᠨᠡᠭᠡ ᠶᠢ ᠪᠠᠶᠢᠭᠤᠯᠣᠨ᠎ᠠ᠃ | ︵ᠬᠤᠶᠠᠷ︶ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠣᠨ᠎ᠠ᠃ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ | ᠪᠣᠳᠣᠯᠭ᠎ᠠ ᠳᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ | ᠨᠠᠶᠢᠳᠠᠪᠣᠷᠢᠵᠢᠭᠤᠯᠵᠣ᠂ ᠬᠠᠣᠯᠢ ᠪᠠᠷ ᠵᠠᠰᠠᠬᠤ ᠰᠡᠳᠬᠢᠴᠡ ᠪᠠ ᠬᠠᠣᠯᠢ ᠪᠠᠷ ᠵᠠᠰᠠᠬᠤ ᠬᠡᠯᠪᠡᠷᠢ ᠶᠢ ᠬᠡᠷᠡᠭᠯᠡᠨ ᠠᠵᠢᠯ ᠢᠶᠠᠨ ᠦᠷᠨᠢᠭᠦᠯᠬᠦ ᠴᠢᠳᠠᠪᠣᠷᠢ ᠪᠠᠨ ᠲᠠᠰᠣᠷᠠᠯᠲᠠ | ᠦᠭᠡᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠷᠠᠳᠴᠢᠯᠠᠬᠤ᠂ ᠰᠢᠨᠵᠢᠯᠡᠬᠦ ᠣᠬᠠᠭᠠᠨᠴᠢᠯᠠᠬᠤ᠂ ᠬᠠᠣᠯᠢ ᠪᠠᠷ ᠵᠠᠰᠠᠬᠤ | ᠪᠣᠯᠭᠠᠬᠤ ᠶᠢ ᠠᠬᠢᠭᠤᠯᠣᠨ᠎ᠠ᠃ ᠲᠦᠪ ᠭᠤᠣᠯᠴᠢ ᠪᠣᠯᠪᠠᠰᠣᠨ ᠢᠶᠠᠷ ᠬᠠᠣᠯᠢ ᠬᠡᠷᠡᠭᠵᠢᠭᠦᠯᠬᠦ ᠶᠢ ᠴᠢᠩᠭ᠎ᠠ ᠪᠠᠷ ᠵᠢᠷᠣᠮᠵᠢᠭᠤᠯᠵᠣ᠂ ᠵᠠᠰᠠᠭ ᠵᠠᠬᠢᠷᠭᠠᠨ ᠤ ᠬᠠᠣᠯᠢ | ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠣᠷᠢᠵᠢᠭᠤᠯᠣᠨ᠎ᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠣᠯᠢ ᠶᠤᠰᠤᠭᠠᠷ ᠬᠢᠨᠠᠯᠲᠠ ᠲᠠᠯᠪᠢᠬᠤ᠂ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ | ᠶᠢ ᠣᠬᠠᠮᠰᠠᠷ ᠠᠴᠠ ᠪᠠᠨ ᠬᠦᠯᠢᠶᠡᠨ ᠠᠪᠴᠣ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠬᠦ ᠪᠠ ᠣᠯᠣᠰ | ᠲᠦᠷᠦ ᠶᠢᠨ ᠵᠦᠪᠯᠡᠯᠭᠡᠨ ᠳᠤ ᠮᠡᠳᠡᠭᠡᠯᠡᠯᠲᠡ ᠬᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠵᠦᠪᠯᠡᠯᠭᠡ ᠰᠠᠨᠠᠭᠤᠯᠭ᠎ᠠ ᠪᠠ | ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠳᠣᠷᠠᠳᠣᠯᠭ᠎ᠠ ᠶᠢ ᠨᠢᠮᠪᠠᠢ ᠬᠦᠢᠴᠡᠳᠬᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠣ ᠦᠢᠯᠡᠳᠪᠦᠷᠢ | ᠬᠤᠳᠠᠯᠳᠣᠭᠠᠨ ᠤ ᠬᠤᠯᠪᠣᠭ᠎ᠠ᠂ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠣ᠂ ᠠᠵᠢᠯᠴᠢᠨ ᠤ ᠡᠪᠯᠡᠯ᠂ ᠡᠪ ᠬᠠᠮᠲᠣ ᠵᠠᠯᠠᠭᠤᠴᠣᠳ | ᠤᠨ ᠡᠪᠯᠡᠯ᠂ ᠡᠮᠡᠭᠲᠡᠶᠢᠴᠣᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠡ᠃ | ︵ᠭᠤᠷᠪᠠ︶ ᠠᠷᠢᠭᠤᠨ ᠴᠢᠭᠡᠴᠢ ᠵᠠᠰᠠᠭ ᠤᠨ ᠣᠷᠳᠣᠨ ᠢ ᠬᠦᠴᠦᠯᠡᠨ ᠡᠭᠦᠳᠦᠨ᠎ᠡ᠃ ᠨᠠᠮ ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠣᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠬᠡᠷᠡᠭᠵᠢᠭᠦᠯᠵᠦ᠂ ︽ᠰᠢᠨ᠎ᠡ ᠪᠡᠶᠢᠳᠠᠯ ᠳᠣᠣᠷᠠᠬᠢ ᠨᠠᠮ ᠤᠨ ᠳᠣᠲᠣᠭᠠᠳᠣ ᠶᠢᠨ ᠣᠯᠣᠰ ᠲᠦᠷᠦ ᠶᠢᠨ ᠠᠮᠢᠳᠣᠷᠠᠯ ᠤᠨ | ᠪᠠᠷᠢᠮᠵᠢᠶ᠎ᠠ ᠨᠤᠭᠤᠳ︾ ᠪᠠ ︽ᠳᠣᠮᠳᠠᠳᠣ ᠣᠯᠣᠰ ᠤᠨ ᠡᠪ ᠬᠠᠮᠲᠣ ᠨᠠᠮ ᠤᠨ ᠨᠠᠮ ᠤᠨ ᠳᠣᠲᠣᠭᠠᠳᠣ ᠶᠢᠨ ᠬᠢᠨᠠᠯᠲᠠ ᠲᠠᠯᠪᠢᠬᠤ ᠳᠦᠷᠢᠮ︾ ᠢ ᠴᠢᠩᠭ᠎ᠠ ᠵᠢᠷᠣᠮᠯᠠᠵᠣ | ᠂ ᠠᠷᠢᠭᠤᠨ ᠴᠢᠭᠡᠴᠢ ᠣᠯᠣᠰ ᠲᠦᠷᠦ ᠶᠢᠨ ᠮᠦᠨ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ︽ᠨᠠᠢᠮᠠᠨ ᠲᠣᠭᠲᠠᠭᠠᠯ︾ ᠪᠠ ᠬᠠᠮᠢᠶ᠎ᠠ ᠪᠦᠬᠦᠢ | ᠲᠦᠭᠦᠷᠵᠢᠭᠦᠯᠦᠭᠰᠡᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠠᠯᠪᠠᠨ︾ ᠤ ᠵᠠᠷᠣᠳᠠᠯ ᠢ ᠬᠠᠰᠣᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠬᠤ ᠶᠢ | ᠯᠠᠪᠲᠠᠶᠢᠶ᠎ᠠ ᠪᠠᠲᠣᠯᠠᠨ᠎ᠠ᠃ ᠵᠠᠰᠠᠭ ᠤᠨ ᠶᠠᠪᠣᠳᠠᠯ ᠢ ᠢᠯᠡ ᠪᠠᠶᠢᠯᠭᠠᠬᠤ ᠬᠦᠴᠦᠯᠡᠴᠡ ᠪᠠᠨ ᠴᠢᠩᠭᠠᠳᠬᠠᠵᠣ᠂ ᠳᠦᠷᠢᠮ ᠢ ᠢᠯᠡ ᠲᠣᠳᠣ ᠪᠠᠶᠢᠯᠭᠠᠵᠣ᠂ ᠡᠷᠬᠡ ᠶᠢ ᠢᠯᠡ | ᠬᠡᠷᠡᠭᠵᠢᠬᠦᠯᠬᠦ ᠪᠣᠯᠭᠠᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ ᠪᠣᠳᠣᠬᠤ ᠬᠢᠨᠠᠯᠲᠠ ᠲᠠᠯᠪᠢᠯᠲᠠ ᠶᠢ ᠴᠢᠩᠭᠠᠳᠬᠠᠵᠣ᠂ ᠣᠯᠠᠨ ᠨᠡᠶᠢᠲᠡ ᠶᠢᠨ ᠡᠳ᠋ | ᠤᠨ ᠵᠠᠰᠠᠭ ᠤᠨ ᠪᠡᠯᠡ ᠮᠦᠩᠬᠦ᠂ ᠭᠠᠵᠠᠷ ᠰᠢᠷᠣᠢ ᠬᠤᠳᠠᠯᠳᠣᠬᠤ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭ᠎ᠠ ᠶᠢᠨ ᠬᠢᠨᠠᠨ ᠬᠠᠮᠢᠶᠠᠷᠣᠯᠲᠠ ᠶᠢ ᠦᠨᠡᠨᠬᠦ | ᠴᠢᠩᠭᠠᠳᠬᠠᠵᠣ᠂ ᠡᠯ᠎ᠡ ᠲᠦᠷᠦᠯ ᠤᠨ ᠬᠠᠣᠯᠢ ᠰᠠᠬᠢᠯᠭ᠎ᠠ ᠶᠢ ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠳᠬᠡᠵᠦ᠂ ᠠᠷᠠᠳ ᠣᠯᠠᠨ ᠤ ᠠᠰᠢᠭ ᠲᠣᠰᠠ ᠶᠢ | ᠬᠤᠬᠢᠷᠠᠭᠤᠯᠬᠤ ᠲᠦᠪ ᠪᠣᠰᠣ ᠰᠣᠷᠳᠠᠯ ᠢ ᠡᠷᠡᠰ ᠵᠠᠯᠠᠷᠠᠭᠤᠯᠵᠣ᠂ ᠠᠷᠢᠭᠤᠨ ᠴᠢᠭᠡᠴᠢ ᠲᠦᠪ ᠰᠣᠷᠲᠠᠯ ᠲᠠᠢ ᠵᠠᠰᠠᠭ ᠤᠨ ᠶᠠᠪᠣᠳᠠᠯ ᠤᠨ ᠣᠷᠴᠢᠨ ᠢ ᠪᠦᠷᠢᠯᠳᠦᠭᠦᠯᠦᠨ᠎ᠡ | ᠃ | ᠲᠦᠯᠦᠭᠡᠯᠡᠭᠴᠢᠳ ᠡ︕ ᠰᠢᠨ᠎ᠡ ᠠᠶᠠᠨ ᠤ ᠡᠭᠦᠷᠭᠡ ᠬᠦᠨᠳᠦ ᠵᠠᠮ ᠬᠤᠯᠠ᠂ ᠰᠢᠨ᠎ᠡ ᠬᠠᠷᠠᠯᠲᠠ ᠬᠦᠮᠦᠰ ᠢ ᠣᠷᠮᠠᠰᠢᠭᠤᠯᠣᠨ ᠡᠷᠡᠯᠬᠡᠭᠯᠡᠨ ᠣᠷᠣᠭᠰᠢᠯᠠᠭᠤᠯᠣᠨᠠᠮ | ᠃ ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠢᠬᠳᠠᠷᠠᠨ ᠪᠦᠯᠬᠦᠮᠳᠡᠵᠦ᠂ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠣ ᠴᠢᠩᠭ᠎ᠠ ᠣᠳᠣᠷᠢᠳᠣᠯᠭ᠎ᠠ ᠳᠣᠣᠷ᠎ᠠ᠂ ᠪᠦᠯᠬᠦᠮᠳᠡᠨ ᠳᠡᠮᠡᠴᠡᠵᠦ᠂ | ᠨᠡᠭᠡᠭᠡᠨ ᠣᠷᠣᠭᠰᠢᠯᠠᠵᠣ᠂ ᠡᠸ᠋ᠨᠩᠬᠢ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠪᠡᠶᠢᠳᠠᠯ ᠢ ᠬᠠᠮᠲᠣᠪᠡᠷ ᠡᠭᠦᠳᠴᠦ᠂ ᠡᠬᠡ ᠣᠯᠣᠰ ᠤᠨ | ᠣᠮᠠᠷᠠᠲᠣ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠨᠡᠩ ᠭᠤᠶᠣᠳᠠ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ | ᠲᠡᠮᠡᠴᠡᠵᠡᠭᠡᠶ᠎ᠡ︕ |