ᠮᠠᠨ ᠤ ᠬᠤᠰᠢᠭᠤ ᠰᠢ ᠸᠧᠨ ᠰᠤᠷᠤᠯᠭ᠎ᠠ ᠶᠢ ᠲᠡᠳᠬᠦᠬᠦ ᠨᠠᠶᠢᠭᠡᠮᠯᠢᠭ ᠪᠠᠶᠢᠭᠤᠯᠬᠤ ᠶᠡᠭᠡ ᠬᠤᠷᠠᠯ ᠵᠢᠴᠢ ᠰᠤᠷᠤᠯᠭ᠎ᠠ ᠶᠢ ᠲᠡᠳᠬᠦᠬᠦ ᠮᠦᠩᠬᠦ ᠬᠠᠨᠳᠢᠪᠯᠠᠬᠤ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2017/9/21
    9 ᠰᠠᠷ᠎ᠠ ᠶᠢᠨ 4 ᠤ ᠡᠳᠦᠷ᠂ ᠮᠠᠨ ᠤ ᠬᠤᠰᠢᠭᠤ ᠰᠢ ᠸᠧᠨ ᠰᠤᠷᠤᠯᠭ᠎ᠠ ᠶᠢ ᠲᠡᠳᠬᠦᠬᠦ ᠨᠠᠶᠢᠭᠡᠮᠯᠢᠭ ᠪᠠᠶᠢᠭᠤᠯᠬᠤ ᠶᠡᠭᠡ ᠬᠤᠷᠠᠯ ᠵᠢᠴᠢ ᠰᠤᠷᠤᠯᠭ᠎ᠠ ᠶᠢ ᠲᠡᠳᠬᠦᠬᠦ ᠮᠦᠩᠬᠦ ᠬᠠᠨᠳᠢᠪᠯᠠᠬᠤ ᠶᠤᠰᠤᠯᠠᠯ ᠶᠠᠪᠣᠭᠤᠯᠪᠠ᠂ ᠬᠤᠰᠢᠭᠤᠨ ᠤ ᠤᠳᠤᠷᠢᠳᠤᠯᠭ᠎ᠠ ᠨᠨ ᠰᠢᠶᠤᠤ ᠭᠤᠸᠠᠩ᠂ ᠮᠢᠨ ᠵᠢᠶᠧ᠂ ᠸᠠᠩ ᠭᠤᠸᠠᠩ ᠫᠢᠩ᠂ ᠮᠨ ᠬᠤᠢ ᠨᠢᠩ᠂ ᠰᠤᠶᠤᠯᠮ᠎ᠠ ᠵᠢᠴᠢ ᠬᠤᠰᠢᠭᠤᠨ ᠤ ᠰᠢᠭᠤᠤᠨ ᠬᠠᠷᠢᠶ᠎ᠠ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ᠂ ᠭᠡᠰᠡᠭ ᠬᠠᠶᠢᠷ᠎ᠠ ᠬᠠᠯᠠᠮᠵᠢᠳᠣ ᠠᠵᠦ ᠠᠬᠤᠶᠢᠯᠠᠯ ᠤᠨ ᠲᠦᠯᠦᠭᠡᠯᠡᠭᠴᠢ ᠪᠠ ᠲᠡᠳᠬᠦᠮᠵᠢ ᠬᠦᠷᠳᠡᠭᠰᠡᠨ ᠰᠤᠷᠤᠭᠴᠢᠳ ᠤᠨ ᠲᠦᠯᠦᠭᠡᠯᠡᠭᠴᠢ ᠬᠤᠷᠠᠯ ᠳᠤ ᠤᠷᠤᠯᠴᠠᠪᠠ᠃      ᠰᠢ ᠸᠧᠨ ᠪᠤᠯ ᠡᠸ᠋ᠨᠩᠬᠢ ᠦᠭᠡ ︵ᠨᠠᠷᠠ︶ ᠭᠡᠰᠡᠨ ᠤᠳᠬ᠎ᠠ ᠲᠠᠢ᠂ ᠨᠠᠷᠠᠨ ᠭᠡᠷᠡᠯ᠂ ᠬᠦᠰᠡᠯᠡᠩ ᠭᠡᠰᠡᠨ ᠲᠠᠯᠳᠠ ᠤᠳᠬ᠎ᠠ ᠲᠠᠢ᠃ ᠰᠢ ᠸᠧᠨ ᠰᠤᠷᠤᠯᠭ᠎ᠠ ᠲᠡᠳᠬᠦᠬᠦ ᠨᠠᠶᠢᠭᠡᠮᠯᠢᠭ ᠪᠤᠯ ᠬᠤᠰᠢᠭᠤᠨ ᠤ ᠵᠠᠰᠠᠭ ᠤᠨ ᠤᠷᠳᠤᠨ ᠤ ᠲᠡᠮᠵᠢᠯᠭᠡ ᠲᠤᠤᠷ᠎ᠠ᠂ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠠᠴᠠ ᠰᠠᠨᠠᠭᠠᠴᠢᠯᠠᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠠᠴᠠ ᠵᠦᠪᠰᠢᠶᠠᠷᠠᠨ ᠪᠠᠶᠢᠭᠤᠯᠤᠭᠰᠠᠨ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠨᠠᠶᠢᠭᠡᠮ ᠤᠨ ᠪᠦᠯᠬᠦᠮ ᠪᠤᠯᠤᠨ᠎ᠠ᠂ ᠲᠤᠰ ᠨᠠᠶᠢᠭᠡᠮᠯᠢᠭ ᠤᠨ ᠪᠠᠶᠢᠭᠤᠯᠤᠭᠳᠠᠭᠰᠠᠨ ᠨᠢ ᠪᠠᠰᠠᠴᠣ ᠮᠠᠨ ᠤ ᠬᠤᠰᠢᠭᠤᠨ ᠤ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ᠂ ᠤᠨᠢᠨ ᠲᠡᠭᠡᠷ᠎ᠠ ᠨᠢ ᠶᠠᠳᠠᠭᠤ   ᠠᠴᠠ ᠠᠩᠬᠢᠵᠢᠷᠠᠭᠤᠯᠬᠤ  ᠶᠢ ᠨᠠᠶᠢᠳᠠᠪᠦᠷᠢᠵᠢᠭᠤᠯᠬᠤ ᠶᠢᠨ ᠨᠢᠭᠡᠨ ᠴᠢᠬᠤᠯᠨ ᠠᠷᠭ᠎ᠠ ᠭᠡᠮᠵᠢᠶ᠎ᠠ ᠪᠤᠯᠤᠨ᠎ᠠ᠃      ᠰᠢ ᠸᠧᠨ ᠨᠠᠶᠢᠭᠡᠮᠯᠢᠭ ᠤᠨ ᠲᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠮᠢᠨ ᠵᠢᠶᠧ ᠠᠴᠠ ᠰᠢ ᠸᠧᠨ ᠰᠤᠷᠤᠯᠭ᠎ᠠ ᠶᠢ ᠲᠡᠳᠬᠦᠬᠦ ᠨᠠᠶᠢᠭᠡᠮᠯᠢᠭ ᠤᠨ ᠪᠠᠶᠢᠭᠤᠯᠤᠭᠳᠠᠭᠰᠠᠨ ᠨᠢ ᠨᠠᠶᠢᠭᠡᠮ ᠳᠤ ᠰᠤᠷᠤᠯᠭ᠎ᠠ ᠶᠢ ᠲᠡᠳᠬᠦᠬᠦ ᠲᠠᠪᠴᠠᠩ ᠢ ᠪᠠᠶᠢᠭᠤᠯᠣᠨ ᠥᠭᠴᠦ ᠂ ᠡᠯ᠎ᠠ ᠡᠳᠡᠭᠡᠳ ᠤᠨ ᠬᠢᠨ ᠤ ᠬᠦᠴᠦᠨ ᠢ ᠨᠢᠬᠳᠠᠷᠠᠭᠤᠯᠤᠨ᠂ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ  ᠤᠨ ᠬᠦᠭᠵᠢᠯᠳᠠ ᠶᠢ ᠠᠬᠢᠭᠤᠯᠬᠤ᠂ ᠡᠯ᠎ᠠ ᠦᠨᠳᠦᠰᠦᠳᠡᠨ ᠤ ᠴᠢᠳᠠᠪᠦᠷᠢᠳᠠᠨ ᠢ ᠬᠦᠮᠦᠵᠢᠭᠦᠯᠬᠦ ᠴᠢᠬᠤᠯᠨ ᠠᠷᠭ᠎ᠠ ᠠᠪᠴᠠᠯ ᠮᠦᠨ ᠭᠡᠵᠡᠢ᠃     ᠮᠢᠨ ᠵᠢᠶᠧ ᠱᠦᠵᠢ ᠠᠴᠠ᠂ ᠨᠠᠶᠢᠭᠡᠮᠯᠢᠭ ᠤᠨ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠪᠦᠷᠢᠯᠳᠦᠭᠦᠨ ᠭᠡᠰᠢᠭᠦᠨ ᠤ ᠡᠩᠨᠡᠭᠡ ᠶᠢ ᠪᠤᠵᠠᠭᠠᠶᠢᠷᠠᠭᠤᠯᠵᠦ᠂ ᠠᠵᠢᠯᠯᠠᠭᠠᠨ ᠤ ᠲᠤᠭᠳᠠᠴᠠ᠂ ᠬᠠᠮᠢᠶᠠᠷᠤᠯᠳᠠ ᠶᠢᠨ ᠲᠦᠷᠢᠮ ᠵᠢᠴᠢ ᠴᠢᠳᠠᠪᠦᠷᠢ ᠶᠢᠨ ᠪᠠᠶᠢᠭᠤᠯᠤᠯᠳᠠ ᠵᠠᠷᠭᠡ ᠲᠠᠯ᠎ᠠ ᠠᠴᠠ ᠡᠯ᠎ᠠ ᠵᠦᠢᠯ ᠤᠨ ᠲᠤᠭᠳᠠᠭᠠᠯ ᠲᠦᠷᠢᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠠᠶᠢᠭᠡᠮᠯᠢᠭ ᠤᠨ ᠨᠢᠬᠳᠠᠷᠠᠯ ᠤᠨ ᠬᠦᠴᠦᠨ ᠪᠠ ᠨᠦᠯᠦᠭᠡᠯᠡᠯ ᠤᠨ ᠬᠦᠴᠦᠨ  ᠢ ᠲᠠᠰᠤᠷᠠᠯᠳᠠ ᠦᠭᠡᠢ ᠲᠡᠭᠡᠭᠰᠢᠯᠡᠭᠦᠯᠬᠦ ᠭᠡᠷᠡᠭᠳᠡᠢ︔ ᠨᠠᠶᠢᠭᠡᠮᠯᠢᠭ ᠤᠨ ᠲᠠᠪᠠᠭᠤᠯᠢᠭ ᠢ ᠪᠠᠳᠠᠷᠠᠭᠤᠯᠵᠦ᠂ ᠰᠤᠷᠭᠠᠨ ᠬᠦᠮᠦᠵᠢᠯ ᠤᠨ ᠦᠢᠯᠡᠰ ᠲᠤ ᠢᠳᠡᠪᠬᠢᠳᠠᠢ ᠦᠢᠯᠡᠴᠢᠯᠡᠭᠦᠯᠦᠨ᠂ ᠤᠯᠠᠨ ᠲᠠᠯ᠎ᠠ ᠶᠢᠨ ᠲᠡᠮᠵᠢᠯᠭᠡ ᠶᠢ ᠤᠯᠬᠤ ᠪᠠᠷ ᠴᠢᠷᠮᠠᠶᠢᠵᠦ᠂ ᠪᠠᠭᠰᠢ ᠶᠢ ᠬᠦᠨᠳᠦᠳᠭᠡᠵᠦ ᠰᠤᠷᠭᠠᠨ ᠬᠦᠮᠦᠵᠢᠯ ᠢ ᠴᠢᠬᠤᠯᠠᠴᠢᠯᠠᠬᠤ᠂ ᠮᠡᠳᠡᠯᠭᠡ ᠶᠢ ᠡᠷᠬᠢᠮᠯᠡᠬᠦ᠂ ᠴᠢᠳᠠᠪᠦᠷᠢᠳᠠᠨ ᠢ ᠬᠦᠨᠳᠦᠳᠭᠡᠬᠦ ᠨᠠᠶᠢᠭᠡᠮ ᠤᠨ ᠭᠡᠪ ᠰᠤᠷᠳᠠᠯ ᠢ ᠪᠠᠳᠠᠷᠠᠭᠤᠯᠵᠦ᠂ ᠲᠡᠳᠬᠦᠭᠳᠡᠵᠦ ᠪᠠᠶᠢᠭ᠎ᠠ ᠰᠣᠷᠣᠭᠴᠢᠳ ᠤᠨ ᠴᠢᠷᠮᠠᠶᠢᠯᠳᠠ ᠲᠠᠢ ᠤᠷᠤᠯᠳᠤᠯᠭ᠎ᠠ ᠲᠠᠢ ᠪᠠᠶᠢᠬᠤ ᠶᠢ ᠨᠢ ᠵᠤᠷᠢᠭᠵᠢᠭᠤᠯᠵᠦ᠂ ᠭᠡᠷᠡᠭᠯᠡᠬᠦ ᠶᠢᠨ ᠲᠦᠯᠦᠭᠡ ᠰᠤᠷᠴᠤ᠂ ᠭᠡᠷ ᠤᠷᠤᠨ ᠢᠶᠠᠨ ᠴᠤᠭᠴᠠᠯᠠᠬᠤ ᠭᠡᠷᠡᠭᠳᠡᠢ︔ ᠪᠡᠯᠨ ᠮᠦᠩᠬᠦ ᠶᠢᠨ ᠬᠠᠮᠢᠶᠠᠷᠤᠯᠳᠠ ᠶᠢ ᠴᠢᠩᠭᠠᠳᠬᠠᠵᠦ᠂ ᠬᠠᠪᠰᠤᠷᠤᠨ ᠲᠡᠳᠬᠦᠬᠦ ᠲᠠᠩᠰᠠ ᠡᠪᠭᠡᠮᠡᠯ ᠪᠠᠶᠢᠭᠤᠯᠵᠦ᠂ ᠬᠢᠵᠠᠭᠠᠷ ᠲᠠᠢ ᠪᠡᠯᠨ ᠮᠦᠩᠬᠦ ᠪᠠᠷ ᠨᠠᠩ ᠤᠯᠨᠨ ᠰᠤᠷᠤᠭᠴᠢᠳ ᠲᠤ ᠠᠰᠢᠭ ᠬᠦᠷᠳᠡᠭᠡᠬᠦ ᠭᠡᠷᠡᠭᠳᠡᠢ ᠭᠡᠵᠦ ᠱᠠᠭᠠᠷᠳᠠᠪᠡ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号