ᠪᠦᠬᠦ ᠤᠷᠤᠨ ᠤ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠪᠠ ᠬᠤᠪᠢ ᠶᠢᠨ ᠡᠵᠡᠩᠨᠡᠯᠳᠠ ᠶᠢᠨ ᠠᠵᠦ ᠠᠬᠤᠶᠢᠯᠠᠯ ︵ᠨᠠᠶᠢᠳᠠ ᠶᠢᠨ  ᠪᠦᠯᠦᠭᠯᠡᠯ ᠤᠨ ᠪᠤᠰᠤ︶ ᠤᠨ ᠨᠠᠮ ᠤᠨ ᠪᠠᠶᠢᠭᠤᠯᠤᠯᠳᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠳᠤ ᠤᠷᠤᠯᠴᠠᠭᠰᠠᠳ ᠨᠡᠭᠡᠭᠡᠯᠳᠠ ᠶᠢᠨ ᠤᠷᠤᠨ ᠳᠤ ᠬᠦᠷᠴᠤ ᠲᠤᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2017/9/22
    8 ᠰᠠᠷ᠎ᠠ ᠶᠢᠨ 11 ᠤ ᠡᠳᠦᠷ᠂ ᠪᠦᠬᠦ ᠤᠷᠤᠨ ᠤ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠪᠠ ᠬᠤᠪᠢ ᠶᠢᠨ ᠡᠵᠡᠩᠨᠡᠯᠳᠠ ᠶᠢᠨ  ᠠᠵᠦ ᠠᠬᠤᠶᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠳᠤ ᠤᠷᠤᠯᠴᠠᠭᠰᠠᠳ ᠪᠠᠶᠠᠨᠳᠤᠬᠤᠢ ᠠᠵᠦ ᠠᠬᠤᠢ ᠮᠠᠷᠭᠡᠵᠢᠯ ᠤᠨ ᠨᠡᠭᠡᠭᠡᠯᠳᠠ ᠶᠢᠨ ᠤᠷᠤᠨ ᠳᠤ ᠭᠦᠷᠴᠤ ᠲᠤᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠪᠠᠢ ᠵᠢᠢ ᠷᠦᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ ᠵᠧᠩ ᠸᠧᠢ ᠶᠤᠸᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠤᠤ ᠢᠤᠢ ᠯᠢᠨ᠂ ᠬᠤᠰᠢᠭᠤᠨ ᠤ ᠨᠠᠮ ᠤᠨ ᠬᠤᠷᠢᠶ᠎ᠠ  ᠶᠢᠨ ᠲᠡᠳ᠋ ᠱᠦᠵᠢ᠂ ᠬᠤᠰᠢᠭᠤᠨ ᠲᠠᠷᠤᠭ᠎ᠠ ᠨᠨ ᠰᠢᠶᠤᠤ ᠭᠤᠸᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠬᠤᠳᠠᠯᠨ ᠪᠠᠷ᠎ᠠ ᠪᠤᠯᠵᠦ ᠰᠢᠨᠵᠢᠯᠡᠨ ᠪᠠᠶᠢᠴᠠᠭᠠᠪᠠ᠃     ᠬᠤᠷᠠᠯ ᠳᠤ ᠤᠷᠤᠯᠴᠠᠭᠰᠠᠳ ᠤᠷᠢᠳ ᠬᠤᠵᠢᠳ ᠡᠸ᠋ᠨᠩᠬᠢ ᠶᠢᠨ ᠠᠯᠳᠠᠨ ᠨᠡᠷᠡᠮᠵᠢᠲᠦ ᠪᠤᠬᠢᠷᠳᠤᠯ ᠦᠭᠡᠢ ᠢᠳᠡᠭᠡᠨ ᠤ ᠵᠦᠢᠯᠡᠰ ᠤᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠳᠤ ᠺᠤᠮᠫᠠᠨᠢ᠂ ᠨᠠᠭᠡᠭᠡᠯᠳᠠ ᠶᠢᠨ ᠤᠷᠤᠨ ︵ᠦᠢᠯᠡᠰ ᠪᠤᠰᠬᠠᠯᠳᠠ ᠶᠢᠨ ᠬᠦᠷᠢᠶᠠᠯᠠᠩ︶ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠦᠪ ᠪᠠ ᠬᠤᠰᠢᠭᠤᠨ ᠤ ᠦᠨᠳᠦᠰᠦᠳᠡᠨ ᠤ ᠰᠤᠶᠤᠯ ᠤᠨ ᠠᠵᠣ ᠦᠢᠯᠡᠰ ᠦᠢᠯᠡᠰ ᠪᠤᠰᠬᠠᠯᠳᠠ ᠶᠢᠨ ᠬᠦᠷᠢᠶᠠᠯᠠᠩ ᠳᠤ ᠬᠦᠷᠴᠤ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠪᠠ ᠬᠤᠪᠢ ᠶᠢᠨ ᠡᠵᠡᠩᠨᠡᠯᠳᠠ ᠶᠢᠨ ᠠᠵᠦ ᠠᠬᠤᠶᠢᠯᠠᠯ ᠤᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ  ᠢ ᠰᠢᠨᠵᠢᠯᠡᠨ ᠪᠠᠶᠢᠴᠠᠭᠠᠵᠦ᠂ ᠬᠠᠷᠢᠭᠤ ᠮᠡᠳᠡᠭᠦᠯᠦᠯᠳᠠ ᠶᠢ ᠰᠤᠨᠤᠰᠬᠤ᠂ ᠲᠠᠩᠰᠠ ᠡᠪᠭᠡᠮᠡᠯ ᠢ ᠪᠠᠶᠢᠴᠠᠭᠠᠨ ᠦᠵᠡᠬᠦ᠂ ᠪᠤᠳᠠᠳᠠᠢ ᠭᠠᠵᠠᠷ ᠲᠤᠨᠢ ᠲᠤᠭᠤᠷᠢᠨ ᠦᠵᠡᠬᠦ ᠵᠠᠷᠭᠡ ᠭᠡᠯᠪᠠᠷᠢ ᠪᠠᠷ ᠠᠵᠦ ᠠᠬᠤᠶᠢᠯᠠᠯ᠂ ᠬᠦᠷᠢᠶᠠᠯᠠᠩ ᠲᠤᠭᠤᠷᠢᠭ ᠤᠨ ᠨᠠᠮ ᠤᠯᠨᠨ ᠲᠦᠮᠡᠨ ᠤ ᠠᠵᠢᠯ ᠢ ᠲᠤᠭᠤᠷᠢᠨ ᠦᠵᠡᠬᠦ ᠶᠢᠨ ᠬᠠᠮᠳᠤ  ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠪᠠ ᠬᠤᠪᠢ ᠶᠢᠨ ᠡᠵᠡᠩᠨᠡᠯᠳᠠ ᠶᠢᠨ ᠠᠵᠦ ᠠᠬᠤᠶᠢᠯᠠᠯ᠂ ᠬᠦᠷᠢᠶᠠᠯᠠᠩ ᠲᠤᠭᠤᠷᠢᠭ ᠯᠤᠭ᠎ᠠ ᠬᠤᠪᠢ ᠶᠢᠨ ᠡᠵᠡᠩᠨᠡᠯᠳᠠ ᠶᠢᠨ ᠠᠵᠦ ᠠᠬᠤᠶᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠲᠤᠬᠠᠢ ᠲᠤᠷᠰᠢᠯᠭ᠎ᠠ ᠰᠤᠯᠢᠯᠴᠠᠬᠤ᠂ ᠬᠤᠷᠠᠯ ᠢᠶᠠᠷ ᠰᠢᠨ᠎ᠠ ᠶᠢᠨ ᠡᠭᠦᠳᠤᠯᠳᠠ ᠶᠢ ᠠᠬᠢᠭᠤᠯᠬᠤ᠂ ᠬᠤᠪᠢ ᠶᠢᠨ ᠠᠵᠦ ᠦᠢᠯᠡᠳᠪᠦᠷᠢ ᠬᠤᠳᠠᠯᠳᠤᠭᠠᠨ ᠤ ᠡᠷᠦᠭᠡ ᠪᠠ ᠬᠤᠪᠢ ᠶᠢᠨ ᠡᠵᠡᠩᠨᠡᠯᠳᠠ ᠶᠢᠨ ᠠᠵᠦ ᠠᠬᠤᠶᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠲᠦᠪᠰᠢᠨ ᠢ ᠲᠡᠭᠡᠭᠰᠢᠯᠡᠭᠦᠯᠬᠦ ᠬᠠᠷᠠᠯᠳᠠ ᠳᠠᠭᠠᠨ ᠬᠦᠷᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号