2016 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/8/24
—— 2016 ᠣᠨ ᠤ 2 ᠰᠠᠷ᠎ᠠ ᠶᠢᠨ 23 ᠤ ᠡᠳᠦᠷ       ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ  ᠬᠤᠰᠢᠭᠤᠨ   ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ   ᠤᠨ  ᠶᠡᠭᠡ  ᠬᠤᠷᠠᠯ   ᠤᠨ ᠲᠠᠪᠤᠳᠤᠭᠠᠷ ᠬᠤᠷᠠᠯ ᠳᠡᠭᠡᠷ᠎ᠡ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ                ᠰᠠᠶᠢᠨᠲᠤ ᠲᠦᠯᠦᠭᠡᠯᠡᠭᠴᠢᠳ ᠡ᠄       ᠣᠳᠣ᠂ ᠪᠢ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠣᠯᠣᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠭᠦᠯᠦᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠲᠦᠯᠪᠦᠷᠢ ︵ᠲᠦᠰᠦᠯ︶︾ ᠢ ᠬᠠᠮᠲᠤ ᠳᠤᠨᠢ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ  ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃       ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠠ 2015 ᠣᠨ ᠤ ᠠᠵᠤ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠡᠷᠬᠢᠴᠡᠭᠦᠯᠦᠯ     ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠤᠯ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠲᠡ ᠦᠷᠭᠦᠯᠵᠢᠯᠡᠨ ᠳᠠᠪᠠᠯᠲᠠ ᠲᠠᠢ᠂ ᠦᠷᠭᠦᠯᠵᠢᠯᠡᠨ ᠳᠡᠰ  ᠳᠠᠪᠰᠢᠭᠰᠠᠨ ᠴᠢᠬᠤᠯᠠ ᠴᠠᠭ ᠬᠤᠭᠤᠴᠠᠭ᠎ᠠ ᠪᠣᠯᠣᠨ᠎ᠠ᠃ ᠲᠠᠪᠤᠨ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠦᠨ ᠳᠠᠶᠢᠴᠢᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠢᠮᠪᠠᠢ ᠬᠦᠢᠴᠡᠳᠬᠡᠵᠦ᠂ ᠬᠤᠰᠢᠭᠤᠨ ᠤ ᠪᠠᠶᠢᠳᠠᠯ ᠢᠶᠠᠨ ᠣᠨᠣᠪᠴᠢᠲᠠᠢ ᠡᠵᠡᠮᠰᠢᠨ᠂ ᠰᠢᠨᠵᠢᠯᠡᠬᠦ ᠤᠬᠠᠭᠠᠨᠴᠢ ᠪᠠᠷ ᠬᠠᠷᠠᠯᠲᠠ ᠪᠠᠨ ᠲᠣᠭᠲᠠᠭᠠᠵᠤ᠂ ᠠᠵᠠ ᠳᠣᠬᠢᠶᠠᠯ ᠢ ᠠᠮᠵᠢᠨ ᠠᠳᠬᠤᠨ᠂ ᠬᠦᠴᠦ ᠪᠠᠨ ᠬᠠᠮᠳᠣᠳᠬᠠᠨ ᠬᠦᠴᠢᠷ ᠪᠡᠷᠬᠡᠰᠢᠶᠡᠯ ᠢ ᠢᠯᠡᠨ ᠳᠠᠪᠠᠭᠰᠠᠨ ᠢᠶᠠᠷ ᠪᠦᠬᠦ ᠬᠤᠰᠢᠭᠤᠨ ᠤ ᠠᠵᠤ ᠠᠬᠤᠢ ᠨᠡᠶᠢᠭᠡᠮ ᠡᠷᠡᠭᠦᠯ ᠢᠶᠠᠷ ᠦᠷᠭᠦᠯᠵᠢᠯᠡᠨ᠂ ᠪᠦᠬᠦ ᠲᠠᠯ᠎ᠠ ᠪᠠᠷ᠂ ᠡᠶ᠎ᠡ ᠵᠣᠬᠢᠴᠠᠯ ᠲᠠᠢ ᠬᠦᠭᠵᠢᠵᠦ᠂ ᠬᠦᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃      ︵ᠨᠢᠭᠡ︶ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠪᠦᠬᠦ ᠬᠤᠰᠢᠭᠤᠨ ᠤ ᠬᠦᠭᠵᠢᠯᠲᠡ ᠶᠢᠨ ᠰᠡᠳᠬᠢᠴᠡ ᠨᠡᠩ ᠲᠣᠳᠣᠷᠬᠠᠢ ᠪᠣᠯᠣᠭᠰᠠᠨ ᠬᠤᠭᠤᠴᠠᠭ᠎ᠠ ᠪᠣᠯᠣᠨ᠎ᠠ᠃ ᠲᠠᠪᠤᠨ ᠵᠢᠯ ᠤᠨ ᠲᠣᠷᠰᠢ᠂ ᠪᠢᠳᠡ ᠶᠡᠷᠦᠩᠬᠡᠢ ᠪᠠᠶᠢᠯᠳᠣᠬᠤ ᠪᠣᠳᠣᠯᠭ᠎ᠠ ᠶᠢᠨ ᠠᠵᠠ ᠳᠣᠬᠢᠶᠠᠯᠳᠣ ᠬᠤᠭᠤᠴᠠᠭ᠎ᠠ ᠶᠢ ᠣᠨᠣᠪᠴᠢᠲᠠᠢ ᠲᠠᠨᠢᠬᠤ ᠪᠠ ᠠᠳᠬᠤᠵᠤ᠂ ᠬᠤᠰᠢᠭᠤᠨ ᠤ ᠪᠣᠳᠠᠳᠣ ᠪᠠᠶᠢᠳᠠᠯ ᠲᠠᠢ ᠨᠢᠭᠲᠠ ᠣᠶᠠᠯᠳᠣᠭᠤᠯᠣᠨ᠂ ︽ᠰᠢᠶᠠᠨ ᠤ ᠪᠦᠰᠡ ᠶᠢᠨ ᠠᠵᠤ ᠠᠬᠤᠢ ᠪᠠᠷ ᠬᠦᠴᠦᠷᠬᠡᠭ ᠬᠤᠰᠢᠭᠤ ᠪᠣᠯᠬᠤ ᠪᠠ ᠪᠦᠬᠦ ᠣᠯᠣᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾᠂ ︽ᠪᠠᠶᠠᠨ ᠴᠢᠨᠡᠭᠡᠯᠢᠭ ᠪᠤᠯᠪᠠᠰᠤᠨ ᠡᠶ᠎ᠡ ᠵᠣᠬᠢᠴᠠᠩᠭᠤᠢ ᠵᠣᠯ ᠵᠢᠷᠭᠠᠯᠲᠤ ᠡᠸ᠋ᠨᠩᠬᠢ ᠶᠢ ᠪᠠᠶᠢᠭᠤᠯᠬᠤ︾ ᠵᠡᠷᠭᠡ ᠰᠢᠷᠢᠰ ᠲᠡᠮᠡᠴᠡᠬᠦ ᠬᠠᠷᠠᠯᠲᠠ ᠳᠣᠷᠠᠳᠴᠣ᠂ ᠬᠦᠭᠵᠢᠭᠦᠯᠦᠯᠲᠡ ᠶᠢᠨ ᠴᠢᠭᠯᠡᠯ ᠨᠡᠩ ᠲᠣᠳᠣᠷᠬᠠᠢ᠂ ᠰᠡᠳᠬᠢᠴᠡ ᠨᠡᠩ ᠲᠣᠳᠣ ᠪᠣᠯᠣᠭᠰᠠᠨ ᠪᠠᠶᠢᠨ᠎ᠠ᠃ ᠡᠯ᠎ᠡ ᠱᠠᠲᠤᠨ ᠤ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠪᠦᠬᠦ ᠬᠤᠰᠢᠭᠤ ᠳᠠᠶᠠᠭᠠᠷ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ︽ᠨᠢᠭᠡ ᠳᠦᠪ︾ ᠢ ᠢᠮᠠᠭᠲᠠ ᠪᠠᠷᠢᠮᠲᠠᠯᠠᠨ᠂ ᠪᠡᠯᠡ ᠣᠷᠣᠭᠤᠯᠣᠯᠲᠠ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠶᠠᠷ ᠬᠦᠳᠡᠯᠭᠡᠭᠴᠢ ᠬᠦᠴᠦᠨ︾ ᠢ ᠴᠢᠩᠭᠠᠷᠠᠭᠤᠯᠤᠨ᠂ ︽ᠭᠤᠷᠪᠠᠨ ᠣᠳᠠᠭᠠᠨ ᠤ ᠠᠵᠤ ᠦᠢᠯᠡᠰ︾ ᠢ ᠠᠳᠠᠯᠢ ᠠᠯᠬᠤᠮ ᠢᠶᠠᠷ ᠬᠠᠷᠢᠯᠴᠠᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠠᠷᠠᠳ ᠤᠨ ᠠᠮᠢᠳᠣᠷᠠᠯ᠂ ᠦᠨᠳᠦᠰᠦᠲᠡᠨ ᠤ ᠪᠦᠯᠬᠦᠮᠳᠡᠯ᠂ ᠬᠤᠲᠠ ᠬᠦᠳᠡᠭᠡ ᠶᠢ ᠨᠢᠭᠡᠳᠦᠯᠲᠡᠢ ᠲᠦᠯᠦᠪᠯᠡᠬᠦ ︽ᠳᠦᠷᠪᠡᠨ ᠭᠤᠣᠯᠳᠠᠯᠭ᠎ᠠ︾ ᠶᠢ ᠳᠣᠪᠣᠶᠢᠯᠭᠠᠨ᠂ ︽ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ  ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠡᠷᠥᠩᠬᠡᠢ ᠬᠡᠮᠵᠢᠶ᠎ᠡ ᠪᠠᠷ ᠲᠠᠰᠣᠷᠠᠯᠲᠠ ᠦᠭᠡᠢ ᠦᠷᠭᠡᠵᠢᠨ᠂ ᠪᠡᠯᠡ ᠣᠷᠣᠭᠤᠯᠣᠯᠲᠠ ᠪᠠ ᠲᠦᠷᠦᠯ ᠵᠦᠢᠯ ᠤᠨ ᠬᠤᠷᠠᠮᠳᠣᠯ ᠦᠢᠯᠡᠴᠢᠯᠡᠭᠡ ᠳᠣᠪᠣᠶᠢᠵᠤ᠂ ᠬᠤᠲᠠ ᠬᠦᠳᠡᠭᠡ ᠶᠢᠨ ᠥᠩᠭᠡ ᠳᠦᠷᠰᠦ ᠡᠳᠦᠷ ᠢᠷᠡᠬᠦᠶ᠎ᠡ ᠰᠢᠨᠡᠳᠦᠨ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠦᠨᠳᠦᠰᠦᠲᠡᠨ ᠤ ᠪᠦᠯᠭᠦᠮᠳᠡᠯ ᠤᠨ ᠰᠠᠭᠤᠷᠢ ᠪᠠᠬᠢᠵᠢᠵᠦ᠂ ᠠᠷᠠᠳ ᠢᠷᠭᠡᠳ ᠠᠮᠤᠷ ᠵᠢᠮᠤᠷ ᠠᠮᠢᠳᠣᠷᠠᠨ ᠣᠷᠣᠰᠢᠬᠤ ᠰᠠᠶᠢᠨ ᠪᠠᠶᠢᠳᠠᠯ ᠢᠯᠡᠷᠡᠭᠰᠡᠨ ᠪᠠᠶᠢᠨ᠎ᠠ᠃ ᠦᠪᠡᠷᠲᠡᠭᠡᠨ ᠵᠠᠰᠠᠬᠤ ᠬᠤᠰᠢᠭᠤ ᠣᠷᠢᠳ ᠬᠤᠵᠢᠳ ︽ᠪᠦᠬᠦ ᠣᠯᠣᠰ ᠤᠨ ᠰᠢᠨᠵᠢᠯᠡᠭᠡ ᠮᠡᠷᠭᠡᠵᠢᠯ ᠳᠠᠪᠰᠢᠭᠰᠠᠨ ᠲᠡᠷᠢᠭᠦᠨ  ᠤ ᠰᠢᠶᠠᠨ︾ ︽ᠣᠯᠣᠰ ᠤᠨ ᠳᠡᠰ ᠤᠨ ᠲᠦᠯᠦᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠭᠡᠨᠲᠣ ᠲᠡᠷᠢᠭᠦᠨ ᠤ ᠬᠤᠰᠢᠭᠤ︾ ︽ᠪᠦᠬᠦ ᠣᠯᠣᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠰᠢᠶᠠᠨ︾ ︽ᠪᠦᠬᠦ ᠣᠯᠣᠰ ᠤᠨ ᠪᠣᠯᠪᠠᠰᠤᠨ ᠬᠤᠰᠢᠭᠤ ᠰᠢᠶᠠᠨ ᠤ ᠬᠤᠲᠠ︾ ︽ᠪᠦᠬᠦ ᠣᠯᠣᠰ  ᠤᠨ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢ ᠡᠭᠦᠳᠬᠦ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ︾ ᠵᠡᠷᠭᠡ ᠨᠢᠭᠡᠨ ᠰᠢᠷᠢᠰ ᠢᠷᠠᠭᠤ ᠠᠯᠳᠠᠷ ᠤᠨ ᠴᠣᠯᠠ ᠣᠯᠪᠠ᠂ ᠲᠠᠷᠢᠶᠠᠯᠠᠩ ᠤᠨ ᠶᠠᠮᠤᠨ ᠳᠤ ︽ᠬᠤᠶᠠᠳᠣᠭᠠᠷ ᠪᠦᠯᠦᠭ ᠣᠯᠣᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ︾ ᠢᠶᠠᠷ ᠲᠣᠭᠲᠠᠭᠠᠭᠳᠠᠵᠤ᠂ ᠣᠷᠴᠢᠨ ᠲᠣᠭᠤᠷᠢᠨ ᠤ ᠶᠠᠮᠤᠨ ᠤ ︽ᠪᠦᠬᠦ ᠬᠤᠰᠢᠭᠤᠨ ᠤ ᠠᠮᠢ ᠠᠬᠤᠢ ᠶᠢᠨ ᠬᠤᠰᠢᠭᠤ︾ ᠶᠢ ᠦᠨᠡᠯᠡᠬᠦ ᠰᠢᠯᠭᠠᠨ ᠠᠪᠤᠯᠲᠠ ᠶᠢ ᠣᠷᠣᠭᠰᠢᠲᠠᠢ ᠥᠩᠭᠡᠷᠡᠭᠦᠯᠵᠦ᠂ ᠰᠣᠶᠣᠯ ᠤᠨ ᠶᠠᠮᠤᠨ ᠤ ︽ᠪᠦᠬᠦ ᠣᠯᠣᠰ ᠤᠨ ᠰᠣᠶᠣᠯ ᠤᠨ ᠲᠡᠷᠢᠭᠦᠨ ᠤ ᠰᠢᠶᠠᠨ︾ ᠤ ᠳᠠᠬᠢᠨ ᠰᠢᠯᠭᠠᠯᠲᠠ ᠶᠢ ᠥᠩᠭᠡᠷᠡᠭᠦᠯᠪᠡ᠃      ︵ᠬᠤᠶᠠᠷ︶ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠣᠯ ᠪᠦᠬᠦ ᠬᠤᠰᠢᠭᠤᠨ ᠤ ᠶᠡᠷᠥᠩᠬᠡᠶᠢᠯᠡᠭᠰᠡᠨ ᠠᠵᠤ ᠠᠬᠤᠢ ᠶᠢᠨ ᠪᠤᠳᠠᠳᠤ  ᠬᠦᠴᠦᠨ ᠮᠡᠳᠡᠭᠳᠡᠮ᠎ᠡ ᠴᠢᠩᠭᠠᠷᠠᠭᠰᠠᠨ ᠬᠤᠭᠤᠴᠠᠭ᠎ᠠ ᠪᠣᠯᠣᠨ᠎ᠠ᠃ ᠲᠠᠪᠤᠨ ᠵᠢᠯ ᠤᠨ ᠲᠣᠷᠰᠢ᠂ ᠪᠢᠳᠡ ᠬᠤᠷᠸ᠎ᠠ ᠠᠵᠤ ᠠᠬᠤᠢ ᠶᠢᠨ ᠬᠦᠭᠵᠢᠯᠲᠡ ᠶᠢᠨ ᠪᠠᠶᠢᠳᠠᠯ ᠳᠤ ᠰᠠᠨᠠᠭᠠᠴᠢᠯᠠᠭ᠎ᠠ ᠲᠠᠢ ᠪᠠᠷ ᠵᠣᠬᠢᠴᠠᠨ᠂ ᠣᠯᠣᠰ ᠤᠨ ᠳᠣᠲᠣᠭᠠᠲᠤ ᠶᠢᠨ ᠠᠵᠤ ᠠᠬᠤᠢ ᠶᠢᠨ ᠬᠦᠭᠵᠢᠯᠲᠡ ᠶᠢᠨ ᠬᠠᠨᠲᠤᠰᠢ ᠶᠢ ᠢᠳᠡᠪᠬᠢᠲᠡᠢ ᠳᠠᠭᠠᠵᠤ᠂ ᠰᠢᠶᠠᠨ ᠤ ᠪᠦᠰᠡ ᠶᠢᠨ ᠠᠵᠤ ᠠᠬᠤᠢ ᠶᠢᠨ ᠬᠦᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠲᠡᠭ 2010 ᠣᠨ ᠳᠤ 65.2 ᠳ᠋ᠥᠩᠰᠢᠭᠤᠷ ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ 112 ᠳ᠋ᠥᠩᠰᠢᠭᠤᠷ ᠪᠣᠯᠵᠣ ᠨᠡᠮᠡᠭᠳᠡᠨ᠂ ᠵᠢᠯ ᠳᠣᠮᠳᠠᠴᠢ ᠪᠠᠷ 11.4% ᠪᠠᠷ ᠨᠡᠮᠡᠭᠳᠡᠵᠦ᠂ 1.7 ᠳᠠᠬᠢᠨ ᠨᠡᠮᠡᠭᠳᠡᠵᠦ᠂ ᠲᠡᠣᠬᠡᠨ ᠰᠢᠨ᠎ᠡ ᠲᠦᠪᠰᠢᠨ ᠢ ᠡᠭᠦᠳᠪᠡ᠃ ᠬᠦᠮᠦᠨ ᠳᠣᠮᠳᠠᠴᠢ ᠶᠢᠨ GDP ᠨᠢ 2010 ᠣᠨ ᠤ 45130 ᠲᠦᠭᠦᠷᠢᠭ ᠪᠠᠶᠢᠭᠰᠠᠨ ᠢᠶᠠᠨ 2015 ᠣᠨ ᠪᠣᠯᠬᠤ ᠳᠤ 78916 ᠲᠦᠭᠦᠷᠢᠭ ᠪᠣᠯᠵᠣ ᠨᠡᠮᠡᠭᠳᠡᠨ᠂ ᠲᠠᠪᠤᠨ ᠵᠢᠯ ᠳᠠᠷᠠᠭᠠᠯᠠᠨ ᠪᠦᠬᠦ ᠬᠤᠲᠠ᠂ ᠣᠷᠣᠨ ᠪᠣᠯᠣᠨ ᠪᠦᠬᠦ ᠣᠯᠣᠰ ᠤᠨ ᠳᠣᠮᠳᠠᠴᠢ ᠲᠦᠪᠰᠢᠨ ᠢ ᠳᠠᠪᠠᠪᠠ᠃ ᠲᠠᠪᠤᠨ ᠵᠢᠯ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ ᠨᠡᠶᠢᠲᠡ 298 ᠳ᠋ᠣᠩᠰᠢᠭᠤᠷ ᠲᠦᠭᠦᠷᠢᠭ ᠪᠡᠶᠡᠯᠡᠭᠦᠯᠵᠦ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ 1.1 ᠳᠠᠬᠢᠨ ᠪᠤᠯᠵᠤ᠂ ᠠᠵᠤ ᠠᠬᠤᠢ ᠶᠢᠨ ᠬᠦᠭᠵᠢᠯᠲᠡ ᠶᠢᠨ ᠨᠦᠬᠡᠴᠡ ᠬᠦᠴᠦ ᠢᠯᠡᠳᠲᠡ ᠨᠡᠮᠡᠭᠳᠡᠪᠡ᠃ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠥᠩᠬᠡᠢ ᠣᠷᠣᠯᠭ᠎ᠠ ᠪᠣᠯᠣᠨ ᠣᠷᠣᠨ ᠨᠣᠲᠤᠭ ᠤᠨ ᠡᠳ᠋ ᠤᠨ ᠵᠠᠰᠠᠭ ᠤᠨ ᠵᠠᠷᠤᠯᠭ᠎ᠠ ᠲᠣᠰ ᠲᠣᠰ 2010 ᠣᠨ ᠤ 14.3 ᠳ᠋ᠥᠩᠰᠢᠭᠤᠷ ᠲᠦᠭᠦᠷᠢᠭ ᠪᠠ 11.7 ᠳ᠋ᠦᠩᠰᠢᠭᠤᠷ ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ 21.1 ᠳ᠋ᠦᠩᠰᠢᠭᠤᠷ ᠲᠦᠭᠦᠷᠢᠭ ᠪᠠ 21.7 ᠳ᠋ᠣᠩᠰᠢᠭᠤᠷ ᠲᠦᠭᠦᠷᠢᠭ ᠪᠣᠯᠵᠣ ᠨᠡᠮᠡᠭᠳᠡᠨ᠂ ᠲᠣᠰ ᠲᠣᠰ 1.5 ᠳᠠᠬᠢᠨ ᠪᠠ 1.8 ᠳᠠᠬᠢᠨ ᠢᠶᠠᠷ ᠨᠡᠮᠡᠭᠳᠡᠵᠦ᠂ ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠠᠰᠣᠷᠠᠯᠲᠠ ᠦᠭᠡᠢ ᠳᠡᠭᠡᠭᠰᠢᠯᠡᠪᠡ᠃ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠨᠢ 2010 ᠣᠨ  ᠤ 49.7 ᠳ᠋ᠥᠩᠰᠢᠭᠤᠷ ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ 68.8 ᠳ᠋ᠥᠩᠰᠢᠭᠤᠷ ᠲᠦᠭᠦᠷᠢᠭ ᠪᠣᠯᠵᠣ ᠨᠡᠮᠡᠭᠳᠡᠨ᠂ 1.4 ᠳᠠᠬᠢᠨ ᠢᠶᠠᠷ ᠨᠡᠮᠡᠭᠳᠡᠪᠡ᠃ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠣᠰ ᠲᠣᠰ 2010 ᠣᠨ ᠤ 13855 ᠲᠦᠭᠦᠷᠢᠭ ᠪᠠ 9067 ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ 25200 ᠲᠦᠭᠦᠷᠢᠭ ᠪᠠ 17646 ᠲᠦᠭᠦᠷᠢᠭ ᠪᠣᠯᠵᠣ ᠨᠡᠮᠡᠭᠳᠡᠨ᠂ ᠵᠢᠯ ᠳᠣᠮᠳᠠᠴᠢ ᠪᠠᠷ 12.7% ᠪᠠ 14.2% ᠪᠠᠷ ᠨᠡᠮᠡᠭᠳᠡᠵᠦ᠂ ᠠᠷᠠᠳ ᠤᠨ ᠠᠮᠢᠳᠣᠷᠠᠯ ᠤᠨ ᠲᠦᠪᠰᠢᠨ ᠲᠦᠢᠯ ᠤᠨ ᠶᠡᠭᠡ ᠪᠠᠷ ᠳᠡᠭᠡᠭᠰᠢᠯᠡᠪᠡ᠃      ︵ᠭᠤᠷᠪᠠ︶ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠣᠯ ᠪᠦᠬᠦ ᠬᠤᠰᠢᠭᠤᠨ ᠤ ᠠᠵᠤ ᠠᠬᠤ ᠶᠢᠨ ᠪᠦᠲᠦᠴᠡ ᠠᠯᠬᠤᠮ ᠴᠢᠨᠠᠭᠰᠢᠲᠠ ᠰᠢᠯᠢᠳᠡᠭᠵᠢᠭᠰᠡᠨ ᠬᠤᠭᠤᠴᠠᠭ᠎ᠠ ᠮᠦᠨ᠃ ᠭᠤᠷᠪᠠᠨ ᠣᠳᠠᠭᠠᠨ ᠤ ᠠᠵᠤ ᠦᠢᠯᠡᠰ ᠤᠨ ᠪᠦᠲᠦᠴᠡ ᠰᠢᠯᠢᠳᠡᠭᠵᠢᠭᠡᠳ 7.2᠄ 68.2᠄ 24.6 ᠪᠣᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠣ ᠴᠢᠨᠠᠷ ᠪᠣᠯᠣᠨ ᠦᠷ᠎ᠡ ᠠᠰᠢᠭ ᠨᠢ ᠳᠡᠭᠡᠭᠰᠢᠯᠡᠵᠦ᠂ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠮᠡᠭᠳᠡᠭᠡᠳ 15 ᠪᠣᠯᠵᠣ᠂ ᠠᠵᠤ ᠦᠢᠯᠡᠳᠪᠦᠷᠢ ᠶᠢᠨ ᠶᠡᠷᠥᠩᠬᠡᠢ ᠦᠷᠲᠡᠭ 2010 ᠣᠨ ᠤ 75.3 ᠳ᠋ᠥᠩᠰᠢᠭᠤᠷ ᠪᠠᠶᠢᠭᠰᠠᠨ ᠠᠴᠠ 2015 ᠣᠨ ᠪᠣᠯᠬᠤ ᠳᠤ 102.7 ᠳ᠋ᠥᠩᠰᠢᠭᠤᠷ ᠲᠦᠭᠦᠷᠢᠭ ᠪᠣᠯᠵᠣ ᠨᠡᠮᠡᠭᠳᠡᠨ᠂ ᠵᠢᠯ ᠳᠣᠮᠳᠠᠴᠢ ᠪᠠᠷ 6.5% ᠢᠶᠠᠷ ᠨᠡᠮᠡᠭᠳᠡᠵᠦ᠂ 1.4 ᠳᠠᠬᠢᠨ ᠢᠶᠠᠷ ᠨᠡᠮᠡᠭᠳᠡᠪᠡ︔ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ 2010 ᠣᠨ ᠤ 36.8 ᠳ᠋ᠥᠩᠰᠢᠭᠤᠷ ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ ᠨᠡᠮᠡᠭᠳᠡᠭᠡᠳ 68 ᠳ᠋ᠥᠩᠰᠢᠭᠤᠷ ᠲᠦᠭᠦᠷᠢᠭ ᠲᠤ ᠬᠦᠷᠴᠦ᠂ ᠵᠢᠯ ᠳᠣᠮᠳᠠᠴᠢ ᠪᠠᠷ 13.1% ᠢᠶᠠᠷ ᠨᠡᠮᠡᠭᠳᠡᠨ᠂ 2 ᠳᠠᠬᠢᠨ ᠣᠷᠴᠢᠮ ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠨᠢ ᠡᠨᠧᠷᠬᠢ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ ᠵᠡᠷᠭᠡ ᠣᠯᠠᠨ ᠡᠰᠢᠵᠢᠭᠰᠡᠨ ᠴᠢᠭᠯᠡᠯ ᠵᠦᠭ ᠬᠤᠪᠢᠷᠠᠪᠠ᠃ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠦᠷᠭᠡᠰᠴᠦ᠂ ᠰᠦ ᠮᠢᠬ᠎ᠠ ᠡᠪᠡᠰᠦ ᠵᠡᠷᠭᠡ ᠭᠤᠷᠪᠠᠨ ᠲᠣᠮᠣ ᠠᠵᠤ ᠦᠢᠯᠡᠰ ᠪᠠ ᠣᠨᠴᠠᠯᠢᠭᠲᠤ ᠠᠳᠣᠭᠤᠨ  ᠤ ᠠᠵᠤ ᠦᠢᠯᠡᠰ ᠡᠷᠡᠭᠦᠯ ᠢᠶᠠᠷ ᠬᠦᠭᠵᠢᠵᠦ᠂ ︽ ᠬᠤᠶᠠᠷ ᠲᠣᠭᠤᠷᠢᠭ ᠳᠦᠷᠪᠡᠨ ᠪᠦᠰᠡ︾ ᠶᠢᠨ ᠠᠵᠤ ᠦᠢᠯᠡᠰᠵᠢᠯᠲᠡ ᠶᠢᠨ ᠪᠠᠶᠢᠳᠠᠯ ᠢ ᠠᠭᠠᠵᠢᠮ ᠢᠶᠠᠷ ᠪᠦᠷᠢᠯᠳᠦᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠣᠭᠴᠢ ᠠᠵᠤ ᠠᠬᠤᠶᠢᠯᠠᠯ ᠨᠡᠮᠡᠭᠳᠡᠬᠡᠳ 13 ᠪᠤᠯᠵᠤ᠂ ᠮᠠᠯᠴᠢᠳ ᠤᠨ ᠲᠣᠰᠬᠠᠢ ᠬᠤᠷᠰᠢᠭᠰᠠᠨ ᠵᠣᠬᠢᠶᠠᠨ ᠪᠠᠶᠢᠭᠤᠯᠤᠯᠲᠠ ᠨᠡᠮᠡᠭᠳᠡᠭᠡᠳ 467 ᠪᠣᠯᠵᠤ᠂ ᠮᠠᠯᠵᠢᠬᠤ ᠣᠷᠣᠨ ᠪᠣᠯᠣᠨ ᠮᠠᠯ ᠠᠵᠤ ᠠᠬᠤᠢ ᠶᠢᠨ ᠬᠦᠭᠵᠢᠯᠲᠡ ᠶᠢ ᠪᠦᠲᠦᠮᠵᠢᠲᠡᠢ ᠠᠬᠢᠭᠤᠯᠪᠠ᠃ ᠭᠤᠷᠪᠠᠳᠣᠭᠠᠷ ᠠᠵᠤ ᠦᠢᠯᠡᠰ ᠤᠨ ᠣᠯᠣᠰ ᠠᠷᠠᠳ ᠤᠨ ᠠᠵᠤ ᠠᠬᠤᠢ ᠳᠠᠬᠢ ᠨᠡᠮᠡᠷᠢ ᠬᠠᠨᠳᠢᠪ ᠨᠢ ᠲᠠᠰᠤᠷᠠᠯᠲᠠ ᠦᠭᠡᠢ ᠳᠡᠭᠡᠭᠰᠢᠯᠡᠵᠦ᠂ ᠭᠤᠷᠪᠠᠳᠣᠭᠠᠷ ᠠᠵᠤ ᠦᠢᠯᠡᠰ ᠤᠨ ᠨᠡᠮᠡᠭᠳᠡᠯ ᠦᠷᠲᠡᠭ ᠨᠢ 2010 ᠣᠨ ᠤ 17.2 ᠳ᠋ᠥᠩᠰᠢᠭᠤᠷ ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ ᠨᠡᠮᠡᠭᠳᠡᠭᠡᠳ 27.5 ᠳ᠋ᠥᠩᠰᠢᠭᠤᠷ ᠲᠦᠭᠦᠷᠢᠭ ᠪᠣᠯᠵᠣ᠂ ᠵᠢᠯ ᠳᠣᠮᠳᠠᠴᠢ ᠪᠠᠷ 9.1% ᠢᠶᠠᠷ ᠨᠡᠮᠡᠭᠳᠡᠪᠡ᠃ ᠵᠣᠭᠠᠴᠠᠯ ᠤᠨ ᠦᠢᠯᠡᠰ ᠢᠳᠡ ᠬᠦᠴᠦ ᠲᠠᠢ ᠬᠦᠭᠵᠢᠵᠦ ᠂ ᠲᠠᠪᠤᠨ ᠵᠢᠯ ᠳᠤ ᠨᠡᠶᠢᠲᠡ 226 ᠲᠦᠮᠡᠨ ᠬᠦᠮᠦᠨ ᠣᠳᠠᠭ᠎ᠠ ᠵᠣᠭᠠᠴᠠᠭᠰᠠᠳ ᠢ ᠬᠦᠯᠢᠶᠡᠨ ᠠᠪᠴᠤ ᠵᠣᠴᠢᠯᠠᠨ᠂ ᠵᠣᠭᠠᠴᠠᠯ ᠤᠨ ᠶᠡᠷᠥᠩᠬᠡᠢ ᠣᠷᠣᠯᠭ᠎ᠠ ᠶᠢ 26.7 ᠳ᠋ᠥᠩᠰᠢᠭᠤᠷ ᠲᠦᠭᠦᠷᠢᠭ ᠪᠡᠶᠡᠯᠡᠭᠦᠯᠪᠡ᠃ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠢᠳᠡᠭᠡᠨ ᠣᠮᠳᠠᠭᠠᠨ ᠵᠤᠭ᠎ᠠ ᠴᠡᠩᠭᠡᠯ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠡᠷᠡᠭᠦᠯ ᠢᠶᠠᠷ ᠬᠦᠭᠵᠢᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ  ᠪᠣᠷᠣᠯᠠᠭᠤᠯᠤᠭᠰᠠᠨ ᠶᠡᠷᠥᠩᠬᠡᠢ ᠬᠡᠮᠵᠢᠶ᠎ᠡ ᠨᠢ 2010 ᠣᠨ ᠤ 8.5 ᠳ᠋ᠥᠩᠰᠢᠭᠤᠷ ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ ᠨᠡᠮᠡᠭᠳᠡᠭᠡᠳ 15.9 ᠳ᠋ᠥᠩᠰᠢᠭᠤᠷ ᠲᠦᠭᠦᠷᠢᠭ ᠪᠣᠯᠵᠣ᠂ ᠵᠢᠯ ᠳᠣᠮᠳᠠᠴᠢ ᠪᠠᠷ 13.3% ᠢᠶᠠᠷ ᠨᠡᠮᠡᠭᠳᠡᠪᠡ᠃ ᠪᠠᠶᠠᠨᠳᠣᠬᠤᠢ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠠᠩᠬ᠎ᠠ ᠬᠡᠪᠴᠢᠶᠡᠵᠢᠨ᠂ ᠣᠷᠣᠵᠣ ᠰᠠᠭᠤᠭᠰᠠᠨ ᠠᠵᠤ ᠠᠬᠤᠶᠢᠯᠠᠯ 70 ᠪᠣᠯᠵᠣ᠂ ᠶᠡᠷᠥᠩᠬᠡᠢ ᠦᠢᠯᠡᠳᠪᠦᠷᠢᠯᠡᠯ ᠤᠨ ᠦᠷᠲᠡᠭ ᠨᠢ 2010 ᠣᠨ ᠳᠤ 3.1 ᠳ᠋ᠥᠩᠰᠢᠭᠤᠷ ᠲᠦᠭᠦᠷᠢᠭ ᠪᠠᠶᠢᠭᠰᠠᠨ ᠠᠴᠠ 2015 ᠣᠨ ᠪᠣᠯᠬᠤ ᠳᠤ 15.2 ᠳ᠋ᠥᠩᠰᠢᠭᠤᠷ ᠲᠦᠭᠦᠷᠢᠭ ᠪᠣᠯᠵᠣ ᠨᠡᠮᠡᠭᠳᠡᠨ᠂ 5 ᠳᠠᠬᠢᠨ ᠢᠶᠠᠷ ᠨᠡᠮᠡᠭᠳᠡᠪᠡ᠃ ᠲᠠᠪᠤᠨ ᠵᠢᠯ ᠳᠤ ᠨᠡᠶᠢᠲᠡ 1.25 ᠳ᠋ᠥᠩᠰᠢᠭᠤᠷ ᠲᠦᠭᠦᠷᠢᠭ ᠭᠠᠶᠢᠯᠢ ᠲᠣᠰᠢᠶᠠᠵᠤ᠂ ᠲᠣᠭᠲᠠᠮᠠᠯ ᠬᠦᠷᠥᠩᠭᠡ ᠶᠢᠨ ᠪᠡᠯᠡ ᠣᠷᠣᠭᠤᠯᠣᠯᠲᠠ ᠶᠢ 27.3 ᠳ᠋ᠥᠩᠰᠢᠭᠤᠷ ᠲᠦᠭᠦᠷᠢᠭ ᠪᠡᠶᠡᠯᠡᠭᠦᠯᠪᠡ᠃      ︵ᠳᠦᠷᠪᠡ︶ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠣᠯ ᠪᠦᠬᠦ ᠬᠤᠰᠢᠭᠤᠨ ᠤ ᠬᠦᠭᠵᠢᠯᠲᠡ ᠶᠢᠨ ᠰᠠᠭᠤᠷᠢ ᠣᠯᠠᠮ ᠪᠠᠲᠤ ᠪᠠᠬᠢ ᠪᠣᠯᠣᠭᠰᠠᠨ ᠬᠤᠭᠤᠴᠠᠭ᠎ᠠ ᠮᠦᠨ᠂ ᠲᠠᠪᠤᠨ ᠵᠢᠯ ᠤᠨ ᠲᠣᠷᠰᠢ᠂ ᠰᠢᠨ᠎ᠡ ᠨᠢᠭᠡᠨ ᠡᠭᠡᠯᠵᠢ ᠶᠢᠨ ᠬᠤᠰᠢᠭᠤᠨ ᠤ ᠪᠦᠰᠡ ᠶᠢᠨ ᠲᠣᠭᠲᠠᠯᠴᠠᠭ᠎ᠠ ᠶᠢᠨ ᠲᠦᠯᠦᠪᠵᠢᠭᠦᠯᠭᠡ ᠪᠣᠯᠣᠨ 4 ᠪᠠᠯᠭᠠᠰᠣ ᠶᠢᠨ ᠬᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ ᠪᠠ ᠬᠤᠲᠠ ᠶᠢᠨ ᠵᠢᠷᠤᠭ ᠲᠦᠯᠦᠪᠯᠡᠭᠡ ᠶᠢ ᠨᠠᠶᠢᠷᠠᠭᠤᠯᠤᠨ ᠳᠠᠭᠤᠰᠬᠠᠵᠤ᠂ ᠪᠠᠶᠠᠨᠲᠣᠬᠠᠢ ᠪᠠᠯᠭᠠᠰᠤ ᠶᠢᠨ ᠪᠠᠶᠢᠭᠤᠯᠵᠤ ᠪᠦᠲᠦᠭᠡᠭᠰᠡᠨ ᠲᠣᠭᠤᠷᠢᠭ ᠤᠨ ᠬᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ ᠶᠢᠨ ᠬᠠᠮᠤᠷᠣᠭᠰᠠᠨ ᠨᠤᠷᠮ᠎ᠠ 100%  ᠲᠤ ᠬᠦᠷᠪᠡ᠃ ᠲᠠᠪᠤᠨ ᠵᠢᠯ ᠳᠤ ᠨᠡᠶᠢᠲᠡ 47.5 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ ᠨᠢᠭᠡᠨ ᠪᠦᠯᠦᠭ ᠬᠢᠮᠳᠠ ᠲᠣᠬᠢᠯᠢᠭ ᠣᠷᠣᠨ ᠰᠠᠭᠤᠴᠠ᠂ ᠬᠢᠮᠳᠠ ᠳᠦᠷᠢᠶᠡᠰᠦᠨ ᠣᠷᠣᠨ ᠰᠠᠭᠤᠴᠠ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠬᠢᠬᠦ ᠪᠦᠲᠦᠭᠡᠨ ᠪᠠᠶᠢᠭᠤᠯᠤᠯᠲᠠ ᠵᠢᠴᠢ ᠬᠤᠲᠠ ᠪᠠᠯᠭᠠᠰᠤ ᠶᠢᠨ ᠣᠰᠣ ᠬᠠᠩᠭᠠᠬᠤ ᠣᠰᠣ ᠭᠠᠳᠠᠭᠰᠢᠯᠠᠭᠤᠯᠬᠤ᠂ ᠬᠤᠭ ᠨᠣᠪᠰᠢ ᠰᠢᠢᠳᠪᠦᠷᠢᠯᠡᠬᠦ᠂ ᠢᠯᠴᠢ ᠪᠠ ᠬᠡᠢ ᠬᠠᠩᠭᠠᠬᠤ᠂ ᠬᠤᠲᠠ ᠪᠠᠯᠭᠠᠰᠣ ᠶᠢᠨ ᠵᠠᠮ ᠢ ᠦᠭᠡᠷᠡᠴᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠬᠢᠯᠡᠭᠦᠯᠵᠦ᠂ ᠨᠡᠭᠡᠭᠡᠨ ᠠᠰᠢᠭᠯᠠᠭᠰᠠᠨ ᠪᠠᠷᠢᠯᠭ᠎ᠠ ᠶᠢᠨ ᠲᠠᠯᠠᠪᠠᠢ ᠨᠢ ᠨᠡᠶᠢᠲᠡ 241.8 ᠲᠦᠮᠡᠨ ᠲᠡᠭᠰᠢ ᠳᠦᠷᠪᠡᠯᠵᠢᠨ ᠮᠧᠲᠷ ᠪᠣᠯᠵᠣ᠂ ᠬᠤᠲᠠ ᠶᠢᠨ ᠪᠣᠷᠣ ᠲᠦᠯᠦᠪ ᠢ ᠠᠯᠬᠤᠮ ᠴᠢᠨᠠᠭᠰᠢᠲᠠ ᠥᠷᠭᠡᠳᠭᠡᠨ᠂ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠪᠡ᠃ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠦᠪᠰᠢᠨ ᠲᠠᠰᠣᠷᠠᠯᠲᠠ ᠦᠭᠡᠢ ᠳᠡᠭᠡᠭᠰᠢᠯᠡᠨ᠂ ᠲᠠᠪᠤᠨ ᠵᠢᠯ ᠳᠤ ᠰᠢᠨ᠎ᠡ ᠪᠠᠷ ᠨᠡᠮᠡᠭᠳᠡᠭᠰᠡᠨ ᠬᠤᠲᠠ ᠶᠢᠨ ᠨᠣᠭᠤᠭᠠᠨ ᠵᠦᠯᠭᠡ ᠶᠢᠨ ᠲᠠᠯᠠᠪᠠᠢ ᠨᠡᠶᠢᠲᠡ 8.6 ᠲᠦᠮᠡᠨ ᠲᠡᠭᠰᠢ ᠳᠦᠷᠪᠡᠯᠵᠢᠨ ᠮᠧᠲᠷ ᠪᠣᠯᠵᠣ᠂ ᠬᠤᠲᠠ ᠲᠣᠭᠤᠷᠢᠭ ᠤᠨ ᠨᠣᠭᠤᠭᠠᠷᠠᠭᠤᠯᠣᠯᠲᠠ ᠶᠢᠨ ᠪᠦᠷᠬᠦᠯᠲᠡ ᠶᠢᠨ ᠨᠣᠷᠮ᠎ᠠ 27% ᠪᠣᠯᠪᠠ᠃ ᠨᠢᠭᠡ ᠪᠦᠯᠦᠭ ᠴᠢᠬᠤᠯᠠ ᠶᠡᠭᠡ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠣᠷᠣᠭᠰᠢᠲᠠᠢ ᠪᠠᠷ ᠬᠡᠷᠡᠭᠵᠢᠭᠦᠯᠦᠭᠳᠡᠵᠦ᠂ ᠲᠠᠪᠤᠨ ᠵᠢᠯ ᠳᠤ ᠨᠡᠶᠢᠲᠡ 3.1 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ ᠬᠤᠩᠭᠤᠯᠵᠢ — ᠳᠡᠮᠡᠭᠡᠬᠦ᠋ᠵᠦᠭᠦᠦ ᠭᠠᠴᠠᠭ᠎ᠠ ᠬᠦᠷᠬᠦ ᠵᠡᠷᠭᠡ 13 ᠵᠣᠷᠪᠣᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠵᠦ᠂ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠵᠠᠰᠠᠮᠠᠯ ᠵᠠᠮ ᠤᠨ ᠣᠷᠲᠣ ᠨᠢ 315 ᠺᠢᠯᠣᠮᠧᠲᠷ ᠪᠣᠯᠵᠣ᠂ ︽ᠱᠣᠭᠤᠮ ᠢᠶᠠᠷ ᠴᠡᠭ ᠢ ᠳᠠᠶᠢᠴᠢᠯᠠᠨ᠂ ᠭᠤᠤᠯ ᠵᠠᠮ ᠪᠠ ᠰᠠᠯᠪᠤᠷᠢ ᠵᠠᠮ ᠢ ᠣᠶᠠᠯᠳᠣᠭᠤᠯᠬᠤ᠂ ᠳᠣᠲᠣᠭᠠᠲᠤ  ᠳᠠᠭᠠᠨ ᠬᠤᠯᠪᠣᠯᠳᠣᠨ ᠭᠠᠳᠠᠭᠰᠢ ᠨᠡᠪᠲᠡᠷᠡᠬᠦ︾ ᠣᠷᠣᠨ ᠪᠦᠰᠡ ᠶᠢᠨ ᠵᠠᠮ ᠬᠠᠷᠢᠯᠴᠠᠭ᠎ᠠ ᠶᠢᠨ ᠪᠠᠶᠢᠳᠠᠯ ᠢ ᠪᠣᠢ ᠪᠣᠯᠭᠠᠪᠠ᠃ ᠲᠠᠪᠤᠨ ᠵᠢᠯ ᠳᠤ ᠨᠡᠶᠢᠲᠡ 1.1 ᠳ᠋ᠥᠩᠰᠢᠭᠤᠷ ᠲᠦᠭᠦᠷᠢᠭ ᠪᠡᠯᠡ ᠣᠷᠣᠭᠤᠯᠵᠣ ᠮᠠᠯᠵᠢᠬᠤ ᠣᠷᠣᠨ ᠤ ᠣᠰᠣ ᠣᠮᠳᠠ ᠶᠢᠨ ᠠᠮᠤᠷ ᠲᠦᠪᠰᠢᠨ ᠤ ᠠᠰᠠᠭᠤᠳᠠᠯ ᠪᠣᠯᠣᠨ ᠣᠰᠣ ᠠᠷᠪᠢᠯᠠᠨ ᠰᠦᠷᠴᠢᠨ ᠣᠰᠣᠯᠠᠬᠤ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ ᠨᠡᠩ ᠣᠯᠠᠨ ᠠᠷᠠᠳ ᠢ ᠬᠠᠷᠠᠭᠠᠯᠵᠠᠪᠠ᠃ ᠨᠡᠶᠢᠲᠡ 2.6 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ ᠨᠣᠲᠤᠭ ᠪᠡᠯᠴᠢᠭᠡᠷ ᠤᠨ ᠮᠠᠯᠯᠠᠬᠤ ᠶᠢ  ᠵᠣᠭᠰᠣᠭᠠᠬᠤ᠂ ᠰᠡᠯᠭᠦᠨ ᠮᠠᠯᠯᠠᠬᠤ᠂ ᠣᠷᠣᠨ ᠬᠤᠪᠢᠶᠠᠵᠤ ᠡᠭᠡᠯᠵᠢᠯᠡᠨ ᠮᠠᠯᠯᠠᠬᠤ᠂ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠶᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠪᠦᠲᠦᠮᠵᠢᠲᠡᠢ ᠬᠠᠮᠠᠭᠠᠯᠠᠭᠳᠠᠪᠠ᠃ ᠡᠯᠡᠰᠦ ᠶᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ ᠦᠷᠨᠢᠭᠦᠯᠵᠦ᠂ ︽ᠪᠦᠬᠦ ᠣᠯᠣᠰ ᠤᠨ ᠡᠯᠡᠰᠦᠨ ᠤ ᠬᠦᠨᠦᠭᠡᠯ ᠦᠭᠡᠢ ᠬᠤᠰᠢᠭᠤ ᠰᠢᠶᠠᠨ︾ ᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃       ︵ᠲᠠᠪᠤ︶ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠣᠯ ᠪᠦᠬᠦ ᠬᠤᠰᠢᠭᠤᠨ ᠤ ᠦᠭᠡᠷᠡᠴᠢᠯᠡᠯᠲᠡ ᠨᠡᠭᠡᠭᠡᠯᠲᠡ ᠶᠢ ᠥᠷᠭᠦᠯᠵᠢᠯᠡᠨ ᠲᠦᠯᠬᠢᠨ ᠠᠬᠢᠭᠤᠯᠤᠭᠰᠠᠨ ᠬᠤᠭᠤᠴᠠᠭ᠎ᠠ ᠮᠦᠨ᠃ ᠲᠠᠪᠤᠨ ᠵᠢᠯ ᠤᠨ ᠲᠣᠷᠰᠢ᠂ ᠡᠳ᠋ ᠤᠨ ᠵᠠᠰᠠᠭ ᠮᠦᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠣᠷᠠᠯᠲᠠ ᠦᠭᠡᠢ ᠭᠦᠨᠵᠡᠭᠡᠶᠢᠷᠡᠭᠦᠯᠦᠨ᠂ ᠰᠠᠯᠠᠭ᠎ᠠ ᠮᠦᠴᠢᠷ ᠤᠨ ᠲᠦᠰᠦᠪ ᠤᠨ ᠬᠠᠮᠢᠶᠠᠷᠤᠯᠲᠠ ᠵᠢᠴᠢ ᠡᠳ᠋ ᠤᠨ ᠵᠠᠰᠠᠭ ᠤᠨ ᠲᠦᠪᠯᠡᠷᠡᠭᠦᠯᠦᠨ ᠥᠭᠬᠦ ᠳᠦᠷᠢᠮ ᠢ ᠠᠯᠬᠤᠮ ᠴᠢᠨᠠᠭᠰᠢᠲᠠ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠶᠢᠨ ᠡᠳ᠋ ᠬᠦᠷᠦᠩᠬᠡ ᠶᠢᠨ ᠬᠠᠮᠢᠶᠠᠷᠤᠯᠲᠠ ᠶᠢᠨ ᠲᠣᠭᠲᠠᠴᠠ ᠠᠭᠠᠵᠢᠮ ᠢᠶᠠᠷ ᠪᠦᠷᠢᠯᠳᠦᠵᠦ᠂ ᠰᠠᠭᠤᠭᠠᠯᠢ ᠠᠷᠠᠳ ᠪᠠ ᠮᠠᠯᠴᠢᠳ ᠤᠨ ᠨᠦᠬᠦᠪᠦᠷᠢ ᠶᠢ ︽ᠨᠢᠭᠡ ᠺᠠᠷᠲ ᠢᠶᠠᠷ ᠥᠭᠬᠦ︾ ᠰᠢᠰᠲ᠋ᠧᠮ ᠨᠢ ᠬᠤᠲᠠ ᠬᠦᠳᠡᠭᠡ ᠶᠢ ᠪᠦᠬᠦᠨ ᠢ ᠪᠦᠷᠬᠦᠪᠡ᠃ ᠬᠠᠮᠲᠣ ᠶᠢᠨ ᠣᠢ ᠮᠣᠳᠣᠨ ᠤ ᠡᠷᠭᠡ ᠶᠢᠨ ᠳᠦᠷᠢᠮ ᠤᠨ ᠭᠤᠣᠯ ᠴᠣᠭᠴᠠ ᠶᠢ ᠦᠭᠡᠷᠡᠴᠢᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠷᠬᠡ ᠶᠢ ᠨᠢ ᠲᠣᠳᠣᠷᠬᠠᠶᠢᠯᠠᠭᠰᠠᠨ ᠨᠣᠷᠮ᠎ᠠ 100% ᠪᠣᠯᠵᠣ᠂ ᠨᠡᠩ ᠣᠯᠠᠨ ᠮᠠᠯᠴᠢᠳ ᠲᠤ ᠠᠰᠢᠭ ᠲᠣᠰᠠ ᠬᠦᠷᠲᠡᠭᠡᠪᠡ᠃ ᠮᠠᠯᠵᠢᠬᠤ ᠣᠷᠣᠨ ᠤ ᠡᠵᠡᠩᠨᠡᠯᠲᠡ ᠶᠢᠨ ᠪᠠᠶᠢᠭᠤᠯᠤᠯ  ᠤᠨ ᠦᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠬᠠᠳᠣᠯᠠᠩ ᠪᠡᠯᠴᠢᠭᠡᠷ ᠤᠨ ᠡᠵᠡᠩᠨᠡᠬᠦ ᠡᠷᠬᠡ ᠶᠢ ᠰᠢᠯᠵᠢᠭᠦᠯᠦᠨ ᠡᠷᠬᠢᠯᠳᠦᠭᠦᠯᠬᠦ ᠬᠢᠬᠡᠳ ᠬᠡᠪᠴᠢᠶᠡᠵᠢᠭᠦᠯᠦᠨ ᠡᠵᠡᠩᠨᠡᠬᠦ ᠨᠢ ᠨᠡᠩ ᠶᠡᠭᠡ ᠠᠮᠢᠵᠢᠷᠠᠯ ᠤᠨ ᠬᠦᠴᠦᠨ ᠢ ᠪᠢᠯᠬᠠᠭᠤᠯᠪᠠ᠃ ᠣᠯᠣᠰ ᠤᠨ ᠦᠮᠴᠢᠯᠡᠯᠲᠦ ᠡᠳ᠋ ᠬᠦᠷᠦᠩᠬᠡ ᠶᠢᠨ ᠡᠵᠡᠩᠨᠡᠯᠲᠡ ᠪᠣᠯᠣᠨ ᠬᠠᠮᠢᠶᠠᠷᠤᠯᠲᠠ ᠶᠢ ᠪᠦᠲᠦᠮᠵᠢᠲᠡᠢ ᠴᠢᠩᠭᠠᠳᠬᠠᠵᠤ᠂ ᠬᠤᠰᠢᠭᠤᠨ ᠤ ᠣᠯᠣᠰ ᠤᠨ ᠦᠮᠴᠢᠯᠡᠯᠲᠦ ᠡᠳ᠋ ᠭᠦᠷᠦᠩᠭᠡ ᠶᠢᠨ ᠪᠡᠯᠡ ᠣᠷᠣᠭᠤᠯᠣᠯᠲᠠ ᠶᠢᠨ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠪᠠ᠃ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠬᠤ ᠲᠣᠭᠲᠠᠴᠠ ᠠᠯᠬᠤᠮ ᠠᠯᠬᠤᠮ ᠢᠶᠠᠷ ᠳᠡᠭᠦᠯᠳᠡᠷᠵᠢᠭᠦᠯᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠵᠦ᠂ ᠲᠠᠪᠤᠨ ᠵᠢᠯ ᠳᠤ 38 ᠪᠠᠶᠢᠭᠤᠯᠤᠮᠵᠢ  ᠶᠢ ᠬᠠᠰᠣᠵᠣ ᠨᠡᠶᠢᠯᠡᠭᠦᠯᠦᠨ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠡᠷᠬᠡ ᠬᠠᠷᠢᠭᠤᠴᠠᠯᠭ᠎ᠠ ᠨᠡᠩ ᠳᠣᠳᠣᠷᠬᠠᠢ ᠪᠣᠯᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠳᠦᠷᠢᠮ ᠤᠨ ᠦᠭᠡᠷᠡᠴᠢᠯᠡᠯᠲᠡ ᠳᠠᠰᠣᠷᠠᠯᠲᠠ ᠦᠭᠡᠢ ᠭᠦᠵᠡᠭᠡᠶᠢᠷᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠮᠣ ᠲᠢᠩᠬᠢᠮ ᠢ ᠪᠠᠶᠢᠭᠤᠯᠤᠨ ᠳᠠᠭᠤᠰᠬᠠᠵᠤ ᠬᠡᠷᠡᠭᠯᠡᠭᠦᠯᠪᠡ᠂ ᠣᠷᠣᠵᠣ ᠰᠠᠭᠤᠭᠰᠠᠨ ᠨᠢᠭᠡᠴᠡ 26 ᠪᠣᠯᠵᠣ᠂ ᠬᠡᠷᠡᠭ ᠡᠷᠬᠢᠯᠡᠬᠦ ᠦᠷ᠎ᠡ ᠠᠰᠢᠭ ᠪᠣᠯᠣᠨ ᠦᠢᠯᠡᠴᠢᠯᠡᠭᠡᠨ ᠤ ᠶᠠᠰᠤ ᠴᠢᠨᠠᠷ  ᠨᠢ ᠶᠡᠬᠡᠪᠡᠷ ᠳᠡᠭᠡᠭᠰᠢᠯᠡᠪᠡ᠃ ᠭᠠᠳᠠᠭᠰᠢ ᠨᠡᠭᠡᠭᠡᠯᠲᠡ ᠬᠢᠬᠦ ᠠᠵᠢᠯ ᠡᠯᠪᠡᠭ ᠳᠡᠯᠪᠡᠭ ᠦᠷ᠎ᠡ ᠪᠦᠲᠦᠭᠡᠯ ᠣᠯᠵᠣ᠂ ᠨᠢᠭᠡ ᠪᠦᠯᠦᠭ ᠬᠤᠲᠠ ᠪᠠᠯᠭᠠᠰᠤ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠪᠣᠯᠣᠨ ᠵᠤᠭᠠᠴᠠᠯ ᠤᠨ ᠨᠡᠭᠡᠭᠡᠯᠲᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠪᠡᠯᠡ ᠣᠷᠣᠭᠤᠯᠣᠯᠲᠠ ᠶᠢᠨ ᠲᠦᠷᠦᠯ ᠵᠦᠢᠯ ᠢ ᠠᠮᠵᠢᠯᠲᠠ ᠲᠠᠢ ᠪᠠᠷ ᠲᠠᠲᠠᠨ ᠣᠷᠣᠭᠤᠯᠵᠣ᠂ ᠲᠠᠪᠤᠨ ᠵᠢᠯ ᠳᠤ ᠨᠡᠶᠢᠲᠡ 202 ᠳ᠋ᠥᠩᠰᠢᠭᠤᠷ ᠲᠦᠭᠦᠷᠢᠭ ᠤᠨ ᠪᠡᠯᠡ ᠮᠦᠩᠭᠦ ᠶᠢ ᠲᠠᠲᠠᠨ ᠣᠷᠣᠭᠤᠯᠪᠠ᠃ ᠣᠷᠣᠰ᠂ ᠮᠣᠩᠭᠤᠯ ᠵᠡᠷᠭᠡ ᠣᠯᠣᠰ ᠯᠤᠭ᠎ᠠ ᠶᠢᠨ ᠠᠵᠤ ᠠᠬᠤᠢ ᠠᠷᠠᠯᠵᠢᠶ᠎ᠠ᠂ ᠰᠣᠶᠣᠯ᠂ ᠵᠣᠭᠠᠴᠠᠯ ᠵᠡᠷᠭᠡ ᠲᠠᠯ᠎ᠠ ᠪᠠᠷ ᠬᠢ ᠰᠣᠯᠢᠯᠴᠠᠭ᠎ᠠ ᠬᠠᠮᠲᠣᠷᠠᠯᠴᠠᠭ᠎ᠠ ᠪᠠᠨ ᠪᠦᠲᠦᠮᠵᠢᠲᠡᠢ ᠴᠢᠩᠭᠠᠳᠬᠠᠵᠤ᠂ ᠭᠠᠳᠠᠭᠰᠢ ᠨᠡᠭᠡᠭᠡᠯᠲᠡ ᠬᠢᠬᠦ ᠠᠷᠭ᠎ᠠ ᠵᠠᠮ ᠢ ᠲᠠᠰᠣᠷᠠᠯᠲᠠ ᠦᠭᠡᠢ ᠦᠷᠭᠡᠳᠬᠡᠪᠡ᠃       ︵ᠵᠢᠷᠭᠤᠭ᠎ᠠ︶ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠣᠯ ᠪᠦᠬᠦ ᠬᠤᠰᠢᠭᠤᠨ ᠤ ᠨᠡᠶᠢᠭᠡᠮ ᠤᠨ ᠦᠢᠯᠡᠰ ᠲᠠᠰᠣᠷᠠᠯᠲᠠ ᠦᠭᠡᠢ ᠳᠠᠪᠰᠢᠭᠰᠠᠨ ᠬᠤᠭᠤᠴᠠᠭ᠎ᠠ ᠮᠦᠨ᠃ ᠰᠢᠨᠵᠢᠯᠡᠭᠡ ᠮᠡᠷᠭᠡᠵᠢᠯ ᠢᠶᠠᠷ ᠳᠠᠶᠢᠴᠢᠯᠠᠬᠤ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠰᠢᠭᠤᠨ ᠤ ᠺᠧ  ᠰᠢᠩ ᠠᠳᠣᠭᠤᠨ ᠦᠢᠯᠡᠰ ᠣᠯᠣᠰ ᠤᠨ ᠰᠢᠨᠵᠢᠯᠡᠭᠡ ᠮᠡᠷᠭᠡᠵᠢᠯ ᠤᠨ ᠶᠠᠮᠤᠨ ᠳᠤ ︽ᠣᠯᠠᠨ ᠤᠯᠤᠰ ᠤᠨ ᠰᠢᠨᠵᠢᠯᠡᠭᠡ ᠮᠡᠷᠭᠡᠵᠢᠯ ᠢᠶᠠᠷ ᠬᠤᠷᠰᠢᠯᠴᠠᠬᠤ ᠰᠠᠭᠤᠷᠢᠨ ᠭᠠᠵᠠᠷ︾ ᠢᠶᠠᠷ ᠦᠨᠡᠯᠡᠭᠳᠡᠪᠡ᠃ ᠰᠣᠷᠭᠠᠨ ᠬᠦᠮᠦᠵᠢᠯ ᠢ ᠣᠷᠢᠳᠠᠪᠠᠷ ᠬᠦᠭᠵᠢᠭᠦᠯᠬᠦ ᠪᠠᠶᠢᠯᠳᠣᠬᠤ ᠪᠣᠳᠣᠯᠭ᠎ᠠ ᠪᠦᠲᠦᠮᠵᠢᠲᠡᠢ ᠨᠠᠶᠢᠳᠠᠪᠤᠷᠢᠵᠢᠭᠳᠠᠵᠤ᠂ ᠡᠯ᠎ᠡ ᠲᠦᠷᠦᠯ  ᠤᠨ ᠰᠤᠷᠭᠠᠨ ᠬᠦᠮᠦᠵᠢᠯ ᠲᠡᠩᠴᠡᠭᠦᠷᠢᠲᠡᠢ ᠬᠦᠭᠵᠢᠪᠡ᠃ ᠲᠠᠪᠤᠨ ᠵᠢᠯ ᠳᠤ ᠨᠡᠶᠢᠲᠡ 3500 ᠲᠦᠮᠡᠨ ᠲᠦᠭᠦᠷᠢᠭ ᠪᠡᠯᠡ ᠣᠷᠣᠭᠤᠯᠵᠣ᠂ 10 ᠰᠠᠭᠤᠷᠢ ᠰᠣᠷᠭᠠᠭᠤᠯᠢ ᠠᠴᠠ ᠡᠮᠦᠨᠡᠬᠢ ᠰᠣᠷᠭᠠᠨ ᠬᠦᠮᠦᠵᠢᠯ ᠤᠨ ᠰᠣᠷᠭᠠᠭᠤᠯᠢ ᠶᠢ ᠰᠢᠨ᠎ᠡ ᠪᠠᠷ ᠦᠭᠡᠷᠡᠴᠢᠯᠡᠨ ᠪᠠᠶᠢᠭᠤᠯᠵᠤ᠂ ᠰᠣᠷᠬᠤ ᠨᠠᠰᠣᠨ ᠠᠴᠠ ᠡᠮᠦᠨᠡᠬᠢ ᠬᠡᠣᠬᠡᠳ ᠤᠨ ᠴᠡᠴᠡᠷᠯᠢᠭ ᠲᠤ ᠣᠷᠣᠬᠤ ᠳᠤ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠪᠡ︔ ᠰᠣᠷᠣᠯᠭ᠎ᠠ ᠶᠢ ᠲᠡᠳᠬᠦᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠪᠦᠲᠦᠮᠵᠢᠲᠡᠢ ᠨᠠᠶᠢᠳᠠᠪᠤᠷᠢᠵᠢᠭᠳᠠᠵᠤ᠂ ᠲᠠᠪᠤᠨ ᠵᠢᠯ ᠳᠤ ᠰᠣᠷᠣᠭᠴᠢᠳ ᠤᠨ ᠡᠯ᠎ᠡ ᠲᠦᠷᠦᠯ ᠤᠨ ᠨᠦᠬᠦᠪᠦᠷᠢ ᠶᠢᠨ ᠮᠦᠩᠭᠦ ᠶᠢ ᠨᠡᠶᠢᠲᠡ 3265 ᠲᠦᠮᠡᠨ ᠲᠦᠭᠦᠷᠢᠭ ᠲᠠᠷᠬᠠᠭᠠᠪᠠ᠃ 2.5 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ ᠰᠣᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ᠂ ᠰᠣᠷᠭᠠᠭᠤᠯᠢ ᠶᠢᠨ ᠭᠡᠷ ᠪᠠᠶᠢᠰᠢᠩ ᠢ ᠰᠡᠯᠪᠢᠨ ᠵᠠᠰᠠᠬᠤ ᠰᠢᠨᠡᠳᠬᠡᠨ ᠵᠠᠰᠠᠬᠤ ᠵᠡᠷᠭᠡ ᠢᠨᠵᠧᠨᠧᠷᠢᠩ ᠢ ᠨᠢᠭᠡᠳᠦᠯᠲᠡᠢ ᠲᠦᠯᠦᠪᠯᠡᠨ ᠬᠡᠷᠡᠭᠵᠢᠭᠦᠯᠵᠦ᠂ ᠪᠦᠬᠦ ᠬᠤᠰᠢᠭᠤᠨ ᠤ 18 ᠰᠠᠭᠤᠷᠢ ᠠᠯᠪᠠᠨ ᠵᠢᠷᠤᠮ ᠤᠨ ᠰᠣᠷᠭᠠᠨ ᠬᠦᠮᠦᠵᠢᠯ ᠤᠨ ᠱᠠᠲᠤᠨ ᠤ ᠳᠣᠮᠳᠠᠲᠤ ᠪᠠᠭ᠎ᠠ ᠰᠣᠷᠭᠠᠭᠤᠯᠢ ᠴᠦᠮ ᠪᠠᠷᠢᠮᠵᠢᠶᠠᠵᠢᠭᠰᠠᠨ ᠰᠣᠷᠭᠠᠭᠤᠯᠢ ᠶᠢᠨ ᠪᠠᠷᠢᠮᠵᠢᠶᠠᠨ ᠳᠤ ᠬᠦᠷᠪᠡ︔ ᠦᠨᠳᠦᠷ ᠵᠡᠷᠭᠡ ᠶᠢᠨ ᠳᠣᠮᠳᠠᠲᠤ ᠰᠣᠷᠭᠠᠭᠤᠯᠢ ᠶᠢᠨ ᠰᠣᠷᠭᠠᠨ ᠬᠦᠮᠦᠵᠢᠯ ᠤᠨ ᠰᠣᠷᠭᠠᠭᠤᠯᠢ ᠳᠡᠪᠰᠢᠬᠤ ᠨᠣᠷᠮ᠎ᠠ ᠯᠠᠪᠳᠠᠭᠤᠨ ᠢᠶᠠᠷ ᠳᠡᠭᠡᠭᠰᠢᠯᠡᠵᠦ᠂ ᠣᠨᠴᠠᠯᠢᠭᠲᠤ ᠠᠵᠢᠯ ᠮᠡᠷᠭᠡᠵᠢᠯ ᠤᠨ ᠰᠣᠷᠭᠠᠨ ᠬᠦᠮᠦᠵᠢᠯ ᠢᠳᠡ ᠭᠦᠴᠦᠲᠡᠢ ᠭᠦᠭᠵᠢᠪᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠣᠨ ᠦᠨᠳᠦᠰᠦᠨ ᠡᠮᠨᠡᠯᠭᠡ ᠶᠢᠨ ᠦᠢᠯᠡᠴᠢᠯᠡᠭᠡᠨ ᠤ ᠲᠣᠭᠲᠠᠯᠴᠠᠭ᠎ᠠ ᠲᠠᠰᠣᠷᠠᠯᠲᠠ ᠦᠭᠡᠢ ᠲᠡᠭᠦᠯᠳᠡᠷᠵᠢᠨ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠬᠤᠶᠠᠳᠣᠭᠠᠷ ᠳᠡᠰ ᠤᠨ ᠬᠦᠬᠡ ᠵᠡᠷᠭᠡ  ᠶᠢᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ ᠪᠣᠯᠵᠣ ᠳᠡᠰ ᠳᠡᠪᠰᠢᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠬᠢᠬᠡᠳ ᠳᠣᠮᠳᠠᠲᠤ ᠶᠠᠫᠣᠨ ᠤ ᠨᠦᠬᠦᠷᠰᠡᠭ ᠡᠮᠨᠡᠯᠭᠡ ᠶᠢᠨ ᠬᠤᠷᠢᠶ᠎ᠠ ᠨᠢ ᠠᠯᠣᠰ ᠠᠴᠠ ᠬᠠᠮᠲᠤᠷᠠᠨ ᠣᠨᠣᠰᠢᠯᠠᠬᠤ ᠶᠢ ᠵᠢᠩᠬᠢᠨᠢ ᠪᠠᠷ ᠡᠬᠢᠯᠡᠭᠦᠯᠪᠡ᠃ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠠᠵᠢᠯ ᠯᠠᠪᠳᠠᠭᠤᠨ ᠢᠶᠠᠷ ᠠᠬᠢᠭᠤᠯᠤᠭᠳᠠᠵᠤ᠂ ᠲᠠᠪᠤᠨ ᠵᠢᠯ ᠳᠤ ᠨᠡᠶᠢᠲᠡ 4187.2 ᠲᠦᠮᠡᠨ ᠲᠦᠭᠦᠷᠢᠭ ᠤᠨ ᠡᠮᠨᠡᠯᠭᠡ ᠶᠢᠨ ᠵᠠᠷᠤᠳᠠᠯ  ᠢ ᠨᠦᠬᠦᠪᠦᠷᠢᠯᠡᠵᠦ᠂ 5.9 ᠲᠦᠮᠡᠨ ᠬᠦᠮᠦᠨ ᠣᠳᠠᠭ᠎ᠠ ᠮᠠᠯᠴᠢᠳ ᠲᠤ ᠠᠰᠢᠭ ᠭᠦᠷᠲᠡᠭᠡᠪᠡ᠃ ᠰᠣᠶᠣᠯ ᠤᠨ ᠦᠢᠯᠡᠰ ᠴᠡᠴᠡᠭᠯᠡᠨ ᠬᠦᠭᠵᠢᠵᠦ᠂ ᠦᠪᠡᠷᠲᠡᠭᠡᠨ ᠵᠠᠰᠠᠬᠤ ᠣᠷᠣᠨ ᠤ ᠳᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠠᠮᠵᠢᠯᠲᠠ ᠲᠠᠢ ᠭᠤᠶᠣᠴᠢᠯᠠᠨ ᠮᠡᠳᠡᠭᠦᠯᠵᠦ᠂ ᠮᠠᠨ ᠤ ᠬᠤᠰᠢᠭᠤ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠷᠢᠮᠵᠢᠶᠠᠵᠢᠭᠰᠡᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠢᠭ᠋  ᠤᠨ ᠨᠢᠭᠡᠴᠡ ᠪᠠᠷ ᠲᠣᠭᠲᠠᠭᠠᠭᠳᠠᠪᠠ᠃ ᠪᠤᠳᠠᠰ ᠤᠨ ᠪᠣᠰᠣ ᠰᠣᠶᠣᠯ ᠤᠨ ᠥᠪ ᠪᠦᠲᠦᠮᠵᠢᠲᠡᠢ ᠪᠠᠷ ᠬᠠᠮᠠᠭᠠᠯᠠᠭᠳᠠᠨ ᠣᠯᠠᠮᠵᠢᠯᠠᠭᠳᠠᠵᠤ᠂ ᠰᠣᠶᠣᠯ ᠤᠨ ᠦᠪ ᠤᠨ ᠨᠡᠷᠡᠰ ᠤᠨ ᠭᠠᠷᠴᠠᠭ ᠨᠢ 77 ᠪᠣᠯᠵᠠᠢ᠃ ︽ᠰᠣᠯᠣᠩᠭᠠᠷᠠᠭᠰᠠᠨ ᠬᠠᠷᠭᠤᠢ︾ ᠵᠡᠷᠭᠡ ᠨᠢᠭᠡ ᠪᠦᠯᠦᠭ ᠰᠢᠯᠢᠳᠡᠭ ᠦᠨᠳᠦᠰᠦᠲᠡᠨ ᠤ ᠰᠣᠶᠣᠯ ᠤᠨ ᠪᠦᠲᠦᠭᠡᠯ ᠦᠷᠭᠡᠨ ᠬᠡᠪᠴᠢᠶᠡᠨ ᠤ ᠮᠠᠭᠲᠠᠭᠠᠯ ᠰᠠᠶᠢᠰᠢᠶᠠᠯ ᠣᠯᠪᠠ᠃ ᠨᠡᠶᠢᠭᠡᠮ ᠤᠨ ᠠᠰᠠᠷᠠᠮᠵᠢ ᠶᠢᠨ ᠦᠢᠯᠡᠰ ᠢᠳᠡ ᠬᠦᠴᠦᠲᠡᠢ ᠬᠦᠭᠵᠢᠵᠦ᠂ ᠬᠤᠰᠢᠭᠤᠨ ᠤ ᠨᠡᠶᠢᠭᠡᠮ ᠤᠨ ᠠᠰᠠᠷᠠᠮᠵᠢ  ᠶᠢᠨ ᠲᠦᠪ ᠤᠨ ᠳ᠋ᠠᠶᠠᠨ ᠤ ᠬᠤᠪᠢᠶᠠᠷᠢ ᠬᠦᠷᠢᠶᠡᠯᠡᠩ᠂ ᠹᠦ᠋ ᠱᠸᠦ ᠠᠨ ᠶᠠᠩ ᠬᠦᠷᠢᠶᠡᠯᠡᠩ ᠵᠡᠷᠭᠡ ᠭᠤᠣᠯᠳᠠᠯᠭ᠎ᠠ ᠲᠠᠢ ᠠᠰᠠᠷᠠᠮᠵᠢ ᠶᠢᠨ ᠲᠦᠷᠦᠯ ᠵᠦᠢᠯ ᠢ ᠪᠠᠶᠢᠭᠤᠯᠤᠨ ᠳᠠᠭᠤᠰᠬᠠᠵᠣ ᠠᠰᠢᠭᠯᠠᠯᠲᠠ ᠳᠤ ᠣᠷᠣᠭᠤᠯᠪᠠ᠃ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠦᠬᠦ ᠲᠠᠯ᠎ᠠ ᠪᠠᠷ ᠨᠠᠶᠢᠳᠠᠪᠤᠷᠢᠵᠢᠭᠳᠠᠨ᠂ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢᠨ ᠰᠠᠭᠤᠷᠢ ᠨᠡᠩ ᠪᠠᠲᠤᠳᠬᠠᠭᠳᠠᠪᠠ᠃ ︽ᠬᠤᠶᠠᠷ ᠢ ᠬᠦᠷᠢᠶᠡᠯᠡᠬᠦ︾ ᠠᠵᠢᠯ ᠯᠠᠪᠳᠠᠭᠤᠨ ᠢᠶᠠᠷ ᠦᠷᠨᠢᠭᠳᠡᠨ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠨᠡᠩ ᠡᠶ᠎ᠡ ᠨᠠᠶᠢᠷᠠᠲᠠᠢ ᠪᠤᠯᠪᠠ᠃      ︵ᠳᠣᠯᠤᠭ᠎ᠠ︶ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠣᠯ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠮᠵᠢ ᠣᠯᠣᠭᠰᠠᠨ ᠬᠤᠭᠤᠴᠠᠭ᠎ᠠ ᠮᠦᠨ᠃ ᠠᠷᠠᠳ ᠤᠨ ᠠᠮᠢᠳᠣᠷᠠᠯ ᠢ ᠶᠣᠰᠣ ᠪᠠᠷ ᠢᠪᠡᠭᠡᠬᠦ ᠢᠨᠵᠧᠨᠧᠷᠢᠩ ᠬᠦᠨᠵᠡᠭᠡᠢ ᠬᠡᠷᠡᠭᠵᠢᠭᠦᠯᠦᠭᠳᠡᠨ᠂ ᠲᠠᠪᠤᠨ ᠵᠢᠯ  ᠳᠤ ᠡᠳ᠋ ᠤᠨ ᠵᠠᠰᠠᠭ ᠠᠴᠠ ᠠᠷᠠᠳ ᠤᠨ ᠠᠮᠢᠳᠣᠷᠠᠯ ᠳᠤ ᠨᠡᠶᠢᠲᠡ 77.1 ᠳ᠋ᠥᠩᠰᠢᠭᠤᠷ ᠲᠦᠭᠦᠷᠢᠭ ᠵᠠᠷᠤᠴᠠᠭᠤᠯᠵᠤ᠂ ᠡᠳ᠋ ᠤᠨ ᠵᠠᠰᠠᠭ ᠤᠨ ᠶᠡᠷᠥᠩᠬᠡᠢ ᠵᠠᠷᠤᠯᠭ᠎ᠠ  ᠶᠢᠨ 88.8% ᠢ ᠡᠵᠡᠯᠡᠪᠡ᠃ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠤᠳᠣᠯᠭ᠎ᠠ ᠪᠦᠲᠦᠮᠵᠢᠲᠡᠢ ᠨᠠᠶᠢᠳᠠᠪᠤᠷᠢᠵᠢᠭᠳᠠᠨ᠂ ᠲᠠᠪᠤᠨ ᠵᠢᠯ ᠳᠤ ᠬᠤᠲᠠ ᠪᠠᠯᠭᠠᠰᠣ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ ᠨᠡᠶᠢᠲᠡ 8187 ᠬᠦᠮᠦᠨ ᠪᠣᠯᠵᠣ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠭᠰᠠᠨ ᠨᠢ 2406 ᠬᠦᠮᠦᠨ᠂ ᠮᠠᠯᠵᠢᠬᠤ ᠣᠷᠣᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠣᠯᠭᠤᠭᠰᠠᠨ ᠨᠢ 511 ᠭᠦᠮᠦᠨ᠂ ᠠᠵᠢᠯ ᠣᠯᠬᠤ ᠳᠤ ᠬᠦᠴᠢᠷᠲᠡᠢ ᠬᠦᠮᠦᠰ ᠲᠤ ᠳᠠᠬᠢᠨ ᠠᠵᠢᠯ ᠣᠯᠭᠤᠭᠰᠠᠨ ᠨᠢ 1684 ᠬᠦᠮᠦᠨ ᠪᠣᠯᠵᠣ᠂ ᠬᠤᠲᠠ ᠪᠠᠯᠭᠠᠰᠣ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4%  ᠶᠢᠨ ᠳᠣᠲᠣᠷ᠎ᠠ ᠬᠢᠵᠠᠭᠠᠷᠯᠠᠪᠠ᠃ ᠦᠪᠡᠷᠲᠡᠭᠡᠨ ᠵᠠᠰᠠᠬᠤ ᠨᠡᠶᠢᠭᠡᠮ ᠤᠨ ᠪᠠᠲᠤᠯᠠᠪᠤᠷᠢ ᠶᠢᠨ ᠲᠦᠪᠰᠢᠨ ᠲᠠᠰᠣᠷᠠᠯᠲᠠ ᠦᠭᠡᠢ ᠳᠡᠭᠡᠭᠰᠢᠯᠡᠵᠦ᠂ ᠮᠠᠨ ᠤ ᠬᠤᠰᠢᠭᠤ ᠦᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠬᠦᠳᠡᠭᠡ ᠲᠣᠰᠬᠤᠨ ᠤ ᠰᠢᠨ᠎ᠡ ᠮᠠᠶ᠋ᠢᠭ ᠤᠨ ᠨᠠᠰᠣᠵᠢᠯ ᠤᠨ ᠳᠠᠭᠠᠳᠬᠠᠯ ᠤᠨ ᠲᠣᠷᠰᠢᠯᠲᠠ ᠶᠢᠨ ᠴᠢᠭ᠋ ᠪᠣᠯᠬᠤ ᠬᠤᠰᠢᠭᠤ ᠰᠢᠶᠠᠨ ᠢᠶᠠᠷ ᠲᠣᠭᠲᠠᠭᠠᠭᠳᠠᠵᠤ᠂ 2012 ᠣᠨ ᠳᠤ ᠨᠠᠰᠣᠵᠢᠯ ᠤᠨ ᠳᠠᠭᠠᠳᠬᠠᠯ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠡᠮᠨᠡᠯᠭᠡ ᠶᠢᠨ ᠳᠠᠭᠠᠳᠬᠠᠯ ᠤᠨ ᠭᠦᠷᠢᠶ᠎ᠡ ᠬᠡᠪᠴᠢᠶ᠎ᠡ ᠵᠢᠯ ᠳᠠᠷᠠᠭᠠᠯᠠᠨ ᠥᠷᠭᠡᠳᠴᠦ᠂ ᠰᠦᠯᠵᠢᠶᠡᠨ ᠪᠠᠩᠬᠢ ᠪᠠᠷ ᠵᠣᠭᠤᠰ ᠥᠭᠬᠦ᠂ ᠭᠠᠳᠠᠭᠰᠢ ᠰᠢᠯᠵᠢᠵᠦ ᠡᠮᠨᠡᠭᠦᠯᠬᠦ ᠶᠢ ᠠᠭᠠᠵᠢᠮ  ᠢᠶᠠᠷ ᠴᠢᠯᠦᠭᠡᠲᠡᠢ ᠪᠣᠯᠭᠠᠵᠤ᠂ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠨᠢ ᠨᠡᠩ ᠪᠦᠬᠦ ᠲᠠᠯ᠎ᠠ ᠶᠢᠨ ᠪᠣᠯᠪᠠ᠃ ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ  ᠶᠢᠨ ᠪᠦᠲᠦᠭᠡᠨ ᠪᠠᠶᠢᠭᠤᠯᠤᠯᠲᠠ ᠲᠠᠰᠣᠷᠠᠯᠲᠠ ᠦᠭᠡᠢ ᠴᠢᠩᠭᠠᠳᠬᠠᠭᠳᠠᠵᠤ᠂ ᠲᠠᠪᠤᠨ ᠵᠢᠯ ᠳᠤ ᠨᠡᠶᠢᠲᠡ 16 ᠳ᠋ᠥᠩᠰᠢᠭᠤᠷ ᠲᠦᠭᠦᠷᠢᠭ ᠪᠡᠯᠡ ᠣᠷᠣᠭᠤᠯᠵᠣ᠂ 8729 ᠢᠵᠢ ᠪᠠᠲᠤᠯᠠᠪᠤᠷᠢ ᠶᠢᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ ᠪᠠᠷᠢᠯᠭ᠎ᠠ ᠶᠢᠨ ᠶᠡᠷᠥᠩᠬᠡᠢ ᠳᠠᠯᠠᠪᠠᠢ ᠨᠢ 63.8 ᠲᠦᠮᠡᠨ ᠲᠡᠭᠰᠢ ᠳᠦᠷᠪᠡᠯᠵᠢᠨ ᠮᠧᠲᠷ ᠪᠣᠯᠪᠠ᠃ ᠡᠳ᠋ ᠤᠨ ᠵᠠᠰᠠᠭ ᠠᠴᠠ 400 ᠭᠠᠷᠤᠢ ᠲᠦᠮᠡᠨ ᠲᠦᠭᠦᠷᠢᠭ ᠵᠠᠷᠤᠴᠠᠭᠤᠯᠵᠤ ᠮᠠᠯᠵᠢᠬᠤ ᠣᠷᠣᠨ ᠤ ᠨᠠᠭᠠᠲᠤ ᠵᠠᠬ᠎ᠠ ᠶᠢᠨ ᠠᠮᠢᠳᠣᠷᠠᠯ ᠤᠨ ᠪᠠᠲᠤᠯᠠᠪᠤᠷᠢ ᠶᠢᠨ ᠪᠠᠷᠢᠮᠵᠢᠶ᠎ᠠ ᠶᠢ  ᠳᠡᠭᠡᠭᠰᠢᠯᠡᠭᠦᠯᠦᠨ᠂ ᠪᠦᠬᠦ ᠬᠤᠲᠠᠨ ᠳᠤ ᠣᠷᠢᠳᠠᠪᠡᠷ ︽ᠬᠤᠲᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠤᠯᠠᠪᠤᠷᠢ  ᠶᠢ ᠨᠢᠭᠡ ᠴᠣᠭᠴᠠᠵᠢᠭᠤᠯᠬᠤ︾ ᠶᠢ ᠪᠡᠶᠡᠯᠡᠭᠦᠯᠪᠡ᠃ ᠬᠤᠲᠠ ᠬᠦᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠨᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠵᠦ᠂ ᠨᠡᠶᠢᠭᠡᠮ ᠤᠨ ᠠᠪᠤᠷᠠᠨ ᠲᠣᠰᠠᠯᠠᠯᠲᠠ ᠪᠣᠯᠣᠨ ᠪᠠᠲᠤᠯᠠᠪᠤᠷᠢ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ ᠲᠠᠢ ᠬᠤᠯᠪᠣᠭᠳᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠪᠠ᠃ ᠬᠤᠲᠠ ᠬᠦᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ︽ᠨᠢᠭᠡ ᠦᠷᠲᠡᠭᠡᠨ ᠤ ᠬᠡᠯᠪᠡᠷᠢᠲᠦ︾ ᠳᠠᠷᠣᠢ ᠳᠤᠨᠢ ᠳ᠋ᠦᠩᠨᠡᠨ ᠪᠣᠳᠣᠬᠤ ᠲᠠᠪᠴᠠᠩ ᠪᠠᠶᠢᠭᠤᠯᠵᠤ᠂ ᠬᠤᠲᠠ ᠬᠦᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠨᠢ ᠡᠪᠡᠳᠴᠢᠨ ᠤ ᠲᠦᠷᠦᠯ ᠤᠨ ᠬᠢᠵᠠᠭᠠᠷᠯᠠᠯ ᠢ ᠦᠭᠡᠶᠢᠰᠬᠡᠵᠦ᠂ ᠲᠣᠰᠠᠯᠠᠬᠤ ᠬᠠᠮᠤᠭ ᠦᠨᠳᠦᠷ ᠪᠠᠷᠢᠮᠵᠢᠶ᠎ᠠ ᠶᠢ 1 ᠲᠦᠮᠡᠨ ᠲᠦᠭᠦᠷᠢᠭ ᠲᠤ ᠭᠦᠷᠭᠡᠪᠡ᠃ ᠬᠦᠴᠢᠷᠳᠡᠯᠲᠡᠢ ᠬᠦᠮᠦᠰ ᠤᠨ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡ ᠶᠢᠨ ᠵᠠᠷᠣᠳᠠᠯ ᠢ ᠬᠠᠰᠣᠵᠣ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠯᠠᠪᠳᠠᠭᠤᠨ ᠢᠶᠠᠷ ᠳᠡᠭᠡᠭᠰᠢᠯᠡᠵᠦ᠂ ᠬᠤᠰᠢᠭᠤᠨ ᠤ ᠭᠠᠮᠰᠢᠭ ᠠᠴᠠ ᠠᠪᠤᠷᠠᠬᠤ ᠡᠳ᠋ ᠪᠠᠷᠠᠭᠠᠨ ᠤ ᠨᠦᠬᠡᠴᠡᠯᠡᠯᠲᠡ ᠶᠢᠨ ᠬᠦᠮᠦᠷᠭᠡ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠬᠦᠮᠦᠨ ᠠᠮᠠ ᠪᠠᠷ ᠴᠦᠬᠡᠨ ᠦᠨᠳᠦᠰᠦᠲᠡᠨ ᠤ ᠬᠦᠭᠵᠢᠯᠲᠡ ᠶᠢᠨ ᠲᠦᠷᠦᠯ ᠵᠦᠢᠯ ᠯᠠᠪᠳᠠᠭᠤᠨ ᠢᠶᠠᠷ ᠬᠡᠷᠡᠭᠵᠢᠭᠦᠯᠦᠭᠳᠡᠵᠦ᠂ ᠲᠠᠪᠤᠨ ᠵᠢᠯ ᠳᠤ ᠨᠡᠶᠢᠲᠡ 7878 ᠲᠦᠮᠡᠨ ᠲᠦᠭᠦᠷᠢᠭ ᠪᠡᠯᠡ ᠣᠷᠣᠭᠤᠯᠵᠣ 45 ᠭᠠᠴᠠᠭ᠎ᠠ ︵ᠰᠠᠭᠤᠭᠠᠯᠢ ᠠᠷᠠᠳ ᠤᠨ ᠵᠦᠪᠯᠡᠯ︶᠂ 8 ᠬᠤᠷᠰᠢᠶᠠᠵᠢᠯ ᠳᠤ 215 ᠬᠦᠭᠵᠢᠭᠦᠯᠦᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠠᠷᠠᠳ ᠣᠯᠠᠨ ᠤ ᠣᠯᠣᠯᠲᠠ ᠣᠯᠣᠭᠰᠠᠨ ᠲᠦᠷᠦᠭᠳᠡᠯ ᠢ ᠨᠢ ᠣᠯᠠᠮ ᠢᠶᠠᠷ ᠨᠡᠮᠡᠭᠳᠡᠭᠦᠯᠪᠡ᠃      ︵ᠨᠠᠢᠮᠠ︶ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠣᠯ ᠪᠦᠬᠦ ᠬᠤᠰᠢᠭᠤᠨ ᠤ ᠠᠷᠠᠳᠴᠢᠯᠠᠯ ᠬᠠᠣᠯᠢ ᠳᠦᠷᠢᠮ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠳᠬᠠᠭᠳᠠᠭᠰᠠᠨ ᠬᠤᠭᠤᠴᠠᠭ᠎ᠠ ᠮᠦᠨ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠠᠵᠢᠯ  ᠢᠶᠠᠨ ᠮᠡᠳᠡᠭᠦᠯᠬᠦ ᠶᠢ ᠢᠮᠠᠭᠲᠠ ᠪᠠᠷᠢᠮᠲᠠᠯᠠᠵᠤ᠂ ᠣᠯᠣᠰ ᠲᠦᠷᠦ ᠶᠢᠨ ᠵᠦᠪᠯᠡᠯᠭᠡᠨ ᠵᠢᠴᠢ ᠨᠠᠮ ᠤᠨ ᠪᠣᠰᠣ ᠬᠦᠮᠦᠰ ᠲᠤ ᠠᠵᠢᠯ ᠢᠶᠠᠨ ᠮᠡᠳᠡᠭᠳᠡᠵᠦ᠂ ᠠᠵᠤ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠤ᠂ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠵᠦᠪᠯᠡᠯᠭᠡ ᠪᠠ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠳᠣᠷᠠᠳᠣᠯᠭ᠎ᠠ ᠶᠢ ᠨᠢᠮᠪᠠᠢ ᠭᠦᠢᠴᠡᠳᠬᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠯᠲᠠ ᠶᠢ ᠣᠬᠠᠮᠰᠠᠷ ᠠᠴᠠ ᠪᠠᠨ ᠬᠦᠯᠢᠶᠡᠵᠦ᠂ ︽ᠵᠢᠷᠭᠤᠭᠠᠨ ᠲᠠᠪᠤ︾ ᠶᠢᠨ ᠬᠠᠣᠯᠢ  ᠲᠦᠬᠡᠮᠡᠯᠵᠢᠯᠡᠭᠦᠯᠬᠦ ᠠᠵᠢᠯ ᠢ ᠣᠷᠣᠭᠰᠢᠲᠠᠢ ᠬᠡᠷᠡᠭᠵᠢᠭᠦᠯᠵᠦ᠂ ᠦᠪᠡᠷᠲᠡᠭᠡᠨ ᠵᠠᠰᠠᠬᠤ ᠬᠤᠰᠢᠭᠤ ︽ᠪᠦᠬᠦ ᠣᠯᠣᠰ ᠤᠨ ᠬᠠᠣᠯᠢ ᠪᠠᠷ ᠵᠠᠰᠠᠬᠤ ᠬᠤᠰᠢᠭᠤ ᠰᠢᠶᠠᠨ ᠢ ᠡᠭᠦᠳᠦᠭᠰᠡᠨ ᠲᠡᠷᠢᠬᠦᠨ ᠤ ᠭᠠᠵᠠᠷ ᠣᠷᠣᠨ︾ ᠪᠠ ︽ᠪᠦᠬᠦ ᠣᠯᠣᠰ ᠤᠨ ︿ᠵᠢᠷᠭᠤᠭᠠᠨ ᠲᠠᠪᠤ﹀ ᠶᠢᠨ ᠬᠠᠣᠯᠢ ᠲᠦᠬᠡᠮᠡᠯᠵᠢᠯᠡᠭᠦᠯᠬᠦ ᠳᠣᠮᠳᠠ ᠬᠤᠭᠤᠴᠠᠭᠠᠨ ᠤ ᠳᠡᠷᠢᠭᠦᠨ ᠤ ᠬᠤᠰᠢᠭᠤ︾ ᠪᠠᠷ ᠦᠨᠡᠯᠡᠭᠳᠡᠪᠡ᠃ ︽ᠠᠷᠠᠳ ᠤᠨ ᠲᠦᠯᠦᠭᠡ᠂ ᠪᠣᠳᠠᠳᠠᠢ ᠶᠢ ᠡᠷᠬᠢᠮᠯᠡᠬᠦ᠂ ᠠᠷᠢᠭᠤᠨ ᠴᠢᠭᠡᠴᠢ︾ ᠪᠠᠶᠢᠬᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠬᠢᠨᠠᠯᠲᠠ ᠲᠠᠯᠪᠢᠯᠲᠠ᠂ ᠬᠢᠨᠠᠨ ᠪᠣᠳᠣᠯᠲᠠ ᠪᠠᠷ ᠬᠢᠨᠠᠯᠲᠠ ᠲᠠᠯᠪᠢᠯᠲᠠ ᠶᠢ ᠴᠢᠩᠳᠠᠯᠠᠵᠤ᠂ ᠴᠢᠬᠤᠯᠠ ᠶᠡᠭᠡ ᠠᠷᠭ᠎ᠠ ᠪᠣᠳᠣᠯᠭ᠎ᠠ ᠪᠣᠯᠣᠨ ᠲᠦᠷᠦᠯ ᠵᠦᠢᠯ ᠤᠨ ᠨᠡᠶᠢᠭᠡᠮ ᠤᠨ ᠲᠣᠭᠲᠠᠭᠤᠨ ᠤ ᠪᠠᠶᠢᠳᠠᠯ  ᠳᠠᠬᠢ ᠠᠶᠤᠯ ᠲᠦᠭᠰᠢᠭᠦᠷᠢ ᠶᠢᠨ ᠦᠨᠡᠯᠡᠯᠲᠡ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠠᠵᠢᠯᠯᠠᠭᠠᠨ ᠤ ᠳᠡᠰ ᠳᠠᠷᠠᠭᠠᠯᠠᠯ ᠲᠠᠰᠣᠷᠠᠯᠲᠠ ᠦᠭᠡᠢ ᠵᠢᠷᠣᠮᠵᠢᠪᠠ᠃ ᠨᠠᠮ  ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠴᠢᠳᠠᠪᠬᠢ ᠶᠢᠨ ᠬᠢᠨᠠᠨ ᠪᠠᠶᠢᠴᠠᠭᠠᠯᠲᠠ ᠶᠢ ᠴᠢᠩᠭᠠᠷᠠᠭᠤᠯᠵᠤ᠂ ᠢᠯᠵᠢᠷᠠᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠵᠠᠬᠢᠳᠠᠯ ᠰᠣᠷᠪᠣᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠲᠠᠰᠣᠷᠠᠯᠲᠠ ᠦᠭᠡᠢ ᠴᠢᠩᠭᠠᠳᠬᠠᠭᠳᠠᠨ᠂ ᠨᠢᠭᠡ ᠪᠦᠯᠦᠭ ᠵᠠᠬᠢᠳᠠᠯ ᠰᠣᠷᠪᠣᠯᠵᠢᠯᠠᠯ ᠤᠨ ᠲᠣᠭᠲᠠᠭᠤᠨ ᠢ ᠬᠠᠮᠠᠭᠠᠯᠠᠬᠤ ᠬᠡᠷᠡᠭ ᠶᠠᠪᠤᠳᠠᠯ ᠲᠣᠬᠢᠷᠠᠮᠵᠢᠲᠠᠢ ᠰᠢᠢᠳᠪᠦᠷᠢᠯᠡᠭᠳᠡᠪᠡ᠃ ᠠᠮᠤᠷ ᠲᠣᠭᠲᠠᠭᠤᠨ ᠡᠸ᠋ᠨᠩᠬᠢ ᠶᠢ ᠡᠭᠦᠳᠬᠦ ᠠᠵᠢᠯᠯᠠᠭ᠎ᠠ ᠭᠦᠨᠵᠡᠭᠡᠢ ᠦᠷᠨᠢᠭᠳᠡᠵᠦ᠂ ᠠᠷᠠᠳ ᠣᠯᠠᠨ ᠠᠮᠤᠷ ᠲᠦᠪᠰᠢᠨ ᠲᠦᠷᠦᠭᠳᠡᠯ ᠲᠠᠢ ᠪᠣᠯᠪᠠ᠃ ᠠᠶᠤᠯᠭᠦᠢ ᠦᠢᠯᠡᠳᠪᠦᠷᠢᠯᠡᠯ ᠢ ᠲᠣᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠯᠠᠪᠳᠠᠭᠤᠨ ᠢᠶᠠᠷ ᠠᠬᠢᠭᠤᠯᠤᠭᠳᠠᠵᠤ᠂ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠲᠠᠰᠣᠷᠠᠯᠲᠠ ᠦᠭᠡᠢ ᠪᠠᠲᠤᠳᠬᠠᠭᠳᠠᠪᠠ᠃     ᠲᠦᠯᠦᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2015 ᠣᠨ ᠳᠤ ᠪᠦᠬᠦ ᠬᠤᠰᠢᠭᠤ ᠳᠠᠶᠠᠭᠠᠷ ᠬᠠᠳᠠᠭᠤᠵᠢᠨ ᠴᠢᠷᠮᠠᠶᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠣᠷᠣᠯᠴᠠᠵᠤ᠂ ᠬᠦᠴᠦᠯᠡᠨ ᠲᠡᠮᠡᠴᠡᠭᠰᠡᠨ ᠢᠶᠠᠷ ︽ᠠᠷᠪᠠᠨ ᠬᠤᠶᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠢᠯᠡᠳᠲᠡ ᠠᠮᠵᠢᠯᠲᠠ ᠣᠯᠣᠭᠰᠠᠨ ᠪᠠᠶᠢᠨ᠎ᠠ᠃     ︵ᠨᠢᠭᠡ︶ ᠶᠡᠷᠥᠩᠬᠡᠢ ᠠᠵᠤ ᠠᠬᠤᠢ ᠶᠢᠨ ᠪᠣᠳᠠᠳᠣ ᠬᠦᠴᠦᠨ ᠯᠠᠪᠳᠠᠭᠤᠨ ᠢᠶᠠᠷ ᠳᠡᠭᠡᠭᠰᠢᠯᠡᠪᠡ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠲᠡᠭ ᠢ 112 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 8.7 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ  ᠠᠴᠠ 7% ᠢᠶᠠᠷ ᠨᠡᠮᠡᠭᠳᠡᠪᠡ︔ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ︵ᠰᠢᠨ᠎ᠡ ᠲᠣᠭᠤᠷᠢᠭ ᠠᠴᠠ ᠭᠠᠳᠠᠨ᠎ᠠ︶ ᠶᠢ 41.5 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 18.5% ᠢᠶᠠᠷ ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠡᠷᠬᠢᠯᠳᠦᠪᠡ᠃ ᠪᠦᠬᠦ ᠬᠤᠰᠢᠭᠤᠨ ᠤ ᠬᠡᠪᠴᠢᠶᠡᠵᠢᠯ ᠪᠦᠬᠦᠢ ᠠᠵᠤ ᠦᠢᠯᠡᠳᠪᠦᠷᠢ ᠶᠢᠨ ᠶᠡᠷᠥᠩᠬᠡᠢ ᠦᠢᠯᠡᠳᠪᠦᠷᠢᠯᠡᠯ ᠤᠨ ᠦᠷᠲᠡᠭ ᠢ 102.7 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 6.1% ᠢᠶᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠬᠤᠷᠳᠣᠴᠠ ᠶᠢᠨ ᠨᠡᠮᠡᠭᠳᠡᠯ ᠢ 9.5% ᠢᠶᠠᠷ ᠪᠡᠶᠡᠯᠡᠭᠦᠯᠪᠡ︔ ᠠᠵᠤ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ ᠨᠡᠶᠢᠲᠡ 16.3 ᠳ᠋ᠥᠩᠰᠢᠭᠤᠷ ᠲᠦᠭᠦᠷᠢᠭ ᠪᠡᠶᠡᠯᠡᠭᠦᠯᠪᠡ᠃ ᠪᠦᠬᠦ ᠵᠢᠯ ᠳᠤ 203 ᠳ᠋ᠥᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠣ᠂ ᠲᠦᠭᠦᠬᠡᠢ ᠨᠡᠭᠦᠷᠡᠰᠦ ᠶᠢ 2959 ᠲᠦᠮᠡᠨ ᠳᠣᠨ ᠦᠢᠯᠡᠳᠪᠦᠷᠢᠯᠡᠵᠦ᠂ ᠲᠡᠮᠦᠷ ᠤᠨ ᠠᠭᠤᠷᠬᠠᠢ ᠶᠢᠨ 48 ᠲᠦᠮᠡᠨ ᠲᠣᠨ ᠬᠦᠳᠡᠷ ᠢ ᠦᠢᠯᠡᠳᠪᠦᠷᠢᠯᠡᠪᠡ᠃ ᠮᠠᠯ ᠠᠵᠤ ᠠᠬᠤᠢ ᠡᠷᠡᠭᠦᠯ ᠢᠶᠠᠷ ᠭᠦᠭᠵᠢᠪᠡ᠂ ᠮᠠᠯ ᠠᠵᠤ ᠠᠬᠤᠢ ᠶᠢᠨ ᠣᠨ ᠤ ᠮᠠᠯ ᠤᠨ ᠲᠤᠭ᠎ᠠ ᠲᠣᠯᠣᠭᠠᠢ 100 ᠲᠦᠮᠡ ᠣᠷᠴᠢᠮ ᠳᠤ ᠲᠣᠭᠲᠠᠪᠣᠷᠢᠵᠢᠵᠣ᠂ ᠪᠦᠬᠦ ᠵᠢᠯ ᠤᠨ ᠪᠣᠳᠠ ᠪᠣᠭ ᠮᠠᠯ ᠤᠨ ᠲᠦᠯ 44.5 ᠲᠦᠮᠡᠨ ᠲᠣᠯᠣᠭᠠᠢ ᠪᠣᠯᠵᠣ᠂ ᠲᠦᠯ ᠮᠠᠯ ᠤᠨ ᠣᠨᠳᠣᠷᠣᠯᠲᠠ ᠶᠢᠨ ᠨᠣᠷᠮ᠎ᠠ 99.6%  ᠳᠤ ᠬᠦᠷᠪᠡ︔ ᠰᠦᠨ ᠤ ᠭᠠᠷᠤᠯᠲᠠ ᠪᠣᠯᠣᠨ ᠮᠢᠬᠠᠨ ᠤ ᠭᠠᠷᠣᠯᠲᠠ ᠲᠣᠰ ᠲᠣᠰ 14 ᠲᠦᠮᠡᠨ ᠳᠣᠨ ᠪᠠ 1.9 ᠲᠦᠮᠡᠨ ᠳᠣᠨ ᠬᠦᠷᠴᠦ᠂ 17.6 ᠲᠦᠮᠡᠨ ᠳᠣᠨ ᠡᠪᠡᠰᠦ ᠬᠠᠳᠣᠵᠣ ᠨᠦᠬᠡᠴᠡᠯᠡᠪᠡ᠃ ᠵᠢᠯ ᠤᠨ ᠣᠷᠣᠯᠭ᠎ᠠ ᠨᠢ ᠵᠠᠭᠤᠨ ᠲᠦᠮᠡᠨ ᠲᠦᠭᠦᠷᠢᠭ ᠠᠴᠠ ᠳᠡᠭᠡᠭᠰᠢ ᠪᠣᠯᠬᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠠᠵᠤ ᠠᠬᠤᠶᠢᠯᠠᠯ ᠪᠣᠷᠣᠯᠠᠭᠤᠯᠭ᠎ᠠ ᠶᠢᠨ ᠣᠷᠣᠯᠭ᠎ᠠ ᠶᠢ 4.93 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠡᠮᠡᠭᠳᠡᠯ ᠦᠷᠲᠡᠭ ᠢ 1.35 ᠳ᠋ᠥᠩᠰᠢᠭᠤᠷ ᠲᠦᠭᠦᠷᠢᠭ ᠪᠡᠶᠡᠯᠡᠭᠦᠯᠦᠨ᠂ 4015 ᠲᠠᠷᠢᠶᠠᠴᠢᠨ ᠮᠠᠯᠴᠢᠨ ᠡᠷᠦᠬᠡ ᠶᠢ ᠳᠠᠶᠢᠴᠢᠯᠠᠪᠠ᠃ ᠭᠤᠷᠪᠠᠳᠣᠭᠠᠷ ᠠᠵᠤ ᠦᠢᠯᠡᠰ ᠦᠷᠨᠢᠩᠭᠦᠢ ᠬᠦᠭᠵᠢᠪᠡ᠂ ᠭᠤᠷᠪᠠᠳᠣᠭᠠᠷ ᠠᠵᠤ ᠦᠢᠯᠡᠰ ᠤᠨ ᠨᠡᠮᠡᠭᠳᠡᠯ ᠦᠷᠲᠡᠭ ᠢ 27.4 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 8.7% ᠢᠶᠠᠷ ᠨᠡᠮᠡᠭᠳᠡᠪᠡ᠃ ᠪᠦᠬᠦ ᠵᠢᠯ ᠳᠤ 54 ᠲᠦᠮᠡᠨ ᠬᠦᠮᠦᠨ ᠣᠳᠠᠭ᠎ᠠ ᠵᠣᠭᠠᠴᠠᠭᠰᠠᠳ ᠢ ᠬᠦᠯᠢᠶᠡᠨ ᠠᠪᠴᠣ ᠵᠣᠴᠢᠯᠠᠨ᠂ ᠵᠣᠭᠠᠴᠠᠯ ᠤᠨ ᠶᠡᠷᠥᠩᠬᠡᠢ ᠣᠷᠣᠯᠭ᠎ᠠ  ᠶᠢ 4.9 ᠳ᠋ᠥᠩᠰᠢᠭᠤᠷ ᠲᠦᠭᠦᠷᠢᠭ ᠪᠡᠶᠡᠯᠡᠭᠦᠯᠪᠡ᠃ ᠬᠦᠯᠦᠨ ᠪᠣᠶᠢᠷ ᠤᠨ ᠮᠠᠰᠢᠨ ᠲᠡᠷᠭᠡᠨ ᠤ ᠬᠤᠳᠠᠯᠳᠤᠭ᠎ᠠ ᠶᠢᠨ ᠬᠡᠪᠴᠢᠶ᠎ᠡ ᠪᠠ ᠦᠷ᠎ᠡ ᠠᠰᠢᠭ ᠵᠡᠷᠭᠡᠪᠡᠷ  ᠳᠡᠭᠡᠭᠰᠢᠯᠡᠭᠦᠯᠵᠦ᠂ ᠪᠦᠬᠦ ᠵᠢᠯ ᠳᠤ 9000 ᠰᠠᠣᠷᠢ ᠮᠠᠰᠢᠨ ᠲᠡᠷᠭᠡ ᠪᠣᠷᠣᠯᠠᠭᠤᠯᠵᠣ᠂ 9.1 ᠳ᠋ᠥᠩᠰᠢᠭᠤᠷ ᠲᠦᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠪᠡ᠃ ᠮᠦᠩᠭᠦᠨ ᠭᠦᠢᠯᠭᠡᠭᠡᠨ ᠳᠠᠭᠠᠳᠬᠠᠯ᠂ ᠰᠢᠣᠳᠠᠨ ᠴᠢᠮᠡᠭᠡ ᠨᠡᠪᠲᠦᠷᠯᠡᠭᠡ᠂ ᠵᠠᠮ ᠬᠠᠷᠢᠯᠴᠠᠭ᠎ᠠ ᠵᠠᠮ ᠲᠡᠭᠡᠭᠡᠪᠦᠷᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠵᠡᠷᠭᠡ ᠠᠵᠢᠯ ᠲᠦᠷᠦᠯ ᠨᠡᠯᠢᠶᠡᠳ ᠶᠡᠬᠡᠪᠡᠷ ᠬᠦᠭᠵᠢᠵᠦ᠂ ᠪᠦᠬᠦ ᠬᠤᠰᠢᠭᠤᠨ ᠤ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠭᠰᠠᠨ ᠶᠡᠷᠥᠩᠬᠡᠢ ᠬᠡᠮᠵᠢᠶ᠎ᠡ ᠶᠢ 15.9 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 8.5% ᠢᠶᠠᠷ ᠨᠡᠮᠡᠭᠳᠡᠪᠡ᠃ ᠬᠤᠲᠠ ᠬᠦᠳᠡᠭᠡ  ᠶᠢᠨ ᠰᠠᠭᠤᠭᠠᠯᠢ ᠠᠷᠠᠳ ᠪᠣᠯᠣᠨ ᠮᠠᠯᠴᠢᠳ ᠤᠨ ᠣᠷᠣᠯᠭ᠎ᠠ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠣᠯᠣᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠣᠰ ᠲᠣᠰ 25200 ᠲᠦᠭᠦᠷᠢᠭ ᠪᠠ 17646 ᠲᠦᠭᠦᠷᠢᠭ ᠪᠡᠶᠡᠯᠡᠭᠦᠯᠵᠦ᠂ ᠴᠦᠮ 8.5% ᠢᠶᠠᠷ ᠨᠡᠮᠡᠭᠳᠡᠪᠡ᠃    ︵ᠬᠤᠶᠠᠷ︶ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠲᠠᠰᠣᠷᠠᠯᠲᠠ ᠦᠭᠡᠢ ᠲᠦᠷᠭᠡᠳᠪᠡ᠃ ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠲᠠᠰᠣᠷᠠᠯᠲᠠ ᠦᠭᠡᠢ ᠪᠠᠲᠤᠳᠬᠠᠪᠠ᠃ ᠬᠦᠯᠦᠨ ᠪᠣᠶᠢᠷ ᠬᠤᠲᠠ ᠶᠢᠨ ᠱᠧᠩ ᠸᠧᠢ ᠰᠢᠨᠵᠢᠯᠡᠭᠡ ᠮᠡᠷᠭᠡᠵᠢᠯ ᠤᠨ ᠡᠳᠦᠷ ᠲᠤ 5000 ᠳᠣᠨ ᠬᠡᠳᠦ ᠨᠠᠷᠢᠯᠢᠭ ᠢᠳᠡᠪᠬᠢᠵᠢᠭᠦᠯᠦᠭᠰᠡᠨ ᠨᠡᠭᠦᠷᠡᠰᠦᠨ ᠨᠣᠨᠳᠠᠭ ᠢ ᠡᠷᠭᠢᠯᠳᠦᠭᠦᠯᠦᠨ ᠠᠰᠢᠭᠯᠠᠬᠤ ᠵᠡᠷᠭᠡ ᠬᠤᠲᠠ ᠶᠢᠨ ᠳᠡᠰ ᠤᠨ 5 ᠭᠤᠣᠯᠳᠠᠯᠭ᠎ᠠ ᠲᠠᠢ ᠠᠵᠤ ᠦᠢᠯᠡᠳᠪᠦᠷᠢ  ᠶᠢᠨ ᠲᠦᠷᠦᠯ ᠵᠦᠢᠯ ᠪᠦᠬᠦᠨ ᠢᠶᠠᠷ ᠢᠶᠠᠨ ᠳᠠᠬᠢᠨ ᠠᠵᠢᠯ ᠢᠶᠠᠨ ᠡᠬᠢᠯᠡᠬᠦᠯᠪᠡ︔ ᠢᠮᠢᠨ ᠠᠴᠠ ᠣᠯᠠᠭᠠᠨᠬᠤᠲᠠ ᠬᠦᠷᠬᠦ 500 ᠺᠢᠯᠣᠸᠤᠯᠲ  ᠴᠠᠬᠢᠯᠭᠠᠨ ᠬᠦᠴᠦᠳᠡᠯ ᠢ ᠬᠤᠪᠢᠷᠠᠭᠤᠯᠤᠨ ᠴᠠᠬᠢᠯᠭᠠᠨ ᠬᠦᠷᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ︔ ᠢᠮᠢᠨ ᠤ ᠣᠯᠣᠰ ᠤᠨ ᠳᠡᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠨᠢ ᠬᠤᠶᠠᠳᠣᠭᠠᠷ ᠣᠳᠠᠭᠠᠨ ᠤ ᠭᠠᠵᠠᠷ  ᠰᠣᠩᠭᠤᠯᠲᠠ ᠪᠠᠨ ᠠᠩᠬ᠎ᠠ ᠠᠯᠬᠤᠮ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠬᠡᠪᠴᠢᠶ᠎ᠡ ᠪᠤᠯᠤᠨ ᠦᠷ᠎ᠡ ᠠᠰᠢᠭ ᠵᠡᠷᠭᠡᠪᠡᠷ ᠳᠡᠭᠡᠭᠰᠢᠯᠡᠪᠡ᠃ ᠪᠠᠶᠠᠨᠲᠣᠬᠤᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ 15.2 ᠳ᠋ᠥᠩᠰᠢᠭᠤᠷ ᠲᠦᠭᠦᠷᠢᠭ ᠤᠨ ᠶᠡᠷᠥᠩᠬᠡᠢ ᠦᠢᠯᠡᠳᠪᠦᠷᠢᠯᠡᠯ ᠤᠨ ᠦᠷᠲᠡᠭ ᠢ ᠪᠡᠶᠡᠯᠡᠭᠦᠯᠵᠦ᠂ ᠳᠡᠭᠡᠭᠰᠢ 3000 ᠲᠦᠮᠡᠨ ᠲᠦᠭᠦᠷᠢᠭ ᠤᠨ ᠲᠣᠰᠢᠶᠠᠵᠤ᠂ ᠨᠡᠶᠢᠲᠡ 2900 ᠠᠵᠢᠯ ᠣᠯᠭᠤᠬᠤ ᠠᠵᠢᠯ ᠤᠨ ᠪᠠᠶᠢᠷᠢ ᠶᠢ ᠰᠢᠢᠳᠪᠦᠷᠢᠯᠡᠵᠦ᠂ 4.8 ᠳ᠋ᠥᠩᠰᠢᠭᠤᠷ ᠲᠦᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ   ᠪᠠᠨ ᠬᠤᠪᠢᠷᠠᠭᠤᠯᠤᠨ ᠳᠡᠰ ᠳᠡᠪᠰᠢᠬᠦ ᠨᠢ ᠪᠣᠳᠠᠳᠣ ᠦᠷ᠎ᠡ ᠠᠰᠢᠭ ᠣᠯᠪᠠ᠃ ᠨᠡᠶᠢᠲᠡ 1.2 ᠳ᠋ᠥᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠮᠠᠯ ᠠᠵᠤ ᠠᠬᠤᠢ ᠳᠤ ᠬᠤᠯᠪᠣᠭᠳᠠᠬᠤ 14 ᠲᠦᠷᠦᠯ ᠵᠦᠢᠯ ᠢ ᠬᠡᠷᠡᠭᠵᠢᠭᠦᠯᠵᠦ᠂ ᠪᠦᠬᠦ ᠵᠢᠯ  ᠳᠤ ᠪᠠᠶᠢᠩᠭᠤ ᠶᠢᠨ ᠫᠧᠩ ᠰᠠᠷᠠᠪᠴᠢ ᠶᠢ 337 ᠰᠠᠣᠷᠢ᠂ ᠡᠪᠡᠰᠦ ᠬᠠᠳᠠᠭᠠᠯᠠᠬᠤ ᠫᠧᠩ ᠰᠠᠷᠠᠪᠴᠢ ᠶᠢ 17 ᠰᠠᠣᠷᠢ ᠪᠠᠶᠢᠭᠤᠯᠵᠤ ᠳᠠᠭᠤᠰᠬᠠᠪᠠ᠂ 530 ᠲᠦᠮᠡᠨ ᠲᠦᠭᠦᠷᠢᠭ ᠪᠡᠯᠡ ᠣᠷᠣᠭᠤᠯᠵᠣ 5 ᠰᠠᠭᠠᠯᠢ ᠶᠢᠨ ᠦᠨᠢᠶᠡᠨ ᠤ ᠬᠡᠪᠴᠢᠶᠡᠵᠢᠯ ᠪᠦᠬᠦᠢ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃ ᠭᠤᠸᠠᠩ ᠮᠢᠩ ᠴᠠᠭᠠᠨ ᠢᠳᠡᠭᠡᠨ ᠤ ᠺᠣᠮᠫᠠᠨᠢ ᠶᠢᠨ ᠡᠳᠦᠷ ᠲᠤ 40 ᠳᠣᠨ ᠰᠢᠩᠭᠡᠨ ᠲᠦᠯᠦᠪᠲᠦ ᠰᠣᠷᠣᠭᠴᠢ ᠶᠢᠨ ᠰᠦ ᠦᠢᠯᠡᠳᠪᠦᠷᠢᠯᠡᠬᠦ ᠦᠢᠯᠡᠳᠪᠦᠷᠢᠯᠡᠯ ᠤᠨ ᠱᠣᠭᠤᠮ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠪᠠ᠃ ᠮᠢᠬᠠᠨ ᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠰᠢᠨ᠎ᠡ ᠦᠷ᠎ᠡ ᠪᠦᠲᠦᠮᠵᠢ ᠣᠯᠵᠣ᠂ 3000 ᠲᠣᠯᠣᠭᠠᠢ ᠮᠢᠬᠠᠨ ᠤ ᠦᠬᠡᠷ ᠢ ᠬᠡᠪᠵᠢᠭᠦᠯᠦᠨ ᠲᠡᠵᠢᠭᠡᠨ ᠦᠷᠡᠵᠢᠭᠦᠯᠬᠦ᠂ 5 ᠲᠦᠮᠡᠨ ᠲᠣᠯᠣᠭᠠᠢ ᠮᠢᠬᠠᠨ ᠬᠤᠨᠢ ᠶᠢ ᠬᠡᠪᠵᠢᠭᠦᠯᠦᠨ ᠪᠣᠷᠳᠣᠨ ᠲᠠᠷᠭᠤᠯᠠᠭᠤᠯᠪᠠ᠃ ᠡᠳ᠋ ᠪᠠᠷᠠᠭᠠᠨ ᠤ ᠬᠠᠮᠲᠤᠷᠠᠭᠰᠠᠨ ᠰᠦᠯᠵᠢᠶ᠎ᠡ ᠪᠠᠷ ᠮᠦᠷᠳᠡᠵᠦ ᠬᠢᠨᠠᠨ ᠬᠠᠮᠢᠶᠠᠷᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠳᠠᠭᠤᠰᠬᠠᠵᠤ᠂ ᠪᠦᠬᠦ ᠬᠤᠰᠢᠭᠤᠨ ᠤ ᠡᠯᠧᠺᠲᠷᠤᠨ ᠴᠢᠬᠢᠨ ᠤ ᠲᠡᠮᠳᠡᠭ ᠵᠡᠭᠦᠭᠰᠡᠨ ᠮᠢᠬᠠᠨ ᠤ ᠬᠤᠨᠢ ᠶᠢ 20 ᠲᠦᠮᠡᠨ ᠲᠣᠯᠣᠭᠠᠢ ᠳᠤ ᠬᠦᠷᠭᠡᠪᠡ᠃ ᠡᠪᠡᠰᠦᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠰᠢᠨ᠎ᠡ ᠠᠬᠢᠴᠠ ᠲᠠᠢ ᠪᠤᠯᠵᠤ᠂ ᠪᠦᠬᠦ ᠬᠤᠰᠢᠭᠤᠨ ᠤ ᠦᠯᠡᠳᠡᠭᠡᠭᠰᠡᠨ ᠡᠪᠡᠰᠦ ᠲᠠᠷᠢᠬᠤ ᠭᠠᠵᠠᠷ ᠨᠢ 77 ᠲᠦᠮᠡᠨ ᠮᠣ᠋ ᠲᠠᠯᠠᠪᠠᠢ ᠳᠤ ᠬᠦᠷᠪᠡ᠃ ᠬᠤᠸᠠ ᠾᠧ᠂ ᠶᠠᠩ ᠪᠦᠸᠧ᠂ ᠶᠢᠩ ᠯᠦᠨ ᠵᠡᠷᠭᠡ ᠲᠡᠵᠢᠭᠡᠯ ᠡᠪᠡᠰᠦ ᠡᠳ᠋ᠰᠢᠭᠦᠯᠬᠦ ᠠᠵᠤ ᠠᠬᠤᠶᠢᠯᠠᠯ ᠤᠨ ᠰᠠᠶᠢᠨ ᠪᠡᠯᠴᠢᠭᠡᠷ ᠡᠪᠡᠰᠦ ᠲᠠᠷᠢᠭᠰᠠᠨ ᠲᠠᠯᠠᠪᠠᠢ ᠨᠢ ᠨᠡᠶᠢᠲᠡ 5 ᠲᠦᠮᠡᠨ ᠮᠣ᠋ ᠪᠣᠯᠵᠣ᠂ ᠡᠯ᠎ᠡ ᠲᠦᠷᠦᠯ ᠤᠨ ᠡᠪᠡᠰᠦᠨ ᠤ ᠮᠦᠬᠦᠯᠢᠭᠲᠦ ᠲᠡᠵᠢᠭᠡᠯ ᠡᠪᠡᠰᠦ ᠶᠢ 12 ᠵᠦᠢᠯ ᠰᠣᠳᠣᠯᠣᠨ ᠭᠠᠷᠭᠠᠪᠠ᠃ ᠠᠳᠣᠭᠤᠨ ᠦᠢᠯᠡᠰ ᠤᠨ ᠪᠦᠲᠦᠴᠡ ᠰᠢᠨ᠎ᠡ ᠳᠡᠭᠲᠡᠷ ᠲᠤ ᠭᠠᠷᠴᠣ᠂ ᠰᠠᠨ ᠾᠧ ᠠᠳᠣᠭᠤ ᠶᠢᠨ ᠣᠨᠣᠭᠠᠨ ᠳᠤ ᠬᠡᠷᠡᠭᠯᠡᠬᠦ ᠰᠢᠨ᠎ᠡ ᠣᠳᠣᠮ ᠤᠨ ᠡᠭᠦᠯᠳᠡᠷ ᠢ ᠰᠣᠩᠭᠤᠨ ᠪᠣᠶᠢᠵᠢᠭᠤᠯᠬᠤ ᠶᠢ ᠳᠡᠯᠭᠡᠷᠡᠭᠦᠯᠬᠦ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ ᠲᠦᠬᠦᠭᠡᠷᠦᠮᠵᠢᠲᠦ ᠲᠠᠷᠢᠶᠠᠯᠠᠩ ᠡᠷᠡᠭᠦᠯ ᠢᠶᠠᠷ ᠬᠦᠭᠵᠢᠵᠦ᠂ ᠡᠯ᠎ᠡ ᠵᠦᠢᠯ ᠤᠨ ᠲᠦᠷᠦᠯ ᠵᠦᠢᠯ ᠤᠨ ᠪᠡᠯᠡ ᠮᠦᠩᠭᠦ ᠶᠢ 2767 ᠲᠦᠮᠡᠨ ᠲᠦᠭᠦᠷᠢᠭ ᠢ ᠨᠡᠶᠢᠳᠬᠡᠵᠦ ᠢᠯᠡᠨ ᠭᠠᠴᠠᠭ᠎ᠠ ᠶᠢᠨ ᠦᠢᠯᠡᠳᠪᠦᠷᠢᠯᠡᠯ ᠤᠨ ᠲᠣᠭᠤᠷᠢᠭ ᠪᠣᠯᠣᠨ ᠪᠠᠶᠠᠨᠲᠠᠯ᠎ᠠ ᠰᠢᠶᠠᠩ ᠤᠨ ᠨᠤᠭᠤᠭ᠎ᠠ ᠵᠢᠮᠢᠰ ᠲᠡᠭᠦᠬᠦ ᠬᠦᠷᠢᠶᠡᠯᠡᠩ ᠤᠨ ᠪᠦᠲᠦᠬᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠪᠡ᠃ ᠭᠤᠷᠪᠠᠳᠣᠭᠠᠷ ᠠᠵᠤ ᠦᠢᠯᠡᠰ ᠦᠷᠭᠦᠯᠵᠢᠯᠡᠨ ᠴᠡᠴᠡᠭᠯᠡᠨ ᠬᠦᠭᠵᠢᠪᠡ᠃ ᠬᠤᠢ ᠭᠤᠣᠯ ᠤᠨ ᠨᠣᠭᠤ ᠭᠠᠵᠠᠷ ᠤᠨ ᠲᠠᠯ᠎ᠠ ᠨᠣᠲᠤᠭ ᠤᠨ ᠵᠣᠭᠠᠴᠠᠨ ᠠᠮᠠᠷᠠᠬᠤ ᠦᠵᠡᠮᠵᠢ  ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠯᠠᠪᠳᠠᠭᠤᠨ ᠢᠶᠠᠷ ᠠᠬᠢᠭᠤᠯᠤᠭᠳᠠᠵᠤ᠂ ᠪᠦᠬᠦ ᠣᠯᠣᠰ ᠤᠨ ᠨᠢᠭᠡᠳᠦᠭᠡᠷ ᠵᠣᠷᠪᠣᠰ ᠣᠢ ᠰᠢᠭᠤᠢ ᠲᠠᠯ᠎ᠠ ᠨᠤᠲᠤᠭ ᠤᠨ ᠪᠡᠶ᠎ᠡ ᠴᠢᠬᠢᠷᠠᠭᠵᠢᠭᠤᠯᠬᠤ ᠶᠠᠪᠠᠭᠠᠨ ᠵᠠᠮ ᠤᠨ ᠲᠦᠷᠦᠯ ᠵᠦᠢᠯ ᠢ ᠪᠠᠶᠢᠭᠤᠯᠵᠤ ᠪᠦᠲᠦᠭᠡᠭᠡᠳ ᠠᠰᠢᠭᠯᠠᠯᠲᠠ ᠳᠤ ᠣᠷᠣᠭᠤᠯᠪᠠ᠃ ᠰᠣᠯᠣᠨ ᠠᠶᠢᠮᠠᠭ ᠤᠨ ᠦᠵᠡᠮᠵᠢ ᠶᠢᠨ ᠣᠷᠣᠨ ᠤ ᠢᠨᠵᠧᠨᠧᠷᠢᠩ ᠡᠳᠦᠷ ᠢᠷᠡᠬᠦᠶ᠎ᠡ ᠲᠡᠭᠦᠯᠳᠡᠷᠵᠢᠨ᠂ ᠢ ᠾᠧ ᠬᠠᠯᠠᠭᠤᠨ ᠷᠠᠰᠢᠶᠠᠨ ᠬᠤᠭᠤᠯᠠᠨ ᠭᠡᠷ ᠳᠦᠷᠪᠡᠨ ᠣᠳᠣᠨ ᠳᠡᠰ  ᠤᠨ ᠡᠩᠨᠡᠭᠡᠨ ᠳᠤ ᠣᠷᠣᠪᠠ᠃ ᠬᠠᠢ ᠶᠣᠸᠠᠨ ᠣᠯᠠᠨ ᠣᠯᠣᠰ ᠤᠨ ᠮᠠᠰᠢᠨ ᠲᠡᠷᠭᠡᠨ ᠤ ᠰᠡᠯᠪᠢᠭ ᠲᠣᠨᠤᠭ ᠤᠨ ᠬᠤᠳᠠᠯᠳᠤᠭ᠎ᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠠᠰᠢᠭᠯᠠᠯᠲᠠ ᠳᠤ ᠣᠷᠣᠵᠣ ᠡᠵᠡᠩᠨᠡᠵᠦ᠂ ᠵᠢᠷᠭᠠᠯᠠᠩᠲᠤ ᠲᠠᠯ᠎ᠠ ᠨᠤᠲᠤᠭ ᠣᠯᠠᠨ ᠣᠯᠣᠰ ᠤᠨ ᠠᠷᠠᠯᠵᠢᠶ᠎ᠠ ᠬᠤᠳᠠᠯᠳᠤᠭ᠎ᠠ ᠶᠢᠨ ᠬᠤᠲᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠣᠳᠠᠯ ᠦᠭᠡᠢ ᠠᠵᠢᠯ ᠢᠶᠠᠨ ᠳᠠᠭᠤᠰᠬᠠᠬᠤ ᠪᠣᠯᠣᠨ᠎ᠠ᠃ ᠨᠡᠶᠢᠲᠡ ᠶᠢᠨ ᠦᠮᠴᠢᠯᠡᠯ ᠤᠨ ᠪᠣᠰᠣ ᠠᠵᠤ ᠠᠬᠤᠢ ᠶᠢᠨ ᠡᠳ᠋ ᠤᠨ ᠵᠠᠰᠠᠭ ᠪᠣᠯᠣᠨ ᠠᠵᠢᠯ ᠣᠯᠭᠤᠯᠲᠠ ᠳᠤ ᠬᠤᠪᠢ ᠨᠡᠮᠡᠷᠢ ᠦᠵᠡᠭᠦᠯᠬᠦ ᠨᠣᠷᠮ᠎ᠠ ᠨᠢ  ᠲᠠᠰᠣᠷᠠᠯᠲᠠ ᠦᠭᠡᠢ ᠳᠡᠭᠡᠭᠰᠢᠯᠡᠵᠦ᠂ ᠨᠡᠶᠢᠲᠡ ᠶᠢᠨ ᠦᠮᠴᠢᠯᠡᠯ ᠤᠨ ᠪᠣᠰᠣ ᠠᠵᠤ ᠠᠬᠤᠢ  ᠶᠢᠨ ᠨᠡᠮᠡᠭᠳᠡᠯ ᠦᠷᠲᠡᠭ ᠢ 23.5 ᠳ᠋ᠥᠩᠰᠢᠭᠤᠷ ᠲᠦᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 8% ᠢᠶᠠᠷ ᠨᠡᠮᠡᠭᠳᠡᠪᠡ᠃ ᠮᠦᠩᠭᠦᠨ ᠭᠦᠢᠯᠭᠡᠭᠡᠨ ᠳᠠᠭᠠᠳᠬᠠᠯ᠂ ᠵᠠᠮ ᠬᠠᠷᠢᠯᠴᠠᠭ᠎ᠠ ᠵᠠᠮ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ ᠢᠳᠡ ᠬᠦᠴᠦᠲᠡᠢ ᠬᠦᠭᠵᠢᠵᠦ᠂ ᠪᠦᠬᠦ ᠬᠤᠰᠢᠭᠤᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 1159 ᠡᠷᠦᠬᠡ ᠪᠣᠯᠵᠣ᠂ ᠬᠤᠪᠢ ᠶᠢᠨ ᠠᠵᠤ ᠦᠢᠯᠡᠳᠪᠦᠷᠢ ᠬᠤᠳᠠᠯᠳᠣᠭᠠᠨ ᠤ ᠡᠷᠦᠬᠡ 10861 ᠳᠤ ᠬᠦᠷᠴᠦ᠂ ᠠᠵᠢᠯ ᠡᠷᠭᠢᠯᠡᠭᠴᠢ ᠨᠢ 2.3 ᠲᠦᠮᠡᠨ ᠬᠦᠮᠦᠨ ᠪᠣᠯᠪᠠ᠃     ︵ᠭᠤᠷᠪᠠ︶ ᠬᠦᠭᠵᠢᠯᠲᠡ ᠶᠢᠨ ᠰᠠᠭᠤᠷᠢ ᠣᠯᠠᠮ ᠪᠠᠲᠤ ᠪᠠᠬᠢ ᠪᠣᠯᠪᠠ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠯᠠᠪᠳᠠᠭᠤᠨ  ᠢᠶᠠᠷ ᠠᠬᠢᠭᠤᠯᠤᠭᠳᠠᠵᠤ᠂ ᠬᠤᠲᠠ ᠬᠤᠰᠢᠭᠤ ᠶᠢᠨ 67 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠭᠤᠣᠯ ᠪᠣᠯᠬᠤ ᠢᠨᠵᠧᠨᠧᠷᠢᠩ ᠪᠣᠯᠣᠨ ᠲᠦᠭᠦᠷᠵᠢᠭᠦᠯᠦᠭᠰᠡᠨ ᠲᠦᠷᠦᠯ ᠵᠦᠢᠯ ᠨᠢ ᠪᠡᠯᠡ ᠣᠷᠣᠭᠤᠯᠣᠯᠲᠠ ᠶᠢᠨ ᠨᠡᠮᠡᠭᠳᠡᠯ ᠢ ᠪᠦᠲᠦᠮᠵᠢᠲᠡᠢ ᠪᠠᠷ ᠳᠠᠶᠢᠴᠢᠯᠠᠵᠤ᠂ ᠪᠦᠬᠦ ᠵᠢᠯ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠣᠯᠲᠠ ᠶᠢ 25.8 ᠳ᠋ᠥᠩᠰᠢᠭᠤᠷ ᠲᠦᠭᠦᠷᠢᠭ ᠪᠡᠶᠡᠯᠡᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠦᠷ᠎ᠡ ᠪᠦᠲᠦᠮᠵᠢ ᠪᠠᠷ ᠢᠯᠡᠳᠲᠡ ᠪᠠᠶᠢᠵᠤ᠂ ᠨᠣᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠡᠯᠡᠰᠦᠷᠬᠡᠭ ᠭᠠᠵᠠᠷ ᠢ ᠶᠡᠷᠥᠩᠬᠡᠶᠢᠯᠡᠨ ᠵᠠᠰᠠᠬᠤ᠂ ᠡᠬᠢ ᠪᠠᠶᠠᠯᠢᠭ ᠡᠨᠧᠷᠬᠢ ᠶᠢ ᠠᠷᠪᠢᠯᠠᠨ ᠬᠡᠷᠡᠭᠯᠡᠬᠦ ᠶᠢ ᠪᠦᠲᠦᠮᠵᠢᠲᠡᠢ ᠴᠢᠩᠭᠠᠳᠬᠠᠵᠤ᠂ ᠪᠦᠬᠦ ᠵᠢᠯ ᠤᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠶᠡᠷᠥᠩᠬᠡᠢ ᠬᠡᠪᠴᠢᠶ᠎ᠡ  ᠶᠢ 35.8 ᠲᠦᠮᠡᠨ ᠮᠣ᠋᠂ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠥᠩᠬᠡᠢ ᠬᠡᠪᠴᠢᠶ᠎ᠡ ᠶᠢ 4 ᠲᠦᠮᠡᠨ ᠮᠤ᠋ ᠪᠡᠶᠡᠯᠡᠭᠦᠯᠪᠡ᠃ 1700 ᠲᠦᠮᠡᠨ ᠲᠦᠭᠦᠷᠢᠭ ᠪᠡᠯᠡ ᠣᠷᠣᠭᠤᠯᠵᠣ᠂ 7302 ᠮᠣ᠋ ᠲᠠᠯᠠᠪᠠᠢ ᠪᠦᠬᠦᠢ ᠭᠤᠣᠯᠳᠠᠯᠭᠠᠲᠤ ᠣᠷᠣᠨ ᠪᠦᠰᠡ ᠶᠢ ᠨᠣᠭᠤᠭᠠᠷᠠᠭᠤᠯᠬᠤ ᠶᠢ ᠪᠡᠶᠡᠯᠡᠭᠦᠯᠪᠡ᠃ ᠡᠨᠧᠷᠬᠢ ᠠᠷᠪᠢᠯᠠᠬᠤ ᠣᠰᠣ ᠠᠷᠪᠢᠯᠠᠬᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠯᠠᠪᠳᠠᠭᠤᠨ ᠢᠶᠠᠷ ᠠᠬᠢᠭᠤᠯᠤᠭᠳᠠᠵᠤ᠂ ᠪᠦᠬᠦ ᠵᠢᠯ ᠳᠤ 14 ᠲᠦᠷᠦᠯ ᠵᠦᠢᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠵᠦ᠂ ᠨᠢᠭᠡᠴᠢ GDP ᠶᠢᠨ ᠡᠨᠧᠷᠬᠢ ᠶᠢᠨ ᠬᠤᠷᠣᠭᠳᠠᠯ 2.6% ᠢᠶᠠᠷ ᠪᠠᠭᠤᠷᠠᠪᠠ᠃ 6072 ᠲᠦᠮᠡᠨ ᠲᠦᠭᠦᠷᠢᠭ ᠪᠡᠯᠡ ᠣᠷᠣᠭᠤᠯᠵᠣ ᠳ᠋ᠠᠶᠠᠨ ᠤ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠢᠨᠵᠧᠨᠧᠷᠢᠩ᠂ ᠬᠤᠢ ᠭᠤᠣᠯ ᠤᠨ ᠨᠣᠭᠤ ᠭᠠᠵᠠᠷ ᠤᠨ ᠬᠠᠮᠠᠭᠠᠯᠠᠯᠲᠠ ᠬᠢᠬᠡᠳ ᠰᠡᠷᠭᠦᠭᠡᠯᠲᠡ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠦᠨᠳᠦᠷ ᠭᠠᠴᠠᠭ᠎ᠠ  ᠶᠢᠨ ᠰᠢᠪᠠᠷ ᠴᠢᠯᠠᠭᠤᠨ ᠣᠷᠣᠰᠬᠠᠯ ᠤᠨ ᠭᠠᠮᠰᠢᠭ ᠢ ᠵᠠᠰᠠᠬᠤ ᠢᠨᠵᠧᠨᠧᠷᠢᠩ ᠢ ᠨᠢᠭᠡᠳᠦᠯᠲᠡᠢ ᠲᠦᠯᠦᠪᠯᠡᠨ ᠬᠡᠷᠡᠭᠵᠢᠭᠦᠯᠪᠡ᠃ ︽ᠭᠦᠸᠧᠯᠦ ᠶᠢ ᠨᠣᠷᠠᠭᠠᠵᠤ ᠲᠣᠣᠷ ᠲᠤ ᠨᠡᠶᠢᠯᠡᠭᠦᠯᠬᠦ︾ ᠠᠵᠢᠯ ᠪᠤᠯᠤᠨ ᠤᠢ ᠰᠢᠭᠤᠢ ᠡᠪᠡᠰᠦ ᠪᠡᠯᠴᠢᠭᠡᠷ ᠢ ᠡᠪᠳᠡᠯᠡᠬᠦ ᠠᠵᠢᠯᠯᠠᠭ᠎ᠠ ᠳᠤ ᠲᠦᠪᠯᠡᠷᠡᠭᠦᠯᠦᠨ ᠴᠣᠬᠢᠯᠲᠠ ᠥᠭᠴᠦ ᠲᠣᠰᠬᠠᠢ ᠵᠦᠢᠯ ᠢᠶᠠᠷ ᠴᠡᠭᠴᠡᠯᠡᠬᠦ ᠠᠵᠢᠯᠯᠠᠭ᠎ᠠ ᠦᠷ᠎ᠡ ᠪᠦᠲᠦᠮᠵᠢ ᠪᠠᠷ ᠢᠯᠡᠳᠲᠡ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠠᠣᠯᠢᠵᠢᠬᠤ᠂ ᠳᠦᠷᠢᠮᠵᠢᠬᠦ ᠵᠠᠮ  ᠳᠤ ᠣᠷᠣᠪᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠲᠠ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠭᠤᠯᠤᠭᠳᠠᠵᠤ᠂ ᠲᠦᠯᠦᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ︽ᠡᠸ᠋ᠨᠩᠬᠢ ᠬᠤᠰᠢᠭᠤᠨ ᠤ ᠬᠤᠰᠢᠭᠤᠨ ᠪᠦᠰᠡ ᠶᠢᠨ ᠠᠶᠢᠯ ᠲᠣᠰᠬᠤᠨ ᠤ ᠪᠠᠶᠢᠷᠢᠯᠠᠭᠤᠯᠤᠯᠲᠠ ᠶᠢᠨ ᠲᠦᠯᠦᠪᠵᠢᠭᠦᠯᠭᠡ︾ ᠶᠢ ᠡᠬᠢᠯᠡᠨ ᠨᠠᠶᠢᠷᠠᠭᠤᠯᠵᠤ᠂ ᠪᠠᠶᠠᠨᠲᠤᠬᠤᠢ ᠪᠠᠯᠭᠠᠰᠣ᠂ ᠳ᠋ᠠᠶᠠᠨ ᠪᠠᠯᠭᠠᠰᠣ ᠶᠢᠨ ᠬᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ ᠪᠣᠯᠣᠨ ᠬᠤᠲᠠ ᠶᠢᠨ ᠵᠢᠷᠤᠭ ᠲᠦᠯᠦᠪᠯᠡᠭᠡ ᠵᠢᠴᠢ ᠬᠤᠰᠢᠭᠤᠨ ᠪᠦᠰᠡ ᠶᠢᠨ 44 ᠭᠠᠴᠠᠭ᠎ᠠ᠂ 13 ᠠᠶᠠᠨᠳᠠᠭᠠᠨ ᠪᠤᠢ ᠪᠤᠯᠤᠭᠰᠠᠨ ᠲᠣᠰᠬᠤᠨ᠂ 2 ᠣᠢ ᠰᠢᠭᠤᠢ ᠶᠢᠨ ᠲᠠᠯᠠᠪᠠᠢ ᠶᠢᠨ ᠠᠶᠢᠯ ᠲᠣᠰᠬᠤᠨ ᠤ ᠲᠦᠯᠦᠪᠵᠢᠭᠦᠯᠭᠡ ᠶᠢ ᠪᠦᠬᠦᠨ ᠢ ᠨᠠᠶᠢᠷᠠᠭᠤᠯᠤᠨ ᠳᠠᠭᠤᠰᠬᠠᠪᠠ᠃ 4.27 ᠳ᠋ᠥᠩᠰᠢᠭᠤᠷ ᠲᠦᠭᠦᠷᠢᠭ ᠣᠷᠣᠭᠤᠯᠵᠣ ᠰᠢᠨᠡᠬᠡᠨ ᠭᠤᠣᠯ ᠤᠨ ᠭᠤᠣᠯ ᠤᠨ ᠵᠠᠮ ᠤᠨ ᠢᠨᠵᠧᠨᠧᠷᠢᠩ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ᠂ ᠴᠡᠴᠡᠷᠯᠢᠭᠵᠢᠭᠦᠯᠦᠨ ᠨᠤᠭᠤᠭᠠᠷᠠᠭᠤᠯᠬᠤ 30 ᠲᠦᠷᠦᠯ ᠵᠦᠢᠯ ᠢ ᠨᠢᠭᠡᠳᠦᠯᠲᠡᠢ ᠲᠦᠯᠦᠪᠯᠡᠨ ᠬᠡᠷᠡᠭᠵᠢᠭᠦᠯᠵᠦ᠂ ᠬᠤᠲᠠ ᠪᠠᠯᠭᠠᠰᠣ ᠶᠢᠨ ᠰᠠᠭᠤᠷᠢ ᠲᠦᠭᠦᠭᠡᠷᠦᠮᠵᠢ ᠶᠢᠨ ᠨᠦᠬᠦᠴᠡᠯ ᠢᠯᠡᠳᠲᠡ ᠰᠠᠶᠢᠵᠢᠷᠠᠪᠠ᠃ ᠦᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭᠵᠢᠭᠰᠡᠨ ᠰᠢᠶᠠᠨ ᠤ ᠬᠤᠲᠠ ᠶᠢ ᠡᠭᠦᠳᠬᠦ ᠠᠵᠢᠯ ᠯᠠᠪᠳᠠᠭᠤᠨ ᠢᠶᠠᠷ ᠬᠡᠷᠡᠭᠵᠢᠭᠦᠯᠦᠭᠳᠡᠪᠡ᠃ ᠦᠨᠳᠦᠰᠦᠲᠡᠨ ᠤ ᠪᠡᠶ᠎ᠡ ᠲᠠᠮᠢᠷ ᠤᠨ ᠬᠦᠳᠡᠯᠭᠡᠭᠡᠨ ᠤ ᠣᠷᠣᠯᠳᠣᠭᠠᠨ ᠤ ᠲᠦᠪ᠂ ᠢᠮᠢᠨ ᠭᠤᠣᠯ ᠤᠨ ᠦᠶᠡᠷ ᠢ ᠰᠡᠷᠬᠡᠶᠢᠯᠡᠬᠦ ᠬᠢᠬᠡᠳ ᠠᠮᠢ ᠠᠬᠤᠢ ᠶᠢ ᠰᠡᠷᠭᠦᠭᠡᠬᠦ ᠶᠡᠷᠥᠩᠬᠡᠶᠢᠯᠡᠭᠰᠡᠨ ᠵᠠᠰᠠᠯᠲᠠ ᠵᠡᠷᠭᠡ 10 ᠵᠦᠢᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠯᠠᠪᠳᠠᠭᠤᠨ ᠢᠶᠠᠷ ᠠᠬᠢᠭᠤᠯᠤᠭᠳᠠᠵᠤ᠂ ᠬᠤᠲᠠ  ᠶᠢᠨ ᠴᠢᠳᠠᠪᠬᠢ ᠲᠠᠰᠣᠷᠠᠯᠲᠠ ᠦᠭᠡᠢ ᠳᠡᠭᠦᠯᠳᠡᠷᠵᠢᠭᠦᠯᠪᠡ᠃ ᠬᠤᠲᠠ ᠬᠦᠳᠡᠭᠡ ᠶᠢᠨ ᠵᠠᠮ ᠤᠨ ᠪᠦᠲᠦᠭᠡᠨ ᠪᠠᠶᠢᠭᠤᠯᠤᠯᠲᠠ ᠢᠳᠡ ᠬᠦᠴᠦᠲᠡᠢ ᠬᠦᠭᠵᠢᠪᠡ᠃ ᠬᠦᠯᠦᠨ ᠪᠣᠶᠢᠷ ᠤᠨ ᠰᠢᠨ᠎ᠡ ᠬᠤᠲᠠ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠦᠷᠲᠡᠭᠡ᠂ ᠬᠠᠶᠢᠯᠠᠷ — ᠢᠮᠢᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠪᠦᠲᠦᠭᠡᠨ ᠪᠠᠶᠢᠭᠤᠯᠬᠤ ᠲᠦᠷᠦᠯ ᠵᠦᠢᠯ ᠪᠦᠬᠦ ᠲᠠᠯ᠎ᠠ ᠪᠠᠷ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠵᠣ ᠪᠣᠢ︔ ᠬᠤᠩᠭᠤᠯᠵᠢ — ᠬᠤᠩᠭᠤᠯᠵᠢ ᠭᠠᠴᠠᠭ᠎ᠠ ᠬᠦᠷᠬᠦ᠂ S201— ᠬᠤᠯᠪᠣᠭ᠎ᠠ ᠭᠠᠴᠠᠭ᠎ᠠ ᠬᠦᠷᠬᠦ ᠬᠤᠶᠠᠷ ᠵᠣᠷᠪᠣᠰ ᠲᠣᠰᠬᠤᠨ ᠳᠤ ᠨᠡᠪᠲᠡᠷᠡᠬᠦ ᠵᠠᠮ ᠢ ᠵᠠᠰᠠᠵᠤ ᠪᠠᠷᠠᠭᠠᠳ ᠬᠡᠷᠡᠭᠯᠡᠭᠳᠡᠪᠡ᠃ ᠣᠰᠣᠨ ᠠᠰᠢᠭᠯᠠᠯᠲᠠ ᠶᠢᠨ ᠰᠠᠭᠤᠷᠢ ᠲᠦᠭᠦᠭᠡᠷᠦᠮᠵᠢ ᠠᠯᠬᠤᠮ ᠴᠢᠨᠠᠭᠰᠢᠲᠠ ᠪᠦᠷᠢᠨᠰᠢᠵᠦ᠂ ᠢᠮᠢᠨ ᠭᠤᠣᠯ ᠢ ᠵᠠᠰᠠᠬᠤ ᠢᠨᠵᠧᠨᠧᠷᠢᠩ ᠣᠳᠠᠯ ᠦᠭᠡᠢ ᠠᠵᠢᠯ ᠢᠶᠠᠨ ᠳᠠᠭᠤᠰᠬᠠᠵᠣ ᠬᠡᠷᠡᠭᠯᠡᠭᠦᠯᠬᠦ ᠪᠠᠷ ᠪᠠᠶᠢᠬᠤ᠂ ᠪᠣᠳᠠᠬᠤᠸᠠᠷ᠂ ᠼᠦᠢ ᠶᠦᠸᠧ ᠬᠤ᠋᠂ ᠭᠤᠸᠠᠩ ᠮᠢᠩ ᠭᠤᠷᠪᠠᠨ ᠣᠰᠣᠨ ᠴᠦᠬᠦᠷᠦᠮ ᠤᠨ ᠠᠶᠣᠯ ᠢ ᠠᠷᠢᠯᠭᠠᠨ ᠪᠠᠬᠢᠯᠡᠬᠦ ᠢᠨᠵᠧᠨᠧᠷᠢᠩ ᠪᠦᠬᠦ ᠲᠠᠯ᠎ᠠ ᠪᠠᠷ ᠠᠵᠢᠯ ᠢᠶᠠᠨ ᠡᠬᠢᠯᠡᠭᠦᠯᠪᠡ᠃      ︵ᠳᠦᠷᠪᠡ︶ ᠦᠭᠡᠷᠡᠴᠢᠯᠡᠯᠲᠡ ᠨᠡᠭᠡᠭᠡᠯᠲᠡ ᠡᠳᠦᠷ ᠢᠷᠡᠭᠦᠶ᠎ᠡ ᠭᠦᠨᠵᠡᠭᠡᠶᠢᠷᠡᠪᠡ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠭᠦᠨᠵᠡᠭᠡᠶᠢᠷᠡᠨ᠂ ᠣᠯᠣᠰ ᠤᠨ ᠰᠠᠩ ᠳᠤ ᠲᠦᠪᠯᠡᠷᠡᠭᠦᠯᠦᠨ ᠥᠭᠬᠦ ᠲᠦᠰᠦᠪ ᠤᠨ ᠨᠢᠭᠡᠴᠡ 184 ᠪᠣᠯᠪᠠ᠃ ᠣᠯᠣᠰ ᠤᠨ ᠨᠣᠲᠤᠭ ᠳᠡᠪᠢᠰᠬᠡᠷ ᠡᠬᠢ ᠪᠠᠶᠠᠯᠢᠭ ᠤᠨ ᠬᠠᠮᠢᠶᠠᠷᠤᠯᠲᠠ ᠪᠦᠲᠦᠮᠵᠢᠲᠡᠢ ᠴᠢᠩᠭᠠᠳᠬᠠᠭᠳᠠᠨ᠂ ᠬᠤᠰᠢᠭᠤᠨ ᠤ ᠳᠡᠰ ᠤᠨ ᠲᠣᠭᠲᠠᠮᠠᠯ ᠪᠣᠰᠣ ᠬᠦᠷᠦᠩᠬᠡ ᠶᠢ ᠨᠢᠭᠡᠳᠦᠯᠲᠡᠢ ᠳᠠᠩᠰᠠᠯᠠᠬᠤ ᠬᠤᠯᠪᠣᠭᠠᠲᠤ ᠬᠤᠷᠠᠯ ᠤᠨ ᠳᠦᠷᠢᠮ ᠢ ᠪᠠᠶᠢᠭᠤᠯᠪᠠ᠃ ᠰᠢᠶᠠᠨ ᠤ ᠳᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠠᠯᠪᠠᠨ  ᠠᠴᠠ ᠡᠷᠬᠢᠯᠡᠭᠰᠡᠨ ᠬᠤᠶᠠᠷ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯ ᠤᠨ ᠦᠪᠡᠷ ᠤᠨ ᠦᠷᠲᠡᠭ ᠢ ᠨᠡᠮᠡᠬᠦ ᠶᠠᠪᠤᠳᠠᠯ ᠢ ᠦᠬᠡᠶᠢᠰᠬᠡᠬᠦ ᠶᠢᠨ ᠬᠠᠮᠲᠤ ᠦᠢᠯᠡᠴᠢᠯᠡᠭᠡᠨ  ᠤ ᠦᠨ᠎ᠡ ᠶᠢ ᠲᠣᠬᠢᠷᠠᠭᠤᠯᠪᠠ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ  ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠳᠦᠷᠢᠮ ᠵᠢᠷᠤᠮᠵᠢᠵᠤ᠂ ᠵᠠᠰᠠᠭ ᠵᠠᠬᠢᠷᠭᠠᠨ ᠤ ᠡᠷᠬᠡ ᠶᠢᠨ ᠬᠡᠷᠡᠭ ᠤᠨ 5131 ᠵᠦᠢᠯ ᠢ ᠲᠣᠭᠲᠠᠭᠠᠪᠠ᠃ ᠠᠷᠠᠯᠵᠢᠶᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠠᠯᠬᠤᠮ ᠴᠢᠨᠠᠭᠰᠢᠲᠠ ᠭᠦᠨᠵᠡᠭᠡᠶᠢᠷᠡᠭᠦᠯᠦᠨ᠂ ︽ᠭᠤᠷᠪᠠᠨ ᠦᠨᠡᠮᠯᠡᠯ ᠢ ᠨᠢᠬᠡᠳᠬᠡᠵᠦ ᠨᠢᠭᠡ ᠪᠣᠯᠭᠠᠬᠤ᠂ ᠨᠢᠭᠡ ᠪᠠᠲᠤᠯᠠᠪᠤᠷᠢ ᠨᠢ ᠨᠢᠭᠡ ᠣᠷᠣᠯᠠᠬᠤ ᠲᠡᠮᠳᠡᠭ ᠲᠠᠢ ᠪᠠᠶᠢᠬᠤ︾ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠳᠦᠷᠢᠮ ᠤᠨ ᠦᠭᠡᠷᠡᠴᠢᠯᠡᠯᠲᠡ ᠯᠠᠪᠳᠠᠭᠤᠨ ᠢᠶᠠᠷ ᠠᠬᠢᠭᠤᠯᠤᠭᠳᠠᠵᠤ᠂ ᠬᠤᠰᠢᠭᠤᠨ ᠱᠠᠲᠤᠨ ᠤ 8 ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠬᠡᠷᠡᠭ ᠶᠠᠪᠤᠳᠠᠯ ᠢ ᠲᠣᠬᠢᠷᠠᠭᠤᠯᠪᠠ᠃ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠲᠠᠰᠣᠷᠠᠯᠲᠠ ᠦᠭᠡᠢ ᠵᠢᠷᠤᠮᠵᠢᠨ᠂ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠬᠡᠷᠡᠭ ᠣᠴᠢᠷ ᠲᠤ ᠠᠷᠭ᠎ᠠ ᠪᠣᠳᠣᠯᠭ᠎ᠠ ᠲᠣᠭᠲᠠᠭᠠᠬᠤ ᠳᠦᠷᠢᠮ ᠢ ᠲᠡᠭᠦᠯᠳᠡᠷᠵᠢᠭᠦᠯᠪᠡ᠃ ᠠᠮᠢ ᠠᠬᠤᠢ ᠶᠢᠨ ᠪᠣᠯᠪᠠᠰᠣᠨ ᠤ ᠬᠦᠷᠢᠶ᠎ᠡ ᠶᠢᠨ ᠦᠭᠡᠷᠡᠴᠢᠯᠡᠯᠲᠡ ᠯᠠᠪᠳᠠᠭᠤᠨ ᠢᠶᠠᠷ ᠠᠬᠢᠭᠤᠯᠤᠭᠳᠠᠵᠤ᠂ ᠣᠷᠴᠢᠨ ᠲᠣᠭᠤᠷᠢᠨ ᠤ ᠰᠣᠷᠠᠭ ᠵᠠᠩᠬᠢ ᠪᠦᠲᠦᠮᠵᠢᠲᠡᠢ ᠪᠠᠷ ᠢᠯᠡ ᠪᠣᠯᠭᠠᠭᠳᠠᠪᠠ᠃ ᠣᠯᠣᠰ ᠤᠨ ᠦᠮᠴᠢᠯᠡᠯᠲᠦ ᠡᠳ᠋ ᠭᠦᠷᠦᠩᠭᠡ ᠶᠢᠨ ᠥᠭᠡᠷᠡᠴᠢᠯᠡᠯᠲᠡ ᠯᠠᠪᠳᠠᠭᠤᠨ ᠢᠶᠠᠷ ᠬᠡᠷᠡᠭᠵᠢᠭᠦᠯᠦᠭᠳᠡᠵᠦ᠂ ︽ᠬᠦᠯᠦᠨ ᠪᠣᠶᠢᠷ ᠤᠨ ᠺᠧ ᠰᠢᠩ ᠠᠳᠣᠭᠤᠨ ᠦᠢᠯᠡᠰ ᠤᠨ ᠰᠠᠶᠢᠨ ᠡᠭᠦᠯᠳᠡᠷ ᠢ ᠪᠣᠶᠢᠵᠢᠭᠤᠯᠬᠤ ᠮᠡᠷᠭᠡᠵᠢᠯ ᠤᠨ  ᠰᠣᠳᠣᠯᠭᠠᠨ ᠤ ᠬᠦᠷᠢᠶᠡᠯᠡᠩ︾ ᠢ ᠢᠳᠡᠪᠬᠢᠲᠡᠢ ᠪᠠᠷ ᠪᠠᠶᠢᠭᠤᠯᠬᠤ ᠪᠠᠷ ᠪᠡᠯᠡᠳᠬᠡᠵᠦ ᠪᠣᠢ᠃ ᠭᠠᠳᠠᠭᠠᠳᠣ ᠨᠡᠭᠡᠭᠡᠯᠲᠡ ᠲᠠᠰᠣᠷᠠᠯᠲᠠ ᠦᠭᠡᠢ ᠦᠷᠬᠡᠳᠴᠦ᠂ ᠴᠠᠩᠴᠦ᠋ᠨ ᠤ ᠬᠤᠢ ᠱᠠᠩ ᠪᠦᠯᠦᠭᠯᠡᠯ᠂ ᠪᠡᠭᠡᠵᠢᠩ ᠤᠨ ᠬᠤᠸᠠ ᠲᠠᠢ ᠮᠠᠰᠢᠨ ᠲᠡᠷᠭᠡᠨ ᠤ ᠬᠤᠪᠢ ᠣᠷᠣᠭᠤᠯᠣᠯᠲᠠ ᠶᠢ ᠡᠷᠬᠡᠰᠢᠶᠡᠬᠦ ᠬᠢᠵᠠᠭᠠᠷᠲᠤ ᠺᠣᠮᠫᠠᠨᠢ ᠵᠡᠷᠭᠡ 28 ᠠᠵᠤ ᠠᠬᠤᠶᠢᠯᠠᠯ ᠣᠷᠢᠳ ᠬᠤᠵᠢᠳ ᠲᠣᠭᠲᠠᠮᠠᠯ ᠴᠢᠭ᠋ ᠲᠤ ᠠᠷᠠᠯᠵᠢᠶᠠᠴᠢᠨ ᠣᠷᠢᠵᠣ᠂ ᠪᠦᠬᠦ ᠵᠢᠯ ᠤᠨ ᠠᠷᠠᠯᠵᠢᠶᠠᠴᠢᠨ ᠣᠷᠢᠬᠤ ᠲᠦᠷᠦᠯ ᠵᠦᠢᠯ ᠤᠨ ᠪᠡᠯᠡ ᠮᠦᠩᠭᠦ ᠶᠢᠨ 38 ᠳ᠋ᠥᠩᠰᠢᠭᠤᠷ ᠨᠢ ᠣᠷᠣᠨ ᠪᠠᠶᠢᠷᠢᠨ ᠳᠠᠭᠠᠨ ᠭᠦᠷᠪᠡ᠃      ︵ᠲᠠᠪᠤ︶ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠡᠪᠰᠢᠪᠡ᠃ ᠠᠯᠪᠠᠨ ᠵᠢᠷᠤᠮ ᠤᠨ ᠰᠣᠷᠭᠠᠨ ᠬᠦᠮᠦᠵᠢᠯ ᠲᠡᠩᠴᠡᠭᠦᠷᠢᠲᠡᠢ ᠪᠠᠶᠢᠬᠤ ᠰᠢᠶᠠᠨ ᠢ ᠡᠭᠦᠳᠬᠦ ᠠᠵᠢᠯ ᠣᠯᠣᠰ ᠤᠨ ᠦᠨᠡᠯᠡᠨ ᠲᠣᠭᠲᠠᠭᠠᠯᠲᠠ ᠶᠢ ᠥᠩᠭᠡᠷᠭᠡᠪᠡ᠃ ᠬᠤᠰᠢᠭᠤᠨ ᠤ ᠬᠤᠶᠠᠳᠣᠭᠠᠷ ᠦᠨᠳᠦᠰᠦᠲᠡᠨ ᠤ ᠴᠡᠴᠡᠷᠯᠢᠭ᠂ ᠳ᠋ᠠᠶᠠᠨ ᠤ ᠬᠤᠶᠠᠳᠤᠭᠠᠷ ᠰᠣᠷᠭᠠᠭᠤᠯᠢ ᠠᠴᠠ ᠡᠮᠦᠨᠡᠬᠢ ᠰᠣᠷᠭᠠᠨ ᠬᠦᠮᠦᠵᠢᠯ ᠤᠨ ᠰᠣᠷᠭᠠᠭᠤᠯᠢ᠂ ᠬᠤᠰᠢᠭᠤᠨ ᠤ ᠬᠤᠶᠠᠳᠣᠭᠠᠷ ᠳᠣᠮᠳᠠᠲᠣ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠠᠰᠠᠷ  ᠢ ᠦᠷᠭᠦᠯᠵᠢᠯᠡᠨ ᠪᠦᠲᠦᠭᠡᠨ ᠪᠠᠶᠢᠭᠤᠯᠬᠤ ᠢᠨᠵᠧᠨᠧᠷᠢᠩ ᠵᠠᠯᠭᠠᠪᠡᠷ ᠪᠠᠶᠢᠭᠤᠯᠵᠤ ᠪᠠᠷᠠᠭᠠᠳ ᠠᠰᠢᠭᠯᠠᠯᠲᠠ ᠳᠤ ᠣᠷᠣᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ  ᠤᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠠᠵᠢᠯ ᠯᠠᠪᠳᠠᠭᠤᠨ ᠢᠶᠠᠷ ᠠᠬᠢᠭᠤᠯᠤᠭᠳᠠᠵᠤ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠨ ᠦᠷᠭᠡᠳᠬᠡᠨ ᠪᠠᠶᠢᠭᠤᠯᠬᠤ ᠵᠡᠷᠭᠡ 8 ᠢᠨᠵᠧᠨᠧᠷᠢᠩ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠢ ᠰᠣᠮᠣ ᠶᠢᠨ ᠡᠷᠡᠭᠦᠯ ᠬᠠᠮᠠᠭᠠᠯᠠᠯ  ᠤᠨ ᠬᠤᠷᠢᠶ᠎ᠠ ᠶᠢ ᠪᠠᠶᠢᠭᠤᠯᠵᠤ ᠳᠠᠭᠤᠰᠬᠠᠭᠠᠳ ᠬᠡᠷᠡᠭᠯᠡᠵᠦ ᠪᠣᠢ᠃ ︽ᠠᠮᠤᠭᠤᠯᠠᠩ ᠡᠮᠨᠡᠯᠭᠡ ᠶᠢᠨ ᠬᠤᠷᠢᠶ᠎ᠠ︾ ᠶᠢ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠢᠶᠠᠷ ᠠᠬᠢᠭᠤᠯᠤᠭᠳᠠᠵᠤ᠂ ᠮᠣᠩᠭᠤᠯ ᠡᠮ ᠡᠮᠨᠡᠯᠭᠡ ᠶᠢ ᠬᠤᠰᠢᠭᠤ ᠰᠢᠶᠠᠩ ᠲᠣᠰᠬᠤᠨ ᠳᠤ ᠨᠢᠭᠡ ᠴᠣᠭᠴᠠᠵᠢᠭᠤᠯᠤᠨ ᠬᠠᠮᠢᠶᠠᠷᠬᠤ ᠲᠣᠷᠰᠢᠯᠲᠠ ᠶᠢᠨ ᠴᠢᠭ᠋ ᠤᠨ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠡᠶ᠎ᠡ ᠵᠣᠬᠢᠴᠠᠩᠭᠤᠢ ᠰᠣᠶᠣᠯ ᠤᠨ ᠪᠠᠶᠢᠭᠤᠯᠤᠯᠲᠠ ᠡᠷᠡᠭᠦᠯ ᠢᠶᠠᠷ ᠬᠦᠭᠵᠢᠵᠦ᠂ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ  ᠶᠢᠨ ᠰᠣᠶᠣᠯ ᠤᠨ ᠦᠢᠯᠡᠴᠢᠯᠡᠭᠡ ᠶᠢᠨ ᠪᠠᠷᠢᠮᠵᠢᠶᠠᠵᠢᠭᠰᠠᠨ ᠲᠣᠷᠰᠢᠯᠲᠠ ᠶᠢᠨ ᠴᠢᠭ᠋ ᠤᠨ ᠠᠵᠢᠯ ᠯᠠᠪᠳᠠᠭᠤᠨ ᠢᠶᠠᠷ ᠠᠬᠢᠭᠤᠯᠤᠭᠳᠠᠵᠤ᠂ ᠬᠤᠰᠢᠭᠤ᠂ ᠰᠣᠮᠣ ᠰᠢᠶᠠᠩ ᠪᠠᠯᠭᠠᠰᠣ᠂ ᠭᠠᠴᠠᠭ᠎ᠠ᠂ ᠰᠣᠶᠣᠯ ᠤᠨ ᠡᠷᠦᠬᠡ ᠶᠢᠨ ᠳᠦᠷᠪᠡᠨ ᠱᠠᠲᠤ ᠶᠢᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠤᠨ ᠪᠦᠲᠦᠭᠡᠪᠡ᠃ ︽2015  ᠡᠸ᠋ᠨᠩᠬᠢ  ᠶᠢᠨ ᠰᠧᠪᠵᠢᠭᠡᠨ ᠨᠠᠶᠢᠷ ᠵᠢᠴᠢ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠨᠠᠭᠠᠳᠣᠮ︾ ᠢ ᠠᠮᠵᠢᠯᠲᠠ ᠲᠠᠢ ᠡᠷᠬᠢᠯᠡᠵᠦ᠂ ᠲᠦᠪ ᠤᠨ ᠲᠧᠯᠸᠢᠰ ᠬᠤᠷᠢᠶ᠎ᠠ ᠶᠢᠨ ᠳᠠᠭᠤᠣ ᠬᠦᠭᠵᠢᠮ ᠤᠨ ᠰᠣᠪᠠᠭ ᠲᠠᠢ ᠬᠠᠮᠵᠢᠯᠴᠠᠵᠤ ᠪᠠᠶᠢᠭᠠᠳ ︽ᠲᠣᠷᠭᠠᠨ ᠬᠤᠭᠤᠯᠠᠢ ᠣᠷᠬᠢᠯ ᠠᠪᠢᠶᠠᠰ — ᠡᠸ᠋ᠨᠩᠬᠢ ᠦᠨᠳᠦᠰᠦᠲᠡᠨ ᠤ ᠮᠠᠩᠯᠠᠢ ᠳᠠᠭᠤᠴᠢᠨ ᠰᠢᠯᠭᠠᠷᠠᠭᠤᠯᠬᠤ ᠣᠷᠣᠯᠳᠣᠭᠠᠨ︾ ᠢ ᠰᠢᠩᠭᠡᠨ ᠨᠡᠪᠳᠡᠷᠡᠭᠦᠯᠬᠦ ᠡᠭᠦᠷᠭᠡ ᠶᠢ ᠪᠡᠶᠡᠯᠡᠭᠦᠯᠵᠦ᠂ ᠪᠦᠵᠢᠭ ︽ᠴᠦ᠋ ᠪᠣᠯᠢᠶᠠᠯᠳᠣᠬᠤ︾ ᠨᠢ ᠳᠣᠮᠳᠠᠲᠣ ᠣᠯᠣᠰ ᠤᠨ ᠳᠦᠷᠪᠡᠳᠦᠭᠡᠷ ᠬᠤᠭᠤᠴᠠᠭᠠᠨ ᠤ ᠮᠣᠩᠭᠤᠯ ᠪᠦᠵᠢᠭ ᠤᠨ ᠣᠷᠣᠯᠳᠣᠭᠠᠨ ᠵᠢᠴᠢ ᠲᠦᠷᠪᠡᠳᠦᠭᠡᠷ ᠬᠤᠭᠤᠴᠠᠭᠠᠨ ᠤ ᠦᠪᠦᠷ ᠮᠣᠩᠭᠤᠯ ᠤᠨ ᠲᠧᠯᠸᠢᠰ ᠪᠦᠵᠢᠭ ᠤᠨ ᠣᠷᠣᠯᠳᠣᠭᠠᠨ ᠤ ᠵᠡᠰ ᠱᠠᠩᠨᠠᠯ ᠢ ᠲᠣᠰᠴᠤ᠂ ᠪᠠᠷᠢᠮᠳᠠᠲᠤ ᠺᠢᠨᠣ᠋ ︽ᠯᠠ᠊  ᠪᠦᠬᠡ ᠶᠢᠨ ᠰᠠᠨᠠᠭᠠᠰᠢᠷᠠᠯ︾ ᠨᠢ ᠬᠤᠷᠢᠨ ᠨᠢᠭᠡᠳᠦᠭᠡᠷ ᠬᠤᠭᠤᠴᠠᠭᠠᠨ ᠤ ᠳᠣᠮᠳᠠᠳᠣ ᠣᠯᠣᠰ  ᠤᠨ ᠲᠧᠯᠸᠢᠰ ᠪᠠᠷᠢᠮᠳᠠᠳᠣ ᠺᠢᠨᠣ᠋ ᠶᠢᠨ  ᠣᠬᠤᠷ ᠪᠠᠷᠢᠮᠳᠠᠳᠣ ᠺᠢᠨᠣ᠋ ᠶᠢᠨ ᠰᠢᠯᠢᠳᠡᠭ ᠪᠦᠲᠦᠭᠡᠯ ᠤᠨ ᠱᠠᠩᠨᠠᠯ ᠬᠦᠷᠲᠡᠪᠡ᠃ ᠡᠸ᠋ᠨᠩᠬᠢ ᠶᠢᠨ ᠴᠦ᠋ ᠪᠣᠯᠢᠶᠠᠯᠳᠣᠬᠤ᠂ ᠡᠸ᠋ᠨᠩᠬᠢ ᠶᠢᠨ ᠨᠠᠶᠢᠷᠠᠭ ᠠᠷᠠᠳ ᠤᠨ ᠳᠠᠭᠤᠤ ᠵᠡᠷᠭᠡ ᠪᠤᠳᠠᠰ ᠤᠨ ᠪᠣᠰᠣ ᠦᠪ ᠤᠨ ᠲᠦᠷᠦᠯ ᠵᠦᠢᠯ ᠨᠢ ︽ ᠦᠨᠳᠦᠰᠦᠲᠡᠨ ᠤ ᠰᠠᠭᠤᠭᠳᠠᠯ — ᠦᠪᠦᠷ ᠮᠣᠩᠭᠤᠯ  ᠤᠨ ᠪᠣᠳᠠᠰ ᠤᠨ ᠪᠣᠰᠣ ᠰᠣᠶᠣᠯ ᠤᠨ ᠦᠪ ᠤᠨ ᠦᠵᠡᠭᠦᠯᠦᠯᠭᠡ︾ ᠳᠤ ᠣᠷᠣᠯᠴᠠᠭᠰᠠᠨ ᠪᠠᠶᠢᠨ᠎ᠠ᠃ ᠣᠯᠠᠨ ᠲᠦᠮᠡᠨ ᠤ ᠰᠣᠶᠣᠯ ᠪᠡᠶ᠎ᠡ ᠲᠠᠮᠢᠷ ᠤᠨ ᠦᠢᠯᠡᠰ ᠢᠳᠡ ᠭᠦᠴᠦᠲᠡᠢ ᠬᠦᠭᠵᠢᠵᠦ᠂ ︽ᠴᠦ᠋ ᠪᠤᠯᠢᠶᠠᠯᠳᠣᠬᠤ︾ ᠲᠦᠯᠦᠭᠡᠯᠡᠭᠴᠢ ᠶᠢᠨ ᠠᠩᠬᠢ ᠨᠢ ᠠᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠴᠦᠬᠡᠨ ᠲᠣᠭᠠᠲᠤ ᠦᠨᠳᠦᠰᠦᠲᠡᠨ ᠤ ᠣᠯᠠᠮᠵᠢᠯᠠᠯᠲᠤ ᠪᠡᠶ᠎ᠡ ᠲᠠᠮᠢᠷ ᠤᠨ ᠴᠣᠭᠯᠠᠭᠠᠨ ᠤ ᠦᠵᠡᠭᠦᠯᠦᠯᠭᠡ ᠶᠢᠨ ᠲᠦᠷᠦᠯ ᠤᠨ ᠣᠷᠣᠯᠳᠣᠭᠠᠨ ᠤ ᠨᠢᠭᠡᠳᠦᠭᠡᠷ ᠨᠡᠷᠡᠰ ᠲᠤ ᠲᠣᠳᠣᠷᠠᠪᠠ᠃ ᠬᠤᠰᠢᠭᠤᠨ ᠤ ᠠᠵᠢᠯ ᠮᠡᠷᠭᠡᠵᠢᠯ ᠤᠨ ᠰᠣᠷᠭᠠᠭᠤᠯᠢ ᠶᠢᠨ ᠮᠣᠷᠢᠨ ᠮᠡᠷᠭᠡᠵᠢᠯ ᠤᠨ ᠬᠤᠷᠲᠣ ᠠᠩᠬᠢ ᠨᠢ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢ ᠲᠦᠯᠦᠭᠡᠯᠡᠨ ᠬᠤᠷᠳᠣ ᠶᠢ ᠰᠢᠯᠭᠠᠷᠠᠭᠤᠯᠬᠤ ᠣᠷᠣᠯᠳᠣᠭᠠᠨ ᠳᠤ ᠣᠷᠣᠯᠴᠠᠭᠠᠳ ᠬᠤᠶᠠᠷ ᠵᠦᠢᠯ ᠤᠨ ᠣᠷᠣᠯᠳᠣᠭᠠᠨ ᠤ ᠮᠠᠩᠯᠠᠢ ᠨᠡᠷᠡᠰ ᠲᠤ ᠲᠣᠳᠣᠷᠠᠪᠠ︔ ᠡᠸ᠋ᠨᠩᠬᠢ ᠳᠣᠮᠳᠠᠲᠤ ᠰᠣᠷᠭᠠᠭᠤᠯᠢ ᠶᠢᠨ ᠡᠮᠡᠭᠳᠡᠢ ᠶᠢᠨ ᠬᠦᠯ ᠪᠦᠮᠪᠦᠭᠡ ᠶᠢᠨ ᠠᠩᠬᠢ ᠪᠣᠯᠣᠨ ᠡᠷᠡᠯᠬᠡᠭ ᠪᠦᠷᠭᠦᠳ ᠡᠮᠡᠭᠲᠡᠢ ᠶᠢᠨ ᠬᠦᠯ ᠪᠦᠮᠪᠦᠭᠡ ᠶᠢᠨ ᠺᠯᠦ᠋ᠪ ᠨᠢ ᠡᠯ᠎ᠡ ᠵᠦᠢᠯ  ᠤᠨ ᠣᠷᠣᠯᠳᠣᠭᠠᠨ ᠳᠤ ᠰᠢᠯᠢᠳᠡᠭ ᠠᠮᠵᠢᠯᠲᠠ ᠣᠯᠣᠭᠰᠠᠨ ᠪᠠᠶᠢᠨ᠎ᠠ᠃ ᠰᠣᠳᠣᠨ ᠨᠡᠶᠢᠬᠡᠮ ᠲᠣᠭᠤᠷᠢᠭ ᠤᠨ ᠪᠠᠶᠢᠭᠤᠯᠣᠯᠲᠠ ᠯᠠᠪᠳᠠᠭᠤᠨ ᠢᠶᠠᠷ ᠠᠬᠢᠭᠤᠯᠤᠭᠳᠠᠵᠤ᠂ ᠪᠠᠶᠠᠨᠲᠣᠬᠤᠢ ᠪᠠᠯᠭᠠᠰᠣ ᠶᠢᠨ ᠠᠨ ᠮᠧᠨ ᠨᠡᠶᠢᠭᠡᠮ ᠲᠣᠭᠤᠷᠢᠭ ᠢ ᠣᠳᠠᠯ ᠦᠭᠡᠢ ᠪᠠᠶᠢᠭᠤᠯᠵᠤ ᠲᠠᠭᠤᠰᠬᠠᠭᠠᠳ ᠬᠡᠷᠡᠭᠯᠡᠬᠦᠯᠬᠦ ᠪᠠᠷ ᠪᠠᠶᠢᠨ᠎ᠠ᠃ ︽ᠬᠤᠶᠠᠷ ᠢ ᠬᠦᠷᠢᠶᠡᠯᠡᠬᠦ︾ ᠠᠵᠢᠯ ᠳᠠᠬᠢᠨᠲᠠ ᠰᠠᠶᠢᠨ ᠠᠮᠵᠢᠯᠲᠠ ᠤᠯᠵᠤ᠂ ᠦᠪᠡᠷᠲᠡᠭᠡᠨ ᠵᠠᠰᠠᠬᠤ ᠣᠷᠣᠨ ᠤ ᠳᠦᠷᠪᠡᠳᠦᠭᠡᠷ ᠣᠳᠠᠭᠠᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢᠨ ᠰᠢᠯᠭᠠᠨ ᠠᠪᠤᠯᠲᠠ ᠶᠢ ᠣᠷᠣᠭᠰᠢᠲᠠᠢ ᠦᠩᠬᠡᠷᠡᠭᠦᠯᠪᠡ᠃ ᠬᠦᠮᠦᠨ ᠠᠮᠠ ᠲᠦᠯᠦᠪᠯᠡᠭᠡᠲᠦ ᠦᠷᠡᠵᠢᠯ᠂ ᠳᠠᠩᠰᠠ ᠡᠪᠬᠡᠮᠡᠯ ᠲᠡᠣᠬᠡ ᠣᠶᠢᠯᠠᠯᠭ᠎ᠠ᠂ ᠲᠤᠭ᠎ᠠ ᠪᠦᠷᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠣᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠠᠩᠭᠠᠨ ᠪᠣᠷᠣᠯᠠᠭᠤᠯᠬᠤ ᠵᠡᠷᠭᠡ ᠠᠵᠢᠯ ᠤᠳ ᠴᠦᠮ ᠰᠢᠨ᠎ᠡ ᠠᠬᠢᠴᠠ ᠲᠠᠢ ᠪᠤᠯᠪᠠ᠃      ︵ᠵᠢᠷᠭᠤᠭ᠎ᠠ︶ ᠠᠷᠠᠳ ᠤᠨ ᠠᠮᠢᠳᠣᠷᠠᠯ ᠤᠨ ᠢᠨᠵᠧᠨᠧᠷᠢᠩ ᠬᠦᠨᠵᠡᠭᠡᠢ ᠬᠡᠷᠡᠭᠵᠢᠭᠦᠯᠦᠭᠳᠡᠪᠡ᠃ ᠠᠷᠠᠳ ᠢᠷᠭᠡᠳ ᠤᠨ ᠠᠮᠣᠭᠤᠯᠠᠩ ᠣᠷᠣᠨ ᠰᠠᠭᠤᠴᠠ ᠶᠢᠨ ᠢᠨᠵᠧᠨᠧᠷᠢᠩ ᠢ ᠲᠦᠯᠬᠢᠨ ᠠᠬᠢᠭᠤᠯᠪᠠ᠃ ᠨᠤᠷᠠᠬᠤ ᠠᠶᠣᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠵᠢᠯ  ᠤᠨ ᠨᠤᠷᠠᠬᠤ ᠠᠶᠣᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠢᠨᠵᠧᠨᠧᠷᠢᠩ ᠤᠨ ᠠᠵᠢᠯ ᠢᠶᠠᠨ ᠡᠬᠢᠯᠡᠭᠦᠯᠦᠭᠰᠡᠨ ᠨᠤᠷᠮ᠎ᠠ 100% ᠳᠤ ᠬᠦᠷᠴᠦ᠂ 2357 ᠢᠵᠢ ᠨᠣᠷᠠᠬᠤ ᠠᠶᠣᠯᠲᠠᠢ ᠭᠡᠷ ᠪᠠᠶᠢᠰᠢᠩ᠂ 50 ᠢᠵᠢ ᠨᠡᠶᠢᠲᠡ ᠶᠢᠨ ᠳᠦᠷᠢᠶᠡᠰᠦᠨ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠳᠠᠭᠤᠰᠬᠠᠭᠠᠳ᠂ 418 ᠡᠷᠦᠬᠡ ᠳᠤ ᠣᠷᠣᠨ ᠰᠠᠭᠤᠴᠠ ᠳᠦᠷᠢᠶᠡᠰᠦᠯᠡᠬᠦ ᠨᠦᠬᠦᠪᠦᠷᠢ ᠶᠢ 116 ᠲᠦᠮᠡᠨ ᠲᠦᠭᠦᠷᠢᠭ ᠲᠠᠷᠬᠠᠭᠠᠪᠠ᠃ ᠦᠢᠯᠡᠰ ᠪᠣᠰᠬᠠᠯᠲᠠ ᠪᠠᠷ ᠠᠵᠢᠯ ᠣᠯᠭᠤᠬᠤ ᠶᠢ ᠪᠦᠬᠦ ᠬᠦᠴᠦᠨ  ᠢᠶᠠᠷ ᠠᠬᠢᠭᠤᠯᠪᠠ᠂ ᠡᠸ᠋ᠨᠩᠬᠢ ᠦᠨᠳᠦᠰᠦᠲᠡᠨ ᠤ ᠭᠠᠷ ᠣᠷᠠᠯᠠᠯ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠦᠪ ᠤᠨ ᠦᠢᠯᠡᠰ ᠪᠣᠰᠬᠠᠬᠤ ᠨᠠᠪᠴᠢᠯᠣᠣᠷ ᠤᠨ ᠰᠠᠭᠤᠷᠢᠨ ᠭᠠᠵᠠᠷ ᠤᠨ ᠳᠠᠶᠢᠴᠢᠯᠠᠨ ᠳᠠᠭᠠᠭᠤᠯᠬᠤ ᠦᠢᠯᠡᠳᠦᠯ ᠨᠢ ᠢᠯᠡᠳᠲᠡ ᠪᠠᠶᠢᠵᠤ᠂ ᠨᠢᠭᠡᠨᠲᠡ ᠨᠡᠪᠴᠢᠭᠦᠯᠦᠨ ᠭᠠᠷᠭᠠᠭᠰᠠᠨ ᠦᠢᠯᠡᠰ ᠪᠤᠰᠬᠠᠭᠰᠠᠨ ᠵᠢᠵᠢᠭ ᠠᠵᠤ ᠠᠬᠤᠶᠢᠯᠠᠯ ᠨᠢ 10 ᠪᠣᠯᠵᠣ᠂ 50 ᠬᠦᠮᠦᠨ ᠢ ᠳᠠᠶᠢᠴᠢᠯᠠᠨ ᠠᠵᠢᠯ ᠣᠯᠭᠤᠪᠠ᠃ ᠪᠦᠬᠦ ᠵᠢᠯ ᠳᠤ 1415 ᠲᠦᠮᠡᠨ ᠲᠦᠭᠦᠷᠢᠭ ᠤᠨ ᠪᠠᠭ᠎ᠠ ᠲᠣᠭᠠᠨ ᠤ ᠵᠢᠭᠡᠯᠡᠯᠭᠡ ᠲᠠᠯᠪᠢᠵᠤ᠂ 489 ᠬᠦᠮᠦᠨ ᠢ ᠳᠠᠶᠢᠴᠢᠯᠠᠨ ᠠᠵᠢᠯ ᠣᠯᠭᠤᠪᠠ᠃ ᠠᠵᠢᠯ ᠣᠯᠭᠤᠯᠲᠠ ᠳᠠᠬᠢᠨ ᠠᠵᠢᠯ ᠣᠯᠭᠤᠯᠲᠠ ᠶᠢᠨ ᠠᠵᠢᠯ ᠭᠦᠨᠵᠡᠭᠡᠢ ᠦᠷᠨᠢᠭᠳᠡᠨ᠂ ᠪᠦᠬᠦ ᠵᠢᠯ  ᠳᠤ ᠬᠤᠲᠠ ᠪᠠᠯᠭᠠᠰᠣ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ 1640 ᠬᠦᠮᠦᠨ ᠪᠣᠯᠵᠣ᠂ ᠬᠤᠲᠠ ᠪᠠᠯᠭᠠᠰᠣ ᠶᠢᠨ 321 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠣ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠢ ᠰᠢᠯᠵᠢᠭᠦᠯᠦᠨ ᠠᠵᠢᠯ ᠣᠯᠭᠤᠭᠰᠠᠨ ᠨᠢ 100 ᠬᠦᠮᠦᠨ ᠪᠠᠶᠢᠵᠤ᠂ ᠳᠡᠭᠡᠳᠦ ᠰᠣᠷᠭᠠᠭᠤᠯᠢ ᠠᠴᠠ ᠲᠡᠭᠦᠰᠦᠭᠰᠡᠳ ᠤᠨ 445 ᠬᠦᠮᠦᠨ ᠳᠤ ᠠᠵᠢᠯ ᠣᠯᠭᠤᠬᠤ ᠶᠢ ᠪᠡᠶᠡᠯᠡᠭᠦᠯᠵᠦ᠂ ᠬᠤᠲᠠ ᠪᠠᠯᠭᠠᠰᠣ ᠶᠢᠨ ᠠᠵᠢᠯ ᠠᠯᠳᠠᠭᠰᠠᠨ ᠳᠠᠩᠰᠠᠯᠠᠭᠤᠯᠤᠭᠰᠠᠨ ᠨᠣᠷᠮ᠎ᠠ ᠶᠢ 3.83% ᠶᠢᠨ ᠳᠣᠲᠣᠷ᠎ᠠ ᠬᠢᠵᠠᠭᠠᠷᠯᠠᠪᠠ᠃ ᠶᠠᠳᠠᠭᠤ ᠶᠢ ᠲᠡᠳᠬᠦᠭᠦ ᠨᠡᠭᠡᠭᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ 675 ᠲᠦᠮᠡᠨ ᠲᠦᠭᠦᠷᠢᠭ ᠪᠡᠯᠡ ᠣᠷᠣᠭᠤᠯᠵᠣ᠂ 15 ᠭᠠᠴᠠᠭ᠎ᠠ ᠳᠤ ︽ᠭᠤᠷᠪᠠ ᠶᠢ ᠲᠣᠰᠬᠤᠨ ᠳᠤ ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ︾ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠦᠷᠦᠯ ᠵᠦᠢᠯ ᠢ ᠬᠡᠷᠡᠭᠵᠢᠭᠦᠯᠵᠦ᠂ 1139 ᠲᠦᠮᠡᠨ ᠲᠦᠭᠦᠷᠢᠭ ᠪᠡᠯᠡ ᠣᠷᠣᠭᠤᠯᠵᠣ 246 ᠡᠷᠦᠬᠡ ᠶᠢ ᠠᠮᠢ ᠠᠬᠤᠢ ᠶᠢᠨ ᠠᠷᠠᠳ ᠢ  ᠨᠡᠭᠦᠯᠭᠡᠨ ᠶᠠᠳᠠᠭᠤ ᠶᠢ ᠲᠡᠳᠭᠦᠵᠦ᠂ 1102 ᠶᠠᠳᠠᠭᠤ ᠬᠦᠴᠢᠷᠳᠡᠯᠲᠡᠢ ᠡᠷᠦᠬᠡ ᠳᠤ ᠮᠦᠩᠭᠦᠨ ᠭᠦᠢᠯᠭᠡᠭᠡᠨ ᠤ ᠶᠠᠳᠠᠭᠤ ᠶᠢ ᠳᠡᠳᠭᠦᠭᠦ ᠵᠢᠭᠡᠯᠡᠯᠭᠡ ᠶᠢ 7700 ᠲᠦᠮᠡᠨ ᠲᠦᠭᠦᠷᠢᠭ ᠲᠠᠯᠪᠢᠵᠤ᠂ ᠪᠦᠬᠦ ᠵᠢᠯ ᠳᠤ 563 ᠬᠦᠮᠦᠨ ᠢ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠪᠠ᠃ ᠨᠡᠶᠢᠭᠡᠮ ᠤᠨ ᠪᠠᠲᠤᠯᠠᠪᠣᠷᠢ  ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠨᠡᠶᠢᠭᠡᠮ ᠤᠨ ᠨᠠᠰᠣᠵᠢᠯ ᠤᠨ ᠳᠠᠭᠠᠳᠬᠠᠯ᠂ ᠬᠤᠲᠠ ᠪᠠᠯᠭᠠᠰᠣ ᠶᠢᠨ ᠡᠮᠨᠡᠯᠭᠡ ᠶᠢᠨ ᠳᠠᠭᠠᠳᠬᠠᠯ ᠢ ᠪᠦᠷᠬᠦᠬᠦᠯᠬᠦ ᠬᠡᠪᠴᠢᠶ᠎ᠡ ᠶᠢ ᠦᠷᠭᠡᠳᠬᠡᠵᠦ᠂ ᠳᠠᠭᠠᠳᠬᠠᠯ ᠳᠤ ᠣᠷᠣᠯᠴᠠᠭᠰᠠᠳ ᠤᠨ ᠲᠤᠭ᠎ᠠ ᠨᠢ ᠲᠣᠰ ᠲᠣᠰ 4.8 ᠲᠦᠮᠡᠨ ᠬᠦᠮᠦᠨ ᠪᠠ 11.3 ᠲᠦᠮᠡᠨ ᠬᠦᠮᠦᠨ ᠪᠣᠯᠪᠠ᠃ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠬᠦᠮᠦᠨ ᠳᠣᠮᠳᠠᠴᠢ ᠶᠢᠨ ᠵᠣᠭᠤᠰ ᠴᠣᠭᠯᠠᠭᠤᠯᠬᠤ ᠪᠠᠷᠢᠮᠵᠢᠶ᠎ᠠ ᠶᠢ 490 ᠲᠦᠭᠦᠷᠢᠭ ᠳᠤ ᠬᠦᠷᠭᠡᠵᠦ᠂ ᠣᠷᠣᠯᠴᠠᠭᠰᠠᠨ ᠨᠤᠷᠮ᠎ᠠ ᠨᠢ 100% ᠪᠣᠯᠪᠠ᠃ ᠨᠡᠶᠢᠭᠡᠮ ᠤᠨ ᠠᠪᠤᠷᠠᠨ ᠲᠣᠰᠠᠯᠠᠯᠲᠠ ᠶᠢᠨ ᠪᠠᠷᠢᠮᠵᠢᠶ᠎ᠠ ᠯᠠᠪᠳᠠᠭᠤᠨ ᠢᠶᠠᠷ ᠳᠡᠭᠡᠭᠰᠢᠯᠡᠵᠦ᠂ ᠬᠤᠲᠠ ᠬᠦᠳᠡᠭᠡ ᠶᠢᠨ ᠨᠠᠭᠠᠳᠣ ᠵᠠᠬ᠎ᠠ ᠶᠢᠨ ᠪᠠᠲᠣᠯᠠᠪᠣᠷᠢ ᠶᠢᠨ ᠪᠠᠷᠢᠮᠵᠢᠶ᠎ᠠ ᠶᠢ ᠦᠰᠬᠡᠬᠡᠳ 480 ᠲᠦᠭᠦᠷᠢᠭ ᠲᠤ ᠬᠦᠷᠬᠡᠵᠦ᠂ ᠪᠦᠬᠦ ᠵᠢᠯ ᠳᠤ ᠲᠠᠷᠬᠠᠭᠠᠭᠰᠠᠨ ᠬᠤᠲᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠤᠯᠠᠪᠤᠷᠢ ᠶᠢᠨ ᠪᠡᠯᠡ  ᠮᠦᠩᠭᠦ ᠨᠢ 4717.5 ᠲᠦᠮᠡᠨ ᠲᠦᠭᠦᠷᠢᠭ ᠪᠣᠯᠵᠣ᠂ ᠮᠠᠯᠵᠢᠬᠤ ᠣᠷᠣᠨ ᠤ ︽ᠲᠠᠪᠤᠨ ᠪᠠᠲᠤᠯᠠᠭᠠᠲᠤ ᠡᠷᠦᠬᠡ︾ ᠪᠣᠯᠣᠨ ᠬᠤᠲᠠ ᠪᠠᠯᠭᠠᠰᠣ ᠶᠢᠨ ︽ᠭᠤᠷᠪᠠᠨ ᠦᠭᠡᠢ︾ ᠬᠦᠮᠦᠰ ᠲᠤ 308.4 ᠲᠦᠮᠡᠨ ᠲᠦᠭᠦᠷᠢᠭ ᠲᠠᠷᠬᠠᠭᠠᠨ ᠥᠭᠴᠦ᠂ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ ᠲᠤ ᠳᠠᠭᠠᠷᠢᠭᠳᠠᠭᠰᠠᠳ ᠤᠨ ᠠᠮᠢᠳᠣᠷᠠᠯ ᠢ ᠲᠣᠰᠠᠯᠠᠬᠤ ᠪᠡᠯᠡ ᠮᠦᠩᠭᠦ ᠶᠢ 125 ᠲᠦᠮᠡᠨ ᠲᠦᠭᠦᠷᠢᠭ ᠲᠠᠷᠬᠠᠭᠠᠪᠠ᠃ ᠨᠡᠶᠢᠭᠡᠮ ᠤᠨ ᠠᠪᠤᠷᠠᠨ ᠲᠣᠰᠠᠯᠠᠯᠲᠠ ᠶᠢᠨ ︽ᠪᠠᠴᠢᠮ ᠪᠠᠶᠢᠳᠠᠯ ᠢ ᠠᠷᠭᠠᠴᠠᠬᠤ ᠳᠤ ᠬᠦᠴᠢᠷ︾ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠵᠠᠰᠠᠭ ᠤᠨ ᠣᠷᠳᠣᠨ ᠤ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃ ᠨᠡᠶᠢᠭᠡᠮ ᠤᠨ ᠠᠰᠠᠷᠠᠮᠵᠢ ᠶᠢᠨ ᠦᠢᠯᠡᠰ ᠢᠳᠡ ᠬᠦᠴᠦᠲᠡᠢ ᠬᠦᠭᠵᠢᠵᠦ᠂ ᠬᠤᠢ ᠰᠣᠮᠣ ᠵᠡᠷᠭᠡ 3 ᠮᠠᠯᠵᠢᠬᠤ ᠣᠷᠣᠨ ᠤ ᠬᠠᠷᠢᠯᠴᠠᠨ ᠬᠠᠪᠰᠣᠷᠣᠯᠴᠠᠬᠤ ᠵᠣᠯ ᠵᠢᠷᠭᠠᠯᠲᠤ ᠬᠦᠷᠢᠶᠡᠯᠡᠩ  ᠢ ᠪᠠᠶᠢᠭᠤᠯᠵᠤ ᠳᠠᠭᠤᠰᠬᠠᠪᠠ᠃ ᠳᠣᠣᠷ᠎ᠠ ᠣᠷᠣᠯᠭᠠᠲᠤ ᠰᠠᠭᠤᠭᠠᠯᠢ ᠠᠷᠠᠳ ᠪᠠ ᠮᠠᠯᠴᠢᠳ ᠪᠦᠷᠢ ᠳᠤ ᠵᠢᠯ ᠪᠦᠷᠢ 1 ᠳᠣᠨ ᠳᠣᠯᠠᠭᠠᠯᠠᠯᠭ᠎ᠠ ᠶᠢᠨ ᠨᠡᠭᠦᠷᠡᠰᠦ ᠥᠭᠬᠦ᠂ ᠳᠣᠣᠷ᠎ᠠ ᠣᠷᠣᠯᠭᠠᠲᠤ ᠭᠡᠷ ᠪᠦᠯᠢ ᠶᠢᠨ ᠣᠶᠣᠲᠠᠨ ᠪᠦᠷᠢ ᠳᠤ 1 ᠲᠦᠮᠡᠨ ᠲᠦᠭᠦᠷᠢᠭ ᠤᠨ ᠰᠣᠷᠣᠯᠭ᠎ᠠ ᠶᠢ ᠲᠡᠳᠬᠦᠬᠦ ᠵᠣᠭᠤᠰ ᠥᠭᠬᠦ᠂ ᠠᠵᠢᠯ ᠲᠠᠢ ᠬᠦᠮᠦᠨ ᠦᠭᠡᠢ ᠭᠡᠷ ᠪᠦᠯᠢ ᠳᠤ ᠠᠳᠠᠭ ᠪᠠᠭ᠎ᠠ ᠳᠠᠭᠠᠨ 1 ᠬᠦᠮᠦᠨ ᠳᠤᠨᠢ ᠠᠵᠢᠯ ᠣᠯᠭᠤᠬᠤ᠂ ᠭᠤᠷᠪᠠᠨ ᠵᠦᠢᠯ ᠤᠨ ᠠᠷᠠᠳ ᠤᠨ ᠠᠮᠢᠳᠣᠷᠠᠯ ᠤᠨ ᠪᠤᠳᠠᠳᠣ ᠬᠡᠷᠡᠭ ᠨᠢ ᠪᠦᠲᠦᠮᠵᠢᠲᠡᠢ  ᠪᠠᠷ ᠨᠠᠶᠢᠳᠠᠪᠤᠷᠢᠵᠢᠭᠳᠠᠪᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠪᠦᠬᠦ ᠬᠦᠴᠦᠨ ᠢᠶᠠᠷ ᠠᠬᠢᠭᠤᠯᠤᠭᠳᠠᠵᠤ᠂ 3.54 ᠳ᠋ᠥᠩᠰᠢᠭᠤᠷ ᠲᠦᠭᠦᠷᠢᠭ ᠤᠨ ᠶᠡᠷᠥᠩᠬᠡᠢ ᠪᠡᠯᠡ ᠣᠷᠣᠭᠤᠯᠵᠣ᠂ 410 ᠡᠷᠦᠬᠡ ᠶᠢᠨ ᠬᠡᠷ ᠪᠠᠶᠢᠰᠢᠩ ᠢ ᠪᠠᠶᠢᠭᠤᠯᠤᠨ ᠪᠦᠲᠦᠭᠡᠵᠦ᠂ 735 ᠡᠷᠦᠬᠡ ᠶᠢᠨ ᠬᠡᠷ ᠪᠠᠶᠢᠰᠢᠩ ᠢ ᠶᠠᠭ ᠰᠠᠶ᠋ᠢᠬᠠᠨ ᠪᠠᠶᠢᠭᠤᠯᠵᠤ ᠪᠠᠶᠢᠬᠤ ᠪᠠ 429 ᠡᠷᠦᠬᠡ ᠶᠢᠨ ᠭᠡᠷ ᠪᠠᠶᠢᠰᠢᠩ ᠢ ᠰᠡᠯᠪᠢᠨ ᠵᠠᠰᠠᠪᠠ︔ 315 ᠬᠦᠨ ᠬᠤᠳᠳᠤᠭ ᠮᠠᠯᠲᠠᠵᠤ ᠥᠭᠭᠦᠨ᠂ 5200 ᠬᠦᠮᠦᠨ ᠤ ᠠᠮᠤᠷ ᠲᠦᠪᠰᠢᠨ ᠣᠰᠣ ᠣᠮᠳᠠ ᠶᠢᠨ ᠠᠰᠠᠭᠤᠳᠠᠯ ᠢ ᠰᠢᠢᠳᠪᠦᠷᠢᠯᠡᠪᠡ︔ 133 ᠺᠢᠯᠣᠮᠧᠲᠷ ᠣᠷᠲᠣ ᠵᠡᠭᠡᠯᠢ ᠭᠤᠳᠣᠮᠵᠢ ᠶᠢ ᠬᠠᠲᠠᠭᠤᠷᠠᠭᠤᠯᠵᠤ᠂ 99 ᠺᠢᠯᠣᠮᠧᠲᠷ ᠬᠠᠶᠢᠷ ᠴᠢᠯᠠᠭᠤᠨ ᠵᠠᠮ ᠢ ᠰᠢᠨ᠎ᠡ ᠪᠠᠷ ᠳᠡᠪᠢᠰᠴᠦ᠂ 11.4 ᠺᠢᠯᠤᠮᠧᠲᠷ ᠭᠤᠣᠯ ᠵᠠᠮ ᠠᠴᠠ ᠡᠷᠦᠬᠡ ᠳᠤ ᠣᠷᠣᠬᠤ ᠰᠠᠯᠠᠭ᠎ᠠ ᠵᠠᠮ ᠳᠡᠪᠢᠰᠪᠡ︔ ᠴᠠᠬᠢᠯᠭᠠᠨ ᠦᠭᠡᠢ 353 ᠡᠷᠦᠬᠡ ᠳᠤ ᠴᠠᠬᠢᠯᠭᠠᠨ ᠨᠡᠪᠲᠡᠷᠡᠭᠦᠯᠪᠡ︔ ᠰᠣᠷᠭᠠᠭᠤᠯᠢ ᠶᠢᠨ ᠭᠡᠷ ᠪᠠᠶᠢᠰᠢᠩ ᠤᠨ ᠠᠮᠣᠷ ᠲᠦᠪᠰᠢᠨ ᠪᠣᠯᠣᠨ ᠲᠣᠰᠬᠤᠨ ᠪᠣᠯᠭᠠᠨ ᠳᠤ ᠷᠠᠳᠢᠤ᠋ ᠲᠧᠯᠸᠢᠰ ᠨᠡᠪᠲᠡᠷᠡᠭᠦᠯᠬᠦ  ᠶᠢ ᠪᠦᠬᠦᠨ ᠢ ᠪᠦᠷᠬᠦᠭᠦᠯᠪᠡ︔ 7 ᠭᠠᠴᠠᠭ᠎ᠠ ᠶᠢᠨ ᠡᠷᠡᠭᠦᠯ ᠬᠠᠮᠠᠭᠠᠯᠠᠯ ᠤᠨ ᠦᠷᠲᠡᠭᠡ ᠶᠢ ᠰᠢᠨ᠎ᠡ ᠪᠠᠷ ᠪᠠᠶᠢᠭᠤᠯᠪᠠ︔ ᠭᠠᠴᠠᠭ᠎ᠠ ᠶᠢᠨ ᠮᠠᠯᠴᠢᠳ ᠲᠤ ᠦᠢᠯᠡᠴᠢᠯᠡᠬᠦ ᠶᠡᠷᠥᠩᠬᠡᠢ ᠴᠣᠬᠴᠠ ᠵᠢᠴᠢ 12 ᠠᠵᠢᠯᠯᠠᠭᠠᠨ ᠤ ᠭᠡᠷ ᠢ ᠰᠢᠨ᠎ᠡ ᠪᠠᠷ ᠪᠠᠶᠢᠭᠤᠯᠬᠤ ᠪᠠ ᠳᠡᠰ ᠳᠡᠪᠰᠢᠭᠦᠯᠦᠨ ᠦᠭᠡᠷᠡᠴᠢᠯᠡᠵᠦ᠂ ᠮᠠᠯᠴᠢᠳ ᠤᠨ ᠰᠣᠶᠣᠯ ᠤᠨ ᠠᠭᠤᠳᠠᠮ ᠲᠠᠯᠠᠪᠠᠢ ᠶᠢ 8 ᠶᠢ ᠰᠢᠨ᠎ᠡ ᠪᠠᠷ ᠪᠠᠶᠢᠭᠤᠯᠪᠠ︔ ᠠᠷᠠᠳ ᠲᠤ ᠳᠦᠭᠦᠮ ᠦᠵᠡᠭᠦᠯᠬᠦ ᠬᠡᠯᠬᠢᠶ᠎ᠡ ᠬᠡᠳᠦ ᠳᠡᠯᠭᠡᠭᠦᠷ ᠢ 18 ᠶᠢ ᠰᠢᠨ᠎ᠡ ᠪᠠᠷ ᠪᠠᠶᠢᠭᠤᠯᠤᠭᠰᠠᠨ ᠪᠠ ᠦᠭᠡᠷᠡᠴᠢᠯᠡᠵᠦ ᠪᠠᠶᠢᠭᠤᠯᠪᠠ︔ 3345 ᠨᠡᠷᠡᠰ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠦᠨᠳᠦᠰᠦᠨ ᠨᠠᠰᠣᠵᠢᠯ ᠤᠨ ᠳᠠᠭᠠᠳᠬᠠᠯ ᠤᠨ ᠮᠦᠩᠭᠦ ᠲᠠᠷᠬᠠᠭᠠᠬᠤ ᠪᠠᠷᠢᠮᠵᠢᠶ᠎ᠠ ᠶᠢ ᠬᠦᠮᠦᠨ ᠨᠢᠭᠡᠪᠦᠷᠢ ᠶᠢᠨ ᠰᠠᠷ᠎ᠠ ᠳᠤ 125 ᠲᠦᠭᠦᠷᠢᠭ ᠪᠠᠶᠢᠭᠰᠠᠨ ᠢ ᠦᠰᠬᠡᠬᠡᠳ 145 ᠲᠦᠭᠦᠷᠢᠭ ᠪᠣᠯᠭᠠᠵᠤ᠂ 272 ᠨᠡᠷᠡᠰ ᠪᠦᠬᠦᠯᠢ 80 ᠨᠠᠰᠣ ᠶᠢ ᠳᠠᠪᠠᠭᠰᠠᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠤᠯᠠᠪᠤᠷᠢ ᠲᠠᠢ ᠬᠦᠮᠦᠰ ᠢ ᠦᠨᠳᠦᠷ ᠨᠠᠰᠣᠨ ᠤ ᠨᠡᠮᠡᠭᠦᠷᠢ ᠥᠭᠭᠦ ᠬᠡᠪᠴᠢᠶᠡᠨ ᠳᠤ ᠣᠷᠣᠭᠤᠯᠪᠠ᠃      ︵ᠳᠣᠯᠤᠭ᠎ᠠ︶ ᠠᠷᠠᠳᠴᠢᠯᠠᠯ ᠬᠠᠣᠯᠢ ᠳᠦᠷᠢᠮ ᠤᠨ ᠪᠠᠶᠢᠭᠤᠯᠤᠯᠲᠠ ᠲᠠᠰᠣᠷᠠᠯᠲᠠ ᠦᠭᠡᠢ ᠴᠢᠩᠭᠠᠳᠬᠠᠭᠳᠠᠪᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠣᠯᠢ ᠴᠠᠭᠠᠵᠠ ᠶᠢᠨ ᠬᠢᠨᠠᠯᠲᠠ ᠲᠠᠯᠪᠢᠯᠲᠠ᠂ ᠺᠠᠳ᠋ᠷ ᠤᠨ ᠬᠢᠨᠠᠯᠲᠠ ᠲᠠᠯᠪᠢᠯᠲᠠ᠂ ᠠᠵᠢᠯ  ᠤᠨ ᠬᠢᠨᠠᠯᠲᠠ ᠲᠠᠯᠪᠢᠯᠲᠠ ᠪᠤᠯᠤᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠠᠷᠠᠳᠴᠢᠯᠠᠯ ᠤᠨ ᠬᠢᠨᠠᠯᠲᠠ ᠲᠠᠯᠪᠢᠯᠲᠠ ᠶᠢ ᠣᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠰᠠᠭ ᠤᠨ ᠣᠷᠳᠣᠨ ᠤ ᠠᠵᠢᠯ ᠳᠤ ᠳᠣᠷᠠᠳᠣᠭᠰᠠᠨ ᠡᠯ᠎ᠡ ᠵᠦᠢᠯ ᠤᠨ ᠱᠠᠭᠠᠷᠳᠠᠯᠭ᠎ᠠ ᠳᠤ ᠨᠢᠮᠪᠡᠢ ᠬᠠᠷᠢᠭᠤᠯᠲᠠ ᠥᠭᠴᠦ᠂ ᠪᠦᠬᠦ ᠵᠢᠯ ᠳᠤ ᠠᠷᠠᠳ ᠤᠨ ᠲᠦᠯᠦᠭᠡᠯᠡᠭᠴᠢᠳ ᠤᠨ ᠳᠣᠷᠠᠳᠣᠭᠰᠠᠨ 74 ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠳᠣᠷᠠᠳᠣᠭᠰᠠᠨ 59 ᠳᠣᠷᠠᠳᠣᠯᠭ᠎ᠠ ᠶᠢ ᠬᠦᠢᠴᠡᠳᠬᠡᠪᠡ᠃ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠪᠠ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠣ᠂ ᠡᠯ᠎ᠡ ᠲᠠᠯ᠎ᠠ ᠶᠢᠨ ᠬᠢᠨᠠᠯᠲᠠ ᠲᠠᠯᠪᠢᠯᠲᠠ ᠶᠢ ᠣᠬᠠᠮᠰᠠᠷ ᠠᠴᠠ ᠪᠠᠨ ᠬᠦᠯᠢᠶᠡᠪᠡ᠃ ᠨᠠᠮ ᠤᠨ ᠰᠣᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠨᠠᠶᠢᠳᠠᠪᠤᠷᠢᠵᠢᠭᠤᠯᠵᠣ᠂ ᠲᠦᠪ ᠤᠨ ᠨᠠᠢᠮᠠᠨ ᠵᠦᠢᠯ ᠤᠨ ᠲᠣᠭᠲᠠᠭᠠᠯ᠂ ᠦᠪᠡᠷᠲᠡᠭᠡᠨ ᠵᠠᠰᠠᠬᠤ ᠣᠷᠣᠨ ᠤ 28 ᠵᠦᠢᠯ ᠤᠨ ᠲᠦᠬᠦᠷᠵᠢᠭᠦᠯᠦᠭᠰᠡᠨ ᠲᠣᠭᠲᠠᠭᠠᠯ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠣᠷᠲᠠᠯ ᠤᠨ ᠬᠤᠪᠢᠷᠠᠭᠤᠯᠤᠯᠲᠠ ᠶᠢ ᠴᠢᠩᠭ᠎ᠠ ᠠᠳᠬᠤᠭᠰᠠᠨ ᠢᠶᠠᠷ ᠪᠦᠬᠦ ᠬᠤᠰᠢᠭᠤᠨ ᠤ ︽ᠭᠤᠷᠪᠠᠨ ᠠᠯᠪᠠᠨ︾ ᠤ ᠵᠠᠷᠤᠳᠠᠯ 23.7% ᠢᠶᠠᠷ ᠪᠠᠭᠤᠷᠠᠵᠤ᠂ ᠪᠠᠷᠢᠮᠵᠢᠶᠠᠵᠢᠨ ᠠᠴᠠ ᠬᠡᠳᠦᠷᠡᠭᠦᠯᠦᠨ ᠲᠣᠬᠢᠷᠠᠭᠤᠯᠤᠭᠰᠠᠨ 7 ᠬᠡᠬᠡᠷᠯᠡᠨ ᠠᠶᠠᠯᠠᠬᠤ ᠮᠠᠰᠢᠨ ᠢ ᠰᠢᠢᠳᠪᠦᠷᠢᠯᠡᠪᠡ᠃ ᠪᠦᠬᠦ ᠬᠤᠰᠢᠭᠤᠨ ᠤ ᠶᠢᠰᠦᠳᠦᠭᠡᠷ ᠣᠳᠠᠭᠠᠨ ᠤ ᠭᠠᠴᠠᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠠᠮᠵᠢᠯᠲᠠ ᠲᠠᠢ ᠪᠡᠶᠡᠯᠡᠭᠦᠯᠪᠡ᠃ ︽ᠭᠤᠷᠪᠠᠨ ᠴᠢᠩᠭ᠎ᠠ ᠭᠤᠷᠪᠠᠨ ᠪᠣᠳᠠᠳᠠᠢ︾ ᠪᠠᠶᠢᠬᠤ ᠲᠣᠰᠬᠠᠢ ᠵᠦᠢᠯ ᠤᠨ ᠬᠦᠮᠦᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠭᠦᠯᠵᠦ᠂ ᠴᠢᠩᠭ᠎ᠠ ᠪᠣᠰᠣ ᠪᠣᠳᠠᠳᠠᠢ ᠪᠣᠰᠣ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠨᠡᠶᠢᠭᠡᠮ ᠤᠨ ᠠᠮᠤᠷ ᠬᠠᠮᠠᠭᠠᠯᠠᠯᠲᠠ ᠶᠢ ᠶᠡᠷᠥᠩᠬᠡᠶᠢᠯᠡᠨ ᠵᠠᠰᠠᠬᠤ ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠨᠠᠶᠢᠳᠠᠪᠤᠷᠢᠵᠢᠭᠤᠯᠵᠤ᠂ ᠵᠦᠷᠢᠴᠡᠯ ᠮᠠᠷᠭᠤᠭᠠᠨ ᠢ ᠵᠢᠭᠰᠠᠭᠠᠨ ᠪᠠᠶᠢᠴᠠᠭᠠᠵᠤ ᠡᠶᠡᠲᠡᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠠᠣᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠣᠯᠢ ᠶᠣᠰᠣᠭᠠᠷ ᠴᠣᠬᠢᠯᠲᠠ ᠥᠭᠴᠦ᠂ ᠨᠢᠭᠡ ᠪᠦᠯᠦᠭ ᠬᠠᠮᠲᠣᠯᠢᠭ ᠤᠨ ᠴᠢᠨᠠᠷᠲᠠᠢ ᠳᠡᠭᠡᠭᠰᠢ ᠰᠣᠷᠪᠣᠯᠵᠢᠯᠠᠬᠤ ᠬᠡᠷᠡᠭ ᠢ ᠲᠣᠬᠢᠷᠠᠮᠵᠢᠲᠠᠢ ᠰᠢᠢᠳᠪᠦᠷᠢᠯᠡᠬᠦ ᠪᠠ ᠪᠦᠲᠦᠮᠵᠢᠲᠡᠢ ᠨᠠᠮᠳᠠᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠶᠡᠷᠥᠩᠬᠡᠢ ᠪᠠᠶᠢᠳᠠᠯ ᠢ ᠠᠯᠬᠤᠮ ᠴᠢᠨᠠᠭᠰᠢᠲᠠ ᠪᠠᠲᠤᠳᠬᠠᠪᠠ᠃ ᠦᠨᠳᠦᠰᠦᠲᠡᠨ ᠱᠠᠰᠢᠨ ᠰᠣᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠣᠯᠢ ᠶᠣᠰᠣᠭᠠᠷ ᠴᠢᠩᠭᠠᠳᠬᠠᠵᠣ᠂ ᠠᠶᠤᠯᠭᠦᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠴᠢᠩᠭᠠᠳᠬᠠᠵᠣ᠂ ᠪᠦᠬᠦ ᠬᠤᠰᠢᠭᠤᠨ ᠤ ᠦᠨᠳᠦᠰᠦᠲᠡᠨ ᠪᠦᠯᠬᠦᠮᠳᠡᠵᠦ᠂ ᠬᠢᠯᠢ ᠬᠢᠵᠠᠭᠠᠷ ᠣᠷᠣᠨ ᠠᠮᠤᠷ ᠲᠣᠭᠲᠠᠭᠤᠨ ᠪᠠᠶᠢᠬᠤ ᠰᠠᠶᠢᠨ ᠪᠠᠶᠢᠳᠠᠯ ᠢ ᠪᠠᠲᠤᠯᠠᠪᠠ᠃ ᠠᠵᠢᠯᠴᠢᠨ ᠤ ᠡᠪᠯᠡᠯ ᠡᠪ ᠬᠠᠮᠲᠤ ᠵᠠᠯᠠᠭᠤᠴᠣᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠦᠬᠦᠷᠭᠡ ᠬᠤᠯᠪᠣᠭᠠᠰᠣ ᠶᠢᠨ ᠦᠢᠯᠡᠳᠦᠯ ᠢ ᠭᠦᠢᠴᠡᠳ  ᠪᠠᠳᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠮᠡᠳᠡᠯᠭᠡ ᠵᠠᠩᠬᠢᠵᠢᠯᠲᠠ ᠶᠢᠨ ᠪᠠᠶᠢᠭᠤᠯᠤᠯᠲᠠ᠂ ᠭᠠᠳᠠᠭᠠᠳᠣ ᠶᠠᠪᠤᠳᠠᠯ ᠬᠠᠷᠢᠶᠠᠲᠤ ᠶᠢᠨ ᠬᠡᠷᠡᠭ ᠵᠡᠷᠭᠡ ᠠᠵᠢᠯ ᠡᠷᠡᠭᠦᠯ ᠢᠶᠠᠷ ᠬᠦᠭᠵᠢᠵᠦ᠂ ᠰᠢᠣᠳᠠᠨ᠂ ᠴᠢᠮᠡᠭᠡ ᠨᠡᠪᠲᠡᠷᠡᠯᠭᠡ᠂ ᠮᠦᠩᠬᠦᠨ ᠭᠦᠢᠯᠭᠡᠭᠡᠨ ᠵᠡᠷᠭᠡ ᠰᠠᠯᠠᠭ᠎ᠠ ᠮᠦᠴᠢᠷ ᠤᠳ ᠦᠪᠡᠷᠲᠡᠭᠡᠨ ᠵᠠᠰᠠᠬᠤ ᠬᠤᠰᠢᠭᠤᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠢᠶᠠᠨ ᠦᠵᠡᠭᠦᠯᠦᠭᠰᠡᠨ ᠪᠠᠶᠢᠨ᠎ᠠ᠃      ᠲᠦᠯᠦᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠪᠣᠯ ᠪᠢᠳᠡ ᠥᠭᠡᠷᠡᠴᠢᠯᠡᠯᠲᠡ ᠶᠢᠨ ᠳᠣᠮᠳᠠ ᠬᠦᠭᠵᠢᠵᠦ᠂ ᠰᠢᠨ᠎ᠡ ᠶᠢ ᠡᠭᠦᠳᠬᠦ ᠳᠣᠮᠳᠠ ᠣᠷᠣᠭᠰᠢᠯᠠᠵᠤ᠂ ᠲᠡᠮᠡᠴᠡᠬᠦ ᠶᠠᠪᠤᠴᠠ ᠳᠠᠭᠠᠨ ᠬᠦᠭᠵᠢᠨ ᠮᠠᠨᠳᠣᠭᠰᠠᠨ ᠲᠠᠪᠤᠨ ᠵᠢᠯ ᠮᠦᠨ᠃ ᠪᠠᠰᠠᠴᠤ ᠦᠪᠡᠷᠲᠡᠭᠡᠨ ᠵᠠᠰᠠᠬᠤ ᠬᠤᠰᠢᠭᠤᠨ ᠤ ᠲᠡᠣᠬᠡᠨ ᠳᠡᠭᠡᠷ᠎ᠡ ᠬᠦᠭᠵᠢᠯᠲᠡ ᠪᠠᠷ ᠬᠠᠮᠤᠭ ᠬᠤᠷᠳᠣᠨ᠂ ᠦᠷ᠎ᠡ ᠪᠦᠲᠦᠮᠵᠢ ᠪᠠᠷ ᠬᠠᠮᠤᠭ ᠰᠠᠶᠢᠨ᠂ ᠠᠷᠠᠳ ᠣᠯᠠᠨ ᠬᠠᠮᠤᠭ ᠣᠯᠠᠨ ᠠᠰᠢᠭ ᠬᠦᠷᠲᠡᠭᠰᠡᠨ ᠲᠠᠪᠤᠨ ᠵᠢᠯ ᠮᠦᠨ᠃ ᠡᠳᠡᠭᠡᠷ ᠠᠮᠵᠢᠯᠲᠠ ᠶᠢ ᠣᠯᠣᠭᠰᠠᠨ ᠨᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠦᠪ ᠣᠨᠣᠪᠴᠢᠲᠠᠢ ᠣᠳᠣᠷᠢᠳᠣᠭᠰᠠᠨ ᠤ ᠦᠷ᠎ᠡ ᠳ᠋ᠥᠩ᠂ ᠬᠤᠰᠢᠭᠤᠨ  ᠤ ᠨᠠᠮ ᠤᠨ ᠬᠤᠷᠢᠶ᠎ᠠ ᠶᠢᠨ ᠰᠢᠨᠵᠢᠯᠡᠬᠦ ᠣᠬᠠᠭᠠᠨᠴᠢ ᠠᠷᠭ᠎ᠠ ᠪᠤᠳᠣᠯᠬ᠎ᠠ ᠲᠣᠭᠲᠠᠭᠠᠭᠰᠠᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠣᠯᠢ ᠶᠣᠰᠣᠭᠠᠷ ᠬᠢᠨᠠᠯᠲᠠ ᠲᠠᠯᠪᠢᠭᠰᠠᠨ᠂ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠤ ᠦᠷ᠎ᠡ ᠳ᠋ᠦᠩ᠂ ᠨᠡᠩ ᠴᠦ ᠪᠦᠬᠦ ᠬᠤᠰᠢᠭᠤ ᠳᠠᠶᠠᠭᠠᠷ ᠰᠡᠳᠬᠢᠯ ᠨᠢᠭᠡᠳᠦᠨ᠂ ᠪᠣᠳᠠᠳᠠᠢ ᠶᠢ ᠡᠷᠬᠢᠮᠯᠡᠨ ᠠᠵᠢᠯᠯᠠᠭᠰᠠᠨ ᠤ ᠦᠷ᠎ᠡ ᠳ᠋ᠥᠩ ᠪᠣᠯᠣᠨ᠎ᠠ᠃ ᠠᠳᠡ᠂ ᠪᠢ ᠬᠤᠰᠢᠭᠤᠨ ᠤ ᠵᠠᠰᠠᠭ ᠤᠨ ᠣᠷᠳᠣᠨ ᠤ ᠡᠮᠦᠨ᠎ᠡ ᠠᠴᠠ ᠦᠪᠡᠷᠲᠡᠭᠡᠨ ᠵᠠᠰᠠᠬᠤ ᠬᠤᠰᠢᠭᠤᠨ ᠤ ᠪᠦᠲᠦᠭᠡᠨ ᠪᠠᠶᠢᠭᠤᠯᠤᠯᠲᠠ ᠪᠣᠯᠣᠨ ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕       ᠲᠠᠪᠤᠨ ᠵᠢᠯ ᠤᠨ ᠠᠵᠢᠯ ᠢᠶᠠᠨ ᠡᠷᠬᠢᠴᠡᠭᠦᠯᠪᠡᠯ᠂ ᠪᠢᠳᠡ ᠮᠠᠰᠢ ᠣᠯᠠᠨ ᠦᠨᠡᠲᠦ ᠲᠣᠷᠰᠢᠯᠭ᠎ᠠ ᠲᠠᠢ ᠪᠤᠯᠤᠭᠰᠠᠨ ᠪᠠᠶᠢᠨ᠎ᠠ᠄ ᠨᠢᠭᠡ ᠳᠤ ᠡᠷᠬᠡᠪᠰᠢ ᠦᠵᠡᠯ ᠰᠠᠨᠠᠭ᠎ᠠ ᠪᠠᠨ ᠴᠠᠭ ᠢᠮᠠᠭᠲᠠ ᠴᠢᠯᠦᠭᠡᠯᠡᠨ᠂ ᠭᠦᠭᠵᠢᠯᠲᠡ ᠶᠢᠨ ᠰᠡᠳᠬᠢᠴᠡ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠬᠤ ᠬᠡᠷᠡᠭᠲᠡᠢ᠂ ᠡᠨᠡ ᠪᠣᠯ ᠬᠦᠭᠵᠢᠯᠲᠡ ᠶᠢ ᠲᠦᠷᠭᠡᠳᠬᠡᠬᠦ ᠦᠨᠳᠦᠰᠦᠨ ᠣᠷᠢᠳᠠᠯ ᠮᠥᠨ︔ ᠬᠤᠶᠠᠷ ᠲᠤ ᠡᠷᠬᠡᠪᠰᠢ ᠦᠭᠡᠷᠡᠴᠢᠯᠡᠯᠲᠡ ᠨᠡᠭᠡᠭᠡᠯᠲᠡ ᠶᠢ ᠬᠦᠴᠦᠲᠡᠢ ᠲᠦᠯᠬᠢᠨ ᠠᠬᠢᠭᠤᠯᠵᠤ᠂ ᠬᠦᠭᠵᠢᠭᠦᠯᠬᠦ ᠨᠦᠬᠡᠴᠡ ᠭᠦᠴᠦ ᠶᠢ ᠨᠡᠮᠡᠭᠳᠡᠭᠦᠯᠬᠦ ᠬᠡᠷᠡᠭᠲᠡᠢ᠂ ᠡᠨᠡ ᠪᠣᠯ ᠠᠵᠤ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠬᠦᠴᠦᠷᠬᠡᠭ ᠶᠡᠭᠡ ᠬᠦᠳᠡᠯᠭᠡᠭᠴᠢ ᠬᠦᠴᠦᠨ ᠮᠦᠨ︔ ᠭᠤᠷᠪᠠ ᠳᠤ ᠡᠷᠬᠡᠪᠰᠢ ᠭᠤᠣᠯᠳᠠᠯᠭ᠎ᠠ ᠲᠠᠢ ᠪᠠᠷ ᠰᠢᠪᠲᠣᠯᠵᠣ᠂ ᠬᠦᠭᠵᠢᠭᠦᠯᠦᠯᠲᠡ ᠶᠢᠨ ᠪᠠᠶᠢᠯᠳᠣᠬᠤ ᠪᠣᠳᠣᠯᠭ᠎ᠠ ᠪᠠᠨ ᠰᠢᠯᠢᠳᠡᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠠᠷᠠᠳ ᠢᠶᠠᠨ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠶᠢᠨ ᠦᠨᠳᠦᠰᠦᠨ ᠠᠷᠭ᠎ᠠ ᠪᠣᠳᠣᠯᠭ᠎ᠠ ᠮᠦᠨ︔ ᠳᠦᠷᠪᠡ ᠳᠤ ᠡᠷᠬᠡᠪᠰᠢ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠬᠠᠮᠲᠣᠪᠡᠷ ᠴᠡᠴᠡᠭᠯᠡᠨ ᠬᠦᠭᠵᠢᠭᠰᠡᠨ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ᠂ ᠡᠨᠡ ᠪᠣᠯ ᠦᠳᠲᠦᠷ ᠲᠦᠷᠭᠡᠨ ᠬᠦᠭᠵᠢᠬᠦ ᠶᠢᠨ ᠦᠨᠳᠦᠰᠦᠨ ᠪᠠᠲᠣᠯᠠᠭ᠎ᠠ ᠮᠦᠨ᠃      ᠪᠢᠳᠡ ᠠᠮᠵᠢᠯᠲᠠ ᠪᠠᠨ ᠨᠤᠲᠠᠯᠠᠬᠤ ᠶᠢᠨ ᠬᠠᠮᠲᠤ ᠪᠠᠰᠠ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠠᠪᠤᠴᠠ ᠳᠤ ᠵᠠᠶᠢᠯᠠᠭᠤᠯᠵᠤ ᠪᠣᠯᠣᠰᠢ ᠦᠭᠡᠢ ᠵᠦᠷᠢᠴᠡᠯ ᠪᠣᠯᠣᠨ ᠠᠰᠠᠭᠤᠳᠠᠯ ᠣᠷᠣᠰᠢᠵᠤ ᠪᠠᠶᠢᠬᠤ ᠶᠢ ᠰᠡᠷᠬᠡᠭ ᠢᠶᠠᠷ ᠲᠠᠨᠢᠵᠤ ᠣᠯᠪᠠ᠂ ᠭᠤᠣᠯ ᠢᠯᠡᠷᠡᠯ ᠨᠢ᠄ ᠠᠵᠤ ᠠᠬᠤᠢ ᠶᠢᠨ ᠪᠦᠲᠦᠴᠡ ᠵᠦᠢ ᠵᠣᠬᠢᠰ ᠦᠭᠡᠢ᠂ ᠶᠡᠷᠥᠩᠬᠡᠢ ᠬᠡᠮᠵᠢᠶ᠎ᠡ ᠨᠢ ᠲᠡᠶᠢᠮᠤ ᠶᠡᠭᠡ ᠪᠢᠰᠢ᠂ ᠬᠦᠭᠵᠢᠭᠦᠯᠦᠯᠲᠡ ᠶᠢᠨ ᠠᠷᠭ᠎ᠠ ᠬᠡᠯᠪᠡᠷᠢ ᠪᠦᠳᠦᠭᠦᠯᠢᠭ᠂ ᠦᠷᠢᠰᠦᠯᠳᠦᠭᠡᠨ ᠤ ᠳᠠᠪᠠᠭᠤᠯᠢᠭ ᠲᠡᠶᠢᠮᠦ ᠢᠯᠡᠷᠬᠡᠢ ᠪᠢᠰᠢ ᠪᠠᠶᠢᠬᠤ︔ ᠬᠤᠲᠠ ᠬᠦᠳᠡᠭᠡ ᠶᠢᠨ ᠬᠦᠭᠵᠢᠯᠲᠡ ᠮᠦᠨ ᠯᠡ ᠲᠡᠩᠴᠡᠭᠦᠷᠢ ᠦᠭᠡᠢ ᠪᠠᠶᠢᠵᠤ᠂ ᠵᠠᠷᠢᠮ ᠠᠷᠠᠳ ᠣᠯᠠᠨ ᠤ ᠠᠮᠢᠳᠣᠷᠠᠯ ᠪᠠᠰᠠ ᠬᠦᠴᠢᠷᠳᠡᠯᠲᠡᠢ ᠪᠠᠶᠢᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠬᠦ ᠴᠢᠬᠤᠯᠠ ᠲᠠᠢ ᠪᠠᠶᠢᠬᠤ︔ ᠣᠷᠣᠨ ᠨᠣᠲᠤᠭ ᠤᠨ ᠠᠵᠤ ᠠᠬᠤᠢ ᠶᠢᠨ ᠳᠣᠲᠣᠭᠠᠲᠤ ᠶᠢᠨ ᠬᠦᠳᠡᠯᠬᠡᠬᠦ ᠬᠦᠴᠦ ᠳᠣᠲᠠᠮᠠᠭ ᠪᠠᠶᠢᠵᠤ᠂ ᠡᠵᠡᠨ ᠮᠡᠳᠡᠵᠦ ᠣᠷᠣᠯᠭ᠎ᠠ ᠪᠠᠨ ᠨᠡᠮᠡᠭᠳᠡᠭᠦᠯᠬᠦ ᠲᠣᠭᠲᠠᠴᠠ ᠪᠣᠯᠣᠨ ᠰᠢᠨ᠎ᠡ ᠶᠢ ᠡᠭᠦᠳᠦᠨ ᠬᠦᠭᠵᠢᠭᠦᠯᠬᠦ ᠡᠭᠦᠷᠭᠡ ᠮᠦᠨ ᠯᠡ ᠪᠡᠷᠬᠡ ᠬᠠᠲᠠᠭᠤᠵᠢᠯᠲᠠᠢ ᠪᠠᠶᠢᠭᠰᠠᠭᠠᠷ︔ ᠬᠠᠣᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠵᠤ᠂ ᠵᠠᠷᠢᠮ ᠰᠠᠯᠠᠭ᠎ᠠ ᠮᠦᠴᠢᠷ ᠤᠨ ᠬᠠᠣᠯᠢ ᠶᠣᠰᠣᠭᠠᠷ ᠵᠠᠰᠠᠭ ᠪᠠᠷᠢᠬᠤ ᠴᠢᠳᠠᠪᠤᠷᠢ ᠪᠣᠯᠣᠨ ᠵᠦᠷᠢᠴᠡᠯ ᠭᠦᠴᠢᠷᠳᠡᠯ ᠢ ᠰᠢᠢᠳᠪᠦᠷᠢᠯᠡᠬᠦ ᠴᠢᠳᠠᠪᠤᠷᠢ ᠢ ᠪᠠᠰᠠ ᠴᠢᠩᠭᠠᠳᠬᠠᠬᠤ ᠬᠡᠷᠡᠭᠲᠡᠢ ᠪᠠᠶᠢᠬᠤ᠃ ᠡᠳᠡᠭᠡᠷ ᠠᠰᠠᠭᠤᠳᠠᠯ ᠤᠳ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠨᠠᠷᠢᠨ ᠨᠢᠮᠪᠠᠢ  ᠪᠠᠷ ᠰᠢᠢᠳᠪᠦᠷᠢᠯᠡᠬᠦ ᠬᠡᠷᠡᠭᠲᠡᠢ᠃      ᠬᠤᠶᠠᠷ᠂ ︽ᠠᠷᠪᠠᠨ ᠭᠤᠷᠪᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠡᠭᠦᠷᠭᠡ     ︽ᠠᠷᠪᠠᠨ ᠭᠤᠷᠪᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠣᠯ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠵᠠᠩᠬᠢᠯᠠᠭ᠎ᠠ ᠶᠢᠨ ᠬᠤᠭᠤᠴᠠᠭ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠶᠢᠨ ᠪᠠᠬᠢᠯᠡᠯᠲᠡ ᠰᠢᠪᠲᠤᠯᠬᠤ ᠬᠤᠭᠤᠴᠠᠭ᠎ᠠ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠢᠢᠳᠪᠦᠷᠢᠯᠡᠭᠴᠢ ᠴᠢᠨᠠᠷᠲᠠᠢ ᠴᠠᠭ ᠬᠤᠭᠤᠴᠠᠭ᠎ᠠ ᠮᠦᠨ᠃ ᠳᠡᠭᠡᠳᠦ ᠱᠠᠲᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ︽ᠠᠷᠪᠠᠨ ᠭᠤᠷᠪᠠᠳᠣᠭᠠᠷ ᠲᠠᠪᠤᠨ ᠵᠢᠯ︾ ᠤᠨ ᠬᠤᠭᠤᠴᠠᠭ᠎ᠠ ᠶᠢᠨ ᠦᠪᠡᠷᠲᠡᠭᠡᠨ ᠵᠠᠰᠠᠬᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠶᠡᠷᠥᠩᠬᠡᠢ ᠴᠣᠭᠴᠠ ᠶᠢᠨ ᠱᠠᠭᠠᠷᠳᠠᠯᠭ᠎ᠠ ᠶᠢᠨ ᠭᠤᠣᠯ ᠵᠢᠱᠢᠭᠰᠡᠨ ᠬᠠᠷᠠᠯᠲᠠ ᠪᠣᠯᠣᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠣᠯᠣᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠭᠦᠯᠦᠯᠲᠡ ᠶᠢᠨ ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠭᠦᠲᠦᠯᠪᠦᠷᠢ ︵ᠲᠦᠰᠦᠯ︶︾ ᠳᠤ ᠨᠢᠭᠡᠨᠲᠡ ᠪᠦᠬᠦ ᠲᠠᠯ᠎ᠠ ᠪᠠᠷ ᠬᠠᠷᠠᠭᠤᠯᠵᠤ᠂ ᠲᠣᠰ ᠤᠳᠠᠭᠠᠨ ᠤ ᠶᠡᠭᠡ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠬᠦ ᠪᠣᠯᠣᠯ᠎ᠠ᠃ ᠬᠤᠶᠢᠰᠢᠲᠠ ᠶᠢᠨ ᠲᠠᠪᠤᠨ ᠵᠢᠯ ᠳᠤ᠂ ᠬᠦᠭᠵᠢᠭᠦᠯᠦᠯᠲᠡ ᠪᠣᠯ ᠨᠢᠭᠡᠳᠦᠭᠡᠷ ᠴᠢᠬᠤᠯᠠ ᠡᠭᠦᠷᠭᠡ ᠪᠣᠯᠬᠤ ᠶᠢ ᠡᠷᠬᠡᠪᠰᠢ ᠪᠠᠷᠢᠮᠲᠠᠯᠠᠵᠤ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠡᠨᠡᠬᠦ ᠭᠤᠣᠯ ᠱᠣᠭᠤᠮ ᠢ ᠴᠢᠩᠭ᠎ᠠ ᠠᠳᠬᠤᠵᠣ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠲᠡ ᠲᠠᠢ᠂ ᠬᠠᠮᠲᠣᠪᠡᠷ ᠡᠳ᠋ᠯᠡᠬᠦ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠦᠭᠡᠷᠡᠴᠢᠯᠡᠯᠲᠡ ᠪᠠᠷ ᠬᠦᠳᠡᠯᠭᠡᠬᠦ ᠬᠦᠴᠦ ᠪᠣᠯᠭᠠᠵᠣ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠨ᠂ ᠰᠢᠨ᠎ᠡ ᠬᠡᠪ ᠪᠠᠶᠢᠳᠠᠯ ᠢ ᠠᠳᠬᠤᠵᠤ᠂ ᠰᠢᠨ᠎ᠡ ᠬᠡᠪ ᠪᠠᠶᠢᠳᠠᠯ ᠢᠶᠠᠷ ᠵᠢᠯᠣᠭᠤᠳᠣᠭᠤᠯᠵᠣ᠂ ᠦᠪᠡᠷᠲᠡᠭᠡᠨ ᠵᠠᠰᠠᠬᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠨ᠎ᠠ᠃ ᠡᠶᠢᠮᠦ ᠠᠴᠠ ᠪᠢᠳᠡ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠳᠣᠷ ᠠᠳᠬᠤᠬᠤ ᠬᠡᠷᠡᠭᠲᠡᠢ᠄ ᠨᠢᠭᠡ ᠳᠤ ᠠᠵᠤ ᠠᠬᠤᠢ ᠶᠢᠨ ᠬᠦᠭᠵᠢᠯᠲᠡ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠨᠡᠩ ᠴᠢᠬᠤᠯᠠᠴᠢᠯᠠᠵᠤ᠂ ᠪᠦᠲᠦᠮᠵᠢᠲᠡᠢ ᠪᠡᠯᠡ ᠣᠷᠣᠭᠤᠯᠣᠯᠲᠠ ᠶᠢ ᠣᠯᠠᠮ ᠨᠢᠭᠡ ᠠᠯᠬᠤᠮ ᠨᠡᠮᠡᠭᠳᠡᠭᠦᠯᠵᠦ᠂ ᠡᠨᠧᠷᠬᠢ ᠶᠢᠨ ᠪᠣᠰᠣ ᠠᠵᠤ ᠦᠢᠯᠡᠰ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠢᠴᠢ ᠳᠡᠭᠡᠳᠦ ᠰᠢᠨ᠎ᠡ ᠮᠡᠷᠭᠡᠵᠢᠯ ᠵᠡᠷᠭᠡ ᠬᠦᠷᠢᠶ᠎ᠡ ᠴᠠᠷᠠᠭᠠᠨ ᠳᠠᠬᠢ ᠪᠡᠯᠡ ᠣᠷᠣᠭᠤᠯᠣᠯᠲᠠ ᠪᠠᠨ ᠨᠡᠮᠡᠭᠳᠡᠭᠦᠯᠦᠨ᠎ᠡ︔ ᠬᠤᠶᠠᠷ ᠲᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠡᠩ ᠴᠢᠬᠤᠯᠠᠴᠢᠯᠠᠵᠤ᠂ ᠨᠢᠭᠡᠳᠦᠯᠲᠡᠢ ᠲᠦᠯᠦᠪᠵᠢᠭᠦᠯᠦᠨ᠂ ᠡᠮᠬᠢ ᠴᠡᠭᠴᠡ ᠲᠠᠢ ᠲᠦᠯᠬᠢᠨ ᠠᠬᠢᠭᠤᠯᠵᠤ᠂ ᠣᠳᠣ ᠦᠶ᠎ᠡ ᠶᠢᠨ ᠰᠠᠭᠤᠷᠢ ᠲᠦᠭᠦᠭᠡᠷᠦᠮᠵᠢ ᠶᠢᠨ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠣᠯᠭᠠᠭᠤᠷᠢᠯᠠᠬᠤ ᠪᠠᠲᠣᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ︔ ᠭᠤᠷᠪᠠ ᠳᠤ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠨᠡᠩ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠣᠯᠠᠨ ᠵᠦᠢᠯ ᠤᠨ ᠬᠡᠯᠪᠡᠷᠢᠲᠦ ᠵᠣᠬᠢᠰᠲᠠᠢ ᠬᠡᠪᠴᠢᠶᠡᠵᠢᠯ ᠪᠦᠬᠦᠢ ᠡᠵᠡᠩᠨᠡᠯᠲᠡ ᠶᠢ ᠬᠦᠭᠵᠢᠭᠦᠯᠵᠦ᠂ ᠨᠢᠭᠡᠳᠦᠭᠡᠷ ᠬᠤᠶᠠᠳᠣᠭᠠᠷ ᠭᠤᠷᠪᠠᠳᠣᠭᠠᠷ ᠠᠵᠤ ᠦᠢᠯᠡᠰ ᠤᠨ ᠠᠭᠤᠰᠣᠯᠴᠠᠨ ᠬᠦᠭᠵᠢᠬᠦ ᠶᠢ ᠠᠬᠢᠭᠤᠯᠵᠤ᠂ ᠦᠢᠯᠡᠳᠪᠦᠷᠢᠯᠡᠯ ᠤᠨ ᠦᠷ᠎ᠡ ᠠᠰᠢᠭ ᠦᠨᠳᠦᠷ᠂ ᠦᠢᠯᠡᠳᠬᠦᠨ ᠨᠢ ᠠᠮᠤᠷ ᠲᠦᠪᠰᠢᠨ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠨᠦᠬᠦᠷᠰᠡᠭ ᠪᠠᠶᠢᠬᠤ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠨ᠎ᠠ︔ ᠳᠦᠷᠪᠡ ᠳᠤ ᠠᠵᠤ ᠦᠢᠯᠡᠳᠪᠦᠷᠢ  ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠶᠢ ᠨᠡᠩ ᠴᠢᠬᠤᠴᠢᠯᠠᠵᠤ᠂ ᠡᠬᠢ ᠪᠠᠶᠠᠯᠢᠭ ᠤᠨ ᠴᠢᠨᠠᠷᠲᠠᠢ ᠠᠵᠤ ᠦᠢᠯᠡᠰ ᠤᠨ ᠬᠡᠯᠬᠢᠶ᠎ᠡ ᠶᠢ ᠠᠯᠬᠤᠮ ᠴᠢᠨᠠᠭᠰᠢᠲᠠ ᠣᠷᠳᠣᠳᠬᠠᠵᠤ᠂ ᠡᠬᠢ ᠪᠠᠶᠠᠯᠢᠭ ᠤᠨ ᠪᠣᠰᠣ ᠬᠡᠯᠪᠡᠷᠢ ᠶᠢᠨ ᠠᠵᠤ ᠦᠢᠯᠡᠰ ᠢ ᠬᠦᠭᠵᠢᠭᠦᠯᠵᠦ᠂ ᠣᠳᠣ ᠦᠶ᠎ᠡ ᠶᠢᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ︔ ᠲᠠᠪᠤ ᠳᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠬᠦ ᠶᠢ ᠨᠡᠩ ᠴᠢᠬᠤᠯᠠᠴᠢᠯᠠᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠣᠯᠣᠨ ᠠᠮᠢᠳᠣᠷᠠᠯ ᠤᠨ ᠲᠠᠯ᠎ᠠ ᠶᠢᠨ ᠦᠢᠯᠡᠴᠢᠯᠡᠭᠡᠨ ᠤ ᠦᠢᠯᠡᠰ ᠢ ᠵᠡᠷᠭᠡᠪᠡᠷ ᠴᠢᠬᠤᠯᠠᠴᠢᠯᠠᠵᠤ᠂ ᠦᠢᠯᠡᠴᠢᠯᠡᠭᠡᠨ ᠤ ᠦᠢᠯᠡᠰ ᠬᠢᠬᠡᠳ ᠣᠳᠣ ᠦᠶ᠎ᠡ ᠶᠢᠨ ᠠᠵᠤ ᠦᠢᠯᠡᠰ ᠤᠨ ᠣᠷᠭᠠᠨᠢᠭ ᠢᠶᠠᠷ ᠠᠭᠤᠰᠣᠯᠴᠠᠬᠤ ᠶᠢ ᠲᠦᠯᠬᠢᠨ ᠠᠬᠢᠭᠤᠯᠤᠨ᠎ᠠ᠃ ᠵᠢᠷᠭᠤᠭ᠎ᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠬᠤ ᠶᠢ ᠨᠡᠩ ᠴᠢᠬᠤᠯᠠᠴᠢᠯᠠᠵᠤ᠂ ᠡᠯ᠎ᠡ ᠲᠦᠷᠦᠯ ᠤᠨ ᠪᠡᠯᠡ ᠣᠷᠣᠭᠤᠯᠵᠣ ᠪᠡᠯᠡ ᠨᠡᠶᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠭᠤᠤᠯ ᠴᠣᠬᠴᠠ ᠶᠢ ᠢᠳᠡᠪᠬᠢᠲᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠳᠠᠪᠠᠭᠤᠯᠢᠭ ᠢ ᠪᠣᠢ ᠪᠣᠯᠭᠠᠵᠤ᠂ ᠦᠷᠭᠦᠯᠵᠢᠯᠡᠨ ᠬᠦᠭᠵᠢᠬᠦ ᠶᠢ ᠪᠡᠶᠡᠯᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠭᠵᠢᠨ ᠪᠤᠵᠠᠭᠠᠶᠢᠷᠠᠬᠤ ᠶᠢ ᠳᠡᠮᠵᠢᠨ᠎ᠡ᠃ ᠳᠣᠯᠤᠭ᠎ᠠ ᠳᠤ ᠰᠢᠨ᠎ᠡ ᠶᠢ ᠡᠭᠦᠳᠦᠨ ᠬᠦᠭᠵᠢᠬᠦ ᠶᠢ ᠨᠡᠩ ᠴᠢᠬᠤᠯᠠᠴᠢᠯᠠᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠴᠢ ᠬᠦᠴᠦᠨ ᠪᠣᠯᠭᠠᠬᠤ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠪᠠᠷ ᠭᠤᠣᠯ ᠲᠣᠯᠭᠠᠭᠤᠷᠢᠯᠠᠯ ᠪᠣᠯᠭᠠᠭᠰᠠᠨ ᠠᠵᠤ ᠠᠬᠤᠢ ᠶᠢᠨ ᠲᠣᠭᠲᠠᠯᠴᠠᠭ᠎ᠠ ᠪᠣᠯᠣᠨ ᠬᠦᠭᠵᠢᠯᠲᠡ ᠶᠢᠨ ᠵᠠᠭᠪᠣᠷ ᠢ ᠲᠦᠷᠭᠡᠳᠬᠡᠨ ᠪᠣᠢ ᠪᠣᠯᠭᠠᠵᠣ᠂ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠭᠤᠣᠯᠳᠠᠭᠤ ᠡᠬᠢ ᠪᠠᠶᠠᠯᠢᠭ ᠢ ᠬᠤᠷᠣᠭᠳᠠᠭᠤᠯᠬᠤ ᠳᠤ ᠲᠦᠰᠢᠭᠯᠡᠵᠦ ᠪᠠᠶᠢᠭᠰᠠᠨ  ᠠᠴᠠ ᠭᠤᠣᠯᠳᠠᠭᠤ ᠰᠢᠨᠵᠢᠯᠡᠭᠡ ᠮᠡᠷᠭᠡᠵᠢᠯ ᠤᠨ ᠳᠠᠪᠰᠢᠯᠲᠠ᠂ ᠭᠦᠳᠡᠯᠮᠦᠷᠢᠴᠢᠨ ᠤ ᠬᠡᠪ ᠴᠢᠨᠠᠷ ᠢ ᠳᠡᠭᠡᠭᠰᠢᠯᠡᠭᠦᠯᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠦᠨ ᠬᠤᠪᠢᠷᠠᠭᠤᠯᠬᠤ ᠳᠤ ᠲᠦᠰᠢᠭᠯᠡᠬᠦ ᠪᠣᠯᠭᠠᠨ᠎ᠠ︔ ᠨᠠᠢᠮᠠ ᠳᠤ ᠵᠣᠬᠢᠴᠠᠭᠤᠯᠤᠨ ᠬᠦᠭᠵᠢᠭᠦᠯᠬᠦ ᠶᠢ ᠨᠡᠩ ᠴᠢᠬᠤᠯᠠᠴᠢᠯᠠᠵᠤ᠂ ᠬᠤᠲᠠ ᠬᠦᠳᠡᠭᠡ ᠶᠢ ᠨᠢᠭᠡ ᠴᠣᠭᠴᠠᠵᠢᠭᠤᠯᠬᠤ᠂ ᠣᠷᠣᠨ ᠪᠦᠰᠡ ᠶᠢ ᠬᠠᠮᠵᠢᠯᠴᠠᠭᠤᠯᠬᠤ ᠶᠢ ᠪᠠᠷᠢᠮᠲᠠᠯᠠᠵᠤ᠂ ᠵᠣᠬᠢᠴᠠᠩᠭᠤᠢ ᠪᠠᠷ ᠬᠦᠭᠵᠢᠭᠦᠯᠬᠦ ᠳᠠᠬᠢ ᠣᠷᠣᠨ ᠵᠠᠢ ᠶᠢ ᠦᠷᠬᠡᠳᠬᠡᠵᠦ᠂ ᠪᠠᠭᠤᠷᠠᠢ ᠭᠤᠭᠴᠤᠭ᠎ᠠ ᠶᠢ ᠴᠢᠩᠭᠠᠷᠠᠭᠤᠯᠬᠤ ᠶᠠᠪᠤᠴᠠ ᠳᠤ ᠬᠦᠭᠵᠢᠯᠲᠡ ᠶᠢᠨ ᠨᠦᠬᠡᠴᠡ ᠬᠦᠴᠦᠨ ᠢ ᠨᠡᠮᠡᠭᠳᠡᠭᠦᠯᠦᠨ᠎ᠡ᠃      ᠭᠤᠷᠪᠠ᠂ 2016 ᠣᠨ ᠤ ᠭᠤᠣᠯ ᠠᠵᠢᠯ ᠤᠨ ᠲᠣᠬᠢᠷᠠᠭᠤᠯᠤᠯᠲᠠ      2016 ᠣᠨ ᠪᠣᠯ ︽ᠠᠷᠪᠠᠨ ᠭᠤᠷᠪᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ᠂ ᠮᠦᠨᠴᠦ ︽ᠳᠦᠷᠪᠡᠨ ᠪᠦᠬᠦ ᠲᠠᠯ᠎ᠠ︾  ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠲᠦᠯᠬᠢᠨ ᠠᠬᠢᠭᠤᠯᠬᠤ ᠵᠠᠩᠬᠢᠯᠠᠭ᠎ᠠ ᠶᠢᠨ ᠵᠢᠯ ᠪᠣᠯᠬᠤᠷ ᠡᠨᠡ ᠵᠢᠯ ᠤᠨ ᠠᠵᠢᠯ ᠢ ᠰᠠᠶᠢᠳᠣᠷ ᠬᠢᠬᠦ ᠨᠢ ᠲᠣᠶᠢᠯ ᠤᠨ ᠴᠢᠬᠤᠯᠠ ᠠᠴᠢ ᠬᠤᠯᠪᠤᠭᠳᠠᠯ ᠲᠠᠢ ᠶᠣᠮ᠃ ᠣᠳᠣᠬᠠᠨ ᠳᠤ᠂ ᠪᠦᠬᠦ ᠣᠯᠣᠰ ᠤᠨ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠣ ᠨᠡᠯᠢᠶᠡᠳ ᠬᠦᠨᠳᠦ ᠪᠠᠶᠢᠭᠰᠠᠭᠠᠷ᠂ ᠪᠢᠳᠡᠨ ᠤ ᠣᠷᠣᠰᠢᠨ ᠰᠠᠭᠤᠷᠢᠰᠢᠵᠦ ᠪᠠᠶᠢᠭ᠎ᠠ ᠭᠠᠵᠠᠷ ᠤᠨ ᠳᠣᠲᠣᠨ᠎ᠠ ᠭᠠᠳᠠᠨᠠᠬᠢ ᠶᠢᠨ ᠬᠦᠭᠵᠢᠯᠲᠡ ᠶᠢᠨ ᠣᠷᠴᠢᠨ ᠮᠦᠨ ᠯᠡ ᠲᠦᠪᠡᠭ ᠪᠣᠳᠣᠯᠢᠶᠠᠨᠲᠠᠢ ᠪᠠᠶᠢᠵᠤ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ ᠪᠠ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠮᠦᠨ ᠯᠡ ᠯᠣᠲᠣ ᠶᠡᠭᠡ ᠦᠷᠢᠰᠦᠯᠳᠦᠭᠡᠨ ᠲᠠᠢ᠃ ᠡᠭᠦᠨ ᠤ ᠬᠠᠮᠲᠤ᠂ ᠣᠯᠣᠰ ᠠᠴᠠ ︽ᠨᠢᠭᠡ ᠪᠦᠰᠡ ᠨᠢᠭᠡ ᠵᠠᠮ︾ ᠤᠨ ᠭᠦᠭᠵᠢᠭᠦᠯᠦᠯᠲᠡ  ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠢ ᠦᠷᠨᠢᠭᠦᠯᠵᠦ᠂ ᠪᠠᠷᠠᠭᠤᠨ ᠣᠷᠣᠨ᠂ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠰᠢᠭᠤᠶᠢᠲᠤ ᠣᠷᠣᠨ ᠦᠢᠯᠡᠳᠪᠦᠷᠢ ᠠᠭᠤᠷᠬᠠᠢ ᠶᠢᠨ ᠣᠷᠣᠨ ᠢ ᠳᠡᠮᠵᠢᠭᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠲᠡᠨ ᠤ ᠭᠠᠵᠠᠷ ᠣᠷᠣᠨ ᠳᠠᠬᠢ ᠪᠡᠯᠡ ᠣᠷᠣᠭᠤᠯᠣᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠴᠦᠯᠡᠴᠡ ᠪᠠᠨ  ᠨᠡᠮᠡᠭᠳᠡᠭᠦᠯᠬᠦ ᠨᠢ ᠪᠢᠳᠡᠨ ᠤ ᠰᠢᠨ᠎ᠡ ᠭᠠᠷᠤᠭ᠎ᠠ ᠳᠡᠭᠡᠷ᠎ᠡ ᠪᠠᠨ ᠨᠢᠭᠡᠳᠦᠯᠲᠡᠢ ᠲᠦᠯᠦᠪᠯᠡᠨ ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ ᠳᠤ ᠰᠢᠨ᠎ᠡ ᠠᠵᠠ ᠲᠣᠬᠢᠶᠠᠯ ᠢ ᠠᠪᠴᠢᠷᠠᠵᠤ ᠥᠭᠭᠦᠭᠰᠡᠨ ᠪᠠᠶᠢᠨ᠎ᠠ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠥᠩᠬᠡᠢ ᠱᠠᠭᠠᠷᠳᠠᠯᠭ᠎ᠠ ᠪᠣᠯ᠄ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠣᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠦᠭᠡᠷ᠂ ᠲᠠᠪᠤᠳᠣᠭᠠᠷ ᠬᠤᠷᠠᠯ ᠪᠠ ᠰᠢ ᠶᠢᠨ ᠫᠢᠩ ᠶᠡᠷᠥᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠤ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠦᠭᠡᠷ ᠣᠳᠠᠭᠠᠨ ᠤ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠭᠤᠷᠪᠠᠳᠣᠭᠠᠷ ᠬᠤᠭᠤᠴᠠᠭᠠᠨ ᠤ ᠳᠣᠯᠣᠳᠣᠭᠠᠷ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠣᠭᠠᠷ ᠬᠤᠭᠤᠴᠠᠭᠠᠨ ᠤ ᠠᠷᠪᠠᠳᠣᠭᠠᠷ ᠣᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠨ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠣ ᠪᠦᠲᠦᠭᠡᠭᠦ ᠶᠡᠷᠥᠩᠬᠡᠢ ᠴᠣᠭᠴᠠ ᠶᠢᠨ ᠱᠠᠭᠠᠷᠳᠠᠯᠭ᠎ᠠ ᠶᠢ ᠨᠢᠭᠲᠠ ᠲᠣᠭᠤᠷᠢᠭᠤᠯᠣᠨ᠂ ︽ᠲᠠᠪᠤᠨ ᠶᠡᠭᠡ ᠬᠦᠭᠵᠢᠭᠦᠯᠦᠯᠲᠡ ᠶᠢᠨ ᠣᠶᠢᠯᠠᠭᠠᠭᠳᠠᠬᠤᠨ︾ ᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠪᠦᠭᠡᠳ ᠣᠷᠣᠭᠰᠢᠯᠠᠨ ᠳᠡᠪᠰᠢᠬᠤ ᠠᠵᠢᠯ ᠤᠨ ᠶᠡᠷᠥᠩᠬᠡᠢ ᠬᠦᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠣ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠶᠠᠳᠠᠭᠤ ᠶᠢ ᠲᠡᠳᠬᠦᠬᠦ ᠪᠠᠬᠢᠯᠡᠯᠲᠡ ᠳᠠᠭᠠᠷᠢᠬᠤ ᠪᠠᠷ ᠭᠤᠣᠯᠳᠠᠯᠭ᠎ᠠ ᠪᠣᠯᠭᠠᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠳᠡᠯᠭᠡᠬᠦ ᠬᠦᠴᠦᠨ ᠪᠣᠯᠭᠠᠨ᠂ ᠬᠠᠣᠯᠢ ᠪᠠᠷ ᠬᠤᠰᠢᠭᠤ ᠪᠠᠨ ᠵᠠᠰᠠᠬᠤ ᠶᠢ ᠲᠦᠯᠬᠢᠨ ᠠᠬᠢᠭᠤᠯᠬᠤ ᠪᠠᠷ ᠪᠠᠲᠤᠯᠠᠭ᠎ᠠ ᠪᠣᠯᠭᠠᠵᠤ᠂ ᠲᠣᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠠᠶᠣᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ  ᠤᠨ ᠠᠵᠢᠯ ᠢ ᠨᠢᠭᠡᠳᠦᠯᠲᠡᠢ ᠲᠦᠯᠦᠪᠯᠡᠨ ᠲᠦᠯᠬᠢᠨ ᠠᠬᠢᠭᠤᠯᠵᠤ᠂ ᠨᠡᠩ ᠦᠨᠳᠦᠷ ᠳᠡᠰ ᠳᠠᠪᠬᠤᠷᠭ᠎ᠠ ᠠᠴᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ ᠠᠬᠤᠢ ᠶᠢᠨ  ᠣᠳᠣᠬᠢᠴᠢᠯᠠᠯᠲᠠ ᠶᠢ ᠬᠠᠮᠲᠤᠪᠠᠷ ᠶᠠᠪᠤᠭᠳᠠᠭᠤᠯᠬᠤ ᠶᠢ ᠲᠦᠯᠬᠢᠨ ᠠᠬᠢᠭᠤᠯᠵᠤ᠂ ︽ᠴᠢᠨᠡᠭᠡᠯᠢᠭ᠂ ᠪᠣᠯᠪᠠᠰᠣᠨ᠂ ᠴᠢᠯᠦᠭᠡᠲᠡᠢ ᠲᠠᠢ ᠶᠠᠪᠤᠯᠴᠠᠬᠤ᠂ ᠡᠶ᠎ᠡ ᠵᠣᠬᠢᠴᠠᠯᠲᠤ ᠡᠸ᠋ᠨᠩᠬᠢ︾ ᠶᠢ ᠪᠠᠶᠢᠭᠤᠯᠬᠤ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠴᠦ᠂ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ᠃      ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 8% ᠣᠷᠴᠢᠮ ᠨᠡᠮᠡᠭᠳᠡᠭᠦᠯᠵᠦ᠂ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢ 13% ᠢᠶᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 7% ᠢᠶᠠᠷ ᠨᠡᠮᠡᠭᠳᠡᠭᠦᠯᠦᠨ᠂ ᠬᠤᠲᠠ ᠪᠠᠯᠭᠠᠰᠣ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 9% ᠪᠠ 9.5% ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠥᠩᠬᠡᠢ ᠬᠡᠮᠵᠢᠶ᠎ᠡ ᠶᠢ 10% ᠢᠶᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ ᠠᠯᠳᠠᠭᠰᠠᠨ ᠳᠠᠩᠰᠠᠯᠠᠭᠤᠯᠤᠭᠰᠠᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠂ ᠡᠯ᠎ᠡ ᠵᠦᠢᠯ ᠤᠨ ᠬᠢᠵᠠᠭᠠᠷᠯᠠᠯ ᠤᠨ ᠴᠢᠨᠠᠷᠲᠠᠢ ᠬᠦᠢᠴᠡᠳᠬᠡᠯ ᠲᠤᠭ᠎ᠠ ᠶᠢ ᠭᠦᠯᠦᠨ ᠪᠣᠶᠢᠷ ᠬᠤᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠰᠢᠨ᠎ᠡ ᠬᠡᠪ ᠪᠠᠶᠢᠳᠠᠯ  ᠤᠨ ᠶᠡᠭᠡ ᠲᠠᠯ᠎ᠠ ᠠᠴᠠ ᠦᠵᠡᠪᠡᠯ᠂ ᠡᠨᠡ ᠪᠣᠯ ᠨᠢᠭᠡᠨ ᠢᠳᠡᠪᠬᠢᠯᠡᠨ ᠴᠢᠷᠮᠠᠶᠢᠬᠤ ᠬᠠᠷᠠᠯᠲᠠ ᠪᠣᠯᠤᠨ᠎ᠠ᠃ ᠭᠠᠭᠴᠠᠬᠦ ᠬᠤᠰᠢᠭᠤᠨ ᠤ ᠨᠠᠮ ᠤᠨ ᠬᠤᠷᠢᠶ᠎ᠠ ᠶᠢᠨ ᠶᠡᠷᠥᠩᠬᠡᠢ ᠴᠣᠭᠴᠠ ᠶᠢᠨ ᠱᠠᠭᠠᠷᠳᠠᠯᠭ᠎ᠠ ᠶᠢᠨ ᠶᠣᠰᠣᠭᠠᠷ᠂ ᠢᠳᠡᠭᠡᠯ ᠵᠣᠷᠢᠭ ᠢᠶᠠᠨ ᠪᠠᠲᠤᠳᠬᠠᠵᠤ᠂ ᠵᠢᠮ᠎ᠠ ᠶᠣᠰᠣ ᠶᠢ ᠬᠦᠨᠳᠦᠳᠬᠡᠨ᠂ ᠭᠦᠭᠵᠢᠯ ᠤᠨ ᠬᠠᠨᠲᠤᠰᠢ ᠳᠤᠨᠢ ᠲᠣᠬᠢᠷᠠᠭᠤᠯᠤᠨ ᠴᠢᠳᠠᠮᠠᠭᠠᠢ ᠪᠠᠷ ᠵᠢᠯᠤᠭᠤᠳᠴᠣ᠂ ᠰᠠᠨᠠᠭᠠᠴᠢᠯᠠᠭ᠎ᠠ ᠠᠴᠠ ᠪᠠᠨ ᠠᠵᠢᠯᠯᠠᠪᠠᠯ ᠬᠠᠷᠠᠯᠲᠠ ᠪᠠᠨ ᠯᠠᠪᠲᠠᠶᠢᠶ᠎ᠠ ᠪᠡᠶᠡᠯᠡᠭᠦᠯᠵᠦ ᠴᠢᠳᠠᠬᠤ ᠶᠣᠮ᠃      ᠳᠡᠭᠡᠷ᠎ᠡ ᠲᠣᠷᠠᠳᠣᠭᠰᠠᠨ ᠬᠠᠷᠠᠯᠲᠠ ᠶᠢ ᠪᠡᠶᠡᠯᠡᠭᠦᠯᠬᠦ ᠳᠤ ᠡᠨᠡ ᠵᠢᠯ ᠳᠣᠣᠷᠠᠬᠢ ᠮᠡᠲᠦ ᠶᠢᠨ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠬᠦ ᠬᠡᠷᠡᠭᠲᠡᠢ᠄     ︵ᠨᠢᠭᠡ︶ ᠠᠵᠤ ᠠᠬᠤᠢ ᠶᠢᠨ ᠶᠠᠰᠣ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠨ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ  ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠬᠠᠩᠭᠠᠭᠴᠢ ᠲᠠᠯ᠎ᠠ ᠶᠢᠨ ᠥᠭᠡᠷᠡᠴᠢᠯᠡᠯᠲᠡ ᠶᠢ ᠨᠢᠮᠪᠠᠢ ᠰᠣᠳᠣᠯᠵᠣ᠂ ᠪᠡᠯᠡ ᠣᠷᠣᠭᠤᠯᠣᠯᠲᠠ ᠪᠠ ᠲᠦᠷᠦᠯ ᠵᠦᠢᠯ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠴᠢᠬᠤᠯᠠᠴᠢᠯᠠᠵᠤ᠂ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠳᠡᠰ ᠳᠠᠪᠬᠤᠷᠭ᠎ᠠ ᠪᠠ ᠰᠢᠨ᠎ᠡ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃     ᠦᠢᠯᠡᠳᠪᠦᠷᠢᠯᠡᠯ ᠤᠨ ᠴᠢᠳᠠᠪᠬᠢ ᠶᠢᠨ ᠦᠯᠡᠭᠦᠳᠡᠯ ᠢ ᠢᠳᠡᠪᠬᠢᠲᠡᠢ ᠰᠢᠢᠳᠪᠦᠷᠢᠯᠡᠨ᠎ᠡ᠃ ᠨᠡᠭᠦᠷᠡᠰᠦ᠂ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠴᠢᠳᠠᠪᠬᠢ  ᠶᠢᠨ ᠦᠯᠡᠭᠦᠳᠡᠯ ᠤᠨ ᠠᠰᠠᠭᠤᠳᠠᠯ ᠢ ᠨᠢᠮᠪᠠᠢ ᠰᠣᠳᠣᠯᠣᠨ ᠰᠢᠢᠳᠪᠦᠷᠢᠯᠡᠵᠦ᠂ ᠨᠡᠭᠦᠷᠡᠰᠦ ᠴᠠᠬᠢᠯᠭᠠᠨ ᠬᠦᠴᠦᠨ ᠤ ᠳᠡᠭᠡᠷ᠎ᠡ ᠳᠣᠣᠷᠠᠬᠢ ᠣᠨᠳᠣᠣᠰᠢᠭᠤᠯᠬᠤ ᠠᠵᠤ ᠠᠬᠤᠶᠢᠯᠠᠯ ᠲᠠᠢ ᠬᠠᠮᠲᠣᠷᠠᠯᠴᠠᠬᠤ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠣᠨᠳᠣᠣᠰᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠦᠪᠡᠰᠦᠪᠡᠨ ᠬᠡᠷᠡᠭᠯᠡᠬᠦ ᠴᠠᠬᠢᠯᠭᠠᠨ ᠤ ᠬᠡᠮᠵᠢᠶ᠎ᠡ ᠶᠢ ᠨᠡᠮᠡᠭᠳᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠣᠷᠳᠣᠳᠬᠠᠨ᠎ᠠ᠃ ᠨᠡᠭᠦᠷᠡᠰᠦ ᠶᠢ ᠴᠠᠬᠢᠯᠭᠠᠨ ᠪᠤᠯᠭᠠᠵᠤ ᠬᠤᠪᠢᠷᠠᠭᠤᠯᠬᠤ ᠪᠠ ᠥᠩᠭᠡᠲᠦ ᠲᠡᠮᠦᠷᠯᠢᠭ ᠤᠨ ᠠᠵᠤ ᠦᠢᠯᠡᠰ ᠤᠨ ᠲᠠᠯ᠎ᠠ ᠪᠠᠷ ᠬᠢ ᠬᠦᠭᠵᠢᠯᠲᠡ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ ᠦᠷᠢᠰᠦᠯᠳᠦᠭᠡᠨ ᠤ ᠬᠦᠴᠦᠨ ᠪᠠ ᠡᠵᠡᠯᠡᠬᠦ ᠨᠣᠷᠮ᠎ᠠ ᠶᠢ ᠨᠢ ᠴᠢᠷᠮᠠᠶᠢᠨ ᠲᠡᠭᠡᠭᠰᠢᠯᠡᠭᠦᠯᠬᠦ ᠬᠡᠷᠡᠭᠲᠡᠢ᠃    ᠪᠡᠯᠡ ᠣᠷᠣᠭᠤᠯᠣᠯᠲᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠰᠢᠭᠲᠤ ᠪᠡᠯᠡ ᠣᠷᠣᠭᠤᠯᠣᠯᠲᠠ ᠶᠢ ᠦᠷᠭᠦᠯᠵᠢᠯᠡᠨ ᠨᠡᠮᠡᠭᠳᠡᠭᠦᠯᠵᠦ᠂ ᠪᠡᠯᠡ ᠣᠷᠣᠭᠤᠯᠣᠯᠲᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠲᠠᠯ᠎ᠠ  ᠪᠠᠷ᠂ 8 ᠳ᠋ᠥᠩᠰᠢᠭᠤᠷ ᠲᠦᠭᠦᠷᠢᠭ ᠠᠴᠠ ᠳᠡᠭᠡᠭᠰᠢ ᠪᠡᠯᠡ ᠣᠷᠣᠭᠤᠯᠣᠯᠲᠠ ᠶᠢ ᠪᠡᠶᠡᠯᠡᠭᠦᠯᠬᠦ ᠶᠢ ᠯᠠᠪᠲᠠᠶᠢᠶ᠎ᠠ ᠪᠠᠲᠤᠯᠠᠨ᠎ᠠ︔ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ᠂ 1.5 ᠳ᠋ᠥᠩᠰᠢᠭᠤᠷ ᠲᠦᠭᠦᠷᠢᠭ ᠠᠴᠠ ᠳᠡᠭᠡᠭᠰᠢ ᠪᠡᠯᠡ ᠣᠷᠣᠭᠤᠯᠣᠯᠲᠠ ᠶᠢ ᠪᠡᠶᠡᠯᠡᠭᠦᠯᠬᠦ ᠶᠢ ᠯᠠᠪᠲᠠᠢ ᠪᠠᠲᠤᠯᠠᠨ᠎ᠠ︔ ᠬᠤᠲᠠ ᠶᠢᠨ ᠪᠦᠲᠦᠭᠡᠨ ᠪᠠᠶᠢᠭᠤᠯᠤᠯᠲᠠ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠲᠠᠯ᠎ᠠ ᠪᠠᠷ᠂ 25  ᠳ᠋ᠥᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠬᠦ ᠶᠢ ᠯᠠᠪᠲᠠᠢ ᠪᠠᠲᠤᠯᠠᠨ᠎ᠠ︔ ᠨᠡᠶᠢᠭᠡᠮ ᠠᠷᠠᠳ ᠤᠨ ᠠᠮᠢᠳᠣᠷᠠᠯ ᠤᠨ ᠲᠠᠯ᠎ᠠ ᠪᠠᠷ᠂ 5 ᠳ᠋ᠥᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠬᠦ ᠶᠢ ᠯᠠᠪᠲᠠᠢ ᠪᠠᠲᠤᠯᠠᠨ᠎ᠠ︔ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ 2 ᠳ᠋ᠥᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠯᠠᠪᠲᠠᠢ ᠪᠠᠲᠤᠯᠠᠨ᠎ᠠ᠃ ᠪᠡᠯᠡ ᠮᠦᠩᠭᠦ ᠶᠢ ᠲᠠᠲᠠᠨ ᠠᠪᠴᠢᠷᠠᠬᠤ ᠲᠠᠯ᠎ᠠ ᠪᠠᠷ᠂ ᠳᠡᠭᠡᠳᠦ ᠱᠠᠲᠤᠨ ᠤ ᠡᠯ᠎ᠡ ᠲᠦᠷᠦᠯ ᠤᠨ ᠲᠣᠰᠬᠠᠢ ᠵᠦᠢᠯ ᠤᠨ ᠪᠡᠯᠡ ᠮᠦᠩᠭᠦ ᠶᠢ ᠢᠳᠡᠪᠬᠢᠲᠡᠢ ᠲᠡᠮᠡᠴᠡᠨ ᠣᠯᠵᠣ᠂ ᠪᠠᠩᠬᠢ ᠶᠢᠨ ᠠᠵᠤ ᠠᠬᠤᠶᠢᠯᠠᠯ ᠲᠠᠢ ᠵᠣᠯᠭᠤᠯᠳᠣᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠯ᠎ᠡ ᠵᠦᠢᠯ ᠤᠨ ᠠᠵᠤ ᠠᠬᠤᠶᠢᠯᠠᠯ ᠤᠨ ᠰᠢᠭᠤᠳ ᠪᠡᠯᠡ ᠨᠡᠶᠢᠯᠡᠭᠦᠯᠬᠦ ᠶᠢ ᠳᠡᠮᠵᠢᠨ᠎ᠡ᠃ ᠠᠷᠠᠳ ᠤᠨ ᠳᠣᠮᠳᠠᠬᠢ ᠪᠡᠯᠡ ᠣᠷᠣᠭᠤᠯᠣᠯᠲᠠ ᠶᠢ ᠬᠦᠭᠵᠢᠶᠡᠨ ᠲᠠᠢ ᠪᠣᠯᠭᠠᠨ᠂ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠣᠯᠠᠨ ᠪᠡᠯᠡ  ᠮᠦᠩᠭᠦ ᠶᠢ ᠮᠠᠨ ᠤ ᠬᠤᠰᠢᠭᠤᠨ ᠳᠤ ᠲᠠᠲᠠᠨ ᠠᠪᠴᠢᠷᠠᠬᠤ ᠪᠠᠷ ᠴᠢᠷᠮᠠᠶᠢᠨ᠎ᠠ᠃      ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ 6 ᠬᠤᠲᠠ ᠶᠢᠨ ᠱᠠᠲᠣᠨ ᠤ ᠲᠦᠷᠦᠯ ᠵᠦᠢᠯ ᠪᠠ 33 ᠬᠤᠰᠢᠭᠤᠨ ᠤ ᠱᠠᠲᠤᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠨᠢᠭᠡ ᠪᠦᠯᠦᠭ ᠪᠦᠬᠦ ᠲᠠᠯ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠨᠦᠯᠦᠭᠡᠯᠡᠨ ᠳᠠᠶᠢᠴᠢᠯᠠᠬᠤ ᠴᠢᠳᠠᠪᠤᠷᠢ ᠪᠦᠬᠦᠢ ᠲᠣᠮᠣ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠠᠯ᠎ᠠ ᠪᠠᠷ᠂ ᠢᠮᠢᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠮᠧᠲᠷ ᠰᠢᠷᠤᠢ ᠰᠠᠯᠭᠠᠨ ᠠᠪᠬᠤ ᠮᠡᠷᠭᠡᠵᠢᠯ ᠢ ᠥᠭᠡᠷᠡᠴᠢᠯᠡᠨ ᠰᠠᠶᠢᠵᠢᠷᠠᠭᠤᠯᠬᠤ᠂ ᠵᠠᠨᠢᠾᠧ ᠵᠠᠳᠠᠭᠠᠢ ᠨᠡᠭᠦᠷᠡᠰᠦᠨ ᠠᠭᠤᠷᠬᠠᠢ ᠶᠢᠨ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠦᠨᠳᠦᠷ ᠦᠷ᠎ᠡ ᠠᠰᠢᠭ ᠲᠠᠢ ᠪᠠᠷ ᠲᠦᠯᠬᠢᠨ ᠠᠬᠢᠭᠤᠯᠤᠭᠳᠠᠬᠤ ᠶᠢ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠤᠨ ᠲᠠᠯ᠎ᠠ ᠪᠠᠷ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ  ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ ︽ᠡᠸ᠋ᠨᠩᠬᠢ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠢ ᠨᠡᠭᠡᠭᠡᠨ ᠬᠦᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ︾ ᠶᠢ ᠢᠳᠡᠪᠬᠢᠲᠡᠢ ᠵᠣᠬᠢᠶᠠᠨ ᠪᠠᠶᠢᠭᠤᠯᠵᠤ᠂ PPP ᠶᠢᠨ ᠬᠡᠪ ᠵᠠᠭᠪᠤᠷ ᠢᠶᠠᠷ ᠪᠡᠯᠡ ᠣᠷᠣᠭᠤᠯᠵᠣ ᠪᠡᠯᠡ ᠬᠤᠷᠠᠮᠳᠣᠭᠤᠯᠬᠤ ᠲᠠᠪᠴᠠᠩᠲᠤ ᠺᠤᠮᠫᠠᠨᠢ ᠶᠢ ᠪᠠᠶᠢᠭᠤᠯᠤᠨ᠎ᠠ᠃ ᠰᠠᠭᠠᠯᠢ ᠶᠢᠨ ᠦᠨᠢᠶᠡᠨ ᠤ ᠠᠵᠤ ᠦᠢᠯᠡᠰ᠂ ᠮᠢᠬᠠᠨ ᠬᠤᠨᠢ ᠶᠢᠨ ᠠᠵᠤ ᠦᠢᠯᠡᠰ᠂ ᠲᠠᠵᠢᠬᠡᠯ ᠪᠣᠷᠳᠤᠭ᠎ᠠ ᠶᠢᠨ ᠠᠵᠤ ᠦᠢᠯᠡᠰ᠂ ᠠᠳᠣᠭᠤᠨ ᠦᠢᠯᠡᠰ᠂ ᠰᠡᠯᠡᠭᠦᠴᠡᠨ ᠵᠣᠭᠠᠴᠠᠬᠤ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠬᠢᠷᠲᠣᠯ ᠦᠭᠡᠢ ᠡᠳ᠋ᠰᠢᠯᠡᠭᠦᠯᠬᠦ ᠠᠵᠤ ᠦᠢᠯᠡᠰ ᠵᠡᠷᠭᠡ ᠡᠯ᠎ᠡ ᠲᠦᠷᠦᠯ ᠤᠨ ᠲᠦᠷᠦᠯ ᠵᠦᠢᠯ ᠢ ᠬᠠᠮᠲᠤᠷᠠᠭᠤᠯᠤᠨ᠂ ᠣᠯᠠᠨ ᠠᠷᠭ᠎ᠠ ᠵᠠᠮ ᠢᠶᠠᠷ ᠭᠦᠢᠯᠭᠡᠭᠡᠨ  ᠤ ᠪᠡᠯᠡ ᠮᠦᠩᠭᠦ ᠶᠢᠨ ᠵᠢᠭᠡᠯᠡᠯᠭᠡ ᠶᠢ ᠲᠡᠮᠡᠴᠡᠨ ᠣᠯᠵᠣ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠶᠡᠬᠡᠪᠡᠷ ᠬᠦᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠠᠯ᠎ᠠ ᠪᠠᠷ᠂ ᠵᠠᠮ ᠬᠠᠷᠢᠯᠴᠠᠭ᠎ᠠ ᠶᠢᠨ ᠰᠠᠭᠤᠷᠢ ᠲᠦᠭᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ 3 ᠵᠣᠷᠪᠣᠰ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠦᠷᠲᠡᠭᠡ ᠪᠤᠯᠤᠨ ᠬᠠᠶᠢᠯᠠᠷ ᠠᠴᠠ ᠢᠮᠢᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ  ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠷᠠᠳ ᠤᠨ ᠠᠮᠢᠳᠣᠷᠠᠯ ᠤᠨ ᠳᠠᠯ᠎ᠠ ᠪᠠᠷ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠲᠣᠭᠤᠷᠢᠨ ᠳᠤ ᠰᠣᠷᠭᠠᠨ ᠬᠦᠮᠦᠵᠢᠯ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠪᠣᠷᠢ ᠵᠡᠷᠭᠡ ᠬᠦᠷᠢᠶ᠎ᠡ ᠴᠠᠷᠠᠭ᠎ᠠ ᠶᠢᠨ ᠲᠦᠷᠦᠯ ᠵᠦᠢᠯ ᠢ ᠨᠢᠭᠡᠳᠦᠯᠲᠡᠢ ᠲᠦᠯᠦᠪᠯᠡᠨ ᠬᠡᠷᠡᠭᠵᠢᠭᠦᠯᠵᠦ᠂ ᠰᠢᠶᠧᠷᠡᠩ᠂ ᠳ᠋ᠧᠷᠡᠩ ᠤ ᠨᠤᠷᠠᠬᠤ ᠠᠶᠣᠯᠲᠠᠢ ᠭᠡᠷ ᠪᠠᠶᠢᠰᠢᠩ ᠢ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠨ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠪᠦᠲᠦᠭᠡᠨ ᠪᠠᠶᠢᠭᠤᠯᠤᠨ ᠳᠠᠭᠤᠰᠬᠠᠵᠤ ᠬᠡᠷᠡᠭᠯᠡᠭᠦᠯᠬᠦ ᠶᠢ ᠯᠠᠪᠲᠠᠢ ᠪᠠᠲᠤᠯᠠᠨ᠎ᠠ᠃ ᠵᠣᠭᠠᠴᠠᠯ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠵᠡᠷᠭᠡ ᠲᠦᠷᠦᠯ ᠵᠦᠢᠯ ᠤᠨ ᠲᠠᠯ᠎ᠠ ᠪᠠᠷ᠂ ᠵᠢᠷᠭᠠᠯᠠᠩᠲᠤ ᠲᠠᠯ᠎ᠠ ᠨᠤᠲᠤᠭ ᠣᠯᠠᠨ ᠣᠯᠣᠰ ᠤᠨ ᠠᠷᠠᠯᠵᠢᠶ᠎ᠠ ᠬᠤᠳᠠᠯᠳᠣᠭᠠᠨ ᠤ ᠬᠤᠲᠠ ᠶᠢᠨ ᠨᠢᠭᠡᠳᠦᠭᠡᠷ ᠬᠤᠭᠤᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠪᠦᠲᠦᠭᠡᠨ ᠪᠠᠶᠢᠭᠤᠯᠵᠤ ᠳᠠᠭᠤᠰᠬᠠᠭᠠᠳ ᠬᠡᠪ ᠤᠨ ᠠᠵᠢᠯᠯᠠᠭᠠᠨ ᠳᠤ ᠣᠷᠣᠭᠤᠯᠬᠤ ᠶᠢ ᠪᠠᠲᠤᠯᠠᠵᠤ᠂ ᠵᠢᠷᠭᠠᠯᠠᠩᠲᠤ ᠲᠠᠯ᠎ᠠ ᠨᠣᠲᠤᠭ ᠣᠯᠠᠨ ᠣᠯᠣᠰ ᠤᠨ ᠠᠷᠠᠯᠵᠢᠶ᠎ᠠ ᠬᠤᠳᠠᠯᠳᠣᠭᠠᠨ ᠤ ᠬᠤᠲᠠ ᠶᠢᠨ ᠬᠤᠶᠠᠳᠣᠭᠠᠷ ᠬᠤᠭᠤᠴᠠᠭ᠎ᠠ ᠶᠢᠨ ᠠᠵᠢᠯ ᠪᠠ ᠬᠠᠶᠢᠯᠠᠷ ᠠᠴᠠ ᠢᠮᠢᠨ ᠬᠦᠷᠬᠦ ᠵᠠᠰᠠᠮᠠᠯ ᠵᠠᠮ ᠤᠨ ᠳᠠᠭᠠᠣ ᠬᠢ ᠵᠠᠭᠤᠨ ᠺᠢᠯᠣᠮᠧᠲᠷ ᠤᠨ ᠦᠵᠡᠮᠵᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠬᠦᠯᠵᠦ᠂ ᠣᠭᠤᠨᠣ ᠶᠢᠨ ᠷᠠᠰᠢᠶᠠᠨ ᠤ ᠦᠵᠡᠮᠵᠢ ᠶᠢᠨ ᠣᠷᠣᠨ ᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠬᠡᠳᠬᠡᠨ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠠᠵᠢᠯ ᠢ ᠨᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃     ︵ᠬᠤᠶᠠᠷ︶ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠪᠠᠷ ᠬᠠᠨᠲᠣᠰᠢ ᠪᠣᠯᠭᠠᠵᠤ᠂ ᠭᠦᠭᠵᠢᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠶᠢ ᠬᠦᠴᠦᠯᠡᠨ ᠲᠦᠯᠬᠢᠨ ᠠᠬᠢᠭᠤᠯᠤᠨ᠎ᠠ᠃ ᠣᠯᠠᠮᠵᠢᠯᠠᠯᠲᠤ ᠠᠵᠤ ᠦᠢᠯᠡᠰ ᠢ ᠰᠢᠨ᠎ᠡ ᠬᠡᠯᠪᠡᠷᠢ ᠶᠢᠨ ᠪᠣᠯᠭᠠᠬᠤ᠂ ᠰᠢᠨ᠎ᠡ ᠪᠠᠷ ᠮᠡᠨᠳᠣᠵᠣ ᠪᠠᠶᠢᠭ᠎ᠠ ᠠᠵᠤ ᠦᠢᠯᠡᠰ ᠢ ᠬᠡᠪᠴᠢᠶᠡᠵᠢᠭᠦᠯᠬᠦ᠂ ᠲᠣᠯᠭᠠᠭᠤᠷᠢᠯᠠᠬᠤ ᠠᠵᠤ ᠦᠢᠯᠡᠰ ᠢ ᠣᠯᠠᠨ ᠡᠰᠢᠵᠢᠭᠦᠯᠬᠦ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠤᠨ ᠪᠦᠲᠦᠴᠡ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠲᠤᠬᠢᠷᠠᠭᠤᠯᠤᠯᠲᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠎ᠡ᠃      ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠪᠠ ᠴᠡᠪᠡᠷ ᠡᠨᠧᠷᠬᠢ ᠶᠢ ᠭᠠᠳᠠᠭᠰᠢ ᠭᠠᠷᠭᠠᠬᠤ ᠰᠠᠭᠤᠷᠢᠨ ᠢ ᠪᠦᠬᠦ ᠬᠦᠴᠦᠨ  ᠢᠶᠠᠷ ᠡᠭᠦᠳᠦᠨ᠎ᠡ᠃ ᠨᠡᠭᠦᠷᠡᠰᠦᠨ ᠠᠭᠤᠷᠬᠠᠢ᠂ ᠴᠠᠬᠢᠯᠭᠠᠨ ᠬᠦᠴᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠬᠢ ᠵᠡᠷᠭᠡ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠢᠮᠢᠨ ᠠᠴᠠ ᠣᠯᠠᠭᠠᠨᠬᠤᠲᠠ ᠬᠦᠷᠬᠦ 500 ᠺᠢᠯᠣᠸᠣᠯᠲ ᠤᠨ ᠬᠦᠴᠦᠳᠡᠯ ᠬᠤᠪᠢᠷᠠᠭᠤᠯᠤᠨ ᠴᠠᠬᠢᠯᠭᠠᠨ ᠬᠦᠷᠭᠡᠬᠦ ᠢᠨᠵᠧᠨᠧᠷᠢᠩ ᠪᠠ ᠢᠮᠢᠨ ᠤ ᠨᠡᠭᠦᠷᠡᠰᠦ ᠴᠠᠬᠢᠯᠭᠠᠨ ᠤ ᠺᠣᠮᠫᠠᠨᠢ ᠢᠮᠢᠨ ᠬᠤᠢ ᠭᠤᠣᠯ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠤᠷ  ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠢᠮᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠳ᠋ᠠᠶᠠᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠬᠢᠷᠠᠮᠵᠢᠲᠠᠢ ᠴᠠᠭ ᠲᠤ ᠡᠬᠢᠯᠡᠭᠦᠯᠵᠦ᠂ ᠳ᠋ᠠᠶᠠᠨ ᠤ ᠪᠡᠶ᠎ᠡ ᠪᠠᠨ ᠳᠠᠭᠠᠭᠠᠵᠤ ᠦᠢᠯᠡᠳᠪᠦᠷᠢᠯᠡᠬᠦ ᠦᠢᠯᠡᠳᠪᠦᠷᠢ ᠠᠭᠤᠷᠬᠠᠢ ᠶᠢᠨ ᠲᠣᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠤᠨ᠎ᠠ᠃ ᠪᠦᠬᠦ ᠵᠢᠯ ᠳᠤ ᠲᠦᠭᠦᠬᠡᠢ ᠨᠡᠭᠦᠷᠡᠰᠦ ᠶᠢᠨ ᠭᠠᠷᠤᠯᠲᠠ ᠶᠢ 3000 ᠲᠦᠮᠡᠨ ᠳᠣᠨ ᠣᠷᠴᠢᠮ ᠳᠤ ᠬᠦᠷᠬᠡᠵᠦ᠂ ᠴᠠᠬᠢᠯᠭᠠᠨ ᠭᠠᠷᠬᠤ ᠬᠡᠮᠵᠢᠶ᠎ᠡ ᠶᠢ 200 ᠳ᠋ᠥᠩᠰᠢᠭᠤᠷ ᠺᠢᠯᠤᠸᠠᠲ ᠴᠠᠭ ᠣᠷᠴᠢᠮ ᠳᠤ ᠬᠦᠷᠭᠡᠨ᠎ᠡ᠃   ᠪᠣᠬᠢᠷᠳᠣᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠡᠳ᠋ᠰᠢᠯᠡᠭᠦᠯᠵᠦ ᠭᠠᠳᠠᠭᠰᠢ ᠭᠠᠷᠭᠠᠬᠤ ᠰᠠᠭᠤᠷᠢᠨ ᠢ ᠬᠦᠴᠦᠯᠡᠨ ᠪᠠᠶᠢᠭᠤᠯᠤᠨ᠎ᠠ᠃ ᠶᠡᠬᠡᠲᠡᠯ᠎ᠡ᠂ ᠯᠢᠣᠢ ᠰᠢᠶᠠᠩ᠂ ᠬᠤᠸᠠ ᠾᠧ ᠵᠡᠷᠭᠡ ᠭᠤᠣᠯᠳᠠᠯᠭ᠎ᠠ ᠲᠠᠢ ᠳᠠᠭᠠᠭᠤᠯᠣᠭᠴᠢ ᠠᠵᠤ ᠠᠬᠤᠶᠢᠯᠠᠯ ᠳᠤ ᠲᠦᠰᠢᠭᠯᠡᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠣᠨᠳᠣᠣᠰᠢᠭᠤᠯᠬᠤ ᠨᠣᠷᠮ᠎ᠠ ᠪᠠ ᠨᠠᠷᠢᠯᠢᠭ ᠭᠦᠨ ᠡᠳ᠋ᠰᠢᠯᠡᠭᠦᠯᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠬᠦ ᠵᠢᠯ ᠳᠤ 3 ᠲᠦᠮᠡᠨ ᠳᠣᠨ ᠲᠡᠵᠢᠭᠡᠯ ᠡᠪᠡᠰᠦ ᠶᠢ ᠨᠠᠷᠢᠯᠢᠭᠵᠢᠭᠤᠯᠤᠨ ᠪᠣᠯᠪᠠᠰᠣᠷᠠᠭᠤᠯᠬᠤ ᠶᠢ ᠪᠡᠶᠡᠯᠡᠬᠦᠯᠵᠦ᠂ ᠴᠢᠨᠠᠷ ᠰᠠᠶᠢᠲᠠᠢ ᠴᠠᠷᠭᠠᠰᠣ  ᠶᠢ 2 ᠲᠦᠮᠡᠨ ᠮᠤ᠋ ᠲᠠᠷᠢᠵᠤ᠂ 1.5 ᠲᠦᠮᠡᠨ ᠲᠣᠯᠣᠭᠠᠢ ᠮᠢᠬᠠᠨ ᠦᠬᠡᠢ ᠪᠠ 20 ᠲᠦᠮᠡᠨ ᠲᠣᠯᠣᠭᠠᠢ ᠮᠢᠬᠠᠨ ᠬᠤᠨᠢ ᠶᠢ ᠨᠢᠳᠣᠯᠠᠵᠤ ᠡᠳ᠋ᠰᠢᠯᠡᠭᠦᠯᠦᠨ᠎ᠡ᠃     ᠳᠠᠯ᠎ᠠ ᠨᠤᠲᠤᠭ ᠤᠨ ᠰᠣᠶᠣᠯ ᠢ ᠬᠠᠷᠠᠭᠤᠯᠤᠭᠰᠠᠨ ᠣᠮᠠᠷᠠᠲᠤ ᠣᠷᠣᠨ ᠤ ᠣᠨᠴᠠᠯᠢᠭ ᠪᠦᠬᠦᠢ ᠵᠣᠭᠠᠴᠠᠯ ᠤᠨ ᠲᠣᠭᠤᠷᠢᠨ ᠦᠵᠡᠬᠦ᠂ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠢ ᠬᠦᠴᠦᠯᠡᠨ ᠪᠦᠲᠦᠭᠡᠨ ᠪᠠᠶᠢᠭᠤᠯᠤᠨ᠎ᠠ᠃ ᠣᠶᠣᠨᠯᠢᠭ ᠵᠣᠭᠠᠴᠠᠯ ᠤᠨ ᠬᠦᠭᠵᠢᠯᠲᠡ ᠶᠢ ᠲᠦᠷᠬᠡᠳᠬᠡᠨ ᠲᠦᠯᠬᠢᠨ ᠠᠬᠢᠭᠤᠯᠵᠤ᠂  ᠮᠡᠳᠡᠭᠡ ᠵᠠᠩᠬᠢᠵᠢᠯᠲᠠ ᠪᠠᠷ ᠪᠦᠬᠦ ᠲᠠᠯ᠎ᠠ ᠶᠢᠨ ᠵᠣᠭᠠᠴᠠᠯ ᠤᠨ ᠦᠢᠯᠡᠴᠢᠯᠡᠭᠡᠨ ᠢ ᠪᠤᠢ ᠪᠣᠯᠭᠠᠨ᠎ᠠ᠃ ᠬᠤᠢ ᠭᠤᠣᠯ ᠤᠨ ᠵᠣᠭᠠᠴᠠᠯ ᠤᠨ ᠰᠣᠶᠣᠯ ᠤᠨ ᠦᠵᠡᠮᠵᠢ ᠶᠢᠨ ᠪᠦᠰᠡ  ᠶᠢᠨ ᠲᠦᠯᠦᠪᠵᠢᠭᠦᠯᠭᠡ ᠶᠢ ᠨᠢᠮᠪᠠᠢ ᠨᠠᠶᠢᠷᠠᠭᠤᠯᠤᠨ ᠵᠣᠬᠢᠶᠠᠵᠤ᠂ ︽ᠬᠤᠣᠰ ᠵᠠᠭᠤᠨ ᠤ ᠢᠨᠵᠧᠨᠧᠷᠢᠩ︾ ᠢ ᠬᠦᠨᠵᠡᠭᠡᠢ ᠲᠦᠯᠬᠢᠨ ᠠᠬᠢᠭᠤᠯᠵᠤ᠂ ᠣᠣᠭᠠᠨ ᠦᠨᠳᠦᠰᠦᠲᠡᠨ ᠤ ᠰᠣᠶᠣᠯ ᠤᠨ ᠵᠣᠭᠠᠴᠠᠯ ᠪᠠ ᠳᠦᠷᠪᠡᠨ ᠣᠯᠠᠷᠢᠯ ᠳᠤ ᠪᠦᠷ ᠵᠣᠭᠠᠴᠠᠵᠤ ᠴᠢᠳᠠᠬᠤ ᠵᠣᠭᠠᠴᠠᠯ ᠤᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠵᠦ᠂ ᠨᠢᠭᠡ ᠣᠨᠴᠠᠯᠢᠭ ᠪᠦᠬᠦᠢ ᠲᠣᠰᠬᠤᠨ ᠪᠠᠯᠭᠠᠰᠣ᠂ ᠨᠢᠭᠡ 4A ᠳᠡᠰ ᠤᠨ ᠦᠨᠳᠦᠷ ᠴᠢᠨᠠᠷ ᠴᠢᠨᠰᠠᠭ᠎ᠠ ᠪᠦᠬᠦᠢ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠪᠦᠬᠦ ᠵᠢᠯ ᠳᠤ ᠬᠦᠯᠢᠶᠡᠨ ᠠᠪᠴᠤ ᠵᠣᠴᠢᠯᠠᠬᠤ ᠵᠣᠭᠠᠴᠠᠭᠰᠠᠳ ᠢ 60 ᠲᠦᠮᠡᠨ ᠬᠦᠮᠦᠨ ᠣᠳᠠᠭ᠎ᠠ ᠶᠢ ᠳᠠᠪᠠᠭᠤᠯᠵᠤ᠂ ᠵᠣᠭᠠᠴᠠᠯ ᠤᠨ ᠶᠡᠷᠥᠩᠬᠡᠢ ᠣᠷᠣᠯᠭ᠎ᠠ ᠶᠢ 6 ᠳ᠋ᠥᠩᠰᠢᠭᠤᠷ ᠲᠦᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃     ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠨᠡᠶᠢᠲᠡ ᠶᠢᠨ ᠦᠮᠴᠢᠯᠡᠯ ᠤᠨ ᠪᠣᠰᠣ ᠠᠵᠤ ᠠᠬᠤᠢ ᠶᠢᠨ ᠡᠷᠡᠭᠦᠯ ᠢᠶᠠᠷ ᠬᠦᠭᠵᠢᠬᠦ ᠶᠢ ᠭᠦᠴᠦᠯᠡᠨ ᠠᠬᠢᠭᠤᠯᠤᠨ᠎ᠠ᠃ ᠮᠡᠳᠡᠭᠡ ᠵᠠᠩᠭᠢᠵᠢᠯᠲᠠ ᠪᠠᠷ ᠭᠤᠷᠪᠠᠳᠣᠭᠠᠷ ᠠᠵᠤ ᠦᠢᠯᠡᠰ ᠤᠨ ᠬᠦᠭᠵᠢᠯᠲᠡ ᠶᠢ ᠠᠬᠢᠭᠤᠯᠵᠤ᠂ ︽ᠨᠢᠭᠡ ᠲᠣᠶᠢᠯ᠂ ᠬᠤᠶᠠᠷ ᠲᠣᠭᠤᠷᠢᠭ᠂ ᠬᠤᠶᠠᠷ ᠦᠨᠳᠦᠷ ᠲᠦᠪᠰᠢᠨ ᠳᠤ ᠬᠦᠷᠦᠭᠰᠡᠨ ᠭᠠᠵᠠᠷ ᠣᠷᠣᠨ︾ ᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢᠨ ᠲᠣᠭᠤᠷᠢᠨ ᠳᠤ᠂ ᠡᠳ᠋ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ᠂ ᠡᠯᠧᠺᠲᠷᠣᠨ ᠬᠤᠳᠠᠯᠳᠣᠭᠠᠨ ᠤ ᠶᠠᠪᠤᠳᠠᠯ᠂ ᠨᠠᠰᠣᠵᠢᠯ ᠤᠨ ᠡᠷᠡᠭᠦᠯ ᠴᠢᠬᠢᠷᠠᠭ᠂ ᠴᠡᠪᠡᠷ ᠢᠳᠡᠭᠡᠨ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠠᠷᠠᠯᠵᠢᠶᠠᠴᠢᠨ ᠣᠷᠢᠬᠤ ᠡᠷᠴᠢᠮ ᠢᠶᠠᠨ ᠨᠡᠮᠡᠭᠳᠡᠭᠦᠯᠦᠨ᠎ᠡ᠃ ᠬᠠᠢ ᠶᠣᠸᠠᠨ ᠮᠠᠰᠢᠨ ᠲᠡᠷᠬᠡᠨ ᠤ ᠰᠡᠯᠪᠢᠭ ᠲᠣᠨᠤᠭ ᠤᠨ ᠬᠤᠳᠠᠯᠳᠣᠭᠠᠨ ᠤ ᠬᠤᠶᠠᠳᠣᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠳ᠋ᠧᠩ ᠰᠢ ᠯᠣ᠋ ᠪᠠᠭᠤᠳᠠᠯ ᠪᠠ ᠳ᠋ᠧᠩ ᠰᠢ ᠯᠣ᠋ ᠣᠷᠣᠨ ᠰᠠᠭᠤᠴᠠ ᠶᠢᠨ ᠲᠣᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠦᠬᠦ ᠵᠢᠯ ᠳᠤ ᠭᠤᠷᠪᠠᠳᠣᠭᠠᠷ ᠠᠵᠤ ᠦᠢᠯᠡᠰ ᠤᠨ ᠨᠡᠮᠡᠭᠳᠡᠯ ᠦᠷᠲᠡᠭ ᠢ 8% ᠢᠶᠠᠷ ᠨᠡᠮᠡᠭᠳᠡᠭᠦᠯᠦᠨ᠎ᠡ᠃ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠬᠦᠭᠵᠢᠯᠲᠡ  ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠨ ᠳᠣᠮᠳᠠᠬᠢ ᠪᠡᠯᠡ ᠬᠦᠷᠦᠩᠭᠡ ᠶᠢ ᠰᠠᠭᠤᠷᠢ ᠲᠦᠭᠦᠭᠡᠷᠦᠮᠵᠢ᠂ ᠨᠡᠶᠢᠭᠡᠮ ᠤᠨ ᠦᠢᠯᠡᠰ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠵᠡᠷᠭᠡ ᠭᠦᠷᠢᠶ᠎ᠡ ᠴᠠᠷᠠᠭ᠎ᠠ ᠳᠤ ᠣᠷᠣᠭᠤᠯᠬᠤ ᠶᠢ ᠳᠡᠮᠵᠢᠵᠦ᠂ ᠳᠣᠮᠳᠠ ᠵᠢᠵᠢᠭ ᠠᠵᠤ ᠠᠬᠤᠶᠢᠯᠠᠯ᠂ ᠠᠷᠠᠳ   ᠠᠴᠠ ᠡᠵᠡᠩᠨᠡᠭᠰᠡᠨ ᠠᠵᠤ ᠠᠬᠤᠶᠢᠯᠠᠯ ᠢ ᠭᠦᠲᠦᠯᠦᠨ ᠵᠢᠯᠤᠭᠤᠳᠴᠤ᠂ ᠲᠦᠭᠦᠷ ᠬᠠᠮᠵᠢᠯᠴᠠᠭ᠎ᠠ ᠶᠢ ᠰᠠᠶᠢᠳᠤᠷ ᠬᠢᠬᠦ ᠬᠡᠷᠡᠭᠲᠡᠢ᠃ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠡ ᠶᠢ ᠳᠡᠮᠵᠢᠬᠦ ᠡᠯ᠎ᠡ ᠵᠦᠢᠯ ᠤᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠲᠡ ᠶᠢᠨ ᠦᠮᠴᠢᠯᠡᠯ ᠤᠨ ᠪᠣᠰᠣ ᠠᠵᠤ ᠠᠬᠤᠢ ᠶᠢᠨ ︽ᠪᠤᠭᠤᠮᠲᠠ ᠳᠤ ᠣᠷᠣᠬᠤ ᠳᠤ ᠬᠦᠴᠢᠷ᠂ ᠪᠡᠯᠡ ᠬᠤᠷᠠᠮᠳᠣᠭᠤᠯᠬᠤ ᠳᠤ ᠪᠡᠷᠭᠡ︾ ᠵᠡᠷᠭᠡ ᠠᠰᠠᠭᠤᠳᠠᠯ ᠢ ᠰᠢᠢᠳᠪᠦᠷᠢᠯᠡᠵᠦ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠡ ᠶᠢᠨ ᠠᠮᠢᠵᠢᠯ ᠤᠨ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃      ︵ᠭᠤᠷᠪᠠ︶ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠣᠷᠢᠳᠠᠯ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ  ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠢᠯᠡᠭᠦᠦ ᠥᠭᠴᠦ ᠳᠣᠲᠠᠭᠤ ᠠᠪᠴᠤ ᠴᠢᠯᠦᠭᠡᠲᠡᠢ ᠪᠣᠯᠭᠠᠬᠤ︾ ᠴᠢᠭᠯᠡᠯᠲᠡ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠢ ᠲᠡᠳᠬᠦᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃     ᠬᠡᠪᠴᠢᠶᠡᠵᠢᠨ ᠬᠦᠭᠵᠢᠭᠦ ᠲᠦᠪᠰᠢᠨ ᠢ ᠳᠡᠭᠡᠭᠰᠢᠯᠡᠭᠦᠯᠦᠨ᠎ᠡ᠃ ᠮᠧᠩ ᠨᠢᠣ᠂ ᠲᠡᠷᠢᠭᠦᠨ᠂ ᠰᠦᠨ ᠤ ᠬᠤᠯᠪᠣᠭᠠᠲᠤ ᠬᠤᠷᠰᠢᠶ᠎ᠠ᠂ ᠲᠢᠶᠠᠨ ᠱᠠᠨ ᠤ ᠠᠮᠢᠳᠣ ᠪᠣᠳᠠᠰ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠡᠯᠡ ᠣᠷᠣᠭᠤᠯᠵᠣ ᠪᠡᠯᠡ ᠬᠦᠷᠦᠩᠭᠡ ᠬᠤᠷᠠᠮᠳᠣᠭᠤᠯᠬᠤ ᠪᠣᠭᠤᠮᠢ ᠶᠢ ᠡᠪᠳᠡᠵᠦ᠂ ᠬᠠᠮᠵᠢᠯᠴᠠᠬᠤ ᠬᠡᠪ ᠵᠠᠠᠭᠪᠤᠷ ᠤᠨ ᠰᠢᠨ᠎ᠡ ᠶᠢ ᠡᠭᠦᠳᠴᠦ᠂ ᠴᠢᠨᠠᠷᠯᠢᠭ ᠰᠦ ᠶᠢᠨ ᠢᠷᠡᠯᠲᠡ ᠶᠢᠨ ᠰᠠᠭᠤᠷᠢᠨ᠂ ᠮᠢᠬᠠᠨ ᠦᠭᠡᠷ ᠢ ᠪᠤᠷᠳᠣᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶᠢᠵᠢᠭᠤᠯᠬᠤ ᠪᠠ ᠦᠷᠭᠡᠳᠬᠡᠵᠦ᠂ ︽ᠬᠦᠮᠦᠨ ᠮᠠᠯ ᠢ ᠰᠠᠯᠭᠠᠬᠤ︾ ᠶᠢ ᠰᠢᠨᠵᠢᠯᠡᠬᠦ ᠣᠬᠠᠭᠠᠨᠴᠢ ᠪᠠᠷ ᠪᠡᠶᠡᠯᠡᠭᠦᠯᠦᠨ᠎ᠡ᠃ ᠮᠠᠯ ᠠᠵᠤ ᠠᠬᠤᠢ  ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 500 ᠰᠠᠣᠷᠢ ᠪᠠᠶᠢᠩᠭᠤ ᠶᠢᠨ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠤᠨ᠎ᠠ᠃    ᠠᠵᠤ ᠦᠢᠯᠡᠰᠵᠢᠭᠦᠯᠦᠨ ᠡᠵᠡᠩᠨᠡᠬᠦ ᠲᠦᠪᠰᠢᠨ ᠢ ᠳᠡᠭᠡᠭᠰᠢᠯᠡᠭᠦᠯᠦᠨ᠎ᠡ᠃ ᠮᠠᠯᠴᠢᠳ ᠤᠨ ᠬᠠᠳᠣᠯᠠᠩ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠪᠠᠨ ᠡᠷᠬᠢᠯᠳᠦᠭᠦᠯᠬᠦ ᠪᠣᠶᠣ ᠲᠡᠭᠦᠨ ᠢᠶᠠᠷ ᠬᠤᠪᠢ ᠣᠷᠣᠬᠤ ᠵᠡᠷᠭᠡ ᠬᠡᠯᠪᠡᠷᠢ ᠪᠠᠷ ᠬᠠᠳᠣᠯᠠᠩ ᠪᠡᠯᠴᠢᠭᠡᠷ ᠤᠨ ᠡᠬᠢ ᠪᠠᠶᠠᠯᠢᠭ ᠢᠶᠠᠨ ᠦᠨᠳᠦᠷ ᠠᠰᠢᠭ ᠲᠠᠢ ᠪᠠᠷ ᠲᠣᠬᠢᠷᠠᠭᠤᠯᠤᠨ ᠠᠰᠢᠭᠯᠠᠬᠤ ᠶᠢ ᠨᠢ ᠵᠣᠷᠢᠭᠵᠢᠭᠤᠯᠵᠤ᠂ ᠣᠯᠠᠨ ᠵᠦᠢᠯ ᠤᠨ ᠬᠡᠪᠴᠢᠶᠡᠵᠢᠯ ᠪᠦᠬᠦᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠠᠶᠢᠭᠤᠯᠤᠨ᠎ᠠ︔ ︽ᠠᠶᠤᠯ ᠲᠦᠭᠰᠢᠭᠦᠷᠢ ᠶᠢ ᠬᠠᠮᠲᠤᠪᠡᠷ ᠡᠭᠦᠷᠭᠡᠯᠡᠬᠦ᠂ ᠠᠰᠢᠭ ᠲᠤᠰᠠ ᠶᠢ ᠴᠣᠭᠭᠠᠷ ᠡᠳ᠋ᠯᠡᠬᠦ︾ ᠬᠤᠯᠪᠣᠭᠠᠲᠤ ᠲᠣᠭᠲᠠᠴᠠ ᠶᠢ ᠪᠠᠶᠢᠭᠤᠯᠵᠤ᠂ ᠳᠠᠭᠠᠭᠤᠯᠤᠭᠴᠢ ᠠᠵᠤ ᠠᠬᠤᠶᠢᠯᠠᠯ᠂ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠮᠠᠯᠴᠢᠳ ᠢ ᠨᠢᠭᠡ ᠴᠣᠭᠴᠠᠵᠢᠭᠤᠯᠤᠨ ᠬᠦᠭᠵᠢᠭᠦᠯᠬᠦ ᠰᠢᠨ᠎ᠡ ᠬᠡᠪ ᠵᠠᠭᠪᠣᠷ ᠢ ᠡᠭᠦᠳᠴᠦ᠂ ︽ᠬᠤᠪᠢ ᠣᠷᠣᠵᠣ ᠬᠠᠮᠵᠢᠯᠴᠠᠬᠤ︾᠂ ︽ᠵᠠᠬᠢᠶᠠᠯᠭ᠎ᠠ ᠶᠢᠨ ᠬᠠᠭᠤᠳᠠᠰᠤ ᠪᠠᠷ ᠪᠤᠷᠤᠯᠠᠭᠤᠯᠬᠤ︾ ᠶᠢ ᠪᠡᠶᠡᠯᠡᠭᠦᠯᠦᠨ᠎ᠡ᠃ ᠰᠠᠶᠢᠨ ᠡᠭᠦᠯᠳᠡᠷ ᠤᠨ ᠨᠦᠬᠦᠪᠦᠷᠢ᠂ ᠲᠠᠷᠢᠶᠠᠯᠠᠩ ᠤᠨ ᠮᠠᠰᠢᠨ ᠮᠧᠬᠠᠨᠢᠭ ᠬᠤᠳᠠᠯᠳᠣᠨ ᠠᠪᠬᠤ ᠨᠦᠬᠦᠪᠦᠷᠢ ᠵᠡᠷᠭᠡ ᠲᠦᠷᠦ ᠶᠢᠨ ᠪᠤᠳᠣᠯᠭ᠎ᠠ ᠶᠢᠨ ᠴᠢᠨᠠᠷᠲᠠᠢ ᠨᠦᠬᠦᠪᠦᠷᠢ ᠶᠢ ᠰᠢᠨ᠎ᠡ ᠬᠡᠯᠪᠡᠷᠢ  ᠶᠢᠨ ᠡᠵᠡᠩᠨᠡᠯᠲᠡ ᠶᠢᠨ ᠭᠤᠣᠯ ᠴᠣᠭᠴᠠ ᠲᠡᠰᠢ ᠬᠡᠯᠪᠡᠶᠢᠯᠭᠡᠵᠦ᠂ ᠳᠠᠭᠠᠭᠤᠯᠤᠭᠴᠢ ᠠᠵᠤ ᠠᠬᠤᠶᠢᠯᠠᠯ᠂ ᠲᠤᠰᠬᠠᠢ ᠬᠤᠷᠰᠢᠭᠰᠠᠨ ᠵᠣᠬᠢᠶᠠᠨ ᠪᠠᠶᠢᠭᠤᠯᠤᠯᠲᠠ ᠪᠠ ᠲᠠᠷᠢᠵᠤ ᠲᠡᠵᠢᠭᠡᠬᠦ ᠲᠣᠮᠣ ᠡᠷᠦᠬᠡ ᠶᠢᠨ ᠳᠠᠶᠢᠴᠢᠯᠡᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠲᠠᠷᠢᠶᠠᠯᠠᠩ  ᠮᠠᠯ ᠠᠵᠤ ᠠᠬᠤᠢ ᠶᠢ ᠲᠡᠳᠬᠦᠬᠦ ᠲᠦᠷᠦᠯ ᠵᠦᠢᠯ ᠤᠨ ᠬᠠᠮᠤᠷᠠᠬᠤ ᠬᠡᠪᠴᠢᠶ᠎ᠡ ᠪᠠ ᠪᠤᠳᠠᠳᠣ ᠦᠷ᠎ᠡ ᠠᠰᠢᠭ ᠢ ᠨᠡᠮᠡᠭᠳᠡᠭᠦᠯᠦᠨ᠎ᠡ᠃     ᠲᠦᠷᠦᠯ ᠲᠡᠮᠳᠡᠭᠵᠢᠭᠰᠡᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠦᠯᠦᠨ ᠪᠣᠶᠢᠷ ᠤᠨ ᠦᠭᠡᠷ ᠬᠤᠨᠢ ᠶᠢᠨ ᠮᠢᠬ᠎ᠠ ᠶᠢᠨ ᠪᠣᠬᠢᠷᠳᠣᠯ ᠦᠭᠡᠢ ᠲᠦᠷᠦᠯ ᠲᠡᠮᠳᠡᠭᠲᠦ ᠶᠢᠨ ᠵᠠᠭᠤᠨ ᠳ᠋ᠥᠩᠰᠢᠭᠤᠷ ᠢ ᠡᠭᠦᠳᠭᠦ ᠠᠵᠤ ᠦᠢᠯᠡᠰ ᠤᠨ ᠪᠠᠶᠢᠯᠳᠣᠬᠤ ᠪᠣᠳᠣᠯᠭ᠎ᠠ ᠶᠢᠨ ᠲᠣᠭᠤᠷᠢᠨ ᠳᠤ᠂ ᠢᠳᠡᠬᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠮᠦᠷᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠢᠬᠠᠨ ᠦᠢᠯᠡᠳᠬᠦᠨ ᠤ ᠨᠡᠮᠡᠯᠲᠡ ᠦᠷᠲᠡᠭ  ᠢ ᠨᠡᠮᠡᠭᠳᠡᠭᠦᠯᠵᠦ᠂ ︽ᠢᠨ᠋ᠲ᠋ᠧᠷ ᠰᠦᠯᠵᠢᠶ᠎ᠡ +︾ ᠶᠢᠨ ᠮᠡᠳᠡᠭᠡ ᠵᠠᠩᠬᠢ ᠶᠢᠨ ᠲᠠᠪᠴᠠᠩ ᠢᠶᠠᠷ ᠳᠠᠮᠵᠢᠭᠤᠯᠤᠨ᠂ ᠦᠢᠯᠡᠳᠬᠦᠨ ᠢᠶᠠᠨ ᠳᠡᠭᠡᠳᠦ ᠳᠡᠰ ᠤᠨ ᠬᠡᠷᠡᠭᠯᠡᠬᠡᠨ ᠤ ᠵᠠᠬ᠎ᠠ ᠳᠡᠯᠭᠡᠭᠦᠷ ᠲᠤ ᠠᠭᠠᠵᠢᠮ ᠢᠶᠠᠷ ᠲᠦᠯᠬᠢᠨ ᠭᠠᠷᠭᠠᠨ᠎ᠠ᠃ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠳᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠵᠤ᠂ ᠰᠠᠶᠢᠨ ᠡᠭᠦᠯᠳᠡᠷ ᠤᠨ ᠪᠦᠷᠬᠦᠴᠡ ᠶᠢᠨ ᠬᠡᠪᠴᠢᠶ᠎ᠡ ᠶᠢ ᠦᠷᠭᠡᠳᠬᠡᠨ᠎ᠡ᠃ ᠴᠢᠨᠠᠷ ᠰᠠᠶᠢᠨᠲᠠᠢ ᠢᠴᠡᠭᠡᠯ ᠦᠷ᠎ᠡ᠂ ᠭᠠᠷ ᠬᠡᠬᠡᠯᠳᠦᠭᠦᠯᠭᠡ ᠬᠢᠬᠦ ᠵᠡᠷᠭᠡ ᠲᠡᠷᠢᠬᠦᠨ ᠤ ᠮᠡᠷᠭᠡᠵᠢᠯ ᠢ ᠪᠦᠬᠦ ᠲᠠᠯ᠎ᠠ ᠪᠠᠷ ᠳᠡᠯᠭᠡᠷᠡᠬᠦᠯᠵᠦ᠂ ᠬᠦᠯᠦᠨ ᠪᠣᠶᠢᠷ ᠤᠨ ᠣᠬᠤᠷ ᠰᠡᠭᠦᠯᠲᠦ ᠬᠤᠨᠢ ᠶᠢᠨ ᠣᠳᠣᠮ᠂ ᠰᠠᠨ ᠾᠧ ᠦᠬᠡᠷ ᠤᠨ ᠰᠠᠭᠤᠷᠢ ᠡᠬᠡ ᠮᠠᠯ ᠢ ᠦᠷᠠᠵᠢᠭᠦᠯᠦᠨ ᠲᠡᠵᠢᠭᠡᠬᠦ ᠠᠵᠢᠯ ᠢ ᠰᠠᠶᠢᠳᠤᠷ ᠬᠢᠵᠦ᠂ ᠪᠦᠬᠦ ᠵᠢᠯ ᠳᠤ 3 ᠲᠦᠮᠡᠨ ᠲᠣᠯᠣᠭᠠᠢ ᠦᠬᠡᠷ ᠲᠤ ᠢᠴᠡᠬᠡᠯ ᠦᠷ᠎ᠡ ᠶᠢᠨ ᠬᠡᠬᠡᠯᠳᠦᠭᠦᠯᠭᠡ ᠬᠢᠵᠦ ᠡᠭᠦᠯᠳᠡᠷ ᠢ ᠨᠢ ᠰᠠᠶᠢᠵᠢᠷᠠᠭᠤᠯᠤᠨ᠎ᠠ᠃     ᠣᠨᠴᠠᠯᠢᠭᠲᠤ ᠠᠵᠤ ᠦᠢᠯᠡᠰ ᠤᠨ ᠦᠷ᠎ᠡ ᠠᠰᠢᠭ ᠣᠯᠬᠤ ᠲᠦᠪᠰᠢᠨ ᠢ ᠳᠡᠭᠡᠭᠰᠢᠯᠡᠭᠦᠯᠦᠨ᠎ᠡ᠃ ᠪᠠᠶᠠᠨᠲᠠᠯ᠎ᠠ ᠰᠢᠶᠠᠩ ᠪᠠ ᠪᠠᠶᠠᠨᠲᠣᠬᠤᠢ ᠪᠠᠯᠭᠠᠰᠤ ᠶᠢᠨ ᠣᠨᠴᠠᠯᠢᠭᠲᠤ ᠲᠠᠷᠢᠶᠠᠯᠠᠩ ᠢ ᠬᠦᠭᠵᠢᠭᠦᠯᠬᠦ ᠶᠢ ᠨᠢ ᠲᠡᠮᠵᠢᠵᠦ᠂ ᠦᠨᠳᠦᠷ ᠦᠷ᠎ᠡ ᠠᠰᠢᠭ ᠲᠠᠢ ᠪᠠᠷ ᠣᠰᠣ ᠠᠷᠪᠢᠯᠠᠬᠤ ᠪᠠ ᠲᠦᠬᠦᠭᠡᠷᠦᠮᠵᠢᠲᠦ ᠲᠠᠷᠢᠶᠠᠯᠠᠩ ᠶᠢ ᠶᠡᠬᠡᠪᠡᠷ ᠬᠦᠭᠵᠢᠭᠦᠯᠵᠦ᠂ ᠲᠠᠷᠢᠶᠠᠯᠠᠩ ᠤᠨ ᠶᠡᠷᠥᠩᠬᠡᠢ ᠦᠷ᠎ᠡ ᠠᠰᠢᠭ ᠢ ᠲᠠᠰᠣᠷᠣᠯᠲᠠ ᠦᠭᠡᠢ ᠨᠡᠮᠡᠭᠳᠡᠭᠦᠯᠦᠨ᠎ᠡ᠃ ᠣᠢ ᠰᠢᠭᠤᠢ ᠳᠣᠣᠷᠠᠬᠢ ᠡᠬᠢ ᠪᠠᠶᠠᠯᠢᠭ᠂ ᠬᠢᠮᠳᠠ ᠴᠢᠬᠢ ᠮᠣᠳᠣ ᠶᠢ ᠲᠠᠷᠢᠵᠤ ᠣᠷᠭᠤᠭᠤᠯᠬᠤ᠂ ᠵᠢᠭᠠᠰᠣ ᠲᠡᠵᠢᠭᠡᠬᠦ ᠦᠢᠯᠡᠰ ᠵᠡᠷᠭᠡ ᠣᠨᠴᠠᠯᠢᠭᠲᠤ ᠠᠵᠤ ᠦᠢᠯᠡᠰ ᠢ ᠨᠡᠶᠢᠳᠬᠡᠨ ᠬᠦᠭᠵᠢᠭᠦᠯᠵᠦ᠂ ᠣᠷᠭᠠᠨᠢᠭ ᠪᠣᠬᠢᠷᠳᠣᠯ ᠦᠭᠡᠢ ᠦᠢᠯᠡᠳᠭᠦᠨ ᠤ ᠣᠯᠠᠨ ᠡᠰᠢᠵᠢᠨ ᠬᠦᠭᠵᠢᠭᠦ ᠶᠢ ᠪᠡᠶᠡᠯᠡᠭᠦᠯᠦᠨ᠎ᠡ᠃    ︵ᠳᠦᠷᠪᠡ︶ ᠪᠣᠬᠢᠷᠳᠣᠯ ᠦᠭᠡᠢ ᠬᠦᠭᠵᠢᠭᠦᠯᠬᠦ ᠣᠶᠢᠯᠠᠭᠠᠭᠳᠠᠬᠤᠨ ᠢᠶᠠᠷ ᠵᠢᠯᠣᠭᠤᠳᠣᠭᠤᠯᠵᠣ᠂ ᠦᠷᠭᠦᠯᠵᠢᠯᠡᠨ ᠬᠦᠭᠵᠢᠬᠦ ᠶᠢ ᠬᠦᠴᠦᠯᠡᠨ ᠠᠬᠢᠭᠤᠯᠤᠨ᠎ᠠ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠯᠣᠰ ᠤᠨ ᠦᠨᠳᠦᠰᠦᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠭᠤᠶᠣᠲᠠ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠨ᠎ᠠ᠃    ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠢᠨᠵᠧᠨᠧᠷᠢᠩ ᠢ ᠢᠳᠡᠪᠬᠢᠲᠡᠢ ᠲᠦᠯᠬᠢᠨ ᠠᠬᠢᠭᠤᠯᠤᠨ᠎ᠠ᠃ ᠣᠢ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠠᠯᠬᠤᠮ ᠴᠢᠨᠠᠭᠰᠢᠲᠠ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠶᠢ ᠲᠣᠣᠱᠯᠠᠭᠤᠯᠤᠨ ᠬᠡᠷᠡᠭᠵᠢᠭᠦᠯᠵᠦ᠂ ᠠᠮᠢ ᠠᠬᠤᠢ  ᠶᠢᠨ ᠡᠳ᠋ ᠬᠦᠷᠦᠩᠭᠡ ᠶᠢ ᠬᠠᠮᠤᠭ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠢᠴᠢ ᠣᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠤᠨ ᠪᠦᠲᠦᠬᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠮᠢ ᠠᠬᠤᠢ ᠶᠢᠨ ᠠᠰᠠᠷᠠᠮᠵᠢ ᠶᠢᠨ ᠤᠢ ᠶᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠣᠢ ᠰᠢᠭᠤᠢ ᠶᠢᠨ ᠠᠵᠢᠯ ᠬᠢᠬᠦ ᠲᠣᠭᠤᠷᠢᠭ ᠤᠨ ᠳᠣᠲᠣᠷᠠᠬᠢ ᠵᠠᠰᠠᠭ ᠵᠠᠬᠢᠷᠭᠠᠨ ᠤ ᠬᠡᠷᠡᠭ ᠤᠨ ᠬᠢᠨᠠᠯᠲᠠ ᠬᠠᠮᠢᠶᠠᠷᠤᠯᠲᠠ ᠶᠢᠨ ᠬᠦᠴᠦᠯᠡᠴᠡ ᠶᠢ  ᠴᠢᠩᠭᠠᠷᠠᠭᠤᠯᠤᠨ᠎ᠠ᠃ ᠨᠣᠲᠤᠭ ᠪᠡᠯᠴᠢᠭᠡᠷ ᠤᠨ ᠠᠮᠢ ᠠᠬᠤᠢ ᠳᠤ ᠨᠦᠬᠦᠪᠦᠷᠢᠯᠡᠵᠦ ᠱᠠᠩᠨᠠᠬᠤ ᠲᠣᠭᠲᠠᠴᠠ ᠶᠢ ᠨᠢᠮᠪᠠᠢ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠣᠷᠣᠨ ᠬᠤᠪᠢᠶᠠᠵᠤ ᠡᠬᠡᠯᠵᠢᠯᠡᠨ ᠮᠠᠯᠵᠢᠬᠤ ᠵᠡᠷᠭᠡ ᠦᠨᠳᠦᠰᠦᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠬᠤ ᠶᠢ ᠠᠬᠢᠭᠤᠯᠤᠨ᠎ᠠ᠃ ᠡᠯᠡᠰᠦᠷᠬᠡᠭ ᠣᠷᠣᠨ ᠢ ᠶᠡᠷᠥᠩᠬᠡᠶᠢᠯᠡᠨ ᠵᠠᠰᠠᠬᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠵᠡᠷᠭᠡ ᠡᠯ᠎ᠡ ᠵᠦᠢᠯ ᠤᠨ ᠠᠵᠢᠯ  ᠢ ᠨᠢᠭᠡᠳᠦᠯᠲᠡᠢ ᠲᠦᠯᠦᠪᠯᠡᠨ ᠲᠦᠯᠬᠢᠨ ᠠᠬᠢᠭᠤᠯᠵᠤ᠂ ᠬᠦᠷᠦᠰᠦ ᠰᠢᠷᠣᠢ ᠶᠢᠨ ᠡᠬᠢ ᠪᠠᠶᠠᠯᠢᠭ ᠤᠨ ᠬᠠᠨᠮᠠᠭᠠᠯᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠣ᠂ ︽ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ ᠢᠮᠢᠨ ᠭᠤᠣᠯ᠂ ᠬᠤᠢ ᠭᠤᠤᠯ ᠤᠨ ᠨᠣᠭᠤ ᠭᠠᠵᠠᠷ ᠤᠨ ᠣᠰᠣᠨ ᠤ ᠡᠬᠢ ᠰᠣᠷᠪᠣᠯᠵᠢ ᠶᠢᠨ ᠬᠠᠮᠠᠭᠠᠯᠠᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠬᠡᠮ ᠰᠣᠭᠤᠭ  ᠲᠠᠢ ᠣᠰᠣᠨ ᠴᠦᠬᠦᠷᠦᠮ ᠪᠠ ᠬᠠᠣᠯᠢ ᠶᠢ ᠵᠦᠷᠢᠴᠡᠨ ᠡᠷᠬᠢᠯᠡᠭᠰᠡᠨ ᠵᠢᠭᠠᠰᠣᠨ ᠴᠦᠬᠦᠷᠦᠮ ᠢ ᠪᠦᠬᠦ ᠲᠠᠯ᠎ᠠ ᠪᠠᠷ ᠴᠡᠪᠡᠷᠯᠡᠨ ᠭᠠᠷᠭᠠᠬᠤ ᠬᠡᠷᠡᠭᠲᠡᠢ᠃ ᠮᠠᠯᠵᠢᠬᠤ ᠣᠷᠣᠨ  ᠤ ᠣᠰᠣ ᠠᠷᠪᠢᠯᠠᠨ ᠰᠦᠷᠴᠢᠨ ᠣᠰᠣᠯᠠᠬᠤ᠂ ᠳᠣᠮᠳᠠ ᠵᠢᠵᠢᠭ ᠭᠤᠣᠯ ᠤᠨ ᠬᠦᠷᠦᠰᠦ ᠰᠢᠷᠤᠢ ᠶᠢᠨ ᠢᠳᠡᠭᠳᠡᠯ ᠢ ᠵᠠᠰᠠᠬᠤ᠂ ᠬᠡᠮ ᠰᠣᠭᠤᠭ ᠲᠠᠢ ᠣᠰᠣᠨ ᠴᠦᠬᠦᠷᠦᠮ ᠢ ᠪᠠᠬᠢᠯᠡᠵᠦ ᠵᠠᠰᠠᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠡᠢ ᠲᠡᠮᠡᠴᠡᠨ ᠣᠯᠵᠣ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠨ ᠦᠷᠭᠦᠯᠵᠢᠯᠡᠨ ᠪᠠᠲᠤᠳᠬᠠᠨ᠎ᠠ᠃    ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠢᠳᠡᠪᠬᠢᠲᠠᠢ ᠲᠦᠯᠬᠢᠨ ᠠᠬᠢᠭᠤᠯᠤᠨ᠎ᠠ᠃ ᠭᠠᠳᠠᠭᠰᠢᠯᠠᠭᠤᠯᠤᠯᠲᠠ ᠪᠠᠭᠠᠰᠬᠠᠬᠤ ᠠᠵᠢᠯ ᠢ ᠭᠤᠣᠯᠳᠠᠯᠭ᠎ᠠ ᠶᠢ ᠳᠣᠪᠣᠶᠢᠯᠭᠠᠵᠤ᠂ ᠪᠦᠬᠦ ᠵᠢᠯ ᠤᠨ ᠪᠣᠬᠢᠷᠲᠣᠯ ᠡᠳ᠋ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠤᠨ ᠡᠭᠦᠷᠭᠡ ᠶᠢ ᠯᠠᠪᠲᠠᠢ ᠪᠡᠶᠡᠯᠡᠭᠦᠯᠵᠦ᠂ ᠬᠦᠯᠦᠨ ᠪᠣᠶᠢᠷ ᠬᠤᠲᠠ ᠶᠢᠨ ᠭᠤᠣᠯ ᠪᠣᠬᠢᠷᠲᠣᠭᠤᠯᠣᠯ ᠤᠨ ᠡᠳ᠋ ᠤᠨ ᠶᠡᠷᠥᠩᠬᠡᠢ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠦᠨᠳᠦᠰᠦᠯᠡᠨ᠂ ︽2016 ᠣᠨ ᠤ ᠭᠤᠣᠯ ᠪᠤᠬᠢᠷᠲᠤᠭᠤᠯᠤᠯ ᠤᠨ ᠡᠳ᠋ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠡᠭᠦᠷᠭᠡ ᠶᠢᠨ ᠬᠠᠷᠢᠭᠤᠴᠠᠯᠭ᠎ᠠ ᠶᠢᠨ ᠪᠢᠴᠢᠭ︾ ᠢ ᠨᠠᠶᠢᠷᠠᠭᠤᠯᠤᠨ ᠪᠢᠴᠢᠨ᠎ᠡ︔ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠲᠣᠰᠬᠠᠢ ᠵᠦᠢᠯ ᠢᠶᠠᠷ ᠱᠠᠭᠠᠷᠳᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠭᠠᠳᠠᠭᠰᠢᠯᠠᠭᠤᠯᠤᠯᠲᠠ ᠶᠢ ᠪᠠᠭᠠᠰᠠᠬᠠᠬᠤ ᠭᠤᠣᠯᠳᠠᠯᠭ᠎ᠠ ᠲᠠᠢ ᠠᠵᠤ ᠠᠬᠤᠶᠢᠯᠠᠯ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠨ᠎ᠡ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠣᠯᠢ︾ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠣᠯᠢ  