ᠠᠯᠪᠠᠨ ᠪᠢᠴᠢᠭ ᠤᠨ ᠳᠡᠮᠳᠡᠭᠲᠦ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠲᠦᠷᠦᠯ ᠬᠡᠯᠪᠡᠷᠢ ᠶᠢ ᠳᠣᠳᠣᠷᠬᠠᠶᠢᠯᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/9/18
                        ᠡᠸ᠋ᠨᠩᠬᠢ ᠵᠠᠰᠠᠭ ᠠᠯᠪᠠᠨ ᠦᠰᠦᠭᠲᠦ ﹇2017﹈ 103 ᠳ᠋ᠣᠭᠠᠷ ᠳᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄    ︽ᠪᠦᠬᠦᠳᠡ ᠨᠠᠶᠢᠷᠠᠮᠳᠠᠭᠤ ᠳᠣᠮᠳᠠᠳᠣ ᠠᠷᠠᠳ ᠣᠯᠣᠰ ᠤᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ  ᠪᠣᠯᠭᠠᠬᠤ ᠳᠦᠷᠢᠮ︾ ︵ᠳᠣᠣᠷ᠎ᠠ ︽ᠳᠦᠷᠢᠮ︾ ᠬᠡᠵᠦ ᠲᠣᠪᠴᠢᠯᠠᠨ᠎ᠠ︶᠂ ︽ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠯᠣᠰ ᠤᠨ ᠨᠢᠭᠤᠴᠠ ᠶᠢ ᠬᠠᠮᠠᠭᠠᠯᠠᠬᠤ ᠬᠠᠣᠯᠢ︾ ︵ᠳᠣᠣᠷ᠎ᠠ ︽ᠨᠢᠭᠤᠴᠠ ᠶᠢ ᠬᠠᠮᠠᠭᠠᠯᠠᠬᠤ ᠬᠠᠣᠯᠢ  ︾ ᠬᠡᠵᠦ ᠲᠣᠪᠴᠢᠯᠠᠨ᠎ᠠ︶ ᠪᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠳᠦᠷᠢᠮ︾  ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠪᠢᠴᠢᠭ ᠢ ᠢᠯᠡ ᠪᠣᠯᠭᠠᠬᠤ ᠠᠵᠢᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠠᠵᠢᠯ ᠤᠨ ᠬᠠᠣᠯᠢ ᠶᠣᠰᠣᠭᠠᠷ᠂ ᠡᠮᠬᠢ ᠴᠡᠭᠴᠡ ᠲᠠᠢ ᠶᠠᠪᠣᠭᠳᠠᠬᠤ ᠶᠢ ᠪᠠᠲᠣᠯᠠᠬᠤ ᠶᠢᠨ ᠲᠦᠯᠦᠭᠡ᠂ ᠣᠳᠣ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠲᠣᠭᠲᠠᠭᠠᠨ ᠲᠠᠷᠬᠠᠭᠠᠭᠰᠠᠨ ᠠᠯᠪᠠᠨ ᠪᠢᠴᠢᠭ ᠤᠨ ᠲᠡᠮᠳᠡᠭᠲᠦ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠲᠦᠷᠦᠯ ᠬᠡᠯᠪᠡᠷᠢ ᠶᠢ ᠲᠣᠳᠣᠷᠬᠠᠶᠢᠯᠠᠬᠤ ᠬᠤᠯᠪᠣᠭᠳᠠᠯ ᠪᠦᠬᠦᠢ ᠬᠡᠷᠡᠭ ᠤᠳ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠠᠯᠪᠠᠨ ᠪᠢᠴᠢᠭ ᠤᠨ ᠳᠡᠮᠳᠡᠭᠲᠦ ᠶᠢ ᠢᠯᠡ ᠪᠣᠯᠭᠠᠬᠤ ᠲᠦᠷᠦᠯ ᠬᠡᠯᠪᠡᠷᠢ ᠶᠢ ᠲᠣᠳᠣᠷᠬᠠᠶᠢᠯᠠᠬᠤ ᠬᠦᠷᠢᠶ᠎ᠡ ᠬᠡᠪᠴᠢᠶ᠎ᠡ᠄ ᠬᠤᠰᠢᠭᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠣᠴᠠ ᠳᠤ ᠪᠣᠢ ᠪᠣᠯᠣᠭᠰᠠᠨ ᠬᠠᠣᠯᠢ ᠪᠠᠷ ᠲᠣᠭᠲᠠᠭᠠᠰᠠᠨ ᠦᠢᠯᠡᠳᠦᠯ ᠪᠠ ᠵᠢᠷᠣᠮᠵᠢᠭᠰᠠᠨ ᠰᠲ᠋ᠢᠯᠢ ᠶᠢᠨ ᠪᠢᠴᠢᠭ ᠬᠠᠷ᠎ᠠ ᠳᠤ ᠵᠠᠷᠯᠢᠭ᠂ ᠲᠣᠭᠲᠠᠭᠠᠯ᠂ ᠠᠯᠪᠠᠨ ᠵᠠᠷ᠂ ᠵᠠᠷ᠂ ᠮᠡᠳᠡᠭᠳᠡᠯ᠂ ᠮᠡᠳᠡᠭᠡᠯᠡᠯ᠂ ᠮᠡᠳᠡᠭᠦᠯᠦᠯᠲᠡ᠂ ᠵᠢᠭᠠᠪᠣᠷᠢ᠂ ᠴᠣᠬᠤᠯᠠᠪᠣᠷᠢ᠂ ᠰᠠᠨᠠᠯ᠂ ᠵᠠᠬᠢᠳᠠᠯ᠂ ᠬᠤᠷᠠᠯ ᠤᠨ ᠲᠣᠪᠴᠢ ᠵᠡᠷᠭᠡ ᠪᠠᠭᠳᠠᠨ᠎ᠠ᠃     ᠬᠤᠶᠠᠷ᠂ ᠠᠯᠪᠠᠨ ᠪᠢᠴᠢᠭ ᠤᠨ ᠳᠡᠮᠳᠡᠭᠲᠦ ᠶᠢ ᠢᠯᠡ ᠪᠣᠯᠭᠠᠬᠤ ᠲᠦᠷᠦᠯ ᠬᠡᠯᠪᠡᠷᠢ ᠶᠢ ᠳᠣᠳᠣᠷᠬᠠᠶᠢᠯᠠᠬᠤ ᠳᠤ ᠡᠷᠬᠡᠪᠰᠢ ︽ᠳᠦᠷᠢᠮ︾᠂ ︽ᠨᠢᠭᠤᠴᠠ ᠶᠢ ᠬᠠᠮᠠᠭᠠᠯᠠᠬᠤ ᠬᠠᠣᠯᠢ︾ ᠪᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠡᠰᠢ ᠪᠠᠷᠢᠮᠳᠠ ᠪᠣᠯᠭᠠᠵᠣ᠂ ︽ᠬᠡᠨ ᠬᠢᠪᠡᠯ ᠬᠡᠨ ᠳᠣᠷᠠᠳᠬᠤ᠂ ᠬᠡᠨ ᠬᠢᠨᠠᠨ ᠪᠠᠶᠢᠴᠠᠭᠠᠪᠠᠯ ᠬᠡᠨ ᠰᠢᠢᠳᠪᠦᠷᠢᠯᠡᠬᠦ︾ ᠵᠠᠷᠴᠢᠮ ᠶᠣᠰᠣᠭᠠᠷ᠂ ᠠᠵᠢᠯ ᠤᠨ ᠪᠣᠳᠠᠳᠠᠢ ᠲᠠᠢ ᠪᠠᠨ ᠣᠶᠠᠯᠳᠣᠭᠤᠯᠣᠨ ᠳᠣᠭᠲᠠᠭᠠᠬᠤ ᠬᠡᠷᠡᠭᠲᠡᠢ᠃     ᠭᠤᠷᠪᠠ᠂ ᠠᠯᠪᠠᠨ ᠪᠢᠴᠢᠭ ᠤᠨ ᠳᠡᠮᠳᠡᠭᠲᠦ ᠶᠢ ᠢᠯᠡ ᠪᠣᠯᠭᠠᠬᠤ ᠲᠦᠷᠦᠯ ᠬᠡᠯᠪᠡᠷᠢ ᠶᠢ ᠳᠣᠳᠣᠷᠬᠠᠶᠢᠯᠠᠬᠤ ᠳᠤ ᠡᠷᠬᠡᠪᠰᠢ ᠬᠠᠣᠯᠢ ᠶᠣᠰᠣᠭᠠᠷ᠂ ᠴᠠᠭ ᠲᠣᠬᠠᠢ ᠳᠤᠨᠢ ᠦᠨᠳᠦᠷ ᠦᠷ᠎ᠡ ᠠᠰᠢᠭ ᠲᠠᠢ ᠪᠠᠶᠢᠬᠤ ᠵᠠᠷᠴᠢᠮ ᠢ ᠵᠢᠷᠣᠮᠯᠠᠵᠣ᠂ ᠠᠯᠪᠠᠨ ᠪᠢᠴᠢᠭ ᠢ ᠨᠠᠶᠢᠷᠠᠭᠤᠯᠣᠨ ᠪᠢᠴᠢᠬᠦ ᠶᠠᠪᠣᠴᠠ ᠳᠠᠭᠠᠨ ᠳᠠᠷᠣᠢ ᠳᠡᠭᠦᠨ ᠢ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ᠂ ᠭᠤᠶᠣᠴᠢᠯᠠᠨ ᠮᠡᠳᠡᠭᠦᠯᠵᠦ ᠢᠯᠡ ᠪᠣᠯᠭᠠᠬᠤ᠂ ᠢᠯᠡ ᠪᠣᠯᠭᠠᠬᠤ ᠦᠭᠡᠢ ᠬᠡᠬᠦ ᠭᠤᠷᠪᠠᠨ ᠲᠦᠷᠦᠯ ᠤᠨ ᠪᠠᠶᠢᠳᠠᠯ ᠤᠨ ᠨᠢᠭᠡ ᠲᠦᠷᠦᠯ ᠨᠢ ᠭᠡᠵᠦ ᠠᠳᠠᠯᠢ ᠠᠯᠬᠤᠮ ᠢᠶᠠᠷ ᠲᠣᠭᠲᠠᠭᠠᠬᠤ ᠬᠡᠷᠡᠭᠲᠡᠢ᠃     ︵ᠨᠢᠭᠡ︶ ᠠᠷᠠᠳ ᠢᠷᠭᠡᠳ᠂ ᠬᠠᠣᠯᠢ ᠶᠢᠨ ᠡᠷᠬᠡᠳᠡᠨ ᠪᠣᠶᠣ ᠪᠣᠰᠣᠳ ᠵᠣᠬᠢᠶᠠᠨ ᠪᠠᠶᠢᠭᠤᠯᠣᠯᠲᠠ ᠶᠢᠨ ᠬᠤᠪᠢ ᠪᠡᠶ᠎ᠡ ᠶᠢᠨ ᠠᠰᠢᠭ ᠲᠣᠰᠠ ᠡᠰᠡᠭᠦᠯ᠎ᠡ ᠨᠡᠶᠢᠭᠡᠮ ᠤᠨ ᠣᠯᠠᠨ ᠲᠦᠮᠡᠨ ᠤ ᠦᠷᠭᠡᠨ ᠢᠶᠠᠷ ᠣᠷᠣᠯᠴᠠᠬᠤ ᠪᠣᠶᠣ ᠣᠶᠢᠯᠠᠭᠠᠵᠣ ᠮᠡᠳᠡᠬᠦ ᠴᠢᠬᠤᠯᠠᠲᠠᠢ᠂ ᠡᠰᠡᠭᠦᠯ᠎ᠡ ᠲᠣᠰ ᠵᠠᠰᠠᠭ ᠵᠠᠬᠢᠷᠭᠠᠨ ᠤ ᠪᠠᠨ ᠪᠠᠶᠢᠭᠤᠯᠭ᠎ᠠ ᠪᠠᠶᠢᠭᠤᠯᠣᠮᠵᠢ ᠶᠢᠨ ᠲᠣᠬᠢᠷᠠᠭᠤᠯᠣᠯᠲᠠ᠂ ᠴᠢᠳᠠᠪᠬᠢ᠂ ᠬᠡᠷᠡᠭ ᠡᠷᠬᠢᠯᠡᠬᠦ ᠳᠡᠰ ᠳᠠᠷᠠᠭᠠᠯᠠᠯ ᠵᠡᠷᠭᠡ ᠪᠠᠶᠢᠳᠠᠯ ᠳᠤ ᠬᠤᠯᠪᠣᠭᠳᠠᠬᠤ ᠠᠯᠪᠠᠨ ᠪᠢᠴᠢᠭ ᠢ ︽ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︾ ᠬᠡᠵᠦ ᠲᠣᠭᠲᠠᠭᠠᠨ᠎ᠠ︔ ᠪᠠᠶᠢᠭᠤᠯᠭ᠎ᠠ ᠶᠢᠨ ᠳᠣᠳᠣᠭᠠᠳᠣᠬᠢ ᠬᠡᠷᠡᠭ ᠢ ᠬᠠᠮᠢᠶᠠᠷᠬᠤ ᠳᠤ ᠬᠠᠷᠢᠶᠠᠯᠠᠭᠳᠠᠬᠤ ᠠᠯᠪᠠᠨ ᠪᠢᠴᠢᠭ᠂ ᠳᠣᠳᠣᠭᠠᠳᠣ ᠶᠢᠨ ᠮᠠᠲ᠋ᠧᠷᠢᠶᠠᠯ᠂ ᠬᠤᠳᠠᠯᠳᠣᠭᠠᠨ ᠤ ᠪᠠ ᠬᠤᠪᠢ ᠭᠦᠮᠦᠨ ᠤ ᠨᠢᠭᠤᠴᠠ ᠳᠤ ᠬᠤᠯᠪᠣᠭᠳᠠᠬᠤ ᠵᠡᠷᠭᠡ ᠠᠯᠪᠠᠨ ᠪᠢᠴᠢᠭ ᠢ ︽ ᠭᠤᠶᠣᠴᠢᠯᠠᠨ ᠮᠡᠳᠡᠭᠦᠯᠵᠦ ᠢᠯᠡ ᠪᠣᠯᠭᠠᠬᠤ︾ ᠭᠡᠵᠦ ᠲᠣᠭᠲᠠᠭᠠᠨ᠎ᠠ︔ ᠳᠡᠭᠡᠳᠦ ᠱᠠᠲᠣᠨ ᠤ ᠪᠠᠶᠢᠭᠤᠯᠭ᠎ᠠ ᠳᠤ ᠮᠡᠳᠡᠭᠦᠯᠵᠦ ᠵᠢᠭᠠᠪᠣᠷᠢ ᠠᠪᠬᠤ ᠪᠠ ᠮᠡᠳᠡᠭᠦᠯᠦᠯᠲᠡ ᠬᠢᠬᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠰᠠᠨᠠᠯ ᠳᠤ ᠬᠠᠷᠢᠭᠤ ᠦᠭᠬᠦ᠂ ᠣᠯᠣᠰ ᠤᠨ ᠨᠢᠭᠤᠴᠠ᠂ ᠠᠵᠢᠯ ᠤᠨ ᠨᠢᠭᠤᠴᠠ ᠳᠤ ᠬᠤᠯᠪᠣᠭᠳᠠᠬᠤ ᠠᠯᠪᠠᠨ ᠪᠢᠴᠢᠭ ᠢ ︽ ᠢᠯᠡ ᠪᠣᠯᠭᠠᠬᠤ ᠦᠭᠡᠢ︾ ᠬᠡᠵᠦ ᠲᠣᠭᠳᠠᠭᠠᠬᠤ ᠬᠡᠷᠡᠭᠲᠡᠢ᠃    ︵ᠬᠤᠶᠠᠷ︶ ᠣᠯᠠᠮᠵᠢᠯᠠᠨ ᠲᠠᠷᠬᠠᠭᠠᠬᠤ ᠬᠡᠯᠪᠡᠷᠢ ᠶᠢᠨ ᠠᠯᠪᠠᠨ ᠪᠢᠴᠢᠭ ᠢ ᠣᠯᠠᠮᠵᠢᠯᠠᠨ ᠲᠠᠷᠬᠠᠭᠠᠬᠤ ᠬᠡᠵᠦ ᠪᠠᠶᠢᠭ᠎ᠠ ᠠᠯᠪᠠᠨ ᠪᠢᠴᠢᠭ ᠤᠨ ᠢᠶᠠᠨ ᠲᠦᠷᠦᠯ ᠬᠡᠯᠪᠡᠷᠢ ᠶᠢ ᠦᠨᠳᠦᠰᠦᠯᠡᠵᠦ ᠪᠠᠶᠢᠭᠠᠳ ᠣᠯᠠᠮᠵᠢᠯᠠᠨ ᠲᠠᠷᠬᠠᠭᠠᠬᠤ ᠠᠯᠪᠠᠨ ᠪᠢᠴᠢᠭ ᠤᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠲᠦᠷᠦᠯ ᠬᠡᠯᠪᠡᠷᠢ ᠶᠢ ᠲᠣᠭᠲᠠᠭᠠᠨ᠎ᠠ︔ ᠣᠯᠠᠮᠵᠢᠯᠠᠨ ᠲᠠᠷᠬᠠᠭᠠᠬᠤ ᠠᠯᠪᠠᠨ ᠪᠢᠴᠢᠭ ᠤᠨ ᠲᠦᠷᠦᠯ ᠬᠡᠯᠪᠡᠷᠢ ᠶᠢ ᠢᠯᠡ ᠪᠣᠯᠭᠠᠬᠤ ᠪᠠᠷ ᠲᠣᠳᠣᠷᠬᠠᠶᠢᠯᠠᠭᠰᠠᠨ ᠦᠭᠡᠢ ᠪᠣᠯ ᠵᠠᠷᠴᠢᠮ ᠳᠡᠭᠡᠷ᠎ᠡ ᠪᠠᠨ ᠢᠯᠡ ᠪᠣᠯᠭᠠᠬᠤ ᠲᠦᠷᠦᠯ ᠬᠡᠯᠪᠡᠷᠢ ᠶᠢ ᠨᠢ ᠳᠠᠬᠢᠨ ᠲᠣᠭᠲᠠᠭᠠᠬᠤ ᠬᠡᠷᠡᠭᠲᠡᠢ᠃    ︵ᠭᠤᠷᠪᠠ︶ ︽ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︾ ᠪᠠᠷ ᠲᠣᠭᠳᠠᠭᠠᠭᠰᠠᠨ ᠠᠯᠪᠠᠨ ᠪᠢᠴᠢᠭ ᠲᠤ ︽ ᠭᠤᠶᠣᠴᠢᠯᠠᠨ ᠮᠡᠳᠡᠭᠦᠯᠵᠦ ᠢᠯᠡ ᠪᠣᠯᠭᠠᠬᠤ︾ ᠪᠠ ︽ ᠢᠯᠡ ᠪᠣᠯᠭᠠᠬᠤ ᠦᠭᠡᠢ︾ ᠬᠡᠬᠦ ᠠᠭᠤᠯᠭ᠎ᠠ ᠶᠢ ᠬᠠᠳᠠᠵᠣ ᠪᠣᠯᠬᠤ ᠦᠭᠡᠢ᠃     ︵ᠳᠦᠷᠪᠡ︶ ᠰᠠᠯᠠᠭ᠎ᠠ ᠮᠦᠴᠢᠷ ᠠᠴᠠ ᠡᠬᠡ ᠨᠣᠣᠷᠠᠭ ᠭᠠᠷᠭᠠᠵᠣ᠂ ᠬᠤᠰᠢᠭᠤᠨ ᠤ ᠵᠠᠰᠠᠭ ᠤᠨ ᠣᠷᠳᠣᠨ ᠪᠣᠶᠣ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠣᠮᠠᠯᠯᠠᠨ ᠲᠠᠷᠬᠠᠭᠠᠬᠤ ᠠᠯᠪᠠᠨ ᠪᠢᠴᠢᠭ ᠢ ᠡᠬᠡ ᠨᠣᠣᠷᠠᠭ ᠭᠠᠷᠭᠠᠭᠰᠠᠨ ᠰᠠᠯᠠᠭ᠎ᠠ ᠮᠦᠴᠢᠷ ᠠᠴᠠ ᠢᠯᠡ  ᠪᠣᠯᠭᠠᠬᠤ ᠲᠦᠷᠦᠯ ᠬᠡᠯᠪᠡᠷᠢ ᠶᠢ ᠨᠢ ᠲᠣᠭᠲᠠᠭᠠᠨ᠎ᠠ᠂ ᠭᠤᠶᠣᠴᠢᠯᠠᠨ ᠮᠡᠳᠡᠭᠦᠯᠵᠦ ᠢᠯᠡ ᠪᠣᠯᠭᠠᠬᠤ᠂ ᠢᠯᠡ ᠪᠣᠯᠭᠠᠬᠤ ᠦᠭᠡᠢ ᠠᠯᠪᠠᠨ ᠪᠢᠴᠢᠭ ᠢ ᠬᠠᠣᠯᠢ ᠴᠠᠭᠠᠵᠠ ᠬᠠᠣᠯᠢ ᠲᠣᠭᠲᠠᠭᠠᠯ ᠶᠣᠰᠣᠭᠠᠷ ᠰᠢᠯᠳᠠᠭᠠᠨ ᠢ ᠨᠢ ᠳᠣᠳᠣᠷᠬᠠᠶᠢᠯᠠᠬᠤ ᠬᠡᠷᠡᠭᠲᠡᠢ︔ ᠢᠯᠡ ᠪᠣᠯᠭᠠᠬᠤ ᠲᠦᠷᠦᠯ ᠬᠡᠯᠪᠡᠷᠢ ᠵᠢᠴᠢ ᠢᠯᠡ ᠪᠣᠯᠭᠠᠬᠤ ᠠᠷᠭ᠎ᠠ ᠬᠡᠯᠪᠡᠷᠢ ᠶᠢ ᠲᠣᠳᠣᠷᠬᠠᠶᠢᠯᠠᠭᠰᠠᠨ ᠦᠭᠡᠢ᠂ ᠡᠰᠡᠭᠦᠯ᠎ᠡ ᠬᠠᠣᠯᠢ ᠴᠠᠭᠠᠵᠠ ᠬᠠᠣᠯᠢ ᠲᠣᠭᠲᠠᠭᠠᠯ ᠢᠶᠠᠷ ᠢᠯᠡ ᠪᠣᠯᠭᠠᠬᠤ ᠦᠭᠡᠢ ᠬᠡᠵᠦ ᠳᠣᠳᠣᠷᠬᠠᠶᠢᠯᠠᠭᠰᠠᠨ ᠦᠭᠡᠢ ᠪᠣᠯ ᠵᠠᠰᠠᠭ ᠤᠨ ᠣᠷᠳᠣᠨ ᠤ ᠠᠯᠪᠠᠨ ᠭᠡᠷ ᠠᠴᠠ ᠠᠯᠪᠠᠨ ᠪᠢᠴᠢᠭ ᠢ ᠡᠬᠡᠬᠦᠯᠦᠨ ᠪᠣᠴᠠᠭᠠᠵᠣ ᠳᠠᠬᠢᠨ ᠲᠣᠳᠣᠷᠬᠠᠶᠢᠯᠠᠯᠲᠠ ᠬᠢᠯᠭᠡᠨ᠎ᠡ᠃     ᠳᠦᠷᠪᠡ᠂ ᠠᠯᠪᠠᠨ ᠪᠢᠴᠢᠭ ᠤᠨ ᠳᠡᠮᠳᠡᠭᠲᠦ ᠶᠢ ᠢᠯᠡ ᠪᠣᠯᠭᠠᠬᠤ ᠲᠦᠷᠦᠯ ᠬᠡᠯᠪᠡᠷᠢ ᠶᠢ ᠳᠣᠳᠣᠷᠬᠠᠶᠢᠯᠠᠬᠤ ᠴᠣᠪᠣᠷᠠᠯ᠄ ᠠᠯᠪᠠᠨ ᠪᠢᠴᠢᠭ ᠢ ᠢᠯᠡ ᠪᠣᠯᠭᠠᠬᠤ ᠲᠦᠷᠦᠯ ᠬᠡᠯᠪᠡᠷᠢ ᠶᠢ ᠬᠢᠨᠠᠨ ᠵᠦᠪᠰᠢᠶᠡᠷᠡᠬᠦ ᠳᠤ ᠪᠢᠴᠢᠭ ᠮᠠᠲ᠋ᠧᠷᠢᠶᠠᠯ ᠲᠠᠷᠬᠠᠭᠠᠬᠤ ᠶᠢ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠶᠣᠰᠣᠭᠠᠷ ᠶᠠᠪᠣᠭᠳᠠᠭᠤᠯᠣᠨ᠎ᠠ᠃ ᠠᠯᠪᠠᠨ ᠪᠢᠴᠢᠭ ᠢ ᠢᠯᠡ ᠪᠣᠯᠭᠠᠬᠤ ᠲᠦᠷᠦᠯ ᠬᠡᠯᠪᠡᠷᠢ ᠶᠢ ᠪᠢᠴᠢᠭ ᠮᠠᠲ᠋ᠧᠷᠢᠶᠠᠯ ᠲᠣᠭᠤᠷᠪᠢᠭᠴᠢ ᠠᠴᠠ ᠳᠣᠷᠠᠳᠣᠨ ᠭᠠᠷᠭᠠᠬᠤ ᠶᠢᠨ ᠬᠠᠮᠲᠣ ᠪᠢᠴᠢᠭ ᠮᠠᠲ᠋ᠧᠷᠢᠶᠠᠯ ᠲᠠᠷᠬᠠᠭᠠᠬᠤ ᠪᠠᠷ ᠡᠷᠭᠦᠨ ᠵᠦᠪᠰᠢᠶᠡᠷᠡᠭᠦᠯᠬᠦ ᠬᠠᠭᠤᠳᠠᠰᠣ ᠳᠡᠭᠡᠷ᠎ᠡ ᠪᠠᠨ ᠲᠣᠰ ᠠᠯᠪᠠᠨ ᠪᠢᠴᠢᠭ  ᠨᠢ ︽ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︾᠂ ︽ᠭᠤᠶᠣᠴᠢᠯᠠᠨ ᠮᠡᠳᠡᠭᠦᠯᠵᠦ ᠢᠯᠡ ᠪᠣᠯᠭᠠᠬᠤ︾ ᠡᠰᠡᠭᠦᠯ᠎ᠡ ︽ ᠢᠯᠡ ᠪᠣᠯᠭᠠᠬᠤ ᠦᠭᠡᠢ︾ ᠬᠡᠵᠦ ᠲᠣᠳᠣᠷᠬᠠᠢ ᠪᠢᠴᠢᠨ᠎ᠡ᠂ ︽ᠭᠤᠶᠣᠴᠢᠯᠠᠨ ᠮᠡᠳᠡᠭᠦᠯᠵᠦ ᠢᠯᠡ ᠪᠤᠯᠭᠠᠬᠤ︾ ᠪᠠ ︽ ᠢᠯᠡ ᠪᠣᠯᠭᠠᠬᠤ ᠦᠭᠡᠢ︾ ᠠᠯᠪᠠᠨ ᠪᠢᠴᠢᠭ ᠤᠨ ᠣᠴᠢᠷ ᠰᠢᠯᠲᠠᠭᠠᠨ ᠢ ᠡᠷᠬᠡᠪᠰᠢ ᠲᠣᠳᠣᠷᠬᠠᠶᠢᠯᠠᠬᠤ ᠬᠡᠷᠡᠭᠲᠡᠢ︔ ᠠᠯᠪᠠᠨ ᠪᠢᠴᠢᠭ ᠢ ᠢᠯᠡ ᠪᠣᠯᠭᠠᠬᠤ ᠲᠦᠷᠦᠯ ᠬᠡᠯᠪᠡᠷᠢ ᠶᠢ ᠪᠠᠶᠢᠭᠤᠯᠭ᠎ᠠ ᠨᠢᠭᠡᠴᠡ ᠶᠢᠨ ᠠᠵᠢᠯᠯᠠᠬᠤ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠬᠢᠨᠠᠨ ᠬᠠᠷᠭᠤᠭᠤᠯᠵᠣ᠂ ᠳᠠᠬᠢᠨ ᠪᠢᠴᠢᠭ ᠮᠠᠲ᠋ᠧᠷᠢᠶᠠᠯ ᠲᠣᠭᠤᠷᠪᠢᠬᠤ ᠰᠠᠯᠠᠭ᠎ᠠ ᠲᠠᠰᠤᠭ ᠠᠴᠠ ᠬᠢᠨᠠᠭᠰᠠᠨ ᠤ ᠳᠠᠷᠠᠭ᠎ᠠ᠂ ᠪᠢᠴᠢᠭ ᠮᠠᠲ᠋ᠧᠷᠢᠶᠠᠯ ᠲᠠᠷᠬᠠᠭᠠᠬᠤ ᠪᠠᠷ ᠮᠡᠳᠡᠭᠦᠯᠦᠨ ᠵᠦᠪᠰᠢᠶᠡᠷᠡᠭᠦᠯᠬᠦ ᠳᠡᠰ ᠳᠠᠷᠠᠭᠠᠯᠠᠯ ᠶᠣᠰᠣᠭᠠᠷ ᠱᠠᠲᠣ ᠳᠠᠷᠠᠭᠠᠯᠠᠨ ᠮᠡᠳᠡᠭᠦᠯᠵᠦ ᠵᠦᠪᠰᠢᠶᠡᠷᠡᠭᠦᠯᠦᠨ᠎ᠡ᠃ ᠭᠠᠷ ᠤᠨ ᠦᠰᠦᠭ ᠵᠢᠷᠣᠵᠣ ᠠᠯᠪᠠᠨ ᠪᠢᠴᠢᠭ ᠲᠠᠷᠬᠠᠭᠠᠬᠤ ᠬᠦᠮᠦᠨ ᠨᠢ ᠭᠠᠷ ᠤᠨ ᠦᠰᠦᠭ ᠵᠢᠷᠣᠬᠤ ᠳᠠᠭᠠᠨ ᠲᠣᠰ ᠠᠯᠪᠠᠨ ᠪᠢᠴᠢᠭ ᠤᠨ ᠲᠦᠷᠦᠯ ᠬᠡᠯᠪᠡᠷᠢ ᠶᠢ ᠲᠣᠭᠲᠠᠭᠠᠨ᠎ᠠ᠃ ᠬᠤᠶᠠᠷ ᠨᠢᠭᠡᠴᠡ ᠵᠢᠴᠢ ᠬᠤᠶᠠᠷ ᠠᠴᠠ ᠳᠡᠭᠡᠭᠰᠢ ᠨᠢᠭᠡᠴᠡ ᠬᠠᠮᠲᠣᠷᠠᠨ ᠪᠢᠴᠢᠭ ᠮᠠᠲ᠋ᠧᠷᠢᠶᠠᠯ ᠲᠠᠷᠬᠠᠭᠠᠬᠤ ᠴᠢᠬᠤᠯᠠᠲᠠᠢ ᠦᠶᠡᠰ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠲᠦᠷᠦᠯ ᠬᠡᠯᠪᠡᠷᠢ  ᠶᠢ ᠲᠦᠷᠦᠭᠦᠯᠡᠨ ᠬᠢᠬᠦ ᠨᠢᠬᠡᠴᠡ ᠠᠴᠠ ᠲᠣᠭᠲᠠᠭᠠᠨ᠎ᠠ᠃     ᠲᠠᠪᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠵᠠᠰᠠᠭ ᠤᠨ ᠶᠠᠪᠣᠳᠠᠯ ᠤᠨ ᠰᠠᠯᠠᠭ᠎ᠠ ᠲᠠᠰᠤᠭ ᠤᠳ ᠠᠯᠪᠠᠨ ᠪᠢᠴᠢᠭ ᠲᠠᠷᠬᠠᠭᠠᠬᠤ ᠪᠠᠷ ᠪᠠᠶᠢᠭ᠎ᠠ ᠢᠯᠡ ᠪᠣᠯᠭᠠᠬᠤ ᠲᠦᠷᠦᠯ ᠬᠡᠯᠪᠡᠷᠢ ᠶᠢᠨ ᠳᠣᠳᠣᠷᠬᠠᠶᠢᠯᠠᠯᠲᠠ ᠶᠢᠨ ᠬᠢᠨᠠᠨ ᠬᠠᠷᠭᠤᠭᠤᠯᠬᠤ ᠪᠣᠭᠤᠮᠳᠠ ᠶᠢ ᠴᠢᠩᠳᠠᠯᠠᠵᠣ᠂ ᠢᠯᠡ ᠪᠣᠯᠭᠠᠬᠤ ᠲᠦᠷᠦᠯ ᠬᠡᠯᠪᠡᠷᠢ ᠶᠢ ᠳᠣᠳᠣᠷᠬᠠᠶᠢᠯᠠᠭᠰᠠᠨ ᠦᠭᠡᠢ ᠠᠯᠪᠠᠨ ᠪᠢᠴᠢᠭ ᠢ ᠪᠢᠴᠢᠭ ᠮᠠᠲ᠋ᠧᠷᠢᠶᠠᠯ ᠲᠣᠭᠤᠷᠪᠢᠭᠴᠢ ᠳᠤ ᠡᠬᠡᠭᠦᠯᠦᠨ ᠪᠣᠴᠠᠭᠠᠵᠣ ᠳᠠᠬᠢᠨ ᠲᠣᠳᠣᠷᠬᠠᠶᠢᠯᠠᠯᠲᠠ ᠬᠢᠯᠭᠡᠨ᠎ᠡ᠃     ᠵᠢᠷᠭᠤᠭ᠎ᠠ᠂ ᠠᠯᠪᠠᠨ ᠪᠢᠴᠢᠭ ᠢ ᠨᠣᠣᠷᠠᠭᠯᠠᠬᠤ ᠪᠠ ᠨᠠᠶᠢᠷᠠᠭᠤᠯᠬᠤ ᠳᠠᠭᠠᠨ᠂ ᠠᠯᠪᠠᠨ ᠪᠢᠴᠢᠭ ᠲᠤ ᠲᠣᠭᠲᠠᠭᠠᠭᠰᠠᠨ ᠢᠯᠡ ᠪᠣᠯᠭᠠᠬᠤ ᠲᠦᠷᠦᠯ ᠬᠡᠯᠪᠡᠷᠢ ᠪᠠᠷ ᠵᠡᠭᠦᠯᠳᠡ ᠬᠠᠳᠠᠬᠤ ᠪᠠᠶᠢᠷᠢ ︵ᠪᠢᠴᠢᠭ ᠮᠠᠲ᠋ᠧᠷᠢᠶᠠᠯ ᠤᠨ ᠡᠳᠦᠷ ᠰᠠᠷ᠎ᠠ ᠶᠢᠨ ᠳᠠᠷᠠᠭ᠎ᠠ ᠨᠢᠭᠡ ᠮᠦᠷ ᠲᠤ ᠵᠡᠬᠦᠨ ᠠᠴᠠ ᠬᠤᠶᠠᠷ ᠮᠦᠷ ᠠᠯᠣᠰᠯᠣᠭᠰᠠᠨ ᠣᠷᠣᠨ ᠪᠠᠶᠢᠷᠢ︶ ᠳᠤ ᠬᠠᠭᠠᠯᠳᠠ ᠶᠢᠨ ᠳᠣᠳᠣᠷ᠎ᠠ ︽ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︾᠂ ︽ ᠭᠤᠶᠣᠴᠢᠯᠠᠨ ᠮᠡᠳᠡᠭᠦᠯᠵᠦ ᠢᠯᠡ ᠪᠣᠯᠭᠠᠬᠤ︾ ᠡᠰᠡᠭᠦᠯ᠎ᠡ ︽ ᠢᠯᠡ ᠪᠣᠯᠭᠠᠬᠤ ᠦᠭᠡᠢ︾ ᠬᠡᠵᠦ ᠳᠡᠮᠳᠡᠭ ᠳᠠᠯᠪᠢᠨ᠎ᠠ᠃     ᠳᠣᠯᠤᠭ᠎ᠠ᠂ ᠠᠯᠪᠠᠨ ᠪᠢᠴᠢᠭ ᠢ ᠳᠠᠷᠣᠮᠠᠯᠯᠠᠨ ᠲᠠᠷᠬᠠᠭᠠᠭᠰᠠᠨ ᠤ ᠳᠠᠷᠠᠭ᠎ᠠ᠂ ᠰᠠᠨᠠᠭᠠᠴᠢᠯᠠᠭ᠎ᠠ ᠲᠠᠢ ᠪᠠᠷ ᠢᠯᠡ  ᠪᠣᠯᠭᠠᠬᠤ ᠳᠤ ᠬᠠᠷᠢᠶᠠᠯᠠᠭᠳᠠᠬᠤ ᠠᠯᠪᠠᠨ ᠪᠢᠴᠢᠭ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠲᠣᠰ ᠠᠯᠪᠠᠨ ᠪᠢᠴᠢᠭ ᠢ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ᠂ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠤ ᠠᠯᠪᠠᠨ ᠮᠡᠳᠡᠭᠡ ᠨᠡᠶᠢᠲᠡᠯᠡᠬᠦ ᠰᠦᠯᠵᠢᠶᠡᠨ ᠴᠡᠭ ᠵᠡᠷᠭᠡ ᠢᠯᠡ ᠪᠣᠯᠭᠠᠬᠤ ᠠᠴᠢᠶᠠᠯᠠᠪᠣᠷᠢ ᠳᠡᠭᠡᠷ᠎ᠡ ᠢᠯᠡ ᠪᠠᠷ ᠨᠡᠶᠢᠲᠡᠯᠡᠨ᠎ᠡ᠂ ᠡᠭᠦᠨ ᠤ ᠬᠠᠮᠲᠣ ᠪᠢᠴᠢᠭᠯᠡᠯ ᠤᠨ ᠬᠡᠯᠪᠡᠷᠢ ᠶᠢᠨ ᠪᠢᠴᠢᠭ ᠮᠠᠲ᠋ᠧᠷᠢᠶᠠᠯ ᠢᠶᠠᠨ ᠬᠤᠰᠢᠭᠤᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ᠂ ᠬᠤᠰᠢᠭᠤᠨ ᠤ ᠳᠠᠩᠰᠠ ᠡᠪᠭᠡᠮᠡᠯ ᠤᠨ ᠰᠠᠩ᠂ ᠬᠤᠰᠢᠭᠤᠨ ᠤ ᠨᠣᠮ ᠤᠨ ᠰᠠᠩ ᠵᠡᠷᠭᠡ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠶᠢ ᠪᠠᠶᠢᠴᠠᠭᠠᠨ ᠯᠠᠪᠯᠠᠬᠤ ᠭᠠᠵᠠᠷ ᠲᠤ ᠭᠦᠷᠭᠡᠬᠦ ᠬᠡᠷᠡᠭᠲᠡᠢ᠃     ᠨᠠᠢᠮᠠ᠂ ᠬᠤᠰᠢᠭᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ  ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠣᠴᠠ ᠳᠤ ᠪᠣᠢ ᠪᠣᠯᠣᠭᠰᠠᠨ ᠲᠣᠪᠴᠢ ᠮᠡᠳᠡᠭᠡ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠵᠡᠷᠭᠡ ᠠᠯᠪᠠᠨ ᠪᠢᠴᠢᠭ ᠤᠨ ᠪᠣᠰᠣ ᠲᠦᠷᠦᠯ ᠤᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠣᠯᠭᠠᠬᠤ ᠶᠢ ᠬᠢᠨᠠᠨ ᠬᠠᠷᠭᠤᠭᠤᠯᠵᠣ ᠬᠠᠮᠢᠶᠠᠷᠬᠤ ᠳᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠲᠦᠷᠦᠯ ᠬᠡᠯᠪᠡᠷᠢ ᠶᠢ ᠲᠣᠭᠲᠠᠭᠠᠵᠣ ᠪᠣᠯᠣᠨ᠎ᠠ᠃      ᠡᠭᠦᠨ ᠤ ᠲᠣᠯᠠ ᠮᠡᠳᠡᠭᠳᠡᠪᠡ                                     2017 ᠣᠨ ᠤ 5 ᠰᠠᠷ᠎ᠠ ᠶᠢᠨ 16 ᠤ ᠡᠳᠦᠷ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号