2016 ᠣᠨ ᠤ 7—12 ᠰᠠᠷ᠎ᠠ ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠬᠡᠷᠡᠭᠯᠡᠭᠰᠡᠨ ᠪᠠᠶᠢᠳᠠᠯ ᠤᠨ ᠲᠣᠬᠠᠢ ᠮᠡᠳᠡᠭᠡᠯᠡᠯᠲᠡ
ᠨᠡᠶᠢᠲᠡᠯᠡᠭᠰᠡᠨ ᠴᠠᠭ᠄
2017/9/18
                            ᠡᠸ᠋ᠨᠩᠬᠢ ᠵᠠᠰᠠᠭ ᠠᠯᠪᠠᠨ ᠦᠰᠦᠭᠲᠦ ﹇2017﹈ 21 ᠳ᠋ᠣᠭᠡᠷ ᠲᠣᠭᠠᠲᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠵᠢᠴᠢ ᠬᠤᠰᠢᠭᠤᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄    ᠣᠳᠣ 2016 ᠣᠨ ᠤ 7—12 ᠰᠠᠷ᠎ᠠ ᠳᠤ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ  ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠠᠰᠢᠭᠯᠠᠨ ᠬᠡᠷᠡᠭᠯᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠡᠯᠡᠶ᠎ᠡ      ᠨᠢᠭᠡ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠬᠡᠷᠡᠭᠯᠡᠭᠰᠡᠨ ᠪᠠᠶᠢᠳᠠᠯ      2016 ᠣᠨ ᠤ 7—12 ᠰᠠᠷ᠎ᠠ ᠳᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠱᠠᠭᠠᠷᠳᠠᠨ ᠪᠠᠶᠢᠴᠠᠭᠠᠬᠤ ᠠᠯᠪᠠᠨ ᠭᠡᠷ ᠡᠯ᠎ᠡ ᠲᠦᠷᠦᠯ ᠤᠨ ᠮᠡᠳᠡᠭᠡ ᠵᠠᠩᠬᠢ ᠶᠢ 2581 ᠬᠤᠪᠢ᠂ ᠪᠠᠶᠢᠴᠠᠭᠠᠨ ᠰᠣᠳᠣᠯᠣᠯᠲᠠ ᠶᠢᠨ ᠲᠣᠬᠠᠢ ᠮᠠᠲ᠋ᠧᠷᠢᠶᠠᠯ ᠢ 60 ᠬᠤᠪᠢ ᠴᠣᠭᠯᠠᠭᠤᠯᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ 614 ᠬᠤᠪᠢ ᠡᠮᠬᠢᠳᠬᠡᠨ ᠳᠡᠭᠡᠭᠰᠢ ᠮᠡᠳᠡᠭᠦᠯᠵᠦ᠂ ᠪᠠᠶᠢᠴᠠᠭᠠᠨ ᠰᠣᠳᠣᠯᠣᠯᠲᠠ ᠶᠢᠨ ᠲᠣᠬᠠᠢ ᠮᠠᠲ᠋ᠧᠷᠢᠶᠠᠯ ᠢ 46 ᠬᠤᠪᠢ ᠳᠡᠭᠡᠭᠰᠢ ᠮᠡᠳᠡᠭᠦᠯᠪᠡ᠃ ᠡᠭᠦᠨ ᠳᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠬᠢ ᠶᠢᠨ ᠭᠠᠵᠠᠷ ᠠᠴᠠ 76 ᠬᠤᠪᠢ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠠᠰᠢᠭᠯᠠᠨ ᠬᠡᠷᠡᠭᠯᠡᠵᠦ᠂ 7 ᠬᠤᠪᠢ ᠪᠠᠶᠢᠴᠠᠭᠠᠨ ᠰᠣᠳᠣᠯᠣᠯᠲᠠ ᠶᠢᠨ ᠲᠣᠬᠠᠢ ᠮᠠᠲ᠋ᠧᠷᠢᠶᠠᠯ ᠢ ᠠᠰᠢᠭᠯᠠᠨ ᠬᠡᠷᠡᠭᠯᠡᠪᠡ᠃ 2016 ᠣᠨ ᠤ 8—11 ᠰᠠᠷ᠎ᠠ ᠳᠤ ᠮᠠᠨ ᠤ ᠠᠯᠪᠠᠨ ᠭᠡᠷ ᠠᠴᠠ ᠬᠤᠶᠠᠷ ᠨᠡᠷᠡᠰ ᠮᠡᠳᠡᠭᠡ ᠵᠠᠩᠬᠢ ᠶᠢᠨ ᠠᠵᠢᠯᠲᠠᠨ ᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠭᠠᠵᠠᠷ ᠲᠤ ᠲᠣᠮᠢᠯᠠᠨ ᠪᠣᠯᠪᠠᠰᠣᠷᠠᠭᠤᠯᠣᠨ ᠰᠣᠷᠣᠯᠴᠠᠭᠤᠯᠪᠠ᠂ ᠰᠣᠷᠣᠯᠴᠠᠯᠭ᠎ᠠ ᠶᠢᠨ ᠬᠤᠭᠤᠴᠠᠭᠠᠨ ᠳᠠᠭᠠᠨ ᠬᠤᠶᠠᠷ ᠠᠵᠢᠯᠲᠠᠨ ᠠᠴᠠ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠬᠡᠵᠦ᠂ ᠠᠵᠢᠯᠴᠢ ᠬᠢᠴᠢᠶᠡᠩᠭᠦᠢ᠂ ᠶᠠᠳᠠᠷᠠᠵᠣ ᠵᠦᠳᠡᠷᠡᠬᠦ ᠠᠴᠠ ᠬᠠᠯᠠᠰᠢᠷᠠᠬᠤ ᠦᠭᠡᠢ ᠴᠢᠷᠮᠠᠶᠢᠨ ᠠᠵᠢᠯᠯᠠᠭᠰᠠᠨ ᠢᠶᠠᠷ ᠰᠢᠯᠵᠢᠭᠦᠯᠦᠨ ᠪᠣᠯᠪᠠᠰᠣᠷᠠᠭᠤᠯᠬᠤ ᠬᠤᠭᠤᠴᠠᠭᠠᠨ ᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠲᠣᠯᠠ ᠡᠳᠦᠬᠡ ᠳ᠋ᠠᠶᠠᠨ ᠪᠠᠯᠭᠠᠰᠣ ᠶᠢᠨ ᠿᠣ᠋ ᠢ ᠨᠦᠬᠦᠷ ᠪᠠ ᠬᠤᠰᠢᠭᠤᠨ ᠤ ᠣᠢ ᠰᠢᠭᠤᠢ ᠶᠢᠨ ᠲᠣᠪᠴᠢᠶᠠᠨ ᠤ ᠰᠣ᠋ ᠵᠢᠩ ᠨᠦᠬᠦᠷ ᠢ ᠲᠡᠷᠢᠬᠦᠨ ᠤ ᠬᠤᠪᠢ ᠬᠦᠮᠦᠨ ᠢᠶᠠᠷ ᠰᠠᠶᠢᠰᠢᠶᠠᠨ ᠬᠦᠬᠢᠬᠦᠯᠬᠦ ᠪᠠᠷ ᠲᠣᠭᠲᠠᠪᠠ᠂  ᠰᠠᠶᠢᠰᠢᠶᠠᠭᠳᠠᠨ ᠬᠦᠬᠢᠭᠦᠯᠦᠭᠳᠡᠭᠰᠡᠨ ᠲᠡᠷᠢᠬᠦᠨ ᠤ ᠬᠤᠪᠢ ᠬᠦᠮᠦᠨ ᠨᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠣ᠂ ᠨᠡᠩ ᠶᠡᠭᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ︔ ᠡᠭᠦᠨ ᠤ ᠬᠠᠮᠲᠣ᠂ ᠪᠣᠰᠣᠳ ᠭᠠᠵᠠᠷ ᠣᠷᠣᠨ ᠪᠠ ᠰᠠᠯᠠᠭ᠎ᠠ ᠮᠦᠴᠢᠷ  ᠤᠳ ᠲᠡᠷᠢᠭᠦᠨ ᠤ ᠬᠤᠪᠢ ᠭᠦᠮᠦᠨ ᠠᠴᠠ ᠰᠣᠷᠣᠯᠴᠠᠵᠣ᠂ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠵᠢᠯ ᠢ ᠠᠯᠬᠤᠮ ᠴᠢᠨᠠᠭᠰᠢᠲᠠ ᠴᠢᠩᠭᠠᠳᠬᠠᠵᠣ᠂ ᠮᠡᠳᠡᠭᠡ ᠵᠠᠩᠬᠢ ᠪᠠ ᠪᠠᠶᠢᠴᠠᠭᠠᠨ ᠰᠣᠳᠣᠯᠣᠯᠲᠠ ᠶᠢᠨ ᠮᠠᠲ᠋ᠧᠷᠢᠶᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠬᠡᠷᠡᠭᠲᠡᠢ᠃      ᠬᠤᠶᠠᠷ᠂ ᠳᠠᠷᠠᠭᠠᠴᠢ ᠶᠢᠨ ᠠᠵᠢᠯ     ︵ᠨᠢᠭᠡ︶ ᠡᠯ᠎ᠡ ᠭᠠᠵᠠᠷ ᠣᠷᠣᠨ ᠪᠠ ᠰᠠᠯᠠᠭ᠎ᠠ ᠮᠦᠴᠢᠷ ᠤᠳ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠵᠢᠯ  ᠢ ᠠᠯᠬᠤᠮ ᠴᠢᠨᠠᠭᠰᠢᠲᠠ ᠴᠢᠬᠤᠯᠠᠴᠢᠯᠠᠨ ᠴᠢᠩᠭᠠᠳᠬᠠᠵᠣ᠂ ᠪᠠᠶᠢᠩᠭᠤ ᠶᠢᠨ ᠴᠢᠨᠠᠷᠲᠠᠢ ᠪᠠᠷ ᠦᠪᠡᠷ ᠢ ᠪᠠᠨ ᠪᠠᠶᠢᠴᠠᠭᠠᠵᠣ᠂ ᠣᠯᠵᠣ ᠮᠡᠳᠡᠭᠰᠡᠨ ᠠᠰᠠᠭᠤᠳᠠᠯ ᠳᠠᠭᠠᠨ ᠴᠢᠭᠯᠡᠭᠦᠯᠦᠨ ᠬᠢᠨᠠᠮᠠᠭᠠᠢ ᠰᠣᠳᠣᠯᠣᠯᠲᠠ ᠬᠢᠵᠦ᠂ ᠴᠡᠭᠴᠡᠯᠡᠨ ᠦᠭᠡᠷᠡᠴᠢᠯᠡᠬᠦ ᠶᠢ ᠰᠠᠶᠢᠳᠣᠷ ᠠᠳᠬᠤᠵᠣ᠂ ᠰᠠᠭᠤᠷᠢ ᠪᠠᠨ ᠪᠠᠲᠣᠳᠬᠠᠬᠤ ᠬᠡᠷᠡᠭᠲᠡᠢ᠃ ᠭᠤᠣᠯ ᠠᠵᠢᠯ ᠲᠠᠢ ᠪᠠᠨ ᠣᠶᠠᠯᠳᠣᠭᠤᠯᠣᠨ᠂ ᠲᠦᠰᠦᠭᠯᠡᠯᠲᠡ ᠶᠢᠨ ᠴᠢᠨᠠᠷᠲᠠᠢ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠵᠣ ᠪᠤᠯᠬᠤ ᠦᠨ᠎ᠡ ᠦᠷᠲᠡᠭ ᠪᠦᠬᠦᠢ ᠮᠡᠳᠡᠭᠡ ᠵᠠᠩᠬᠢ ᠶᠢ ᠢᠳᠡᠪᠬᠢᠲᠡᠢ ᠴᠣᠭᠯᠠᠭᠤᠯᠵᠣ ᠡᠮᠬᠢᠳᠬᠡᠨ ᠳᠡᠭᠡᠭᠰᠢ ᠮᠡᠳᠡᠭᠦᠯᠬᠦ ᠬᠡᠷᠡᠭᠲᠡᠢ᠃ ᠮᠡᠳᠡᠭᠡ ᠵᠠᠩᠬᠢ ᠶᠢᠨ ᠶᠠᠰᠣ ᠴᠢᠨᠠᠷ ᠪᠠ ᠪᠣᠳᠠᠳᠣ ᠦᠢᠯᠡᠳᠦᠯᠲᠦ ᠴᠢᠨᠠᠷ ᠢ ᠴᠢᠬᠤᠯᠠᠴᠢᠯᠠᠵᠣ᠂ ᠭᠤᠣᠯᠳᠠᠯᠭ᠎ᠠ ᠲᠠᠢ ᠠᠵᠢᠯ ᠤᠨ ᠵᠠᠩᠬᠢᠯᠠᠭ᠎ᠠ ᠶᠢᠨ ᠴᠢᠨᠠᠷᠲᠠᠢ ᠮᠡᠳᠡᠭᠡ ᠵᠠᠩᠬᠢ ᠶᠢ ᠲᠡᠷᠡ ᠳᠠᠷᠣᠢ ᠳᠤᠨᠢ ᠦᠨᠡᠨ ᠮᠦᠨ  ᠢᠶᠠᠷ ᠨᠢ ᠳᠡᠭᠡᠭᠰᠢ ᠮᠡᠳᠡᠭᠦᠯᠬᠦ ᠬᠡᠷᠡᠭᠲᠡᠢ᠃ ᠪᠠᠰᠠ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠠᠯᠬᠤᠮ ᠴᠢᠨᠠᠭᠰᠢᠲᠠ ᠴᠢᠩᠭᠠᠳᠬᠠᠵᠣ᠂ ᠪᠣᠳᠠᠳᠠᠢ ᠲᠠᠢ ᠪᠠᠨ ᠣᠶᠠᠯᠳᠣᠭᠤᠯᠣᠨ᠂ ᠦᠪᠡᠷᠮᠢᠴᠡ ᠣᠨᠴᠠᠯᠢᠭ ᠢ ᠨᠢ ᠳᠣᠪᠣᠶᠢᠯᠭᠠᠵᠣ᠂ ᠳᠡᠭᠡᠳᠦ ᠱᠠᠲᠣᠨ ᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠬᠦᠢᠴᠡᠳᠬᠡᠬᠦ ᠶᠠᠪᠣᠴᠠ ᠳᠤ ᠳᠣᠬᠢᠶᠠᠯᠳᠣᠭᠰᠠᠨ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢ ᠳᠣᠰᠬᠠᠵᠣ᠂ ᠪᠠᠶᠢᠴᠠᠭᠠᠨ ᠰᠣᠳᠣᠯᠣᠯᠲᠠ  ᠶᠢᠨ ᠲᠣᠬᠠᠢ ᠮᠡᠳᠡᠭᠡ ᠵᠠᠩᠬᠢ ᠶᠢ ᠢᠯᠡᠭᠦᠭᠡᠨ ᠳᠡᠭᠡᠭᠰᠢ ᠮᠡᠳᠡᠭᠦᠯᠬᠦ ᠬᠡᠷᠡᠭᠲᠡᠢ᠃     ︵ᠬᠤᠶᠠᠷ︶ ᠡᠯ᠎ᠡ ᠭᠠᠵᠠᠷ ᠣᠷᠣᠨ ᠪᠠ ᠰᠠᠯᠠᠭ᠎ᠠ ᠮᠦᠴᠢᠷ ᠤᠳ ᠮᠡᠳᠡᠭᠡ ᠵᠠᠩᠬᠢᠴᠢᠨ ᠤ ᠡᠩᠨᠡᠭᠡ ᠶᠢᠨ ᠪᠠᠶᠢᠭᠤᠯᠣᠯᠲᠠ ᠶᠢ ᠠᠯᠬᠤᠮ ᠴᠢᠨᠠᠭᠰᠢᠲᠠ ᠴᠢᠩᠭᠠᠳᠬᠠᠵᠣ᠂ ᠠᠵᠢᠯᠲᠠᠨ ᠢᠶᠠᠨ ᠪᠦᠷᠢᠨ ᠭᠦᠢᠴᠡᠳ ᠲᠣᠬᠢᠷᠠᠭᠤᠯᠬᠤ ᠬᠡᠷᠡᠭᠲᠡᠢ᠃ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠵᠢᠯᠲᠠᠨ ᠢ ᠪᠣᠯᠪᠠᠰᠣᠷᠠᠭᠤᠯᠬᠤ ᠠᠵᠢᠯ ᠢ ᠴᠢᠬᠤᠯᠠᠴᠢᠯᠠᠵᠣ᠂ ᠲᠣᠰ ᠨᠢᠭᠡᠴᠡ ᠶᠢᠨ ᠢᠶᠠᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠵᠢᠯᠳᠠᠨ ᠤ ᠴᠣᠭᠯᠠᠭᠤᠯᠬᠤ᠂ ᠡᠮᠬᠢᠳᠬᠡᠵᠦ ᠨᠠᠶᠢᠷᠠᠭᠤᠯᠬᠤ ᠴᠢᠳᠠᠪᠣᠷᠢ   ᠶᠢ ᠨᠢ ᠳᠡᠭᠡᠭᠰᠢᠯᠡᠭᠦᠯᠵᠦ᠂ ᠲᠣᠰ ᠰᠠᠯᠠᠭ᠎ᠠ ᠮᠦᠴᠢᠷ ᠤᠨ ᠢᠶᠠᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠵᠢᠯ ᠤᠨ ᠬᠢᠷᠢ ᠲᠦᠪᠰᠢᠨ ᠢᠶᠠᠨ ᠳᠠᠰᠣᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ᠃      ᠭᠤᠷᠪᠠ᠂ 2017 ᠣᠨ ᠤ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠵᠢᠯ ᠤᠨ ᠮᠡᠳᠡᠭᠦᠯᠦᠨ ᠬᠦᠷᠭᠡᠬᠦ ᠭᠤᠣᠯᠳᠠᠯᠭ᠎ᠠ     ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢ ᠦᠨᠳᠦᠰᠦᠯᠡᠨ᠂ ︽ ᠣᠶᠢᠷ᠎ᠠ ᠶᠢᠨ ᠬᠤᠭᠤᠴᠠᠭᠠᠨ ᠤ ᠮᠡᠳᠡᠭᠡ ᠵᠠᠩᠬᠢ ᠪᠠᠶᠢᠴᠠᠭᠠᠨ ᠰᠣᠳᠣᠯᠣᠯᠲᠠ  ᠶᠢᠨ ᠲᠣᠬᠠᠢ ᠮᠡᠳᠡᠭᠦᠯᠦᠨ ᠬᠦᠷᠭᠡᠬᠦ ᠭᠤᠣᠯᠳᠠᠯᠭ᠎ᠠ︾ ᠶᠢ ᠨᠠᠶᠢᠷᠠᠭᠤᠯᠣᠨ ᠵᠣᠬᠢᠶᠠᠪᠠ᠂ ᠪᠣᠳᠠᠳᠠᠢ ᠲᠠᠢ ᠪᠠᠨ ᠣᠶᠠᠯᠳᠣᠭᠤᠯᠣᠨ᠂ ᠪᠣᠳᠠᠳᠠᠢ ᠪᠠᠶᠢᠳᠠᠯ ᠳᠤᠨᠢ ᠲᠣᠬᠢᠷᠠᠭᠤᠯᠵᠣ᠂ ᠡᠬᠡ ᠪᠢᠴᠢᠭ ᠢᠶᠠᠨ ᠨᠢᠮᠪᠠᠢ ᠨᠠᠶᠢᠷᠠᠭᠤᠯᠣᠨ ᠪᠢᠴᠢᠵᠦ᠂  ᠴᠠᠭ ᠲᠣᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃     ︵ ᠨᠢᠭᠡ︶ ᠨᠡᠮᠡᠭᠳᠡᠯ ᠢ ᠲᠣᠭᠲᠠᠪᠣᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠠᠶᠣᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠳᠡᠢ ᠲᠦᠯᠦᠪᠯᠡᠨ ᠰᠠᠶᠢᠳᠣᠷ ᠬᠢᠬᠡᠳ ᠣᠯᠣᠭᠰᠠᠨ ᠭᠤᠣᠯ ᠦᠷ᠎ᠡ ᠪᠦᠲᠦᠮᠵᠢ᠂ ᠠᠷᠭ᠎ᠠ ᠬᠢᠳᠡᠯ     1. 2017 ᠣᠨ ᠳᠤ ᠨᠡᠭᠦᠷᠡᠰᠦ ᠶᠢᠨ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠣᠷᠢ ᠶᠢ ᠪᠠᠭᠠᠰᠬᠠᠬᠤ ᠳᠤ ᠠᠪᠤᠭᠰᠠᠨ ᠠᠷᠭ᠎ᠠ ᠬᠡᠮᠵᠢᠶ᠎ᠡ᠂ ᠨᠡᠶᠢᠲᠡᠯᠢᠭ ᠲᠣᠷᠰᠢᠯᠭ᠎ᠠ ᠪᠠ  ᠬᠢᠯᠠᠰ ᠴᠡᠭ ᠪᠣᠯᠬᠤ ᠠᠵᠢᠯ᠂ ᠣᠯᠣᠭᠰᠠᠨ ᠦᠷ᠎ᠡ ᠪᠦᠲᠦᠮᠵᠢ᠂ ᠳᠠᠷᠠᠭᠠᠴᠢ ᠶᠢᠨ ᠠᠵᠢᠯ ᠤᠨ ᠲᠣᠬᠢᠷᠠᠭᠤᠯᠣᠯᠲᠠ᠃      2. ᠲᠡᠷᠢᠭᠦᠨ ᠤ ᠦᠢᠯᠡᠳᠪᠦᠷᠢᠯᠡᠯ ᠤᠨ ᠴᠢᠳᠠᠪᠣᠷᠢ ᠶᠢ ᠰᠣᠯᠠᠯᠠᠭᠰᠠᠨ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠣ ᠪᠠᠶᠢᠭ᠎ᠠ ᠠᠰᠠᠭᠤᠳᠠᠯ ᠵᠢᠴᠢ ᠬᠠᠮᠢᠶ᠎ᠠ ᠪᠦᠬᠦᠢ ᠰᠠᠨᠠᠭᠤᠯᠭ᠎ᠠ᠃    3. ᠠᠷᠠᠳ ᠤᠨ ᠳᠣᠮᠳᠠᠬᠢ ᠪᠡᠯᠡ ᠣᠷᠣᠭᠤᠯᠣᠯᠲᠠ ᠶᠢᠨ ᠬᠦᠭᠵᠢᠯᠲᠡ ᠶᠢ ᠠᠬᠢᠭᠤᠯᠵᠣ᠂ ᠪᠠᠷᠢᠮᠵᠢᠶ᠎ᠠ ᠶᠢ ᠪᠠᠭᠤᠷᠠᠭᠤᠯᠬᠤ ᠶᠢ ᠠᠳᠠᠯᠢ ᠳᠦᠷᠢᠮ ᠭᠤᠷᠢᠮ ᠲᠣᠭᠲᠠᠭᠠᠬᠤ ᠠᠳᠠᠯᠢ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ ᠠᠪᠣᠭᠰᠠᠨ ᠭᠤᠣᠯ ᠠᠷᠭ᠎ᠠ ᠬᠡᠮᠵᠢᠶ᠎ᠡ᠂ ᠬᠢᠯᠠᠰ ᠴᠡᠭ ᠪᠣᠯᠣᠭᠰᠠᠨ ᠠᠵᠢᠯ᠂ ᠨᠡᠶᠢᠲᠡᠯᠢᠭ ᠬᠡᠷᠡᠭ ᠤᠨ ᠵᠢᠱᠢᠶ᠎ᠡ ᠪᠠ ᠦᠷ᠎ᠡ ᠪᠦᠲᠦᠮᠵᠢ᠂ ᠳᠠᠷᠠᠭᠠᠴᠢ ᠶᠢᠨ ᠠᠵᠢᠯ ᠤᠨ ᠲᠦᠯᠦᠪᠯᠡᠭᠡ᠃     4. ᠠᠵᠣ ᠦᠢᠯᠡᠰ ᠢ ᠰᠢᠯᠵᠢᠭᠦᠯᠦᠨ ᠵᠣᠯᠭᠤᠯᠳᠣᠭᠤᠯᠬᠤ ᠠᠵᠢᠯ ᠤᠨ ᠠᠬᠢᠴᠠ ᠶᠢᠨ ᠪᠠᠶᠢᠳᠠᠯ᠂ ᠣᠯᠣᠭᠰᠠᠨ ᠦᠷ᠎ᠡ ᠪᠦᠲᠦᠮᠵᠢ᠂ ᠳᠣᠬᠢᠶᠠᠯᠳᠣᠭᠰᠠᠨ ᠬᠦᠴᠢᠷᠳᠡᠯ ᠲᠠᠢ ᠠᠰᠠᠭᠤᠳᠠᠯ ᠵᠢᠴᠢ ᠬᠠᠮᠢᠶ᠎ᠠ ᠪᠦᠬᠦᠢ ᠰᠠᠨᠠᠭᠤᠯᠭ᠎ᠠ᠃     5. ᠡᠳ᠋ ᠤᠨ ᠵᠠᠰᠠᠭ ᠤᠨ ᠪᠡᠯᠡᠨ ᠪᠠᠶᠢᠭ᠎ᠠ ᠪᠡᠯᠡ ᠮᠦᠩᠬᠦ ᠶᠢ ᠠᠷᠠᠳ ᠤᠨ ᠠᠮᠢᠳᠣᠷᠠᠯ ᠤᠨ ᠪᠦᠲᠦᠭᠡᠨ ᠪᠠᠶᠢᠭᠤᠯᠣᠯᠲᠠ ᠳᠤ ᠬᠡᠷᠡᠭᠯᠡᠭᠰᠡᠨ ᠭᠤᠣᠯ ᠠᠷᠭ᠎ᠠ ᠬᠢᠳᠡᠯ᠂ ᠠᠵᠢᠯ ᠤᠨ ᠬᠢᠯᠡᠰ  ᠴᠡᠭ᠂ ᠨᠡᠶᠢᠲᠡᠯᠢᠭ ᠬᠡᠷᠡᠭ ᠤᠨ ᠵᠢᠱᠢᠶ᠎ᠡ ᠪᠠ ᠦᠷ᠎ᠡ ᠪᠦᠲᠦᠮᠵᠢ᠃     6. ᠮᠦᠩᠭᠦᠨ ᠬᠦᠢᠯᠭᠡᠭᠡᠨ ᠤ ᠪᠠᠶᠢᠭᠤᠯᠣᠮᠵᠢ ᠶᠢᠨ ᠡᠷᠡᠭᠦᠯ ᠪᠣᠰᠣ ᠵᠢᠭᠡᠯᠡᠯᠭᠡ ᠶᠢ ᠰᠢᠢᠳᠪᠦᠷᠢᠯᠡᠬᠦ ᠳᠤ ᠠᠪᠣᠭᠰᠠᠨ ᠭᠤᠣᠯ ᠠᠷᠭ᠎ᠠ ᠬᠡᠮᠵᠢᠶ᠎ᠡ᠂ ᠠᠵᠢᠯ ᠤᠨ ᠬᠢᠯᠠᠰ ᠴᠡᠭ᠂ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠦᠷ᠎ᠡ ᠪᠦᠲᠦᠮᠵᠢ᠃     7. ᠭᠤᠣᠯᠳᠠᠯᠭ᠎ᠠ ᠲᠠᠢ ᠣᠯᠣᠰ ᠤᠨ ᠦᠮᠴᠢᠯᠡᠯᠲᠦ ᠠᠵᠣ ᠠᠬᠤᠶᠢᠯᠠᠯ ᠢ ᠰᠠᠯᠭᠠᠨ ᠭᠠᠷᠭᠠᠵᠣ ᠨᠡᠶᠢᠭᠡᠮ ᠤᠨ ᠡᠷᠭᠡ ᠴᠢᠳᠠᠪᠣᠷᠢ ᠲᠠᠢ ᠪᠣᠯᠭᠠᠬᠤ ᠳᠤ ᠠᠪᠤᠭᠰᠠᠨ ᠭᠤᠣᠯ ᠠᠷᠭ᠎ᠠ ᠬᠢᠳᠡᠯ᠂ ᠠᠵᠢᠯ ᠤᠨ ᠬᠢᠯᠠᠰ ᠴᠡᠭ᠂ ᠲᠣᠯᠭᠠᠷᠠᠭᠰᠠᠨ ᠬᠦᠴᠢᠷᠳᠡᠯᠲᠡᠢ ᠠᠰᠠᠭᠤᠳᠠᠯ ᠵᠢᠴᠢ ᠬᠠᠮᠢᠶ᠎ᠠ ᠪᠦᠬᠦᠢ ᠰᠠᠨᠠᠭᠤᠯᠭ᠎ᠠ᠃     8. ᠨᠡᠭᠦᠷᠡᠰᠦ ᠶᠢᠨ ᠳᠡᠭᠡᠳᠦ ᠣᠷᠣᠰᠬᠠᠯ ᠤᠨ ᠴᠠᠬᠢᠯᠭᠠᠨ ᠭᠠᠷᠭᠠᠬᠤ ᠠᠵᠣ ᠠᠬᠤᠶᠢᠯᠠᠯ᠂ ᠨᠡᠭᠦᠷᠡᠰᠦ ᠶᠢᠨ ᠳᠣᠣᠷᠠᠳᠣ ᠣᠷᠣᠰᠬᠠᠯ ᠤᠨ ᠣᠨᠳᠣᠣᠰᠢᠭᠤᠯᠬᠤ ᠠᠵᠣ ᠠᠬᠤᠶᠢᠯᠠᠯ ᠢ ᠳᠠᠬᠢᠨ ᠪᠠᠶᠢᠭᠤᠯᠬᠤ ᠶᠢ ᠠᠬᠢᠭᠤᠯᠣᠭᠰᠠᠨ ᠨᠡᠶᠢᠲᠡᠯᠢᠭ ᠠᠷᠭ᠎ᠠ ᠬᠢᠳᠡᠯ᠂ ᠬᠢᠯᠠᠰ ᠴᠡᠭ᠂ ᠦᠷ᠎ᠡ ᠪᠦᠲᠦᠮᠵᠢ᠃      ︵ ᠬᠤᠶᠠᠷ︶ ᠪᠠᠭᠤᠯᠭᠠᠬᠤ ᠬᠠᠮᠢᠶᠠᠷᠬᠤ ᠦᠢᠯᠡᠴᠢᠯᠡᠬᠦ ᠦᠭᠡᠷᠡᠴᠢᠯᠡᠯᠲᠡ ᠶᠢ ᠲᠦᠯᠬᠢᠨ ᠠᠬᠢᠭᠤᠯᠣᠭᠰᠠᠨ ᠭᠤᠣᠯ ᠠᠷᠭ᠎ᠠ ᠬᠢᠳᠡᠯ᠂ ᠦᠷ᠎ᠡ ᠪᠦᠲᠦᠮᠵᠢ     1. ᠨᠠᠷᠢᠨ ᠳᠠᠩᠰᠠ᠂ ᠭᠠᠷᠴᠠᠭ ᠭᠠᠷᠭᠠᠬᠤ ᠪᠠᠷ ᠳᠠᠮᠵᠢᠭᠤᠯᠣᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠵᠦᠢᠯ ᠤᠳ ᠢ ᠵᠢᠷᠣᠮᠵᠢᠭᠤᠯᠵᠣ᠂ ᠨᠠᠷᠢᠨ ᠳᠠᠩᠰᠠ ᠠᠴᠠ ᠭᠠᠳᠠᠨ᠎ᠠ ᠡᠷᠬᠡ ᠠᠰᠢᠭ ᠪᠠᠶᠢᠯᠭᠠᠬᠤ ᠦᠭᠡᠢ᠂ ᠭᠠᠷᠴᠠᠭ  ᠠᠴᠠ ᠭᠠᠳᠠᠨ᠎ᠠ ᠵᠠᠷᠣᠳᠠᠯ ᠬᠤᠷᠢᠶᠠᠯᠲᠠ ᠪᠠᠶᠢᠬᠤ ᠦᠭᠡᠢ ᠶᠢ ᠪᠡᠶᠡᠯᠡᠭᠦᠯᠦᠭᠰᠡᠨ ᠨᠡᠶᠢᠲᠡᠯᠢᠭ ᠠᠷᠭ᠎ᠠ ᠬᠢᠳᠡᠯ ᠪᠠ ᠦᠷ᠎ᠡ ᠪᠦᠲᠦᠮᠵᠢ᠃     2. ᠵᠠᠰᠠᠭ ᠤᠨ ᠶᠠᠪᠣᠳᠠᠯ ᠤᠨ ᠦᠢᠯᠡᠴᠢᠯᠡᠭᠡᠨ ᠢ ᠦᠨᠳᠦᠰᠦᠨ ᠱᠠᠲᠣᠨ ᠲᠡᠰᠢ ᠣᠷᠳᠣᠳᠬᠠᠬᠤ ᠶᠢ ᠲᠦᠯᠬᠢᠨ ᠠᠬᠢᠭᠤᠯᠣᠭᠰᠠᠨ ᠭᠤᠣᠯ ᠠᠷᠭ᠎ᠠ ᠬᠢᠳᠡᠯ᠂ ᠨᠡᠶᠢᠲᠡᠯᠢᠭ ᠲᠣᠷᠰᠢᠯᠭ᠎ᠠ᠂ ᠨᠡᠶᠢᠲᠡᠯᠢᠭ ᠬᠡᠷᠡᠭ ᠤᠨ ᠵᠢᠱᠢᠶ᠎ᠡ᠂ ᠦᠷ᠎ᠡ ᠪᠦᠲᠦᠮᠵᠢ᠃     3. ︽ ᠬᠤᠶᠠᠷ ᠢ ᠰᠣᠭᠤᠴᠠᠵᠣ ᠨᠢᠭᠡ ᠶᠢ ᠢᠯᠡ ᠪᠣᠯᠭᠠᠬᠤ︾ ᠦᠭᠡᠷᠡᠴᠢᠯᠡᠯᠲᠡ ᠶᠢ ᠲᠦᠯᠬᠢᠨ ᠠᠬᠢᠭᠤᠯᠵᠣ᠂ ︽ᠨᠢᠭᠡ ᠨᠠᠷᠢᠨ ᠳᠠᠩᠰᠠ᠂ ᠬᠤᠶᠠᠷ ᠬᠦᠮᠦᠷᠭᠡ᠂ ᠨᠢᠭᠡ ᠨᠠᠷᠢᠨ ᠳᠦᠷᠢᠮ︾ ᠢ ᠪᠠᠶᠢᠭᠤᠯᠣᠭᠰᠠᠨ᠂ ᠠᠵᠢᠯ ᠶᠠᠪᠣᠳᠠᠯ  ᠤᠨ ᠳᠣᠮᠳᠠ ᠪᠠ ᠠᠵᠢᠯ ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠣᠯᠲᠠ ᠵᠡᠷᠭᠡ ᠶᠢ ᠴᠢᠩᠭᠠᠳᠬᠠᠭᠰᠠᠨ ᠲᠠᠯ᠎ᠠ ᠪᠠᠷ  ᠬᠢ ᠨᠡᠶᠢᠲᠡᠯᠢᠭ ᠲᠣᠷᠰᠢᠯᠭ᠎ᠠ᠂ ᠨᠡᠶᠢᠲᠡᠯᠢᠭ ᠠᠷᠭ᠎ᠠ ᠬᠢᠳᠡᠯ᠂ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠦᠷ᠎ᠡ ᠪᠦᠲᠦᠮᠵᠢ᠃     ︵ ᠭᠤᠷᠪᠠ︶ ᠣᠯᠠᠨ ᠢᠶᠠᠷ ᠢᠶᠠᠨ ᠦᠢᠯᠡᠰ ᠪᠣᠰᠬᠠᠵᠣ᠂ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠳᠤ ᠣᠯᠣᠭᠰᠠᠨ ᠦᠷ᠎ᠡ ᠪᠦᠲᠦᠮᠵᠢ ᠪᠠ ᠠᠷᠭ᠎ᠠ ᠪᠠᠷᠢᠯ     1. ᠡᠭᠡᠯ ᠠᠷᠠᠳ ᠤᠨ ᠦᠢᠯᠡᠰ ᠪᠣᠰᠬᠠᠯᠲᠠ ᠶᠢ ᠲᠡᠳᠬᠦᠨ ᠳᠡᠮᠵᠢᠭᠰᠡᠨ ᠭᠤᠣᠯ ᠠᠷᠭ᠎ᠠ ᠬᠢᠳᠡᠯ ᠪᠠ ᠨᠡᠶᠢᠲᠡᠯᠢᠭ ᠬᠡᠷᠡᠭ ᠤᠨ ᠵᠢᠱᠢᠶ᠎ᠡ᠃    2. ᠣᠶᠢᠷ᠎ᠠ ᠶᠢᠨ ᠵᠢᠯ ᠤᠨ ᠲᠣᠷᠰᠢᠬᠢ ᠮᠠᠨ ᠤ ᠬᠤᠰᠢᠭᠤᠨ ᠤ ᠨᠡᠶᠢᠲᠡ ᠪᠠᠷ ᠢᠶᠠᠨ ᠦᠢᠯᠡᠰ ᠪᠣᠰᠬᠠᠬᠤ ᠣᠷᠣᠨ ᠵᠠᠢ ᠶᠢ ᠦᠷᠭᠡᠳᠬᠡᠭᠰᠡᠨ ᠭᠤᠣᠯ ᠠᠷᠭ᠎ᠠ ᠬᠢᠳᠡᠯ ᠪᠠ ᠨᠡᠶᠢᠲᠡᠯᠢᠭ ᠬᠡᠷᠡᠭ ᠤᠨ ᠵᠢᠱᠢᠶ᠎ᠡ᠂ ᠣᠯᠣᠭᠰᠠᠨ ᠦᠷ᠎ᠡ ᠪᠦᠲᠦᠮᠵᠢ     3. ᠰᠢᠨᠵᠢᠯᠡᠬᠦ ᠣᠬᠠᠭᠠᠨ ᠤ ᠰᠣᠳᠣᠯᠣᠯ ᠤᠨ ᠠᠵᠢᠯᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ᠂ ᠠᠵᠢᠯ ᠤᠨ ᠬᠢᠯᠠᠰ ᠴᠡᠭ᠂ ᠨᠡᠶᠢᠲᠡᠯᠢᠭ ᠬᠡᠷᠡᠭ ᠤᠨ ᠵᠢᠱᠢᠶ᠎ᠡ ᠪᠠ ᠦᠷ᠎ᠡ ᠪᠦᠲᠦᠮᠵᠢ᠃     ︵ ᠳᠦᠷᠪᠡ︶ ᠰᠢᠨ᠎ᠡ ᠠᠵᠣ ᠠᠬᠤᠢ ᠶᠢ ᠬᠦᠭᠵᠢᠭᠦᠯᠬᠦ     1. ᠣᠯᠣᠰ ᠤᠨ ᠲᠣᠮᠣ ᠳ᠋ᠠᠶᠢᠲ᠋ᠠ ᠶᠢᠨ ᠶᠡᠷᠥᠩᠬᠡᠶᠢᠯᠡᠭᠰᠡᠨ ᠲᠣᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠂ ᠰᠠᠭᠤᠷᠢ ᠲᠦᠭᠦᠭᠡᠷᠦᠮᠵᠢ ᠶᠢ ᠨᠢᠭᠡᠳᠦᠯᠲᠡᠢ ᠲᠦᠯᠦᠪᠯᠡᠨ ᠬᠦᠭᠵᠢᠬᠦᠯᠬᠦ ᠶᠢ ᠲᠦᠯᠬᠢᠨ ᠠᠬᠢᠭᠤᠯᠬᠤ ᠳᠤ ᠠᠪᠣᠭᠰᠠᠨ ᠠᠷᠭ᠎ᠠ ᠬᠡᠮᠵᠢᠶ᠎ᠡ᠂ ᠠᠵᠢᠯ ᠤᠨ ᠬᠢᠯᠠᠰ ᠴᠡᠭ ᠪᠠ ᠦᠷ᠎ᠡ ᠪᠦᠲᠦᠮᠵᠢ ᠵᠢᠴᠢ ᠳᠠᠷᠠᠭᠠᠴᠢ ᠶᠢᠨ ᠠᠵᠢᠯ ᠤᠨ ᠲᠣᠬᠢᠷᠠᠭᠤᠯᠣᠯᠲᠠ᠃     2. ᠮᠣᠩᠭᠤᠯ ᠡᠮ ᠡᠮᠨᠡᠯᠭᠡ ᠶᠢᠨ ᠠᠵᠣ ᠦᠢᠯᠡᠰ ᠢ ᠬᠦᠭᠵᠢᠬᠦᠯᠬᠦ ᠳᠤ ᠲᠣᠭᠲᠠᠭᠠᠭᠰᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ᠂ ᠨᠡᠶᠢᠲᠡᠯᠢᠭ ᠠᠷᠭ᠎ᠠ ᠬᠢᠳᠡᠯ᠂ ᠣᠯᠣᠭᠰᠠᠨ ᠦᠷ᠎ᠡ ᠪᠦᠲᠦᠮᠵᠢ᠃      ︵ ᠲᠠᠪᠤ︶ ᠵᠠᠰᠠᠭ ᠤᠨ ᠣᠷᠳᠣᠨ ᠤ ᠦᠨᠳᠦᠰᠦᠨ ᠢ ᠪᠠᠲᠣᠯᠠᠵᠣ᠂ ᠦᠨᠳᠦᠰᠦᠨ ᠪᠠᠶᠢᠳᠠᠯ ᠢ ᠪᠠᠲᠣᠯᠠᠬᠤ᠂ ᠲᠦᠪ ᠭᠤᠣᠯᠴᠢ ᠪᠠᠶᠢᠬᠤ ᠶᠢ ᠠᠬᠢᠭᠤᠯᠵᠣ᠂ ᠠᠷᠠᠳ ᠣᠯᠠᠨ ᠤ ᠬᠦᠷᠲᠡᠭᠡᠮᠵᠢ ᠶᠢᠨ ᠲᠦᠷᠦᠭᠳᠡᠯ ᠢ ᠨᠡᠮᠡᠭᠳᠡᠭᠦᠯᠦᠭᠰᠡᠨ ᠭᠤᠣᠯ ᠦᠷ᠎ᠡ ᠪᠦᠲᠦᠮᠵᠢ ᠪᠠ ᠠᠷᠭ᠎ᠠ ᠬᠢᠳᠡᠯ     1. ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ ᠳᠤ ᠠᠪᠣᠭᠰᠠᠨ ᠭᠤᠣᠯ ᠠᠷᠭ᠎ᠠ ᠬᠡᠮᠵᠢᠶ᠎ᠡ᠂ ᠨᠡᠶᠢᠲᠡᠯᠢᠭ ᠲᠣᠷᠰᠢᠯᠭ᠎ᠠ ᠪᠠ ᠠᠷᠭ᠎ᠠ ᠬᠢᠳᠡᠯ᠂ ᠣᠯᠣᠭᠰᠠᠨ ᠦᠷ᠎ᠡ ᠪᠦᠲᠦᠮᠵᠢ᠂ ᠣᠨᠴᠠᠭᠠᠶᠢᠯᠠᠨ ᠶᠠᠳᠠᠭᠤ ᠠᠴᠠ ᠠᠩᠬᠢᠵᠢᠷᠠᠭᠤᠯᠬᠤ ᠣᠯᠠᠨ ᠵᠦᠢᠯ ᠤᠨ ᠠᠷᠭ᠎ᠠ ᠬᠡᠯᠪᠡᠷᠢ ︵ ᠵᠢᠱᠢᠶᠡᠯᠡᠪᠡᠯ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠂ ᠭᠠᠵᠠᠷ ᠰᠣᠯᠢᠵᠣ ᠨᠡᠭᠦᠯᠭᠡᠬᠦ ᠪᠠᠷ ᠶᠠᠳᠠᠭᠤ ᠶᠢ ᠲᠡᠳᠬᠦᠬᠦ ᠵᠡᠷᠭᠡ︶ ᠶᠢ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ ᠶᠢ ᠠᠬᠢᠭᠤᠯᠬᠤ ᠲᠠᠢ ᠬᠠᠮᠵᠢᠯᠴᠠᠭᠤᠯᠣᠨ ᠲᠦᠯᠬᠢᠨ ᠠᠬᠢᠭᠤᠯᠣᠭᠰᠠᠨ ᠭᠤᠣᠯ ᠠᠷᠭ᠎ᠠ ᠬᠢᠳᠡᠯ ᠪᠠ ᠦᠷ᠎ᠡ ᠪᠦᠲᠦᠮᠵᠢ᠂ ᠨᠡᠶᠢᠲᠡᠯᠢᠭ ᠬᠡᠷᠡᠭ ᠤᠨ ᠵᠢᠱᠢᠶ᠎ᠠ᠃     2. ᠨᠡᠶᠢᠭᠡᠮ ᠤᠨ ᠠᠪᠣᠷᠠᠨ ᠲᠣᠰᠠᠯᠠᠯᠲᠠ ᠶᠢᠨ ᠦᠨᠳᠦᠰᠦᠨ ᠪᠠᠶᠢᠳᠠᠯ ᠢ ᠪᠠᠲᠣᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠲᠠᠯ᠎ᠠ ᠪᠠᠷ ᠠᠪᠣᠭᠰᠠᠨ ᠭᠤᠣᠯ ᠠᠷᠭ᠎ᠠ ᠬᠡᠮᠵᠢᠶ᠎ᠡ᠂ ᠨᠡᠶᠢᠲᠡᠯᠢᠭ ᠠᠷᠭ᠎ᠠ ᠬᠢᠳᠡᠯ ᠪᠠ ᠦᠷ᠎ᠡ ᠪᠦᠲᠦᠮᠵᠢ᠃      3. ᠨᠣᠷᠠᠬᠤ ᠠᠶᠣᠯᠲᠠᠢ ᠭᠡᠷ ᠪᠠᠶᠢᠰᠢᠩ ᠶᠢ ᠦᠭᠡᠷᠡᠴᠢᠯᠡᠨ ᠰᠢᠨᠡᠳᠬᠡᠬᠦ ᠶᠢ ᠲᠦᠯᠬᠢᠨ ᠠᠬᠢᠭᠤᠯᠣᠭᠰᠠᠨ ᠭᠤᠣᠯ ᠠᠷᠭ᠎ᠠ ᠬᠢᠳᠡᠯ᠂ ᠠᠵᠢᠯ ᠤᠨ ᠬᠢᠯᠠᠰ ᠴᠡᠭ ᠪᠠ ᠨᠡᠶᠢᠲᠡᠯᠢᠭ ᠬᠡᠷᠡᠭ ᠤᠨ ᠵᠢᠱᠢᠶ᠎ᠡ᠂ ᠣᠯᠣᠭᠰᠠᠨ ᠦᠷ᠎ᠡ ᠪᠦᠲᠦᠮᠵᠢ᠃     4. ᠬᠡᠷ ᠲᠡᠭᠡᠨ ᠬᠤᠴᠣᠷᠣᠭᠰᠠᠨ ᠬᠡᠣᠬᠡᠳ ᠪᠠᠭᠠᠴᠣᠳ ᠢ ᠬᠠᠶᠢᠷᠠᠯᠠᠨ ᠬᠠᠯᠠᠮᠵᠢᠯᠠᠬᠤ ᠠᠵᠢᠯ ︵ ᠵᠢᠱᠢᠶᠡᠯᠡᠪᠡᠯ ᠮᠠᠯᠵᠢᠬᠤ ᠣᠷᠣᠨ᠂ ᠰᠢᠭᠤᠶᠢᠲᠣ ᠣᠷᠣᠨ︶ ᠢ ᠴᠢᠩᠭᠠᠳᠬᠠᠬᠤ ᠳᠤ ᠠᠪᠣᠭᠰᠠᠨ ᠭᠤᠣᠯ ᠠᠷᠭ᠎ᠠ ᠬᠡᠮᠵᠢᠶ᠎ᠡ᠂ ᠨᠡᠶᠢᠲᠡᠯᠢᠭ ᠠᠷᠭ᠎ᠠ ᠬᠢᠳᠡᠯ ᠪᠠ ᠦᠷ᠎ᠡ ᠪᠦᠲᠦᠮᠵᠢ᠃       ᠳᠦᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠳᠡᠭᠡᠭᠰᠢ ᠮᠡᠳᠡᠭᠦᠯᠬᠦ ᠮᠡᠳᠡᠭᠡ ᠵᠠᠩᠬᠢ ᠶᠢ ᠡᠷᠬᠡᠪᠰᠢ ᠴᠢᠩᠭ᠎ᠠ ᠬᠢᠨᠠᠨ ᠬᠠᠷᠭᠤᠭᠤᠯᠵᠣ᠂ ᠬᠤᠶᠢᠰᠢᠯᠠᠭᠤᠯᠣᠨ ᠮᠡᠳᠡᠭᠦᠯᠬᠦ᠂ ᠪᠣᠷᠣᠭᠤ ᠮᠡᠳᠡᠭᠦᠯᠬᠦ᠂ ᠮᠡᠳᠡᠭᠦᠯᠬᠦ ᠠᠴᠠ      ᠭᠤᠭᠤᠵᠢᠭᠳᠠᠭᠤᠯᠬᠤ᠂ ᠳᠠᠬᠢᠨ ᠳᠠᠪᠲᠠᠨ ᠮᠡᠳᠡᠭᠦᠯᠬᠦ ᠠᠴᠠ ᠵᠠᠶᠢᠯᠠᠰᠬᠢᠵᠦ᠂ ᠮᠡᠳᠡᠭᠡ ᠵᠠᠩᠬᠢ ᠶᠢᠨ ᠦᠢᠯᠡᠳᠦᠯᠲᠦ ᠴᠢᠨᠠᠷ ᠪᠠ ᠵᠦᠪ ᠣᠨᠣᠪᠴᠢᠲᠣ ᠴᠢᠨᠠᠷ ᠢ ᠪᠠᠲᠣᠯᠠᠬᠤ ᠬᠡᠷᠡᠭᠲᠡᠢ᠃      ︵ᠬᠤᠶᠠᠷ︶ ᠪᠦᠬᠦ ᠵᠢᠯ ᠤᠨ ᠮᠡᠳᠡᠭᠦᠯᠦᠨ ᠬᠦᠷᠭᠡᠬᠦ ᠪᠠᠶᠢᠴᠠᠭᠠᠨ ᠰᠣᠳᠣᠯᠣᠯᠲᠠ ᠶᠢᠨ ᠬᠠᠮᠢᠶᠠᠲᠠᠢ ᠮᠡᠳᠡᠭᠡ ᠵᠠᠩᠬᠢ ᠶᠢ 2 — 4 ᠬᠤᠪᠢ ᠠᠴᠠ ᠴᠦᠬᠡᠨ ᠪᠠᠶᠢᠯᠭᠠᠵᠣ ᠪᠣᠯᠬᠤ ᠦᠭᠡᠢ᠂ ᠴᠠᠭ ᠨᠢ ᠲᠣᠯᠣᠭᠰᠠᠨ ᠬᠤᠶᠢᠨ᠎ᠠ ᠶᠠᠭᠠᠷᠠᠤ ᠰᠠᠨᠳᠣᠷᠠᠣ ᠬᠠᠰᠢ ᠶᠠᠰᠢ ᠮᠡᠳᠡᠭᠦᠯᠦᠨ ᠬᠦᠷᠭᠡᠬᠦ ᠶᠢ ᠡᠷᠡᠰ ᠲᠡᠪᠴᠢᠬᠦ ᠬᠡᠷᠡᠭᠲᠡᠢ᠃ ᠮᠡᠳᠡᠭᠦᠯᠦᠨ ᠬᠦᠷᠭᠡᠬᠦ ᠰᠢᠣᠳᠠᠨ ᠬᠠᠶᠢᠷᠴᠠᠭ᠄ ewk wdc@163.com᠂ ᠪᠠᠶᠢᠴᠠᠭᠠᠨ ᠰᠣᠳᠣᠯᠣᠯᠲᠠ ᠶᠢᠨ ᠮᠡᠳᠡᠭᠡ ᠵᠠᠩᠬᠢ ᠶᠢᠨ ᠲᠣᠬᠠᠢ ᠬᠠᠷᠢᠯᠴᠠᠭᠴᠢ᠄ ᠸᠠᠩ ᠴᠢᠣ ᠯᠢᠩ︔ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠲᠣᠬᠠᠢ ᠬᠠᠷᠢᠯᠴᠠᠭᠴᠢ ᠄ ᠶᠧ ᠵᠢᠩ ᠰᠢᠣᠸᠠᠨ᠂ ᠬᠠᠷᠢᠯᠴᠠᠬᠤ ᠣᠳᠠᠰᠣ᠄ 8817519      ᠡᠭᠦᠨ ᠤ ᠲᠣᠯᠠ ᠮᠡᠳᠡᠭᠳᠡᠪᠡ        ᠳᠠᠭᠠᠯᠳᠣᠭᠤᠯᠣᠯ᠄ 1. 2016 ᠣᠨ ᠤ 7—12 ᠰᠠᠷ᠎ᠠ ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ  ᠶᠢ ᠠᠰᠢᠭᠯᠠᠨ ᠬᠡᠷᠡᠭᠯᠡᠭᠰᠡᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ      2. 2016 ᠣᠨ ᠤ 7 —12 ᠰᠠᠷ᠎ᠠ ᠶᠢᠨ ᠪᠠᠶᠢᠴᠠᠭᠠᠨ ᠰᠣᠳᠣᠯᠣᠯᠲᠠ ᠶᠢᠨ ᠲᠣᠬᠠᠢ ᠮᠠᠲ᠋ᠧᠷᠢᠶᠠᠯ ᠢ ᠠᠰᠢᠭᠯᠠᠨ ᠬᠡᠷᠡᠭᠯᠡᠭᠰᠡᠨ ᠪᠠᠶᠢᠳᠠᠯ ᠤᠨ ᠪᠦᠷᠢᠳᠬᠡᠯ     3. 2016 ᠣᠨ 7 —12 ᠰᠠᠷ᠎ᠠ ᠶᠢᠨ ᠬᠦᠯᠦᠨ ᠪᠣᠶᠢᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠠᠨ ᠤ ᠬᠤᠰᠢᠭᠤᠨ ᠤ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠠᠰᠢᠭᠯᠠᠨ ᠬᠡᠷᠡᠭᠯᠡᠭᠰᠡᠨ ᠪᠠᠶᠢᠳᠠᠯ  ᠤᠨ ᠪᠦᠷᠢᠳᠬᠡᠯ                                                                                2017 ᠣᠨ ᠤ 2 ᠰᠠᠷ᠎ᠠ ᠶᠢᠨ 15 ᠤ ᠡᠳᠦᠷ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号