ᠬᠡᠷᠡᠭᠵᠢᠭᠦᠯᠦᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠬᠠᠣᠯᠢ ᠶᠢ ᠵᠦᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠦᠨᠳᠦᠷ ᠳᠠᠷᠤᠯᠲᠠ ᠶᠢᠨ ᠪᠠᠶᠢᠳᠠᠯ ᠢ ᠪᠠᠲᠤᠯᠠᠨ᠎ᠠ᠃ ᠡᠳᠦᠷ ᠢᠶᠠᠷ ᠪᠣᠳᠣᠵᠣ ᠳᠣᠷᠭᠤᠭᠠᠬᠤ᠂ ᠪᠢᠳᠡᠭᠦᠮᠵᠢᠯᠡᠵᠦ ᠬᠤᠴᠣᠷᠭᠠᠬᠤ᠂ ᠦᠢᠯᠡᠳᠪᠦᠷᠢᠯᠡᠬᠦ ᠶᠢ ᠨᠢ ᠬᠢᠵᠠᠭᠠᠷᠯᠠᠵᠤ ᠦᠢᠯᠡᠳᠪᠦᠷᠢᠯᠡᠯ ᠢ ᠨᠢ ᠵᠣᠭᠰᠣᠭᠠᠬᠤ ᠵᠡᠷᠭᠡ ᠲᠦᠭᠦᠷᠵᠢᠭᠦᠯᠦᠭᠰᠡᠨ ᠬᠠᠣᠯᠢ ᠲᠣᠭᠲᠠᠭᠠᠯ ᠢ ᠵᠢᠷᠤᠮᠵᠢᠭᠤᠯᠤᠨ ᠰᠠᠶᠢᠳᠣᠷ ᠬᠡᠷᠡᠭᠵᠢᠭᠦᠯᠵᠦ᠂  ᠰᠢᠲᠠᠭᠠᠯᠭ᠎ᠠ ᠶᠢᠨ ᠨᠡᠭᠦᠷᠡᠰᠦ ᠵᠢᠴᠢ ᠢᠳᠡᠭᠡᠨ ᠣᠮᠳᠠᠭᠠᠨ ᠤ ᠲᠣᠰᠣ ᠣᠲᠤᠭ᠎ᠠ ᠶᠢᠨ ᠪᠣᠬᠢᠷᠲᠣᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠠᠷᠠᠳ ᠣᠯᠠᠨ ᠤ ᠣᠷᠴᠢᠨ ᠲᠣᠭᠤᠷᠢᠨ ᠤᠨ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠪᠣᠬᠢᠷᠲᠤᠯ ᠢ ᠭᠠᠳᠠᠭᠰᠢᠯᠠᠭᠤᠯᠬᠤ ᠭᠤᠶᠤᠴᠢᠯᠠᠨ ᠮᠡᠳᠡᠭᠦᠯᠬᠦ ᠳᠦᠷᠢᠮ ᠢ ᠴᠢᠩᠳᠠᠯᠠᠵᠤ᠂ ᠲᠦᠷᠦᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠣᠬᠢᠷᠲᠤᠯ ᠡᠳ᠋ ᠢ ᠭᠠᠳᠠᠭᠰᠢᠯᠠᠭᠤᠯᠬᠤ ᠶᠡᠷᠥᠩᠬᠡᠢ ᠬᠡᠮᠵᠢᠶ᠎ᠡ ᠶᠢ ᠨᠣᠳᠠᠯᠠᠬᠤ ᠬᠢᠨᠠᠨ ᠬᠠᠷᠭᠤᠭᠤᠯᠬᠤ ᠪᠣᠭᠤᠮᠲᠠ ᠶᠢ ᠠᠳᠬᠤᠬᠤ ᠠᠵᠢᠯ ᠢ ᠠᠯᠬᠤᠮ ᠴᠢᠨᠠᠭᠰᠢᠲᠠ ᠴᠢᠩᠭᠠᠳᠬᠠᠵᠤ᠂ ᠰᠢᠨ᠎ᠡ ᠪᠠᠷ ᠪᠠ ᠦᠷᠭᠡᠳᠬᠡᠨ ᠪᠠᠶᠢᠭᠤᠯᠵᠤ ᠪᠦᠬᠦᠢ ᠲᠦᠷᠦᠯ ᠵᠦᠢᠯ ᠤᠳ ᠨᠢ ᠭᠠᠷᠳᠠᠮ ᠢᠶᠠᠨ ᠭᠦᠢᠴᠡᠳᠬᠡᠬᠦ ᠠᠴᠠ ᠪᠠᠨ ᠡᠮᠦᠨ᠎ᠡ ᠪᠣᠬᠢᠷᠲᠤᠯ ᠡᠳ᠋ ᠤᠨ ᠶᠡᠷᠥᠩᠬᠡᠢ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠡᠷᠬᠡᠪᠰᠢ ᠣᠯᠬᠤ ᠬᠡᠷᠡᠭᠲᠡᠢ᠃      ᠠᠮᠢ ᠠᠬᠤᠢ ᠶᠢᠨ ᠪᠣᠯᠪᠠᠰᠣᠨ ᠤ ᠳᠦᠷᠢᠮ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠠᠮᠢ ᠠᠬᠤᠢ  ᠶᠢᠨ ᠪᠣᠯᠪᠠᠰᠣᠨ ᠤ ᠳᠦᠷᠢᠮ ᠤᠨ ᠪᠠᠶᠢᠭᠤᠯᠤᠯᠲᠠ ᠶᠢᠨ ᠬᠦᠴᠦᠯᠡᠴᠡ ᠶᠢ ᠴᠢᠩᠭᠠᠳᠬᠠᠵᠤ᠂ ︽ᠭᠠᠵᠠᠷ ᠰᠢᠷᠤᠢ ᠶᠢ ᠰᠠᠬᠢᠨ ᠬᠠᠮᠠᠭᠠᠯᠠᠬᠤ ᠬᠠᠷᠢᠭᠤᠴᠠᠯᠭ᠎ᠠ ᠲᠠᠢ᠂ ᠭᠠᠵᠠᠷ ᠰᠢᠷᠤᠢ ᠶᠢ ᠰᠠᠬᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︾ ᠭᠡᠰᠡᠨ ᠦᠵᠡᠯ ᠣᠬᠠᠮᠰᠠᠷ ᠢ ᠠᠯᠬᠤᠮ ᠴᠢᠨᠠᠭᠰᠢᠲᠠ ᠨᠡᠮᠡᠭᠳᠡᠭᠦᠯᠵᠦ᠂ ᠦᠪᠡᠷᠲᠡᠭᠡᠨ ᠵᠠᠰᠠᠬᠤ ᠳᠦᠷᠢᠮ ᠪᠣᠯᠣᠨ ᠲᠣᠰᠬᠠᠢ ᠳᠦᠷᠢᠮ ᠢ ᠲᠣᠣᠱᠯᠠᠭᠤᠯᠤᠨ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠬᠤ ᠬᠡᠷᠡᠭᠲᠡᠢ᠃ ᠮᠠᠨ ᠤ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠠᠯᠢ ᠶᠢᠨ ᠣᠢ ᠮᠤᠳᠤ ᠶᠢᠨ ᠬᠠᠮᠠᠭᠠᠯᠠᠯᠲᠠ ᠶᠢᠨ ᠣᠷᠣᠨ᠂ ᠨᠤᠲᠤᠭ ᠪᠡᠯᠴᠢᠭᠡᠷ ᠤᠨ ᠡᠯᠡᠰᠦᠷᠬᠡᠭᠵᠢᠯ ᠢ ᠵᠠᠰᠠᠬᠤ ᠣᠷᠣᠨ ᠪᠠ ᠨᠣᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠬᠡᠵᠦ ᠬᠤᠪᠢᠶᠠᠷᠢᠯᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠢ ᠶᠢ ᠪᠦᠬᠦ ᠬᠤᠰᠢᠭᠤᠨ ᠤ ᠶᠡᠷᠥᠩᠬᠡᠢ ᠲᠠᠯᠠᠪᠠᠢ ᠶᠢᠨ 95% ᠠᠴᠠ ᠳᠡᠭᠡᠭᠰᠢ   ᠶᠢ ᠡᠵᠡᠯᠡᠭᠦᠯᠦᠨ᠎ᠡ︔ ᠠᠮᠢ ᠠᠬᠤᠢ ᠶᠢᠨ ᠬᠠᠮᠠᠭᠠᠯᠠᠯᠲᠠ ᠶᠢᠨ ᠣᠯᠠᠭᠠᠨ ᠱᠣᠭᠤᠮ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠭᠠᠨ ᠱᠣᠭᠤᠮ ᠤᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠠᠵᠤ ᠦᠢᠯᠡᠳᠪᠦᠷᠢ ᠬᠦᠭᠵᠢᠭᠦᠯᠬᠦ ᠵᠡᠷᠭᠡ ᠪᠤᠬᠢᠷᠲᠣᠭᠤᠯᠣᠯ ᠪᠣᠯᠬᠤ ᠠᠵᠤ ᠠᠬᠤᠶᠢᠯᠠᠯ ᠡᠷᠬᠢᠯᠡᠬᠦ ᠶᠢ ᠴᠠᠭᠠᠵᠢᠯᠠᠨ᠎ᠠ︔ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠯᠭᠠᠵᠤ ᠦᠨᠡᠯᠡᠬᠦ ᠲᠣᠭᠲᠠᠯᠴᠠᠭ᠎ᠠ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠠᠭᠠᠵᠢᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠭᠠᠵᠢᠮ ᠢᠶᠠᠷ ᠳᠦᠷᠢᠮᠵᠢᠭᠦᠯᠦᠨ ᠪᠠᠶᠢᠩᠭᠤ ᠶᠢᠨ ᠴᠢᠨᠠᠷᠲᠠᠢ ᠪᠣᠯᠭᠠᠵᠤ᠂ ᠣᠯᠣᠰ ᠤᠨ ᠣᠷᠴᠢᠨ ᠲᠣᠭᠤᠷᠢᠨ ᠤ ᠰᠢᠨᠵᠢᠯᠡᠬᠦ ᠣᠬᠠᠭᠠᠨ ᠤ ᠬᠦᠷᠢᠶᠡᠯᠡᠩ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠮᠢᠳᠣ ᠪᠤᠳᠠᠰ ᠤᠨ ᠣᠯᠠᠨ  ᠶᠠᠩᠵᠣᠲᠣ ᠴᠢᠨᠠᠷ ᠤᠨ ᠦᠨ᠎ᠡ ᠦᠷᠲᠡᠭ ᠢ ᠦᠨᠡᠯᠡᠨ ᠵᠢᠱᠢᠬᠦ ᠪᠠ ᠭᠤᠣᠯ ᠵᠦᠢᠯ ᠪᠣᠯᠭᠠᠬᠤ ᠠᠵᠢᠯ ᠢ ᠦᠷᠨᠢᠭᠦᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠳᠦᠷᠢᠮᠵᠢᠨ ᠵᠢᠷᠤᠮᠵᠢᠭᠰᠠᠨ ᠵᠠᠮ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃   ︵ᠲᠠᠪᠤ︶ ᠵᠣᠬᠢᠴᠠᠩᠭᠤᠢ ᠪᠠᠷ ᠬᠦᠭᠵᠢᠭᠦᠯᠬᠦ ᠣᠶᠢᠯᠠᠭᠠᠭᠳᠠᠬᠤᠨ ᠢᠶᠠᠷ ᠵᠢᠯᠣᠭᠤᠳᠣᠭᠤᠯᠵᠣ᠂ ᠬᠤᠲᠠ ᠬᠦᠳᠡᠭᠡ ᠶᠢᠨ ᠵᠣᠬᠢᠴᠠᠩᠭᠤᠢ ᠬᠦᠭᠵᠢᠯᠲᠡ ᠶᠢ ᠬᠦᠴᠦᠯᠡᠨ ᠲᠦᠯᠬᠢᠨ ᠠᠬᠢᠭᠤᠯᠤᠨ᠎ᠠ᠃ ᠬᠤᠲᠠ ᠬᠦᠳᠡᠭᠡ ᠶᠢ ᠨᠢᠭᠡ ᠴᠣᠭᠴᠠᠵᠢᠭᠤᠯᠬᠤ᠂ ᠣᠷᠣᠨ ᠪᠦᠰᠡ ᠶᠢᠨ ᠬᠠᠮᠵᠢᠯᠴᠠᠬᠤ ᠶᠢ ᠪᠠᠷᠢᠮᠲᠠᠯᠠᠵᠤ᠂ ᠵᠣᠬᠢᠴᠠᠩᠭᠤᠢ ᠪᠠᠷ ᠬᠦᠭᠵᠢᠭᠦᠯᠬᠦ ᠳᠣᠮᠳᠠ ᠬᠦᠭᠵᠢᠯᠲᠡ ᠶᠢᠨ ᠣᠷᠣᠨ ᠵᠠᠢ ᠪᠠᠨ ᠦᠷᠭᠡᠳᠬᠡᠨ᠎ᠡ᠃     ᠬᠦᠳᠡᠭᠡ ᠲᠣᠰᠬᠤᠨ ᠠᠴᠠ ᠰᠢᠯᠵᠢᠵᠤ ᠢᠷᠡᠭᠰᠡᠨ ᠬᠦᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠬᠦᠴᠦᠯᠡᠨ ᠲᠦᠯᠬᠢᠨ ᠠᠬᠢᠭᠤᠯᠤᠨ᠎ᠠ᠃ ︽ᠰᠠᠶᠢᠨ ᠳᠣᠷ᠎ᠠ ᠠᠴᠠ ᠪᠠᠨ᠂ ᠲᠣᠷᠦᠯ ᠬᠤᠪᠢᠶᠠᠬᠤ᠂ ᠡᠮᠬᠢ ᠲᠢᠭᠯᠢᠮ︾ ᠲᠠᠢ ᠪᠠᠶᠢᠬᠤ ᠵᠠᠷᠴᠢᠮ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠶᠢᠨ ᠰᠢᠯᠵᠢᠭᠰᠡᠨ ᠬᠦᠮᠦᠨ ᠠᠮᠠ  ᠶᠢ ᠬᠤᠲᠠ ᠶᠢᠨ ᠠᠷᠠᠳ ᠪᠣᠯᠭᠠᠬᠤ ᠶᠢ ᠲᠦᠷᠭᠡᠳᠬᠡᠨ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠡᠯ᠎ᠡ ᠭᠠᠵᠠᠷ ᠤᠨ ᠠᠵᠤ ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠪᠠ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠤᠳᠠᠳᠠᠢ ᠪᠠᠶᠢᠳᠠᠯ ᠢ ᠦᠨᠳᠦᠰᠦᠯᠡᠨ᠂ ᠬᠤᠲᠠ ᠪᠠᠯᠭᠠᠰᠤ ᠳᠤ ᠣᠷᠣᠭᠤᠯᠵᠣ ᠠᠵᠢᠯ ᠣᠯᠭᠤᠬᠤ ᠴᠢᠳᠠᠪᠤᠷᠢ ᠶᠢ ᠳᠠᠰᠣᠷᠠᠯᠲᠠ ᠦᠭᠡᠢ ᠳᠡᠭᠡᠭᠰᠢᠯᠡᠭᠦᠯᠦᠨ᠎ᠡ᠃ ᠬᠤᠲᠠ ᠪᠠᠯᠭᠠᠰᠣ ᠶᠢᠨ ᠪᠦᠲᠦᠭᠡᠨ ᠪᠠᠶᠢᠭᠤᠯᠤᠯᠲᠠ ᠶᠢ ᠶᠡᠷᠥᠩᠬᠡᠶᠢᠯᠡᠨ ᠨᠡᠭᠡᠭᠡᠨ ᠬᠦᠭᠵᠢᠭᠦᠯᠬᠦ ᠴᠢᠭᠯᠡᠯᠲᠡ ᠶᠣᠰᠣᠭᠠᠷ᠂ ︽ᠣᠯᠠᠨ ᠢᠶᠠᠷ ᠢᠶᠠᠨ ᠦᠢᠯᠡᠰ ᠪᠣᠰᠬᠠᠬᠤ᠂ ᠪᠦᠭᠦᠳᠡᠭᠡᠷ ᠢᠶᠠᠨ ᠰᠢᠨ᠎ᠡ ᠶᠢ ᠡᠭᠦᠳᠬᠦ︾ ᠠᠵᠢᠯ ᠢ ᠦᠷᠨᠢᠭᠦᠯᠬᠦ ᠲᠠᠢ ᠣᠶᠠᠯᠳᠣᠭᠤᠯᠣᠨ᠂ ᠣᠯᠣᠰ ᠤᠨ ᠳᠡᠰ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠦᠨᠳᠦᠰᠦᠲᠡᠨ ᠤ ᠪᠡᠶ᠎ᠡ ᠲᠠᠮᠢᠷ ᠤᠨ ᠬᠦᠳᠡᠯᠭᠡᠭᠡᠨ ᠤ ᠣᠷᠣᠯᠳᠣᠭᠠᠨ ᠤ ᠲᠦᠪ᠂ ᠬᠠᠢ ᠶᠣᠸᠠᠨ ᠣᠯᠠᠨ ᠣᠯᠣᠰ ᠤᠨ ᠮᠠᠰᠢᠨ ᠲᠡᠷᠭᠡ ᠶᠢᠨ ᠰᠡᠯᠪᠢᠭ ᠲᠣᠨᠤᠭ ᠤᠨ ᠬᠤᠳᠠᠯᠳᠤᠭ᠎ᠠ᠂ ᠱᠧᠩ ᠳ᠋ᠠ ᠮᠠᠰᠢᠨ ᠲᠡᠷᠭᠡ ᠰᠡᠯᠪᠢᠬᠦ ᠲᠣᠨᠤᠭ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶ᠎ᠠ ᠬᠤᠳᠠᠯᠳᠤᠭ᠎ᠠ ᠵᠡᠷᠭᠡ ᠲᠦᠷᠦᠯ ᠵᠦᠢᠯ ᠢᠶᠠᠷ ᠲᠠᠪᠴᠠᠩ ᠪᠣᠯᠭᠠᠵᠤ ᠬᠦᠭᠵᠢᠯᠲᠡ  ᠶᠢᠨ ᠰᠢᠨ᠎ᠡ ᠣᠷᠣᠨ ᠵᠠᠢ ᠶᠢ ᠦᠷᠭᠡᠳᠬᠡᠵᠦ᠂ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠪᠠ ᠨᠠᠪᠴᠢᠯᠣᠣᠷ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠳᠠᠶᠢᠴᠢᠯᠠᠵᠤ᠂ ᠬᠦᠳᠡᠭᠡ ᠲᠣᠰᠬᠤᠨ ᠤ ᠬᠦᠮᠦᠨ ᠠᠮᠠ ᠶᠢᠨ ᠬᠤᠲᠠ ᠪᠠᠯᠭᠠᠰᠣᠨ ᠳᠤ ᠰᠢᠯᠵᠢᠨ ᠣᠷᠣᠬᠤ ᠶᠢ ᠢᠳᠡᠪᠬᠢᠲᠡᠢ ᠬᠦᠲᠦᠯᠦᠨ ᠵᠢᠯᠤᠭᠤᠳᠤᠨ᠎ᠠ᠃ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ᠤᠨ ᠦᠭᠡᠷᠡᠴᠢᠯᠡᠯᠲᠡ ᠶᠢ ᠲᠦᠷᠭᠡᠳᠬᠡᠵᠦ᠂ ᠨᠡᠶᠢᠭᠡᠮ ᠤᠨ ᠪᠠᠲᠤᠯᠠᠪᠤᠷᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠲᠠ ᠣᠷᠣᠵᠣ ᠬᠦᠴᠦ ᠶᠠᠪᠤᠭᠰᠠᠳ ᠤᠨ ᠡᠷᠦᠬᠡ ᠠᠮᠠ   ᠶᠢᠨ ᠳᠠᠩᠰᠠ ᠶᠢ ᠣᠷᠣᠭᠤᠯᠵᠣ ᠥᠭᠬᠦ ᠪᠠ ᠨᠡᠶᠢᠭᠡᠮ  ᠤᠨ ᠪᠠᠲᠤᠯᠠᠪᠤᠷᠢ ᠲᠠᠢ ᠪᠤᠯᠭᠠᠵᠤ᠂ ᠬᠤᠲᠠ ᠪᠠᠯᠭᠠᠰᠤ ᠶᠢᠨ ᠬᠡᠪᠴᠢᠶ᠎ᠡ ᠪᠠ ᠶᠡᠷᠥᠩᠬᠡᠢ ᠳᠠᠭᠠᠭᠠᠴᠠ ᠶᠢ ᠦᠨᠳᠦᠰᠦᠯᠡᠨ᠂ ᠬᠤᠲᠠ ᠣᠷᠣᠵᠣ ᠬᠦᠴᠦ ᠶᠠᠪᠤᠭᠰᠠᠳ ᠤᠨ ᠡᠷᠦᠬᠡ ᠠᠮᠠ ᠶᠢᠨ ᠳᠠᠩᠰᠠ ᠶᠢ ᠣᠷᠣᠭᠤᠯᠬᠤ ᠲᠦᠪ ᠭᠤᠣᠯᠴᠢ ᠵᠦᠢ ᠵᠣᠬᠢᠰᠲᠠᠢ ᠪᠠᠷᠢᠮᠵᠢᠶ᠎ᠠ ᠶᠢ ᠲᠣᠭᠲᠠᠭᠠᠨ᠎ᠠ᠃    ᠬᠤᠲᠠ ᠪᠠᠯᠭᠠᠰᠤ ᠶᠢᠨ ᠪᠠᠶᠢᠷᠢᠯᠠᠭᠤᠯᠤᠯᠲᠠ ᠶᠢ ᠬᠦᠴᠦᠯᠡᠨ ᠰᠢᠯᠢᠳᠡᠭᠵᠢᠭᠦᠯᠦᠨ᠎ᠡ᠃ ᠬᠤᠲᠠ ᠪᠠᠯᠭᠠᠰᠣ ᠶᠢᠨ ᠣᠷᠣᠨ ᠪᠦᠰᠡ ᠶᠢᠨ ᠲᠣᠭᠲᠠᠯᠴᠠᠭ᠎ᠠ ᠶᠢᠨ ᠲᠦᠯᠦᠪᠵᠢᠭᠦᠯᠭᠡ ᠶᠢ ᠠᠯᠬᠤᠮ ᠴᠢᠨᠠᠭᠰᠢᠲᠡ ᠲᠡᠭᠦᠯᠳᠡᠷᠵᠢᠭᠦᠯᠵᠦ᠂ ᠢᠮᠢᠨ ᠪᠠᠯᠭᠠᠰᠣ ᠶᠢᠨ ᠬᠤᠲᠠ ᠪᠠᠯᠭᠠᠰᠣ ᠶᠢᠨ ᠶᠡᠷᠥᠩᠬᠡᠢ ᠴᠣᠭᠴᠠ ᠶᠢᠨ ᠲᠦᠯᠦᠪᠵᠢᠭᠦᠯᠬᠡ ᠳᠤ ᠵᠠᠰᠠᠪᠤᠷᠢ ᠣᠷᠣᠭᠤᠯᠵᠣ ᠨᠠᠶᠢᠷᠠᠭᠤᠯᠬᠤ ᠶᠢ ᠳᠠᠭᠤᠰᠬᠠᠵᠤ᠂ ᠬᠤᠩᠭᠤᠯᠵᠢ ᠪᠠᠯᠭᠠᠰᠣ ᠶᠢᠨ ᠬᠢᠵᠠᠭᠠᠷᠯᠠᠯ ᠤᠨ ᠴᠢᠨᠠᠷᠲᠠᠢ ᠨᠠᠷᠢᠯᠢᠭ ᠲᠦᠯᠦᠪᠵᠢᠭᠦᠯᠭᠡ ᠪᠠ ᠬᠤᠲᠠ ᠶᠢᠨ ᠵᠢᠷᠤᠭ ᠲᠦᠯᠦᠪᠯᠡᠭᠡ ᠵᠢᠴᠢ ︽ᠡᠸ᠋ᠨᠩᠬᠢ ᠬᠤᠰᠢᠭᠤᠨ ᠤ ᠬᠤᠰᠢᠭᠤᠨ ᠪᠦᠰᠡ ᠶᠢᠨ ᠠᠶᠢᠯ ᠲᠣᠰᠬᠤᠨ ᠤ ᠪᠠᠶᠢᠷᠢᠯᠠᠭᠤᠯᠤᠯᠲᠠ ᠶᠢᠨ ᠲᠦᠯᠦᠪᠵᠢᠭᠦᠯᠭᠡ︾ ᠶᠢ ᠲᠡᠭᠦᠯᠳᠡᠷᠵᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠲᠡᠣᠬᠡ ᠰᠣᠶᠣᠯ ᠢ ᠣᠯᠠᠮᠵᠢᠯᠠᠨ ᠵᠠᠯᠭᠠᠮᠵᠢᠯᠠᠵᠤ ᠬᠠᠮᠠᠭᠠᠯᠠᠬᠤ ᠶᠢ ᠴᠢᠬᠤᠯᠠᠴᠢᠯᠠᠨ ᠦᠵᠡᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠲᠠ ᠪᠠ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠣᠶᠠᠯᠳᠣᠭᠤᠯᠣᠨ᠂ ᠪᠠᠶᠠᠨᠲᠤᠬᠤᠢ ᠪᠠᠯᠭᠠᠰᠤ᠂ ᠬᠤᠩᠭᠤᠯᠵᠢ ᠪᠠᠯᠭᠠᠰᠣ᠂ ᠪᠠᠶᠠᠨᠲᠠᠯ᠎ᠠ ᠰᠢᠶᠠᠩ ᠵᠡᠷᠭᠡ ᠰᠢᠶᠠᠩ ᠪᠠᠯᠭᠠᠰᠣ ᠶᠢᠨ ᠬᠦᠭᠵᠢᠯᠲᠡ ᠶᠢ ᠲᠡᠣᠬᠡ ᠶᠢᠨ ᠰᠠᠭᠤᠭᠳᠠᠯ᠂ ᠭᠠᠵᠠᠷ ᠣᠷᠣᠨ ᠤ ᠣᠨᠴᠠᠯᠢᠭ᠂ ᠦᠨᠳᠦᠰᠦᠲᠡᠨ ᠤ ᠣᠨᠴᠠᠯᠢᠭ ᠪᠦᠬᠦᠢ ᠭᠤᠶᠣᠳᠠ ᠰᠠᠶᠢᠬᠠᠨ ᠬᠤᠲᠠ ᠪᠠᠯᠭᠠᠰᠤ ᠪᠣᠯᠭᠠᠨ ᠬᠦᠭᠵᠢᠭᠦᠯᠵᠦ᠂ 1—2 ᠦᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠭᠤᠶᠣ ᠰᠠᠶᠢᠬᠠᠨ ᠪᠦᠭᠡᠳ ᠣᠷᠣᠰᠢᠨ ᠰᠠᠭᠤᠬᠤ ᠳᠤ ᠲᠣᠬᠢᠲᠠᠢ ᠵᠢᠱᠢᠶ᠎ᠡ ᠦᠵᠡᠭᠦᠯᠬᠦ ᠦᠪᠡᠷᠮᠢᠴᠡ ᠣᠨᠴᠠᠯᠢᠭᠲᠤ ᠦᠵᠡᠮᠵᠢ ᠶᠢᠨ ᠪᠦᠰᠡ ᠶᠢᠨ ᠵᠣᠭᠠᠴᠠᠯ ᠤᠨ ᠲᠣᠰᠬᠤᠨ ᠪᠠᠯᠭᠠᠰᠤ ᠶᠢ ᠡᠭᠦᠳᠦᠨ᠎ᠡ᠃ ᠭᠠᠵᠠᠷ ᠳᠣᠣᠷᠠᠬᠢ ᠬᠤᠭᠤᠯᠠᠢ ᠶᠢᠨ ᠬᠤᠩᠬᠢᠯ ᠤᠨ ᠲᠣᠰᠬᠠᠢ ᠵᠦᠢᠯ ᠤᠨ ᠲᠦᠯᠦᠪᠵᠢᠭᠦᠯᠭᠡ ᠶᠢᠨ ᠰᠢᠨᠵᠢᠯᠡᠬᠦ ᠣᠬᠠᠭᠠᠨᠴᠢ ᠪᠠᠷ ᠨᠠᠶᠢᠷᠠᠭᠤᠯᠤᠨ ᠪᠢᠴᠢᠵᠦ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠬᠢᠨᠠᠨ ᠵᠦᠪᠰᠢᠶᠡᠷᠡᠬᠦ ᠠᠵᠢᠯ ᠢ ᠴᠢᠩᠳᠠᠯᠠᠨ᠎ᠠ᠃ ᠬᠤᠲᠠ ᠪᠠᠯᠭᠠᠰᠣ ᠶᠢᠨ ᠲᠦᠯᠦᠪᠵᠢᠭᠦᠯᠭᠡ ᠶᠢ ᠲᠣᠬᠢᠷᠠᠭᠤᠯᠭ᠎ᠠ ᠡᠵᠡᠮᠰᠢᠯ ᠪᠠ ᠲᠤᠰᠬᠤᠨ ᠪᠠᠯᠭᠠᠰᠣ ᠶᠢᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠴᠢᠩᠭᠠᠳᠬᠠᠬᠤ ᠪᠠᠷ ᠳᠠᠮᠵᠢᠭᠤᠯᠤᠨ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠨᠢ ᠰᠢᠨᠵᠢᠯᠡᠬᠦ ᠣᠬᠠᠭᠠᠨᠴᠢ᠂ ᠪᠠᠶᠢᠷᠢᠯᠠᠭᠤᠯᠤᠯᠲᠠ ᠨᠢ ᠵᠦᠢ ᠵᠣᠬᠢᠰᠲᠠᠢ ᠪᠠᠶᠢᠬᠤ ᠶᠢ ᠯᠠᠪᠲᠠᠶᠢᠶ᠎ᠡ ᠪᠠᠲᠤᠯᠠᠬᠤ ᠬᠡᠷᠡᠭᠲᠡᠢ᠃    ᠬᠤᠲᠠ ᠪᠠᠯᠭᠠᠰᠣ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠤᠲᠠ ᠶᠢᠨ ᠣᠰᠣ᠂ ᠰᠢᠲᠠᠮᠠᠬᠠᠢ ᠬᠡᠢ ᠬᠠᠩᠭᠠᠬᠤ᠂ ᠪᠣᠬᠢᠷ ᠣᠰᠣ ᠭᠠᠳᠠᠭᠰᠢᠯᠠᠭᠤᠯᠬᠤ ᠵᠡᠷᠭᠡ ᠠᠵᠢᠯ ᠲᠦᠷᠦᠯ ᠤᠨ ᠬᠢᠨ ᠤ ᠣᠨᠴᠠ ᠵᠦᠪᠰᠢᠶᠡᠷᠡᠭᠰᠡᠨ ᠡᠵᠡᠩᠨᠡᠯᠲᠡ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠬᠠᠮᠢᠶᠠᠷᠤᠨ ᠬᠠᠮᠠᠭᠠᠯᠠᠬᠤ ᠥᠭᠡᠷᠡᠴᠢᠯᠡᠯᠲᠡ  ᠶᠢ ᠭᠦᠨᠵᠡᠭᠡᠶᠢᠷᠡᠬᠦᠯᠵᠦ᠂ ᠬᠤᠲᠠ ᠶᠢᠨ ᠵᠠᠮ᠂ ᠨᠣᠭᠤᠭᠠᠷᠠᠭᠤᠯᠤᠯᠲᠠ ᠶᠢ ᠬᠠᠮᠢᠶᠠᠷᠤᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠬᠦ ᠠᠵᠢᠯᠯᠭᠠᠨ ᠳᠤ ᠣᠷᠣᠭᠤᠯᠬᠤ ᠶᠢ ᠠᠭᠠᠵᠢᠮ ᠢᠶᠠᠷ ᠪᠡᠶᠡᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠦᠢᠯᠡᠴᠢᠯᠡᠭᠡᠨ ᠢ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠲᠦᠷᠭᠡᠳᠬᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ᠂ ᠴᠡᠴᠡᠷᠯᠢᠭ᠂ ᠠᠭᠤᠳᠠᠮ ᠲᠠᠯᠠᠪᠠᠢ ᠪᠠ ᠪᠠᠯᠭᠠᠰᠣ ᠲᠣᠭᠤᠷᠢᠭ ᠢ ᠨᠣᠭᠤᠭᠠᠷᠠᠭᠤᠯᠬᠤ᠂ ᠬᠡᠷᠡᠯᠲᠦᠭᠦᠯᠬᠦ ᠵᠡᠷᠭᠡ ᠬᠤᠲᠠ ᠪᠠᠯᠭᠠᠰᠣ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠳᠣᠷ ᠠᠳᠬᠤᠵᠤ᠂ ᠬᠤᠲᠠ ᠪᠠᠯᠭᠠᠰᠣ ᠶᠢᠨ ᠢᠯᠴᠢ ᠬᠠᠩᠭᠠᠬᠤ ᠬᠤᠭᠤᠯᠠᠢ ᠲᠣᠣᠷ᠂ ᠬᠤᠭ ᠨᠣᠪᠰᠢ ᠰᠢᠢᠳᠪᠦᠷᠢᠯᠡᠬᠦ᠂ ᠪᠣᠬᠢᠷ ᠣᠰᠣ ᠪᠣᠷᠣᠭᠠᠨ ᠤ ᠣᠰᠣ ᠶᠢ ᠰᠢᠢᠳᠪᠦᠷᠢᠯᠡᠬᠦ ᠰᠢᠰᠲ᠋ᠧᠮ ᠢ ᠦᠭᠡᠷᠡᠴᠢᠯᠡᠨ ᠵᠠᠰᠠᠵᠣ ᠳᠡᠰ ᠳᠡᠪᠰᠢᠭᠦᠯᠬᠦ ᠶᠢ ᠠᠯᠬᠤᠮ ᠴᠢᠨᠠᠭᠰᠢᠲᠠ ᠴᠢᠩᠭᠠᠳᠬᠠᠵᠤ᠂ ᠬᠤᠲᠠ ᠪᠠᠯᠭᠠᠰᠣᠵᠢᠯᠲᠠ ᠶᠢᠨ ᠬᠦᠭᠵᠢᠯᠲᠡ ᠶᠢᠨ ᠶᠠᠰᠣ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃    ︵ᠵᠢᠷᠭᠤᠭ᠎ᠠ︶ ᠨᠡᠭᠡᠭᠡᠨ ᠬᠦᠭᠵᠢᠭᠦᠯᠬᠦ ᠣᠶᠢᠯᠠᠭᠠᠭᠳᠠᠬᠤᠨ ᠢᠶᠠᠷ ᠵᠢᠯᠣᠭᠤᠳᠣᠭᠤᠯᠵᠣ᠂ ᠭᠦᠭᠵᠢᠯᠲᠡ ᠶᠢᠨ ᠠᠮᠢᠵᠢᠷᠠᠯ ᠤᠨ ᠬᠦᠴᠦᠨ ᠪᠣᠯᠣᠨ ᠬᠦᠳᠡᠯᠭᠡᠬᠦ ᠬᠦᠴᠦᠨ ᠢ ᠬᠦᠴᠦᠯᠡᠨ ᠪᠠᠳᠠᠷᠠᠭᠤᠯᠤᠨ᠎ᠠ᠃ ᠦᠭᠡᠷᠡᠴᠢᠯᠡᠯᠲᠡ ᠪᠠᠷ ᠬᠦᠳᠡᠯᠭᠡᠬᠦ ᠬᠦᠴᠦᠨ ᠪᠣᠯᠭᠠᠵᠤ᠂ ᠨᠡᠭᠡᠭᠡᠯᠲᠠ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠦᠭᠡᠷᠡᠴᠢᠯᠡᠯᠲᠡ ᠬᠢᠬᠦ ᠪᠠ ᠳᠣᠲᠣᠭᠠᠲᠣ ᠭᠠᠳᠠᠭᠠᠳᠣ ᠳᠤ ᠨᠡᠭᠡᠭᠡᠯᠲᠡ ᠬᠢᠬᠦ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠭᠵᠢᠯᠲᠡ ᠶᠢᠨ ᠬᠦᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠴᠢᠳᠠᠪᠬᠢ ᠶᠢ ᠬᠤᠪᠢᠷᠠᠭᠤᠯᠬᠤ ᠪᠠ ᠪᠠᠶᠢᠭᠤᠯᠤᠮᠵᠢ ᠶᠢ ᠦᠭᠡᠷᠡᠴᠢᠯᠡᠬᠦ ᠠᠵᠢᠯ ᠢ ᠲᠠᠰᠣᠷᠠᠯᠲᠠ ᠦᠭᠡᠢ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠭᠡ ᠶᠢ ᠲᠣᠳᠣᠷᠬᠠᠶᠢᠯᠠᠬᠤ ᠠᠵᠢᠯ ᠢ ᠬᠦᠴᠦᠯᠡᠨ ᠲᠦᠯᠬᠢᠨ ᠠᠬᠢᠭᠤᠯᠤᠨ᠎ᠠ᠃ ᠨᠡᠶᠢᠲᠡ ᠶᠢᠨ ᠣᠢ ᠮᠣᠳᠣᠨ ᠤ ᠡᠷᠬᠡ ᠶᠢᠨ ᠳᠦᠷᠢᠮ ᠤᠨ ᠶᠡᠷᠥᠩᠬᠡᠶᠢᠯᠡᠭᠰᠡᠨ ᠲᠦᠬᠦᠷ ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠷᠬᠡ ᠶᠢ ᠲᠣᠳᠣᠷᠬᠠᠶᠢᠯᠠᠬᠤ ᠶᠢ ᠡᠷᠦᠬᠡ ᠳᠤ ᠬᠦᠷᠭᠡᠬᠦ ᠶᠢ ᠦᠨᠡᠨᠬᠦ ᠪᠡᠶᠡᠯᠡᠭᠦᠯᠦᠨ᠎ᠡ᠃ ᠣᠰᠣᠨ ᠤ ᠶᠠᠪᠤᠳᠠᠯ ᠤᠨ ᠡᠷᠬᠡ ᠶᠢ ᠠᠷᠠᠯᠵᠢᠶᠠᠯᠠᠬᠤ ᠳᠦᠷᠢᠮ ᠢ ᠰᠦᠪᠡᠭᠴᠢᠯᠡᠵᠦ᠂ ᠣᠰᠣᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠰᠦᠯᠵᠢᠶᠡᠨ ᠳᠡᠭᠡᠷ᠎ᠡ ᠬᠢᠨᠠᠨ ᠰᠢᠯᠭᠠᠬᠤ ᠲᠠᠪᠴᠠᠩ ᠪᠠᠶᠢᠭᠤᠯᠤᠨ᠎ᠠ᠃ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠲᠡ ᠶᠢ ᠲᠦᠷᠭᠡᠳᠬᠡᠵᠦ᠂ ᠵᠢᠯ ᠠᠯᠣᠰᠯᠠᠭᠰᠠᠨ ᠲᠦᠰᠦᠪ ᠢ ᠲᠡᠩᠴᠡᠭᠦᠷᠢᠰᠢᠭᠦᠯᠬᠦ ᠲᠣᠭᠲᠠᠴᠠ ᠵᠢᠴᠢ ᠵᠠᠰᠠᠭ ᠤᠨ ᠣᠷᠳᠣᠨ ᠤ ᠵᠣᠭᠤᠰ ᠵᠢᠭᠡᠯᠡᠵᠦ ᠪᠡᠯᠡ ᠬᠤᠷᠠᠮᠳᠣᠭᠤᠯᠬᠤ ᠵᠢᠷᠤᠮᠵᠢᠭᠰᠠᠨ ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠬᠡᠷᠡᠭ ᠡᠷᠬᠢᠯᠡᠬᠦ ᠦᠢᠯᠡᠴᠢᠯᠡᠭᠡᠨ ᠤ ᠦᠷ᠎ᠡ ᠠᠰᠢᠭ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠡᠷ ᠪᠠᠷᠢᠬᠤ ᠭᠠᠵᠠᠷ ᠤᠨ ᠬᠠᠮᠢᠶᠠᠷᠤᠯᠲᠠ ᠶᠢᠨ ᠠᠷᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ ᠭᠡᠷ ᠪᠠᠷᠢᠬᠤ ᠭᠠᠵᠠᠷ ᠤᠨ ᠳᠦᠷᠢᠮ ᠤᠨ ᠦᠭᠡᠷᠡᠴᠢᠯᠡᠯᠲᠡ ᠶᠢ ᠲᠠᠰᠣᠷᠠᠯᠲᠠ ᠦᠭᠡᠢ ᠭᠦᠨᠵᠡᠭᠡᠶᠢᠷᠡᠭᠦᠯᠦᠨ᠎ᠡ᠃ ᠡᠷᠭᠡ ᠪᠠᠨ ᠦᠷᠭᠡᠳᠬᠡᠵᠦ ᠬᠤᠰᠢᠭᠤ ᠪᠠᠨ ᠭᠦᠴᠦᠷᠬᠡᠭᠵᠢᠭᠦᠯᠬᠦ ᠠᠵᠢᠯ  ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ ᠣᠷᠴᠢᠨ ᠲᠣᠭᠤᠷᠢᠨ ᠢ ᠬᠢᠨᠠᠨ ᠬᠡᠮᠵᠢᠬᠦ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠮᠡᠳᠡᠭᠡ ᠵᠠᠩᠬᠢ ᠶᠢ ᠨᠡᠶᠢᠲᠡᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ᠂ ᠰᠣᠷᠭᠠᠨ ᠬᠦᠮᠦᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ᠂ ᠨᠡᠶᠢᠭᠡᠮ ᠤᠨ ᠪᠠᠲᠤᠯᠠᠪᠤᠷᠢ ᠶᠢᠨ ᠲᠣᠭᠲᠠᠯᠴᠠᠭ᠎ᠠ ᠶᠢᠨ ᠥᠭᠡᠷᠡᠴᠢᠯᠡᠯᠲᠡ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠳᠤ ᠬᠤᠯᠪᠣᠭᠳᠠᠬᠤ ᠳᠠᠭᠠᠳᠬᠠᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠦᠯᠦᠪᠯᠡᠨ ᠲᠦᠯᠬᠢᠨ ᠠᠬᠢᠭᠤᠯᠵᠤ᠂ ᠡᠯ᠎ᠡ ᠬᠦᠷᠢᠶ᠎ᠡ ᠴᠠᠷᠠᠭ᠎ᠠ ᠶᠢᠨ ᠬᠦᠭᠵᠢᠯᠲᠡ ᠶᠢᠨ ᠬᠦᠳᠡᠯᠭᠡᠬᠦ ᠬᠦᠴᠦᠨ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃      ᠭᠠᠳᠠᠭᠠᠳᠣ ᠨᠡᠭᠡᠭᠡᠯᠲᠡ ᠪᠠᠨ ᠪᠦᠬᠦ ᠲᠠᠯ᠎ᠠ ᠪᠠᠷ ᠥᠷᠭᠡᠳᠬᠡᠵᠦ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠣᠯᠣᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠣᠬᠤ ᠪᠣᠳᠣᠯᠭ᠎ᠠ ᠶᠢᠨ ᠲᠡᠣᠬᠡᠲᠦ ᠴᠢᠨᠠᠷᠲᠠᠢ ᠠᠵᠠ ᠳᠣᠬᠢᠶᠠᠯ ᠢ ᠴᠢᠩᠭ᠎ᠠ ᠡᠵᠡᠮᠳᠡᠵᠦ᠂ ᠮᠠᠨ ᠤ ᠬᠤᠰᠢᠭᠤᠨ ᠤ ᠡᠬᠢ ᠪᠠᠶᠠᠯᠢᠭ᠂ ᠣᠷᠣᠨ ᠪᠠᠶᠢᠷᠢ᠂ ᠰᠣᠶᠣᠯ ᠵᠡᠷᠭᠡ ᠲᠠᠯ᠎ᠠ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠰ ᠪᠣᠯᠣᠨ ᠮᠣᠩᠭᠤᠯ ᠣᠯᠣᠰ ᠯᠤᠭ᠎ᠠ ᠶᠢᠨ ᠰᠣᠶᠣᠯ᠂ ᠵᠣᠭᠠᠴᠠᠯ ᠂ ᠠᠷᠠᠯᠵᠢᠶ᠎ᠠ ᠬᠤᠳᠠᠯᠳᠤᠭ᠎ᠠ ᠵᠡᠷᠭᠡ ᠭᠦᠷᠢᠶ᠎ᠡ ᠴᠠᠷᠠᠭ᠎ᠠ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠭᠠᠳᠠᠭᠠᠲᠤ ᠲᠠᠢ ᠬᠠᠮᠵᠢᠯᠴᠠᠬᠤ ᠠᠷᠭ᠎ᠠ ᠵᠠᠮ ᠢᠶᠠᠨ ᠠᠯᠬᠤᠮ ᠴᠢᠨᠠᠭᠰᠢᠲᠡ ᠦᠷᠭᠡᠳᠬᠡᠨ᠎ᠡ︔ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠪᠠ  ᠪᠦᠸᠧᠬᠠᠢ ᠲᠠᠩᠬᠢᠰ ᠤᠨ ᠠᠵᠤ ᠠᠬᠤᠢ ᠶᠢᠨ ᠲᠣᠭᠤᠷᠢᠭ ᠵᠡᠷᠭᠡ ᠬᠦᠭᠵᠢᠭᠰᠡᠨ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠬᠦᠭᠵᠢᠭᠰᠡᠨ ᠭᠠᠵᠠᠷ ᠣᠷᠣᠨ ᠤ ᠪᠡᠯᠡ ᠮᠦᠩᠭᠦ ᠪᠠ ᠮᠡᠷᠭᠡᠵᠢᠯ ᠤᠨ ᠲᠠᠯ᠎ᠠ ᠪᠠᠷ ᠬᠢ ᠳᠠᠪᠠᠭᠤᠯᠢᠭ ᠢ ᠭᠦᠢᠴᠡᠳ ᠠᠰᠢᠭᠯᠠᠵᠤ᠂ ᠵᠣᠭᠠᠴᠠᠯ ᠤᠨ ᠰᠣᠶᠣᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠪᠠ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠣᠵᠣ ᠪᠠᠶᠢᠭ᠎ᠠ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠪᠡᠯᠡ ᠣᠷᠣᠭᠤᠯᠣᠯᠲᠠ ᠶᠢᠨ ᠬᠦᠴᠦᠷᠬᠡᠭ ᠬᠦᠴᠦᠨ ᠲᠠᠢ᠂ ᠦᠢᠯᠡᠳᠪᠦᠷᠢᠯᠡᠯ ᠤᠨ ᠦᠷ᠎ᠡ ᠠᠰᠢᠭ  ᠢᠶᠠᠷ ᠦᠨᠳᠦᠷ᠂ ᠰᠢᠨᠵᠢᠯᠡᠬᠦ ᠣᠬᠠᠭᠠᠨ ᠤ ᠠᠭᠤᠯᠤᠭᠳᠠᠬᠤᠨ ᠲᠠᠢ᠂ ᠠᠵᠤ ᠦᠢᠯᠡᠰ ᠤᠨ ᠬᠤᠯᠪᠣᠭᠠᠰᠣ ᠪᠠᠷ ᠦᠨᠳᠦᠷ ᠪᠦᠬᠦᠢ ︽ᠳᠦᠷᠪᠡᠨ ᠦᠨᠳᠦᠷ ᠪᠠᠶᠢᠬᠤ︾ ᠲᠦᠷᠦᠯ ᠵᠦᠢᠯ ᠢ ᠭᠤᠣᠯᠳᠠᠯᠭ᠎ᠠ ᠲᠠᠢ ᠲᠠᠲᠠᠨ ᠣᠷᠣᠭᠤᠯᠵᠣ᠂ ᠮᠠᠨ ᠤ ᠬᠤᠰᠢᠭᠤᠨ ᠤ ᠠᠵᠤ ᠦᠢᠯᠡᠰ ᠤᠨ ᠬᠦᠭᠵᠢᠯᠲᠡ ᠶᠢᠨ ᠬᠠᠨᠲᠤᠰᠢ ᠲᠠᠢ ᠵᠣᠬᠢᠴᠠᠬᠤ ᠠᠵᠢᠯ ᠲᠦᠷᠦᠯ ᠲᠠᠢ ᠵᠣᠯᠭᠤᠯᠳᠣᠵᠣ ᠴᠢᠳᠠᠬᠤ ᠲᠦᠷᠦᠯ ᠵᠦᠢᠯ ᠢ ᠣᠨᠣᠪᠴᠢᠲᠠᠢ ᠰᠣᠩᠭᠤᠵᠣ᠂ ᠭᠠᠳᠠᠨ᠎ᠠ ᠠᠴᠠ ᠢᠷᠡᠯᠲᠡ ᠲᠠᠢ ᠪᠡᠯᠡ ᠮᠦᠩᠭᠦ ᠶᠢᠨ ᠬᠡᠪᠴᠢᠶ᠎ᠡ ᠪᠠ ᠬᠢᠷᠢ ᠲᠦᠪᠰᠢᠨ ᠢ ᠳᠡᠭᠡᠭᠰᠢᠯᠡᠭᠦᠯᠦᠨ ᠠᠰᠢᠭᠯᠠᠨ᠎ᠠ᠃ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠭᠤᠣᠯᠳᠠᠯᠭ᠎ᠠ ᠪᠠᠨ ᠳᠣᠪᠣᠶᠢᠯᠭᠠᠵᠣ᠂ ᠠᠵᠤ ᠦᠢᠯᠡᠰ ᠤᠨ ᠪᠦᠲᠦᠴᠡ  ᠶᠢ ᠰᠢᠯᠢᠳᠡᠭᠵᠢᠭᠦᠯᠬᠦ ᠪᠠᠷ ᠣᠷᠢᠳᠠᠯ ᠪᠣᠯᠭᠠᠵᠤ᠂ ᠮᠠᠯ ᠠᠵᠤ ᠠᠬᠤᠢ᠂ ᠵᠣᠭᠠᠴᠠᠯ ᠤᠨ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ᠂ ᠬᠤᠲᠠ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠶᠢᠨ ᠲᠣᠭᠤᠷᠢᠨ ᠳᠤ᠂ ᠨᠢᠭᠡ ᠪᠦᠯᠦᠭ ᠪᠡᠯᠡ ᠣᠷᠣᠭᠤᠯᠣᠯᠲᠠ ᠶᠢᠨ  ᠬᠡᠪᠴᠢᠶ᠎ᠡ ᠪᠠᠷ ᠶᠡᠭᠡ᠂ ᠮᠡᠷᠭᠡᠵᠢᠯ ᠤᠨ ᠲᠦᠪᠰᠢᠨ ᠦᠨᠳᠦᠷ᠂ ᠠᠵᠤ ᠦᠢᠯᠡᠰ ᠤᠨ ᠬᠡᠯᠬᠢᠶ᠎ᠡ ᠣᠷᠲᠣ᠂ ᠡᠬᠢ ᠪᠠᠶᠠᠯᠢᠭ ᠢ ᠣᠨᠳᠣᠣᠰᠢᠭᠤᠯᠬᠤ ᠴᠢᠳᠠᠪᠤᠷᠢ ᠶᠡᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠠ ᠠᠵᠢᠯ ᠲᠦᠷᠦᠯ ᠤᠨ ᠪᠠᠷᠢᠮᠵᠢᠶ᠎ᠠ ᠲᠠᠢ ᠨᠡᠶᠢᠴᠡᠬᠦ ᠲᠦᠷᠦᠯ ᠵᠦᠢᠯ ᠢ ᠬᠦᠴᠦᠯᠡᠨ ᠲᠠᠲᠠᠨ ᠣᠷᠣᠭᠤᠯᠣᠨ᠎ᠠ᠃     ︵ᠳᠣᠯᠤᠭ᠎ᠠ︶  ᠬᠦᠭᠵᠢᠯᠲᠡ ᠶᠢᠨ ᠦᠷ᠎ᠡ ᠪᠦᠲᠦᠭᠡᠯ ᠢ ᠬᠠᠮᠲᠤᠪᠡᠷ ᠡᠳ᠋ᠯᠡᠬᠦ ᠦᠢᠯᠠᠭᠠᠭᠳᠠᠬᠤᠨ ᠢᠶᠠᠷ ᠵᠢᠯᠤᠭᠤᠳᠣᠭᠤᠯᠵᠣ᠂ ᠠᠷᠠᠳ ᠤᠨ ᠠᠮᠢᠳᠣᠷᠠᠯ ᠨᠡᠶᠢᠭᠡᠮ  ᠤᠨ ᠦᠢᠯᠡᠰ ᠤᠨ ᠬᠦᠭᠵᠢᠯᠲᠡ ᠶᠢ ᠬᠦᠴᠦᠯᠡᠨ ᠲᠦᠯᠬᠢᠨ ᠠᠬᠢᠭᠤᠯᠤᠨ᠎ᠠ᠃ ᠬᠦᠮᠦᠨ ᠪᠦᠭᠦᠨ ᠢ ᠣᠷᠣᠯᠴᠠᠭᠤᠯᠬᠤ᠂ ᠬᠦᠮᠦᠨ ᠪᠦᠬᠦᠨ ᠴᠢᠷᠮᠠᠶᠢᠬᠤ᠂ ᠬᠦᠮᠦᠨ ᠪᠦᠬᠦᠨ ᠳᠤ ᠡᠳᠡᠯᠡᠭᠦᠯᠬᠦ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠪᠠᠨ ᠳᠣᠪᠣᠶᠢᠯᠭᠠᠵᠤ᠂ ᠠᠷᠠᠳ ᠤᠨ ᠠᠮᠢᠳᠣᠷᠠᠯ ᠢ ᠪᠠᠲᠤᠯᠠᠨ᠂ ᠪᠦᠬᠦ ᠠᠷᠠᠳ ᠬᠠᠮᠲᠤᠪᠡᠷ ᠴᠢᠨᠠᠭᠡᠯᠢᠭ ᠨᠡᠶᠢᠭᠡᠮ ᠳᠤ ᠳᠡᠪᠰᠢᠨ ᠣᠷᠣᠬᠤ ᠶᠢ ᠪᠡᠶᠡᠯᠡᠭᠦᠯᠦᠨ᠎ᠡ᠃     ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ ᠦᠢᠯᠡᠰ ᠪᠣᠰᠬᠠᠵᠤ ᠠᠵᠢᠯ ᠣᠯᠭᠤᠬᠤ ᠢᠨᠵᠧᠨᠧᠷᠢᠩ ᠢ ᠬᠦᠴᠦᠯᠡᠨ ᠲᠦᠯᠬᠢᠨ ᠠᠬᠢᠭᠤᠯᠵᠤ᠂ ᠦᠢᠯᠡᠰ ᠪᠣᠰᠬᠠᠯᠲᠠ ᠶᠢᠨ ᠵᠢᠱᠢᠶ᠎ᠡ ᠦᠵᠡᠭᠦᠯᠦᠭᠴᠢ ᠬᠤᠰᠢᠭᠤ ᠶᠢ ᠡᠭᠦᠳᠴᠦ᠂ ᠪᠦᠬᠦ ᠵᠢᠯ ᠳᠤ ᠬᠤᠲᠠ ᠪᠠᠯᠭᠠᠰᠣ ᠶᠢᠨ 1600 ᠬᠦᠮᠦᠨ ᠳᠤ ᠰᠢᠨ᠎ᠡ  ᠪᠠᠷ ᠠᠵᠢᠯ ᠣᠯᠭᠤᠨ᠎ᠠ᠃ ᠦᠢᠯᠡᠰ ᠪᠣᠰᠬᠠᠬᠤ ᠬᠦᠷᠢᠶᠡᠯᠡᠩ ᠪᠠ ᠨᠡᠪᠴᠢᠯᠣᠣᠷ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ︽1+N︾ ᠪᠦᠲᠦᠭᠡᠨ ᠪᠠᠶᠢᠭᠤᠯᠤᠯᠲᠠ ᠶᠢᠨ ᠵᠠᠭᠪᠣᠷ ᠢᠶᠠᠷ᠂ ᠪᠠᠶᠠᠨᠲᠣᠬᠤᠢ ᠪᠠᠯᠭᠠᠰᠤ ᠶᠢᠨ ᠱᠧᠩ ᠳ᠋ᠡ ᠮᠠᠰᠢᠨ ᠲᠡᠷᠭᠡ ᠰᠡᠯᠪᠢᠨ  ᠵᠠᠰᠠᠬᠤ ᠲᠤᠨᠤᠭ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶ᠎ᠠ ᠬᠤᠳᠠᠯᠳᠤᠭ᠎ᠠ ᠳᠤ ᠦᠢᠯᠡᠰ ᠪᠣᠰᠬᠠᠬᠤ ᠬᠦᠷᠢᠶᠡᠯᠡᠩ ᠪᠠᠶᠢᠭᠤᠯᠵᠤ᠂ ᠰᠢᠨᠡᠬᠡᠨ ᠪᠠᠷᠠᠭᠤᠨ ᠰᠣᠮᠣ ᠳᠤ ᠮᠠᠯᠴᠢᠳ ᠤᠨ ᠦᠢᠯᠡᠰ ᠪᠣᠰᠬᠠᠬᠤ ᠨᠡᠪᠴᠢᠯᠣᠣᠷ ᠤᠨ ᠰᠠᠭᠤᠷᠢᠨ ᠭᠠᠷᠭᠠᠵᠤ᠂ ᠰᠣᠯᠣᠨ ᠰᠢᠨ ᠶᠣᠸᠠᠨ ᠵᠢᠵᠢᠭ ᠲᠣᠭᠤᠷᠢᠭ ᠲᠤ ᠰᠢᠨᠵᠢᠯᠡᠭᠡ ᠮᠡᠷᠭᠡᠵᠢᠯ ᠤᠨ ᠨᠡᠪᠴᠢᠯᠣᠣᠷ ᠤᠨ ᠬᠡᠷᠡᠭᠰᠡᠯ ᠲᠣᠬᠢᠷᠠᠭᠤᠯᠵᠤ᠂ ᠠᠵᠤ ᠦᠢᠯᠡᠰ ᠤᠨ ᠴᠣᠭᠯᠠᠷᠠᠯ ᠢ ᠠᠯᠬᠤᠮ ᠴᠢᠨᠠᠭᠰᠢᠲᠠ ᠠᠬᠢᠭᠤᠯᠵᠤ᠂ ᠦᠢᠯᠡᠰ ᠪᠣᠰᠬᠠᠯᠲᠠ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠪᠤᠷᠢ ᠶᠢᠨ ᠢᠨᠵᠧᠨᠧᠷᠢᠩ ᠢ ᠭᠦᠴᠦᠯᠡᠨ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠰᠠᠭᠠᠭᠤᠯᠢ ᠠᠷᠠᠳ ᠢ ᠬᠠᠮᠤᠷᠤᠭᠤᠯᠤᠭᠰᠠᠨ ᠨᠡᠶᠢᠭᠡᠮ ᠤᠨ ᠪᠠᠲᠤᠯᠠᠪᠣᠷᠢ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠨᠠᠰᠣᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠠᠯᠬᠤᠮ ᠴᠢᠨᠠᠭᠰᠢᠲᠠ ᠥᠷᠭᠡᠳᠬᠡᠨ᠎ᠡ᠃ ︽ᠲᠦᠷ ᠴᠠᠭ ᠤᠨ ᠠᠪᠤᠷᠠᠨ ᠲᠣᠰᠠᠯᠠᠯᠲᠠ ᠶᠢᠨ ᠬᠡᠷᠡᠭᠵᠢᠭᠦᠯᠦᠯᠲᠡ ᠶᠢᠨ ᠨᠠᠷᠢᠨ ᠳᠦᠷᠢᠮ︾ ᠢ ᠲᠣᠭᠲᠠᠭᠤᠨ ᠬᠡᠷᠡᠭᠵᠢᠭᠦᠯᠵᠦ᠂ ᠵᠢᠯ ᠤᠨ ᠳᠣᠲᠣᠷ᠎ᠠ ᠳ᠋ᠠᠶᠠᠨ ᠤ ᠣᠷᠣᠰᠢᠭᠤᠯᠭ᠎ᠠ ᠶᠢᠨ ᠭᠠᠵᠠᠷ ᠤᠨ ᠰᠢᠨ᠎ᠡ ᠪᠠᠷ ᠪᠠᠶᠢᠭᠤᠯᠵᠤ ᠪᠠᠶᠢᠭ᠎ᠠ ᠲᠦᠷᠦᠯ ᠵᠦᠢᠯ  ᠢ ᠪᠡᠶᠡᠯᠡᠭᠦᠯᠦᠨ᠎ᠡ᠃ ᠪᠦᠬᠦ ᠬᠤᠰᠢᠭᠤᠨ ᠤ 44 ᠭᠠᠴᠠᠭ᠎ᠠ᠂ 8 ᠨᠡᠶᠢᠭᠡᠮ ᠲᠣᠭᠤᠷᠢᠭ ᠲᠤ ᠴᠦᠬᠡᠨ ᠲᠣᠭᠠᠲᠤ ᠦᠨᠳᠦᠰᠦᠲᠡᠨ ᠤ ᠬᠦᠭᠵᠢᠭᠦᠯᠦᠯᠲᠡ ᠶᠢᠨ ᠪᠡᠯᠡ ᠮᠦᠩᠬᠦ ᠶᠢ ᠨᠢᠭᠡᠳᠦᠯᠲᠡᠢ ᠲᠦᠯᠦᠪᠯᠡᠨ ᠬᠡᠷᠡᠭᠯᠡᠨ᠎ᠡ᠃ ᠠᠷᠠᠳ ᠣᠯᠠᠨ ᠤ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠦᠭᠡᠷᠡᠴᠢᠯᠡᠬᠦ ᠠᠵᠢᠯ ᠢ ᠲᠦᠷᠭᠡᠳᠬᠡᠨ ᠲᠦᠯᠬᠢᠨ ᠠᠬᠢᠭᠤᠯᠵᠤ᠂ ᠪᠦᠬᠦ ᠵᠢᠯ ᠳᠤ 1800 ᠢᠵᠢ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠦᠬᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠳᠦᠷᠢᠶᠡᠰᠦᠨ ᠣᠷᠣᠨ ᠰᠠᠭᠤᠴᠠ ᠳᠤ ᠪᠣᠳᠠᠳᠣ ᠬᠡᠷᠡᠭᠰᠡᠯ ᠲᠦᠭᠦᠷᠵᠢᠭᠦᠯᠦᠨ ᠳᠦᠷᠢᠶᠡᠰᠦᠯᠡᠭᠦᠯᠬᠦ ᠬᠠᠮᠢᠶᠠᠷᠤᠯᠲᠠ ᠵᠢᠴᠢ ᠨᠦᠬᠦᠪᠦᠷᠢ ᠲᠠᠷᠬᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠡᠷ ᠪᠠᠶᠢᠰᠢᠩ ᠲᠠᠲᠠᠪᠤᠷᠢᠯᠠᠨ ᠬᠤᠷᠢᠶᠠᠬᠤ ᠠᠵᠢᠯ ᠤᠨ ᠡᠭᠦᠷᠭᠡ ᠶᠢ ᠠᠯᠬᠤᠮ ᠴᠢᠨᠠᠭᠰᠢᠲᠠ ᠲᠣᠳᠣᠷᠬᠠᠶᠢᠯᠠᠵᠤ᠂ ᠭᠤᠣᠯᠳᠠᠯᠭ᠎ᠠ ᠲᠠᠢ ᠭᠠᠵᠠᠷ ᠬᠡᠰᠡᠭ ᠤᠨ ᠭᠡᠷ ᠪᠠᠶᠢᠰᠢᠩ ᠢ ᠳᠠᠳᠠᠪᠣᠷᠢᠯᠠᠨ ᠬᠤᠷᠢᠶᠠᠬᠤ ᠠᠵᠢᠯ ᠤᠨ ᠣᠷᠣᠭᠰᠢᠲᠠᠢ ᠦᠷᠨᠢᠭᠳᠡᠬᠦ ᠶᠢ ᠪᠠᠲᠤᠯᠠᠨ᠎ᠠ᠃ ᠬᠤᠲᠠ ᠪᠠᠯᠭᠠᠰᠣᠵᠢᠯᠲᠠ ᠶᠢᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠡᠯᠡ ᠬᠤᠷᠠᠮᠳᠣᠭᠤᠯᠬᠤ ᠠᠷᠭ᠎ᠠ ᠵᠠᠮ ᠢ ᠠᠯᠬᠤᠮ ᠴᠢᠨᠠᠭᠰᠢᠲᠠ ᠦᠷᠭᠡᠳᠬᠡᠵᠦ᠂ ᠵᠠᠰᠠᠭ ᠤᠨ ᠣᠷᠳᠣᠨ ᠬᠢᠬᠡᠳ ᠨᠡᠶᠢᠭᠡᠮ ᠤᠨ ᠡᠳ᠋ ᠬᠦᠷᠦᠩᠭᠡ ᠶᠢᠨ ᠬᠠᠮᠵᠢᠯᠴᠠᠬᠤ ︵PPP︶ ᠵᠠᠭᠪᠤᠷ ᠢᠶᠠᠷ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠭᠡᠨ ᠦᠭᠡᠷᠡᠴᠢᠯᠡᠬᠦ ᠪᠦᠲᠦᠭᠡᠨ ᠪᠠᠶᠢᠭᠤᠯᠤᠯᠲᠠ ᠬᠢᠨ᠎ᠠ᠃ ᠶᠠᠳᠠᠭᠤ ᠶᠢ ᠳᠡᠳᠭᠦᠬᠦ ᠪᠠᠬᠢᠯᠡᠯᠲᠡ ᠰᠢᠪᠲᠣᠯᠬᠤ ᠠᠵᠢᠯ ᠢ ᠬᠦᠴᠦᠯᠡᠨ ᠲᠦᠯᠬᠢᠨ ᠠᠬᠢᠭᠤᠯᠤᠨ᠎ᠠ᠃ ︽ᠵᠢᠷᠭᠤᠭᠠᠨ ᠣᠨᠢᠨ ᠳᠡᠭᠡᠷ᠎ᠡ ᠨᠢ︾ ᠪᠠ ︽ᠲᠠᠪᠤᠨ ᠨᠢᠭᠡ ᠪᠦᠯᠦᠭ︾ ᠶᠠᠳᠠᠭᠤ ᠶᠢ ᠳᠡᠳᠭᠦᠭᠦ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠦᠴᠢᠷᠳᠡᠯᠲᠡᠢ ᠭᠠᠵᠠᠷ ᠣᠷᠣᠨ ᠤ ᠣᠰᠣ᠂ ᠴᠠᠬᠢᠯᠭᠠᠨ᠂ ᠵᠠᠮ ᠵᠡᠷᠭᠡ ᠭᠦᠭᠵᠢᠯᠲᠡ ᠶᠢ ᠬᠢᠵᠠᠭᠠᠷᠯᠠᠵᠤ ᠪᠠᠶᠢᠬᠤ ᠰᠠᠭᠤᠷᠢ ᠲᠦᠭᠦᠭᠡᠷᠦᠮᠵᠢ ᠶᠢᠨ ᠪᠣᠭᠤᠮᠢ ᠶᠢ ᠲᠦᠷᠭᠡᠳᠬᠡᠨ ᠡᠪᠳᠡᠵᠦ ᠰᠢᠪᠲᠤᠯᠤᠨ᠎ᠠ᠃ ᠠᠮᠢ ᠠᠬᠤᠢ ᠪᠠᠷ ᠶᠠᠳᠠᠭᠤ ᠶᠢ ᠲᠡᠳᠭᠦᠭᠦ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠭᠦᠭᠦ᠂ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠭᠦᠭᠦ ᠵᠡᠷᠭᠡ ᠣᠨᠢᠨ ᠳᠡᠭᠡᠷ᠎ᠡ ᠨᠢ ᠶᠠᠳᠠᠭᠤ ᠶᠢ ᠲᠡᠳᠭᠦᠭᠦ ᠲᠦᠷᠦ ᠶᠢᠨ ᠪᠣᠳᠣᠯᠭ᠎ᠠ ᠶᠢ ᠡᠮᠬᠢ ᠴᠡᠭᠴᠡ ᠲᠠᠢ ᠲᠦᠯᠬᠢᠨ ᠠᠬᠢᠭᠤᠯᠵᠤ᠂ ᠶᠠᠳᠠᠭᠤ ᠶᠢ ᠳᠡᠳᠭᠦᠭᠦ ᠠᠵᠢᠯ ᠢ ᠬᠤᠲᠠ ᠪᠠᠯᠭᠠᠰᠤ  ᠶᠢᠨ  ᠨᠡᠶᠢᠭᠡᠮ ᠲᠣᠭᠤᠷᠢᠭ᠂ ᠮᠠᠯᠵᠢᠬᠤ ᠣᠷᠣᠨ ᠤ ᠭᠠᠴᠠᠭ᠎ᠠ᠂ ᠬᠡᠪᠴᠢᠶ᠎ᠡ ᠪᠠᠷ ᠨᠡᠯᠢᠶᠡᠳ ᠶᠡᠭᠡ ᠪᠣᠯᠬᠤ ᠠᠶᠠᠨᠳᠠᠭᠠᠨ ᠪᠤᠢ ᠪᠣᠯᠣᠭᠰᠠᠨ ᠲᠣᠰᠬᠤᠨ ᠬᠦᠷᠲᠡᠯ᠎ᠡ ᠪᠦᠷᠬᠦᠬᠦᠯᠬᠦ ᠶᠢ ᠪᠠᠲᠤᠯᠠᠵᠤ᠂ ᠪᠦᠬᠦ ᠵᠢᠯ ᠳᠤ 500 ᠬᠦᠮᠦᠨ ᠢ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠭᠦᠯᠦᠨ᠎ᠡ᠃      ᠨᠡᠶᠢᠭᠡᠮ ᠤᠨ ᠦᠢᠯᠡᠰ ᠢ ᠴᠢᠨᠠᠷᠯᠢᠭ ᠭᠦᠭᠵᠢᠭᠦᠯᠦᠨ᠎ᠡ᠃ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠤ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠤᠨ ᠬᠡᠷᠡᠭᠵᠢᠭᠦᠯᠦᠭᠳᠡᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠰᠣᠷᠭᠠᠨ ᠬᠦᠮᠦᠵᠢᠯ ᠤᠨ ᠦᠢᠯᠡᠰ ᠢ ᠣᠷᠢᠳᠠᠪᠡᠷ ᠬᠦᠭᠵᠢᠭᠦᠯᠵᠦ᠂ ᠦᠨᠳᠦᠷ ᠵᠡᠷᠭᠡ ᠶᠢᠨ ᠳᠣᠮᠳᠠᠲᠣ ᠰᠣᠷᠭᠠᠭᠤᠯᠢ ᠶᠢᠨ ᠬᠤᠭᠤᠴᠠᠭᠠᠨ ᠤ ᠰᠤᠷᠭᠠᠨ ᠬᠦᠮᠦᠵᠢᠯ ᠢ ᠲᠦᠷᠭᠡᠳᠬᠡᠨ ᠲᠦᠬᠡᠮᠡᠯᠵᠢᠭᠦᠯᠵᠦ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠢ ᠪᠦᠬᠦ ᠲᠠᠯ᠎ᠠ ᠪᠠᠷ ᠬᠦᠭᠵᠢᠭᠦᠯᠵᠦ᠂ ᠰᠣᠷᠭᠠᠭᠤᠯᠢ ᠪᠠ ᠠᠵᠤ ᠠᠬᠤᠶᠢᠯᠠᠯ ᠬᠠᠮᠵᠢᠯᠴᠠᠬᠤ ᠶᠢ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠬᠤᠰᠢᠭᠤᠨ ᠤ ᠣᠨᠴᠠᠯᠢᠭ ᠪᠦᠬᠦᠢ ᠲᠦᠷᠦᠯ ᠳᠡᠮᠳᠡᠭᠲᠦ ᠶᠢ ᠡᠭᠦᠳᠦᠨ᠎ᠡ᠃ ᠬᠤᠩᠭᠤᠯᠵᠢ ᠪᠠᠯᠭᠠᠰᠣ ᠶᠢᠨ ᠬᠠᠷᠢᠶᠠᠲᠤ ᠬᠡᠣᠬᠡᠳ ᠤᠨ ᠴᠡᠴᠡᠷᠯᠢᠭ ᠤᠨ ᠵᠢᠭᠠᠨ ᠰᠣᠷᠭᠠᠬᠤ ᠠᠰᠠᠷ᠂ ᠬᠤᠰᠢᠭᠤᠨ ᠤ ᠨᠢᠭᠡᠳᠦᠭᠡᠷ ᠲᠣᠷᠰᠢᠯᠲᠠ ᠶᠢᠨ ᠪᠠᠭ᠎ᠠ ᠰᠣᠷᠭᠠᠭᠤᠯᠢ ᠶᠢᠨ ᠣᠯᠠᠨ ᠬᠡᠷᠡᠭᠴᠡᠭᠡᠲᠦ ᠬᠢᠴᠢᠶᠡᠯ ᠤᠨ ᠭᠡᠷ ᠪᠠ ᠨᠢᠭᠡᠳᠦᠭᠡᠷ ᠳᠣᠮᠳᠠᠲᠣ ᠰᠣᠷᠭᠠᠭᠤᠯᠢ ︵ᠠᠵᠢᠯ ᠮᠡᠷᠭᠡᠵᠢᠯ ᠤᠨ ᠳᠣᠮᠳᠠᠳᠣ ᠰᠣᠷᠭᠠᠭᠤᠯᠢ︶ ᠤᠨ ᠬᠦᠯ ᠪᠦᠮᠪᠦᠭᠡ ᠶᠢᠨ ᠬᠦᠳᠡᠯᠭᠡᠭᠡᠨ ᠤ ᠣᠷᠳᠣᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠨ ᠱᠠᠲᠣᠨ ᠤ ᠳᠡᠰ ᠬᠤᠪᠢᠶᠠᠨ ᠣᠨᠣᠰᠢᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠣᠯᠣᠰ ᠤᠨ ᠦᠨᠳᠦᠰᠦᠨ ᠡᠮᠲᠦ ᠪᠤᠳᠠᠰ ᠤᠨ ᠳᠦᠷᠢᠮ ᠢ ᠢᠳᠡᠪᠬᠢᠲᠡᠢ ᠨᠠᠶᠢᠳᠠᠪᠤᠷᠢᠵᠢᠭᠤᠯᠵᠤ᠂ ᠰᠢᠶᠠᠨ ᠤ ᠳᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠦᠨᠳᠦᠰᠦᠨ ᠱᠠᠲᠤᠨ ᠤ 2 ᠰᠠᠭᠤᠷᠢ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠣᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠪᠠᠶᠢᠭᠤᠯᠬᠤ ᠲᠦᠷᠦᠯ ᠵᠦᠢᠯ ᠢ ᠪᠡᠶᠡᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠲᠦᠷᠭᠡᠳᠬᠡᠨ ᠬᠦᠭᠵᠢᠭᠦᠯᠵᠦ᠂ ᠵᠢᠯ ᠤᠨ ᠳᠣᠲᠣᠷ᠎ᠠ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠦᠷᠭᠡᠳᠬᠡᠨ ᠦᠭᠡᠷᠡᠴᠢᠯᠡᠵᠦ ᠪᠠᠶᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ᠎ᠠ ᠃ 1000 ᠮᠣ᠋ ᠭᠠᠵᠠᠷ ᠲᠤ ᠮᠣᠩᠭᠤᠯ ᠬᠢᠲᠠᠳ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠢ ᠲᠦᠯᠦᠪᠵᠢᠭᠦᠯᠦᠨ ᠪᠦᠲᠦᠭᠡᠨ ᠪᠠᠶᠢᠭᠤᠯᠤᠨ᠎ᠠ᠃ ︽ᠬᠤᠶᠠᠷ ᠬᠡᠣᠬᠡᠳ ᠠᠪᠴᠤ ᠪᠣᠯᠬᠤ ᠲᠦᠷᠦ ᠶᠢᠨ ᠪᠣᠳᠣᠯᠭ᠎ᠠ︾ ᠶᠢ ᠲᠣᠭᠲᠠᠭᠤᠨ ᠢᠶᠠᠷ ᠬᠡᠷᠡᠭᠵᠢᠭᠦᠯᠵᠦ᠂ ᠬᠦᠮᠦᠨ ᠠᠮᠠ ᠶᠢᠨ ᠲᠦᠷᠦᠯᠲᠡ ᠶᠢᠨ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠦᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠰᠣᠶᠣᠯ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠳᠣᠷ ᠬᠢᠵᠦ᠂ ᠬᠤᠰᠢᠭᠤᠨ ᠤ ᠰᠣᠶᠣᠯ ᠤᠨ ᠦᠢᠯᠡᠰ ᠢ ᠬᠦᠭᠵᠢᠭᠦᠯᠬᠦ ᠲᠣᠰᠬᠠᠢ ᠵᠦᠢᠯ ᠤᠨ ᠪᠡᠯᠡ ᠮᠦᠩᠭᠦ ᠶᠢ ᠲᠣᠬᠢᠷᠠᠭᠤᠯᠤᠨ᠎ᠠ᠃ ᠲᠣᠭᠠᠴᠠᠯᠠᠭᠰᠠᠨ ᠰᠣᠶᠣᠯ ᠤᠨ ᠡᠬᠢ ᠪᠠᠶᠠᠯᠢᠭ ᠢ ᠮᠣᠩᠭᠤᠯ ᠭᠡᠷ ᠲᠤ ᠣᠷᠣᠭᠤᠯᠬᠤ ᠢᠨᠵᠧᠨᠧᠷᠢᠩ᠂ ᠭᠦᠸᠧ ᠳ᠋ᠣᠣ ᠹᠦ᠋ ᠶᠢᠨ ᠬᠠᠭᠤᠴᠢᠨ ᠣᠷᠣᠨ ᠰᠠᠭᠤᠴᠠ ᠶᠢ ᠳᠠᠬᠢᠨ ᠰᠢᠨᠡᠳᠬᠡᠨ ᠪᠦᠲᠦᠭᠡᠨ ᠪᠠᠶᠢᠭᠤᠯᠬᠤ ᠢᠨᠵᠧᠨᠧᠷᠢᠩ ᠪᠠ ᠪᠠᠶ᠋ᠬᠠᠭᠤᠯᠠ ᠡᠷᠳᠡᠨ ᠤ ᠬᠤᠲᠠ ᠶᠢᠨ ᠪᠠᠭᠤᠷᠢ ᠶᠢ ᠬᠠᠮᠠᠭᠠᠯᠠᠬᠤ ᠢᠨᠵᠧᠨᠧᠷᠢᠩ ᠢ ᠨᠢᠮᠪᠠᠢ ᠬᠡᠷᠡᠭᠵᠢᠭᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠪᠠ ᠬᠦᠯ ᠪᠦᠮᠪᠦᠭᠡ ᠶᠢᠨ ᠬᠦᠳᠡᠯᠭᠡᠭᠡᠨ ᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ 15 ᠮᠢᠨᠦ᠋ᠲ ᠤᠨ ᠪᠡᠶ᠎ᠡ ᠴᠢᠬᠢᠷᠠᠭᠵᠢᠭᠤᠯᠬᠤ ᠴᠠᠭᠠᠷᠢᠭ ᠢ ᠢᠳᠡᠪᠬᠢᠲᠡᠢ ᠪᠠᠶᠢᠭᠤᠯᠤᠨ᠎ᠠ᠃ ᠪᠢᠴᠢᠯ ᠺᠢᠨᠣ᠋ ︽ᠡᠸ᠋ᠨᠩᠬᠢ ᠬᠡᠣᠬᠡᠨ︾ ᠢ  ᠰᠡᠭᠦᠳᠡᠷᠯᠡᠨ ᠦᠢᠯᠡᠳᠴᠦ᠂ ᠡᠸ᠋ᠨᠩᠬᠢ ᠦᠨᠳᠦᠰᠦᠲᠡᠨ ᠤ ᠬᠤᠪᠴᠠᠰᠤ ᠵᠠᠰᠠᠯ ᠤᠨ ᠣᠷᠣᠯᠳᠣᠭᠠᠨ ᠢ ᠵᠣᠬᠢᠶᠠᠨ ᠪᠠᠶᠢᠭᠤᠯᠤᠨ ᠡᠷᠬᠢᠯᠡᠨ᠎ᠡ᠃ ᠵᠢᠯ ᠤᠨ ᠳᠣᠲᠣᠷ᠎ᠠ ᠡᠸ᠋ᠨᠩᠬᠢ ᠶᠢᠨ ᠳᠠᠩᠰᠠ ᠡᠪᠬᠡᠮᠡᠯ ᠤᠨ ᠰᠠᠩ ᠢ ᠪᠦᠲᠦᠭᠡᠨ ᠪᠠᠶᠢᠭᠤᠯᠬᠤ ᠲᠦᠷᠦᠯ ᠵᠦᠢᠯ ᠢ ᠪᠡᠶᠡᠯᠡᠭᠦᠯᠦᠨ᠎ᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢ ᠡᠭᠦᠳᠭᠦ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠲᠣᠳᠬᠠᠵᠤ᠂ ᠬᠤᠲᠠ ᠶᠢᠨ ᠦᠨᠳᠦᠰᠦᠲᠡᠨ ᠤ ᠠᠵᠢᠯ ᠢ ᠯᠠᠪᠳᠠᠭᠤᠨ ᠢᠶᠠᠷ ᠰᠠᠶᠢᠳᠣᠷ ᠬᠢᠵᠦ᠂ ᠵᠢᠯ ᠤᠨ ᠳᠣᠲᠣᠷ᠎ᠠ ᠪᠦᠬᠦ ᠬᠤᠰᠢᠭᠤᠨ ᠤ ᠬᠤᠲᠠ ᠶᠢᠨ ᠥᠩᠭᠡᠨ ᠦᠵᠡᠯᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠢ ᠵᠡᠷᠭᠡᠪᠡᠷ ᠬᠡᠷᠡᠭᠯᠡᠬᠦ ᠨᠣᠷᠮ᠎ᠠ ᠶᠢ 100% ᠳᠤ ᠬᠦᠷᠦᠭᠦᠯᠦᠨ᠎ᠡ᠃     ︽ᠠᠷᠪᠠ ᠶᠢ ᠪᠦᠷᠬᠦᠭᠦᠯᠬᠦ︾ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷᠯᠢᠭ ᠪᠡᠶᠡᠯᠡᠭᠦᠯᠦᠨ᠎ᠡ᠃ 2444 ᠡᠷᠦᠬᠡ ᠶᠢᠨ ᠬᠠᠭᠤᠴᠢᠨ ᠡᠪᠳᠡᠷᠬᠡᠢ ᠭᠡᠷ ᠪᠠᠶᠢᠰᠢᠩ ᠢ ᠦᠭᠡᠷᠡᠴᠢᠯᠡᠨ ᠰᠢᠨᠡᠳᠬᠡᠬᠦ ᠢᠨᠵᠧᠨᠧᠷᠢᠩ ᠢ ᠦᠨᠳᠦᠷ ᠪᠠᠷᠢᠮᠵᠢᠶ᠎ᠠ ᠪᠠᠷ ᠬᠡᠷᠡᠭᠵᠢᠭᠦᠯᠦᠨ᠎ᠡ︔ 68 ᠣᠰᠣ ᠬᠠᠩᠭᠠᠬᠤ ᠦᠨᠳᠦᠰᠦᠨ ᠬᠤᠳᠳᠤᠭ ᠴᠣᠬᠢᠵᠤ᠂ 1 ᠭᠠᠵᠠᠷ ᠲᠦᠭᠡᠭᠡᠯ ᠣᠰᠣᠨ ᠤ ᠬᠤᠭᠤᠯᠠᠢ ᠲᠣᠣᠷ ᠢ ᠣᠷᠳᠣᠳᠬᠠᠬᠤ ᠢᠨᠵᠧᠨᠧᠷᠢᠩ ᠢ ᠬᠡᠷᠡᠭᠵᠢᠭᠦᠯᠵᠦ᠂ 344 ᠣᠰᠣ ᠰᠢᠢᠳᠪᠦᠷᠢᠯᠡᠬᠦ ᠲᠦᠭᠦᠷ ᠲᠦᠭᠦᠭᠡᠷᠦᠮᠵᠢ ᠲᠣᠨᠣᠭᠯᠠᠨ᠂ 2248 ᠬᠦᠮᠦᠨ ᠤ ᠠᠮᠤᠷ ᠲᠦᠪᠰᠢᠨ ᠣᠰᠣ ᠣᠮᠳᠠ ᠶᠢᠨ ᠠᠰᠠᠭᠤᠳᠠᠯ ᠢ ᠰᠢᠢᠳᠪᠦᠷᠢᠯᠡᠨ᠎ᠡ︔ 98.35 ᠺᠢᠯᠤᠮᠧᠲᠷ ᠵᠡᠭᠡᠯᠢ ᠭᠤᠳᠣᠮᠵᠢ ᠶᠢᠨ ᠵᠠᠮ ᠢ ᠬᠠᠲᠠᠭᠤᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ︔ 4 ᠭᠠᠴᠠᠭ᠎ᠠ ᠶᠢᠨ ᠰᠣᠶᠣᠯ ᠤᠨ ᠠᠵᠢᠯᠯᠠᠭᠠᠨ ᠤ ᠭᠡᠷ ᠢ ᠰᠢᠨ᠎ᠡ ᠪᠠᠷ ᠪᠠᠶᠢᠭᠤᠯᠤᠨ᠎ᠠ ︔ 4 ᠭᠠᠴᠠᠭ᠎ᠠ ᠶᠢᠨ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠭᠡᠷ ᠢ ᠰᠢᠨ᠎ᠡ ᠪᠠᠷ ᠪᠠᠶᠢᠭᠤᠯᠤᠨ᠎ᠠ︔ ᠠᠷᠠᠳ ᠲᠤ ᠲᠦᠭᠦᠮ ᠦᠵᠡᠭᠦᠯᠬᠦ 16 ᠬᠡᠯᠬᠢᠶ᠎ᠡ ᠬᠡᠳᠦ ᠳᠡᠯᠭᠡᠭᠦᠷ ᠢ ᠳᠡᠰ ᠳᠡᠪᠰᠢᠭᠦᠯᠦᠨ ᠦᠭᠡᠷᠡᠴᠢᠯᠡᠨ ᠪᠠᠶᠢᠭᠤᠯᠤᠨ᠎ᠠ︔ 158 ᠨᠡᠷᠡᠰ ᠪᠦᠬᠦᠯᠢ 80 ᠨᠠᠰᠣ ᠶᠢ ᠳᠠᠪᠠᠭᠰᠠᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠪᠤᠷᠢ ᠲᠠᠢ ᠬᠦᠮᠦᠰ ᠲᠤ 19 ᠲᠦᠮᠡᠨ ᠲᠦᠭᠦᠷᠢᠭ ᠨᠦᠬᠦᠪᠦᠷᠢ ᠲᠠᠷᠬᠠᠭᠠᠨ᠎ᠠ︔ 3518 ᠬᠦᠮᠦᠨ ᠳᠤ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠮᠦᠩᠭᠦ ᠶᠢ 380 ᠲᠦᠮᠡᠨ ᠲᠦᠭᠦᠷᠢᠭ ᠲᠠᠷᠬᠠᠭᠠᠬᠤ ᠶᠢᠨ ᠬᠠᠮᠲᠤ ᠭᠠᠴᠠᠭ᠎ᠠ ᠶᠢ ᠭᠤᠶᠣᠵᠢᠭᠤᠯᠬᠤ᠂ ᠨᠣᠭᠤᠭᠠᠷᠠᠭᠤᠯᠬᠤ᠂ ᠴᠡᠪᠡᠷᠵᠢᠭᠦᠯᠬᠦ᠂ ᠭᠡᠷᠡᠯᠲᠦᠭᠦᠯᠬᠦ ᠵᠡᠷᠬᠡ ᠲᠦᠷᠦᠯ ᠵᠦᠢᠯ ᠢ ᠬᠡᠷᠡᠭᠵᠢᠭᠦᠯᠦᠨ᠎ᠡ᠃     ︵ᠨᠠᠢᠮᠠ︶ ᠬᠠᠣᠯᠢ ᠶᠣᠰᠣᠭᠠᠷ ᠬᠤᠰᠢᠭᠤ ᠪᠠᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠡᠬᠡ ᠣᠯᠣᠰ ᠤᠨ ᠣᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠬᠦᠴᠦᠯᠡᠨ ᠪᠦᠲᠦᠭᠡᠨ ᠪᠠᠶᠢᠭᠤᠯᠤᠨ᠎ᠠ᠃ ᠦᠭᠡᠷᠡᠴᠢᠯᠡᠯᠲᠡ ᠬᠦᠭᠵᠢᠭᠦᠯᠦᠯᠲᠡ ᠶᠢᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠦ᠂ ᠬᠠᠣᠯᠢ ᠪᠠᠷ ᠵᠠᠰᠠᠬᠤ ᠦᠵᠡᠯ ᠰᠠᠨᠠᠭ᠎ᠠ ᠶᠢ ︽ᠲᠠᠪᠤᠨ ᠲᠣᠮᠣ ᠬᠦᠭᠵᠢᠯᠲᠡ ᠶᠢᠨ ᠣᠶᠢᠯᠠᠭᠠᠭᠳᠠᠬᠤᠨ︾ ᠳᠤ ᠠᠭᠤᠰᠣᠯᠴᠠᠭᠤᠯᠵᠤ᠂ ᠦᠨᠳᠦᠰᠦᠲᠡᠨ ᠪᠦᠯᠬᠦᠮᠳᠡᠵᠦ᠂ ᠨᠡᠶᠢᠭᠡᠮ ᠲᠣᠭᠲᠠᠭᠤᠨ ᠪᠠᠶᠢᠬᠤ᠂ ᠬᠢᠯᠢ ᠬᠢᠵᠠᠭᠠᠷ ᠠᠮᠤᠷ ᠲᠤᠭᠲᠠᠭᠤᠨ ᠪᠣᠯᠣᠭᠰᠠᠨ ᠣᠯᠣᠰ ᠲᠦᠷᠦ ᠶᠢᠨ ᠪᠠᠶᠢᠳᠠᠯ ᠢ ᠲᠠᠰᠣᠷᠠᠯᠲᠠ ᠦᠭᠡᠢ  ᠪᠠᠬᠢᠵᠢᠭᠦᠯᠬᠦ ᠬᠡᠷᠡᠭᠲᠡᠢ᠃      ︽ᠳᠣᠯᠣᠭᠠᠨ ᠲᠠᠪᠤ︾ ᠶᠢᠨ ᠬᠠᠣᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠵᠦ᠂ ᠬᠠᠣᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠶᠡᠬᠡᠪᠡᠷ ᠲᠦᠯᠬᠢᠨ ᠠᠬᠢᠭᠤᠯᠤᠨ᠎ᠠ᠃ ᠦᠪᠡᠷᠲᠡᠭᠡᠨ ᠵᠠᠰᠠᠬᠤ ᠬᠤᠰᠢᠭᠤᠨ ᠤ ᠡᠯ᠎ᠡ ᠵᠦᠢᠯ ᠤᠨ ᠲᠣᠰᠬᠠᠢ ᠳᠦᠷᠢᠮ ᠢ ᠬᠡᠷᠡᠭᠵᠢᠭᠦᠯᠬᠦ ᠡᠷᠴᠢᠮ ᠢᠶᠠᠨ ᠶᠡᠬᠡᠪᠡᠷ ᠣᠬᠠᠭᠤᠯᠵᠤ᠂ ᠡᠯ᠎ᠡ ᠲᠦᠷᠦᠯ ᠤᠨ ᠳᠦᠷᠢᠮᠵᠢᠭᠰᠡᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠠᠮᠤᠷ ᠲᠣᠭᠲᠠᠭᠤᠨ ᠢ ᠡᠭᠦᠳᠬᠦ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠣᠰ ᠲᠦᠷᠦ ᠬᠠᠣᠯᠢ ᠴᠠᠭᠠᠵᠠ ᠶᠢᠨ ᠦᠨᠳᠦᠰᠦᠨ ᠱᠠᠲᠤᠨ ᠤ ᠰᠠᠭᠤᠷᠢ ᠶᠢ ᠮᠡᠳᠡᠭᠡ ᠵᠠᠩᠬᠢᠴᠢᠯᠠᠬᠤ᠂ ᠬᠠᠣᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠡᠩᠨᠡᠭᠡ ᠶᠢ ᠵᠢᠩᠬᠢᠨᠡᠴᠢᠯᠡᠬᠦ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠮᠤᠷ ᠲᠤᠭᠲᠠᠭᠤᠨ ᠬᠦᠭᠵᠢᠯᠲᠡ ᠶᠢᠨ ᠣᠷᠴᠢᠨ ᠢ ᠴᠢᠷᠮᠠᠶᠢᠨ ᠡᠭᠦᠳᠬᠦ ᠬᠡᠷᠡᠭᠲᠡᠢ᠃ ᠬᠠᠣᠯᠢ ᠪᠠᠷ ᠵᠠᠰᠠᠬᠤ ᠪᠠ ᠶᠣᠰᠣ ᠪᠠᠷ ᠵᠠᠰᠠᠬᠤ ᠶᠢ ᠬᠠᠷᠢᠯᠴᠠᠨ ᠣᠶᠠᠯᠳᠣᠭᠤᠯᠬᠤ ᠶᠢ ᠪᠠᠷᠢᠮᠲᠠᠯᠠᠵᠤ᠂ ᠪᠦᠬᠦ ᠨᠡᠶᠢᠭᠡᠮ ᠳᠤ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠢ ᠪᠤᠢ ᠪᠣᠯᠭᠠᠬᠤ ᠪᠠ ᠦᠢᠯᠡᠳᠦᠯᠭᠡᠵᠢᠭᠦᠯᠦᠨ᠎ᠡ᠃ ᠬᠠᠣᠯᠢ ᠪᠠᠷ ᠵᠠᠰᠠᠬᠤ ᠵᠠᠬᠢᠲᠠᠯ ᠰᠣᠷᠪᠣᠯᠵᠢᠯᠠᠭ᠎ᠠ ᠶᠢᠨ ᠪᠠᠶᠢᠭᠤᠯᠤᠯᠲᠠ ᠶᠢ ᠠᠯᠬᠤᠮ ᠴᠢᠨᠠᠭᠰᠢᠲᠠ ᠲᠦᠯᠬᠢᠨ ᠠᠬᠢᠭᠤᠯᠵᠤ᠂ ᠵᠠᠬᠢᠳᠠᠯ ᠰᠣᠷᠪᠣᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠨᠡᠩ ᠴᠢᠬᠤᠯᠠᠴᠢᠯᠠᠵᠤ᠂ ᠨᠡᠶᠢᠭᠡᠮ ᠤᠨ ᠵᠦᠷᠢᠴᠡᠯ ᠮᠠᠷᠭᠤᠭᠠᠨ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠡᠶᠡᠲᠡᠭᠦᠯᠦᠨ ᠰᠢᠢᠳᠪᠦᠷᠢᠯᠡᠵᠦ᠂ ᠵᠠᠬᠢᠳᠠᠯ ᠰᠣᠷᠪᠣᠯᠵᠢᠯᠠᠭ᠎ᠠ ᠬᠢᠬᠦ ᠭᠤᠣᠯ ᠴᠣᠭᠴᠠ ᠶᠢᠨ ᠵᠦᠷᠢᠴᠡᠯ ᠢ ᠨᠢ ᠨᠠᠮᠳᠠᠭᠤᠯᠤᠨ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠴᠢᠬᠤᠯᠠᠴᠢᠯᠠᠵᠤ᠂ ᠵᠠᠬᠢᠳᠠᠯ ᠰᠣᠷᠪᠣᠯᠵᠢᠯᠠᠭ᠎ᠠ ᠶᠢᠨ ᠲᠣᠭᠲᠠᠭᠤᠨ ᠳᠤ ᠬᠤᠯᠪᠣᠭᠳᠠᠭᠰᠠᠨ ᠬᠡᠷᠡᠭ ᠢ ᠪᠦᠲᠦᠮᠵᠢᠲᠡᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠬᠦᠴᠦᠯᠡᠨ ᠲᠦᠯᠬᠢᠨ ᠠᠬᠢᠭᠤᠯᠵᠤ᠂ ︽ᠬᠤᠲᠠ ᠬᠦᠳᠡᠭᠡ ᠶᠢᠨ ᠲᠠᠪᠤ ᠶᠢ ᠨᠢᠭᠡ ᠴᠤᠭᠴᠠᠵᠢᠭᠤᠯᠬᠤ︾ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠣᠷᠢ ᠪᠣᠯᠭᠠᠵᠤ᠂ ᠨᠡᠶᠢᠭᠡᠮ ᠤᠨ ᠵᠠᠰᠠᠯᠲᠠ ᠶᠢᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠲᠠᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠬᠠᠣᠯᠢ ᠠᠴᠠ ᠵᠦᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠣᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠲᠦᠪ ᠭᠤᠣᠯᠴᠢ ᠰᠢᠳᠤᠷᠭᠤ ᠶᠤᠰᠤ ᠶᠢ ᠬᠠᠮᠠᠭᠠᠯᠠᠨ᠎ᠠ᠃ ︽ᠨᠠᠮ ᠵᠠᠰᠠᠭ ᠬᠠᠮᠲᠣᠪᠡᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ︾ ᠲᠤᠭᠲᠠᠭᠠᠯ ᠢ ᠨᠢᠮᠪᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠬᠠᠣᠯᠢ ᠪᠣᠰᠣ ᠠᠵᠢᠯᠯᠠᠭ᠎ᠠ ᠳᠤ ᠴᠣᠬᠢᠯᠲᠠ ᠥᠭᠴᠦ ᠬᠠᠣᠯᠢ ᠠᠴᠠ ᠵᠦᠷᠢᠴᠡᠭᠰᠡᠨ ᠢ ᠵᠠᠰᠠᠬᠤ ᠲᠣᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠢᠳᠡᠭᠡᠨ ᠤ ᠵᠦᠢᠯᠡᠰ ᠪᠠ ᠡᠮ ᠤᠨ ᠵᠦᠢᠯᠡᠰ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠠᠯᠬᠤᠮ ᠴᠢᠨᠠᠭᠰᠢᠲᠠ ᠴᠢᠩᠭᠠᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ ᠪᠦᠬᠦ ᠣᠯᠣᠰ ᠤᠨ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢᠨ ᠠᠵᠢᠯ ᠤᠨ ᠦᠷ᠎ᠡ ᠪᠦᠲᠦᠭᠡᠯ ᠢᠶᠠᠨ ᠪᠠᠲᠤᠳᠬᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠭᠦᠨᠵᠡᠭᠡᠢ ᠲᠣᠣᠱᠯᠠᠭᠤᠯᠵᠤ᠂ ᠦᠨᠳᠦᠰᠦᠲᠡᠨ ᠱᠠᠰᠢᠨ ᠰᠣᠷᠲᠠᠬᠤᠨ ᠤ ᠬᠡᠷᠡᠭ ᠢ ᠬᠠᠣᠯᠢ ᠶᠣᠰᠣᠭᠠᠷ ᠬᠠᠮᠢᠶᠠᠷᠴᠤ᠂ ᠡᠬᠡ ᠣᠯᠣᠰ ᠤᠨ ᠣᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠤᠨ᠎ᠠ᠃      ᠳᠦᠷᠪᠡ᠂ ᠭᠦᠢᠴᠡᠳᠬᠡᠬᠦ ᠬᠦᠴᠦᠨ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ  ᠪᠠᠷ ᠴᠢᠩᠭᠠᠳᠬᠠᠨ᠎ᠠ     ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠣᠯᠢ ᠴᠠᠭᠠᠵᠠ ᠶᠢᠨ ᠬᠢᠨᠠᠯᠲᠠ ᠲᠠᠯᠪᠢᠯᠲᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠵᠦᠪᠯᠡᠯᠭᠡ ᠪᠠ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠳᠣᠷᠠᠳᠣᠯᠭ᠎ᠠ ᠶᠢ ᠨᠢᠮᠪᠠᠢ ᠭᠦᠢᠴᠡᠳᠬᠡᠵᠦ᠂ ᠵᠠᠰᠠᠭ ᠤᠨ ᠣᠷᠳᠣᠨ ᠬᠢᠬᠡᠳ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ ᠯᠤᠭ᠎ᠠ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ᠃ ︽ᠠᠷᠠᠳ ᠤᠨ ᠲᠦᠯᠦᠭᠡ᠂ ᠪᠤᠳᠠᠳᠠᠢ ᠶᠢ ᠡᠷᠬᠢᠮᠯᠡᠬᠦ᠂ ᠠᠷᠢᠭᠤᠨ ᠴᠢᠭᠡᠴᠢ ᠪᠠᠶᠢᠬᠤ︾ ᠱᠠᠭᠠᠷᠳᠠᠯᠭ᠎ᠠ ᠶᠣᠰᠣᠭᠠᠷ᠂ ᠬᠠᠣᠯᠢᠵᠢᠯ ᠵᠠᠰᠠᠭ ᠤᠨ ᠣᠷᠳᠣᠨ᠂ ᠦᠢᠯᠡᠴᠢᠯᠡᠭᠡᠨ ᠤ ᠵᠠᠰᠠᠭ  ᠤᠨ ᠣᠷᠳᠣᠨ᠂ ᠬᠠᠷᠢᠭᠤᠴᠠᠯᠭᠠᠲᠤ ᠵᠠᠰᠠᠭ ᠤᠨ ᠣᠷᠳᠣᠨ ᠪᠠ ᠦᠨᠳᠦᠷ ᠦᠷ᠎ᠡ ᠠᠰᠢᠭ ᠪᠦᠬᠦᠢ ᠵᠠᠰᠠᠭ ᠤᠨ ᠣᠷᠳᠣᠨ ᠢ ᠬᠦᠴᠦᠯᠡᠨ ᠪᠦᠲᠦᠭᠡᠨ ᠪᠠᠶᠢᠭᠤᠯᠤᠨ᠎ᠠ᠃ ︽ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ︾ ᠤ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠵᠦ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠳᠠᠬᠢ ᠬᠢᠨᠠᠯᠲᠠ ᠲᠠᠯᠪᠢᠯᠲᠠ ᠶᠢ ᠴᠢᠩᠭᠠᠳᠬᠠᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠣᠰᠣᠯ ᠠᠯᠳᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠭᠦᠢᠴᠡᠳᠬᠡᠯᠲᠡ ᠨᠢ ᠰᠢᠭᠤᠷᠬᠠᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠭᠲᠠᠴᠠ ᠶᠢ ᠴᠢᠷᠮᠠᠶᠢᠨ ᠪᠠᠶᠢᠭᠤᠯᠤᠨ᠎ᠠ᠃ ᠵᠠᠰᠠᠭ ᠤᠨ ᠰᠣᠷᠳᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠡᠰ ᠳᠡᠰ ᠢᠶᠠᠷ ᠬᠠᠷᠢᠭᠤᠴᠠᠬᠤ ᠳᠦᠷᠢᠮ ᠢ ᠴᠢᠩᠳᠠᠯᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠦᠨ᠎ᠡ᠃ ᠬᠠᠣᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠣᠯᠢ ᠬᠡᠷᠡᠭᠵᠢᠭᠦᠯᠬᠦ ᠳᠡᠰ ᠳᠠᠷᠠᠭᠠᠯᠠᠯ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠬ᠎ᠠ ᠵᠢᠴᠢ ᠲᠡᠭᠦᠨ ᠤ ᠠᠵᠢᠯᠲᠠᠨ ᠤ ᠬᠠᠣᠯᠢ ᠴᠠᠭᠠᠵᠠ ᠶᠢᠨ ᠬᠡᠪ ᠴᠢᠨᠠᠷ ᠪᠠ ᠬᠠᠣᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠨᠠᠶᠢᠳᠠᠪᠤᠷᠢᠵᠢᠭᠤᠯᠬᠤ ᠂ ᠲᠦᠰᠦᠪ ᠤᠨ ᠭᠦᠢᠴᠡᠳᠬᠡᠯᠲᠡ᠂ ᠡᠳ᠋ ᠤᠨ ᠶᠠᠪᠤᠳᠠᠯ ᠤᠨ ᠣᠷᠣᠯᠭ᠎ᠠ ᠵᠠᠷᠣᠯᠭ᠎ᠠ᠂ ᠲᠤᠰᠬᠠᠢ ᠵᠦᠢᠯ ᠤᠨ ᠪᠡᠯᠡ ᠮᠦᠩᠭᠦ ᠶᠢᠨ  ᠬᠡᠷᠡᠭᠯᠡᠯᠲᠡ ᠶᠢᠨ ᠪᠠᠶᠢᠳᠠᠯ ᠳᠠᠬᠢ ᠬᠢᠨᠠᠯᠲᠠ ᠲᠠᠯᠪᠢᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠷᠢᠯᠭ᠎ᠠ ᠳᠤ ᠳᠠᠭᠠᠭᠠᠴᠢᠯᠠᠯᠲᠠ ᠵᠠᠷᠯᠠᠬᠤ᠂ ᠭᠠᠵᠠᠷ ᠰᠢᠷᠣᠢ ᠶᠢ ᠦᠨ᠎ᠡ ᠬᠠᠶᠠᠯᠴᠠᠨ ᠬᠤᠳᠠᠯᠳᠣᠬᠤ ᠵᠡᠷᠭᠡ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠢᠯᠵᠢᠷᠠᠯ ᠢ ᠡᠬᠢ ᠡᠭᠦᠰᠦᠯ ᠠᠴᠠ ᠨᠢ ᠰᠡᠷᠬᠡᠶᠢᠯᠡᠬᠦ ᠪᠠ ᠵᠠᠰᠠᠬᠤ ᠬᠡᠷᠡᠭᠲᠡᠢ᠃ ᠨᠢᠭᠡᠨ ᠣᠯᠣᠰ ᠲᠦᠷᠦ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠭᠠᠷᠮᠠᠭᠠᠢ᠂ ᠠᠵᠢᠯ ᠤᠨ ᠰᠣᠷᠲᠠᠯ ᠯᠠᠪᠳᠠᠭᠤᠨ᠂ ᠠᠵᠢᠯᠴᠢ ᠠᠷᠪᠢᠴᠢ  ᠪᠠᠷ ᠠᠵᠢᠯᠯᠠᠬᠤ ᠦᠨᠳᠦᠷ ᠦᠷ᠎ᠡ ᠠᠰᠢᠭ ᠪᠦᠬᠦᠢ ᠠᠯᠪᠠᠲᠠᠨ ᠤ ᠡᠩᠨᠡᠭᠡ ᠶᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠦᠨ᠂ ᠡᠯ᠎ᠡ ᠵᠦᠢᠯ ᠤᠨ ᠠᠵᠢᠯ ᠤᠨ ᠪᠦᠬᠦ ᠲᠠᠯ᠎ᠠ ᠪᠠᠷ ᠨᠠᠶᠢᠳᠠᠪᠤᠷᠢᠵᠢᠭᠳᠠᠬᠤ ᠶᠢ ᠲᠦᠯᠬᠢᠨ ᠠᠬᠢᠭᠤᠯᠤᠨ᠎ᠠ᠃      ᠲᠦᠯᠦᠭᠡᠯᠡᠭᠴᠢᠳ ᠡ᠂ ᠡᠭᠦᠷᠭᠡ ᠬᠠᠷᠠᠯᠲᠠ ᠨᠢᠭᠡᠨᠲᠡ ᠲᠣᠷᠠᠶᠢᠨ ᠲᠣᠳᠣᠷᠠᠯ᠎ᠠ᠂ ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠣᠳᠣᠷᠢᠳᠣᠯᠭ᠎ᠠ ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠦᠨ ᠳᠠᠶᠢᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠰᠡᠳᠬᠢᠯ ᠨᠢᠭᠡᠳᠴᠦ ᠬᠦᠴᠦ ᠪᠠᠨ ᠬᠠᠮᠲᠣᠳᠬᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠲᠦᠯᠦᠭᠡ ᠴᠢᠷᠮᠠᠶᠢᠨ ᠲᠡᠮᠡᠴᠡᠰᠦᠭᠡᠢ︕
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