ᠤᠯᠤᠰ ᠤᠨ ᠰᠤᠷᠭᠠᠨ ᠬᠦᠮᠦᠵᠢᠯ ᠤᠨ ᠶᠠᠮᠤᠨ ᠤ ᠲᠡᠳ᠋ ᠲᠠᠷᠤᠭ᠎ᠠ ᠰᠦᠨ ᠶᠤᠤ ᠬᠤᠰᠢᠭᠤᠨ ᠤ  ᠠᠵᠢᠯ ᠮᠠᠷᠭᠡᠵᠢᠯ ᠤᠨ ᠲᠤᠮᠳᠠᠳᠤ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2017/9/22
    8 ᠰᠠᠷ᠎ᠠ ᠶᠢᠨ 10   ᠤ ᠡᠳᠦᠷ᠂ ᠤᠯᠤᠰ   ᠤᠨ ᠰᠤᠷᠭᠠᠨ ᠬᠦᠮᠦᠵᠢᠯ ᠤᠨ ᠶᠠᠮᠤᠨ ᠤ ᠲᠡᠳ᠋ ᠲᠠᠷᠤᠭ᠎ᠠ ᠰᠦᠨ ᠶᠤᠤ ᠪᠠᠷ᠎ᠠ ᠪᠤᠯᠤᠭᠴᠢ ᠲᠠᠢ ᠪᠠᠨ ᠬᠤᠰᠢᠭᠤᠨ ᠤ ᠠᠵᠢᠯ ᠮᠠᠷᠭᠡᠵᠢᠯ ᠤᠨ ᠲᠤᠮᠳᠠᠳᠤ ᠰᠤᠷᠭᠠᠭᠤᠯᠢ ᠳᠤ ᠭᠦᠷᠴᠤ ᠮᠤᠷᠢᠨ ᠮᠠᠷᠭᠡᠵᠢᠯ ᠤᠨ ᠲᠤᠰᠬᠠᠢ  ᠬᠢᠴᠢᠶᠠᠯ ᠡᠷᠬᠢᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ᠂ ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ ᠬᠤᠤ ᠬᠦᠢ ᠵᠢᠣᠸᠠᠨ᠂ ᠬᠤᠰᠢᠭᠤᠨ ᠤ ᠵᠠᠰᠠᠭ ᠤᠨ ᠤᠷᠳᠤᠨ ᠤ ᠲᠡᠳ᠋ ᠲᠠᠷᠤᠭ᠎ᠠ ᠮᠨ ᠬᠤᠢ ᠨᠢᠩ ᠵᠢᠴᠢ ᠬᠤᠳᠠ ᠬᠤᠰᠢᠭᠤ ᠬᠤᠶᠠᠷ ᠱᠠᠳᠤᠨ ᠤ ᠰᠤᠷᠭᠠᠨ ᠬᠦᠮᠦᠵᠢᠯ ᠤᠨ ᠲᠤᠪᠴᠢᠶ᠎ᠠ ᠶᠢᠨ ᠬᠠᠷᠢᠭᠤᠴᠠᠯᠭᠠᠳᠠᠳ ᠪᠠᠷ᠎ᠠ ᠪᠤᠯᠵᠦ ᠪᠠᠶᠢᠴᠠᠭᠠᠨ ᠰᠤᠳᠤᠯᠤᠯᠳᠠ ᠬᠢᠪᠡ᠃     ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠬᠤᠰᠢᠭᠤᠨ ᠤ ᠠᠵᠢᠯ ᠮᠠᠷᠭᠡᠵᠢᠯ ᠤᠨ ᠲᠤᠮᠳᠠᠳᠤ ᠰᠤᠷᠭᠠᠭᠤᠯᠢ   ᠶᠢᠨ ᠪᠤᠳᠠᠳᠠᠢ ᠭᠠᠵᠠᠷ ᠲᠤᠨᠢ ᠵᠦᠴᠢᠶ᠎ᠠ᠂ ᠮᠤᠷᠢᠨ ᠤ ᠫᠧᠩ ᠰᠠᠷᠠᠪᠴᠢ ᠪᠠ ᠰᠤᠷᠢᠯᠳᠠ ᠬᠢᠬᠦ ᠭᠠᠵᠠᠷ ᠲᠠᠯᠠᠪᠤᠷ ᠢ ᠲᠤᠭᠤᠷᠢᠨ ᠦᠵᠡᠭᠰᠡᠨ ᠪᠦᠭᠡᠳ ᠠᠵᠢᠯ ᠮᠠᠷᠭᠡᠵᠢᠯ ᠤᠨ ᠲᠤᠮᠳᠠᠳᠤ ᠰᠤᠷᠭᠠᠭᠤᠯᠢ ᠶᠢᠨ ᠮᠤᠷᠢᠨ ᠮᠠᠷᠭᠡᠵᠢᠯ ᠤᠨ ᠲᠤᠰᠬᠠᠢ ᠬᠢᠴᠢᠶᠠᠯ ᠡᠷᠬᠢᠯᠡᠵᠦ ᠪᠠᠶᠢᠭ᠎ᠠ ᠪᠠᠶᠢᠳᠠᠯ᠂ ᠰᠤᠷᠤᠭᠴᠢ ᠡᠯᠰᠡᠵᠦ ᠪᠠᠶᠢᠭ᠎ᠠ ᠪᠠᠶᠢᠳᠠᠯ ᠵᠢᠴᠢ ᠮᠤᠷᠢᠨ ᠮᠠᠷᠭᠡᠵᠢᠯ  ᠤᠨ ᠰᠤᠷᠢᠯᠳᠠ ᠬᠢᠬᠦ ᠲᠦᠷᠦᠯ ᠵᠦᠢᠯ᠂ ᠬᠢᠴᠢᠶᠡᠯ ᠤᠨ ᠲᠤᠬᠢᠷᠠᠭᠤᠯᠤᠯᠳᠠ ᠶᠢᠨ ᠪᠠᠶᠢᠳᠠᠯ ᠵᠠᠷᠭᠡ ᠲᠠᠯ᠎ᠠ ᠪᠠᠷ ᠬᠢ ᠲᠠᠶᠢᠯᠪᠣᠷᠢᠯᠠᠯᠲᠠ ᠶᠢ ᠰᠤᠨᠤᠰᠪᠠ᠃    ᠰᠦᠨ ᠶᠤᠤ ᠴᠢᠬᠤᠯᠠᠴᠢᠯᠠᠭᠰᠠᠨ ᠨᠢ᠂ ᠲᠤᠰᠬᠠᠢ ᠮᠠᠷᠭᠡᠵᠢᠯ ᠤᠨ ᠴᠢᠳᠠᠪᠦᠷᠢ ᠪᠠᠷ ᠴᠢᠩᠭ᠎ᠠ᠂ ᠭᠡᠪ ᠴᠢᠨᠠᠷ ᠢᠶᠠᠷ ᠦᠨᠳᠦᠷ᠂ ᠬᠢᠷᠢ ᠲᠦᠪᠰᠢᠨ ᠪᠦᠬᠦᠢ ᠰᠤᠷᠭᠠᠭᠴᠢ ᠶᠢ ᠤᠷᠢᠵᠦ᠂ ᠮᠤᠷᠢᠨ ᠮᠠᠷᠭᠡᠵᠢᠯ ᠤᠨ ᠴᠢᠳᠠᠪᠦᠷᠢᠳᠠᠨ ᠢ ᠬᠦᠮᠦᠵᠢᠭᠦᠯᠬᠦ ᠳᠤ ᠬᠦᠴᠦᠳᠠᠢ ᠪᠠᠳᠤᠯᠠᠭ᠎ᠠ ᠬᠠᠩᠭᠠᠬᠤ ᠭᠡᠷᠡᠭᠳᠡᠢ︔ ᠰᠤᠷᠢᠯᠳᠠ ᠬᠢᠬᠦ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠵᠢᠭᠠᠨ ᠰᠤᠷᠭᠠᠯᠳᠠ ᠳᠤ ᠰᠠᠶᠢᠨ ᠰᠠᠶᠢᠬᠠᠨ ᠤᠷᠴᠢᠨ ᠢ ᠡᠭᠦᠳᠴᠦ ᠥᠭᠬᠦ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号