ᠮᠠᠨ ᠤ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠭᠤᠴᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/9/21
    9 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠤᠤ ᠢᠤᠢ ᠯᠢᠨ ᠠᠷᠪᠠᠨ ᠲᠦᠷᠪᠡᠳᠦᠭᠡᠷ ᠬᠤᠭᠤᠴᠠᠭᠠᠨ ᠤ  ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠭᠤᠴᠢᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠣᠭᠤᠯᠪᠠ᠂ ᠬᠤᠰᠢᠭᠤᠨ ᠤ ᠤᠳᠤᠷᠢᠳᠤᠯᠭ᠎ᠠ ᠯᠢ ᡁᠢ ᠳ᠋ᠦᠩ ᠂ ᠬᠦᠸᠧ ᠴᠢᠩ᠂ ᠯᠢᠶᠠᠩ ᠶᠦᠩ ᠰᠠᠨ᠂ ᠮᠢᠨ ᠵᠢᠶᠧ᠂ ᠰᠤᠶᠤᠯ᠂ ᠰᠠᠢ ᠶᠢᠨ᠂ ᠬᠤᠳᠠᠯᠨ᠂ ᠮᠦᠸᠧ ᠰᠢᠨ ᠵᠤ᠋ ᠬᠤᠷᠠᠯ ᠳᠤ ᠤᠷᠤᠯᠴᠠᠵᠦ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠲᠦ᠋ ᠬᠤᠩ ᠸᠧᠨ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠴᠢ ᠴᠢᠤᠸᠠᠨ ᠬᠤᠷᠠᠯ ᠳᠤ ᠰᠤᠯᠨ ᠤᠷᠤᠯᠴᠠᠪᠠ᠃     ᠬᠤᠷᠠᠯ ᠠᠴᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ ᠬᠤᠰᠢᠭᠤᠨ ᠤ ᠬᠤᠷᠢᠶ᠎ᠠ ᠶᠢᠨ ᠰᠤᠮᠤ ᠰᠢᠶᠠᠩ ᠪᠠᠯᠭᠠᠰᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠠᠵᠢᠯ ᠢ ᠨᠢᠮᠪᠠᠢ ᠰᠠᠶᠢᠳᠦᠷ ᠬᠢᠬᠦ ᠲᠤᠬᠠᠢ ᠮᠡᠳᠡᠭᠳᠡᠯ︾  ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠠ ᠰᠤᠮᠤ  ᠰᠢᠶᠠᠩ ᠪᠠᠯᠭᠠᠰᠤ ᠶᠢᠨ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ᠂ ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠭᠡᠪ ᠰᠤᠷᠳᠠᠯ ᠤᠨ ᠬᠢᠨᠠᠯᠳᠠ ᠲᠠᠯᠪᠢᠯᠳᠠ ᠶᠢ ᠴᠢᠩᠭᠠᠳᠬᠠᠬᠤ ᠲᠤᠬᠠᠢ ᠮᠡᠳᠡᠭᠳᠡᠯ︾  ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠡᠸ᠋ᠨᠩᠬᠢ ᠦᠨᠳᠦᠰᠦᠳᠡᠨ  ᠤ ᠦᠪᠠᠷᠳᠡᠭᠡᠨ ᠵᠠᠰᠠᠬᠤ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠠᠵᠢᠯ ᠢ ᠵᠢᠯᠤᠭᠤᠳᠴᠤ ᠱᠠᠭᠠᠷᠳᠠᠨ ᠪᠠᠶᠢᠴᠠᠭᠠᠬᠤ ᠲᠤᠭᠤᠶᠢᠯᠠᠩ ᠲᠤᠮᠢᠯᠠᠬᠤ ᠲᠤᠬᠠᠢ ᠮᠡᠳᠡᠭᠳᠡᠯ︾ ᠵᠢᠴᠢ ︽ᠰᠤᠮᠤ ᠰᠢᠶᠠᠩ ᠪᠠᠯᠭᠠᠰᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠠᠵᠢᠯ ᠢ ᠵᠢᠯᠤᠭᠤᠳᠴᠤ ᠱᠠᠭᠠᠷᠳᠠᠨ ᠪᠠᠶᠢᠴᠠᠭᠠᠬᠤ ᠠᠵᠢᠯ ᠤᠨ ᠲᠦᠰᠦᠯ ᠢ  ᠳᠠᠷᠣᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠶᠠᠷᠢᠯᠴᠠᠨ ᠪᠠᠳᠤᠯᠡᠪᠠ︔ ︽ᠬᠤᠰᠢᠭᠤᠨ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠬᠤᠰᠢᠭᠤ ᠪᠠ ᠰᠤᠮᠤ ᠰᠢᠶᠠᠩ ᠪᠠᠯᠭᠠᠰᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠰᠠᠶᠢᠳᠦᠷ ᠬᠢᠬᠦ ᠲᠤᠬᠠᠢ ᠰᠠᠨᠠᠯ︾᠂ ︽ᠬᠤᠭᠤᠴᠠᠭ᠎ᠠ ᠰᠤᠯᠢᠬᠤ ᠰᠤᠩᠭᠤᠭᠤᠯᠢ ᠶᠢᠨ ᠺᠣᠮᠢᠰ ᠤᠨ ᠲᠣᠬᠠᠢ ᠰᠠᠨᠠᠭᠤᠯᠭ᠎ᠠ ᠶᠢᠨ ᠨᠠᠷᠠᠰ︾ ᠵᠢᠴᠢ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠡᠸ᠋ᠨᠩᠬᠢ ᠬᠤᠰᠢᠭᠤᠨ ᠤ ᠬᠤᠷᠢᠶ᠎ᠠ ᠶᠢᠨ  ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠦᠭᠡᠷᠡᠴᠢᠯᠡᠵᠦ ᠨᠠᠶᠢᠳᠠᠪᠦᠷᠢᠵᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ︾ ᠢ ᠶᠠᠷᠢᠯᠴᠠᠨ ᠪᠠᠲᠣᠯᠠᠪᠠ︔ ︽ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ  ᠶᠢᠨ ᠬᠤᠷᠢᠶᠠᠨ ᠤ ᠤᠳᠤᠷᠢᠳᠬᠤ ᠪᠠᠭ ᠤᠨ ᠲᠤᠰᠬᠠᠢ ᠰᠠᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠲᠤᠭᠤᠷᠢᠨ ᠪᠠᠶᠢᠴᠠᠭᠠᠵᠦ ᠴᠡᠭᠴᠡᠯᠡᠨ ᠦᠭᠡᠷᠡᠴᠢᠯᠡᠬᠦ ᠲᠤᠬᠠᠢ ᠬᠠᠷᠢᠴᠠᠭᠤᠯᠣᠨ ᠪᠠᠶᠢᠴᠠᠭᠠᠭᠰᠠᠨ ᠪᠢᠴᠢᠭ ᠮᠠᠲ᠋ᠧᠷᠢᠶᠠᠯ︾  ᠢ ᠰᠤᠳᠤᠯᠤᠨ ᠶᠠᠷᠢᠯᠴᠠᠭᠰᠠᠨ ᠪᠦᠭᠡᠳ ᠰᠢᠭᠦᠮᠵᠢᠯᠠᠯ ᠬᠢᠭᠰᠡᠨ ᠰᠠᠨᠠᠯ ᠢ ᠬᠠᠷᠢᠯᠴᠠᠨ ᠰᠣᠯᠢᠯᠴᠠᠨ ᠨᠡᠪᠳᠡᠷᠡᠯᠴᠡᠭᠰᠡᠨ ᠰᠠᠨᠠᠯ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠡᠰᠢᠭᠦᠳ ᠲᠤᠭᠤᠷᠢᠨ ᠪᠠᠶᠢᠴᠠᠭᠠᠵᠦ ᠴᠡᠭᠴᠡᠯᠡᠨ ᠦᠭᠡᠷᠡᠴᠢᠯᠡᠬᠦ ᠲᠤᠰᠬᠠᠢ ᠰᠠᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠬᠦ ᠠᠴᠠ ᠡᠮᠦᠨ᠎ᠠ ᠬᠠᠮᠳᠤ ᠶᠢᠨ ᠶᠠᠷᠢᠯᠴᠠᠭ᠎ᠠ ᠦᠷᠨᠢᠭᠦᠯᠪᠡ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号