ᠠᠵᠣ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠰᠣᠳᠣᠯᠭᠠᠨ ᠤ ᠲᠦᠷᠦᠯ ᠤᠨ  ᠵᠣᠬᠢᠶᠠᠯ  ᠡᠯᠰᠡᠬᠦ  ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/9/18
               ᠡᠸ᠋ᠨᠩᠬᠢ ᠵᠠᠰᠠᠭ ᠠᠯᠪᠠᠨ ᠦᠰᠦᠭᠲᠣ ﹇2017﹈ 52 ᠳ᠋ᠣᠭᠠᠷ ᠲᠣᠭᠠᠳᠣ ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄    ᠬᠤᠰᠢᠭᠤᠨ ᠤ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠰᠣᠳᠣᠯᠬᠤ ᠠᠵᠢᠯ ᠢ ᠠᠯᠬᠤᠮ ᠴᠢᠨᠠᠭᠰᠢᠲᠠ ᠴᠢᠩᠭᠠᠳᠬᠠᠬᠤ ᠶᠢᠨ ᠲᠦᠯᠦᠭᠡ᠂ ᠬᠤᠰᠢᠭᠤᠨ ᠤ ᠵᠠᠰᠠᠭ ᠤᠨ ᠣᠷᠳᠣᠨ ᠠᠴᠠ ᠶᠠᠷᠢᠯᠴᠠᠬᠤ ᠪᠠᠷ ᠳᠠᠮᠵᠢᠨ᠂ ᠪᠦᠬᠦ ᠬᠤᠰᠢᠭᠤᠨ ᠤ ᠬᠡᠪᠴᠢᠶᠡᠨ ᠳᠣᠲᠣᠷ᠎ᠠ ᠠᠵᠣ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠲᠦᠷᠦ ᠶᠢᠨ ᠪᠣᠳᠣᠯᠭ᠎ᠠ  ᠶᠢᠨ ᠰᠣᠳᠣᠯᠭᠠᠨ ᠤ ᠲᠦᠷᠦᠯ ᠤᠨ ᠵᠣᠬᠢᠶᠠᠯ ᠡᠯᠰᠡᠬᠦ ᠪᠠᠷ ᠲᠣᠭᠲᠠᠪᠠ᠃ ᠣᠳᠣ ᠬᠠᠮᠢᠶ᠎ᠠ ᠪᠦᠬᠦᠢ ᠬᠡᠷᠡᠭ ᠤᠳ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠡᠯᠰᠡᠬᠦ ᠵᠣᠬᠢᠶᠠᠯ ᠤᠨ ᠲᠦᠷᠦᠯ     ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠲᠠᠯ᠎ᠠ ᠪᠠᠷ ᠬᠢ ᠪᠠᠶᠢᠴᠠᠭᠠᠨ ᠰᠣᠳᠣᠯᠣᠯᠲᠠ ᠶᠢᠨ ᠮᠡᠳᠡᠭᠦᠯᠦᠯᠲᠡ᠂ ᠲᠦᠷᠦ ᠶᠢᠨ ᠪᠣᠳᠣᠯᠭ᠎ᠠ ᠶᠢᠨ ᠲᠣᠬᠠᠢ ᠲᠠᠶᠢᠯᠣᠮᠵᠢ ︵ᠦᠭᠦᠯᠡᠯ︶ ᠪᠠ ᠬᠠᠮᠢᠶ᠎ᠠ ᠪᠦᠬᠦᠢ ᠪᠣᠰᠣᠳ ᠲᠦᠷᠦᠯ ᠤᠨ ᠵᠣᠬᠢᠶᠠᠯ ︵ᠦᠭᠦᠯᠡᠯ︶  ᠃     ᠬᠤᠶᠠᠷ᠂ ᠵᠣᠬᠢᠶᠠᠯ ᠡᠯᠰᠡᠬᠦ ᠱᠠᠭᠠᠷᠳᠠᠯᠭ᠎ᠠ    1. ᠭᠤᠣᠯ ᠰᠡᠳᠦᠪ ᠨᠢ ᠬᠤᠷᠴᠠ ᠲᠣᠳᠣ᠂ ᠦᠵᠡᠯᠲᠡ ᠨᠢ ᠵᠦᠪ ᠣᠨᠣᠪᠴᠢᠲᠠᠢ᠂ ᠯᠣᠬᠢᠬᠲᠣ ᠴᠢᠨᠠᠷ ᠢᠶᠠᠷ ᠴᠢᠩᠭ᠎ᠠ᠂ ᠪᠣᠳᠠᠳᠠᠢ ᠲᠠᠢ ᠣᠶᠠᠯᠳᠣᠭᠰᠠᠨ᠂ ᠰᠢᠨ᠎ᠡ ᠣᠳᠬ᠎ᠠ ᠰᠠᠨᠠᠭ᠎ᠠ ᠪᠠ ᠬᠦᠨ ᠬᠦᠨᠵᠡᠭᠡᠢ ᠠᠭᠤᠯᠠᠭᠳᠠᠬᠤᠨ ᠲᠠᠢ ᠪᠠᠶᠢᠬᠤ᠃     2. ᠵᠣᠬᠢᠶᠠᠯ ᠤᠨ ᠰᠣᠷᠳᠠᠯ ᠨᠢ ᠪᠣᠷᠣᠭᠵᠢᠭᠤᠨ᠂ ᠪᠣᠳᠠᠳᠣ ᠬᠡᠷᠡᠭ ᠣᠴᠢᠷ ᠢ ᠲᠣᠭᠠᠴᠢᠭᠰᠠᠨ᠂ ᠦᠭᠦᠯᠡᠯᠲᠡ  ᠨᠢ ᠡᠰᠢ ᠪᠠᠷᠢᠮᠲᠠ ᠲᠠᠢ᠂ ᠬᠤᠭᠤᠰᠣᠨ ᠦᠭᠡ ᠪᠠ ᠵᠣᠷᠰᠢᠯ ᠤᠨ ᠦᠭᠡ ᠶᠠᠷᠢᠬᠤ ᠶᠢ ᠴᠡᠭᠡᠷᠯᠡᠬᠦ ᠬᠡᠷᠡᠭᠲᠡᠢ᠃     3. ᠵᠣᠬᠢᠶᠠᠯ ᠤᠨ ᠬᠠᠭᠤᠳᠠᠰᠣ ᠶᠢ ᠬᠢᠵᠠᠭᠠᠷᠯᠠᠬᠤ ᠦᠭᠡᠢ᠂ ᠡᠰᠢᠯᠡᠯ ᠪᠠ ᠲᠡᠣᠬᠡᠨ ᠮᠠᠲ᠋ᠧᠷᠢᠶᠠᠯ ᠤᠨ ᠢᠷᠡᠯᠲᠡ  ᠶᠢ ᠳᠣᠳᠣᠷᠬᠠᠶᠢᠯᠠᠵᠣ᠂ ᠢᠷᠡᠭᠦᠯᠦᠭᠰᠡᠨ ᠡᠬᠡ ᠨᠣᠣᠷᠠᠭ ᠨᠢ ᠡᠷᠬᠡᠪᠰᠢ ᠢᠯᠡ ᠪᠠᠷ ᠬᠡᠪᠯᠡᠭᠳᠡᠭᠰᠡᠨ ᠦᠭᠡᠢ ᠪᠠ ᠨᠡᠶᠢᠲᠡᠯᠡᠭᠳᠡᠭᠰᠡᠨ ᠦᠭᠡᠢ ᠪᠦᠲᠦᠭᠡᠯ ᠪᠠᠶᠢᠬᠤ᠃     4. ᠵᠣᠬᠢᠶᠠᠯ ᠤᠨ ᠢᠶᠠᠨ ᠡᠮᠦᠨ᠎ᠡ ᠨᠢ ᠭᠤᠣᠯ ᠦᠭᠡ ᠪᠠ ᠠᠭᠤᠯᠭ᠎ᠠ ᠶᠢᠨ ᠲᠣᠪᠴᠢ ᠪᠠᠨ ᠳᠣᠳᠣᠷᠬᠠᠶᠢᠯᠠᠭᠰᠠᠨ ᠪᠠᠶᠢᠬᠤ᠃     5. ᠵᠣᠬᠢᠶᠠᠯ ᠤᠨ ᠭᠠᠷᠴᠠᠭ ᠢ ᠵᠣᠬᠢᠶᠠᠭᠴᠢ ᠠᠴᠠ ᠦᠪᠡᠰᠦᠪᠡᠨ ᠲᠣᠭᠲᠠᠭᠠᠬᠤ᠃      ᠭᠤᠷᠪᠠ᠂ ᠪᠣᠰᠣᠳ ᠵᠦᠢᠯ    1. ᠵᠣᠬᠢᠶᠠᠯ ᠤᠨ ᠵᠣᠬᠢᠶᠠᠭᠴᠢ᠂ ᠪᠠᠶᠢᠭᠤᠯᠭ᠎ᠠ᠂ ᠲᠣᠰᠢᠶᠠᠯ ᠪᠠ ᠬᠠᠷᠢᠯᠴᠠᠬᠤ ᠠᠷᠭ᠎ᠠ ᠶᠢ ᠳᠣᠳᠣᠷᠬᠠᠶᠢᠯᠠᠵᠣ᠂ ᠬᠤᠰᠢᠭᠤᠨ ᠤ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠰᠣᠳᠣᠯᠬᠤ ᠠᠯᠪᠠᠨ ᠭᠡᠷ ᠤᠨ ᠡᠯᠧᠺᠲᠷᠣᠨ ᠰᠢᠣᠳᠠᠨ ᠬᠠᠶᠢᠷᠴᠠᠭ᠄ ewkzfjs@163.com ᠲᠤ ᠰᠢᠭᠤᠳ ᠮᠡᠳᠡᠭᠦᠯᠦᠨ ᠬᠦᠷᠭᠡᠭᠡᠷᠡᠢ᠃    2. ᠬᠤᠰᠢᠭᠤᠨ ᠤ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠰᠣᠳᠣᠯᠬᠤ ᠠᠯᠪᠠᠨ ᠭᠡᠷ ᠠᠵᠢᠯᠳᠠᠨ ᠢᠶᠠᠨ ᠵᠣᠬᠢᠶᠠᠨ ᠪᠠᠶᠢᠭᠤᠯᠣᠨ ᠵᠣᠬᠢᠶᠠᠯ ᠳᠤ ᠬᠢᠨᠠᠨ ᠬᠠᠷᠭᠤᠭᠤᠯᠣᠯᠲᠠ ᠬᠢᠯᠭᠡᠵᠦ᠂ ᠬᠢᠨᠠᠨ ᠬᠠᠷᠭᠤᠭᠤᠯᠣᠭᠠᠳ ᠪᠠᠷᠢᠮᠵᠢᠶ᠎ᠠ ᠳᠤ ᠬᠦᠷᠦᠭᠰᠡᠨ ᠵᠣᠬᠢᠶᠠᠯ ᠢ ︽ᠲᠦᠷᠦ ᠶᠢᠨ ᠪᠣᠳᠣᠯᠭ᠎ᠠ ᠶᠢᠨ ᠰᠣᠳᠣᠯᠣᠯ︾ ᠪᠠᠷ ᠳᠠᠮᠵᠢᠨ ᠲᠣᠭᠲᠠᠮᠠᠯ ᠬᠤᠭᠤᠴᠠᠭ᠎ᠠ ᠲᠠᠢ  ᠪᠠᠷ ᠳᠠᠷᠣᠮᠠᠯᠯᠠᠨ ᠲᠠᠷᠬᠠᠭᠠᠨ᠎ᠠ ︵ᠨᠡᠷ᠎ᠡ ᠪᠢᠴᠢᠭᠰᠡᠨ ᠵᠣᠬᠢᠶᠠᠯ ᠳᠤ 100 ᠲᠦᠭᠦᠷᠢᠭ ᠤᠨ ᠡᠬᠡ ᠪᠢᠴᠢᠭ ᠤᠨ ᠬᠠᠷᠠᠮᠵᠢ ᠣᠯᠭᠤᠨ᠎ᠠ︶᠂ ᠳᠦᠷᠪᠡᠨ ᠶᠡᠭᠡ ᠣᠳᠣᠷᠢᠳᠬᠤ ᠪᠠᠭ᠂ ᠡᠯ᠎ᠡ ᠬᠡᠯᠳᠡᠰ ᠵᠦᠪᠯᠡᠯ ᠠᠯᠪᠠᠨ ᠭᠡᠷ ᠲᠣᠪᠴᠢᠶ᠎ᠠ᠂ ᠡᠯ᠎ᠡ ᠰᠣᠮᠣ ᠰᠢᠶᠠᠩ ᠪᠠᠯᠭᠠᠰᠣ ᠳᠤ ᠳᠠᠷᠣᠮᠠᠯᠯᠠᠨ ᠲᠠᠷᠬᠠᠭᠠᠨ᠎ᠠ᠃     ᠬᠠᠷᠢᠯᠴᠠᠭᠴᠢ᠄ ᠳ᠋ᠦ᠋ ᠿᠣ᠋ ᠺᠧ᠂ ᠬᠠᠷᠢᠯᠴᠠᠬᠤ ᠣᠳᠠᠰᠣ᠄ 18647021747     ᠡᠭᠦᠨ ᠤ ᠲᠣᠯᠠ ᠮᠡᠳᠡᠭᠳᠡᠪᠡ                                 2017 ᠣᠨ ᠤ 3 ᠰᠠᠷ᠎ᠠ ᠶᠢᠨ 17 ᠤ ᠡᠳᠦᠷ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号