ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠵᠠᠭᠤᠨ ᠨᠡᠷᠡᠰ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢ ᠰᠣᠩᠭᠤᠨ ᠣᠷᠢᠬᠤ ᠲᠣᠬᠠᠢ ᠠᠯᠪᠠᠨ ᠵᠠᠷ
ᠨᠡᠶᠢᠲᠡᠯᠡᠭᠰᠡᠨ ᠴᠠᠭ᠄
2017/9/18
                        ᠡᠸ᠋ᠨᠩᠬᠢ ᠵᠠᠰᠠᠭ ᠠᠯᠪᠠᠨ ᠦᠰᠦᠭᠲᠦ ﹇2017﹈ 102 ᠳ᠋ᠣᠭᠠᠷ ᠲᠣᠭᠠᠳᠣ           ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠵᠣ᠂ ᠪᠦᠬᠦ ᠣᠷᠣᠨ ᠤ ᠬᠠᠣᠯᠢ ᠶᠣᠰᠣᠭᠠᠷ ᠵᠠᠰᠠᠭ ᠶᠠᠪᠣᠭᠤᠯᠬᠤ ᠠᠵᠢᠯ ᠤᠨ ᠬᠤᠷᠠᠯ  ᠤᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠳᠠᠬᠢ ᠬᠢᠨᠠᠯᠲᠠ ᠲᠠᠯᠪᠢᠯᠲᠠ ᠶᠢᠨ   ᠬᠠᠮᠣᠷᠬᠤ ᠬᠡᠪᠴᠢᠶ᠎ᠡ ᠶᠢ ᠦᠷᠬᠡᠳᠬᠡᠵᠦ᠂ ᠬᠠᠣᠯᠢ ᠳᠦᠷᠢᠮ ᠤᠨ ᠬᠢᠨᠠᠯᠲᠠ ᠲᠠᠯᠪᠢᠯᠲᠠ ᠬᠢᠬᠡᠳ ᠨᠡᠶᠢᠭᠡᠮ ᠤᠨ ᠬᠢᠨᠠᠯᠲᠠ ᠲᠠᠯᠪᠢᠯᠲᠠ ᠶᠢᠨ ᠬᠠᠮᠰᠠᠯ ᠬᠦᠴᠦᠨ ᠢ ᠪᠦᠷᠢᠯᠳᠦᠭᠦᠯᠵᠦ᠂ ᠲᠦᠪ ᠭᠤᠣᠯᠴᠢ ᠪᠣᠯᠪᠠᠰᠣᠨ ᠬᠠᠤᠯᠢ ᠭᠡᠷᠡᠭᠵᠢᠭᠦᠯᠦᠯᠳᠠ ᠶᠢ ᠴᠢᠩᠭ᠎ᠠ ᠵᠢᠷᠤᠮᠵᠢᠭᠤᠯᠬᠤ ᠶᠢ ᠠᠬᠢᠭᠤᠯᠬᠤ ᠶᠢᠨ ᠲᠦᠯᠦᠭᠡ᠂ ︽ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠲᠦᠮᠡᠨ ᠨᠡᠷᠡᠰ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢ ᠰᠣᠩᠭᠤᠨ ᠣᠷᠢᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠣᠨ ᠤ ᠬᠠᠣᠯᠢ ᠳᠦᠷᠢᠮ ᠤᠨ ᠠᠯᠪᠠᠨ ᠭᠡᠷ ᠤᠨ ᠠᠵᠢᠯ ᠤᠨ ᠲᠦᠰᠦᠯ︾ ︵ᠦᠪᠦᠷ ᠵᠠᠰᠠᠭ ᠬᠠᠣᠯᠢ ᠲᠠᠷᠬᠠᠭᠠᠭᠰᠠᠨ ﹇2017﹈ 39 ᠳ᠋ᠣᠭᠡᠷ ᠲᠣᠭᠠᠳᠣ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠳᠤ ᠬᠠᠨᠳᠣᠭᠤᠯᠣᠨ ᠵᠠᠭᠤᠨ ᠨᠡᠷᠡᠰ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢ ᠰᠣᠩᠭᠤᠨ ᠣᠷᠢᠬᠤ ᠪᠠᠷ ᠪᠣᠯᠪᠠ᠃ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄      ᠨᠢᠭᠡ᠂ ᠰᠣᠩᠭᠤᠨ ᠣᠷᠢᠬᠤ ᠨᠦᠬᠦᠴᠡᠯ    ︵ᠨᠢᠭᠡ︶ ᠦᠨᠳᠦᠰᠦᠨ ᠬᠠᠣᠯᠢ ᠶᠢ ᠬᠦᠷᠢᠶᠡᠯᠡᠨ᠂ ᠬᠠᠣᠯᠢ ᠴᠠᠭᠠᠵᠠ ᠶᠢ ᠵᠢᠷᠣᠮᠯᠠᠬᠤ᠂ ᠨᠡᠯᠢᠶᠡᠳ ᠦᠨᠳᠦᠷ ᠲᠦᠷᠦ ᠶᠢᠨ ᠪᠣᠳᠣᠯᠭ᠎ᠠ ᠣᠨᠣᠯ ᠤᠨ ᠲᠦᠪᠰᠢᠨ ᠪᠠ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠳᠣ ᠰᠡᠳᠬᠢᠯᠭᠡ  ᠲᠠᠢ ᠪᠠᠶᠢᠬᠤ︔     ︵ᠬᠤᠶᠠᠷ︶ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠯᠦᠭᠡ ᠬᠠᠮᠢᠶ᠎ᠠ ᠪᠦᠬᠦᠢ ᠬᠠᠣᠯᠢ ᠴᠠᠭᠠᠵᠠ ᠪᠠ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠳᠡᠰ ᠳᠠᠷᠠᠭᠠᠯᠠᠯ ᠢ ᠮᠡᠳᠡᠬᠦ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠯᠠᠭᠤᠨ ᠢᠶᠠᠷ ᠳᠡᠮᠵᠢᠬᠦ︔      ︵ ᠭᠤᠷᠪᠠ︶ ᠵᠠᠩ ᠰᠣᠷᠳᠠᠯ ᠨᠢ ᠲᠦᠪ᠂ ᠣᠪᠣᠷ ᠰᠣᠷᠳᠠᠯ ᠨᠢ ᠴᠢᠭᠴᠢ᠂ ᠵᠠᠷᠴᠢᠮ ᠢ ᠵᠣᠷᠢᠭᠲᠠᠢ ᠪᠠᠷᠢᠮᠳᠠᠯᠠᠬᠤ᠂ ᠨᠡᠯᠢᠶᠡᠳ ᠴᠢᠩᠭ᠎ᠠ ᠠᠵᠢᠯ ᠤᠨ ᠬᠠᠷᠢᠭᠤᠴᠠᠯᠭᠠᠳᠣ ᠰᠡᠳᠬᠢᠯ ᠲᠠᠢ︔      ︵ ᠳᠦᠷᠪᠡ︶ ᠪᠡᠶ᠎ᠡ ᠮᠠᠬᠠᠪᠣᠳ ᠡᠷᠡᠭᠦᠯ ᠴᠢᠬᠢᠷᠠᠭ᠂ ᠲᠣᠰ ᠠᠵᠢᠯ ᠢ ᠡᠭᠦᠷᠭᠡᠯᠡᠵᠦ ᠳᠡᠶᠢᠯᠬᠦ︔      ︵ ᠲᠠᠪᠤ︶ ᠵᠠᠰᠠᠭ ᠵᠠᠬᠢᠷᠭᠠᠨ ᠤ ᠰᠢᠳᠬᠡᠯᠲᠡ ᠪᠣᠶᠣ ᠠᠮᠣᠷ ᠢ ᠬᠠᠮᠠᠭᠠᠯᠠᠬᠤ ᠬᠠᠮᠢᠶᠠᠷᠣᠯᠲᠠ ᠶᠢᠨ ᠬᠠᠣᠯᠢ ᠴᠠᠭᠠᠵᠠ ᠬᠠᠣᠯᠢ ᠲᠣᠭᠲᠠᠭᠠᠯ ᠢ ᠵᠦᠷᠢᠴᠡᠨ ᠵᠠᠰᠠᠭ ᠵᠠᠬᠢᠷᠭᠠᠨ ᠤ ᠰᠢᠢᠳᠭᠡᠯ ᠣᠯᠣᠭᠰᠠᠨ ᠲᠡᠮᠳᠡᠭᠯᠡᠯ ᠦᠭᠡᠢ︔      ︵ ᠵᠢᠷᠭᠤᠭ᠎ᠠ︶ ᠪᠣᠰᠣᠳ ᠪᠦᠷᠢᠯᠳᠣᠭᠦᠯᠪᠡᠰᠦ ᠵᠣᠬᠢᠬᠤ ᠨᠦᠬᠦᠴᠡᠯ᠃      ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ     ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠨᠢ ︽ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾  ᠢᠶᠠᠨ ᠠᠪᠴᠣ᠂ ᠵᠠᠰᠠᠭ ᠵᠠᠬᠢᠷᠭᠠᠨ ᠤ ᠬᠠᠣᠯᠢ ᠳᠦᠷᠢᠮ ᠤᠨ ᠪᠠᠶᠢᠭᠤᠯᠣᠮᠵᠢ ᠶᠢ ᠬᠠᠪᠰᠣᠷᠣᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠦᠷᠨᠢᠭᠦᠯᠦᠨ᠎ᠡ᠃     ︵ᠨᠢᠭᠡ︶ ᠬᠢᠨᠠᠯᠲᠠ ᠲᠠᠯᠪᠢᠬᠤ ᠣᠷᠣᠨ ᠪᠦᠰᠡ ᠶᠢᠨ ᠬᠡᠪᠴᠢᠶ᠎ᠡ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠣᠮᠵᠢ ᠳᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠳᠣᠮᠳᠠ ᠣᠷᠣᠰᠢᠵᠣ ᠪᠠᠶᠢᠬᠤ ᠬᠠᠣᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠳᠣᠰᠬᠠᠨ᠎ᠠ︔     ︵ᠬᠤᠶᠠᠷ︶ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠣᠮᠵᠢ ᠳᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠣᠷᠠᠳᠣᠨ᠎ᠠ︔     ︵ ᠭᠤᠷᠪᠠ︶ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠰᠣᠳ ᠠᠵᠢᠯᠯᠠᠭ᠎ᠠ  ᠳᠤ ᠣᠷᠣᠯᠴᠠᠨ᠎ᠠ︔      ᠭᠤᠷᠪᠠ᠂ ᠠᠵᠢᠯ ᠤᠨ ᠰᠠᠬᠢᠯᠭ᠎ᠠ ᠪᠠᠳᠣ      ︵ ᠨᠢᠭᠡ︶ ᠣᠯᠣᠰ ᠤᠨ ᠨᠢᠭᠤᠴᠠ᠂ ᠠᠵᠢᠯ ᠤᠨ ᠨᠢᠭᠤᠴᠠ ᠵᠢᠴᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠳᠣᠮᠳᠠ ᠡᠵᠡᠮᠰᠢᠭᠰᠡᠨ ᠬᠤᠳᠠᠯᠳᠣᠭᠠᠨ ᠤ ᠨᠢᠭᠤᠴᠠ ᠪᠠ ᠬᠤᠪᠢ ᠶᠢᠨ ᠨᠢᠭᠤᠴᠠ ᠶᠢ ᠬᠠᠮᠠᠭᠠᠯᠠᠬᠤ︔     ︵ ᠬᠤᠶᠠᠷ︶ ᠡᠷᠭᠡ ᠪᠠᠨ ᠠᠰᠢᠭᠯᠠᠨ ᠠᠮᠢ ᠪᠠᠨ ᠪᠣᠷᠳᠣᠬᠤ ᠪᠣᠶᠣ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠡᠪ  ᠤᠨ ᠠᠯᠪᠠᠨ ᠶᠠᠪᠣᠳᠠᠯ ᠤᠨ ᠠᠵᠢᠯᠯᠠᠭ᠎ᠠ ᠶᠢ ᠬᠠᠷᠰᠢᠯᠠᠵᠣ ᠪᠣᠯᠬᠤ ᠦᠭᠡᠢ᠂ ᠵᠠᠰᠠᠭ ᠵᠠᠬᠢᠷᠭᠠᠨ ᠤ ᠬᠠᠷᠢᠭᠤᠴᠠᠩᠭᠤᠢ ᠬᠦᠮᠦᠨ ᠤ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠵᠣ ᠪᠣᠯᠬᠤ ᠦᠭᠡᠢ︔     ︵ ᠭᠤᠷᠪᠠ︶ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠨᠡᠷ᠎ᠡ ᠪᠠᠷ ᠡᠭᠦᠷᠭᠡ ᠬᠠᠷᠢᠭᠤᠴᠠᠯᠭ᠎ᠠ ᠯᠤᠭ᠎ᠠ ᠬᠤᠯᠪᠣᠭᠳᠠᠬᠤ ᠦᠭᠡᠢ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠦᠭᠡᠢ ᠪᠣᠶᠣ ᠬᠦᠢᠴᠡᠳᠬᠡᠵᠦ ᠪᠣᠯᠬᠤ ᠦᠭᠡᠢ︔      ︵ ᠳᠦᠷᠪᠡ︶ ︽ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠢ ᠵᠦᠪ ᠬᠡᠷᠡᠭᠯᠡᠵᠦ᠂ ᠰᠢᠯᠵᠢᠭᠦᠯᠦᠨ ᠵᠢᠭᠡᠯᠡᠬᠦ ᠪᠣᠶᠣ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢᠨ ᠪᠣᠰᠣ ᠠᠵᠢᠯᠯᠠᠭ᠎ᠠ ᠳᠤ ᠬᠡᠷᠡᠭᠯᠡᠵᠦ ᠪᠣᠯᠬᠤ ᠦᠭᠡᠢ︔      ︵ ᠲᠠᠪᠤ︶ ᠬᠠᠣᠯᠢ ᠴᠠᠭᠠᠵᠠ ᠬᠠᠣᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠴᠠᠭᠠᠵᠢᠯᠠᠬᠤ ᠴᠢᠨᠠᠷᠲᠠᠢ ᠪᠣᠰᠣᠳ ᠵᠦᠢᠯ ᠵᠣᠷᠪᠣᠰ᠃      ᠳᠦᠷᠪᠡ᠂ ᠠᠵᠢᠯᠯᠠᠬᠤ ᠬᠡᠯᠪᠡᠷᠢ ᠮᠠᠶ᠋ᠢᠭ ᠵᠢᠴᠢ ᠪᠠᠲᠣᠯᠠᠪᠣᠷᠢ      ︵ ᠨᠢᠭᠡ︶ ᠠᠵᠢᠯᠯᠠᠬᠤ ᠬᠡᠯᠪᠡᠷᠢ ᠮᠠᠶ᠋ᠢᠭ     ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠨᠢ ᠲᠠᠷᠬᠠᠢ ᠠᠵᠢᠯᠯᠠᠬᠤ ᠪᠣᠯᠣᠨ ᠲᠦᠪᠯᠡᠷᠡᠨ ᠠᠵᠢᠯᠯᠠᠬᠤ ᠶᠢ ᠬᠠᠷᠢᠯᠴᠠᠨ ᠣᠶᠠᠯᠳᠣᠭᠤᠯᠬᠤ ᠠᠷᠭ᠎ᠠ ᠶᠢ ᠠᠪᠴᠣ᠂ ᠠᠵᠢᠯ ᠤᠨ ᠰᠢᠨᠵᠢ ᠴᠢᠨᠠᠷ ᠨᠢ ᠠᠯᠪᠠᠨ ᠵᠢᠷᠣᠮ ᠤᠨ ᠬᠢᠨᠠᠯᠲᠠ ᠲᠠᠯᠪᠢᠬᠤ ᠠᠵᠢᠯ ᠪᠣᠯᠬᠤᠷ ᠬᠦᠯᠦᠰᠦ ᠣᠯᠭᠤᠮᠵᠢ ᠬᠡᠵᠦ ᠦᠭᠡᠢ᠃ ᠪᠣᠳᠠᠳᠠᠢ ᠠᠵᠢᠯᠯᠠᠬᠤ ᠬᠡᠯᠪᠡᠷᠢ ᠨᠢ ᠳᠣᠣᠷᠠᠬᠢ ᠮᠡᠲᠦ᠄     1. ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠦᠶᠡᠰ᠂ ᠬᠠᠮᠤᠭ ᠲᠦᠷᠦᠭᠦᠨ ᠳᠤ ︽ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾  ᠢᠶᠠᠨ ᠦᠵᠡᠭᠦᠯᠵᠦ᠂ ᠪᠡᠶ᠎ᠡ ᠭᠠᠷᠣᠯ ᠢᠶᠠᠨ ᠳᠣᠳᠣᠷᠬᠠᠶᠢᠯᠠᠵᠣ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠣᠯᠢ ᠬᠡᠷᠡᠭᠵᠢᠭᠦᠯᠦᠭᠴᠢ ᠶᠢᠨ ᠬᠠᠣᠯᠢ ᠬᠡᠷᠡᠭᠵᠢᠭᠦᠯᠬᠦ ᠳᠣᠮᠳᠠ ᠣᠷᠣᠰᠢᠵᠣ ᠪᠠᠶᠢᠭ᠎ᠠ ᠠᠰᠠᠭᠤᠳᠠᠯ ᠪᠠ ᠪᠣᠳᠠᠳᠠᠢ ᠬᠡᠷᠡᠭ ᠣᠴᠢᠷ ᠢ ᠦᠨᠡᠨ ᠪᠣᠳᠠᠳᠠᠢ ᠨᠠᠷᠢᠯᠢᠭ ᠢᠶᠠᠷ ᠳᠡᠮᠳᠡᠭᠯᠡᠬᠦ ᠪᠦᠭᠡᠳ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠣᠮᠵᠢ ᠳᠤ ᠮᠡᠳᠡᠭᠦᠯᠦᠨ᠎ᠡ᠃     2. ᠬᠢᠨᠠᠯᠲᠠ ᠲᠠᠯᠪᠢᠭᠴᠢ ᠶᠢᠨ ᠳᠣᠰᠬᠠᠭᠰᠠᠨ ᠠᠰᠠᠭᠤᠳᠠᠯ ᠨᠢ ᠬᠠᠣᠯᠢ ᠳᠦᠷᠢᠮ ᠤᠨ ᠪᠠᠶᠢᠭᠤᠯᠣᠮᠵᠢ ᠶᠢᠨ ᠬᠠᠮᠢᠶᠠᠷᠣᠯᠲᠠ ᠶᠢᠨ ᠬᠠᠷᠢᠶᠠᠨ ᠤ ᠬᠡᠪᠴᠢᠶᠡᠨ ᠳᠤ ᠬᠠᠷᠢᠶᠠᠯᠠᠬᠳᠠᠵᠣ ᠪᠠᠶᠢᠪᠠᠯ᠂ ᠬᠠᠣᠯᠢ ᠳᠦᠷᠢᠮ ᠤᠨ ᠪᠠᠶᠢᠭᠤᠯᠣᠮᠵᠢ  ᠠᠴᠠ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ  ᠶᠢᠨ ᠬᠢᠨᠠᠯᠲᠠ ᠲᠠᠯᠪᠢᠯᠲᠠ ᠶᠢᠨ ᠳᠦᠷᠢᠮ︾ ︵2009 ᠣᠨ ᠳᠤ ᠵᠠᠰᠠᠪᠣᠷᠢ ᠣᠷᠣᠭᠤᠯᠣᠭᠰᠠᠨ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠢᠨᠠᠯᠲᠠ ᠲᠠᠯᠪᠢᠭᠴᠢ ᠳᠤ ᠬᠠᠷᠢᠭᠤ ᠳᠣᠰᠬᠠᠨ᠎ᠠ᠃ ᠬᠠᠣᠯᠢ ᠳᠦᠷᠢᠮ ᠤᠨ ᠪᠠᠶᠢᠭᠤᠯᠣᠮᠵᠢ ᠶᠢᠨ ᠬᠠᠮᠢᠶᠠᠷᠣᠯᠲᠠ ᠶᠢᠨ ᠬᠠᠷᠢᠶᠠᠨ ᠤ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠣᠯ᠂ ᠲᠡᠭᠦᠨ ᠳᠤ ᠰᠢᠢᠳᠪᠦᠷᠢᠯᠡᠬᠦ ᠠᠷᠭ᠎ᠠ ᠵᠠᠮ ᠢ ᠨᠢ ᠴᠠᠭ ᠲᠣᠬᠠᠢ ᠳᠤᠨᠢ ᠮᠡᠳᠡᠭᠦᠯᠬᠦ ᠬᠡᠷᠡᠭᠲᠡᠢ᠃     ︵ ᠬᠤᠶᠠᠷ︶ ᠪᠠᠲᠣᠯᠠᠪᠣᠷᠢ   1. ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠪᠠᠶᠢᠭᠤᠯᠭ᠎ᠠ ᠵᠢᠴᠢ ᠲᠡᠭᠦᠨ ᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠭᠴᠢ ᠨᠢ  ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠠᠵᠢᠯ ᠢ ᠳᠡᠮᠵᠢᠬᠦ ᠪᠠ ᠬᠠᠮᠵᠢᠯᠴᠠᠬᠤ ᠬᠡᠷᠡᠭᠲᠡᠢ᠂ ᠬᠠᠷᠰᠢᠯᠠᠨ ᠰᠠᠭᠠᠳᠠᠵᠣ ᠪᠣᠯᠬᠤ ᠦᠭᠡᠢ᠂ ᠬᠤᠳᠠᠯ ᠬᠡᠯᠡᠵᠦ ᠬᠤᠯᠣ ᠲᠠᠷᠢᠬᠤ᠂ ᠰᠢᠯᠳᠠᠭᠯᠠᠨ ᠲᠦᠯᠬᠢᠯᠴᠡᠵᠦ ᠪᠣᠯᠬᠤ ᠦᠭᠡᠢ᠂ ᠴᠣᠬᠢᠯᠳᠠ ᠦᠭᠴᠦ ᠬᠠᠷᠢᠭᠤ ᠠᠪᠴᠣ ᠪᠣᠯᠬᠤ ᠦᠭᠡᠢ᠃    ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠳᠤ ᠴᠣᠬᠢᠯᠳᠠ ᠥᠭᠬᠦ᠂ ᠬᠠᠷᠢᠭᠤ ᠠᠪᠬᠤ ᠪᠣᠶᠣ ᠪᠡᠶ᠎ᠡ ᠮᠠᠬᠠᠪᠣᠳ ᠡᠳ᠋ ᠬᠦᠷᠦᠩᠭᠡ ᠳᠤ ᠬᠤᠬᠢᠷᠠᠯ ᠣᠴᠠᠷᠠᠭᠤᠯᠣᠭᠰᠠᠳ ᠢ ᠬᠠᠣᠯᠢ ᠶᠣᠰᠣᠭᠠᠷ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃    2. ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ   ᠳᠤ ᠬᠠᠣᠯᠢ ᠲᠣᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠪᠠᠶᠢᠪᠠᠯ ᠶᠠᠮᠠᠷᠪᠠ ᠪᠠᠶᠢᠭᠤᠯᠭ᠎ᠠ ᠪᠣᠶᠣ ᠬᠤᠪᠢ ᠬᠦᠮᠦᠨ ᠬᠡᠳ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠣᠮᠵᠢ ᠳᠤ ᠢᠯᠡᠴᠢᠯᠡᠨ ᠵᠠᠭᠠᠯᠳᠣᠵᠣ ᠢᠯᠡᠴᠢᠯᠡᠨ ᠮᠡᠳᠡᠭᠦᠯᠵᠦ ᠪᠣᠯᠣᠨ᠎ᠠ᠃     3. ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠭ᠎ᠠ ︽ ᠬᠡᠨ ᠰᠣᠩᠭᠤᠨ ᠣᠷᠢᠪᠠᠯ ᠂ ᠬᠡᠨ ᠬᠠᠮᠢᠶᠠᠷᠬᠤ︾ ᠵᠠᠷᠴᠢᠮ ᠢᠶᠠᠷ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠯᠤᠭ᠎ᠠ ᠡᠳᠦᠷ ᠳᠣᠳᠣᠮ ᠤᠨ ᠬᠠᠷᠢᠯᠴᠠᠭ᠎ᠠ ᠬᠢᠬᠦ᠂ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠬᠤ ᠬᠡᠷᠡᠭᠲᠡᠢ᠃     4. ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠦᠨᠡᠮᠯᠡᠯ ᠬᠢᠬᠦ ᠵᠠᠷᠣᠳᠠᠯ ᠢ ᠬᠤᠰᠢᠭᠤᠨ ᠤ ᠵᠠᠰᠠᠭ ᠤᠨ ᠣᠷᠳᠣᠨ ᠤ ᠲᠣᠰ ᠱᠠᠲᠣᠨ ᠤ ᠡᠳ᠋ ᠤᠨ ᠵᠠᠰᠠᠭ ᠠᠴᠠ ᠪᠠᠲᠣᠯᠠᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠠᠴᠠ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠣᠮᠵᠢ ᠶᠢᠨ ᠡᠷᠬᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠣᠯᠲᠠ ᠶᠢᠨ ᠠᠵᠢᠯᠯᠠᠭ᠎ᠠ ᠳᠤ ᠣᠷᠣᠯᠴᠠᠬᠤ ᠳᠤ ᠬᠦᠷᠪᠡᠯ᠂ ᠪᠣᠢ ᠪᠣᠯᠣᠭᠰᠠᠨ ᠬᠠᠮᠢᠶ᠎ᠠ ᠪᠦᠬᠦᠢ ᠠᠵᠢᠯ ᠤᠨ ᠵᠠᠷᠣᠳᠠᠯ ᠢ ᠵᠣᠬᠢᠶᠠᠨ ᠪᠠᠶᠢᠭᠤᠯᠣᠭᠰᠠᠨ ᠨᠢᠭᠡᠴᠡ ᠠᠴᠠ ᠬᠠᠷᠢᠭᠤᠴᠠᠨ᠎ᠠ᠃      ᠲᠠᠪᠤ᠂ ᠰᠣᠩᠭᠤᠨ ᠣᠷᠢᠬᠤ ᠳᠡᠰ ᠳᠠᠷᠠᠭᠠᠯᠠᠯ      ︵ ᠨᠢᠭᠡ︶ ᠮᠡᠳᠡᠭᠦᠯᠬᠦ      ᠲᠣᠰ ᠠᠯᠪᠠᠨ ᠵᠠᠷ ᠤᠨ ᠱᠠᠭᠠᠷᠳᠠᠯᠭ᠎ᠠ ᠶᠢᠨ ᠨᠦᠬᠦᠴᠡᠯ ᠳᠤ ᠨᠡᠶᠢᠴᠡᠬᠦ ᠣᠷᠢᠯᠳᠠ ᠳᠤ ᠣᠷᠣᠯᠴᠠᠭᠴᠢ ᠨᠢ ︽ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢ ᠳᠠᠩᠰᠠᠯᠠᠬᠤ ᠬᠦᠰᠦᠨᠦᠭᠲᠦ︾ ᠶᠢ ᠲᠠᠭᠯᠠᠨ ᠪᠢᠴᠢᠬᠦ ᠶᠢᠨ ᠬᠠᠮᠲᠣ᠂ ᠲᠣᠰ ᠬᠦᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠵᠢᠴᠢ 1 ᠬᠤᠪᠢ ᠳᠠᠷᠣᠮᠠᠯᠯᠠᠭᠤᠷ᠂  ᠣᠶᠢᠷ᠎ᠠ ᠳᠤ ᠳᠠᠳᠠᠭᠤᠯᠣᠭᠰᠠᠨ 1 ᠢᠮᠠᠬᠤ ᠶᠢᠨ ᠬᠦᠬᠡ ᠳᠡᠪᠢᠰᠬᠡᠷ ᠲᠠᠢ ᠮᠠᠯᠠᠭᠠᠢ ᠦᠭᠡᠢ ᠰᠡᠭᠦᠳᠡᠷ ᠢᠶᠠᠨ 2 ᠬᠤᠪᠢ ᠠᠪᠴᠣ᠂ ᠬᠡᠷᠪᠡ ᠬᠠᠷᠢᠶᠠᠯᠠᠭᠳᠠᠬᠤ ᠪᠣᠳᠠᠳᠠᠢ ᠪᠠᠶᠢᠭᠤᠯᠭ᠎ᠠ ᠨᠢᠭᠡᠴᠡ ᠲᠠᠢ ᠪᠣᠯ ᠨᠢᠭᠡᠴᠡ ᠶᠢᠨ ᠭᠠᠷᠭᠠᠵᠣ ᠦᠭᠭᠦᠭᠰᠡᠨ ᠬᠡᠷᠡᠴᠢᠯᠡᠯ ᠢᠶᠠᠨ ᠠᠪᠣᠭᠠᠳ᠂ 6 ᠰᠠᠷ᠎ᠠ ᠶᠢᠨ 30 ᠤ ᠡᠳᠦᠷ ᠠᠴᠠ ᠡᠮᠦᠨ᠎ᠡ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠤᠨ 328 ᠳᠠᠰᠤᠭ ᠲᠤ ᠬᠦᠷᠴᠦ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠬᠦᠰᠦᠨᠦᠭᠲᠦ ᠪᠠᠨ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠤᠨ 328 ᠲᠠᠰᠤᠭ ᠠᠴᠠ ᠠᠪᠴᠣ ᠪᠣᠯᠣᠨ᠎ᠠ᠂ ᠪᠠᠰᠠ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ ︵http://www.ewenke.gov.cn/︶ ᠶᠢᠨ ᠠᠯᠪᠠᠨ ᠵᠠᠷ ᠤᠨ ᠮᠡᠳᠡᠭᠳᠡᠯ ᠤᠨ ᠪᠣᠯᠣᠩ ᠳᠤ ᠰᠢᠭᠤᠳ ᠭᠠᠷᠴᠣ ᠦᠪᠡᠷ ᠢᠶᠠᠨ ᠪᠠᠭᠤᠯᠭᠠᠨ ᠠᠪᠴᠣ ᠪᠣᠯᠣᠨ᠎ᠠ᠃      ︵ ᠬᠤᠶᠠᠷ︶ ᠬᠢᠨᠠᠨ ᠬᠠᠷᠭᠤᠭᠤᠯᠬᠤ     ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠠᠴᠠ ᠰᠣᠩᠭᠤᠨ ᠣᠷᠢᠬᠤ ᠨᠦᠬᠦᠴᠡᠯ ᠪᠠ ᠱᠠᠭᠠᠷᠳᠠᠯᠭ᠎ᠠ ᠪᠠᠷ ᠦᠨᠳᠦᠰᠦᠯᠡᠯ ᠪᠣᠯᠭᠠᠵᠣ᠂ 2017 ᠣᠨ ᠤ 7 ᠰᠠᠷ᠎ᠠ ᠶᠢᠨ 31 ᠤ ᠡᠳᠦᠷ ᠠᠴᠠ ᠡᠮᠦᠨ᠎ᠡ ᠤᠷᠢᠯᠳᠠ ᠳᠤ ᠣᠷᠣᠯᠴᠠᠬᠤ ᠪᠠᠷ ᠭᠤᠶᠣᠴᠢᠯᠠᠭᠰᠠᠳ ᠤᠨ ᠬᠢᠷᠢ ᠬᠡᠮ ᠢ ᠬᠢᠨᠠᠨ ᠬᠠᠷᠭᠤᠭᠤᠯᠤᠨ᠎ᠠ᠃      ︵ ᠭᠤᠷᠪᠠ︶ ᠢᠯᠡ ᠪᠠᠷ ᠨᠡᠶᠢᠳᠡᠯᠡᠬᠦ     ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠠᠴᠠ ᠬᠢᠨᠠᠨ ᠬᠠᠷᠭᠤᠭᠤᠯᠣᠯᠲᠠ  ᠶᠢ ᠦᠩᠭᠡᠷᠡᠭᠰᠡᠨ ᠰᠣᠩᠭᠤᠭᠳᠠᠭᠴᠢ ᠶᠢ 2017 ᠣᠨ ᠤ 8 ᠰᠠᠷ᠎ᠠ ᠶᠢᠨ 1 ᠤ ᠡᠳᠦᠷ ᠠᠴᠠ 2017 ᠣᠨ ᠤ 8 ᠰᠠᠷ᠎ᠠ ᠶᠢᠨ 10 ᠤ ᠡᠳᠦᠷ ᠬᠦᠷᠳᠡᠯ᠎ᠡ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠳᠡᠭᠡᠷ᠎ᠡ 10 ᠡᠳᠦᠷ ᠤᠨ ᠬᠤᠭᠤᠴᠠᠭ᠎ᠠ ᠲᠠᠢ ᠪᠠᠷ ᠢᠯᠡ ᠪᠠᠷ ᠨᠡᠶᠢᠲᠡᠯᠡᠨ᠎ᠡ᠃      ︵ ᠳᠦᠷᠪᠡ︶ ᠣᠷᠢᠨ ᠲᠣᠮᠢᠯᠠᠬᠤ      ᠢᠯᠡ ᠪᠠᠷ ᠨᠡᠶᠢᠲᠡᠯᠡᠭᠡᠳ ᠣᠨᠳᠣᠣ ᠰᠠᠨᠠᠯ ᠦᠭᠡᠢ ᠪᠣᠯᠣᠭᠰᠠᠨ ᠤᠷᠢᠭᠳᠠᠭᠰᠠᠳ ᠲᠤ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠠᠴᠠ ︽ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠣᠯᠭᠤᠨ᠎ᠠ᠃      ᠵᠢᠷᠭᠤᠭ᠎ᠠ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ  ᠶᠢ ᠣᠷᠢᠬᠤ ᠪᠠᠨ ᠪᠣᠯᠢᠬᠤ     ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠳᠤ ᠣᠷᠢᠨ ᠲᠣᠮᠢᠯᠠᠬᠤ ᠲᠦᠷᠢᠮ ᠢ ᠬᠡᠷᠡᠭᠵᠢᠭᠦᠯᠵᠦ᠂ ᠣᠷᠢᠬᠤ ᠬᠤᠭᠤᠴᠠᠭ᠎ᠠ ᠨᠢ 3 ᠵᠢᠯ ᠪᠣᠯᠣᠨ᠎ᠠ᠃ ᠬᠤᠭᠤᠴᠠᠭ᠎ᠠ ᠨᠢ ᠳᠦᠭᠦᠷᠦᠭᠡᠳ ᠵᠠᠯᠭᠠᠭᠠᠳ ᠣᠷᠢᠬᠤ ᠳᠤ ᠬᠦᠷᠪᠡᠯ᠂ ᠬᠠᠮᠢᠶ᠎ᠠ ᠪᠦᠬᠦᠢ ᠱᠠᠭᠠᠷᠳᠠᠯᠭ᠎ᠠ ᠪᠠ ᠳᠡᠰ ᠳᠠᠷᠠᠭᠠᠯᠠᠯ ᠶᠣᠰᠣᠭᠠᠷ ᠳᠠᠬᠢᠨ ᠭᠠᠷᠳᠠᠮ ᠭᠦᠢᠴᠡᠳᠬᠡᠬᠦ ᠪᠣᠯᠣᠨ᠎ᠠ᠃ ᠬᠤᠭᠤᠴᠠᠭ᠎ᠠ ᠨᠢ ᠬᠦᠷᠦᠭᠡᠳ ᠵᠠᠯᠭᠠᠭᠠᠳ ᠣᠷᠢᠭᠰᠠᠨ ᠦᠭᠡᠢ ᠪᠣᠯ ᠣᠷᠢᠬᠤ ᠪᠠᠨ ᠪᠣᠯᠢᠭᠰᠠᠨ ᠳᠤ ᠲᠣᠭᠠᠴᠠᠭᠳᠠᠨ᠎ᠠ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠣᠷᠢᠬᠤ ᠪᠠᠨ ᠣᠷᠢᠳᠴᠢᠯᠠᠨ ᠪᠣᠯᠢᠵᠣ ᠪᠣᠯᠣᠨ᠎ᠠ᠄     ︵ ᠨᠢᠭᠡ︶ ᠡᠷᠡᠭᠦᠦ ᠶᠢᠨ ᠬᠡᠷᠡᠭ ᠤᠨ ᠰᠢᠳᠬᠡᠯᠲᠡ ᠪᠣᠶᠣ ᠠᠮᠣᠷ ᠢ ᠬᠠᠮᠠᠭᠠᠯᠠᠬᠤ ᠬᠠᠮᠢᠶᠠᠷᠣᠯᠲᠠ ᠶᠢᠨ ᠬᠠᠣᠯᠢ ᠴᠠᠭᠠᠵᠠ ᠬᠠᠣᠯᠢ ᠲᠣᠭᠲᠠᠭᠠᠯ ᠠᠴᠠ ᠵᠦᠷᠢᠴᠡᠵᠦ ᠵᠠᠰᠠᠭ ᠵᠠᠬᠢᠷᠭᠠᠨ ᠤ ᠰᠢᠳᠬᠡᠯᠲᠡ ᠣᠯᠣᠭᠰᠠᠨ ᠪᠣᠯ︔     ︵ ᠬᠤᠶᠠᠷ︶ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ  ᠶᠢᠨ ᠡᠭᠦᠷᠭᠡ ᠬᠠᠷᠢᠭᠤᠴᠠᠯᠭ᠎ᠠ ᠪᠠᠨ ᠦᠯᠦ ᠬᠦᠢᠴᠡᠳᠬᠡᠭᠴᠢ︔    ︵ ᠭᠤᠷᠪᠠ︶ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠡᠷᠬᠡ ᠪᠠᠨ ᠬᠠᠣᠯᠢ ᠶᠢ ᠵᠦᠷᠢᠴᠡᠨ ᠬᠡᠷᠡᠭᠵᠢᠭᠦᠯᠬᠦ ᠪᠣᠶᠣ ᠵᠠᠰᠠᠭ ᠵᠠᠬᠢᠷᠭᠠᠨ ᠤ ᠬᠠᠣᠯᠢ ᠭᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠡᠷᠭᠡ ᠪᠠᠨ ᠠᠰᠢᠭᠯᠠᠨ ᠬᠤᠪᠢ ᠶᠢᠨ ᠠᠰᠢᠭ ᠲᠣᠰᠠ ᠪᠠᠨ ᠬᠦᠬᠡᠬᠡᠴᠡᠯᠳᠦᠭᠴᠢ︔     ︵ ᠳᠦᠷᠪᠡ︶ ᠠᠵᠢᠯ ᠳᠤᠨᠢ ᠲᠣᠬᠢᠷᠠᠭᠤᠯᠣᠯᠲᠠ ᠭᠠᠷᠬᠤ ᠪᠣᠶᠣ ᠡᠷᠡᠭᠦᠯ ᠮᠡᠨᠳᠦ ᠶᠢᠨ ᠪᠠᠶᠢᠳᠠᠯ ᠵᠡᠷᠭᠡ ᠰᠢᠯᠳᠠᠭᠠᠨ ᠠᠴᠠ ᠪᠣᠯᠣᠭᠠᠳ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠠᠵᠢᠯ ᠢᠶᠠᠨ ᠦᠷᠭᠦᠯᠵᠢᠯᠡᠨ ᠡᠭᠦᠷᠭᠡᠯᠡᠬᠦ ᠳᠤ ᠵᠣᠬᠢᠴᠠᠬᠤ ᠦᠭᠡᠢ ᠪᠣᠯᠣᠭᠰᠠᠳ︔     ︵ᠲᠠᠪᠤ︶ ︽ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠢᠶᠠᠨ ᠰᠢᠯᠵᠢᠭᠦᠯᠦᠨ ᠵᠢᠭᠡᠯᠡᠬᠦ ᠪᠣᠶᠣ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ  ᠶᠢᠨ ᠬᠢᠨᠠᠯᠲᠠ ᠲᠠᠯᠪᠢᠯᠲᠠ ᠶᠢᠨ ᠪᠣᠰᠣ ᠠᠵᠢᠯᠯᠠᠭ᠎ᠠ ᠳᠤ ᠬᠡᠷᠡᠭᠯᠡᠭᠰᠡᠳ︔     ︵ ᠵᠢᠷᠭᠤᠭ᠎ᠠ︶ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠠᠵᠢᠯ ᠢ ᠦᠷᠭᠦᠯᠵᠢᠯᠡᠨ ᠡᠭᠦᠷᠭᠡᠯᠡᠬᠦ ᠳᠤ ᠦᠯᠦ ᠵᠣᠬᠢᠴᠠᠬᠤ ᠪᠣᠰᠣᠳ ᠪᠠᠶᠢᠳᠠᠯ᠃      ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠨᠢ ᠣᠷᠢᠭᠳᠠᠵᠣ ᠪᠠᠶᠢᠭ᠎ᠠ ᠬᠤᠭᠤᠴᠠᠭᠠᠨ ᠳᠠᠭᠠᠨ ᠬᠢᠨᠠᠯᠲᠠ ᠲᠠᠯᠪᠢᠭᠴᠢ ᠶᠢᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠳᠠᠬᠢᠨ ᠡᠭᠦᠷᠭᠡᠯᠡᠬᠦ ᠦᠭᠡᠢ ᠬᠡᠮᠡᠨ ᠳᠣᠷᠠᠳᠪᠠᠯ᠂ ᠲᠣᠰ ᠬᠦᠮᠦᠨ ᠨᠢ ᠦᠨᠡᠮᠯᠡᠯ ᠣᠯᠭᠤᠭᠰᠠᠨ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠣᠮᠵᠢ ᠳᠤ ᠪᠢᠴᠢᠭᠯᠡᠯ ᠤᠨ ᠭᠤᠶᠣᠴᠢᠯᠠᠯ ᠭᠠᠷᠭᠠᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠨᠢ ᠣᠷᠢᠭᠳᠠᠵᠣ ᠪᠠᠶᠢᠭ᠎ᠠ ᠬᠤᠭᠤᠴᠠᠭᠠᠨ ᠳᠠᠭᠠᠨ ᠲᠣᠰᠢᠶᠠᠯ ᠠᠴᠠ ᠪᠠᠨ ᠪᠠᠭᠤᠬᠤ ᠪᠣᠶᠣ ᠣᠷᠢᠭᠳᠠᠬᠤ ᠪᠠᠨ ᠪᠣᠯᠢᠪᠠᠯ᠂ ᠣᠷᠢᠭᠰᠠᠨ ᠵᠠᠰᠠᠭ ᠵᠠᠬᠢᠷᠭᠠᠨ ᠤ ᠬᠠᠣᠯᠢ ᠳᠦᠷᠢᠮ ᠤᠨ ᠪᠠᠶᠢᠭᠤᠯᠣᠮᠵᠢ ᠠᠴᠠ ᠵᠠᠷᠯᠠᠵᠣ ᠦᠭᠭᠦᠨ᠎ᠡ᠃     ᠳᠣᠯᠤᠭ᠎ᠠ᠂ ᠪᠣᠰᠣᠳ ᠬᠡᠷᠡᠭ ᠣᠴᠢᠷ     ︵ ᠨᠢᠭᠡ︶ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠢ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ  ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠪᠠᠷ ᠣᠷᠢᠨ ᠵᠠᠯᠠᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ  ᠳᠤ ᠬᠢᠨᠠᠯᠲᠠ ᠲᠠᠯᠪᠢᠯᠳᠠ ᠬᠢᠯᠬᠡᠬᠦ ᠠᠵᠢᠯ ᠪᠣᠯ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠣᠮᠵᠢᠭᠤᠯᠬᠤ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠴᠢᠬᠤᠯᠠ ᠠᠷᠭ᠎ᠠ ᠪᠠᠷᠢᠯ ᠮᠦᠨ᠃ ᠡᠯ᠎ᠡ ᠰᠣᠮᠣ ᠰᠢᠶᠠᠩ ᠪᠠᠯᠭᠠᠰᠣ ᠶᠢᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠨᠡᠶᠢᠭᠡᠮ ᠳᠤ ᠦᠷᠭᠡᠨ  ᠢᠶᠠᠷ ᠤᠬᠠᠭᠤᠯᠤᠨ ᠳᠠᠨᠢᠭᠤᠯᠵᠣ᠂ ︽ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ︾ ᠶᠢ ᠰᠣᠩᠭᠤᠨ ᠣᠷᠢᠬᠤ ᠠᠵᠢᠯᠯᠠᠭ᠎ᠠ ᠳᠤ ᠰᠠᠶᠢᠨ ᠳᠣᠷ᠎ᠠ ᠠᠴᠠ ᠪᠠᠨ᠂ ᠰᠠᠨᠠᠭᠠᠴᠢᠯᠠᠭ᠎ᠠ ᠲᠠᠢ  ᠪᠠᠷ ᠣᠷᠣᠯᠴᠠᠭᠤᠯᠵᠣ᠂ ᠡᠭᠦᠨ ᠤ ᠬᠠᠮᠳᠣ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ᠂ ᠰᠣᠨᠢᠨ ᠮᠡᠳᠡᠬᠡᠨ ᠤ ᠵᠠᠭᠤᠴᠢᠯᠠᠭᠤᠷ ᠤᠨ ᠠᠵᠢᠯᠴᠢᠨ᠂ ᠪᠠᠭᠰᠢ᠂ ᠨᠡᠶᠢᠭᠡᠮ ᠲᠣᠭᠤᠷᠢᠭ ᠵᠢᠴᠢ ᠭᠠᠴᠠᠭ᠎ᠠ  ᠶᠢᠨ ᠬᠠᠷᠢᠶᠠᠨ ᠳᠠᠬᠢ ᠰᠣᠩᠭᠤᠨ ᠣᠷᠢᠬᠤ ᠨᠦᠬᠦᠴᠡᠯ ᠳᠤ ᠲᠣᠬᠢᠷᠠᠬᠤ ᠪᠦᠬᠡᠳ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢᠨ ᠠᠵᠢᠯ ᠳᠤ ᠬᠠᠯᠠᠭᠤᠨ ᠰᠡᠳᠬᠢᠯᠭᠡ ᠲᠠᠢ ᠪᠠᠶᠢᠳᠠᠭ ᠬᠦᠮᠦᠰ ᠢ ᠳᠠᠶᠢᠴᠢᠯᠠᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢᠨ ᠡᠩᠨᠡᠭᠡ ᠶᠢ ᠲᠡᠭᠦᠯᠳᠡᠷᠵᠢᠭᠦᠯᠬᠦ ᠬᠡᠷᠡᠭᠲᠡᠢ᠃     ︵ ᠬᠤᠶᠠᠷ︶ ᠰᠣᠩᠭᠤᠨ ᠣᠷᠢᠬᠤ ᠬᠤᠭᠤᠴᠠᠭᠠᠨ ᠳᠤ ᠠᠯᠪᠠᠨ ᠵᠠᠷ᠂ ᠢᠯᠡ ᠪᠠᠷ ᠨᠡᠶᠢᠲᠡᠯᠡᠬᠦ ᠮᠡᠳᠡᠭᠡ ᠵᠠᠩᠬᠢ  ᠶᠢ ᠵᠠᠷᠯᠠᠬᠤ ᠵᠡᠷᠭᠡ ᠬᠡᠷᠡᠭ ᠣᠴᠢᠷ ᠢ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠳᠤ ᠨᠡᠶᠢᠲᠡᠯᠡᠬᠦ ᠪᠣᠯᠣᠨ᠎ᠠ᠃      ︵ ᠭᠤᠷᠪᠠ︶ ᠣᠷᠢᠯᠳᠠ ᠳᠤ ᠣᠷᠣᠯᠴᠠᠬᠤ ᠳᠤ ᠬᠠᠷᠢᠯᠴᠠᠬᠤ ᠬᠦᠮᠦᠨ᠄ ᠵᠠᠩ ᠰᠢᠶᠣᠣ ᠸᠧᠢ᠂ ᠯᠠᠪᠯᠠᠯᠭ᠎ᠠ  ᠶᠢᠨ ᠣᠳᠠᠰᠣ᠄ 0470 — 8815400᠂ ᠰᠢᠣᠳᠠᠨ ᠬᠠᠶᠢᠷᠴᠠᠭ᠄ ewkfzb@163.comᠬᠠᠷᠢᠯᠴᠠᠬᠤ ᠬᠠᠶ᠋ᠢᠭ᠄ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠣᠯᠢ ᠳᠦᠷᠢᠮ ᠤᠨ ᠠᠯᠪᠠᠨ ᠭᠡᠷ ᠤᠨ 328 ᠨᠣᠮᠧᠷᠳᠣ ᠠᠯᠪᠠᠨ ᠭᠡᠷ᠃      ᠡᠭᠦᠨ ᠤ ᠲᠣᠯᠠ ᠵᠠᠷᠯᠠᠪᠠ      ᠳᠠᠭᠠᠯᠳᠣᠭᠤᠯᠣᠯ᠄ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠲᠡ ᠶᠢᠨ ᠠᠯᠪᠠᠨ ᠵᠢᠷᠣᠮ ᠤᠨ ᠬᠢᠨᠠᠯᠲᠠ ᠲᠠᠯᠪᠢᠭᠴᠢ ᠶᠢ ᠳᠠᠩᠰᠠᠯᠠᠬᠤ ᠬᠦᠰᠦᠨᠦᠭᠲᠦ                                                                                                                                      2017 ᠣᠨ ᠤ 5 ᠰᠠᠷ᠎ᠠ ᠶᠢᠨ 12 ᠤ ᠡᠳᠦᠷ     ︵ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︶
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号