ᠮᠠᠨ ᠤ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠣᠨ ᠤᠨ ᠭᠤᠴᠢᠨ ᠨᠢᠭᠡᠳᠦᠭᠡᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/9/22
    8 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠤᠤ ᠢᠤᠢ ᠯᠢᠨ ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠳ ᠤᠨ ᠠᠷᠪᠠᠨ ᠲᠦᠷᠪᠡᠳᠦᠭᠡᠷ ᠬᠤᠭᠤᠴᠠᠭᠠᠨ ᠤ ᠭᠤᠴᠢᠨ ᠨᠢᠭᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠬᠤᠰᠢᠭᠤᠨ ᠤ ᠤᠳᠤᠷᠢᠳᠤᠯᠭ᠎ᠠ ᠬᠦᠸᠧ ᠴᠢᠩ᠂ ᠮᠢᠨ ᠵᠢᠶᠧ᠂ ᠰᠤᠶᠤᠯ᠂ ᠰᠠᠢ ᠶᠢᠨ᠂ ᠮᠦᠸᠧ ᠰᠢᠨ ᠵᠤ᠋ ᠨᠠᠷ ᠬᠤᠷᠠᠯ ᠳᠤ ᠤᠷᠤᠯᠴᠠᠵᠦ᠂ ᠲᠦ᠋ ᠬᠤᠩ ᠸᠧᠨ᠂ ᠴᠢ ᠴᠢᠤᠸᠠᠨ᠂ ᠵᠤᠤ ᠪᠦᠸᠧ ᠮᠢᠨ᠂ ᠸᠧᠢ ᠶᠦᠨ ᠫᠧᠩ  ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠠᠮᠤᠷ ᠲᠦᠪᠰᠢᠨ ᠢ ᠬᠠᠮᠠᠭᠠᠯᠠᠬᠤ ᠲᠤᠪᠴᠢᠶ᠎ᠠ  ᠵᠠᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠨ ᠤᠷᠤᠯᠴᠠᠪᠠ᠃     ᠬᠤᠷᠠᠯ ᠳᠤ᠂ ᠬᠤᠰᠢᠭᠤᠨ ᠤ ᠵᠠᠰᠠᠭ ᠤᠨ ᠤᠷᠳᠤᠨ ᠤ ᠲᠡᠳ᠋ ᠲᠠᠷᠤᠭ᠎ᠠ ᠸᠧᠢ ᠶᠦᠨ ᠫᠧᠩ ᠠᠴᠠ ᠪᠦᠬᠦ ᠬᠤᠰᠢᠭᠤᠨ ᠤ ᠲᠡᠭᠡᠷ᠎ᠠ ᠬᠠᠭᠠᠰ ᠵᠢᠯ ᠤᠨ ᠠᠵᠦ ᠠᠬᠤᠢ ᠶᠢᠨ ᠡᠷᠬᠢᠯᠳᠠ ᠶᠢᠨ ᠪᠠᠶᠢᠳᠠᠯ ᠢ ᠬᠠᠷᠢᠭᠤ ᠮᠡᠳᠡᠭᠦᠯᠬᠦ ᠶᠢᠨ ᠬᠠᠮᠳᠤ ᠤᠷᠤᠰᠢᠵᠦ ᠪᠠᠶᠢᠭ᠎ᠠ ᠭᠤᠤᠯ ᠠᠰᠠᠭᠤᠳᠠᠯ ᠵᠢᠴᠢ ᠰᠢᠯᠳᠠᠭᠠᠨ ᠤ ᠵᠠᠳᠠᠯᠤᠯᠳᠠ ᠶᠢ ᠬᠠᠷᠢᠭᠤ  ᠮᠡᠳᠡᠭᠦᠯᠪᠡ᠃     ᠬᠠᠷᠢᠭᠤ ᠮᠡᠳᠡᠭᠦᠯᠦᠯᠳᠠ ᠶᠢ ᠰᠤᠨᠤᠰᠤᠭᠰᠠᠨ ᠤ ᠲᠠᠷᠠᠭ᠎ᠠ᠂ ᠵᠤᠤ ᠢᠤᠢ ᠯᠢᠨ ᠵᠢᠭᠠᠵᠦ ᠭᠠᠷᠭᠠᠭᠰᠠᠨ ᠨᠢ᠂ ᠶᠠᠷᠦᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ ᠶᠢ ᠦᠷᠭᠦᠯᠵᠢᠯᠡᠨ ᠨᠢᠮᠪᠡᠢ ᠰᠤᠷᠤᠯᠴᠠᠨ ᠲᠤᠤᠱᠯᠠᠭᠤᠯᠵᠦ᠂ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠨᠠᠩ ᠰᠠᠶᠢᠨ ᠢᠶᠠᠷ ᠪᠦᠳᠦᠭᠡᠨ ᠪᠠᠶᠢᠭᠤᠯᠵᠦ᠂ ᠲᠤᠮᠳᠠᠳᠤ ᠶᠢᠨ ᠠᠭᠤᠤ ᠶᠡᠭᠡ ᠬᠦᠰᠡᠯ ᠵᠡᠭᠦᠳᠤ ᠶᠢ ᠬᠠᠮᠳᠤᠪᠠᠷ ᠲᠡᠷᠭᠡᠯᠰᠢᠯᠡᠭᠦᠯᠬᠦ ᠶᠢᠨ ᠲᠦᠯᠦᠭᠡ ᠴᠢᠷᠮᠠᠶᠢᠬᠤ ᠭᠡᠷᠡᠭᠳᠡᠢ  ︔ ᠰᠤᠷᠤᠯᠴᠠᠨ ᠲᠤᠤᠱᠯᠠᠭᠤᠯᠬᠤ ᠶᠢ ︽ᠬᠤᠶᠠᠷ  ᠢ ᠰᠤᠷᠤᠯᠴᠠᠵᠦ ᠨᠢᠭᠡ ᠳᠤ ᠲᠡᠩᠴᠠᠭᠦᠯᠬᠦ︾ ᠰᠤᠷᠤᠯᠴᠠᠯᠭ᠎ᠠ ᠬᠦᠮᠦᠵᠢᠯ ᠢ ᠲᠦᠯᠬᠢᠨ ᠠᠬᠢᠭᠤᠯᠬᠤ ᠶᠢ ᠪᠠᠶᠢᠩᠭᠤᠴᠢᠭᠤᠯᠬᠤ ᠲᠦᠷᠢᠮᠵᠢᠭᠦᠯᠬᠦ ᠯᠦᠭᠡ ᠤᠷᠭᠠᠨᠢᠭ ᠢᠶᠠᠷ ᠤᠶᠠᠯᠳᠤᠭᠤᠯᠵᠦ᠂ ᠶᠠᠷᠦᠩᠭᠡᠢ ᠱᠦᠵᠢ ᠰᠢ ᠶᠢᠨ  ᠫᠢᠩ  ᠤᠨ ᠤᠯᠤᠰ ᠢ ᠵᠠᠰᠠᠵᠦ ᠵᠠᠰᠠᠭ ᠢ ᠡᠷᠬᠢᠯᠡᠬᠦ ᠰᠢᠨ᠎ᠠ ᠤᠶᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠯᠤᠭ᠎ᠠ ᠤᠷᠭᠠᠨᠢᠭ ᠢᠶᠠᠷ ᠤᠶᠠᠯᠳᠤᠭᠤᠯᠵᠦ᠂ ᠦᠪᠠᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠳᠠ  ᠶᠢᠨ ᠰᠢᠢᠳᠪᠦᠷᠢᠳᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠯᠤᠭ᠎ᠠ ᠤᠷᠭᠠᠨᠢᠭ ᠢᠶᠠᠷ ᠤᠶᠠᠯᠳᠤᠭᠤᠯᠵᠦ᠂ ᠲᠤᠭᠤᠷᠢᠨ ᠪᠠᠶᠢᠴᠠᠭᠠᠵᠦ ᠴᠡᠭᠴᠡᠯᠡᠨ ᠦᠭᠡᠷᠡᠴᠢᠯᠡᠭᠦᠯᠬᠦ ᠡᠭᠦᠷᠭᠡ ᠶᠢ ᠨᠠᠶᠢᠳᠠᠪᠦᠷᠢᠵᠢᠭᠤᠯᠬᠤ ᠯᠤᠭ᠎ᠠ ᠤᠷᠭᠠᠨᠢᠭ ᠢᠶᠠᠷ ᠤᠶᠠᠯᠳᠤᠭᠤᠯᠵᠦ᠂ ᠨᠢᠮᠪᠡᠢ ᠵᠤᠬᠢᠶᠠᠨ ᠪᠠᠶᠢᠭᠤᠯᠤᠨ ᠰᠤᠷᠤᠯᠴᠠᠵᠦ᠂ ᠤᠬᠠᠭᠤᠯᠭ᠎ᠠ ᠬᠢᠬᠦ ᠶᠢ ᠯᠠᠪᠳᠠᠭᠤᠨ ᠪᠠᠳᠤᠳᠠᠢ ᠠᠳᠬᠤᠵᠦ᠂ ᠴᠡᠭᠴᠡᠯᠡᠨ ᠦᠭᠡᠷᠡᠴᠢᠯᠡᠬᠦ ᠶᠢ ᠱᠠᠭᠠᠷᠳᠠᠨ ᠪᠠᠶᠢᠴᠠᠭᠠᠬᠤ  ᠶᠢ ᠴᠢᠩᠭᠠᠳᠬᠠᠵᠦ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ︽ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠤᠰᠤᠭᠠᠷ᠂ ᠠᠵᠦ ᠠᠬᠤᠢ ᠨᠠᠶᠢᠭᠡᠮ ᠤᠨ ᠯᠠᠪᠳᠠᠭᠤᠨ ᠲᠤᠭᠳᠠᠭᠤᠨ ᠡᠷᠡᠭᠦᠯ ᠢᠶᠠᠷ ᠬᠦᠭᠵᠢᠬᠦ ᠪᠠᠶᠢᠳᠠᠯ ᠢ ᠴᠢᠷᠮᠠᠶᠢᠨ ᠪᠠᠳᠤᠯᠠᠬᠤ ᠭᠡᠷᠡᠭᠳᠡᠢ᠃    ᠬᠤᠷᠠᠯ ᠠᠴᠠ ᠱᠠᠭᠠᠷᠳᠠᠭᠰᠠᠨ ᠨᠢ᠂ ᠤᠯᠤᠰ ᠲᠦᠷᠦ ᠶᠢᠨ ᠵᠤᠭᠰᠤᠴᠠ ᠪᠠᠨ  ᠠᠯᠬᠤᠮ ᠴᠢᠨᠠᠭᠰᠢᠳᠠ ᠦᠨᠳᠦᠷᠵᠢᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠷᠠᠭᠤᠯᠵᠦ᠂ ᠢᠳᠡᠭᠡᠯ ᠪᠠᠨ ᠪᠠᠳᠤᠳᠬᠠᠨ᠂ ᠡᠷᠴᠢ ᠵᠤᠷᠢᠭ ᠢᠶᠠᠨ ᠬᠦᠢᠴᠠᠳ ᠪᠠᠳᠠᠷᠠᠭᠤᠯᠵᠦ᠂ ᠠᠰᠠᠭᠤᠳᠠᠯ ᠳᠤ ᠵᠦᠪ ᠢᠶᠠᠷ ᠬᠠᠨᠳᠤᠵᠦ᠂ ᠬᠦᠴᠢᠷ ᠢ ᠰᠦᠷᠦᠨ ᠤᠷᠤᠭᠰᠢᠯᠠᠵᠦ᠂ ᠲᠤᠤᠷ᠎ᠠ ᠬᠠᠭᠠᠰ ᠵᠢᠯ ᠤᠨ ᠠᠵᠢᠯ ᠢᠶᠠᠨ ᠰᠠᠶᠢᠳᠦᠷ ᠬᠢᠬᠦ ᠴᠢᠭᠯᠡᠯ ᠢᠶᠠᠨ ᠵᠦᠪ ᠡᠷᠢᠵᠦ᠂ ᠬᠠᠷᠠᠯᠳᠠ  ᠪᠠᠨ ᠲᠤᠭᠳᠠᠭᠠᠵᠦ᠂ ᠲᠤᠭᠳᠠᠭᠤᠨ ᠪᠠᠶᠢᠯᠭᠠᠬᠤ ᠮᠦᠷᠳᠡᠭᠡᠨ ᠤᠷᠤᠭᠰᠢᠯᠠᠨ ᠲᠠᠪᠰᠢᠬᠤ  ᠠᠵᠢᠯ ᠤᠨ ᠶᠠᠷᠦᠩᠭᠡᠢ ᠬᠦᠭ ᠠᠶᠢᠵᠢᠮ ᠢ ᠢᠮᠠᠭᠳᠠ ᠪᠠᠷᠢᠮᠳᠠᠯᠠᠵᠦ᠂ ᠡᠯ᠎ᠠ ᠲᠠᠯ᠎ᠠ ᠶᠢᠨ ᠠᠵᠢᠯ ᠢᠶᠠᠨ ᠨᠠᠩ ᠯᠠᠪᠳᠠᠭᠤᠨ ᠪᠠᠳᠤᠳᠠᠢ ᠪᠦᠳᠦᠮᠵᠢᠳᠠᠢ ᠰᠠᠶᠢᠳᠦᠷ ᠬᠢᠵᠦ᠂ ᠲᠤᠪᠤᠶᠢᠮ᠎ᠠ ᠠᠰᠠᠭᠤᠳᠠᠯ ᠢ ᠦᠨᠡᠨᠬᠦ ᠰᠠᠶᠢᠳᠦᠷ ᠰᠢᠢᠳᠪᠦᠷᠢᠯᠡᠵᠦ᠂ ᠦᠭᠡᠳᠡᠷᠭᠡᠭ ᠰᠠᠶᠢᠨ ᠪᠠᠶᠢᠳᠠᠯ  ᠢᠶᠠᠨ ᠰᠠᠶᠢᠳᠦᠷ ᠬᠠᠳᠠᠭᠠᠯᠠᠵᠦ᠂ ᠤᠨ ᠤ ᠬᠠᠷᠠᠯᠳᠠ ᠪᠠᠨ ᠰᠠᠶᠢᠳᠦᠷ ᠪᠠᠶᠠᠯᠡᠭᠦᠯᠬᠦ ᠭᠡᠷᠡᠭᠳᠡᠢ︔ ᠪᠦᠳᠦᠮᠵᠢᠳᠠᠢ ᠪᠡᠯᠨ ᠤᠷᠤᠭᠤᠯᠤᠯᠳᠠ ᠶᠢ ᠦᠷᠭᠡᠳᠭᠡᠬᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠠ ᠰᠢᠪᠳᠤᠯᠬᠤ ᠪᠠ ᠠᠵᠢᠯ ᠤᠨ ᠰᠤᠷᠳᠠᠯ ᠢᠶᠠᠨ ᠬᠤᠪᠢᠷᠠᠭᠤᠯᠬᠤ ᠲᠠᠯ᠎ᠠ ᠪᠠᠷ ᠤᠯᠤᠭᠰᠠᠨ ᠦᠷ᠎ᠠ ᠪᠦᠳᠦᠮᠵᠢ ᠶᠢ ᠲᠦᠯᠬᠢᠨ ᠠᠬᠢᠭᠤᠯᠬᠤ ᠭᠡᠷᠡᠭᠳᠡᠢ︔ ᠠᠰᠠᠭᠤᠳᠠᠯ ᠤᠨ ᠤᠳᠤᠷᠢᠳᠤᠮᠵᠢ ᠶᠢ ᠴᠢᠩᠭᠠᠷᠠᠭᠤᠯᠵᠦ᠂ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠠᠶᠤᠯᠬᠦᠢ ᠦᠢᠯᠡᠳᠪᠦᠷᠢᠯᠡᠯ ᠪᠠ ᠵᠠᠬᠢᠳᠠᠯ ᠰᠤᠷᠪᠤᠯᠵᠢᠯᠭ᠎ᠠ ᠲᠤᠭᠳᠠᠭᠤᠨ ᠢ ᠬᠠᠮᠭᠠᠯᠠᠬᠤ ᠠᠵᠢᠯ ᠢ ᠦᠨᠡᠨᠬᠦ ᠰᠠᠶᠢᠳᠦᠷ ᠠᠳᠬᠤᠵᠦ᠂ ᠲᠤᠤᠷ᠎ᠠ ᠨᠢ ᠬᠦᠳᠡᠯᠦᠯᠴᠠᠨ ᠲᠤᠤᠷ᠎ᠠ ᠨᠢ ᠦᠭᠡᠷᠡᠴᠢᠯᠡᠵᠦ᠂ ᠲᠦᠪ ᠤᠨ ᠲᠤᠭᠤᠷᠢᠨ ᠪᠠᠶᠢᠴᠠᠭᠠᠬᠤ ᠠᠩᠬᠢ ᠶᠢᠨ ︽ᠡᠷᠬᠢᠨ ᠬᠠᠷᠠᠬᠤ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠦᠭᠡᠷᠡᠴᠢᠯᠡᠬᠦ᠂ ᠲᠦᠪ ᠤᠨ ᠤᠷᠴᠢᠨ ᠲᠤᠭᠤᠷᠢᠨ ᠤ ᠬᠠᠮᠭᠠᠯᠠᠯᠳᠠ ᠶᠢᠨ ᠱᠠᠭᠠᠷᠳᠠᠨ ᠪᠠᠶᠢᠴᠠᠭᠠᠬᠤ ᠲᠤᠭᠤᠷᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠦᠭᠡᠷᠡᠴᠢᠯᠡᠬᠦ᠂ ᠦᠪᠠᠷᠳᠡᠭᠡᠨ ᠵᠠᠰᠠᠬᠤ ᠤᠷᠤᠨ ᠤ ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠦᠭᠡᠷᠡᠴᠢᠯᠡᠬᠦ ᠵᠠᠷᠭᠡ ᠡᠯ᠎ᠠ ᠵᠦᠢᠯ  ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠦᠷ ᠬᠢᠬᠦ ᠭᠡᠷᠡᠭᠳᠡᠢ  ︔ ᠭᠠᠩ ᠲᠠᠢ ᠲᠠᠮᠠᠴᠠᠨ ᠭᠠᠮᠰᠢᠭ ᠠᠴᠠ ᠠᠪᠤᠷᠠᠬᠤ ᠠᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠬᠡᠪᠴᠢᠶᠡᠨ ᠤ ᠠᠵᠢᠯ ᠢ ᠪᠦᠬᠦ ᠬᠦᠴᠦᠨ ᠢᠶᠠᠷ  ᠢᠶᠠᠨ ᠰᠠᠶᠢᠳᠦᠷ ᠬᠢᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠦᠬᠦ ᠭᠦᠴᠦᠨ ᠢᠶᠠᠷ ᠢᠶᠠᠨ ᠲᠦᠯᠬᠢᠨ ᠠᠬᠢᠭᠤᠯᠵᠦ᠂ ᠱᠠᠭᠠᠷᠳᠠᠨ ᠪᠠᠶᠢᠴᠠᠭᠠᠬᠤ ᠬᠢᠨᠠᠨ ᠰᠢᠯᠭᠠᠬᠤ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠷᠠᠭᠤᠯᠵᠦ᠂ ᠤᠳᠤᠬᠠᠨ ᠤ ᠭᠤᠤᠯᠳᠠᠯᠭ᠎ᠠ ᠲᠠᠢ ᠠᠵᠢᠯ ᠢ ᠬᠦᠴᠦᠯᠡᠨ ᠰᠠᠶᠢᠳᠦᠷ ᠬᠢᠵᠦ᠂ ᠡᠯ᠎ᠠ ᠵᠦᠢᠯ ᠤᠨ ᠠᠵᠢᠯ ᠤᠨ ᠪᠤᠳᠠᠳᠠᠢ  ᠳᠤ  ᠨᠠᠶᠢᠳᠠᠪᠦᠷᠢᠵᠢᠬᠳᠠᠬᠤ᠂ ᠪᠤᠳᠠᠳᠤ ᠦᠷ᠎ᠠ ᠪᠦᠳᠦᠮᠵᠢ ᠤᠯᠬᠤ ᠶᠢ ᠯᠠᠪᠳᠠᠢ ᠪᠠᠳᠤᠯᠠᠬᠤ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号