ᠲᠦᠪ  ᠤᠨ ᠵᠢᠭᠠᠨ ᠲᠣᠭᠲᠠᠭᠠᠭᠰᠠᠨ ᠣᠷᠣᠨ ᠨᠣᠲᠤᠭ ᠤᠨ ᠬᠡᠷᠡᠭᠵᠢᠭᠦᠯᠵᠦ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭ ᠢ ᠬᠦᠴᠦᠨ ᠦᠭᠡᠢ ᠪᠣᠯᠭᠠᠬᠤ ᠠᠵᠢᠯ ᠢ ᠰᠠᠶᠢᠳᠣᠷ ᠨᠠᠶᠢᠳᠠᠪᠣᠷᠢᠵᠢᠭᠤᠯᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/9/18
                ᠡᠸ᠋ᠨᠩᠬᠢ ᠵᠠᠰᠠᠭ ᠠᠯᠪᠠᠨ ᠦᠰᠦᠭᠲᠦ ﹇2017﹈ 44 ᠳ᠋ᠣᠭᠡᠷ ᠲᠣᠭᠠᠲᠣᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄     ᠲᠦᠷᠦ ᠶᠢᠨ ᠶᠠᠪᠣᠳᠠᠯ ᠤᠨ ᠬᠤᠷᠢᠶᠠᠨ ᠤ ᠳᠠᠷᠣᠮᠠᠯᠯᠠᠨ ᠲᠠᠷᠬᠠᠭᠠᠭᠰᠠᠨ ︽ᠲᠦᠪ ᠤᠨ ᠵᠢᠭᠠᠨ ᠲᠣᠭᠲᠠᠭᠠᠭᠰᠠᠨ ᠭᠤᠷᠪᠠᠳᠣᠭᠠᠷ ᠪᠦᠯᠦᠭ ᠣᠷᠣᠨ ᠨᠣᠲᠤᠭ ᠤᠨ ᠬᠡᠷᠡᠭᠵᠢᠭᠦᠯᠵᠦ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭ  ᠢ ᠬᠦᠴᠦᠨ ᠦᠭᠡᠢ ᠪᠣᠯᠭᠠᠬᠤ ᠲᠣᠬᠠᠢ ᠲᠦᠷᠦ ᠶᠢᠨ ᠶᠠᠪᠣᠳᠠᠯ ᠤᠨ ᠬᠤᠷᠢᠶᠠᠨ ᠤ ᠲᠣᠭᠲᠠᠭᠠᠯ︾ ︵ᠲᠦᠷᠦ ᠲᠠᠷᠬᠠᠭᠠᠭᠰᠠᠨ ︿2017﹀ 7 ᠳ᠋ᠣᠭᠠᠷ ᠲᠣᠭᠠᠳᠣ︶ ︵ᠳᠣᠣᠷ᠎ᠠ ︽ᠲᠣᠭᠲᠠᠭᠠᠯ︾ ᠬᠡᠵᠦ ᠲᠦᠭᠦᠮᠴᠢᠯᠡᠨ᠎ᠡ︶ ᠢ ᠦᠨᠳᠦᠰᠦᠯᠡᠨ᠂ ᠲᠦᠪ ᠤᠨ ᠵᠢᠭᠠᠨ ᠲᠣᠭᠲᠠᠭᠠᠭᠰᠠᠨ ᠣᠷᠣᠨ ᠨᠣᠲᠤᠭ ᠤᠨ ᠬᠡᠷᠡᠭᠵᠢᠭᠦᠯᠵᠦ ᠪᠦᠬᠦᠢ 39 ᠵᠦᠢᠯ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭ ᠢ ᠬᠦᠴᠦᠨ ᠦᠭᠡᠢ ᠪᠣᠯᠭᠠᠪᠠ᠂ ᠡᠭᠦᠨ ᠳᠤ ᠬᠤᠰᠢᠭᠤᠨ ᠤ ᠵᠠᠰᠠᠭ  ᠤᠨ ᠣᠷᠳᠣᠨ ᠤ ᠡᠯ᠎ᠡ ᠰᠠᠯᠠᠭ᠎ᠠ ᠮᠦᠴᠢᠷ ᠲᠤ ᠬᠤᠯᠪᠣᠭᠳᠠᠬᠤ ᠨᠢ ᠨᠡᠶᠢᠲᠡ 11 ᠵᠦᠢᠯ ᠪᠣᠢ᠃ ᠦᠪᠡᠷᠲᠡᠭᠡᠨ ᠵᠠᠰᠠᠬᠤ ᠣᠷᠣᠨ ᠤ ᠨᠢᠭᠡᠳᠦᠯᠳᠡᠢ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠦᠴᠢᠷ ᠤᠳ ︽ᠲᠣᠭᠲᠠᠭᠠᠯ︾ ᠤᠨ ᠵᠣᠷᠢᠭ ᠰᠠᠨᠠᠭ᠎ᠠ ᠪᠠᠷ ᠲᠦᠪ ᠤᠨ ᠵᠢᠭᠠᠨ ᠲᠣᠭᠲᠠᠭᠠᠭᠰᠠᠨ ᠣᠷᠣᠨ ᠨᠣᠲᠤᠭ ᠤᠨ ᠵᠠᠰᠠᠭ ᠵᠠᠬᠢᠷᠭᠠᠨ ᠤ ᠵᠦᠪᠰᠢᠶᠡᠷᠡᠯ  ᠤᠨ ᠬᠡᠷᠡᠭ ᠢ ᠬᠦᠴᠦᠨ ᠦᠭᠡᠢ ᠪᠣᠯᠭᠠᠬᠤ ᠠᠵᠢᠯ ᠢ ᠦᠨᠡᠨᠬᠦ ᠰᠠᠶᠢᠳᠣᠷ ᠨᠠᠶᠢᠳᠠᠪᠣᠷᠢᠵᠢᠭᠤᠯᠬᠤ ᠬᠡᠷᠡᠭᠲᠡᠢ᠃    ᠨᠢᠭᠡ᠂ ᠡᠯ᠎ᠡ ᠰᠠᠯᠠᠭ᠎ᠠ ᠮᠦᠴᠢᠷ ᠤᠳ ᠤᠨ ᠡᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠳᠣᠳᠣᠷᠠᠬᠢ ᠵᠠᠰᠠᠭ ᠵᠠᠬᠢᠷᠭᠠᠨ ᠤ ᠡᠷᠭᠡ ᠶᠢ ︽ᠲᠣᠭᠲᠠᠭᠠᠯ︾ ᠯᠤᠭ᠎ᠠ ᠨᠠᠷᠢᠨ ᠳᠣᠳᠣᠷᠬᠠᠢ ᠬᠠᠷᠢᠭᠤᠴᠠᠭᠤᠯᠣᠯᠲᠠ ᠬᠢᠵᠦ᠂ ᠬᠦᠴᠦᠨ ᠦᠭᠡᠢ ᠪᠣᠯᠭᠠᠬᠤ ᠴᠢᠬᠤᠯᠠᠲᠠᠢ ᠵᠠᠰᠠᠭ ᠵᠠᠬᠢᠷᠭᠠᠨ ᠤ ᠡᠷᠬᠡ ᠶᠢ ᠢᠯᠭᠠᠷᠠᠭᠤᠯᠣᠨ ᠭᠠᠷᠭᠠᠬᠤ ᠬᠡᠷᠡᠭᠲᠡᠢ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠨ ᠬᠠᠮᠢᠶᠠᠷᠣᠯᠲᠠ ᠶᠢᠨ ᠠᠷᠭ᠎ᠠ ︾ ︵ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 208 ᠳ᠋ᠣᠭᠠᠷ ᠲᠣᠭᠠᠲᠣ ᠵᠠᠷᠯᠢᠭ︶ ᠶᠢᠨ ᠨᠠᠢᠮᠠᠳᠣᠭᠠᠷ᠂ ᠶᠢᠰᠦᠳᠦᠭᠡᠷ ᠵᠦᠢᠯ ᠤᠨ ᠲᠣᠭᠲᠠᠭᠠᠯ ᠤᠨ ᠳᠡᠰ ᠳᠠᠷᠠᠭᠠᠯᠠᠯ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠳᠤ ᠭᠤᠶᠣᠴᠢᠯᠠᠯ ᠭᠠᠷᠭᠠᠵᠣ᠂ ᠲᠣᠬᠢᠷᠠᠭᠤᠯᠣᠯᠲᠠ ᠬᠢᠭᠰᠡᠨ ᠵᠠᠰᠠᠭ ᠵᠠᠬᠢᠷᠭᠠᠨ ᠤ ᠡᠷᠭᠡ ᠶᠢᠨ ᠠᠭᠤᠯᠭ᠎ᠠ᠂ ᠲᠣᠭᠢᠷᠠᠭᠤᠯᠣᠭᠰᠠᠨ ᠡᠰᠢ ᠪᠠᠷᠢᠮᠲᠠ᠂ ᠬᠡᠷᠡᠭᠵᠢᠬᠦᠯᠬᠦ ᠪᠠᠶᠢᠭᠤᠯᠣᠮᠵᠢ᠂ ᠠᠵᠢᠯᠯᠠᠭᠠᠨ ᠤ ᠳᠡᠰ ᠳᠠᠷᠠᠭᠠᠯᠠᠯ ᠵᠡᠷᠭᠡ ᠮᠠᠲ᠋ᠧᠷᠢᠶᠠᠯ ᠢᠶᠠᠨ ᠲᠣᠰᠢᠶᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠠᠴᠠ ᠬᠠᠣᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠵᠦ᠂ ᠬᠤᠰᠢᠭᠤᠨ ᠤ ᠵᠠᠰᠠᠭ ᠤᠨ ᠣᠷᠳᠣᠨ ᠠᠴᠠ ᠵᠦᠪᠰᠢᠶᠡᠷᠡᠭᠰᠡᠨ ᠤ ᠳᠠᠷᠠᠭ᠎ᠠ᠂ ᠲᠣᠬᠢᠷᠠᠭᠤᠯᠣᠯᠲᠠ ᠬᠢᠭᠰᠡᠨ ᠤ ᠳᠠᠷᠠᠭᠠᠬᠢ ᠵᠠᠰᠠᠭ ᠵᠠᠬᠢᠷᠭᠠᠨ ᠤ ᠡᠷᠭᠡ ᠶᠢᠨ ᠨᠠᠷᠢᠨ ᠳᠠᠩᠰᠠ ᠶᠢ ᠨᠡᠶᠢᠭᠡᠮ ᠳᠤ ᠨᠡᠶᠢᠲᠡᠯᠡᠨ᠎ᠡ᠃    ᠬᠤᠶᠠᠷ᠂ ᠡᠯ᠎ᠡ ᠰᠠᠯᠠᠭ᠎ᠠ ᠮᠦᠴᠢᠷ ᠤᠳ ︽ ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ᠬᠡᠷᠡᠭ ᠤᠨ ᠶᠠᠪᠣᠴᠠ ᠳᠤ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠣᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠪᠠ ᠵᠣᠯᠭᠠᠭᠤᠯᠬᠤ ᠠᠵᠢᠯ ᠢ ᠰᠠᠶᠢᠳᠣᠷ ᠬᠢᠵᠦ᠂ ᠬᠠᠷᠢᠭᠤᠴᠠᠯᠭ᠎ᠠ ᠶᠢᠨ ᠭᠤᠣᠯ ᠴᠣᠭᠴᠠ ᠪᠠ ᠠᠵᠢᠯ ᠤᠨ ᠠᠷᠭ᠎ᠠ ᠶᠢ ᠳᠣᠳᠣᠷᠬᠠᠶᠢᠯᠠᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠳᠦᠷᠢᠮ ᠤᠨ ᠦᠭᠡᠷᠡᠴᠢᠯᠡᠯᠲᠡ ᠶᠢᠨ ᠰᠢᠰᠲ᠋ᠧᠮᠳᠦ ᠴᠢᠨᠠᠷ᠂ ᠬᠠᠮᠵᠢᠯᠴᠠᠬᠤ ᠴᠢᠨᠠᠷ᠂ ᠬᠠᠨᠳᠣᠯᠠᠭᠠᠳᠣ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃    ᠭᠤᠷᠪᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠷᠬᠡᠪᠰᠢ 2017 ᠣᠨ ᠤ 3 ᠰᠠᠷ᠎ᠠ ᠶᠢᠨ 14 ᠤ ᠡᠳᠦᠷ ᠠᠴᠠ ᠡᠮᠦᠨ᠎ᠡ ᠬᠠᠷᠢᠴᠠᠭᠤᠯᠣᠭᠰᠠᠨ ᠦᠷ᠎ᠡ ᠳ᠋ᠥᠩ ᠢᠶᠠᠨ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠲᠤ ᠪᠢᠴᠢᠭᠯᠡᠯ ᠤᠨ ᠬᠡᠯᠪᠡᠷᠢ ᠪᠠᠷ ᠳᠣᠰᠬᠠᠵᠣ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭ ᠢ ᠬᠦᠴᠦᠨ ᠦᠭᠡᠢ ᠪᠣᠯᠭᠠᠬᠤ ᠳᠤ ᠬᠤᠯᠪᠣᠭᠳᠠᠬᠤ ᠰᠠᠯᠠᠭ᠎ᠠ ᠮᠦᠴᠢᠷ ᠤᠳ ᠬᠡᠷᠡᠭ ᠤᠨ ᠶᠠᠪᠣᠴᠠ ᠳᠤ ᠪᠠ ᠬᠡᠷᠡᠭ ᠤᠨ ᠳᠠᠷᠠᠭᠠᠬᠢ ᠬᠢᠨᠠᠨ ᠬᠠᠮᠢᠶᠠᠷᠣᠯᠲᠠ ᠪᠠᠨ ᠴᠢᠩᠭᠠᠳᠬᠠᠭᠰᠠᠨ ᠪᠣᠳᠠᠳᠠᠢ ᠠᠷᠭ᠎ᠠ ᠬᠡᠮᠵᠢᠶ᠎ᠡ ᠪᠠ ᠵᠣᠯᠭᠤᠯᠳᠣᠭᠤᠯᠲᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢᠶᠠᠨ ᠬᠠᠮᠳᠣᠳᠠ ᠳᠤᠨᠢ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃     ᠬᠠᠷᠢᠯᠴᠠᠭᠴᠢ᠄ ᠰᠦᠨ ᠨᠢᠩ᠂ ᠬᠠᠷᠢᠯᠴᠠᠬᠤ ᠣᠳᠠᠰᠣ᠄ 8815400     ᠰᠢᠣᠳᠠᠨ ᠬᠠᠶᠢᠷᠴᠠᠭ᠄ ewkfzb@163.com     ᠡᠭᠦᠨ ᠤ ᠲᠣᠯᠠ ᠮᠡᠳᠡᠭᠳᠡᠪᠡ                                                                                                                   2017 ᠣᠨ ᠤ 3 ᠰᠠᠷ᠎ᠠ ᠶᠢᠨ 10 ᠤ ᠡᠳᠦᠷ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号