ᠪᠠᠶᠢᠭᠤᠯᠭ᠎ᠠ ᠶᠢᠨ ᠡᠯ᠎ᠡ ᠵᠦᠢᠯ ᠤᠨ ᠠᠵᠢᠯ ᠤᠨ ᠳᠦᠷᠢᠮ ᠢ ᠴᠢᠩᠭ᠎ᠠ ᠬᠡᠷᠡᠭᠵᠢᠬᠦᠯᠬᠦ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/9/18
                         ᠡᠸ᠋ᠨᠩᠬᠢ ᠵᠠᠰᠠᠭ ᠠᠯᠪᠠᠨ ᠦᠰᠦᠭᠲᠦ  ﹇2017﹈ 39 ᠳ᠋ᠣᠭᠡᠷ ᠲᠣᠭᠠᠳᠣ      ᠠᠯᠪᠠᠨ ᠭᠡᠷ ᠤᠨ ᠪᠠᠶᠢᠭᠤᠯᠭ᠎ᠠ ᠶᠢᠨ ᠰᠣᠷᠳᠠᠯ ᠤᠨ ᠪᠠᠶᠢᠭᠤᠯᠣᠯᠲᠠ ᠶᠢ ᠠᠯᠬᠤᠮ ᠴᠢᠨᠠᠭᠰᠢᠲᠠ ᠴᠢᠩᠭᠠᠳᠬᠠᠵᠣ ᠂ ᠠᠵᠢᠯ ᠤᠨ ᠰᠠᠬᠢᠯᠭ᠎ᠠ ᠶᠢ ᠴᠢᠩᠭ᠎ᠠ ᠲᠣᠳᠣᠷᠬᠠᠶᠢᠯᠠᠬᠤ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠨᠢᠭᠡᠳᠦᠯᠳᠡᠢ ᠱᠠᠭᠠᠷᠳᠠᠯᠭ᠎ᠠ ᠶᠣᠰᠣᠭᠠᠷ᠂ ᠣᠳᠣ ᠬᠤᠯᠪᠣᠭᠳᠠᠯ ᠪᠦᠬᠦᠢ ᠬᠡᠷᠡᠭ ᠶᠠᠪᠣᠳᠠᠯ ᠤᠳ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠪᠠᠶᠢᠭᠤᠯᠭ᠎ᠠ ᠶᠢᠨ ᠠᠵᠢᠯ ᠳᠤ ᠭᠠᠷᠬᠤ ᠶᠢ ᠰᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠬᠦ      ᠪᠦᠬᠦ ᠺᠠᠳ᠋ᠷ ᠠᠵᠢᠯᠳᠠᠳ ᠠᠵᠢᠯᠯᠠᠵᠣ ᠠᠮᠠᠷᠠᠬᠤ ᠴᠠᠭ ᠢ ᠡᠷᠬᠡᠪᠰᠢ ᠴᠢᠩᠭ᠎ᠠ ᠵᠢᠷᠣᠮᠯᠠᠵᠣ᠂ ᠲᠣᠭᠲᠠᠭᠰᠠᠨ ᠴᠠᠭ  ᠲᠠᠭᠠᠨ ᠠᠵᠢᠯᠯᠠᠵᠣ ᠠᠮᠠᠷᠠᠨ᠂ ᠬᠤᠵᠢᠮᠳᠠᠬᠤ ᠦᠭᠡᠢ᠂ ᠡᠷᠳᠡ   ᠠᠵᠢᠯ ᠠᠴᠠ ᠪᠠᠭᠤᠬᠤ ᠦᠭᠡᠢ᠂ ᠠᠵᠢᠯ ᠰᠠᠭᠠᠳᠠᠬᠤ ᠦᠭᠡᠢ ᠪᠠᠶᠢᠵᠣ᠂ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠳᠤ ᠨᠡᠷ᠎ᠡ ᠪᠦᠷᠢᠳᠬᠡᠯ ᠬᠢᠬᠦ ᠳᠠᠷᠠᠭᠠᠯᠠᠯ ᠢ ᠴᠢᠩᠭ᠎ᠠ ᠬᠦᠢᠴᠡᠳᠬᠡᠵᠦ᠂ ᠬᠡᠷᠪᠡ ᠲᠦᠷ ᠴᠠᠭ ᠭᠠᠳᠠᠭᠰᠢ ᠭᠠᠷᠬᠤ ᠴᠢᠬᠤᠯᠠᠲᠠᠢ ᠪᠣᠯ ᠣᠴᠢᠷ ᠰᠢᠯᠲᠠᠭᠠᠨ ᠢᠶᠠᠨ ᠳᠣᠳᠣᠷᠬᠠᠶᠢᠯᠠᠨ ᠲᠡᠮᠳᠡᠭᠯᠡᠭᠦᠯᠬᠦ ᠬᠡᠷᠡᠭᠲᠡᠢ᠃      ᠬᠤᠶᠠᠷ᠂ ᠴᠢᠯᠦᠭᠡ ᠭᠤᠶᠣᠬᠤ ᠪᠠ ᠴᠢᠯᠦᠭᠡ ᠪᠠᠨ ᠬᠦᠴᠦᠨ ᠦᠭᠡᠢ ᠪᠣᠯᠭᠠᠬᠤ ᠳᠦᠷᠢᠮ ᠢ ᠴᠢᠩᠭ᠎ᠠ ᠬᠡᠷᠡᠭᠵᠢᠭᠦᠯᠬᠦ      ᠪᠦᠬᠦ ᠺᠠᠳ᠋ᠷ ᠠᠵᠢᠯᠳᠠᠳ ᠡᠪᠡᠳᠴᠢᠨ ᠢᠶᠠᠷ ᠪᠣᠶᠣ ᠣᠴᠢᠷ ᠰᠢᠯᠲᠠᠭᠠᠨ ᠲᠠᠢ ᠠᠴᠠ ᠪᠣᠯᠵᠣ ᠴᠢᠯᠦᠭᠡ ᠭᠤᠶᠣᠬᠤ ᠴᠢᠬᠤᠯᠠᠲᠠᠢ ᠪᠣᠯ ᠪᠢᠴᠢᠭᠯᠡᠯ ᠤᠨ ᠬᠡᠯᠪᠡᠷᠢ ᠪᠠᠷ ᠴᠢᠯᠣᠭᠡ ᠭᠤᠶᠣᠬᠤ ᠭᠠᠷᠳᠠᠮ ᠬᠦᠢᠴᠡᠳᠬᠡᠬᠦ ᠬᠡᠷᠡᠭᠲᠡᠢ᠃ ᠠᠯᠪᠠᠨ ᠭᠡᠷ  ᠤᠨ ᠣᠳᠣᠷᠢᠳᠬᠤ ᠪᠠᠭ ᠤᠨ ᠬᠡᠰᠢᠭᠦᠳ ᠨᠢ ᠴᠢᠯᠦᠭᠡ ᠭᠤᠶᠣᠬᠤ ᠬᠡᠪᠡᠯ ᠡᠷᠬᠡᠪᠰᠢ ᠭᠤᠣᠯ ᠣᠳᠣᠷᠢᠳᠣᠯᠭ᠎ᠠ ᠪᠠᠷ ᠵᠦᠪᠰᠢᠶᠡᠷᠡᠭᠦᠯᠬᠦ ᠶᠢᠨ ᠬᠠᠮᠲᠣ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠯᠦᠭᠡ ᠭᠤᠶᠣᠬᠤ ᠭᠠᠷᠳᠠᠮ ᠢ ᠴᠢᠩᠭ᠎ᠠ ᠬᠦᠢᠴᠡᠳᠬᠡᠬᠦ ᠬᠡᠷᠡᠭᠲᠡᠢ︔ ᠰᠠᠯᠠᠭ᠎ᠠ ᠲᠠᠰᠤᠭ ᠤᠨ ᠠᠵᠢᠯᠲᠠᠨ ᠴᠢᠯᠦᠭᠡ ᠭᠤᠶᠣᠬᠤ ᠬᠡᠪᠡᠯ 1 ᠡᠳᠦᠷ ᠤᠨ ᠴᠢᠯᠦᠭᠡ ᠶᠢ ᠬᠤᠪᠢᠳᠠᠨ ᠬᠠᠮᠢᠶᠠᠷᠬᠤ ᠣᠳᠣᠷᠢᠳᠣᠯᠭ᠎ᠠ ᠪᠠᠷ ᠵᠦᠪᠰᠢᠶᠡᠷᠡᠭᠦᠯᠵᠦ᠂ 1 ᠡᠳᠦᠷ ᠠᠴᠠ ᠳᠡᠭᠡᠭᠰᠢᠬᠢ ᠴᠢᠯᠦᠭᠡ ᠭᠤᠶᠣᠬᠤ ᠬᠡᠪᠡᠯ ᠭᠤᠣᠯ ᠣᠳᠣᠷᠢᠳᠣᠯᠭ᠎ᠠ ᠪᠠᠷ ᠵᠦᠪᠰᠢᠶᠡᠷᠡᠭᠦᠯᠬᠦ ᠬᠡᠷᠡᠭᠲᠡᠢ︔ ᠴᠢᠯᠦᠭᠡ ᠭᠤᠶᠣᠭᠴᠢ ᠠᠴᠠ ᠣᠳᠣᠷᠢᠳᠣᠯᠭ᠎ᠠ ᠶᠢᠨ ᠵᠦᠪᠰᠢᠶᠡᠷᠡᠭᠰᠡᠨ ᠴᠢᠯᠦᠭᠡ ᠭᠤᠶᠣᠬᠤ ᠪᠢᠴᠢᠭ ᠢᠶᠠᠨ ᠠᠪᠴᠣ ᠰᠠᠬᠢᠯᠭ᠎ᠠ ᠪᠠᠲᠣ ᠪᠠᠶᠢᠴᠠᠭᠠᠬᠤ ᠳᠣᠭᠤᠶᠢᠯᠠᠩ ᠳᠤ ᠦᠭᠴᠦ ᠳᠡᠮᠳᠡᠭᠯᠡᠭᠦᠯᠦᠨ᠎ᠡ᠂ ᠬᠡᠷᠪᠡ ᠴᠢᠯᠦᠭᠡ ᠭᠤᠶᠣᠭᠰᠠᠨ ᠬᠤᠭᠤᠴᠠᠭ᠎ᠠ ᠨᠢ ᠳᠦᠭᠦᠷᠪᠡᠯ ᠴᠢᠯᠦᠭᠡ ᠭᠤᠶᠣᠬᠤ ᠶᠢ ᠵᠦᠪᠰᠢᠶᠡᠷᠡᠭᠰᠡᠨ ᠣᠳᠣᠷᠢᠳᠣᠯᠭ᠎ᠠ ᠪᠠ ᠰᠠᠬᠢᠯᠭ᠎ᠠ ᠪᠠᠲᠣ ᠪᠠᠶᠢᠴᠠᠭᠠᠬᠤ ᠳᠣᠭᠤᠶᠢᠯᠠᠩ ᠳᠤ ᠴᠢᠯᠦᠭᠡ ᠭᠤᠶᠣᠯᠲᠠ ᠪᠠᠨ ᠬᠦᠴᠦᠨ ᠦᠭᠡᠢ ᠪᠣᠯᠭᠠᠬᠤ ᠪᠠᠨ ᠮᠡᠳᠡᠭᠳᠡᠬᠦ ᠬᠡᠷᠡᠭᠲᠡᠢ᠃     ᠭᠤᠷᠪᠠ᠂ ᠠᠯᠪᠠᠨ ᠲᠡᠷᠭᠡ ᠶᠢ ᠬᠡᠷᠡᠭᠯᠡᠬᠦ ᠳᠦᠷᠢᠮ ᠢ ᠴᠢᠩᠭ᠎ᠠ ᠬᠡᠷᠡᠭᠵᠢᠭᠦᠯᠬᠦ     ᠠᠯᠪᠠᠨ ᠶᠠᠪᠣᠳᠠᠯ ᠳᠤ ᠳᠡᠷᠭᠡ ᠬᠡᠷᠡᠭᠯᠡᠬᠦ ᠠᠵᠢᠯ ᠢ ᠪᠠᠶᠢᠭᠤᠯᠭ᠎ᠠ ᠶᠢᠨ ᠬᠡᠷᠡᠭ ᠶᠠᠪᠣᠳᠠᠯ ᠢ ᠬᠠᠮᠢᠶᠠᠷᠬᠤ ᠲᠣᠪᠴᠢᠶ᠎ᠠ ᠠᠴᠠ ᠬᠠᠷᠢᠭᠤᠴᠠᠨ ᠨᠢᠭᠡᠳᠦᠯᠳᠡᠢ ᠲᠣᠬᠢᠷᠠᠭᠤᠯᠤᠯᠲᠠ ᠬᠢᠵᠦ᠂ ᠠᠯᠪᠠᠨ  ᠲᠡᠷᠭᠡ ᠶᠢ ᠠᠯᠪᠠᠨ ᠶᠠᠪᠣᠳᠠᠯ ᠳᠤ ᠬᠡᠷᠡᠭᠯᠡᠬᠦ ᠶᠢ ᠴᠢᠩᠳᠠᠯᠠᠵᠣ᠂ ᠬᠤᠪᠢ ᠶᠢᠨ ᠶᠠᠪᠣᠳᠠᠯ ᠳᠤ ᠠᠯᠪᠠᠨ ᠲᠡᠷᠭᠡ ᠬᠡᠷᠡᠭᠯᠡᠬᠦ ᠶᠢ ᠡᠷᠡᠰ ᠴᠡᠭᠡᠷᠯᠡᠬᠦ ᠬᠡᠷᠡᠭᠲᠡᠢ᠃ ᠮᠠᠰᠢᠨ ᠲᠡᠷᠭᠡᠨ ᠳᠤ ᠲᠣᠰᠣ ᠨᠡᠮᠡᠬᠦ᠂ ᠰᠡᠯᠪᠢᠨ ᠵᠠᠰᠠᠬᠤ ᠵᠡᠷᠭᠡ ᠶᠠᠪᠣᠳᠠᠯ ᠤᠳ ᠢ ᠴᠢᠩᠭ᠎ᠠ ᠵᠢᠷᠣᠮᠵᠢᠭᠤᠯᠵᠣ᠂ ᠣᠷᠢᠳᠠᠪᠡᠷ ᠠᠯᠪᠠᠨ ᠭᠡᠷ ᠤᠨ ᠬᠤᠪᠢᠳᠠᠨ ᠬᠠᠮᠢᠶᠠᠷᠬᠤ ᠣᠳᠣᠷᠢᠳᠣᠯᠭ᠎ᠠ ᠠᠴᠠ ᠵᠢᠭᠠᠪᠣᠷᠢ ᠠᠪᠴᠣ  ᠵᠦᠪᠰᠢᠶᠡᠷᠡᠭᠦᠯᠵᠦ ᠂ ᠣᠴᠢᠷ ᠶᠠᠪᠣᠳᠠᠯ ᠢᠶᠠᠨ ᠬᠦᠢᠴᠡᠳᠬᠡᠵᠦ ᠳᠠᠭᠤᠰᠬᠠᠭᠰᠠᠨ ᠤ ᠳᠠᠷᠠᠭ᠎ᠠ ᠪᠠᠶᠢᠭᠤᠯᠭ᠎ᠠ ᠶᠢᠨ ᠬᠡᠷᠡᠭ ᠶᠠᠪᠣᠳᠠᠯ ᠤᠨ ᠬᠠᠮᠢᠶᠠᠷᠣᠯᠲᠠ ᠶᠢᠨ ᠲᠣᠪᠴᠢᠶ᠎ᠠ ᠶᠢᠨ ᠭᠤᠣᠯ ᠣᠳᠣᠷᠢᠳᠣᠯᠭ᠎ᠠ᠂ ᠵᠢᠯᠣᠭᠤᠴᠢ ᠠᠴᠠ ᠭᠠᠷ ᠤᠨ ᠦᠰᠦᠭ ᠵᠢᠷᠣᠭᠰᠠᠨ  ᠤ ᠳᠠᠷᠠᠭ᠎ᠠ ᠰᠠᠶ᠋ᠢ ᠳᠠᠩᠰᠠᠨ ᠳᠤ ᠣᠷᠣᠭᠤᠯᠵᠣ ᠳᠠᠩᠰᠠ ᠲᠠᠶᠢᠯᠵᠣ ᠪᠣᠯᠣᠨ᠎ᠠ᠂ ᠮᠠᠰᠢᠨ ᠲᠡᠷᠭᠡ ᠨᠢᠭᠡᠪᠦᠷᠢ ᠨᠢ ᠴᠦᠮ ᠡᠳᠦᠷ ᠳᠣᠲᠣᠮ ᠤᠨ ᠬᠡᠷᠡᠭᠯᠡᠭᠰᠡᠨ ᠪᠠ ᠰᠡᠯᠪᠢᠨ ᠵᠠᠰᠠᠭᠰᠠᠨ ᠳᠠᠩᠰᠠ ᠡᠪᠭᠡᠮᠡᠯ ᠲᠠᠢ ᠪᠠᠶᠢᠵᠣ᠂ ᠲᠣᠰᠣ ᠨᠡᠮᠡᠭᠰᠡᠨ᠂ ᠰᠡᠯᠪᠢᠨ ᠵᠠᠰᠠᠭᠰᠠᠨ ᠡᠳᠦᠷ ᠬᠤᠭᠤᠴᠠᠭ᠎ᠠ᠂ ᠣᠴᠢᠷ ᠰᠢᠯᠳᠠᠭᠠᠨ᠂ ᠵᠣᠭᠤᠰ ᠤᠨ ᠲᠤᠭ᠎ᠠ ᠶᠢ ᠨᠠᠷᠢᠨ ᠨᠢᠬᠳᠠ ᠳᠡᠮᠳᠡᠭᠯᠡᠭᠰᠡᠨ ᠪᠠᠶᠢᠬᠤ ᠬᠡᠷᠡᠭᠲᠡᠢ᠃ ᠪᠠᠶᠠᠷ ᠳᠣᠷᠠᠰᠬᠠᠯ ᠤᠨ ᠡᠳᠦᠷ ᠪᠣᠶᠣ ᠳᠡᠷᠭᠡ ᠭᠠᠷᠬᠤ ᠡᠭᠦᠷᠭᠡ ᠦᠭᠡᠢ ᠦᠶᠡᠰ᠂ ᠳᠡᠷᠭᠡ ᠬᠦᠰᠬᠡ ᠪᠠᠨ ᠡᠷᠬᠡᠪᠰᠢ ᠳᠣᠭᠳᠠᠭᠰᠠᠨ ᠭᠠᠵᠠᠷ ᠲᠤ ᠲᠠᠯᠪᠢᠵᠣ᠂ ᠲᠡᠷᠭᠡ ᠶᠢᠨ ᠲᠦᠯᠬᠢᠭᠦᠷ ᠢ ᠨᠢᠭᠡᠳᠦᠯᠳᠡᠢ ᠬᠠᠮᠢᠶᠠᠷᠬᠤ ᠬᠡᠷᠡᠭᠲᠡᠢ᠃      ᠳᠦᠷᠪᠡ᠂ ᠠᠯᠪᠠᠨ ᠶᠠᠪᠣᠳᠠᠯ ᠤᠨ ᠬᠦᠯᠢᠶᠡᠨ ᠠᠪᠴᠣ ᠵᠣᠴᠢᠯᠠᠬᠤ ᠳᠦᠷᠢᠮ ᠢ ᠴᠢᠩᠭ᠎ᠠ ᠬᠡᠷᠡᠭᠵᠢᠭᠦᠯᠬᠦ     ᠠᠯᠪᠠᠨ ᠶᠠᠪᠣᠳᠠᠯ ᠤᠨ ᠬᠦᠯᠢᠶᠡᠨ ᠠᠪᠴᠣ ᠵᠣᠴᠢᠯᠠᠬᠤ ᠠᠵᠢᠯ ᠳᠤ ᠡᠷᠬᠡᠪᠰᠢ ᠠᠷᠢᠭᠤᠨ ᠴᠢᠭᠡᠴᠢ᠂ ᠪᠣᠳᠠᠳᠠᠢ ᠶᠢ ᠡᠷᠬᠢᠮᠯᠡᠬᠦ᠂ ᠠᠵᠢᠯᠴᠢ ᠠᠷᠪᠢᠴᠢ᠂ ᠠᠷᠪᠢᠯᠠᠨ ᠭᠠᠮᠨᠠᠬᠤ ᠰᠠᠶᠢᠨ ᠰᠠᠶᠢᠬᠠᠨ ᠠᠵᠢᠯ ᠤᠨ ᠰᠣᠷᠳᠠᠯ ᠢ ᠰᠣᠷᠲᠠᠯᠴᠢᠯᠠᠵᠣ᠂ ᠦᠪᠡᠷ ᠢᠶᠠᠨ ᠦᠢᠯᠡᠴᠢᠯᠡᠳᠡᠭ ᠮᠠᠶ᠋ᠢᠭ ᠤᠨ ᠬᠤᠭᠤᠯᠠᠯᠠᠬᠤ ᠬᠡᠯᠪᠡᠷᠢ ᠪᠠᠷ ᠭᠤᠣᠯ ᠪᠣᠯᠭᠠᠵᠣ᠂ ᠵᠣᠴᠢᠯᠠᠬᠤ ᠪᠠᠷᠢᠮᠵᠢᠶ᠎ᠠ  ᠶᠢ ᠴᠢᠩᠭ᠎ᠠ  ᠪᠠᠷᠢᠮᠲᠠᠯᠠᠵᠣ᠂ ᠠᠷᠢᠬᠢ ᠳᠠᠮᠠᠬᠢ ᠬᠠᠩᠭᠠᠬᠤ ᠦᠭᠡᠢ᠂ ᠪᠠᠷᠢᠮᠵᠢᠶ᠎ᠠ ᠠᠴᠠ ᠬᠡᠳᠦᠷᠡᠭᠦᠯᠦᠨ ᠵᠣᠴᠢᠯᠠᠬᠤ ᠦᠭᠡᠢ ᠪᠠᠶᠢᠬᠤ ᠬᠡᠷᠡᠭᠲᠡᠢ᠃ ᠺᠠᠳ᠋ᠷ ᠠᠵᠢᠯᠳᠠᠳ ᠴᠠᠭ ᠨᠡᠮᠡᠵᠦ  ᠠᠵᠢᠯᠯᠠᠬᠤ ᠠᠴᠠ ᠪᠣᠯᠣᠭᠠᠳ ᠠᠵᠢᠯ ᠤᠨ ᠬᠤᠭᠤᠯᠠ ᠭᠡᠷᠡᠭᠰᠡᠬᠦ ᠴᠢᠬᠤᠯᠠᠲᠠᠢ ᠪᠠᠶᠢᠪᠠᠯ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ ᠠᠴᠠ ᠵᠢᠭᠠᠪᠣᠷᠢ ᠠᠪᠴᠣ᠂ ᠴᠠᠭ ᠨᠡᠮᠡᠵᠦ ᠠᠵᠢᠯᠯᠠᠬᠤ ᠰᠢᠯᠳᠠᠭᠠᠨ ᠢᠶᠠᠨ ᠳᠣᠳᠣᠷᠬᠠᠶᠢᠯᠠᠬᠤ ᠬᠡᠷᠡᠭᠲᠡᠢ᠃      ᠡᠭᠦᠨ ᠤ ᠲᠣᠯᠠ ᠮᠡᠳᠡᠭᠳᠡᠪᠡ                                                                                                                                                                         2017 ᠣᠨ ᠤ 3 ᠰᠠᠷ᠎ᠠ ᠶᠢᠨ 1 ᠤ ᠡᠳᠦᠷ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号