ᠮᠠᠨ ᠤ ᠬᠤᠰᠢᠭᠤ ᠤᠯᠤᠰ ᠤᠨ ᠭᠤᠷᠪᠠᠳᠤᠭᠠᠷ ᠲᠦᠷᠦᠯ ᠤᠨ ᠬᠤᠳᠠ ᠶᠢᠨ ᠬᠢᠳᠠᠳ ᠦᠭᠡ ᠭᠡᠯᠨ ᠦᠰᠦᠭ ᠪᠢᠴᠢᠭ ᠤᠨ ᠠᠵᠢᠯ ᠢ ᠪᠠᠷᠢᠮᠵᠢᠶᠠᠨ ᠳᠤ ᠭᠦᠷᠦᠭᠦᠯᠬᠦ ᠦᠨᠡᠯᠡᠯᠳᠠ ᠶᠢ ᠤᠬᠳᠤᠬᠤ ᠲᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/9/22
    8 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠤᠯᠤᠰ ᠤᠨ ᠭᠤᠷᠪᠠᠳᠤᠭᠠᠷ ᠲᠦᠷᠦᠯ ᠤᠨ ᠬᠤᠳᠠ ᠶᠢᠨ ᠬᠢᠳᠠᠳ ᠦᠭᠡ  ᠭᠡᠯᠨ ᠦᠰᠦᠭ ᠪᠢᠴᠢᠭ ᠤᠨ ᠠᠵᠢᠯ ᠢ  ᠪᠠᠶᠢᠴᠠᠭᠠᠨ ᠦᠨᠡᠯᠡᠬᠦ ᠲᠠᠶᠢᠴᠢᠯᠠᠯᠳᠠ ᠶᠢᠨ ᠶᠡᠭᠡ ᠬᠤᠷᠠᠯ ᠢ ᠬᠤᠷᠠᠯᠳᠤᠭᠤᠯᠵᠦ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ᠂ ᠬᠤᠰᠢᠭᠤᠨ ᠤ ᠬᠢᠳᠠᠳ ᠦᠭᠡ ᠭᠡᠯᠨ ᠦᠰᠦᠭ ᠪᠢᠴᠢᠭ ᠤᠨ ᠠᠵᠢᠯ ᠤᠨ ᠵᠦᠪᠯᠡᠯ ᠤᠨ ᠡᠷᠬᠢᠯᠡᠭᠴᠢ ᠮᠨ ᠬᠤᠢ ᠨᠢᠩ ᠬᠤᠷᠠᠯ ᠳᠤ ᠤᠷᠤᠯᠴᠠᠵᠦ᠂ ᠬᠢᠳᠠᠳ ᠭᠡᠯᠡᠨ ᠤ ᠠᠵᠢᠯ ᠤᠨ ᠵᠦᠪᠯᠡᠯ ᠤᠨ 41 ᠪᠦᠷᠢᠯᠳᠦᠭᠦᠨ ᠨᠢᠭᠡᠴᠠ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠨ᠂ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠶᠢᠨ ᠲᠠᠷᠤᠭ᠎ᠠ᠂ ᠬᠢᠳᠠᠳ ᠦᠭᠡ ᠭᠡᠯᠨ ᠪᠢᠴᠢᠭ ᠤᠨ ᠠᠵᠢᠯ  ᠤᠨ ᠵᠦᠪᠯᠡᠯ ᠤᠨ ᠲᠡᠳ᠋ ᠡᠷᠬᠢᠯᠡᠭᠴᠢ ᠰᠢᠤᠸᠧᠢ ᠫᠢᠩ ᠬᠤᠷᠠᠯ ᠡᠷᠬᠢᠯᠡᠪᠡ᠃    ᠬᠤᠷᠠᠯ ᠲᠡᠭᠡᠷ᠎ᠠ᠂ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠲᠡᠳ᠋ ᠲᠠᠷᠤᠭ᠎ᠠ᠂ ᠬᠢᠳᠠᠳ ᠭᠡᠯᠨ ᠪᠢᠴᠢᠭ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ ᠴᠢᠤᠢ ᠱᠧᠩ ᠬᠠᠢ ᠠᠴᠠ ᠬᠢᠳᠠᠳ ᠭᠡᠯᠨ ᠪᠢᠴᠢᠭ ᠤᠨ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠵᠦ᠂ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ  ᠳᠤ ᠲᠤᠬᠢᠷᠠᠭᠤᠯᠤᠯᠳᠠ ᠪᠠ ᠪᠠᠶᠢᠷᠢᠯᠠᠭᠤᠯᠤᠯᠳᠠ ᠬᠢᠪᠡ᠃ ᠬᠤᠷᠠᠯ ᠲᠡᠭᠡᠷ᠎ᠠ ᠪᠠᠰᠠ ᠡᠯ᠎ᠠ ᠪᠦᠷᠢᠯᠳᠦᠭᠦᠨ ᠨᠢᠭᠡᠴᠠ ᠯᠦᠭᠡ ᠪᠠᠶᠢᠴᠠᠭᠠᠯᠳᠠ ᠶᠢ ᠤᠬᠳᠤᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃    ᠮᠨ ᠬᠤᠢ ᠨᠢᠩ ᠴᠢᠬᠤᠯᠠᠴᠢᠯᠠᠬᠤ ᠳᠠᠭᠠᠨ᠂ ᠪᠠᠶᠢᠴᠠᠭᠠᠨ ᠦᠨᠡᠯᠡᠬᠦ ᠶᠢ ᠤᠬᠳᠤᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠤ᠂ ᠱᠠᠭᠠᠷᠳᠠᠯᠭ᠎ᠠ ᠦᠨᠳᠦᠷ ᠪᠤᠯᠬᠤᠷ ᠪᠦᠬᠦ ᠬᠤᠰᠢᠭᠤᠨ ᠤ ᠡᠯ᠎ᠠ ᠡᠳᠡᠭᠡᠳ ᠤᠨ ᠬᠢᠨ ᠦᠷᠭᠡᠨ ᠢᠶᠠᠷ ᠤᠷᠤᠯᠴᠠᠵᠦ᠂  ᠵᠠᠷᠭᠡᠪᠡᠷ ᠠᠳᠬᠤᠨ ᠬᠠᠮᠳᠤᠪᠠᠷ ᠬᠠᠮᠢᠶᠠᠷᠴᠤ᠂ ᠬᠠᠮᠰᠠᠯ ᠬᠦᠴᠦᠨ ᠢ ᠪᠦᠷᠢᠯᠳᠦᠭᠦᠯᠵᠦ᠂ ᠪᠠᠶᠢᠴᠠᠭᠠᠭᠳᠠᠬᠤ ᠰᠠᠯᠠᠭ᠎ᠠ ᠮᠦᠴᠢᠷ ᠪᠠ ᠨᠢᠭᠡᠴᠠ ᠤᠳ ᠭᠤᠤᠯᠳᠠᠯᠭ᠎ᠠ ᠪᠠᠨ ᠲᠤᠪᠤᠶᠢᠯᠭᠠᠵᠦ᠂ ᠬᠠᠷᠠᠯᠳᠠ ᠪᠠᠨ ᠲᠤᠳᠤᠷᠬᠠᠶᠢᠯᠠᠨ᠂ ᠪᠠᠶᠢᠴᠠᠭᠠᠯᠳᠠ ᠶᠢ ᠤᠬᠳᠤᠬᠤ ᠡᠯ᠎ᠠ ᠵᠦᠢᠯ ᠤᠨ ᠪᠡᠯᠡᠳᠭᠡᠯ ᠠᠵᠢᠯ ᠢᠶᠠᠨ ᠨᠢᠮᠪᠡᠢ ᠰᠠᠶᠢᠳᠦᠷ ᠬᠢᠵᠦ ᠂ ᠮᠠᠨ ᠤ ᠬᠤᠰᠢᠭᠤᠨ ᠤ ᠭᠤᠷᠪᠡᠳᠤᠭᠠᠷ ᠲᠦᠷᠦᠯ ᠤᠨ ᠬᠤᠳᠠ ᠶᠢᠨ ᠬᠢᠳᠠᠳ ᠦᠭᠡ ᠭᠡᠯᠨ ᠦᠰᠦᠭ ᠪᠢᠴᠢᠭ ᠤᠨ ᠠᠵᠢᠯ ᠤᠨ ᠪᠠᠶᠢᠴᠠᠭᠠᠨ ᠦᠨᠡᠯᠡᠵᠦ ᠰᠢᠯᠭᠠᠨ ᠠᠪᠤᠯᠳᠠ ᠶᠢ ᠤᠷᠤᠭᠰᠢᠳᠠᠢ ᠦᠩᠭᠡᠷᠡᠭᠡᠬᠦ ᠶᠢ ᠯᠠᠪᠳᠠᠢ ᠪᠠᠳᠤᠯᠠᠬᠤ ᠭᠡᠷᠡᠭᠳᠡᠢ ᠭᠡᠪᠡ᠃    ᠲᠤᠰ ᠤᠳᠠᠭᠠᠨ ᠤ ᠲᠠᠶᠢᠴᠢᠯᠠᠯᠳᠠ ᠶᠢᠨ ᠬᠤᠷᠠᠯ ᠢᠶᠠᠷ ᠲᠠᠮᠵᠢᠨ᠂ ᠮᠠᠨ ᠤ ᠬᠤᠰᠢᠭᠤᠨ ᠤ ᠬᠢᠳᠠᠳ ᠭᠡᠯᠨ ᠪᠢᠴᠢᠭ ᠤᠨ ᠵᠦᠪᠯᠡᠯ ᠤᠨ ᠡᠯ᠎ᠠ ᠪᠦᠷᠢᠯᠳᠦᠭᠦᠨ ᠨᠢᠭᠡᠴᠠ ᠤᠳ ᠤᠨ ᠬᠢᠳᠠᠳ ᠦᠭᠡ ᠭᠡᠯᠨ ᠦᠰᠦᠭ  ᠪᠢᠴᠢᠭ ᠤᠨ ᠠᠵᠢᠯ ᠳᠠᠬᠢ ᠲᠠᠨᠢᠯᠳᠠ ᠶᠢ ᠨᠢ ᠠᠯᠬᠤᠮ ᠴᠢᠨᠠᠭᠰᠢᠳᠠ ᠲᠡᠭᠡᠭᠰᠢᠯᠡᠭᠦᠯᠵᠦ᠂ ᠡᠯ᠎ᠠ ᠪᠦᠷᠢᠯᠳᠦᠭᠦᠨ ᠨᠢᠭᠡᠴᠠ   ᠤᠳ ᠤᠨ ᠡᠭᠦᠷᠭᠡ ᠬᠠᠷᠢᠭᠤᠴᠠᠯᠭ᠎ᠠ ᠶᠢ ᠨᠢ ᠲᠤᠳᠤᠷᠬᠠᠶᠢᠯᠠᠵᠦ᠂ ᠡᠯ᠎ᠠ ᠵᠦᠢᠯ ᠤᠨ ᠠᠵᠢᠯ ᠤᠨ ᠤᠷᠤᠭᠰᠢᠳᠠᠢ ᠶᠠᠪᠤᠭᠳᠠᠬᠤ ᠶᠢ ᠬᠦᠴᠦᠳᠠᠢ ᠲᠦᠯᠬᠢᠨ ᠠᠬᠢᠭᠤᠯᠵᠦ᠂ ᠮᠨᠨ ᠤ ᠬᠤᠰᠢᠭᠤᠨ ᠤ ᠤᠯᠤᠰ ᠤᠨ ᠭᠤᠷᠪᠠᠳᠤᠭᠠᠷ ᠲᠦᠷᠦᠯ ᠤᠨ ᠬᠤᠳᠠ ᠶᠢᠨ ᠬᠢᠳᠠᠳ ᠦᠭᠡ ᠭᠡᠯᠨ ᠦᠰᠦᠭ ᠪᠢᠴᠢᠭ ᠤᠨ ᠠᠵᠢᠯ ᠤᠨ ᠪᠠᠷᠢᠮᠵᠢᠶᠠᠨ ᠳᠤ ᠬᠦᠷᠦᠭᠦᠯᠬᠦ ᠦᠨᠡᠯᠠᠯᠳᠠ ᠶᠢ ᠤᠷᠤᠭᠰᠢᠳᠠᠢ ᠦᠩᠭᠡᠷᠡᠭᠡᠬᠦ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号