ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ 2016 ᠣᠨ ᠤ ᠲᠦᠰᠦᠪ ᠢ ᠬᠦᠢᠴᠡᠳᠬᠡᠭᠰᠡᠨ ᠪᠠᠶᠢᠳᠠᠯ ᠪᠠ 2017 ᠣᠨ ᠤ  ᠲᠦᠰᠦᠪ  ᠤᠨ  ᠲᠦᠰᠦᠯ  ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2017/9/18
— — 2017 ᠣᠨ ᠤ 3 ᠰᠠᠷ᠎ᠠ ᠶᠢᠨ 28 ᠤ ᠡᠳᠦᠷ    ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ  ᠬᠤᠰᠢᠭᠤᠨ   ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠣᠭᠠᠷ ᠬᠤᠷᠠᠯ ᠳᠡᠭᠡᠷ᠎ᠡ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠡᠳ᠋ ᠤᠨ ᠵᠠᠰᠠᠭ  ᠤᠨ ᠲᠣᠪᠴᠢᠶ᠎ᠠᠲᠦᠯᠦᠭᠡᠯᠡᠭᠴᠢᠳ ᠡ᠄     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ 2016 ᠣᠨ ᠤ ᠲᠦᠰᠦᠪ  ᠢ ᠬᠦᠢᠴᠡᠳᠬᠡᠭᠰᠡᠨ ᠪᠠᠶᠢᠳᠠᠯ ᠪᠣᠯᠣᠨ 2017 ᠣᠨ ᠤ ᠲᠦᠰᠦᠪ ᠤᠨ ᠲᠦᠰᠦᠯ ᠤᠨ ᠮᠡᠳᠡᠭᠦᠯᠦᠯᠲᠡ ᠶᠢ ᠲᠣᠰ ᠣᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠦᠶ᠎ᠡ᠂ ᠲᠡᠷᠡᠴᠢᠯᠠᠨ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠵᠢᠴᠢ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃      ᠨᠢᠭᠡ᠂ 2016 ᠣᠨ ᠤ ᠲᠦᠰᠦᠪ ᠢ ᠬᠦᠢᠴᠡᠳᠬᠡᠭᠰᠡᠨ ᠪᠠᠶᠢᠳᠠᠯ    2016 ᠣᠨ ᠳᠤ᠂ ᠠᠵᠣ ᠠᠬᠤᠢ ᠶᠢᠨ ᠪᠠᠭᠤᠷᠠᠯᠲᠠ ᠶᠢᠨ ᠳᠠᠷᠣᠭᠠᠰᠣ ᠲᠠᠰᠣᠷᠠᠯᠲᠠ ᠦᠬᠡᠢ ᠬᠡᠴᠡᠭᠦᠳᠡᠵᠦ ᠪᠠᠶᠢᠭ᠎ᠠ ᠦᠷᠢᠰᠦᠯᠳᠦᠭᠡᠨ ᠳᠤ ᠬᠠᠨᠳᠤᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ ᠲᠠᠯᠪᠢᠯᠲᠠ ᠳᠡᠮᠵᠢᠯᠭᠡ ᠳᠣᠣᠷ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠦᠪᠡᠷᠲᠡᠭᠡᠨ ᠵᠠᠰᠠᠬᠤ ᠬᠤᠰᠢᠭᠤᠨ ᠤ ᠠᠷᠪᠠᠨ ᠬᠤᠶᠠᠳᠣᠭᠠᠷ ᠬᠤᠭᠤᠴᠠᠭᠠᠨ  ᠤ ᠲᠠᠪᠤᠳᠣᠭᠠᠷ ᠬᠤᠷᠠᠯ ᠤᠨ ᠬᠤᠯᠪᠣᠭᠳᠠᠯ ᠪᠦᠬᠦᠢ ᠲᠣᠭᠲᠠᠭᠠᠯ ᠪᠠ ᠰᠢᠢᠳᠪᠦᠷᠢ ᠶᠢ ᠴᠢᠩᠭ᠎ᠠ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠣᠭᠠᠷ ᠬᠤᠭᠤᠴᠠᠭᠠᠨ ᠤ ᠠᠷᠪᠠᠳᠣᠭᠠᠷ ᠣᠳᠠᠭᠠᠨ ᠤ ᠪᠦᠬᠦ ᠬᠡᠰᠢᠭᠦᠳ ︵ᠦᠷᠭᠡᠳᠬᠡᠭᠰᠡᠨ︶ ᠤᠨ ᠬᠤᠷᠠᠯ ᠤᠨ ᠵᠣᠷᠢᠭ ᠰᠠᠨᠠᠭ᠎ᠠ ᠶᠢ ᠨᠢᠮᠪᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ ᠪᠠᠶᠢᠷᠢᠯᠠᠭᠤᠯᠣᠯᠲᠠ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠣᠰᠣᠭᠠᠷ᠂ ᠠᠵᠣ ᠠᠬᠤᠢ ᠶᠢᠨ ᠬᠦᠭᠵᠢᠯᠲᠡ  ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠵᠣᠬᠢᠴᠠᠵᠣ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠢᠳᠡᠪᠬᠢᠲᠡᠢ ᠲᠣᠣᠱᠯᠠᠭᠤᠯᠣᠨ ᠬᠡᠷᠡᠭᠵᠢᠭᠦᠯᠵᠦ᠂ ᠲᠣᠭᠲᠠᠭᠤᠨ ᠪᠠᠶᠢᠯᠭᠠᠬᠤ ᠮᠦᠷᠲᠡᠭᠡᠨ ᠣᠷᠣᠭᠰᠢᠯᠠᠨ ᠳᠠᠪᠰᠢᠬᠤ ᠠᠵᠢᠯ ᠤᠨ ᠶᠡᠷᠥᠩᠬᠡᠢ ᠬᠦᠭ ᠠᠶᠢᠵᠢᠮ ᠢ ᠪᠠᠷᠢᠮᠲᠠᠯᠠᠵᠣ᠂ ᠪᠦᠬᠦ ᠬᠦᠴᠦᠨ ᠢᠶᠠᠷ ᠢᠶᠠᠨ ᠣᠷᠣᠯᠭ᠎ᠠ ᠶᠢ ᠠᠳᠬᠤᠨ ᠠᠷᠠᠳ ᠤᠨ ᠠᠮᠢᠳᠣᠷᠠᠯ ᠢ ᠪᠠᠲᠣᠯᠠᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠬᠦᠴᠦᠲᠡᠢ ᠲᠦᠯᠬᠢᠨ ᠠᠬᠢᠭᠤᠯᠣᠭᠰᠠᠨ ᠪᠠᠶᠢᠨ᠎ᠠ᠃      ︵ ᠨᠢᠭᠡ︶ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠢ ᠬᠦᠢᠴᠡᠳᠬᠡᠭᠰᠡᠨ ᠪᠠᠶᠢᠳᠠᠯ     2016 ᠣᠨ ᠤ 12 ᠰᠠᠷ᠎ᠠ ᠳᠤ᠂ ᠦᠪᠡᠷᠲᠡᠭᠡᠨ ᠵᠠᠰᠠᠬᠤ ᠬᠤᠰᠢᠭᠤᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠣᠭᠠᠷ ᠬᠤᠷᠠᠯ ᠢᠶᠠᠷ ᠬᠢᠨᠠᠨ ᠵᠦᠪᠯᠡᠭᠦᠯᠵᠦ ᠵᠦᠪᠰᠢᠶᠡᠷᠡᠭᠦᠯᠬᠦ ᠪᠠᠷ ᠳᠠᠮᠵᠢᠭᠠᠳ᠂ 2016 ᠣᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠬᠢᠬᠡᠳ ᠵᠢᠯ ᠤᠨ ᠡᠬᠢᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠣᠬᠤᠯᠠᠪᠣᠷᠢᠯᠠᠭᠰᠠᠨ ᠲᠦᠰᠦᠪ ᠤᠨ ᠲᠤᠭ᠎ᠠ 92,813 ᠲᠦᠮᠡᠨ ᠲᠦᠭᠦᠷᠢᠭ ᠠᠴᠠ 12,813 ᠲᠦᠮᠡᠨ ᠲᠦᠭᠦᠷᠢᠭ ᠳᠣᠳᠠᠭᠤ ᠬᠤᠷᠢᠶᠠᠵᠣ᠂ ᠣᠯᠠᠨ ᠨᠡᠶᠢᠲᠡ  ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ ᠵᠢᠱᠢᠯᠲᠠ ᠪᠠᠷ 80,000 ᠲᠦᠮᠡᠨ ᠲᠦᠭᠦᠷᠢᠭ ᠪᠡᠶᠡᠯᠡᠭᠦᠯᠪᠡ᠃ 2016 ᠣᠨ ᠤ 12 ᠰᠠᠷ᠎ᠠ ᠶᠢᠨ 31 ᠤ ᠡᠳᠦᠷ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ  ᠶᠢ ᠦᠨᠳᠦᠰᠦᠯᠡᠪᠡᠯ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 77,822 ᠲᠦᠮᠡᠨ ᠲᠦᠭᠦᠷᠢᠭ ᠪᠣᠳᠠᠳᠠᠢ ᠪᠡᠶᠡᠯᠡᠭᠦᠯᠵᠦ᠂ ᠲᠣᠬᠢᠷᠠᠭᠤᠯᠣᠭᠰᠠᠨ ᠲᠦᠰᠦᠪ ᠤᠨ 97% ᠶᠢ ᠪᠡᠶᠡᠯᠡᠭᠦᠯᠵᠣ᠂ ᠳᠡᠭᠡᠷ᠎ᠡ ᠵᠢᠯ ᠤᠨ ᠬᠢ ᠲᠠᠢ ᠠᠳᠠᠯᠢᠳᠬᠠᠪᠠᠯ 8,920 ᠲᠦᠮᠡᠨ ᠲᠦᠭᠦᠷᠢᠭ ᠪᠠᠭᠠᠰᠴᠣ᠂ 10% ᠢᠶᠠᠷ ᠪᠠᠭᠤᠷᠠᠪᠠ᠃ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ᠂ ᠳᠡᠭᠡᠳᠦ ᠱᠠᠲᠣᠨ ᠤ ᠴᠡᠪᠡᠷ ᠨᠦᠬᠦᠪᠦᠷᠢ ᠶᠢᠨ ᠣᠷᠣᠯᠭ᠎ᠠ᠂ ᠣᠷᠣᠨ ᠨᠣᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠳᠡᠮᠳᠡᠭᠲᠦ ᠶᠢ ᠵᠢᠭᠡᠯᠡᠯᠭᠡ ᠳᠤ ᠰᠢᠯᠵᠢᠭᠦᠯᠦᠭᠰᠡᠨ ᠣᠷᠣᠯᠭ᠎ᠠ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ᠂ ᠲᠣᠬᠢᠷᠠᠭᠤᠯᠵᠣ ᠣᠷᠣᠭᠤᠯᠣᠭᠰᠠᠨ ᠪᠡᠯᠡ ᠮᠦᠩᠭᠦ ᠵᠢᠴᠢ ᠳᠡᠭᠡᠳᠦ ᠱᠠᠲᠣᠨ ᠳᠤ ᠲᠣᠰᠢᠶᠠᠬᠤ ᠵᠠᠷᠣᠯᠭ᠎ᠠ ᠵᠡᠷᠭᠡ ᠶᠢ ᠬᠤᠷᠢᠶᠠᠩᠭᠤᠶᠢᠯᠠᠪᠠᠯ᠂ 2016 ᠣᠨ ᠤ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠶᠡᠷᠥᠩᠬᠡᠢ ᠡᠳ᠋ ᠤᠨ ᠬᠦᠴᠦᠨ ᠨᠢ 216,284 ᠲᠦᠮᠡᠨ ᠲᠦᠭᠦᠷᠢᠭ ᠪᠣᠯᠣᠨ᠎ᠠ᠃ 2016 ᠣᠨ ᠤ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ 214,867 ᠲᠦᠮᠡᠨ ᠲᠦᠭᠦᠷᠢᠭ᠂ ᠲᠣᠬᠢᠷᠠᠭᠤᠯᠣᠭᠰᠠᠨ ᠲᠦᠰᠦᠪ ᠤᠨ 99% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠲᠠᠢ ᠠᠳᠠᠯᠢᠳᠬᠠᠪᠠᠯ 1,820 ᠲᠦᠮᠡᠨ ᠲᠦᠭᠦᠷᠢᠭ ᠪᠠᠭᠠᠰᠴᠣ᠂ 8% ᠢᠶᠠᠷ ᠪᠠᠭᠤᠷᠠᠪᠠ᠃ ᠣᠷᠣᠯᠭ᠎ᠠ ᠵᠠᠷᠣᠯᠭ᠎ᠠ ᠶᠢ ᠲᠣᠯᠭᠠᠭᠰᠠᠨ ᠤ ᠳᠠᠷᠠᠭ᠎ᠠ᠂ 2016 ᠣᠨ ᠤ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠢᠯ ᠤᠨ ᠡᠴᠦᠰ ᠤᠨ ᠦᠯᠡᠳᠡᠪᠦᠷᠢ ᠨᠢ 1,417 ᠲᠦᠮᠡᠨ ᠲᠦᠭᠦᠷᠢᠭ᠂ ᠡᠭᠦᠨ ᠳᠤ᠄ ᠲᠣᠰᠬᠠᠢ ᠵᠦᠢᠯ ᠤᠨ ᠬᠡᠷᠡᠭᠴᠡᠭᠡ ᠪᠦᠬᠦᠢ ᠳ᠋ᠦᠩᠨᠡᠨ ᠰᠢᠯᠵᠢᠭᠦᠯᠦᠭᠰᠡᠨ ᠵᠠᠷᠣᠯᠭ᠎ᠠ ᠨᠢ 207 ᠲᠦᠮᠡᠨ ᠲᠦᠭᠦᠷᠢᠭ  ︵2017 ᠣᠨ ᠳᠤ ᠲᠣᠭᠲᠠᠭᠰᠠᠨ ᠬᠡᠷᠡᠭᠴᠡᠭᠡ ᠪᠠᠷ ᠨᠢ ᠦᠷᠭᠦᠯᠵᠢᠯᠡᠨ ᠬᠡᠷᠡᠭᠯᠡᠬᠦ ᠪᠣᠯᠣᠨ᠎ᠠ︶ ᠪᠣᠯᠣᠨ᠎ᠠ᠃ ᠲᠦᠰᠦᠪ ᠤᠨ ᠲᠣᠭᠲᠠᠭᠤᠨ ᠢᠶᠠᠷ ᠲᠣᠬᠢᠷᠠᠭᠤᠯᠬᠤ ᠰᠠᠭᠤᠷᠢ ᠮᠦᠩᠬᠦ ᠶᠢ 371 ᠲᠦᠮᠡᠨ ᠲᠦᠭᠦᠷᠢᠭ ᠲᠣᠬᠢᠷᠠᠭᠤᠯᠵᠣ᠂ ᠦᠷᠢ ᠲᠦᠯᠦᠬᠦ ᠪᠠᠷ ᠪᠠᠶᠢᠭ᠎ᠠ  ᠰᠣᠯᠢᠬᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠦᠯᠡᠳᠡᠪᠦᠷᠢ ᠨᠢ 9,223 ᠲᠦᠮᠡᠨ ᠲᠦᠭᠦᠷᠢᠭ ᠪᠣᠢ᠃     2016 ᠣᠨ ᠳᠤ᠂ ᠳᠡᠭᠡᠳᠦ ᠱᠠᠲᠣᠨ ᠤ ᠡᠳ᠋ ᠤᠨ ᠵᠠᠰᠠᠭ ᠠᠴᠠ ᠮᠠᠨ ᠤ ᠬᠤᠰᠢᠭᠤᠨ ᠳᠤ ᠥᠭᠭᠦᠭᠰᠡᠨ ᠡᠯ᠎ᠡ ᠵᠦᠢᠯ ᠤᠨ ᠨᠦᠬᠦᠪᠦᠷᠢ ᠶᠢᠨ ᠣᠷᠣᠯᠭ᠎ᠠ ᠨᠢ 129,346 ᠲᠦᠮᠡᠨ ᠲᠦᠭᠦᠷᠢᠭ ᠪᠠᠶᠢᠵᠣ᠂ ᠳᠡᠭᠡᠷ᠎ᠡ ᠵᠢᠯ ᠤᠨ ᠬᠢ  ᠲᠠᠢ ᠠᠳᠠᠯᠢᠳᠬᠠᠪᠠᠯ 7,321 ᠲᠦᠮᠡᠨ ᠲᠦᠭᠦᠷᠢᠭ ᠪᠠᠭᠠᠰᠴᠣ᠂ 5% ᠢᠶᠠᠷ ᠪᠠᠭᠤᠷᠠᠪᠠ᠂ ᠡᠭᠦᠨ ᠳᠤ᠄ ᠡᠭᠡᠭᠦᠯᠦᠨ ᠪᠣᠴᠠᠭᠠᠬᠤ ᠴᠢᠨᠠᠷᠲᠠᠢ ᠣᠷᠣᠯᠭ᠎ᠠ ᠪᠠ ᠡᠩ ᠤᠨ ᠴᠢᠨᠠᠷᠲᠠᠢ ᠰᠢᠯᠵᠢᠭᠦᠯᠦᠨ ᠦᠭᠬᠦ ᠣᠷᠣᠯᠭ᠎ᠠ ᠨᠢ 68,226 ᠲᠦᠮᠡᠨ ᠲᠦᠭᠦᠷᠢᠭ᠂ ᠡᠯ᠎ᠡ ᠵᠦᠢᠯ ᠤᠨ ᠲᠣᠰᠬᠠᠢ ᠵᠦᠢᠯ ᠤᠨ ᠰᠢᠯᠵᠢᠭᠦᠯᠦᠨ ᠥᠭᠬᠦ ᠣᠷᠣᠯᠭ᠎ᠠ ᠨᠢ 61,120 ᠲᠦᠮᠡᠨ ᠲᠦᠭᠦᠷᠢᠭ ᠪᠣᠯᠣᠨ᠎ᠠ᠃    2016 ᠣᠨ ᠳᠤ᠂ ᠳᠡᠭᠡᠳᠦ ᠱᠠᠲᠣᠨ ᠠᠴᠠ ᠣᠷᠣᠨ ᠨᠣᠲᠤᠭ ᠤᠨ ᠵᠠᠰᠠᠭ ᠤᠨ ᠣᠷᠳᠣᠨ ᠳᠤ ᠲᠣᠭᠢᠷᠠᠭᠤᠯᠣᠭᠰᠠᠨ ᠵᠢᠭᠡᠯᠡᠯᠭᠡ ᠶᠢᠨ ᠳᠡᠮᠳᠡᠭᠲᠦ ᠨᠢ 32,934 ᠲᠦᠮᠡᠨ ᠲᠦᠭᠦᠷᠢᠭ᠂ ᠡᠭᠦᠨ ᠳᠤ᠄ ᠵᠢᠭᠡᠯᠡᠯᠭᠡ ᠶᠢᠨ ᠳᠡᠮᠳᠡᠭᠲᠦ ᠶᠢ ᠰᠣᠯᠢᠭᠰᠠᠨ ᠨᠢ 31,134 ᠲᠦᠮᠡᠨ ᠲᠦᠭᠦᠷᠢᠭ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠨᠢ 1,800 ᠲᠦᠮᠡᠨ ᠲᠦᠭᠦᠷᠢᠭ ᠪᠣᠯᠣᠨ᠎ᠠ᠃ ᠣᠷᠣᠨ ᠨᠣᠲᠤᠭ ᠤᠨ ᠵᠠᠰᠠᠭ ᠤᠨ ᠣᠷᠳᠣᠨ ᠤ ᠵᠢᠭᠡᠯᠡᠯᠭᠡ  ᠶᠢᠨ ᠲᠡᠮᠳᠡᠭᠲᠦ ᠶᠢᠨ ᠵᠠᠷᠣᠯᠭ᠎ᠠ ᠨᠢ 23,141 ᠲᠦᠮᠡᠨ ᠲᠦᠭᠦᠷᠢᠭ᠂ ᠡᠭᠦᠨ ᠳᠤ ᠵᠢᠭᠡᠯᠡᠯᠭᠡ ᠶᠢᠨ ᠲᠡᠮᠳᠡᠭᠲᠦ ᠪᠠᠷ ᠰᠣᠯᠢᠵᠣ ᠡᠬᠡ ᠮᠦᠩᠭᠦ ᠶᠢ ᠪᠣᠴᠠᠭᠠᠭᠰᠠᠨ ᠵᠠᠷᠣᠯᠭ᠎ᠠ ᠨᠢ 21,911 ᠲᠦᠮᠡᠨ ᠲᠦᠭᠦᠷᠢᠭ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠵᠠᠷᠣᠯᠭ᠎ᠠ ᠨᠢ 1,230 ᠲᠦᠮᠡᠨ ᠲᠦᠭᠦᠷᠢᠭ ᠪᠣᠯᠣᠨ᠎ᠠ᠃ ᠭᠤᠣᠯᠳᠠᠭᠤ ᠭᠦᠸᠧ ᠲᠸᠦ ᠺᠣᠮᠫᠠᠨᠢ᠂ ᠣᠷᠣᠨ ᠰᠠᠭᠤᠴᠠ ᠪᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠣᠷᠭᠠᠨ ᠬᠦᠮᠦᠵᠢᠯ ᠤᠨ ᠰᠢᠰᠲ᠋ᠧᠮ᠂ ᠳᠣᠲᠣᠭᠠᠲᠣ ᠶᠢ ᠬᠠᠮᠠᠭᠠᠯᠠᠬᠤ ᠲᠣᠪᠴᠢᠶ᠎ᠠ ᠪᠠᠶᠢᠴᠠᠭᠠᠬᠤ ᠬᠤᠷᠢᠶ᠎ᠠ ᠰᠢᠬᠦᠬᠦ ᠬᠤᠷᠢᠶ᠎ᠠ ᠵᠢᠴᠢ ᠬᠡᠰᠡᠭ ᠰᠢᠶᠠᠩ ᠪᠠᠯᠭᠠᠰᠣ ᠶᠢᠨ ᠦᠩᠭᠡᠷᠡᠭᠰᠡᠨ ᠵᠢᠯ ᠤᠨ ᠦᠷᠢᠳᠦᠭᠰᠡᠨ ᠵᠣᠭᠤᠰ ᠪᠠ 2016 ᠣᠨ ᠳᠤ ᠪᠦᠲᠦᠭᠡᠨ ᠪᠠᠶᠢᠭᠤᠯᠣᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠦᠷᠦᠯ ᠵᠦᠢᠯ ᠳᠤ ᠬᠡᠷᠡᠭᠯᠡᠪᠡ᠃      ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦ ᠶᠢᠨ ᠲᠦᠰᠦᠪ ᠢ ᠬᠦᠢᠴᠡᠳᠬᠡᠭᠰᠡᠨ ᠪᠠᠶᠢᠳᠠᠯ    2016 ᠣᠨ ᠳᠤ᠂ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠶᠢᠨ ᠬᠢᠨᠠᠨ ᠵᠦᠪᠯᠡᠵᠦ ᠵᠦᠪᠰᠢᠶᠡᠷᠡᠭᠰᠡᠨ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦᠨ ᠤ ᠲᠦᠰᠦᠪ ᠤᠨ ᠣᠷᠣᠯᠭ᠎ᠠ ᠨᠢ 6,500 ᠲᠦᠮᠡᠨ ᠲᠦᠭᠦᠷᠢᠭ ᠪᠣᠯᠣᠨ᠎ᠠ᠃ 2016 ᠣᠨ ᠤ 12 ᠰᠠᠷ᠎ᠠ ᠶᠢᠨ 31 ᠤ ᠡᠳᠦᠷ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦᠨ ᠤ ᠣᠷᠣᠯᠭ᠎ᠠ ᠶᠢ 1,066 ᠲᠦᠮᠡᠨ ᠲᠦᠭᠦᠷᠢᠭ ᠪᠣᠳᠠᠳᠠᠢ ᠪᠡᠶᠡᠯᠡᠭᠦᠯᠵᠦ᠂ ᠵᠢᠯ ᠤᠨ ᠡᠬᠢᠨ ᠤ ᠲᠦᠰᠦᠪ ᠤᠨ 16% ᠢ ᠪᠡᠶᠡᠯᠡᠭᠦᠯᠵᠦ᠂ ᠳᠡᠭᠡᠷ᠎ᠡ ᠵᠢᠯ ᠤᠨ  ᠬᠢ ᠲᠠᠢ ᠠᠳᠠᠯᠢᠳᠬᠠᠪᠠᠯ 560 ᠲᠦᠮᠡᠨ ᠲᠦᠭᠦᠷᠢᠭ ᠨᠡᠮᠡᠭᠳᠡᠵᠦ᠂ 111% ᠢᠶᠠᠷ ᠨᠡᠮᠡᠭᠳᠡᠪᠡ᠃ ᠳᠡᠭᠡᠷ᠎ᠡ ᠨᠢ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 300 ᠲᠦᠮᠡᠨ ᠲᠦᠭᠦᠷᠢᠭ᠂ ᠣᠷᠣᠨ ᠨᠣᠲᠤᠭ ᠤᠨ ᠵᠠᠰᠠᠭ ᠤᠨ ᠣᠷᠳᠣᠨ  ᠤ ᠵᠢᠭᠡᠯᠡᠯᠭᠡ ᠶᠢᠨ ᠲᠡᠮᠳᠡᠭᠲᠦ ᠶᠢ ᠵᠢᠭᠡᠯᠡᠯᠭᠡ ᠳᠤ ᠰᠢᠯᠵᠢᠭᠦᠯᠦᠭᠰᠡᠨ ᠣᠷᠣᠯᠭ᠎ᠠ ᠨᠢ 39,099 ᠲᠦᠮᠡᠨ ᠲᠦᠭᠦᠷᠢᠭ᠂ ᠡᠬᠦᠨ ᠳᠤ᠄ ᠵᠢᠭᠡᠯᠡᠯᠭᠡ ᠶᠢᠨ ᠲᠡᠮᠳᠡᠭᠲᠦ ᠶᠢ ᠰᠣᠯᠢᠭᠰᠠᠨ ᠨᠢ 23,928 ᠲᠦᠮᠡᠨ ᠲᠦᠭᠦᠷᠢᠭ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠳᠡᠮᠳᠡᠭᠲᠦ 15,171 ᠲᠦᠮᠡᠨ ᠲᠦᠭᠦᠷᠢᠭ᠂ ᠳᠡᠭᠡᠳᠦ ᠱᠠᠲᠣᠨ ᠤ ᠨᠦᠬᠦᠪᠦᠷᠢ ᠶᠢᠨ ᠣᠷᠣᠯᠭ᠎ᠠ 731 ᠲᠦᠮᠡᠨ ᠲᠦᠭᠦᠷᠢᠭ ᠢ ᠨᠡᠮᠡᠪᠡᠯ᠂ ᠶᠡᠷᠥᠩᠬᠡᠢ ᠣᠷᠣᠯᠭ᠎ᠠ ᠶᠢᠨ ᠬᠡᠮᠵᠢᠶ᠎ᠡ ᠨᠢ 41,196 ᠲᠦᠮᠡᠨ ᠲᠦᠭᠦᠷᠢᠭ ᠪᠣᠯᠣᠨ᠎ᠠ᠃ 2016 ᠣᠨ ᠤ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦᠨ ᠤ ᠵᠠᠷᠣᠯᠭ᠎ᠠ ᠨᠢ 6,164 ᠲᠦᠮᠡᠨ ᠲᠦᠭᠦᠷᠢᠭ᠂ ᠵᠢᠯ ᠤᠨ ᠡᠬᠢᠨ ᠤ ᠲᠦᠰᠦᠪ ᠤᠨ 91% ᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠲᠠᠢ ᠠᠳᠠᠯᠢᠳᠬᠠᠪᠠᠯ 3,503 ᠲᠦᠮᠡᠨ ᠲᠦᠭᠦᠷᠢᠭ ᠨᠡᠮᠡᠭᠳᠡᠵᠦ᠂ 126%  ᠢᠶᠠᠷ ᠨᠡᠮᠡᠭᠳᠡᠪᠡ᠂ ᠲᠣᠬᠢᠷᠠᠭᠤᠯᠣᠨ ᠭᠠᠷᠭᠠᠭᠰᠠᠨ ᠪᠡᠯᠡ ᠮᠦᠩᠬᠦ ᠶᠢᠨ ᠵᠠᠷᠣᠯᠭ᠎ᠠ ᠨᠢ 195 ᠲᠦᠮᠡᠨ ᠲᠦᠭᠦᠷᠢᠭ᠂ ᠣᠷᠣᠨ ᠨᠣᠲᠤᠭ ᠤᠨ ᠵᠠᠰᠠᠭ ᠤᠨ ᠣᠷᠳᠣᠨ ᠤ ᠲᠣᠰᠬᠠᠢ ᠵᠦᠢᠯ ᠤᠨ ᠵᠢᠭᠡᠯᠡᠯᠭᠡ ᠶᠢᠨ ᠡᠬᠡ ᠮᠦᠩᠭᠦ ᠶᠢ ᠪᠣᠴᠠᠭᠠᠭᠰᠠᠨ ᠵᠠᠷᠣᠯᠭ᠎ᠠ ᠨᠢ 7,000 ᠲᠦᠮᠡᠨ ᠲᠦᠭᠦᠷᠢᠭ ᠪᠠᠶᠢᠵᠣ᠂ ᠵᠠᠷᠣᠯᠭ᠎ᠠ ᠶᠢᠨ ᠶᠡᠷᠥᠩᠬᠡᠢ ᠬᠡᠮᠵᠢᠶ᠎ᠡ ᠨᠢ 13,359 ᠲᠦᠮᠡᠨ ᠲᠦᠭᠦᠷᠢᠭ ᠪᠣᠯᠪᠠ᠃ 2016 ᠣᠨ ᠤ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦᠨ ᠤ ᠵᠢᠯ ᠤᠨ ᠡᠴᠦᠰ ᠤᠨ ᠦᠯᠡᠳᠡᠪᠦᠷᠢ ᠨᠢ 10,909 ᠲᠦᠮᠡᠨ ᠲᠦᠭᠦᠷᠢᠭ᠂ ᠦᠷᠢ ᠲᠦᠯᠦᠬᠦ ᠪᠠᠷ ᠪᠠᠶᠢᠭ᠎ᠠ  ᠰᠤᠯᠢᠬᠤ ᠲᠣᠰᠬᠠᠢ ᠵᠦᠢᠯ ᠤᠨ ᠵᠢᠭᠡᠯᠡᠯᠭᠡ ᠶᠢᠨ ᠳᠡᠮᠳᠡᠭᠲᠦ ᠶᠢᠨ ᠦᠯᠡᠳᠡᠪᠦᠷᠢ ᠨᠢ 16,928 ᠲᠦᠮᠡᠨ ᠲᠦᠭᠦᠷᠢᠭ  ᠪᠠᠶᠢᠵᠣ᠂ ᠣᠯᠣᠰ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠲᠣᠰᠬᠠᠢ ᠵᠦᠢᠯ ᠢᠶᠠᠷ ᠳᠠᠷᠠᠭ᠎ᠠ ᠵᠢᠯ ᠳᠤ ᠳ᠋ᠥᠩᠨᠡᠨ ᠰᠢᠯᠵᠢᠭᠦᠯᠵᠦ ᠦᠷᠭᠦᠯᠵᠢᠯᠡᠨ ᠬᠡᠷᠡᠭᠯᠡᠬᠦ ᠪᠣᠯᠣᠨ᠎ᠠ᠃     ︵ᠭᠤᠷᠪᠠ︶ ᠣᠯᠣᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠦᠰᠦᠪ ᠢ ᠬᠦᠢᠴᠡᠳᠬᠡᠭᠰᠡᠨ ᠪᠠᠶᠢᠳᠠᠯ     2016 ᠣᠨ ᠤ ᠲᠦᠰᠦᠪ ᠤᠨ ᠲᠦᠰᠦᠯ ᠢ ᠦᠨᠳᠦᠰᠦᠯᠡᠭᠡᠳ᠂ ᠦᠪᠡᠷᠲᠡᠭᠡᠨ ᠵᠠᠰᠠᠬᠤ ᠬᠤᠰᠢᠭᠤ ᠣᠯᠣᠰ  ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠦᠰᠦᠪ ᠢ ᠲᠣᠬᠢᠷᠠᠭᠤᠯᠣᠭᠠᠳᠣᠢ᠂ ᠡᠶᠢᠮᠦ ᠠᠴᠠ ᠲᠣᠰ ᠵᠢᠯ  ᠳᠤ ᠣᠷᠣᠯᠭ᠎ᠠ ᠵᠠᠷᠣᠯᠭ᠎ᠠ ᠶᠢᠨ ᠲᠤᠭ᠎ᠠ ᠪᠠᠷᠢᠮᠲᠠ ᠭᠠᠷᠤᠭ᠎ᠠ ᠦᠭᠡᠢ᠃     ︵ᠳᠦᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠦᠰᠦᠪ ᠢ ᠬᠦᠢᠴᠡᠳᠬᠡᠭᠰᠡᠨ ᠪᠠᠶᠢᠳᠠᠯ     2016 ᠣᠨ ᠤ 12 ᠰᠠᠷ᠎ᠠ ᠶᠢᠨ 31 ᠤ ᠡᠳᠦᠷ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠦᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠣᠷᠣᠯᠭ᠎ᠠ ᠶᠢ 68,044 ᠲᠦᠮᠡᠨ ᠲᠦᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠲᠠᠢ ᠠᠳᠠᠯᠢᠳᠬᠠᠪᠠᠯ 3,297 ᠲᠦᠮᠡᠨ ᠲᠦᠭᠦᠷᠢᠭ ᠨᠡᠮᠡᠭᠳᠡᠵᠦ᠂ 5% ᠢᠶᠠᠷ ᠨᠡᠮᠡᠭᠳᠡᠪᠡ᠃ ᠭᠤᠣᠯᠳᠠᠭᠤ ᠪᠠᠭᠲᠠᠬᠤ ᠨᠢ᠄ ᠳᠠᠭᠠᠳᠬᠠᠯ ᠤᠨ ᠵᠠᠷᠣᠳᠠᠯ ᠤᠨ ᠣᠷᠣᠯᠭ᠎ᠠ 42,497 ᠲᠦᠮᠡᠨ ᠲᠦᠭᠦᠷᠢᠭ᠂ ᠡᠳ᠋ ᠤᠨ ᠵᠠᠰᠠᠭ ᠤᠨ ᠨᠦᠬᠦᠪᠦᠷᠢ ᠶᠢᠨ ᠣᠷᠣᠯᠭ᠎ᠠ 18,768 ᠲᠦᠮᠡᠨ ᠲᠦᠭᠦᠷᠢᠭ᠂ ᠬᠦᠦ ᠮᠦᠩᠬᠦ ᠶᠢᠨ ᠣᠷᠣᠯᠭ᠎ᠠ 1,976 ᠲᠦᠮᠡᠨ ᠲᠦᠭᠦᠷᠢᠭ ᠪᠣᠯᠣᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦᠨ ᠤ ᠵᠠᠷᠣᠯᠭ᠎ᠠ ᠶᠢ 45,476 ᠲᠦᠮᠡᠨ ᠲᠦᠭᠦᠷᠢᠭ ᠪᠡᠶᠡᠯᠡᠭᠦᠯᠵᠦ᠂ ᠳᠡᠭᠡᠷ᠎ᠡ ᠵᠢᠯ  ᠤᠨ ᠬᠢ ᠲᠠᠢ ᠠᠳᠠᠯᠢᠳᠬᠠᠪᠠᠯ 4,134 ᠲᠦᠮᠡᠨ ᠲᠦᠭᠦᠷᠢᠭ ᠨᠡᠮᠡᠭᠳᠡᠵᠦ᠂ 10% ᠢᠶᠠᠷ ᠨᠡᠮᠡᠭᠳᠡᠪᠡ᠃ ᠣᠷᠣᠯᠭ᠎ᠠ ᠵᠠᠷᠣᠯᠭ᠎ᠠ ᠶᠢ ᠲᠣᠯᠭᠠᠬᠰᠠᠨ ᠤ ᠳᠠᠷᠠᠭ᠎ᠠ᠂ ᠪᠦᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ  ᠶᠢᠨ ᠲᠣᠰ ᠬᠤᠭᠤᠴᠠᠭᠠᠨ ᠤ ᠦᠯᠡᠳᠡᠪᠦᠷᠢ ᠨᠢ 25,134 ᠲᠦᠮᠡᠨ ᠲᠦᠭᠦᠷᠢᠭ ᠪᠣᠯᠣᠨ᠎ᠠ᠃     ᠳᠡᠭᠡᠷ᠎ᠡ ᠲᠣᠭᠠᠴᠢᠭᠰᠠᠨ ᠡᠯ᠎ᠡ ᠵᠦᠢᠯ ᠤᠨ ᠣᠷᠣᠯᠭ᠎ᠠ ᠵᠠᠷᠣᠯᠭ᠎ᠠ ᠶᠢᠨ ᠲᠤᠭ᠎ᠠ ᠪᠠᠷᠢᠮᠲᠠ ᠨᠢ ᠬᠦᠯᠦᠨ ᠪᠣᠶᠢᠷ ᠬᠤᠲᠠ ᠠᠴᠠ ᠦᠪᠡᠷᠲᠡᠭᠡᠨ ᠵᠠᠰᠠᠬᠤ ᠬᠤᠰᠢᠭᠤᠨ ᠤ ᠲᠦᠰᠦᠪ ᠤᠨ ᠬᠦᠢᠴᠡᠳᠬᠡᠯ ᠳᠤ ᠴᠣᠬᠤᠯᠠᠪᠣᠷᠢᠯᠠᠯᠲᠠ ᠬᠢᠭᠰᠡᠨ  ᠤ ᠳᠠᠷᠠᠭ᠎ᠠ ᠪᠠᠰᠠ ᠵᠤᠬᠢᠬᠤ ᠬᠤᠪᠢᠷᠠᠯᠲᠠ ᠭᠠᠷᠬᠤ ᠪᠣᠯᠣᠨ᠎ᠠ᠂ ᠲᠣᠬᠠᠢ ᠶᠢᠨ ᠴᠠᠭ ᠲᠤᠨᠢ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠠᠬᠢᠨᠳᠠ ᠮᠡᠳᠡᠭᠦᠯᠬᠦ ᠪᠣᠯᠣᠨ᠎ᠠ᠃     ︵ᠲᠠᠪᠤ︶ 2016 ᠣᠨ ᠤ ᠭᠤᠣᠯ ᠪᠣᠯᠬᠤ ᠠᠵᠢᠯ ᠤᠨ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ     2016 ᠣᠨ ᠳᠤ᠂ ᠲᠦᠰᠦᠪ ᠤᠨ ᠬᠦᠢᠴᠠᠳᠭᠡᠯᠳᠠ ᠳᠤ ᠬᠦᠴᠢᠷᠳᠡᠯ ᠣᠯᠠᠨ᠂ ᠣᠷᠣᠯᠭ᠎ᠠ ᠵᠠᠷᠣᠯᠭ᠎ᠠ ᠶᠢ ᠲᠡᠩᠴᠡᠭᠦᠷᠢᠰᠢᠭᠦᠯᠭᠦ ᠲᠠᠷᠤᠭᠠᠰᠤ ᠶᠡᠭᠡ ᠪᠠᠶᠢᠳᠠᠯ ᠳᠣᠣᠷ᠎ᠠ᠂ ᠬᠠᠣᠯᠢ ᠶᠣᠰᠣᠭᠠᠷ ᠵᠠᠰᠠᠭ ᠶᠠᠪᠣᠭᠤᠯᠬᠤ ᠬᠠᠣᠯᠢ ᠶᠣᠰᠣᠭᠠᠷ ᠡᠳ᠋ ᠡᠷᠬᠢᠯᠡᠬᠦ ᠶᠢ ᠪᠠᠷᠢᠮᠲᠠᠯᠠᠬᠤ ᠪᠠᠷ ᠳᠠᠮᠵᠢᠭᠤᠯᠣᠨ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠣᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠵᠠᠷᠣᠯᠭ᠎ᠠ ᠶᠢᠨ ᠪᠦᠲᠦᠴᠡ ᠶᠢ ᠲᠣᠬᠢᠷᠠᠭᠤᠯᠵᠣ᠂ ᠡᠳ᠋ ᠤᠨ ᠵᠠᠰᠠᠭ ᠤᠨ ᠪᠡᠯᠡ ᠮᠦᠩᠬᠦ ᠶᠢ ᠨᠢᠭᠡᠳᠦᠯᠲᠡᠢ ᠲᠦᠯᠦᠪᠯᠡᠨ ᠭᠦᠢᠯᠭᠡᠭᠡᠨ ᠳᠤ ᠣᠷᠣᠭᠤᠯᠵᠣ᠂ ᠨᠡᠮᠡᠭᠳᠡᠯ ᠢ ᠲᠣᠭᠲᠠᠪᠣᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠠᠶᠣᠯ ᠲᠦᠭᠰᠢᠭᠦᠷᠢ ᠶᠢ ᠰᠡᠷᠭᠡᠶᠢᠯᠡᠬᠦ ᠪᠠᠷ ᠬᠦᠴᠦᠯᠡᠭᠰᠡᠨ ᠠᠴᠠ ᠪᠦᠬᠦ ᠵᠢᠯ ᠤᠨ ᠲᠦᠰᠦᠪ ᠢ ᠬᠦᠢᠴᠡᠳᠬᠡᠭᠰᠡᠨ ᠪᠠᠶᠢᠳᠠᠯ ᠶᠡᠷᠥᠩᠬᠡᠢ ᠳᠡᠭᠡᠨ ᠵᠢᠱᠢᠭᠰᠡᠨ ᠬᠠᠷᠠᠯᠲᠠ ᠲᠠᠢ ᠨᠡᠶᠢᠴᠡᠪᠡ᠃      1. ᠣᠷᠣᠯᠭ᠎ᠠ ᠪᠠᠨ ᠨᠡᠮᠡᠭᠳᠡᠭᠦᠯᠵᠦ ᠵᠠᠷᠣᠯᠭ᠎ᠠ ᠪᠠᠨ ᠠᠷᠪᠢᠯᠠᠬᠤ ᠶᠢ ᠴᠢᠩᠭ᠎ᠠ ᠠᠳᠬᠤᠵᠣ᠂ ᠪᠡᠯᠡ ᠮᠦᠩᠭᠦ  ᠶᠢᠨ ᠬᠠᠮᠢᠶᠠᠷᠣᠯᠲᠠ ᠶᠢ ᠴᠢᠩᠭᠠᠳᠬᠠᠪᠠ     ᠨᠢᠭᠡ ᠳᠤ ᠠᠵᠢᠯ ᠤᠨ ᠳᠣᠮᠳᠠ ᠪᠠᠨ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠯᠦᠭᠡ ᠵᠣᠬᠢᠴᠠᠯᠳᠣᠨ ᠬᠠᠮᠵᠢᠯᠴᠠᠬᠤ ᠪᠠᠨ ᠴᠢᠩᠭᠠᠳᠬᠠᠵᠣ᠂ ᠬᠠᠮᠲᠣ ᠶᠢᠨ ᠭᠠᠶᠢᠯᠢ ᠶᠢᠨ ᠢᠷᠡᠯᠲᠡ ᠶᠢᠨ ᠪᠠᠶᠢᠴᠠᠭᠠᠯᠲᠠ ᠶᠢ ᠦᠷᠨᠢᠭᠦᠯᠵᠦ᠂ ᠭᠠᠶᠢᠯᠢ ᠶᠢᠨ ᠢᠷᠡᠯᠲᠡ ᠶᠢᠨ ᠵᠠᠳᠠᠯᠣᠯᠲᠠ ᠪᠠ ᠲᠦᠰᠦᠭᠯᠡᠯᠲᠡ ᠶᠢ ᠰᠠᠶᠢᠳᠣᠷ ᠬᠢᠵᠦ᠂ ᠣᠷᠣᠯᠭ᠎ᠠ ᠶᠢᠨ ᠬᠤᠪᠢᠷᠠᠯᠲᠠ  ᠶᠢᠨ ᠪᠠᠶᠢᠳᠠᠯ ᠢ ᠴᠠᠭ ᠲᠣᠬᠠᠢ ᠳᠤᠨᠢ ᠡᠵᠡᠮᠰᠢᠵᠦ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠳᠠᠬᠢ ᠬᠢᠨᠠᠨ ᠡᠵᠡᠮᠰᠢᠯᠲᠠ ᠪᠠᠨ ᠴᠢᠩᠭᠠᠳᠬᠠᠵᠣ᠂ ᠣᠷᠣᠯᠭ᠎ᠠ ᠶᠢᠨ ᠲᠣᠬᠢᠷᠠᠭᠤᠯᠣᠯᠲᠠ ᠶᠢ ᠲᠣᠭᠲᠠᠮᠠᠯ ᠬᠤᠭᠤᠴᠠᠭ᠎ᠠ ᠲᠠᠢ ᠦᠷᠨᠢᠭᠦᠯᠵᠦ᠂ ᠲᠦᠰᠦᠪ ᠤᠨ ᠬᠦᠢᠴᠡᠳᠬᠡᠯᠲᠡ ᠶᠢᠨ ᠵᠠᠳᠠᠯᠣᠯᠲᠠ ᠶᠢ ᠨᠠᠷᠢᠯᠢᠭᠵᠢᠭᠤᠯᠵᠣ᠂ ᠭᠠᠶᠢᠯᠢ ᠶᠢᠨ ᠪᠣᠰᠣ ᠣᠷᠣᠯᠭ᠎ᠠ ᠶᠢᠨ ᠲᠠᠲᠠᠪᠣᠷᠢᠯᠠᠯᠲᠠ ᠬᠠᠮᠢᠶᠠᠷᠣᠯᠲᠠ ᠶᠢ ᠵᠢᠷᠣᠮᠵᠢᠭᠤᠯᠵᠣ᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠬᠤ  ᠪᠠᠷ ᠳᠠᠮᠵᠢᠭᠤᠯᠣᠨ᠂ ᠡᠳ᠋ ᠤᠨ ᠵᠠᠰᠠᠭ ᠤᠨ ᠣᠷᠣᠯᠭ᠎ᠠ ᠶᠢ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠬᠦᠮᠦᠷᠭᠡᠯᠡᠬᠦ ᠪᠠᠷ ᠴᠢᠷᠮᠠᠶᠢᠪᠠ᠃ ᠬᠤᠶᠠᠷ ᠲᠤ  ᠵᠠᠷᠣᠯᠭ᠎ᠠ ᠶᠢᠨ ᠲᠠᠯ᠎ᠠ ᠪᠠᠷ᠂ ᠢᠳᠡᠪᠬᠢᠲᠡᠢ ᠯᠠᠪᠳᠠᠭᠤᠨ᠂ ᠨᠢᠭᠡᠳᠦᠯᠲᠡᠢ ᠲᠦᠯᠦᠪᠯᠡᠨ ᠨᠡᠶᠢᠲᠡ ᠳᠤᠨᠢ ᠬᠠᠷᠠᠭᠠᠯᠵᠠᠬᠤ ᠵᠠᠷᠴᠢᠮ ᠢᠶᠠᠷ᠂ ᠭᠤᠣᠯᠳᠠᠯᠭ᠎ᠠ ᠶᠢ ᠪᠠᠲᠣᠯᠠᠵᠣ᠂ ᠪᠠᠴᠢᠮ ᠬᠦᠢᠴᠡᠳᠬᠡᠬᠦ ᠴᠢᠬᠤᠯᠠ ᠲᠠᠢ ᠶᠢ ᠨᠢ ᠭᠦᠢᠴᠡᠳᠬᠡᠵᠦ ᠬᠤᠶᠢᠰᠢᠯᠠᠭᠤᠯᠵᠣ ᠪᠣᠯᠬᠤ ᠶᠢ ᠨᠢ ᠬᠤᠶᠢᠰᠢᠯᠠᠭᠤᠯᠵᠣ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠬᠤᠪᠢ ᠪᠡᠶ᠎ᠡ ᠶᠢᠨ ᠠᠰᠢᠭ ᠲᠣᠰᠠ ᠳᠤ ᠬᠤᠯᠪᠣᠭᠳᠠᠬᠤ ᠴᠠᠯᠢᠩ ᠵᠢᠴᠢ ᠨᠦᠬᠦᠪᠦᠷᠢ ᠶᠢ ᠲᠠᠷᠬᠠᠭᠠᠬᠤ ᠶᠢ ᠣᠷᠢᠳᠠᠪᠡᠷ ᠲᠣᠬᠢᠷᠠᠭᠤᠯᠪᠠ᠃ ᠭᠤᠷᠪᠠ ᠳᠤ ᠲᠦᠰᠦᠪ ᠨᠠᠶᠢᠷᠠᠭᠤᠯᠬᠤ ᠳᠡᠰ ᠳᠠᠷᠠᠭᠠᠯᠠᠯ ᠢ ᠴᠢᠩᠳᠠᠯᠠᠬᠤ᠂ ᠲᠦᠰᠦᠪ ᠤᠨ ᠬᠠᠮᠢᠶᠠᠷᠣᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠣᠨ᠂ ᠬᠤᠷᠠᠯ ᠤᠨ ᠵᠠᠷᠣᠳᠠᠯ᠂ ᠵᠣᠴᠢᠯᠠᠬᠤ ᠵᠠᠷᠣᠳᠠᠯ᠂ ᠳᠡᠷᠭᠡ ᠬᠦᠰᠬᠡ ᠬᠤᠳᠠᠯᠳᠣᠨ ᠠᠪᠬᠤ ᠵᠡᠷᠭᠡ ᠡᠩ ᠤᠨ ᠴᠢᠨᠠᠷᠲᠠᠢ ᠵᠠᠷᠣᠯᠭ᠎ᠠ ᠶᠢᠨ ᠨᠡᠮᠡᠭᠳᠡᠬᠦ ᠶᠢ ᠴᠢᠩᠭ᠎ᠠ ᠬᠢᠵᠠᠭᠠᠷᠯᠠᠵᠣ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠪᠡ᠃ ᠳᠦᠷᠪᠡ ᠳᠤ ᠲᠦᠰᠦᠪ ᠪᠠ ᠲᠦᠰᠦᠪ ᠤᠨ ᠬᠦᠢᠴᠡᠳᠬᠡᠯ ᠢ ᠢᠯᠡ ᠪᠠᠶᠢᠯᠭᠠᠬᠤ  ᠶᠢ ᠬᠦᠴᠦᠲᠡᠢ ᠲᠦᠯᠬᠢᠨ ᠠᠬᠢᠭᠤᠯᠵᠣ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠣᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠨᠡᠶᠢᠭᠡᠮ ᠤᠨ ᠡᠯ᠎ᠡ ᠡᠳᠡᠬᠡᠳ ᠤᠨ ᠬᠢᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ  ᠪᠠᠨ ᠬᠦᠯᠢᠶᠡᠵᠦ᠂ ᠪᠡᠯᠡ ᠮᠦᠩᠬᠦ ᠶᠢᠨ ᠬᠢᠨᠠᠯᠲᠠ ᠬᠠᠮᠢᠶᠠᠷᠣᠯᠲᠠ ᠶᠢ ᠰᠠᠶᠢᠳᠣᠷ ᠬᠢᠪᠡ᠃ ᠲᠠᠪᠤ ᠳᠤ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠮᠦᠩᠬᠦ ᠶᠢᠨ ᠬᠠᠮᠢᠶᠠᠷᠣᠯᠲᠠ ᠶᠢ ᠴᠢᠩᠭᠠᠳᠬᠠᠵᠣ᠂ ᠣᠷᠣᠨ ᠨᠣᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠮᠦᠩᠬᠦ ᠶᠢ ᠰᠠᠶᠢᠳᠣᠷ ᠬᠠᠮᠢᠶᠠᠷᠴᠣ ᠰᠠᠶᠢᠳᠣᠷ ᠬᠡᠷᠡᠭᠯᠡᠬᠦ ᠶᠢ ᠴᠢᠷᠮᠠᠶᠢᠨ ᠪᠡᠶᠡᠯᠡᠭᠦᠯᠪᠡ᠃ ᠮᠠᠨ ᠤ ᠬᠤᠰᠢᠭᠤᠨ ᠤ 2016 ᠣᠨ ᠤ ᠡᠬᠢ ᠳᠤ ᠣᠷᠣᠨ ᠨᠣᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠮᠦᠩᠬᠦ ᠶᠢᠨ ᠰᠢᠰᠲ᠋ᠧᠮ ᠤᠨ ᠲᠤᠭ᠎ᠠ ᠪᠠᠷᠢᠮᠵᠢᠶ᠎ᠠ ᠳᠤ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ  ᠶᠢᠨ ᠮᠦᠩᠬᠦᠨ ᠤ ᠦᠯᠡᠳᠡᠪᠦᠷᠢ ᠨᠢ 122,824 ᠲᠦᠮᠡᠨ ᠲᠦᠭᠦᠷᠢᠭ ᠪᠠᠶᠢᠵᠣ᠂ 2016 ᠣᠨ ᠳᠤ ᠣᠷᠣᠨ ᠨᠣᠲᠤᠭ ᠤᠨ ᠵᠢᠭᠡᠯᠡᠯᠭᠡ ᠶᠢᠨ ᠲᠡᠮᠳᠡᠭᠲᠦ ᠰᠣᠯᠢᠬᠤ ᠶᠢ ᠭᠤᠶᠣᠴᠢᠯᠠᠬᠤ ᠵᠢᠴᠢ ᠰᠠᠯᠠᠭ᠎ᠠ ᠮᠦᠴᠢᠷ ᠠᠴᠠ ᠲᠦᠯᠦᠬᠦ ᠵᠡᠷᠭᠡ ᠬᠡᠯᠪᠡᠷᠢ ᠪᠠᠷ ᠳᠠᠮᠵᠢᠨ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢ 56,755 ᠲᠦᠮᠡᠨ ᠲᠦᠭᠦᠷᠢᠭ ᠰᠢᠢᠳᠪᠦᠷᠢᠯᠡᠵᠦ᠂ ᠵᠢᠯ ᠤᠨ ᠰᠡᠭᠦᠯ ᠳᠤ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠦᠯᠡᠳᠡᠪᠦᠷᠢ ᠨᠢ 138,102 ᠲᠦᠮᠡᠨ ᠲᠦᠭᠦᠷᠢᠭ  ︵2016 ᠣᠨ ᠤ ᠰᠣᠯᠢᠬᠤ ᠵᠢᠭᠡᠯᠡᠯᠭᠡ ᠶᠢᠨ ᠳᠡᠮᠳᠡᠭᠲᠦ ᠵᠢᠴᠢ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠠᠴᠠ ᠪᠣᠯᠵᠣ ᠪᠣᠢ ᠪᠣᠯᠣᠭᠰᠠᠨ 72,033 ᠲᠦᠮᠡᠨ ᠲᠦᠭᠦᠷᠢᠭ ᠤᠨ ᠵᠢᠭᠡᠯᠡᠯᠭᠡ ᠶᠢᠨ ᠮᠦᠩᠬᠦ ᠶᠢ ᠪᠠᠭᠲᠠᠭᠠᠨ᠎ᠠ︶     2. ᠬᠦᠳᠡᠭᠡ ᠲᠣᠰᠬᠤᠨ ᠮᠠᠯᠵᠢᠬᠤ ᠣᠷᠣᠨ ᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠬᠦᠳᠡᠭᠡ ᠲᠣᠰᠬᠤᠨ ᠮᠠᠯᠵᠢᠬᠤ ᠣᠷᠣᠨ ᠤ ᠪᠦᠲᠦᠭᠡᠨ ᠪᠠᠶᠢᠭᠤᠯᠣᠯᠲᠠ ᠶᠢ ᠠᠬᠢᠭᠤᠯᠪᠠ     ᠨᠢᠭᠡ ᠳᠤ ᠣᠳᠣ ᠦᠶ᠎ᠡ ᠶᠢᠨ ᠮᠢᠬᠠᠨ ᠤ ᠬᠤᠨᠢ ᠶᠢᠨ ᠲᠦᠷᠦᠯ ᠵᠦᠢᠯ ᠢ ᠦᠷᠭᠦᠯᠵᠢᠯᠡᠨ ᠨᠠᠶᠢᠳᠠᠪᠣᠷᠢᠵᠢᠭᠤᠯᠪᠠ᠃ 2016 ᠣᠨ ᠳᠤ᠂ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠠᠴᠠ ᠳᠠᠮᠵᠢᠵᠣ ᠪᠠᠶᠢᠭ᠎ᠠ ᠣᠳᠣ ᠦᠶ᠎ᠡ  ᠶᠢᠨ ᠮᠢᠬᠠᠨ ᠤ ᠬᠤᠨᠢ ᠶᠢᠨ ᠦᠢᠯᠡᠳᠪᠦᠷᠢᠯᠡᠯ ᠤᠨ ᠬᠦᠭᠵᠢᠯᠲᠡ ᠶᠢᠨ ᠪᠡᠯᠡ ᠮᠦᠩᠬᠦ ᠶᠢᠨ ᠲᠦᠷᠦᠯ ᠵᠦᠢᠯ ᠢ ᠨᠡᠶᠢᠲᠡ 1,182 ᠲᠦᠮᠡᠨ ᠲᠦᠭᠦᠷᠢᠭ ᠪᠡᠶᠡᠯᠡᠭᠦᠯᠵᠦ᠂ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 3 ᠪᠠᠶᠢᠭᠤᠯᠵᠣ᠂ ᠪᠠᠷᠢᠮᠵᠢᠶᠠᠵᠢᠭᠰᠠᠨ ᠬᠤᠨᠢᠨ ᠤ ᠬᠠᠰᠢᠶ᠎ᠠ ᠶᠢ 10000 ᠲᠡᠭᠰᠢ ᠳᠦᠷᠪᠡᠯᠵᠢᠨ ᠮᠧᠲᠷ᠂ ᠬᠦᠳᠡᠯᠭᠡᠭᠡᠨ ᠤ ᠲᠠᠯᠠᠪᠠᠢ ᠶᠢ 20000 ᠲᠡᠭᠰᠢ ᠳᠦᠷᠪᠡᠯᠵᠢᠨ ᠮᠧᠲᠷ ᠰᠢᠨ᠎ᠡ ᠪᠠᠷ ᠪᠠᠶᠢᠭᠤᠯᠪᠠ︔ ᠡᠪᠡᠰᠦ ᠨᠦᠬᠡᠴᠡᠯᠡᠬᠦ ᠬᠦᠮᠦᠷᠭᠡ ᠶᠢ 2800 ᠳᠡᠭᠰᠢ ᠳᠦᠷᠪᠡᠯᠵᠢᠨ ᠮᠧᠲᠷ ᠪᠠᠶᠢᠭᠤᠯᠵᠣ᠂ ᠡᠪᠡᠰᠦ ᠨᠦᠬᠡᠴᠡᠯᠡᠬᠦ ᠬᠦᠮᠦᠷᠭᠡ  ᠶᠢᠨ ᠭᠠᠯ ᠰᠡᠷᠭᠡᠶᠢᠯᠡᠬᠦ ᠮᠠᠰᠢᠨ ᠴᠠᠬᠢᠯᠭᠠᠨ ᠤ ᠬᠤᠳᠳᠤᠭ ᠵᠢᠴᠢ ᠪᠡᠯᠡᠳᠬᠡᠮᠵᠢ ᠶᠢ 4 ᠶᠢ ᠢᠵᠢ ᠪᠦᠷᠢᠳᠦᠭᠦᠯᠪᠡ︔ ᠮᠠᠯ ᠡᠮᠨᠡᠬᠦ ᠭᠡᠷ ᠢ 3 ᠰᠠᠭᠤᠷᠢ ᠪᠠᠶᠢᠭᠤᠯᠵᠣ᠂ ᠲᠡᠵᠢᠭᠡᠯ ᠪᠣᠷᠳᠤᠭ᠎ᠠ ᠪᠣᠯᠪᠠᠰᠣᠷᠠᠭᠤᠯᠬᠤ ᠪᠡᠯᠡᠳᠬᠡᠮᠵᠢ ᠶᠢ 3 ᠰᠠᠣᠷᠢ ᠬᠤᠳᠠᠯᠳᠣᠨ ᠠᠪᠴᠣ᠂ ᠮᠢᠬᠠᠨ ᠤ ᠬᠤᠨᠢ ᠶᠢᠨ ᠮᠦᠷᠳᠡᠬᠦ ᠰᠢᠰᠲ᠋ᠧᠮ ᠢ 1 ᠢᠵᠢ᠂ ᠡᠮᠲᠦ ᠣᠬᠢᠶᠠᠯ ᠤᠨ ᠣᠩᠭᠤᠴᠠ ᠲᠠᠲᠠᠭᠠᠯ ᠢ 2 ᠰᠠᠣᠷᠢ ᠬᠤᠳᠠᠯᠳᠣᠨ ᠠᠪᠣᠪᠠ︔ ᠮᠢᠬᠠᠨ ᠬᠤᠨᠢ ᠶᠢᠨ ᠬᠦᠪᠦᠷᠠᠯ ᠢ ᠬᠤᠳᠠᠯᠳᠣᠨ ᠠᠪᠣᠭᠰᠠᠨ ᠵᠢᠴᠢ ᠬᠦᠪᠦᠷᠡᠯ ᠰᠢᠯᠵᠢᠭᠦᠯᠦᠭᠰᠡᠨ ᠨᠢ 5000 ᠪᠣᠯᠵᠣ᠂ ᠮᠢᠬᠠᠨ ᠤ ᠬᠤᠨᠢ ᠶᠢ ᠲᠡᠵᠢᠬᠡᠨ ᠲᠠᠷᠭᠤᠯᠠᠭᠤᠯᠣᠭᠰᠠᠨ ᠲᠠᠸᠠᠷ ᠤᠨ ᠬᠤᠷᠠᠭ᠎ᠠ ᠨᠢ 4.2 ᠲᠦᠮᠡᠨ ᠲᠣᠯᠣᠭᠠᠢ ᠳᠤ ᠬᠦᠷᠴᠦ᠂ ᠡᠸ᠋ᠨᠩᠬᠢ ᠬᠤᠰᠢᠭᠤᠨ ᠤ ᠣᠳᠣ ᠦᠶ᠎ᠡ ᠶᠢᠨ ᠮᠢᠬᠠᠨ ᠤ ᠬᠤᠨᠢ ᠶᠢᠨ ᠠᠵᠣ ᠦᠢᠯᠡᠰ ᠤᠨ ᠦᠳᠲᠦᠷ ᠲᠦᠷᠬᠡᠨ ᠬᠦᠭᠵᠢᠬᠦ ᠶᠢ ᠪᠦᠲᠦᠮᠵᠢᠲᠡᠢ ᠠᠬᠢᠭᠤᠯᠪᠠ᠃ ᠬᠤᠶᠠᠷ ᠲᠤ ᠲᠠᠷᠢᠶᠠᠯᠠᠬᠤ ᠮᠠᠯᠵᠢᠬᠤ ᠣᠷᠣᠨ ᠢ ᠬᠠᠷᠠᠭᠠᠯᠵᠠᠬᠤ ᠨᠦᠬᠦᠪᠦᠷᠢ ᠶᠢ ᠴᠠᠭ ᠲᠣᠬᠠᠢ ᠳᠤᠨᠢ ᠬᠦᠢᠴᠡᠳ ᠲᠤᠭ᠎ᠠ ᠪᠠᠷ ᠨᠢ ᠲᠠᠷᠬᠠᠭᠠᠵᠣ᠂ 2016 ᠣᠨ ᠳᠤ᠂ ᠡᠸ᠋ᠨᠩᠬᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠨᠢᠭᠡ ᠺᠠᠷᠲ  ᠢᠶᠠᠷ ᠥᠭᠬᠦ︾ ᠠᠷᠭ᠎ᠠ ᠬᠡᠯᠪᠡᠷᠢ ᠪᠠᠷ ᠡᠯ᠎ᠡ ᠲᠦᠷᠦᠯ ᠤᠨ ᠲᠠᠷᠢᠶᠠᠯᠠᠬᠤ ᠮᠠᠯᠵᠢᠬᠤ ᠣᠷᠣᠨ ᠢ ᠬᠠᠷᠠᠭᠠᠯᠵᠠᠬᠤ ᠨᠦᠬᠦᠪᠦᠷᠢ ᠶᠢᠨ ᠪᠡᠯᠡ ᠮᠦᠩᠬᠦ ᠶᠢ 11,936 ᠲᠦᠮᠡᠨ ᠲᠦᠭᠦᠷᠢᠭ ᠲᠠᠷᠬᠠᠭᠠᠵᠣ᠂ ᠨᠦᠬᠦᠪᠦᠷᠢ ᠶᠢᠨ ᠪᠡᠯᠡ ᠮᠦᠩᠬᠦ  ᠨᠢ 13 ᠰᠠᠯᠠᠭ᠎ᠠ ᠮᠦᠴᠢᠷ ᠤᠨ 14 ᠲᠦᠷᠦᠯ ᠤᠨ 60 ᠵᠦᠢᠯ ᠳᠤ ᠬᠤᠯᠪᠣᠭᠳᠠᠵᠣ᠂ ᠠᠰᠢᠭ ᠬᠦᠷᠲᠡᠭᠰᠡᠨ ᠬᠤᠲᠠ ᠬᠦᠳᠡᠭᠡ ᠶᠢᠨ ᠰᠠᠭᠤᠭᠠᠯᠢ ᠠᠷᠠᠳ ᠨᠢ 12.78 ᠲᠦᠮᠡᠨ ᠬᠦᠮᠦᠨ ᠣᠳᠠᠭ᠎ᠠ ᠪᠣᠯᠪᠠ᠃ ᠭᠤᠷᠪᠠ ᠳᠤ ᠲᠠᠷᠢᠶᠠᠯᠠᠩ  ᠤᠨ ᠶᠡᠷᠥᠩᠬᠡᠶᠢᠯᠡᠨ ᠨᠡᠬᠡᠬᠡᠨ ᠠᠰᠢᠬᠯᠠᠬᠤ ᠲᠦᠷᠦᠯ ᠵᠦᠢᠯ ᠤᠨ ᠨᠠᠶᠢᠳᠠᠪᠣᠷᠢᠵᠢᠭᠳᠠᠬᠤ ᠶᠢ ᠲᠦᠯᠬᠢᠨ ᠠᠬᠢᠭᠤᠯᠪᠠ᠂ 2016 ᠣᠨ ᠤ ᠲᠠᠷᠢᠶᠠᠯᠠᠩ ᠤᠨ ᠶᠡᠷᠥᠩᠬᠡᠶᠢᠯᠡᠨ ᠨᠡᠬᠡᠬᠡᠨ ᠠᠰᠢᠭᠯᠠᠬᠤ ᠲᠦᠷᠦᠯ ᠵᠦᠢᠯ ᠤᠨ ᠶᠡᠷᠥᠩᠬᠡᠢ ᠪᠡᠯᠡ ᠣᠷᠣᠭᠤᠯᠣᠯᠲᠠ ᠨᠢ 1,070 ᠲᠦᠮᠡᠨ ᠲᠦᠭᠦᠷᠢᠭ ᠪᠠᠶᠢᠵᠣ᠂ ᠲᠠᠷᠢᠮᠠᠯ ᠲᠡᠵᠢᠭᠡᠯ ᠡᠪᠡᠰᠦᠨ ᠤ ᠲᠠᠯᠠᠪᠠᠢ ᠶᠢ 0.25 ᠲᠦᠮᠡᠨ ᠮᠣ᠋᠂ ᠨᠣᠲᠤᠭ ᠪᠡᠯᠴᠢᠭᠡᠷ ᠢ ᠰᠠᠶᠢᠵᠢᠷᠠᠭᠤᠯᠣᠭᠰᠠᠨ ᠨᠢ 1 ᠲᠦᠮᠡᠨ ᠮᠤ᠋᠂ ᠪᠠᠷᠢᠮᠵᠢᠶᠠᠵᠢᠭᠰᠠᠨ ᠫᠧᠩ ᠰᠠᠷᠠᠪᠴᠢ ᠶᠢ 3000 ᠲᠡᠭᠰᠢ ᠳᠦᠷᠪᠡᠯᠵᠢᠨ ᠮᠧᠲᠷ ᠰᠢᠨ᠎ᠡ ᠪᠠᠷ ᠪᠠᠶᠢᠭᠤᠯᠵᠣ᠂ ᠨᠣᠲᠤᠭ ᠪᠡᠯᠴᠢᠭᠡᠷ ᠤᠨ ᠪᠦᠲᠦᠭᠡᠨ ᠪᠠᠶᠢᠭᠤᠯᠣᠯᠲᠠ ᠬᠢᠬᠡᠳ ᠠᠵᠣ ᠦᠢᠯᠡᠰᠵᠢᠭᠦᠯᠦᠨ ᠡᠵᠡᠩᠨᠡᠬᠦ ᠲᠦᠷᠦᠯ ᠵᠦᠢᠯ ᠢ ᠵᠡᠷᠭᠡᠪᠡᠷ ᠬᠦᠭᠵᠢᠬᠦᠯᠵᠦ᠂ ᠲᠦᠷᠦᠯ ᠵᠦᠢᠯ ᠤᠨ ᠲᠣᠭᠤᠷᠢᠭ ᠤᠨ ᠨᠣᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠪᠠ ᠮᠠᠯᠴᠢᠳ ᠤᠨ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠨᠡᠯᠢᠶᠡᠳ ᠰᠠᠶᠢᠵᠢᠷᠠᠯᠲᠠ ᠲᠠᠢ ᠪᠣᠯᠭᠠᠪᠠ᠃ ᠳᠦᠷᠪᠡ ᠳᠤ ᠬᠦᠳᠡᠭᠡ ᠲᠣᠰᠬᠤᠨ ᠮᠠᠯᠵᠢᠬᠤ ᠣᠷᠣᠨ ᠤ ︽ᠨᠢᠭᠡ ᠬᠡᠷᠡᠭ ᠢ ᠨᠢᠭᠡ ᠵᠦᠪᠯᠡᠬᠦ︾ ᠡᠳ᠋ ᠤᠨ ᠵᠠᠰᠠᠭ ᠤᠨ ᠱᠠᠩᠨᠠᠵᠣ ᠨᠦᠬᠦᠪᠦᠷᠢᠯᠡᠬᠦ ᠠᠵᠢᠯ ᠢ ᠰᠠᠶᠢᠳᠣᠷ ᠬᠢᠪᠡ᠃ 2016 ᠣᠨ ᠳᠤ ᠭᠠᠴᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠣᠯᠲᠠ ᠶᠢᠨ ᠨᠢᠭᠡ ᠬᠡᠷᠡᠭ ᠢ ᠨᠢᠬᠡ ᠵᠦᠪᠯᠡᠬᠦ ᠡᠳ᠋ ᠤᠨ ᠵᠠᠰᠠᠭ ᠤᠨ ᠱᠠᠩᠨᠠᠵᠣ ᠨᠦᠬᠦᠪᠦᠷᠢᠯᠡᠬᠦ ᠲᠦᠷᠦᠯ ᠵᠦᠢᠯ ᠤᠨ ᠶᠡᠷᠥᠩᠬᠡᠢ ᠪᠡᠯᠡ ᠣᠷᠣᠭᠤᠯᠣᠯᠲᠠ ᠨᠢ 695 ᠲᠦᠮᠡᠨ ᠲᠦᠭᠦᠷᠢᠭ ᠪᠠᠶᠢᠵᠣ᠂ ᠲᠦᠷᠦᠯ ᠵᠦᠢᠯ ᠨᠢ 6 ᠰᠣᠮᠣ ᠰᠢᠶᠠᠩ ᠪᠠᠯᠭᠠᠰᠣ ᠳᠤ ᠬᠤᠯᠪᠣᠭᠳᠠᠵᠣ᠂ 15 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠬᠠᠮᠣᠷᠠᠪᠠ᠃ ᠵᠠᠮ ᠬᠠᠲᠠᠭᠤᠷᠠᠭᠤᠯᠬᠤ ᠲᠦᠷᠦᠯ ᠵᠦᠢᠯ᠂ ᠲᠣᠰᠬᠤᠨ ᠤ ᠥᠩᠭᠡ ᠳᠦᠷᠰᠦ ᠶᠢ ᠵᠠᠰᠠᠨ ᠰᠢᠨᠡᠳᠬᠡᠬᠦ ᠲᠦᠷᠦᠯ ᠵᠦᠢᠯ᠂ ᠦᠢᠯᠡᠳᠪᠦᠷᠢᠯᠡᠯ ᠠᠮᠢᠳᠣᠷᠠᠯ ᠤᠨ ᠪᠡᠯᠡᠳᠬᠡᠮᠵᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠵᠢᠴᠢ ᠪᠣᠰᠣᠳ ᠨᠡᠶᠢᠲᠡ ᠶᠢᠨ ᠠᠰᠠᠷᠠᠮᠵᠢ ᠶᠢᠨ ᠪᠡᠯᠡᠳᠬᠡᠮᠵᠢ ᠲᠦᠭᠦᠭᠡᠷᠦᠮᠵᠢ  ᠶᠢᠨ ᠪᠦᠲᠦᠭᠡᠨ ᠪᠠᠶᠢᠭᠤᠯᠣᠯᠲᠠ ᠵᠡᠷᠭᠡ ᠨᠡᠶᠢᠲᠡ 17 ᠵᠦᠢᠯ ᠢ ᠪᠠᠭᠲᠠᠭᠠᠪᠠ᠃     3. ᠠᠷᠠᠳ ᠤᠨ ᠠᠮᠢᠳᠣᠷᠠᠯ ᠢ ᠪᠠᠲᠣᠯᠠᠬᠤ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠣ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠠᠬᠢᠭᠤᠯᠪᠠ     ᠨᠢᠭᠡ ᠳᠤ ᠪᠠᠲᠣᠯᠠᠪᠣᠷᠢ ᠶᠢᠨ ᠪᠠᠶᠢᠭᠤᠯᠣᠯ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠦ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠪᠠ᠃ 2016 ᠣᠨ ᠳᠤ ᠪᠦᠬᠦ ᠬᠤᠰᠢᠭᠤᠨ ᠤ ᠡᠳ᠋ ᠤᠨ ᠵᠠᠰᠠᠭ ᠤᠨ ᠵᠠᠷᠣᠯᠭ᠎ᠠ ᠶᠢᠨ ᠲᠦᠰᠦᠪ ᠤᠨ ᠲᠣᠬᠢᠷᠠᠭᠤᠯᠣᠯᠲᠠ ᠪᠠᠨ ᠠᠷᠠᠳ ᠤᠨ ᠠᠮᠢᠳᠣᠷᠠᠯ ᠢ ᠬᠠᠷᠠᠭᠠᠯᠵᠠᠬᠤ ᠲᠠᠰᠢ ᠢᠯᠡᠭᠦᠭᠡᠨ ᠭᠡᠯᠪᠡᠶᠢᠯᠭᠡᠵᠦ᠂ ᠨᠡᠶᠢᠭᠡᠮ ᠤᠨ ᠪᠠᠲᠣᠯᠠᠪᠣᠷᠢ᠂ ᠡᠷᠡᠭᠦᠯ ᠮᠡᠨᠳᠦ᠂ ᠰᠣᠷᠭᠠᠨ ᠬᠦᠮᠦᠵᠢᠯ᠂ ᠣᠰᠣᠨ ᠠᠰᠢᠭᠯᠠᠯᠲᠠ᠂ ᠠᠮᠣᠭᠤᠯᠠᠩ ᠣᠷᠣᠨ ᠰᠠᠭᠤᠴᠠ᠂ ᠲᠠᠷᠢᠶᠠᠯᠠᠩ ᠤᠨ ᠨᠦᠬᠦᠪᠦᠷᠢ᠂ ᠠᠮᠢ ᠠᠬᠤᠢ᠂ ᠰᠣᠶᠣᠯ᠂ ᠶᠠᠳᠠᠭᠤ ᠶᠢ ᠲᠡᠳᠬᠦᠬᠦ᠂ ᠵᠠᠮ ᠬᠠᠷᠢᠯᠴᠠᠭ᠎ᠠ ᠵᠡᠷᠭᠡ ᠶᠢ ᠪᠠᠭᠲᠠᠭᠠᠭᠰᠠᠨ ᠲᠦᠷᠦᠯ ᠵᠦᠢᠯ ᠢ ᠳᠡᠮᠵᠢᠬᠦ ᠳᠤ ᠬᠡᠷᠡᠭᠯᠡᠪᠡ᠃ ᠪᠦᠬᠦ ᠬᠤᠰᠢᠭᠤ ᠠᠷᠠᠳ  ᠤᠨ ᠠᠮᠢᠳᠣᠷᠠᠯ ᠤᠨ ᠵᠠᠷᠣᠯᠭ᠎ᠠ ᠶᠢ 189,246 ᠲᠦᠮᠡᠨ ᠲᠦᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ  ᠶᠢᠨ ᠲᠦᠰᠦᠪ ᠤᠨ ᠵᠠᠷᠣᠯᠭ᠎ᠠ ᠶᠢᠨ ᠬᠤᠪᠢ ᠶᠢᠨ ᠵᠢᠩ ᠤᠨ 88% ᠢ ᠡᠵᠡᠯᠡᠪᠡ︔ ᠬᠤᠶᠠᠷ ᠲᠤ ᠶᠠᠳᠠᠭᠤ ᠶᠢ ᠲᠡᠳᠬᠦᠬᠦ ᠪᠠᠬᠢᠯᠡᠯᠲᠡ ᠰᠢᠪᠲᠣᠯᠬᠤ ᠳᠠᠶᠢᠯᠠᠯᠳᠣᠭᠠᠨ ᠢ ᠰᠠᠶᠢᠳᠣᠷ ᠬᠢᠬᠦ ᠶᠢ ᠳᠡᠮᠵᠢᠪᠡ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠣᠷᠣᠭᠤᠯᠣᠯᠲᠠ ᠶᠢ ᠠᠯᠬᠤᠮ ᠴᠢᠨᠠᠭᠰᠢᠲᠠ ᠨᠡᠮᠡᠭᠳᠡᠭᠦᠯᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠶᠢ ᠨᠢᠭᠡᠳᠦᠯᠲᠡᠢ ᠲᠦᠯᠦᠪᠯᠡᠨ ᠨᠠᠶᠢᠳᠭᠡᠬᠦ ᠬᠦᠴᠦᠯᠡᠴᠡ ᠪᠠᠨ ᠴᠢᠩᠭᠠᠷᠠᠭᠤᠯᠵᠣ᠂ ᠨᠡᠶᠢᠲᠡ 3,723 ᠲᠦᠮᠡᠨ ᠲᠦᠭᠦᠷᠢᠭ ᠡᠳ᠋ ᠤᠨ ᠵᠠᠰᠠᠭ ᠤᠨ ᠪᠡᠯᠡ ᠮᠦᠩᠬᠦ ᠣᠷᠣᠭᠤᠯᠪᠠ᠃ ᠭᠤᠷᠪᠠ ᠳᠤ ᠪᠠᠭᠤᠷᠠᠶᠢᠴᠣᠣᠯ ᠢ ᠠᠩᠬᠠᠷᠣᠨ ᠬᠠᠯᠠᠮᠵᠢᠯᠠᠪᠠ᠃ 2016 ᠣᠨ ᠳᠤ ᠨᠣᠷᠠᠬᠤ ᠠᠶᠣᠯᠲᠠᠢ ᠭᠡᠷ ᠪᠠᠶᠢᠰᠢᠩ ᠤᠨ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠭᠦ ᠶᠢ 10,322 ᠲᠦᠮᠡᠨ ᠲᠦᠭᠦᠷᠢᠭ ᠲᠣᠬᠢᠷᠠᠭᠤᠯᠵᠣ᠂ ᠣᠯᠠᠨ ᠨᠡᠶᠢᠲᠡ ᠶᠢᠨ ᠳᠦᠷᠢᠶᠡᠰᠦᠨ ᠭᠡᠷ ᠪᠠᠶᠢᠰᠢᠩ  ᠤᠨ ᠨᠦᠬᠦᠪᠦᠷᠢ ᠶᠢ 144 ᠲᠦᠮᠡᠨ ᠲᠦᠭᠦᠷᠢᠭ ᠣᠷᠣᠭᠤᠯᠵᠣ᠂ ᠬᠤᠲᠠ ᠪᠠᠯᠭᠠᠰᠣ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ ᠲᠠᠢ ᠣᠷᠣᠨ ᠰᠠᠭᠤᠴᠠ ᠶᠢᠨ ᠨᠦᠬᠦᠴᠡᠯ ᠪᠠᠷᠣᠭᠲᠠᠢ ᠭᠡᠷ ᠪᠦᠯᠢ ᠶᠢᠨ ᠣᠷᠣᠰᠢᠨ ᠰᠠᠭᠤᠷᠢᠰᠢᠬᠤ ᠨᠦᠬᠦᠴᠡᠯ ᠢ ᠰᠠᠶᠢᠵᠢᠷᠠᠭᠤᠯᠪᠠ᠃ ᠳᠦᠷᠪᠡ ᠳᠤ ᠨᠡᠶᠢᠭᠡᠮ ᠤᠨ ᠪᠠᠲᠣᠯᠠᠪᠣᠷᠢ ᠶᠢᠨ ᠵᠠᠷᠣᠯᠭ᠎ᠠ ᠶᠢ ᠨᠡᠮᠡᠭᠳᠡᠭᠦᠯᠪᠡ᠂ ᠪᠦᠬᠦ ᠬᠤᠰᠢᠭᠤ ᠶᠢᠨ ᠨᠡᠶᠢᠭᠡᠮ ᠤᠨ ᠪᠠᠲᠣᠯᠠᠪᠣᠷᠢ ᠪᠠ ᠠᠵᠢᠯ ᠣᠯᠭᠤᠯᠲᠠ ᠶᠢᠨ ᠵᠠᠷᠣᠯᠭ᠎ᠠ ᠨᠢ 52,151 ᠲᠦᠮᠡᠨ ᠲᠦᠭᠦᠷᠢᠭ ᠪᠠᠶᠢᠵᠣ᠂ ᠡᠭᠦᠨ ᠳᠤ᠄ ᠬᠤᠲᠠ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ  ᠶᠢᠨ ᠵᠠᠷᠣᠯᠭ᠎ᠠ ᠨᠢ 3,928 ᠲᠦᠮᠡᠨ ᠲᠦᠭᠦᠷᠢᠭ᠂ ᠮᠠᠯᠵᠢᠬᠤ ᠣᠷᠣᠨ ᠤ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ ᠶᠢᠨ ᠵᠠᠷᠣᠯᠭ᠎ᠠ ᠨᠢ 1,137 ᠲᠦᠮᠡᠨ ᠲᠦᠭᠦᠷᠢᠭ᠂ ᠠᠵᠢᠯ ᠤᠯᠭᠤᠯᠳᠠ ᠪᠠ ᠳᠠᠬᠢᠨ ᠠᠵᠢᠯ ᠣᠯᠭᠤᠯᠲᠠ ᠶᠢᠨ ᠵᠠᠷᠣᠯᠭ᠎ᠠ ᠨᠢ 1,683 ᠲᠦᠮᠡᠨ ᠲᠦᠭᠦᠷᠢᠭ ᠪᠣᠯᠣᠨ᠎ᠠ᠃      4. ᠪᠡᠯᠡ ᠣᠷᠣᠭᠤᠯᠣᠯᠲᠠ ᠪᠠᠨ ᠪᠠᠳᠤᠯᠠᠵᠦ᠂ ᠰᠣᠷᠭᠠᠨ ᠬᠦᠮᠦᠵᠢᠯ ᠰᠢᠨᠵᠢᠯᠡᠭᠡ ᠮᠡᠷᠭᠡᠵᠢᠯ ᠰᠣᠶᠣᠯ ᠡᠷᠡᠭᠦᠯ ᠬᠠᠮᠠᠭᠠᠯᠠᠯ ᠤᠨ ᠦᠢᠯᠡᠰ ᠤᠨ ᠪᠦᠬᠦ ᠲᠡᠯ᠎ᠠ ᠪᠠᠷ ᠳᠠᠪᠰᠢᠬᠤ ᠶᠢ ᠠᠬᠢᠭᠤᠯᠪᠠ      ᠨᠢᠭᠡ ᠳᠤ ᠰᠣᠷᠭᠠᠨ ᠬᠦᠮᠦᠵᠢᠯ ᠤᠨ ᠪᠡᠯᠡ ᠣᠷᠣᠭᠤᠯᠣᠯᠲᠠ ᠶᠢ ᠨᠡᠮᠡᠭᠳᠡᠭᠦᠯᠵᠦ᠂ ᠰᠣᠷᠭᠠᠨ ᠬᠦᠮᠦᠵᠢᠯ ᠤᠨ ᠲᠦᠪ ᠭᠤᠣᠯᠴᠢ ᠪᠠᠶᠢᠬᠤ ᠶᠢ ᠠᠬᠢᠭᠤᠯᠪᠠ᠃ 2016 ᠣᠨ ᠳᠤ᠂ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠵᠠᠷᠣᠯᠭ᠎ᠠ 27,782 ᠲᠦᠮᠡᠨ ᠲᠦᠭᠦᠷᠢᠭ᠂ ᠡᠭᠦᠨ ᠳᠤ 2016 ᠣᠨ ᠤ ᠡᠩ ᠤᠨ ᠦᠨᠳᠦᠷ ᠵᠡᠷᠭᠡ ᠶᠢᠨ ᠳᠣᠮᠳᠠᠳᠣ ᠰᠤᠷᠭᠠᠭᠤᠯᠢ ᠶᠢᠨ ︽ ᠬᠤᠶᠠᠷ ᠢ ᠬᠡᠯᠳᠦᠷᠢᠭᠦᠯᠬᠦ︾ ᠪᠡᠯᠡ ᠮᠦᠩᠭᠦ ᠶᠢ ᠰᠠᠯᠭᠠᠨ ᠥᠭᠭᠦᠭᠰᠡᠨ ᠨᠢ153 ᠲᠦᠮᠡᠨ ᠲᠦᠭᠦᠷᠢᠭ᠂ ᠳᠣᠮᠳᠠᠳᠣ ᠪᠠᠭ᠎ᠠ ᠰᠣᠷᠭᠠᠭᠤᠯᠢ ᠶᠢᠨ ᠬᠤᠣᠰ ᠬᠡᠯᠡᠨ ᠤ ᠪᠠᠶᠢᠷᠢ ᠳᠤ ᠰᠠᠭᠤᠭ᠎ᠠ ᠰᠣᠷᠣᠭᠴᠢᠳ  ᠤᠨ ᠠᠮᠢᠳᠣᠷᠠᠯ ᠤᠨ ᠵᠠᠷᠣᠳᠠᠯ ᠤᠨ ᠨᠦᠬᠦᠪᠦᠷᠢ ᠪᠡᠯᠡ ᠮᠦᠩᠬᠦ 205 ᠲᠦᠮᠡᠨ ᠲᠦᠭᠦᠷᠢᠭ ᠪᠠᠶᠢᠵᠣ᠂ ᠲᠡᠳᠬᠦᠭᠳᠡᠵᠦ ᠪᠠᠶᠢᠭ᠎ᠠ ᠰᠣᠷᠣᠭᠴᠢ ᠨᠢ 1566 ᠨᠡᠷᠡᠰ ᠪᠣᠯᠪᠠ᠃ ᠬᠤᠶᠠᠷ ᠲᠤ ᠰᠢᠨᠵᠢᠯᠡᠭᠡ ᠮᠡᠷᠭᠡᠵᠢᠯ ᠤᠨ ᠵᠠᠷᠣᠯᠭ᠎ᠠ 1,237 ᠲᠦᠮᠡᠨ ᠲᠦᠭᠦᠷᠢᠭ᠂ ᠰᠢᠨᠵᠢᠯᠡᠭᠡ ᠮᠡᠷᠭᠡᠵᠢᠯ ᠤᠨ ᠰᠣᠳᠣᠯᠣᠨ ᠨᠡᠭᠡᠭᠡᠯᠲᠡ ᠬᠢᠬᠦ᠂ ᠦᠷ᠎ᠡ ᠪᠦᠲᠦᠮᠵᠢ ᠶᠢ ᠲᠡᠯᠭᠡᠷᠡᠭᠦᠯᠵᠦ ᠬᠤᠪᠢᠰᠬᠠᠬᠤ ᠪᠠ ᠠᠵᠣ ᠦᠢᠯᠡᠰᠵᠢᠨ ᠬᠦᠭᠵᠢᠬᠦ ᠶᠢ ᠭᠤᠣᠳᠠᠯᠭ᠎ᠠ ᠲᠠᠢ ᠳᠡᠮᠵᠢᠪᠡ᠃ ᠭᠤᠷᠪᠠ ᠳᠤ ᠰᠣᠶᠣᠯ ᠤᠨ ᠦᠢᠯᠡᠰ ᠢ ᠳᠡᠮᠵᠢᠵᠦ᠂ ᠰᠣᠶᠣᠯ ᠤᠨ ᠠᠮᠢ ᠠᠬᠤᠢ ᠶᠢᠨ ᠪᠠᠶᠢᠭᠤᠯᠣᠯᠲᠠ ᠶᠢ ᠲᠦᠯᠬᠢᠨ ᠠᠬᠢᠭᠤᠯᠪᠠ᠃ 2016 ᠣᠨ ᠳᠤ᠂ ᠰᠣᠶᠣᠯ ᠤᠨ ᠦᠢᠯᠡᠰ ᠢ ᠳᠡᠮᠵᠢᠬᠦ ᠪᠡᠯᠡ ᠮᠦᠩᠭᠦ ᠶᠢ ᠨᠡᠶᠢᠲᠡ 3,906 ᠲᠦᠮᠡᠨ ᠲᠦᠭᠦᠷᠢᠭ ᠰᠠᠯᠭᠠᠨ ᠥᠭᠪᠡ᠃ ᠳᠦᠷᠪᠡ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠪᠠ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠥᠩᠬᠡᠶᠢᠯᠡᠭᠰᠡᠨ ᠦᠭᠡᠷᠡᠴᠢᠯᠡᠯᠲᠡ ᠳᠠᠬᠢ ᠪᠡᠯᠡ ᠣᠷᠣᠭᠤᠯᠣᠯᠲᠠ ᠶᠢᠨ ᠬᠦᠴᠦᠯᠡᠴᠡ ᠪᠠᠨ ᠨᠡᠮᠡᠭᠳᠡᠭᠦᠯᠪᠡ᠃ 2016 ᠣᠨ ᠳᠤ ᠡᠮᠨᠡᠯᠭᠡ ᠡᠷᠡᠭᠦᠯ ᠬᠠᠮᠠᠭᠠᠯᠠᠯ ᠬᠢᠬᠡᠳ ᠲᠦᠯᠦᠪᠯᠡᠭᠡᠲᠦ ᠦᠷᠡᠵᠢᠯ ᠤᠨ ᠵᠠᠷᠣᠯᠭ᠎ᠠ ᠶᠢ 12,269 ᠲᠦᠮᠡᠨ ᠲᠦᠭᠦᠷᠢᠭ ᠪᠡᠶᠡᠯᠡᠭᠦᠯᠵᠦ᠂ 923 ᠲᠦᠮᠡᠨ ᠲᠦᠭᠦᠷᠢᠭ ᠪᠡᠯᠡ ᠣᠷᠣᠭᠤᠯᠵᠣ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠲᠦᠯᠬᠢᠨ ᠠᠬᠢᠭᠤᠯᠵᠣ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠲᠣᠭᠲᠠᠭᠤᠨ ᠠᠵᠢᠯᠯᠠᠭᠠᠨ ᠢ ᠪᠠᠲᠣᠯᠠᠪᠠ᠃      5. ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠣ᠂ ᠡᠳ᠋ ᠤᠨ ᠵᠠᠰᠠᠭ ᠤᠨ ᠪᠡᠯᠡ ᠮᠦᠩᠬᠦ ᠶᠢᠨ ᠡᠷᠬᠢᠯᠲᠡ ᠶᠢᠨ ᠲᠣᠭᠲᠠᠴᠠ ᠶᠢ ᠵᠢᠷᠣᠮᠵᠢᠭᠤᠯᠪᠠ     2016 ᠣᠨ ᠳᠤ ᠡᠳ᠋ ᠤᠨ ᠵᠠᠰᠠᠭ ᠤᠨ ᠰᠠᠯᠠᠭ᠎ᠠ ᠮᠦᠴᠢᠷ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠬᠦᠯᠦᠨ ᠪᠣᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠢᠭᠡᠳᠦᠯᠳᠡᠢ ᠪᠠᠶᠢᠷᠢᠯᠠᠭᠤᠯᠣᠯᠲᠠ ᠶᠣᠰᠣᠭᠠᠷ᠂ ᠳᠡᠭᠡᠳᠦ ᠳᠣᠣᠷᠠᠳᠣ ᠱᠠᠲᠣ ᠬᠤᠯᠪᠣᠭᠠᠯᠠᠨ ᠬᠦᠳᠡᠯᠦᠯᠴᠡᠬᠦ ᠪᠠᠶᠢᠴᠠᠭᠠᠯᠲᠠ ᠶᠢᠨ ᠬᠡᠯᠪᠡᠷᠢ ᠶᠢ ᠠᠪᠴᠣ᠂ ᠨᠢᠬᠲᠠᠯᠠᠨ ᠪᠣᠳᠣᠬᠤ ᠮᠡᠳᠡᠭᠡ ᠵᠠᠩᠬᠢ ᠶᠢᠨ ᠴᠢᠨᠠᠷ ᠴᠢᠨᠰᠠᠭ᠎ᠠ ᠶᠢᠨ ᠪᠠᠶᠢᠴᠠᠭᠠᠯᠲᠠ ᠪᠠ ᠭᠠᠶᠢᠯᠢ  ᠶᠢᠨ ᠪᠣᠰᠣ ᠣᠷᠣᠯᠭ᠎ᠠ ᠶᠢ ᠬᠤᠷᠢᠶᠠᠨ ᠠᠪᠣᠭᠰᠠᠨ ᠪᠠᠶᠢᠳᠠᠯ ᠤᠨ ᠪᠠᠶᠢᠴᠠᠭᠠᠯᠲᠠ ᠶᠢᠨ ᠠᠵᠢᠯ ᠢ ᠭᠤᠣᠯᠳᠠᠯᠭ᠎ᠠ ᠲᠠᠢ ᠦᠷᠨᠢᠭᠦᠯᠪᠡ᠃ ᠪᠦᠬᠦ ᠵᠢᠯ ᠳᠤ ᠨᠡᠶᠢᠲᠡ 3 ᠪᠠᠶᠢᠴᠠᠭᠠᠬᠤ ᠳᠣᠭᠤᠶᠢᠯᠠᠩ ᠪᠠᠶᠢᠭᠤᠯᠵᠣ᠂ ᠪᠦᠬᠦ ᠬᠤᠰᠢᠭᠤᠨ ᠤ 5 ᠵᠠᠰᠠᠭ ᠵᠠᠬᠢᠷᠭᠠᠨ ᠤ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠳᠤ ᠪᠠᠶᠢᠴᠠᠭᠠᠯᠲᠠ ᠶᠠᠪᠣᠭᠤᠯᠵᠣ᠂ ᠪᠠᠶᠢᠴᠠᠭᠠᠯᠲᠠ ᠳᠤ ᠬᠤᠯᠪᠣᠭᠳᠠᠭᠰᠠᠨ ᠪᠡᠯᠡ ᠮᠦᠩᠬᠦ ᠨᠢ 3,870 ᠲᠦᠮᠡᠨ ᠲᠦᠭᠦᠷᠢᠭ ᠪᠣᠯᠵᠣ᠂ ᠪᠠᠶᠢᠴᠠᠭᠠᠭᠠᠳ ᠣᠯᠵᠣ ᠮᠡᠳᠡᠭᠰᠡᠨ ᠠᠰᠠᠭᠤᠳᠠᠯ ᠤᠨ ᠪᠠᠶᠢᠴᠠᠭᠠᠭᠳᠠᠭᠰᠠᠨ ᠨᠢᠭᠡᠴᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠦᠭᠡᠷᠡᠴᠢᠯᠡᠭᠦᠯᠵᠦ᠂ ᠨᠢᠬᠲᠠᠯᠠᠨ ᠪᠣᠳᠣᠬᠤ ᠮᠠᠲ᠋ᠧᠷᠢᠶᠠᠯ ᠤᠨ ᠦᠨᠡᠨ ᠪᠣᠳᠠᠳᠠᠢ᠂ ᠵᠦᠪ ᠣᠨᠣᠪᠴᠢᠲᠠᠢ᠂ ᠪᠦᠷᠢᠨ ᠭᠦᠢᠴᠡᠳ ᠪᠠᠶᠢᠬᠤ ᠶᠢ ᠯᠠᠪᠲᠠᠶᠢᠶ᠎ᠠ ᠪᠠᠲᠣᠯᠠᠵᠣ᠂ ᠮᠠᠨ ᠤ ᠬᠤᠰᠢᠭᠤᠨ ᠤ ᠨᠢᠬᠲᠠᠯᠠᠨ ᠪᠣᠳᠣᠬᠤ ᠰᠠᠭᠤᠷᠢ ᠠᠵᠢᠯ ᠤᠨ ᠵᠢᠷᠣᠮᠵᠢᠯᠲᠠ ᠶᠢᠨ ᠲᠦᠪᠰᠢᠨ ᠪᠠ ᠨᠢᠬᠲᠠᠯᠠᠨ ᠪᠣᠳᠣᠬᠤ ᠮᠡᠳᠡᠭᠡ ᠵᠠᠩᠬᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃     6. ᠮᠦᠩᠭᠦᠨ ᠬᠦᠢᠯᠭᠡᠭᠡᠨ ᠤ ᠰᠢᠨ᠎ᠡ ᠶᠢᠨ ᠡᠭᠦᠳᠦᠯᠲᠡ ᠶᠢ ᠴᠢᠩᠭᠠᠳᠬᠠᠵᠣ᠂ ᠪᠣᠳᠠᠳᠣ ᠴᠣᠭᠴᠠ ᠶᠢᠨ ᠠᠵᠣ ᠠᠬᠤᠢ ᠶᠢᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠦᠷᠭᠡᠳᠬᠡᠪᠡ    ᠨᠢᠭᠡ ᠳᠤ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠮᠦᠩᠭᠦᠨ ᠬᠦᠢᠯᠭᠡᠭᠡᠨ ᠤ ᠰᠢᠨ᠎ᠡ ᠶᠢᠨ ᠡᠭᠦᠳᠦᠯᠳᠡ ᠪᠠᠷ ᠭᠠᠷᠳᠠᠴᠠ ᠪᠣᠯᠭᠠᠵᠣ᠂ ᠪᠣᠳᠠᠳᠣ ᠴᠣᠭᠴᠠ ᠶᠢᠨ ᠠᠵᠣ ᠠᠬᠤᠢ ᠶᠢᠨ ᠰᠢᠭᠤᠳ ᠪᠡᠯᠡ ᠬᠤᠷᠠᠮᠳᠣᠭᠤᠯᠬᠤ ᠪᠣᠯᠣᠨ ᠳᠠᠮ ᠢᠶᠠᠷ ᠪᠡᠯᠡ ᠬᠤᠷᠠᠮᠳᠣᠭᠤᠯᠬᠤ ᠬᠤᠣᠰ ᠴᠢᠭᠯᠡᠯ ᠤᠨ ᠠᠷᠭ᠎ᠠ ᠶᠢ ᠵᠡᠷᠭᠡᠪᠡᠷ ᠬᠡᠷᠡᠭᠯᠡᠬᠦ ᠶᠢ ᠬᠦᠴᠦᠯᠡᠨ ᠲᠦᠯᠬᠢᠨ ᠠᠬᠢᠭᠤᠯᠵᠣ᠂ ᠠᠵᠣ ᠠᠬᠤᠶᠢᠯᠠᠯ ᠤᠨ ᠫᠠᠶᠢᠰᠠ ᠡᠯᠬᠦᠵᠦ ᠵᠠᠬ᠎ᠠ ᠳᠡᠯᠭᠡᠭᠦᠷ ᠲᠤ ᠭᠠᠷᠴᠣ ᠰᠢᠭᠤᠳ ᠪᠡᠯᠡ ᠬᠤᠷᠠᠮᠳᠣᠭᠤᠯᠬᠤ ᠶᠢ ᠨᠢ ᠬᠦᠴᠦᠯᠡᠨ ᠪᠤᠶᠢᠵᠢᠭᠤᠯᠪᠠ︔ 2016 ᠣᠨ ᠤ 8 ᠰᠠᠷ᠎ᠠ ᠶᠢᠨ 15 ᠤ ᠡᠳᠦᠷ ᠦᠪᠦᠷ ᠮᠣᠩᠭᠤᠯ ᠤᠨ ᠶᠡᠬᠡᠲᠠᠯ᠎ᠠ ᠮᠠᠯ ᠠᠵᠣ ᠠᠬᠤᠢ ᠶᠢᠨ ᠬᠤᠪᠢ ᠣᠷᠣᠭᠤᠯᠣᠭᠰᠠᠨ ᠬᠢᠵᠠᠭᠠᠷᠲᠣ ᠺᠣᠮᠫᠠᠨᠢ ᠨᠢ ᠰᠢᠨ᠎ᠡ ᠭᠤᠷᠪᠠᠨ ᠬᠠᠪᠲᠠᠰᠣ ︵ ᠪᠦᠬᠦ ᠣᠯᠣᠰ ᠤᠨ ᠳᠣᠮᠳᠠ ᠵᠢᠵᠢᠭ ᠠᠵᠣ ᠠᠬᠤᠶᠢᠯᠠᠯ ᠤᠨ ᠬᠤᠪᠢ ᠣᠷᠣᠭᠤᠯᠣᠯᠲᠠ ᠪᠠᠨ ᠰᠢᠯᠵᠢᠭᠦᠯᠬᠦ ᠰᠢᠰᠲ᠋ᠧᠮ︶ ᠳᠤ ᠫᠠᠶᠢᠰᠠ ᠪᠠᠨ ᠡᠯᠬᠦᠨ ᠵᠠᠬ᠎ᠠ ᠳᠤ ᠭᠠᠷᠪᠠ︔ ᠵᠠᠰᠠᠭ  ᠤᠨ ᠣᠷᠳᠣᠨ ᠠᠴᠠ ᠠᠶᠣᠯ ᠲᠦᠭᠰᠢᠭᠦᠷᠢ ᠶᠢ ᠰᠡᠷᠭᠡᠶᠢᠯᠡᠬᠦ ᠨᠦᠬᠦᠪᠦᠷᠢ ᠶᠢᠨ ᠮᠦᠩᠭᠦ ᠦᠭᠬᠦ ᠪᠠᠷ ᠳᠠᠮᠵᠢᠭᠤᠯᠣᠨ ᠠᠵᠣ ᠠᠬᠤᠶᠢᠯᠠᠯ ᠤᠨ ᠳᠠᠮ ᠢᠶᠠᠷ ᠪᠡᠯᠡ ᠬᠤᠷᠠᠮᠳᠣᠭᠤᠯᠬᠤ ᠶᠢ ᠨᠢ ᠲᠦᠯᠬᠢᠨ ᠠᠬᠢᠭᠤᠯᠪᠠ᠃ ᠬᠤᠶᠠᠷ ᠲᠤ  ᠡᠸ᠋ᠨᠩᠬᠢ ᠬᠤᠰᠢᠭᠤᠨ ᠤ ᠭᠤᠣᠯᠳᠠᠯᠭ᠎ᠠ ᠲᠠᠢ ᠠᠵᠣ ᠦᠢᠯᠡᠰ ᠤᠨ ᠲᠣᠭᠤᠷᠢᠨ ᠳᠤ᠂ ᠵᠠᠰᠠᠭ ᠤᠨ ᠣᠷᠳᠣᠨ ᠠᠴᠠ ᠬᠦᠲᠦᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠡᠯ᠎ᠡ  ᠡᠳᠡᠭᠡᠳ ᠤᠨ ᠬᠢᠨ ᠢ ᠣᠷᠣᠯᠴᠠᠭᠤᠯᠬᠤ ᠪᠠᠷ ᠳᠠᠮᠵᠢᠭᠤᠯᠣᠨ᠂ ᠮᠦᠩᠭᠦᠨ ᠭᠦᠢᠯᠭᠡᠭᠡᠨ ᠤ ᠰᠢᠨ᠎ᠡ ᠶᠢ ᠡᠭᠦᠳᠴᠦ᠂ ᠡᠳ᠋ ᠤᠨ ᠵᠠᠰᠠᠭ ᠭᠠᠶᠢᠯᠢ ᠮᠦᠩᠬᠦᠨ ᠬᠦᠢᠯᠭᠡᠭᠡᠨ ᠬᠠᠷᠢᠯᠴᠠᠨ ᠬᠤᠯᠪᠣᠭᠠᠯᠠᠵᠣ᠂ ᠣᠯᠣᠰ ᠤᠨ ᠢᠳᠡᠭᠡᠮᠵᠢ᠂ ᠵᠠᠰᠠᠭ ᠤᠨ ᠣᠷᠳᠣᠨ ᠤ ᠢᠳᠡᠬᠡᠮᠵᠢ᠂ ᠬᠤᠳᠠᠯᠳᠣᠭᠠᠨ ᠤ ᠶᠠᠪᠣᠳᠠᠯ ᠤᠨ ᠢᠳᠡᠭᠡᠮᠵᠢ ᠬᠠᠷᠢᠯᠴᠠᠨ ᠦᠢᠯᠡᠳᠦᠯᠴᠠᠵᠣ᠂ ᠪᠣᠳᠠᠳᠣ ᠴᠣᠭᠴᠠ ᠶᠢᠨ ᠠᠵᠣ ᠠᠬᠤᠢ ᠶᠢᠨ ᠪᠡᠯᠡ ᠬᠤᠷᠠᠮᠳᠣᠭᠤᠯᠬᠤ ᠠᠷᠭ᠎ᠠ ᠵᠠᠮ ᠢ ᠦᠷᠭᠡᠳᠬᠡᠵᠦ᠂ ︽ ᠡᠸ᠋ᠨᠩᠬᠢ ᠬᠤᠰᠢᠭᠤᠨ ᠤ ᠠᠵᠣ ᠦᠢᠯᠡᠰ ᠤᠨ ᠬᠦᠭᠵᠢᠭᠦᠯᠦᠯᠲᠡ ᠶᠢᠨ ᠰᠠᠭᠤᠷᠢ ᠮᠦᠩᠭᠦ︾ ᠶᠢ ᠡᠭᠦᠳᠦᠪᠡ᠃ ᠭᠤᠷᠪᠠ ᠳᠤ ᠨᠡᠶᠢᠭᠡᠮ ᠤᠨ  ᠪᠡᠯᠨ ᠬᠦᠷᠦᠩᠭᠡ ᠶᠢᠨ ᠣᠷᠣᠭᠤᠯᠣᠯᠲᠠ ᠶᠢ ᠬᠦᠲᠦᠯᠦᠨ ᠵᠢᠯᠣᠭᠤᠳᠴᠣ᠂ PPP ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ 2016 ᠣᠨ ᠳᠤ ᠨᠢᠭᠡᠨᠲᠡ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ PPP ᠲᠦᠷᠦᠯ ᠵᠦᠢᠯ ᠤᠨ ᠬᠦᠮᠦᠷᠭᠡ ᠳᠤ ᠣᠷᠣᠵᠣ᠂ ᠬᠤᠲᠠ ᠶᠢᠨ ᠳᠡᠰ ᠤᠨ 11 ᠵᠢᠱᠢᠶ᠎ᠡ ᠦᠵᠡᠭᠦᠯᠬᠦ ᠲᠦᠷᠦᠯ ᠵᠦᠢᠯ  ᠨᠢ ᠬᠢᠨᠡᠨ ᠬᠠᠷᠭᠤᠭᠤᠯᠣᠯᠲᠠ ᠶᠢ ᠦᠩᠭᠡᠷᠡᠭᠡᠵᠦ᠂ ᠠᠷᠠᠳ ᠤᠨ ᠠᠮᠢᠳᠣᠷᠠᠯ᠂ ᠵᠠᠮ᠂ ᠪᠣᠬᠢᠷ ᠣᠰᠣ᠂ ᠡᠮᠨᠡᠯᠭᠡ᠂ ᠵᠣᠭᠠᠴᠠᠯ᠂ ᠮᠠᠯ ᠠᠵᠣ ᠠᠬᠤᠢ᠂ ᠣᠰᠣᠨ ᠤ ᠠᠮᠢ ᠠᠬᠤᠢ᠂ ᠣᠷᠴᠢᠨ ᠲᠣᠭᠤᠷᠢᠨ ᠤ ᠵᠠᠰᠠᠯᠲᠠ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠵᠣ᠂ ᠶᠡᠷᠥᠩᠬᠡᠢ ᠪᠡᠯᠡ ᠣᠷᠣᠭᠤᠯᠣᠯᠲᠠ ᠨᠢ 192,931 ᠲᠦᠮᠡᠨ ᠲᠦᠭᠦᠷᠢᠭ ᠪᠣᠯᠪᠠ᠃     ᠬᠤᠶᠠᠷ᠂ 2017 ᠣᠨ ᠤ ᠲᠦᠰᠦᠪ ᠤᠨ ᠲᠦᠰᠦᠯ     2017 ᠣᠨ ᠪᠣᠯ ︽13 · 5︾ ᠤᠨ ᠲᠦᠯᠦᠪᠵᠢᠭᠦᠯᠭᠡ ᠶᠢ ᠬᠡᠷᠡᠭᠵᠢᠭᠦᠯᠦᠭᠰᠡᠨ ᠬᠤᠶᠠᠳᠠᠬᠢ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ ᠶᠢᠨ ᠰᠢᠢᠳᠪᠦᠷᠢᠲᠦ ᠴᠢᠨᠠᠷᠲᠠᠢ ᠱᠠᠲᠣ ᠦᠶ᠎ᠡ ᠶᠢᠨ ᠵᠠᠩᠬᠢᠯᠠᠭ᠎ᠠ ᠶᠢᠨ ᠨᠢᠭᠡ ᠵᠢᠯ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠵᠢᠯ ᠮᠦᠨ᠃ 2017 ᠣᠨ ᠤ ᠪᠦᠬᠦ ᠬᠤᠰᠢᠭᠤᠨ ᠤ ᠡᠳ᠋ ᠤᠨ ᠵᠠᠰᠠᠭ ᠤᠨ ᠲᠦᠰᠦᠪ ᠤᠨ ᠲᠣᠬᠢᠷᠠᠭᠤᠯᠣᠯᠲᠠ ᠶᠢᠨ ᠶᠡᠷᠥᠩᠬᠡᠢ ᠴᠣᠭᠴᠠ ᠶᠢᠨ ᠱᠠᠭᠠᠷᠳᠠᠯᠭ᠎ᠠ ᠪᠣᠯ᠄ ᠠᠷᠪᠠᠨ ᠨᠠᠢᠮᠠᠳᠣᠭᠠᠷ ᠬᠤᠭᠤᠴᠠᠭᠠᠨ ᠤ ᠵᠢᠷᠭᠤᠳᠣᠭᠠᠷ ᠪᠦᠬᠦᠳᠡ ᠬᠤᠷᠠᠯ᠂ ᠦᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠳᠦᠷᠪᠡᠳᠦᠭᠡᠷ ᠣᠳᠠᠭᠠᠨ ᠤ  ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ  ᠤᠨ ᠵᠣᠷᠢᠭ ᠰᠠᠨᠠᠭ᠎ᠠ ᠶᠢ ᠨᠢᠮᠪᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ ᠴᠣᠭᠴᠠ ᠶᠢᠨ ᠪᠠᠶᠢᠷᠢᠯᠠᠭᠤᠯᠣᠯᠲᠠ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠣᠰᠣᠭᠠᠷ᠂ ᠰᠢᠨ᠎ᠡ ᠶᠢ ᠡᠬᠦᠳᠬᠦ᠂ ᠡᠶ᠎ᠡ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠲᠡ ᠲᠠᠢ᠂ ᠬᠠᠮᠲᠣᠪᠡᠷ ᠡᠳ᠋ᠯᠡᠬᠦ ᠬᠦᠭᠵᠢᠯᠲᠡ ᠶᠢᠨ ᠣᠶᠢᠯᠠᠭᠠᠭᠳᠠᠬᠤᠨ ᠢ ᠪᠠᠲᠣ ᠪᠣᠢ ᠪᠣᠯᠭᠠᠵᠣ᠂ ᠲᠣᠭᠲᠠᠭᠤᠨ ᠪᠠᠶᠢᠯᠭᠠᠬᠤ ᠮᠦᠷᠲᠡᠭᠡᠨ ᠣᠷᠣᠭᠰᠢᠯᠠᠨ ᠳᠠᠪᠰᠢᠬᠤ ᠠᠵᠢᠯ ᠤᠨ ᠶᠡᠷᠥᠩᠬᠡᠢ ᠬᠦᠭ ᠠᠶᠢᠵᠢᠮ ᠢ ᠪᠠᠷᠢᠮᠳᠠᠯᠠᠵᠣ᠂ ᠠᠵᠣ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠵᠣᠬᠢᠴᠠᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ  ᠶᠢᠨ ᠴᠢᠨᠠᠷᠲᠠᠢ ᠥᠭᠡᠷᠡᠴᠢᠯᠡᠯᠲᠡ ᠶᠢ ᠬᠦᠴᠦᠯᠡᠨ ᠲᠦᠯᠬᠢᠨ ᠠᠬᠢᠭᠤᠯᠵᠣ᠂ ᠢᠳᠡᠪᠬᠢᠲᠡᠢ ᠡᠳ᠋ ᠤᠨ ᠵᠠᠰᠠᠭ ᠤᠨ ᠲᠦᠷᠦ  ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠮᠡᠭᠳᠡᠯ ᠢ ᠲᠣᠭᠲᠠᠪᠣᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠠᠶᠣᠯ ᠲᠦᠭᠰᠢᠭᠦᠷᠢ ᠶᠢ ᠰᠡᠷᠭᠡᠶᠢᠯᠡᠬᠦ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠶᠢ ᠯᠠᠪᠲᠠᠶᠢᠶ᠎ᠠ ᠪᠡᠶᠡᠯᠡᠭᠦᠯᠬᠦ ᠶᠢ ᠪᠠᠲᠣᠯᠠᠬᠤ ᠬᠡᠷᠡᠭᠲᠡᠢ︔ ᠡᠳ᠋ ᠤᠨ ᠵᠠᠰᠠᠭ  ᠤᠨ ᠪᠡᠯᠡ ᠮᠦᠩᠭᠦ ᠶᠢ ᠨᠢᠭᠡᠳᠦᠯᠲᠡᠢ ᠲᠦᠯᠦᠪᠯᠡᠨ ᠬᠡᠷᠡᠭᠯᠡᠬᠦ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠬᠠᠳᠠᠭᠠᠯᠠᠴᠠ ᠶᠢ ᠬᠦᠢᠯᠭᠡᠭᠡᠨ ᠳᠤ ᠣᠷᠣᠭᠤᠯᠬᠤ᠂ ᠨᠡᠮᠡᠭᠳᠡᠴᠡ ᠶᠢ ᠰᠠᠶᠢᠳᠣᠷ ᠬᠡᠷᠡᠭᠯᠡᠨ᠂ ᠡᠳ᠋ ᠤᠨ ᠵᠠᠰᠠᠭ ᠤᠨ ᠵᠠᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠷᠠᠳ ᠤᠨ ᠠᠮᠢᠳᠣᠷᠠᠯ ᠤᠨ ᠦᠨᠳᠦᠰᠦᠨ ᠵᠠᠷᠣᠯᠭ᠎ᠠ ᠶᠢ ᠭᠤᠣᠯᠳᠠᠯᠭ᠎ᠠ ᠲᠠᠢ ᠪᠠᠲᠣᠯᠠᠵᠣ᠂ ᠡᠩ ᠤᠨ ᠴᠢᠨᠠᠷᠲᠠᠢ ᠵᠠᠷᠣᠯᠭ᠎ᠠ ᠶᠢ ᠴᠢᠩᠭ᠎ᠠ ᠬᠢᠵᠠᠭᠠᠷᠯᠠᠨ᠎ᠠ︔ ᠠᠵᠣ ᠠᠬᠤᠢ ᠨᠡᠶᠢᠭᠡᠮ ᠤᠨ ᠲᠣᠭᠲᠠᠭᠤᠨ ᠢᠶᠠᠷ ᠨᠡᠯᠢᠶᠡᠳ ᠲᠦᠷᠭᠡᠨ ᠬᠦᠭᠵᠢᠬᠦ ᠶᠢ ᠪᠦᠬᠦ ᠬᠦᠴᠦᠨ ᠢᠶᠠᠷ ᠳᠠᠮᠵᠢᠨ᠎ᠠ᠃     ᠣᠳᠣᠬᠠᠨ ᠤ ᠠᠵᠣ ᠠᠬᠤᠢ ᠶᠢᠨ ᠪᠠᠶᠢᠳᠠᠯ ᠢ ᠶᠡᠷᠥᠩᠬᠡᠶᠢᠯᠡᠨ ᠪᠣᠳᠣᠯᠬᠢᠯᠠᠭᠠᠳ᠂ 2017 ᠣᠨ ᠤ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 82,493 ᠲᠦᠮᠡᠨ ᠲᠦᠭᠦᠷᠢᠭ ᠲᠣᠬᠢᠷᠠᠭᠤᠯᠪᠠ᠂ 2016 ᠣᠨ ᠤ ᠪᠣᠳᠠᠳᠠᠢ ᠪᠡᠶᠡᠯᠡᠭᠦᠯᠦᠭᠰᠡᠨ ᠲᠤᠭ᠎ᠠ ᠲᠠᠢ ᠠᠳᠠᠯᠢᠳᠬᠠᠪᠠᠯ 4,671 ᠲᠦᠮᠡᠨ ᠲᠦᠭᠦᠷᠢᠭ ᠨᠡᠮᠡᠭᠳᠡᠭᠦᠯᠵᠦ᠂ 6% ᠨᠡᠮᠡᠭᠳᠡᠭᠦᠯᠦᠨ᠎ᠡ᠃ ᠡᠭᠦᠨ ᠳᠤ᠂ ᠣᠯᠣᠰ ᠤᠨ ᠭᠠᠶᠢᠯᠢ ᠶᠢᠨ ᠰᠠᠯᠠᠭ᠎ᠠ ᠮᠦᠴᠢᠷ ᠵᠢᠱᠢᠯᠲᠡ ᠪᠠᠷ 25,050 ᠲᠦᠮᠡᠨ ᠲᠦᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠲᠠᠢ ᠠᠳᠠᠯᠢᠳᠬᠠᠪᠠᠯ 8,901 ᠲᠦᠮᠡᠨ ᠲᠦᠭᠦᠷᠢᠭ ᠨᠡᠮᠡᠭᠳᠡᠭᠦᠯᠵᠦ᠂ 55% ᠢᠶᠠᠷ ᠨᠡᠮᠡᠭᠳᠡᠭᠦᠯᠦᠨ᠎ᠡ︔ ᠣᠷᠣᠨ ᠨᠣᠲᠤᠭ ᠤᠨ ᠭᠠᠶᠢᠯᠢ ᠶᠢᠨ ᠰᠠᠯᠠᠭ᠎ᠠ ᠮᠦᠴᠢᠷ ᠵᠢᠱᠢᠯᠲᠡ ᠪᠠᠷ 42,443 ᠲᠦᠮᠡᠨ ᠲᠦᠭᠦᠷᠢᠭ ᠪᠡᠶᠡᠯᠡᠭᠦᠯᠵᠦ ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠲᠠᠢ ᠠᠳᠠᠯᠢᠳᠬᠠᠪᠠᠯ 12,536 ᠲᠦᠮᠡᠨ ᠲᠦᠭᠦᠷᠢᠭ ᠪᠠᠭᠠᠰᠬᠠᠵᠣ᠂ 23% ᠢᠶᠠᠷ  ᠪᠠᠭᠤᠷᠠᠭᠤᠯᠣᠨ᠎ᠠ︔ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠬᠤ ᠭᠠᠶᠢᠯᠢ  ᠶᠢᠨ ᠪᠣᠰᠣ ᠣᠷᠣᠯᠭ᠎ᠠ ᠶᠢ ᠵᠢᠱᠢᠯᠲᠠ ᠪᠠᠷ 15,000 ᠲᠦᠮᠡᠨ ᠲᠦᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠲᠠᠢ ᠠᠳᠠᠯᠢᠳᠬᠠᠪᠠᠯ 8,306 ᠲᠦᠮᠡᠨ ᠲᠦᠭᠦᠷᠢᠭ ᠨᠡᠮᠡᠭᠳᠡᠭᠦᠯᠵᠦ᠂ 124% ᠢᠶᠠᠷ ᠨᠡᠮᠡᠭᠳᠡᠭᠦᠯᠦᠨ᠎ᠡ᠃     ᠣᠳᠣ ᠪᠠᠷ ᠢᠶᠠᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠨᠦᠬᠦᠪᠦᠷᠢ ᠶᠢᠨ ᠳᠡᠭᠡᠭᠰᠢ ᠲᠣᠰᠢᠶᠠᠬᠤ ᠬᠠᠮᠢᠶ᠎ᠠ ᠪᠦᠬᠦᠢ ᠵᠠᠷᠴᠢᠮ ᠢᠶᠠᠷ  ᠲᠦᠰᠦᠭᠡᠯᠡᠨ ᠪᠣᠳᠣᠪᠠᠯ᠂ 2017 ᠣᠨ ᠤ ᠪᠦᠬᠦ ᠬᠤᠰᠢᠭᠤᠨ ᠤ ᠬᠡᠷᠡᠭᠯᠡᠵᠦ ᠪᠣᠯᠬᠤ ᠡᠳ᠋ ᠤᠨ ᠬᠦᠴᠦ ᠨᠢ 142,142 ᠲᠦᠮᠡᠨ ᠲᠦᠭᠦᠷᠢᠭ ᠪᠣᠯᠣᠨ᠎ᠠ᠃ ᠡᠳ᠋  ᠤᠨ ᠬᠦᠴᠦᠨ ᠤ ᠪᠦᠷᠢᠯᠳᠦᠯ᠄ ︵1︶ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠢ 82,493 ᠲᠦᠮᠡᠨ ᠲᠦᠭᠦᠷᠢᠭ︔ ︵2︶ ᠳᠡᠭᠡᠳᠦ ᠱᠠᠲᠣᠨ ᠤ ᠨᠦᠬᠦᠪᠦᠷᠢ ᠶᠢᠨ ᠣᠷᠣᠯᠭ᠎ᠠ ᠨᠢ 58,411 ᠲᠦᠮᠡᠨ ᠲᠦᠭᠦᠷᠢᠭ᠂ ᠡᠭᠦᠨ ᠳᠤ᠄ ᠭᠠᠶᠢᠯᠢ ᠶᠢᠨ ᠣᠷᠣᠯᠭ᠎ᠠ ᠪᠠᠷ ᠡᠭᠡᠭᠦᠯᠦᠨ ᠪᠣᠴᠠᠭᠠᠬᠤ ᠨᠦᠬᠦᠪᠦᠷᠢ 1,913 ᠲᠦᠮᠡᠨ ᠲᠦᠭᠦᠷᠢᠭ᠂ ᠣᠯᠵᠠᠪᠣᠷᠢ ᠶᠢᠨ ᠭᠠᠶᠢᠯᠢ ᠶᠢᠨ ᠰᠠᠭᠤᠷᠢ ᠲᠤᠭ᠎ᠠ ᠪᠠᠷ ᠡᠭᠡᠭᠦᠯᠦᠨ ᠪᠣᠴᠠᠭᠠᠬᠤ ᠨᠢ 541 ᠲᠦᠮᠡᠨ ᠲᠦᠭᠦᠷᠢᠭ᠂ ᠪᠣᠯᠪᠠᠰᠣᠷᠠᠭᠤᠯᠣᠭᠰᠠᠨ ᠲᠣᠰᠣᠨ ᠤ ᠦᠨ᠎ᠡ ᠪᠠᠷ ᠡᠬᠡᠭᠦᠯᠦᠨ ᠪᠣᠴᠠᠭᠠᠬᠤ ᠨᠦᠬᠦᠪᠦᠷᠢ 95 ᠲᠦᠮᠡᠨ ᠲᠦᠭᠦᠷᠢᠭ᠂ ᠡᠩ ᠤᠨ ᠴᠢᠨᠠᠷᠲᠠᠢ ᠰᠢᠯᠵᠢᠭᠦᠯᠦᠨ ᠥᠭᠬᠦ ᠨᠢ 50,614 ᠲᠦᠮᠡᠨ ᠲᠦᠭᠦᠷᠢᠭ᠂ ᠲᠣᠰᠬᠠᠢ ᠵᠦᠢᠯ ᠢᠶᠠᠷ ᠰᠢᠯᠵᠢᠭᠦᠯᠦᠨ ᠦᠭᠬᠦ ᠣᠷᠣᠯᠭ᠎ᠠ ᠨᠢ 5,248 ᠲᠦᠮᠡᠨ ᠲᠦᠭᠦᠷᠢᠭ︔ ︵3︶ ᠲᠣᠰᠬᠠᠢ ᠵᠦᠢᠯ ᠤᠨ ᠳᠡᠭᠡᠳᠦ ᠱᠠᠲᠣᠨ ᠳᠤ ᠲᠣᠰᠢᠶᠠᠬᠤ ᠵᠠᠷᠣᠯᠭ᠎ᠠ 550 ᠲᠦᠮᠡᠨ ᠲᠦᠭᠦᠷᠢᠭ︔  ︵4︶ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 1,417 ᠲᠦᠮᠡᠨ ᠲᠦᠭᠦᠷᠢᠭ᠂ ᠡᠭᠦᠨ ᠳᠤ᠄ ᠲᠣᠰᠬᠠᠢ ᠵᠦᠢᠯ ᠢᠶᠠᠷ ᠳ᠋ᠦᠩᠨᠡᠨ ᠰᠢᠯᠵᠢᠭᠦᠯᠬᠦ  ᠨᠢ 640 ᠲᠦᠮᠡᠨ ᠲᠦᠭᠦᠷᠢᠭ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠳ᠋ᠦᠩᠨᠡᠨ  ᠰᠢᠯᠵᠢᠭᠦᠯᠬᠦ  ᠨᠢ 570 ᠲᠦᠮᠡᠨ ᠲᠦᠭᠦᠷᠢᠭ᠂ ᠲᠣᠰᠬᠠᠢ ᠵᠦᠢᠯ ᠤᠨ ᠣᠷᠣᠯᠭ᠎ᠠ ᠶᠢ ᠳ᠋ᠦᠩᠨᠡᠨ ᠰᠢᠯᠵᠢᠭᠦᠯᠬᠦ   ᠨᠢ 207 ᠲᠦᠮᠡᠨ ᠲᠦᠭᠦᠷᠢᠭ︔ ︵5︶ ᠲᠦᠰᠦᠪ ᠤᠨ ᠲᠣᠬᠢᠷᠠᠭᠤᠯᠭ᠎ᠠ ᠶᠢ  ᠲᠤᠭᠳᠠᠪᠦᠷᠢᠵᠢᠭᠤᠯᠬᠤ ᠰᠠᠭᠤᠷᠢ ᠮᠦᠩᠭᠦ 371 ᠲᠦᠮᠡᠨ ᠲᠦᠭᠦᠷᠢᠭ ᠪᠣᠯᠣᠨ᠎ᠠ᠃     ᠡᠳ᠋ ᠤᠨ ᠬᠦᠴᠦᠨ ᠤ ᠲᠦᠰᠦᠭᠡᠯᠡᠯ ᠢ ᠦᠨᠳᠦᠰᠦᠯᠡᠭᠡᠳ᠂ 2017 ᠣᠨ ᠳᠤ ᠪᠦᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢ 142,142 ᠲᠦᠮᠡᠨ ᠲᠦᠭᠦᠷᠢᠭ ︵ᠲᠣᠰᠬᠠᠢ ᠵᠦᠢᠯ ᠤᠨ ᠨᠦᠬᠦᠪᠦᠷᠢ ᠶᠢ ᠪᠠᠭᠲᠠᠭᠠᠨ᠎ᠠ︶ ᠲᠤ ᠬᠦᠷᠦᠭᠦᠯᠵᠦ᠂ 2016 ᠣᠨ ᠤ ᠵᠢᠯ ᠤᠨ ᠡᠬᠢᠨ ᠤ ᠲᠦᠰᠦᠪ ᠤᠨ ᠲᠤᠭ᠎ᠠ ᠠᠴᠠ 5% ᠢᠶᠠᠷ ᠪᠠᠭᠤᠷᠠᠭᠤᠯᠣᠨ᠎ᠠ᠃ ᠡᠬᠦᠨ ᠳᠤ᠄ ᠬᠤᠰᠢᠭᠤ ᠲᠣᠰ ᠱᠠᠲᠣᠨ ᠤ ᠣᠯᠠᠨ ᠨᠡᠶᠢᠲᠡ ᠶᠢᠨ ᠡᠳ᠋  ᠤᠨ ᠵᠠᠰᠠᠭ ᠤᠨ ᠲᠦᠰᠦᠪ ᠤᠨ ᠵᠠᠷᠣᠯᠭ᠎ᠠ 126,697 ᠲᠦᠮᠡᠨ ᠲᠦᠭᠦᠷᠢᠭ ᠪᠠᠶᠢᠵᠣ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 7% ᠢᠶᠠᠷ ᠪᠠᠭᠤᠷᠠᠭᠤᠯᠣᠨ᠎ᠠ︔ ᠰᠢᠶᠠᠩ ᠤᠨ ᠱᠠᠲᠣᠨ ᠤ ᠣᠯᠠᠨ ᠨᠡᠶᠢᠲᠡ ᠶᠢᠨ ᠡᠳ᠋  ᠤᠨ ᠵᠠᠰᠠᠭ ᠤᠨ ᠵᠠᠷᠣᠯᠭ᠎ᠠ ᠶᠢ 15,445 ᠲᠦᠮᠡᠨ ᠲᠦᠭᠦᠷᠢᠭ ᠲᠣᠭᠢᠷᠠᠭᠤᠯᠵᠣ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 20% ᠢᠶᠠᠷ ᠨᠡᠮᠡᠭᠳᠡᠭᠦᠯᠦᠨ᠎ᠡ᠃     ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠦᠰᠦᠪ ᠤᠨ ᠬᠠᠣᠯᠢ︾ ᠶᠢᠨ ᠲᠣᠭᠲᠠᠭᠠᠯ ᠢ ᠦᠨᠳᠦᠰᠦᠯᠡᠨ᠂ ᠡᠯ᠎ᠡ ᠱᠠᠲᠣᠨ ᠤ ᠵᠠᠰᠠᠭ ᠤᠨ ᠣᠷᠳᠣᠨ ᠤ ᠲᠦᠰᠦᠪ ᠢ ᠠᠳᠠᠯᠢ ᠱᠠᠲᠣᠨ ᠤ ᠠᠷᠠᠳ ᠤᠨ ᠵᠠᠰᠠᠭ ᠤᠨ ᠣᠷᠳᠣᠨ ᠠᠴᠠ ᠨᠠᠶᠢᠷᠠᠭᠤᠯᠣᠨ ᠵᠣᠬᠢᠶᠠᠵᠣ᠂ ᠠᠳᠠᠯᠢ ᠱᠠᠲᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠵᠦ ᠬᠢᠨᠠᠨ ᠵᠦᠪᠰᠢᠶᠡᠷᠡᠭᠦᠯᠬᠦ ᠬᠡᠷᠡᠭᠲᠡᠢ᠃ ᠳᠣᠣᠷ᠎ᠠ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦᠨ ᠤ ᠲᠦᠰᠦᠪ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠦᠰᠦᠪ ᠤᠨ ᠲᠣᠬᠢᠷᠠᠭᠤᠯᠣᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠮᠡᠳᠡᠭᠦᠯᠦᠶ᠎ᠡ᠃      ︵ᠨᠢᠭᠡ︶ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠲᠣᠬᠢᠷᠠᠭᠤᠯᠣᠯᠲᠠ ᠶᠢᠨ ᠪᠠᠶᠢᠳᠠᠯ     ᠣᠳᠣᠬᠢ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠣᠯ ᠤᠨ ᠬᠤᠪᠢᠶᠡᠷᠢᠯᠠᠨ ᠲᠣᠭᠲᠠᠭᠠᠭᠰᠠᠨ ᠣᠷᠣᠯᠭ᠎ᠠ ᠶᠢᠨ ᠬᠦᠷᠢᠶ᠎ᠡ ᠬᠡᠪᠴᠢᠶ᠎ᠡ ᠵᠢᠴᠢ ᠣᠳᠣᠬᠠᠨ ᠳᠤ ᠳᠡᠭᠡᠳᠦ ᠱᠠᠲᠣᠨ ᠠᠴᠠ ᠮᠠᠨ ᠤ ᠬᠤᠰᠢᠭᠤᠨ ᠳᠤ ᠨᠢᠬᠡᠨᠲᠡ ᠳᠣᠳᠣᠷᠬᠠᠢ ᠲᠣᠭᠲᠠᠭᠠᠨ ᠥᠭᠭᠦᠭᠰᠡᠨ ᠨᠦᠬᠦᠪᠦᠷᠢ ᠮᠦᠩᠬᠦ ᠶᠢᠨ ᠲᠤᠭ᠎ᠠ ᠬᠡᠮᠵᠢᠶ᠎ᠡ ᠶᠣᠰᠣᠭᠠᠷ᠂ 2017 ᠣᠨ ᠳᠤ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠬᠡᠷᠡᠭᠯᠡᠵᠦ ᠪᠣᠯᠬᠤ ᠡᠳ᠋ ᠤᠨ ᠬᠦᠴᠦ ᠶᠢ 142,142 ᠲᠦᠮᠡᠨ ᠲᠦᠭᠦᠷᠢᠭ  ᠲᠤᠬᠢᠷᠠᠭᠤᠯᠪᠠ᠂ ᠡᠬᠦᠨ ᠳᠤ᠂ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 82,493 ᠲᠦᠮᠡᠨ ᠲᠦᠭᠦᠷᠢᠭ ᠲᠣᠬᠢᠷᠠᠭᠤᠯᠵᠣ᠂ 2016 ᠣᠨ ᠤ ᠪᠣᠳᠠᠳᠠᠢ ᠪᠡᠶᠡᠯᠡᠭᠦᠯᠦᠭᠰᠡᠨ ᠲᠤᠭ᠎ᠠ ᠲᠠᠢ ᠠᠳᠠᠯᠢᠳᠬᠠᠪᠠᠯ 6% ᠢᠶᠠᠷ ᠨᠡᠮᠡᠭᠳᠡᠭᠦᠯᠦᠨ᠎ᠡ︔ ᠳᠡᠭᠡᠳᠦ ᠱᠠᠲᠣᠨ ᠤ ᠨᠦᠬᠦᠪᠦᠷᠢ ᠶᠢᠨ ᠣᠷᠣᠯᠭ᠎ᠠ ᠨᠢ 58,411 ᠲᠦᠮᠡᠨ ᠲᠦᠭᠦᠷᠢᠭ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠤᠨ ᠲᠤᠭ᠎ᠠ ᠲᠠᠢ ᠠᠳᠠᠯᠢᠳᠬᠠᠪᠠᠯ 19% ᠢᠶᠠᠷ ᠨᠡᠮᠡᠭᠳᠡᠭᠦᠯᠦᠨ᠎ᠡ︔ ᠲᠣᠰᠬᠠᠢ ᠵᠦᠢᠯ ᠤᠨ ᠳᠡᠭᠡᠳᠦ ᠱᠠᠲᠣᠨ ᠳᠤ ᠲᠣᠰᠢᠶᠠᠬᠤ ᠵᠠᠷᠣᠯᠭ᠎ᠠ 550 ᠲᠦᠮᠡᠨ ᠲᠦᠭᠦᠷᠢᠭ︔ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 1,417 ᠲᠦᠮᠡᠨ ᠲᠦᠭᠦᠷᠢᠭ︔ ᠲᠦᠰᠦᠪ ᠤᠨ ᠲᠣᠭᠲᠠᠭᠤᠨ ᠢᠶᠠᠷ ᠲᠣᠬᠢᠷᠠᠭᠤᠯᠬᠤ ᠰᠠᠭᠤᠷᠢ ᠮᠦᠩᠬᠦ ᠨᠢ 371 ᠲᠦᠮᠡᠨ ᠲᠦᠭᠦᠷᠢᠭ ᠪᠣᠯᠣᠨ᠎ᠠ᠃     ᠪᠣᠳᠠᠳᠠᠢ ᠪᠠᠶᠢᠳᠠᠯ ᠢᠶᠠᠨ ᠦᠨᠳᠦᠰᠦᠯᠡᠨ᠂ 2017 ᠣᠨ ᠤ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢ 126,697 ᠲᠦᠮᠡᠨ ᠲᠦᠭᠦᠷᠢᠭ ᠲᠣᠬᠢᠷᠠᠭᠤᠯᠵᠣ᠂ 2016 ᠣᠨ ᠤ ᠵᠢᠯ ᠤᠨ ᠡᠬᠢᠨ ᠤ ᠲᠦᠰᠦᠪ ᠤᠨ ᠲᠤᠭ᠎ᠠ ᠲᠠᠢ ᠠᠳᠠᠯᠢᠳᠬᠠᠪᠠᠯ 7% ᠪᠠᠭᠤᠷᠠᠭᠤᠯᠪᠠ᠃    2017 ᠣᠨ ᠤ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠣᠯᠭ᠎ᠠ ᠶᠢᠨ ᠲᠦᠰᠦᠪ ᠢ ᠠᠵᠣ ᠠᠬᠤᠢ ᠶᠢᠨ ᠲᠦᠷᠦᠯ ᠪᠠ ᠴᠢᠳᠠᠪᠬᠢ ᠶᠢᠨ ᠲᠦᠷᠦᠯ ᠢᠶᠠᠷ ᠲᠣᠰ ᠲᠣᠰ ᠨᠠᠶᠢᠷᠠᠭᠤᠯᠣᠨ ᠵᠣᠬᠢᠶᠠᠵᠣ᠂ ᠠᠳᠠᠯᠢ ᠪᠣᠰᠣ ᠲᠠᠯ᠎ᠠ ᠠᠴᠠ ᠵᠠᠰᠠᠭ ᠤᠨ ᠣᠷᠳᠣᠨ ᠤ ᠵᠠᠷᠣᠯᠭ᠎ᠠ ᠶᠢᠨ ᠠᠵᠢᠯᠯᠠᠭ᠎ᠠ  ᠶᠢ ᠲᠣᠰᠬᠠᠪᠠ᠃ ᠠᠵᠣ ᠠᠬᠤᠢ ᠶᠢᠨ ᠲᠦᠷᠦᠯ ᠢᠶᠠᠷ ᠬᠤᠪᠢᠶᠠᠪᠠᠯ᠂ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢ ᠲᠣᠬᠢᠷᠠᠭᠤᠯᠣᠭᠰᠠᠨ ᠪᠠᠶᠢᠳᠠᠯ ᠪᠣᠯ᠄ ᠦᠨᠳᠦᠰᠦᠨ ᠵᠠᠷᠣᠯᠭ᠎ᠠ ᠶᠢ 89,733 ᠲᠦᠮᠡᠨ ᠲᠦᠭᠦᠷᠢᠭ ᠲᠣᠬᠢᠷᠠᠭᠤᠯᠵᠣ᠂ 71% ᠶᠢ ᠡᠵᠡᠯᠡᠨ᠎ᠡ︔ ᠡᠯ᠎ᠡ ᠲᠦᠷᠦᠯ ᠤᠨ ᠲᠣᠰᠬᠠᠢ ᠵᠦᠢᠯ ᠤᠨ ᠵᠠᠷᠣᠯᠭ᠎ᠠ ᠶᠢ 35,570 ᠲᠦᠮᠡᠨ ᠲᠦᠭᠦᠷᠢᠭ ᠲᠣᠬᠢᠷᠠᠭᠤᠯᠵᠣ᠂ 29%  ᠶᠢ ᠡᠵᠡᠯᠡᠨ᠎ᠡ᠃ ᠦᠨᠳᠦᠰᠦᠨ ᠵᠠᠷᠣᠯᠭ᠎ᠠ ᠳᠣᠮᠳᠠ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠠᠰᠠᠷᠠᠮᠵᠢ ᠶᠢᠨ ᠵᠠᠷᠣᠯᠭ᠎ᠠ 66,600 ᠲᠦᠮᠡᠨ ᠲᠦᠭᠦᠷᠢᠭ᠂ ᠲᠠᠸᠠᠷ ᠪᠠ ᠦᠢᠯᠡᠴᠢᠯᠡᠭᠡᠨ ᠤ ᠵᠠᠷᠣᠯᠭ᠎ᠠ ᠳᠠᠷᠣᠢ ᠠᠯᠪᠠᠨ ᠵᠠᠷᠣᠳᠠᠯ 3,027 ᠲᠦᠮᠡᠨ ᠲᠦᠭᠦᠷᠢᠭ᠂ ᠬᠤᠪᠢ ᠬᠦᠮᠦᠨ ᠪᠠ ᠬᠡᠷ ᠪᠦᠯᠢ ᠶᠢᠨ ᠨᠦᠬᠦᠪᠦᠷᠢ ᠶᠢᠨ ᠵᠠᠷᠣᠯᠭ᠎ᠠ 20,106 ᠲᠦᠮᠡᠨ ᠲᠦᠭᠦᠷᠢᠭ ᠪᠣᠢ᠃     ᠴᠢᠳᠠᠪᠬᠢ ᠶᠢᠨ ᠲᠦᠷᠦᠯ ᠢᠶᠠᠷ ᠬᠤᠪᠢᠶᠠᠪᠠᠯ᠄ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢᠨ ᠭᠤᠣᠯ ᠲᠣᠬᠢᠷᠠᠭᠤᠯᠣᠯᠲᠠ ᠶᠢᠨ ᠪᠠᠶᠢᠳᠠᠯ ᠪᠣᠯ᠄    — ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠣᠯᠭ᠎ᠠ ᠶᠢ 14,977 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 514 ᠲᠦᠮᠡᠨ ᠲᠦᠭᠦᠷᠢᠭ ᠨᠡᠮᠡᠭᠳᠡᠭᠦᠯᠵᠦ᠂ 4% ᠢᠶᠠᠷ ᠨᠡᠮᠡᠭᠳᠡᠭᠦᠯᠪᠡ᠂ ᠭᠤᠣᠯᠳᠠᠭᠤ ᠦᠨᠳᠦᠰᠦᠨ ᠱᠠᠲᠣᠨ ᠤ ᠨᠠᠮ ᠤᠨ ᠪᠠᠶᠢᠭᠤᠯᠣᠯᠲᠠ᠂ ᠨᠠᠮ  ᠤᠨ ᠰᠣᠨᠢᠨ ᠰᠡᠳᠬᠦᠯ᠂ ᠦᠨᠳᠦᠰᠦᠲᠡᠨ ᠤ ᠠᠵᠢᠯ ᠤᠨ ᠵᠠᠷᠣᠳᠠᠯ᠂ ᠵᠠᠰᠠᠭ ᠤᠨ ᠣᠷᠳᠣᠨ ᠤ ᠬᠤᠳᠠᠯᠳᠣᠨ ᠠᠪᠣᠯᠲᠠ᠂ ᠵᠠᠬᠢᠳᠠᠯ ᠰᠣᠷᠪᠣᠯᠵᠢᠯᠠᠯ ᠤᠨ ᠪᠡᠯᠡᠳᠬᠡᠯ ᠵᠠᠷᠣᠳᠠᠯ᠂ ᠭᠠᠳᠠᠭᠰᠢ ᠣᠬᠠᠭᠤᠯᠬᠤ ᠵᠠᠷᠣᠳᠠᠯ᠂ ᠬᠤᠷᠠᠯ ᠢ ᠣᠭᠲᠣᠬᠤ᠂ ᠬᠤᠰᠢᠭᠤ ᠪᠠᠶᠢᠭᠤᠯᠣᠭᠳᠠᠭᠰᠠᠨ ᠪᠠᠶᠠᠷ ᠢ ᠣᠭᠳᠣᠬᠤ ᠣᠬᠠᠭᠤᠯᠭ᠎ᠠ ᠶᠢᠨ ᠵᠠᠷᠣᠳᠠᠯ᠂ ᠨᠡᠶᠢᠲᠡ ᠶᠢᠨ ᠦᠮᠴᠢᠯᠡᠯ ᠤᠨ ᠪᠣᠰᠣ ᠵᠠᠷᠣᠳᠠᠯ᠂ ᠺᠠᠳ᠋ᠷᠴᠣᠳ ᠤᠨ ᠪᠣᠯᠪᠠᠰᠣᠷᠠᠯ ᠤᠨ ᠵᠠᠷᠣᠳᠠᠯ᠂ ᠶᠡᠷᠥᠩᠬᠡᠶᠢᠯᠡᠨ ᠵᠠᠰᠠᠬᠤ ᠲᠣᠭᠲᠠᠭᠤᠨ ᠢ ᠬᠠᠮᠠᠭᠠᠯᠠᠬᠤ ᠵᠢᠴᠢ ᠳᠦᠷᠪᠡᠨ ᠶᠡᠭᠡ ᠣᠳᠣᠷᠢᠳᠬᠤ ᠪᠠᠭ ᠤᠨ ᠠᠵᠢᠯ ᠤᠨ ᠵᠠᠷᠣᠳᠠᠯ ᠵᠡᠷᠭᠡ ᠲᠠᠯ᠎ᠠ ᠳᠤ ᠬᠡᠷᠡᠭᠯᠡᠨ᠎ᠡ︔    — ᠣᠯᠠᠨ ᠨᠡᠶᠢᠲᠡ ᠶᠢᠨ ᠠᠮᠣᠷ ᠲᠦᠪᠰᠢᠨ ᠪᠠ ᠣᠯᠣᠰ ᠤᠨ ᠪᠠᠲᠣᠯᠠᠨ ᠬᠠᠮᠠᠭᠠᠯᠠᠯᠲᠠ ᠶᠢᠨ ᠵᠠᠷᠣᠯᠭ᠎ᠠ ᠶᠢ 5,878 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 603 ᠲᠦᠮᠡᠨ ᠲᠦᠭᠦᠷᠢᠭ ᠪᠠᠭᠠᠰᠬᠠᠵᠣ᠂ 9% ᠢᠶᠠᠷ ᠪᠠᠭᠤᠷᠠᠭᠤᠯᠣᠨ᠎ᠠ᠂ ᠭᠤᠣᠯᠳᠠᠭᠤ ᠬᠡᠨᠡᠳᠲᠡ ᠡᠭᠦᠰᠦᠭᠰᠡᠨ ᠬᠡᠷᠡᠭ᠂ ᠠᠷᠠᠳ ᠤᠨ ᠡᠶᠡᠲᠡᠭᠦᠯᠦᠭᠴᠢ ᠶᠢᠨ ᠨᠦᠬᠦᠪᠦᠷᠢ ᠵᠢᠴᠢ ᠳᠣᠲᠣᠭᠠᠳᠣ ᠶᠢ ᠬᠠᠮᠠᠭᠠᠯᠠᠬᠤ ᠪᠠ ᠬᠠᠣᠯᠢ ᠴᠠᠭᠠᠵᠠ  ᠶᠢᠨ ᠲᠣᠬᠠᠶᠢᠯᠠᠭᠰᠠᠨ ᠠᠵᠢᠯ ᠤᠨ ᠵᠠᠷᠣᠳᠠᠯ ᠵᠡᠷᠭᠡ ᠲᠠᠯ᠎ᠠ ᠳᠤ ᠬᠡᠷᠡᠭᠯᠡᠵᠦ᠂ 2017 ᠣᠨ ᠳᠤ ᠪᠠᠶᠢᠴᠠᠭᠠᠬᠤ ᠬᠤᠷᠢᠶ᠎ᠠ ᠪᠠ ᠰᠢᠬᠦᠬᠦ ᠬᠤᠷᠢᠶᠠᠨ ᠤ ᠠᠵᠢᠯ ᠤᠨ ᠪᠠᠶᠢᠷᠢᠨ ᠳᠤ ᠪᠠᠶᠢᠭ᠎ᠠ ᠬᠦᠮᠦᠰ ᠲᠠᠢ ᠬᠤᠯᠪᠣᠭᠳᠠᠬᠤ ᠵᠠᠷᠣᠳᠠᠯ ᠢ ᠳᠡᠭᠡᠭᠰᠢ ᠰᠢᠯᠵᠢᠭᠦᠯᠵᠦ ᠳᠡᠭᠡᠳᠦ ᠱᠠᠲᠣᠨ ᠠᠴᠠ ᠬᠠᠮᠢᠶᠠᠷᠬᠤ ᠪᠣᠯᠣᠨ᠎ᠠ︔    — ᠰᠣᠷᠭᠠᠨ ᠬᠦᠮᠦᠵᠢᠯ ᠤᠨ ᠵᠠᠷᠣᠯᠭ᠎ᠠ ᠶᠢ 28,495 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ  ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 4,932 ᠲᠦᠮᠡᠨ ᠲᠦᠭᠦᠷᠢᠭ ︵2016 ᠣᠨ ᠤ ᠳᠡᠭᠡᠳᠦ ᠱᠠᠲᠣᠨ ᠤ ᠲᠣᠰᠬᠠᠢ ᠵᠦᠢᠯ ᠤᠨ ᠪᠡᠯᠡ ᠮᠦᠩᠬᠦ 353 ᠲᠦᠮᠡᠨ ᠲᠦᠭᠦᠷᠢᠭ ᠢ ᠬᠠᠰᠣᠨ᠎ᠠ︶ ᠨᠡᠮᠡᠭᠳᠡᠭᠦᠯᠵᠦ᠂ 21% ᠢᠶᠠᠷ ᠨᠡᠮᠡᠭᠳᠡᠭᠦᠯᠦᠨ᠎ᠡ᠂ ᠨᠡᠮᠡᠭᠳᠡᠭᠦᠯᠦᠭᠰᠡᠨ ᠭᠤᠣᠯ ᠰᠢᠯᠲᠠᠭᠠᠨ ᠨᠢ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠳᠠᠨ ᠠᠵᠢᠯᠴᠢᠳ ᠤᠨ ᠨᠠᠰᠣᠵᠢᠯ ᠤᠨ ᠳᠠᠭᠠᠳᠬᠠᠯ ᠢ  2017 ᠣᠨ ᠳᠤ ᠡᠯ᠎ᠡ ᠲᠦᠰᠦᠪ ᠤᠨ ᠨᠢᠭᠡᠴᠡ ᠳᠤ ᠵᠢᠬᠰᠠᠭᠠᠨ ᠦᠭᠭᠦᠭᠰᠡᠨ ᠵᠢᠴᠢ 2016 ᠣᠨ ᠤ ᠲᠦᠷᠦ ᠶᠢᠨ ᠪᠣᠳᠣᠯᠭ᠎ᠠ ᠶᠢᠨ ᠴᠢᠨᠠᠷᠲᠠᠢ ᠴᠠᠯᠢᠩ ᠨᠡᠮᠡᠭᠳᠡᠭᠰᠡᠨ ᠠᠴᠠ ᠪᠣᠯᠪᠠ᠂ ᠭᠤᠣᠯᠳᠠᠭᠤ ᠦᠨᠳᠦᠰᠦᠲᠡᠨ ᠤ ᠠᠵᠢᠯ ᠦᠢᠯᠡᠰ ᠤᠨ ᠵᠠᠷᠣᠳᠠᠯ᠂ ᠶᠠᠳᠠᠭᠤ ᠬᠦᠴᠢᠷᠳᠡᠯᠳᠡᠢ ᠰᠣᠷᠣᠭᠴᠢᠳ  ᠤᠨ ᠨᠦᠬᠦᠪᠦᠷᠢ᠂ ᠶᠠᠳᠠᠭᠤ ᠬᠦᠴᠢᠷᠳᠡᠯᠳᠡᠢ ᠦᠨᠳᠦᠷ ᠵᠡᠷᠭᠡ ᠶᠢᠨ ᠳᠣᠮᠳᠠᠳᠣ ᠰᠣᠷᠭᠠᠭᠤᠯᠢ ᠶᠢᠨ ᠰᠣᠷᠣᠭᠴᠢᠳ ᠤᠨ ᠨᠦᠬᠦᠪᠦᠷᠢ ᠵᠡᠷᠭᠡ ᠳᠤ ᠬᠡᠷᠡᠭᠯᠡᠵᠦ᠂ ᠳ᠋ᠠᠶᠠᠨ ᠵᠢᠴᠢ ᠢᠮᠢᠨ ᠭᠠᠵᠠᠷ ᠣᠷᠣᠨ ᠤ ᠰᠣᠷᠭᠠᠭᠤᠯᠢ ᠶᠢᠨ ᠳᠣᠯᠠᠭᠠᠯᠠᠯᠭ᠎ᠠ ᠶᠢᠨ ᠵᠠᠷᠣᠳᠠᠯ ᠵᠢᠴᠢ ᠳᠡᠭᠡᠳᠦ ᠱᠠᠲᠣᠨ ᠤ ᠡᠯ᠎ᠡ ᠲᠦᠷᠦᠯ ᠤᠨ ᠲᠣᠰᠬᠠᠢ ᠵᠦᠢᠯ ᠳᠤ ᠣᠷᠣᠨ ᠨᠣᠲᠤᠭ ᠤᠨ ᠲᠦᠭᠦᠷᠵᠢᠭᠦᠯᠬᠦ ᠪᠡᠯᠡ ᠮᠦᠩᠬᠦ᠂ ᠦᠨᠳᠦᠰᠦᠨ ᠰᠣᠷᠭᠠᠨ ᠬᠦᠮᠦᠵᠢᠯ ᠤᠨ ᠪᠦᠲᠦᠭᠡᠨ ᠪᠠᠶᠢᠭᠤᠯᠣᠯᠲᠠ ᠵᠡᠷᠭᠡ ᠳᠤ ᠬᠡᠷᠡᠭᠯᠡᠨ᠎ᠡ︔    — ᠰᠢᠨᠵᠢᠯᠡᠬᠦ ᠣᠬᠠᠭᠠᠨ ᠮᠡᠷᠭᠡᠵᠢᠯ ᠤᠨ ᠵᠠᠷᠣᠯᠭ᠎ᠠ ᠶᠢ 1,272 ᠲᠦᠮᠡᠨ ᠲᠦᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 3 ᠲᠦᠮᠡᠨ ᠲᠦᠭᠦᠷᠢᠭ ᠨᠡᠮᠡᠭᠳᠡᠵᠦ᠂ ᠭᠤᠣᠯᠳᠠᠭᠤ ᠰᠢᠨᠵᠢᠯᠡᠬᠦ ᠣᠬᠠᠭᠠᠨ ᠮᠡᠷᠭᠡᠵᠢᠯ ᠤᠨ ᠭᠤᠷᠪᠠᠨ ᠲᠦᠷᠦᠯ ᠤᠨ ᠵᠠᠷᠣᠳᠠᠯ ᠳᠤ ᠬᠡᠷᠡᠭᠯᠡᠪᠡ︔    — ᠰᠣᠶᠣᠯ ᠪᠡᠶ᠎ᠡ ᠲᠠᠮᠢᠷ ᠬᠢᠬᠡᠳ ᠵᠠᠭᠤᠴᠢᠯᠠᠭᠤᠷ ᠤᠨ ᠵᠠᠷᠣᠯᠭ᠎ᠠ ᠶᠢ 3,165 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 467 ᠲᠦᠮᠡᠨ ᠲᠦᠭᠦᠷᠢᠭ ᠨᠡᠮᠡᠭᠳᠡᠭᠦᠯᠵᠦ᠂ 17% ᠢᠶᠠᠷ ᠨᠡᠮᠡᠭᠳᠡᠭᠦᠯᠪᠡ᠂ ᠭᠤᠣᠯᠳᠠᠭᠤ ᠰᠣᠶᠣᠯ ᠤᠨ ᠠᠵᠣ ᠦᠢᠯᠡᠰ ᠢ ᠬᠦᠭᠵᠢᠬᠦᠯᠬᠦ ᠲᠣᠰᠬᠠᠢ ᠵᠦᠢᠯ ᠤᠨ ᠵᠠᠷᠣᠳᠠᠯ᠂ ᠠᠷᠠᠳ ᠤᠨ ᠣᠷᠠᠯᠢᠭ ᠤᠨ ᠪᠦᠯᠬᠦᠮ᠂ ᠠᠵᠢᠯᠳᠠᠨ ᠵᠢᠴᠢ ᠠᠯᠪᠠᠨ ᠵᠠᠷᠣᠳᠠᠯ ᠵᠡᠷᠭᠡ ᠲᠠᠯ᠎ᠠ ᠳᠤ ᠬᠡᠷᠡᠭᠯᠡᠨ᠎ᠡ︔   — ᠨᠡᠶᠢᠭᠡᠮ ᠤᠨ ᠪᠠᠲᠣᠯᠠᠪᠣᠷᠢ ᠪᠠ ᠠᠵᠢᠯ ᠣᠯᠭᠤᠯᠲᠠ ᠵᠢᠴᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ  ᠶᠢᠨ ᠵᠠᠷᠣᠯᠭ᠎ᠠ ᠶᠢ 22,792 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 658 ᠲᠦᠮᠡᠨ ᠲᠦᠭᠦᠷᠢᠭ ︵2017 ᠣᠨ ᠤ ᠳᠡᠭᠡᠳᠦ ᠱᠠᠲᠣᠨ ᠤ ᠲᠣᠰᠬᠠᠢ ᠵᠦᠢᠯ ᠤᠨ  ᠪᠡᠯᠡ ᠮᠦᠩᠬᠦ 3,145 ᠲᠦᠮᠡᠨ ᠲᠦᠭᠦᠷᠢᠭ ᠵᠢᠴᠢ 2016 ᠣᠨ ᠤ ᠳᠡᠭᠡᠳᠦ ᠱᠠᠲᠣᠨ ᠤ ᠲᠣᠰᠬᠠᠢ ᠵᠦᠢᠯ ᠤᠨ ᠪᠡᠯᠡ ᠮᠦᠩᠬᠦ 140 ᠲᠦᠮᠡᠨ ᠲᠦᠭᠦᠷᠢᠭ ᠢ ᠬᠠᠰᠣᠨ᠎ᠠ︶  ᠪᠠᠭᠠᠰᠬᠠᠵᠣ᠂ 3% ᠢᠶᠠᠷ ᠪᠠᠭᠤᠷᠠᠭᠤᠯᠪᠠ᠂ ᠭᠤᠣᠯᠳᠠᠭᠤ ᠬᠤᠲᠠ ᠪᠠᠯᠭᠠᠰᠣ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ ᠶᠢᠨ ᠪᠡᠯᠡ ᠮᠦᠩᠬᠦ᠂ ᠮᠠᠯᠵᠢᠬᠤ ᠣᠷᠣᠨ ᠤ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠣᠯᠠᠪᠣᠷᠢ ᠶᠢᠨ ᠪᠡᠯᠡ ᠮᠦᠩᠬᠦ᠂ ᠲᠦᠷ ᠴᠠᠭ ᠤᠨ ᠠᠪᠣᠷᠠᠨ ᠲᠣᠰᠠᠯᠠᠯᠲᠠ ᠶᠢᠨ ᠪᠡᠯᠡ ᠮᠦᠩᠬᠦ᠂ ᠬᠤᠷᠰᠢᠭᠰᠠᠨ ᠡᠮᠨᠡᠯᠭᠡ ᠶᠢᠨ ᠰᠠᠭᠤᠷᠢ ᠮᠦᠩᠬᠦ᠂ ᠳᠠᠬᠢᠨ ᠠᠵᠢᠯ ᠣᠯᠭᠤᠯᠲᠠ ᠶᠢᠨ ᠪᠡᠯᠡ ᠮᠦᠩᠬᠦ᠂ ᠨᠠᠰᠣᠵᠢᠯ ᠤᠨ ᠳᠠᠭᠠᠳᠬᠠᠯ᠂ ᠬᠤᠶᠠᠷ ᠢ ᠬᠦᠷᠢᠶᠡᠯᠡᠬᠦ ᠶᠢᠨ ᠵᠠᠷᠣᠳᠠᠯ᠂ ᠵᠡᠮᠳᠡᠭᠴᠦᠳ ᠤᠨ ᠠᠰᠠᠷᠠᠮᠵᠢ ᠶᠢᠨ ᠮᠦᠩᠬᠦ᠂ ᠠᠯᠪᠠᠨ ᠵᠢᠷᠣᠮ ᠤᠨ ᠴᠡᠷᠢᠭ ᠤᠨ ᠬᠠᠷᠠᠭᠠᠯᠵᠠᠯ ᠤᠨ ᠮᠦᠩᠬᠦ᠂ ᠶᠠᠳᠠᠭᠤ ᠬᠦᠴᠢᠷᠳᠡᠯᠳᠡᠢ ᠣᠶᠣᠳᠠᠳ ᠢ ᠲᠣᠰᠠᠯᠠᠬᠤ ᠮᠦᠩᠬᠦ᠂ ᠠᠵᠣ ᠠᠬᠤᠶᠢᠯᠠᠯ ᠤᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠬᠡᠣᠬᠡᠳ ᠤᠨ ᠰᠣᠷᠭᠠᠨ ᠬᠦᠮᠦᠵᠢᠯ ᠤᠨ ᠠᠵᠢᠯ ᠠᠴᠠ ᠪᠠᠨ ᠪᠠᠭᠤᠭᠰᠠᠨ ᠠᠵᠢᠯᠳᠠᠨ ᠠᠵᠢᠯᠴᠢᠨ ᠤ ᠴᠠᠯᠢᠩ ᠵᠡᠷᠭᠡ ᠲᠠᠯ᠎ᠠ ᠳᠤ ᠬᠡᠷᠡᠭᠯᠡᠨ᠎ᠡ︔    — ᠡᠮᠨᠡᠯᠭᠡ ᠡᠷᠡᠭᠦᠯ ᠬᠠᠮᠠᠭᠠᠯᠠᠯ ᠤᠨ ᠵᠠᠷᠣᠯᠭ᠎ᠠ ᠶᠢ 9,530 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 1,054 ᠲᠦᠮᠡᠨ ᠲᠦᠭᠦᠷᠢᠭ ︵2017 ᠣᠨ ᠤ ᠳᠡᠭᠡᠳᠦ ᠱᠠᠲᠣᠨ ᠤ ᠲᠣᠰᠬᠠᠢ ᠵᠦᠢᠯ ᠤᠨ ᠪᠡᠯᠡ ᠮᠦᠩᠬᠦ 2,508 ᠲᠦᠮᠡᠨ ᠲᠦᠭᠦᠷᠢᠭ ᠵᠢᠴᠢ 2016 ᠣᠨ ᠤ ᠳᠡᠭᠡᠳᠦ ᠱᠠᠲᠣᠨ ᠤ ᠲᠣᠰᠬᠠᠢ ᠵᠦᠢᠯ ᠤᠨ ᠪᠡᠯᠡ ᠮᠦᠩᠬᠦ 120 ᠲᠦᠮᠡᠨ ᠲᠦᠭᠦᠷᠢᠭ ᠢ ᠬᠠᠰᠣᠨ᠎ᠠ︶ ᠨᠡᠮᠡᠭᠳᠡᠭᠦᠯᠵᠦ᠂ 12% ᠢᠶᠠᠷ ᠨᠡᠮᠡᠭᠳᠡᠭᠦᠯᠪᠡ᠂ ᠭᠤᠣᠯᠳᠠᠭᠤ ᠬᠤᠲᠠ ᠶᠢᠨ ᠡᠮᠨᠡᠯᠭᠡ ᠶᠢᠨ ᠠᠪᠣᠷᠠᠨ ᠲᠣᠰᠠᠯᠠᠯᠲᠠ᠂ ᠮᠠᠯᠵᠢᠬᠤ ᠣᠷᠣᠨ ᠤ ᠡᠮᠨᠡᠯᠭᠡ ᠶᠢᠨ ᠠᠪᠣᠷᠠᠨ ᠲᠣᠰᠠᠯᠠᠯᠲᠠ᠂ ᠰᠣᠶᠣᠯ ᠤᠨ ᠬᠤᠪᠢᠰᠬᠠᠯ ᠤᠨ ᠦᠶ᠎ᠡ ᠳᠤ ᠵᠡᠮᠳᠡᠭ ᠪᠣᠯᠣᠭᠰᠠᠳ ᠤᠨ ᠡᠮᠨᠡᠯᠭᠡ ᠶᠢᠨ ᠨᠦᠬᠦᠪᠦᠷᠢ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠢᠴᠢ ᠮᠣᠩᠭᠤᠯ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠵᠠᠷᠣᠳᠠᠯ᠂ ᠬᠤᠲᠠ ᠪᠠᠯᠭᠠᠰᠣ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠣᠭᠰᠠᠨ ᠬᠡᠮᠲᠦᠯ ᠤᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠡᠭᠲᠡᠶᠢᠴᠣᠳ ᠤᠨ ᠡᠪᠡᠳᠴᠢᠨ ᠢ ᠨᠡᠶᠢᠳᠡᠮ ᠪᠠᠶᠢᠴᠠᠭᠠᠬᠤ ᠵᠡᠷᠭᠡ ᠳᠤ ᠬᠡᠷᠡᠭᠯᠡᠨ᠎ᠡ︔    — ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠵᠠᠷᠣᠯᠭ᠎ᠠ ᠶᠢ 1,797 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 600 ᠲᠦᠮᠡᠨ ᠲᠦᠭᠦᠷᠢᠭ ᠨᠡᠮᠡᠭᠳᠡᠭᠦᠯᠵᠦ᠂ 50% ᠢᠶᠠᠷ ᠨᠡᠮᠡᠭᠳᠡᠭᠦᠯᠪᠡ᠂ ᠨᠡᠮᠡᠭᠳᠡᠭᠦᠯᠦᠭᠰᠡᠨ ᠭᠤᠣᠯ ᠰᠢᠯᠲᠠᠭᠠᠨ ᠨᠢ 2017 ᠣᠨ ᠤ ᠪᠣᠬᠢᠷᠳᠣᠯ ᠡᠳ᠋ ᠭᠠᠳᠠᠭᠰᠢᠯᠠᠭᠤᠯᠬᠤ ᠵᠠᠷᠣᠳᠠᠯ ᠤᠨ ᠲᠦᠰᠦᠪ ᠤᠨ ᠣᠷᠣᠯᠭ᠎ᠠ ᠨᠢ ᠳᠡᠭᠡᠷ᠎ᠡ ᠵᠢᠯ ᠤᠨ ᠵᠢᠯ ᠤᠨ ᠡᠬᠢᠨ  ᠤ ᠲᠦᠰᠦᠪ ᠲᠠᠢ ᠠᠳᠠᠯᠢᠳᠬᠠᠪᠠᠯ 482 ᠲᠦᠮᠡᠨ ᠲᠦᠭᠦᠷᠢᠭ ᠨᠡᠮᠡᠭᠳᠡᠭᠰᠡᠨ ᠠᠴᠠ ᠪᠣᠯᠪᠠ᠃ ᠭᠤᠣᠯᠳᠠᠭᠤ ᠪᠣᠬᠢᠷᠳᠣᠯ ᠡᠳ᠋ ᠢ ᠭᠠᠳᠠᠭᠰᠢᠯᠠᠭᠤᠯᠬᠤ ᠵᠠᠷᠣᠳᠠᠯ ᠳᠤ ᠬᠡᠷᠡᠭᠯᠡᠨ᠎ᠡ︔     — ᠬᠤᠲᠠ ᠬᠦᠳᠡᠭᠡ ᠶᠢᠨ ᠨᠡᠶᠢᠭᠡᠮ ᠲᠣᠭᠤᠷᠢᠭ ᠤᠨ ᠬᠡᠷᠡᠭ ᠶᠠᠪᠣᠳᠠᠯ ᠤᠨ ᠵᠠᠷᠣᠯᠭ᠎ᠠ ᠶᠢ 7,522 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 2131 ᠲᠦᠮᠡᠨ ᠲᠦᠭᠦᠷᠢᠭ ᠪᠠᠭᠠᠰᠠᠬᠠᠵᠣ᠂ 22% ᠢᠶᠠᠷ ᠪᠠᠭᠤᠷᠠᠭᠤᠯᠪᠠ᠂ ᠪᠠᠭᠤᠷᠠᠭᠤᠯᠣᠭᠰᠠᠨ ᠭᠤᠣᠯ ᠰᠢᠯᠳᠠᠭᠠᠨ ᠨᠢ 2017 ᠣᠨ ᠳᠤ ︵ ᠵᠠᠰᠠᠭ ᠤᠨ ᠣᠷᠳᠣᠨ ᠤ ᠦᠩᠭᠡᠷᠡᠭᠰᠡᠨ ᠵᠢᠯ ᠤᠨ ᠲᠦᠷᠦᠯ ᠵᠦᠢᠯ ᠤᠨ ᠦᠷᠢᠲᠦᠭᠰᠡᠨ ᠦᠷᠢ ᠰᠢᠷᠢ ᠶᠢ ᠢᠯᠭᠠᠷᠠᠭᠤᠯᠬᠤ ᠶᠢ ᠲᠣᠬᠢᠷᠠᠭᠤᠯᠣᠭᠠᠳᠣᠢ︶ ᠭᠤᠣᠯᠳᠠᠭᠤ ᠲᠣᠯᠠᠭᠠᠯᠠᠯᠭ᠎ᠠ ᠶᠢᠨ ᠵᠠᠷᠣᠳᠠᠯ᠂ ᠵᠠᠮ ᠤᠨ ᠳ᠋ᠧᠩ ᠤᠨ ᠴᠠᠬᠢᠯᠭᠠᠨ ᠤ ᠵᠠᠷᠣᠳᠠᠯ᠂ ᠣᠷᠴᠢᠨ ᠲᠣᠭᠤᠷᠢᠨ ᠤ ᠬᠠᠮᠠᠭᠠᠯᠠᠯ᠂ ᠡᠷᠡᠭᠦᠯ ᠢ ᠬᠠᠮᠠᠭᠠᠯᠠᠬᠤ ᠭᠠᠵᠠᠷ᠂ ᠴᠢᠬᠢ ᠮᠣᠳᠣᠨ ᠤ ᠬᠦᠷᠢᠶᠡᠯᠡᠩ᠂ ᠬᠠᠣᠯᠢ ᠬᠡᠷᠡᠭᠵᠢᠬᠦᠯᠬᠦ ᠶᠡᠭᠡ ᠠᠩᠬᠢ ︵ ᠨᠣᠭᠤᠭᠠᠷᠠᠭᠤᠯᠬᠤ᠂ ᠰᠢᠳᠠᠭᠠᠯᠭ᠎ᠠ ᠶᠢᠨ ᠲᠣᠰᠣ᠂ ᠠᠷᠠᠴᠢᠯᠠᠨ ᠬᠠᠮᠠᠭᠠᠯᠠᠬᠤ ᠵᠡᠷᠭᠡ︶᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠵᠠᠷᠣᠳᠠᠯ ︵ ᠭᠤᠣᠯᠳᠠᠭᠤ ᠵᠣᠭᠠᠴᠠᠯ᠂ ᠬᠤᠷᠠᠯ ᠢ ᠣᠭᠳᠣᠬᠤ᠂ ᠬᠤᠰᠢᠭᠤ ᠪᠠᠶᠢᠭᠤᠯᠣᠭᠳᠠᠭᠰᠠᠨ ᠪᠠᠶᠠᠷ ᠢ ᠣᠭᠳᠣᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠵᠠᠷᠣᠳᠠᠯ ᠳᠤ ᠬᠡᠷᠡᠭᠯᠡᠨ᠎ᠡ︶᠂ ᠲᠦᠯᠦᠪᠵᠢᠭᠦᠯᠭᠡ ᠶᠢᠨ ᠵᠠᠷᠣᠳᠠᠯ ︵ ᠲᠦᠪ ᠬᠤᠲᠠ ᠲᠣᠭᠤᠷᠢᠭ ᠢ ᠨᠢᠭᠡ ᠴᠣᠭᠴᠠᠵᠢᠭᠤᠯᠬᠤ ᠵᠢᠴᠢ ᠦᠪᠡᠷᠮᠢᠴᠡ ᠣᠨᠴᠠᠯᠢᠭᠲᠣ ᠵᠢᠵᠢᠭ ᠪᠠᠯᠭᠠᠰᠣ ᠶᠢᠨ ᠲᠦᠯᠦᠪᠵᠢᠭᠦᠯᠭᠡ ᠶᠢᠨ ᠵᠠᠷᠣᠳᠠᠯ  ᠳᠤ ᠭᠤᠣᠯᠳᠠᠯᠭ᠎ᠠ ᠲᠠᠢ ᠬᠡᠷᠡᠭᠯᠡᠨ᠎ᠡ︶ ᠵᠡᠷᠭᠡ ᠲᠠᠯ᠎ᠠ ᠳᠤ ᠬᠡᠷᠡᠭᠯᠡᠨ᠎ᠡ︔    — ᠲᠠᠷᠢᠶᠠᠯᠠᠩ ᠣᠢ ᠰᠢᠭᠤᠢ ᠣᠰᠣᠨ ᠤ ᠶᠠᠪᠣᠳᠠᠯ ᠤᠨ ᠵᠠᠷᠣᠯᠭ᠎ᠠ ᠶᠢ 9,229 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 843 ᠲᠦᠮᠡᠨ ᠲᠦᠭᠦᠷᠢᠭ ︵2016 ᠣᠨ ᠤ ᠳᠡᠭᠡᠳᠦ ᠱᠠᠲᠣᠨ ᠤ ᠲᠣᠰᠬᠠᠢ ᠵᠦᠢᠯ ᠤᠨ ᠪᠡᠯᠡ ᠮᠦᠩᠬᠦ 500 ᠲᠦᠮᠡᠨ ᠲᠦᠭᠦᠷᠢᠭ ᠢ ᠬᠠᠰᠣᠨ᠎ᠠ︶ ᠪᠠᠭᠠᠰᠬᠠᠵᠣ᠂ 8% ᠢᠶᠠᠷ ᠪᠠᠭᠤᠷᠠᠭᠤᠯᠪᠠ᠂ ᠭᠤᠣᠯᠳᠠᠭᠤ ᠭᠤᠷᠪᠠᠨ ᠣᠮᠠᠷᠠᠳᠣ ᠶᠢᠨ ᠬᠠᠯᠬᠠᠪᠴᠢ ᠣᠢ᠂ ᠢᠮᠢᠨ ᠭᠤᠣᠯ ᠤᠨ ᠵᠡᠬᠦᠨ ᠡᠷᠬᠢ ᠶᠢᠨ ᠡᠯᠡᠰᠦᠷᠬᠡᠭ ᠭᠠᠵᠠᠷ ᠢ ᠣᠶᠢᠵᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠣᠯᠲᠠ ᠶᠢᠨ ᠢᠨᠵᠧᠨᠧᠷᠢᠩ ︵︽ᠭᠤᠷᠪᠠ ᠶᠢ ᠲᠣᠰᠬᠤᠨ ᠳᠤ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾ ᠢᠨᠵᠧᠨᠧᠷᠢᠩ︶᠂ ︽ ᠨᠢᠭᠡ ᠬᠡᠷᠡᠭ ᠢ ᠨᠢᠭᠡ ᠵᠦᠪᠯᠡᠬᠦ︾ ᠲᠦᠷᠦᠯ ᠵᠦᠢᠯ ᠤᠨ ᠣᠷᠣᠨ ᠨᠣᠲᠤᠭ ᠤᠨ ᠲᠦᠭᠦᠷᠵᠢᠭᠦᠯᠬᠦ ᠪᠡᠯᠡ ᠮᠦᠩᠬᠦ᠂ ᠲᠣᠰᠬᠤᠨ ᠤ ᠱᠠᠲᠣ ᠶᠢᠨ ᠬᠠᠮᠲᠣ ᠶᠢᠨ ᠠᠵᠣ ᠠᠬᠤᠢ ᠶᠢᠨ ᠬᠦᠭᠵᠢᠯᠲᠡ ᠶᠢ ᠲᠡᠳᠬᠦᠬᠦ ᠲᠣᠷᠰᠢᠯᠲᠠ ᠶᠢᠨ ᠴᠢᠭ᠋ ᠲᠤ ᠲᠦᠭᠦᠷᠵᠢᠭᠦᠯᠬᠦ ᠵᠡᠷᠭᠡ ᠲᠠᠯ᠎ᠠ ᠳᠤ ᠬᠡᠷᠡᠭᠯᠡᠨ᠎ᠡ︔    — ᠵᠠᠮ ᠬᠠᠷᠢᠯᠴᠠᠭ᠎ᠠ ᠲᠡᠭᠡᠭᠡᠪᠦᠷᠢ᠂ ᠡᠬᠢ ᠪᠠᠶᠠᠯᠢᠭ ᠢ ᠬᠠᠶᠢᠨ ᠪᠠᠶᠢᠴᠠᠭᠠᠬᠤ ᠴᠠᠬᠢᠯᠭᠠᠨ ᠬᠦᠴᠦᠨ ᠤ ᠮᠡᠳᠡᠭᠡ ᠵᠠᠩᠬᠢ᠂ ᠬᠤᠳᠠᠯᠳᠣᠭᠠᠨ ᠤ ᠪᠠ ᠦᠢᠯᠡᠴᠢᠯᠡᠭᠡᠨ ᠤ ᠦᠢᠯᠡᠰ᠂ ᠮᠦᠩᠬᠦᠨ ᠬᠦᠢᠯᠭᠡᠭᠡᠨ ᠤ ᠬᠢᠨᠠᠨ ᠬᠠᠮᠢᠶᠠᠷᠣᠯᠲᠠ᠂ ᠠᠮᠣ ᠲᠣᠰᠣ ᠡᠳ᠋ ᠪᠣᠳᠠᠰ ᠨᠦᠬᠡᠴᠡᠯᠡᠬᠦ ᠰᠠᠭᠤᠷᠢ ᠮᠦᠩᠬᠦ ᠶᠢᠨ ᠬᠠᠮᠢᠶᠠᠷᠤᠯᠲᠠ ᠵᠡᠷᠭᠡ ᠬᠡᠷᠡᠭ ᠶᠠᠪᠣᠳᠠᠯ ᠤᠨ ᠵᠠᠷᠣᠯᠭ᠎ᠠ  ᠶᠢ 1,796 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 377 ᠲᠦᠮᠡᠨ ᠲᠦᠭᠦᠷᠢᠭ  ︵2016 ᠣᠨ ᠤ ᠳᠡᠭᠡᠳᠦ ᠱᠠᠲᠣᠨ ᠤ ᠲᠣᠰᠬᠠᠢ ᠵᠦᠢᠯ ᠤᠨ ᠪᠠᠯᠨ ᠮᠦᠩᠬᠦ 97 ᠲᠦᠮᠡᠨ ᠲᠦᠭᠦᠷᠢᠭ ᠢ ᠬᠠᠰᠣᠨ᠎ᠠ︶ ᠨᠡᠮᠡᠭᠳᠡᠭᠦᠯᠵᠦ᠂ 27% ᠢᠶᠠᠷ ᠨᠡᠮᠡᠭᠳᠡᠭᠦᠯᠪᠡ᠂ ᠭᠤᠣᠯᠳᠠᠭᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠠᠷᠣᠳᠠᠯ᠂ ᠨᠡᠶᠢᠲᠡ ᠶᠢᠨ ᠮᠠᠰᠢᠨ ᠲᠡᠷᠭᠡ ᠶᠢᠨ ᠦᠷᠲᠡᠭᠡ ᠴᠢᠭ᠋ ᠢ ᠪᠦᠲᠦᠭᠡᠨ ᠪᠠᠶᠢᠭᠤᠯᠬᠤ ᠪᠡᠯᠡ ᠮᠦᠩᠭᠦ᠂ ᠵᠣᠭᠠᠴᠠᠯ ᠢ ᠬᠦᠭᠵᠢᠬᠦᠯᠬᠦ ᠰᠠᠭᠤᠷᠢ ᠮᠦᠩᠬᠦ ᠵᠡᠷᠭᠡ ᠲᠠᠯ᠎ᠠ ᠳᠤ ᠬᠡᠷᠡᠭᠯᠡᠨ᠎ᠡ︔     — ᠣᠯᠣᠰ ᠤᠨ ᠭᠠᠵᠠᠷ ᠰᠢᠷᠣᠢ ᠡᠬᠢ ᠪᠠᠶᠠᠯᠢᠭ ᠴᠠᠭ ᠠᠭᠤᠷ ᠵᠡᠷᠭᠡ ᠬᠡᠷᠡᠭ ᠶᠡᠪᠣᠳᠠᠯ ᠤᠨ ᠵᠠᠷᠣᠯᠭ᠎ᠠ ᠶᠢ 947 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 104 ᠲᠦᠮᠡᠨ ᠲᠦᠭᠦᠷᠢᠭ ᠨᠡᠮᠡᠭᠳᠡᠭᠦᠯᠵᠦ᠂ 12% ᠢᠶᠠᠷ ᠨᠡᠮᠡᠭᠳᠡᠭᠦᠯᠪᠡ᠂ ᠭᠤᠣᠯᠳᠠᠭᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠣᠯᠲᠠ᠂ ᠬᠡᠮᠵᠢᠨ ᠵᠢᠷᠣᠭᠯᠠᠬᠤ᠂ ᠴᠠᠭ ᠠᠭᠤᠷ ᠵᠡᠷᠭᠡ ᠳᠤ ᠬᠡᠷᠡᠭᠯᠡᠨ᠎ᠡ︔    — ᠣᠷᠣᠨ ᠰᠠᠭᠤᠴᠠ ᠶᠢᠨ ᠪᠠᠲᠣᠯᠠᠪᠣᠷᠢ ᠶᠢᠨ ᠵᠠᠷᠣᠯᠭ᠎ᠠ ᠶᠢ 5,421 ᠲᠦᠮᠡᠨ ᠲᠦᠭᠦᠷᠢᠭ ᠲᠣᠬᠢᠷᠠᠭᠤᠯᠵᠣ ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 38 ᠲᠦᠮᠡᠨ ᠲᠦᠭᠦᠷᠢᠭ ᠨᠡᠮᠡᠭᠳᠡᠭᠦᠯᠵᠦ᠂ 1% ᠢᠶᠠᠷ ᠨᠡᠮᠡᠭᠳᠡᠭᠦᠯᠪᠡ᠂ ᠭᠤᠣᠯᠳᠠᠭᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠵᠡᠷᠭᠡ   ᠳᠤ ᠬᠡᠷᠡᠭᠯᠡᠨ᠎ᠡ︔     — ᠪᠣᠰᠣᠳ ᠵᠠᠷᠣᠯᠭ᠎ᠠ ᠶᠢ 6,013 ᠲᠦᠮᠡᠨ ᠲᠦᠭᠦᠷᠢᠭ ᠲᠣᠬᠢᠷᠠᠭᠤᠯᠵᠣ᠂ ᠳᠡᠭᠡᠷ᠎ᠡ ᠵᠢᠯ ᠤᠨ ᠵᠢᠯ ᠤᠨ ᠡᠬᠢᠨ ᠤ ᠲᠦᠰᠦᠪ ᠲᠠᠢ ᠠᠳᠠᠯᠢᠳᠬᠠᠪᠠᠯ 5,327 ᠲᠦᠮᠡᠨ ᠲᠦᠭᠦᠷᠢᠭ ᠪᠠᠭᠠᠰᠬᠠᠪᠠ᠂ ᠭᠤᠣᠯᠳᠠᠭᠤ ᠵᠢᠭᠡᠯᠡᠯᠭᠡ ᠪᠣᠴᠠᠭᠠᠬᠤ ᠪᠡᠯᠡᠳᠬᠡᠯ ᠪᠡᠯᠡ ᠮᠦᠩᠬᠦ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠵᠢᠴᠢ ᠠᠯᠪᠠᠨ ᠲᠡᠷᠭᠡᠨ ᠤ ᠦᠭᠡᠷᠡᠴᠢᠯᠡᠯᠲᠡ ᠬᠢᠭᠰᠡᠨ ᠤ ᠳᠠᠷᠠᠭᠠᠬᠢ ᠲᠡᠷᠭᠡᠨ ᠤ ᠨᠦᠬᠦᠪᠦᠷᠢ ᠮᠦᠩᠭᠦ ᠶᠢ ᠥᠭᠬᠦ ᠳᠤ ᠬᠡᠷᠡᠭᠯᠡᠨ᠎ᠡ︔     — ᠪᠡᠯᠡᠳᠬᠡᠯ ᠵᠠᠷᠣᠳᠠᠯ ᠢ 1,000 ᠲᠦᠮᠡᠨ ᠲᠦᠭᠦᠷᠢᠭ ᠲᠣᠬᠢᠷᠠᠭᠤᠯᠵᠣ᠂ ᠰᠢᠨ᠎ᠡ ︽ ᠲᠦᠰᠦᠪ ᠤᠨ ᠬᠠᠣᠯᠢ︾ ᠶᠢᠨ ᠱᠠᠭᠠᠷᠳᠠᠯᠭ᠎ᠠ ᠶᠣᠰᠣᠭᠠᠷ᠂ ᠲᠦᠰᠦᠪ ᠢ ᠬᠦᠢᠴᠡᠳᠬᠡᠬᠦ ᠶᠠᠪᠣᠴᠠ ᠳᠤ ᠳᠣᠬᠢᠶᠠᠯᠳᠣᠬᠤ ᠪᠠᠶᠢᠭᠠᠯᠢ ᠶᠢᠨ ᠭᠠᠮᠰᠢᠭ ᠵᠡᠷᠭᠡ ᠬᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠳᠤ ᠨᠡᠮᠡᠭᠳᠡᠬᠦ ᠵᠠᠷᠣᠯᠭ᠎ᠠ ᠵᠢᠴᠢ ᠪᠣᠰᠣᠳ ᠵᠢᠱᠢᠭᠦᠶ᠎ᠡ ᠪᠡᠷᠭᠡ ᠬᠡᠷᠡᠭ ᠶᠠᠪᠣᠳᠠᠯ ᠤᠨ ᠵᠠᠷᠣᠳᠠᠯ ᠤᠨ ᠵᠠᠷᠣᠯᠭ᠎ᠠ ᠳᠤ ᠬᠡᠷᠡᠭᠯᠡᠨ᠎ᠡ︔      ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦ ᠶᠢᠨ ᠲᠦᠰᠦᠪ ᠤᠨ ᠲᠣᠬᠢᠷᠠᠭᠤᠯᠣᠯᠲᠠ  ᠶᠢᠨ ᠪᠠᠶᠢᠳᠠᠯ      ᠣᠳᠣᠬᠢ ᠬᠡᠷᠡᠭᠵᠢᠭᠦᠯᠵᠦ ᠪᠠᠶᠢᠭ᠎ᠠ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ 2017 ᠣᠨ ᠤ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦ ᠶᠢᠨ ᠣᠷᠣᠯᠭ᠎ᠠ ᠶᠢ 2,260 ᠲᠦᠮᠡᠨ ᠲᠦᠭᠦᠷᠢᠭ ᠲᠣᠬᠢᠷᠠᠭᠤᠯᠵᠣ᠂ 2016 ᠣᠨ ᠤ ᠪᠡᠶᠡᠯᠡᠭᠦᠯᠦᠭᠰᠡᠨ ᠲᠤᠭ᠎ᠠ ᠲᠠᠢ ᠠᠳᠠᠯᠢᠳᠬᠠᠪᠠᠯ 4,240 ᠲᠦᠮᠡᠨ ᠲᠦᠭᠦᠷᠢᠭ ᠪᠠᠭᠠᠰᠠᠬᠠᠵᠣ᠂ 65% ᠢᠶᠠᠷ ᠪᠠᠭᠤᠷᠠᠭᠤᠯᠪᠠ᠃ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 10,909 ᠲᠦᠮᠡᠨ ᠲᠦᠭᠦᠷᠢᠭ᠂ ᠦᠷᠢ ᠲᠦᠯᠦᠬᠦ ᠪᠠᠷ ᠪᠠᠶᠢᠭ᠎ᠠ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠦᠯᠡᠳᠡᠪᠦᠷᠢ ᠨᠢ 16,928 ᠲᠦᠮᠡᠨ ᠲᠦᠭᠦᠷᠢᠭ᠃ ᠰᠠᠭᠤᠷᠢ ᠮᠦᠩᠬᠦ ᠶᠢᠨ ᠣᠷᠣᠯᠭ᠎ᠠ ᠶᠢᠨ ᠢᠷᠡᠯᠲᠡ ᠨᠢ ᠭᠤᠣᠯᠳᠠᠭᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠢ ᠲᠦᠯᠦᠪᠦᠷᠢ ᠲᠠᠢ ᠬᠡᠷᠡᠭᠯᠡᠬᠦ ᠵᠠᠷᠣᠳᠠᠯ᠂ ᠣᠰᠣᠨ ᠠᠰᠢᠭᠯᠠᠯᠲᠠ  ᠶᠢᠨ ᠪᠦᠲᠦᠭᠡᠨ ᠪᠠᠶᠢᠭᠤᠯᠣᠯᠲᠠ ᠶᠢᠨ ᠰᠠᠭᠤᠷᠢ ᠮᠦᠩᠬᠦ ᠵᠡᠷᠭᠡ ᠪᠣᠯᠣᠨ᠎ᠠ᠃ ︽ ᠣᠷᠣᠯᠭ᠎ᠠ ᠪᠠᠷ ᠵᠠᠷᠣᠯᠭ᠎ᠠ ᠶᠢ ᠲᠣᠭᠲᠠᠭᠠᠬᠤ᠂ ᠲᠣᠰᠬᠠᠢ ᠵᠦᠢᠯ ᠤᠨ ᠪᠡᠯᠡ ᠮᠦᠩᠬᠦ ᠶᠢ ᠲᠣᠰᠬᠠᠢ ᠵᠦᠢᠯ ᠳᠤ ᠬᠡᠷᠡᠭᠯᠡᠬᠦ︾ ᠵᠠᠷᠴᠢᠮ ᠶᠣᠰᠣᠭᠠᠷ᠂ 2017 ᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦ ᠶᠢᠨ ᠵᠠᠷᠣᠯᠭ᠎ᠠ ᠶᠢ 30,097 ᠲᠦᠮᠡᠨ ᠲᠦᠭᠦᠷᠢᠭ ᠲᠣᠬᠢᠷᠠᠭᠤᠯᠵᠣ᠂ ᠭᠤᠣᠯᠳᠠᠭᠤ ᠪᠠᠲᠣᠯᠠᠪᠣᠷᠢ ᠶᠢᠨ ᠴᠢᠨᠠᠷᠲᠠᠢ ᠣᠷᠣᠨ ᠰᠠᠭᠤᠴᠠ ᠶᠢᠨ ᠢᠨᠵᠧᠨᠧᠷᠢᠩ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ᠂ ᠣᠰᠣᠨ ᠠᠰᠢᠭᠯᠠᠯᠲᠠ ᠶᠢᠨ ᠰᠠᠭᠤᠷᠢ ᠲᠦᠭᠦᠭᠡᠷᠦᠮᠵᠢ  ᠶᠢᠨ ᠪᠦᠲᠦᠭᠡᠨ ᠪᠠᠶᠢᠭᠤᠯᠣᠯᠲᠠ᠂ ᠭᠠᠵᠠᠷ ᠰᠢᠷᠣᠢ ᠶᠢ ᠲᠡᠭᠰᠢᠯᠡᠬᠦ᠂ ᠦᠨᠳᠦᠰᠦᠲᠡᠨ ᠤ ᠪᠡᠶ᠎ᠡ ᠲᠠᠮᠢᠷ ᠤᠨ ᠲᠦᠪ ᠪᠠᠶᠢᠭᠤᠯᠬᠤ ᠵᠡᠷᠭᠡ ᠠᠰᠠᠷᠠᠮᠵᠢ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠵᠠᠷᠣᠯᠭ᠎ᠠ ᠳᠤ ᠬᠡᠷᠡᠭᠯᠡᠨ᠎ᠡ᠃      ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠲᠦᠰᠦᠪ ᠤᠨ ᠲᠣᠬᠢᠷᠠᠭᠤᠯᠤᠯᠲᠠ ᠶᠢᠨ ᠪᠠᠶᠢᠳᠠᠯ     ᠣᠳᠣᠬᠢ ᠬᠡᠷᠡᠭᠵᠢᠭᠦᠯᠵᠦ ᠪᠠᠶᠢᠭ᠎ᠠ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠲᠦᠰᠦᠪ ᠢ ᠨᠡᠶᠢᠷᠠᠭᠤᠯᠣᠨ ᠵᠣᠬᠢᠶᠠᠬᠤ ᠬᠦᠷᠢᠶ᠎ᠡ ᠬᠡᠪᠴᠢᠶ᠎ᠡ ᠪᠠ ᠱᠠᠭᠠᠷᠳᠠᠯᠭ᠎ᠠ ᠶᠢ ᠦᠨᠳᠦᠰᠦᠯᠡᠨ᠂ 2017 ᠣᠨ ᠤ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠣᠷᠣᠯᠭ᠎ᠠ ᠶᠢ 120,290ᠲᠦᠮᠡᠨ ᠲᠦᠭᠦᠷᠢᠭ ︵2017 ᠣᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ  ᠶᠢᠨ ᠦᠨᠳᠦᠰᠦᠨ ᠨᠠᠰᠣᠵᠢᠯ ᠤᠨ ᠳᠠᠭᠠᠳᠬᠠᠯ ᠤᠨ ᠰᠠᠭᠤᠷᠢ ᠮᠦᠩᠬᠦ ᠶᠢᠨ ᠣᠷᠣᠯᠭ᠎ᠠ ᠶᠢ ᠪᠠᠭᠲᠠᠭᠠᠨ᠎ᠠ︶ ᠲᠣᠬᠢᠷᠠᠭᠤᠯᠪᠠ᠂ ᠣᠷᠣᠯᠭ᠎ᠠ ᠶᠢᠨ ᠢᠷᠡᠯᠲᠡ ᠨᠢ ᠭᠤᠣᠯᠳᠠᠭᠤ ᠡᠯ᠎ᠡ ᠵᠦᠢᠯ ᠤᠨ ᠳᠠᠭᠠᠳᠬᠠᠯ ᠤᠨ ᠵᠠᠷᠣᠳᠠᠯ᠂ ᠡᠳ᠋ ᠤᠨ ᠵᠠᠰᠠᠭ ᠤᠨ ᠨᠦᠬᠦᠪᠦᠷᠢ ᠵᠡᠷᠭᠡ ᠣᠷᠣᠯᠭ᠎ᠠ ᠪᠣᠯᠣᠨ᠎ᠠ᠃ 2017 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠵᠠᠷᠣᠯᠭ᠎ᠠ ᠶᠢ 105,567 ᠲᠦᠮᠡᠨ ᠲᠦᠭᠦᠷᠢᠭ ︵2017 ᠣᠨ ᠤ ᠪᠠᠶᠢᠭᠤᠯᠭ᠎ᠠ ᠠᠵᠢᠯ ᠦᠢᠯᠡᠰ  ᠤᠨ ᠨᠢᠭᠡᠴᠡ ᠶᠢᠨ ᠦᠨᠳᠦᠰᠦᠨ ᠨᠠᠰᠣᠵᠢᠯ ᠤᠨ ᠳᠠᠭᠠᠳᠬᠠᠯ ᠤᠨ ᠰᠠᠭᠤᠷᠢ ᠮᠦᠩᠬᠦ ᠶᠢᠨ ᠵᠠᠷᠣᠳᠠᠯ ᠢ ᠪᠠᠭᠲᠠᠭᠠᠨ᠎ᠠ︶ ᠲᠣᠬᠢᠷᠠᠭᠤᠯᠵᠣ᠂ ᠭᠤᠣᠯᠳᠠᠭᠤ ᠠᠵᠣ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠣᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠬᠤᠲᠠ ᠪᠠᠯᠭᠠᠰᠣ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠣᠭᠰᠠᠨ ᠬᠡᠮᠳᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠵᠠᠷᠣᠯᠭ᠎ᠠ ᠳᠤ ᠬᠡᠷᠡᠭᠯᠡᠨ᠎ᠡ᠃ 2017 ᠣᠨ ᠤ ᠦᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠣᠨ ᠤ ᠨᠡᠶᠢᠭᠡᠮ  ᠤᠨ ᠳᠠᠭᠠᠳᠬᠠᠯ ᠤᠨ ᠰᠠᠭᠤᠷᠢ ᠮᠦᠩᠬᠦ ᠶᠢᠨ ᠣᠷᠣᠯᠭ᠎ᠠ ᠵᠠᠷᠣᠯᠭ᠎ᠠ ᠶᠢᠨ ᠦᠯᠡᠳᠡᠪᠦᠷᠢ 14,722 ᠲᠦᠮᠡᠨ ᠲᠦᠭᠦᠷᠢᠭ᠂ ᠵᠢᠯ ᠤᠨ ᠡᠴᠦᠰ ᠤᠨ ᠥᠩᠭᠦᠷᠢᠭᠡ ᠦᠯᠡᠳᠡᠪᠦᠷᠢ 152,480 ᠲᠦᠮᠡᠨ ᠲᠦᠭᠦᠷᠢᠭ ᠪᠣᠯᠣᠨ᠎ᠠ᠃      ᠭᠤᠷᠪᠠ᠂ 2017 ᠣᠨ ᠤ ᠲᠦᠰᠦᠪ ᠤᠨ ᠡᠭᠦᠷᠭᠡ ᠶᠢ ᠪᠡᠶᠡᠯᠡᠭᠦᠯᠬᠦ ᠠᠵᠢᠯ ᠤᠨ ᠠᠷᠭ᠎ᠠ ᠬᠡᠮᠵᠢᠶ᠎ᠡ    ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠣᠨ ᠤ 2017 ᠣᠨ ᠤ ᠠᠵᠢᠯ ᠤᠨ ᠶᠡᠷᠥᠩᠬᠡᠢ ᠴᠣᠭᠴᠠ ᠶᠢᠨ ᠱᠠᠭᠠᠷᠳᠠᠯᠭ᠎ᠠ ᠶᠢ ᠦᠨᠳᠦᠰᠦᠯᠡᠨ᠂ 2017 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠯᠠᠪᠲᠠᠶᠢᠶ᠎ᠠ ᠪᠡᠶᠡᠯᠡᠬᠦᠯᠬᠦ ᠶᠢᠨ ᠲᠦᠯᠦᠭᠡ᠂ ᠳᠣᠣᠷᠠᠬᠢ ᠮᠡᠲᠦ ᠶᠢᠨ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠬᠦ ᠬᠡᠷᠡᠭᠲᠡᠢ ᠪᠠᠶᠢᠨ᠎ᠠ᠄     ︵ᠨᠢᠭᠡ︶ ᠲᠦᠰᠦᠪ ᠤᠨ ᠬᠠᠮᠢᠶᠠᠷᠣᠯᠲᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠣᠯᠠᠨ ᠨᠡᠶᠢᠲᠡ  ᠶᠢᠨ ᠡᠳ᠋ ᠤᠨ ᠵᠠᠰᠠᠭ ᠤᠨ ᠰᠢᠰᠲ᠋ᠧᠮ ᠢ ᠲᠡᠭᠦᠯᠳᠡᠷᠵᠢᠭᠦᠯᠦᠨ᠎ᠡ     ᠨᠢᠭᠡ ᠳᠤ ᠰᠢᠨ᠎ᠡ ︽ᠲᠦᠰᠦᠪ ᠤᠨ ᠬᠠᠣᠯᠢ︾ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠣᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠡᠷᠥᠩᠬᠡᠢ ᠴᠣᠭᠴᠠ  ᠶᠢᠨ ᠱᠠᠭᠠᠷᠳᠠᠯᠭ᠎ᠠ ᠶᠣᠰᠣᠭᠠᠷ᠂ ᠨᠡᠶᠢᠭᠡᠮ ᠵᠢᠷᠣᠮᠲᠣ ᠵᠠᠬ᠎ᠠ ᠳᠡᠯᠭᠡᠭᠦᠷ ᠤᠨ ᠠᠵᠣ ᠠᠬᠤᠢ ᠶᠢᠨ ᠵᠠᠷᠴᠢᠮ ᠢ ᠵᠢᠷᠣᠮᠯᠠᠨ ᠰᠠᠬᠢᠵᠣ᠂ ᠵᠠᠰᠠᠭ ᠤᠨ ᠣᠷᠳᠣᠨ ᠤ ᠴᠢᠳᠠᠪᠬᠢ ᠶᠢ ᠲᠦᠷᠬᠡᠳᠬᠡᠨ ᠬᠤᠪᠢᠷᠠᠭᠤᠯᠵᠣ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠬᠠᠮᠢᠶᠠᠷᠣᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠠᠮᠢᠶᠠᠷᠣᠯᠲᠠ ᠶᠢᠨ ᠠᠵᠢᠯ  ᠤᠨ ᠠᠮᠵᠢᠯᠲᠠ ᠶᠢ ᠳᠡᠬᠡᠭᠰᠢᠯᠡᠭᠦᠯᠦᠨ᠂ ᠨᠡᠮᠡᠭᠳᠡᠯ ᠪᠡᠯᠡ ᠮᠦᠩᠬᠦ ᠶᠢ ᠰᠠᠶᠢᠳᠣᠷ ᠬᠡᠷᠡᠭᠯᠡᠵᠦ᠂ ᠪᠦᠬᠦ ᠲᠠᠯ᠎ᠠ ᠪᠠᠷ ᠵᠢᠷᠣᠮᠵᠢᠭᠰᠠᠨ᠂ ᠢᠯᠡ ᠲᠣᠳᠣ ᠪᠠᠶᠢᠬᠤ ᠲᠦᠰᠦᠪ ᠤᠨ ᠳᠦᠷᠢᠮ ᠢ ᠪᠠᠶᠢᠭᠤᠯᠵᠣ᠂ ᠵᠠᠰᠠᠭ ᠤᠨ ᠣᠷᠳᠣᠨ ᠤ ᠠᠵᠢᠯᠯᠠᠭᠠᠨ ᠢ ᠠᠯᠬᠤᠮ ᠴᠢᠨᠠᠭᠰᠢᠲᠠ ᠵᠢᠷᠣᠮᠵᠢᠭᠤᠯᠣᠨ᠂ ᠡᠳ᠋ ᠤᠨ ᠵᠠᠰᠠᠭ ᠤᠨ ᠲᠦᠭᠰᠢᠭᠦᠷᠢ ᠶᠢ ᠰᠡᠷᠭᠡᠶᠢᠯᠡᠵᠦ᠂ ᠬᠦᠴᠦᠨ ᠪᠦᠬᠦᠢ ᠬᠢᠨᠠᠯᠲᠠ ᠲᠠᠯᠪᠢᠯᠲᠠ ᠬᠢᠵᠦ᠂ ᠪᠡᠯᠡ ᠮᠦᠩᠬᠦ ᠶᠢᠨ ᠦᠷ᠎ᠡ ᠠᠰᠢᠭ ᠢ ᠳᠡᠭᠡᠭᠰᠢᠯᠡᠬᠦᠯᠬᠦ ᠬᠡᠷᠡᠭᠲᠡᠢ᠃ ᠬᠤᠶᠠᠷ ᠲᠤ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠭᠦᠢᠴᠡᠳᠬᠡᠯ ᠵᠢᠴᠢ ︽ᠭᠤᠷᠪᠠᠨ ᠠᠯᠪᠠᠨ︾ ᠤ ᠵᠠᠷᠣᠳᠠᠯ ᠤᠨ ᠮᠡᠳᠡᠭᠡ ᠵᠠᠩᠬᠢ ᠶᠢ ᠢᠯᠡ ᠪᠣᠯᠭᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠰᠠᠯᠠᠭ᠎ᠠ ᠮᠦᠴᠢᠷ  ᠤᠨ ᠲᠦᠰᠦᠪ ᠪᠠ ᠲᠦᠰᠦᠪ ᠤᠨ ᠬᠦᠢᠴᠡᠳᠬᠡᠯ ᠤᠨ ᠢᠯᠡ ᠪᠠᠶᠢᠯᠭᠠᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠬᠦᠢᠴᠡᠳᠬᠡᠯ ᠤᠨ ᠢᠯᠡ ᠪᠠᠶᠢᠯᠭᠠᠬᠤ ᠠᠭᠤᠯᠭ᠎ᠠ ᠶᠢ ᠨᠠᠷᠢᠯᠢᠭᠵᠢᠭᠤᠯᠵᠣ᠂ ︽ᠭᠤᠷᠪᠠᠨ ᠠᠯᠪᠠᠨ︾ ᠤ ᠵᠠᠷᠣᠳᠠᠯ ᠢ ᠢᠯᠡ ᠪᠠᠶᠢᠯᠭᠠᠬᠤ ᠡᠷᠴᠢᠮ ᠢᠶᠠᠨ ᠴᠢᠩᠭᠠᠷᠠᠭᠤᠯᠵᠣ᠂ ᠲᠦᠰᠦᠪ ᠪᠠ ᠲᠦᠰᠦᠪ ᠤᠨ ᠬᠦᠢᠴᠡᠳᠬᠡᠯ ᠢ ᠢᠯᠡ ᠪᠠᠶᠢᠯᠭᠠᠬᠤ ᠶᠠᠪᠣᠴᠠ ᠳᠠᠭᠠᠨ ᠨᠡᠶᠢᠭᠡᠮ ᠨᠠᠶᠢᠳᠠ ᠶᠢᠨ ᠬᠢᠨ ᠤ ᠬᠠᠯᠠᠮᠵᠢᠯᠠᠵᠣ ᠪᠠᠶᠢᠭ᠎ᠠ ᠠᠰᠠᠭᠤᠳᠠᠯ ᠢ ᠵᠢᠷᠣᠮᠵᠢᠭᠤᠯᠣᠨ ᠴᠡᠭᠴᠡᠯᠡᠨ ᠦᠭᠡᠷᠡᠴᠢᠯᠡᠬᠦ᠂ ᠳᠦᠷᠢᠮ ᠢᠶᠠᠨ ᠲᠡᠭᠦᠯᠳᠡᠷᠵᠢᠬᠦᠯᠬᠦ ᠶᠢ ᠠᠩᠬᠠᠷᠴᠣ᠂ ᠪᠠᠶᠢᠭᠤᠯᠭ᠎ᠠ ᠨᠢᠭᠡᠴᠡ ᠶᠢᠨ ᠲᠦᠰᠦᠪ ᠤᠨ ᠬᠦᠢᠴᠡᠳᠬᠡᠯ ᠤᠨ ᠵᠢᠷᠣᠮᠵᠢᠭᠰᠠᠨ ᠬᠠᠮᠢᠶᠠᠷᠣᠯᠲᠠ ᠶᠢ ᠠᠬᠢᠭᠤᠯᠬᠤ ᠬᠡᠷᠡᠭᠲᠡᠢ᠃     ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠪᠠᠶᠢᠷᠢᠯᠠᠭᠤᠯᠣᠯᠲᠠ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠳᠲᠦᠷ ᠲᠦᠷᠭᠡᠨ ᠬᠦᠭᠵᠢᠯᠲᠡ ᠶᠢ ᠠᠬᠢᠭᠤᠯᠣᠨ᠎ᠠ     ᠨᠢᠭᠡ ᠳᠤ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠦᠬᠦᠪᠦᠷᠢᠯᠡᠬᠦ︾ ᠭᠤᠣᠯᠳᠠᠯᠭ᠎ᠠ  ᠲᠠᠢ ᠡᠭᠦᠷᠭᠡ ᠶᠢᠨ ᠨᠠᠶᠢᠳᠠᠪᠣᠷᠢᠵᠢᠭᠤᠯᠣᠯᠲᠠ ᠶᠢ ᠦᠷᠭᠦᠯᠵᠢᠯᠡᠨ ᠳᠠᠮᠵᠢᠵᠣ᠂ ᠮᠦᠩᠬᠦᠨ ᠬᠦᠢᠯᠭᠡᠭᠡᠨ ᠤ ᠡᠬᠢ ᠪᠠᠶᠠᠯᠢᠭ  ᠤᠨ ᠲᠣᠬᠢᠷᠠᠭᠤᠯᠣᠯᠲᠠ ᠶᠢ ᠬᠦᠴᠦᠯᠡᠨ ᠰᠢᠯᠢᠳᠡᠭᠵᠢᠭᠦᠯᠵᠦ᠂ ᠮᠦᠩᠬᠦᠨ ᠬᠦᠢᠯᠭᠡᠭᠡᠨ ᠤ ᠦᠷᠢ ᠦᠭᠴᠡᠭᠡ ᠶᠢᠨ ᠠᠶᠣᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠣᠷᠣᠨ ᠨᠣᠲᠤᠭ ᠤᠨ ᠵᠠᠰᠠᠭ ᠤᠨ ᠣᠷᠳᠣᠨ ᠤ ᠦᠷᠢ ᠦᠭᠴᠡᠭᠡ ᠶᠢᠨ ᠬᠠᠮᠢᠶᠠᠷᠣᠯᠲᠠ ᠶᠢ ᠬᠦᠴᠦᠯᠡᠨ ᠵᠢᠷᠣᠮᠵᠢᠭᠤᠯᠣᠨ᠎ᠠ︔ ᠬᠤᠶᠠᠷ ᠲᠤ ᠣᠯᠣᠰ ᠤᠨ ᠦᠮᠴᠢᠯᠡᠯᠲᠦ ᠠᠵᠣ ᠠᠬᠤᠶᠢᠯᠠᠯ ᠤᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠬᠡᠣᠬᠡᠳ ᠤᠨ ᠰᠣᠷᠭᠠᠨ ᠬᠦᠮᠦᠵᠢᠯ ᠤᠨ ᠠᠵᠢᠯ ᠠᠴᠠ  ᠪᠠᠨ ᠪᠠᠭᠤᠭᠰᠠᠳ ᠲᠤ ᠨᠦᠬᠦᠪᠦᠷᠢ ᠥᠭᠬᠦ ᠶᠢ ᠦᠷᠭᠦᠯᠵᠢᠯᠡᠨ ᠳᠡᠮᠵᠢᠵᠦ ᠰᠠᠶᠢᠳᠣᠷ ᠬᠢᠬᠦ ᠬᠡᠷᠡᠭᠲᠡᠢ᠂ ᠪᠡᠯᠡ ᠮᠦᠩᠬᠦ  ᠶᠢᠨ ᠬᠢᠨᠠᠨ ᠬᠠᠮᠢᠶᠠᠷᠣᠯᠲᠠ ᠶᠢᠨ ᠠᠵᠢᠯ ᠢ ᠦᠨᠡᠨᠬᠦ ᠰᠠᠶᠢᠳᠣᠷ ᠬᠢᠵᠦ᠂ ᠲᠣᠰᠬᠠᠢ ᠵᠦᠢᠯ ᠤᠨ ᠮᠦᠩᠬᠦ ᠶᠢ ᠲᠣᠰᠬᠠᠢ ᠵᠦᠢᠯ ᠳᠤᠨᠢ ᠬᠡᠷᠡᠭᠯᠡᠬᠦ ᠶᠢ ᠪᠠᠲᠣᠯᠠᠵᠣ᠂ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢᠨ ᠪᠣᠳᠠᠳᠠᠢ ᠳᠤ ᠨᠠᠶᠢᠳᠠᠪᠣᠷᠢᠵᠢᠭᠳᠠᠬᠤ ᠶᠢ ᠪᠠᠲᠣᠯᠠᠬᠤ ᠬᠡᠷᠡᠭᠲᠡᠢ︔ ᠭᠤᠷᠪᠠ ᠳᠤ ᠣᠯᠠᠨ ᠢᠶᠠᠷ ᠢᠶᠠᠨ ᠦᠢᠯᠡᠰ ᠪᠣᠰᠬᠠᠵᠣ ᠨᠡᠶᠢᠲᠡ ᠪᠠᠷ  ᠢᠶᠠᠨ ᠰᠢᠨ᠎ᠡ ᠶᠢ ᠡᠭᠦᠳᠬᠦ ᠶᠢ ᠦᠷᠭᠦᠯᠵᠢᠯᠡᠨ ᠳᠡᠮᠵᠢᠵᠣ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ ︽ ᠣᠯᠠᠨ ᠢᠶᠠᠷ ᠢᠶᠠᠨ ᠦᠢᠯᠡᠰ ᠪᠣᠰᠬᠠᠵᠣ᠂ ᠨᠡᠶᠢᠲᠡ ᠪᠠᠷ ᠢᠶᠠᠨ ᠰᠢᠨ᠎ᠡ ᠶᠢ ᠡᠬᠦᠳᠬᠦ︾  ᠳᠣᠳᠣᠭᠠᠳᠣ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ ᠬᠡᠷᠡᠭᠲᠡᠢ᠃     ︵ᠭᠤᠷᠪᠠ︶ ᠠᠷᠠᠳ ᠤᠨ ᠠᠮᠢᠳᠣᠷᠠᠯ ᠢ ᠪᠦᠬᠦ ᠬᠦᠴᠦᠨ ᠢᠶᠠᠷ ᠢᠶᠠᠨ ᠪᠠᠲᠣᠯᠠᠵᠣ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ ᠳᠠᠶᠢᠯᠠᠯᠲᠣᠭᠠᠨ ᠤ ᠢᠯᠠᠯᠲᠠ ᠶᠢ ᠣᠯᠬᠤ ᠬᠡᠷᠡᠭᠲᠡᠢ    ᠨᠢᠭᠡ ᠳᠤ ᠠᠷᠠᠳ ᠤᠨ ᠠᠮᠢᠳᠣᠷᠠᠯ ᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠢᠮᠪᠠᠢ ᠨᠠᠶᠢᠳᠠᠪᠣᠷᠢᠵᠢᠭᠤᠯᠣᠨ᠂ ᠠᠷᠠᠳ ᠤᠨ ᠠᠮᠢᠳᠣᠷᠠᠯ ᠳᠠᠬᠢ ᠣᠷᠣᠭᠤᠯᠣᠯᠲᠠ ᠪᠠᠨ ᠦᠷᠭᠦᠯᠵᠢᠯᠡᠨ ᠨᠡᠮᠡᠭᠳᠡᠬᠦᠯᠵᠦ᠂ ᠠᠷᠠᠳ ᠤᠨ ᠠᠮᠢᠳᠣᠷᠠᠯ ᠤᠨ ᠪᠡᠯᠡ ᠮᠦᠩᠬᠦ ᠶᠢᠨ ᠬᠢᠨᠠᠨ ᠬᠠᠮᠢᠶᠠᠷᠣᠯᠲᠠ ᠶᠢ ᠴᠢᠩᠭᠠᠳᠬᠠᠨ᠂ ᠠᠷᠠᠳ ᠤᠨ ᠠᠮᠢᠳᠣᠷᠠᠯ  ᠢ ᠬᠠᠷᠠᠭᠠᠯᠵᠠᠬᠤ ᠲᠠᠯ᠎ᠠ ᠪᠠᠷ ᠬᠢ ᠳᠣᠲᠠᠭᠤᠳᠠᠯ ᠢᠶᠠᠨ ᠬᠦᠴᠦᠯᠡᠨ ᠨᠦᠬᠦᠪᠦᠷᠢᠯᠡᠵᠦ᠂ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠦᠰᠦᠪ ᠤᠨ ᠠᠷᠠᠳ ᠤᠨ ᠠᠮᠢᠳᠣᠷᠠᠯ ᠳᠤ ᠬᠡᠷᠡᠭᠯᠡᠬᠦ ᠵᠠᠷᠣᠯᠭ᠎ᠠ ᠶᠢ ᠯᠠᠪᠲᠠᠶᠢᠶ᠎ᠠ ᠪᠠᠲᠣᠯᠠᠬᠤ ᠬᠡᠷᠡᠭᠲᠡᠢ᠃ ᠬᠤᠶᠠᠷ ᠲᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠣᠯᠬᠤ ᠳᠠᠶᠢᠯᠠᠯᠳᠣᠭᠠᠨ ᠤ ᠢᠯᠡᠯᠲᠡ  ᠶᠢ ᠲᠡᠮᠡᠴᠡᠨ ᠣᠯᠵᠣ᠂ ᠠᠷᠠᠳ ᠤᠨ ᠠᠮᠢᠳᠣᠷᠠᠯ ᠳᠤ ᠦᠨᠡᠨ ᠪᠣᠳᠠᠳᠣ ᠠᠴᠢ ᠲᠣᠰᠠ ᠲᠠᠢ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠣᠭᠲᠠᠯᠴᠠᠭ᠎ᠠ ᠶᠢ ᠪᠠᠶᠢᠭᠤᠯᠵᠣ᠂ ᠬᠢᠵᠠᠭᠠᠷᠲᠠᠢ ᠡᠳ᠋ ᠤᠨ ᠬᠦᠴᠦᠨ ᠢ ᠣᠨᠢᠨ ᠳᠡᠭᠡᠷ᠎ᠡ ᠨᠢ ᠲᠦᠪᠯᠡᠷᠡᠭᠦᠯᠦᠨ ᠬᠡᠷᠡᠭᠯᠡᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠪᠠᠷ ᠰᠢᠭᠤᠳ ᠶᠠᠳᠠᠭᠤ ᠬᠦᠴᠢᠷᠳᠡᠯᠳᠡᠢ ᠡᠷᠦᠬᠡ  ᠶᠢ ᠬᠠᠷᠠᠭᠠᠯᠵᠠᠵᠣ᠂ ᠮᠦᠩᠭᠦᠨ ᠬᠦᠢᠯᠭᠡᠭᠡᠨ ᠤ ᠡᠳ᠋ ᠬᠦᠷᠦᠩᠭᠡ ᠪᠠᠷ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠳᠠᠬᠢ ᠣᠷᠣᠭᠤᠯᠣᠯᠲᠠ ᠪᠠᠨ ᠨᠡᠮᠡᠭᠳᠡᠬᠦᠯᠬᠦ ᠶᠢ ᠨᠢ ᠬᠦᠲᠦᠯᠦᠨ ᠵᠢᠯᠣᠭᠤᠳᠬᠤ ᠪᠠ ᠳᠠᠶᠢᠴᠢᠯᠠᠵᠣ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠣ ᠪᠠᠶᠢᠭᠠᠳ ᠪᠦᠬᠦ ᠵᠢᠯ ᠤᠨ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠶᠢ ᠯᠠᠪᠲᠠᠶᠢᠶ᠎ᠠ ᠪᠡᠶᠡᠯᠡᠬᠦᠯᠬᠦ ᠬᠡᠷᠡᠭᠲᠡᠢ᠃     ︵ᠳᠦᠷᠪᠡ︶ ᠪᠡᠯᠡ ᠣᠷᠣᠭᠤᠯᠵᠣ ᠪᠡᠯᠡ ᠬᠤᠷᠠᠮᠳᠣᠭᠤᠯᠬᠤ ᠠᠷᠭ᠎ᠠ ᠬᠡᠯᠪᠡᠷᠢ ᠶᠢ ᠰᠢᠨᠡᠴᠢᠯᠡᠵᠦ᠂ ᠪᠡᠯᠡ ᠮᠦᠩᠬᠦ  ᠶᠢᠨ ᠬᠦᠲᠦᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠣᠨ᠎ᠠ     ᠨᠢᠭᠡ ᠳᠤ ᠵᠠᠰᠠᠭ ᠤᠨ ᠣᠷᠳᠣᠨ ᠬᠢᠬᠡᠳ ᠨᠡᠶᠢᠭᠡᠮ ᠤᠨ ᠪᠡᠯᠡ ᠬᠦᠷᠦᠩᠭᠡ ᠶᠢᠨ ᠬᠤᠷᠰᠢᠯᠴᠠᠬᠤ ᠬᠡᠪ ᠵᠠᠬᠪᠣᠷ ︵PPP︶ ᠢ ᠳᠡᠯᠭᠡᠷᠡᠭᠦᠯᠦᠨ ᠬᠡᠷᠡᠭᠯᠡᠵᠦ᠂ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡᠨ ᠢ ᠬᠤᠳᠠᠯᠳᠣᠨ ᠠᠪᠬᠤ ᠬᠦᠴᠦᠯᠡᠴᠡ ᠶᠢ ᠴᠢᠩᠭᠠᠷᠠᠭᠤᠯᠵᠣ᠂ ᠡᠳ᠋ ᠤᠨ ᠵᠠᠰᠠᠭ ᠠᠴᠠ ᠨᠦᠬᠦᠪᠦᠷᠢᠯᠡᠬᠦ᠂ ᠰᠲ᠋ᠤᠺ ᠤᠨ ᠡᠷᠬᠡ ᠪᠠᠷ ᠬᠠᠮᠵᠢᠯᠴᠠᠬᠤ᠂ ᠪᠡᠯᠡ ᠮᠦᠩᠬᠦ ᠪᠠᠷ ᠬᠦᠲᠦᠯᠦᠨ ᠵᠢᠯᠣᠭᠤᠳᠬᠤ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠪᠠᠷ ᠳᠠᠮᠵᠢᠭᠤᠯᠣᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠪᠠ ᠣᠯᠠᠨ ᠨᠡᠶᠢᠲᠡ  ᠶᠢᠨ ᠦᠢᠯᠡᠳᠬᠦᠨ ᠤ ᠬᠠᠩᠭᠠᠯᠭ᠎ᠠ ᠶᠢᠨ ᠴᠢᠳᠠᠪᠣᠷᠢ ᠶᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠲᠦᠰᠦᠪ᠂ ᠠᠬᠢᠴᠠ ᠪᠠ ᠲᠦᠯᠦᠪᠯᠡᠭᠡ ᠶᠢᠨ ᠶᠣᠰᠣᠭᠠᠷ᠂ ᠵᠢᠯ ᠤᠨ ᠲᠦᠰᠦᠪ ᠢ ᠲᠡᠩᠴᠠᠭᠦᠷᠢᠲᠠᠢ ᠭᠦᠢᠴᠡᠳᠬᠡᠬᠦ ᠬᠡᠷᠡᠭᠲᠡᠢ︔ ᠳᠣᠷᠣᠭᠰᠢ ᠪᠠᠭᠤᠯᠭᠠᠭᠰᠠᠨ ᠲᠣᠰᠬᠠᠢ ᠵᠦᠢᠯ ᠤᠨ ᠪᠡᠯᠡ ᠮᠦᠩᠬᠦ ᠶᠢᠨ ᠪᠠᠶᠢᠳᠠᠯ ᠳᠠᠭᠠᠨ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠢᠳᠡᠪᠬᠢᠲᠡᠢ ᠵᠣᠬᠢᠴᠠᠭᠤᠯᠵᠣ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠰᠠᠶᠢᠳᠣᠷ ᠬᠢᠵᠦ᠂ ᠡᠯ᠎ᠡ ᠵᠦᠢᠯ ᠤᠨ ᠪᠡᠯᠡ ᠮᠦᠩᠬᠦ ᠶᠢᠨ ᠪᠣᠳᠠᠳᠠᠢ ᠳᠤ ᠨᠠᠶᠢᠳᠠᠪᠣᠷᠢᠵᠢᠭᠳᠠᠬᠤ ᠶᠢ ᠪᠠᠲᠣᠯᠠᠬᠤ ᠬᠡᠷᠡᠭᠲᠡᠢ᠃     ︵ᠲᠠᠪᠤ︶ ᠦᠯᠡᠳᠡᠪᠦᠷᠢ ᠶᠢ ᠳ᠋ᠦᠩᠨᠡᠨ ᠰᠢᠯᠵᠢᠭᠦᠯᠬᠦ ᠠᠵᠢᠯ ᠢ ᠰᠠᠶᠢᠳᠣᠷ ᠬᠢᠵᠦ᠂ ᠪᠦᠷᠢᠳᠬᠡᠨ ᠢᠯᠭᠠᠷᠠᠭᠤᠯᠵᠣ ᠨᠢᠭᠡᠳᠦᠯᠲᠡᠢ ᠲᠦᠯᠦᠪᠯᠡᠬᠦ ᠬᠦᠴᠦᠯᠡᠴᠡ ᠪᠠᠨ ᠨᠡᠮᠡᠭᠳᠡᠭᠦᠯᠦᠨ᠎ᠡ     ᠨᠢᠭᠡ ᠳᠤ ᠪᠦᠷᠢᠳᠬᠡᠨ ᠢᠯᠭᠠᠷᠠᠭᠤᠯᠵᠣ ᠲᠣᠳᠣᠷᠬᠠᠶᠢᠯᠠᠨ ᠲᠣᠭᠲᠠᠭᠠᠬᠤ ᠪᠠᠷ ᠳᠠᠮᠵᠢᠭᠤᠯᠣᠨ ᠵᠠᠷᠣᠯᠭ᠎ᠠ ᠪᠣᠯᠭᠠᠬᠤ ᠶᠢᠨ ᠠᠷᠭ᠎ᠠ ᠦᠭᠡᠢ᠂ ᠡᠰᠡᠭᠦᠯ᠎ᠡ ᠵᠠᠷᠣᠯᠭ᠎ᠠ ᠪᠣᠯᠭᠠᠬᠤ ᠴᠢᠬᠤᠯᠠ ᠦᠭᠡᠢ ᠪᠣᠯᠣᠭᠰᠠᠨ ᠳ᠋ᠦᠩᠨᠡᠨ ᠰᠢᠯᠵᠢᠭᠦᠯᠦᠭᠰᠡᠨ ᠪᠡᠯᠡ ᠮᠦᠩᠬᠦ ᠶᠢ ᠪᠣᠴᠠᠭᠠᠨ ᠠᠪᠴᠣ ᠶᠡᠷᠥᠩᠬᠡᠢ ᠲᠦᠰᠦᠪ ᠲᠤ ᠣᠷᠣᠭᠤᠯᠣᠨ ᠨᠢᠭᠡᠳᠦᠯᠲᠡᠢ ᠲᠦᠯᠦᠪᠯᠡᠨ ᠬᠡᠷᠡᠭᠯᠡᠨ᠎ᠡ᠃ ᠬᠤᠶᠠᠷ ᠲᠤ ᠪᠠᠶᠢᠭᠤᠯᠭ᠎ᠠ ᠨᠢᠭᠡᠴᠡ ᠨᠢ ᠳᠠᠩᠰᠠᠨ ᠡᠷᠦᠬᠡ ᠶᠢᠨ ᠢᠶᠠᠨ ᠪᠡᠯᠡ ᠮᠦᠩᠬᠦ ᠪᠠᠨ ᠦᠷᠭᠦᠯᠵᠢᠯᠡᠨ ᠪᠦᠷᠢᠳᠬᠡᠨ ᠢᠯᠭᠠᠷᠠᠭᠤᠯᠵᠣ᠂ ᠪᠠᠶᠢᠭᠤᠯᠭ᠎ᠠ ᠨᠢᠭᠡᠴᠡ ᠶᠢᠨ ᠳᠠᠩᠰᠠᠨ ᠡᠷᠦᠬᠡ ᠶᠢᠨ ᠪᠡᠯᠡ ᠮᠦᠩᠬᠦ ᠶᠢ ᠪᠠᠶᠢᠴᠠᠭᠠᠨ ᠵᠠᠳᠠᠯᠬᠤ ᠪᠠᠨ ᠴᠢᠩᠭᠠᠳᠬᠠᠵᠣ᠂ ᠪᠠᠶᠢᠭᠤᠯᠭ᠎ᠠ ᠨᠢᠭᠡᠴᠡ ᠶᠢᠨ ᠢᠶᠠᠨ ᠪᠡᠯᠡ ᠮᠦᠩᠬᠦ ᠶᠢᠨ ᠪᠠᠶᠢᠳᠠᠯ ᠢᠶᠠᠨ ᠴᠠᠭ ᠲᠣᠬᠠᠢ ᠳᠤᠨᠢ ᠣᠶᠢᠯᠠᠭᠠᠨ ᠮᠡᠳᠡᠵᠦ᠂ ᠪᠦᠷᠢᠳᠬᠡᠨ ᠢᠯᠭᠠᠷᠠᠭᠤᠯᠵᠣ ᠨᠢᠭᠡᠳᠦᠯᠲᠡᠢ ᠲᠦᠯᠦᠪᠯᠡᠬᠦ ᠬᠦᠴᠦᠯᠡᠴᠡ  ᠪᠠᠨ ᠨᠡᠮᠡᠭᠳᠡᠬᠦᠯᠬᠦ ᠬᠡᠷᠡᠭᠲᠡᠢ᠃ ᠭᠤᠷᠪᠠ ᠳᠤ ᠡᠳ᠋ ᠤᠨ ᠵᠠᠰᠠᠭ ᠤᠨ ᠡᠯ᠎ᠡ ᠲᠣᠰᠬᠠᠢ ᠡᠷᠦᠬᠡ ᠶᠢᠨ ᠲᠣᠨᠣᠮᠠᠯ ᠪᠡᠯᠡ ᠮᠦᠩᠬᠦ ᠪᠠ ᠰᠠᠯᠭᠠᠵᠣ ᠦᠭᠭᠦᠭᠡᠳᠦᠢ ᠪᠡᠯᠡ ᠮᠦᠩᠬᠦ ᠶᠢ ᠢᠯᠭᠠᠷᠠᠭᠤᠯᠤᠨ ᠭᠠᠷᠭᠠᠵᠦ᠂ ᠣᠷᠳᠣ ᠬᠤᠭᠤᠴᠠᠭ᠎ᠠ ᠪᠠᠷ ᠬᠦᠢᠯᠭᠡᠭᠡᠨ ᠳᠤ ᠭᠡᠷᠡᠭᠯᠡᠬᠦ ᠦᠭᠡᠢ ᠪᠠᠶᠢᠬᠤ ᠲᠣᠰᠬᠠᠢ ᠵᠦᠢᠯ ᠤᠨ ᠪᠡᠯᠡ ᠮᠦᠩᠬᠦ ᠶᠢ ᠪᠣᠴᠠᠭᠠᠨ ᠠᠪᠴᠣ ᠨᠢᠭᠡᠳᠦᠯᠲᠡᠢ ᠲᠦᠯᠦᠪᠯᠡᠨ ᠬᠡᠷᠡᠭᠯᠡᠬᠦ ᠬᠦᠴᠦᠯᠡᠴᠡ ᠪᠠᠨ ᠨᠡᠮᠡᠭᠳᠡᠭᠦᠯᠬᠦ ᠬᠡᠷᠡᠭᠲᠡᠢ᠃     ︵ᠵᠢᠷᠭᠤᠭ᠎ᠠ︶ ᠵᠠᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠵᠠᠷᠣᠯᠭ᠎ᠠ ᠶᠢᠨ ᠲᠦᠰᠦᠪ ᠢ ᠭᠦᠢᠴᠡᠳᠬᠡᠬᠦ ᠠᠬᠢᠴᠠ ᠶᠢ ᠲᠦᠷᠭᠡᠳᠬᠡᠨ᠎ᠡ    ᠨᠢᠭᠡ ᠳᠤ ᠡᠯ᠎ᠡ ᠲᠦᠰᠦᠪ ᠤᠨ ᠨᠢᠭᠡᠴᠡ ᠤᠳ ᠢ ᠵᠢᠭᠠᠨ ᠵᠢᠯᠣᠭᠤᠳᠴᠣ ᠱᠠᠯᠠᠪᠳᠠᠭᠤᠯᠣᠨ ᠱᠠᠭᠠᠷᠳᠠᠵᠣ ᠪᠠᠶᠢᠭᠠᠳ ᠵᠠᠷᠣᠯᠭ᠎ᠠ ᠶᠢᠨ ᠲᠦᠰᠦᠪ ᠢᠶᠠᠨ ᠬᠦᠢᠴᠡᠳᠬᠡᠬᠦ ᠠᠬᠢᠴᠠ ᠶᠢ ᠨᠢ  ᠲᠦᠷᠭᠡᠳᠭᠡᠵᠦ᠂ ᠰᠠᠯᠠᠭ᠎ᠠ ᠮᠦᠴᠢᠷ ᠤᠨ ᠲᠦᠰᠦᠪ ᠣᠨᠴᠠᠭᠠᠶᠢᠯᠠᠨ ᠲᠦᠷᠦᠯ ᠵᠦᠢᠯ ᠤᠨ ᠲᠦᠰᠦᠪ ᠤᠨ ᠬᠦᠢᠴᠡᠳᠬᠡᠬᠦ ᠨᠣᠷᠮ᠎ᠠ ᠶᠢ ᠳᠡᠭᠡᠭᠰᠢᠯᠡᠬᠦᠯᠬᠦ ᠬᠡᠷᠡᠭᠲᠡᠢ᠃ ᠬᠤᠶᠠᠷ  ᠲᠤ ᠲᠦᠰᠦᠪ ᠢ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠣ᠂ ᠡᠩ ᠤᠨ ᠴᠢᠨᠠᠷᠲᠠᠢ ᠵᠠᠷᠣᠯᠭ᠎ᠠ ᠶᠢ ᠶᠡᠬᠡᠪᠡᠷ ᠪᠠᠭᠠᠰᠬᠠᠵᠣ᠂ ᠠᠷᠪᠢᠯᠠᠬᠤ ᠮᠠᠶ᠋ᠢᠭ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠭᠤᠷᠪᠠ ᠳᠤ ᠡᠳ᠋ ᠤᠨ ᠵᠠᠰᠠᠭ ᠤᠨ ᠵᠠᠷᠣᠯᠭ᠎ᠠ ᠶᠢᠨ ᠪᠦᠲᠦᠴᠡ ᠶᠢ ᠠᠯᠬᠤᠮ ᠴᠢᠨᠠᠭᠰᠢᠲᠠ ᠰᠢᠯᠢᠳᠡᠭᠵᠢᠭᠦᠯᠵᠦ᠂ ᠵᠠᠷᠣᠯᠭ᠎ᠠ ᠶᠢᠨ ᠨᠡᠮᠡᠭᠳᠡᠯ ᠢ ᠠᠷᠠᠳ ᠤᠨ ᠠᠮᠢᠳᠣᠷᠠᠯ ᠢ ᠬᠠᠷᠠᠭᠠᠯᠵᠠᠬᠤ ᠪᠠ ᠨᠡᠶᠢᠭᠡᠮ ᠤᠨ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠲᠡᠰᠢ ᠦᠷᠭᠦᠯᠵᠢᠯᠡᠨ ᠬᠡᠯᠪᠡᠶᠢᠯᠭᠡᠵᠦ᠂ ᠡᠳ᠋ ᠤᠨ ᠵᠠᠰᠠᠭ ᠤᠨ ᠪᠡᠯᠡ ᠮᠦᠩᠬᠦ ᠶᠢ ᠠᠵᠣ ᠠᠬᠤᠶᠢᠯᠠᠯ  ᠤᠨ ᠬᠦᠭᠵᠢᠯᠲᠡ ᠶᠢ ᠳᠡᠮᠵᠢᠬᠦ᠂ ᠨᠡᠶᠢᠭᠡᠮ ᠤᠨ ᠪᠠᠲᠣᠯᠠᠪᠣᠷᠢ ᠵᠡᠷᠭᠡ ᠬᠠᠮᠤᠭ ᠰᠠᠶᠢᠨ ᠦᠷ᠎ᠡ ᠠᠰᠢᠭ ᠤᠨ ᠦᠢᠯᠡᠳᠦᠯ  ᠢᠶᠠᠨ ᠦᠨᠡᠨᠬᠦ ᠪᠠᠳᠠᠷᠠᠭᠤᠯᠵᠦ ᠴᠢᠳᠠᠬᠤ ᠭᠠᠵᠠᠷ ᠲᠤ ᠬᠡᠷᠡᠭᠯᠡᠬᠦ ᠬᠡᠷᠡᠭᠲᠡᠢ᠃    ᠲᠦᠯᠦᠭᠡᠯᠡᠭᠴᠢᠳ ᠡ᠂ 2017 ᠣᠨ ᠪᠣᠯ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠵᠢᠷᠭᠤᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠣᠨ ᠪᠦᠲᠦᠭᠡᠬᠦ ᠴᠢᠬᠤᠯᠠ ᠨᠢᠭᠡ ᠵᠢᠯ᠂ ᠪᠠᠰᠠᠴᠣ ︽ ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠶᠢᠨ ᠵᠠᠩᠬᠢᠯᠠᠭ᠎ᠠ ᠶᠢᠨ ᠨᠢᠭᠡ ᠵᠢᠯ ᠮᠦᠨ᠂ ᠪᠢᠳᠡ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠶᠢᠷᠢᠯᠠᠭᠤᠯᠣᠯᠲᠠ ᠪᠠ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠯᠲᠠ ᠳᠣᠣᠷ᠎ᠠ᠂ ᠠᠵᠢᠯ ᠤᠨ ᠪᠣᠳᠠᠳᠠᠢ ᠲᠠᠢ ᠪᠠᠨ ᠨᠢᠬᠲᠠ ᠣᠶᠠᠯᠳᠣᠭᠤᠯᠣᠨ᠂ ᠲᠣᠰ ᠣᠳᠠᠭᠠᠨ ᠤ ᠬᠤᠷᠠᠯ ᠠᠴᠠ ᠡᠳ᠋ ᠤᠨ ᠵᠠᠰᠠᠭ ᠤᠨ ᠠᠵᠢᠯ ᠳᠤ ᠳᠣᠷᠠᠳᠣᠭᠰᠠᠨ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ 2017 ᠣᠨ ᠤ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠤᠨ ᠡᠭᠦᠷᠭᠡ  ᠪᠠᠨ ᠴᠢᠷᠮᠠᠶᠢᠨ ᠪᠡᠶᠡᠯᠡᠬᠦᠯᠵᠦ᠂ ᠦᠪᠡᠷᠲᠡᠭᠡᠨ ᠵᠠᠰᠠᠬᠤ ᠬᠤᠰᠢᠭᠤᠨ ᠤ ᠠᠵᠣ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠰᠣᠭᠠᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号