ᠬᠤᠰᠢᠭᠤᠨ ᠤ ᠵᠠᠰᠠᠭ ᠤᠨ ᠣᠷᠳᠣᠨ ᠤ ᠡᠯ᠎ᠡ ᠲᠦᠷᠦᠯ ᠤᠨ ᠬᠤᠷᠠᠯ ᠤᠨ ᠶᠠᠪᠣᠳᠠᠯ ᠤᠨ ᠬᠠᠮᠢᠶᠠᠷᠣᠯᠲᠠ ᠶᠢᠨ ᠠᠵᠢᠯ ᠢ ᠠᠯᠬᠤᠮ ᠴᠢᠨᠠᠭᠰᠢᠲᠠ ᠵᠢᠷᠣᠮᠵᠢᠭᠤᠯᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2017/9/18
                        ᠡᠸ᠋ᠨᠩᠬᠢ ᠵᠠᠰᠠᠭ ᠠᠯᠪᠠᠨ ᠦᠰᠦᠭᠲᠦ ﹇2017﹈ 113 ᠳ᠋ᠣᠭᠠᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄     ᠬᠤᠰᠢᠭᠤᠨ ᠤ ᠵᠠᠰᠠᠭ ᠤᠨ ᠣᠷᠳᠣᠨ ᠤ ᠡᠯ᠎ᠡ ᠲᠦᠷᠦᠯ ᠤᠨ ᠬᠤᠷᠠᠯ ᠪᠠ ᠬᠤᠷᠠᠯ ᠤᠨ ᠶᠠᠪᠣᠳᠠᠯ ᠤᠨ ᠠᠵᠢᠯ ᠢ ᠠᠯᠬᠤᠮ ᠴᠢᠨᠠᠭᠰᠢᠲᠠ ᠵᠢᠷᠣᠮᠵᠢᠭᠤᠯᠵᠣ᠂ ᠬᠤᠷᠠᠯ ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠬᠦᠯᠵᠦ᠂ ᠵᠠᠰᠠᠭ ᠵᠠᠬᠢᠷᠭᠠᠨ ᠤ ᠴᠢᠳᠠᠪᠬᠢ ᠶᠢ ᠳᠡᠭᠡᠭᠰᠢᠯᠡᠬᠦᠯᠬᠦ ᠶᠢᠨ ᠲᠦᠯᠦᠭᠡ᠂ ᠣᠳᠣ ᠬᠤᠯᠪᠣᠭᠳᠠᠯ ᠪᠦᠬᠦᠢ ᠬᠡᠷᠡᠭ ᠤᠳ ᠢ ᠳᠣᠣᠷᠠᠬᠢ ᠮᠡᠲᠦ ᠲᠣᠭᠲᠠᠭᠠᠶ᠎ᠠ᠄      ᠨᠢᠭᠡ᠂ ᠬᠤᠷᠠᠯ ᠤᠨ ᠮᠡᠳᠡᠭᠳᠡᠯ      ︵ᠨᠢᠭᠡ︶ ᠮᠡᠳᠡᠭᠳᠡᠬᠦ ᠬᠡᠪᠴᠢᠶ᠎ᠡ     1. ᠦᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠠᠴᠠ ᠰᠢᠭᠤᠳ ᠣᠳᠠᠰᠣ ᠪᠠ ᠪᠢᠴᠢᠭ ᠮᠠᠲ᠋ᠧᠷᠢᠶᠠᠯ ᠢᠷᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠤ ᠣᠳᠣᠷᠢᠳᠣᠯᠭ᠎ᠠ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠣᠷᠣᠯᠴᠠᠭᠤᠯᠬᠤ ᠪᠠᠷ ᠱᠠᠭᠠᠷᠳᠠᠭᠰᠠᠨ ᠡᠯ᠎ᠡ ᠲᠦᠷᠦᠯ ᠤᠨ ᠬᠤᠷᠠᠯ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠷᠠᠯ ᠳᠤ ᠣᠷᠣᠯᠴᠠᠬᠤ ᠬᠦᠮᠦᠰ ᠪᠣᠶᠣ ᠨᠢᠭᠡᠴᠡ ᠳᠤ ᠮᠡᠳᠡᠭᠳᠡᠬᠦ ᠶᠢ ᠬᠠᠷᠢᠭᠤᠴᠠᠨ᠎ᠠ᠃    2. ᠬᠤᠰᠢᠭᠤᠨ ᠤ ᠵᠠᠰᠠᠭ ᠤᠨ ᠣᠷᠳᠣᠨ ᠤ ᠪᠦᠬᠦ ᠬᠡᠰᠢᠭᠦᠳ ᠤᠨ ᠬᠤᠷᠠᠯ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠤᠰᠢᠭᠤᠨ ᠤ ᠵᠠᠰᠠᠭ ᠤᠨ ᠣᠷᠳᠣᠨ ᠠᠴᠠ ᠬᠤᠷᠠᠯᠳᠣᠭᠤᠯᠬᠤ ᠪᠠᠷ ᠲᠣᠭᠲᠠᠭᠠᠭᠰᠠᠨ ᠪᠦᠬᠦ ᠬᠤᠰᠢᠭᠤᠨ ᠤ ᠴᠢᠨᠠᠷᠲᠠᠢ ᠴᠢᠬᠤᠯᠠ ᠶᠡᠭᠡ ᠬᠤᠷᠠᠯ ᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠵᠣ ᠬᠤᠷᠠᠯ ᠳᠤ ᠣᠷᠣᠯᠴᠠᠬᠤ ᠬᠦᠮᠦᠰ ᠪᠣᠶᠣ ᠨᠢᠭᠡᠴᠡ ᠳᠤ ᠮᠡᠳᠡᠭᠳᠡᠨ᠎ᠡ᠃     3. ᠰᠠᠯᠠᠭ᠎ᠠ ᠮᠦᠴᠢᠷ ᠠᠴᠠ ᠲᠣᠰᠬᠠᠢ ᠰᠡᠳᠦᠪᠲᠦ ᠬᠤᠷᠠᠯ ᠢ ᠬᠤᠷᠠᠯᠳᠣᠭᠤᠯᠬᠤ ᠪᠠᠷ ᠳᠣᠷᠠᠳᠪᠠᠯ ᠲᠦᠷᠦᠭᠦᠯᠡᠨ ᠬᠢᠬᠦ ᠰᠠᠯᠠᠭ᠎ᠠ ᠮᠦᠴᠢᠷ ᠨᠢ ᠬᠤᠷᠠᠯ ᠳᠤ ᠣᠷᠣᠯᠴᠠᠬᠤ ᠬᠦᠮᠦᠰ ᠪᠣᠶᠣ ᠨᠢᠭᠡᠴᠡ ᠳᠤ ᠮᠡᠳᠡᠭᠳᠡᠬᠦ ᠶᠢ ᠬᠠᠷᠢᠭᠤᠴᠠᠨ᠎ᠠ᠃    4. ᠡᠯ᠎ᠡ ᠲᠦᠷᠦᠯ ᠤᠨ ᠣᠳᠣᠷᠢᠳᠬᠤ ᠳᠣᠭᠤᠶᠢᠯᠠᠩ ᠠᠴᠠ ᠬᠤᠷᠠᠯᠳᠣᠭᠤᠯᠬᠤ ᠲᠣᠰᠬᠠᠢ ᠠᠵᠢᠯ ᠤᠨ ᠬᠤᠷᠠᠯ ᠢ ᠡᠯ᠎ᠡ ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠵᠣ ᠮᠡᠳᠡᠭᠳᠡᠨ᠎ᠡ᠃    5. ᠣᠨᠴᠠᠭᠠᠢ ᠰᠢᠯᠳᠠᠭᠠᠨ ᠠᠴᠠ ᠪᠣᠯᠵᠣ ᠵᠠᠰᠠᠭ ᠤᠨ ᠣᠷᠳᠣᠨ ᠤ ᠠᠯᠪᠠᠨ ᠬᠡᠷ ᠲᠤ ᠳᠣᠷᠠᠳᠣᠨ ᠳᠡᠪᠰᠢᠭᠦᠯᠵᠦ ᠮᠡᠳᠡᠭᠳᠡᠯ ᠭᠠᠷᠭᠠᠬᠤ ᠴᠢᠬᠤᠯᠠᠲᠠᠢ ᠬᠤᠷᠠᠯ ᠪᠣᠯ ᠡᠯ᠎ᠡ ᠲᠣᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠠᠴᠠ ᠭᠤᠶᠣᠴᠢᠯᠠᠯ ᠭᠠᠷᠭᠠᠬᠤ ᠪᠦᠭᠡᠳ ︽ ᠬᠤᠷᠠᠯ ᠤᠨ ᠮᠡᠳᠡᠭᠳᠡᠯ ᠢ ᠮᠡᠳᠡᠭᠦᠯᠬᠦ ᠬᠠᠭᠤᠳᠠᠰᠣ︾ ︵ ᠳᠠᠭᠠᠯᠳᠣᠭᠤᠯᠣᠯ 1︶ ᠢ ᠲᠠᠭᠯᠠᠨ ᠪᠢᠴᠢᠵᠦ᠂ ᠭᠤᠣᠯᠯᠠᠨ ᠬᠠᠮᠢᠶᠠᠷᠬᠤ ᠬᠤᠰᠢᠭᠤᠨ ᠳᠠᠷᠤᠭ᠎ᠠ ᠪᠠᠷ ᠭᠠᠷ ᠤᠨ ᠦᠰᠦᠭ ᠵᠢᠷᠣᠭᠤᠯᠵᠣ ᠵᠦᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠷᠠᠯ ᠳᠤ ᠣᠷᠣᠯᠴᠠᠬᠤ ᠬᠦᠮᠦᠰ ᠪᠣᠶᠣ ᠨᠢᠭᠡᠴᠡ ᠳᠤ ᠮᠡᠳᠡᠭᠳᠡᠬᠦ ᠶᠢ ᠬᠠᠷᠢᠭᠤᠴᠠᠨ᠎ᠠ᠃     ︵ᠬᠤᠶᠠᠷ︶ ᠬᠤᠯᠪᠣᠭᠳᠠᠯ ᠪᠦᠬᠦᠢ ᠱᠠᠭᠠᠷᠳᠠᠯᠭ᠎ᠠ     1. ᠡᠯ᠎ᠡ ᠲᠦᠷᠦᠯ ᠤᠨ ᠬᠤᠷᠠᠯ ᠤᠨ ᠮᠡᠳᠡᠭᠳᠡᠯ ᠳᠤ ᠬᠤᠷᠠᠯ ᠤᠨ ᠠᠭᠤᠯᠭ᠎ᠠ᠂ ᠬᠤᠷᠠᠯ ᠬᠢᠬᠦ ᠴᠠᠭ ᠬᠤᠭᠤᠴᠠᠭ᠎ᠠ ᠪᠠ ᠭᠠᠵᠠᠷ᠂ ᠬᠤᠷᠠᠯ ᠳᠤ ᠣᠷᠣᠯᠴᠠᠬᠤ ᠬᠦᠮᠦᠰ ᠵᠢᠴᠢ ᠬᠠᠷᠢᠭᠤ  ᠮᠡᠳᠡᠭᠦᠯᠦᠯᠲᠡ ᠬᠢᠬᠦ ᠴᠢᠬᠤᠯᠠᠲᠠᠢ ᠡᠰᠡᠬᠦ ᠪᠠ ᠲᠦᠪ ᠬᠤᠪᠴᠠᠰᠣᠯᠠᠬᠤ ᠴᠢᠬᠤᠯᠠᠲᠠᠢ ᠡᠰᠡᠬᠦ ᠵᠡᠷᠭᠡ ᠱᠠᠭᠠᠷᠳᠠᠯᠭ᠎ᠠ ᠶᠢ ᠴᠦᠮ ᠳᠣᠳᠣᠷᠬᠠᠶᠢᠯᠠᠬᠤ ᠬᠡᠷᠡᠭᠲᠡᠢ᠃    2. ᠬᠤᠷᠠᠯ ᠤᠨ ᠮᠡᠳᠡᠭᠳᠡᠯ ᠦᠭᠬᠦ ᠳᠡᠭᠡᠨ ᠠᠵᠢᠯᠳᠠᠨ ᠨᠢ ᠬᠤᠷᠠᠯ ᠤᠨ ᠮᠡᠳᠡᠭᠳᠡᠯ ᠤᠨ ᠳᠡᠮᠳᠡᠭᠯᠡᠯ ᠢ ᠰᠠᠶᠢᠳᠣᠷ ᠬᠢᠵᠦ᠂ ᠮᠡᠳᠡᠭᠳᠡᠭᠰᠡᠨ ᠴᠠᠭ ᠵᠢᠴᠢ ᠮᠡᠳᠡᠭᠳᠡᠯ ᠬᠦᠯᠢᠶᠡᠨ ᠠᠪᠣᠭᠰᠠᠳ ᠤᠨ ᠣᠪᠣᠭ ᠨᠡᠷ᠎ᠡ ᠶᠢ ᠳᠠᠩᠰᠠᠨ ᠳᠤ ᠳᠡᠮᠳᠡᠭᠯᠡᠵᠦ ᠯᠠᠪᠯᠠᠯᠲᠠ ᠪᠣᠯᠭᠠᠨ᠎ᠠ᠃     3. ᠬᠤᠷᠠᠯ ᠤᠨ ᠮᠡᠳᠡᠭᠳᠡᠯ ᠭᠠᠷᠭᠠᠭᠰᠠᠨ ᠤ ᠳᠠᠷᠠᠭ᠎ᠠ᠂ ᠮᠦᠷᠳᠡᠨ ᠨᠠᠶᠢᠳᠠᠪᠣᠷᠢᠵᠢᠭᠤᠯᠬᠤ ᠪᠠ ᠬᠠᠷᠢᠭᠤ ᠦᠭᠬᠦ ᠠᠵᠢᠯ ᠢ ᠰᠠᠶᠢᠳᠣᠷ ᠬᠢᠬᠦ ᠬᠡᠷᠡᠭᠲᠡᠢ᠃     ᠬᠤᠶᠠᠷ᠂ ᠬᠤᠷᠠᠯ ᠢ ᠵᠣᠬᠢᠶᠠᠨ ᠪᠠᠶᠢᠭᠤᠯᠬᠤ    ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠳᠠᠷᠤᠭ᠎ᠠ ᠶᠢᠨ ᠠᠯᠪᠠᠨ ᠠᠵᠢᠯ  ᠤᠨ ᠬᠤᠷᠠᠯ᠂ ᠬᠤᠰᠢᠭᠤᠨ ᠤ ᠵᠠᠰᠠᠭ ᠤᠨ ᠣᠷᠳᠣᠨ ᠤ ᠲᠣᠰᠬᠠᠢ ᠰᠡᠳᠦᠪᠲᠦ ᠬᠤᠷᠠᠯ ᠢ ᠳᠣᠣᠷᠠᠬᠢ ᠮᠡᠲᠦ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠣᠨ ᠬᠤᠷᠠᠯᠳᠣᠭᠤᠯᠣᠨ᠎ᠠ᠃    ︵ᠨᠢᠭᠡ︶ ᠵᠦᠪᠯᠡᠬᠦ ᠰᠡᠳᠦᠪ ᠳᠣᠷᠠᠳᠣᠨ ᠭᠠᠷᠭᠠᠬᠤ᠄ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠳᠠᠷᠤᠭ᠎ᠠ ᠶᠢᠨ ᠠᠵᠢᠯ ᠤᠨ ᠬᠤᠷᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠲᠣᠰᠬᠠᠢ ᠰᠡᠳᠦᠪᠲᠦ ᠬᠤᠷᠠᠯ ᠳᠤ ᠳᠣᠷᠠᠳᠣᠨ ᠳᠡᠪᠰᠢᠭᠦᠯᠵᠦ ᠶᠠᠷᠢᠯᠴᠠᠭᠤᠯᠬᠤ ᠵᠦᠪᠯᠡᠬᠦ ᠰᠡᠳᠦᠪ ᠢ ᠬᠤᠰᠢᠭᠤᠨ ᠳᠠᠷᠤᠭ᠎ᠠ ᠠᠴᠠ ᠰᠢᠭᠤᠳ ᠳᠣᠷᠠᠳᠣᠬᠤ ᠪᠣᠶᠣ ᠬᠤᠯᠪᠣᠭᠳᠠᠯ ᠪᠦᠬᠦᠢ ᠨᠢᠭᠡᠴᠡ᠂ ᠰᠠᠯᠠᠭ᠎ᠠ ᠮᠦᠴᠢᠷ ᠠᠴᠠ ᠳᠡᠭᠡᠳᠦ ᠱᠠᠲᠣᠨ ᠤ ᠵᠢᠭᠠᠪᠣᠷᠢ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠳᠣᠷᠠᠳᠴᠣ ᠰᠣᠳᠣᠯᠣᠨ ᠲᠣᠭᠲᠠᠭᠠᠬᠤ ᠬᠡᠷᠡᠭ ᠤᠳ ᠢ ᠬᠤᠪᠢᠳᠠᠨ ᠬᠠᠮᠢᠶᠠᠷᠬᠤ ᠳᠡᠳ᠋ ᠬᠤᠰᠢᠭᠤᠨ ᠳᠠᠷᠤᠭ᠎ᠠ ᠠᠴᠠ ᠬᠢᠨᠠᠯᠲᠠ ᠬᠢᠬᠡᠳ ︽ ᠵᠦᠪᠯᠡᠬᠦ ᠰᠡᠳᠦᠪ ᠢ ᠮᠡᠳᠡᠭᠦᠯᠬᠦ ᠬᠠᠭᠤᠳᠠᠰᠣ︾ ︵ᠳᠠᠭᠠᠯᠳᠣᠭᠤᠯᠣᠯ 2︶ ᠶᠢ ᠳᠠᠭᠯᠠᠨ ᠪᠢᠴᠢᠵᠦ᠂ ᠬᠤᠰᠢᠭᠤᠨ ᠳᠠᠷᠤᠭ᠎ᠠ ᠶᠢᠨ ᠵᠦᠪᠰᠢᠶᠡᠷᠡᠯ ᠢ ᠣᠯᠣᠭᠰᠠᠨ ᠤ ᠳᠠᠷᠠᠭ᠎ᠠ ᠵᠦᠪᠯᠡᠬᠦ ᠰᠡᠳᠦᠪ ᠳᠤ ᠣᠷᠣᠭᠤᠯᠣᠨ᠎ᠠ᠃    ︵ᠬᠤᠶᠠᠷ︶ ᠮᠠᠲ᠋ᠧᠷᠢᠶᠠᠯ ᠪᠡᠯᠡᠳᠬᠡᠬᠦ᠄ ᠵᠦᠪᠯᠡᠬᠦ ᠰᠡᠳᠦᠪ ᠢ ᠲᠣᠭᠲᠠᠭᠠᠭᠰᠠᠨ ᠤ ᠳᠠᠷᠠᠭ᠎ᠠ᠂ ᠵᠦᠪᠯᠡᠬᠦ ᠰᠡᠳᠦᠪ ᠢ ᠮᠡᠳᠡᠭᠦᠯᠬᠦ ᠨᠢᠭᠡᠴᠡ ᠪᠠ ᠰᠠᠯᠠᠭ᠎ᠠ ᠮᠦᠴᠢᠷ ᠤᠳ ᠶᠠᠷᠢᠯᠴᠠᠬᠤ ᠮᠠᠲ᠋ᠧᠷᠢᠶᠠᠯ ᠢᠶᠠᠨ ᠨᠢᠮᠪᠠᠢ ᠪᠡᠯᠡᠳᠬᠡᠵᠦ᠂ ᠬᠢᠨᠠᠨ ᠬᠠᠷᠭᠤᠭᠤᠯᠣᠭᠠᠳ ᠵᠦᠪᠰᠢᠶᠡᠷᠡᠭᠰᠡᠨ ᠤ ᠳᠠᠷᠠᠭ᠎ᠠ᠂ ᠪᠢᠴᠢᠭ ᠤᠨ ᠬᠡᠯᠪᠡᠷᠢ ᠶᠢᠨ ᠮᠠᠲ᠋ᠧᠷᠢᠶᠠᠯ ᠢᠶᠠᠨ ᠡᠯᠧᠺᠲᠷᠣᠨ ᠪᠠᠷ  ᠤᠨ ᠮᠠᠲ᠋ᠧᠷᠢᠶᠠᠯ ᠲᠠᠢ ᠪᠠᠨ ᠴᠤᠭ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠣᠷᠢᠳᠴᠢᠯᠠᠨ ᠮᠡᠳᠡᠭᠦᠯᠬᠦ ᠬᠡᠷᠡᠭᠲᠡᠢ᠃ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠤᠨ ᠠᠭᠤᠯᠭ᠎ᠠ ᠳᠤ ᠶᠡᠷᠦ ᠳᠡᠭᠡᠨ᠄ ᠲᠣᠰ ᠵᠦᠪᠯᠡᠬᠦ ᠰᠡᠳᠦᠪ ᠤᠨ ᠢᠶᠠᠨ ᠠᠬᠤᠢ ᠪᠠᠶᠢᠳᠠᠯ ᠡᠰᠡᠭᠦᠯ᠎ᠡ ᠣᠴᠢᠷ ᠰᠢᠯᠳᠠᠭᠠᠨ᠂ ᠭᠤᠣᠯ ᠠᠭᠤᠯᠭ᠎ᠠ᠂ ᠵᠠᠰᠠᠭ ᠤᠨ ᠣᠷᠳᠣᠨ ᠢᠶᠠᠷ ᠰᠢᠢᠳᠪᠦᠷᠢᠯᠡᠬᠦᠯᠬᠦ ᠪᠣᠶᠣ ᠬᠢᠨᠠᠨ ᠲᠣᠭᠲᠠᠭᠠᠯᠭᠠᠬᠤ ᠴᠢᠬᠤᠯᠠᠲᠠᠢ ᠠᠰᠠᠭᠤᠳᠠᠯ᠂ ᠲᠦᠷᠦ ᠶᠢᠨ ᠪᠣᠳᠣᠯᠭ᠎ᠠ ᠶᠢᠨ ᠡᠰᠢ ᠪᠠᠷᠢᠮᠳᠠ᠂ ᠰᠣᠩᠭᠤᠵᠣ ᠪᠣᠯᠬᠤ ᠠᠷᠭ᠎ᠠ ᠪᠣᠳᠣᠯᠭ᠎ᠠ ᠲᠣᠭᠲᠠᠭᠠᠬᠤ ᠲᠦᠰᠦᠯ᠂ ᠵᠦᠪᠯᠡᠬᠦ ᠰᠡᠳᠦᠪ ᠢ ᠵᠣᠬᠢᠴᠠᠭᠤᠯᠬᠤ ᠶᠠᠪᠣᠴᠠ ᠳᠠᠬᠢ ᠣᠨᠳᠣᠣ ᠰᠠᠨᠠᠯ ᠵᠡᠷᠭᠡ ᠪᠠᠭᠲᠠᠨ᠎ᠠ᠃ ︵ ᠪᠣᠳᠠᠳᠠᠢ ᠪᠠᠶᠢᠳᠠᠯ ᠢ ᠳᠠᠭᠠᠯᠳᠣᠭᠤᠯᠣᠯ 3᠂ 4 ᠳᠤ ᠦᠵᠡᠭᠡᠷᠡᠢ︶    ︵ᠭᠤᠷᠪᠠ︶ ᠬᠠᠣᠯᠢ ᠶᠣᠰᠣᠨ ᠤ ᠴᠢᠨᠠᠷᠲᠠᠢ ᠪᠠᠶᠢᠴᠠᠭᠠᠯᠲᠠ ᠬᠢᠬᠦ᠄ ᠳᠣᠷᠠᠳᠣᠨ ᠳᠡᠪᠰᠢᠭᠦᠯᠵᠦ ᠬᠢᠨᠠᠨ ᠵᠦᠪᠯᠡᠭᠦᠯᠬᠦ ᠪᠠᠷ ᠪᠠᠶᠢᠭ᠎ᠠ ᠴᠢᠬᠤᠯᠠ ᠵᠦᠪᠯᠡᠬᠦ ᠰᠡᠳᠦᠪ ᠢᠶᠠᠨ ᠳᠡᠭᠡᠭᠰᠢ ᠮᠡᠳᠡᠭᠦᠯᠬᠦ ᠠᠴᠠ ᠡᠮᠦᠨ᠎ᠡ ︽ᠪᠢᠴᠢᠭ ᠮᠠᠲ᠋ᠧᠷᠢᠶᠠᠯ ᠤᠨ ᠬᠠᠣᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠶᠢ ᠴᠢᠩᠭᠠᠳᠬᠠᠬᠤ ᠲᠣᠬᠠᠢ ᠮᠡᠳᠡᠭᠳᠡᠯ︾ ︵ ᠡᠸ᠋ᠨᠩᠬᠢ ᠵᠠᠰᠠᠭ ᠠᠯᠪᠠᠨ ᠦᠰᠦᠭᠲᠦ ﹇2016﹈ 159 ᠳ᠋ᠣᠭᠡᠷ ᠲᠣᠭᠠᠳᠣ︶᠂ ︽ ᠪᠢᠴᠢᠭ ᠮᠠᠲ᠋ᠧᠷᠢᠶᠠᠯ ᠤᠨ ᠬᠠᠣᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠠᠯᠬᠤᠮ ᠴᠢᠨᠠᠭᠰᠢᠲᠠ ᠰᠠᠶᠢᠳᠣᠷ ᠬᠢᠬᠦ ᠲᠣᠬᠠᠢ ᠨᠦᠬᠦᠪᠦᠷᠢ ᠮᠡᠳᠡᠭᠳᠡᠯ︾ ︵ᠡᠸ᠋ᠨᠩᠬᠢ ᠵᠠᠰᠠᠭ ᠠᠯᠪᠠᠨ ᠦᠰᠦᠭᠲᠦ ﹇2016﹈ 295 ᠳ᠋ᠣᠭᠠᠷ ᠲᠣᠭᠠᠳᠣ︶ ᠪᠠ ︽︿ᠡᠸ᠋ᠨᠩᠬᠢ ᠦᠨᠳᠦᠰᠲᠡᠨ ᠤ ᠦᠪᠡᠷᠲᠡᠭᠡᠨ ᠵᠠᠰᠠᠬᠤ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠠᠷᠭ᠎ᠠ ᠪᠣᠳᠣᠯᠭ᠎ᠠ ᠲᠣᠭᠲᠠᠭᠠᠯᠳᠠ ᠶᠢᠨ ᠳᠡᠰ ᠳᠠᠷᠠᠭᠠᠯᠠᠯ ᠤᠨ ᠲᠣᠭᠲᠠᠭᠠᠯ﹀ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾ ︵ᠡᠸ᠋ᠨᠩᠬᠢ ᠵᠠᠰᠠᠭ ᠠᠯᠪᠠᠨ ᠦᠰᠦᠭᠲᠦ ﹇2014﹈ 288 ᠳ᠋ᠣᠭᠠᠷ ᠲᠣᠭᠠᠳᠣ︶ ᠶᠢᠨ ᠱᠠᠭᠠᠷᠳᠠᠯᠭ᠎ᠠ ᠶᠣᠰᠣᠭᠠᠷ᠂ ᠬᠠᠣᠯᠢ ᠴᠠᠭᠠᠵᠠ ᠲᠦᠷᠦ ᠶᠢᠨ ᠪᠣᠳᠣᠯᠭ᠎ᠠ ᠶᠢᠨ ᠨᠣᠲᠠᠯᠠᠯᠲᠠ  ᠬᠢᠵᠦ᠂ ᠵᠦᠪᠯᠡᠬᠦ ᠰᠡᠳᠦᠪ ᠤᠨ ᠮᠠᠲ᠋ᠧᠷᠢᠶᠠᠯ ᠢᠶᠠᠨ ᠮᠡᠳᠡᠭᠦᠯᠬᠦ ᠳᠡᠭᠡᠨ ᠬᠠᠣᠯᠢ ᠶᠣᠰᠣᠨ ᠤ ᠴᠢᠨᠠᠷ ᠲᠤ ᠬᠢᠨᠠᠨ ᠪᠠᠶᠢᠴᠠᠭᠠᠯᠲᠠ ᠬᠢᠭᠰᠡᠨ ᠲᠣᠳᠣᠷᠬᠠᠶᠢᠯᠠᠯᠲᠠ ᠪᠠ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢᠨ ᠡᠰᠢ ᠪᠠᠷᠢᠮᠳᠠ ᠶᠢ ᠳᠠᠭᠠᠯᠳᠣᠭᠤᠯᠬᠤ ᠬᠡᠷᠡᠭᠲᠡᠢ᠃ ᠬᠠᠣᠯᠢ ᠶᠣᠰᠣᠨ ᠤ ᠴᠢᠨᠠᠷ ᠲᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠣᠶᠣ᠂ ᠬᠢᠨᠠᠨ ᠪᠠᠶᠢᠴᠠᠭᠠᠭᠠᠳ ᠬᠠᠣᠯᠢ ᠶᠣᠰᠣᠨ ᠳᠤ ᠨᠡᠶᠢᠴᠡᠬᠦ ᠦᠭᠡᠢ᠂ ᠲᠦᠷᠦ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠦᠭᠡᠢ ᠵᠦᠪᠯᠡᠬᠦ ᠰᠡᠳᠦᠪ ᠢ ᠬᠤᠷᠠᠯ ᠳᠤ ᠳᠡᠪᠰᠢᠭᠦᠯᠵᠦ ᠶᠠᠷᠢᠯᠴᠠᠭᠤᠯᠵᠣ ᠪᠣᠯᠬᠤ ᠦᠭᠡᠢ᠃    ︵ᠳᠦᠷᠪᠡ︶ ᠬᠤᠷᠠᠯ ᠤᠨ ᠲᠣᠪᠴᠢ᠄ ᠬᠤᠷᠠᠯ ᠤᠨ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ  ᠶᠢᠨ ᠬᠤᠷᠠᠯ ᠤᠨ ᠲᠣᠪᠴᠢ᠂ ᠬᠤᠰᠢᠭᠤᠨ ᠳᠠᠷᠤᠭ᠎ᠠ ᠶᠢᠨ ᠠᠵᠢᠯ ᠤᠨ ᠬᠤᠷᠠᠯ ᠤᠨ ᠲᠣᠪᠴᠢ ᠪᠠ ᠬᠤᠰᠢᠭᠤᠨ ᠤ ᠵᠠᠰᠠᠭ ᠤᠨ ᠣᠷᠳᠣᠨ ᠤ ᠲᠣᠰᠬᠠᠢ ᠰᠡᠳᠦᠪᠲᠦ ᠬᠤᠷᠠᠯ ᠤᠨ ᠲᠣᠪᠴᠢ ᠳᠤ ᠴᠦᠮ ᠬᠠᠮᠳᠣ ᠪᠠᠷ ᠭᠠᠷ ᠤᠨ ᠦᠰᠦᠭ ᠵᠢᠷᠣᠬᠤ ᠳᠦᠷᠢᠮ ᠢ ᠬᠡᠷᠡᠭᠵᠢᠬᠦᠯᠵᠦ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠣᠳᠣᠷᠢᠳᠣᠯᠭ᠎ᠠ ᠠᠴᠠ ᠵᠠᠰᠠᠭ ᠤᠨ ᠣᠷᠳᠣᠨ ᠤ ᠠᠯᠪᠠᠨ ᠭᠡᠷ ᠤᠨ ᠭᠠᠷᠭᠠᠭᠰᠠᠨ ᠬᠤᠷᠠᠯ ᠤᠨ ᠲᠣᠪᠴᠢ ᠶᠢᠨ ᠡᠬᠡ ᠨᠣᠣᠷᠠᠭ ᠲᠤ ᠵᠠᠰᠠᠪᠣᠷᠢ ᠣᠷᠣᠭᠤᠯᠬᠤ ᠰᠠᠨᠠᠯ ᠢᠶᠠᠨ ᠳᠣᠷᠠᠳᠣᠭᠰᠠᠨ ᠤ ᠳᠠᠷᠠᠭ᠎ᠠ᠂ ᠠᠯᠪᠠᠨ ᠲᠠᠮᠠᠭ᠎ᠠ ᠪᠠᠨ ᠳᠠᠷᠣᠭᠠᠳ᠂ ᠬᠤᠰᠢᠭᠤᠨ ᠤ ᠵᠠᠰᠠᠭ  ᠤᠨ ᠣᠷᠳᠣᠨ ᠤ ᠠᠯᠪᠠᠨ ᠭᠡᠷ ᠲᠤ ᠮᠡᠳᠡᠭᠦᠯᠦᠨ᠎ᠡ᠂ ᠵᠠᠰᠠᠭ ᠤᠨ ᠣᠷᠳᠣᠨ ᠤ ᠠᠯᠪᠠᠨ ᠭᠡᠷ ᠠᠴᠠ ᠵᠠᠰᠠᠵᠣ ᠪᠠᠷᠠᠭᠰᠠᠨ  ᠤ ᠳᠠᠷᠠᠭ᠎ᠠ᠂ ᠬᠠᠮᠢᠶ᠎ᠠ ᠪᠦᠬᠦᠢ ᠬᠤᠰᠢᠭᠤᠨ ᠳᠠᠷᠤᠭ᠎ᠠ ᠪᠠᠷ ᠭᠠᠷ ᠤᠨ ᠦᠰᠦᠭ ᠵᠢᠷᠣᠭᠤᠯᠣᠭᠠᠳ ᠲᠠᠷᠬᠠᠭᠠᠬᠤ ᠶᠢᠨ ᠬᠠᠮᠲᠣ ᠳᠠᠩᠰᠠᠨ ᠡᠪᠬᠡᠮᠡᠯ ᠳᠤ ᠬᠠᠳᠠᠭᠠᠯᠠᠨ᠎ᠠ᠃     ᠭᠤᠷᠪᠠ᠂ ᠬᠤᠷᠠᠯ ᠤᠨ ᠡᠮᠬᠢ ᠵᠢᠷᠣᠮ    1. ᠪᠦᠬᠦ ᠬᠤᠰᠢᠭᠤᠨ ᠤ ᠡᠯ᠎ᠡ ᠲᠦᠷᠦᠯ ᠤᠨ ᠬᠤᠷᠠᠯ ᠳᠤ ᠣᠷᠣᠯᠴᠠᠬᠤ ᠰᠠᠯᠠᠭ᠎ᠠ ᠮᠦᠴᠢᠷ᠂ ᠨᠢᠭᠡᠴᠡ ᠤᠳ ᠬᠤᠷᠠᠯ ᠤᠨ ᠮᠡᠳᠡᠭᠳᠡᠯ ᠤᠨ ᠱᠠᠭᠠᠷᠳᠠᠯᠭ᠎ᠠ ᠶᠢᠨ ᠬᠦᠷᠢᠶ᠎ᠡ ᠬᠡᠪᠴᠢᠶ᠎ᠡ᠂  ᠬᠦᠮᠦᠨ ᠤ ᠲᠤᠭ᠎ᠠ ᠪᠠᠷ ᠬᠤᠷᠠᠯ ᠳᠤ ᠣᠷᠣᠯᠴᠠᠵᠣ᠂ ᠬᠤᠷᠠᠯ ᠳᠤ ᠳᠣᠷ᠎ᠠ ᠲᠠᠪᠠ ᠪᠠᠷ ᠢᠶᠠᠨ ᠣᠷᠣᠯᠠᠨ ᠣᠷᠣᠯᠴᠠᠬᠤ ᠪᠣᠶᠣ᠂ ᠣᠴᠢᠷ ᠰᠢᠯᠲᠠᠭᠠᠨ ᠦᠭᠡᠢ  ᠪᠠᠷ ᠬᠤᠷᠠᠯ ᠳᠤ ᠣᠷᠣᠯᠴᠠᠬᠤ ᠦᠭᠡᠢ ᠪᠠᠶᠢᠵᠣ ᠪᠣᠯᠬᠤ ᠦᠭᠡᠢ᠃    2. ᠡᠯ᠎ᠡ ᠲᠦᠷᠦᠯ ᠤᠨ ᠬᠤᠷᠠᠯ ᠳᠤ ᠣᠷᠣᠯᠴᠠᠭᠰᠠᠳ ᠡᠷᠭᠡᠪᠰᠢ ᠬᠤᠷᠠᠯ ᠠᠴᠠ ᠡᠮᠦᠨ᠎ᠡ 15 ᠮᠢᠨᠦ᠋ᠲ ᠳᠤ ᠬᠤᠷᠠᠯ ᠤᠨ ᠲᠠᠯᠠᠪᠣᠷ ᠲᠤ ᠬᠦᠷᠴᠦ ᠣᠴᠢᠬᠤ ᠬᠡᠷᠡᠭᠲᠡᠢ᠂ ᠬᠡᠷᠪᠡ ᠣᠨᠴᠠᠭᠠᠢ ᠣᠴᠢᠷ ᠰᠢᠯᠳᠠᠭᠠᠨ ᠲᠠᠢ ᠠᠴᠠ ᠪᠣᠯᠵᠣ᠂ ᠬᠤᠷᠠᠯ ᠳᠤ ᠣᠷᠣᠯᠴᠠᠵᠣ ᠴᠢᠳᠠᠬᠤ ᠦᠭᠡᠢ ᠪᠣᠯ ᠬᠤᠷᠠᠯ ᠡᠷᠬᠢᠯᠡᠭᠴᠢ ᠵᠢᠴᠢ ᠬᠤᠷᠠᠯ ᠢ ᠵᠣᠬᠢᠶᠠᠨ ᠪᠠᠶᠢᠭᠤᠯᠣᠭᠰᠠᠨ ᠰᠠᠯᠠᠭ᠎ᠠ ᠮᠦᠴᠢᠷ ᠠᠴᠠ ᠴᠢᠯᠣᠭᠡ ᠭᠤᠶᠣᠵᠣ᠂ ᠬᠠᠮᠢᠶ᠎ᠠ ᠪᠦᠬᠦᠢ ᠬᠦᠮᠦᠨ ᠢ ᠲᠣᠮᠢᠯᠠᠵᠣ ᠬᠤᠷᠠᠯ ᠳᠤ ᠣᠷᠣᠯᠴᠠᠭᠤᠯᠬᠤ ᠬᠡᠷᠡᠭᠲᠡᠢ᠃    3. ᠬᠤᠷᠠᠯ ᠳᠤ ᠣᠷᠣᠯᠴᠠᠭᠰᠠᠳ ᠬᠤᠷᠠᠯ ᠤᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠳᠣᠷ᠎ᠠ ᠪᠠᠷ ᠬᠤᠷᠠᠯ  ᠤᠨ ᠲᠠᠯᠠᠪᠣᠷ ᠠᠴᠠ ᠭᠠᠷᠴᠣ ᠶᠠᠪᠣᠵᠣ ᠪᠣᠯᠬᠤ ᠦᠭᠡᠢ᠂ ᠭᠠᠷ ᠣᠳᠠᠰᠣ ᠲᠣᠰᠴᠣ ᠪᠣᠯᠬᠤ ᠦᠭᠡᠢ᠂ ᠭᠠᠷ ᠣᠳᠠᠰᠣ  ᠪᠠᠨ ᠨᠠᠮ ᠳᠠᠭᠤᠨ ᠲᠠᠢ ᠪᠣᠯᠭᠠᠬᠤ ᠪᠣᠶᠣ ᠬᠠᠭᠠᠵᠣ ᠲᠠᠯᠪᠢᠬᠤ ᠬᠡᠷᠡᠭᠲᠡᠢ᠃     ᠡᠭᠦᠨ ᠤ ᠲᠣᠯᠠ ᠮᠡᠳᠡᠭᠳᠡᠪᠡ                                    2017 ᠣᠨ ᠤ 5 ᠰᠠᠷ᠎ᠠ ᠶᠢᠨ 25 ᠤ ᠡᠳᠦᠷ    ︵ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ︶
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号